1 ᠳ᠋ᠦ᠋ᠭᠡᠷ ᠰᠠᠷ᠎ᠠ ᠶᠢᠨ 20 ᠤ ᠡᠳᠦᠷ᠂ ᠪᠦᠬᠦ ᠤᠷᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ | ᠠᠵᠢᠯ ᠤᠨ ᠶᠠᠷᠢᠯᠴᠬᠠᠤ ᠬᠤᠷᠠᠯ ᠬᠦᠭᠡᠬᠤᠳᠠ ᠳᠤ ᠬᠤᠷᠠᠯᠳᠤᠪᠠ᠃ ᠬᠤᠷᠠᠯ ᠠᠴᠠ ᠲᠦᠪ ᠤᠨ ᠠᠵᠤ ᠠᠬᠤᠢ ᠶᠢᠨ | ᠬᠤᠷᠠᠯ᠂ ᠪᠦᠬᠦ ᠤᠯᠤᠰ ᠤᠨ ᠡᠳ᠋ ᠤᠨ ᠵᠠᠰᠠᠭ ᠤᠨ ᠠᠵᠢᠯ ᠤᠨ ᠬᠤᠷᠠᠯ ᠪᠤᠯᠤᠨ ᠭᠠᠶᠢᠯᠢ ᠶᠢᠨ ᠶᠠᠪᠤᠳᠠᠯ ᠤᠨ ᠠᠵᠢᠯ | ᠤᠨ ᠬᠤᠷᠠᠯ ᠤᠨ ᠵᠤᠷᠢᠭ ᠰᠠᠨᠠᠭ᠎ᠠ ᠶᠢ ᠪᠦᠬᠦ ᠳᠠᠯ᠎ᠠ ᠪᠠᠷ ᠰᠤᠷᠤᠯᠴᠠᠨ ᠳᠤᠤᠱᠯᠠᠭᠤᠯᠵᠤ᠂ ᠦᠪᠡᠷᠳᠡᠭᠡᠨ ᠵᠠᠰᠬᠠᠤ | ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ᠂ ᠦᠪᠡᠷᠳᠡᠭᠡᠨ ᠵᠠᠰᠬᠠᠤ | ᠤᠷᠤᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠪᠦᠭᠦᠳᠡ ᠬᠤᠷᠠᠯ᠂ ᠦᠪᠡᠷᠳᠡᠭᠡᠨ | ᠵᠠᠰᠠᠬᠤ ᠤᠷᠤᠨ ᠤ ︽ᠬᠤᠶᠠᠷ ᠬᠤᠷᠠᠯ︾ ᠤᠨ ᠵᠤᠷᠢᠭ ᠰᠠᠨᠠᠭ᠎ᠠ ᠶᠢ ᠬᠦᠨᠵᠡᠭᠡᠢ ᠨᠠᠶᠢᠳᠠᠪᠤᠷᠢᠵᠢᠭᠤᠯᠵᠤ᠂ ᠨᠢᠳᠤᠨᠤᠨ | ᠵᠢᠯ ᠤᠨ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠢᠶᠠᠨ ᠬᠢᠨᠠᠮᠠᠭᠠᠢ ᠳ᠋ᠦᠩᠨᠠᠵᠤ᠂ ᠡᠨᠡ ᠵᠢᠯ ᠤᠨ ᠡᠳ᠋ ᠤᠨ | ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠢᠶᠠᠨ ᠰᠤᠳᠤᠯᠤᠨ ᠪᠠᠶᠢᠷᠢᠯᠠᠭᠤᠯᠵᠠᠢ᠃ | ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠡᠰᠢᠭᠦᠨ᠂ ᠦᠪᠡᠷᠳᠡᠭᠡᠨ ᠵᠠᠰᠠᠬᠤ | ᠤᠷᠤᠨ ᠤ ᠪᠠᠶᠢᠩᠭᠤ ᠶᠢᠨ ᠳᠡᠳ᠋ ᠳᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠤᠷᠤᠯᠴᠠᠨ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ᠂ ᠥᠪᠡᠷᠲᠡᠭᠡᠨ ᠵᠠᠰᠠᠬᠤ ᠤᠷᠤᠨ ᠤ ᠲᠡᠷᠢᠭᠦᠯᠡᠭᠴᠢ ᠪᠦ᠋ | ᠰᠢᠶᠤᠤ ᠯᠢᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠤᠨ ᠳᠤᠬᠠᠢ ᠴᠢᠬᠤᠯᠠ ᠴᠤᠬᠤᠯᠠᠪᠤᠷᠢ ᠶᠢ | ᠤᠯᠠᠮᠵᠢᠯᠠᠭᠰᠠᠨ ᠪᠦᠭᠡᠳ ᠴᠢᠬᠤᠯᠠ ᠶᠠᠷᠢᠶ᠎ᠠ ᠳᠠᠯᠪᠢᠪᠡ᠃ | 2016 ᠣᠨ ᠳᠤ᠂ ᠪᠦᠬᠦ ᠤᠷᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠠᠵᠢᠯ ᠰᠠᠶᠢᠨ ᠬᠢᠷᠢ | ᠪᠦᠳᠦᠮᠵᠢ ᠤᠯᠵᠤ᠂ ᠡᠳ᠋ ᠤᠨ ᠵᠠᠰᠠᠭ ᠤᠨ ᠶᠡᠷᠦᠩᠭᠡᠶᠢᠯᠡᠭᠰᠡᠨ ᠪᠤᠳᠠᠳᠤ ᠬᠦᠴᠦᠨ ᠢᠯᠡᠷᠭᠡᠢ ᠨᠡᠮᠡᠭᠳᠡᠨ᠂ ᠡᠩ ᠤᠨ | ᠤᠯᠠᠨ ᠨᠠᠶᠢᠳᠠ ᠶᠢᠨ ᠲᠦᠰᠦᠪ ᠤᠨ ᠤᠷᠤᠯᠭ᠎ᠠ ᠠᠩᠬ᠎ᠠ ᠤᠳᠠᠭ᠎ᠠ 2000 ᠳ᠋ᠦᠩᠰᠢᠭᠤᠷ ᠲᠦᠭᠦᠷᠢᠭ ᠤᠨ ᠶᠡᠭᠡ | ᠪᠤᠭᠤᠮᠳᠠ ᠶᠢ ᠲᠠᠪᠠᠵᠠᠢ︔ ᠡᠳ᠋ ᠤᠨ ᠵᠠᠰᠠᠭ ᠤᠨ ᠪᠠᠳᠤᠯᠠᠭ᠎ᠠ ᠶᠢᠨ ᠴᠢᠳᠠᠪᠤᠷᠢ ᠦᠷᠭᠦᠯᠵᠢᠯᠡᠨ ᠨᠡᠮᠡᠭᠳᠡᠨ᠂ ᠠᠷᠠᠳ | ᠤᠨ ᠠᠮᠢᠳᠤᠷᠠᠯ ᠤᠨ ᠵᠠᠷᠤᠯᠭ᠎ᠠ ᠶᠡᠷᠦᠩᠭᠡᠢ ᠵᠠᠷᠤᠯᠭ᠎ᠠ ᠶᠢᠨ 66% ᠶᠢ ᠡᠵᠡᠯᠡᠪᠡ︔ ᠡᠳ᠋ ᠤᠨ ᠵᠠᠰᠠᠭ ᠭᠠᠶᠢᠯᠢ ᠶᠢᠨ | ᠶᠠᠪᠤᠳᠠᠯ ᠤᠨ ᠰᠠᠯᠠᠭ᠎ᠠ ᠮᠦᠴᠢᠷ ᠤᠨ ᠦᠢᠯᠡᠴᠢᠯᠡᠭᠡ ᠶᠢᠨ ᠬᠦᠭᠵᠢᠯᠳᠡ ᠳᠤ ᠦᠢᠯᠡᠴᠢᠯᠡᠬᠦ ᠴᠢᠳᠠᠪᠤᠷᠢ ᠮᠡᠳᠡᠭᠳᠡᠮ᠎ᠠ | ᠲᠡᠭᠡᠭᠰᠢᠯᠡᠨ᠂ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠲᠤᠪᠤᠶᠢᠮ᠎ᠠ | ᠠᠮᠵᠢᠯᠳᠠ ᠤᠯᠵᠠᠢ᠃ | ᠵᠠᠩ ᠵᠢᠶᠠᠨ ᠮᠢᠨ ᠴᠢᠬᠤᠯᠠᠴᠢᠯᠠᠭᠰᠠᠨ ᠨᠢ᠂ ᠡᠨᠡ ᠵᠢᠯ ᠪᠤᠯ ᠦᠪᠡᠷᠳᠡᠭᠡᠨ ᠵᠠᠰᠬᠠᠤ ᠤᠷᠤᠨ ᠤ ᠠᠷᠪᠠᠳᠤᠭᠠᠷ | ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠳᠤᠤᠱᠯᠠᠭᠤᠯᠤᠨ | ᠨᠠᠶᠢᠳᠠᠪᠤᠷᠢᠵᠢᠭᠤᠯᠬᠤ ᠠᠩᠬᠠᠨ ᠤ ᠵᠢᠯ᠂ ︽13·5︾ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠴᠢᠬᠤᠯᠠ ᠵᠢᠯ | ᠪᠤᠯᠤᠨ᠎ᠠ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ︽ᠳᠤᠭᠳᠠᠭᠤᠨ ᠤ | ᠳᠤᠮᠳᠠ ᠤᠷᠤᠭᠰᠢᠯᠠᠨ ᠳᠠᠪᠰᠢᠬᠤ︾ ᠠᠵᠢᠯ ᠤᠨ ᠶᠡᠷᠦᠩᠭᠡᠢ ᠬᠦᠭ ᠠᠶᠠᠰ ᠶᠤᠰᠤᠭᠠᠷ᠂ ᠮᠠᠨ ᠤ ᠤᠷᠤᠨ ᠤ ᠪᠤᠳᠠᠳᠠᠢ | ᠪᠠᠶᠢᠳᠠᠯ ᠲᠠᠢ ᠪᠠᠨ ᠤᠶᠠᠯᠳᠤᠭᠤᠯᠵᠤ᠂ ᠡᠳ᠋ ᠤᠨ ᠵᠠᠰᠠᠭ ᠭᠠᠶᠢᠯᠢ ᠶᠢᠨ ᠤᠷᠤᠯᠭ᠎ᠠ ᠶᠢᠨ ᠡᠭᠦᠷᠭᠡ ᠶᠢ ᠪᠡᠶᠡᠯᠡᠭᠦᠯᠬᠦ᠂ | ᠭᠤᠤᠯᠳᠠᠯᠭ᠎ᠠ ᠲᠠᠢ ᠡᠳ᠋ ᠤᠨ ᠵᠠᠰᠠᠭ ᠤᠨ ᠵᠠᠷᠤᠯᠭ᠎ᠠ ᠶᠢ ᠪᠠᠳᠤᠯᠠᠬᠤ᠂ ᠬᠦᠭᠵᠢᠯᠳᠡ ᠶᠢ ᠠᠬᠢᠭᠤᠯᠬᠤ ᠪᠠ ᠦᠷ᠎ᠠ | ᠠᠰᠢᠭ ᠢ ᠨᠡᠮᠡᠭᠳᠡᠭᠦᠯᠬᠦ ᠶᠢᠨ ᠰᠢᠨ᠎ᠠ ᠶᠢ ᠡᠭᠦᠳᠭᠦ᠂ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠪᠠ ᠬᠠᠮᠢᠶᠠᠷᠤᠯᠳᠠ ᠶᠢ | ᠴᠢᠩᠭᠠᠳᠬᠠᠬᠤ ᠪᠠ ᠡᠳ᠋ ᠤᠨ ᠵᠠᠰᠠᠭ ᠭᠠᠶᠢᠯᠢ ᠶᠢᠨ ᠶᠠᠪᠤᠳᠠᠯ ᠤᠨ ᠰᠠᠯᠠᠭ᠎ᠠ ᠮᠦᠴᠢᠷ ᠤᠨ ᠳᠤᠰ ᠪᠡᠶ᠎ᠠ ᠶᠢᠨ | ᠪᠠᠶᠢᠭᠤᠯᠤᠯᠳᠠ ᠳᠡᠭᠡᠷ᠎ᠠ ᠬᠦᠴᠦᠯᠡᠭᠦ ᠵᠡᠷᠭᠡ ᠤᠨᠢᠨ ᠳᠡᠭᠡᠷ᠎ᠠ ᠨᠢ ᠬᠦᠴᠦᠯᠡᠬᠦ ᠦᠷ᠎ᠠ ᠪᠦᠳᠦᠮᠵᠢᠳᠠᠢ ᠠᠷᠭ᠎ᠠ ᠠᠪᠴᠠᠯ᠂ | ᠪᠤᠴᠠᠯᠳᠠ ᠦᠭᠡᠢ ᠤᠷᠤᠭᠰᠢᠯᠠᠬᠤ ᠵᠤᠷᠢᠭ ᠰᠦᠰᠦ ᠪᠠᠷ ᠪᠦᠬᠦ ᠤᠷᠤᠨ ᠤ ᠡᠳ᠋ ᠤᠨ ᠵᠠᠰᠠᠭ ᠭᠠᠶᠢᠯᠢ ᠶᠢᠨ ᠶᠠᠪᠤᠳᠠᠯ | ᠤᠨ ᠠᠵᠢᠯ ᠢ ᠠᠬᠢᠭᠤᠯᠵᠤ ᠳᠠᠬᠢᠨ ᠰᠢᠨ᠎ᠠ ᠨᠢᠭᠡᠨ ᠳᠡᠭᠳᠡᠷ ᠲᠤ ᠭᠠᠷᠭᠠᠬᠤ ᠬᠡᠷᠡᠭᠳᠠᠢ ᠬᠡᠪᠡ᠃ |