| 1 ᠳ᠋ᠦ᠋ᠭᠡᠷ ᠰᠠᠷ᠎ᠠ ᠶᠢᠨ 20 ᠤ ᠡᠳᠦᠷ᠂ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠰᠣᠨᠢᠨ ᠮᠡᠳᠡᠭᠡᠨ ᠤ ᠠᠯᠪᠠᠨ ᠭᠡᠷ ᠤᠨ ᠡᠷᠭᠢᠯᠡᠭᠰᠡᠨ 2016 ᠣᠨ ᠤ | ᠪᠦᠬᠦ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠳᠡᠭᠡᠷ᠎ᠡ ᠠᠴᠠ | ᠣᠶᠢᠯᠠᠭᠠᠵᠤ ᠮᠡᠳᠡᠭᠰᠡᠨ ᠨᠢ᠂ 2016 ᠣᠨ ᠳᠤ ᠮᠠᠨ ᠤ ᠣᠷᠣᠨ ᠤ ᠠᠵᠤ ᠠᠬᠤᠶ ᠶᠢᠨ ᠠᠵᠢᠯᠯᠠᠭᠠᠨ ᠤ ᠪᠠᠶᠢᠳᠠᠯ | ᠶᠡᠷᠦᠩᠬᠡᠶ ᠳᠡᠭᠡᠨ ᠲᠣᠭᠲᠠᠭᠤᠨ ᠪᠠᠶᠢᠵᠤ᠂ ᠲᠣᠭᠲᠠᠭᠤᠨ ᠤ ᠳᠤᠮᠳᠠ ᠤᠷᠤᠭᠰᠢᠯᠠᠯᠲᠠ ᠲᠠᠢ᠂ ᠲᠣᠭᠲᠠᠭᠤᠨ ᠤ ᠳᠤᠮᠳᠠ | ᠴᠢᠨᠠᠷ ᠤᠨ ᠳᠡᠭᠡᠭᠰᠢᠯᠡᠯᠲᠡ ᠲᠠᠢ᠂ ᠲᠣᠭᠲᠠᠭᠤᠨ ᠤ ᠳᠤᠮᠳᠠ ᠰᠠᠶᠢᠵᠢᠷᠠᠯᠲᠠ ᠲᠠᠢ ᠪᠣᠯᠵᠤ᠂ ᠪᠦᠬᠦ ᠵᠢᠯ ᠤᠨ ᠭᠤᠣᠯ | ᠬᠠᠷᠠᠯᠲᠠ ᠶᠢ ᠨᠡᠯᠢᠶᠡᠳ ᠰᠠᠶᠢᠨ ᠪᠡᠶᠡᠯᠡᠭᠦᠯᠦᠭᠰᠡᠨ ᠪᠠᠶᠢᠨ᠎ᠠ᠃ ᠠᠩᠬ᠎ᠠ ᠲᠣᠭᠠᠴᠠᠭᠠᠯᠲᠠ ᠶᠢ ᠦᠨᠳᠦᠰᠦᠯᠡᠪᠡᠯ᠂ ᠪᠦᠬᠦ | ᠵᠢᠯ ᠳᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ18632.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ | ᠬᠠᠷᠢᠴᠠᠭᠤᠯᠵᠤ ᠪᠣᠯᠬᠤᠶᠢᠴᠠ ᠦᠨ᠎ᠡ ᠪᠠᠷ ᠪᠤᠳᠤᠪᠠᠯ᠂ ᠳᠡᠭᠡᠷ᠎ᠡ ᠵᠢᠯ ᠤᠨ ᠬᠢ ᠠᠴᠠ 7.2% ᠢᠶᠠᠷ ᠨᠡᠮᠡᠭᠳᠡᠨ᠂ ᠪᠦᠬᠦ | ᠤᠯᠤᠰ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.5 ᠵᠠᠭᠤᠨ ᠤ ᠴᠡᠭ ᠢᠶᠠᠷ ᠦᠨᠳᠦᠷ ᠪᠣᠯᠪᠠ᠃ ᠭᠤᠣᠯ | ᠢᠯᠡᠷᠡᠯ ᠨᠢ ᠭᠡᠪᠡᠯ ᠲᠠᠷᠢᠶᠠᠯᠠᠩ ᠮᠠᠯ ᠠᠵᠤ ᠠᠬᠤᠶ ᠶᠢᠨ ᠰᠠᠭᠤᠷᠢ ᠦᠷᠭᠦᠯᠵᠢᠯᠡᠨ ᠪᠠᠬᠢᠵᠢᠭ᠍ᠰᠡᠨ︔ ᠠᠵᠤ | ᠦᠢᠯᠡᠳᠪᠦᠷᠢ ᠶᠢᠨ ᠠᠵᠤ ᠠᠬᠤᠶ ᠶᠢᠨ ᠴᠢᠨᠠᠷ ᠨᠢ ᠳᠡᠭᠡᠭᠰᠢᠯᠡᠨ ᠪᠦᠲᠦᠮᠵᠢ ᠨᠢ ᠨᠡᠮᠡᠭᠳᠡᠭᠰᠡᠨ︔ ᠪᠡᠯᠡ | ᠣᠷᠣᠭᠤᠯᠤᠯᠲᠠ ᠲᠥᠷᠭᠡᠳᠴᠦ ᠰᠢᠯᠢᠳᠡᠭ ᠢ ᠲᠣᠬᠢᠷᠠᠭᠤᠯᠤᠨ ᠲᠤᠲᠠᠭᠤᠳᠠᠯ ᠢ ᠨᠥᠬᠦᠪᠦᠷᠢᠯᠡᠭᠰᠡᠨ︔ ᠬᠡᠷᠡᠭᠯᠡᠭᠡ | ᠬᠦᠭᠵᠢᠶᠡᠨ ᠲᠠᠢ ᠪᠠᠶᠢᠵᠤ ᠪᠦᠲᠦᠴᠡ ᠳᠡᠰ ᠳᠡᠪᠰᠢᠭᠰᠡᠨ︔ ᠭᠠᠳᠠᠭᠠᠳᠤ ᠠᠷᠠᠯᠵᠢᠶ᠎ᠠ ᠶᠢᠨ ᠪᠠᠭᠤᠷᠠᠯᠲᠠ ᠶᠢᠨ ᠬᠡᠮᠵᠢᠶ᠎ᠡ | ᠪᠠᠭᠠᠰᠤᠭᠰᠠᠨ︔ ᠬᠡᠷᠡᠭᠯᠡᠭᠡᠨ ᠤ ᠦᠨ᠎ᠡ ᠬᠠᠩᠰᠢ ᠠᠯᠭᠤᠷᠬᠠᠨ ᠨᠡᠮᠡᠭᠳᠡᠭᠰᠡᠨ︔ ᠰᠠᠭᠤᠭᠠᠯᠢ ᠠᠷᠠᠳ ᠤᠨ ᠣᠷᠣᠯᠭ᠎ᠠ | ᠲᠣᠭᠲᠠᠭᠤᠨ ᠢᠶᠠᠷ ᠨᠡᠮᠡᠭᠳᠡᠭᠰᠡᠨ︔ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ | ᠢᠯᠡᠳᠲᠡ ᠪᠦᠲᠦᠮᠵᠢ ᠣᠯᠣᠭᠰᠠᠨ︔ ᠡᠨᠧᠷᠭᠢ ᠠᠷᠪᠢᠯᠠᠵᠤ ᠬᠤᠷᠣᠭᠳᠠᠯ ᠢ ᠪᠠᠭᠠᠰᠬᠠᠬᠤ ᠠᠵᠢᠯ ᠯᠠᠪᠳᠠᠭᠤᠨ ᠢᠶᠠᠷ | ᠠᠬᠢᠭᠭᠰᠠᠨ︔ ᠬᠥᠮᠦᠨ ᠠᠮᠠ ᠶᠢᠨ ᠶᠡᠷᠦᠩᠬᠡᠶ ᠲᠤᠭ᠎ᠠ ᠲᠣᠭᠲᠠᠭᠤᠨ ᠢᠶᠠᠷ ᠨᠡᠮᠡᠭᠳᠡᠭᠰᠡᠨ ᠪᠠᠶᠢᠨ᠎ᠠ᠃ |