ᠲᠡᠷᠭᠡ ᠨᠡᠪᠲᠡᠷᠡᠪᠡ
ᠨᠡᠶᠢᠲᠡᠯᠡᠭᠰᠡᠨ ᠴᠠᠭ᠄
2017/1/20
     1 ᠳ᠋ᠦ᠋ᠭᠡᠷ ᠰᠠᠷ᠎ᠠ ᠶᠢᠨ 19᠎ ᠤ ᠡᠳᠦᠷ᠂ 210 ᠨᠣᠮᠧᠷᠲᠥ ᠤᠯᠤᠰ ᠤᠨ ᠵᠡᠮ ᠤᠨ ᠱᠠᠭᠵᠠᠮᠤᠨᠢ ᠪᠠᠯᠭᠠᠰᠤ ᠠᠴᠠ ᠳ᠋ᠦᠩᠱᠧᠩ ᠬᠥᠷᠬᠦ ᠵᠠᠮ ᠤᠨ ᠬᠡᠰᠡᠭ ᠲᠡᠷᠭᠡ ᠨᠡᠪᠲᠡᠷᠡᠪᠡ᠃ ᠲᠤᠰ ᠡᠳᠦᠷ᠂ 3 ᠵᠢᠯ ᠤᠨ ᠪᠦᠲᠦᠭᠡᠨ ᠪᠠᠶᠢᠭᠤᠯᠤᠯᠲᠠ ᠪᠠᠷ ᠳᠠᠮᠵᠢᠨ 210 ᠨᠣᠮᠧᠷᠲᠥ ᠤᠯᠤᠰ ᠤᠨ ᠵᠡᠮ ᠤᠨ ᠱᠠᠭᠵᠠᠮᠤᠨᠢ ᠪᠠᠯᠭᠠᠰᠤ ᠠᠴᠠ ᠳ᠋ᠦᠩᠱᠧᠩ ᠬᠥᠷᠬᠦ ᠵᠠᠮ ᠤᠨ ᠬᠡᠰᠡᠭ ᠢ ᠦᠷᠭᠡᠳᠬᠡᠨ ᠪᠠᠶᠢᠭᠤᠯᠬᠤ ᠪᠠᠷᠢᠯᠭ᠎ᠠ ᠶᠢᠨ ᠠᠵᠢᠯ ᠢ ᠳᠠᠭᠤᠰᠬᠠᠭᠠᠳ ᠲᠡᠷᠭᠡ ᠨᠡᠪᠲᠡᠷᠡᠭᠦᠯᠦᠨ ᠲᠤᠷᠰᠢᠵᠤ ᠪᠠᠶᠢᠭ᠎ᠠ ᠶᠤᠮ᠃ ᠤᠤᠯ ᠤᠨ ᠬᠤᠶᠠᠷ ᠱᠤᠭᠤᠮ ᠢᠶᠠᠷ ᠨᠡᠪᠲᠡᠷᠡᠬᠦ ᠬᠤᠶᠠᠳᠤᠭᠠᠷ ᠳᠡᠰ ᠤᠨ ᠵᠠᠰᠠᠮᠠᠯ ᠵᠠᠮ ᠢ ᠳᠦᠷᠪᠡᠨ ᠱᠤᠭᠤᠮ ᠢᠶᠠᠷ ᠨᠡᠪᠲᠡᠷᠡᠬᠦ ᠨᠢᠭᠡᠳᠦᠭᠡᠷ ᠳᠡᠰ ᠤᠨ ᠵᠠᠰᠠᠮᠠᠯ ᠵᠠᠮ ᠪᠣᠯᠭᠠᠨ ᠥᠭᠡᠷᠡᠴᠢᠯᠡᠵᠦ᠂ ᠨᠡᠪᠲᠡᠷᠡᠯ ᠤᠨ ᠴᠢᠳᠠᠪᠤᠷᠢ ᠶᠢ ᠨᠢ ᠨᠢᠭᠡ ᠳᠠᠬᠢᠨ ᠨᠡᠮᠡᠭᠳᠡᠭᠦᠯᠪᠡ᠃ ᠣᠶᠢᠯᠠᠭᠠᠭᠰᠠᠨ ᠢᠶᠠᠷ᠂ 210 ᠨᠣᠮᠧᠷᠲᠥ ᠤᠯᠤᠰ ᠤᠨ ᠵᠠᠮ ᠪᠣᠯ ᠬᠥᠬᠡᠬᠤᠲᠠ ᠪᠤᠭᠤᠲᠤ ᠤᠷᠳᠤᠰ ᠤᠨ ᠠᠵᠤ ᠠᠬᠤᠶ ᠶᠢᠨ ᠲᠣᠭᠤᠷᠢᠭ ᠲᠠᠬᠢ ᠴᠢᠬᠤᠯᠠ ᠲᠡᠭᠡᠭᠡᠪᠦᠷᠢ ᠶᠢᠨ ᠵᠠᠮ ᠮᠦᠨ᠂ ᠣᠷᠳᠣᠰ ᠤᠨ ᠨᠡᠭᠦᠷᠡᠰᠦ ᠶᠢ ᠭᠠᠳᠠᠭᠰᠢ ᠲᠡᠭᠡᠭᠡᠪᠦᠷᠢᠯᠡᠬᠦ ᠴᠢᠬᠤᠯᠠ ᠵᠠᠮ ᠤᠨ ᠬᠡᠰᠡᠭ ᠪᠣᠯᠣᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号