ᠪᠦᠬᠦ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠬᠢᠯᠭ᠎ᠠ ᠪᠠᠲᠤ ᠬᠡᠷᠡᠭᠵᠢᠭᠦᠯᠬᠦ ᠶᠢ ᠬᠢᠨᠠᠨ ᠪᠠᠶᠢᠴᠠᠭᠠᠬᠤ ᠠᠮᠤᠷ ᠲᠦᠪᠰᠢᠨ ᠤ ᠠᠵᠢᠯ ᠤᠨ ᠰᠡᠷᠡᠮᠵᠢ ᠶᠢᠨ ᠬᠦᠮᠦᠵᠢᠯ ᠵᠢᠴᠢ ᠡᠩᠨᠡᠭᠡ ᠶᠢᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/1/20
     ᠲᠦᠷᠦᠭᠦᠭᠡᠨ᠂ ᠦᠪᠡᠷᠳᠡᠭᠡᠨ ᠵᠠᠰᠠᠬᠤ ᠤᠷᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠪᠦᠬᠦ ᠤᠷᠤᠨ ᠤ ᠰᠠᠬᠢᠯᠭ᠎ᠠ ᠪᠠᠲᠤ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠰᠠᠬᠢᠯᠭ᠎ᠠ ᠪᠠᠳᠤ ᠬᠡᠷᠡᠭᠵᠢᠭᠦᠯᠭᠦ ᠶᠢ ᠬᠢᠨᠠᠨ ᠪᠠᠶᠢᠴᠠᠭᠠᠬᠤ ᠠᠮᠣᠷ ᠲᠦᠪᠰᠢᠨ ᠤ ᠠᠵᠢᠯ ᠤᠨ ᠰᠡᠷᠡᠮᠵᠢ ᠶᠢᠨ ᠬᠦᠮᠦᠵᠢᠯ ᠵᠢᠴᠢ ᠡᠩᠨᠡᠭᠡ ᠶᠢᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢᠨ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠲᠧᠯᠸᠢᠰ ᠳ᠋ᠢᠶᠠᠩᠬᠤᠸᠠ ᠬᠤᠷᠠᠯ ᠬᠢᠵᠤ᠂ ᠮᠠᠨ ᠤ ᠤᠷᠤᠨ ᠤ ᠰᠠᠬᠢᠯᠭ᠎ᠠ ᠪᠠᠳᠤ ᠬᠡᠷᠡᠭᠵᠢᠭᠦᠯᠭᠦ ᠶᠢ ᠬᠢᠨᠠᠨ ᠪᠠᠶᠢᠴᠠᠭᠠᠬᠤ ᠠᠮᠣᠷ ᠲᠦᠪᠰᠢᠨ ᠤ ᠠᠵᠢᠯ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ  ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢ ᠰᠤᠳᠤᠯᠤᠨ ᠪᠠᠶᠢᠷᠢᠯᠠᠭᠤᠯᠵᠠᠢ᠃      ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠱᠦᠵᠢ ᠯᠢᠦ ᠴᠢ ᠹᠠᠨ ᠬᠤᠷᠠᠯ ᠳᠤ ᠤᠷᠤᠯᠴᠠᠨ ᠶᠠᠷᠢᠶ᠎ᠠ ᠲᠠᠯᠪᠢᠪᠠ᠃      ᠯᠢᠦ ᠴᠢ ᠹᠠᠨ ᠴᠢᠬᠤᠯᠠᠴᠢᠯᠠᠬᠰᠠᠨ ᠨᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ ᠠᠴᠠ ᠰᠠᠬᠢᠯᠭ᠎ᠠ ᠪᠠᠳᠤ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠢ ᠬᠢᠨᠠᠨ ᠵᠦᠪᠯᠡᠵᠤ᠂ ᠰᠠᠬᠢᠯᠭ᠎ᠠ ᠪᠠᠳᠤ ᠬᠡᠷᠡᠭᠵᠢᠭᠦᠯᠭᠦ ᠶᠢ ᠬᠢᠨᠠᠨ ᠪᠠᠶᠢᠴᠠᠭᠠᠬᠤ ᠠᠮᠣᠷ ᠲᠦᠪᠰᠢᠨ ᠤ ᠠᠵᠢᠯ ᠳᠤ ᠨᠡᠩ ᠴᠢᠩᠭ᠎ᠠ ᠰᠢᠨ᠎ᠡ ᠵᠢᠷᠤᠮᠯᠠᠯ ᠬᠠᠩᠭᠠᠪᠠ᠃ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠰᠠᠬᠢᠯᠭ᠎ᠠ ᠪᠠᠳᠤ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠲᠠᠬᠢ ᠲᠤᠭᠳᠠᠭᠠᠯ ᠪᠠ ᠱᠠᠭᠠᠷᠳᠠᠯᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠠᠮᠣᠷ ᠲᠦᠪᠰᠢᠨ ᠤ ᠬᠢᠨᠠᠨ ᠪᠠᠶᠢᠴᠠᠭᠠᠯᠲᠠ ᠶᠢ ᠯᠠᠪᠳᠠᠭᠤᠨ ᠪᠠᠳᠤᠳᠠᠢ ᠰᠠᠶᠢᠲᠤᠷ ᠠᠳᠬᠤᠨ ᠵᠠᠯᠬᠠᠭᠤᠷᠠᠬᠤ᠂ ᠮᠢᠨᠴᠦᠭᠦᠷᠡᠬᠦ ᠪᠠ ᠵᠠᠪᠰᠢᠬᠤ ᠪᠤᠳᠤᠯ ᠢ ᠡᠷᠡᠰ ᠬᠤᠷᠢᠬᠯᠠᠬᠤ ᠬᠡᠷᠡᠭᠳᠡᠢ ᠃ ᠬᠠᠷᠢᠭᠤᠴᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠵᠤ᠂ ᠰᠠᠬᠢᠯᠭ᠎ᠠ ᠪᠠᠳᠤ ᠬᠡᠷᠡᠭᠵᠢᠭᠦᠯᠭᠦ ᠶᠢ ᠬᠢᠨᠠᠨ ᠪᠠᠶᠢᠴᠠᠭᠠᠬᠤ ᠠᠮᠣᠷ ᠲᠦᠪᠰᠢᠨ ᠤ ᠬᠠᠷᠢᠭᠤᠴᠠᠯᠭ᠎ᠠ ᠨᠡᠭᠡᠮᠵᠢᠯᠡᠬᠦ ᠶᠢ ᠴᠢᠨᠠᠬᠰᠢᠳᠠ ᠴᠢᠩᠭᠠᠳᠬᠠᠬᠤ ᠬᠡᠷᠡᠭᠳᠡᠢ᠃ ᠡᠮᠬᠢ ᠲᠠᠷᠠᠭᠠᠯᠠᠯ ᠶᠤᠰᠤᠭᠠᠷ ᠠᠵᠢᠯ ᠢᠶᠠᠨ ᠴᠢᠩᠭ᠎ᠠ ᠬᠢᠵᠤ᠂ ᠬᠢᠨᠠᠨ ᠪᠠᠶᠢᠴᠠᠭᠠᠬᠤ ᠠᠮᠤᠷ ᠲᠦᠪᠰᠢᠨ ᠤ ᠠᠳᠡᠯ ᠭᠠᠷᠪᠠᠯ ᠲᠤᠬᠠᠢ ᠶᠢᠨ ᠬᠦᠮᠦᠨ ᠢ ᠵᠠᠯᠬᠠᠭᠠᠨ ᠰᠢᠳᠭᠡᠭᠦ ᠪᠦᠭᠡᠳ ᠬᠠᠮᠢᠶ᠎ᠠ ᠪᠦᠬᠦᠢ ᠤᠳᠤᠷᠢᠳᠤᠯᠭ᠎ᠠ ᠠᠴᠠ ᠬᠠᠷᠢᠭᠤᠴᠠᠯᠭ᠎ᠠ ᠨᠡᠭᠡᠮᠵᠢᠯᠡᠬᠦ ᠬᠡᠷᠡᠭᠳᠡᠢ᠃ ᠰᠠᠬᠢᠯᠭ᠎ᠠ ᠪᠠᠳᠤ ᠬᠡᠷᠡᠭᠵᠢᠭᠦᠯᠭᠦ ᠶᠢ ᠬᠢᠨᠠᠨ ᠪᠠᠶᠢᠴᠠᠭᠠᠬᠤ ᠠᠵᠢᠯ ᠤᠨ ᠡᠯ᠎ᠠ ᠭᠤᠬᠴᠤᠭ᠎ᠠ ᠳᠠᠬᠢ ᠤᠳᠤᠷᠢᠳᠤᠯᠭ᠎ᠠ ᠪᠤᠯᠤᠨ ᠵᠢᠯᠤᠭᠤᠳᠤᠯᠭ᠎ᠠ ᠪᠠᠨ ᠴᠢᠨᠠᠬᠰᠢᠳᠠ ᠴᠢᠩᠭᠠᠳᠬᠠᠵᠤ᠂ ᠰᠠᠬᠢᠯᠭ᠎ᠠ ᠪᠠᠳᠤ ᠬᠡᠷᠡᠭᠵᠢᠭᠦᠯᠭᠦ ᠪᠦᠬᠦ ᠶᠠᠪᠤᠴᠠ ᠳᠠᠬᠢ ᠬᠢᠨᠠᠨ ᠪᠠᠶᠢᠴᠠᠭᠠᠯᠲᠠ ᠶᠢ ᠴᠢᠩᠭᠠᠳᠬᠠᠬᠤ ᠬᠡᠷᠡᠭᠳᠡᠢ ᠬᠡᠪᠡ᠃      ᠯᠢᠦ ᠴᠢ ᠹᠠᠨ ᠱᠠᠭᠠᠷᠳᠠᠬᠰᠠᠨ ᠨᠢ᠂ ᠲᠡᠮᠦᠷ ᠢ ᠳᠠᠪᠳᠠᠬᠤ ᠳᠤ ᠦᠪᠡᠷ ᠢᠶᠠᠨ ᠪᠠᠰᠠ ᠬᠠᠳᠠᠭᠤ ᠪᠠᠶᠢᠬᠤ ᠬᠡᠷᠡᠭᠳᠡᠢ ᠬᠡᠭᠦ ᠱᠠᠭᠠᠷᠳᠠᠯᠭ᠎ᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ᠂ ︽ᠢᠳᠡᠭᠡᠯ ᠪᠢᠰᠢᠷᠡᠯ ᠢᠶᠠᠨ ᠪᠠᠳᠣᠳᠬᠠᠵᠣ᠂ ᠬᠡᠪ ᠪᠤᠯᠪᠠᠰᠤᠷᠠᠯ ᠢᠶᠠᠨ ᠲᠡᠭᠡᠭᠰᠢᠯᠡᠭᠦᠯᠵᠤ᠂ ᠶᠤᠰᠤ ᠲᠦᠷᠢᠮ ᠢ ᠵᠢᠷᠣᠮᠯᠠᠨ᠂ ᠰᠤᠷᠳᠠᠯ ᠢᠶᠠᠨ ᠲᠦᠪ ᠪᠤᠯᠭᠠᠬᠤ︾᠎ ᠪᠠᠷ ᠭᠤᠤᠯ ᠰᠡᠳᠦᠪ ᠪᠤᠯᠭᠠᠬᠰᠠᠨ ᠺᠠᠳ᠋ᠷ ᠤᠨ ᠡᠩᠨᠡᠭᠡ ᠶᠢᠨ ᠪᠠᠶᠢᠭᠤᠯᠤᠯᠲᠠ ᠶᠢᠨ ᠤᠨ ᠤ ᠠᠵᠢᠯᠯᠠᠭ᠎ᠠ ᠶᠢ ᠯᠠᠪᠳᠠᠭᠤᠨ ᠪᠠᠳᠤᠳᠠᠢ ᠦᠷᠨᠢᠭᠦᠯᠵᠤ᠂ ᠦᠨᠡᠨᠴᠢ ᠰᠢᠳᠤᠷᠭᠤ ᠠᠷᠢᠭᠤᠨ ᠴᠢᠭᠡᠴᠢ ᠬᠠᠷᠢᠭᠤᠴᠠᠯᠭ᠎ᠠ ᠡᠭᠦᠷᠭᠡᠯᠡᠭᠦ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠡᠢ᠃ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠺᠠᠳ᠋ᠷ ᠤᠨ ᠬᠦᠰᠡᠯᠡᠩ ᠢᠳᠡᠭᠡᠯ ᠪᠢᠰᠢᠷᠡᠯ ᠤᠨ ︽ᠦᠯᠦ ᠬᠠᠯᠳᠠᠭᠠᠬᠤ ᠴᠢᠳᠠᠪᠤᠷᠢ︾᠎ ᠶᠢ ᠲᠡᠭᠡᠭᠰᠢᠯᠡᠭᠦᠯᠭᠦ ᠬᠡᠷᠡᠭᠳᠡᠢ︔ ᠬᠢᠨᠠᠯᠳᠠ ᠶᠢ ᠠᠳᠬᠤᠨ ᠬᠡᠷ ᠲᠤᠨᠢ ᠬᠦᠷᠴᠤ ᠰᠤᠷᠪᠤᠯᠵᠢᠯᠠᠬᠤ ᠲᠦᠷᠢᠮ ᠢ ᠬᠡᠷᠡᠭᠵᠢᠭᠦᠯᠵᠤ᠂ ᠲᠤᠳᠤᠭᠠᠳᠦ ᠶᠢᠨ ᠬᠢᠨᠠᠯᠳᠠ ᠲᠠᠯᠪᠢᠬᠤ ᠬᠡᠯᠪᠡᠷᠢ ᠶᠢ ᠰᠢᠨᠡᠴᠢᠯᠡᠨ ᠬᠡᠷᠡᠭ ᠤᠨ ᠡᠮᠦᠨᠡᠬᠢ ᠪᠠ ᠬᠡᠷᠡᠭ ᠤᠨ ᠲᠤᠮᠳᠠᠬᠢ ᠬᠢᠨᠠᠯᠳᠠ ᠶᠢ ᠴᠢᠩᠭᠠᠳᠬᠠᠬᠤ ᠬᠡᠷᠡᠭᠳᠡᠢ︔ ᠮᠡᠳᠡᠯᠭᠡ ᠪᠤᠯᠪᠠᠰᠤᠷᠠᠯ ᠢᠶᠠᠨ ᠲᠡᠭᠡᠭᠰᠢᠯᠡᠭᠦᠯᠵᠤ᠂ ᠠᠳᠠᠯᠢ ᠪᠤᠰᠤ ᠲᠡᠰ ᠲᠠᠪᠬᠤᠷᠭ᠎ᠠ ᠳᠤ ᠴᠢᠭᠯᠡᠭᠦᠯᠦᠨ ᠠᠳᠠᠯᠢ ᠪᠤᠰᠤ ᠲᠦᠷᠦᠯ ᠤᠨ ᠤᠨᠤᠪᠴᠢᠳᠠᠢ ᠪᠤᠯᠪᠠᠰᠤᠷᠠᠯ ᠦᠷᠨᠢᠭᠦᠯᠵᠤ᠂ ᠠᠵᠢᠯ ᠤᠨ ᠪᠠᠶᠢᠷᠢ ᠲᠡᠭᠡᠷ᠎ᠡ ᠴᠡᠷᠢᠭ ᠪᠤᠯᠪᠠᠰᠤᠷᠠᠭᠤᠯᠬᠤ ᠠᠵᠢᠯᠯᠠᠭ᠎ᠠ ᠶᠢ ᠦᠷᠨᠢᠭᠦᠯᠭᠦ ᠬᠡᠷᠡᠭᠳᠡᠢ︔ ᠵᠢᠷᠤᠮᠵᠢᠯ ᠢ ᠠᠳᠬᠤᠨ ᠰᠠᠬᠢᠯᠭ᠎ᠠ ᠪᠠᠳᠤ ᠬᠡᠷᠡᠭᠵᠢᠭᠦᠯᠭᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠢᠶᠠᠷ ᠶᠡᠷᠦᠩᠬᠡᠶᠢᠢᠯᠡᠨ ᠵᠠᠬᠢᠷᠣᠭᠤᠯᠵᠣ᠂ ︽1 + N︾ ᠢᠵᠢ ᠪᠦᠷᠢᠳᠦᠭᠦᠯᠦᠭᠰᠡᠨ ᠲᠦᠷᠢᠮ ᠢᠶᠠᠷ ᠰᠠᠭᠤᠷᠢ ᠪᠤᠯᠭᠠᠬᠰᠠᠨ ᠲᠦᠷᠢᠮ ᠤᠨ ᠰᠢᠰᠲ᠋ᠧᠮ ᠢ ᠪᠠᠶᠢᠭᠤᠯᠬᠤ ᠬᠡᠷᠡᠭᠳᠡᠢ︔ ᠡᠩᠨᠡᠭᠡ ᠪᠠᠨ ᠲᠠᠭᠠᠭᠤᠯᠵᠤ ᠂ ᠦᠭᠡᠳᠡᠯᠡᠨ ᠲᠠᠪᠰᠢᠬᠤ ᠣᠶᠣᠨ ᠰᠠᠨᠠᠭᠠᠨ ᠤ ᠲᠦᠷᠰᠦ ᠪᠠᠶᠢᠳᠠᠯ ᠪᠤᠯᠤᠨ ᠴᠢᠷᠮᠠᠶᠢᠨ ᠵᠢᠳᠭᠦᠭᠦ ᠠᠵᠢᠯ ᠤᠨ ᠰᠤᠷᠳᠠᠯ ᠢᠶᠠᠷ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ ᠭᠦᠨᠵᠡᠭᠡᠶᠢᠷᠡᠨ ᠬᠦᠭᠵᠢᠭᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠳᠡᠢ ᠬᠡᠵᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号