ᠨᠠᠮ ᠤᠨ ᠲᠤᠭ ᠢ ᠦᠨᠳᠤᠷ ᠮᠠᠨᠳᠤᠭᠤᠯᠵᠦ ᠬᠠᠤᠯᠢ ᠶᠤᠰᠤᠭᠠᠷ ᠲᠤᠰᠢᠶᠠᠯ ᠬᠠᠷᠢᠭᠤᠴᠠᠯᠭ᠎ᠠ ᠪᠠᠨ | ᠭᠦᠢᠴᠡᠳᠭᠡᠵᠦ ᠡᠭᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠭᠦᠯᠠᠩᠳᠤ ᠰᠠᠶᠢᠬᠠᠨ | ᠪᠤᠯᠭᠠᠨ ᠪᠦᠳᠦᠭᠡᠨ ᠪᠠᠶᠢᠭᠤᠯᠬᠤ ᠪᠠᠷ ᠴᠢᠷᠮᠠᠶᠢᠶ᠎ᠠ | ︵2017 ᠤᠨ ᠤ 1 ᠳ᠋ᠦ᠋ᠭᠡᠷ ᠰᠠᠷ᠎ᠠ ᠶᠢᠨ 18 ᠤ ᠡᠳᠦᠷ︶ | ᠯᠢ ᠵᠢᠢ ᠡᠾᠧᠩ | | | ᠲᠦᠯᠦᠬᠡᠯᠡᠭᠴᠢᠳ ᠡ᠂ ᠨᠦᠬᠦᠳ ᠡ᠄ | ᠦᠪᠡᠷᠳᠡᠬᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠦᠯᠦᠬᠡᠯᠡᠭᠴᠢᠳ ᠤᠨ | ᠶᠡᠭᠡ ᠬᠤᠷᠠᠯ ᠤᠨ ᠵᠢᠷᠭᠤᠳᠤᠭᠠᠷ ᠬᠤᠷᠠᠯ ᠪᠦᠬᠦ ᠲᠦᠯᠦᠬᠡᠯᠡᠭᠴᠢ ᠪᠠ ᠬᠤᠷᠠᠯ ᠳᠤ ᠤᠷᠤᠯᠴᠠᠬᠰᠠᠨ ᠨᠦᠬᠦᠳ ᠤᠨ | ᠬᠠᠮᠳᠤ ᠶᠢᠨ ᠴᠢᠷᠮᠠᠶᠢᠯᠭ᠎ᠠ ᠪᠠᠷ᠂ ᠡᠯ᠎ᠡ ᠵᠦᠢᠯ ᠤᠨ ᠵᠦᠪᠯᠡᠬᠦ ᠵᠦᠢᠯ ᠢᠶᠠᠨ ᠠᠮᠵᠢᠯᠳᠠ ᠲᠠᠢ ᠪᠡᠶᠡᠯᠡᠬᠦᠯᠪᠡ᠃ | ᠬᠤᠷᠠᠯ ᠤᠨ ᠬᠤᠭᠤᠴᠠᠭᠠᠨ ᠳᠤ ᠲᠦᠯᠦᠭᠡᠯᠡᠭᠴᠢᠳ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ | ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠭᠦᠢᠴᠡᠳᠭᠡᠵᠦ᠂ ᠠᠷᠠᠳ ᠲᠦᠮᠡᠨ ᠤ ᠵᠤᠬᠰᠤᠯᠳᠠ ᠠᠴᠠ ᠢᠯᠡᠳᠭᠡᠯ | ᠮᠡᠳᠡᠭᠦᠯᠦᠯᠳᠡ ᠶᠢ ᠬᠢᠨᠠᠨ ᠵᠦᠪᠯᠡᠵᠦ᠂ ᠪᠦᠭᠦ ᠤᠷᠤᠨ ᠤ ᠶᠡᠭᠡ ᠲᠠᠯ᠎ᠠ ᠳᠤ ᠰᠠᠭᠤᠷᠢᠯᠠᠨ ᠠᠷᠭ᠎ᠠ ᠪᠤᠳᠤᠯᠭ᠎ᠠ ᠪᠠᠨ | ᠳᠡᠪᠰᠢᠭᠦᠯᠵᠦ᠂ ᠬᠦᠭᠵᠢᠯᠳᠠ ᠶᠢᠨ ᠬᠠᠨᠳᠣᠰᠢ ᠶᠢ ᠠᠶᠠᠳᠠᠨ ᠳᠠᠭᠠᠵᠣ ᠠᠵᠢᠯ ᠢᠶᠠᠨ ᠲᠦᠯᠦᠪᠵᠢᠭᠦᠯᠵᠦ᠂ ᠶᠡᠭᠡ | ᠬᠤᠷᠠᠯ ᠠᠴᠠ ᠪᠠᠳᠤᠯᠠᠬᠰᠠᠨ ᠡᠯ᠎ᠠ ᠵᠦᠢᠯ ᠤᠨ ᠢᠯᠡᠳᠭᠡᠯ ᠮᠡᠳᠡᠭᠦᠯᠦᠯᠳᠡ ᠰᠢᠢᠳᠪᠤᠷᠢ ᠳᠤ ᠨᠠᠮ ᠤᠨ ᠲᠦᠪ | ᠬᠤᠷᠢᠶ᠎ᠠ ᠶᠢᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ | ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠭᠦᠢᠴᠡᠳ | ᠢᠯᠡᠷᠡᠭᠦᠯᠵᠦ᠂ ᠦᠪᠤᠷ ᠮᠤᠩᠭᠤᠯ ᠤᠨ ᠪᠤᠳᠠᠳᠠᠢ ᠲᠠᠢ ᠨᠡᠶᠢᠴᠡᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠤ | ᠬᠦᠰᠡᠯ ᠰᠠᠨᠠᠭ᠎ᠠ ᠶᠢ ᠲᠤᠰᠬᠠᠵᠠᠢ᠃ ᠬᠤᠷᠠᠯ ᠮᠠᠰᠢ ᠠᠮᠵᠢᠯᠳᠠ ᠲᠠᠢ ᠬᠤᠷᠠᠯᠳᠤᠵᠤ᠂ ᠦᠵᠡᠯ ᠰᠠᠨᠠᠭ᠎ᠠ ᠪᠠᠨ ᠨᠢᠭᠡᠳᠭᠡᠬᠦ᠂ | ᠬᠦᠴᠦᠨ ᠴᠢᠳᠠᠯ ᠢᠶᠠᠨ ᠨᠢᠭᠳᠠᠷᠠᠭᠤᠯᠬᠤ᠂ ᠢᠳᠡᠭᠡᠯ ᠵᠣᠷᠢᠭ ᠢᠶᠠᠨ ᠪᠠᠳᠤᠳᠬᠠᠬᠤ᠂ ᠬᠠᠷᠠᠯᠳᠠ ᠡᠭᠦᠷᠭᠡ ᠪᠠᠨ | ᠲᠤᠳᠤᠷᠬᠠᠶᠢᠯᠠᠬᠤ ᠬᠠᠷᠠᠯᠳᠠ ᠳᠠᠭᠠᠨ ᠬᠦᠷᠴᠦ᠂ ᠨᠢᠭᠡ ᠤᠳᠠᠭ᠎ᠠ ᠶᠢᠨ ᠪᠦᠯᠭᠦᠮᠳᠠᠯ ᠲᠠᠢ᠂ ᠠᠷᠠᠳᠴᠢᠯᠠᠯ ᠲᠠᠢ᠂ | ᠵᠤᠷᠢᠭ ᠢᠶᠠᠨ ᠡᠷᠴᠢᠯᠡᠭᠰᠡᠨ᠂ ᠡᠷᠡᠯᠬᠡᠭᠯᠡᠨ ᠤᠷᠤᠬᠰᠢᠯᠠᠭᠰᠠᠨ ᠶᠡᠭᠡ ᠬᠤᠷᠠᠯ ᠪᠤᠯᠵᠠᠢ᠃ | ᠬᠤᠷᠠᠯ ᠠᠴᠠ ᠨᠠᠮᠠᠶᠢ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠪᠠᠷ᠂ ᠨᠠᠰᠤᠨᠮᠦ᠋ᠩᠬᠡ ᠪᠠ ᠸᠠᠩ ᠢᠤᠢ ᠮᠢᠩ ᠨᠦᠬᠦᠷ ᠢ ᠦᠪᠡᠷᠳᠡᠬᠡᠨ | ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠡᠳ᠋ | ᠡᠷᠬᠢᠯᠡᠭᠴᠢ ᠪᠠᠷ᠂ ᠢᠤᠢ ᠴᠢᠩ ᠯᠢ ᠵᠡᠷᠬᠡ 10 ᠨᠦᠬᠦᠷ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠬᠡᠰᠢᠬᠦᠨ ᠢᠶᠠᠷ ᠰᠤᠩᠭᠤᠵᠠᠢ᠂ ᠡᠨᠡ ᠪᠤᠯ | ᠲᠦᠯᠦᠬᠡᠯᠡᠭᠴᠢᠳ ᠪᠠ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠠᠴᠠ ᠮᠠᠨ ᠳᠤ ᠲᠠᠯᠪᠢᠬᠰᠠᠨ | ᠢᠳᠡᠬᠡᠯ ᠪᠠ ᠬᠦᠨᠳᠦ ᠨᠠᠶᠢᠳᠠᠯᠭ᠎ᠠ ᠪᠣᠯᠣᠨ᠎ᠠ᠃ ᠠᠳᠡ᠂ ᠪᠢ ᠰᠤᠩᠭᠤᠬᠳᠠᠬᠰᠠᠨ ᠨᠦᠬᠦᠳ ᠢ ᠲᠦᠯᠦᠬᠡᠯᠡᠨ | ᠲᠦᠯᠦᠬᠡᠯᠡᠭᠴᠢᠳ ᠪᠠ ᠲᠠ ᠨᠠᠷ ᠢᠶᠠᠷ ᠲᠠᠮᠵᠢᠭᠤᠯᠤᠨ ᠪᠦᠬᠦ ᠤᠷᠤᠨ ᠤ ᠦᠨᠳᠦᠰᠦᠳᠡᠨ ᠨᠦᠭᠦᠳ ᠤᠨ ᠠᠷᠠᠳ | ᠲᠦᠮᠡᠨ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ | ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ | ᠪᠤᠯ ᠦᠪᠦᠷ ᠮᠤᠩᠭᠤᠯ ᠤᠨ ᠤᠷᠤᠨ ᠨᠤᠳᠤᠬ ᠤᠨ ᠲᠦᠷᠦ ᠶᠢᠨ ᠡᠷᠬᠡᠳᠦ ᠪᠠᠶᠢᠭᠤᠯᠤᠯᠭ᠎ᠠ ᠪᠣᠯᠣᠨ᠎ᠠ᠂ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠪᠤᠯ ᠲᠡᠬᠦᠨ ᠤ ᠪᠠᠶᠢᠩᠭᠤ ᠲᠤᠬᠢᠷᠠᠭᠤᠯᠤᠬᠰᠠᠨ | ᠪᠠᠶᠢᠭᠤᠯᠤᠮᠵᠢ ᠪᠠᠶᠢᠵᠤ᠂ ᠦᠨᠳᠦᠰᠦᠨ ᠬᠠᠤᠯᠢ ᠪᠠ ᠬᠠᠤᠯᠢ ᠴᠠᠭᠠᠵᠠ ᠠᠴᠠ ᠤᠯᠭᠤᠬᠰᠠᠨ ᠴᠢᠬᠤᠯᠠ ᠲᠤᠰᠢᠶᠠᠯ | ᠡᠷᠬᠡ ᠶᠢ ᠡᠬᠦᠷᠬᠡᠯᠡᠵᠦ ᠪᠠᠶᠢᠳᠠᠬ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠲᠦᠯᠦᠬᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠶᠢᠨ ᠲᠤᠰᠢᠶᠠᠯ ᠢ ᠡᠬᠦᠷᠬᠡᠯᠡᠵᠦ᠂ ᠦᠪᠦᠷ ᠮᠤᠩᠭᠤᠯ ᠤᠨ | ᠦᠬᠡᠷᠡᠴᠢᠯᠡᠯᠳᠡ ᠬᠦᠭᠵᠢᠯᠳᠡ ᠲᠤᠬᠳᠠᠭᠤᠨ ᠢ ᠠᠬᠢᠭᠤᠯᠬᠤ᠂ ᠦᠨᠳᠦᠰᠦᠳᠡᠨ ᠨᠦᠭᠦᠳ ᠤᠨ ᠠᠷᠠᠳ ᠤᠯᠠᠨ ᠤ ᠪᠤᠶᠠᠨ | ᠵᠢᠷᠭᠠᠯ ᠢ ᠨᠡᠮᠡᠭᠳᠡᠭᠦᠯᠬᠦ ᠳᠤ ᠨᠡᠩ ᠰᠠᠶᠢᠳᠤᠷ ᠦᠢᠯᠡᠴᠢᠯᠡᠬᠦ ᠪᠤᠯᠤᠬᠰᠠᠨ ᠳᠠᠭᠠᠨ᠂ ᠪᠢ ᠲᠡᠦᠬᠡᠳᠦ ᠡᠬᠦᠷᠬᠡ ᠶᠢᠨ ᠢᠶᠠᠨ | ᠡᠷᠬᠢᠮ ᠲᠡᠭᠡᠳᠦ᠂ ᠬᠠᠷᠢᠭᠤᠴᠠᠯᠭ᠎ᠠ ᠶᠢᠨ ᠢᠶᠠᠨ ᠬᠦᠨᠳᠦ ᠴᠢᠬᠤᠯᠠ ᠭᠡᠳᠡᠭ ᠢ ᠬᠦᠨᠵᠡᠬᠡᠢ ᠮᠡᠳᠡᠵᠦ ᠪᠠᠶᠢᠨ᠎ᠠ᠃ ᠪᠢ | ᠲᠡᠳ᠋ ᠡᠷᠬᠢᠯᠡᠭᠴᠢᠳ᠂ ᠨᠠᠷᠢᠨ ᠪᠢᠴᠢᠭ ᠤᠨ ᠲᠠᠷᠤᠭ᠎ᠠ ᠪᠠ ᠪᠠᠶᠢᠩᠭᠤ ᠶᠢᠨ ᠬᠤᠷᠢᠶ᠎ᠠ ᠶᠢᠨ ᠬᠡᠰᠢᠬᠦᠳ ᠲᠠᠢ ᠬᠠᠮᠳᠤᠪᠡᠷ | ᠨᠠᠮ ᠤᠨ ᠲᠤᠬ ᠢ ᠢᠮᠠᠭᠳᠠ ᠦᠨᠳᠦᠷ ᠮᠠᠨᠳᠤᠭᠤᠯᠵᠤ᠂ ᠲᠦᠪ ᠴᠢᠩᠭ᠎ᠠ ᠬᠠᠤᠯᠢ ᠶᠤᠰᠤᠭᠠᠷ ᠲᠤᠰᠢᠶᠠᠯ | ᠬᠠᠷᠢᠭᠤᠴᠠᠯᠭ᠎ᠠ ᠪᠠᠨ ᠬᠦᠢᠴᠡᠳᠬᠡᠨ᠂ ᠬᠤᠭᠤᠴᠠᠭ᠎ᠠ ᠪᠦᠷᠢ ᠶᠢᠨ ᠦᠪᠡᠷᠳᠡᠬᠡᠨ ᠵᠠᠰᠠᠬᠤ ᠤᠷᠤᠨ ᠤ ᠠᠷᠠᠳ ᠤᠨ | ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠰᠢᠯᠢᠳᠡᠭ ᠤᠯᠠᠮᠵᠢᠯᠠᠯ ᠢ ᠤᠯᠠᠮᠵᠢᠯᠠᠨ | ᠪᠠᠳᠠᠷᠠᠭᠤᠯᠵᠤ᠂ ᠪᠦᠬᠦ ᠲᠦᠯᠦᠬᠡᠯᠡᠭᠴᠢᠳ ᠲᠤ ᠨᠢᠬᠳᠠ ᠲᠦᠰᠢᠭᠯᠡᠨ᠂ ᠦᠨᠳᠦᠰᠦᠨ ᠬᠠᠤᠯᠢ ᠬᠠᠤᠯᠢ ᠴᠠᠭᠠᠵᠠ ᠶᠢ | ᠵᠢᠱᠢᠶᠡᠴᠢ ᠪᠠᠷ ᠰᠠᠬᠢᠵᠤ᠂ ᠠᠷᠠᠳ ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠡᠵᠦ᠂ ᠦᠨᠡᠨᠴᠢ ᠰᠢᠳᠣᠷᠭᠤ | ᠠᠷᠢᠭᠤᠨ ᠴᠢᠭᠡᠴᠢ ᠬᠠᠷᠢᠭᠤᠴᠠᠯᠭ᠎ᠠ ᠡᠬᠦᠷᠬᠡᠯᠡᠨ᠂ ᠠᠷᠠᠳ ᠤᠨ ᠲᠦᠯᠦᠬᠡ ᠪᠤᠳᠠᠳᠠᠢ ᠶᠢ ᠡᠷᠬᠢᠮᠯᠡᠨ ᠠᠷᠢᠭᠤᠨ ᠴᠢᠬᠡᠴᠢ | ᠪᠠᠶᠢᠵᠤ᠂ ᠯᠠᠪᠳᠠᠭᠤᠨ ᠪᠠᠳᠣᠳᠠᠢ ᠠᠵᠢᠯᠯᠠᠵᠤ᠂ ᠪᠡᠶ᠎ᠡ ᠪᠦᠭᠦ᠋ᠢᠨ ᠲᠠᠷᠤᠭ᠎ᠠ ᠰᠠᠭᠤᠵᠦ᠂ ᠨᠢᠷᠤᠭᠤ ᠭᠡᠳᠡᠭᠡᠷ ᠬᠦᠮᠦᠨ | ᠪᠤᠯᠵᠦ᠂ ᠬᠡᠯᠡᠪᠡᠯ ᠬᠢᠵᠦ᠂ ᠬᠢᠪᠡᠯ ᠦᠷ᠎ᠠ ᠳ᠋ᠦᠡᠭ ᠭᠠᠷᠭᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠦᠢᠯᠡᠰ ᠢ ᠲᠠᠰᠤᠷᠠᠯᠳᠠ ᠦᠭᠡᠢ ᠲᠦᠯᠬᠢᠨ ᠣᠷᠣᠭᠰᠢᠯᠠᠭᠤᠯᠵᠣ᠂ ᠲᠦᠯᠦᠭᠡᠯᠡᠭᠴᠢᠳ ᠪᠠ ᠦᠨᠳᠦᠰᠦᠳᠡᠨ ᠨᠦᠭᠦᠳ ᠤᠨ | ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠶᠠᠭᠠᠬᠢᠬᠰᠠᠨ ᠴᠤ ᠬᠦᠰᠡᠷᠳᠡᠭᠦᠯᠭᠦ ᠦᠭᠡᠢ᠃ ᠨᠠᠮ ᠤᠨ | ᠤᠳᠤᠷᠢᠳᠤᠯᠭ᠎ᠠ ᠶᠢ ᠢᠮᠠᠬᠳᠠ ᠪᠠᠷᠢᠮᠳᠠᠯᠠᠵᠦ᠂ ︽ᠲᠦᠷᠪᠡᠨ ᠤᠬᠠᠮᠰᠠᠷ︾ ᠤᠨᠴᠠᠭᠠᠶᠢᠯᠠᠨ ᠭᠤᠤᠯᠯᠠᠭᠴᠢ ᠶᠢᠨ | ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢ ᠪᠠᠳᠤ ᠪᠣᠢ ᠪᠤᠯᠭᠠᠵᠦ᠂ ᠦᠵᠡᠯ ᠰᠠᠨᠠᠭ᠎ᠠ ᠤᠯᠤᠰ ᠲᠦᠷᠦ ᠦᠢᠯᠡ | ᠠᠵᠢᠯᠯᠠᠭ᠎ᠠ ᠳᠡᠭᠡᠷ᠎ᠡ ᠪᠠᠨ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠲᠠᠢ | ᠡᠷᠡᠰ ᠢᠶᠠᠷ ᠲᠡᠭᠡᠳᠤ ᠬᠡᠮᠵᠢᠶ᠎ᠠ ᠪᠠᠷ ᠨᠢᠭᠡᠳᠤᠯᠲᠠᠢ ᠪᠠᠶᠢᠵᠦ᠂ ᠶᠡᠷᠦᠩᠭᠡᠢ ᠱᠦᠵᠢ ᠰᠢ ᠶᠢᠨ ᠫᠢᠡᠭ ᠤᠨ ᠤᠳᠤᠷᠢᠳᠬᠤ | ᠭᠤᠤᠯᠯᠠᠭᠴᠢ ᠪᠠᠶᠢᠷᠢ ᠰᠠᠭᠠᠤᠷᠢ ᠶᠢ ᠡᠷᠡᠰ ᠬᠠᠮᠠᠭᠠᠯᠠᠵᠦ᠂ ᠨᠠᠮ ᠤᠨ ᠲᠦᠪ ᠬᠤᠷᠢᠶ᠎ᠠ ᠶᠢᠨ ᠬᠠᠷᠢᠴᠠᠯᠠᠰᠢᠭᠦᠢ ᠡᠷᠭᠡ | ᠰᠦᠷ ᠢ ᠡᠷᠡᠰ ᠬᠠᠮᠠᠭᠠᠯᠠᠵᠦ᠂ ᠨᠠᠮ ᠤᠨ ᠤᠳᠤᠷᠢᠳᠤᠯᠭ᠎ᠠ ᠶᠢ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠠᠵᠢᠯ ᠤᠨ ᠡᠯ᠎ᠠ ᠲᠠᠯ᠎ᠠ᠂ ᠪᠦᠭᠦ ᠶᠠᠪᠤᠴᠠ ᠳᠤ ᠡᠷᠡᠰ ᠳᠣᠣᠱᠯᠠᠭᠤᠯᠵᠣ᠂ ᠦᠪᠡᠷᠳᠡᠭᠡᠨ ᠵᠠᠰᠬᠠᠤ ᠤᠷᠤᠨ ᠤ ᠨᠠᠮ ᠤᠨ | ᠬᠤᠷᠢᠶ᠎ᠠ ᠪᠠ ᠪᠦᠭᠦ ᠤᠷᠤᠨ ᠤ ᠠᠵᠢᠯ ᠤᠨ ᠶᠡᠭᠡ ᠲᠠᠯ᠎ᠠ ᠶᠢᠨ ᠲᠤᠭᠤᠷᠢᠨ ᠳᠤ ᠠᠷᠠᠳ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠠᠵᠢᠯ ᠢ ᠲᠦᠯᠦᠪᠵᠢᠭᠦᠯᠦᠨ ᠠᠬᠢᠭᠤᠯᠵᠦ᠂ ᠢᠮᠠᠬᠳᠠ ᠵᠦᠪ ᠣᠨᠣᠪᠴᠢᠳᠠᠢ ᠴᠢᠭᠯᠡᠯ ᠢᠶᠠᠷ | ᠤᠷᠤᠬᠰᠢᠯᠠᠬᠤ ᠶᠢ ᠪᠠᠳᠤᠯᠠᠨ᠎ᠠ᠃ ᠠᠷᠠᠳ ᠲᠦᠮᠡᠨ ᠢᠶᠠᠷ ᠭᠤᠤᠯ ᠪᠤᠯᠭᠠᠬᠤ ᠬᠦᠭᠵᠢᠯᠳᠠ ᠶᠢᠨ ᠦᠵᠡᠯ ᠰᠠᠨᠠᠭ᠎ᠠ ᠶᠢ | ᠢᠮᠠᠬᠳᠠ ᠪᠠᠷᠢᠮᠳᠠᠯᠠᠵᠦ᠂ ᠠᠷᠠᠳ ᠲᠦᠮᠡᠨ ᠤ ᠡᠵᠡᠨ ᠰᠠᠭᠤᠵᠤ ᠡᠷᠭᠡ ᠮᠡᠳᠡᠬᠦ ᠶᠢ ᠲᠡᠮᠵᠢᠨ ᠪᠠᠳᠤᠯᠠᠵᠦ᠂ | ᠠᠷᠠᠳᠴᠢᠯᠠᠯ ᠤᠨ ᠲᠦᠷᠢᠮ ᠢ ᠪᠦᠷᠢᠨᠰᠢᠬᠦᠯᠦᠨ᠂ ᠠᠷᠠᠳᠴᠢᠯᠠᠯ ᠤᠨ ᠬᠡᠯᠪᠡᠷᠢ ᠶᠢ ᠪᠠᠶᠠᠯᠢᠭᠵᠢᠭᠤᠯᠵᠣ᠂ | ᠠᠷᠠᠳᠴᠢᠯᠠᠯ ᠤᠨ ᠡᠷᠬᠡ ᠶᠢ ᠪᠠᠳᠤᠯᠠᠵᠤ᠂ ᠠᠷᠠᠳ ᠲᠦᠮᠡᠨ ᠯᠦᠭᠡ ᠶᠢᠨ ᠬᠠᠷᠢᠯᠴᠠᠭ᠎ᠠ ᠪᠠᠨ ᠨᠢᠬᠳᠠᠷᠠᠭᠤᠯᠵᠣ᠂ ᠠᠷᠠᠳ | ᠤᠯᠠᠨ ᠤ ᠬᠦᠰᠡᠯ ᠱᠠᠭᠠᠷᠳᠠᠯᠭ᠎ᠠ ᠶᠢ ᠰᠤᠨᠤᠰᠴᠤ᠂ ᠠᠷᠠᠳ ᠤᠯᠠᠨ ᠤ ᠠᠩᠬᠠᠷᠴᠤ ᠪᠠᠶᠢᠭ᠎ᠠ ᠠᠰᠠᠭᠤᠳᠠᠯ ᠳᠤ ᠬᠠᠷᠢᠭᠤ | ᠦᠭᠴᠦ᠂ ᠦᠷᠭᠡᠨ ᠤᠯᠠᠨ ᠲᠦᠮᠡᠨ ᠤ ᠦᠨᠳᠦᠰᠦᠨ ᠠᠰᠢᠭ ᠲᠤᠰᠠ ᠶᠢ ᠰᠠᠶᠢᠳᠣᠷ ᠪᠡᠶᠡᠯᠡᠭᠦᠯᠵᠦ᠂ ᠰᠠᠶᠢᠳᠤᠷ | ᠬᠠᠮᠠᠭᠠᠯᠠᠵᠦ᠂ ᠰᠠᠶᠢᠳᠤᠷ ᠬᠦᠭᠵᠢᠭᠦᠯᠬᠦ ᠪᠠᠷ ᠴᠢᠷᠮᠠᠶᠢᠵᠣ᠂ ᠦᠨᠳᠦᠰᠦᠳᠡᠨ ᠨᠦᠭᠦᠳ ᠤᠨ ᠤᠯᠠᠨ ᠲᠦᠮᠡᠨ ᠳᠤ | ᠦᠭᠡᠷᠡᠴᠢᠯᠠᠯᠳᠠ ᠬᠦᠭᠵᠢᠯᠳᠠ ᠶᠢᠨ ᠦᠷ᠎ᠠ ᠪᠦᠲᠦᠭᠡᠯ ᠢ ᠡᠳ᠋ᠯᠡᠭᠦᠯᠵᠦ᠂ ᠢᠵᠢᠯ ᠠᠯᠬᠤᠮ ᠢᠶᠠᠷ ᠪᠦᠭᠦ ᠲᠠᠯ᠎ᠠ ᠶᠢᠨ | ᠴᠢᠨᠡᠭᠡᠯᠢᠭ ᠨᠡᠶᠢᠭᠡᠮ ᠳᠤ ᠳᠠᠪᠰᠢᠨ ᠤᠷᠤᠬᠤ ᠶᠢ ᠠᠬᠢᠭᠤᠯᠤᠨ᠎ᠠ᠃ ᠪᠦᠭᠦ ᠲᠠᠯ᠎ᠠ ᠪᠠᠷ ᠬᠠᠤᠯᠢ ᠪᠠᠷ ᠤᠷᠤᠨ ᠢᠶᠠᠨ | ᠵᠠᠰᠠᠬᠤ ᠶᠢ ᠢᠮᠠᠬᠳᠠ ᠪᠠᠷᠢᠮᠳᠠᠯᠠᠵᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠬᠠᠤᠯᠢᠵᠢᠯ ᠤᠨ | ᠵᠠᠮ ᠢᠶᠠᠷ ᠡᠷᠡᠰ ᠭᠤᠶᠢᠪᠢᠰᠢ ᠦᠭᠡᠢ ᠵᠠᠮᠨᠠᠵᠦ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠭᠤᠯᠣᠯ ᠢᠶᠠᠷ ᠲᠠᠮᠵᠢᠭᠤᠯᠣᠨ ᠨᠡᠶᠢᠭᠡᠮ ᠵᠢᠷᠤᠮ ᠤᠨ ᠬᠠᠤᠯᠢᠵᠢᠯ ᠤᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠨᠡᠶᠢᠭᠡᠮ | ᠵᠢᠷᠤᠮ ᠤᠨ ᠬᠠᠤᠯᠢᠵᠢᠯ ᠤᠨ ᠦᠢᠯᠡᠳᠦᠯᠭᠡ ᠶᠢ ᠠᠬᠢᠭᠤᠯᠵᠣ᠂ ᠬᠠᠤᠯᠢᠵᠢᠯ ᠤᠨ ᠦᠪᠤᠷ ᠮᠤᠩᠭᠤᠯ ᠤᠨ | ᠪᠠᠶᠢᠭᠤᠯᠤᠯᠳᠠ ᠶᠢ ᠲᠦᠷᠭᠡᠳᠭᠡᠵᠦ᠂ ᠬᠠᠤᠯᠢᠵᠢᠯ ᠢ ᠨᠡᠩ ᠰᠠᠶᠢᠳᠤᠷ ᠠᠰᠢᠬᠯᠡᠨ ᠦᠬᠡᠷᠡᠴᠢᠯᠡᠯᠳᠡ ᠶᠢᠨ ᠬᠠᠮᠳᠤ ᠶᠢᠨ | ᠲᠠᠨᠢᠯᠳᠠ ᠶᠢ ᠨᠢᠬᠳᠠᠷᠠᠭᠤᠯᠵᠤ᠂ ᠬᠦᠭᠵᠢᠯᠳᠡ ᠶᠢᠨ ᠠᠵᠢᠯᠯᠠᠭ᠎ᠠ ᠶᠢ ᠵᠢᠷᠣᠮᠵᠢᠭᠤᠯᠵᠣ᠂ ᠵᠦᠷᠢᠴᠡᠯ ᠢ ᠨᠠᠮᠳᠠᠭᠤᠯᠬᠤ ᠶᠢ | ᠠᠬᠢᠭᠤᠯᠤᠨ᠂ ᠡᠷᠬᠡ ᠲᠡᠭᠰᠢ ᠲᠦᠪ ᠭᠤᠤᠯᠴᠢ ᠶᠢ ᠬᠠᠮᠠᠭᠠᠯᠠᠵᠤ᠂ ᠨᠡᠶᠢᠬᠡᠮ ᠤᠨ ᠡᠶ᠎ᠡ ᠵᠤᠬᠢᠴᠠᠩᠭᠤᠢ ᠶᠢ ᠪᠠᠳᠤᠯᠠᠵᠤ᠂ | ᠦᠪᠤᠷ ᠮᠤᠩᠭᠤᠯ ᠤᠨ ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠬᠤ ᠪᠦᠲᠦᠭᠡᠨ ᠪᠠᠶᠢᠭᠤᠯᠤᠯᠳᠠ ᠳᠤ ᠨᠡᠩ | ᠬᠦᠴᠦᠨ ᠪᠦᠬᠦᠢ ᠬᠠᠤᠯᠢᠵᠢᠯ ᠤᠨ ᠪᠠᠳᠤᠯᠠᠭ᠎ᠠ ᠬᠠᠨᠭ᠍ᠭᠠᠨ᠎ᠠ᠃ ᠬᠠᠤᠯᠢ ᠳᠣᠭᠳᠠᠭᠠᠯ ᠶᠤᠰᠤᠭᠠᠷ ᠲᠤᠰᠢᠶᠠᠯ | ᠬᠠᠷᠢᠭᠤᠴᠠᠯᠭ᠎ᠠ ᠪᠠᠨ ᠭᠦᠢᠴᠡᠳᠭᠡᠨ ᠤᠴᠢᠷ ᠶᠠᠪᠣᠳᠠᠯ ᠰᠢᠢᠳᠪᠤᠷᠢᠯᠡᠭᠦ ᠶᠢ ᠢᠮᠠᠬᠳᠠ ᠪᠠᠷᠢᠮᠳᠠᠯᠠᠵᠦ᠂ ᠰᠠᠬᠢᠯᠭ᠎ᠠ ᠪᠠᠳᠤ | ᠪᠠ ᠲᠦᠷᠢᠮ ᠲᠤᠬᠳᠠᠭᠠᠯ ᠢ ᠴᠠᠬ ᠢᠮᠠᠬᠳᠠ ᠲᠦᠷᠦᠭᠦᠨ ᠳᠤ ᠲᠠᠯᠪᠢᠵᠦ᠂ ᠬᠠᠤᠯᠢ ᠴᠠᠭᠠᠵᠠ ᠡᠷᠬᠢᠮ ᠳᠡᠭᠡᠳᠦ᠂ | ᠬᠦᠮᠦᠨ ᠪᠦᠬᠦᠨ ᠡᠷᠬᠡ ᠲᠡᠭᠰᠢ᠂ ᠡᠷᠬᠡ ᠶᠢ ᠬᠠᠤᠯᠢ ᠪᠠᠷ ᠲᠤᠬᠳᠠᠭᠠᠬᠤ ᠵᠡᠷᠬᠡ ᠦᠨᠳᠦᠰᠦᠨ ᠲᠠᠨᠢᠯᠳᠠ ᠶᠢ ᠪᠠᠳᠤ ᠪᠣᠢ | ᠪᠣᠯᠭᠠᠵᠣ᠂ ᠤᠴᠢᠷ ᠰᠢᠢᠳᠪᠤᠷᠢᠯᠡᠭᠦ ᠳᠤ ᠬᠠᠤᠯᠢ ᠳᠤ ᠲᠦᠰᠢᠭᠯᠡᠬᠦ᠂ ᠶᠠᠪᠣᠳᠠᠯ ᠲᠤᠬᠢᠶᠠᠯᠳᠤᠪᠠᠯ ᠬᠠᠤᠯᠢ ᠶᠢ ᠡᠷᠢᠬᠦ᠂ | ᠠᠰᠠᠭᠤᠳᠠᠯ ᠰᠢᠢᠳᠪᠤᠷᠢᠯᠡᠭᠦ ᠳᠤ ᠬᠠᠤᠯᠢ ᠶᠢ ᠬᠡᠷᠡᠭᠯᠡᠬᠦ᠂ ᠵᠦᠷᠢᠴᠡᠯ ᠢ ᠨᠠᠮᠳᠠᠭᠤᠯᠬᠤ ᠳᠤ ᠬᠠᠤᠯᠢ ᠳᠤ ᠲᠦᠰᠢᠭᠯᠡᠭᠦ | ᠬᠠᠤᠯᠢᠵᠢᠯ ᠤᠨ ᠤᠷᠴᠢᠨ ᠲᠤᠭᠤᠷᠢᠨ ᠢ ᠲᠦᠷᠦᠭᠦᠯᠡᠨ ᠪᠤᠢ ᠪᠤᠯᠭᠠᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠡᠭᠦᠷᠭᠡ ᠴᠢᠳᠠᠪᠭᠢ ᠶᠢᠨ ᠦᠢᠯᠡᠳᠤᠯ ᠢ ᠭᠦᠢᠴᠡᠳ | ᠪᠠᠳᠠᠷᠠᠭᠤᠯᠵᠦ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠴᠢᠬᠤᠯᠠ ᠪᠠᠶᠢᠯᠳᠤᠬᠤ ᠪᠤᠳᠤᠯᠭ᠎ᠠ | ᠪᠠᠶᠢᠷᠢᠯᠠᠭᠤᠯᠤᠯᠳᠠ᠂ ᠴᠢᠬᠤᠯᠠ ᠬᠠᠤᠯᠢ ᠴᠠᠭᠠᠵᠠ ᠶᠢ ᠬᠡᠷᠡᠭᠵᠢᠬᠦᠯᠬᠦ ᠶᠢᠨ ᠲᠤᠭᠤᠷᠢᠨ ᠳᠤ᠂ ᠬᠢᠨᠠᠯᠳᠠ ᠲᠠᠯᠪᠢᠬᠤ | ᠲᠤᠰᠢᠶᠠᠯ ᠬᠠᠷᠢᠭᠤᠴᠠᠯᠭ᠎ᠠ ᠪᠠᠨ ᠪᠦᠬᠦ ᠲᠠᠯ᠎ᠠ ᠪᠠᠷ ᠬᠦᠢᠴᠡᠳᠬᠡᠨ᠂ ᠴᠢᠬᠤᠯᠠ ᠵᠦᠢᠯᠡᠰ ᠢ ᠶᠠᠷᠢᠯᠴᠠᠨ ᠲᠤᠬᠳᠠᠭᠠᠬᠤ | ᠡᠷᠭᠡ ᠪᠠ ᠠᠵᠢᠯᠳᠠᠨ ᠤ ᠶᠠᠪᠤᠳᠠᠯ ᠤᠨ ᠲᠤᠰᠢᠶᠠᠯ ᠳᠤ ᠲᠤᠮᠢᠯᠠᠵᠦ ᠲᠤᠰᠢᠶᠠᠯ ᠠᠴᠠ ᠨᠢ ᠪᠠᠭᠤᠯᠭᠠᠬᠤ ᠡᠷᠭᠡ ᠪᠠᠨ | ᠬᠠᠤᠯᠢ ᠶᠤᠰᠤᠭᠠᠷ ᠬᠡᠷᠡᠭᠵᠢᠬᠦᠯᠦᠨ᠎ᠡ᠃ ᠦᠪᠡᠷᠳᠡᠭᠡᠨ ᠵᠠᠰᠠᠬᠤ ᠤᠷᠤᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠵᠢᠴᠢ ᠲᠡᠭᠦᠨ ᠤ ᠪᠠᠶᠢᠡᠭᠭᠤ ᠶᠢᠨ ᠬᠤᠷᠢᠶ᠎ᠠ ᠶᠢᠨ ᠲᠤᠬᠳᠠᠭᠠᠬᠰᠠᠨ ᠬᠠᠤᠯᠢ ᠳᠣᠭᠳᠠᠭᠠᠯ᠂ ᠬᠢᠨᠠᠨ ᠵᠦᠪᠯᠡᠭᠰᠡᠨ | ᠠᠵᠢᠯ᠂ ᠭᠠᠷᠭᠠᠬᠰᠠᠨ ᠳᠣᠭᠳᠠᠭᠠᠯ ᠤᠨ ᠬᠠᠤᠯᠢ ᠶᠤᠰᠤᠴᠢ ᠴᠢᠨᠠᠷ᠂ ᠵᠦᠢ ᠵᠣᠬᠢᠰᠳᠠᠢ ᠴᠢᠨᠠᠷ ᠪᠠ ᠡᠷᠭᠡ ᠰᠦᠷᠳᠤ | ᠴᠢᠨᠠᠷ ᠢ ᠲᠦᠷᠢᠮ ᠤᠨ ᠲᠠᠯ᠎ᠠ ᠠᠴᠠ ᠬᠦᠴᠦᠯᠡᠨ ᠪᠠᠳᠤᠯᠠᠨ᠎ᠠ᠃ | ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠡᠭᠭᠤ ᠶᠢᠨ ᠬᠤᠷᠢᠶ᠎ᠠ ᠶᠢᠨ ᠳᠣᠰ ᠪᠡᠶ᠎ᠠ ᠶᠢᠨ | ᠪᠠᠶᠢᠭᠤᠯᠤᠯᠳᠠ ᠪᠠᠨ ᠴᠢᠩᠭᠠᠳᠬᠠᠬᠤ ᠶᠢ ᠢᠮᠠᠬᠳᠠ ᠪᠠᠷᠢᠮᠳᠠᠯᠠᠵᠦ᠂ ᠦᠵᠡᠯ ᠰᠠᠨᠠᠭ᠎ᠠ ᠶᠢᠨ ᠪᠠᠶᠢᠭᠤᠯᠤᠯᠳᠠ᠂ ᠵᠤᠬᠢᠶᠠᠨ | ᠪᠠᠶᠢᠭᠤᠯᠣᠯᠳᠠ ᠶᠢᠨ ᠴᠣᠭᠴᠠᠯᠠᠯᠳᠠ᠂ ᠰᠤᠷᠳᠠᠯ ᠤᠨ ᠪᠠᠶᠢᠭᠤᠯᠤᠯᠳᠠ᠂ ᠡᠩᠨᠡᠭᠡ ᠶᠢᠨ ᠪᠠᠶᠢᠭᠤᠯᠤᠯᠳᠠ᠂ ᠲᠦᠷᠢᠮ ᠤᠨ | ᠪᠠᠶᠢᠭᠤᠯᠤᠯᠳᠠ ᠪᠠ ᠢᠯᠵᠢᠷᠠᠯ ᠢ ᠡᠰᠡᠷᠬᠦᠴᠡᠨ ᠠᠷᠢᠭᠤᠨ ᠴᠢᠭᠡᠴᠢ ᠶᠢ ᠡᠷᠬᠢᠮᠯᠡᠬᠦ ᠪᠠᠶᠢᠭᠤᠯᠤᠯᠳᠠ ᠶᠢ ᠦᠷᠬᠦᠯᠵᠢᠯᠡᠨ | ᠴᠢᠩᠭᠠᠳᠬᠠᠵᠦ᠂ ᠠᠷᠠᠳᠴᠢᠯᠠᠯ ᠲᠦᠪᠯᠡᠷᠡᠯ ᠤᠨ ᠶᠣᠰᠣᠨ ᠢ ᠴᠢᠩᠭ᠎ᠠ ᠨᠠᠶᠢᠳᠠᠪᠤᠷᠢᠵᠢᠭᠤᠯᠵᠦ᠂ ᠡᠯ᠎ᠠ ᠠᠵᠢᠯ ᠤᠨ | ᠰᠠᠯᠠᠭ᠎ᠠ ᠮᠦᠴᠢᠷ ᠤᠨ ᠦᠢᠯᠡᠳᠦᠯ ᠢ ᠬᠦᠢᠴᠡᠳ ᠪᠠᠳᠠᠷᠭᠤᠯᠤᠨ᠂ ᠲᠦᠯᠦᠭᠡᠯᠡᠭᠴᠢᠳ ᠤᠨ ᠭᠤᠤᠯ ᠴᠤᠬᠴᠠ ᠶᠢᠨ | ᠪᠠᠶᠢᠷᠢ ᠰᠠᠭᠤᠷᠢ ᠶᠢ ᠬᠦᠨᠳᠦᠳᠬᠡᠵᠦ᠂ ᠲᠦᠯᠦᠭᠡᠯᠡᠭᠴᠢ ᠶᠢᠨ ᠠᠵᠢᠯ ᠤᠨ ᠲᠤᠬᠳᠠᠴᠠ ᠶᠢ ᠲᠡᠬᠦᠯᠳᠡᠷᠵᠢᠬᠦᠯᠦᠨ᠂ | ᠲᠦᠯᠦᠭᠡᠯᠡᠭᠴᠢ ᠶᠢᠨ ᠠᠵᠢᠯ ᠤᠨ ᠲᠦᠪᠰᠢᠨ ᠢᠶᠠᠨ ᠲᠡᠭᠡᠭᠰᠢᠯᠡᠬᠦᠯᠦᠨ᠂ ᠲᠦᠯᠦᠭᠡᠯᠡᠭᠴᠢᠳ ᠤᠨ ᠬᠠᠤᠯᠢ ᠶᠤᠰᠤᠭᠠᠷ | ᠲᠤᠰᠢᠶᠠᠯ ᠢᠶᠠᠨ ᠬᠦᠢᠴᠡᠳᠬᠡᠬᠦ ᠶᠢ ᠪᠠᠲᠤᠯᠠᠨ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠠᠵᠢᠯ ᠤᠨ | ᠲᠦᠷᠢᠮᠵᠢᠬᠦ᠂ ᠵᠢᠷᠤᠮᠵᠢᠬᠤ᠂ ᠰᠢᠨᠵᠢᠯᠡᠭᠦ ᠤᠬᠠᠭᠠᠨᠴᠢᠯᠠᠬᠤ ᠲᠦᠪᠰᠢᠨ ᠢ ᠲᠠᠰᠤᠷᠠᠯᠳᠠ ᠦᠭᠡᠢ ᠲᠡᠭᠡᠭᠰᠢᠯᠡᠭᠦᠯᠦᠨ᠎ᠠ᠃ | 2017 ᠤᠨ ᠳᠤ᠂ ᠪᠢᠳᠡ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ | ᠤᠳᠠᠭ᠎ᠠ ᠶᠢᠨ ᠪᠦᠬᠦ ᠤᠯᠤᠰ ᠤᠨ ᠲᠦᠯᠦᠭᠡᠯᠡᠭᠴᠢᠳ ᠤᠨ ᠶᠡᠭᠡ ᠬᠤᠷᠠᠯ ᠪᠠ ᠦᠪᠡᠷᠳᠡᠬᠡᠨ ᠵᠠᠰᠠᠬᠤ ᠤᠷᠤᠨ | ᠪᠠᠶᠢᠭᠤᠯᠤᠬᠳᠠᠬᠰᠠᠨ 70 ᠵᠢᠯ ᠤᠨ ᠤᠢ ᠪᠠᠨ ᠤᠬᠳᠤᠬᠤ ᠪᠤᠯᠤᠨ᠎ᠠ᠃ 2017 ᠤᠨ ᠪᠤᠯ᠂ ᠦᠪᠡᠷᠳᠡᠬᠡᠨ ᠵᠠᠰᠠᠬᠤ | ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠬ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠬᠤ ᠠᠩᠬᠠᠨ ᠤ ᠵᠢᠯ᠂ ︽13·5︾ ᠶᠢᠨ ᠲᠦᠯᠦᠪᠵᠢᠬᠦᠯᠬᠡ ᠶᠢ | ᠬᠡᠷᠡᠭᠵᠢᠭᠦᠯᠬᠦ ᠴᠢᠬᠤᠯᠠ ᠨᠢᠬᠡ ᠵᠢᠯ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ | ᠬᠦᠨᠵᠡᠬᠡᠶᠢᠷᠡᠬᠦᠯᠬᠦ ᠶᠢ ᠠᠬᠢᠭᠤᠯᠬᠤ ᠵᠢᠯ ᠪᠣᠯᠣᠨ᠎ᠠ᠂ ᠡᠯ᠎ᠡ ᠵᠦᠢᠯ ᠤᠨ ᠠᠵᠢᠯ ᠢᠶᠠᠨ ᠰᠠᠶᠢᠳᠤᠷ ᠬᠢᠬᠦ ᠶᠢᠨ ᠠᠴᠢ | ᠬᠤᠯᠪᠣᠭᠳᠠᠯ ᠬᠦᠨᠳᠤ ᠴᠢᠬᠤᠯᠠ᠃ ᠤᠳᠤᠬᠠᠨ ᠳᠤ᠂ ᠦᠪᠦᠷ ᠮᠤᠩᠭᠤᠯ ᠤᠨ ᠬᠦᠭᠵᠢᠯᠳᠡ ᠶᠢᠨ ᠠᠤᠭ᠎ᠠ ᠲᠦᠰᠦᠪ | ᠨᠢᠬᠡᠨᠳᠡ ᠵᠢᠷᠤᠬᠯᠠᠬᠳᠠᠵᠦ᠂ ᠵᠠᠩᠬᠢᠯᠠᠭ᠎ᠠ ᠨᠢ ᠪᠤᠳᠠᠳᠠᠢ ᠠᠵᠢᠯᠯᠠᠵᠤ᠂ ᠪᠣᠳᠠᠳᠠᠢ ᠠᠵᠢᠯᠯᠠᠵᠣ᠂ ᠳᠠᠬᠢᠨ ᠪᠤᠳᠠᠳᠠᠢ | ᠠᠵᠢᠯᠯᠠᠵᠦ᠂ ᠨᠠᠶᠢᠳᠠᠪᠤᠷᠢᠵᠢᠭᠤᠯᠵᠤ᠂ ᠨᠠᠶᠢᠳᠠᠪᠣᠷᠢᠵᠢᠭᠤᠯᠵᠣ᠂ ᠲᠠᠬᠢᠨ ᠲᠠᠪᠳᠠᠨ ᠨᠠᠶᠢᠳᠠᠪᠤᠷᠢᠵᠢᠭᠤᠯᠬᠤ ᠳᠤ ᠪᠣᠢ᠂ | ᠴᠠᠬ ᠮᠦᠴᠡ ᠲᠠᠢ ᠤᠷᠤᠯᠳᠤᠬᠤ᠂ ᠦᠷᠯᠦᠬᠡ ᠦᠳᠡᠰᠢ ᠶᠢ ᠲᠡᠮᠡᠴᠡᠬᠦ ᠪᠠᠴᠢᠮ ᠲᠤᠯᠭᠠᠮ᠎ᠠ ᠰᠡᠳᠬᠢᠯᠬᠡ ᠪᠠᠷ ᠡᠯ᠎ᠠ | ᠵᠦᠢᠯ ᠤᠨ ᠰᠢᠢᠳᠪᠦᠷᠢᠳᠤ ᠪᠤᠳᠤᠯᠭ᠎ᠠ ᠶᠢ ᠦᠨᠳᠦᠰᠦ ᠬᠠᠳᠬᠤᠭᠤᠯᠣᠨ ᠦᠷᠡᠯᠡᠭᠦᠯᠤᠨ ᠵᠢᠮᠢᠰᠯᠡᠭᠦᠯᠭᠦ ᠶᠢ ᠠᠬᠢᠭᠤᠯᠬᠤ | ᠬᠡᠷᠡᠭᠳᠡᠢ᠃ | ᠨᠠᠶᠢᠳᠠᠪᠤᠷᠢᠵᠢᠭᠤᠯᠬᠤ ᠶᠢ ᠠᠳᠬᠤᠬᠤ ᠳᠤ᠂ ᠦᠵᠡᠯ ᠰᠠᠨᠠᠭ᠎ᠠ ᠪᠠᠨ ᠨᠢᠬᠡᠳᠬᠡᠬᠦ ᠲᠤᠮᠳᠠ ᠬᠠᠨᠴᠤᠢ ᠰᠢᠮᠠᠯᠠᠨ | ᠠᠵᠢᠯᠯᠠᠬᠤ ᠬᠡᠷᠡᠭᠳᠡᠢ᠃ ᠪᠦᠬᠦ ᠤᠷᠤᠨ ᠲᠠᠶᠠᠭᠠᠷ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠦᠪ | ᠬᠤᠷᠢᠶ᠎ᠠ ᠪᠤᠯᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ ᠬᠦᠭᠵᠢᠯᠳᠡ ᠶᠢᠨ | ᠪᠠᠶᠢᠳᠠᠯ ᠤᠨ ᠲᠤᠬᠠᠢ ᠰᠢᠨᠵᠢᠯᠡᠬᠦ ᠤᠬᠠᠭᠠᠨᠴᠢ ᠮᠠᠭᠠᠳᠯᠠᠯᠳᠠ ᠳᠡᠭᠡᠷ᠎ᠡ ᠨᠢᠬᠡᠳᠬᠡᠨ᠂ ᠡᠯ᠎ᠠ ᠵᠦᠢᠯ ᠤᠨ ᠰᠢᠢᠳᠪᠦᠷᠢᠳᠤ | ᠪᠤᠳᠤᠯᠭ᠎ᠠ ᠪᠠᠶᠢᠷᠢᠯᠠᠭᠤᠯᠤᠯᠳᠠ ᠲᠡᠭᠡᠷ᠎ᠠ ᠨᠢᠬᠡᠳᠬᠡᠵᠦ᠂ ᠨᠡᠩ ᠬᠤᠷᠴᠠ ᠰᠡᠷᠬᠡᠭ ᠪᠠᠶᠢᠵᠦ᠂ ᠨᠡᠩ ᠪᠤᠳᠠᠳᠠᠢ ᠶᠢ | ᠡᠷᠬᠢᠮᠯᠡᠨ᠂ ᠨᠡᠩ ᠬᠦᠴᠦᠯᠡᠴᠡ ᠲᠠᠢ ᠪᠠᠷ ᠡᠯ᠎ᠠ ᠲᠦᠷᠦᠯ ᠤᠨ ᠠᠵᠢᠯ ᠢᠶᠠᠨ ᠠᠬᠢᠭᠤᠯᠤᠨ᠂ ᠡᠯ᠎ᠠ ᠵᠦᠢᠯ ᠤᠨ | ᠠᠵᠢᠯ ᠢᠶᠠᠨ ᠨᠡᠩ ᠰᠡᠷᠭᠡᠭ ᠢᠶᠠᠷ᠂ ᠨᠡᠩ ᠪᠤᠳᠠᠳᠠᠢ ᠶᠢ ᠡᠷᠬᠢᠮᠯᠡᠨ᠂ ᠨᠡᠩ ᠡᠷᠴᠢᠮ ᠲᠠᠢ ᠠᠬᠢᠭᠤᠯᠬᠤ ᠬᠡᠷᠡᠭᠳᠡᠢ᠃ ᠨᠡᠩ | ᠰᠡᠷᠬᠡᠭ ᠢᠶᠠᠷ ᠬᠡᠳᠡᠭ ᠨᠢ ᠲᠠᠷᠤᠢ ᠪᠤᠰᠤᠳᠴᠢ ᠤᠶᠤᠨᠯᠢᠭ ᠲᠠᠷᠢᠬᠢ ᠲᠤᠯᠤᠭᠠᠢ ᠲᠠᠢ ᠪᠠᠶᠢᠬᠤ ᠶᠢ ᠢᠮᠠᠭᠳᠠ ᠪᠠᠲᠤᠯᠠᠵᠦ᠂ | ᠤᠳᠤᠬᠠᠨ ᠤ ᠬᠤᠷᠸ᠎ᠠ ᠠᠵᠦ ᠠᠬᠤᠢ ᠶᠢᠨ ᠪᠠᠶᠢᠳᠠᠯ ᠤᠨ ᠬᠦᠨᠳᠤ ᠬᠡᠴᠡᠬᠦᠦ ᠴᠢᠨᠠᠷ ᠢ ᠬᠦᠢᠴᠡᠳ ᠲᠠᠨᠢᠬᠤ | ᠮᠦᠷᠳᠡᠬᠡᠨ ᠪᠠᠰᠠ ᠬᠦᠴᠢᠷᠳᠡᠯ ᠲᠠᠢ ᠪᠠᠶᠢᠳᠠᠯ ᠢ ᠠᠷᠭᠠᠴᠠᠬᠤ ᠪᠡᠯᠡᠳᠬᠡᠯ ᠢ ᠰᠠᠶᠢᠳᠤᠷ ᠬᠢᠬᠦ ᠶᠠᠪᠣᠳᠠᠯ ᠪᠣᠯᠣᠨ᠎ᠠ︔ | ᠪᠠᠰᠠ ᠤᠳᠤᠬᠠᠨ ᠤ ᠮᠠᠨ ᠤ ᠤᠷᠤᠨ ᠤ ᠠᠵᠦ ᠠᠬᠤᠢ ᠨᠡᠶᠢᠬᠡᠮ ᠤᠨ ᠬᠦᠭᠵᠢᠯᠳᠡ ᠦᠷᠬᠦᠯᠵᠢᠯᠡᠨ ᠰᠠᠶᠢᠵᠢᠷᠠᠬᠤ | ᠦᠨᠳᠦᠰᠦᠨ ᠲᠠᠯ᠎ᠠ ᠶᠡᠷᠦᠨᠢ ᠬᠤᠪᠢᠷᠠᠬᠰᠠᠨ ᠦᠬᠡᠢ ᠪᠠᠶᠢᠬᠤ ᠶᠢ ᠬᠦᠢᠴᠡᠳ ᠲᠠᠨᠢᠵᠦ᠂ ᠬᠦᠭᠵᠢᠯᠳᠡ ᠶᠢ ᠠᠬᠢᠭᠤᠯᠬᠤ | ᠠᠰᠢᠬᠳᠠᠢ ᠬᠦᠴᠦᠨ ᠵᠦᠢᠯ ᠪᠠ ᠢᠳᠡᠪᠬᠢᠳᠡᠢ ᠨᠦᠬᠦᠴᠡᠯ ᠢ ᠦᠷᠬᠦᠯᠵᠢᠯᠡᠨ ᠨᠡᠮᠡᠭᠳᠡᠬᠦᠯᠵᠦ᠂ ᠢᠳᠡᠬᠡᠯ ᠵᠤᠷᠢᠬ ᠢᠶᠠᠨ | ᠪᠠᠲᠤᠳᠬᠠᠨ᠂ ᠬᠦᠴᠢᠷ ᠢ ᠰᠦᠷᠦᠨ ᠤᠷᠤᠬᠰᠢᠯᠠᠵᠦ᠂ ᠴᠢᠷᠮᠠᠶᠢᠨ ᠤᠷᠤᠬᠰᠢᠯᠠᠬᠤ ᠶᠠᠪᠣᠳᠠᠯ ᠪᠣᠯᠣᠨ᠎ᠠ᠃ ᠨᠡᠩ | ᠪᠤᠳᠠᠳᠠᠢ ᠶᠢ ᠡᠷᠬᠢᠮᠯᠡᠬᠦ ᠭᠡᠳᠡᠭ ᠨᠢ᠂ ᠬᠦᠭᠡᠷᠴᠦ ᠲᠠᠪᠴᠢᠳᠠᠬᠤ᠂ ᠠᠶᠤᠵᠦ ᠲᠠᠲᠠᠭᠠᠯᠵᠠᠬᠤ ᠶᠢ ᠬᠦᠴᠦᠯᠡᠨ ᠲᠡᠪᠴᠢᠵᠦ᠂ | ᠠᠮᠵᠢᠯᠳᠠ ᠪᠠᠨ ᠮᠠᠵᠣᠯᠠᠨ ᠭᠠᠶᠢᠬᠠᠭᠤᠯᠬᠤ ᠦᠭᠡᠢ᠂ ᠰᠡᠳᠬᠢᠯ ᠬᠠᠩᠬᠤ ᠦᠬᠡᠢ᠂ ᠬᠦᠴᠢᠷᠳᠡᠯ ᠤᠨ ᠡᠮᠦᠨ᠎ᠠ | ᠴᠦᠬᠦᠷᠡᠬᠦ ᠦᠬᠡᠢ᠂ ᠤᠬᠤᠷᠢᠬᠤ ᠦᠬᠡᠢ᠂ ᠬᠠᠨᠴᠤᠢ ᠰᠢᠮᠠᠯᠠᠨ ᠠᠵᠢᠯᠯᠠᠵᠦ᠂ ᠪᠡᠶ᠎ᠡ ᠪᠦᠬᠦ᠋ᠢᠨ ᠠᠳᠬᠤᠨ᠂ ᠨᠠᠮ ᠤᠨ | ᠲᠦᠪ ᠬᠤᠷᠢᠶ᠎ᠠ ᠪᠠ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠵᠠᠰᠠᠬ ᠤᠨ ᠤᠷᠳᠤᠨ ᠤ ᠡᠯ᠎ᠠ ᠵᠦᠢᠯ ᠤᠨ | ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠡᠷᠡᠰ ᠭᠤᠶᠢᠪᠢᠰᠢ ᠦᠬᠡᠢ ᠪᠠᠷ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠡᠯ᠎ᠠ ᠵᠦᠢᠯ ᠤᠨ ᠦᠢᠯᠡᠰ ᠲᠠᠰᠤᠷᠠᠯᠳᠠ ᠦᠬᠡᠢ ᠰᠢᠨ᠎ᠠ ᠳᠡᠭᠳᠡᠷ ᠳᠤ ᠭᠠᠷᠬᠤ ᠶᠢ ᠠᠬᠢᠭᠤᠯᠬᠤ | ᠶᠠᠪᠣᠳᠠᠯ ᠪᠣᠯᠤᠨ᠎ᠠ᠃ ᠨᠡᠩ ᠡᠷᠴᠢᠮ ᠲᠠᠢ ᠬᠡᠳᠡᠭ ᠨᠢ᠂ ᠲᠠᠷᠤᠢ ᠡᠯ᠎ᠠ ᠱᠠᠳᠤᠨ ᠤ ᠺᠠᠳ᠋ᠷ᠂ ᠤᠨᠴᠠᠭᠠᠶᠢᠯᠠᠨ | ᠤᠳᠤᠷᠢᠳᠬᠤ ᠺᠠᠳ᠋ᠷ ᠤᠨ ᠬᠡᠷᠡᠭᠵᠢᠬᠦᠯᠬᠦ ᠬᠦᠴᠦᠨ᠂ ᠠᠬᠢᠭᠤᠯᠬᠤ ᠬᠦᠴᠦᠨ᠂ ᠡᠬᠦᠳᠦᠨ ᠪᠦᠲᠦᠬᠡᠬᠦ ᠬᠦᠴᠦᠨ ᠢ ᠪᠦᠬᠦ | ᠲᠠᠯ᠎ᠠ ᠪᠠᠷ ᠴᠢᠩᠭᠠᠷᠠᠭᠤᠯᠤᠨ ᠲᠡᠭᠡᠭᠰᠢᠯᠡᠬᠦᠯᠵᠦ᠂ ᠬᠦᠳᠡᠯᠬᠦ ᠨᠢ ᠪᠤᠰᠢᠭᠤ ᠲᠦᠷᠬᠡᠨ᠂ ᠠᠵᠢᠯᠯᠠᠬᠤ ᠡᠷᠴᠢ ᠵᠣᠷᠢᠭ ᠨᠢ | ᠭᠦᠢᠴᠡᠳ᠂ ᠠᠷᠭ᠎ᠠ ᠬᠡᠮᠵᠢᠶ᠎ᠡ ᠤᠯᠠᠨ ᠪᠣᠯᠭᠠᠵᠣ᠂ ᠡᠷᠡᠰ ᠰᠢᠭᠤᠷᠬᠠᠢ ᠪᠠᠷ ᠴᠤᠴᠠᠯᠳᠠ ᠦᠬᠡᠢ ᠤᠷᠤᠬᠰᠢᠯᠠᠵᠦ᠂ | ᠬᠠᠮᠤᠬ ᠤᠨ ᠬᠦᠴᠦᠳᠡᠢ ᠪᠠᠲᠤᠯᠠᠭ᠎ᠠ᠂ ᠬᠠᠮᠤᠬ ᠤᠨ ᠡᠷᠡᠰ ᠤᠪᠤᠷ ᠢᠶᠠᠷ ᠠᠵᠢᠯ ᠢᠶᠠᠨ ᠪᠦᠬᠦ ᠬᠦᠴᠦᠨ ᠢᠶᠠᠷ | ᠨᠠᠶᠢᠳᠠᠪᠤᠷᠢᠵᠢᠭᠤᠯᠤᠨ᠂ ᠬᠦᠭᠵᠢᠯᠳᠡ ᠶᠢ ᠪᠦᠬᠦ ᠲᠠᠯ᠎ᠠ ᠪᠠᠷ ᠠᠬᠢᠭᠤᠯᠬᠤ ᠶᠠᠪᠣᠳᠠᠯ ᠪᠣᠯᠣᠨ᠎ᠠ᠃ | ᠨᠠᠶᠢᠳᠠᠪᠤᠷᠢᠵᠢᠭᠤᠯᠬᠤ ᠶᠢ ᠠᠳᠬᠤᠬᠤ ᠳᠤ ᠬᠦᠭᠵᠢᠯᠳᠠ ᠳᠤ ᠠᠩᠬᠠᠷᠣᠯ ᠢᠶᠠᠨ ᠲᠦᠪᠯᠡᠷᠡᠭᠦᠯᠬᠦ ᠳᠣᠮᠳᠠ | ᠰᠡᠳᠭᠢᠯ ᠳᠠᠯᠪᠢᠨ ᠬᠦᠴᠦ ᠣᠷᠣᠭᠤᠯᠣᠨ ᠠᠵᠢᠯᠯᠠᠬᠤ ᠬᠡᠷᠡᠭᠳᠡᠢ᠃ ᠡᠨᠡ ᠳᠡᠷᠡ ᠣᠯᠠᠨ ᠶᠤᠰᠤ ᠶᠢᠨ ᠳᠤᠳᠣᠷ᠎ᠠ᠂ | ᠬᠦᠭᠵᠢᠭᠦᠯᠬᠦ ᠪᠤᠯ ᠬᠠᠳᠠᠭᠤ ᠶᠤᠰᠤ︔ ᠲᠦᠮᠡ ᠮᠢᠩᠭᠠᠨ ᠱᠤᠭᠤᠮ ᠤᠨ ᠳᠣᠳᠣᠷ᠎ᠠ ᠬᠦᠭᠵᠢᠭᠦᠯᠬᠦ ᠪᠤᠯ ᠠᠮᠢ ᠨᠠᠰᠤᠨ ᠤ | ᠱᠤᠭᠤᠮ᠃ ᠪᠢᠳᠡ ᠦᠪᠦᠷ ᠮᠤᠩᠭᠤᠯ ᠢ ᠬᠦᠭᠵᠢᠭᠦᠯᠬᠦ ᠪᠤᠤᠬᠢᠶ᠎ᠠ ᠶᠢ ᠬᠦᠯᠢᠶᠡᠨ ᠠᠪᠤᠯ᠎ᠠ᠂ ᠨᠠᠮ ᠪᠠ ᠠᠷᠠᠳ ᠲᠦᠮᠡᠨ | ᠪᠢᠳᠡᠨ ᠢ ᠢᠳᠡᠬᠡᠵᠦ ᠪᠤᠢ᠂ ᠪᠢᠳᠡ ᠡᠨᠡᠬᠦ ᠢᠳᠡᠬᠡᠯ ᠳᠤ ᠦᠯᠦ ᠣᠰᠣᠯᠳᠠᠵᠣ᠂ ᠢᠳᠡᠭᠡᠯ ᠢ ᠬᠠᠷᠢᠭᠤᠴᠠᠯᠭ᠎ᠠ ᠪᠣᠯᠭᠠᠵᠣ᠂ | ᠬᠠᠷᠢᠭᠤᠴᠠᠯᠭ᠎ᠠ ᠶᠢ ᠳᠡᠦᠬᠡᠨ ᠡᠬᠦᠷᠬᠡ ᠪᠤᠯᠭᠠᠵᠤ᠂ ᠨᠢᠬᠡ ᠮᠦᠴᠠ ᠴᠤ ᠰᠤᠯᠠᠷᠠᠭᠤᠯᠤᠯ ᠦᠬᠡᠢ᠂ ᠨᠢᠬᠡ ᠴᠠᠭ ᠴᠤ | ᠬᠤᠶᠢᠷᠭᠤᠰᠢᠯ ᠦᠬᠡᠢ ᠪᠠᠷ᠂ ᠪᠣᠢ ᠪᠦᠬᠦᠢ ᠣᠶᠣᠨ ᠣᠬᠠᠭᠠᠨ ᠪᠠ ᠬᠦᠴᠦᠨ ᠴᠢᠳᠠᠯ ᠢᠶᠠᠨ ᠬᠦᠭᠵᠢᠯᠳᠡ ᠶᠢ | ᠠᠬᠢᠭᠤᠯᠬᠤ ᠳᠡᠬᠡᠷ᠎ᠡ ᠲᠦᠪᠯᠡᠷᠡᠬᠦᠯᠵᠦ᠂ ᠠᠵᠤ ᠠᠬᠤᠢ ᠶᠢᠨ ᠪᠦᠳᠦᠬᠡᠨ ᠪᠠᠶᠢᠭᠤᠯᠤᠯᠳᠠ ᠶᠢᠨ ᠡᠨᠡᠬᠦ ᠭᠤᠤᠯ ᠠᠵᠢᠯ ᠢ | ᠭᠤᠶᠢᠪᠢᠰᠢ ᠦᠬᠡᠢ ᠢᠮᠠᠭᠳᠠ ᠠᠳᠬᠤᠵᠤ᠂ ᠨᠡᠮᠡᠭᠳᠡᠯ ᠢ ᠳᠣᠭᠳᠠᠪᠣᠷᠢᠵᠢᠭᠤᠯᠬᠤ᠂ ᠪᠦᠳᠦᠴᠡ ᠶᠢ ᠲᠤᠬᠢᠷᠠᠭᠤᠯᠬᠤ᠂ | ᠦᠬᠡᠷᠡᠴᠢᠯᠡᠯᠳᠡ ᠶᠢ ᠠᠬᠢᠭᠤᠯᠬᠤ᠂ ᠠᠷᠠᠳ ᠲᠤ ᠠᠰᠢᠭ ᠬᠦᠷᠳᠡᠬᠡᠬᠦ᠂ ᠲᠦᠭᠰᠢᠬᠦᠷᠢ ᠶᠢ ᠰᠡᠷᠬᠡᠶᠢᠯᠡᠬᠦ ᠳᠡᠬᠡᠷ᠎ᠡ | ᠴᠦᠬᠦᠷᠡᠯ ᠦᠭᠡᠢ ᠬᠦᠴᠦ ᠤᠷᠤᠭᠤᠯᠵᠤ᠂ ᠦᠬᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠬᠡᠶᠢᠷᠡᠬᠦᠯᠬᠦ᠂ ᠪᠦᠬᠦ | ᠳᠠᠯ᠎ᠠ ᠪᠠᠷ ᠨᠡᠬᠡᠬᠡᠯᠳᠡ ᠬᠢᠭᠦ ᠪᠠᠨ ᠦᠷᠬᠡᠳᠬᠡᠬᠦ᠂ ᠨᠡᠶᠢᠬᠡᠮ ᠤᠨ ᠡᠶ᠎ᠡ ᠵᠤᠬᠢᠴᠠᠩᠭᠤᠢ ᠳᠤᠭᠳᠠᠭᠤᠨ ᠢ ᠬᠠᠮᠠᠭᠠᠯᠠᠬᠤ | ᠳᠡᠬᠡᠷ᠎ᠡ ᠴᠦᠬᠦᠷᠡᠯ ᠦᠭᠡᠢ ᠬᠦᠴᠦ ᠤᠷᠤᠭᠤᠯᠵᠤ᠂ ᠡᠳᠦᠷ ᠪᠤᠯᠭᠠᠨ᠂ ᠰᠠᠷ᠎ᠠ ᠪᠦᠷᠢ᠂ ᠵᠢᠯ ᠲᠤᠳᠤᠮ ᠰᠡᠳᠭᠢᠯ | ᠳᠠᠯᠪᠢᠨ ᠬᠠᠶᠢᠷ᠎ᠠ ᠪᠠᠨ ᠶᠡᠭᠦᠯᠡᠵᠦ ᠬᠦᠴᠦ ᠪᠠᠨ ᠭᠠᠷᠭᠠᠨ ᠰᠠᠶᠢᠳᠤᠷ ᠠᠵᠢᠯᠯᠠᠵᠦ᠂ ᠦᠪᠤᠷ ᠮᠤᠩᠭᠤᠯ ᠤᠨ | ᠦᠭᠡᠷᠡᠴᠢᠯᠠᠯᠳᠠ ᠨᠡᠭᠡᠭᠡᠯᠳᠡ ᠪᠠ ᠤᠳᠤᠬᠢᠴᠢᠯᠠᠯᠳᠠ ᠶᠢᠨ ᠪᠦᠲᠦᠭᠡᠨ ᠪᠠᠶᠢᠭᠤᠯᠤᠯᠳᠠ ᠶᠢ ᠲᠠᠰᠤᠷᠠᠯᠳᠠ ᠦᠭᠡᠢ | ᠲᠦᠯᠬᠢᠨ ᠣᠷᠣᠭᠰᠢᠯᠠᠭᠤᠯᠬᠤ ᠬᠡᠷᠡᠭᠳᠡᠢ᠃ ᠨᠠᠶᠢᠳᠠᠪᠤᠷᠢᠵᠢᠭᠤᠯᠬᠤ ᠶᠢ ᠠᠳᠬᠤᠬᠤ ᠳᠤ ᠤᠳᠤᠷᠢᠳᠤᠯᠭ᠎ᠠ ᠨᠠᠷ | ᠲᠠᠭᠠᠭᠤᠯᠣᠨ ᠰᠡᠳᠭᠢᠯ ᠢᠶᠠᠨ ᠨᠢᠭᠡᠳᠭᠡᠨ ᠬᠦᠴᠦ ᠪᠠᠨ ᠬᠠᠮᠳᠣᠳᠬᠠᠨ ᠠᠵᠢᠯᠯᠠᠬᠤ ᠬᠡᠷᠡᠭᠳᠡᠢ᠂ ᠡᠯ᠎ᠠ ᠱᠠᠳᠤᠨ ᠤ | ᠤᠳᠤᠷᠢᠳᠬᠤ ᠺᠠᠳ᠋ᠷ ᠤᠨᠴᠠᠭᠠᠶᠢᠯᠠᠨ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ ᠭᠤᠤᠯ | ᠬᠠᠷᠢᠭᠤᠴᠠᠭᠠᠯᠳᠠᠨ ᠨᠠᠷ ᠬᠠᠷᠢᠭᠤᠴᠠᠯᠭ᠎ᠠ ᠡᠭᠦᠷᠭᠡᠯᠡᠨ ᠬᠠᠷᠢᠭᠤᠴᠠᠯᠭ᠎ᠠ ᠪᠠᠨ ᠭᠦᠢᠴᠡᠳᠭᠡᠵᠦ᠂ ᠴᠢᠷᠮᠠᠶᠢᠨ ᠠᠵᠢᠯᠯᠠᠵᠣ᠂ | ᠦᠨᠡᠨᠭᠦ ᠠᠳᠬᠤᠨ ᠪᠤᠳᠠᠳᠠᠢ ᠠᠵᠢᠯᠯᠠᠬᠤ ᠣᠶᠣᠨ ᠰᠠᠨᠠᠭᠠᠨ ᠤ ᠳᠦᠷᠰᠦ ᠪᠠᠶᠢᠳᠠᠯ ᠪᠠ ᠠᠵᠢᠯ ᠤᠨ ᠰᠤᠷᠳᠠᠯ ᠢᠶᠠᠨ | ᠵᠠᠪᠠᠯ ᠪᠠᠳᠤᠯᠠᠵᠦ᠂ ︽ᠶᠤᠸᠠᠨᠱᠤᠸᠠᠢ︾ ᠪᠤᠯᠬᠤ ᠶᠢᠨ ᠲᠠᠭᠠᠤ ︽ᠲᠠᠶᠢᠨ ᠳᠤ ᠮᠤᠷᠳᠠᠵᠦ︾᠂ ᠵᠢᠱᠢᠶ᠎ᠡ ᠦᠵᠡᠭᠦᠯᠦᠨ | ᠲᠠᠭᠠᠭᠤᠯᠬᠤ ᠦᠢᠯᠡᠳᠤᠯ ᠢᠶᠠᠨ ᠭᠦᠢᠴᠡᠳ ᠪᠠᠳᠠᠷᠠᠭᠤᠯᠬᠤ ᠬᠡᠷᠡᠭᠳᠡᠢ︔ ᠡᠯ᠎ᠠ ᠤᠳᠤᠷᠢᠳᠬᠤ ᠪᠠᠬ ᠨᠢᠭᠡᠯᠡ ᠵᠦᠢᠯ ᠢ | ᠪᠤᠳᠤᠵᠦ᠂ ᠨᠢᠭᠡᠯᠡ ᠴᠢᠭᠯᠡᠯ ᠢᠶᠠᠷ ᠬᠦᠴᠦᠯᠡᠵᠦ᠂ ᠰᠡᠳᠬᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ ᠡᠯ᠎ᠠ | ᠵᠦᠢᠯ ᠤᠨ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ︔ ᠡᠯ᠎ᠠ ᠰᠠᠯᠠᠭ᠎ᠠ ᠮᠦᠴᠢᠷ ᠦᠨᠡᠨ ᠪᠣᠳᠠᠳᠠᠢ | ᠠᠷᠭ᠎ᠠ ᠭᠠᠷᠭᠠᠵᠦ᠂ ᠪᠤᠳᠠᠳᠤ ᠤᠴᠢᠷ ᠰᠢᠢᠳᠪᠤᠷᠢᠯᠡᠵᠦ᠂ ᠪᠤᠳᠠᠳᠤ ᠦᠷ᠎ᠠ ᠠᠰᠢᠭ ᠢ ᠡᠷᠬᠢᠮᠯᠡᠵᠦ᠂ ᠪᠦᠭᠦ ᠤᠷᠤᠨ ᠤ | ᠶᠡᠭᠡ ᠲᠠᠯ᠎ᠠ ᠳᠤ ᠵᠣᠭᠰᠣᠨ᠂ ᠪᠤᠳᠠᠳᠠᠢ ᠵᠦᠷᠢᠴᠡᠯ ᠳᠤ ᠰᠢᠭᠤᠳ ᠬᠠᠨᠳᠣᠵᠣ᠂ ᠪᠤᠳᠠᠳᠠᠢ ᠠᠰᠠᠭᠤᠳᠠᠯ ᠢ | ᠰᠢᠢᠳᠪᠤᠷᠢᠯᠡᠵᠦ᠂ ᠪᠦᠭᠦ ᠬᠦᠴᠦᠨ ᠢᠶᠠᠷ ᠢᠶᠠᠨ ᠬᠦᠭᠵᠢᠯᠳᠠ ᠶᠢ ᠲᠦᠯᠦᠪᠵᠢᠭᠦᠯᠦᠨ ᠠᠬᠢᠭᠤᠯᠬᠤ ᠬᠡᠷᠡᠭᠳᠡᠢ︔ | ᠠᠷᠠᠳ ᠤᠨ ᠲᠦᠯᠦᠭᠡᠯᠡᠭᠴᠢᠳ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠤ | ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠪᠠ ᠡᠨᠡ ᠤᠳᠠᠭ᠎ᠠ ᠶᠢᠨ ︽ᠬᠤᠶᠠᠷ ᠬᠤᠷᠠᠯ︾ ᠤᠨ ᠵᠤᠷᠢᠭ | ᠰᠠᠨᠠᠭ᠎ᠠ ᠶᠢ ᠲᠦᠷᠦᠭᠦᠯᠡᠨ ᠤᠬᠠᠭᠤᠯᠤᠨ ᠲᠤᠤᠱᠯᠠᠭᠤᠯᠣᠨ ᠨᠠᠶᠢᠳᠠᠪᠤᠷᠢᠵᠢᠭᠤᠯᠵᠣ᠂ ᠬᠦᠭᠵᠢᠯᠳᠠ ᠶᠢᠨ ᠢᠳᠡᠭᠡᠯ ᠢ | ᠨᠡᠶᠢᠭᠡᠮ ᠤᠨ ᠡᠯ᠎ᠠ ᠲᠠᠯ᠎ᠠ ᠳᠤ ᠳᠠᠮᠵᠢᠭᠤᠯᠵᠣ᠂ ᠬᠤᠷᠠᠯ ᠤᠨ ᠵᠤᠷᠢᠭ ᠰᠠᠨᠠᠭ᠎ᠠ ᠶᠢ ᠪᠦᠭᠦ ᠤᠷᠤᠨ ᠤ ᠡᠯ᠎ᠠ ᠠᠵᠢᠯ | ᠲᠦᠷᠦᠯ ᠳᠤ ᠣᠯᠠᠮᠵᠢᠯᠠᠵᠣ᠂ ᠲᠠᠷᠤᠢ ᠲᠦᠷᠭᠡᠨ ᠪᠦᠭᠦ ᠤᠷᠤᠨ ᠤ ᠦᠨᠳᠦᠰᠦᠳᠡᠨ ᠨᠦᠭᠦᠳ ᠤᠨ ᠠᠷᠠᠳ ᠲᠦᠮᠡᠨ ᠤ | ᠬᠠᠮᠳᠤ ᠶᠢᠨ ᠠᠵᠢᠯᠯᠠᠭ᠎ᠠ ᠪᠤᠯᠭᠠᠨ ᠬᠤᠪᠢᠷᠠᠭᠤᠯᠬᠤ ᠬᠡᠷᠡᠭᠳᠡᠢ︔ ᠡᠯ᠎ᠠ ᠦᠨᠳᠦᠰᠦᠳᠡᠨ ᠡᠯ᠎ᠠ ᠡᠳᠡᠭᠡᠳ ᠤᠨ ᠬᠢᠨ | ᠪᠦᠯᠭᠦᠮᠳᠠᠨ ᠨᠢᠭᠡᠳᠴᠤ ᠬᠦᠭᠵᠢᠯᠳᠠ ᠶᠢ ᠰᠦᠪᠡᠭᠴᠢᠯᠡᠨ᠂ ᠰᠢᠨ᠎ᠠ ᠦᠢᠯᠡᠰ ᠪᠣᠰᠬᠠᠵᠣ᠂ ᠬᠡᠷᠡᠯ ᠰᠠᠴᠣᠷᠠᠩᠭᠤᠢ | ᠬᠠᠭᠤᠳᠠᠰᠤ ᠶᠢ ᠪᠢᠴᠢᠭᠯᠡᠵᠦ᠂ ᠦᠪᠤᠷ ᠮᠤᠩᠭᠤᠯ ᠤᠨ ᠠᠵᠢᠯ ᠢ ᠬᠠᠮᠳᠤᠪᠠᠷ ᠰᠠᠶᠢᠳᠤᠷ ᠬᠢᠬᠦ ᠬᠡᠷᠡᠭᠳᠡᠢ᠃ ᠪᠦᠭᠦ | ᠤᠷᠤᠨ ᠳᠠᠶᠠᠭᠠᠷ ᠢᠶᠠᠨ ᠨᠠᠶᠢᠳᠠᠪᠤᠷᠢᠵᠢᠭᠤᠯᠬᠤ ᠶᠢ ᠠᠳᠬᠤᠬᠤ ᠰᠠᠶᠢᠨ ᠰᠠᠶᠢᠬᠠᠨ ᠤᠷᠴᠢᠨ ᠲᠤᠭᠤᠷᠢᠨ ᠪᠠ | ᠪᠠᠶᠢᠭᠤᠯᠤᠮᠵᠢ ᠲᠤᠬᠳᠠᠴᠠ ᠶᠢ ᠦᠨᠡᠨᠬᠦ ᠪᠣᠢ ᠪᠣᠯᠭᠠᠵᠣ᠂ ᠬᠤᠷᠠᠯ ᠢᠶᠠᠷ ᠬᠤᠷᠠᠯ ᠢ ᠨᠠᠶᠢᠳᠠᠪᠤᠷᠢᠵᠢᠭᠤᠯᠵᠤ᠂ ᠪᠢᠴᠢᠭ | ᠮᠠᠲ᠋ᠧᠷᠢᠶᠠᠯ ᠢᠶᠠᠷ ᠪᠢᠴᠢᠭ ᠮᠠᠲ᠋ᠧᠷᠢᠶᠠᠯ ᠢ ᠨᠠᠶᠢᠳᠠᠪᠤᠷᠢᠵᠢᠭᠤᠯᠵᠤ ᠤᠭᠳᠤ ᠪᠤᠯᠬᠤ ᠦᠬᠡᠢ᠂ ᠡᠷᠬᠡᠪᠰᠢ ᠬᠦᠴᠦᠨ ᠢᠶᠠᠨ | ᠲᠦᠪᠯᠡᠷᠡᠬᠦᠯᠦᠨ᠂ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠳᠡᠢ᠃ ᠪᠢᠳᠡ ᠳᠤᠭ ᠳᠡᠮᠳᠡᠭ | ᠳᠤᠳᠤᠷᠬᠠᠢ ᠪᠠᠷ ᠪᠤᠳᠠᠳᠠᠢ ᠠᠵᠢᠯᠯᠠᠬᠤ ᠶᠢ ᠳᠡᠭᠡᠳᠦᠯᠡᠬᠦ ᠬᠦᠮᠦᠨ ᠬᠡᠷᠡᠭᠯᠡᠬᠦ ᠤᠳᠤᠷᠢᠳᠤᠮᠵᠢ ᠶᠢ ᠪᠤᠢ ᠪᠤᠯᠭᠠᠵᠤ᠂ | ᠪᠤᠳᠠᠳᠠᠢ ᠶᠢ ᠡᠷᠬᠢᠮᠯᠡᠭᠰᠡᠨ ᠬᠡᠷᠡᠭᠴᠡᠭᠡ ᠲᠠᠢ ᠱᠠᠯᠠᠪᠳᠠᠭᠤᠯᠤᠨ ᠰᠢᠢᠳᠪᠦᠷᠢᠯᠡᠭᠦᠯᠬᠦ ᠳᠦᠷᠢᠮ᠂ ᠱᠠᠩᠨᠠᠵᠤ ᠳᠤᠷᠭᠠᠬᠤ | ᠳᠦᠷᠢᠮ᠂ ᠬᠠᠷᠢᠭᠤᠴᠠᠯᠭ᠎ᠠ ᠳᠣᠯᠭᠠᠬᠤ ᠳᠦᠷᠢᠮ ᠢ ᠪᠠᠶᠢᠭᠤᠯᠵᠤ᠂ ᠵᠤᠬᠢᠶᠠᠨ ᠪᠠᠶᠢᠭᠤᠯᠤᠯᠳᠠ ᠶᠢᠨ ᠵᠠᠷᠴᠢᠮ᠂ | ᠺᠠᠳ᠋ᠷ ᠤᠨ ᠰᠠᠬᠢᠯᠭ᠎ᠠ ᠪᠠᠳᠤ᠂ ᠭᠠᠪᠢᠶ᠎ᠠ ᠤᠰᠤᠯ ᠵᠦᠪ ᠪᠤᠷᠤᠭᠤ ᠪᠠᠷ ᠡᠯ᠎ᠠ ᠱᠠᠳᠤᠨ ᠤ ᠺᠠᠳ᠋ᠷ ᠤᠨ | ᠨᠠᠶᠢᠳᠠᠪᠤᠷᠢᠵᠢᠭᠤᠯᠬᠤ ᠶᠢ ᠠᠳᠬᠤᠬᠤ ᠴᠢᠳᠠᠪᠣᠷᠢ ᠶᠢ ᠰᠢᠯᠭᠠᠵᠤ᠂ ᠨᠠᠶᠢᠳᠠᠪᠤᠷᠢᠵᠢᠭᠤᠯᠬᠤ ᠶᠢ ᠠᠳᠬᠤᠬᠤ ᠳᠣᠮᠳᠠ | ᠺᠠᠳ᠋ᠷ ᠤᠨ ᠨᠠᠮᠴᠢ ᠴᠢᠨᠠᠷ ᠤᠨ ᠪᠤᠯᠪᠠᠰᠤᠷᠠᠯ᠂ ᠴᠢᠳᠠᠪᠤᠷᠢ ᠬᠡᠪ ᠪᠤᠯᠪᠠᠰᠤᠷᠠᠯ᠂ ᠤᠶᠤᠨ ᠰᠠᠨᠠᠭᠠᠨ ᠤ ᠳᠦᠷᠰᠦ ᠪᠠᠶᠢᠳᠠᠯ | ᠪᠠ ᠠᠵᠢᠯ ᠤᠨ ᠠᠮᠵᠢᠯᠳᠠ ᠪᠦᠳᠦᠮᠵᠢ ᠶᠢ ᠦᠵᠡᠵᠦ᠂ ᠦᠨᠡᠨᠭᠦ ᠠᠳᠬᠤᠨ ᠪᠤᠳᠠᠳᠠᠢ ᠠᠵᠢᠯᠯᠠᠬᠤ ᠵᠤᠷᠢᠭ ᠰᠠᠨᠠᠭ᠎ᠠ ᠪᠠᠷ | ᠡᠯ᠎ᠠ ᠵᠦᠢᠯ ᠤᠨ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠭᠦ ᠲᠠᠯ᠎ᠠ ᠪᠠᠷ ᠪᠦᠲᠦᠮᠵᠢᠳᠠᠢ ᠲᠤᠤᠱᠯᠠᠭᠤᠯᠤᠨ | ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠳᠡᠢ᠃ | ᠲᠦᠯᠦᠬᠡᠯᠡᠭᠴᠢᠳ ᠡ᠂ ᠨᠦᠬᠦᠳ ᠡ︕ ᠴᠠᠭ ᠦᠶ᠎ᠠ ᠠᠴᠠ ᠮᠠᠨ ᠳᠤ ᠤᠯᠭᠤᠭᠰᠠᠨ ᠳᠡᠦᠬᠡᠳᠦ ᠡᠬᠦᠷᠬᠡ | ᠢᠷᠠᠭᠤ ᠠᠯᠳᠠᠷ ᠲᠠᠢ ᠮᠦᠷᠳᠡᠬᠡᠨ ᠡᠷᠬᠢᠮ ᠳᠡᠬᠡᠳᠤ᠂ ᠠᠷᠠᠳ ᠲᠦᠮᠡᠨ ᠠᠴᠠ ᠮᠠᠨ ᠳᠤ ᠳᠠᠯᠪᠢᠵᠣ ᠪᠠᠶᠢᠭ᠎ᠠ ᠬᠦᠰᠡᠯ | ᠨᠠᠶᠢᠳᠠᠯᠭ᠎ᠠ ᠴᠢᠩ ᠰᠡᠳᠬᠢᠯ ᠤᠨ ᠮᠦᠷᠳᠡᠬᠡᠨ ᠨᠦᠰᠡᠷ ᠬᠦᠨᠳᠦ᠃ ᠪᠢᠳᠡ ᠰᠢ ᠶᠢᠨ ᠫᠢᠩ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠳᠤᠭᠤᠷᠢᠨ ᠳᠤ ᠨᠡᠩ ᠨᠢᠭᠳᠠᠷᠠᠨ ᠪᠦᠯᠬᠦᠮᠳᠡᠵᠦ᠂ ᠰᠠᠬᠢᠨ ᠪᠠᠷᠠᠯᠠᠵᠤ | ᠬᠠᠷᠢᠯᠴᠠᠨ ᠬᠠᠪᠰᠤᠷᠣᠯᠴᠠᠵᠤ᠂ ᠪᠦᠯᠬᠦᠮᠳᠡᠨ ᠳᠠᠪᠰᠢᠵᠤ᠂ ᠴᠤᠴᠠᠯᠳᠠ ᠦᠬᠡᠢ ᠤᠷᠤᠭᠰᠢᠯᠠᠨ᠂ ᠴᠢᠨᠡᠬᠡᠯᠢᠭ ᠨᠡᠶᠢᠬᠡᠮ ᠢ | ᠪᠦᠬᠦ ᠳᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠳᠡᠮᠡᠴᠡᠨ ᠤᠯᠬᠤ ᠰᠢᠨ᠎ᠡ ᠪᠠᠶᠢᠳᠠᠯ ᠢ ᠳᠠᠰᠤᠷᠠᠯᠳᠠ ᠦᠬᠡᠢ | ᠨᠡᠭᠡᠭᠡᠵᠦ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢᠶᠠᠨ ᠨᠡᠩ ᠦᠵᠡᠰᠬᠦᠯᠡᠩᠳᠤ ᠰᠠᠶᠢᠬᠠᠨ | ᠪᠤᠯᠭᠠᠨ ᠪᠦᠳᠦᠬᠡᠨ ᠪᠠᠶᠢᠭᠤᠯᠵᠤ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠬᠡᠨ ᠵᠠᠰᠠᠬᠤ ᠤᠷᠤᠨ | ᠪᠠᠶᠢᠭᠤᠯᠤᠭᠳᠠᠭᠰᠠᠨ 70 ᠵᠢᠯ ᠤᠨ ᠤᠢ ᠪᠠᠨ ᠪᠡᠯᠬᠡᠯᠡᠵᠦ᠂ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ | ᠠᠮᠵᠢᠯᠳᠠ ᠲᠠᠢ ᠬᠤᠷᠠᠯᠳᠤᠬᠤ ᠶᠢ ᠤᠭᠳᠤᠵᠠᠭᠠᠶ᠎ᠠ︕ ᠬᠠᠮᠤᠭ ᠤᠨ ᠰᠡᠭᠦᠯ ᠳᠤ᠂ ᠶᠡᠭᠡ ᠬᠤᠷᠠᠯ ᠤᠨ | ᠳᠡᠷᠢᠬᠦᠯᠡᠭᠴᠢᠳ ᠤᠨ ᠪᠦᠯᠬᠦᠮ ᠢ ᠲᠦᠯᠦᠭᠡᠯᠡᠨ᠂ ᠪᠦᠬᠦ ᠠᠷᠠᠳ ᠤᠨ ᠲᠦᠯᠦᠬᠡᠯᠡᠭᠴᠢ᠂ ᠰᠤᠯᠠ ᠤᠷᠤᠯᠴᠠᠭᠰᠠᠳ ᠲᠤ᠂ | ᠶᠡᠭᠡ ᠬᠤᠷᠠᠯ ᠳᠤ ᠬᠦᠴᠦ ᠬᠦᠳᠡᠯᠮᠦᠷᠢ ᠪᠠᠨ ᠡᠷᠭᠦᠭᠰᠡᠨ ᠪᠦᠬᠦ ᠠᠵᠢᠯᠳᠠᠨ᠂ ᠳᠤᠳᠤᠭᠠᠳᠤ ᠶᠢ ᠬᠠᠮᠠᠭᠠᠯᠬᠠᠤ ᠺᠠᠳ᠋ᠷ | ᠴᠠᠭᠳᠠᠭ᠎ᠠ᠂ ᠰᠤᠨᠢᠨ ᠮᠡᠳᠡᠬᠡᠨ ᠤ ᠠᠵᠢᠯᠳᠠᠨ ᠳᠤ᠂ ᠬᠦᠬᠡᠬᠤᠳᠠ ᠵᠢᠴᠢ ᠶᠡᠭᠡ ᠬᠤᠷᠠᠯ ᠳᠤ ᠦᠢᠯᠡᠴᠢᠯᠡᠬᠦ ᠳᠤ ᠬᠤᠪᠢ | ᠨᠡᠮᠡᠷᠢ ᠦᠵᠡᠬᠦᠯᠦᠭᠰᠡᠨ ᠨᠢᠬᠡᠴᠡ ᠪᠠ ᠨᠦᠬᠦᠳ ᠲᠤ᠂ ᠦᠨᠡᠨ ᠰᠡᠳᠬᠢᠯ ᠠᠴᠠ ᠪᠠᠨ ᠳᠠᠯᠠᠷᠬᠠᠵᠣ ᠪᠠᠶᠢᠨ᠎ᠠ︕ | ᠴᠠᠭᠠᠨ ᠰᠠᠷ᠎ᠠ ᠣᠳᠠᠯ ᠦᠭᠡᠢ ᠬᠦᠷᠴᠦ ᠢᠷᠡᠬᠦ ᠪᠣᠯᠣᠯ᠎ᠠ᠂ ᠡᠨᠡᠬᠦ ᠳᠤᠬᠢᠶᠠᠯ ᠢᠶᠠᠷ ᠪᠢ ᠤᠯᠠᠨ ᠳᠤ | ᠣᠷᠢᠳᠴᠢᠯᠠᠨ ᠴᠠᠭᠠᠨ ᠰᠠᠷ᠎ᠠ ᠶᠢᠨ ᠮᠡᠨᠳᠦ ᠬᠦᠷᠬᠡᠵᠦ ᠪᠠᠶᠢᠨ᠎ᠠ᠂ ᠤᠯᠠᠨ ᠢᠶᠠᠷ ᠢᠶᠠᠨ ᠰᠢᠨ᠎ᠡ ᠵᠢᠯ ᠳᠡᠭᠡᠨ ᠠᠵᠢᠯ | ᠦᠢᠯᠡᠰ ᠠᠮᠵᠢᠯᠳᠠ ᠲᠠᠢ᠂ ᠪᠡᠶ᠎ᠠ ᠮᠠᠬᠠᠪᠤᠳ ᠡᠷᠡᠬᠦᠯ ᠴᠢᠬᠢᠷᠠᠭ᠂ ᠬᠡᠷ ᠬᠤᠳᠠᠯᠠᠭᠠᠷ ᠢᠶᠠᠨ ᠵᠤᠯ ᠵᠢᠷᠭᠠᠯ ᠲᠠᠢ | ᠪᠠᠶᠢᠬᠤ ᠶᠢ ᠵᠦᠩᠨᠡᠶ᠎ᠠ︕ |