ᠥᠪᠥᠷ ᠮᠣᠩᠭᠤᠯ ᠡᠪᠦᠯ ᠤᠷᠤᠭᠰᠠᠨ ᠠᠴᠠ ᠨᠠᠰᠢᠬᠢ ᠬᠠᠮᠤᠭ ᠤᠨ ᠴᠢᠩᠭ᠎ᠠ ᠬᠦᠢᠲᠡᠨ ᠠᠭᠤᠷ ᠠᠮᠢᠰᠬᠤᠯ ᠳᠤ ᠤᠴᠠᠷᠠᠪᠠ
ᠨᠡᠶᠢᠲᠡᠯᠡᠭᠰᠡᠨ ᠴᠠᠭ᠄
2017/1/20
      ᠥᠪᠥᠷ ᠮᠣᠩᠭᠤᠯ ᠤᠨ ᠴᠠᠭ ᠠᠭᠤᠷ ᠤᠨ ᠦᠷᠲᠡᠭᠡ ᠶᠢᠨ ᠵᠢᠱᠢᠯᠲᠡ ᠪᠠᠷ᠂ ᠢᠷᠡᠬᠦ 3 ᠡᠳᠦᠷ ᠲᠤ ᠪᠦᠬᠦ ᠣᠷᠣᠨ ᠤ ᠶᠡᠬᠡᠩᠬᠢ ᠬᠡᠰᠡᠭ ᠲᠤ ᠶᠡᠭᠡ ᠰᠠᠯᠬᠢ ᠰᠠᠯᠬᠢᠯᠠᠨ ᠬᠦᠢᠲᠡᠷᠡᠵᠤ᠂ ᠳᠤᠮᠳᠠ ᠵᠡᠭᠦᠨ ᠬᠡᠰᠡᠭ ᠤᠨ ᠵᠠᠷᠢᠮ ᠭᠠᠵᠠᠷ ᠤᠷᠤᠨ ᠳᠤ ᠪᠠᠭ᠎ᠠ ᠴᠠᠰᠤ ᠲᠠᠢ᠃ ᠲᠤᠬᠠᠢ ᠶᠢᠨ ᠦᠶ᠎ᠡ ᠳᠤ᠂ ᠳᠤᠮᠳᠠ ᠪᠠᠷᠠᠭᠤᠨ ᠬᠡᠰᠡᠭ ᠠᠴᠠ ᠬᠤᠶᠢᠭᠤᠷᠬᠢ ᠭᠠᠵᠠᠷ ᠣᠷᠣᠨ ᠪᠣᠯᠤᠨ ᠵᠡᠭᠦᠨ ᠬᠡᠰᠡᠭ ᠠᠴᠠ ᠡᠮᠦᠨᠡᠬᠦᠷᠬᠢ ᠭᠠᠵᠠᠷ ᠣᠷᠣᠨ ᠳᠤ 5᠂ 6 ᠳᠡᠰ ᠤᠨ ᠰᠠᠯᠬᠢ ᠰᠠᠯᠬᠢᠯᠠᠵᠤ ᠲᠦᠷ ᠴᠠᠭ ᠪᠠᠷᠠᠭᠤᠨ ᠬᠤᠶᠢᠨ᠎ᠠ ᠠᠴᠠ 6᠂ 7 ᠲᠠᠰ ᠤᠨ ᠰᠠᠯᠬᠢᠨ ᠰᠠᠯᠬᠢᠯᠠᠨ᠎ᠠ᠂ ᠪᠤᠭᠤᠲᠤ ᠬᠤᠳᠠ᠂ ᠬᠥᠬᠡᠬᠤᠲᠠ᠂ ᠤᠯᠠᠭᠠᠨᠴᠠᠪ ᠬᠤᠳᠠ᠂ ᠰᠢᠯᠢ ᠶᠢᠨ ᠭᠤᠣᠯ ᠠᠶᠢᠮᠠᠭ᠂ ᠤᠯᠠᠭᠠᠨᠬᠠᠳᠠ ᠬᠤᠳᠠ᠂ ᠲᠦᠩᠯᠢᠶᠣᠤ ᠬᠤᠳᠠ᠂ ᠬᠢᠩᠭᠠᠨ ᠠᠶᠢᠮᠠᠭ᠂ ᠬᠥᠯᠥᠨ ᠪᠤᠶᠢᠷ ᠬᠤᠳᠠ ᠳᠤ ᠪᠠᠷᠠᠭᠤᠨ ᠠᠴᠠ ᠵᠡᠭᠦᠨᠰᠢ ᠪᠠᠭ᠎ᠠ ᠴᠠᠰᠤ ᠲᠠᠢ᠃ ᠰᠠᠯᠬᠢ ᠴᠠᠰᠤᠨ ᠤ ᠳᠠᠷᠠᠭ᠎ᠠ᠂ ᠤᠷᠳᠤᠰ ᠬᠤᠳᠠ ᠶᠢᠨ ᠵᠡᠭᠦᠨ ᠬᠡᠰᠡᠭ᠂ ᠬᠥᠬᠡᠬᠤᠲᠠ ᠶᠢᠨ ᠪᠠᠷᠠᠭᠤᠨ ᠬᠡᠰᠡᠭ᠂ ᠤᠯᠠᠭᠠᠨᠴᠠᠪ ᠬᠤᠳᠠ ᠶᠢᠨ ᠪᠠᠷᠠᠭᠤᠨ ᠬᠡᠰᠡᠭ᠂ ᠰᠢᠯᠢ ᠶᠢᠨ ᠭᠤᠣᠯ ᠠᠶᠢᠮᠠᠭ ᠤᠨ ᠬᠤᠶᠢᠲᠤ ᠬᠡᠰᠡᠭ᠂ ᠤᠯᠠᠭᠠᠨᠬᠠᠳᠠ ᠬᠤᠲᠠ ᠶᠢᠨ ᠵᠡᠭᠦᠨ ᠬᠡᠰᠡᠭ᠂ ᠲᠦᠩᠯᠢᠶᠣᠤ ᠬᠤᠲᠠ ᠳᠤ ᠠᠭᠠᠷ ᠤᠨ ᠳᠤᠯᠠᠭᠠᠨ 6 — 8 ℃ ᠪᠠᠭᠤᠷᠠᠨ᠎ᠠ᠂ ᠪᠤᠭᠤᠲᠤ ᠬᠤᠳᠠ᠂ ᠬᠥᠬᠡᠬᠤᠲᠠ ᠶᠢᠨ ᠵᠡᠭᠦᠨ ᠬᠡᠰᠡᠭ᠂ ᠤᠯᠠᠭᠠᠨᠴᠠᠪ ᠬᠤᠳᠠ ᠶᠢᠨ ᠵᠡᠭᠦᠨ ᠬᠡᠰᠡᠭ᠂ ᠰᠢᠯᠢ ᠶᠢᠨ ᠭᠤᠣᠯ ᠠᠶᠢᠮᠠᠭ ᠤᠨ ᠡᠮᠦᠨᠡᠲᠦ ᠬᠡᠰᠡᠭ᠂ ᠤᠯᠠᠭᠠᠨᠬᠠᠳᠠ ᠬᠤᠲᠠ ᠶᠢᠨ ᠪᠠᠷᠠᠭᠤᠨ ᠬᠡᠰᠡᠭ ᠲᠤ ᠠᠭᠠᠷ ᠤᠨ ᠳᠤᠯᠠᠭᠠᠨ 8 — 12 ℃ ᠪᠠᠭᠤᠷᠠᠨ᠎ᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号