ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠵᠢᠴᠢ ᠮᠤᠩᠭᠤᠯ ᠬᠢᠳᠠᠳ ᠡᠮ ᠡᠮᠨᠡᠯᠭᠡ ᠶᠢᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/1/22
     1 ᠳ᠋ᠤᠭᠡᠷ ᠰᠠᠷ᠎ᠠ ᠶᠢᠨ 20᠎ ᠤ ᠡᠳᠦᠷ᠂ ᠪᠦᠬᠦ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠵᠢᠴᠢ ᠮᠤᠩᠭᠤᠯ ᠬᠢᠳᠠᠳ ᠡᠮ ᠡᠮᠨᠡᠯᠭᠡ ᠶᠢᠨ ᠠᠵᠢᠯ ᠤᠨ ᠬᠤᠷᠠᠯ ᠢ ᠬᠦᠬᠡᠬᠤᠳᠠ ᠳᠤ ᠬᠤᠷᠠᠯᠳᠤᠭᠤᠯᠵᠠᠢ᠃ ᠬᠤᠷᠠᠯ ᠳᠤ 2016 ᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠠᠵᠢᠯ ᠢᠶᠠᠨ ᠳ᠋ᠦᠡᠭᠨᠡᠬᠦ ᠶᠢᠨ ᠵᠡᠷᠭᠡᠪᠡᠷ ᠡᠨᠡ ᠵᠢᠯ ᠤᠨ ᠠᠵᠢᠯ ᠳᠠᠭᠠᠨ ᠪᠠᠶᠢᠷᠢᠯᠠᠭᠤᠯᠤᠯᠲᠠ ᠬᠢᠵᠠᠢ᠃      ᠯᠢᠤ ᠰᠢᠨ ᠯᠧ ᠵᠢᠭᠠᠵᠦ ᠭᠠᠷᠭᠠᠭᠰᠠᠨ ᠨᠢ᠂ ᠦᠩᠭᠡᠷᠡᠭᠰᠡᠨ ᠨᠢᠭᠡ ᠵᠢᠯ ᠳᠤ᠂ ᠮᠠᠨ ᠤ ᠤᠷᠤᠨ ᠤ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠰᠢᠨ᠎ᠡ ᠰᠢᠪᠳᠤᠯᠤᠯᠳᠠ ᠶᠢ ᠪᠡᠶᠡᠯᠡᠬᠦᠯᠵᠠᠢ᠂ ᠬᠤᠶᠠᠷ ᠭᠡᠦᠭᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠭᠡᠷᠡᠭᠵᠢᠬᠦᠯᠵᠦ᠂ ᠭᠤᠤᠯᠳᠠᠯᠭ᠎ᠠ ᠲᠠᠢ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠡᠮᠴᠢᠯᠡᠭᠡᠨ ᠤ ᠦᠢᠯᠡᠴᠢᠯᠡᠭᠡᠨ ᠤ ᠶᠠᠰᠤ ᠴᠢᠨᠠᠷ ᠪᠤᠯᠤᠨ ᠲᠦᠪᠰᠢᠨ ᠮᠡᠳᠡᠭᠳᠡᠮ᠎ᠡ ᠳᠡᠭᠡᠭᠰᠢᠯᠡᠵᠦ᠂ ᠪᠦᠬᠦ ᠤᠷᠤᠨ ᠤ ᠠᠷᠠᠳ ᠲᠦᠮᠡᠨ ᠤ ᠡᠷᠡᠬᠦᠯ ᠮᠡᠨᠳᠦ ᠶᠢᠨ ᠲᠦᠪᠰᠢᠨ ᠤᠯᠠᠮ ᠨᠢᠭᠡ ᠠᠯᠬᠤᠮ ᠳᠡᠭᠡᠭᠰᠢᠯᠡᠪᠡ᠃      ᠯᠢᠤ ᠰᠢᠨ ᠯᠧ ᠴᠢᠬᠤᠯᠠᠴᠢᠯᠠᠭᠰᠠᠨ ᠨᠢ᠂ 2017 ᠤᠨ ᠳᠤ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠠᠴᠠ ᠨᠠᠮ ᠤᠨ ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠰᠢᠢᠳᠪᠦᠷᠢᠳᠦ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠬᠦᠷᠢᠶ᠎ᠡ ᠬᠡᠪᠴᠢᠶ᠎ᠡ ᠪᠤᠯᠤᠨ ᠵᠠᠩᠬᠢᠯᠠᠭ᠎ᠠ ᠶᠢᠨ ᠭᠤᠭᠴᠤᠭᠠᠨ ᠳᠤ ᠴᠢᠭᠯᠡᠬᠦᠯᠵᠦ᠂ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠦᠢᠯᠡᠰ ᠤᠨ ᠦᠭᠡᠷᠡᠴᠢᠯᠡᠯᠳᠡ ᠬᠦᠭᠵᠢᠯᠳᠡ ᠶᠢ ᠬᠠᠮᠳᠤᠷᠠᠨ ᠠᠬᠢᠭᠤᠯᠬᠤ ᠭᠡᠷᠡᠭᠳᠠᠢ᠃ ᠳᠡᠰ ᠬᠤᠪᠢᠶᠠᠨ ᠤᠨᠤᠰᠢᠯᠠᠬᠤ᠂ ᠤᠳᠤ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠳᠠ᠂ ᠪᠦᠬᠦ ᠠᠷᠠᠳ ᠤᠨ ᠡᠮᠨᠡᠯᠭᠡ ᠶᠢᠨ ᠳᠠᠭᠠᠳᠬᠠᠯ᠂ ᠡᠮ ᠤᠨ ᠵᠦᠢᠯᠡᠰ ᠤᠨ ᠬᠠᠩᠭᠠᠯᠭ᠎ᠠ ᠶᠢᠨ ᠪᠠᠲᠤᠯᠠᠭ᠎ᠠ᠂ ᠶᠡᠷᠦᠩᠭᠡᠶᠢᠯᠡᠭᠰᠡᠨ ᠬᠢᠨᠠᠨ ᠬᠠᠮᠢᠶᠠᠷᠤᠯᠳᠠ ᠬᠢᠬᠦ ᠲᠠᠪᠤᠨ ᠲᠦᠷᠦᠯ ᠤᠨ ᠳᠦᠷᠢᠮ ᠤᠨ ᠪᠠᠶᠢᠭᠤᠯᠤᠯᠲᠠ ᠳᠤ ᠰᠠᠭᠤᠷᠢᠯᠠᠵᠦ᠂ ᠡᠮ ᠡᠮᠨᠡᠯᠭᠡ ᠡᠷᠡᠬᠦᠯ ᠬᠠᠮᠠᠭᠠᠯᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠢ ᠠᠬᠢᠭᠤᠯᠬᠤ ᠭᠡᠷᠡᠭᠳᠠᠢ᠃ ᠡᠷᠡᠬᠦᠯ ᠮᠡᠨᠳᠦ ᠪᠠᠷ ᠶᠠᠳᠠᠭᠤ ᠶᠢ ᠳᠡᠳᠬᠦᠬᠦ ᠠᠵᠢᠯ ᠤᠨ ᠲᠤᠭᠳᠠᠴᠠ ᠶᠢ ᠲᠠᠰᠤᠷᠠᠯᠳᠠ ᠦᠭᠡᠢ ᠲᠡᠬᠦᠯᠳᠡᠷᠵᠢᠬᠦᠯᠵᠦ᠂ ᠪᠡᠯᠡ ᠤᠷᠤᠭᠤᠯᠤᠯᠳᠠ ᠶᠢᠨ ᠬᠦᠴᠦᠯᠡᠴᠡ ᠪᠠᠨ ᠨᠡᠮᠡᠭᠳᠡᠭᠦᠯᠵᠤ᠂ ᠡᠷᠡᠬᠦᠯ ᠮᠡᠨᠳᠦ ᠪᠠᠷ ᠶᠠᠳᠠᠭᠤ ᠶᠢ ᠳᠡᠳᠭᠦᠬᠦ ᠠᠵᠢᠯ ᠢ ᠠᠬᠢᠭᠤᠯᠵᠦ᠂ ᠶᠠᠳᠠᠭᠤ ᠬᠦᠴᠢᠷᠳᠡᠯᠳᠠᠢ ᠬᠦᠮᠦᠨ ᠠᠮᠠ ᠶᠢᠨ ᠪᠡᠶ᠎ᠡ ᠮᠠᠬᠠᠪᠤᠳ ᠤᠨ ᠡᠷᠡᠬᠦᠯ ᠮᠡᠨᠳᠦ ᠶᠢ ᠴᠢᠷᠮᠠᠶᠢᠨ ᠬᠠᠮᠠᠭᠠᠯᠠᠬᠤ ᠭᠡᠷᠡᠭᠳᠠᠢ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ︽ᠳᠠᠷᠤᠢ ᠳᠤᠨᠢ ᠬᠦᠢᠴᠡᠳᠬᠡᠬᠦ︾ ᠵᠤᠷᠢᠭ ᠰᠠᠨᠠᠭ᠎ᠠ᠂ ᠬᠠᠳᠠᠭᠠᠰᠤ ᠬᠠᠳᠠᠬᠤ ᠵᠤᠷᠢᠭ ᠰᠠᠨᠠᠭ᠎ᠠ ᠪᠤᠯᠤᠨ ︽ᠮᠤᠩᠭᠤᠯ ᠮᠤᠷᠢ︾᠎ ᠶᠢᠨ ᠵᠤᠷᠢᠭ ᠰᠠᠨᠠᠭ᠎ᠠ ᠶᠢ ᠪᠠᠳᠠᠷᠠᠭᠤᠯᠵᠦ᠂ ᠪᠦᠬᠦ ᠵᠢᠯ ᠳᠤ ᠡᠯ᠎ᠡ ᠲᠦᠷᠦᠯ ᠤᠨ ᠬᠠᠷᠠᠯᠳᠠᠳᠦ ᠡᠬᠦᠷᠭᠡ ᠶᠢ ᠪᠤᠳᠠᠳᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠭᠡᠷᠡᠭᠳᠠᠢ ᠭᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号