ᠨᠢᠳᠤᠨᠤᠨ ᠥᠪᠥᠷ ᠮᠣᠩᠭᠤᠯ ᠤᠨ ᠬᠤᠲᠠ ᠪᠠᠯᠭᠠᠰᠤᠨ ᠤ 26.84 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠪᠠ
ᠨᠡᠶᠢᠲᠡᠯᠡᠭᠰᠡᠨ ᠴᠠᠭ᠄
2017/1/22
      2016 ᠣᠨ᠂ ᠪᠥᠬᠦ ᠣᠷᠣᠨ ᠤ ᠬᠤᠲᠠ ᠪᠠᠯᠭᠠᠰᠤ ᠶᠢᠨ 26.84 ᠲᠦᠮᠡᠨ ᠬᠥᠮᠦᠨ ᠳᠤ ᠰᠢᠨ᠎ᠡ ᠪᠠᠷ ᠠᠵᠢᠯ ᠣᠯᠭᠤᠵᠤ᠂ ᠣᠨ ᠤ ᠲᠥᠯᠥᠪᠯᠡᠭᠡ ᠶᠢ 103%᠎ ᠪᠠᠷ ᠪᠡᠶᠡᠯᠡᠭᠦᠯᠪᠡ︔ ᠠᠵᠢᠯ ᠠᠯᠳᠠᠭᠰᠠᠨ 5.83 ᠲᠦᠮᠡᠨ ᠬᠥᠮᠦᠨ ᠳᠤ ᠳᠠᠬᠢᠨ ᠠᠵᠢᠯ ᠣᠯᠭᠤᠵᠤ᠂ ᠣᠨ ᠤ ᠲᠥᠯᠥᠪᠯᠡᠭᠡ ᠶᠢ 117%᠎ ᠪᠠᠷ ᠪᠡᠶᠡᠯᠡᠭᠦᠯᠪᠡ᠃ ᠪᠥᠬᠦ ᠣᠷᠣᠨ ᠤ ᠬᠤᠲᠠ ᠪᠠᠯᠭᠠᠰᠤ ᠶᠢᠨ ᠳᠠᠩᠰᠠᠯᠠᠭᠤᠯᠤᠭᠰᠠᠨ ᠠᠵᠢᠯ ᠠᠯᠳᠠᠭᠰᠠᠨ ᠨᠤᠷᠮ᠎ᠠ ᠨᠢ 3.65% ᠪᠠᠶᠢᠵᠤ᠂ ᠵᠢᠯ ᠤᠨ ᠡᠬᠢᠨ ᠎ ᠳᠤ ᠲᠣᠭᠲᠠᠭᠠᠭᠰᠠᠨ ᠬᠢᠵᠠᠭᠠᠷᠯᠠᠬᠤ ᠬᠠᠷᠠᠯᠲᠠ ᠠᠴᠠ 0.35 ᠵᠠᠭᠤᠨ ᠤ ᠴᠡᠭ ᠳᠣᠣᠷ᠎ᠠ ᠪᠠᠶᠢᠨ᠎ᠠ᠃      ᠣᠶᠢᠯᠠᠭᠠᠭᠰᠠᠨ ᠢᠶᠠᠷ᠂ ᠨᠢᠳᠤᠨᠤᠨ ᠠᠴᠠ ᠨᠠᠰᠢ᠂ ᠥᠪᠥᠷ ᠮᠣᠩᠭᠤᠯ ᠤᠨ ᠡᠯ᠎ᠡ ᠱᠠᠲᠤᠨ ᠤ ᠠᠵᠢᠯ ᠣᠯᠭᠤᠬᠤ ᠦᠢᠯᠡᠴᠢᠯᠡᠭᠡᠨ ᠤ ᠪᠠᠶᠢᠭᠤᠯᠤᠮᠵᠢ ᠨᠤᠭᠤᠳ ᠬᠦᠴᠦᠲᠡᠶ ᠠᠷᠭ᠎ᠠ ᠬᠡᠮᠵᠢᠶ᠎ᠡ ᠠᠪᠴᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠶ ᠠᠳᠬᠤᠨ᠂ ᠪᠦᠬᠦ ᠣᠷᠣᠨ ᠤ ᠠᠵᠢᠯ ᠣᠯᠭᠤᠬᠤ ᠠᠵᠢᠯ ᠢ ᠯᠠᠪᠳᠠᠭᠤᠨ ᠢᠶᠠᠷ ᠲᠦᠯᠬᠢᠨ ᠠᠬᠢᠭᠤᠯᠪᠠ᠃ ᠡᠭᠦᠨ ᠤ ᠳᠣᠲᠣᠷ᠎ᠠ᠂ ᠶᠠᠳᠠᠭᠤ ᠬᠦᠴᠢᠷᠳᠡᠯᠲᠡᠶ ᠬᠥᠮᠦᠰ ᠲᠤ ᠲᠤᠰᠠᠯᠠᠮᠵᠢ ᠦᠵᠡᠭᠦᠯᠬᠦ ᠠᠵᠢᠯ ᠢ ᠲᠦᠯᠬᠢᠨ ᠠᠬᠢᠭᠤᠯᠬᠤ ᠲᠠᠯ᠎ᠠ ᠪᠠᠷ᠂ ᠪᠦᠬᠦ ᠣᠷᠣᠨ ᠡᠯ᠎ᠡ ᠵᠦᠢᠯ ᠤᠨ ᠠᠵᠢᠯ ᠣᠯᠭᠤᠬᠤ ᠠᠷᠭ᠎ᠠ ᠵᠠᠮ ᠢᠶᠠᠷ ᠳᠠᠮᠵᠢᠨ ᠠᠵᠢᠯ ᠤᠯᠬᠤ ᠳᠤ ᠬᠦᠴᠢᠷᠲᠡᠶ 6.03 ᠲᠦᠮᠡᠨ ᠬᠦᠮᠦᠨ ᠳᠤ ᠲᠤᠰᠠᠯᠠᠮᠵᠢ ᠦᠵᠡᠭᠦᠯᠵᠦ᠂ ᠭᠤᠶᠤᠴᠢᠯᠠᠨ ᠮᠡᠳᠡᠭᠦᠯᠵᠦ ᠨᠤᠲᠠᠯᠠᠨ ᠲᠣᠭᠲᠠᠭᠠᠯᠭᠠᠭᠰᠠᠨ ᠶᠠᠭ ᠠᠵᠢᠯ ᠣᠯᠭᠤᠯᠲᠠ ᠦᠭᠡᠢ 415 ᠡᠷᠦᠬᠡ ᠶᠢᠨ ᠳᠣᠲᠣᠷ᠎ᠠ ᠠᠴᠠ 421 ᠬᠦᠮᠦᠨ ᠢ ᠬᠠᠪᠰᠤᠷᠤᠨ ᠠᠵᠢᠯ ᠣᠯᠭᠤᠪᠠ᠃ ᠬᠥᠳᠡᠯᠮᠦᠷᠢᠴᠢᠳ ᠤᠨ ᠠᠵᠢᠯ ᠤᠯᠬᠤ ᠴᠢᠳᠠᠪᠤᠷᠢ ᠶᠢ ᠳᠡᠭᠡᠭᠰᠢᠯᠡᠭᠦᠯᠬᠦ ᠲᠠᠯ᠎ᠠ ᠪᠠᠷ᠂ ᠪᠥᠬᠦ ᠣᠷᠣᠨ ᠤ ᠬᠤᠲᠠ ᠪᠠᠯᠭᠠᠰᠤ ᠶᠢᠨ 14.2 ᠲᠦᠮᠡᠨ ᠬᠦᠮᠦᠨ ᠳᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠵᠦ᠂ ᠡᠭᠦᠨ ᠳᠤ ᠪᠣᠯᠪᠠᠰᠤᠷᠠᠭᠤᠯᠤᠯ ᠬᠦᠷᠲᠡᠭᠰᠡᠨ ᠤ ᠲᠠᠷᠠᠭ᠎ᠠ 12.7 ᠲᠦᠮᠡᠨ ᠬᠥᠮᠦᠨ ᠎ ᠳᠤ ᠠᠵᠢᠯ ᠣᠯᠭᠤᠪᠠ︔ 13.49 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠬᠦᠷᠲᠡᠭᠡᠪᠡ︔ 3.16 ᠲᠦᠮᠡᠨ ᠬᠦᠮᠦᠨ ᠳᠤ ᠭᠡᠷ ᠪᠦᠯᠢ ᠶᠢᠨ ᠦᠢᠯᠡᠴᠢᠯᠡᠭᠡᠨ ᠤ ᠠᠵᠤ ᠠᠬᠤᠶᠢᠯᠠᠯ ᠤᠨ ᠠᠵᠢᠯ ᠡᠷᠬᠢᠯᠡᠬᠦ ᠪᠣᠯᠪᠠᠰᠤᠷᠠᠭᠤᠯᠤᠯ ᠬᠦᠷᠲᠡᠭᠡᠪᠡ᠃ ᠠᠳᠠᠯ ᠦᠢᠯᠡᠰ ᠴᠣᠭᠴᠠᠯᠠᠬᠤ ᠳᠤ ᠳᠡᠮᠵᠢᠯᠭᠡ ᠦᠵᠡᠭᠦᠯᠬᠦ ᠶᠢ ᠴᠢᠩᠭᠠᠳᠬᠠᠬᠤ ᠲᠠᠯ᠎ᠠ ᠪᠠᠷ᠂ ᠪᠦᠬᠦ ᠣᠷᠣᠨ ᠤ 5.43 ᠲᠦᠮᠡᠨ ᠬᠦᠮᠦᠨ ᠳᠤ ᠠᠳᠠᠯ ᠦᠢᠯᠡᠰ ᠴᠣᠭᠴᠠᠯᠠᠬᠤ ᠪᠣᠯᠪᠠᠰᠤᠷᠠᠭᠤᠯᠤᠯ ᠬᠦᠷᠲᠡᠭᠡᠨ᠂ ᠪᠣᠯᠪᠠᠰᠤᠷᠠᠭᠤᠯᠤᠯ ᠬᠦᠷᠲᠡᠭᠰᠡᠨ ᠤ ᠳᠠᠷᠠᠭ᠎ᠠ 4.53 ᠲᠦᠮᠡᠨ ᠬᠦᠮᠦᠨ ᠠᠳᠠᠯ ᠦᠢᠯᠡᠰ ᠪᠦᠲᠦᠭᠡᠵᠦ᠂ ᠠᠳᠠᠯ ᠦᠢᠯᠡᠰ ᠴᠣᠭᠴᠠᠯᠠᠯᠲᠠ ᠪᠠᠷ 15.69 ᠲᠦᠮᠡᠨ ᠬᠦᠮᠦᠨ ᠢ ᠳᠠᠶᠢᠴᠢᠯᠠᠨ ᠠᠵᠢᠯ ᠣᠯᠭᠤᠵᠣ᠂ ᠠᠳᠠᠯ ᠦᠢᠯᠡᠰ ᠴᠣᠭᠴᠠᠯᠠᠯᠲᠠ ᠪᠠᠷ ᠠᠵᠢᠯ ᠣᠯᠭᠤᠯᠲᠠ ᠶᠢ ᠳᠠᠶᠢᠴᠢᠯᠠᠭᠰᠠᠨ ᠬᠥᠮᠦᠨ ᠤ ᠲᠤᠭ᠎ᠠ ᠶᠢᠨ ᠬᠠᠷᠢᠴᠠᠯ ᠨᠢ 1:3.46 ᠪᠣᠯᠪᠠ᠃ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠬᠤ ᠶᠢ ᠠᠬᠢᠭᠤᠯᠬᠤ ᠲᠠᠯ᠎ᠠ ᠪᠠᠷ᠂ ᠪᠦᠬᠦ ᠣᠷᠣᠨ ᠤ 256.95 ᠲᠦᠮᠡᠨ ᠮᠠᠯᠴᠢᠨ ᠲᠠᠷᠢᠶᠠᠴᠢᠨ ᠢ ᠰᠢᠯᠵᠢᠭᠦᠯᠦᠨ ᠠᠵᠢᠯ ᠣᠯᠭᠤᠵᠤ᠂ ᠡᠭᠦᠨ ᠳᠤ 210.92 ᠲᠦᠮᠡᠨ ᠬᠦᠮᠦᠨ ᠢ 6 ᠰᠠᠷ᠎ᠠ ᠠᠴᠠ ᠳᠡᠭᠡᠭᠰᠢ ᠰᠢᠯᠵᠢᠭᠦᠯᠪᠡ᠃ ᠠᠮᠢᠳᠤᠷᠠᠯ ᠢ ᠪᠠᠲᠤᠯᠠᠨ ᠠᠵᠢᠯ ᠣᠯᠭᠤᠯᠲᠠ ᠶᠢ ᠠᠬᠢᠭᠤᠯᠬᠤ ᠦᠢᠯᠡᠳᠦᠯ ᠢ ᠪᠠᠳᠠᠷᠠᠭᠤᠯᠬᠤ ᠲᠠᠯ᠎ᠠ ᠪᠠᠷ᠂ ᠪᠦᠬᠦ ᠣᠷᠣᠨ ᠤ 241.13 ᠲᠦᠮᠡᠨ ᠬᠦᠮᠦᠨ ᠠᠵᠢᠯ ᠠᠯᠳᠠᠭᠰᠠᠳ ᠤᠨ ᠳᠠᠭᠠᠳᠬᠠᠯ ᠳᠤ ᠤᠷᠤᠯᠴᠠᠵᠤ᠂ 21.47 ᠳ᠋ᠦᠩᠰᠢᠭᠤᠷ ᠲᠦᠭᠦᠷᠢᠭ ᠤᠨ ᠠᠵᠢᠯ ᠠᠯᠳᠠᠯᠲᠠ ᠶᠢᠨ ᠳᠠᠭᠠᠳᠬᠠᠯ ᠤᠨ ᠰᠦᠢᠳᠬᠡᠯ ᠲᠤᠰᠢᠶᠠᠪᠠ ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号