ᠦᠪᠦᠷ ᠵᠠᠰᠠᠭ ᠠᠯᠪᠠᠨ ᠲᠠᠷᠬᠠᠭᠠᠭᠰᠠᠨ ﹇2016﹈ 95 ᠳ᠋ᠤᠭᠠᠷ ᠲᠤᠭᠠᠳᠤ | 2016 ᠣᠨ ᠤ 8 ᠳ᠋ᠤᠭᠠᠷ ᠰᠠᠷ᠎ᠠ ᠶᠢᠨ 11 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ ᠣᠷᠳᠣᠨ᠂ ᠥᠪᠡᠷᠲᠡᠭᠡᠨ ᠵᠠᠰᠠᠬᠤ ᠣᠷᠣᠨ ᠤ | ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︿ᠲᠠᠪᠤᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ﹀ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ︾ ᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠤᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠶ ᠵᠤᠬᠢᠶᠠᠨ ᠪᠠᠶᠢᠭᠤᠯᠵᠦ ᠬᠡᠷᠡᠭᠵᠢᠭᠦᠯᠲᠦᠭᠡᠶ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ | ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢᠨ ᠬᠡᠷᠡᠭᠵᠢᠭᠦᠯᠬᠦ ᠲᠦᠰᠦᠯ | | ︽2016 ᠣᠨ ᠤ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠥᠭᠡᠷᠡᠴᠢᠯᠡᠯᠲᠡ ᠶᠢ ᠲᠦᠯᠬᠢᠨ ᠠᠬᠢᠭᠤᠯᠬᠤ | ᠠᠵᠢᠯ ᠤᠨ ᠭᠤᠣᠯᠳᠠᠯᠭ᠎ᠠ ᠶᠢ ᠳᠠᠷᠤᠮᠠᠯᠯᠠᠨ ᠶᠠᠪᠤᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠮᠡᠳᠡᠭᠳᠡᠯ︾ | ︵ᠲᠥᠷᠥ ᠲᠠᠷᠬᠠᠭᠠᠭᠰᠠᠨ ﹇2016﹈ 30 ᠳ᠋ᠤᠭᠠᠷ ᠲᠣᠭᠠᠲᠤ︶ ᠪᠠ ︽︿ᠲᠠᠪᠤᠨ ᠦᠨᠡᠮᠯᠡᠯ ᠢ ᠨᠡᠶᠢᠯᠡᠭᠦᠯᠦᠨ | ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ﹀ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢ ᠲᠦᠷᠭᠡᠳᠬᠡᠨ ᠠᠬᠢᠭᠤᠯᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2016﹈ 53 ᠳ᠋ᠤᠭᠠᠷ ᠲᠣᠭᠠᠲᠤ︶ ᠤᠨ ᠵᠣᠷᠢᠭ | ᠰᠠᠨᠠᠭ᠎ᠠ ᠶᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ | ᠬᠠᠮᠢᠶ᠎ᠠ ᠪᠦᠬᠦᠢ ᠱᠠᠭᠠᠷᠳᠠᠯᠭ᠎ᠠ ᠶᠣᠰᠣᠭᠠᠷ᠂ ᠮᠠᠨ ᠤ ᠣᠷᠣᠨ ᠤ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ | ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠲᠤᠰᠠᠳᠠ᠂ ᠡᠳᠦᠭᠡ ᠲᠤᠰ | ᠲᠦᠰᠦᠯ ᠢ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠭᠤᠷᠪᠠ᠂ ᠳᠥᠷᠪᠡ᠂ ᠲᠠᠪᠤᠳᠤᠭᠠᠷ | ᠪᠦᠭᠦᠳᠡ ᠬᠤᠷᠠᠯ ᠤᠨ ᠵᠣᠷᠢᠭ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠬᠠᠩᠭᠠᠯᠭ᠎ᠠ ᠶᠢᠨ ᠲᠠᠯ᠎ᠠ ᠶᠢᠨ | ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠲᠦᠯᠬᠢᠨ ᠠᠬᠢᠭᠤᠯᠵᠤ᠂ ᠦᠢᠯᠡᠳᠪᠦᠷᠢ | ᠬᠤᠳᠠᠯᠳᠤᠭ᠎ᠠ ᠶᠢᠨ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠦᠨ᠂ | ᠵᠠᠰᠠᠭ ᠤᠨ ᠣᠷᠳᠣᠨ ᠤ ᠡᠭᠦᠷᠭᠡ ᠴᠢᠳᠠᠪᠤᠷᠢ ᠪᠠᠨ ᠬᠤᠪᠢᠷᠠᠭᠤᠯᠬᠤ ᠶᠢ ᠢᠳᠡᠪᠬᠢᠲᠡᠢ ᠲᠦᠯᠬᠢᠨ ᠠᠬᠢᠭᠤᠯᠵᠤ᠂ ᠬᠢᠨᠠᠨ | ᠵᠥᠪᠰᠢᠶᠡᠷᠡᠬᠦ ᠭᠠᠷᠳᠠᠮ ᠢ ᠲᠣᠪᠴᠢᠯᠠᠵᠤ᠂ ᠰᠠᠯᠠᠭ᠎ᠠ ᠮᠦᠴᠢᠷ ᠤᠨ ᠵᠣᠬᠢᠴᠠᠯᠳᠤᠯ ᠢ ᠴᠢᠩᠭᠠᠳᠬᠠᠵᠤ᠂ ᠵᠠᠰᠠᠭ | ᠵᠠᠬᠢᠷᠭᠠᠨ ᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠤᠨ ᠳᠦᠷᠢᠮ ᠤᠨ ᠴᠢᠨᠠᠷᠲᠠᠢ ᠥᠪᠡᠷ ᠤᠨ | ᠥᠷᠲᠡᠭ ᠢ ᠪᠠᠭᠤᠷᠠᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠲᠣᠭᠤᠷᠢᠨ ᠢ ᠲᠠᠰᠤᠷᠠᠯᠲᠠ ᠦᠭᠡᠢ | ᠰᠢᠯᠢᠳᠡᠭᠵᠢᠭᠦᠯᠦᠨ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠵᠦ᠂ ᠠᠳᠠᠯ ᠦᠢᠯᠡᠰ ᠴᠣᠭᠴᠠᠯᠠᠵᠤ | ᠰᠢᠨ᠎ᠡ ᠶᠢ ᠡᠭᠦᠳᠬᠦ ᠶᠢ ᠠᠬᠢᠭᠤᠯᠵᠤ᠂ ᠵᠠᠰᠠᠭ ᠢ ᠴᠣᠮᠬᠠᠳᠬᠠᠨ ᠡᠷᠬᠡ ᠶᠢ ᠳᠣᠷᠤᠭᠰᠢ ᠪᠠᠭᠤᠯᠭᠠᠵᠤ ᠪᠠᠭᠤᠯᠭᠠᠬᠤ ᠪᠠ | ᠬᠠᠮᠢᠶᠠᠷᠬᠤ ᠶᠢ ᠤᠶᠠᠯᠳᠤᠭᠤᠯᠤᠨ ᠦᠢᠯᠡᠴᠢᠯᠡᠭᠡ ᠶᠢ ᠰᠢᠯᠢᠳᠡᠭᠵᠢᠭᠦᠯᠬᠦ ᠶᠡᠷᠦᠩᠬᠡᠢ ᠱᠠᠭᠠᠷᠳᠠᠯᠭ᠎ᠠ ᠶᠢ ᠦᠨᠡᠨ ᠬᠦ | ᠨᠠᠶᠢᠳᠠᠪᠤᠷᠢᠵᠢᠭᠤᠯᠵᠦ ᠪᠤᠳᠠᠲᠠᠶᠢᠵᠢᠭᠤᠯᠤᠨ᠎ᠠ᠃ | ᠬᠤᠶᠠᠷ᠂ ᠥᠭᠡᠷᠡᠴᠢᠯᠡᠯᠲᠡ ᠶᠢᠨ ᠬᠠᠷᠠᠯᠲᠠ | ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ | ᠶᠢᠨ ᠳᠠᠩᠰᠠᠯᠠᠨ ᠲᠡᠮᠳᠡᠭᠯᠡᠬᠦ ᠳᠦᠷᠢᠮ ᠤᠨ ᠰᠠᠭᠤᠷᠢᠨ ᠳᠡᠭᠡᠷ᠎ᠡ᠂ ᠰᠠᠯᠠᠭ᠎ᠠ ᠮᠥᠴᠢᠷ ᠤᠳ ᠤᠨ ᠨᠡᠪᠲᠡᠷᠡᠯᠴᠡᠭᠡ ᠶᠢ | ᠴᠢᠩᠭᠠᠳᠬᠠᠵᠤ᠂ ᠭᠤᠶᠤᠴᠢᠯᠠᠯ ᠤᠨ ᠮᠠᠲ᠋ᠧᠷᠢᠶᠠᠯ ᠢ ᠲᠣᠪᠴᠢᠯᠠᠨ᠂ ᠬᠢᠨᠠᠨ ᠵᠥᠪᠰᠢᠶᠡᠷᠡᠬᠦ ᠳᠡᠰ ᠳᠠᠷᠠᠭᠠᠯᠠᠯ ᠢ | ᠰᠢᠯᠢᠳᠡᠭᠵᠢᠭᠦᠯᠵᠦ᠂ ᠳᠠᠩᠰᠠᠯᠠᠨ ᠲᠡᠮᠳᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠢ | ᠵᠥᠪᠰᠢᠶᠡᠷᠡᠨ ᠣᠷᠣᠭᠤᠯᠬᠤ ᠳᠤ ᠳᠦᠭᠦᠮ ᠦᠵᠡᠭᠦᠯᠦᠨ᠎ᠡ᠃ ︽ᠨᠢᠭᠡ ᠬᠦᠰᠦᠨᠦᠭᠲᠦ ᠪᠠᠷ ᠭᠤᠶᠤᠴᠢᠯᠠᠬᠤ᠂ ᠨᠢᠭᠡ | ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ᠂ ᠨᠢᠭᠡ ᠦᠨᠡᠮᠯᠡᠯ ᠢ ᠬᠢᠨᠠᠵᠤ ᠬᠠᠷᠭᠤᠭᠤᠯᠤᠨ ᠥᠭᠬᠦ᠂ ᠮᠡᠳᠡᠭᠡ | ᠵᠠᠩᠭᠢ ᠶᠢ ᠬᠠᠮᠲᠤ ᠪᠠᠷ ᠬᠦᠷᠲᠡᠬᠦ︾ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠵᠤ ᠦᠢᠯᠡᠳᠪᠦᠷᠢ ᠬᠤᠳᠠᠯᠳᠤᠭ᠎ᠠ᠂ | ᠶᠠᠰᠤ ᠴᠢᠨᠠᠷ ᠲᠤ ᠮᠡᠷᠭᠡᠵᠢᠯ ᠤᠨ ᠬᠢᠨᠠᠯᠲᠠ ᠲᠠᠯᠪᠢᠬᠤ᠂ ᠤᠯᠤᠰ ᠤᠨ ᠭᠠᠶᠢᠯᠢ᠂ ᠣᠷᠣᠨ ᠨᠤᠲᠤᠭ ᠤᠨ ᠭᠠᠶᠢᠯᠢ᠂ | ᠬᠥᠮᠥᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ ᠵᠡᠷᠭᠡ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠲᠤᠰ ᠲᠤᠰ ᠭᠦᠢᠴᠡᠳᠬᠡᠨ ᠬᠠᠷᠭᠤᠭᠤᠯᠵᠤ ᠲᠠᠷᠬᠠᠭᠠᠭᠰᠠᠨ ᠡᠵᠡᠩᠨᠡᠯᠲᠡ ᠶᠢᠨ ᠦᠨᠡᠮᠯᠡᠯ᠂ | ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ ᠭᠠᠶᠢᠯᠢ ᠶᠢᠨ ᠶᠠᠪᠤᠳᠠᠯ ᠤᠨ | ᠳᠠᠩᠰᠠᠯᠠᠨ ᠲᠡᠮᠳᠡᠭᠯᠡᠬᠦ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠪᠣᠯᠣᠨ ᠲᠤᠭ᠎ᠠ | ᠪᠦᠷᠢᠳᠬᠡᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠢ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ | ᠨᠢᠭᠡᠳᠦᠯᠲᠡᠢ ᠬᠦᠯᠢᠶᠡᠨ ᠠᠪᠴᠤ ᠰᠢᠢᠳᠪᠦᠷᠢᠯᠡᠬᠦ᠂ ᠬᠢᠨᠠᠨ ᠬᠠᠷᠭᠤᠭᠤᠯᠬᠤ ᠪᠠ ᠲᠠᠷᠬᠠᠭᠠᠨ ᠦᠭᠬᠦ ᠳᠤ ︽ᠨᠡᠶᠢᠭᠡᠮ ᠤᠨ | ᠢᠲᠡᠭᠡᠮᠵᠢ ᠶᠢᠨ ᠨᠢᠬᠡᠳᠦᠯᠳᠡᠢ ᠣᠷᠣᠯᠠᠬᠤ ᠨᠣᠮᠧᠷ︾ ᠢ ᠨᠡᠮᠡᠭᠰᠡᠨ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠭᠰᠠᠨ︾ ᠡᠵᠡᠩᠨᠡᠯᠲᠡ ᠶᠢᠨ ᠦᠨᠡᠮᠯᠡᠯ ᠪᠣᠯᠭᠠᠨ ᠥᠭᠡᠷᠡᠴᠢᠯᠡᠨ᠎ᠡ᠃ ︽ᠨᠡᠶᠢᠭᠡᠮ ᠤᠨ ᠢᠲᠡᠭᠡᠮᠵᠢ ᠶᠢᠨ | ᠨᠢᠬᠡᠳᠦᠯᠳᠡᠢ ᠣᠷᠣᠯᠠᠬᠤ ᠨᠣᠮᠧᠷ ᠲᠠᠢ ᠡᠵᠡᠩᠨᠡᠯᠲᠡ ᠶᠢᠨ ᠦᠨᠡᠮᠯᠡᠯ︾ ᠢ ᠠᠪᠤᠭᠰᠠᠨ ᠠᠵᠤ ᠠᠬᠤᠶᠢᠯᠠᠯ ᠨᠢ ︽ᠲᠠᠪᠤᠨ | ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ | ᠲᠡᠮᠳᠡᠭᠯᠡᠬᠦ ᠶᠢ ᠳᠠᠬᠢᠵᠤ ᠰᠢᠨ᠎ᠡ ᠪᠠᠷ ᠭᠦᠢᠴᠡᠳᠬᠡᠬᠦ ᠬᠡᠷᠡᠭ ᠦᠭᠡᠢ᠃ ᠤᠤᠯ ᠤᠨ ᠨᠡᠶᠢᠭᠡᠮ ᠤᠨ ᠳᠠᠭᠠᠳᠬᠠᠯ ᠤᠨ | ᠳᠠᠩᠰᠠᠯᠠᠨ ᠲᠡᠮᠳᠡᠭᠯᠡᠬᠦ ᠦᠨᠡᠮᠯᠡᠯ ᠪᠣᠯᠣᠨ ᠲᠤᠭ᠎ᠠ ᠪᠦᠷᠢᠳᠬᠡᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠢ ᠲᠣᠭᠲᠠᠮᠠᠯ | ᠬᠤᠭᠤᠴᠠᠭ᠎ᠠ ᠲᠠᠢ ᠪᠠᠷ ᠰᠢᠯᠭᠠᠨ ᠪᠠᠲᠤᠯᠠᠬᠤ᠂ ᠦᠨᠡᠮᠯᠡᠯ ᠰᠣᠯᠢᠬᠤ ᠳᠦᠷᠢᠮ ᠢ ᠬᠦᠴᠦᠨ ᠦᠭᠡᠢ ᠪᠣᠯᠭᠠᠵᠤ᠂ ᠠᠵᠤ | ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠲᠤ ᠣᠨ ᠤ ᠮᠡᠳᠡᠭᠦᠯᠦᠯᠲᠡ ᠪᠣᠯᠭᠠᠬᠤ ᠶᠢᠨ ᠬᠠᠮᠲᠤ ᠨᠡᠶᠢᠲᠡᠯᠡᠨ | ᠵᠠᠷᠯᠠᠬᠤ ᠪᠤᠯᠭᠠᠵᠤ ᠬᠤᠪᠢᠷᠠᠭᠤᠯᠤᠨ᠎ᠠ᠃ | ᠭᠤᠷᠪᠠ᠂ ᠦᠨᠳᠦᠰᠦᠨ ᠵᠠᠷᠴᠢᠮ | ︵ᠨᠢᠭᠡ︶ ᠵᠣᠬᠢᠴᠠᠭᠤᠯᠤᠨ ᠰᠢᠯᠤᠭᠤᠳᠬᠠᠨ᠎ᠠ᠃ | ᠰᠠᠯᠠᠭ᠎ᠠ ᠮᠥᠴᠢᠷ ᠤᠨ ᠬᠤᠭᠤᠷᠣᠨᠳᠦ ᠬᠠᠷᠢᠯᠴᠠᠨ ᠬᠠᠮᠵᠢᠯᠴᠠᠵᠤ᠂ ᠠᠵᠢᠯ ᠤᠨ ᠳᠦᠷᠢᠮ ᠤᠨ | ᠵᠤᠯᠭᠠᠭᠤᠯᠬᠤ ᠶᠢ ᠴᠢᠬᠤᠯᠠᠴᠢᠯᠠᠵᠤ᠂ ᠲᠣᠬᠠᠶᠢᠯᠠᠭᠰᠠᠨ ᠠᠵᠢᠯ ᠤᠨ ᠴᠤᠪᠤᠷᠠᠯ ᠤᠨ ᠰᠢᠯᠤᠭᠤᠨ ᠪᠠᠶᠢᠬᠤ ᠶᠢ ᠪᠠᠲᠤᠯᠠᠵᠤ᠂ | ᠣᠯᠠᠨ ᠰᠠᠯᠠᠭ᠎ᠠ ᠮᠥᠴᠢᠷ ᠤᠨ ᠠᠵᠢᠯ ᠢ ᠰᠢᠨᠵᠢᠯᠡᠬᠦ ᠤᠬᠠᠭᠠᠨᠴᠢ᠂ ᠵᠦᠢ ᠵᠣᠬᠢᠰᠲᠠᠢ᠂ ᠪᠦᠲᠦᠮᠵᠢ ᠲᠠᠢ ᠡᠮᠬᠢᠯᠡᠨ | ᠨᠡᠶᠢᠯᠡᠭᠦᠯᠵᠦ᠂ ᠪᠦᠷᠢᠨ ᠪᠦᠲᠦᠨ ᠠᠵᠢᠯ ᠤᠨ ᠳᠦᠷᠢᠮ ᠤᠨ ᠰᠢᠰᠲ᠋ᠧᠮᠵᠢ ᠶᠢ ᠪᠣᠢ ᠪᠣᠯᠭᠠᠨ᠎ᠠ᠃ | ︵ᠬᠤᠶᠠᠷ︶ ᠨᠢᠭᠡᠳᠦᠯᠲᠡᠢ ᠦᠨᠳᠦᠷ ᠪᠦᠲᠦᠮᠵᠢᠲᠡᠢ ᠪᠠᠶᠢᠯᠭᠠᠨ᠎ᠠ᠃ | ᠪᠦᠬᠦᠯᠢ ᠴᠣᠭᠴᠠ ᠶᠢᠨ ᠵᠢᠷᠤᠭ ᠲᠥᠯᠥᠪᠯᠡᠭᠡ ᠶᠢ ᠴᠢᠬᠤᠯᠠᠴᠢᠯᠠᠵᠤ᠂ ᠬᠦᠯᠢᠶᠡᠨ ᠠᠪᠴᠤ ᠰᠢᠢᠳᠪᠦᠷᠢᠯᠡᠬᠦ | ᠴᠣᠩᠬᠤᠪᠴᠢ᠂ ᠭᠤᠶᠤᠴᠢᠯᠠᠯ ᠤᠨ ᠮᠠᠲ᠋ᠧᠷᠢᠶᠠᠯ᠂ ᠠᠵᠢᠯ ᠤᠨ ᠳᠦᠷᠢᠮ᠂ ᠲᠣᠬᠠᠶᠢᠯᠠᠭᠰᠠᠨ ᠠᠵᠢᠯ ᠤᠨ ᠴᠤᠪᠤᠷᠠᠯ᠂ | ᠦᠨᠡᠮᠯᠡᠯ ᠤᠨ ᠲᠠᠷᠬᠠᠭᠠᠯᠲᠠ᠂ ᠳᠠᠩᠰᠠ ᠡᠪᠬᠡᠮᠡᠯ ᠤᠨ ᠬᠠᠮᠢᠶᠠᠷᠤᠯᠲᠠ ᠶᠢ ᠨᠢᠭᠡᠳᠬᠡᠨ᠎ᠡ᠃ ᠬᠢᠨᠠᠨ ᠵᠥᠪᠰᠢᠶᠡᠷᠡᠬᠦ ᠳᠡᠰ | ᠳᠠᠷᠠᠭᠠᠯᠠᠯ ᠢ ᠲᠣᠪᠴᠢᠯᠠᠨ᠂ ᠳᠠᠩᠰᠠᠯᠠᠨ ᠲᠡᠮᠳᠡᠭᠯᠡᠬᠦ ᠴᠤᠪᠤᠷᠠᠯ ᠢ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠵᠦᠢᠯ ᠢ | ᠡᠮᠬᠢᠯᠡᠨ ᠨᠡᠶᠢᠯᠡᠭᠦᠯᠵᠦ᠂ ᠳᠠᠩᠰᠠᠯᠠᠨ ᠲᠡᠮᠳᠡᠭᠯᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠠᠵᠤ ᠠᠬᠤᠶᠢᠯᠠᠯ ᠢ | ᠵᠥᠪᠰᠢᠶᠡᠷᠡᠨ ᠣᠷᠣᠭᠤᠯᠬᠤ ᠳᠤ ᠳᠦᠭᠦᠮ ᠦᠵᠡᠭᠦᠯᠦᠨ᠎ᠡ᠃ | ︵ᠭᠤᠷᠪᠠ︶ ᠬᠠᠷᠢᠯᠴᠠᠨ ᠬᠤᠯᠪᠣᠭᠠᠯᠠᠵᠤ ᠬᠠᠮᠲᠤ ᠪᠠᠷ ᠬᠦᠷᠲᠡᠨ᠎ᠡ᠃ | ᠰᠠᠯᠠᠭ᠎ᠠ ᠮᠥᠴᠢᠷ ᠤᠨ ᠬᠤᠭᠤᠷᠣᠨᠳᠤ ᠶᠢᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠲᠣᠭᠲᠠᠴᠠ ᠶᠢ | ᠪᠠᠶᠢᠭᠤᠯᠤᠨ᠂ ᠮᠡᠳᠡᠭᠡ ᠵᠠᠩᠭᠢᠵᠢᠯᠲᠠ ᠪᠠᠷ ᠲᠤᠯᠭᠠᠭᠤᠷᠢᠯᠠᠵᠤ᠂ ᠮᠡᠳᠡᠭᠡ ᠵᠠᠩᠭᠢ ᠶᠢᠨ ᠰᠣᠯᠢᠯᠴᠠᠭᠠᠨ ᠤ ᠲᠠᠪᠴᠠᠩ ᠢᠶᠠᠷ | ᠠᠴᠢᠶᠠᠯᠠᠪᠤᠷᠢ ᠪᠣᠯᠭᠠᠵᠤ᠂ ᠰᠠᠯᠠᠭ᠎ᠠ ᠮᠥᠴᠢᠷ ᠤᠨ ᠬᠤᠭᠤᠷᠣᠨᠳᠤᠬᠢ ᠮᠡᠳᠡᠭᠡ ᠵᠠᠩᠭᠢ ᠶᠢᠨ ᠰᠢᠰᠲ᠋ᠧᠮ ᠬᠠᠷᠢᠯᠴᠠᠨ | ᠬᠤᠯᠪᠣᠯᠳᠣᠵᠣ ᠨᠡᠪᠲᠡᠷᠡᠯᠴᠡᠬᠦ ᠶᠢ ᠪᠠᠲᠤᠯᠠᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠤᠭᠤᠷᠣᠨᠳᠤ | ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠪᠠᠨ ᠬᠠᠮᠲᠤ ᠪᠠᠷ ᠬᠦᠷᠲᠡᠨ ᠬᠡᠷᠡᠭᠯᠡᠬᠦ ᠶᠢ ᠪᠡᠶᠡᠯᠡᠭᠦᠯᠦᠨ᠎ᠡ᠃ | ᠳᠥᠷᠪᠡ᠂ ᠥᠭᠡᠷᠡᠴᠢᠯᠡᠯᠲᠡ ᠶᠢᠨ ᠡᠭᠦᠷᠭᠡ | ︵ᠨᠢᠭᠡ︶ ᠥᠭᠡᠷᠡᠴᠢᠯᠡᠯᠲᠡ ᠶᠢᠨ ᠬᠦᠷᠢᠶ᠎ᠡ ᠬᠡᠪᠴᠢᠶ᠎ᠡ᠃ | ᠪᠦᠬᠦ ᠣᠷᠣᠨ ᠤ ᠡᠯ᠎ᠡ ᠲᠥᠷᠥᠯ ᠤᠨ ᠠᠵᠤ ᠠᠬᠤᠶᠢᠯᠠᠯ ︵ᠭᠠᠳᠠᠭᠠᠳᠤ ᠬᠤᠳᠠᠯᠳᠤᠭᠠᠴᠢᠨ ᠤ ᠪᠡᠯᠡ | ᠣᠷᠣᠭᠤᠯᠤᠭᠰᠠᠨ ᠠᠵᠤ ᠠᠬᠤᠶᠢᠯᠠᠯ᠂ ᠭᠠᠳᠠᠭᠠᠳᠤ ᠤᠯᠤᠰ ᠤᠨ ᠠᠵᠤ ᠠᠬᠤᠶᠢᠯᠠᠯ ᠤᠨ ᠪᠠᠶᠢᠩᠭᠤ ᠰᠠᠭᠤᠭ᠎ᠠ | ᠲᠦᠯᠦᠭᠡᠯᠡᠬᠦ ᠪᠠᠶᠢᠭᠤᠯᠤᠮᠵᠢ ᠪᠠᠭᠲᠠᠨ᠎ᠠ︶᠂ ᠲᠡᠬᠦᠨ ᠳᠤ ᠺᠣᠮᠫᠠᠨᠢ ᠶᠢᠨ ᠳᠦᠷᠢᠮᠲᠦ ᠪᠣᠯᠣᠨ ᠺᠣᠮᠫᠠᠨᠢ ᠶᠢᠨ ᠳᠦᠷᠢᠮᠲᠦ | ᠪᠤᠰᠤ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ᠂ ᠬᠤᠪᠢ ᠬᠥᠮᠥᠨ ᠤ ᠲᠤᠰᠠᠭᠠᠷ ᠪᠡᠯᠡ ᠣᠷᠣᠭᠤᠯᠤᠯᠲᠠ ᠶᠢᠨ | ᠠᠵᠤ ᠠᠬᠤᠶᠢᠯᠠᠯ᠂ ᠬᠤᠷᠰᠢᠭᠰᠠᠨ ᠠᠵᠤ ᠠᠬᠤᠶᠢᠯᠠᠯ ᠵᠢᠴᠢ ᠮᠠᠯᠴᠢᠨ ᠲᠠᠷᠢᠶᠠᠴᠢᠳ ᠤᠨ ᠲᠤᠰᠬᠠᠢ ᠬᠤᠷᠰᠢᠶ᠎ᠠ | ᠪᠠᠭᠲᠠᠨ᠎ᠠ᠃ | ︵ᠬᠤᠶᠠᠷ︶ ᠥᠭᠡᠷᠡᠴᠢᠯᠡᠯᠲᠡ ᠶᠢᠨ ᠠᠯᠬᠤᠮ ᠳᠠᠷᠠᠭ᠎ᠠ᠃ | 2016 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠡᠰᠡᠭ ᠠᠶᠢᠮᠠᠭ ᠬᠤᠲᠠ ᠳᠤ | ᠲᠤᠷᠰᠢᠯᠲᠠ ᠬᠢᠵᠦ᠂ ᠦᠢᠯᠡᠳᠦᠯᠭᠡ ᠶᠢ ᠬᠠᠶᠢᠨ ᠰᠦᠪᠡᠭᠴᠢᠯᠡᠨ᠂ ᠲᠤᠷᠰᠢᠯᠭ᠎ᠠ ᠬᠤᠷᠠᠮᠳᠤᠭᠤᠯᠵᠤ᠂ 8 ᠳ᠋ᠤᠭᠠᠷ | ᠰᠠᠷ᠎ᠠ ᠶᠢᠨ 31 ᠤ ᠡᠳᠦᠷ ᠪᠦᠬᠦ ᠣᠷᠣᠨ ᠳᠤ ︽ᠲᠠᠪᠣᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠢ ᠨᠢᠭᠡᠳᠦᠯᠲᠡᠢ | ᠬᠡᠷᠡᠭᠵᠢᠭᠦᠯᠦᠨ᠎ᠡ᠃ | ︵ᠭᠤᠷᠪᠠ︶ ᠥᠭᠡᠷᠡᠴᠢᠯᠡᠯᠲᠡ ᠶᠢᠨ ᠠᠭᠤᠯᠭ᠎ᠠ᠃ | 1. ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢ ᠶᠢ ᠨᠢᠭᠡᠳᠬᠡᠨ᠎ᠡ᠃ ᠤᠯᠠᠨ ᠰᠠᠯᠠᠭ᠎ᠠ ᠮᠥᠴᠢᠷ ᠤᠨ | ᠴᠣᠩᠬᠤᠪᠴᠢ ᠪᠠᠷ ᠬᠦᠯᠢᠶᠡᠨ ᠠᠪᠴᠤ ᠰᠢᠢᠳᠪᠦᠷᠢᠯᠡᠬᠦ ᠶᠢ ᠨᠢᠭᠡ ᠴᠣᠩᠬᠤᠪᠴᠢ ᠪᠠᠷ ᠭᠠᠳᠠᠭᠰᠢ ᠬᠠᠨᠳᠤᠭᠤᠯᠬᠤ | ᠪᠣᠯᠭᠠᠨ ᠬᠤᠪᠢᠷᠠᠭᠤᠯᠵᠤ᠂ ᠠᠵᠤ ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠬᠠᠷᠢᠭᠤᠴᠠᠨ ᠵᠠᠬ᠎ᠠ | ᠳᠡᠯᠭᠡᠭᠦᠷ ᠤᠨ ᠭᠤᠣᠯ ᠴᠣᠭᠴᠠ ᠶᠢ ᠳᠠᠩᠰᠠᠯᠠᠨ ᠲᠡᠮᠳᠡᠭᠯᠡᠬᠦ᠂ ᠪᠦᠷᠢᠳᠬᠡᠨ ᠳᠠᠩᠰᠠᠯᠠᠭᠤᠯᠬᠤ ᠵᠡᠷᠭᠡ ᠬᠠᠮᠢᠶ᠎ᠠ ᠪᠦᠬᠦᠢ | ᠤᠴᠢᠷ ᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠭᠤᠶᠤᠴᠢᠯᠠᠭᠴᠢ ᠳᠤ ︽ᠨᠡᠶᠢᠭᠡᠮ ᠤᠨ ᠢᠲᠡᠭᠡᠮᠵᠢ ᠶᠢᠨ | ᠨᠢᠭᠡᠳᠦᠯᠲᠡᠢ ᠣᠷᠣᠯᠠᠬᠤ ᠨᠣᠮᠧᠷ︾ ᠢ ᠨᠡᠮᠡᠭᠰᠡᠨ ᠡᠵᠡᠩᠨᠡᠯᠲᠡ ᠶᠢᠨ ᠦᠨᠡᠮᠯᠡᠯ ᠢ ᠬᠠᠷᠭᠤᠭᠤᠯᠤᠨ ᠣᠯᠭᠤᠨ᠎ᠠ᠃ | 2. ᠬᠢᠨᠠᠨ ᠵᠥᠪᠰᠢᠶᠡᠷᠡᠬᠦ ᠮᠠᠲ᠋ᠧᠷᠢᠶᠠᠯ ᠢ ᠲᠣᠪᠴᠢᠯᠠᠨ᠎ᠠ᠃ ᠤᠤᠯ ᠤᠨ ᠠᠵᠤ ᠦᠢᠯᠡᠳᠪᠦᠷᠢ ᠬᠤᠳᠠᠯᠳᠤᠭ᠎ᠠ᠂ | ᠬᠥᠮᠦᠨ ᠤ ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ᠂ ᠭᠠᠶᠢᠯᠢ ᠶᠢᠨ ᠶᠠᠪᠤᠳᠠᠯ ᠵᠡᠷᠭᠡ ᠤᠯᠠᠨ ᠰᠠᠯᠠᠭ᠎ᠠ ᠮᠥᠴᠢᠷ ᠤᠨ ᠤᠯᠠᠨ ᠢᠵᠢ | ᠭᠤᠶᠤᠴᠢᠯᠠᠯ ᠤᠨ ᠮᠠᠲ᠋ᠧᠷᠢᠶᠠᠯ ᠤᠳ ᠢ ᠣᠯᠠᠨ ᠰᠠᠯᠠᠭ᠎ᠠ ᠮᠥᠴᠢᠷ ᠤᠨ ᠳᠠᠩᠰᠠᠯᠠᠨ ᠲᠡᠮᠳᠡᠭᠯᠡᠭᠰᠡᠨ ᠵᠦᠢᠯ ᠤᠨ ᠮᠡᠳᠡᠭᠡ | ᠵᠠᠩᠭᠢ ᠶᠢ ᠪᠠᠭᠲᠠᠭᠠᠭᠰᠠᠨ ᠨᠢᠭᠡᠨ ᠢᠵᠢ ᠭᠤᠶᠤᠴᠢᠯᠠᠯ ᠤᠨ ᠮᠠᠲ᠋ᠧᠷᠢᠶᠠᠯ ᠪᠣᠯᠭᠠᠨ ᠡᠮᠬᠢᠯᠡᠨ ᠨᠡᠶᠢᠯᠡᠭᠦᠯᠦᠨ᠎ᠡ᠃ | 3. ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠦᠨ᠎ᠡ᠃ ᠬᠢᠨᠠᠨ ᠵᠥᠪᠰᠢᠶᠡᠷᠡᠬᠦ ᠵᠦᠢᠯ ᠵᠢᠴᠢ ᠬᠢᠨᠠᠨ | ᠵᠥᠪᠰᠢᠶᠡᠷᠡᠬᠦ ᠰᠠᠯᠠᠭ᠎ᠠ ᠮᠥᠴᠢᠷ ᠢ ᠪᠠᠭᠠᠰᠬᠠᠵᠤ᠂ ᠬᠢᠨᠠᠨ ᠵᠥᠪᠰᠢᠶᠡᠷᠡᠬᠦ ᠴᠤᠪᠤᠷᠠᠯ ᠢ ᠨᠢᠭᠡᠳᠬᠡᠵᠦ᠂ ᠠᠵᠤ | ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠠᠴᠠ ᠨᠢᠭᠡ ᠯᠡ ᠤᠳᠠᠭ᠎ᠠ ᠳᠤ ᠬᠢᠨᠠᠨ ᠵᠥᠪᠰᠢᠶᠡᠷᠡᠬᠦ ᠶᠢ | ᠪᠡᠶᠡᠯᠡᠭᠦᠯᠦᠨ᠎ᠡ᠃ ᠤᠤᠯ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢᠨ ᠣᠷᠣᠯᠠᠬᠤ ᠨᠣᠮᠧᠷ ᠤᠨ ᠦᠨᠡᠮᠯᠡᠯ᠂ | ᠭᠠᠶᠢᠯᠢ ᠶᠢᠨ ᠶᠠᠪᠤᠳᠠᠯ ᠤᠨ ᠳᠠᠩᠰᠠᠯᠠᠨ ᠲᠡᠮᠳᠡᠭᠯᠡᠬᠦ ᠦᠨᠡᠮᠯᠡᠯ᠂ ᠨᠡᠶᠢᠭᠡᠮ ᠤᠨ ᠳᠠᠭᠠᠳᠬᠠᠯ ᠤᠨ ᠳᠠᠩᠰᠠᠯᠠᠨ ᠲᠡᠮᠳᠡᠭᠯᠡᠬᠦ | ᠦᠨᠡᠮᠯᠡᠯ ᠪᠣᠯᠣᠨ ᠲᠤᠭ᠎ᠠ ᠪᠦᠷᠢᠳᠬᠡᠯ ᠤᠨ ᠳᠠᠩᠰᠠᠯᠠᠨ ᠲᠡᠮᠳᠡᠭᠯᠡᠬᠦ ᠦᠨᠡᠮᠯᠡᠯ ᠢ ᠳᠠᠬᠢᠵᠤ ᠣᠯᠭᠤᠬᠤ ᠦᠭᠡᠢ᠃ | 4. ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ ᠪᠤᠭᠤᠨᠢᠰᠬᠠᠨ᠎ᠠ᠃ ᠬᠢᠨᠠᠨ ᠵᠥᠪᠰᠢᠶᠡᠷᠡᠬᠦ ᠮᠠᠲ᠋ᠧᠷᠢᠶᠠᠯ ᠢ | ᠲᠣᠪᠴᠢᠯᠠᠨ᠂ ᠬᠢᠨᠠᠨ ᠵᠥᠪᠰᠢᠶᠡᠷᠡᠬᠦ ᠴᠤᠪᠤᠷᠠᠯ ᠢ ᠰᠢᠯᠢᠳᠡᠭᠵᠢᠭᠦᠯᠬᠦ ᠪᠠᠷ ᠳᠠᠮᠵᠢᠭᠤᠯᠤᠨ᠂ ︽ᠲᠠᠪᠤᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ | ᠠᠵᠢᠯ ᠤᠨ ᠴᠤᠪᠤᠷᠠᠯ ᠤᠨ ᠳᠠᠬᠢᠨ ᠪᠦᠲᠦᠭᠡᠯᠲᠡ ᠶᠢ ᠪᠡᠶᠡᠯᠡᠭᠦᠯᠵᠦ᠂ ᠠᠵᠢᠯᠯᠠᠬᠤ ᠴᠠᠭ ᠤᠨ ᠬᠢᠵᠠᠭᠠᠷ ᠢ ᠶᠡᠭᠡ ᠪᠠᠷ | ᠪᠤᠭᠤᠨᠢᠰᠬᠠᠨ᠎ᠠ᠃ | 5. ᠳᠠᠩᠰᠠ ᠡᠪᠬᠡᠮᠡᠯ ᠢ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃ ᠠᠩᠬᠠᠨ ᠤ ᠳᠠᠩᠰᠠ ᠡᠪᠬᠡᠮᠡᠯ ᠢ ᠠᠵᠤ | ᠦᠢᠯᠡᠳᠪᠦᠷᠢ ᠬᠤᠳᠠᠯᠳᠤᠭ᠎ᠠ ᠶᠢᠨ ᠰᠠᠯᠠᠭ᠎ᠠ ᠮᠥᠴᠢᠷ ᠲᠤ ᠦᠯᠡᠳᠡᠭᠡᠨ ᠬᠠᠳᠠᠭᠠᠯᠠᠭᠤᠯᠵᠤ᠂ ᠪᠤᠰᠤᠳ ᠬᠠᠮᠢᠶ᠎ᠠ ᠪᠦᠬᠦᠢ | ᠰᠠᠯᠠᠭ᠎ᠠ ᠮᠥᠴᠢᠷ ᠤᠨ ᠡᠷᠢᠵᠦ ᠦᠵᠡᠬᠦ ᠳᠤ ᠬᠠᠩᠭᠠᠨ᠎ᠠ᠃ ᠨᠥᠬᠦᠴᠡᠯ ᠪᠦᠷᠢᠳᠦᠭᠦᠯᠦᠭᠰᠡᠨ ᠭᠠᠵᠠᠷ ᠣᠷᠣᠨ ᠨᠤᠭᠤᠳ | ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ ᠬᠠᠮᠲᠤ ᠪᠠᠷ ᠬᠦᠷᠲᠡᠬᠦ ᠶᠢ ᠪᠡᠶᠡᠯᠡᠭᠦᠯᠦᠭᠰᠡᠨ ᠰᠠᠭᠤᠷᠢᠨ ᠳᠡᠭᠡᠷ᠎ᠡ᠂ | ᠡᠯᠧᠺᠲᠷᠣᠨ ᠪᠤᠶᠤ ᠵᠢᠷᠤᠭ ᠲᠦ᠋ᠷᠰᠦᠲᠦ ᠳᠠᠩᠰᠠ ᠡᠪᠬᠡᠮᠡᠯ ᠢ ᠬᠠᠮᠲᠤ ᠪᠠᠷ ᠬᠦᠷᠲᠡᠬᠦ ᠶᠢ ᠤᠯᠠᠮ ᠨᠢᠭᠡ ᠠᠯᠬᠤᠮ | ᠪᠡᠶᠡᠯᠡᠭᠦᠯᠦᠨ᠎ᠡ᠃ | 6. ᠥᠷᠭᠡᠨ ᠳᠡᠯᠭᠡᠷ ᠬᠡᠷᠡᠭᠯᠡᠬᠦ ᠶᠢ ᠲᠦᠯᠬᠢᠨ ᠠᠬᠢᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ | ᠪᠣᠯᠣᠨ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠵᠢᠴᠢ ᠵᠠᠭᠤᠴᠢᠯᠠᠭᠴᠢ ᠪᠠᠶᠢᠭᠤᠯᠤᠮᠵᠢ ᠵᠡᠷᠭᠡ ᠴᠦᠮ ︽ | ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠭᠰᠠᠨ︾ ᠡᠵᠡᠩᠨᠡᠯᠲᠡ ᠶᠢᠨ ᠦᠨᠡᠮᠯᠡᠯ ᠢ ᠮᠡᠳᠡᠷᠡᠵᠦ᠂ ᠠᠵᠤ | ᠠᠬᠤᠶᠢᠯᠠᠯ ᠤᠨ ᠪᠤᠰᠤᠳ ᠲᠠᠯ᠎ᠠ ᠶᠢᠨ ᠭᠡᠷᠡᠴᠢᠯᠡᠬᠦ ᠮᠠᠲ᠋ᠧᠷᠢᠶᠠᠯ ᠬᠠᠩᠭᠠᠬᠤ ᠶᠢ ᠱᠠᠭᠠᠷᠳᠠᠵᠤ ᠪᠣᠯᠬᠤ ᠦᠭᠡᠢ᠂ | ᠲᠡᠭᠦᠨ ᠤ ᠡᠯ᠎ᠡ ᠬᠦᠷᠢᠶᠡᠨ ᠳᠤ ᠥᠷᠭᠡᠨ ᠢᠶᠠᠷ ᠬᠡᠷᠡᠭᠯᠡᠭᠳᠡᠬᠦ ᠶᠢ ᠢᠳᠡᠪᠬᠢᠲᠡᠶ ᠲᠦᠯᠬᠢᠨ ᠠᠬᠢᠭᠤᠯᠤᠨ᠎ᠠ᠃ | ᠲᠠᠪᠤ᠂ ᠠᠵᠢᠯ ᠤᠨ ᠲᠣᠬᠢᠷᠠᠭᠤᠯᠤᠯᠲᠠ | ︵ᠨᠢᠭᠡ︶ ᠬᠠᠮᠲᠤ ᠪᠠᠷ ᠬᠦᠷᠲᠡᠬᠦ ᠲᠠᠪᠴᠠᠩ ᠢ ᠴᠣᠭᠴᠠᠯᠠᠨ ᠪᠠᠶᠢᠭᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠢᠲᠡᠭᠡᠮᠵᠢ ᠶᠢᠨ ᠮᠡᠳᠡᠭᠡ ᠵᠠᠩᠭᠢ ᠶᠢᠨ ᠲᠠᠪᠴᠠᠩ ᠢᠶᠠᠷ | ᠲᠦᠰᠢᠭ ᠪᠣᠯᠭᠠᠵᠤ᠂ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠭᠰᠠᠨ︾ ᠮᠡᠳᠡᠭᠡ ᠵᠠᠩᠭᠢ ᠶᠢ ᠬᠠᠮᠲᠤ ᠪᠠᠷ | ᠬᠦᠷᠲᠡᠬᠦ ᠰᠣᠯᠢᠯᠴᠠᠭᠠᠨ ᠤ ᠲᠠᠪᠴᠠᠩ ᠢ ᠴᠣᠭᠴᠠᠯᠠᠨ ᠪᠠᠶᠢᠭᠤᠯᠵᠤ᠂ ᠰᠠᠯᠠᠭ᠎ᠠ ᠮᠥᠴᠢᠷ ᠤᠨ ᠬᠤᠭᠤᠷᠣᠨᠳᠣᠬᠢ ᠮᠡᠳᠡᠭᠡ | ᠵᠠᠩᠭᠢ ᠶᠢ ᠬᠠᠷᠢᠯᠴᠠᠨ ᠬᠤᠯᠪᠣᠵᠤ ᠬᠠᠷᠢᠯᠴᠠᠨ ᠨᠡᠪᠲᠡᠷᠡᠬᠦ᠂ ᠬᠠᠮᠲᠤ ᠪᠠᠷ ᠬᠦᠷᠲᠡᠵᠦ ᠬᠡᠷᠡᠭᠯᠡᠬᠦ ᠶᠢ ᠪᠡᠶᠡᠯᠡᠭᠦᠯᠦᠨ᠎ᠡ᠃ | ︵ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠲᠦᠷᠦᠭᠦᠯᠡᠵᠦ᠂ ᠥᠪᠡᠷᠲᠡᠭᠡᠨ | ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠥᠪᠥᠷ | ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ | ᠬᠠᠮᠵᠢᠯᠴᠠᠨ᠎ᠠ︶ | ︵ᠬᠤᠶᠠᠷ︶ ᠲᠤᠬᠠᠶᠢᠯᠠᠭᠰᠠᠨ ᠠᠵᠢᠯ ᠤᠨ ᠰᠢᠰᠲ᠋ᠧᠮ ᠢ ᠥᠭᠡᠷᠡᠴᠢᠯᠡᠨ᠎ᠡ᠃ ᠥᠪᠡᠷᠲᠡᠭᠡᠨ ᠵᠠᠰᠠᠬᠤ ᠣᠷᠣᠨ ᠤ | ᠡᠯ᠎ᠡ ᠬᠤᠯᠪᠣᠭᠳᠠᠯ ᠪᠥᠬᠦᠢ ᠰᠠᠯᠠᠭ᠎ᠠ ᠮᠥᠴᠢᠷ ᠤᠳ ᠲᠤᠰ ᠲᠤᠰ ᠤᠨ ᠲᠤᠬᠠᠶᠢᠯᠠᠭᠰᠠᠨ ᠠᠵᠢᠯ ᠤᠨ ᠰᠢᠰᠲ᠋ᠧᠮ ᠢᠶᠠᠨ | ᠲᠡᠰ ᠳᠡᠪᠰᠢᠭᠦᠯᠦᠨ ᠥᠭᠡᠷᠡᠴᠢᠯᠡᠯᠲᠡ ᠬᠢᠵᠦ᠂ ᠬᠠᠮᠲᠤ ᠪᠠᠷ ᠬᠦᠷᠲᠡᠬᠦ ᠰᠣᠯᠢᠯᠴᠠᠭᠠᠨ ᠤ ᠲᠠᠪᠴᠠᠩ ᠢᠶᠠᠷ | ᠳᠠᠮᠵᠢᠭᠤᠯᠤᠨ᠂ ᠰᠠᠯᠠᠭ᠎ᠠ ᠮᠥᠴᠢᠷ ᠤᠨ ᠬᠤᠭᠤᠷᠣᠨᠳᠣᠬᠢ ᠳᠠᠩᠰᠠᠯᠠᠨ ᠲᠡᠮᠳᠡᠭᠯᠡᠭᠰᠡᠨ ᠮᠡᠳᠡᠭᠡ ᠵᠠᠩᠭᠢ ᠶᠢ | ᠲᠣᠭᠲᠠᠪᠤᠷᠢᠲᠠᠢ ᠳᠠᠮᠵᠢᠭᠤᠯᠵᠤ᠂ ᠬᠠᠷᠢᠯᠴᠠᠨ ᠬᠤᠯᠪᠣᠭᠠᠯᠠᠵᠤ ᠬᠠᠮᠲᠤᠪᠠᠷ ᠬᠦᠷᠲᠡᠬᠦ ᠶᠢ ᠪᠡᠶᠡᠯᠡᠭᠦᠯᠦᠨ᠎ᠡ᠃ ︵ | ᠥᠪᠡᠷᠲᠡᠭᠡᠨ ᠵᠠᠰᠠᠬᠤ ᠣᠷᠣᠨ ᠤ ᠠᠵᠤ ᠦᠢᠯᠡᠳᠪᠦᠷᠢ ᠬᠤᠳᠠᠯᠳᠤᠭ᠎ᠠ ᠶᠢᠨ ᠲᠣᠪᠴᠢᠶ᠎ᠠ ᠲᠦᠷᠦᠭᠦᠯᠡᠵᠦ᠂ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠬᠥᠮᠦᠨ ᠤ ᠬᠦᠴᠦᠨ ᠤ ᠡᠬᠢ | ᠪᠠᠶᠠᠯᠢᠭ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠲᠤᠭ᠎ᠠ ᠪᠦᠷᠢᠳᠬᠡᠯ ᠤᠨ ᠲᠣᠪᠴᠢᠶ᠎ᠠ᠂ ᠶᠠᠰᠤ ᠴᠢᠨᠠᠷ ᠲᠤ | ᠮᠡᠷᠭᠡᠵᠢᠯ ᠤᠨ ᠬᠢᠨᠠᠯᠲᠠ ᠲᠠᠯᠪᠢᠬᠤ ᠲᠣᠪᠴᠢᠶ᠎ᠠ᠂ ᠣᠷᠣᠨ ᠨᠤᠲᠤᠭ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ | ᠥᠪᠥᠷ ᠮᠣᠩᠭᠤᠯ ᠤᠨ ᠤᠯᠤᠰ ᠤᠨ ᠭᠠᠶᠢᠯᠢ ᠶᠢᠨ ᠶᠠᠪᠤᠳᠠᠯ ᠤᠨ ᠲᠣᠪᠴᠢᠶ᠎ᠠ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ | ᠬᠠᠮᠵᠢᠯᠴᠠᠨ᠎ᠠ︶ | ︵ᠭᠤᠷᠪᠠ︶ ᠶᠡᠷᠦᠩᠬᠡᠶᠢᠯᠡᠭᠰᠡᠨ ᠴᠣᠩᠬᠤᠪᠴᠢ ᠲᠣᠬᠢᠷᠠᠭᠤᠯᠤᠨ᠎ᠠ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠲᠠᠪᠤᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ | ᠳᠦᠷᠢᠮ ᠤᠨ ᠥᠭᠡᠷᠡᠴᠢᠯᠡᠯᠲᠡ ᠶᠢᠨ ᠬᠠᠮᠢᠶ᠎ᠠ ᠪᠥᠬᠦᠢ ᠱᠠᠭᠠᠷᠳᠠᠯᠭ᠎ᠠ ᠶᠢ ᠦᠨᠳᠦᠰᠦᠯᠡᠨ᠂ ᠴᠤᠪᠤᠷᠠᠯ ᠤᠨ ᠵᠢᠷᠤᠭ | ᠲᠥᠯᠥᠪᠯᠡᠭᠡ ᠶᠣᠰᠣᠭᠠᠷ᠂ ᠠᠵᠢᠯᠳᠠᠨ ᠲᠣᠬᠢᠷᠠᠭᠤᠯᠵᠤ᠂ ᠲᠤᠰᠬᠠᠶ ᠬᠦᠯᠢᠶᠡᠨ ᠠᠪᠴᠤ ᠰᠢᠢᠳᠪᠦᠷᠢᠯᠡᠬᠦ ᠴᠣᠩᠬᠤᠪᠴᠢ | ᠭᠠᠷᠭᠠᠵᠤ᠂ ᠨᠢᠭᠡᠳᠦᠯᠲᠡᠶ ᠬᠦᠯᠢᠶᠡᠨ ᠠᠪᠴᠤ ᠰᠢᠢᠳᠪᠦᠷᠢᠯᠡᠨ᠂ ᠦᠨᠡᠮᠯᠡᠯ ᠣᠯᠭᠤᠨ᠎ᠠ᠃ ︵ᠡᠯ᠎ᠡ ᠠᠶᠢᠮᠠᠭ ᠬᠤᠳᠠ | ᠬᠠᠷᠢᠭᠤᠴᠠᠨ᠎ᠠ︶ | ︵ᠳᠥᠷᠪᠡ︶ ᠲᠣᠭᠲᠠᠭᠠᠯ ᠲᠥᠷᠢᠮ ᠢ ᠲᠡᠭᠦᠯᠳᠡᠷᠵᠢᠭᠦᠯᠦᠨ᠎ᠡ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ︽ᠲᠠᠪᠤᠨ ᠦᠨᠡᠮᠯᠡᠯ ᠢ | ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ | ᠳᠦᠷᠢᠮ ᠤᠨ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠦᠨᠳᠦᠰᠦᠯᠡᠵᠦ᠂ ᠲᠤᠰ ᠭᠠᠵᠠᠷ ᠣᠷᠣᠨ ᠤ ᠪᠠᠨ | ᠪᠤᠳᠠᠲᠠᠢ ᠲᠠᠢ ᠤᠶᠠᠯᠳᠤᠭᠤᠯᠤᠨ᠂ ᠥᠭᠡᠷᠡᠴᠢᠯᠡᠯᠲᠡ ᠲᠠᠢ ᠲᠣᠬᠢᠷᠠᠯᠴᠠᠭᠰᠠᠨ ᠲᠣᠭᠲᠠᠭᠠᠯ ᠳᠦᠷᠢᠮ ᠢ ᠪᠠᠶᠢᠭᠤᠯᠵᠤ᠂ | ᠬᠢᠨᠠᠨ ᠵᠥᠪᠰᠢᠶᠡᠷᠡᠬᠦ ᠴᠤᠪᠤᠷᠠᠯ ᠢ ᠲᠠᠰᠤᠷᠠᠯᠲᠠ ᠦᠭᠡᠢ ᠲᠣᠬᠢᠷᠠᠭᠤᠯᠤᠨ ᠰᠢᠯᠢᠳᠡᠭᠵᠢᠭᠦᠯᠵᠦ᠂ ᠥᠭᠡᠷᠡᠴᠢᠯᠡᠯᠲᠡ ᠶᠢᠨ | ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨ ᠬᠦ ᠪᠠᠲᠤᠯᠠᠨ᠎ᠠ᠃ ︵ᠡᠯ᠎ᠡ ᠠᠶᠢᠮᠠᠭ ᠬᠤᠳᠠ ᠬᠠᠷᠢᠭᠤᠴᠠᠨ᠎ᠠ︶ | ︵ᠲᠠᠪᠤ︶ ᠰᠢᠨᠵᠢᠯᠡᠬᠦ ᠤᠬᠠᠭᠠᠨᠴᠢ ᠬᠠᠮᠢᠶᠠᠷᠤᠯᠲᠠ ᠶᠢ ᠴᠢᠩᠭᠠᠳᠬᠠᠨ᠎ᠠ᠃ | ᠡᠯ᠎ᠡ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠥᠪ ᠨᠢ ᠨᠢᠭᠡᠳᠦᠯᠲᠡᠢ ᠬᠠᠮᠢᠶᠠᠷᠤᠯᠲᠠ ᠶᠢ | ᠬᠡᠷᠡᠭᠵᠢᠭᠦᠯᠦᠨ᠂ ᠠᠵᠢᠯ ᠤᠨ ᠳᠤᠮᠳᠠ ᠲᠤᠯᠭᠠᠷᠠᠭᠰᠠᠨ ᠠᠰᠠᠭᠤᠳᠠᠯ ᠤᠳ ᠢ ᠵᠣᠬᠢᠴᠠᠭᠤᠯᠤᠨ ᠰᠢᠢᠳᠪᠦᠷᠢᠯᠡᠵᠦ᠂ | ᠥᠭᠡᠷᠡᠴᠢᠯᠡᠯᠲᠡ ᠶᠢᠨ ᠠᠵᠢᠯ ᠤᠨ ᠪᠠᠶᠢᠴᠠᠭᠠᠨ ᠰᠤᠳᠤᠯᠤᠯᠲᠠ ᠶᠢ ᠴᠢᠩᠭᠠᠳᠬᠠᠵᠤ᠂ ᠥᠭᠡᠷᠡᠴᠢᠯᠡᠯᠲᠡ ᠶᠢᠨ ᠦᠷ᠎ᠡ | ᠪᠦᠲᠦᠮᠵᠢ ᠶᠢ ᠦᠨᠡᠯᠡᠬᠦ ᠳᠦᠷᠢᠮ ᠢ ᠪᠠᠶᠢᠭᠤᠯᠤᠨ᠂ ᠥᠭᠡᠷᠡᠴᠢᠯᠡᠯᠲᠡ ᠶᠢᠨ ᠡᠯ᠎ᠡ ᠵᠦᠢᠯ ᠤᠨ ᠠᠷᠭ᠎ᠠ ᠬᠡᠮᠵᠢᠶ᠎ᠡ ᠶᠢ | ᠲᠠᠰᠤᠷᠠᠯᠳᠡ ᠦᠭᠡᠢ ᠰᠠᠶᠢᠵᠢᠷᠠᠭᠤᠯᠤᠨ ᠲᠡᠭᠦᠯᠳᠡᠷᠵᠢᠭᠦᠯᠦᠨ᠎ᠡ᠃ ︵ᠡᠯ᠎ᠡ ᠠᠶᠢᠮᠠᠭ ᠬᠤᠳᠠ ᠬᠠᠷᠢᠭᠤᠴᠠᠨ᠎ᠠ︶ | ︵ᠵᠢᠷᠭᠤᠭ᠎ᠠ︶ ᠤᠷᠢᠳᠠᠪᠠᠷ ᠲᠤᠷᠰᠢᠯᠲᠠ ᠬᠢᠬᠦ ᠶᠢ ᠲᠦᠯᠬᠢᠨ ᠠᠬᠢᠭᠤᠯᠤᠨ᠎ᠠ᠃ | ᠥᠭᠡᠷᠡᠴᠢᠯᠡᠯᠲᠡ ᠶᠢᠨ ᠲᠤᠷᠰᠢᠯᠲᠠ ᠬᠢᠬᠦ ᠭᠠᠵᠠᠷ ᠣᠷᠣᠨ ᠨᠤᠭᠤᠳ ᠥᠭᠡᠷᠡᠴᠢᠯᠡᠯᠲᠡ ᠶᠢᠨ ᠲᠤᠷᠰᠢᠯᠲᠠ ᠶᠢᠨ | ᠠᠵᠢᠯ ᠤᠨ ᠤᠳᠤᠷᠢᠳᠤᠯᠭ᠎ᠠ ᠶᠢ ᠴᠢᠩᠭᠠᠳᠬᠠᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠂ ᠡᠯ᠎ᠡ ᠲᠠᠯ᠎ᠠ ᠶᠢ | ᠨᠡᠶᠢᠲᠡ ᠳᠤᠨᠢ ᠬᠠᠷᠠᠭᠠᠯᠵᠠᠬᠤ᠂ ᠯᠠᠪᠳᠠᠭᠤᠨ ᠢᠶᠠᠷ ᠲᠦᠯᠬᠢᠨ ᠠᠬᠢᠭᠤᠯᠬᠤ ᠠᠷᠭ᠎ᠠ ᠶᠢ ᠠᠪᠴᠤ᠂ ᠲᠤᠷᠰᠢᠯᠭ᠎ᠠ ᠪᠠᠨ | ᠲᠡᠰᠦᠷᠡᠯᠳᠠ ᠤᠶᠢᠭᠡᠢ ᠳ᠋ᠦ᠋ᠶᠢᠩᠨᠡᠨ᠂ ᠠᠷᠭ᠎ᠠ ᠬᠡᠮᠵᠢᠶ᠎ᠡ ᠪᠠᠨ ᠲᠡᠭᠦᠯᠳᠡᠷᠵᠢᠭᠦᠯᠵᠦ᠂ ᠪᠦᠬᠦ ᠣᠷᠣᠨ ᠤ ︽ᠲᠠᠪᠤᠨ | ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ | ᠲᠡᠮᠳᠡᠭᠯᠡᠬᠦ ᠳᠦᠷᠢᠮ ᠢ ᠬᠡᠷᠡᠭᠵᠢᠭᠦᠯᠬᠦ ᠳᠤ ᠲᠣᠯᠢ ᠪᠣᠯᠭᠠᠵᠤ᠂ ᠳᠡᠯᠭᠡᠷᠡᠭᠦᠯᠵᠦ ᠪᠣᠯᠣᠮᠠᠷ ᠲᠤᠷᠰᠢᠯᠭ᠎ᠠ ᠬᠠᠩᠭᠠᠨ᠎ᠠ᠃ ︵ | ᠲᠤᠷᠰᠢᠯᠲᠠ ᠶᠢᠨ ᠴᠢᠬ ᠤᠨ ᠠᠶᠢᠮᠠᠭ ᠬᠤᠳᠠ ᠬᠠᠷᠢᠭᠤᠴᠠᠨ᠎ᠠ︶ | ᠵᠢᠷᠭᠤᠭ᠎ᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ | ︵ᠨᠢᠭᠡ︶ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ | ᠥᠪᠡᠷᠲᠡᠭᠡᠨ ᠵᠠᠰᠠᠬᠤ ᠣᠷᠣᠨ ᠤ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ | ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢᠨ | ᠤᠳᠤᠷᠢᠳᠬᠤ ᠳᠤᠭᠤᠶᠢᠯᠠᠩ ︵ᠳᠣᠷᠣᠭᠰᠢ ᠤᠳᠤᠷᠢᠳᠬᠤ ᠳᠤᠭᠤᠶᠢᠯᠠᠩ ᠭᠡᠵᠦ ᠲᠣᠪᠴᠢᠯᠠᠨ᠎ᠠ︶ ᠢ ᠪᠠᠶᠢᠭᠤᠯᠤᠨ᠂ | ᠡᠯ᠎ᠡ ᠭᠠᠵᠠᠷ ᠣᠷᠣᠨ ᠤ ᠬᠢᠨ ᠵᠣᠬᠢᠴᠠᠩᠭᠤᠶ ᠤᠳᠤᠷᠢᠳᠬᠤ ᠳᠤᠭᠤᠶᠢᠯᠠᠩ ᠪᠠᠶᠢᠭᠤᠯᠵᠤ᠂ ᠲᠤᠰ ᠭᠠᠵᠠᠷ ᠣᠷᠣᠨ ᠤ ︽ | ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ | ᠳᠠᠩᠰᠠᠯᠠᠨ ᠲᠡᠮᠳᠡᠭᠯᠡᠬᠦ ᠳᠦᠷᠢᠮ ᠤᠨ ᠥᠭᠡᠷᠡᠴᠢᠯᠡᠯᠲᠡ ᠶᠢᠨ ᠠᠵᠢᠯ ᠢ ᠵᠣᠬᠢᠶᠠᠨ ᠪᠠᠶᠢᠭᠤᠯᠬᠤ᠂ ᠵᠣᠬᠢᠴᠠᠭᠤᠯᠬᠤ᠂ | ᠦᠷᠨᠢᠭᠦᠯᠬᠦ ᠶᠢ ᠬᠠᠷᠢᠭᠤᠴᠠᠨ᠎ᠠ᠃ | ︵ᠬᠤᠶᠠᠷ︶ ᠬᠠᠮᠵᠢᠯᠴᠠᠬᠤ ᠲᠣᠭᠲᠠᠴᠠ ᠶᠢ ᠪᠠᠶᠢᠭᠤᠯᠤᠨ᠎ᠠ᠃ | ᠡᠯ᠎ᠡ ᠱᠠᠲᠤᠨ ᠤ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠨᠢᠭᠡᠴᠡ ᠨᠦᠭᠦᠳ ᠰᠠᠯᠠᠭ᠎ᠠ ᠮᠥᠴᠢᠷ ᠤᠨ | ᠬᠤᠭᠤᠷᠣᠨᠳᠣᠬᠢ ᠠᠵᠢᠯ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠠᠮᠵᠢᠯᠴᠠᠭ᠎ᠠ ᠪᠠᠨ ᠴᠢᠩᠭᠠᠳᠬᠠᠵᠤ᠂ | ᠲᠤᠰ ᠭᠠᠵᠠᠷ ᠣᠷᠣᠨ ᠤ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠵᠤ᠂ ᠨᠢᠭᠡ ᠦᠨᠡᠮᠯᠡᠯ ᠳᠤ ᠨᠢᠭᠡ | ᠨᠣᠮᠧᠷ ᠲᠠᠢ ᠪᠠᠶᠢᠯᠭᠠᠬᠤ︾ ᠶᠢᠨ ᠲᠡᠩᠰᠡᠯᠡᠠ ᠲᠡᠮᠳᠡᠭᠯᠡᠬᠦ ᠠᠵᠢᠯ ᠤᠨ ᠵᠢᠷᠤᠮᠵᠢᠭᠤᠨ ᠡᠮᠬᠢ ᠳᠠᠷᠠᠭᠠᠯᠠᠯ ᠲᠠᠢ | ᠶᠠᠪᠤᠭᠳᠠᠬᠤ ᠶᠢ ᠪᠠᠲᠤᠯᠠᠨ᠎ᠠ᠃ | ︵ᠭᠤᠷᠪᠠ︶ ᠥᠭᠡᠷᠡᠴᠢᠯᠡᠯᠲᠡ ᠶᠢᠨ ᠤᠬᠠᠭᠤᠯᠭ᠎ᠠ ᠶᠢ ᠴᠢᠩᠭᠠᠳᠬᠠᠨ᠎ᠠ᠃ | ᠥᠭᠡᠷᠡᠴᠢᠯᠡᠯᠲᠡ ᠳᠤ ᠬᠤᠯᠪᠣᠭᠳᠠᠬᠤ ᠰᠠᠯᠠᠭ᠎ᠠ ᠮᠥᠴᠢᠷ ᠤᠳ ᠨᠡᠶᠢᠭᠡᠮ ᠤᠨ ᠠᠩᠬᠠᠷᠤᠯ ᠢ ᠴᠠᠭ ᠲᠤᠬᠠᠶ ᠳᠤᠨᠢ | ᠬᠠᠷᠢᠭᠤ ᠲᠤᠰᠬᠠᠵᠤ᠂ ᠰᠣᠨᠢᠨ ᠮᠡᠳᠡᠭᠡᠨ ᠤ ᠵᠠᠭᠤᠴᠢᠯᠠᠭᠤᠷ ᠤᠳ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢᠨ ᠲᠥᠷᠥ ᠶᠢᠨ ᠪᠤᠳᠤᠯᠭ᠎ᠠ ᠶᠢᠨ ᠤᠬᠠᠭᠤᠯᠭ᠎ᠠ ᠲᠠᠶᠢᠯᠤᠮᠵᠢ ᠶᠢ ᠰᠠᠶᠢᠲᠤᠷ ᠬᠢᠵᠦ᠂ ᠨᠡᠶᠢᠭᠡᠮ | ᠳᠠᠶᠠᠭᠠᠷ ᠲᠤ ᠥᠭᠡᠷᠡᠴᠢᠯᠡᠯᠲᠡ ᠬᠢᠬᠦ ᠶᠢ ᠣᠶᠢᠯᠠᠭᠠᠬᠤ᠂ ᠬᠠᠯᠠᠮᠵᠢᠯᠠᠬᠤ᠂ ᠳᠡᠮᠵᠢᠬᠦ ᠰᠠᠶᠢᠨ ᠰᠠᠶᠢᠬᠠᠨ ᠠᠭᠤᠷ | ᠠᠮᠢᠰᠬᠤᠯ ᠢ ᠪᠣᠢ ᠪᠣᠯᠭᠠᠨ᠎ᠠ᠃ | ︵ᠳᠥᠷᠪᠡ︶ ᠵᠠᠷᠤᠳᠠᠯ ᠤᠨ ᠪᠠᠲᠤᠯᠠᠭ᠎ᠠ ᠬᠠᠩᠭᠠᠨ᠎ᠠ᠃ | ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ | ᠪᠣᠯᠭᠠᠵᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠶᠢᠨ ᠳᠠᠩᠰᠠᠯᠠᠨ ᠲᠡᠮᠳᠡᠭᠯᠡᠬᠦ ᠳᠦᠷᠢᠮ ᠤᠨ | ᠥᠭᠡᠷᠡᠴᠢᠯᠡᠯᠲᠡ ᠶᠢᠨ ᠠᠵᠢᠯ ᠤᠨ ᠵᠠᠷᠤᠳᠠᠯ ᠢ ᠪᠠᠲᠤᠯᠠᠨ᠎ᠠ᠃ ᠠᠵᠤ ᠦᠢᠯᠡᠳᠪᠦᠷᠢ ᠬᠤᠳᠠᠯᠳᠤᠭ᠎ᠠ᠂ ᠬᠥᠮᠦᠨ ᠤ | ᠬᠦᠴᠦᠨ ᠤ ᠡᠬᠢ ᠪᠠᠶᠠᠯᠢᠭ ᠨᠡᠶᠢᠭᠡᠮ ᠤᠨ ᠪᠠᠲᠤᠯᠠᠭ᠎ᠠ᠂ ᠲᠤᠭ᠎ᠠ ᠪᠦᠷᠢᠳᠬᠡᠯ᠂ ᠶᠠᠰᠤ ᠴᠢᠨᠠᠷ ᠲᠤ ᠮᠡᠷᠭᠡᠵᠢᠯ ᠤᠨ | ᠬᠢᠨᠠᠯᠲᠠ ᠲᠠᠯᠪᠢᠬᠤ᠂ ᠣᠷᠣᠨ ᠨᠤᠲᠤᠭ ᠤᠨ ᠭᠠᠶᠢᠯᠢ᠂ ᠤᠯᠤᠰ ᠤᠨ ᠭᠠᠶᠢᠯᠢ ᠵᠡᠷᠭᠡ ᠰᠠᠯᠠᠭ᠎ᠠ ᠮᠥᠴᠢᠷ ᠤᠳ ᠠᠵᠤ | ᠠᠬᠤᠶᠢᠯᠠᠯ ᠠᠴᠠ ᠬᠠᠮᠢᠶ᠎ᠠ ᠪᠦᠬᠦᠢ ᠳᠠᠩᠰᠠᠯᠠᠨ ᠲᠡᠮᠳᠡᠭᠯᠡᠬᠦ ᠵᠠᠷᠤᠳᠠᠯ ᠬᠤᠷᠢᠶᠠᠵᠤ ᠪᠣᠯᠬᠤ ᠦᠭᠡᠶ᠃ | |