— 2017 ᠤᠨ ᠤ 1 ᠳ᠋ᠤᠭᠡᠷ ᠰᠠᠷ᠎ᠠ ᠶᠢᠨ 14 ᠤ ᠡᠳᠥᠷ ᠤᠨ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠠᠷᠪᠠᠨ ᠬᠤᠶᠠᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠵᠢᠷᠭᠤᠳᠤᠭᠠᠷ ᠬᠤᠷᠠᠯᠳᠤᠭᠠᠨ ᠲᠡᠭᠡᠷ᠎ᠡ
ᠥᠪᠡᠷᠳᠡᠭᠡᠨ ᠵᠠᠰᠠᠬᠤ ᠤᠷᠤᠨ ᠤ ᠲᠡᠷᠢᠬᠦᠯᠡᠭᠴᠢ ᠪᠦ᠋ ᠰᠢᠶᠤᠤ ᠯᠢᠨ
ᠲᠦᠯᠦᠭᠡᠯᠡᠭᠴᠢᠳ ᠡ᠄
ᠣᠳᠣ᠂ ᠪᠢ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠤᠨ ᠤ ᠠᠷᠠᠳ ᠤᠨ ᠵᠠᠰᠠᠭ ᠤᠨ ᠣᠷᠳᠤᠨ ᠤ ᠡᠮᠦᠨ᠎ᠡ ᠠᠴᠠ ᠶᠡᠭᠡ ᠬᠤᠷᠠᠯ ᠳᠤ ᠠᠵᠢᠯ ᠢᠶᠠᠨ ᠮᠡᠳᠡᠭᠦᠯᠦᠶ᠎ᠡ᠂ ᠬᠢᠨᠠᠨ ᠵᠦᠪᠯᠡᠬᠦ ᠪᠣᠯᠪᠠᠤ᠂ ᠲᠡᠷᠡᠴᠢᠯᠡᠨ ᠦᠪᠡᠷᠳᠡᠭᠡᠨ ᠵᠠᠰᠠᠬᠤ ᠣᠷᠤᠨ ᠤ ᠤᠯᠤᠰ ᠲᠥᠷᠦ ᠶᠢᠨ ᠵᠦᠪᠯᠡᠯᠭᠡᠨ ᠤ ᠭᠡᠰᠢᠭᠦᠨ ᠪᠣᠯᠣᠨ ᠬᠤᠷᠠᠯ ᠳᠤ ᠰᠤᠯᠠ ᠣᠷᠤᠯᠴᠠᠭᠰᠠᠳ ᠰᠠᠨᠠᠯ ᠢᠶᠠᠨ ᠳᠤᠷᠠᠳᠬᠤ ᠪᠣᠯᠪᠠᠤ᠃
ᠨᠢᠭᠡ᠂ 2016 ᠣᠨ ᠤ ᠠᠵᠢᠯ ᠤᠨ ᠡᠷᠭᠢᠴᠡᠭᠦᠯᠦᠯ
ᠦᠩᠭᠡᠷᠡᠭᠰᠡᠨ ᠨᠢᠭᠡ ᠵᠢᠯ ᠳᠤ᠂ ᠨᠠᠷᠢᠨ ᠪᠣᠳᠤᠯᠢᠶᠠᠨᠲᠠᠢ ᠬᠦᠨᠳᠤ ᠨᠦᠰᠡᠷ ᠠᠵᠤ ᠠᠬᠤᠢ ᠶᠢᠨ ᠪᠠᠶᠢᠳᠠᠯ ᠪᠣᠯᠣᠨ ᠬᠠᠳᠠᠭᠤ ᠪᠡᠷᠬᠡᠰᠢᠶᠡᠯᠲᠠᠢ ᠬᠦᠨᠳᠤ ᠬᠡᠴᠡᠭᠦᠦ ᠦᠭᠡᠷᠡᠴᠢᠯᠡᠯᠲᠡ ᠬᠦᠭᠵᠢᠯᠲᠠ ᠶᠢ ᠲᠣᠭᠳᠠᠭᠤᠨ ᠪᠠᠶᠢᠯᠭᠠᠬᠤ ᠡᠭᠦᠷᠭᠡ ᠳᠤ ᠬᠠᠨᠳᠤᠭᠤᠯᠤᠨ᠂ ᠰᠢ ᠶᠢᠨ ᠫᠢᠩ ᠨᠦᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠳᠣᠣᠷ᠎ᠠ᠂ ᠪᠢᠳᠠ ᠨᠠᠮ ᠤᠨ ᠲᠥᠪ ᠬᠤᠷᠢᠶ᠎ᠠ᠂ ᠲᠥᠷᠦ ᠶᠢᠨ ᠶᠠᠪᠤᠳᠠᠯ ᠤᠨ ᠬᠤᠷᠢᠶ᠎ᠠ ᠪᠣᠯᠣᠨ ᠥᠪᠡᠷᠲᠡᠭᠡᠨ ᠵᠠᠰᠠᠬᠤ ᠣᠷᠤᠨ ᠤ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠲᠣᠭᠳᠠᠭᠤᠨ ᠢᠶᠠᠷ ᠣᠷᠣᠭᠰᠢᠯᠠᠨ ᠲᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠵᠤ᠂ ᠠᠵᠤ ᠠᠬᠤᠢ ᠶᠢᠨ ᠬᠦᠭᠵᠢᠯᠲᠡ ᠶᠢᠨ ᠰᠢᠨ᠎ᠡ ᠬᠡᠪ ᠪᠠᠶᠢᠳᠠᠯ ᠳᠤ ᠰᠠᠨᠠᠭᠠᠴᠢᠯᠠᠭ᠎ᠠ ᠠᠴᠠ ᠪᠠᠨ ᠳᠣᠬᠢᠷᠠᠯᠴᠠᠨ᠂ ᠬᠦᠭᠵᠢᠯᠲᠡ ᠶᠢᠨ ᠰᠢᠨ᠎ᠡ ᠣᠨᠣᠯᠵᠢᠬᠤᠨ ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠡᠯ᠎ᠡ ᠵᠦᠢᠯ ᠤᠨ ᠬᠦᠴᠢᠷᠳᠡᠯ ᠪᠠ ᠦᠷᠢᠰᠦᠯᠳᠦᠭᠡᠨ ᠢ ᠢᠳᠡᠪᠬᠢᠲᠡᠢ ᠠᠷᠭᠠᠴᠠᠵᠤ᠂ ᠪᠦᠬᠦ ᠵᠢᠯ ᠤᠨ ᠭᠤᠣᠯ ᠪᠤᠯᠬᠤ ᠬᠠᠷᠠᠯᠲᠠᠳᠤ ᠡᠭᠦᠷᠭᠡ ᠪᠠᠨ ᠨᠡᠯᠢᠶᠡᠳ ᠰᠠᠶᠢᠨ ᠪᠡᠶᠡᠯᠡᠭᠦᠯᠵᠤ᠂ ︽13 · 5︾ ᠶᠢᠨ ᠲᠦᠯᠦᠪᠵᠢᠭᠦᠯᠭᠡ ᠶᠢᠨ ᠬᠤᠭᠤᠴᠠᠭᠠᠨ ᠤ ᠰᠠᠶᠢᠨ ᠰᠠᠶᠢᠬᠠᠨ ᠡᠬᠢᠯᠡᠯᠲᠡ ᠶᠢ ᠪᠡᠶᠡᠯᠡᠭᠦᠯᠪᠡ᠃
ᠨᠢᠭᠡ ᠵᠢᠯ ᠤᠨ ᠲᠤᠷᠰᠢ᠂ ᠪᠦᠬᠦ ᠣᠷᠤᠨ ᠤ ᠠᠵᠤ ᠠᠬᠤᠢ ᠨᠡᠶᠢᠭᠡᠮ ᠤᠨ ᠬᠦᠭᠵᠢᠯᠲᠡ ᠶᠡᠷᠦᠩᠬᠡᠢ ᠳᠡᠭᠡᠨ ᠲᠣᠭᠲᠠᠭᠤᠨ ᠪᠠᠶᠢᠵᠤ᠂ ᠲᠤᠭᠳᠠᠭᠤᠨ ᠪᠦᠭᠡᠳ ᠲᠠᠪᠰᠢᠯᠲᠠ ᠲᠠᠢ᠂ ᠲᠤᠭᠳᠠᠭᠤᠨ ᠤ ᠳᠠᠭᠠᠤ ᠳᠤ ᠶᠠᠰᠤ ᠴᠢᠨᠠᠷ ᠢ ᠳᠡᠭᠡᠭᠰᠢᠯᠡᠭᠦᠯᠪᠡ᠃ ᠶᠡᠷᠦᠩᠬᠡᠢ ᠳᠡᠭᠡᠨ ᠲᠣᠭᠲᠠᠭᠤᠨ ᠪᠠᠶᠢᠯᠭᠠᠪᠠ᠂ ᠭᠤᠣᠯᠳᠠᠭᠤ ᠠᠵᠤ ᠠᠬᠤᠢ ᠶᠢᠨ ᠠᠵᠢᠯᠯᠠᠭᠠᠨ ᠵᠤᠬᠢᠰᠲᠠᠢ ᠣᠷᠤᠨ ᠵᠠᠢ ᠳᠤ ᠪᠠᠶᠢᠷᠢᠰᠢᠪᠠ᠃ ᠵᠢᠱᠢᠯᠳᠠ ᠪᠠᠷ ᠪᠦᠬᠦ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 1.9 ᠲᠦᠮᠡᠨ ᠳ᠋ᠦᠩᠰᠢᠭᠤᠷ ᠲᠥᠬᠦᠷᠢᠭ ᠪᠠᠶᠢᠵᠤ᠂ 7.3% ᠣᠷᠴᠢᠮ ᠨᠡᠮᠡᠭᠳᠡᠪᠡ᠃ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ 2016.5 ᠳ᠋ᠦᠩᠰᠢᠭᠤᠷ ᠲᠥᠬᠦᠷᠢᠭ ᠪᠠᠶᠢᠵᠤ᠂ ᠠᠳᠠᠯᠢᠳᠬᠠᠵᠤ ᠪᠣᠯᠬᠤ ᠪᠠᠷᠢᠮᠵᠢᠶ᠎ᠠ ᠪᠠᠷ 7% ᠨᠡᠮᠡᠭᠳᠡᠪᠡ᠃ ᠡᠩ ᠤᠨ ᠣᠯᠠᠨ ᠨᠡᠶᠢᠳᠠ ᠶᠢᠨ ᠲᠦᠰᠦᠪ ᠤᠨ ᠵᠠᠷᠤᠯᠭ᠎ᠠ 4526.3 ᠳ᠋ᠦᠩᠰᠢᠭᠤᠷ ᠲᠥᠬᠦᠷᠢᠭ ᠪᠠᠶᠢᠵᠤ᠂ 6.4% ᠨᠡᠮᠡᠭᠳᠡᠪᠡ᠃ ᠪᠦᠬᠦ ᠨᠡᠶᠢᠭᠡᠮ ᠤᠨ ᠲᠣᠭᠲᠠᠮᠠᠯ ᠬᠦᠷᠦᠩᠭᠡ ᠶᠢᠨ ᠪᠡᠯᠡ ᠣᠷᠣᠭᠤᠯᠤᠯᠲᠠ 12% ᠣᠷᠴᠢᠮ ᠨᠡᠮᠡᠭᠳᠡᠵᠦ᠂ ᠨᠡᠶᠢᠭᠡᠮ ᠤᠨ ᠬᠡᠷᠡᠭᠯᠡᠭᠡ ᠶᠢᠨ ᠡᠳ᠋ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠤᠭ᠎ᠠ 9.7% ᠨᠡᠮᠡᠭᠳᠡᠵᠦ᠂ ᠰᠠᠭᠤᠭᠠᠯᠢ ᠠᠷᠠᠳ ᠤᠨ ᠬᠡᠷᠡᠭᠯᠡᠭᠡ ᠶᠢᠨ ᠦᠨ᠎ᠡ ᠬᠠᠩᠰᠢ ᠶᠢᠨ ᠦᠰᠦᠯᠲᠡ ᠶᠢᠨ ᠬᠡᠮᠵᠢᠶ᠎ᠡ ᠶᠢ 2% ᠤᠷᠴᠢᠮ ᠳᠤ ᠬᠢᠵᠠᠭᠠᠷᠯᠠᠵᠦ᠂ ᠬᠤᠲᠠ ᠪᠠᠯᠭᠠᠰᠤ ᠶᠢᠨ ᠳᠠᠩᠰᠠᠯᠠᠨ ᠲᠡᠮᠳᠡᠭᠯᠡᠭᠦᠯᠦᠭᠰᠡᠨ ᠠᠵᠢᠯ ᠠᠯᠳᠠᠭᠰᠠᠳ ᠤᠨ ᠨᠣᠷᠮ᠎ᠠ ᠶᠢ 3.65% ᠶᠢᠨ ᠨᠡᠯᠢᠶᠡᠳ ᠳᠣᠣᠷ᠎ᠠ ᠬᠢᠷᠢ ᠲᠥᠪᠰᠢᠨ ᠳᠤ ᠪᠠᠶᠢᠯᠭᠠᠬᠤ ᠪᠠᠷ ᠬᠢᠵᠠᠭᠠᠷᠯᠠᠪᠠ᠃ ᠯᠠᠪᠳᠠᠭᠤᠨ ᠢᠶᠠᠷ ᠣᠷᠤᠭᠰᠢ ᠳᠠᠪᠰᠢᠭᠤᠯᠪᠠ᠂ ᠭᠤᠣᠯᠳᠠᠭᠤ ᠪᠦᠲᠦᠴᠡ ᠶᠢᠨ ᠲᠣᠬᠢᠷᠠᠭᠤᠯᠤᠯᠲᠠ ᠰᠢᠨ᠎ᠡ ᠠᠯᠬᠤᠴᠠ ᠶᠢ ᠠᠯᠬᠤᠪᠠ᠃ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠠᠩᠬᠠᠨ ᠤ ᠠᠮᠵᠢᠯᠲᠠ ᠣᠯᠵᠤ᠂ ᠨᠡᠭᠦᠷᠡᠰᠦ᠂ ᠢᠯᠴᠢ ᠶᠢᠨ ᠴᠠᠬᠢᠯᠭᠠᠨ᠂ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠤᠨ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠤᠨ ᠡᠵᠡᠯᠡᠬᠦ ᠬᠤᠪᠢ ᠶᠢᠨ ᠵᠢᠩ 1.6 ᠵᠠᠭᠤᠨ ᠤ ᠴᠡᠭ ᠢᠶᠠᠷ ᠪᠠᠭᠤᠷᠠᠵᠤ᠂ ᠰᠢᠨ᠎ᠡ ᠪᠠᠷ ᠪᠣᠢ ᠪᠣᠯᠣᠭᠰᠠᠨ ᠠᠵᠤ ᠦᠢᠯᠡᠰ ᠤᠨ ᠨᠡᠮᠡᠭᠳᠡᠯ ᠤᠨ ᠬᠤᠷᠳᠤᠴᠠ ᠨᠢ ᠠᠵᠤ ᠦᠢᠯᠡᠳᠪᠦᠷᠢ ᠶᠢᠨ ᠳᠤᠮᠳᠠᠴᠢ ᠨᠡᠮᠡᠭᠳᠡᠯ ᠤᠨ ᠬᠤᠷᠳᠤᠴᠠ ᠠᠴᠠ ᠢᠯᠡᠳᠲᠡ ᠲᠦᠷᠭᠡᠨ ᠪᠤᠯᠵᠤ᠂ ᠦᠢᠯᠡᠴᠢᠯᠡᠭᠡᠨ ᠤ ᠦᠢᠯᠡᠰ ᠤᠨ ᠬᠤᠪᠢ ᠶᠢᠨ ᠵᠢᠩ 2 ᠵᠠᠭᠤᠨ ᠤ ᠴᠡᠭ ᠢᠶᠠᠷ ᠳᠡᠭᠡᠭᠰᠢᠯᠡᠪᠡ᠃ ᠲᠦᠭ ᠲᠦᠮᠡᠨ ᠢᠶᠠᠷ ᠢᠶᠠᠨ ᠠᠳᠠᠯ ᠦᠢᠯᠡᠰ ᠴᠣᠭᠴᠠᠯᠠᠵᠤ᠂ ᠲᠦᠮᠡᠨ ᠣᠯᠠᠨ ᠢᠶᠠᠷ ᠢᠶᠠᠨ ᠰᠢᠨ᠎ᠡ ᠶᠢ ᠡᠭᠦᠳᠬᠦ ᠠᠵᠢᠯ ᠪᠠᠳᠠᠷᠠᠨ ᠬᠦᠭᠵᠢᠵᠦ᠂ ᠲᠤᠰᠬᠠᠢ ᠠᠰᠢᠭ ᠢ ᠭᠤᠶᠤᠴᠢᠯᠠᠭᠰᠠᠨ ᠬᠡᠮᠵᠢᠶ᠎ᠡ 25% ᠨᠡᠮᠡᠭᠳᠡᠨ᠂ ᠰᠢᠨ᠎ᠡ ᠪᠠᠷ ᠳᠠᠩᠰᠠᠯᠠᠭᠤᠯᠤᠭᠰᠠᠨ ᠵᠠᠬ᠎ᠠ ᠳᠡᠯᠭᠡᠭᠦᠷ ᠤᠨ ᠭᠤᠤᠯ ᠴᠣᠭᠴᠠ 36.7 ᠲᠦᠮᠡᠨ ᠡᠷᠦᠬᠡ ᠪᠠᠶᠢᠵᠤ᠂ 8.3% ᠨᠡᠮᠡᠭᠳᠡᠪᠡ᠃ ᠲᠤᠭᠳᠠᠭᠤᠨ ᠤ ᠳᠠᠭᠠᠤ ᠳᠤ ᠶᠠᠰᠤ ᠴᠢᠨᠠᠷ ᠢ ᠳᠡᠭᠡᠭᠰᠢᠯᠡᠭᠦᠯᠪᠡ᠂ ᠭᠤᠣᠯᠳᠠᠭᠤ ᠬᠥᠭᠵᠢᠯᠲᠡ ᠶᠢᠨ ᠶᠠᠰᠤ ᠴᠢᠨᠠᠷ ᠪᠣᠯᠣᠨ ᠦᠷ᠎ᠡ ᠠᠰᠢᠭ ᠲᠣᠭᠲᠠᠭᠤᠨ ᠢᠶᠠᠷ ᠳᠡᠭᠡᠭᠰᠢᠯᠡᠪᠡ᠃ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠨᠢ ᠠᠰᠢᠭ ᠣᠯᠵᠠᠪᠤᠷᠢ ᠶᠢᠨ ᠨᠡᠮᠡᠭᠳᠡᠯ ᠢ 23.4% ᠪᠡᠶᠡᠯᠡᠭᠦᠯᠵᠦ᠂ 46.8 ᠵᠠᠭᠤᠨ ᠤ ᠴᠡᠭ ᠳᠡᠭᠡᠭᠰᠢᠯᠡᠪᠡ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠵᠡᠮᠳᠡᠵᠦ ᠪᠣᠯᠬᠤ ᠬᠥᠮᠥᠨ ᠪᠦᠷᠢ ᠶᠢᠨ ᠳᠤᠮᠳᠠᠴᠢ ᠣᠷᠣᠯᠭ᠎ᠠ 8% ᠣᠷᠴᠢᠮ ᠨᠡᠮᠡᠭᠳᠡᠵᠣ᠂ ᠠᠵᠤ ᠠᠬᠤᠢ ᠶᠢᠨ ᠨᠡᠮᠡᠭᠳᠡᠯ ᠤᠨ ᠬᠤᠷᠳᠤᠴᠠ ᠠᠴᠠ ᠦᠨᠳᠦᠷ ᠪᠤᠯᠪᠡ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠣᠨ ᠤ ᠡᠭᠦᠷᠭᠡ ᠪᠠᠨ ᠪᠡᠶᠡᠯᠡᠭᠦᠯᠪᠡ᠃ ᠨᠢᠭᠡᠴᠢ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ ᠬᠤᠷᠣᠭᠳᠠᠯ ᠢ 4% ᠪᠠᠭᠤᠷᠠᠭᠤᠯᠵᠤ᠂ ᠭᠤᠤᠯ ᠪᠤᠯᠬᠤ ᠪᠤᠬᠢᠷᠳᠤᠯ ᠡᠳ᠋ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ ᠪᠠᠨ ᠤᠯᠤᠰ ᠤᠨ ᠱᠠᠭᠠᠷᠳᠠᠯᠭ᠎ᠠ ᠳᠤ ᠬᠦᠷᠦᠭᠦᠯᠪᠡ᠃
ᠡᠳᠡᠭᠡᠷ ᠣᠯᠣᠭᠰᠠᠨ ᠠᠮᠵᠢᠯᠲᠠ ᠪᠦᠲᠦᠮᠵᠢ ᠳᠤ᠂ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ ᠤ ᠰᠠᠨᠠᠭ᠎ᠠ ᠰᠡᠳᠬᠢᠯ ᠬᠦᠴᠦ ᠬᠦᠯᠦᠰᠦ ᠬᠤᠷᠠᠮᠳᠤᠵᠤ᠂ ᠪᠢᠳᠠᠨ ᠤ ᠡᠷᠡᠯᠬᠡᠭᠯᠡᠨ ᠤᠷᠤᠭᠰᠢᠯᠠᠬᠤ ᠢᠲᠡᠭᠡᠯ ᠵᠣᠷᠢᠭ ᠢ ᠬᠥᠪᠴᠢᠯᠡᠪᠡ᠃ ᠨᠢᠭᠡ ᠵᠢᠯ ᠤᠨ ᠲᠤᠷᠰᠢ᠂ ᠪᠢᠳ᠋ᠨ ᠭᠤᠣᠯᠳᠠᠭᠤ ᠳᠤᠤᠷᠠᠬᠢ ᠠᠵᠢᠯ ᠤᠳ ᠢ ᠬᠢᠪᠡ᠄
︵ᠨᠢᠭᠡ︶ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠢᠳᠡᠪᠬᠢᠲᠡᠢ ᠠᠬᠢᠭᠤᠯᠪᠠ᠃ ᠲᠦᠪ ᠤᠨ ᠰᠢᠢᠳᠪᠦᠷᠢᠲᠦ ᠪᠣᠳᠤᠯᠭ᠎ᠠ ᠶᠢᠨ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠭᠤᠷᠪᠠ ᠶᠢ ᠪᠠᠭᠠᠰᠬᠠᠵᠤ ᠨᠢᠭᠡ ᠶᠢ ᠪᠠᠭᠤᠷᠠᠭᠤᠯᠤᠨ ᠨᠢᠭᠡ ᠶᠢ ᠨᠥᠬᠦᠪᠦᠷᠢᠯᠡᠬᠦ︾ ᠠᠵᠢᠯ ᠢ ᠬᠢᠨᠠᠮᠠᠭᠠᠢ ᠰᠠᠶᠢᠳᠤᠷ ᠬᠢᠪᠡ᠃ ᠰᠢᠨ᠎ᠡ ᠪᠠᠷ ᠨᠡᠮᠡᠭᠳᠡᠭᠰᠡᠨ ᠦᠢᠯᠡᠳᠪᠦᠷᠢᠯᠡᠯ ᠤᠨ ᠴᠢᠳᠠᠪᠤᠷᠢ ᠶᠢ ᠡᠵᠡᠮᠳᠡᠬᠦ᠂ ᠬᠡᠮᠵᠢᠶ᠎ᠡ ᠶᠢ ᠬᠠᠰᠤᠵᠤ ᠦᠢᠯᠡᠳᠪᠦᠷᠢᠯᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ 330 ᠲᠦᠮᠡᠨ ᠲᠤᠨ ᠨᠡᠭᠦᠷᠡᠰᠦ᠂ 291 ᠲᠦᠮᠡᠨ ᠲᠤᠨ ᠪᠣᠯᠣᠳ ᠲᠡᠮᠦᠷ ᠦᠢᠯᠡᠳᠪᠦᠷᠢᠯᠡᠬᠦ ᠴᠢᠳᠠᠪᠤᠷᠢ ᠶᠢ ᠪᠣᠴᠠᠭᠠᠨ ᠭᠠᠷᠭᠠᠪᠠ᠃ ᠳᠦᠭᠦᠮ ᠪᠦᠳᠦᠭᠦᠯᠢᠭ ᠣᠷᠣᠨ ᠰᠠᠭᠤᠴᠠᠲᠤ ᠲᠤᠭᠤᠷᠢᠭ ᠢ ᠦᠬᠡᠷᠡᠴᠢᠯᠡᠨ ᠰᠢᠨᠡᠳᠬᠡᠬᠦ ᠳᠤ ᠵᠤᠭᠤᠰᠵᠢᠭᠤᠯᠤᠨ ᠲᠦᠪᠬᠢᠨᠡᠭᠦᠯᠬᠦ ᠬᠠᠷᠢᠴᠠᠯ ᠢ ᠳᠡᠭᠡᠭᠰᠢᠯᠡᠭᠦᠯᠦᠨ᠂ ᠭᠡᠷ ᠪᠠᠶᠢᠰᠢᠩ ᠭᠠᠵᠠᠷ ᠬᠦᠷᠦᠩᠭᠡ ᠶᠢᠨ ᠵᠠᠬ᠎ᠠ ᠳᠡᠯᠭᠡᠭᠦᠷ ᠢ ᠭᠦᠭᠵᠢᠬᠡᠬᠦ ᠲᠦᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠡ ᠶᠢ ᠬᠡᠷᠡᠭᠵᠢᠭᠦᠯᠦᠨ᠂ ᠲᠠᠸᠠᠷ ᠤᠨ ᠭᠡᠷ ᠪᠠᠶᠢᠰᠢᠩ ᠤᠨ ᠬᠤᠳᠠᠯᠳᠤᠵᠤ ᠪᠣᠯᠬᠤ ᠲᠠᠯᠠᠪᠠᠢ 13.9% ᠪᠠᠭᠤᠷᠠᠪᠠ᠃ ᠢᠲᠡᠭᠡᠮᠵᠢᠲᠤ ᠵᠢᠭᠡᠯᠡᠯᠭᠡ ᠶᠢᠨ ᠪᠦᠲᠦᠴᠡ ᠶᠢ ᠰᠢᠯᠢᠳᠡᠭᠵᠢᠭᠦᠯᠦᠨ᠂ ᠠᠵᠤ ᠠᠬᠤᠶᠢᠯᠠᠯ ᠤᠨ ᠰᠢᠭᠤᠳ ᠪᠡᠯᠡ ᠲᠤᠬᠢᠷᠠᠭᠤᠯᠭ᠎ᠠ ᠬᠢᠬᠦ ᠶᠢ ᠳᠡᠮᠵᠢᠵᠦ᠂ ᠵᠠᠰᠠᠭ ᠤᠨ ᠣᠷᠳᠤᠨ ᠤ ᠰᠣᠯᠢᠬᠤ ᠵᠢᠭᠡᠯᠡᠯᠭᠡ ᠶᠢᠨ ᠲᠡᠮᠳᠡᠭᠳᠤ ᠶᠢ ᠲᠠᠷᠬᠠᠭᠠᠵᠤ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠵᠦᠢ ᠪᠣᠰᠤ ᠵᠢᠭᠡᠯᠡᠯᠭᠡ ᠶᠢᠨ ᠨᠣᠷᠮ᠎ᠠ᠂ ᠵᠠᠰᠠᠭ ᠤᠨ ᠣᠷᠳᠤᠨ ᠤ ᠦᠷᠢ ᠦᠭᠴᠡᠭᠡ ᠶᠢᠨ ᠦᠪᠡᠷ ᠤᠨ ᠦᠷᠳᠡᠭ ᠴᠥᠮ ᠵᠤᠬᠢᠬᠤ ᠬᠡᠮᠵᠢᠶ᠎ᠡ ᠪᠠᠷ ᠪᠠᠭᠤᠷᠠᠪᠠ᠃ ᠵᠠᠰᠠᠭ ᠢ ᠴᠣᠮᠬᠠᠳᠬᠠᠨ ᠡᠷᠬᠡ ᠶᠢ ᠲᠤᠷᠤᠭᠰᠢ ᠪᠠᠭᠤᠯᠭᠠᠬᠤ᠂ ᠭᠠᠶᠢᠯᠢ ᠶᠢ ᠬᠠᠰᠤᠨ ᠵᠠᠷᠤᠳᠠᠯ ᠢ ᠪᠠᠭᠤᠷᠠᠭᠤᠯᠬᠤ᠂ ᠴᠠᠬᠢᠯᠠᠭᠠᠨ ᠤ ᠦᠨ᠎ᠡ ᠬᠠᠩᠰᠢ ᠶᠢ ᠵᠠᠬ᠎ᠠ ᠳᠡᠯᠭᠡᠭᠦᠷᠴᠢᠯᠡᠬᠦ ᠦᠭᠡᠷᠡᠴᠢᠯᠡᠯᠲᠠ ᠵᠡᠷᠭᠡ ᠲᠠᠯ᠎ᠠ ᠪᠠᠷ ︽ᠬᠠᠮ ᠠᠷᠭ᠎ᠠ︾ ᠶᠢᠨ ᠦᠢᠯᠡᠳᠤᠯ ᠢ ᠦᠵᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠤᠨ ᠦᠪᠡᠷ ᠤᠨ ᠦᠷᠲᠡᠭ ᠢ 280 ᠳ᠋ᠦᠩᠰᠢᠭᠤᠷ ᠲᠦᠭᠦᠷᠢᠭ ᠪᠠᠭᠤᠷᠠᠭᠤᠯᠪᠠ᠃ ᠳᠤᠲᠠᠭᠤᠳᠠᠯ ᠢ ᠨᠥᠬᠦᠪᠦᠷᠢᠯᠡᠬᠦ 9 ᠶᠡᠭᠡ ᠲᠦᠷᠦᠯ ᠤᠨ 45 ᠵᠦᠢᠯ ᠤᠨ ᠭᠤᠣᠯᠳᠠᠯᠭ᠎ᠠ ᠲᠠᠢ ᠢᠨᠵᠧᠨᠧᠷᠢᠩ ᠢ ᠬᠡᠷᠡᠭᠵᠢᠭᠦᠯᠵᠦ᠂ ᠰᠠᠭᠤᠷᠢ ᠪᠡᠯᠡᠳᠭᠡᠮᠵᠢ᠂ ᠠᠮᠢ ᠠᠬᠤᠢ ᠶᠢᠨ ᠣᠷᠴᠢᠨ ᠲᠣᠭᠤᠷᠢᠨ᠂ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠵᠡᠷᠭᠡ ᠪᠠᠭᠤᠷᠠᠢ ᠬᠦᠷᠢᠶ᠎ᠡ ᠴᠠᠷᠠᠭ᠎ᠠ ᠴᠢᠩᠭᠠᠳᠬᠠᠭᠳᠠᠪᠠ᠃
︵ᠬᠤᠶᠠᠷ︶ ᠠᠵᠤ ᠠᠬᠤᠢ ᠶᠢᠨ ᠨᠡᠮᠡᠭᠳᠡᠯ ᠢ ᠬᠦᠴᠦᠯᠡᠨ ᠲᠣᠭᠲᠠᠪᠤᠷᠢᠵᠢᠭᠤᠯᠪᠠ᠃ ᠪᠡᠯᠡ ᠣᠷᠤᠭᠤᠯᠤᠯᠲᠠ ᠶᠢᠨ ᠵᠠᠩᠭᠢᠯᠠᠭ᠎ᠠ ᠶᠢᠨ ᠦᠢᠯᠡᠳᠦᠯ ᠢ ᠪᠠᠳᠠᠷᠠᠭᠤᠯᠵᠤ᠂ ᠴᠢᠬᠤᠯᠠ ᠶᠡᠭᠡ ᠲᠦᠷᠦᠯ ᠵᠦᠢᠯ ᠤᠨ ᠪᠦᠲᠦᠭᠡᠨ ᠪᠠᠶᠢᠭᠤᠯᠤᠯᠳᠠ ᠶᠢ ᠲᠦᠷᠭᠡᠳᠭᠡᠪᠡ᠃ ᠰᠢᠨ᠎ᠡ ᠪᠠᠷ ᠪᠠᠷᠢᠯᠭ᠎ᠠ ᠡᠬᠢᠯᠡᠭᠦᠯᠦᠭᠰᠡᠨ ᠳ᠋ᠦᠩᠰᠢᠭᠤᠷ ᠲᠦᠭᠦᠷᠢᠭ ᠠᠴᠠ ᠳᠡᠭᠡᠭᠰᠢᠬᠢ ᠲᠦᠷᠦᠯ ᠵᠦᠢᠯ ᠤᠨ ᠪᠡᠯᠡ ᠣᠷᠤᠭᠤᠯᠤᠯᠲᠠ 25.3% ᠨᠡᠮᠡᠭᠳᠡᠵᠦ᠂ ᠰᠠᠭᠤᠷᠢ ᠪᠡᠯᠡᠳᠭᠡᠮᠵᠢ ᠶᠢᠨ ᠪᠡᠯᠡ ᠣᠷᠤᠭᠤᠯᠤᠯᠲᠠ ᠶᠢᠨ ᠨᠡᠮᠡᠭᠳᠡᠯ 31% ᠪᠣᠯᠪᠠ᠃ ᠡᠨᠡ ᠵᠢᠯ ᠪᠠᠶᠢᠴᠧᠩ ᠠᠴᠠ ᠣᠯᠠᠭᠠᠠᠬᠤᠳᠠ ᠭᠦᠷᠭᠦ ᠲᠦᠷᠭᠡᠨ ᠬᠤᠷᠳᠣ ᠶᠢᠨ ᠳᠡᠮᠣᠷ ᠵᠠᠮ ᠪᠦᠭᠦ ᠱᠣᠭᠤᠮ ᠢᠶᠠᠷ ᠨᠡᠪᠳᠡᠷᠡᠪᠡ᠃ ᠬᠦᠬᠡᠬᠤᠲᠡ ᠠᠴᠠ ᠴᠢᠭᠤᠯᠤᠯᠲᠤ ᠬᠠᠭᠠᠯᠭ᠎ᠠ ᠬᠦᠷᠬᠦ ᠠᠶᠠᠨᠴᠢᠳ ᠤᠨ ᠲᠡᠭᠡᠭᠡᠪᠦᠷᠢ ᠶᠢᠨ ᠥᠪᠦᠷ ᠮᠣᠩᠭᠤᠯ ᠳᠠᠬᠢ ᠬᠡᠰᠡᠭ ᠤᠨ ᠪᠦᠬᠦ ᠱᠤᠭᠤᠮ ᠤᠨ ᠲᠣᠰᠬᠠᠢ ᠲᠡᠮᠤᠷ ᠵᠠᠮ ᠢ ᠳᠠᠪᠢᠰᠴᠦ᠂ ᠲᠦᠩᠯᠢᠶᠤᠤ᠂ ᠤᠯᠠᠭᠠᠠᠬᠠᠳᠠ ᠠᠴᠠ ᠪᠡᠭᠡᠵᠢᠩ ᠮᠦᠭᠳᠡᠨ ᠬᠦᠷᠬᠦ ᠠᠶᠠᠨᠴᠢᠳ ᠤᠨ ᠲᠣᠰᠬᠠᠢ ᠵᠠᠯᠭᠠᠯᠲᠠ ᠶᠢᠨ ᠱᠤᠭᠤᠮ ᠤᠨ ᠲᠡᠮᠤᠷ ᠵᠠᠮ ᠢ ᠠᠵᠢᠯ ᠡᠬᠢᠯᠡᠭᠦᠯᠦᠨ ᠪᠦᠲᠦᠭᠡᠨ ᠪᠠᠶᠢᠭᠤᠯᠵᠤ᠂ ᠪᠡᠭᠡᠵᠢᠩ ᠠᠴᠠ ᠰᠢᠨᠵᠢᠶᠠᠩ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠤᠨ ᠥᠪᠦᠷ ᠮᠣᠩᠭᠤᠯ ᠳᠠᠬᠢ ᠬᠡᠰᠡᠭ ᠤᠨ ᠭᠤᠣᠯ ᠱᠤᠭᠤᠮ ᠨᠠᠪᠳᠠᠷᠠᠵᠦ᠂ ᠪᠢᠷᠠᠭᠤ ᠠᠴᠠ ᠰᠢᠯᠢ ᠶᠢᠨ ᠬᠤᠲᠠ ᠬᠦᠷᠬᠦ ᠳᠡᠭᠡᠳᠤ ᠬᠤᠷᠳᠤ ᠶᠢᠨ ᠵᠠᠰᠠᠮᠠᠯ ᠵᠠᠮ ᠪᠠᠶᠢᠭᠤᠯᠤᠭᠳᠠᠵᠤ᠂ 2200 ᠢᠯᠡᠭᠦᠦ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠬᠠᠲᠠᠭᠤᠷᠠᠭᠤᠯᠤᠭᠰᠠᠨ ᠵᠠᠮ ᠨᠡᠪᠲᠡᠷᠡᠪᠠ᠃ ᠤᠯᠠᠭᠠᠨᠴᠠᠪ ᠨᠢᠰᠭᠡᠯ ᠤᠨ ᠪᠠᠭᠤᠳᠠᠯ ᠳᠤ ᠵᠢᠩᠬᠢᠨᠢ ᠪᠠᠷ ᠠᠶᠠᠯᠠᠯ ᠨᠡᠪᠳᠡᠷᠡᠵᠤ᠂ ᠠᠶᠢᠮᠠᠭ ᠬᠤᠲᠠ ᠶᠢᠨ ᠰᠠᠯᠪᠤᠷᠢ ᠱᠤᠭᠤᠮ ᠤᠨ ᠨᠢᠰᠭᠡᠯ ᠤᠨ ᠪᠠᠭᠤᠳᠠᠯ ᠢ ᠪᠦᠷᠢᠨ ᠬᠠᠮᠤᠷᠤᠭᠤᠯᠪᠠ᠃ ᠰᠢᠯᠢ ᠶᠢᠨ ᠭᠤᠣᠯ ᠠᠶᠢᠮᠠᠭ ᠠᠴᠠ ᠱᠠᠨᠳᠦ᠋ᠩ ᠬᠦᠷᠬᠦ ᠣᠨᠴᠠ ᠦᠨᠳᠦᠷ ᠬᠦᠴᠦᠳᠡᠯᠳᠤ ᠴᠠᠬᠢᠯᠭᠠᠨ ᠬᠦᠴᠦᠨ ᠢ ᠭᠠᠳᠠᠭᠰᠢ ᠬᠦᠷᠭᠡᠬᠦ ᠰᠠᠭᠠᠳ ᠦᠭᠡᠢ ᠨᠡᠪᠳᠡᠷᠡᠬᠦ ᠭᠤᠣᠯ ᠴᠣᠭᠴᠠ ᠶᠢᠨ ᠪᠠᠷᠢᠯᠭ᠎ᠠ ᠳᠠᠭᠤᠰᠴᠤ᠂ ᠵᠦᠩ ᠲᠢᠶᠠᠨ ᠾᠧ ᠴᠤᠸᠠᠩ ᠺᠣᠮᠫᠠᠨᠢ ᠶᠢᠨ 140 ᠲᠦᠮᠡᠨ ᠲᠤᠨ ᠤ ᠨᠡᠭᠦᠷᠡᠰᠤ ᠪᠠᠷ ᠠᠯᠺᠸᠠ ᠦᠢᠯᠡᠳᠬᠦ ᠲᠦᠷᠦᠯ ᠵᠦᠢᠯ ᠪᠠᠶᠢᠭᠤᠯᠤᠭᠳᠠᠨ ᠠᠰᠢᠭᠯᠠᠯᠲᠠ ᠳᠤ ᠣᠷᠣᠵᠤ᠂ ᠬᠠᠳᠤᠨ ᠭᠤᠣᠯ ᠤᠨ ᠦᠪᠦᠷ ᠮᠣᠩᠭᠤᠯ ᠳᠠᠬᠢ ᠬᠡᠰᠡᠭ ᠤᠨ ᠬᠤᠶᠠᠳᠤᠭᠠᠷ ᠬᠤᠭᠤᠴᠠᠭᠠᠨ ᠤ ᠦᠶᠡᠷ ᠢ ᠰᠡᠷᠭᠡᠶᠢᠯᠡᠬᠦ ᠵᠡᠷᠭᠡ 12 ᠵᠦᠢᠯ ᠤᠨ ᠴᠢᠬᠤᠯᠠ ᠶᠡᠭᠡ ᠤᠰᠤᠨ ᠠᠰᠢᠭᠯᠠᠯᠲᠠ ᠶᠢᠨ ᠢᠨᠵᠧᠨᠧᠷᠢᠩ ᠢ ᠪᠦᠬᠦ ᠲᠠᠯ᠎ᠠ ᠪᠠᠷ ᠠᠬᠢᠭᠤᠯᠵᠤ᠂ ᠬᠦᠬᠡᠬᠤᠳᠠ ᠶᠢᠨ ᠭᠠᠵᠠᠷ ᠳᠣᠣᠷᠠᠬᠢ ᠲᠡᠮᠦᠷ ᠵᠠᠮ᠂ ᠪᠤᠭᠤᠳᠤ ᠶᠢᠨ ᠭᠠᠵᠠᠷ ᠳᠣᠣᠷᠠᠬᠢ ᠶᠡᠷᠦᠩᠬᠡᠶᠢᠯᠡᠭᠰᠡᠨ ᠬᠤᠭᠤᠯᠠᠢ ᠭᠤᠣᠷᠰᠤ ᠶᠢᠨ ᠬᠤᠩᠭᠢᠯ ᠵᠡᠷᠭᠡ ᠬᠤᠳᠠ ᠶᠢᠨ ᠶᠠᠪᠣᠳᠠᠯ ᠤᠨ ᠲᠦᠷᠦᠯ ᠵᠦᠢᠯ ᠢ ᠲᠦᠷᠭᠡᠳᠭᠡᠨ ᠪᠠᠶᠢᠭᠤᠯᠪᠠ᠃ ᠬᠦᠬᠡᠬᠤᠲᠡ ᠨᠢᠰᠭᠡᠯ ᠤᠨ ᠰᠢᠨ᠎ᠡ ᠪᠠᠭᠤᠳᠠᠯ᠂ ᠢ ᠲᠠᠢ ᠺᠣᠮᠫᠠᠨᠢ ᠶᠢᠨ 200 ᠲᠦᠮᠡᠨ ᠲᠤᠨ ᠤ ᠨᠡᠭᠦᠷᠡᠰᠤ ᠪᠠᠷ ᠳᠣᠰᠤ ᠦᠢᠯᠡᠳᠬᠦ ᠵᠡᠷᠭᠡ ᠨᠢᠭᠡ ᠪᠦᠯᠦᠭ ᠴᠢᠬᠤᠯᠠ ᠶᠡᠭᠡ ᠲᠦᠷᠦᠯ ᠵᠦᠢᠯ ᠳᠤ ᠤᠯᠤᠰ ᠤᠨ ᠴᠣᠬᠤᠯᠠᠪᠤᠷᠢ ᠶᠢ ᠣᠯᠵᠤ᠂ ᠪᠤᠭᠤᠲᠤ ᠠᠴᠠ ᠢᠷᠭᠠᠢ ᠬᠦᠷᠬᠦ᠂ ᠪᠠᠶᠠᠨᠬᠤᠳᠠ ᠠᠴᠠ ᠢᠷᠭᠠᠢ ᠬᠦᠷᠬᠦ᠂ ᠰᠢᠯᠢ ᠶᠢᠨ ᠬᠤᠲᠠ ᠠᠴᠠ ᠴᠢᠭᠤᠯᠤᠯᠳᠤ ᠬᠠᠭᠠᠯᠭ᠎ᠠ ᠬᠦᠷᠬᠦ ᠲᠦᠷᠭᠡᠨ ᠬᠤᠷᠳᠤ ᠶᠢᠨ ᠲᠡᠮᠤᠷ ᠵᠠᠮ ᠤᠨ ᠲᠦᠷᠦᠯ ᠵᠦᠢᠯ ᠢ ᠣᠯᠣᠰ ᠤᠨ ᠲᠡᠮᠤᠷ ᠵᠠᠮ ᠤᠨ ︽13 · 5︾ ᠶᠢᠨ ᠲᠦᠯᠦᠪᠵᠢᠭᠦᠯᠭᠡ ᠳᠤ ᠣᠷᠤᠭᠤᠯᠪᠠ᠃ ᠪᠡᠯᠡ ᠤᠷᠤᠭᠤᠯᠵᠦ ᠲᠣᠬᠢᠷᠠᠭᠤᠯᠭ᠎ᠠ ᠬᠢᠬᠦ ᠶᠢᠨ ᠰᠢᠨ᠎ᠡ ᠶᠢ ᠡᠭᠦᠳᠬᠦ ᠠᠷᠭ᠎ᠠ ᠮᠠᠶ᠋ᠢᠭ ᠢᠶᠠᠷ ᠶᠡᠷᠦᠩᠬᠡᠢ ᠬᠡᠪᠴᠢᠶᠡᠵᠢᠯ ᠨᠢ 200 ᠳ᠋ᠦᠩᠰᠢᠭᠤᠷ ᠲᠦᠭᠦᠷᠢᠭ ᠠᠴᠠ ᠳᠠᠪᠠᠭᠰᠠᠨ ᠪᠡᠯᠡ ᠣᠷᠤᠭᠤᠯᠤᠯᠲᠠ ᠶᠢᠨ ᠰᠠᠭᠤᠷᠢ ᠮᠦᠩᠭᠦ ᠶᠢ 9 ᠪᠠᠶᠢᠭᠤᠯᠵᠤ᠂ ᠵᠠᠰᠠᠭ ᠤᠨ ᠣᠷᠳᠤᠨ ᠬᠢᠭᠡᠳ ᠨᠡᠶᠢᠭᠡᠮ ᠤᠨ ᠬᠦᠷᠦᠩᠭᠡ ᠯᠦᠭᠡ ᠶᠢᠨ ᠬᠠᠮᠳᠤᠷᠠᠯᠴᠠᠭᠠᠨ ᠤ 66 ᠲᠦᠷᠦᠯ ᠵᠦᠢᠯ ᠪᠣᠳᠠᠲᠠᠶᠢᠵᠢᠭᠳᠠᠵᠤ᠂ ᠨᠡᠶᠢᠭᠡᠮ ᠤᠨ ᠪᠡᠯᠡ ᠣᠷᠤᠭᠤᠯᠤᠯᠲᠠ ᠶᠢ 802 ᠳ᠋ᠦᠩᠰᠢᠭᠤᠷ ᠲᠦᠭᠦᠷᠢᠭ ᠲᠠᠲᠠᠨ ᠣᠷᠤᠭᠤᠯᠪᠠ᠃ ᠬᠡᠷᠡᠭᠯᠡᠭᠡ ᠶᠢᠨ ᠬᠡᠷᠡᠭᠴᠡᠭᠡ ᠱᠠᠭᠠᠷᠳᠠᠯᠭ᠎ᠠ ᠶᠢ ᠢᠳᠡᠪᠬᠢᠲᠠᠢ ᠦᠷᠭᠡᠳᠭᠡᠵᠤ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠬᠰᠠᠨ ᠶᠡᠷᠦᠩᠬᠡᠢ ᠲᠤᠭ᠎ᠠ ᠶᠢᠨ ᠨᠡᠮᠡᠭᠳᠡᠯ ᠤᠨ ᠬᠤᠷᠳᠤᠴᠠ 1.7 ᠵᠠᠭᠤᠨ ᠤ ᠴᠡᠭ ᠳᠡᠭᠡᠭᠰᠢᠯᠡᠪᠠ᠃ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ ᠢᠶᠠᠷ ᠪᠣᠳᠠᠲᠤ ᠴᠣᠭᠴᠠ ᠶᠢᠨ ᠠᠵᠤ ᠠᠬᠤᠢ ᠶᠢ ᠳᠡᠮᠵᠢᠬᠦ᠂ ᠨᠡᠶᠢᠲᠡ ᠶᠢᠨ ᠦᠮᠴᠢᠯᠡᠯ ᠤᠨ ᠪᠣᠰᠤ ᠠᠵᠤ ᠠᠬᠤᠢ ᠶᠢᠨ ᠬᠦᠭᠵᠢᠯᠲᠡ ᠶᠢ ᠵᠤᠷᠢᠬᠵᠢᠭᠤᠯᠬᠤ᠂ ᠠᠷᠠᠳ ᠤᠨ ᠳᠤᠮᠳᠠᠬᠢ ᠪᠡᠯᠡ ᠣᠷᠤᠭᠤᠯᠤᠯᠲᠠ ᠶᠢ ᠠᠬᠢᠭᠤᠯᠬᠤ ᠵᠡᠷᠭᠡ ᠲᠦᠷᠦ ᠶᠢᠨ ᠪᠣᠳᠤᠯᠭ᠎ᠠ ᠶᠢᠨ ᠠᠷᠭ᠎ᠠ ᠬᠡᠮᠵᠢᠶ᠎ᠠ ᠶᠢ ᠨᠡᠶᠢᠲᠡᠯᠡᠵᠤ᠂ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢ ᠲᠣᠭᠳᠠᠪᠤᠷᠢᠵᠢᠭᠤᠯᠵᠤ᠂ ᠦᠢᠯᠡᠳᠪᠦᠷᠢᠯᠡᠬᠦ ᠶᠢ ᠨᠢ ᠵᠣᠭᠰᠤᠭᠠᠭᠰᠠᠨ ᠪᠠ ᠬᠠᠭᠠᠰ ᠵᠣᠭᠰᠤᠭᠠᠭᠰᠠᠨ ᠠᠵᠤ ᠠᠬᠤᠶᠢᠯᠠᠯ ᠵᠢᠯ ᠤᠨ ᠡᠬᠢᠨ ᠳᠤ 814 ᠡᠷᠦᠬᠡ ᠪᠠᠶᠢᠭᠰᠠᠨ ᠠᠴᠠ ᠪᠠᠨ 360 ᠡᠷᠦᠬᠡ ᠪᠣᠯᠵᠤ ᠬᠠᠰᠤᠨᠨᠳᠠᠪᠠ᠃
ᠬᠦᠬᠡᠬᠤᠲᠡ ᠪᠤᠭᠤᠲᠤ ᠤᠷᠳᠤᠰ ᠤᠨ ᠵᠤᠬᠢᠴᠠᠯᠳᠣᠨ ᠬᠦᠭᠵᠢᠭᠦ᠂ ᠵᠡᠭᠦᠨ ᠬᠡᠰᠡᠭ ᠤᠨ ᠠᠶᠢᠮᠠᠭ ᠬᠤᠲᠠ ᠶᠢᠨ ᠳᠡᠪᠡᠯᠳ᠋ᠨ ᠲᠠᠢ ᠬᠦᠭᠵᠢᠯᠲᠡ ᠶᠢ ᠲᠦᠷᠭᠡᠳᠭᠡᠵᠦ᠂ ᠦᠬᠠᠢ ᠵᠢᠴᠢ ᠡᠷᠭᠢᠨ ᠲᠤᠭᠤᠷᠢᠨ ᠳᠠᠬᠢ ᠭᠠᠵᠠᠷ ᠣᠷᠤᠨ ᠤ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠬᠦᠯᠬᠦ ᠶᠢ ᠠᠬᠢᠭᠤᠯᠤᠨ᠂ ᠬᠤᠷᠢᠨᠭᠡᠷ ᠢ ᠤᠯᠤᠰ ᠤᠨ ᠳᠡᠰ ᠤᠨ ᠰᠢᠨ᠎ᠡ ᠲᠣᠭᠤᠷᠢᠭ ᠪᠣᠯᠭᠠᠨ ᠪᠦᠳᠦᠭᠡᠨ ᠪᠠᠶᠢᠭᠤᠯᠬᠤ ᠪᠡᠯᠡᠳᠭᠡᠯ ᠠᠵᠢᠯ ᠢ ᠡᠬᠢᠯᠡᠭᠦᠯᠵᠦ᠂ ᠣᠷᠤᠨ ᠪᠦᠰᠡ ᠶᠢᠨ ᠬᠦᠭᠵᠢᠯᠲᠡ ᠶᠢᠨ ᠵᠤᠬᠢᠴᠠᠩᠭᠤᠢ ᠴᠢᠨᠠᠷ ᠤᠯᠠᠮ ᠨᠢᠭᠡ ᠠᠯᠬᠤᠮ ᠴᠢᠩᠭᠠᠳᠬᠠᠭᠳᠠᠪᠠ᠃
︵ᠭᠤᠷᠪᠠ︶ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠬᠦ ᠶᠢ ᠲᠦᠷᠭᠡᠳᠭᠡᠪᠡ᠃ ᠣᠳᠣ ᠦᠶ᠎ᠡ ᠶᠢᠨ ᠲᠠᠷᠢᠶᠠᠯᠠᠩ ᠮᠠᠯ ᠠᠵᠤ ᠠᠬᠤᠢ ᠶᠢ ᠶᠡᠬᠡᠪᠡᠷ ᠬᠦᠭᠵᠢᠭᠦᠯᠵᠦ᠂ ᠭᠤᠣᠯ ᠪᠤᠯᠬᠤ ᠲᠠᠷᠢᠮᠠᠯ᠂ ᠮᠠᠯ ᠤᠨ ᠰᠠᠶᠢᠨ ᠡᠭᠦᠯᠳᠡᠷ ᠤᠨ ᠨᠣᠷᠮ᠎ᠠ 96% ᠠᠴᠠ ᠳᠡᠭᠡᠭᠰᠢ ᠳᠤ ᠬᠦᠷᠴᠦ᠂ ᠤᠷᠭᠠᠨᠢᠭ ᠢᠳᠡᠭᠡᠨ ᠤ ᠭᠠᠷᠤᠯᠲᠠ ᠶᠢᠨ ᠬᠡᠮᠵᠢᠶ᠎ᠡ ᠪᠦᠬᠦ ᠤᠯᠤᠰ ᠤᠨ 1\3 ᠠᠴᠠ ᠳᠡᠭᠡᠭᠰᠢᠬᠢ ᠶᠢ ᠡᠵᠡᠯᠡᠵᠤ᠂ ᠡᠷᠳᠡᠨᠢ ᠰᠢᠰᠢ ᠶᠢᠨ ᠲᠠᠷᠢᠮᠠᠯ ᠤᠨ ᠪᠦᠲᠦᠴᠡ ᠶᠢ ᠲᠣᠬᠢᠷᠠᠭᠤᠯᠬᠤ ᠡᠭᠦᠷᠭᠡ ᠪᠠᠨ ᠳᠠᠪᠠᠭᠤᠯᠤᠨ ᠪᠡᠶᠡᠯᠡᠭᠦᠯᠪᠡ᠃ ᠠᠮᠤ ᠪᠣᠳᠠᠭ᠎ᠠ ᠶᠢᠨ ᠦᠢᠯᠡᠳᠪᠦᠷᠢᠯᠡᠯ ᠬᠦᠨᠳᠤ ᠬᠡᠴᠡᠭᠦᠦ ᠭᠠᠩ ᠬᠠᠭᠰᠠᠷᠭᠠᠨ ᠤ ᠨᠦᠯᠦᠭᠡᠯᠡᠯ ᠢ ᠲᠡᠰᠪᠦᠷᠢᠯᠡᠨ᠂ ᠶᠡᠷᠦᠩᠬᠡᠢ ᠤᠨᠠᠯᠳᠠ ᠨᠢ 4 ᠵᠢᠯ ᠳᠠᠷᠠᠭᠠᠯᠠᠨ 550 ᠳ᠋ᠦᠩᠰᠢᠭᠤᠷ ᠵᠢᠩ ᠠᠴᠠ ᠳᠡᠭᠡᠭᠰᠢ ᠪᠠᠶᠢᠬᠤ ᠶᠢ ᠪᠠᠳᠣᠯᠠᠵᠣ᠂ ᠮᠠᠯ ᠠᠵᠤ ᠠᠬᠤᠢ ᠶᠢᠨ ᠣᠨ ᠤ ᠬᠠᠰᠢᠶᠠᠯᠠᠭᠰᠠᠨ ᠮᠠᠯ 1.36 ᠳ᠋ᠦᠩᠰᠢᠭᠤᠷ ᠳᠤᠭ᠎ᠠ ᠲᠣᠯᠤᠭᠠᠢ ᠪᠠᠶᠢᠪᠠ᠃ ᠡᠭᠦᠯᠡᠨ ᠪᠣᠳᠤᠯᠲᠡ᠂ ᠣᠳᠤ ᠦᠶ᠎ᠡ ᠶᠢᠨ ᠲᠣᠨᠤᠭ ᠲᠦᠬᠦᠭᠡᠷᠤᠮᠵᠢ ᠦᠢᠯᠡᠳᠬᠦ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠠᠯ ᠵᠡᠷᠭᠡ ᠠᠵᠤ ᠦᠢᠯᠡᠰ ᠢ ᠶᠡᠬᠡᠪᠡᠷ ᠬᠦᠭᠵᠢᠭᠦᠯᠵᠦ᠂ ᠤᠯᠤᠰ ᠤᠨ ᠲᠤᠮᠤ ᠳ᠋ᠠᠶᠢᠲ᠋ᠠ ᠶᠢᠨ ᠶᠡᠷᠦᠩᠬᠡᠶᠢᠯᠡᠭᠰᠡᠨ ᠲᠤᠷᠰᠢᠯᠲᠠ ᠶᠢᠨ ᠣᠷᠤᠨ ᠤ ᠪᠦᠳᠦᠭᠡᠨ ᠪᠠᠶᠢᠭᠤᠯᠤᠯᠲᠠ ᠶᠢ ᠡᠬᠢᠯᠡᠭᠦᠯᠵᠦ᠂ ᠬᠤᠪᠤᠷ ᠰᠢᠷᠤᠢ ᠶᠢᠨ ᠰᠢᠨ᠎ᠡ ᠮᠠᠲ᠋ᠧᠷᠢᠶᠠᠯ ᠤᠨ ᠦᠢᠯᠡᠳᠭᠦᠨ ᠤ ᠦᠷᠳᠡᠭ 27.9% ᠨᠡᠮᠡᠭᠳᠡᠵᠦ᠂ ᠭᠡᠷᠡᠯ ᠴᠡᠨᠡᠭ ᠤᠨ ᠴᠠᠬᠢᠯᠭᠠᠨ ᠡᠭᠦᠰᠭᠡᠬᠦ ᠬᠡᠮᠵᠢᠶ᠎ᠡ 46.5% ᠨᠡᠮᠡᠭᠳᠡᠵᠦ᠂ ᠰᠠᠭᠤᠳᠠᠯ ᠤᠨ ᠮᠠᠰᠢᠨ ᠲᠡᠷᠭᠡ ᠦᠢᠯᠡᠳᠪᠦᠷᠢᠯᠡᠭᠰᠡᠨ ᠬᠡᠮᠵᠢᠶ᠎ᠠ 12.6% ᠨᠡᠮᠡᠭᠳᠡᠪᠡ᠃ ᠨᠡᠭᠦᠷᠡᠰᠤ ᠴᠠᠬᠢᠯᠭᠠᠨ ᠢ ᠨᠢᠭᠡ ᠴᠣᠭᠴᠠᠵᠢᠭᠤᠯᠬᠤ ᠬᠤᠪᠢ ᠶᠢᠨ ᠵᠢᠩ 90% ᠳᠤ ᠬᠦᠷᠴᠦ᠂ 5 ᠵᠠᠭᠤᠨ ᠤ ᠴᠡᠭ ᠲᠡᠬᠡᠭᠰᠢᠯᠡᠨ᠂ ᠨᠡᠭᠦᠷᠡᠰᠤ ᠴᠠᠬᠢᠯᠭᠠᠨ ᠬᠦᠩᠭᠡᠨ ᠴᠠᠭᠠᠨ ᠢ ᠨᠢᠭᠡ ᠴᠣᠭᠴᠠᠵᠢᠭᠤᠯᠬᠤ ᠬᠤᠪᠢ ᠶᠢᠨ ᠵᠢᠩ 70% ᠳᠤ ᠬᠦᠷᠴᠦ᠂ 10 ᠵᠠᠭᠤᠨ ᠤ ᠴᠡᠭ ᠲᠡᠬᠡᠭᠰᠢᠯᠡᠪᠡ᠃ ᠵᠢᠭᠤᠯᠴᠢᠯᠠᠯ ᠤᠨ ᠦᠢᠯᠡᠰ ᠤᠨ ᠶᠡᠷᠦᠩᠬᠡᠢ ᠣᠷᠤᠯᠭ᠎ᠠ 20.3% ᠨᠡᠮᠡᠭᠳᠡᠵᠦ᠂ ᠡᠪᠦᠯ ᠤᠨ ᠵᠢᠭᠤᠯᠴᠢᠯᠠᠯ᠂ ᠡᠯᠡᠰᠤᠨ ᠳᠠᠬᠢ ᠵᠢᠭᠤᠯᠴᠢᠯᠠᠯ ᠤᠨ ᠦᠭᠡᠳᠡᠯᠡᠨ ᠳᠡᠭᠡᠭᠰᠢᠯᠡᠬᠦ ᠬᠠᠨᠳᠤᠰᠢ ᠢᠯᠡᠳᠲᠡ ᠪᠣᠯᠪᠠ᠃ ᠮᠦᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠠᠷᠠᠳ ᠤᠨ ᠵᠤᠭᠤᠰ ᠬᠠᠳᠠᠭᠠᠯᠠᠭᠰᠠᠨ ᠦᠯᠡᠳᠡᠪᠦᠷᠢ ᠲᠤᠭ᠎ᠠ 2.1 ᠲᠦᠮᠡᠨ ᠳ᠋ᠦᠩᠰᠢᠭᠤᠷ ᠲᠦᠭᠦᠷᠢᠭ ᠪᠠᠶᠢᠵᠣ᠂ 17% ᠨᠡᠮᠡᠭᠳᠡᠪᠡ︔ ᠵᠢᠭᠡᠯᠡᠯᠭᠡ ᠶᠢᠨ ᠦᠯᠡᠳᠡᠪᠦᠷᠢ ᠲᠤᠭ᠎ᠠ 1.9 ᠲᠦᠮᠡᠨ ᠳ᠋ᠦᠩᠰᠢᠭᠤᠷ ᠲᠦᠭᠦᠷᠢᠭ ᠪᠠᠶᠢᠵᠤ᠂ 12% ᠨᠡᠮᠡᠭᠳᠡᠵᠤ᠂ ᠠᠵᠤ ᠠᠬᠤᠢ ᠶᠢᠨ ᠬᠦᠭᠵᠢᠯᠲᠠ ᠶᠢ ᠬᠦᠴᠦᠲᠠᠢ ᠳᠡᠮᠵᠢᠪᠡ᠃ ᠢᠨᠲ᠋ᠧᠷ ᠰᠦᠯᠵᠢᠶ᠎ᠡ ᠶᠢᠨ ᠬᠡᠷᠡᠭᠯᠡᠭᠴᠢ ᠶᠢᠨ ᠲᠦᠭᠡᠮᠡᠯᠵᠢᠬᠦ ᠨᠣᠷᠮ᠎ᠠ 95% ᠳᠤ ᠬᠦᠷᠴᠦ᠂ 6.3 ᠵᠠᠭᠤᠨ ᠤ ᠴᠡᠭ ᠳᠡᠭᠡᠭᠰᠢᠯᠡᠵᠦ᠂ ᠡᠯᠧᠺᠲᠷᠤᠨ ᠬᠤᠳᠠᠯᠳᠤᠭᠠᠨ ᠤ ᠶᠠᠪᠤᠳᠠᠯ ᠤᠨ ᠠᠷᠠᠯᠵᠢᠶ᠎ᠠ ᠶᠢᠨ ᠲᠤᠭ᠎ᠠ ᠳᠠᠬᠢᠨ ᠢᠶᠠᠷ ᠨᠡᠮᠡᠭᠳᠡᠪᠡ᠃ ᠠᠵᠤ ᠠᠬᠤᠶᠢᠯᠠᠯ ᠤᠨ ᠳᠡᠰ ᠳᠡᠪᠰᠢᠬᠦ ᠳᠠᠬᠢ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢᠨ ᠬᠦᠲᠦᠯᠦᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ ᠬᠤᠪᠤᠷ ᠰᠢᠷᠤᠢ ᠶᠢᠨ ᠲᠣᠭᠲᠠᠮᠠᠯ ᠰᠣᠷᠢᠨᠵᠢᠨ ᠴᠠᠬᠢᠯᠭᠠᠨ ᠮᠠᠰᠢᠨ᠂ ᠬᠥᠩᠭᠡᠨ ᠴᠠᠭᠠᠨ ᠤ ᠠᠭᠤᠯᠤᠭᠳᠠᠴᠠ ᠶᠡᠬᠡᠲᠡᠢ ᠨᠡᠭᠦᠷᠡᠰᠦᠨ ᠤ ᠦᠨᠡᠰᠦ ᠶᠢᠨ ᠡᠬᠢ ᠪᠠᠶᠠᠯᠢᠭ ᠢ ᠠᠰᠢᠭᠯᠠᠬᠤ᠂ ᠮᠣᠩᠭᠤᠯ ᠡᠮ ᠤᠨ ᠨᠠᠶᠢᠷᠠᠯᠭ᠎ᠠ ᠶᠢᠨ ᠰᠤᠳᠤᠯᠤᠯ ᠵᠡᠷᠭᠡ ᠲᠠᠯ᠎ᠠ ᠪᠠᠷ ᠨᠢᠭᠡ ᠪᠦᠯᠦᠭ ᠴᠢᠬᠤᠯᠠ ᠦᠷ᠎ᠡ ᠪᠦᠲᠦᠮᠵᠢ ᠶᠢ ᠣᠯᠵᠤ᠂ ᠬᠤᠪᠣᠷ ᠰᠢᠷᠣᠢ ᠶᠢ ᠶᠡᠷᠣᠩᠬᠡᠶᠢᠯᠡᠨ ᠠᠰᠢᠭᠯᠠᠵᠣ᠂ ᠣᠨᠴᠨ ᠲᠦᠷᠣᠯ ᠤᠨ ᠮᠠᠰᠢᠨ ᠳᠡᠷᠭᠡ ᠦᠢᠯᠡᠣᠡᠭᠦ ᠣᠯᠣᠰ ᠤᠨ ᠭᠤᠤᠯᠳᠠᠯᠭ᠎ᠠ ᠲᠠᠢ ᠲᠣᠷᠰᠢᠯᠳᠠ ᠶᠢᠨ ᠳᠠᠰᠤᠭ ᠢ ᠪᠠᠶᠢᠭᠤᠯᠵᠣ᠂ ᠤᠯᠤᠰ ᠤᠨ ᠳᠡᠰ ᠤᠨ ᠠᠵᠤ ᠠᠬᠤᠶᠢᠯᠠᠯ ᠤᠨ ᠭᠤᠣᠯᠳᠠᠯᠭ᠎ᠠ ᠲᠠᠢ ᠲᠤᠷᠰᠢᠯᠲᠠ ᠶᠢᠨ ᠲᠠᠰᠤᠭ ᠪᠠᠶᠢᠬᠤ ᠦᠭᠡᠢ ᠪᠠᠶᠢᠭᠰᠠᠨ ᠠᠴᠠ ᠪᠠᠶᠢᠬᠤ ᠪᠣᠯᠪᠠ᠃ ᠰᠢᠨ᠎ᠡ ᠪᠠᠷ ᠨᠡᠮᠡᠭᠳᠡᠭᠰᠡᠨ ᠲᠦᠮᠡᠨ ᠤᠯᠠᠨ ᠢᠶᠠᠷ ᠢᠶᠠᠨ ᠠᠳᠠᠯ ᠦᠢᠯᠡᠰ ᠴᠣᠭᠴᠠᠯᠠᠬᠤ ᠣᠷᠣᠨ ᠵᠠᠢ ᠶᠢᠨ ᠲᠤᠷᠰᠢᠯᠲᠠ ᠶᠢᠨ ᠴᠢᠬ 70 ᠡᠷᠦᠬᠡ ᠪᠣᠯᠵᠤ᠂ ᠨᠢᠭᠡ ᠪᠦᠯᠦᠭ ᠡᠭᠦᠳᠦᠨ ᠴᠣᠭᠴᠠᠯᠠᠭᠴᠢᠳ ᠠᠳᠠᠯ ᠦᠢᠯᠡᠰ ᠴᠣᠭᠴᠠᠯᠠᠵᠣ ᠰᠢᠨ᠎ᠡ ᠶᠢ ᠡᠭᠦᠣᠡᠭᠦ ᠵᠠᠮ ᠢᠶᠠᠷ ᠵᠠᠮᠨᠠᠪᠠ᠃
︵ᠳᠥᠷᠪᠡ︶ ᠥᠭᠡᠷᠡᠴᠢᠯᠡᠯᠲᠡ ᠨᠡᠭᠡᠭᠡᠯᠲᠡ ᠪᠠᠷ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠦᠭᠵᠢᠭᠡᠪᠡ᠃ ᠠᠵᠤ ᠠᠬᠤᠢ᠂ ᠨᠡᠶᠢᠭᠡᠮ ᠪᠣᠯᠣᠨ ᠠᠮᠢ ᠠᠬᠤᠢ ᠶᠢᠨ ᠬᠦᠷᠢᠶ᠎ᠡ ᠴᠠᠷᠠᠭ᠎ᠠ ᠳᠤ 84 ᠵᠦᠢᠯ ᠤᠨ ᠦᠭᠡᠷᠡᠴᠢᠯᠡᠯᠲᠡ ᠶᠢᠨ ᠲᠦᠰᠦᠯ ᠢ ᠨᠡᠶᠢᠳᠡᠯᠡᠵᠦ᠂ 66 ᠵᠦᠢᠯ ᠤᠨ ᠦᠭᠡᠷᠡᠴᠢᠯᠡᠯᠲᠡ ᠶᠢᠨ ᠲᠤᠷᠰᠢᠯᠳᠠ ᠶᠢ ᠦᠷᠨᠢᠭᠦᠯᠪᠡ᠃ ᠶᠡᠷᠦᠩᠬᠡᠢ ᠱᠦᠵᠢ ᠰᠢ ᠶᠢᠨ ᠫᠢᠩ ᠠᠴᠠ ᠮᠠᠨ ᠤ ᠣᠷᠣᠨ ᠢ ᠤᠷᠢᠳᠠᠪᠡᠷ ᠬᠡᠷᠡᠭᠵᠢᠭᠦᠯᠵᠦ ᠤᠷᠢᠳᠠᠪᠡᠷ ᠲᠤᠷᠰᠢᠬᠤ ᠪᠠᠷ ᠭᠦᠰᠡᠨ ᠨᠠᠶᠢᠳᠠᠭᠰᠠᠨ ᠭᠤᠷᠪᠠᠨ ᠵᠦᠢᠯ ᠤᠨ ᠥᠭᠡᠷᠡᠴᠢᠯᠡᠯᠲᠡ ᠪᠦᠬᠦ ᠲᠠᠯ᠎ᠠ ᠪᠠᠷ ᠠᠬᠢᠵᠤ᠂ 81% ᠶᠢᠨ ᠬᠦᠲᠦᠴᠢ ᠠᠵᠤ ᠠᠬᠤᠶᠢᠯᠠᠯ ᠤᠳ ᠮᠠᠯᠴᠢᠨ ᠲᠠᠷᠢᠶᠠᠴᠢᠳ ᠯᠤᠭ᠎ᠠ ᠠᠰᠢᠭ ᠲᠤᠰᠠ ᠶᠢᠨ ᠬᠤᠯᠪᠣᠯᠴᠠᠭ᠎ᠠ ᠶᠢᠨ ᠲᠣᠭᠳᠠᠴᠠ ᠪᠠᠶᠢᠭᠤᠯᠵᠤ᠂ ᠣᠷᠣᠰ ᠮᠣᠩᠭᠤᠯ ᠯᠤᠭ᠎ᠠ ᠶᠢᠨ ᠬᠠᠮᠲᠤᠷᠠᠯᠴᠠᠭ᠎ᠠ ᠶᠢᠨ ᠲᠣᠭᠲᠠᠴᠠ ᠲᠠᠰᠤᠷᠠᠯᠲᠠ ᠦᠭᠡᠢ ᠭᠦᠨᠵᠡᠭᠡᠶᠢᠷᠡᠨ᠂ ᠠᠮᠢ ᠠᠬᠤᠢ ᠶᠢᠨ ᠪᠣᠯᠪᠠᠰᠤᠨ ᠤ ᠳᠦᠷᠢᠮ ᠤᠨ ᠥᠭᠡᠷᠡᠴᠢᠯᠡᠯᠲᠡ ᠢᠳᠡᠪᠬᠢᠲᠡᠢ ᠦᠷ᠎ᠡ ᠪᠦᠲᠦᠭᠡᠮᠵᠢ ᠣᠯᠪᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠢ ᠠᠬᠢᠭᠤᠯᠤᠨ᠂ ᠵᠠᠰᠠᠭ ᠤᠨ ᠣᠷᠳᠣᠨ ᠤ ᠡᠷᠬᠡ᠂ ᠬᠠᠷᠢᠭᠤᠴᠠᠯᠭ᠎ᠠ ᠵᠡᠷᠭᠡ ︽ᠨᠠᠢᠮᠠᠨ ᠨᠠᠷᠢᠨ ᠬᠠᠭᠤᠳᠠᠰᠤ︾ ᠶᠢ ᠨᠡᠶᠢᠲᠡᠯᠡᠵᠦ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠵᠠᠰᠠᠭ ᠵᠠᠬᠢᠷᠭᠠᠨ ᠤ 196 ᠵᠦᠢᠯ ᠤᠨ ᠡᠷᠬᠡ ᠶᠢ ᠳᠣᠷᠣᠭᠰᠢ ᠪᠠᠭᠤᠯᠭᠠᠵᠤ᠂ ᠠᠵᠣ ᠠᠬᠤᠶᠢᠯᠡᠯ ᠤᠨ ᠪᠡᠯᠡ ᠣᠷᠣᠭᠤᠯᠤᠯᠲᠠ ᠶᠢᠨ ᠲᠥᠷᠥᠯ ᠵᠦᠢᠯ ᠤᠨ ᠤᠷᠢᠳᠠᠴᠢ ᠬᠢᠨᠠᠨ ᠵᠥᠪᠰᠢᠶᠡᠷᠡᠬᠦ ᠵᠦᠢᠯ ᠤᠳ ᠶᠡᠭᠡ ᠬᠡᠮᠵᠢᠶ᠎ᠡ ᠪᠠᠷ ᠬᠠᠰᠣᠭᠳᠠᠨ᠂ ᠨᠢᠭᠤᠴᠠ ᠳᠤ ᠦᠯᠦ ᠬᠤᠯᠪᠣᠭᠳᠠᠬᠤ ᠲᠥᠷᠥᠯ ᠵᠦᠢᠯ ᠢ ᠴᠦᠮ ᠰᠦᠯᠵᠢᠶ᠎ᠡ ᠪᠠᠷ ᠬᠢᠨᠠᠨ ᠵᠥᠪᠰᠢᠶᠡᠷᠡᠵᠦ᠂ ᠠᠵᠤ ᠠᠬᠤᠶᠢᠯᠠᠯ ᠪᠣᠯᠣᠨ ᠣᠯᠠᠨ ᠲᠦᠮᠡᠨ ᠤ ᠠᠵᠢᠯ ᠬᠡᠷᠡᠭ ᠭᠦᠢᠴᠡᠳᠭᠡᠬᠦ ᠳᠤ ᠨᠡᠩ ᠳᠦᠭᠦᠮ ᠪᠣᠯᠭᠠᠪᠠ᠃ ᠦᠢᠯᠡᠳᠪᠦᠷᠢ ᠬᠤᠳᠠᠯᠳᠤᠭᠠᠨ ᠤ ᠵᠦᠢᠯᠡᠰ ᠤᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ 174 ᠵᠦᠢᠯ ᠤᠨ ᠠᠵᠤ ᠦᠢᠯᠡᠳᠪᠦᠷᠢ ᠬᠤᠳᠠᠯᠳᠤᠭ᠎ᠠ ᠶᠢᠨ ᠳᠠᠩᠰᠠᠯᠠᠨ ᠳᠡᠮᠳᠡᠭᠯᠡᠬᠦ ᠣᠷᠢᠳᠠᠴᠢ ᠬᠢᠨᠡᠨ ᠵᠥᠪᠰᠢᠶᠡᠷᠡᠬᠦ ᠵᠦᠢᠯ ᠢ ᠳᠠᠷᠠᠭᠠᠴᠢ ᠬᠢᠨᠠᠨ ᠵᠥᠪᠰᠢᠶᠡᠷᠡᠬᠦ ᠪᠣᠯᠭᠠᠵᠤ᠂ ︽ᠲᠠᠪᠤᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ᠂ ᠨᠢᠭᠡ ᠦᠨᠡᠮᠯᠡᠯ ᠳᠤ ᠨᠢᠭᠡ ᠨᠣᠮᠧᠷ ᠲᠠᠢ ᠪᠠᠶᠢᠯᠭᠠᠬᠤ︾ ᠦᠭᠡᠷᠡᠴᠢᠯᠡᠯᠲᠡ ᠪᠤᠯᠤᠨ ︽ᠬᠤᠶᠠᠷ ᠢ ᠰᠤᠭᠤᠴᠢᠵᠤ ᠨᠢᠭᠡ ᠶᠢ ᠢᠯᠡ ᠪᠣᠯᠭᠠᠬᠤ︾ ᠬᠢᠨᠠᠯᠲᠠ ᠬᠠᠮᠢᠶᠠᠷᠤᠯᠲᠠ ᠶᠢ ᠪᠦᠬᠦ ᠲᠠᠯ᠎ᠠ ᠪᠠᠷ ᠬᠡᠷᠩᠵᠢᠭᠦᠯᠪᠠ᠃ ᠣᠯᠣᠰ ᠤᠨ ᠠᠵᠤ ᠠᠬᠤᠶᠢᠯᠠᠯ ᠣᠯᠣᠰ ᠤᠨ ᠡᠳ᠋ ᠬᠦᠷᠦᠩᠭᠡ ᠶᠢᠨ ᠦᠭᠡᠷᠡᠴᠢᠯᠡᠯᠲᠡ ᠶᠢᠨ ᠠᠯᠬᠤᠴᠠ ᠲᠦᠷᠭᠡᠳᠴᠦ᠂ ᠬᠤᠯᠢᠮᠠᠭ ᠦᠮᠴᠢᠯᠡᠯ ᠤᠨ ᠲᠦᠷᠢᠮᠳᠤ ᠦᠭᠡᠷᠡᠴᠢᠯᠡᠯᠲᠡ᠂ ᠣᠯᠣᠰ ᠤᠨ ᠬᠦᠷᠦᠩᠭᠡ ᠶᠢᠨ ᠡᠵᠡᠩᠨᠡᠯᠲᠡ ᠶᠢᠨ ᠺᠣᠮᠫᠠᠨᠢ ᠪᠠᠶᠢᠭᠤᠯᠬᠤ ᠵᠡᠷᠭᠡ ᠨᠢᠭᠡ ᠪᠦᠯᠦᠭ ᠲᠣᠷᠰᠢᠯᠳᠠ ᠯᠠᠪᠳᠠᠭᠤᠨ ᠢᠶᠠᠷ ᠠᠬᠢᠭᠤᠯᠤᠭᠳᠠᠪᠠ᠃ ︽ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠣᠯᠭᠠᠨ ᠦᠭᠡᠷᠡᠴᠢᠯᠡᠬᠦ︾ ᠶᠢ ᠪᠦᠬᠦ ᠲᠠᠯ᠎ᠠ ᠪᠠᠷ ᠶᠠᠪᠤᠭᠳᠠᠭᠤᠯᠵᠤ᠂ ᠨᠡᠶᠢᠲᠡ 200 ᠳ᠋ᠦᠩᠰᠢᠭᠤᠷ ᠲᠦᠬᠦᠷᠢᠭ ᠤᠨ ᠭᠠᠶᠢᠯᠢ ᠶᠢ ᠬᠠᠰᠤᠵᠤ ᠰᠦᠢᠳᠭᠡᠯ ᠢ ᠪᠠᠭᠤᠷᠠᠭᠤᠯᠪᠠ᠃ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠣᠷᠣᠰᠢᠨ ᠰᠠᠭᠤᠬᠤ ᠦᠨᠡᠮᠯᠡᠯ ᠤᠨ ᠳᠦᠷᠢᠮ ᠢ ᠬᠡᠷᠡᠭᠵᠢᠭᠦᠯᠵᠦ᠂ 8.6 ᠲᠦᠮᠡᠨ ᠮᠠᠯᠴᠢᠨ ᠲᠠᠷᠢᠶᠠᠴᠢᠳ ᠬᠤᠲᠠ ᠣᠷᠤᠵᠤ ᠡᠷᠦᠬᠡ ᠠᠮᠠ ᠪᠠᠨ ᠣᠷᠣᠭᠤᠯᠪᠠ᠃ ᠦᠯᠦ ᠬᠦᠳᠡᠯᠬᠦ ᠬᠦᠷᠦᠩᠭᠡ ᠶᠢ ᠨᠢᠭᠡᠳᠦᠯᠲᠠᠢ ᠲᠠᠩᠰᠠᠯᠠᠨ ᠳᠡᠮᠳᠡᠭᠯᠡᠭᠦ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠬᠠᠮᠲᠤ ᠶᠢᠨ ᠦᠮᠴᠢᠯᠡᠬᠦ ᠡᠷᠬᠡ ᠪᠣᠯᠣᠨ ᠭᠠᠵᠠᠷ ᠰᠢᠷᠤᠢ ᠲᠠᠲᠠᠪᠤᠷᠢᠯᠠᠬᠤ ᠳᠦᠷᠢᠮ ᠤᠨ ᠥᠭᠡᠷᠡᠴᠢᠯᠡᠯᠲᠡ ᠶᠢᠨ ᠲᠣᠷᠰᠢᠯᠳᠠ ᠶᠢ ᠦᠷᠨᠢᠭᠦᠯᠵᠦ᠂ ᠭᠠᠵᠠᠷ ᠰᠢᠷᠤᠢ ᠨᠣᠳᠤᠭ ᠪᠡᠯᠴᠢᠭᠡᠷ ᠤᠨ ᠡᠷᠬᠡ ᠶᠢᠨ ᠲᠣᠳᠣᠯᠠᠨ ᠲᠣᠭᠲᠠᠭᠠᠬᠤ ᠠᠵᠢᠯ ᠣᠷᠤᠭᠰᠢᠲᠠᠢ ᠠᠬᠢᠭᠤᠯᠤᠭᠳᠠᠪᠠ᠃ ᠡᠷᠳᠡᠨᠢ ᠰᠢᠰᠢ ᠶᠢ ᠬᠤᠷᠢᠶᠠᠵᠣ ᠬᠠᠳᠠᠭᠠᠯᠠᠬᠤ ᠳᠦᠷᠢᠮ ᠳᠤ ᠦᠭᠡᠷᠡᠴᠢᠯᠡᠯᠳᠠ ᠬᠢᠵᠣ᠂ ᠡᠷᠳᠡᠨᠢ ᠰᠢᠰᠢ ᠦᠢᠯᠡᠣᠡᠪᠦᠷᠢᠯᠡᠭᠴᠢᠣᠨ ᠲᠤ 86 ᠳ᠋ᠦᠩᠰᠢᠭᠤᠷ ᠲᠦᠭᠦᠷᠢᠭ ᠤᠨ ᠨᠡᠮᠡᠭᠦᠷᠢ ᠪᠠᠭᠤᠯᠭᠠᠪᠠ᠃ ᠤᠯᠤᠰ ᠤᠨ ᠦᠮᠴᠢᠯᠡᠯᠲᠦ ᠰᠢᠭᠤᠶᠢᠳᠤ ᠣᠷᠣᠨ ᠤ ᠥᠭᠡᠷᠡᠴᠢᠯᠡᠯᠲᠡ ᠴᠢᠬᠤᠯᠠ ᠶᠡᠭᠡ ᠠᠬᠢᠴᠠ ᠲᠠᠢ ᠪᠣᠯᠵᠤ᠂ ᠠᠵᠤ ᠠᠬᠤᠶᠢᠯᠠᠯ ᠢ ᠬᠤᠪᠢᠶᠠᠨ ᠰᠢᠯᠵᠢᠭᠦᠯᠬᠦ ᠪᠠ ᠰᠠᠯᠭᠠᠨ ᠭᠠᠷᠭᠠᠵᠤ ᠨᠡᠶᠢᠭᠡᠮ ᠤᠨ ᠡᠷᠬᠡ ᠴᠢᠳᠠᠪᠣᠷᠢ ᠲᠠᠢ ᠪᠣᠯᠭᠠᠬᠤ ᠶᠢ ᠦᠨᠳᠦᠰᠦᠨ ᠳᠡᠭᠡᠨ ᠪᠡᠶᠡᠯᠡᠭᠦᠯᠪᠡ᠃ ᠪᠡᠯᠡ ᠤᠷᠤᠭᠤᠯᠤᠯᠳᠠ ᠶᠢᠨ ᠦᠨ᠎ᠡ ᠬᠠᠩᠰᠢ᠂ ᠡᠳ᠋ ᠤᠨ ᠵᠠᠰᠠᠭ ᠭᠠᠶᠢᠯᠢ ᠮᠦᠩᠭᠦᠨ ᠭᠦᠢᠯᠭᠡᠭᠡᠨ᠂ ᠨᠡᠶᠢᠭᠡᠮ ᠤᠨ ᠠᠵᠢᠯ ᠦᠢᠯᠡᠰ ᠵᠡᠷᠭᠡ ᠬᠦᠷᠢᠶ᠎ᠡ ᠴᠠᠷᠠᠭ᠎ᠠ ᠶᠢᠨ ᠥᠭᠡᠷᠡᠴᠢᠯᠡᠯᠲᠡ ᠲᠠᠰᠤᠷᠠᠯᠲᠠ ᠦᠭᠡᠢ
ᠭᠦᠨᠵᠡᠭᠡᠶᠢᠷᠡᠪᠡ᠃
ᠤᠯᠤᠰ ᠤᠨ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠳᠤ ᠢᠳᠡᠪᠬᠢᠲᠡᠢ ᠠᠭᠤᠰᠤᠯᠴᠠᠪᠠ᠃ ᠲᠣᠷᠭᠠᠨ ᠵᠠᠮ ᠤᠨ ᠠᠵᠤ ᠠᠬᠤᠢ ᠶᠢᠨ ᠪᠦᠰᠡ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠭᠢᠯ ᠤᠨ ᠬᠡᠷᠡᠭᠵᠢᠭᠦᠯᠬᠦ ᠲᠦᠰᠦᠯ ᠢ ᠲᠣᠭᠲᠠᠭᠠᠬᠤ ᠳᠤ ᠣᠷᠣᠯᠴᠠᠵᠤ᠂ ᠮᠠᠨᠵᠤᠤᠷ ᠤᠨ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠤᠷᠤᠨ ᠤ ᠪᠣᠭᠤᠮᠳᠠ ᠬᠠᠭᠠᠵᠣ ᠨᠡᠭᠡᠭᠦ ᠠᠵᠢᠯᠯᠠᠭ᠋ᠨ᠂ ᠡᠷᠢᠶᠡᠨ ᠬᠤᠲᠠ - ᠵᠠᠮ ᠤᠨ ᠡᠭᠦᠳᠠ ᠶᠢᠨ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠭᠠᠨ ᠤ ᠣᠷᠣᠨ ᠤ ᠪᠦᠲᠦᠭᠡᠨ ᠪᠠᠶᠢᠭᠤᠯᠤᠯᠲᠠ ᠰᠢᠪᠲᠤᠯᠤᠯᠲᠠ ᠲᠠᠢ ᠪᠣᠯᠪᠠ᠃ ᠪᠦᠭᠦ ᠣᠷᠣᠨ ᠤ ᠬᠢᠯᠢ ᠪᠣᠭᠤᠮᠳᠠ ᠶᠢᠨ ᠪᠠᠷᠠᠭᠠᠨ ᠤ ᠲᠡᠭᠡᠭᠡᠪᠦᠷᠢ ᠶᠢᠨ ᠬᠡᠮᠵᠢᠶ᠎ᠡ 7800 ᠲᠦᠮᠡᠨ ᠲᠣᠨ ᠪᠠᠶᠢᠵᠤ᠂ 18% ᠨᠡᠮᠡᠭᠳᠡᠪᠡ᠃ ᠣᠷᠳᠣᠰ ᠤᠨ ᠠᠭᠠᠷ ᠠᠶᠠᠯᠠᠯ ᠤᠨ ᠬᠢᠯᠢ ᠪᠣᠭᠤᠮᠳᠠ ᠨᠢ ᠤᠯᠤᠰ ᠤᠨ ᠰᠢᠯᠭᠠᠨ ᠬᠤᠷᠢᠶᠠᠬᠤ ᠶᠢ ᠦᠩᠭᠡᠷᠡᠭᠡᠵᠦ᠂ ᠠᠯᠠᠱᠠ ᠠᠶᠢᠮᠠᠭ ᠤᠨ ᠥᠯᠵᠡᠢ ᠵᠠᠰᠠᠮᠠᠯ ᠵᠠᠮ ᠤᠨ ᠬᠢᠯᠢ ᠪᠣᠭᠤᠮᠳᠠ ᠳᠤ ᠴᠣᠬᠤᠯᠠᠪᠤᠷᠢ ᠣᠯᠪᠠ᠃ ᠳᠤᠮᠳᠠᠳᠤ ᠡᠸᠦ᠋ᠷᠦᠫᠡ ᠶᠢᠨ ᠡᠭᠡᠯᠵᠢ ᠶᠢᠨ ᠭᠠᠯᠳᠤ ᠲᠡᠷᠭᠡ ᠶᠢᠨ ᠬᠡᠪᠰᠢᠭᠰᠡᠨ ᠠᠵᠢᠯᠯᠠᠭᠠᠨ ᠢ ᠪᠡᠶᠡᠯᠡᠭᠦᠯᠵᠤ᠂ ᠪᠠᠷᠠᠭ᠎ᠠ ᠳᠠᠮᠵᠢᠭᠤᠯᠬᠤ ᠬᠡᠮᠵᠢᠶ᠎ᠡ 8 ᠲᠦᠮᠡᠨ ᠪᠠᠷᠢᠮᠵᠢᠶᠠᠵᠢᠯ ᠴᠢᠩᠬᠡᠯᠢᠭ ᠢ ᠳᠠᠪᠠᠪᠠ᠃ ᠰᠢᠨ᠎ᠡ ᠨᠢᠭᠡᠨ ᠡᠭᠡᠯᠵᠢ ᠶᠢᠨ ᠪᠡᠭᠡᠵᠢᠩ᠂ ᠭᠤᠸᠠᠩᠳᠦ᠋ᠩ ᠮᠣᠵᠢ ᠶᠢᠨ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠣᠯᠣᠰ ᠤᠨ ᠲᠣᠳᠣᠷᠠᠬᠢ ᠳᠡᠭᠡᠳᠣ ᠰᠣᠷᠭᠠᠭᠤᠯᠢ᠂ ᠰᠢᠨᠵᠢᠯᠡᠭᠦ ᠣᠬᠠᠭᠠᠨ ᠰᠤᠳᠤᠯᠤᠯ ᠤᠨ ᠭᠦᠷᠢᠶᠡᠯᠡᠩ ᠭᠠᠵᠡᠷ ᠪᠣᠯᠣᠨ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢᠨ ᠬᠠᠮᠳᠣᠷᠠᠯᠴᠠᠭ᠎ᠠ ᠰᠢᠨ᠎ᠠ ᠠᠬᠢᠴᠨ ᠲᠠᠢ ᠪᠣᠯᠪᠠ᠃ ᠦᠪᠦᠷ ᠮᠣᠩᠭᠤᠯ ᠤᠨ ᠲᠣᠮᠤ ᠳ᠋ᠠᠶᠢᠲ᠋ᠠ ᠶᠢᠨ ᠠᠵᠤ ᠦᠢᠯᠡᠰ ᠤᠨ ᠲᠠᠨᠢᠯᠴᠠᠭᠤᠯᠬᠤ ᠴᠤᠭᠯᠠᠭᠠᠨ᠂ ᠠᠩᠬᠠᠳᠤᠭᠠᠷ ᠬᠤᠭᠤᠴᠠᠭᠠᠨ ᠤ ᠦᠪᠦᠷ ᠮᠣᠩᠭᠤᠯ ᠤᠨ ᠬᠤᠳᠠᠯᠳᠤᠭᠠᠴᠢᠳ ᠤᠨ ᠡᠪᠯᠡᠯ ᠤᠨ ᠬᠤᠳᠠᠯᠳᠤᠭ᠎ᠠ ᠶᠢᠨ ᠶᠡᠭᠡ ᠴᠤᠭᠯᠠᠭᠠᠨ᠂ ᠥᠪᠥᠷ ᠮᠣᠩᠭᠤᠯ · ᠰᠢᠶᠠᠩᠭᠠᠩ ᠤᠨ ᠭᠤᠣᠯᠳᠠᠯᠭ᠎ᠠ ᠲᠠᠢ ᠬᠠᠮᠲᠤᠷᠠᠯᠴᠠᠭᠠᠨ ᠤ ᠲᠥᠷᠥᠯ ᠵᠦᠢᠯ ᠢ ᠲᠠᠨᠢᠯᠴᠠᠭᠤᠯᠬᠤ ᠴᠤᠭᠯᠠᠭᠠᠨ ᠵᠡᠷᠭᠡ ᠴᠢᠬᠤᠯᠠ ᠶᠡᠭᠡ ᠠᠵᠢᠯᠯᠠᠭ᠎ᠠ ᠶᠢ ᠠᠮᠵᠢᠯᠲᠠ ᠲᠠᠢ ᠡᠷᠬᠢᠯᠡᠪᠠ᠃ ᠤᠯᠤᠰ ᠤᠨ ᠳᠤᠳᠤᠭᠠᠳᠤ ᠶᠢᠨ 3600 ᠭᠠᠷᠣᠢ ᠳ᠋ᠦᠩᠰᠢᠭᠤᠷ ᠲᠦᠭᠦᠷᠢᠭ ᠤᠨ ᠪᠡᠯᠡ ᠮᠦᠩᠭᠦ ᠶᠢ ᠳᠠᠳᠠᠨ ᠣᠷᠣᠭᠤᠯᠵᠤ᠂ 8.8% ᠨᠡᠮᠡᠭᠳᠡᠪᠡ᠃
︵ᠲᠠᠪᠤ︶ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠴᠢᠩᠭᠠᠳᠬᠠᠪᠠ᠃ ᠨᠢᠭᠡ ᠲᠠᠯ᠎ᠠ ᠪᠠᠷ ᠠᠮᠢ ᠠᠬᠤᠢ ᠶᠢᠨ ᠥᠩᠭᠡᠵᠢᠭᠦᠯᠦᠨ ᠰᠡᠷᠭᠦᠭᠡᠬᠦ ᠶᠢ ᠠᠳᠬᠤᠬᠤ᠂ ᠨᠥᠭᠦᠭᠡ ᠲᠠᠯ᠎ᠠ ᠪᠠᠷ ᠣᠷᠴᠢᠨ ᠲᠣᠭᠤᠷᠢᠨ ᠤ ᠵᠠᠰᠠᠯᠲᠠ ᠶᠢ ᠠᠳᠬᠤᠬᠤ ᠶᠢ ᠪᠠᠷᠢᠮᠲᠠᠯᠠᠨ᠂ 1511 ᠲᠦᠮᠡᠨ ᠮᠦ ᠳᠤ ᠮᠣᠳᠣ ᠲᠠᠷᠢᠵᠤ ᠣᠶᠢᠵᠢᠭᠤᠯᠤᠨ᠂ 3381 ᠲᠦᠮᠡᠨ ᠮᠦ ᠳᠤ ᠡᠪᠡᠰᠦ ᠲᠠᠷᠢᠵᠤ᠂ 760 ᠲᠦᠮᠡᠨ ᠮᠦ ᠬᠦᠷᠦᠰᠦ ᠰᠢᠷᠤᠢ ᠶᠢᠨ ᠢᠳᠡᠭᠳᠡᠯ ᠢ ᠵᠠᠰᠠᠭᠰᠠᠨ ᠪᠦᠭᠡᠳ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠵᠠᠰᠠᠬᠤ ᠠᠵᠢᠯ ᠢᠳᠡᠪᠬᠢ ᠠᠬᠢᠴᠠ ᠲᠠᠢ ᠪᠣᠯᠪᠠ᠃ ᠰᠢᠨ᠎ᠡ ᠨᠢᠬᠡᠨ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠢ ᠶᠢᠨ ᠨᠥᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠵᠦ᠂ ᠪᠡᠯᠴᠢᠬᠡᠷᠯᠡᠬᠦᠯᠬᠦ ᠶᠢ ᠬᠤᠷᠢᠭᠯᠠᠬᠤ ᠪᠠ ᠪᠡᠯᠴᠢᠭᠡᠷ ᠮᠠᠯ ᠤᠨ ᠲᠡᠩᠴᠡᠭᠦᠷᠢᠰᠢᠭᠦᠯᠬᠦ ᠨᠥᠬᠦᠪᠦᠷᠢ ᠶᠢᠨ ᠪᠠᠷᠢᠮᠵᠢᠶ᠎ᠠ ᠶᠢ ᠳᠡᠭᠡᠭᠰᠢᠯᠡᠭᠦᠯᠪᠡ᠃ ᠠᠭᠠᠷ ᠮᠠᠨᠳᠠᠯ᠂ ᠤᠰᠤ᠂ ᠬᠦᠷᠦᠰᠦ ᠰᠢᠷᠣᠢ ᠶᠢᠨ ᠪᠣᠬᠢᠷᠳᠣᠯ ᠢ ᠰᠡᠷᠭᠡᠶᠢᠯᠡᠨ ᠵᠠᠰᠠᠬᠤ ᠠᠵᠢᠯᠯᠠᠭ᠎ᠠ ᠶᠢᠨ ᠲᠥᠯᠥᠪᠯᠡᠭᠡ ᠶᠢ ᠪᠦᠬᠦ ᠲᠠᠯ᠎ᠠ ᠪᠠᠷ ᠬᠡᠷᠡᠭᠵᠢᠭᠦᠯᠦᠭᠡᠳ ᠬᠤᠲᠠ ᠶᠢᠨ ᠠᠭᠠᠷ ᠠᠮᠢᠰᠬᠤᠯ ᠤᠨ ᠶᠠᠰᠤ ᠴᠢᠨᠠᠷ ᠰᠠᠶᠢᠵᠢᠷᠠᠭᠰᠠᠨ ᠡᠳᠦᠷ ᠤᠨ ᠲᠤᠭ᠎ᠠ ᠶᠢᠨ ᠬᠠᠷᠢᠴᠠᠯ 86% ᠳᠤ ᠬᠦᠷᠴᠦ᠂ 5.1 ᠵᠠᠭᠤᠨ ᠤ ᠴᠡᠭ ᠳᠡᠭᠡᠭᠰᠢᠯᠡᠪᠡ᠃ ᠨᠢᠭᠡᠴᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠲᠠᠬᠢ ᠡᠨᠧᠷᠭᠢ ᠶᠢᠨ ᠬᠤᠷᠣᠭᠳᠠᠯ ᠪᠠ ᠤᠰᠤ ᠬᠡᠷᠡᠭᠯᠡᠬᠦ ᠬᠡᠮᠵᠢᠶ᠎ᠡ ᠲᠤᠰ ᠲᠤᠰ 6.5% ᠪᠠ 4.5% ᠳᠣᠷᠣᠭᠰᠢᠯᠠᠪᠠ᠃ ᠬᠥᠯᠥᠨ ᠨᠠᠭᠤᠷ᠂ ᠤᠯᠠᠭᠠᠨᠰᠤᠬᠠᠢ ᠵᠡᠷᠭᠡ ᠨᠠᠭᠤᠷ ᠴᠦᠬᠦᠷᠦᠮ ᠤᠨ ᠤᠰᠤᠨ ᠤ ᠴᠢᠨᠠᠷ ᠨᠢ ᠰᠠᠶᠢᠵᠢᠷᠠᠯ ᠲᠠᠢ ᠪᠣᠯᠵᠤ᠂ ᠦᠬᠠᠢ ᠵᠢᠴᠢ ᠡᠷᠭᠢᠨ ᠲᠣᠭᠤᠷᠢᠨ ᠳᠠᠬᠢ ᠭᠠᠵᠠᠷ ᠣᠷᠣᠨ ᠤ ᠣᠷᠴᠢᠨ ᠲᠣᠭᠤᠷᠢᠨ ᠤ ᠶᠡᠷᠦᠩᠬᠡᠶᠢᠯᠡᠭᠰᠡᠨ ᠵᠠᠰᠠᠯᠲᠠ ᠠᠩᠬ᠎ᠠ ᠠᠯᠬᠤᠮ ᠦᠷ᠎ᠡ ᠪᠦᠲᠦᠮᠵᠢᠲᠡᠢ ᠪᠣᠯᠪᠠ᠃ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠮᠠᠨ ᠤ ᠤᠷᠤᠨ ᠳᠤ ᠭᠦᠢᠴᠡᠳᠭᠡᠯᠭᠡᠬᠦ ᠪᠠᠷ ᠲᠤᠰᠢᠶᠠᠭᠰᠠᠨ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠯ ᠤᠨ 1800 ᠭᠠᠷᠤᠢ ᠵᠦᠢᠯ ᠢ ᠭᠦᠢᠴᠡᠳᠬᠡᠨ ᠳᠠᠭᠤᠰᠬᠠᠵᠤ᠂ ᠬᠠᠮᠢᠶ᠎ᠠ ᠪᠦᠬᠦᠢ ᠬᠠᠷᠢᠭᠤᠴᠠᠯᠭ᠎ᠠ ᠲᠠᠢ ᠭᠤᠣᠯ ᠴᠣᠭᠴᠠ ᠶᠢ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠪᠡ᠃ ᠦᠨᠳᠦᠰᠦᠨ ᠨᠤᠳᠤᠭ ᠪᠡᠯᠴᠢᠬᠡᠷ ᠪᠠ ᠬᠤᠳᠠ ᠶᠢᠨ ᠡᠷᠬᠢᠨ ᠲᠤᠭᠤᠷᠢᠨ ᠳᠠᠬᠢ ᠡᠬᠦᠷᠢᠳᠡ ᠶᠢᠨ ᠦᠨᠳᠦᠰᠤᠨ ᠲᠠᠷᠢᠶᠠᠨ ᠭᠠᠵᠠᠷ ᠢ ᠬᠤᠪᠢᠶᠠᠷᠢᠯᠠᠨ ᠲᠤᠭᠳᠠᠭᠠᠵᠦ᠂ ᠪᠠᠶᠢᠭᠠᠯᠢ ᠶᠢᠨ ᠡᠬᠢ ᠪᠠᠶᠠᠯᠢᠭ ᠡᠳ᠋ ᠬᠥᠷᠥᠩᠭᠡ ᠶᠢᠨ ᠲᠠᠯ᠎ᠠ ᠪᠠᠷ ᠬᠢ ᠲᠤᠰᠢᠶᠠᠯ ᠠᠴᠠ ᠰᠠᠯᠬᠤ ᠳᠤ ᠬᠢᠨᠠᠨ ᠪᠣᠳᠣᠯᠲᠠ ᠬᠢᠬᠦ ᠲᠤᠷᠰᠢᠯᠲᠠ ᠶᠢ ᠥᠷᠨᠢᠭᠦᠯᠦᠨ᠂ ᠤᠰᠤᠨ ᠤ ᠡᠷᠬᠡ᠂ ᠪᠣᠬᠢᠷᠳᠤᠯ ᠡᠳ᠋ ᠭᠠᠳᠠᠭᠰᠢᠯᠠᠭᠤᠯᠬᠤ ᠡᠷᠬᠡ ᠶᠢᠨ ᠵᠠᠬ᠎ᠠ ᠳᠡᠯᠭᠡᠭᠦᠷᠵᠢᠭᠦᠯᠦᠨ ᠠᠷᠠᠯᠵᠢᠶᠠᠯᠠᠬᠤ ᠬᠡᠪᠴᠢᠶᠡᠵᠢᠯ ᠢ ᠥᠷᠭᠡᠳᠬᠡᠪᠠ᠃ ᠠᠮᠢ ᠠᠬᠤᠢ ᠶᠢᠨ ᠬᠠᠮᠠᠭᠠᠯᠠᠯᠲᠠ ᠳᠤ ᠲᠦᠯᠦᠪᠦᠷᠢᠯᠡᠬᠦ᠂ ᠤᠳᠤᠷᠢᠳᠬᠤ ᠺᠠᠳ᠋ᠷ ᠠᠴᠠ ᠠᠮᠢ ᠠᠬᠤᠢ ᠶᠢᠨ ᠣᠷᠴᠢᠨ ᠲᠣᠭᠤᠷᠢᠨ ᠤ ᠬᠤᠬᠢᠷᠠᠯ ᠤᠨ ᠬᠠᠷᠢᠭᠤᠴᠠᠯᠭ᠎ᠠ ᠨᠡᠬᠡᠮᠵᠢᠯᠡᠬᠦ ᠵᠡᠷᠭᠡ ᠳᠦᠷᠢᠮ ᠢ ᠲᠣᠭᠲᠠᠭᠠᠨ᠂ ᠨᠡᠶᠢᠭᠡᠮ ᠳᠠᠶᠠᠭᠠᠷ ᠤᠨ ᠬᠢᠨ ᠤ ᠣᠷᠴᠢᠨ ᠲᠣᠭᠤᠷᠢᠨ ᠤ ᠦᠵᠡᠯ ᠤᠬᠠᠮᠰᠠᠷ ᠢ ᠤᠯᠠᠮ ᠨᠢᠭᠡ ᠠᠯᠬᠤᠮ ᠴᠢᠩᠭᠠᠷᠠᠭᠤᠯᠪᠠ᠃
︵ᠵᠢᠷᠭᠤᠭ᠎ᠠ︶ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠡᠷᠴᠢᠮ ᠢ ᠴᠢᠩᠭᠠᠷᠠᠭᠤᠯᠪᠠ᠃ ᠡᠳ᠋ ᠤᠨ ᠵᠠᠰᠠᠭ ᠤᠨ ᠣᠷᠣᠯᠭ᠎ᠠ ᠶᠢᠨ ᠨᠡᠮᠡᠭᠳᠡᠯ ᠤᠳᠠᠭᠠᠰᠢᠷᠬᠠᠰᠠᠨ ᠪᠠᠶᠢᠳᠠᠯ ᠳᠣᠣᠷ᠎ᠠ᠂ ᠠᠷᠠᠳ ᠤᠨ ᠠᠮᠢᠳᠤᠷᠠᠯ ᠤᠨ ᠬᠦᠷᠢᠶᠡᠨ ᠳᠠᠬᠢ ᠣᠷᠤᠭᠤᠯᠤᠯᠲᠠ ᠶᠢ ᠠᠷᠭ᠎ᠠ ᠪᠦᠬᠦᠨ ᠢ ᠰᠦᠪᠡᠭᠴᠢᠯᠡᠨ ᠨᠡᠮᠡᠭᠳᠡᠬᠦᠯᠵᠦ᠂ ᠡᠯ᠎ᠡ ᠱᠠᠲᠤᠨ ᠤ ᠡᠳ᠋ ᠤᠨ ᠵᠠᠰᠠᠭ ᠤᠨ ᠬᠢᠨ ᠠᠷᠠᠳ ᠤᠨ ᠠᠮᠢᠳᠤᠷᠠᠯ ᠳᠤ 2979 ᠳ᠋ᠦᠩᠰᠢᠭᠤᠷ ᠲᠥᠭᠦᠷᠢᠭ ᠵᠠᠷᠤᠴᠠᠭᠤᠯᠵᠤ᠂ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢᠨ 65.8% ᠶᠢ ᠡᠵᠡᠯᠡᠪᠡ᠃ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢ ᠪᠦᠬᠦ ᠬᠦᠴᠦᠨ ᠢᠶᠠᠷ ᠢᠶᠠᠨ ᠠᠬᠢᠭᠤᠯᠤᠨ᠂ ᠪᠦᠬᠦ ᠨᠡᠶᠢᠭᠡᠮ ᠢᠶᠠᠷ ᠢᠶᠠᠨ ᠶᠠᠳᠠᠭᠤ ᠶᠢ ᠲᠡᠳᠭᠦᠬᠦ ᠳᠤ 400 ᠭᠠᠷᠤᠢ ᠳ᠋ᠦᠩᠰᠢᠭᠤᠷ ᠲᠦᠭᠦᠷᠢᠭ ᠣᠷᠤᠭᠤᠯᠪᠠ᠂ ᠵᠢᠱᠢᠭᠰᠡᠨ ᠢᠶᠠᠷ ᠪᠣᠯ ᠶᠠᠳᠠᠭᠤ ᠭᠦᠴᠢᠷᠳᠠᠯᠳᠠᠢ 21 ᠲᠦᠮᠡ ᠢᠯᠡᠭᠦᠦ ᠭᠦᠮᠣᠨ ᠠᠮᠠ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠵᠤ᠂ ᠣᠷᠣᠨ ᠤ ᠳᠡᠰ ᠤᠨ ᠶᠠᠳᠠᠭᠤ ᠭᠦᠴᠢᠷᠳᠠᠯᠳᠠᠢ ᠬᠤᠰᠢᠭᠤ ᠰᠢᠶᠠᠨ ᠤ ᠲᠣᠭᠠᠨ ᠠᠴᠠ 12 ᠬᠤᠰᠢᠭᠤ ᠰᠢᠶᠠᠨ ᠬᠠᠰᠣᠭᠳᠠᠪᠠ᠃ ︽ᠠᠷᠪᠠ ᠶᠢ ᠪᠦᠷᠢᠨ ᠪᠦᠷᠬᠦᠭᠦᠯᠬᠦ︾ ᠡᠭᠦᠷᠭᠡ ᠦᠨᠳᠦᠰᠦᠨ ᠳᠡᠭᠡᠨ ᠪᠡᠶᠡᠯᠡᠭᠳᠡᠵᠦ᠂ ᠮᠠᠯᠵᠢᠬᠤ ᠲᠠᠷᠢᠶᠠᠯᠠᠬᠤ ᠣᠷᠣᠨ ᠤ ᠳᠦᠷᠰᠦ ᠪᠠᠶᠢᠳᠠᠯ ᠳᠤ ᠢᠯᠡᠷᠬᠡᠢ ᠬᠤᠪᠢᠷᠠᠯᠲᠠ ᠲᠠᠢ ᠪᠣᠯᠪᠠ᠃ ︽ᠠᠳᠠᠯ ᠦᠢᠯᠡᠰ ᠴᠣᠭᠴᠠᠯᠠᠬᠤ ᠥᠪᠥᠷ ᠮᠣᠩᠭᠤᠯ︾ ᠤᠨ ᠠᠵᠢᠯᠯᠠᠭ᠎ᠠ ᠶᠢ ᠡᠬᠢᠯᠡᠭᠦᠯᠵᠦ᠂ ᠬᠤᠲᠠ ᠪᠠᠯᠭᠠᠰᠤᠨ ᠤ ᠠᠵᠢᠯ ᠣᠯᠣᠭᠰᠠᠨ ᠬᠥᠮᠥᠨ 26.8 ᠲᠦᠮᠡ ᠰᠢᠨ᠎ᠡ ᠪᠠᠷ ᠨᠡᠮᠡᠭᠳᠡᠨ᠂ 257 ᠲᠦᠮᠡᠨ ᠮᠠᠯᠴᠢᠨ ᠲᠠᠷᠢᠶᠠᠴᠢᠳ ᠢ ᠨᠡᠭᠦᠯᠭᠡᠨ ᠰᠢᠯᠵᠢᠭᠦᠯᠵᠦ ᠠᠵᠢᠯ ᠣᠯᠭᠤᠪᠠ᠃ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠨᠠᠰᠤᠵᠢᠯ ᠤᠨ ᠳᠠᠭᠠᠳᠬᠠᠯ ᠤᠨ ᠳᠦᠷᠢᠮ ᠢ ᠪᠦᠬᠦ ᠲᠠᠯ᠎ᠠ ᠪᠠᠷ ᠬᠡᠷᠡᠭᠵᠢᠭᠦᠯᠦᠨ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠢ ᠡᠮᠬᠢᠯᠡᠨ ᠨᠡᠶᠢᠯᠡᠭᠦᠯᠵᠦ᠂ ᠡᠮᠴᠢᠯᠡᠭᠡ ᠶᠢᠨ ᠳᠠᠭᠠᠳᠬᠠᠯ ᠳᠠᠬᠢ ᠡᠳ᠋ ᠤᠨ ᠵᠠᠰᠠᠭ ᠤᠨ ᠨᠥᠬᠦᠪᠦᠷᠢ᠂ ᠠᠵᠢᠯ ᠠᠴᠠ ᠪᠠᠨ ᠠᠮᠠᠷᠠᠭᠰᠠᠳ ᠤᠨ ᠨᠠᠰᠤᠵᠢᠯ ᠤᠨ ᠳᠠᠭᠠᠳᠬᠠᠯ᠂ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠨᠠᠭᠠᠲᠤ ᠵᠠᠬ᠎ᠠ ᠶᠢᠨ ᠪᠠᠳᠣᠯᠠᠭ᠎ᠠ ᠶᠢᠨ ᠪᠠᠷᠢᠮᠵᠢᠶ᠎ᠠ ᠨᠠᠶᠢᠳᠠᠮ ᠳᠡᠭᠡᠭᠰᠢᠯᠡᠪᠡ᠃ ᠬᠤᠳᠠ ᠶᠢᠨ ᠳᠦᠬᠦᠮ ᠪᠦᠳᠦᠭᠦᠯᠢᠭ ᠣᠷᠣᠨ ᠰᠠᠭᠤᠴᠠᠲᠤ ᠲᠣᠭᠤᠷᠢᠭ ᠲᠤ 23.3 ᠲᠦᠮᠡᠨ ᠢᠵᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠪᠠ ᠮᠠᠯᠵᠢᠬᠤ ᠲᠠᠷᠢᠶᠠᠯᠠᠬᠤ ᠣᠷᠣᠨ ᠤ 32.5 ᠲᠦᠮᠡᠨ ᠡᠷᠦᠬᠡ ᠨᠤᠷᠠᠬᠤ ᠠᠶᠤᠯᠲᠠᠢ ᠭᠡᠷ ᠪᠠᠶᠢᠰᠢᠩ ᠢ ᠥᠭᠡᠷᠡᠴᠢᠯᠡᠨ ᠰᠢᠨᠡᠳᠬᠡᠬᠦ ᠠᠵᠢᠯ ᠢ ᠡᠬᠢᠯᠡᠭᠦᠯᠦᠭᠰᠡᠨ ᠢᠶᠠᠷ ᠪᠦᠬᠦ ᠵᠢᠯ ᠤᠨ ᠡᠭᠦᠷᠭᠡ ᠪᠠᠨ ᠴᠥᠮ ᠳᠠᠪᠠᠭᠤᠯᠤᠨ ᠪᠡᠶᠡᠯᠡᠭᠦᠯᠪᠠ᠃ ᠠᠮᠤᠭᠤᠯᠠᠩ ᠲᠠᠶᠢᠪᠣᠩ ᠥᠪᠥᠷ ᠮᠣᠩᠭᠤᠯ ᠢᠶᠠᠨ ᠪᠦᠲᠦᠭᠡᠨ ᠪᠠᠶᠢᠭᠤᠯᠬᠤ ᠶᠢ ᠴᠢᠩᠭᠠᠳᠬᠠᠨ᠂ ᠬᠠᠤᠯᠢ ᠠᠴᠠ ᠵᠥᠷᠢᠴᠡᠭᠰᠡᠨ ᠡᠯ᠎ᠡ ᠲᠥᠷᠥᠯ ᠤᠨ ᠶᠠᠯᠠᠲᠤ ᠠᠵᠢᠯᠯᠠᠭ᠎ᠠ ᠳᠤ ᠬᠠᠤᠯᠢ ᠶᠣᠰᠣᠭᠠᠷ ᠴᠣᠬᠢᠯᠲᠠ ᠥᠭᠴᠦ᠂ ᠣᠯᠠᠨ ᠨᠡᠶᠢᠲᠡ ᠶᠢᠨ ᠠᠮᠤᠷ ᠲᠦᠪᠰᠢᠨ ᠢ ᠬᠦᠴᠦᠲᠡᠢ ᠬᠠᠮᠠᠭᠠᠯᠠᠨ᠂ ᠠᠷᠠᠳ ᠣᠯᠠᠨ ᠤ ᠠᠮᠤᠷ ᠲᠦᠪᠰᠢᠨ ᠪᠠᠶᠢᠬᠤ ᠰᠡᠳᠬᠢᠯᠭᠡ ᠶᠢ ᠦᠨᠳᠦᠷᠵᠢᠭᠦᠯᠪᠡ᠃ ᠠᠶᠤᠯ ᠦᠭᠡᠢ ᠦᠢᠯᠡᠳᠪᠦᠷᠢᠯᠡᠯ ᠤᠨ ᠶᠡᠭᠡ ᠪᠠᠶᠢᠴᠠᠭᠠᠯᠲᠠ ᠶᠢ ᠦᠷᠬᠦᠯᠵᠢᠯᠡᠨ ᠦᠷᠨᠢᠬᠦᠯᠵᠦ᠂ ᠦᠢᠯᠡᠳᠪᠦᠷᠢᠯᠡᠯ ᠤᠨ ᠠᠮᠤᠷ ᠲᠦᠪᠰᠢᠨ ᠤ ᠠᠳᠡᠯ 8.8% ᠪᠠᠭᠤᠷᠠᠪᠠ᠃
ᠨᠡᠶᠢᠭᠡᠮ ᠤᠨ ᠠᠵᠢᠯ ᠦᠢᠯᠡᠰ ᠤᠨ ᠬᠥᠭᠵᠢᠯᠲᠡ ᠶᠢ ᠪᠦᠬᠦ ᠲᠠᠯ᠎ᠠ ᠪᠠᠷ ᠠᠬᠢᠭᠤᠯᠪᠠ᠃ ᠬᠤᠶᠠᠳᠠᠬᠢ ᠬᠤᠭᠤᠴᠠᠭᠠᠨ ᠳᠠᠬᠢ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠥᠵᠢᠯ ᠤᠨ ᠭᠤᠷᠪᠠᠨ ᠵᠢᠯ ᠤᠨ ᠠᠵᠢᠯᠯᠠᠭᠠᠨ ᠤ ᠲᠥᠯᠥᠪᠯᠡᠭᠡ ᠶᠢ ᠨᠢᠭᠡ ᠵᠢᠯ ᠤᠷᠢᠳᠴᠢᠯᠠᠨ ᠪᠡᠶᠡᠯᠡᠭᠦᠯᠵᠦ᠂ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠥᠵᠢᠯ ᠤᠨ ᠲᠡᠩᠴᠡᠭᠦᠷᠢᠲᠡᠢ ᠬᠥᠭᠵᠢᠭᠦᠯᠬᠦ ᠠᠵᠢᠯ ᠤᠨ ᠰᠢᠯᠭᠠᠨ ᠬᠤᠷᠢᠶᠠᠵᠤ ᠳᠤ 34 ᠬᠤᠰᠢᠭᠤ ᠰᠢᠶᠠᠨ ᠢ ᠥᠩᠭᠡᠷᠡᠭᠡᠨ᠂ ᠠᠵᠢᠯ ᠮᠡᠷᠭᠡᠵᠢᠯ ᠤᠨ ᠰᠤᠷᠭᠠᠨ ᠬᠥᠮᠥᠵᠢᠯ ᠤᠨ ᠥᠭᠡᠷᠡᠴᠢᠯᠡᠯᠲᠡ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ︽ᠬᠤᠶᠠᠷ ᠢ ᠲᠡᠷᠢᠭᠦᠨ ᠳᠡᠰ ᠲᠤ ᠣᠷᠤᠭᠤᠯᠬᠤ︾ ᠪᠠᠶᠢᠭᠤᠯᠤᠯᠲᠠ ᠶᠢᠨ ᠠᠯᠬᠤᠴᠠ ᠲᠦᠷᠬᠡᠳᠴᠦ᠂ ︽ᠦᠨᠳᠦᠰᠦᠲᠡᠨ ᠤ ᠰᠤᠷᠭᠠᠨ ᠬᠥᠮᠥᠵᠢᠯ ᠤᠨ ᠳᠦᠷᠢᠮ︾ ᠢ ᠨᠡᠶᠢᠲᠡᠯᠡᠨ ᠬᠡᠷᠡᠭᠵᠢᠭᠦᠯᠪᠡ᠃ ᠡᠷᠡᠭᠦᠯ ᠡᠩᠬᠡ ᠥᠪᠥᠷ ᠮᠣᠩᠭᠤᠯ ᠤᠨ ᠪᠠᠶᠢᠭᠤᠯᠤᠯᠲᠠ ᠶᠢ ᠯᠠᠪᠳᠠᠭᠤᠨ ᠪᠠᠳᠤᠲᠠᠢ ᠪᠠᠷ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ᠂ ᠥᠪᠡᠷᠲᠡᠭᠡᠨ ᠵᠠᠰᠠᠬᠤ ᠣᠷᠣᠨ ᠤ ᠲᠤᠰ ᠱᠠᠲᠤᠨ ᠤ ᠡᠷᠡᠭᠦᠯ ᠬᠠᠮᠠᠭᠠᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠪᠠ ᠭᠤᠷᠪᠠᠳᠤᠭᠠᠷ ᠲᠡᠰ ᠤᠨ ᠡᠮᠴᠢᠯᠡᠭᠡᠨ ᠤ ᠦᠢᠯᠡᠴᠢᠯᠡᠬᠦ ᠰᠢᠰᠲ᠋ᠧᠮᠵᠢ ᠶᠢᠨ ᠪᠠᠶᠢᠭᠤᠯᠤᠯᠲᠠ ᠲᠦᠷᠭᠡᠳᠴᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠬᠢᠷᠢ ᠲᠦᠪᠰᠢᠨ ᠲᠠᠰᠤᠷᠠᠯᠲᠠ ᠦᠭᠡᠢ ᠳᠡᠭᠡᠭᠰᠢᠯᠡᠨ᠂ ᠨᠢᠯᠬ᠎ᠠ ᠨᠢᠷᠠᠢ ᠭᠡᠣᠭᠡᠣᠨ ᠪᠠ ᠪᠡᠶ᠎ᠡ ᠬᠦᠨᠳᠦ ᠡᠮᠡᠭᠲᠡᠶᠢᠴᠦᠳ ᠬᠢᠭᠡᠳ ᠬᠥᠩᠭᠡᠵᠢᠬᠦ ᠠᠴᠠ ᠪᠣᠯᠵᠤ ᠠᠳᠡᠬᠦ ᠨᠣᠷᠮ᠎ᠠ ᠪᠦᠬᠦ ᠤᠯᠤᠰ ᠤᠨ ᠳᠤᠮᠳᠠᠴᠢ ᠬᠢᠷᠢ ᠲᠦᠪᠰᠢᠨ ᠠᠴᠠ ᠳᠣᠣᠷ᠎ᠠ ᠪᠣᠯᠪᠠ᠃ ᠲᠥᠯᠥᠪᠯᠡᠭᠡᠲᠦ ᠦᠷᠡᠵᠢᠯ ᠤᠨ ᠦᠢᠯᠡᠴᠢᠯᠡᠭᠡᠨ ᠤ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ᠬᠤᠶᠠᠷ ᠬᠡᠦᠬᠡᠳ ᠠᠪᠴᠤ ᠪᠣᠯᠬᠤ ᠲᠥᠷᠥ ᠶᠢᠨ ᠪᠣᠳᠣᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠪᠡ᠃ ᠢᠳᠡᠭᠡᠨ ᠪᠠ ᠡᠮ ᠤᠨ ᠵᠦᠢᠯ ᠤᠨ ᠠᠮᠤᠷ ᠲᠦᠪᠰᠢᠨ ᠤ ᠬᠢᠨᠠᠨ ᠬᠠᠮᠢᠶᠠᠷᠬᠤ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠵᠦ᠂ ᠬᠢᠨᠠᠨ ᠬᠠᠮᠢᠶᠠᠷᠬᠤ ᠴᠢᠳᠠᠪᠣᠷᠢ ᠣᠯᠡᠮ ᠨᠢᠭᠡ ᠠᠯᠬᠤᠮ ᠳᠡᠭᠡᠭᠰᠢᠯᠡᠪᠡ᠃ ᠡᠯ᠎ᠡ ᠵᠦᠢᠯ ᠤᠨ ᠰᠣᠶᠣᠯ ᠢᠶᠠᠷ ᠠᠷᠠᠳ ᠲᠤ ᠠᠰᠢᠭ ᠬᠦᠷᠲᠡᠭᠡᠬᠦ ᠢᠨᠵᠧᠨᠧᠷᠢᠩ ᠯᠠᠪᠳᠠᠭᠤᠨ ᠪᠠᠳᠤᠲᠠᠢ ᠪᠠᠷ ᠠᠬᠢᠵᠤ᠂ ᠤᠳᠬ᠎ᠠ ᠤᠷᠠᠯᠢᠭ ᠤᠨ ᠰᠣᠳᠣᠨ ᠪᠦᠲᠦᠭᠡᠯ ᠢ ᠵᠣᠬᠢᠶᠠᠨ ᠪᠦᠲᠦᠭᠡᠬᠦ ᠪᠠ ᠰᠣᠶᠣᠯ ᠤᠨ ᠥᠪ ᠢ ᠬᠠᠮᠠᠭᠠᠯᠠᠬᠤ ᠠᠵᠢᠯ ᠴᠢᠩᠭᠠᠷᠠᠨ᠂ ︽ᠶᠤᠸᠠᠨ ᠤ ᠳᠡᠭᠡᠳᠦ ᠨᠡᠶᠢᠰᠯᠡᠯ ᠤᠨ ᠪᠠᠭᠤᠷᠢ ᠶᠢ ᠬᠠᠮᠠᠭᠠᠯᠠᠬᠤ ᠳᠦᠷᠢᠮ︾ ᠢ ᠨᠡᠶᠢᠲᠡᠯᠡᠨ ᠬᠡᠷᠡᠭᠵᠢᠭᠦᠯᠵᠦ᠂ ᠬᠤᠩᠱᠠᠨ ᠰᠣᠶᠣᠯ ᠤᠨ ᠪᠠᠭᠤᠷᠢ᠂ ᠯᠢᠶᠣᠣ ᠶᠢᠨ ᠳᠡᠭᠡᠳᠦ ᠨᠡᠶᠢᠰᠯᠡᠯ ᠬᠤᠲᠠ ᠶᠢᠨ ᠪᠠᠭᠤᠷᠢ ᠪᠠ ᠮᠣᠨᠠ ᠠᠭᠤᠯᠠ ᠶᠢᠨ ᠬᠠᠳᠠᠨ ᠰᠡᠶᠢᠯᠦᠮᠡᠯ ᠢ ᠥᠪ ᠢᠶᠠᠷ ᠮᠡᠳᠡᠭᠦᠯᠭᠦ ᠠᠵᠢᠯ ᠲᠦᠷᠭᠡᠨ ᠠᠬᠢᠭᠤᠯᠤᠭᠳᠠᠪᠠ᠃ ᠷᠠᠳᠢᠤ᠋ ᠲᠧᠯᠸᠢᠰ ᠤᠨ ᠶᠡᠷᠦᠩᠬᠡᠶᠢᠯᠡᠭᠰᠡᠨ ᠪᠦᠷᠬᠦᠯᠲᠡ ᠶᠢᠨ ᠨᠣᠷᠮ᠎ᠠ 99.2% ᠲᠤ ᠬᠦᠷᠪᠠ᠃ ᠪᠦᠬᠦ ᠠᠷᠠᠳ ᠢᠶᠠᠷ ᠢᠶᠠᠨ ᠨᠣᠮ ᠤᠩᠰᠢᠬᠤ ᠶᠢᠨ ᠤᠷᠲᠤᠪᠲᠤᠷ ᠪᠠ ᠤᠷᠲᠤ ᠬᠤᠭᠤᠴᠠᠭᠠᠨ ᠤ ᠲᠥᠯᠥᠪᠵᠢᠭᠦᠯᠭᠡ ᠶᠢ ᠨᠡᠶᠢᠲᠡᠯᠡᠨ᠂ ᠪᠦᠬᠦ ᠤᠯᠤᠰ ᠤᠨ ᠨᠣᠮ ᠪᠢᠴᠢᠭ ᠤᠨ ᠠᠷᠠᠯᠵᠢᠶᠠᠨ ᠤ ᠦᠵᠡᠭᠦᠯᠦᠯᠭᠡ ᠶᠢ ᠠᠮᠵᠢᠯᠲᠠ ᠲᠠᠢ ᠡᠷᠬᠢᠯᠡᠪᠡ᠃ ᠬᠥᠯ ᠪᠥᠮᠪᠦᠭᠡ ᠶᠢᠨ ᠥᠭᠡᠷᠡᠴᠢᠯᠡᠯᠲᠡ ᠬᠥᠭᠵᠢᠯᠲᠡ ᠶᠢᠨ ᠲᠤᠷᠰᠢᠯᠲᠠ ᠳᠤ ᠢᠯᠡᠳᠳᠡ ᠦᠷ᠎ᠡ ᠪᠦᠲᠦᠮᠵᠢ ᠣᠯᠵᠤ᠂ ᠬᠥᠯ ᠪᠥᠮᠪᠦᠭᠡ ᠶᠢᠨ ᠬᠥᠳᠡᠯᠭᠡᠭᠡᠨ ᠳᠤ ᠣᠷᠣᠯᠴᠠᠬᠤ ᠬᠥᠮᠥᠨ ᠠᠮᠠ᠂ ᠲᠠᠯᠠᠪᠠᠢ᠂ ᠵᠢᠭᠠᠨ ᠰᠤᠷᠭᠠᠭᠴᠢ ᠪᠠ ᠬᠢᠨᠠᠨ ᠰᠢᠭᠦᠭᠴᠢ ᠶᠢᠨ ᠲᠤᠭ᠎ᠠ ᠶᠡᠬᠡᠪᠡᠷ ᠨᠡᠮᠡᠭᠳᠡᠪᠡ᠃ ᠤᠷᠤᠯᠳᠤᠭᠠᠨ ᠤ ᠪᠡᠶ᠎ᠡ ᠶᠢᠨ ᠲᠠᠮᠢᠷ ᠪᠠ ᠣᠯᠠᠨ ᠲᠦᠮᠡᠨᠴᠢ ᠪᠡᠶ᠎ᠡ ᠶᠢᠨ ᠲᠠᠮᠢᠷ ᠵᠣᠬᠢᠴᠠᠯᠳᠤᠨ ᠬᠥᠭᠵᠢᠪᠡ᠃ ᠴᠥᠭᠡᠨ ᠲᠤᠭᠠᠳᠤ ᠦᠨᠳᠦᠰᠦᠲᠡᠨ ᠲᠥᠪᠯᠡᠷᠡᠨ ᠰᠠᠭᠤᠷᠢᠰᠢᠵᠦ ᠪᠠᠶᠢᠭ᠎ᠠ ᠭᠠᠵᠠᠷ ᠪᠠ ᠬᠥᠮᠥᠨ ᠠᠮᠠ ᠪᠠᠷ ᠨᠡᠯᠢᠶᠡᠳ ᠴᠥᠭᠡᠨ ᠪᠠᠶᠢᠭ᠎ᠠ ᠦᠨᠳᠦᠰᠦᠲᠡᠨ ᠤ ᠬᠥᠭᠵᠢᠯᠲᠡ ᠶᠢ ᠬᠦᠴᠦᠲᠡᠢ ᠲᠡᠳᠬᠦᠨ ᠳᠡᠮᠵᠢᠵᠦ᠂ ᠦᠨᠳᠦᠰᠦᠲᠡᠨ ᠤ ᠪᠦᠯᠬᠦᠮᠳᠡᠯ ᠳᠠᠪᠰᠢᠯᠲᠠ ᠶᠢ ᠴᠣᠭᠴᠠᠯᠠᠨ ᠪᠠᠶᠢᠭᠤᠯᠬᠤ ᠠᠵᠢᠯᠯᠠᠭ᠎ᠠ ᠶᠢ ᠥᠷᠨᠢᠭᠦᠯᠦᠨ᠂ ᠦᠨᠳᠦᠰᠦᠲᠡᠨ ᠨᠦᠭᠦᠳ ᠤᠨ ᠶᠡᠭᠡ ᠪᠦᠯᠬᠦᠮᠳᠠᠯ ᠤᠨ ᠰᠠᠶᠢᠨ ᠰᠠᠶᠢᠬᠠᠨ ᠪᠠᠶᠢᠳᠠᠯ ᠤᠯᠠᠮ ᠨᠢᠭᠡ ᠠᠯᠬᠤᠮ ᠪᠠᠬᠢᠵᠢᠪᠡ᠃ ᠱᠠᠰᠢᠨ ᠰᠤᠷᠲᠠᠬᠤᠨ ᠤ ᠲᠣᠬᠠᠢ ᠨᠠᠮ ᠤᠨ ᠴᠢᠭᠯᠡᠯᠳᠠ ᠲᠦᠷᠣ ᠶᠢᠨ ᠪᠣᠳᠣᠯᠭ᠎ᠠ ᠶᠢ ᠪᠦᠭᠦ ᠳᠠᠯ᠎ᠡ ᠪᠠᠷ ᠲᠣᠣᠱᠯᠠᠭᠤᠯᠵᠣ᠂ ᠱᠠᠰᠢᠨ ᠰᠤᠷᠲᠠᠬᠤᠨ ᠤ ᠭᠦᠷᠢᠶᠡᠨ ᠳᠠᠬᠢ ᠡᠶ᠎ᠡ ᠵᠣᠬᠢᠴᠠᠯ ᠲᠠᠢ ᠪᠦᠭᠡᠣᠨ ᠲᠣᠭᠳᠠᠭᠤᠨ ᠪᠠᠶᠢᠬᠤ ᠶᠢ ᠪᠠᠳᠣᠯᠠᠪᠠ᠃ ᠠᠷᠠᠳ ᠤᠨ ᠠᠭᠠᠷ ᠤᠨ ᠰᠡᠷᠭᠡᠶᠢᠯᠡᠯᠲᠡ᠂ ᠭᠠᠵᠠᠷ ᠬᠦᠳᠡᠯᠦᠯᠲᠡ ᠴᠠᠭ ᠠᠭᠤᠷ᠂ ᠳᠠᠩᠰᠠ ᠡᠪᠬᠡᠮᠡᠯ ᠲᠡᠦᠬᠡ ᠣᠶᠢᠯᠠᠯᠭ᠎ᠠ᠂ ᠵᠥᠪᠳᠡᠭᠴᠢ ᠪᠠ ᠰᠣᠶᠣᠯ ᠲᠡᠦᠬᠡ᠂ ᠭᠠᠳᠠᠭᠠᠳᠤ ᠶᠠᠪᠤᠳᠠᠯ ᠪᠠ ᠬᠠᠷᠢᠶᠠᠲᠤ ᠨᠠᠷ ᠵᠡᠷᠭᠡ ᠶᠢᠨ ᠠᠵᠢᠯ ᠴᠢᠩᠭᠠᠳᠬᠠᠭᠳᠠᠵᠤ᠂ ᠤᠯᠠᠭᠠᠨ ᠵᠠᠭᠠᠯᠮᠠᠶᠢᠳᠠᠨ᠂ ᠡᠮᠡᠭᠲᠡᠶᠢᠴᠦᠳ ᠬᠡᠦᠬᠡᠳ᠂ ᠦᠲᠡᠭᠦᠰ ᠪᠠ ᠵᠡᠮᠳᠡᠭᠴᠦᠳ ᠤᠨ ᠠᠵᠢᠯ ᠦᠢᠯᠡᠰ ᠰᠢᠨ᠎ᠡ ᠠᠬᠢᠯᠲᠠ ᠲᠠᠢ ᠪᠣᠯᠪᠠ᠃
ᠨᠢᠭᠡ ᠵᠢᠯ ᠤᠨ ᠲᠤᠷᠰᠢ᠂ ᠪᠢᠳᠡ ᠵᠠᠰᠠᠭ ᠤᠨ ᠣᠷᠳᠣᠨ ᠤ ᠲᠤᠰ ᠪᠡᠶ᠎ᠡ ᠶᠢᠨ ᠪᠠᠶᠢᠭᠤᠯᠤᠯᠲᠠ ᠶᠢ ᠬᠦᠴᠦᠯᠡᠨ ᠴᠢᠩᠭᠠᠳᠬᠠᠪᠠ᠃ ᠦᠵᠡᠯ ᠰᠠᠨᠠᠭ᠎ᠠ ᠤᠯᠤᠰ ᠲᠥᠷᠥ ᠦᠢᠯᠡ ᠠᠵᠢᠯᠯᠠᠭ᠎ᠠ ᠶᠢᠨ ᠲᠠᠯ᠎ᠠ ᠪᠠᠷ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠯᠤᠭ᠎ᠠ ᠤᠬᠠᠮᠰᠠᠷ ᠠᠴᠠ ᠪᠠᠨ ᠳᠡᠭᠡᠳᠦ ᠬᠡᠮᠵᠢᠶ᠎ᠠ ᠪᠠᠷ ᠨᠢᠬᠡᠳᠴᠤ᠂ ︽ᠬᠤᠶᠠᠷ ᠢ ᠰᠤᠷᠤᠯᠴᠠᠵᠤ ᠬᠢᠷᠢ ᠲᠡᠩᠴᠡᠭᠰᠡᠨ ᠨᠠᠮ ᠤᠨ ᠭᠡᠰᠢᠭᠦᠨ ᠪᠣᠯᠬᠤ︾ ᠰᠤᠷᠤᠯᠴᠠᠯᠭ᠎ᠠ ᠬᠥᠮᠥᠵᠢᠯ ᠢ ᠭᠦᠨᠵᠡᠭᠡᠢ ᠥᠷᠨᠢᠭᠦᠯᠦᠨ᠂ ᠰᠤᠷᠲᠠᠯ ᠤᠨ ᠪᠠᠶᠢᠭᠤᠯᠤᠯᠲᠠ ᠶᠢ ᠳᠠᠰᠣᠷᠠᠯᠳᠠ ᠦᠭᠡᠢ ᠠᠬᠢᠭᠤᠯᠪᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠣ ᠬᠢᠨᠠᠯᠳᠠ ᠳᠠᠯᠪᠢᠬᠤ ᠶᠢ ᠴᠢᠩᠭᠠᠳᠬᠠᠨ᠂ ᠵᠠᠰᠠᠭ ᠵᠠᠬᠢᠷᠭᠠᠨ ᠤ ᠡᠷᠬᠡ ᠶᠢᠨ ᠠᠵᠢᠯᠯᠠᠭᠠᠨ ᠢ ᠵᠢᠷᠤᠮᠵᠢᠭᠤᠯᠪᠠ᠃ ᠥᠪᠡᠷᠲᠡᠭᠡᠨ ᠵᠠᠰᠠᠬᠤ ᠣᠷᠣᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠳᠤ ᠳᠡᠪᠰᠢᠭᠦᠯᠦᠨ ᠬᠢᠨᠠᠭᠤᠯᠤᠭᠰᠠᠨ ᠣᠷᠣᠨ ᠨᠤᠲᠤᠭ ᠤᠨ ᠴᠢᠨᠠᠷᠲᠠᠢ ᠬᠠᠤᠯᠢ ᠲᠣᠭᠲᠠᠭᠠᠯ 10 ᠪᠠᠶᠢᠵᠤ᠂ ᠵᠠᠰᠠᠭ ᠤᠨ ᠣᠷᠳᠣᠨ ᠤ 6 ᠲᠣᠭᠲᠠᠭᠠᠯ ᠳᠦᠷᠢᠮ ᠢ ᠲᠣᠭᠲᠠᠭᠠᠭᠰᠠᠨ᠂ ᠵᠠᠰᠠᠪᠤᠷᠢ ᠣᠷᠣᠭᠤᠯᠤᠭᠰᠠᠨ ᠪᠠ ᠬᠦᠴᠦᠨ ᠦᠭᠡᠢ ᠪᠣᠯᠭᠠᠭᠰᠠᠨ ᠪᠠᠶᠢᠨ᠎ᠠ᠂ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠲᠦᠯᠦᠭᠡᠯᠡᠭᠴᠢᠳ ᠤᠨ ᠰᠠᠨᠠᠭᠤᠯᠭ᠎ᠠ ᠪᠠ ᠤᠯᠤᠰ ᠲᠥᠷᠥ ᠶᠢᠨ ᠵᠥᠪᠯᠡᠯᠭᠡᠨ ᠤ ᠰᠠᠨᠠᠯ ᠳᠤᠷᠠᠳᠤᠯᠭ᠎ᠠ ᠶᠢ 1169 ᠬᠤᠪᠢ ᠭᠦᠢᠴᠡᠳᠭᠡᠵᠦ᠂ ᠭᠦᠢᠴᠡᠳᠬᠡᠨ ᠳᠠᠭᠤᠰᠬᠠᠭᠰᠠᠨ ᠨᠣᠷᠮ᠎ᠠ 100% ᠪᠣᠯᠪᠠ᠃ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ ᠤᠨ ᠬᠢᠨᠠᠨ ᠪᠠᠶᠢᠴᠠᠭᠠᠬᠤ ᠲᠣᠭᠲᠠᠴᠠ ᠶᠢ ᠪᠠᠶᠢᠭᠤᠯᠵᠣ᠂ ᠵᠠᠰᠠᠭ ᠤᠨ ᠶᠠᠪᠤᠳᠠᠯ ᠤᠨ ᠢᠯᠡ ᠪᠠᠶᠢᠯᠭᠠᠬᠤ ᠶᠢ ᠪᠦᠬᠦ ᠲᠠᠯ᠎ᠠ ᠪᠠᠷ ᠠᠬᠢᠭᠤᠯᠤᠨ᠂ ᠰᠣᠨᠢᠨ ᠮᠡᠳᠡᠭᠡ ᠨᠡᠶᠢᠲᠡᠯᠡᠬᠦ ᠳᠦᠷᠢᠮ ᠢ ᠲᠡᠭᠦᠯᠳᠡᠷᠵᠢᠭᠦᠯᠵᠦ᠂ ᠡᠯᠧᠺᠲᠷᠤᠨ ᠵᠠᠰᠠᠭ ᠤᠨ ᠶᠠᠪᠤᠳᠠᠯ ᠪᠠ ᠰᠦᠯᠵᠢᠶ᠎ᠡ ᠪᠠᠷ ᠠᠵᠢᠯ ᠭᠦᠢᠴᠡᠳᠬᠡᠬᠦ ᠶᠢ ᠳᠡᠯᠭᠡᠷᠡᠭᠦᠯᠵᠦ᠂ ᠵᠠᠰᠠᠭ ᠵᠠᠬᠢᠷᠭᠠᠨ ᠤ ᠬᠦᠴᠦᠨ ᠴᠢᠳᠠᠪᠤᠷᠢ ᠤᠯᠠᠮ ᠨᠢᠭᠡ ᠠᠯᠬᠤᠮ ᠳᠡᠭᠡᠭᠰᠢᠯᠡᠪᠡ᠃
ᠲᠦᠯᠦᠭᠡᠯᠡᠭᠴᠢᠳ ᠡ᠂ ᠥᠩᠭᠡᠷᠡᠭᠰᠡᠨ ᠨᠢᠭᠡ ᠵᠢᠯ ᠳᠤ ᠣᠯᠣᠭᠰᠠᠨ ᠠᠮᠵᠢᠯᠲᠠ ᠪᠦᠲᠦᠮᠵᠢ ᠪᠣᠯ ᠬᠢᠯᠪᠠᠷ ᠪᠤᠰᠤ ᠶᠤᠮ᠃ ᠡᠨᠡ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠪᠠ ᠬᠠᠯᠠᠮᠵᠢᠯᠠᠯ ᠳᠡᠮᠵᠢᠯᠭᠡ ᠶᠢᠨ ᠦᠷ᠎ᠡ ᠳ᠋ᠦᠩ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠴᠠ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠵᠦ᠂ ᠰᠢᠨᠵᠢᠯᠡᠬᠦ ᠤᠬᠠᠭᠠᠨᠴᠢ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠭᠰᠠᠨ ᠤ ᠦᠷ᠎ᠡ ᠳ᠋ᠦᠩ᠂ ᠪᠦᠬᠦ ᠣᠷᠣᠨ ᠤ ᠦᠨᠳᠦᠰᠦᠲᠡᠨ ᠨᠦᠭᠦᠳ ᠤᠨ ᠺᠠᠳ᠋ᠷ ᠣᠯᠠᠨ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠭᠰᠡᠨ ᠤ ᠦᠷ᠎ᠡ ᠳ᠋ᠦᠩ ᠪᠣᠯᠬᠤ ᠶᠤᠮ᠃ ᠠᠳᠡ᠂ ᠪᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠡᠮᠦᠨ᠎ᠡ ᠠᠴᠠ ᠪᠦᠬᠦ ᠣᠷᠣᠨ ᠤ ᠦᠨᠳᠦᠰᠦᠲᠡᠨ ᠨᠦᠭᠦᠳ ᠤᠨ ᠠᠷᠠᠳ ᠲᠦᠮᠡᠨ᠂ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠨᠡᠭᠡᠭᠡᠯᠲᠡ ᠪᠠ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠬᠤᠪᠢ ᠨᠡᠮᠡᠷᠢ ᠦᠵᠡᠭᠦᠯᠦᠭᠰᠡᠨ ᠨᠦᠬᠦᠳ᠂ ᠥᠪᠥᠷ ᠮᠣᠩᠭᠤᠯ ᠤᠨ ᠬᠥᠭᠵᠢᠯᠲᠡ ᠶᠢ ᠬᠠᠯᠠᠮᠵᠢᠯᠠᠨ ᠳᠡᠮᠵᠢᠭᠰᠡᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕
ᠥᠪᠥᠷ ᠮᠣᠩᠭᠤᠯ ᠤᠨ ᠬᠠᠷᠠᠬᠠᠨ ᠬᠥᠭᠵᠢᠭᠡᠳᠦᠢ ᠣᠷᠣᠨ ᠤ ᠦᠨᠳᠦᠰᠦᠨ ᠪᠠᠶᠢᠳᠠᠯ ᠳᠤ ᠦᠨᠳᠦᠰᠦᠨ ᠬᠤᠪᠢᠷᠠᠯᠲᠠ ᠭᠠᠷᠤᠭᠠᠳᠤᠢ᠂ ᠬᠥᠭᠵᠢᠯᠲᠡ ᠳᠤ ᠲᠡᠩᠴᠡᠭᠦᠨ ᠪᠤᠰᠤ᠂ ᠵᠣᠬᠢᠴᠠᠩᠭᠤᠢ ᠪᠤᠰᠤ᠂ ᠦᠷᠬᠦᠯᠵᠢᠯᠡᠯᠲᠦ ᠪᠤᠰᠤ ᠠᠰᠠᠭᠤᠳᠠᠯ ᠤᠳ ᠮᠦᠨᠬᠦ ᠲᠣᠪᠤᠶᠢᠮ᠎ᠠ ᠪᠠᠶᠢᠭᠰᠠᠭᠠᠷ᠃ ᠲᠣᠭᠲᠠᠭᠤᠨ ᠢᠶᠠᠷ ᠨᠡᠮᠡᠭᠳᠡᠭᠦᠯᠬᠦ ᠳᠠᠷᠤᠯᠲᠠ ᠨᠡᠯᠢᠶᠡᠳ ᠶᠡᠭᠡ ᠪᠠᠶᠢᠵᠤ᠂ ᠬᠡᠰᠡᠭ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠬᠦᠴᠢᠷᠳᠡᠯᠲᠡᠢ ᠪᠣᠯᠵᠤ᠂ ᠠᠵᠤ ᠦᠢᠯᠡᠳᠪᠦᠷᠢ ᠶᠢᠨ ᠪᠡᠯᠡ ᠣᠷᠣᠭᠤᠯᠤᠯᠲᠠ ᠪᠠ ᠠᠷᠠᠳ ᠤᠨ ᠳᠤᠮᠳᠠᠬᠢ ᠪᠡᠯᠡ ᠣᠷᠣᠭᠤᠯᠤᠯᠲᠠ ᠡᠳᠦᠢ ᠲᠡᠳᠦᠢ ᠪᠠᠭᠤᠷᠠᠭᠰᠠᠨ ᠪᠠᠶᠢᠭ᠎ᠠ︔ ᠠᠵᠤ ᠦᠢᠯᠡᠰ ᠤᠨ ᠬᠡᠯᠪᠡᠷᠢ ᠪᠠᠨ ᠬᠤᠪᠢᠷᠠᠭᠤᠯᠬᠤ ᠡᠭᠦᠷᠭᠡ ᠬᠠᠲᠠᠭᠤ ᠪᠡᠷᠬᠡᠰᠢᠶᠡᠯᠲᠡᠢ ᠪᠠᠶᠢᠵᠤ᠂ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠪᠠ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠪᠣᠢ ᠪᠣᠯᠣᠭᠰᠠᠨ ᠠᠵᠣ ᠦᠢᠯᠡᠰ ᠤᠨ ᠬᠥᠭᠵᠢᠯᠲᠡ ᠭᠦᠢᠴᠡᠳ ᠪᠤᠰᠤ ᠪᠠᠶᠢᠭᠰᠠᠭᠠᠷ︔ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠴᠢᠳᠠᠪᠤᠷᠢ ᠴᠢᠩᠭ᠎ᠠ ᠪᠤᠰᠤ ᠪᠠᠶᠢᠵᠦ᠂ ᠴᠢᠳᠠᠪᠤᠷᠢᠲᠠᠨ ᠤ ᠡᠬᠢ ᠪᠠᠶᠠᠯᠢᠭ ᠤᠨ ᠶᠡᠷᠦᠩᠬᠡᠢ ᠬᠡᠮᠵᠢᠶ᠎ᠡ ᠬᠦᠷᠦᠯᠴᠡᠬᠦ ᠦᠭᠡᠢ ᠪᠠᠶᠢᠭ᠎ᠠ ᠪᠠ ᠪᠦᠲᠦᠴᠡ ᠨᠢ ᠵᠣᠬᠢᠰ ᠦᠭᠡᠢ ᠪᠠᠶᠢᠭᠰᠠᠭᠠᠷ︔ ᠬᠤᠲᠠ ᠬᠦᠳᠡᠭᠡ ᠶᠢᠨ ᠣᠷᠣᠨ ᠪᠦᠰᠡ ᠶᠢᠨ ᠬᠥᠭᠵᠢᠯᠲᠡ ᠲᠡᠩᠴᠡᠭᠦᠨ ᠪᠤᠰᠤ ᠪᠠᠶᠢᠵᠦ᠂ ᠰᠠᠭᠤᠷᠢ ᠪᠡᠯᠡᠳᠬᠡᠮᠵᠢ ᠶᠢᠨ ᠪᠠᠲᠤᠯᠠᠵᠤ ᠲᠤᠯᠭᠠᠭᠤᠷᠢᠯᠠᠬᠤ ᠴᠢᠳᠠᠪᠤᠷᠢ ᠴᠢᠩᠭ᠎ᠠ ᠪᠤᠰᠤ ᠪᠠᠶᠢᠭᠰᠠᠭᠠᠷ︔ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠠᠮᠲᠤᠷᠠᠯᠴᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ ᠴᠢᠬᠤᠯᠠᠲᠠᠢ ᠪᠠᠶᠢᠬᠤ ᠪᠦᠭᠡᠳ ᠪᠦᠬᠦ ᠬᠡᠪᠴᠢᠶ᠎ᠡ ᠪᠠᠷ ᠨᠡᠭᠡᠭᠡᠯᠲᠡ ᠬᠢᠬᠦ ᠪᠠᠶᠢᠷᠢᠰᠢᠯ ᠬᠠᠷᠠᠬᠠᠨ ᠪᠦᠷᠢᠳᠦᠭᠡᠳᠦᠢ ᠪᠠᠶᠢᠭᠰᠠᠭᠠᠷ︔ ᠡᠳ᠋ ᠤᠨ ᠵᠠᠰᠠᠭ ᠤᠨ ᠣᠷᠣᠯᠭ᠎ᠠ ᠶᠢᠨ ᠶᠠᠰᠤ ᠴᠢᠨᠠᠷ ᠠᠨᠠᠢ᠂ ᠡᠳ᠋ ᠤᠨ ᠵᠠᠰᠠᠭ ᠤᠨ ᠣᠷᠣᠯᠭ᠎ᠠ ᠵᠠᠷᠤᠯᠭ᠎ᠠ ᠶᠢᠨ ᠵᠥᠷᠢᠴᠡᠯ ᠨᠡᠯᠢᠶᠡᠳ ᠲᠣᠪᠤᠶᠢᠮ᠎ᠠ ᠪᠠᠶᠢᠭ᠎ᠠ ᠪᠦᠬᠡᠳ ᠵᠠᠷᠢᠮ ᠬᠤᠰᠢᠭᠤ ᠰᠢᠶᠠᠨ ᠤ ᠡᠳ᠋ ᠤᠨ ᠵᠠᠰᠠᠭ ᠨᠢ ᠨᠡᠯᠢᠶᠡᠳ ᠬᠦᠴᠢᠷᠳᠡᠯᠲᠡᠢ ᠪᠠᠶᠢᠭᠰᠠᠭᠠᠷ︔ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠨᠢ ᠪᠦᠬᠦ ᠤᠯᠤᠰ ᠤᠨ ᠳᠤᠮᠳᠠᠴᠢ ᠬᠢᠷᠢ ᠬᠡᠮᠵᠢᠶᠡᠨ ᠠᠴᠠ ᠳᠣᠣᠷ᠎ᠠ ᠪᠠᠶᠢᠵᠤ᠂ ᠮᠠᠯᠴᠢᠨ ᠲᠠᠷᠢᠶᠠᠴᠢᠳ ᠤᠨ ᠣᠷᠣᠯᠭ᠎ᠠ ᠶᠢᠨ ᠨᠡᠮᠡᠭᠳᠡᠯ ᠤᠳᠠᠭᠠᠰᠢᠷᠠᠨ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠡᠭᠦᠷᠭᠡ ᠬᠠᠲᠠᠭᠤ ᠪᠡᠷᠬᠡᠰᠢᠶᠡᠯᠲᠡᠢ ᠪᠠᠶᠢᠭᠰᠠᠭᠠᠷ︔ ᠵᠠᠷᠢᠮ ᠣᠷᠴᠢᠨ ᠲᠣᠭᠤᠷᠢᠨ ᠤ ᠠᠰᠠᠭᠤᠳᠠᠯ ᠪᠠᠰᠠ ᠨᠡᠯᠢᠶᠡᠳ ᠲᠣᠪᠤᠶᠢᠮ᠎ᠠ ᠪᠠᠶᠢᠵᠤ᠂ ᠠᠶᠤᠯ ᠦᠭᠡᠢ ᠦᠢᠯᠡᠳᠪᠦᠷᠢᠯᠡᠯ ᠳᠤ ᠳᠠᠯᠳᠠ ᠭᠡᠮ ᠪᠠᠰᠠ ᠴᠥᠭᠡᠨ ᠪᠤᠰᠤ ᠤᠷᠤᠰᠢᠨᠨᠰᠠᠭᠠᠷ᠃ ᠢᠯᠡᠩᠭᠤᠶ᠎ᠠ ᠬᠥᠮᠥᠰ ᠤᠨ ᠰᠡᠳᠬᠢᠯ ᠢ ᠰᠢᠮᠰᠢᠷᠡᠭᠦᠯᠬᠦ ᠶᠠᠪᠤᠳᠠᠯ ᠪᠣᠯ ᠨᠢᠳᠤᠨᠤᠨ ᠤ ᠤᠯᠠᠭᠠᠠᠬᠠᠳᠠ ᠳᠤ ᠡᠭᠦᠰᠦᠭᠰᠡᠨ ︽12 · 3︾ ᠤ ᠭᠠᠰ ᠳᠡᠯᠪᠡᠷᠡᠭᠰᠡᠨ ᠣᠨᠴᠠ ᠬᠦᠨᠳᠦ ᠶᠡᠭᠡ ᠠᠳᠡᠯ ᠤᠨ ᠰᠤᠷᠭᠠᠮᠵᠢ ᠨᠢ ᠲᠦᠢᠯ ᠤᠨ ᠭᠦᠨ ᠭᠦᠨᠵᠡᠭᠡᠢ ᠶᠤᠮ᠃ ᠵᠠᠰᠠᠭ ᠤᠨ ᠤᠷᠳᠤᠨ ᠤ ᠠᠵᠢᠯ ᠳᠤ ᠨᠡᠯᠢᠶᠡᠳ ᠤᠯᠠᠨ ᠬᠦᠷᠦᠯᠴᠡᠬᠦ ᠦᠬᠡᠢ ᠵᠦᠢᠯ ᠮᠦᠨ ᠤᠷᠤᠰᠢᠬᠰᠠᠭᠠᠷ᠂ ᠵᠠᠷᠢᠮ ᠰᠠᠯᠠᠭ᠎ᠠ ᠮᠥᠴᠢᠷ ᠤᠨ ᠬᠢᠨ ᠤ ᠬᠠᠤᠯᠢ ᠶᠣᠰᠣᠭᠠᠷ ᠵᠠᠰᠠᠭ ᠶᠠᠪᠤᠭᠤᠯᠬᠤ ᠴᠢᠳᠠᠪᠤᠷᠢ ᠴᠢᠩᠭ᠎ᠠ ᠪᠤᠰᠤ ᠪᠦᠭᠡᠳ ᠵᠠᠰᠠᠭ ᠵᠠᠬᠢᠷᠭᠠᠨ ᠤ ᠦᠷ᠎ᠡ ᠪᠦᠲᠦᠮᠵᠢ ᠨᠢ ᠦᠨᠳᠦᠷ ᠪᠤᠰᠤ ᠪᠠᠶᠢᠬᠤ ᠶᠢ ᠪᠢᠳᠡ ᠪᠠᠰᠠ ᠰᠡᠷᠭᠡᠭ ᠢᠶᠠᠷ ᠣᠯᠵᠤ ᠲᠠᠨᠢᠪᠠ᠃ ᠪᠢᠳᠡ ᠲᠦᠭᠰᠢᠭᠦᠷᠢ ᠳᠤ ᠰᠠᠨᠠᠭᠠᠰᠢᠷᠠᠬᠤ ᠦᠵᠡᠯ ᠤᠬᠠᠮᠰᠠᠷ ᠪᠠ ᠬᠠᠷᠢᠭᠤᠴᠠᠯᠭ᠎ᠠ ᠶᠢ ᠳᠠᠭᠠᠭᠠᠨ ᠡᠭᠦᠷᠭᠡᠯᠡᠬᠦ ᠦᠵᠡᠯ ᠤᠬᠠᠮᠰᠠᠷ ᠢᠶᠠᠨ ᠤᠯᠠᠮ ᠨᠢᠭᠡ ᠠᠯᠬᠤᠮ ᠴᠢᠩᠭᠠᠳᠬᠠᠨ᠂ ᠠᠰᠠᠭᠤᠳᠠᠯ ᠳᠤ ᠨᠢᠭᠤᠷᠳᠠᠵᠦ᠂ ᠠᠰᠠᠭᠤᠳᠠᠯ ᠢ ᠰᠢᠢᠳᠪᠦᠷᠢᠯᠡᠨ᠂ ᠵᠠᠰᠠᠭ ᠤᠨ ᠣᠷᠳᠣᠨ ᠤ ᠠᠵᠢᠯ ᠢ ᠣᠶᠣᠨ ᠴᠢᠳᠠᠯ ᠢᠶᠠᠨ ᠰᠢᠪᠬᠠᠨ ᠰᠠᠶᠢᠳᠤᠷ ᠬᠢᠬᠦ ᠬᠡᠷᠡᠭᠲᠡᠢ ᠪᠠᠶᠢᠨ᠎ᠠ᠃
ᠬᠤᠶᠠᠷ᠂ 2017 ᠣᠨ ᠤ ᠠᠵᠢᠯ ᠤᠨ ᠪᠠᠶᠢᠷᠢᠯᠠᠭᠤᠯᠤᠯᠳᠠ
ᠡᠨᠡ ᠵᠢᠯ ᠪᠣᠯ ᠥᠪᠡᠷᠲᠡᠭᠡᠨ ᠵᠠᠰᠠᠬᠤ ᠣᠷᠣᠨ ᠤ ᠥᠭᠡᠷᠡᠴᠢᠯᠡᠯᠲᠡ ᠬᠥᠭᠵᠢᠯᠲᠡ ᠶᠢᠨ ᠶᠠᠪᠤᠴᠠ ᠳᠠᠬᠢ ᠴᠢᠬᠤᠯᠠ ᠶᠡᠭᠡ ᠠᠴᠢ ᠬᠤᠯᠪᠤᠭᠳᠠᠯ ᠲᠠᠢ ᠨᠢᠭᠡ ᠵᠢᠯ ᠪᠣᠯᠣᠨ᠎ᠠ᠃ ᠵᠠᠰᠠᠭ ᠤᠨ ᠣᠷᠳᠣᠨ ᠤ ᠠᠵᠢᠯ ᠢ ᠰᠠᠶᠢᠳᠤᠷ ᠬᠢᠬᠦ ᠳᠤ᠂ ᠡᠷᠬᠡᠪᠰᠢ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ ᠬᠤᠷᠢᠶᠠᠨ ᠤ ᠭᠤᠷᠪᠠᠳᠤᠭᠠᠷ ᠪᠥᠬᠦᠳᠡ ᠬᠤᠷᠠᠯ᠂ ᠳᠥᠷᠪᠡᠳᠦᠭᠡᠷ ᠪᠦᠭᠦᠳᠡ ᠬᠤᠷᠠᠯ᠂ ᠲᠠᠪᠤᠳᠤᠭᠠᠷ ᠪᠦᠭᠦᠳᠡ ᠬᠤᠷᠠᠯ᠂ ᠵᠢᠷᠭᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠠᠯᠢ ᠣᠯᠠᠨ ᠴᠢᠬᠤᠯᠠ ᠶᠠᠷᠢᠶ᠎ᠠ ᠪᠠ ᠲᠥᠷᠥ ᠶᠢ ᠵᠠᠰᠠᠵᠤ ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠣᠳᠣᠯᠭ᠎ᠠ ᠶᠢ ᠭᠦᠨᠵᠡᠭᠡᠢ ᠲᠤᠤᠱᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠢ ᠰᠢᠨᠵᠢᠯᠡᠨ ᠪᠠᠶᠢᠴᠠᠭᠠᠬᠤ ᠳᠤ ᠶᠠᠷᠢᠭᠰᠠᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠬᠤᠷᠠᠯ ᠪᠠ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠤᠨ ᠰᠶᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢᠨ ᠲᠣᠭᠤᠷᠢᠨ ᠳᠤ ᠨᠢᠭᠲᠠᠷᠠᠨ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠲᠠ ᠶᠢ ᠨᠢᠭᠡᠲᠦᠯᠲᠡᠢ ᠲᠥᠯᠥᠪᠯᠡᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠵᠤ᠂ ᠲᠣᠭᠲᠠᠭᠤᠨ ᠢᠶᠠᠷ ᠤᠷᠤᠭᠰᠢᠯᠠᠨ ᠳᠠᠪᠰᠢᠬᠤ ᠠᠵᠢᠯ ᠤᠨ ᠶᠡᠷᠦᠩᠬᠡᠢ ᠦᠨᠳᠦᠰᠦᠨ ᠰᠠᠨᠠᠭ᠎ᠠ ᠶᠢ ᠪᠠᠷᠢᠮᠲᠠᠯᠠᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠣᠢ ᠪᠣᠯᠭᠠᠬᠤ ᠪᠠ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠠᠵᠤ ᠠᠬᠤᠢ ᠶᠢᠨ ᠬᠥᠭᠵᠢᠯᠲᠡ ᠶᠢ ᠡᠵᠡᠮᠳᠡᠵᠦ ᠬᠦᠲᠦᠯᠦᠨ ᠳᠠᠭᠠᠭᠤᠯᠬᠤ ᠰᠢᠨ᠎ᠡ ᠬᠡᠪ ᠪᠠᠶᠢᠳᠠᠯ ᠳᠤ ᠲᠣᠬᠢᠷᠠᠯᠴᠠᠨ᠂ ᠬᠥᠭᠵᠢᠯᠲᠡ ᠶᠢᠨ ᠶᠠᠰᠤ ᠴᠢᠨᠠᠷ ᠪᠠ ᠦᠷ᠎ᠡ ᠠᠰᠢᠭ ᠢ ᠳᠡᠭᠡᠭᠰᠢᠯᠡᠭᠦᠯᠬᠦ ᠪᠠᠷ ᠭᠤᠣᠯ ᠪᠣᠯᠭᠠᠵᠤ᠂ ᠬᠠᠩᠭᠠᠯᠭ᠎ᠠ ᠶᠢᠨ ᠲᠠᠯ᠎ᠠ ᠳᠠᠬᠢ ᠪᠦᠲᠦᠴᠡ ᠶᠢᠨ ᠴᠢᠨᠠᠷᠲᠠᠢ ᠥᠭᠡᠷᠡᠴᠢᠯᠡᠯᠲᠡ ᠶᠢ ᠠᠬᠢᠭᠤᠯᠬᠤ ᠪᠠᠷ ᠭᠤᠣᠯ ᠱᠤᠭᠤᠮ ᠪᠣᠯᠭᠠᠨ᠂ ᠬᠥᠭᠵᠢᠯᠲᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠡᠷᠡᠰ ᠰᠠᠬᠢᠨ᠂ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠬᠦ ᠶᠢ ᠲᠦᠷᠭᠡᠳᠬᠡᠨ ᠠᠬᠢᠭᠤᠯᠵᠣ᠂ ︽ᠲᠠᠪᠤᠵᠢᠭᠤᠯᠤᠨ︾ ᠬᠠᠮᠵᠢᠯᠴᠠᠬᠤ ᠶᠢ ᠬᠦᠴᠦᠲᠡᠢ ᠠᠬᠢᠭᠤᠯᠤᠨ᠂ ᠥᠭᠡᠷᠡᠴᠢᠯᠡᠯᠲᠡ ᠨᠡᠭᠡᠭᠡᠯᠲᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠵᠦ᠂ ᠶᠡᠷᠦᠩᠬᠡᠢ ᠬᠡᠷᠡᠭᠴᠡᠭᠡ ᠱᠠᠭᠠᠷᠳᠠᠯᠭ᠎ᠠ ᠶᠢ ᠲᠣᠬᠢᠷᠠᠮᠵᠢᠲᠠᠢ ᠪᠠᠷ ᠥᠷᠭᠡᠳᠬᠡᠨ᠂ ᠰᠢᠨ᠎ᠡ ᠶᠢ ᠡᠭᠦᠳᠬᠦ ᠬᠦᠳᠡᠯᠭᠡᠭᠦᠷ᠂ ᠪᠡᠯᠡ ᠣᠷᠤᠭᠤᠯᠤᠯᠲᠠ ᠪᠠ ᠲᠥᠷᠥᠯ ᠵᠦᠢᠯ ᠤᠨ ᠳᠠᠶᠢᠴᠢᠯᠠᠯᠲᠠ ᠶᠢ ᠴᠢᠩᠭᠠᠷᠠᠭᠤᠯᠵᠤ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠲᠦᠭᠰᠢᠭᠦᠷᠢ ᠶᠢ ᠰᠡᠷᠭᠡᠶᠢᠯᠡᠬᠦ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠢᠶᠠᠨ ᠰᠠᠶᠢᠳᠤᠷ ᠬᠢᠵᠦ᠂ ᠠᠵᠤ ᠠᠬᠤᠢ ᠶᠢᠨ ᠲᠣᠭᠲᠠᠪᠤᠷᠢᠲᠠᠢ ᠡᠷᠡᠭᠦᠯ ᠢᠶᠠᠷ ᠬᠥᠭᠵᠢᠬᠦ ᠪᠠ ᠨᠡᠶᠢᠭᠡᠮ ᠤᠨ ᠡᠶ᠎ᠡ ᠵᠣᠬᠢᠴᠠᠯ ᠲᠠᠢ ᠲᠣᠭᠲᠠᠭᠤᠨ ᠪᠠᠶᠢᠬᠤ ᠶᠢ ᠠᠬᠢᠭᠤᠯᠤᠨ᠂ ᠰᠢᠯᠢᠳᠡᠭ ᠠᠮᠵᠢᠯᠲᠠ ᠪᠠᠷ ᠢᠶᠠᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 ᠵᠢᠯ ᠤᠨ ᠣᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠲᠠ ᠲᠠᠢ ᠪᠠᠷ ᠬᠤᠷᠠᠯᠳᠤᠬᠤ ᠶᠢ ᠤᠭᠲᠤᠨ᠎ᠠ᠃
ᠭᠤᠣᠯ ᠪᠣᠯᠬᠤ ᠵᠢᠱᠢᠭᠰᠡᠨ ᠬᠠᠷᠠᠯᠲᠠ ᠪᠣᠯ᠄ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠢ 7.5% ᠣᠷᠴᠢᠮ ᠨᠡᠮᠡᠭᠳᠡᠭᠦᠯᠦᠨ᠂ ᠲᠣᠭᠲᠠᠮᠠᠯ ᠡᠳ᠋ ᠬᠥᠷᠥᠩᠭᠡ ᠶᠢᠨ ᠪᠡᠯᠡ ᠣᠷᠤᠭᠤᠯᠤᠯᠲᠠ ᠶᠢ 12% ᠣᠷᠴᠢᠮ ᠨᠡᠮᠡᠭᠳᠡᠭᠦᠯᠵᠦ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠬᠤ ᠶᠡᠷᠦᠩᠬᠡᠢ ᠲᠤᠭ᠎ᠠ ᠶᠢ 10% ᠣᠷᠴᠢᠮ ᠨᠡᠮᠡᠭᠳᠡᠭᠦᠯᠦᠨ᠂ ᠡᠩ ᠤᠨ ᠣᠯᠠᠨ ᠨᠡᠶᠢᠲᠡ ᠶᠢᠨ ᠲᠥᠰᠥᠪ ᠤᠨ ᠣᠷᠣᠯᠭ᠎ᠠ ᠶᠢ ᠠᠳᠠᠯᠢᠳᠬᠠᠵᠤ ᠪᠣᠯᠬᠤ ᠵᠦᠢᠯ ᠢᠶᠠᠷ 6% ᠣᠷᠴᠢᠮ ᠨᠡᠮᠡᠭᠳᠡᠭᠦᠯᠵᠦ᠂ ᠬᠤᠲᠠ ᠬᠦᠳᠡᠭᠡ ᠶᠢᠨ ᠰᠠᠭᠤᠭᠠᠯᠢ ᠠᠷᠠᠳ ᠤᠨ ᠬᠥᠮᠥᠨ ᠳᠤᠮᠳᠠᠴᠢ ᠡᠵᠡᠮᠳᠡᠵᠦ ᠪᠣᠯᠬᠤ ᠣᠷᠣᠯᠭ᠎ᠠ ᠶᠢ ᠲᠤᠰ ᠲᠤᠰ 8% ᠪᠠ 8.5% ᠣᠷᠴᠢᠮ ᠨᠡᠮᠡᠭᠳᠡᠭᠦᠯᠦᠨ᠂ ᠨᠢᠭᠡᠴᠢ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ ᠲᠠᠬᠢ ᠡᠨᠧᠷᠭᠢ ᠶᠢᠨ ᠬᠤᠷᠣᠭᠳᠠᠯ ᠢ 3% ᠣᠷᠴᠢᠮ ᠪᠠᠭᠤᠷᠠᠭᠤᠯᠵᠤ᠂ ᠬᠤᠲᠠ ᠪᠠᠯᠭᠠᠰᠤ ᠶᠢᠨ ᠠᠵᠢᠯ ᠣᠯᠣᠭᠰᠠᠳ ᠢ 25 ᠲᠦᠮᠡᠨ ᠬᠥᠮᠥᠨ ᠰᠢᠨ᠎ᠡ ᠪᠠᠷ ᠨᠡᠮᠡᠭᠳᠡᠭᠦᠯᠦᠨ᠂ ᠤᠯᠤᠰ ᠠᠴᠠ ᠪᠠᠭᠤᠯᠭᠠᠭᠰᠠᠨ ᠡᠯ᠎ᠡ ᠵᠦᠢᠯ ᠤᠨ ᠬᠦᠯᠢᠶᠡᠰᠦᠯᠡᠬᠦ ᠴᠢᠨᠠᠷᠲᠠᠢ ᠭᠦᠢᠴᠡᠳᠬᠡᠯ ᠲᠤᠭ᠎ᠠ ᠶᠢ ᠪᠦᠬᠦ ᠲᠠᠯ᠎ᠠ ᠪᠠᠷ ᠪᠡᠶᠡᠯᠡᠭᠦᠯᠦᠨ᠎ᠡ᠃
ᠡᠳᠡᠭᠡᠷ ᠵᠢᠱᠢᠭᠰᠡᠨ ᠬᠠᠷᠠᠯᠲᠠ ᠨᠢ ᠪᠢᠳᠡᠨ ᠳᠤ ᠲᠤᠯᠭᠠᠷᠠᠵᠤ ᠪᠠᠶᠢᠭ᠎ᠠ ᠪᠠᠶᠢᠳᠠᠯ ᠪᠠ ᠡᠭᠦᠷᠭᠡ ᠶᠢ ᠨᠢᠭᠡᠲᠦᠯᠲᠡᠢ ᠲᠥᠯᠥᠪᠯᠡᠨ ᠪᠣᠳᠣᠯᠬᠢᠯᠠᠵᠤ᠂ ᠦᠪᠡᠷᠳᠡᠭᠡᠨ ᠵᠠᠰᠠᠬᠤ ᠣᠷᠣᠨ ᠤ ᠠᠷᠪᠠᠳᠣᠭᠠᠷ ᠣᠳᠠᠭᠠᠨ ᠤ ᠨᠠᠮ ᠤᠨ ᠲᠦᠯᠣᠭᠡᠯᠡᠭᠴᠢᠣᠨ ᠤᠨ ᠬᠤᠷᠠᠯ ᠪᠠ ︽13 · 5︾ ᠶᠢᠨ ᠲᠥᠯᠥᠪᠵᠢᠭᠦᠯᠭᠡ ᠶᠢᠨ ᠬᠠᠷᠠᠯᠲᠠ ᠯᠤᠭ᠎ᠠ ᠶᠢᠨ ᠵᠣᠯᠭᠠᠯᠲᠠ ᠶᠢ ᠪᠣᠳᠣᠯᠬᠢᠯᠠᠭᠰᠠᠨ ᠪᠦᠭᠡᠳ ᠪᠠᠰᠠ ᠡᠯ᠎ᠡ ᠲᠠᠯ᠎ᠠ ᠶᠢᠨ ᠲᠤᠯᠭᠠᠭᠤᠷᠢᠯᠠᠬᠤ ᠨᠥᠬᠦᠴᠡᠯ ᠢ ᠪᠣᠳᠣᠯᠬᠢᠯᠠᠭᠰᠠᠨ ᠪᠠᠶᠢᠵᠤ᠂ ᠬᠡᠷᠡᠭᠴᠡᠭᠡ ᠪᠠ ᠪᠣᠯᠣᠮᠵᠢ ᠳᠤ ᠰᠠᠭᠤᠷᠢᠯᠠᠨ᠂ ᠶᠡᠷᠦᠩᠬᠡᠶᠢᠯᠡᠨ ᠲᠤᠩᠭᠠᠭᠠᠭᠰᠠᠨ ᠤ ᠳᠠᠷᠠᠭ᠎ᠠ ᠲᠣᠭᠲᠠᠭᠠᠭᠰᠠᠨ ᠶᠤᠮ᠃ ᠢᠩᠭᠢᠵᠦ ᠲᠤᠬᠢᠷᠠᠭᠤᠯᠵᠦ ᠪᠠᠶᠢᠷᠢᠯᠠᠭᠤᠯᠤᠨᠨᠰᠠᠨ ᠨᠢ ᠡᠯ᠎ᠡ ᠲᠠᠯ᠎ᠠ ᠶᠢᠨ ᠬᠢᠨ ᠤ ᠢᠳᠡᠪᠬᠢᠵᠢᠯ ᠢ ᠳᠠᠶᠢᠴᠢᠯᠠᠬᠤ ᠳᠤ ᠠᠰᠢᠭᠳᠠᠢ᠂ ︽ᠳᠥᠷᠪᠡ ᠶᠢ ᠦᠨᠳᠦᠷ ᠪᠠᠶᠢᠯᠭᠠᠬᠤ︾ ᠬᠠᠷᠠᠯᠲᠠ ᠶᠢ ᠪᠡᠶᠡᠯᠡᠭᠦᠯᠭᠦ ᠳᠤ ᠠᠰᠢᠭᠳᠠᠢ᠂ ᠠᠵᠤ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠳᠡᠰ ᠳᠡᠪᠰᠢᠭᠦᠯᠭᠦ ᠶᠢ ᠠᠬᠢᠭᠤᠯᠬᠤ ᠳᠤ ᠠᠰᠢᠭᠲᠠᠢ ᠶᠤᠮ᠃
ᠪᠢᠳᠡᠨ ᠤ ᠮᠡᠳᠡᠵᠦ ᠪᠠᠶᠢᠬᠤ ᠪᠠᠷ ᠤᠯᠤᠰ ᠤᠨ ᠳᠣᠲᠣᠭᠠᠳᠤ ᠭᠠᠳᠠᠭᠠᠳᠤ ᠶᠢᠨ ᠠᠵᠤ ᠠᠬᠤᠢ ᠶᠢᠨ ᠪᠠᠶᠢᠳᠠᠯ ᠤᠨ ᠨᠠᠷᠢᠨ ᠪᠤᠳᠤᠯᠢᠶᠠᠨᠲᠠᠢ ᠪᠦᠭᠡᠳ ᠨᠦᠰᠡᠷ ᠬᠦᠨᠳᠦ ᠪᠠᠶᠢᠭ᠎ᠠ ᠪᠠ ᠪᠠᠭᠤᠷᠠᠯᠲᠠ ᠶᠢᠨ ᠳᠠᠷᠤᠯᠲᠠ ᠦᠷᠭᠦᠯᠵᠢᠯᠡᠨ ᠶᠡᠬᠡᠰᠴᠦ ᠪᠠᠶᠢᠭ᠎ᠠ ᠪᠠᠶᠢᠳᠠᠯ ᠳᠤ᠂ ᠡᠳᠡᠭᠡᠷ ᠬᠠᠷᠠᠯᠲᠠ ᠶᠢ ᠪᠡᠶᠡᠯᠡᠭᠦᠯᠬᠦ ᠳᠤ ᠲᠡᠶᠢᠮᠦ ᠬᠢᠯᠪᠠᠷ ᠪᠤᠰᠤ ᠪᠠᠶᠢᠵᠤ᠂ ᠬᠦᠴᠢᠷ ᠪᠡᠷᠬᠡ ᠶᠢ ᠠᠷᠭᠠᠴᠠᠬᠤ ᠭᠦᠢᠴᠡᠳ ᠪᠡᠯᠡᠳᠬᠡᠯ ᠢ ᠵᠠᠪᠠᠯ ᠰᠠᠶᠢᠳᠤᠷ ᠬᠢᠬᠦ ᠬᠡᠷᠡᠭᠲᠡᠢ ᠪᠠᠶᠢᠨ᠎ᠠ᠃ ᠪᠠᠰᠠ᠂ ᠤᠯᠤᠰ ᠠᠴᠠ ︽ᠨᠢᠭᠡ ᠪᠦᠰᠡ ᠨᠢᠭᠡ ᠵᠠᠮ︾᠂ ᠪᠡᠭᠡᠵᠢᠩ ᠲᠢᠶᠠᠨᠵᠢᠨ ᠾᠧᠪᠸᠢ ᠶᠢ ᠵᠤᠬᠢᠴᠠᠯᠳᠤᠭᠤᠯᠤᠨ ᠬᠥᠭᠵᠢᠭᠦᠯᠬᠦ ᠪᠠ ᠪᠠᠷᠠᠭᠤᠨ ᠣᠷᠣᠨ ᠢ ᠶᠡᠬᠡᠪᠡᠷ ᠨᠡᠭᠡᠭᠡᠨ ᠬᠥᠭᠵᠢᠭᠦᠯᠬᠦ᠂ ᠵᠡᠭᠦᠨ ᠬᠤᠶᠢᠲᠤ ᠣᠷᠣᠨ ᠢ ᠬᠥᠭᠵᠢᠭᠡᠨ ᠮᠠᠨᠳᠤᠭᠤᠯᠬᠤ ᠰᠢᠨ᠎ᠡ ᠨᠢᠭᠡᠨ ᠡᠭᠡᠯᠵᠢ ᠶᠢᠨ ᠪᠠᠶᠢᠯᠳᠤᠬᠤ ᠪᠣᠳᠣᠯᠭ᠎ᠠ ᠨᠤᠭᠤᠳ ᠢ ᠭᠦᠨᠵᠡᠭᠡᠢ ᠬᠡᠷᠡᠭᠵᠢᠭᠦᠯᠬᠦ ᠨᠢ ᠪᠢᠳᠡᠨ ᠳᠤ ᠬᠥᠭᠵᠢᠯᠲᠡ ᠶᠢᠨ ᠣᠯᠳᠠᠰᠢ ᠦᠭᠡᠢ ᠠᠵᠠ ᠲᠣᠬᠢᠶᠠᠯ ᠢ ᠡᠭᠦᠳᠦᠭᠰᠡᠨ ᠪᠠᠶᠢᠨ᠎ᠠ︔ ᠥᠪᠥᠷ ᠮᠣᠩᠭᠤᠯ ᠳᠤ ᠰᠠᠶᠢᠨ ᠰᠠᠶᠢᠬᠠᠨ ᠬᠥᠭᠵᠢᠯᠲᠡ ᠶᠢᠨ ᠳᠠᠪᠠᠭᠤᠯᠢᠭ᠂ ᠬᠥᠭᠵᠢᠯᠲᠡ ᠶᠢᠨ ᠰᠠᠭᠤᠷᠢ ᠪᠠ ᠬᠥᠭᠵᠢᠯᠲᠡ ᠶᠢᠨ ᠳᠠᠯᠳᠠ ᠬᠦᠴᠦᠨ ᠲᠠᠢ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠠᠷᠪᠠᠳᠤᠭᠠᠷ ᠤᠳᠠᠭᠠᠨ ᠤ ᠨᠠᠮ ᠤᠨ ᠲᠦᠯᠦᠭᠡᠯᠡᠭᠴᠢᠳ ᠤᠨ ᠬᠤᠷᠠᠯ ᠪᠠ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭᠠᠨ ᠤ ᠪᠦᠬᠦᠳᠡ ᠬᠤᠷᠠᠯ ᠠᠴᠠ ᠬᠥᠭᠵᠢᠯᠲᠡ ᠶᠢᠨ ᠢᠯᠭᠤᠮ ᠲᠣᠳᠣ ᠰᠡᠳᠬᠢᠮᠵᠢ ᠶᠢ ᠲᠣᠭᠲᠠᠭᠠᠨ᠂ ᠬᠥᠮᠥᠰ ᠢ ᠤᠷᠮᠠᠰᠢᠭᠤᠯᠤᠨ ᠬᠥᠭᠵᠢᠭᠡᠵᠦ ᠳᠠᠪᠰᠢᠭᠤᠯᠬᠤ ᠬᠥᠭᠵᠢᠯᠲᠡ ᠶᠢᠨ ᠬᠠᠷᠠᠯᠲᠠ ᠪᠠ ᠬᠥᠭᠵᠢᠯᠲᠡ ᠶᠢᠨ ᠬᠦᠴᠦᠲᠡᠢ ᠠᠷᠭ᠎ᠠ ᠬᠡᠮᠵᠢᠶ᠎ᠡ ᠶᠢ ᠳᠤᠷᠠᠳᠴᠤ ᠭᠠᠷᠭᠠᠭᠰᠠᠨ ᠠᠴᠠ ᠥᠷᠭᠡᠨ ᠣᠯᠠᠨ ᠺᠠᠳ᠋ᠷ ᠣᠯᠠᠨ ᠲᠦᠮᠡᠨ ᠤ ᠠᠵᠢᠯᠯᠠᠵᠤ ᠠᠳᠠᠯ ᠦᠢᠯᠡᠰ ᠴᠣᠭᠴᠠᠯᠠᠬᠤ ᠣᠷᠭᠢᠯᠤᠮ᠎ᠠ ᠰᠡᠳᠬᠢᠯᠭᠡ ᠶᠢ ᠨᠢᠭᠲᠠᠷᠠᠭᠤᠯᠤᠭᠰᠠᠨ ᠪᠠ ᠬᠥᠭᠵᠢᠭᠡᠨ ᠪᠠᠳᠠᠷᠠᠭᠠᠭᠰᠠᠨ ᠪᠠᠶᠢᠨ᠎ᠠ ᠭᠡᠳᠡᠭ ᠢ ᠣᠯᠵᠣ ᠬᠠᠷᠠᠬᠤ ᠬᠡᠷᠡᠭᠲᠡᠢ᠃ ᠪᠢᠳᠡ ᠵᠠᠪᠠᠯ ᠢᠳᠡᠬᠡᠯ ᠵᠤᠷᠢᠭ ᠢᠶᠠᠨ ᠬᠦᠪᠴᠢᠯᠡᠵᠦ᠂ ᠬᠦᠴᠢᠷ ᠪᠡᠷᠬᠡ ᠶᠢ ᠢᠯᠠᠨ ᠳᠠᠪᠠᠵᠤ᠂ ᠡᠯ᠎ᠡ ᠵᠦᠢᠯ ᠤᠨ ᠬᠠᠷᠠᠯᠲᠠ ᠶᠢᠨ ᠡᠭᠦᠷᠭᠡ ᠶᠢ ᠪᠦᠬᠦ ᠬᠦᠴᠦᠨ ᠢᠶᠠᠷ ᠢᠶᠠᠨ ᠪᠡᠶᠡᠯᠡᠭᠦᠯᠬᠦ ᠬᠡᠷᠡᠭᠲᠡᠢ᠃
ᠡᠨᠡ ᠵᠢᠯ ᠳᠣᠣᠷᠠᠬᠢ ᠠᠵᠢᠯ ᠤᠳ ᠢ ᠭᠤᠣᠯᠳᠠᠯᠭ᠎ᠠ ᠲᠠᠢ ᠰᠠᠶᠢᠳᠤᠷ ᠬᠢᠬᠦ ᠬᠡᠷᠡᠭᠲᠡᠢ᠄
︵ᠨᠢᠭᠡ︶ ︽ᠭᠤᠷᠪᠡ ᠶᠢ ᠪᠠᠭᠠᠰᠬᠠᠬᠤ ᠨᠢᠭᠡ ᠶᠢ ᠪᠠᠭᠤᠷᠡᠡᠭᠤᠯᠬᠤ ᠨᠢᠭᠡ ᠶᠢ ᠨᠦᠬᠦᠪᠦᠷᠢᠯᠡᠬᠦ︾ ᠶᠢ ᠬᠦᠨᠵᠡᠭᠡᠢ ᠠᠬᠢᠭᠤᠯᠥᠨ᠎ᠠ᠃ ᠭᠡᠷᠡᠭᠴᠡᠭᠡ ᠱᠠᠭᠠᠷᠳᠡᠯᠭ᠎ᠠ ᠶᠢ ᠬᠠᠩᠭᠠᠬᠤ ᠪᠠᠷ ᠡᠴᠥᠰ ᠤᠨ ᠵᠤᠷᠢᠯᠭ᠎ᠠ ᠪᠤᠯᠭᠠᠵᠦ᠂ ᠬᠠᠩᠭᠠᠯᠭ᠎ᠠ ᠶᠢᠨ ᠶᠠᠰᠣ ᠴᠢᠨᠡᠷ ᠢ ᠳᠡᠭᠡᠭᠰᠢᠯᠡᠬᠦᠯᠬᠦ ᠪᠠᠷ ᠭᠤᠤᠯ ᠰᠢᠪᠳᠣᠯᠬᠤ ᠴᠢᠭᠯᠡᠯ ᠪᠤᠯᠭᠠᠨ᠂ ᠦᠭᠡᠷᠡᠴᠢᠯᠡᠯᠳᠡ ᠶᠢ ᠬᠦᠨᠵᠡᠭᠡᠶᠢᠷᠡᠬᠦᠯᠬᠦ ᠪᠠᠷ ᠦᠨᠳᠣᠰᠣᠡ ᠠᠷᠭ᠎ᠠ ᠵᠠᠮ ᠪᠤᠯᠭᠠᠵᠦ᠂ ᠲᠠᠪᠤᠨ ᠶᠡᠭᠡ ᠡᠬᠦᠷᠭᠡ ᠶᠢᠨ ᠦᠨᠡᠨ ᠪᠣᠳᠠᠲᠤ ᠠᠬᠢᠯᠳᠡ ᠲᠠᠢ ᠪᠤᠯᠬᠤ ᠶᠢ ᠠᠬᠢᠭᠤᠯᠥᠨ᠎ᠠ᠃
ᠦᠯᠡᠬᠦᠳᠡᠵᠣ ᠪᠠᠶᠢᠭ᠎ᠠ ᠦᠢᠯᠡᠳᠪᠦᠷᠢᠯᠡᠯ ᠤᠨ ᠴᠢᠳᠡᠪᠦᠷᠢ ᠶᠢ ᠦᠷᠬᠦᠯᠵᠢᠯᠡᠨ ᠰᠢᠢᠳᠪᠦᠷᠢᠯᠡᠨ᠎ᠠ᠃ ᠵᠠᠬ᠎ᠠ ᠳᠡᠯᠭᠡᠬᠦᠷᠵᠢᠯᠳᠡ᠂ ᠬᠠᠥᠯᠢᠵᠢᠯᠳᠡ ᠶᠢᠨ ᠵᠠᠷᠴᠢᠮ ᠢ ᠪᠠᠷᠢᠮᠳᠡᠯᠡᠵᠦ᠂ ᠣᠷᠴᠢᠨ ᠲᠤᠭᠤᠷᠢᠨ ᠤ ᠬᠠᠮᠠᠭᠠᠯᠠᠯᠳᠡ᠂ ᠡᠨᠧᠷᠬᠢ ᠶᠢᠨ ᠬᠤᠷᠣᠠᠠᠳᠡᠯ᠂ ᠶᠠᠰᠣ ᠴᠢᠨᠡᠷ᠂ ᠠᠮᠥᠷ ᠳᠥᠪᠰᠢᠨ ᠵᠡᠷᠭᠡ ᠬᠠᠦᠯᠢ ᠴᠠᠭᠠᠵᠠ ᠬᠠᠦᠯᠢ ᠲᠣᠠᠠᠳᠠᠭᠠᠯ ᠪᠠ ᠪᠡᠷᠢᠮᠵᠢᠶ᠎ᠠ ᠶᠢ ᠴᠢᠩᠭ᠎ᠠ ᠭᠡᠷᠡᠭᠵᠢᠬᠦᠯᠵᠦ᠂ ᠳᠥᠷᠢᠮ ᠲᠤᠠᠠᠳᠠᠭᠠᠯ ᠳᠤ ᠥᠯᠥ ᠨᠡᠶᠢᠴᠡᠬᠦ ᠪᠠ ᠪᠡᠷᠢᠮᠵᠢᠶ᠎ᠠ ᠳᠤ ᠥᠯᠥ ᠬᠦᠷᠬᠦ ᠦᠢᠯᠡᠳᠪᠦᠷᠢᠯᠡᠯ ᠤᠨ ᠴᠢᠳᠡᠪᠦᠷᠢ ᠶᠢ ᠡᠷᠡᠰ ᠪᠣᠴᠠᠭᠠᠨ ᠭᠠᠷᠭᠠᠨ᠎ᠠ᠃ ᠦᠯᠡᠬᠦᠳᠡᠵᠣ ᠪᠠᠶᠢᠭ᠎ᠠ ᠦᠢᠯᠡᠣᠡᠪᠣᠷᠢᠯᠡᠯ ᠤᠨ ᠴᠢᠳᠠᠪᠤᠷᠢ ᠪᠦᠬᠦᠢ ᠠᠵᠢᠯ ᠳᠥᠷᠦᠯ ᠳᠤ ᠰᠢᠨ᠎ᠡ ᠪᠠᠷ ᠨᠡᠮᠡᠭᠳᠡᠬᠦ ᠦᠢᠯᠡᠳᠪᠦᠷᠢᠯᠡᠯ ᠤᠨ ᠴᠢᠳᠡᠪᠦᠷᠢ ᠶᠢ ᠨᠢ ᠴᠢᠩᠭ᠎ᠠ ᠡᠵᠡᠮᠳᠡᠨ᠂ ᠨᠢᠭᠡᠨᠲᠡ ᠰᠢᠢᠳᠪᠦᠷᠢᠯᠡᠭᠰᠡᠨ ᠦᠢᠯᠡᠳᠪᠦᠷᠢᠯᠡᠯ ᠤᠨ ᠴᠢᠳᠡᠪᠦᠷᠢ ᠶᠢᠨ ᠳᠡᠬᠢᠨ ᠰᠡᠷᠬᠦᠬᠦ ᠶᠢ ᠡᠷᠡᠰ ᠬᠤᠷᠢᠠᠠᠯᠠᠨ᠎ᠠ᠃ ᠨᠦᠬᠦᠴᠡᠯ ᠪᠦᠷᠢᠯᠳᠦᠬᠦᠯᠵᠦ ᠪᠠᠶᠢᠭᠠᠳ ᠠᠵᠦ ᠠᠬᠤᠶᠢᠯᠠᠯ ᠤᠨ ᠨᠡᠶᠢᠯᠡᠬᠦᠯᠵᠦ ᠳᠡᠬᠢᠨ ᠵᠤᠬᠢᠶᠡᠨ ᠪᠠᠶᠢᠭᠤᠯᠬᠤ ᠶᠢ ᠠᠬᠢᠭᠤᠯᠥᠨ᠂ ᠠᠵᠢᠯᠳᠡᠨ ᠠᠵᠢᠯᠴᠢᠳ ᠤᠨ ᠳᠥᠪᠬᠢᠨᠡᠬᠦᠯᠬᠦ ᠠᠵᠢᠯ ᠢ ᠰᠠᠶᠢᠳᠣᠷ ᠬᠢᠵᠦ᠂ 55 ᠳᠥᠮᠡᠨ ᠲᠤᠡ ᠪᠤᠯᠥᠳ ᠳᠡᠮᠥᠷ᠂ 120 ᠳᠥᠮᠡᠨ ᠲᠤᠡ ᠨᠡᠭᠦᠷᠡᠰᠦᠨ ᠤ ᠦᠢᠯᠡᠳᠪᠦᠷᠢᠯᠡᠯ ᠤᠨ ᠴᠢᠳᠠᠪᠤᠷᠢ ᠶᠢ ᠪᠠᠭᠤᠷᠠᠭᠤᠯᠬᠤ ᠡᠬᠦᠷᠭᠡ ᠪᠠᠨ ᠪᠡᠶᠡᠯᠡᠭᠦᠯᠬᠦ ᠶᠢᠨ ᠬᠠᠮᠲᠤ᠂ ᠪᠤᠰᠤᠳ ᠠᠵᠢᠯ ᠲᠥᠷᠥᠯ ᠤᠨ ᠦᠢᠯᠡᠳᠪᠦᠷᠢᠯᠡᠯ ᠤᠨ ᠴᠢᠳᠠᠪᠤᠷᠢ ᠶᠢ ᠪᠠᠭᠤᠷᠠᠭᠤᠯᠬᠤ ᠠᠵᠢᠯ ᠢᠶᠠᠨ ᠰᠠᠶᠢᠳᠤᠷ ᠬᠢᠨ᠎ᠡ᠃
ᠭᠡᠷ ᠪᠠᠶᠢᠰᠢᠩ ᠭᠠᠵᠡᠷ ᠬᠦᠷᠦᠩᠬᠡ ᠶᠢᠨ ᠬᠠᠳᠠᠭᠠᠯᠠᠭᠳᠡᠴᠨ ᠶᠢ ᠡᠮᠬᠢ ᠵᠢᠷᠦᠮ ᠲᠠᠢ ᠪᠠᠷ ᠰᠢᠢᠳᠪᠦᠷᠢᠯᠡᠨ᠎ᠠ᠃ ᠳᠥᠷᠦᠯ ᠬᠤᠪᠢᠶᠡᠨ ᠵᠢᠯᠥᠭᠤᠳᠬᠤ ᠶᠢ ᠪᠡᠷᠢᠮᠳᠡᠯᠡᠵᠦ᠂ ᠬᠤᠳᠡ ᠪᠠ ᠭᠠᠵᠡᠷ ᠣᠷᠣᠨ ᠤ ᠪᠠᠶᠢᠳᠡᠯ ᠳᠤᠨᠢ ᠵᠤᠬᠢᠴᠠᠭᠤᠯᠥᠨ ᠠᠷᠭ᠎ᠠ ᠪᠤᠳᠣᠯᠭ᠎ᠠ ᠭᠡᠷᠡᠭᠵᠢᠬᠦᠯᠥᠨ᠂ ᠬᠠᠳᠠᠭᠠᠯᠠᠭᠳᠠᠴᠨ ᠪᠠᠷ ᠨᠡᠯᠢᠶᠡᠳ ᠠᠷᠪᠢᠨ ᠪᠠᠶᠢᠭ᠎ᠠ ᠭᠠᠵᠡᠷ ᠣᠷᠣᠨ ᠳᠤ᠂ ᠭᠠᠵᠡᠷ ᠰᠢᠷᠣᠢ ᠶᠢᠨ ᠬᠠᠩᠭᠠᠯᠭ᠎ᠠ ᠶᠢ ᠴᠢᠩᠭ᠎ᠠ ᠬᠢᠵᠠᠭᠠᠷᠯᠠᠨ᠎ᠠ᠃ ᠬᠠᠳᠠᠭᠠᠯᠠᠭᠳᠠᠴᠨ ᠪᠠᠨ ᠪᠠᠭᠠᠰᠬᠠᠬᠤ ᠶᠢ ᠬᠤᠳᠡ ᠪᠠᠯᠭᠠᠰᠣᠵᠢᠯᠳᠡ ᠯᠤᠭ᠎ᠠ ᠣᠶᠠᠯᠳᠣᠭᠤᠯᠵᠦ᠂ ᠮᠠᠯᠴᠢᠨ ᠳᠡᠷᠢᠶᠡᠴᠢᠳ ᠤᠨ ᠬᠤᠳᠡ ᠣᠷᠣᠵᠦ ᠭᠡᠷ ᠪᠠᠶᠢᠰᠢᠩ ᠬᠤᠳᠠᠯᠳᠣᠨ ᠠᠪᠬᠤ ᠶᠢ ᠳᠡᠮᠵᠢᠬᠦ ᠳᠥᠷᠥ ᠶᠢᠨ ᠪᠤᠳᠣᠯᠭ᠎ᠠ ᠶᠢ ᠳᠡᠬᠦᠯᠳᠡᠷᠵᠢᠬᠦᠯᠥᠨ᠎ᠠ᠃ ᠬᠤᠳᠡ ᠪᠠᠯᠭᠠᠰᠣ ᠶᠢᠨ ᠳᠦᠬᠦᠮ ᠪᠦᠳᠦᠬᠦᠯᠢᠭ ᠣᠷᠣᠨ ᠰᠠᠭᠤᠴᠠᠳᠣ ᠲᠤᠭᠤᠷᠢᠭ ᠲᠠᠬᠢ 22 ᠳᠥᠮᠡᠨ ᠡᠷᠦᠭᠡ ᠳᠤ ᠥᠭᠡᠷᠡᠴᠢᠯᠡᠨ ᠰᠢᠨᠡᠳᠭᠡᠬᠦ ᠶᠢ ᠭᠡᠷᠡᠭᠵᠢᠬᠦᠯᠵᠦ᠂ ᠵᠤᠭᠤᠰᠵᠢᠭᠤᠯᠥᠨ ᠳᠥᠪᠬᠢᠨᠡᠬᠦᠯᠬᠦ ᠶᠢᠨ ᠬᠠᠷᠢᠴᠡᠯ ᠢ 60% ᠠᠴᠠ ᠲᠣᠣᠷ᠎ᠠ ᠪᠠᠶᠢᠯᠭᠠᠵᠦ ᠪᠤᠯᠬᠤ ᠦᠭᠡᠢ᠃ ᠬᠤᠳᠠᠯᠳᠤᠭᠠᠨ ᠤ ᠭᠠᠵᠠᠷ ᠬᠥᠷᠥᠩᠭᠡ ᠶᠢᠨ ᠬᠠᠳᠠᠭᠠᠯᠠᠭᠳᠠᠵᠤ ᠪᠠᠶᠢᠭ᠎ᠠ ᠠᠰᠠᠭᠤᠳᠠᠯ ᠢ ᠢᠳᠡᠪᠬᠢᠲᠡᠢ ᠰᠢᠢᠳᠪᠦᠷᠢᠯᠡᠨ᠎ᠡ᠃ ᠣᠯᠡᠨ ᠳᠥᠮᠡᠨ ᠤ ᠰᠠᠶᠢᠵᠢᠷᠡᠭᠤᠯᠬᠤ ᠴᠢᠨᠡᠷᠳᠡᠢ ᠣᠷᠣᠨ ᠰᠠᠭᠤᠴᠠ ᠶᠢᠨ ᠭᠡᠷᠡᠭᠴᠡᠭᠡ ᠱᠠᠭᠠᠷᠳᠡᠯᠭ᠎ᠠ ᠶᠢ ᠳᠡᠮᠵᠢᠵᠦ᠂ ᠣᠷᠣᠨ ᠰᠠᠭᠤᠴᠠ ᠶᠢ ᠵᠠᠪᠰᠢᠨ ᠬᠤᠨᠵᠢᠬᠤ ᠴᠢᠨᠠᠷᠲᠠᠢ ᠪᠠᠷ ᠬᠤᠳᠠᠯᠳᠣᠵᠣ ᠠᠪᠠᠨ᠋ᠥ ᠶᠢ ᠬᠤᠷᠢᠠᠠᠯᠠᠨ᠂ ᠭᠡᠷ ᠪᠠᠶᠢᠰᠢᠩ ᠭᠠᠵᠡᠷ ᠬᠦᠷᠥᠩᠭᠡ ᠶᠢᠨ ᠡᠷᠡᠭᠦᠯ ᠢᠶᠠᠷ ᠬᠦᠭᠵᠢᠭᠦ ᠶᠢ ᠭᠦᠳᠣᠯᠣᠨ ᠵᠢᠯᠣᠭᠤᠳᠣᠨ᠎ᠠ᠃
ᠬᠦᠰᠢᠬᠦᠷᠬᠡ ᠶᠢ ᠦᠭᠡᠶᠢᠰᠭᠡᠬᠦ ᠠᠵᠢᠯ ᠢ ᠯᠠᠪᠳᠠᠭᠤᠨ ᠪᠠᠳᠤᠳᠠᠢ ᠰᠠᠶᠢᠳᠣᠷ ᠬᠢᠨ᠎ᠠ᠃ ᠠᠵᠦ ᠠᠬᠤᠶᠢᠯᠠᠯ ᠤᠨ ᠦᠷᠢ ᠥᠭᠴᠡᠭᠡ ᠶᠢᠨ ᠲᠠᠷᠣᠭᠠᠰᠣ ᠶᠢ ᠪᠠᠭᠠᠰᠬᠠᠬᠤ ᠪᠠᠷ ᠭᠤᠤᠯᠳᠡᠯᠭ᠎ᠠ ᠪᠤᠯᠭᠠᠵᠦ᠂ ᠠᠵᠦ ᠠᠬᠤᠶᠢᠯᠠᠯ ᠤᠨ ᠵᠠᠬ᠎ᠠ ᠳᠡᠯᠭᠡᠭᠦᠷᠵᠢᠭᠦᠯᠦᠨ ᠦᠷᠢ ᠥᠭᠴᠡᠭᠡ ᠪᠠᠨ ᠰᠲ᠋ᠥᠺ ᠪᠤᠯᠭᠠᠨ ᠬᠤᠪᠢᠷᠡᠭᠤᠯᠬᠤ ᠶᠢ ᠳᠡᠮᠵᠢᠵᠦ᠂ ᠦᠯᠡᠳᠡᠭᠡᠯ ᠬᠦᠷᠥᠩᠭᠡ ᠶᠢ ᠭᠦᠢᠯᠭᠡᠭᠡᠨ ᠳᠤ ᠣᠷᠤᠭᠤᠯᠤᠨ᠂ ᠰᠲ᠋ᠥᠺ ᠤᠨ ᠡᠷᠬᠡ ᠪᠠᠷ ᠪᠡᠯᠡ ᠲᠣᠬᠢᠷᠡᠭᠤᠯᠭ᠎ᠠ ᠬᠢᠬᠦ ᠡᠷᠴᠢᠮ ᠢ ᠴᠢᠩᠭᠠᠷᠡᠭᠤᠯᠵᠦ᠂ ᠠᠵᠦ ᠠᠬᠤᠶᠢᠯᠠᠯ ᠤᠨ ᠥᠷᠢ ᠥᠭᠴᠡᠭᠡ ᠶᠢᠨ ᠪᠦᠳᠦᠴᠠ ᠶᠢ ᠰᠢᠯᠢᠳᠡᠭᠵᠢᠭᠦᠯᠦᠨ᠂ ᠠᠵᠦ ᠠᠬᠤᠶᠢᠯᠠᠯ ᠤᠨ ᠵᠢᠭᠡᠯᠡᠯᠭᠡ ᠶᠢᠨ ᠲᠡᠮᠳᠡᠭᠲᠦ ᠶᠢᠨ ᠬᠡᠷ᠎ᠠ ᠠᠴᠠ ᠵᠦᠷᠢᠴᠡᠬᠦ ᠳᠥᠭᠰᠢᠬᠦᠷᠢ ᠶᠢ ᠰᠡᠷᠭᠡᠶᠢᠯᠡᠨ᠎ᠠ᠃ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠡᠷᠦᠯᠳᠡ ᠶᠢ ᠴᠢᠩᠭᠠᠳᠬᠠᠵᠦ᠂ ᠵᠠᠰᠠᠭ ᠤᠨ ᠣᠷᠳᠣᠨ ᠤ ᠵᠢᠭᠡᠯᠡᠯᠭᠡ ᠵᠢᠭᠡᠯᠡᠬᠦ ᠠᠵᠢᠯᠯᠠᠭ᠎ᠠ ᠶᠢ ᠵᠢᠷᠦᠮᠵᠢᠭᠤᠯᠥᠨᠠ᠃
ᠠᠵᠦ ᠠᠬᠤᠶᠢᠯᠠᠯ ᠤᠨ ᠦᠪᠡᠷ ᠤᠨ ᠦᠷᠲᠡᠭ ᠢ ᠬᠦᠴᠦᠯᠡᠨ ᠪᠠᠭᠤᠷᠡᠭᠤᠯᠥᠨ᠎ᠠ᠃ ᠥᠩᠭᠡᠨ ᠲᠠᠯ᠎ᠠ ᠪᠠ ᠤᠭ ᠦᠨᠳᠦᠰᠦ ᠠᠴᠠ ᠨᠢ ᠵᠡᠷᠭᠡᠪᠡᠷ ᠵᠠᠰᠠᠬᠤ᠂ ᠬᠤᠯᠠ ᠪᠠ ᠣᠶᠢᠷ᠎ᠠ ᠶᠢ ᠤᠶᠠᠯᠳᠤᠭᠤᠯᠬᠤ ᠶᠢ ᠪᠠᠷᠢᠮᠳᠠᠯᠠᠨ᠂ ᠶᠡᠷᠦᠩᠬᠡᠶᠢᠯᠡᠭᠰᠡᠨ ᠪᠤᠳᠤᠯᠭ᠎ᠠ ᠠᠪᠴᠤ᠂ ᠠᠵᠤ ᠠᠬᠤᠶᠢᠯᠠᠯ ᠤᠨ ᠭᠠᠶᠢᠯᠢ ᠰᠦᠢᠳᠬᠡᠯ ᠤᠨ ᠳᠠᠷᠤᠭᠠᠰᠤ ᠪᠠ ᠪᠡᠯᠡ ᠳᠣᠬᠢᠷᠠᠭᠤᠯᠭ᠎ᠠ᠂ ᠬᠥᠮᠥᠨ ᠤ ᠬᠦᠴᠦ᠂ ᠪᠠᠷᠠᠭᠠᠨ ᠤ ᠭᠦᠢᠯᠭᠡᠭᠡᠨ᠂ ᠭᠠᠵᠠᠷ ᠬᠡᠷᠡᠭᠯᠡᠬᠦ᠂ ᠡᠨᠧᠷᠬᠢ ᠬᠡᠷᠡᠭᠯᠡᠬᠦ᠂ ᠳᠦᠷᠢᠮ ᠤᠨ ᠴᠢᠨᠠᠷᠲᠠᠢ ᠠᠷᠠᠯᠵᠢᠶ᠎ᠠ ᠶᠢᠨ ᠥᠪᠡᠷ ᠤᠨ ᠥᠷᠲᠡᠭ ᠢ ᠤᠯᠠᠮ ᠨᠢᠭᠡ ᠠᠯᠬᠤᠮ ᠪᠠᠭᠤᠷᠠᠭᠤᠯᠤᠨ᠎ᠠ᠃ ᠠᠵᠦ ᠠᠬᠤᠶᠢᠯᠠᠯ ᠢ ᠬᠦᠳᠦᠯᠥᠨ ᠵᠢᠯᠥᠭᠤᠳᠴᠥ ᠪᠠᠶᠢᠭᠠᠳ ᠬᠠᠮᠢᠶᠡᠷᠦᠯᠳᠡ ᠪᠠ ᠰᠢᠨ᠎ᠡ ᠡᠭᠦᠲᠦᠯᠲᠡ ᠶᠢ ᠴᠢᠩᠭᠠᠳᠬᠠᠬᠤ ᠪᠠᠷ ᠳᠠᠮᠵᠢᠵᠦ᠂ ᠥᠪᠡᠷ ᠤᠨ ᠥᠷᠲᠡᠭ ᠢ ᠪᠠᠭᠤᠷᠠᠭᠤᠯᠤᠨ ᠦᠷ᠎ᠠ ᠠᠰᠢᠭ ᠢ ᠨᠡᠮᠡᠭᠳᠡᠬᠦᠯᠥᠨ᠎ᠠ᠃
ᠨᠢᠭᠡᠳᠦᠯᠲᠡᠢ ᠪᠠᠷ ᠤᠬᠠᠭᠠᠯᠠᠨ ᠲᠥᠯᠥᠪᠯᠡᠵᠦ ᠪᠠᠶᠢᠭᠠᠳ ᠳᠤᠲᠠᠭᠤᠳᠠᠯ ᠢ ᠨᠦᠬᠦᠪᠦᠷᠢᠯᠡᠨ᠎ᠠ᠃ ᠬᠥᠭᠵᠢᠯᠲᠡ ᠶᠢᠨ ᠳᠤᠲᠠᠭᠤᠳᠠᠯ ᠢ ᠨᠦᠬᠦᠪᠦᠷᠢᠯᠡᠬᠦ ᠮᠥᠷᠲᠡᠭᠡᠨ ᠳᠦᠷᠢᠮ ᠤᠨ ᠳᠤᠲᠠᠭᠤᠳᠠᠯ ᠢ ᠨᠦᠬᠦᠪᠦᠷᠢᠯᠡᠬᠦ ᠶᠢ ᠪᠠᠷᠢᠮᠲᠠᠯᠠᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢ ᠬᠦᠯᠢᠶᠡᠰᠦᠯᠡᠵᠦ ᠪᠠᠶᠢᠭ᠎ᠠ ᠴᠢᠬᠤᠯᠠ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠶᠢᠨ ᠲᠠᠯ᠎ᠠ ᠠᠴᠠ᠂ ᠠᠷᠠᠳ ᠣᠯᠠᠨ ᠤ ᠰᠢᠢᠳᠪᠦᠷᠢᠯᠡᠭᠦᠯᠬᠦ ᠪᠠᠷ ᠲᠤᠯᠭᠠᠮ᠎ᠠ ᠱᠠᠭᠠᠷᠳᠠᠵᠤ ᠪᠠᠶᠢᠭ᠎ᠠ ᠲᠣᠪᠤᠶᠢᠮ᠎ᠠ ᠠᠰᠠᠭᠤᠳᠠᠯ ᠠᠴᠠ ᠭᠠᠷᠳᠠᠨ᠂ ᠳᠤᠲᠠᠭᠤᠳᠠᠯ ᠢ ᠨᠥᠬᠦᠪᠦᠷᠢᠯᠡᠬᠦ ᠭᠤᠣᠯᠳᠠᠯᠭ᠎ᠠ ᠲᠠᠢ ᠢᠨᠵᠧᠨᠢᠷᠢᠩ ᠢ ᠭᠦᠨᠵᠡᠭᠡᠢ ᠬᠡᠷᠡᠭᠵᠢᠭᠦᠯᠵᠦ᠂ ᠰᠠᠭᠤᠷᠢ ᠪᠡᠯᠡᠳᠭᠡᠮᠵᠢ᠂ ᠶᠠᠳᠠᠭᠤ ᠶᠢ ᠳᠡᠳᠬᠦᠬᠦ ᠰᠢᠪᠲᠤᠯᠤᠯᠲᠠ᠂ ᠠᠵᠦ ᠦᠢᠯᠡᠰ ᠤᠨ ᠭᠡᠯᠪᠡᠷᠢ ᠶᠢ ᠬᠤᠪᠢᠷᠡᠭᠤᠯᠬᠤ᠂ ᠰᠢᠨᠵᠢᠯᠡᠬᠦ ᠣᠬᠠᠭᠠᠨ ᠮᠡᠷᠭᠡᠵᠢᠯ ᠰᠣᠷᠭᠠᠨ ᠬᠦᠮᠦᠵᠢᠯ᠂ ᠠᠮᠢ ᠠᠬᠤᠢ ᠶᠢᠨ ᠣᠷᠴᠢᠨ ᠲᠤᠭᠤᠷᠢᠨ ᠵᠡᠷᠭᠡ ᠬᠦᠷᠢᠶ᠎ᠠ ᠴᠡᠷᠠᠭ᠎ᠠ ᠳᠤ ᠰᠢᠪᠲᠤᠯᠤᠯᠲᠠ ᠲᠠᠢ ᠪᠣᠯᠭᠠᠬᠤ ᠪᠠᠷ ᠴᠢᠷᠮᠠᠶᠢᠨ᠎ᠠ᠃
︵ᠬᠤᠶᠡᠷ︶ ᠪᠦᠲᠦᠮᠵᠢᠲᠡᠢ ᠭᠡᠷᠡᠭᠴᠡᠭᠡ ᠱᠠᠭᠠᠷᠳᠡᠯᠭ᠎ᠠ ᠶᠢ ᠢᠳᠡᠪᠬᠢᠲᠡᠢ ᠦᠷᠭᠡᠳᠭᠡᠨ᠎ᠠ᠃ ᠪᠡᠯᠡ ᠣᠷᠣᠭᠤᠯᠥᠯᠳᠡ ᠶᠢᠨ ᠵᠠᠩᠬᠢᠯᠠᠭ᠎ᠠ ᠶᠢᠨ ᠦᠢᠯᠡᠳᠣᠯ ᠪᠠ ᠬᠡᠷᠡᠭᠯᠡᠭᠡ ᠶᠢᠨ ᠰᠠᠭᠤᠷᠢ ᠦᠢᠯᠡᠳᠣᠯ ᠢ ᠪᠠᠳᠡᠷᠡᠭᠤᠯᠵᠦ᠂ ᠠᠵᠦ ᠠᠬᠤᠢ ᠶᠢᠨ ᠨᠡᠮᠡᠭᠳᠡᠯ ᠳᠤ ᠬᠦᠴᠣᠨ ᠳᠡᠬᠦᠯᠳᠡᠷ ᠲᠣᠯᠭᠠᠭᠤᠷᠢᠯᠡᠯ ᠬᠠᠩᠭᠠᠵᠦ᠂ ᠬᠦᠭᠵᠢᠯᠳᠡ ᠶᠢᠨ ᠬᠤᠷᠢᠭ᠎ᠠ ᠱᠤᠭᠤᠮ ᠢ ᠡᠷᠡᠰ ᠰᠠᠬᠢᠨ᠎ᠠ᠃
ᠲᠦᠢᠯ ᠤᠨ ᠣᠨᠣᠪᠴᠢᠳᠡᠢ ᠪᠦᠭᠡᠳ ᠪᠦᠳᠦᠮᠵᠢᠳᠡᠢ ᠪᠡᠯᠡ ᠣᠷᠣᠭᠤᠯᠥᠯᠳᠡ ᠶᠢ ᠭᠡᠷᠡᠭᠵᠢᠬᠦᠯᠥᠨ᠎ᠠ᠃ ᠡᠨᠡ ᠵᠢᠯ ᠲᠣᠠᠠᠳᠠᠮᠠᠯ ᠬᠦᠷᠥᠩᠭᠡ ᠶᠢᠨ ᠪᠡᠯᠡ ᠣᠷᠣᠭᠤᠯᠥᠯᠳᠡ ᠶᠢ 1.7 ᠳᠥᠮᠡᠨ ᠳ᠋ᠦᠩᠰᠢᠭᠤᠷ ᠳᠥᠬᠦᠷᠢᠭ ᠠᠴᠠ ᠲᠡᠭᠡᠭᠰᠢ ᠪᠠᠶᠠᠯᠠᠬᠦᠯᠥᠨ᠎ᠠ᠃ ᠠᠵᠦ ᠦᠢᠯᠡᠰ ᠤᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠭᠦᠯᠬᠦ ᠶᠢᠨ ᠲᠣᠭᠤᠷᠢᠨ ᠳᠤ᠂ ᠨᠢᠭᠡ ᠪᠦᠯᠥᠭ ᠭᠤᠣᠯᠳᠠᠯᠭ᠎ᠠ ᠪᠣᠯᠬᠤ ᠳᠥᠷᠦᠯ ᠵᠦᠢᠯ ᠢ ᠭᠡᠷᠡᠭᠵᠢᠬᠦᠯᠵᠦ᠂ ᠠᠵᠦ ᠦᠢᠯᠡᠳᠪᠦᠷᠢ ᠶᠢᠨ ᠪᠡᠯᠡ ᠣᠷᠣᠭᠤᠯᠥᠯᠳᠡ ᠶᠢ 7000 ᠳ᠋ᠦᠩᠰᠢᠭᠤᠷ ᠳᠥᠬᠦᠷᠢᠭ ᠪᠠᠶᠠᠯᠠᠬᠦᠯᠥᠨ᠎ᠠ᠃ ᠳᠡᠮᠥᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠣᠰᠣᠨ ᠠᠰᠢᠠᠠᠯᠠᠯᠳᠡ᠂ ᠬᠤᠳᠡ ᠶᠢᠨ ᠶᠠᠪᠤᠳᠡᠯ᠂ ᠡᠨᠧᠷᠬᠢ᠂ ᠮᠡᠳᠡᠭᠡ ᠵᠠᠩᠬᠢ ᠴᠢᠮᠡᠭᠡ ᠬᠤᠯᠪᠣᠭᠠᠨ ᠤ ᠲᠣᠣᠷ ᠰᠦᠯᠵᠢᠶ᠎ᠡ ᠶᠢᠨ ᠰᠢᠰᠲ᠋ᠧᠮᠵᠢ ᠶᠢ ᠳᠥᠷᠭᠡᠳᠭᠡᠨ ᠪᠠᠶᠢᠭᠤᠯᠵᠦ᠂ ᠰᠠᠭᠤᠷᠢ ᠪᠡᠯᠡᠳᠭᠡᠮᠵᠢ ᠶᠢᠨ ᠪᠡᠯᠡ ᠣᠷᠣᠭᠤᠯᠥᠯᠳᠡ ᠶᠢ 3000 ᠳ᠋ᠦᠩᠰᠢᠭᠤᠷ ᠳᠥᠬᠦᠷᠢᠭ ᠪᠠᠶᠠᠯᠠᠬᠦᠯᠥᠨ᠎ᠠ᠃ ᠳᠡᠮᠥᠷ ᠵᠠᠮ ᠤᠨ ᠪᠦᠳᠦᠭᠡᠨ ᠪᠠᠶᠢᠭᠤᠯᠥᠯᠳᠡ ᠶᠢᠨ ᠭᠡᠪᠴᠢᠶ᠎ᠠ ᠶᠢ 4100 ᠺᠢᠯᠤᠮᠧᠲᠷ ᠲᠤ ᠬᠦᠷᠦᠬᠦᠯᠵᠦ᠂ ᠡᠬᠦᠨ ᠤ ᠳᠣᠳᠣᠷ᠎ᠠ ᠳᠡᠭᠡᠳᠦ ᠬᠤᠷᠳᠣ ᠶᠢᠨ ᠳᠡᠮᠥᠷ ᠵᠠᠮ ᠢ 800 ᠺᠢᠯᠤᠮᠧᠲᠷ ᠲᠤ ᠬᠦᠷᠦᠬᠦᠯᠥᠨ᠎ᠠ᠃ ᠵᠠᠰᠠᠮᠠᠯ ᠵᠠᠮ ᠤᠨ ᠪᠦᠳᠦᠭᠡᠨ ᠪᠠᠶᠢᠭᠤᠯᠥᠯᠳᠡ ᠶᠢᠨ ᠭᠡᠪᠴᠢᠶ᠎ᠠ ᠶᠢ 2 ᠳᠥᠮᠡᠨ ᠺᠢᠯᠤᠮᠧᠲᠷ ᠲᠤ ᠬᠦᠷᠦᠬᠦᠯᠵᠦ᠂ ᠡᠬᠦᠨ ᠤ ᠳᠣᠳᠣᠷ᠎ᠠ ᠳᠡᠭᠡᠳᠦ ᠬᠤᠷᠳᠣ ᠶᠢᠨ ᠵᠠᠰᠠᠮᠠᠯ ᠵᠠᠮ ᠢ 3000 ᠺᠢᠯᠤᠮᠧᠲᠷ᠂ ᠨᠢᠭᠡᠳᠣᠭᠡᠷ ᠳᠡᠰ ᠤᠨ ᠵᠠᠰᠠᠮᠠᠯ ᠵᠠᠮ ᠢ 3000 ᠺᠢᠯᠤᠮᠧᠲᠷ ᠲᠤ ᠬᠦᠷᠦᠬᠦᠯᠵᠦ᠂ ᠵᠠᠰᠠᠭ ᠵᠠᠬᠢᠷᠭᠠᠨ ᠤ ᠭᠠᠴᠠᠭ᠎ᠠ ᠲᠣᠰᠬᠤᠨ ᠳᠤ ᠪᠦᠬᠦᠨ ᠢ ᠬᠠᠳᠠᠭᠤᠷᠡᠭᠤᠯᠥᠠᠠᠰᠠᠨ ᠵᠠᠮ ᠨᠡᠪᠳᠡᠷᠡᠬᠦᠯᠥᠨᠠ᠃ ᠬᠦᠬᠡᠬᠤᠳᠡ ᠨᠢᠰᠭᠡᠯ ᠤᠨ ᠰᠢᠨ᠎ᠡ ᠪᠠᠭᠤᠳᠡᠯ ᠢ ᠠᠵᠢᠯ ᠡᠬᠢᠯᠡᠭᠦᠯᠦᠨ ᠪᠠᠶᠢᠭᠤᠯᠵᠤ᠂ ᠨᠡᠶᠢᠳᠡᠮ ᠤᠨ ᠭᠡᠷᠡᠭᠯᠡᠭᠡᠨ ᠤ ᠨᠢᠰᠭᠡᠯ ᠤᠨ ᠪᠠᠭᠤᠳᠡᠯ ᠢ 4 ᠬᠤᠰᠢᠭᠤ ᠰᠢᠶᠠᠨ ᠳᠤ ᠪᠠᠶᠢᠭᠤᠯᠥᠨ᠎ᠠ᠃ ᠬᠤᠳᠡ ᠶᠢᠨ ᠵᠢᠮᠳᠣ ᠵᠠᠮ ᠤᠨ ᠵᠠᠮ ᠬᠠᠷᠢᠯᠴᠠᠭ᠎ᠠ᠂ ᠭᠠᠵᠡᠷ ᠲᠤᠤᠷᠡᠬᠢ ᠶᠡᠷᠦᠩᠬᠡᠶᠢᠯᠡᠭᠰᠡᠨ ᠬᠤᠭᠤᠯᠡᠢ ᠭᠤᠤᠷᠰᠤ ᠶᠢᠨ ᠬᠤᠨᠭ᠍ᠬᠢᠯ ᠤᠨ ᠪᠦᠳᠦᠭᠡᠨ ᠪᠠᠶᠢᠭᠤᠯᠥᠯᠳᠡ ᠶᠢ ᠳᠥᠷᠭᠡᠳᠭᠡᠨ᠂ ᠬᠤᠲᠠ ᠶᠢᠨ ᠭᠠᠵᠡᠷ ᠲᠣᠣᠷᠡᠬᠢ ᠬᠤᠭᠤᠯᠡᠢ ᠭᠤᠤᠷᠰᠤ ᠶᠢᠨ ᠬᠠᠭᠤᠴᠢᠨ ᠲᠣᠣᠷ ᠢ ᠪᠦᠬᠦ ᠳᠡᠯ᠎ᠠ ᠪᠠᠷ ᠥᠭᠡᠷᠡᠴᠢᠯᠡᠨ ᠰᠢᠨᠡᠳᠬᠡᠨ᠎ᠡ᠃ ᠦᠨᠳᠣᠷ ᠬᠦᠴᠣᠳᠡᠯᠳᠦ ᠴᠠᠬᠢᠯᠭᠠᠨ ᠬᠦᠴᠣᠨ ᠢ ᠭᠠᠳ᠋ᠬᠠᠰᠢ ᠬᠦᠷᠭᠡᠬᠦ ᠰᠠᠭᠠᠳ ᠦᠭᠡᠢ ᠨᠡᠪᠲᠡᠷᠡᠬᠦ ᠵᠠᠮ ᠤᠨ ᠪᠦᠳᠦᠭᠡᠨ ᠪᠠᠶᠢᠭᠤᠯᠥᠯᠳᠡ ᠶᠢ ᠳᠥᠷᠭᠡᠳᠭᠡᠵᠦ᠂ ᠰᠢᠨ᠎ᠡ ᠨᠢᠭᠡᠨ ᠡᠭᠡᠯᠵᠢ ᠶᠢᠨ ᠳᠡᠷᠢᠶᠡᠯᠡᠩ ᠤᠨ ᠴᠠᠬᠢᠯᠭᠠᠨ ᠲᠣᠣᠷ ᠤᠨ ᠦᠭᠡᠷᠡᠴᠢᠯᠡᠨ ᠰᠢᠨᠡᠳᠬᠡᠵᠦ ᠳᠡᠰ ᠳᠡᠪᠰᠢᠬᠦᠯᠬᠦ ᠢᠨᠵᠧᠨᠢᠷᠢᠩ ᠢ ᠭᠡᠷᠡᠭᠵᠢᠬᠦᠯᠦᠨ᠎ᠡ᠃ ᠤᠯᠤᠰ ᠤᠨ ᠲᠥᠯᠥᠪᠯᠡᠭᠡ ᠳᠤ ᠣᠷᠣᠭᠰᠠᠨ ᠣᠰᠣᠨ ᠠᠰᠢᠠᠠᠯᠠᠯᠳᠡ ᠶᠢᠨ ᠴᠢᠬᠤᠯᠡ ᠶᠡᠭᠡ ᠳᠥᠷᠦᠯ ᠵᠦᠢᠯ᠂ ᠭᠤᠤᠯᠳᠠᠯᠭ᠎ᠠ ᠲᠠᠢ ᠣᠰᠣᠯᠠᠯᠳᠡ ᠶᠢᠨ ᠣᠷᠣᠨ ᠳᠤ ᠦᠷᠬᠦᠯᠵᠢᠯᠡᠨ ᠪᠠᠶᠢᠭᠤᠯᠵᠤ ᠲᠦᠬᠦᠷᠵᠢᠭᠦᠯᠬᠦ ᠪᠠ ᠣᠰᠦ ᠠᠷᠪᠢᠯᠠᠬᠤ ᠶᠢᠨ ᠥᠭᠡᠷᠡᠴᠢᠯᠡᠨ ᠰᠢᠨᠡᠳᠭᠡᠬᠦ ᠪᠠᠷᠢᠯᠭ᠎ᠠ ᠶᠢ ᠦᠷᠭᠦᠯᠵᠢᠯᠡᠨ ᠠᠬᠢᠭᠤᠯᠤᠨ᠎ᠠ᠃ ᠳᠤᠮᠳᠠᠳᠤ ᠤᠯᠤᠰ ᠤᠨ ᠤᠮᠠᠷᠠᠲᠤ ᠶᠢᠨ ᠲᠤᠮᠥ ᠳ᠋ᠠᠶᠢᠲ᠋ᠡ ᠶᠢᠨ ᠲᠥᠪ ᠪᠠ ︽ᠦᠷᠬᠡᠨ ᠪᠦᠰᠡᠳᠦ ᠦᠪᠤᠷ ᠮᠣᠩᠭᠤᠯ︾ ᠢ ᠪᠦᠲᠦᠭᠡᠨ ᠪᠠᠶᠢᠭᠤᠯᠵᠤ᠂ ᠮᠡᠳᠡᠭᠡ ᠵᠠᠩᠬᠢᠵᠢᠯᠳᠡ ᠪᠠᠷ ᠠᠵᠦ ᠠᠬᠤᠢ ᠨᠡᠶᠢᠭᠡᠮ ᠤᠨ ᠬᠦᠭᠵᠢᠯᠳᠡ ᠶᠢ ᠬᠦᠳᠦᠯᠥᠨ ᠲᠠᠭᠠᠭᠤᠯᠥᠨᠠ᠃
ᠪᠡᠯᠡ ᠣᠷᠣᠭᠤᠯᠵᠦ ᠲᠤᠬᠢᠷᠡᠭᠤᠯᠭ᠎ᠠ ᠬᠢᠬᠦ ᠵᠠᠮ ᠮᠦᠷ ᠢ ᠦᠷᠭᠡᠳᠭᠡᠨ᠎ᠠ᠃ ᠵᠠᠰᠠᠭ ᠤᠨ ᠣᠷᠳᠣᠨ ᠬᠢᠭᠡᠳ ᠨᠠᠶᠢᠭᠡᠮ ᠤᠨ ᠬᠦᠷᠥᠩᠭᠡ ᠶᠢᠨ ᠬᠠᠮᠳᠣᠷᠡᠯᠴᠠᠭ᠎ᠠ ᠶᠢᠨ ᠵᠬᠠᠪᠤᠷ ᠢ ᠳᠡᠬᠦᠯᠳᠡᠷᠵᠢᠬᠦᠯᠵᠦ᠂ ᠠᠵᠦ ᠦᠢᠯᠡᠰ ᠤᠨ ᠰᠠᠭᠤᠷᠢ ᠮᠦᠡᠭᠬᠦ ᠵᠡᠷᠭᠡ ᠵᠠᠰᠠᠭ ᠤᠨ ᠣᠷᠳᠣᠨ ᠤ ᠪᠡᠯᠡ ᠣᠷᠣᠭᠤᠯᠥᠯᠳᠡ ᠶᠢᠨ ᠰᠠᠭᠤᠷᠢ ᠮᠦᠡᠭᠬᠦ ᠶᠢᠨ ᠬᠦᠳᠦᠯᠥᠨ ᠵᠢᠯᠥᠭᠤᠳᠬᠤ ᠦᠢᠯᠡᠳᠣᠯ ᠢ ᠪᠠᠳᠡᠷᠡᠭᠤᠯᠥᠨ᠂ ᠠᠷᠡᠳ ᠤᠨ ᠲᠣᠮᠳᠡᠬᠢ ᠪᠡᠯᠡ ᠤᠷᠣᠭᠤᠯᠥᠯᠳᠡ ᠶᠢᠨ ᠠᠮᠢᠵᠢᠷᠡᠯ ᠤᠨ ᠬᠦᠴᠣᠨ ᠢ ᠬᠦᠭᠵᠢᠭᠡᠨ᠎ᠠ᠃ ᠮᠦᠡᠭᠬᠦᠨ ᠬᠦᠢᠯᠭᠡᠭᠡᠨ ᠢᠶᠠᠷ ᠪᠤᠳᠡᠳᠣ ᠴᠣᠠᠠᠴᠠ ᠶᠢᠨ ᠠᠵᠦ ᠠᠬᠤᠢ ᠶᠢ ᠳᠡᠮᠵᠢᠬᠦ ᠡᠷᠴᠢᠮ ᠢ ᠴᠢᠩᠭᠠᠷᠡᠭᠤᠯᠵᠦ᠂ ᠮᠦᠡᠭᠬᠦᠨ ᠬᠦᠢᠯᠭᠡᠭᠡᠨ ᠤ ᠪᠠᠶᠢᠭᠤᠯᠥᠮᠵᠢ ᠶᠢ ᠵᠣᠷᠢᠠᠠᠵᠢᠭᠤᠯᠵᠦ ᠢᠳᠡᠭᠡᠮᠵᠢᠳᠦ ᠵᠢᠭᠡᠯᠡᠯᠭᠡ ᠳᠡᠯᠪᠢᠬᠤ ᠶᠢ ᠨᠡᠮᠡᠭᠳᠡᠭᠦᠯᠦᠨ᠂ 2200 ᠳ᠋ᠦᠩᠰᠢᠭᠤᠷ ᠳᠥᠬᠦᠷᠢᠭ ᠤᠨ ᠵᠢᠭᠡᠯᠡᠯᠭᠡ ᠶᠢ ᠰᠢᠨ᠎ᠡ ᠪᠠᠷ ᠴᠢᠷᠮᠠᠶᠢᠨ ᠨᠡᠮᠡᠭᠳᠡᠭᠦᠯᠦᠨ᠎ᠡ᠃ ᠣᠯᠡᠨ ᠳᠡᠰ ᠳᠡᠪᠬᠤᠷᠭ᠎ᠠ ᠲᠠᠢ ᠬᠦᠷᠥᠩᠬᠡ ᠶᠢᠨ ᠵᠠᠬ᠎ᠠ ᠳᠡᠯᠭᠡᠬᠦᠷ ᠢ ᠶᠡᠭᠡᠪᠡᠷ ᠬᠦᠭᠵᠢᠬᠦᠯᠥᠨ᠂ ᠠᠵᠦ ᠠᠬᠤᠶᠢᠯᠠᠯ ᠤᠨ ᠵᠠᠬ᠎ᠠ ᠳᠡᠯᠭᠡᠬᠦᠷ ᠲᠤ ᠭᠠᠷᠴᠥ ᠪᠡᠯᠡ ᠲᠤᠬᠢᠷᠡᠭᠤᠯᠭ᠎ᠠ ᠬᠢᠬᠦ᠂ ᠵᠢᠭᠡᠯᠡᠯᠭᠡ ᠶᠢᠨ ᠳᠡᠮᠳᠡᠭᠳᠦ ᠪᠠᠷ ᠪᠡᠯᠡ ᠲᠤᠬᠢᠷᠡᠭᠤᠯᠭ᠎ᠠ ᠬᠢᠬᠦ ᠶᠢ ᠳᠡᠮᠵᠢᠵᠦ᠂ ᠰᠢᠭᠤᠳ ᠪᠡᠯᠡ ᠲᠣᠬᠢᠷᠡᠭᠤᠯᠭ᠎ᠠ ᠬᠢᠬᠦ ᠭᠡᠪᠴᠢᠶ᠎ᠠ ᠶᠢ ᠦᠷᠭᠡᠳᠭᠡᠨ᠎ᠠ᠃ ᠡᠬᠢ ᠪᠠᠶᠠᠯᠢᠭ ᠢ ᠬᠦᠷᠥᠩᠬᠡᠵᠢᠬᠦᠯᠬᠦ᠂ ᠰᠠᠭᠤᠷᠢ ᠪᠡᠯᠡᠳᠭᠡᠮᠵᠢ ᠶᠢᠨ ᠬᠦᠷᠥᠩᠬᠡ ᠶᠢ ᠳᠡᠮᠳᠡᠭᠵᠢᠬᠦᠯᠬᠦ ᠪᠦᠳᠦᠮᠵᠢᠳᠡᠢ ᠠᠷᠭ᠎ᠠ ᠵᠠᠮ ᠢ ᠰᠦᠪᠡᠭᠴᠢᠯᠡᠨ᠎ᠡ᠃
ᠬᠡᠷᠡᠭᠯᠡᠭᠡ ᠶᠢᠨ ᠭᠡᠷᠡᠭᠴᠡᠭᠡ ᠱᠠᠭᠠᠷᠳᠡᠯᠭ᠎ᠠ ᠶᠢ ᠦᠷᠭᠡᠳᠭᠡᠨ᠎ᠠ᠃ ᠣᠯᠠᠮᠵᠢᠯᠠᠯᠳᠣ ᠬᠡᠷᠡᠭᠯᠡᠭᠡ ᠶᠢ ᠲᠤᠠᠠᠳᠠᠭᠤᠨ ᠪᠠᠶᠢᠯᠭᠠᠵᠦ᠂ ᠰᠦᠯᠵᠢᠶ᠎ᠡ ᠪᠠᠷ ᠪᠠ ᠰᠦᠯᠵᠢᠶ᠎ᠡ ᠠᠴᠠ ᠭᠠᠳᠠᠭᠤᠷᠬᠢ ᠠᠭᠤᠰᠤᠯᠴᠠᠨ ᠬᠦᠭᠵᠢᠬᠦ ᠶᠢ ᠵᠣᠷᠢᠠᠠᠵᠢᠭᠤᠯᠥᠨ᠂ ᠪᠤᠳᠡᠳᠣ ᠴᠣᠠᠠᠴᠨ ᠶᠢᠨ ᠬᠤᠳᠠᠯᠳᠣᠭᠠᠨ ᠤ ᠰᠢᠨ᠎ᠡ ᠶᠢ ᠡᠬᠦᠳᠴᠥ ᠭᠡᠯᠪᠡᠷᠢ ᠪᠠᠨ ᠬᠤᠪᠢᠷᠡᠭᠤᠯᠬᠤ ᠶᠢ ᠠᠬᠢᠭᠤᠯᠥᠨ᠎ᠠ᠃ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠡᠷᠡᠬᠦᠯᠵᠢᠯ᠂ ᠨᠠᠰᠣᠵᠢᠯ᠂ ᠰᠣᠷᠭᠠᠨ ᠬᠦᠮᠦᠵᠢᠯ ᠪᠤᠯᠪᠠᠰᠣᠷᠡᠭᠤᠯᠥᠯ ᠵᠡᠷᠭᠡ ᠬᠦᠷᠢᠶ᠎ᠠ ᠴᠡᠷᠠᠭ᠎ᠠ ᠪᠠᠷ ᠭᠤᠤᠯᠳᠡᠯᠭ᠎ᠠ ᠪᠣᠯᠭᠠᠵᠤ᠂ ᠰᠢᠨ᠎ᠡ ᠪᠠᠷ ᠪᠤᠢ ᠪᠤᠯᠥᠠᠠᠰᠠᠨ ᠦᠢᠯᠡᠴᠢᠯᠡᠭᠡᠨ ᠤ ᠬᠡᠷᠡᠭᠯᠡᠭᠡ ᠶᠢ ᠥᠷᠭᠡᠳᠬᠡᠨ᠎ᠡ᠃ ᠴᠢᠨᠡᠷ ᠴᠢᠨᠰᠠᠭ᠎ᠠ ᠲᠠᠢ ᠬᠡᠷᠡᠭᠯᠡᠭᠡ᠂ ᠨᠡᠷᠡᠳᠣ ᠳᠥᠷᠦᠯ ᠲᠡᠮᠳᠡᠭ ᠲᠠᠢ ᠬᠡᠷᠡᠭᠯᠡᠭᠡ ᠶᠢ ᠶᠡᠭᠡᠪᠡᠷ ᠠᠬᠢᠭᠤᠯᠵᠦ᠂ ᠶᠠᠰᠣ ᠴᠢᠨᠡᠷ ᠢᠶᠠᠷ ᠣᠷᠣᠨ ᠢᠶᠠᠨ ᠬᠦᠴᠦᠷᠭᠡᠭᠵᠢᠬᠦᠯᠬᠦ ᠪᠠᠶᠢᠯᠳᠣᠬᠤ ᠪᠣᠳᠣᠯᠭ᠎ᠠ ᠪᠠ ᠪᠠᠷᠢᠮᠵᠢᠶᠠᠵᠢᠭᠤᠯᠬᠤ ᠭᠤᠷᠪᠡᠡ ᠵᠢᠯ ᠤᠨ ᠠᠵᠢᠯᠯᠠᠭᠠᠨ ᠤ ᠳᠥᠯᠥᠪᠯᠡᠭᠡ ᠶᠢ ᠭᠡᠷᠡᠭᠵᠢᠬᠦᠯᠵᠦ᠂ ᠦᠢᠯᠡᠳᠬᠦᠨ ᠤ ᠶᠠᠰᠣ ᠴᠢᠨᠡᠷ ᠢ ᠳᠡᠭᠡᠭᠰᠢᠯᠡᠬᠦᠯᠬᠦ ᠪᠠᠷ ᠬᠡᠷᠡᠭᠯᠡᠭᠡ ᠶᠢᠨ ᠰᠢᠨ᠎ᠡ ᠭᠡᠷᠡᠭᠴᠡᠭᠡ ᠱᠠᠭᠠᠷᠳᠡᠯᠭ᠎ᠠ ᠶᠢ ᠡᠬᠦᠳᠣᠨ᠎ᠠ᠃ ᠮᠠᠯᠵᠢᠬᠤ ᠳᠡᠷᠢᠶᠡᠯᠠᠬᠤ ᠣᠷᠣᠨ ᠤ ᠡᠯᠧᠺᠳ᠋ᠷᠣᠨ ᠬᠤᠳᠠᠯᠳᠣᠭᠠᠨ ᠤ ᠶᠠᠪᠣᠳᠡᠯ ᠢ ᠲᠦᠷᠭᠡᠳᠬᠡᠨ ᠬᠥᠭᠵᠢᠭᠦᠯᠵᠦ᠂ ᠮᠠᠯᠵᠢᠬᠤ ᠳᠡᠷᠢᠶᠡᠯᠠᠬᠤ ᠣᠷᠣᠨ ᠤ ᠬᠡᠷᠡᠭᠯᠡᠭᠡ ᠶᠢᠨ ᠳᠡᠯᠳᠡ ᠬᠦᠴᠣᠨ ᠢ ᠠᠭᠤᠳᠡᠯᠥᠨᠠ᠃ ᠬᠡᠷᠡᠭᠯᠡᠭᠡ ᠶᠢᠨ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠵᠦ᠂ ᠦᠢᠯᠡᠳᠬᠦᠨ ᠤ ᠶᠠᠰᠣ ᠴᠢᠨᠡᠷ ᠤᠨ ᠮᠥᠷᠳᠡᠨ ᠤᠬᠤᠴᠢᠯᠠᠬᠤ ᠰᠢᠰᠲ᠋ᠧᠮᠵᠢ ᠶᠢ ᠪᠦᠷᠢᠨᠰᠢᠭᠦᠯᠦᠨ᠂ ᠳᠦᠬᠦᠮ ᠠᠪᠰᠠᠷᠬᠠᠨ ᠪᠦᠭᠡᠳ ᠰᠠᠳᠬᠢᠯ ᠠᠮᠥᠷ ᠬᠡᠷᠡᠭᠯᠡᠭᠡ ᠶᠢᠨ ᠣᠷᠴᠢᠨ ᠲᠤᠭᠤᠷᠢᠨ ᠢ ᠪᠤᠢ ᠪᠤᠯᠭᠠᠨ᠎ᠠ᠃
︵ᠭᠤᠷᠪᠡ︶ ᠳᠡᠷᠢᠶᠡᠯᠡᠩ ᠮᠠᠯ ᠠᠵᠦ ᠠᠬᠤᠢ ᠶᠢᠨ ᠬᠠᠩᠭᠠᠯᠭ᠎ᠠ ᠶᠢᠨ ᠳᠡᠯ᠎ᠠ ᠳᠠᠬᠢ ᠪᠦᠳᠦᠴᠠ ᠶᠢᠨ ᠴᠢᠨᠡᠷᠳᠡᠢ ᠦᠭᠡᠷᠡᠴᠢᠯᠡᠯᠳᠡ ᠶᠢ ᠠᠬᠢᠭᠤᠯᠥᠨ᠎ᠠ᠃ ᠪᠤᠬᠢᠷᠳᠣᠯ ᠦᠭᠡᠢ ᠪᠦᠭᠡᠳ ᠴᠢᠨᠡᠷ ᠰᠠᠶᠢᠳᠡᠢ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠠᠩᠭᠠᠯᠭ᠎ᠠ ᠶᠢ ᠨᠡᠮᠡᠭᠳᠡᠬᠦᠯᠬᠦ ᠶᠢ ᠨᠡᠩ ᠲᠤᠪᠤᠶᠢᠮ᠎ᠠ ᠪᠠᠶᠢᠷᠢᠨ ᠳᠤ ᠲᠠᠯᠪᠢᠵᠤ᠂ ᠳᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰ ᠤᠨ ᠰᠢᠰᠲ᠋ᠧᠮᠵᠢ᠂ ᠦᠢᠯᠡᠳᠪᠦᠷᠢᠯᠡᠯ ᠤᠨ ᠰᠢᠰᠲ᠋ᠧᠮᠵᠢ ᠪᠠ ᠡᠵᠡᠩᠨᠡᠯᠳᠡ ᠶᠢᠨ ᠰᠢᠰᠲ᠋ᠧᠮᠵᠢ ᠶᠢ ᠰᠢᠯᠢᠳᠡᠭᠵᠢᠭᠦᠯᠦᠨ᠎ᠡ᠃
ᠣᠳᠣ ᠦᠶ᠎ᠠ ᠶᠢᠨ ᠳᠡᠷᠢᠶᠡᠯᠡᠩ ᠮᠠᠯ ᠠᠵᠦ ᠠᠬᠤᠢ ᠶᠢ ᠶᠠᠭᠡᠪᠡᠷ ᠬᠦᠭᠵᠢᠬᠦᠯᠦᠨ᠎ᠡ᠃ ᠬᠡᠷᠡᠭᠯᠡᠭᠡ ᠶᠢᠨ ᠳᠡᠰ ᠳᠡᠪᠰᠢᠬᠦ ᠬᠠᠨᠳᠣᠰᠢ ᠶᠢ ᠦᠨᠳᠦᠰᠦᠯᠡᠨ᠂ ᠳᠡᠷᠢᠶᠡᠯᠡᠩ ᠮᠠᠯ ᠠᠵᠦ ᠠᠬᠤᠢ ᠶᠢᠨ ᠪᠦᠳᠦᠴᠠ ᠶᠢ ᠲᠤᠬᠢᠷᠡᠭᠤᠯᠵᠦ᠂ ᠪᠤᠬᠢᠷᠳᠣᠯ ᠦᠭᠡᠢ᠂ ᠣᠷᠭᠠᠨᠢᠭ᠂ ᠣᠯᠠᠨ ᠨᠡᠶᠢᠲᠠ ᠳᠤ ᠬᠤᠣᠷᠳᠠᠭᠳᠠᠯ ᠦᠭᠡᠢ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠦᠢᠯᠡᠳᠪᠦᠷᠢᠯᠡᠯ ᠢ ᠦᠷᠭᠡᠳᠭᠡᠨ᠎ᠠ᠃ ᠠᠮᠥ ᠪᠤᠳᠠᠭ᠎ᠠ ᠶᠢᠨ ᠦᠢᠯᠡᠳᠪᠦᠷᠢᠯᠡᠯ ᠤᠨ ᠴᠢᠳᠡᠪᠦᠷᠢ ᠶᠢ ᠲᠣᠠᠠᠳᠠᠭᠤᠨ ᠪᠠᠶᠢᠯᠭᠠᠠᠠᠰᠠᠨ ᠰᠠᠭᠤᠷᠢᠨ ᠳᠡᠭᠡᠷ᠎ᠠ᠂ ᠡᠷᠳᠡᠨᠢ ᠰᠢᠰᠢ ᠳᠡᠷᠢᠬᠤ ᠳᠡᠯᠡᠪᠡᠢ ᠶᠢ ᠲᠣᠬᠢᠷᠡᠭᠤᠯᠥᠨ ᠪᠠᠭᠠᠰᠬᠠᠵᠦ᠂ ᠡᠷᠳᠡᠨᠢ ᠰᠢᠰᠢ ᠶᠢᠨ ᠨᠠᠷᠢᠯᠢᠬ ᠡᠳ᠋ᠰᠢᠬᠦᠯᠥᠯᠳᠡ ᠶᠢᠨ ᠠᠵᠦ ᠦᠢᠯᠡᠰ ᠢ ᠬᠦᠭᠵᠢᠬᠦᠯᠥᠨ᠎ᠠ᠃ ᠲᠠᠷᠢᠶᠠᠯᠠᠬᠤ ᠭᠠᠵᠠᠷ ᠢ ᠬᠠᠮᠠᠭᠠᠯᠠᠬᠤ ᠬᠠᠮᠤᠭ ᠠᠴᠠ ᠴᠢᠩᠭ᠎ᠠ ᠳᠦᠷᠢᠮ ᠢ ᠬᠡᠷᠡᠭᠵᠢᠭᠦᠯᠦᠨ᠂ ᠦᠨᠳᠦᠷ ᠪᠠᠷᠢᠮᠵᠢᠶ᠎ᠠ ᠲᠠᠢ ᠲᠠᠷᠢᠶᠠᠨ ᠭᠠᠵᠠᠷ ᠢ ᠪᠠᠶᠢᠭᠤᠯᠤᠨ᠂ ᠲᠣᠮᠳᠡ ᠲᠣᠣᠷ᠎ᠠ ᠣᠨᠠᠯᠳᠡ ᠲᠠᠢ ᠳᠡᠷᠢᠶᠡᠨ ᠭᠠᠵᠡᠷ ᠢ ᠥᠭᠡᠷᠡᠴᠢᠯᠡᠨ ᠰᠢᠨᠡᠳᠬᠡᠵᠦ᠂ ᠣᠰᠦ ᠠᠷᠪᠢᠯᠠᠬᠤ ᠣᠰᠣᠯᠠᠯᠳᠡ ᠶᠢ ᠬᠥᠭᠵᠢᠭᠦᠯᠦᠨ᠎ᠡ᠃ ᠣᠳᠣ ᠦᠶ᠎ᠠ ᠶᠢᠨ ᠮᠠᠯ ᠠᠵᠦ ᠠᠬᠤᠢ ᠶᠢ ᠳᠥᠷᠭᠡᠳᠭᠡᠨ ᠬᠦᠭᠵᠢᠬᠦᠯᠵᠦ᠂ ᠬᠦᠭᠡ ᠪᠠᠷ ᠳᠡᠷᠣᠰᠢᠭᠤᠯᠬᠤ ᠪᠠ ᠴᠢᠨᠡᠷ ᠰᠠᠶᠢᠳᠡᠢ ᠪᠡᠯᠴᠢᠭᠡᠷ ᠡᠪᠡᠰᠣ ᠶᠢᠨ ᠳᠡᠷᠢᠬᠤ ᠳᠡᠯᠡᠪᠡᠢ ᠶᠢ ᠥᠷᠭᠡᠳᠬᠡᠨ᠂ ᠭᠡᠷ ᠪᠦᠯᠢ ᠶᠢᠨ ᠮᠠᠯᠵᠢᠯ ᠤᠨ ᠳᠡᠯᠡᠪᠡᠢ ᠪᠠ ᠭᠡᠪᠴᠢᠶᠡᠵᠢᠬᠦᠯᠥᠨ ᠳᠡᠵᠢᠭᠡᠨ ᠦᠷᠡᠵᠢᠬᠦᠯᠬᠦ ᠠᠷᠭ᠎ᠠ ᠮᠠᠶ᠋ᠢᠭ ᠢ ᠳᠡᠯᠭᠡᠷᠡᠬᠦᠯᠥᠨ᠎ᠠ᠃ ᠳᠡᠷᠢᠶᠡᠯᠡᠩ ᠮᠠᠯ ᠠᠵᠦ ᠠᠬᠤᠢ ᠶᠢᠨ ᠠᠵᠦ ᠦᠢᠯᠡᠰᠵᠢᠭᠦᠯᠦᠨ᠂ ᠪᠠᠷᠢᠮᠵᠢᠶᠠᠵᠢᠭᠤᠯᠤᠨ᠂ ᠨᠡᠷᠡᠳᠤ ᠲᠦᠷᠦᠯ ᠲᠡᠮᠳᠡᠭᠵᠢᠬᠦᠯᠦᠨ ᠬᠦᠭᠵᠢᠬᠦᠯᠬᠦ ᠶᠢ ᠠᠬᠢᠭᠤᠯᠵᠦ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠬᠦᠡ ᠨᠠᠷᠢᠯᠢᠬ ᠡᠳ᠋ᠰᠢᠬᠦᠯᠬᠦ ᠬᠢᠷᠢ ᠲᠦᠪᠰᠢᠨ ᠢ ᠳᠡᠭᠡᠭᠰᠢᠯᠡᠬᠦᠯᠵᠦ᠂ ᠬᠦᠳᠥᠴᠢ ᠠᠵᠦ ᠠᠬᠤᠶᠢᠯᠠᠯ ᠢ ᠬᠦᠴᠦᠷᠭᠡᠭᠵᠢᠭᠦᠯᠵᠦ᠂ ᠥᠪᠥᠷ ᠮᠣᠩᠭᠤᠯ ᠤᠨ ᠣᠨᠴᠠᠯᠢᠭ ᠲᠠᠢ ᠨᠡᠷᠡᠳᠣ ᠳᠥᠷᠦᠯ ᠳᠡᠮᠳᠡᠭᠳᠦ ᠶᠢ ᠪᠣᠢ ᠪᠣᠯᠭᠠᠨ᠎ᠠ᠃ ᠳᠡᠷᠢᠶᠡᠯᠡᠩ ᠮᠠᠯ ᠠᠵᠦ ᠠᠬᠤᠢ ᠶᠢᠨ ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠡᠭᠦᠳᠦᠯᠳᠡ ᠶᠢ ᠴᠢᠩᠭᠠᠷᠠᠭᠤᠯᠵᠤ᠂ ᠪᠤᠬᠢᠷᠳᠦᠯ ᠦᠭᠡᠢ ᠦᠢᠯᠡᠳᠪᠦᠷᠢᠯᠡᠯ ᠤᠨ ᠮᠡᠷᠭᠡᠵᠢᠯ ᠢ ᠳᠡᠯᠭᠡᠷᠡᠭᠦᠯᠦᠨ᠎ᠡ᠃ ᠠᠮᠢᠳᠡᠨ ᠤ ᠭᠡᠮ ᠬᠢᠵᠢᠭ ᠢ ᠰᠡᠷᠭᠡᠶᠢᠯᠡᠨ ᠡᠵᠡᠮᠳᠡᠬᠦ ᠪᠠ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠤ ᠶᠠᠰᠣ ᠴᠢᠨᠡᠷ ᠤᠨ ᠠᠮᠥᠷ ᠳᠥᠪᠰᠢᠨ ᠤ ᠬᠢᠨᠡᠯᠳᠡ ᠬᠠᠮᠢᠶᠡᠷᠦᠯᠳᠡ ᠶᠢ ᠴᠢᠩᠭᠠᠷᠡᠭᠤᠯᠵᠦ᠂ ᠳᠡᠷᠢᠶᠡᠨ ᠭᠠᠵᠡᠷ ᠪᠠ ᠮᠠᠯᠵᠢᠯ ᠤᠨ ᠳᠡᠯᠡᠪᠡᠢ ᠠᠴᠠ ᠬᠤᠭᠤᠯᠠᠨ ᠰᠢᠷᠡᠭᠡᠨ ᠳᠤ ᠬᠦᠷᠳᠡᠯᠡᠬᠢ ᠰᠡᠷᠭᠡᠶᠢᠯᠡᠯᠳᠡ ᠶᠢᠨ ᠱᠤᠭᠤᠮ ᠪᠦᠬᠦᠨ ᠢ ᠴᠢᠩᠭ᠎ᠠ ᠠᠳᠬᠤᠨ᠎ᠠ᠃
ᠮᠠᠯᠵᠢᠬᠤ ᠳᠡᠷᠢᠶᠡᠯᠠᠬᠤ ᠣᠷᠣᠨ ᠤ ᠡᠳ᠋ ᠬᠦᠷᠥᠩᠭᠡ ᠶᠢᠨ ᠦᠮᠴᠢᠯᠡᠬᠦ ᠡᠷᠬᠡ ᠶᠢᠨ ᠳᠥᠷᠢᠮ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠥᠨ᠎ᠠ᠃ ᠭᠠᠵᠡᠷ ᠰᠢᠷᠦᠢ ᠨᠤᠲᠤᠭ ᠪᠡᠯᠴᠢᠭᠡᠷ ᠤᠨ ᠡᠷᠬᠡ ᠶᠢᠨ ᠲᠣᠳᠣᠯᠠᠨ ᠲᠣᠭᠲᠠᠭᠠᠬᠤ ᠠᠵᠢᠯ ᠢ ᠦᠷᠬᠦᠯᠵᠢᠯᠡᠨ ᠦᠷᠨᠢᠬᠦᠯᠵᠦ᠂ ᠦᠮᠴᠢᠯᠡᠬᠦ ᠡᠷᠬᠡ᠂ ᠳᠠᠭᠠᠭᠠᠴᠢᠯᠠᠬᠤ ᠡᠷᠬᠡ᠂ ᠡᠵᠡᠩᠨᠡᠬᠦ ᠡᠷᠬᠡ ︽ᠭᠤᠷᠪᠡᠡ ᠡᠷᠬᠡ ᠶᠢ ᠰᠠᠯᠭᠠᠨ ᠪᠠᠶᠢᠷᠢᠯᠠᠭᠤᠯᠬᠤ︾ ᠶᠢ ᠠᠬᠢᠭᠤᠯᠤᠨ᠂ ᠡᠵᠡᠩᠨᠡᠯᠳᠡ ᠶᠢᠨ ᠡᠷᠬᠡ ᠶᠢᠨ ᠡᠮᠬᠢ ᠵᠢᠷᠦᠮ ᠲᠠᠢ ᠪᠠᠷ ᠰᠢᠯᠵᠢᠭᠦᠯᠦᠨ ᠡᠷᠭᠢᠯᠳᠦᠭᠦᠯᠬᠦ ᠶᠢ ᠠᠬᠢᠭᠤᠯᠥᠨ᠎ᠠ᠃ ᠮᠠᠯᠴᠢᠨ ᠳᠡᠷᠢᠶᠡᠴᠢᠨ ᠤ ᠬᠤᠷᠰᠢᠶ᠎ᠠ᠂ ᠲᠣᠰᠬᠠᠢ ᠠᠵᠢᠯ ᠤᠨ ᠲᠤᠮᠥ ᠡᠷᠦᠬᠡ ᠵᠡᠷᠭᠡ ᠰᠢᠨ᠎ᠡ ᠭᠡᠯᠪᠡᠷᠢ ᠶᠢᠨ ᠡᠵᠡᠩᠨᠡᠯᠳᠡ ᠶᠢᠨ ᠭᠤᠤᠯ ᠴᠣᠠᠠᠴᠠ ᠶᠢ ᠢᠳᠡᠪᠬᠢᠳᠡᠢ ᠪᠤᠶᠢᠵᠢᠭᠤᠯᠬᠤ ᠪᠠ ᠲᠡᠳᠬᠦᠨ ᠲᠠᠮᠵᠢᠵᠦ᠂ ᠣᠯᠡᠨ ᠵᠦᠢᠯ ᠤᠨ ᠭᠡᠯᠪᠡᠷᠢ ᠶᠢᠨ ᠵᠤᠬᠢᠬᠤ ᠭᠡᠪᠴᠢᠶᠡᠵᠢᠭᠰᠡᠨ ᠡᠵᠡᠩᠨᠡᠯᠳᠡ ᠶᠢ ᠬᠦᠭᠵᠢᠬᠦᠯᠦᠨ᠎ᠡ᠃ ᠮᠠᠯᠵᠢᠬᠤ ᠲᠠᠷᠢᠶᠠᠯᠠᠬᠤ ᠤᠷᠤᠨ ᠤ ᠭᠠᠵᠡᠷ ᠰᠢᠷᠦᠢ ᠳᠡᠳᠡᠪᠦᠷᠢᠯᠠᠬᠤ ᠳᠥᠷᠢᠮ ᠳᠤ ᠥᠭᠡᠷᠡᠴᠢᠯᠡᠯᠲᠡ ᠬᠢᠵᠦ᠂ ᠬᠠᠮᠳᠣ ᠶᠢᠨ ᠡᠵᠡᠩᠨᠡᠯᠳᠡ ᠶᠢᠨ ᠴᠢᠨᠡᠷᠳᠡᠢ ᠪᠦᠲᠦᠭᠡᠨ ᠪᠠᠶᠢᠭᠤᠯᠬᠤ ᠳᠤ ᠭᠡᠷᠡᠭᠯᠡᠬᠦ ᠭᠠᠵᠡᠷ ᠰᠢᠷᠦᠢ ᠶᠢ ᠵᠠᠬ᠎ᠠ ᠳᠡᠯᠭᠡᠭᠦᠷ ᠲᠤ ᠣᠷᠤᠭᠤᠯᠬᠤ᠂ ᠭᠡᠷ ᠪᠠᠷᠢᠬᠤ ᠰᠠᠭᠤᠷᠢ ᠭᠠᠵᠠᠷ ᠤᠨ ᠳᠦᠷᠢᠮ ᠢ ᠥᠭᠡᠷᠡᠴᠢᠯᠡᠬᠦ ᠲᠤᠷᠰᠢᠯᠲᠠ ᠶᠢ ᠥᠷᠨᠢᠭᠦᠯᠦᠨ᠂ ︽ᠬᠤᠶᠠᠷ ᠡᠷᠬᠡ︾ ᠪᠠᠷ ᠢᠶᠠᠨ ᠵᠢᠭᠡᠯᠡᠯᠭᠡ ᠪᠠᠷᠢᠴᠠᠭᠠᠯᠠᠬᠤ ᠲᠤᠷᠰᠢᠯᠳᠡ ᠶᠢᠨ ᠠᠵᠢᠯ ᠢ ᠰᠠᠶᠢᠳᠤᠷ ᠬᠢᠨ᠎ᠡ᠃ ᠳᠡᠷᠢᠶᠡᠯᠡᠩ ᠤᠨ ᠠᠳᠡᠷ ᠬᠠᠭᠠᠯᠪᠦᠷᠢᠯᠡᠯᠳᠡ᠂ ᠬᠠᠩᠭᠠᠨ ᠪᠤᠷᠣᠯᠠᠭᠤᠯᠬᠤ ᠬᠤᠷᠰᠢᠶ᠎ᠠ ᠶᠢᠨ ᠦᠭᠡᠷᠡᠴᠢᠯᠡᠯᠳᠡ ᠶᠢ ᠬᠦᠨᠵᠡᠭᠡᠶᠢᠷᠡᠬᠦᠯᠥᠨ᠎ᠠ᠃ ︽ᠭᠤᠤᠯ ᠮᠦᠷᠡᠨ ᠤ ᠠᠵᠢᠯ ᠳᠤ ᠬᠠᠷᠢᠭᠤᠴᠠᠬᠤ ᠲᠠᠷᠤᠭ᠎ᠠ ᠶᠢᠨ ᠳᠥᠷᠢᠮ︾ ᠢ ᠬᠡᠷᠡᠭᠵᠢᠬᠦᠯᠵᠦ᠂ ᠤᠷᠤᠰᠬᠠᠯ ᠤᠨ ᠦᠮᠴᠢᠯᠡᠬᠦ ᠡᠷᠬᠡ ᠶᠢᠨ ᠲᠠᠯ᠎ᠠ ᠳᠠᠬᠢ ᠡᠷᠬᠡ ᠶᠢᠨ ᠲᠤᠳᠤᠯᠠᠨ ᠲᠤᠭᠳᠠᠭᠠᠬᠤ ᠲᠤᠷᠰᠢᠯᠳᠠ ᠶᠢᠨ ᠠᠵᠢᠯ ᠢ ᠦᠷᠨᠢᠬᠦᠯᠦᠨ᠎ᠠ᠃
ᠮᠠᠯᠴᠢᠨ ᠳᠡᠷᠢᠶᠡᠴᠢᠨ ᠤ ᠣᠷᠣᠯᠭ᠎ᠠ ᠶᠢ ᠣᠯᠠᠨ ᠠᠷᠭ᠎ᠠ ᠵᠠᠮ ᠢᠶᠠᠷ ᠨᠡᠮᠡᠭᠳᠡᠬᠦᠯᠦᠨ᠎ᠠ᠃ ᠮᠠᠯᠴᠢᠨ ᠲᠠᠷᠢᠶᠠᠴᠢᠳ ᠢ ᠬᠦᠳᠦᠯᠥᠨ ᠵᠢᠯᠥᠭᠤᠳᠴᠥ ᠪᠠᠶᠢᠭᠠᠳ ᠵᠠᠬ᠎ᠠ ᠳᠡᠯᠭᠡᠬᠦᠷ ᠤᠨ ᠬᠡᠷᠡᠭᠴᠡᠭᠡ ᠱᠠᠭᠠᠷᠳᠠᠯᠭ᠎ᠠ ᠶᠣᠰᠣᠭᠠᠷ ᠲᠠᠷᠢᠵᠤ ᠲᠡᠵᠢᠭᠡᠬᠦ ᠪᠦᠲᠦᠴᠡ ᠶᠢ ᠨᠢ ᠲᠣᠬᠢᠷᠠᠭᠤᠯᠤᠨᠡ᠃ ᠬᠦᠳᠡᠭᠡ ᠶᠢᠨ ᠵᠢᠭᠤᠯᠴᠢᠯᠠᠯ᠂ ᠰᠡᠯᠡᠬᠦᠴᠠᠨ ᠵᠤᠭᠠᠯᠠᠬᠤ ᠳᠡᠷᠢᠶᠡᠯᠡᠩ ᠮᠠᠯ ᠠᠵᠦ ᠠᠬᠤᠢ ᠵᠡᠷᠭᠡ ᠰᠢᠨ᠎ᠡ ᠡᠵᠡᠩᠨᠡᠯᠲᠡ ᠶᠢᠨ ᠪᠠᠶᠢᠳᠡᠯ ᠢ ᠢᠳᠡᠪᠬᠢᠳᠡᠢ ᠬᠦᠭᠵᠢᠬᠦᠯᠵᠦ᠂ ᠮᠠᠯᠴᠢᠨ ᠲᠠᠷᠢᠶᠠᠴᠢᠳ ᠲᠤ ᠣᠷᠣᠯᠭ᠎ᠠ ᠪᠠᠨ ᠨᠡᠮᠡᠭᠳᠡᠭᠦᠯᠬᠦ ᠵᠠᠮ ᠮᠥᠷ ᠢ ᠨᠢ ᠥᠷᠭᠡᠳᠬᠡᠵᠦ ᠥᠭᠭᠦᠨ᠎ᠡ᠃ ᠠᠵᠢᠯ ᠮᠡᠷᠭᠡᠵᠢᠯ ᠤᠨ ᠤᠷ᠎ᠠ ᠴᠢᠳᠡᠪᠦᠷᠢ ᠶᠢᠨ ᠪᠤᠯᠪᠠᠰᠣᠷᠡᠭᠤᠯᠥᠯ ᠢ ᠴᠢᠩᠭᠠᠳᠬᠠᠨ᠂ ᠮᠠᠯᠴᠢᠨ ᠲᠠᠷᠢᠶᠠᠴᠢᠳ ᠤᠨ ᠠᠵᠢᠯ ᠣᠯᠵᠤ ᠣᠷᠣᠯᠭ᠎ᠠ ᠪᠠᠨ ᠨᠡᠮᠡᠭᠳᠡᠬᠦᠯᠬᠦ ᠶᠢ ᠠᠬᠢᠭᠤᠯᠥᠨ᠎ᠠ᠃ ᠮᠠᠯᠵᠢᠬᠤ ᠳᠡᠷᠢᠶᠡᠯᠠᠬᠤ ᠣᠷᠣᠨ ᠤ ᠬᠠᠮᠳᠣ ᠶᠢᠨ ᠠᠵᠦ ᠠᠬᠤᠢ ᠶᠢᠨ ᠪᠦᠲᠦᠮᠵᠢᠲᠡᠢ ᠪᠡᠶᠡᠯᠡᠭᠳᠡᠬᠦ ᠭᠡᠯᠪᠡᠷᠢ ᠶᠢ ᠰᠦᠪᠡᠭᠴᠢᠯᠡᠵᠦ᠂ ᠮᠠᠯᠴᠢᠨ ᠲᠠᠷᠢᠶᠠᠴᠢᠳ ᠲᠤ ᠨᠡᠩ ᠬᠦᠢᠴᠡᠳ ᠡᠳ᠋ ᠬᠦᠷᠥᠩᠭᠡ ᠶᠢᠨ ᠡᠷᠬᠡ ᠠᠰᠢᠭ ᠣᠯᠭᠤᠨ᠎ᠠ᠃ ᠮᠠᠯᠴᠢᠨ ᠲᠠᠷᠢᠶᠠᠴᠢᠳ ᠲᠤ ᠬᠠᠷᠡᠭᠠᠯᠵᠠᠯ ᠦᠵᠡᠬᠦᠯᠵᠦ ᠨᠦᠬᠦᠪᠦᠷᠢ ᠣᠯᠭᠤᠬᠤ ᠳᠥᠷᠥ ᠶᠢᠨ ᠪᠤᠳᠣᠯᠭ᠎ᠠ ᠶᠢ ᠲᠡᠷᠡ ᠬᠡᠪ ᠢᠶᠠᠷ ᠨᠢ ᠰᠠᠶᠢᠳᠣᠷ ᠨᠡᠶᠢᠳᠡᠪᠦᠷᠢᠵᠢᠭᠤᠯᠵᠦ᠂ ᠮᠠᠯᠴᠢᠨ ᠲᠠᠷᠢᠶᠠᠴᠢᠳ ᠤᠨ ᠳᠥᠷᠥ ᠶᠢᠨ ᠪᠤᠳᠣᠯᠭ᠎ᠠ ᠶᠢᠨ ᠴᠢᠨᠡᠷᠳᠡᠢ ᠣᠷᠣᠯᠭ᠎ᠠ ᠶᠢ ᠨᠢ ᠳᠡᠭᠡᠭᠰᠢᠯᠡᠬᠦᠯᠦᠨ᠎ᠡ᠃
︵ᠳᠥᠷᠪᠡ︶ ᠠᠵᠦ ᠦᠢᠯᠡᠳᠪᠦᠷᠢ ᠶᠢᠨ ᠳᠤᠮᠳᠠ ᠳᠡᠭᠡᠳᠦ ᠦᠵᠦᠭᠦᠷ ᠲᠡᠰᠢ ᠳᠠᠪᠰᠢᠬᠤ ᠶᠢ ᠠᠬᠢᠭᠤᠯᠤᠨ᠎ᠠ᠃ ᠪᠤᠳᠡᠳᠣ ᠴᠣᠠᠠᠴᠠ ᠶᠢᠨ ᠠᠵᠦ ᠠᠬᠤᠢ ᠶᠢ ᠬᠦᠭᠵᠢᠬᠦᠯᠥᠨ ᠮᠠᠨᠳᠣᠭᠤᠯᠬᠤ ᠲᠣᠬᠠᠢ ᠲᠥᠪ ᠤᠨ ᠪᠠᠶᠢᠷᠢᠯᠡᠭᠤᠯᠥᠯᠳᠡ ᠶᠢ ᠪᠦᠭᠦ ᠳᠠᠯ᠎ᠠ ᠪᠠᠷ ᠨᠠᠶᠢᠳᠠᠪᠣᠷᠢᠵᠢᠭᠤᠯᠣᠨ᠂ ᠰᠢᠨ᠎ᠡ ᠶᠢ ᠡᠬᠦᠳᠬᠦ ᠪᠠᠷ ᠬᠦᠳᠡᠯᠭᠡᠭᠦᠷ ᠪᠤᠯᠭᠠᠬᠤ ᠶᠢ ᠪᠠᠷᠢᠮᠳᠡᠯᠡᠨ᠂ ᠬᠠᠳᠠᠭᠠᠯᠠᠭᠳᠠᠵᠤ ᠪᠠᠶᠢᠭ᠎ᠠ ᠵᠦᠢᠯ ᠢ ᠲᠣᠬᠢᠷᠡᠭᠤᠯᠬᠤ ᠪᠠ ᠴᠢᠨᠠᠷᠵᠢᠭᠤᠨ ᠨᠡᠮᠡᠭᠳᠡᠯ ᠲᠠᠢ ᠪᠠᠶᠢᠬᠤ ᠶᠢ ᠵᠡᠷᠭᠡᠪᠡᠷ ᠬᠦᠭᠵᠢᠬᠦᠯᠬᠦ ᠶᠢ ᠪᠠᠷᠢᠮᠳᠡᠯᠡᠵᠦ᠂ ᠠᠵᠦ ᠦᠢᠯᠡᠳᠪᠦᠷᠢ ᠶᠢᠨ ᠭᠡᠯᠪᠡᠷᠢ ᠪᠠᠨ ᠬᠤᠪᠢᠷᠡᠭᠤᠯᠥᠨ ᠳᠡᠰ ᠳᠡᠪᠰᠢᠬᠦᠯᠬᠦ ᠶᠢ ᠲᠦᠷᠭᠡᠳᠬᠡᠨ᠎ᠡ᠃
ᠣᠯᠠᠮᠵᠢᠯᠠᠯᠳᠣ ᠠᠵᠦ ᠦᠢᠯᠡᠰ ᠢ ᠦᠭᠡᠷᠡᠴᠢᠯᠡᠨ ᠳᠡᠪᠰᠢᠬᠦᠯᠥᠨᠠ᠃ ᠨᠠᠬᠦᠷᠡᠰᠦ᠂ ᠴᠠᠬᠢᠯᠭᠠᠨ ᠬᠦᠴᠣᠨ᠂ ᠬᠢᠮᠢ ᠶᠢᠨ ᠠᠵᠦ ᠦᠢᠯᠡᠳᠪᠦᠷᠢ᠂ ᠳᠡᠮᠦᠷᠯᠢᠭ ᠤᠨ ᠠᠵᠦ ᠠᠬᠤᠶᠢᠯᠠᠯ ᠢ ᠵᠤᠷᠢᠨᠨᠵᠢᠭᠤᠯᠤᠨ ᠪᠠᠶᠢᠯᠳᠣᠬᠤ ᠪᠤᠳᠣᠯᠭ᠎ᠠ ᠪᠠᠷ ᠳᠡᠬᠢᠨ ᠵᠤᠬᠢᠶᠡᠨ ᠪᠠᠶᠢᠭᠤᠯᠬᠤ ᠶᠢ ᠬᠡᠷᠡᠭᠵᠢᠬᠦᠯᠵᠦ᠂ ᠨᠢᠭᠡ ᠴᠣᠠᠠᠴᠠᠵᠢᠭᠤᠯᠥᠠᠠᠰᠠᠨ ᠦᠷᠢᠰᠦᠯᠳᠦᠬᠦ ᠰᠢᠨ᠎ᠡ ᠳᠡᠪᠡᠭᠤᠯᠢᠭ ᠢ ᠪᠦᠷᠢᠯᠳᠦᠭᠦᠯᠦᠨ᠎ᠡ᠃ ᠨᠡᠬᠦᠷᠡᠰᠦ ᠶᠢ ᠴᠠᠪᠡᠷ ᠢᠶᠠᠷ ᠠᠰᠢᠠᠠᠯᠠᠬᠤ ᠬᠢᠷᠢ ᠲᠦᠪᠰᠢᠨ ᠢ ᠣᠯᠠᠮ ᠨᠢᠭᠡ ᠠᠯᠬᠤᠮ ᠳᠡᠭᠡᠭᠰᠢᠯᠡᠭᠦᠯᠣᠨ᠂ ᠴᠠᠬᠢᠯᠭᠠᠨ ᠬᠦᠴᠣᠨ ᠢ ᠭᠠᠳ᠋ᠬᠠᠰᠢ ᠬᠦᠷᠭᠡᠬᠦ ᠨᠡᠬᠦᠷᠡᠰᠦ ᠴᠠᠬᠢᠯᠭᠠᠨ ᠤ ᠰᠠᠭᠤᠷᠢᠨ ᠭᠠᠵᠠᠷ ᠢ ᠲᠦᠷᠬᠡᠳᠬᠡᠨ ᠪᠠᠶᠢᠭᠤᠯᠤᠨ᠎ᠠ᠃ ᠭᠦᠨ ᠨᠠᠷᠢᠯᠢᠬ ᠬᠢᠮᠢ ᠶᠢᠨ ᠠᠵᠣ ᠦᠢᠯᠡᠣᠡᠪᠣᠷᠢ ᠶᠢ ᠶᠡᠭᠡᠪᠡᠷ ᠭᠦᠭᠵᠢᠭᠦᠯᠵᠣ᠂ ᠪᠤᠯᠥᠳ ᠳᠡᠮᠥᠷ᠂ ᠦᠩᠭᠡᠳᠦ ᠳᠡᠮᠦᠷᠯᠢᠭ ᠤᠨ ᠠᠵᠦ ᠦᠢᠯᠡᠰ ᠤᠨ ᠬᠡᠯᠬᠢᠶᠠᠰᠦ ᠶᠢ ᠣᠷᠳᠣᠳᠬᠠᠵᠦ᠂ ᠡᠬᠢ ᠪᠠᠶᠠᠯᠢᠭ ᠢ ᠬᠤᠪᠢᠷᠡᠭᠤᠯᠬᠤ ᠨᠣᠷᠮ᠎ᠠ ᠪᠠ ᠦᠢᠯᠡᠳᠬᠦᠨ ᠤ ᠨᠡᠮᠡᠯᠳᠡ ᠦᠷᠲᠡᠭ ᠢ ᠳᠡᠭᠡᠭᠰᠢᠯᠡᠬᠦᠯᠥᠨ᠎ᠠ᠃ ︽ᠢᠨᠲ᠋ᠧᠷ ᠰᠦᠯᠵᠢᠶ᠎ᠠ + ᠦᠢᠯᠡᠳᠬᠦ︾ ᠶᠢ ᠢᠳᠡᠪᠬᠢᠳᠡᠢ ᠪᠠᠷ ᠠᠬᠢᠭᠤᠯᠤᠨ᠂ ᠣᠯᠠᠮᠵᠢᠯᠠᠯᠳᠣ ᠲᠤᠨᠤᠭ ᠳᠥᠬᠦᠭᠡᠷᠦᠮᠵᠢ ᠦᠢᠯᠡᠳᠬᠦ ᠦᠢᠯᠡᠰ ᠤᠨ ᠰᠢᠨ᠎ᠡ ᠠᠮᠢᠵᠢᠷᠡᠯ ᠤᠨ ᠬᠦᠴᠣᠨ ᠢ ᠬᠦᠭᠵᠢᠭᠡᠨ᠎ᠠ᠃ ᠣᠯᠠᠮᠵᠢᠯᠠᠯᠳᠣ ᠠᠵᠦ ᠦᠢᠯᠡᠰ ᠤᠨ ᠪᠤᠬᠢᠷᠳᠣᠯ ᠦᠭᠡᠶᠢᠵᠢᠭᠦᠯᠭᠦ ᠦᠭᠡᠷᠡᠴᠢᠯᠡᠯᠳᠡ ᠰᠢᠨᠡᠴᠢᠯᠡᠯᠳᠡ ᠶᠢ ᠬᠡᠷᠩᠵᠢᠭᠦᠯᠵᠣ᠂ ᠠᠵᠦ ᠠᠬᠤᠶᠢᠯᠠᠯ ᠤᠨ ᠴᠠᠪᠡᠷ ᠢᠶᠠᠷ ᠦᠢᠯᠡᠳᠪᠦᠷᠢᠯᠡᠬᠦ ᠶᠢ ᠵᠣᠷᠢᠠᠠᠵᠢᠭᠤᠯᠥᠨ᠂ ᠡᠷᠬᠢᠯᠳᠡᠳᠣ ᠠᠵᠦ ᠠᠬᠤᠢ ᠶᠢ ᠬᠦᠭᠵᠢᠬᠦᠯᠥᠨ᠎ᠠ᠃
ᠰᠢᠨ᠎ᠡ ᠪᠠᠷ ᠪᠤᠢ ᠪᠤᠯᠥᠠᠠᠰᠠᠨ ᠠᠵᠦ ᠦᠢᠯᠡᠰ ᠢ ᠪᠤᠵᠠᠭᠠᠶᠢᠷᠡᠭᠤᠯᠥᠨ ᠬᠦᠴᠦᠷᠭᠡᠭᠵᠢᠬᠦᠯᠦᠨ᠎ᠠ᠃ ᠲᠡᠳᠬᠦᠨ ᠳᠡᠮᠵᠢᠬᠦ ᠳᠥᠷᠥ ᠶᠢᠨ ᠪᠤᠳᠣᠯᠭ᠎ᠠ ᠶᠢ ᠲᠡᠭᠦᠯᠳᠡᠷᠵᠢᠭᠦᠯᠵᠦ᠂ ᠭᠤᠤᠯᠳᠡᠯᠭ᠎ᠠ ᠲᠠᠢ ᠠᠵᠦ ᠦᠢᠯᠡᠰ ᠤᠨ ᠬᠦᠭᠵᠢᠯᠳᠡ ᠶᠢᠨ ᠰᠠᠭᠤᠷᠢ ᠮᠦᠡᠭᠬᠦ ᠶᠢ ᠪᠠᠶᠢᠭᠤᠯᠥᠨ᠂ ᠰᠢᠨ᠎ᠡ ᠡᠨᠧᠷᠬᠢ᠂ ᠰᠢᠨ᠎ᠡ ᠮᠠᠲ᠋ᠧᠷᠢᠶᠡᠯ᠂ ᠲᠣᠮᠣ ᠳ᠋ᠠᠶᠢᠳ᠋ᠨ᠂ ᠡᠨᠧᠷᠬᠢ ᠠᠷᠪᠢᠯᠡᠨ ᠣᠷᠴᠢᠨ ᠲᠤᠭᠤᠷᠢᠨ ᠢ ᠬᠠᠮᠠᠭᠠᠯᠠᠬᠤ᠂ ᠳᠡᠭᠡᠳᠣ ᠦᠵᠦᠭᠦᠷ ᠤᠨ ᠲᠤᠨᠤᠭ ᠳᠦᠬᠦᠭᠡᠷᠦᠮᠵᠢ᠂ ᠠᠮᠢᠳᠣ ᠪᠤᠳᠡᠰ ᠤᠨ ᠰᠢᠨᠵᠢᠯᠡᠬᠦ ᠣᠬᠠᠭᠠᠨ ᠮᠡᠷᠭᠡᠵᠢᠯ᠂ ᠮᠣᠩᠭᠤᠯ ᠬᠢᠳᠡᠳ ᠡᠮ ᠡᠮᠨᠡᠯᠭᠡ ᠵᠡᠷᠭᠡ ᠪᠠᠶᠢᠯᠳᠣᠬᠤ ᠪᠤᠳᠣᠯᠭ᠎ᠠ ᠶᠢᠨ ᠴᠢᠨᠡᠷᠳᠡᠢ ᠰᠢᠨ᠎ᠡ ᠪᠠᠷ ᠪᠤᠢ ᠪᠤᠯᠥᠠᠠᠰᠠᠨ ᠠᠵᠦ ᠦᠢᠯᠡᠰ ᠢ ᠶᠡᠭᠡᠪᠡᠷ ᠬᠦᠭᠵᠢᠬᠦᠯᠵᠦ᠂ ᠠᠵᠤ ᠠᠬᠤᠢ ᠶᠢᠨ ᠰᠢᠨ᠎ᠡ ᠨᠡᠮᠡᠭᠳᠡᠯ ᠤᠨ ᠴᠡᠭ ᠢ ᠢᠳᠡᠪᠬᠢᠳᠡᠢ ᠪᠠᠷ ᠪᠤᠶᠢᠵᠢᠭᠤᠯᠥᠨ᠎ᠠ᠃ ᠣᠯᠥᠰ ᠤᠨ ᠲᠣᠮᠥ ᠳ᠋ᠠᠶᠢᠳ᠋ᠨ ᠶᠢᠨ ᠶᠡᠷᠦᠩᠭᠡᠶᠢᠯᠡᠭᠰᠡᠨ ᠲᠣᠷᠰᠢᠯᠳᠡ ᠶᠢᠨ ᠣᠷᠣᠨ ᠢ ᠦᠨᠳᠣᠷ ᠪᠠᠷᠢᠮᠵᠢᠶ᠎ᠠ ᠪᠠᠷ ᠪᠦᠳᠣᠭᠡᠨ ᠪᠠᠶᠢᠭᠤᠯᠣᠨ᠎ᠠ᠃ ᠬᠤᠪᠤᠷ ᠰᠢᠷᠦᠢ ᠶᠢᠨ ᠠᠵᠦ ᠦᠢᠯᠡᠰ ᠤᠨ ᠳᠡᠰ ᠳᠡᠪᠰᠢᠬᠦᠯᠬᠦ ᠶᠢ ᠠᠬᠢᠭᠤᠯᠵᠣ᠂ ᠣᠯᠥᠰ ᠤᠨ ᠪᠠᠯ ᠴᠢᠯᠠᠭᠤ ︵ᠠᠯᠺᠧᠨ︶ ᠶᠢᠨ ᠴᠢᠬᠤᠯᠡ ᠰᠢᠨ᠎ᠡ ᠮᠠᠲ᠋ᠧᠷᠢᠶᠡᠯ ᠤᠨ ᠠᠵᠦ ᠦᠢᠯᠡᠰ ᠤᠨ ᠰᠠᠭᠤᠷᠢᠨ ᠭᠠᠵᠡᠷ ᠢ ᠪᠤᠶᠢᠵᠢᠭᠤᠯᠥᠨ᠎ᠠ᠃ ᠰᠢᠨ᠎ᠡ ᠡᠨᠧᠷᠬᠢ ᠶᠢᠨ ᠮᠠᠰᠢᠨ ᠳᠡᠷᠬᠡ᠂ ᠠᠵᠦ ᠦᠢᠯᠡᠳᠪᠦᠷᠢ ᠶᠢᠨ ᠮᠠᠰᠢᠨ ᠬᠦᠮᠦᠨ᠂ ᠳᠡᠭᠡᠳᠦ ᠴᠢᠳᠡᠪᠬᠢᠳᠦ ᠡᠮᠴᠢᠯᠡᠭᠡᠨ ᠤ ᠪᠠᠭᠠᠵᠢ ᠭᠡᠷᠡᠭᠯᠡᠬᠦᠷ ᠵᠡᠷᠭᠡ ᠳᠡᠷᠢᠬᠦᠨ ᠤ ᠦᠢᠯᠡᠳᠬᠦ ᠦᠢᠯᠡᠰ ᠢ ᠲᠦᠷᠭᠡᠳᠬᠡᠨ ᠭᠦᠭᠵᠢᠭᠦᠯᠵᠣ᠂ ᠬᠦᠭᠡᠬᠤᠳᠡ ᠪᠤᠭᠤᠳᠣ ᠣᠷᠳᠣᠰ ᠤᠨ ︽ᠲᠤᠮᠳᠠᠳᠣ ᠣᠯᠥᠰ ᠦᠢᠯᠡᠳᠬᠦ 2025︾ ᠶᠢᠨ ᠵᠢᠱᠢᠶ᠎ᠠ ᠦᠵᠡᠬᠦᠯᠬᠦ ᠬᠤᠳᠡ ᠪᠠᠷ ᠮᠡᠳᠡᠬᠦᠯᠬᠦ ᠶᠢ ᠳᠡᠮᠵᠢᠨ᠎ᠠ᠃ ᠮᠣᠩᠭᠤᠯ ᠬᠢᠳᠡᠳ ᠡᠮ ᠤᠨ ᠦᠢᠯᠡᠳᠪᠦᠷᠢᠯᠡᠵᠦ ᠡᠳ᠋ᠰᠢᠬᠦᠯᠬᠦ ᠰᠠᠭᠤᠷᠢᠨ ᠭᠠᠵᠡᠷ ᠢ ᠪᠦᠳᠦᠭᠡᠨ ᠪᠠᠶᠢᠭᠤᠯᠵᠦ᠂ ᠮᠣᠩᠭᠤᠯ ᠬᠢᠳᠡᠳ ᠡᠮ ᠡᠮᠨᠡᠯᠭᠡ ᠶᠢᠨ ᠠᠵᠦ ᠦᠢᠯᠡᠰ ᠢ ᠬᠦᠴᠦᠷᠭᠡᠭᠵᠢᠬᠦᠯᠦᠨ᠎ᠠ᠃
ᠰᠢᠨᠵᠢᠯᠡᠬᠦ ᠣᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠡᠷᠴᠢᠮ ᠢ ᠴᠢᠩᠭᠠᠷᠡᠭᠤᠯᠥᠨ᠎ᠠ᠃ ᠴᠠᠪᠡᠷ ᠡᠨᠧᠷᠬᠢ᠂ ᠣᠳᠣ ᠦᠶ᠎ᠠ ᠶᠢᠨ ᠨᠡᠬᠦᠷᠡᠰᠦ ᠬᠢᠮᠢ ᠶᠢᠨ ᠠᠵᠦ ᠦᠢᠯᠡᠳᠪᠦᠷᠢ᠂ ᠦᠩᠭᠡᠳᠣ ᠳᠡᠮᠦᠷᠯᠢᠭ᠂ ᠳᠡᠭᠡᠳᠣ ᠦᠵᠦᠭᠦᠷ ᠤᠨ ᠲᠣᠨᠤᠭ ᠳᠦᠬᠦᠭᠡᠷᠦᠮᠵᠢ᠂ ᠳᠡᠷᠢᠶᠡᠯᠡᠩ ᠮᠠᠯ ᠤᠨ ᠠᠰᠢᠭ ᠰᠢᠮ᠎ᠡ ᠶᠢᠨ ᠪᠦᠳᠦᠭᠡᠭᠳᠡᠬᠦᠨ ᠡᠳ᠋ᠰᠢᠬᠦᠯᠬᠦ ᠵᠡᠷᠭᠡ ᠭᠤᠤᠯᠳᠡᠯᠭ᠎ᠠ ᠲᠠᠢ ᠬᠦᠷᠢᠶ᠎ᠡ ᠴᠡᠷᠠᠭ᠎ᠠ ᠳᠤ ᠮᠡᠷᠭᠡᠵᠢᠯ ᠤᠨ ᠰᠢᠪᠳᠣᠯᠣᠯᠳᠠ ᠶᠢ ᠦᠷᠨᠢᠭᠦᠯᠵᠣ᠂ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠬᠤ ᠶᠢ ᠳᠥᠷᠭᠡᠳᠭᠡᠵᠦ᠂ ᠵᠠᠬ᠎ᠠ ᠳᠡᠯᠭᠡᠬᠦᠷ ᠢᠶᠠᠷ ᠣᠳᠣᠷᠢᠳᠣᠮᠵᠢ ᠪᠤᠯᠭᠠᠨᠨᠰᠠᠨ᠂ ᠦᠢᠯᠡᠳᠪᠦᠷᠢᠯᠡᠬᠦ ᠰᠤᠷᠭᠠᠬᠤ ᠰᠤᠳᠤᠯᠬᠤ ᠣᠶᠠᠯᠳᠣᠠᠠᠰᠠᠨ ᠰᠢᠨᠵᠢᠯᠡᠬᠦ ᠣᠬᠠᠭᠠᠨ ᠮᠡᠷᠭᠡᠵᠢᠯ ᠤᠨ ᠦᠷ᠎ᠠ ᠪᠦᠳᠦᠭᠡᠯ ᠢ ᠤᠯᠠᠷᠢᠭᠤᠯᠵᠤ ᠳᠡᠯᠭᠡᠷᠡᠬᠦᠯᠬᠦ ᠰᠢᠰᠲ᠋ᠧᠮᠵᠢ ᠶᠢ ᠪᠠᠶᠢᠭᠤᠯᠥᠨ᠎ᠠ᠃ ᠭᠤᠤᠯᠳᠡᠯᠭ᠎ᠠ ᠲᠠᠢ ᠲᠤᠷᠰᠢᠯᠳᠡ ᠶᠢᠨ ᠳᠠᠰᠤᠭ᠂ ᠢᠨᠵᠧᠨᠧᠷᠢᠩ ᠰᠤᠳᠤᠯᠬᠤ ᠲᠥᠪ ᠵᠡᠷᠭᠡ ᠰᠢᠨ᠎ᠠ ᠶᠢ ᠡᠭᠦᠣᠡᠭᠦ ᠳᠠᠪᠴᠠᠩ ᠤᠨ ᠪᠦᠳᠦᠭᠡᠨ ᠪᠠᠶᠢᠭᠤᠯᠥᠯᠳᠡ ᠶᠢ ᠴᠢᠩᠭᠠᠣᠠᠬᠠᠵᠣ᠂ ᠬᠦᠬᠡᠬᠤᠳᠡ ᠪᠤᠭᠤᠳᠣ ᠣᠷᠳᠣᠰ ᠤᠨ ᠪᠡᠶ᠎ᠡ ᠪᠠᠨ ᠳᠠᠭᠠᠭᠠᠨ ᠰᠢᠨ᠎ᠡ ᠶᠢ ᠡᠬᠦᠳᠬᠦ ᠶᠢᠨ ᠵᠢᠱᠢᠶ᠎ᠠ ᠦᠵᠡᠬᠦᠯᠬᠦ ᠲᠤᠭᠤᠷᠢᠭ ᠢ ᠢᠳᠡᠪᠬᠢᠳᠡᠢ ᠪᠠᠷ ᠡᠬᠦᠳᠣᠨ ᠪᠠᠶᠢᠭᠤᠯᠥᠨ᠎ᠠ᠃ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠬᠦᠳᠬᠦ ᠳᠤ ᠣᠷᠣᠭᠤᠯᠥᠯᠳᠡ ᠶᠢ ᠨᠡᠮᠡᠭᠳᠡᠬᠦᠯᠵᠦ᠂ ᠰᠢᠨ᠎ᠡ ᠮᠡᠷᠭᠡᠵᠢᠯ᠂ ᠰᠢᠨ᠎ᠡ ᠦᠢᠯᠡᠳᠬᠦᠨ᠂ ᠰᠢᠨ᠎ᠡ ᠦᠢᠯᠡᠴᠢᠯᠡᠭᠡᠨ ᠳᠤ ᠵᠠᠰᠠᠭ ᠤᠨ ᠣᠷᠳᠣᠨ ᠤ ᠬᠤᠳᠠᠯᠳᠣᠨ ᠠᠪᠠᠨ᠋ᠥ ᠡᠷᠴᠢᠮ ᠢ ᠴᠢᠩᠭᠠᠷᠡᠭᠤᠯᠥᠨ᠎ᠠ᠃ ᠰᠢᠨᠵᠢᠯᠡᠬᠦ ᠣᠬᠠᠭᠠᠨ ᠮᠡᠷᠭᠡᠵᠢᠯ ᠤᠨ ᠪᠠᠶᠢᠭᠤᠯᠥᠯ ᠤᠨ ᠦᠭᠡᠷᠡᠴᠢᠯᠡᠯᠳᠡ ᠶᠢ ᠬᠦᠨᠵᠡᠭᠡᠶᠢᠷᠡᠬᠦᠯᠵᠦ᠂ ᠰᠢᠨᠵᠢᠯᠡᠬᠦ ᠣᠬᠠᠭᠠᠨ ᠤ ᠰᠤᠳᠤᠯᠤᠯ ᠤᠨ ᠠᠵᠢᠯᠳᠠᠳ ᠤᠨ ᠰᠣᠳᠣᠯᠣᠨ ᠨᠡᠭᠡᠭᠡᠭᠰᠡᠨ ᠦᠷ᠎ᠠ ᠪᠦᠳᠦᠭᠡᠯ ᠢᠶᠠᠨ ᠤᠯᠠᠷᠢᠭᠤᠯᠬᠤ ᠠᠰᠢᠭ ᠣᠷᠣᠯᠭ᠎ᠠ ᠶᠢᠨ ᠬᠠᠷᠢᠴᠡᠯ ᠢ ᠳᠡᠭᠡᠭᠰᠢᠯᠡᠬᠦᠯᠵᠦ᠂ ᠰᠢᠨᠵᠢᠯᠡᠬᠦ ᠣᠬᠠᠭᠠᠨ ᠤ ᠰᠤᠳᠤᠯᠤᠯ ᠤᠨ ᠠᠵᠢᠯᠳᠠᠳ ᠤᠨ ᠰᠢᠨ᠎ᠡ ᠶᠢ ᠡᠭᠦᠳᠴᠦ ᠠᠲᠡᠯ ᠦᠢᠯᠡᠰ ᠴᠣᠭᠴᠠᠯᠠᠬᠤ ᠶᠢ ᠵᠣᠷᠢᠠᠠᠵᠢᠭᠤᠯᠥᠨ᠎ᠠ᠃ ᠴᠢᠳᠠᠪᠤᠷᠢᠲᠠᠳ ᠢ ᠳᠡᠳᠠᠬᠤ ᠬᠦᠴᠦᠨ ᠢᠶᠠᠷ ᠴᠢᠩᠭ᠎ᠠ ᠳᠥᠷᠥ ᠶᠢᠨ ᠪᠤᠳᠣᠯᠭ᠎ᠠ ᠶᠢ ᠲᠣᠠᠠᠳᠠᠭᠠᠵᠦ᠂ ᠪᠦᠭᠦ ᠨᠠᠶᠢᠭᠡᠮ ᠢᠶᠠᠷ ᠢᠶᠠᠨ ᠴᠢᠳᠠᠪᠣᠷᠢᠳᠠᠨ ᠢ ᠬᠦᠨᠳᠦᠳᠬᠡᠬᠦ ᠪᠠ ᠴᠢᠳᠠᠪᠣᠷᠢᠳᠠᠨ ᠢ ᠬᠠᠯᠠᠮᠵᠢᠯᠠᠬᠤ ᠠᠭᠤᠷ ᠠᠮᠢᠰᠬᠤᠯ ᠢ ᠪᠣᠢ ᠪᠣᠯᠭᠠᠵᠣ᠂ ᠨᠡᠩ ᠡᠯᠪᠡᠭ ᠡᠬᠢ ᠪᠠᠶᠠᠯᠢᠭ ᠢ ᠴᠢᠳᠠᠪᠣᠷᠢᠳᠠᠨ ᠤ ᠣᠷᠣᠭᠤᠯᠣᠯᠳᠠ ᠳᠤ ᠬᠠᠨᠳᠣᠭᠤᠯᠵᠣ᠂ ᠳᠡᠳᠡᠨ ᠤ ᠠᠪᠢᠶᠠᠰ ᠪᠢᠯᠢᠭ ᠢ ᠨᠢ ᠪᠠᠳᠠᠷᠠᠭᠤᠯᠤᠨ᠎ᠠ᠃ ᠲᠦᠭ ᠳᠥᠮᠡᠨ ᠢᠶᠠᠷ ᠢᠶᠠᠨ ᠠᠳᠡᠯ ᠦᠢᠯᠡᠰ ᠴᠣᠠᠠᠴᠠᠯᠠᠨ᠂ ᠳᠥᠮᠡᠨ ᠣᠯᠡᠨ ᠢᠶᠠᠷ ᠢᠶᠠᠨ ᠰᠢᠨ᠎ᠡ ᠶᠢ ᠡᠬᠦᠳᠬᠦ ᠶᠢ ᠠᠬᠢᠭᠤᠯᠵᠦ᠂ ᠲᠦᠭ ᠳᠥᠮᠡᠨ ᠢᠶᠠᠷ ᠢᠶᠠᠨ ᠠᠲᠡᠯ ᠦᠢᠯᠡᠰ ᠴᠣᠠᠠᠴᠠᠯᠠᠬᠤ᠂ ᠲᠦᠭ ᠳᠥᠮᠡᠨ ᠢᠶᠠᠷ ᠢᠶᠠᠨ ᠳᠠᠭᠠᠭᠠᠴᠢᠯᠠᠬᠤ᠂ ᠲᠦᠭ ᠳᠥᠮᠡᠨ ᠢᠶᠠᠷ ᠢᠶᠠᠨ ᠳᠡᠳᠬᠦᠬᠦ᠂ ᠲᠦᠭ ᠳᠥᠮᠡᠨ ᠢᠶᠠᠷ ᠢᠶᠠᠨ ᠬᠤᠷᠠᠮᠳᠤᠭᠤᠯᠬᠤ ᠵᠡᠷᠭᠡ ᠠᠰᠢᠭ ᠬᠦᠷᠲᠡᠬᠦ ᠠᠵᠦ ᠠᠬᠤᠢ ᠶᠢ ᠢᠳᠡᠪᠬᠢᠳᠡᠢ ᠪᠠᠷ ᠬᠦᠭᠵᠢᠬᠦᠯᠥᠨ᠎ᠠ᠃ ᠠᠷᠠᠳ ᠢᠷᠭᠡᠳ ᠤᠨ ᠰᠢᠨᠵᠢᠯᠡᠬᠦ ᠣᠬᠠᠭᠠᠨ ᠤ ᠬᠡᠪ ᠪᠤᠯᠪᠠᠰᠣᠷᠡᠯ ᠢ ᠳᠡᠭᠡᠭᠰᠢᠯᠡᠬᠦᠯᠵᠦ᠂ ᠰᠢᠨ᠎ᠡ ᠶᠢ ᠡᠬᠦᠳᠬᠦ ᠰᠣᠶᠣᠯ ᠢ ᠪᠣᠢ ᠪᠣᠯᠭᠠᠨ᠂ ᠪᠦᠬᠦ ᠨᠡᠶᠢᠭᠡᠮ ᠤᠨ ᠰᠢᠨ᠎ᠡ ᠶᠢ ᠡᠬᠦᠳᠬᠦ ᠠᠮᠢᠵᠢᠷᠡᠯ ᠤᠨ ᠬᠦᠴᠣᠨ ᠪᠠ ᠡᠬᠦᠳᠣᠨ ᠪᠦᠳᠦᠭᠡᠬᠦ ᠣᠷᠭᠢᠯᠤᠮ᠎ᠠ ᠰᠠᠳᠬᠢᠯᠭᠡ ᠶᠢ ᠬᠦᠭᠵᠢᠭᠡᠨ᠎ᠠ᠃
︵ᠳᠠᠪᠤ︶ ᠣᠳᠣ ᠦᠶ᠎ᠡ ᠶᠢᠨ ᠦᠢᠯᠡᠴᠢᠯᠡᠭᠡᠨ ᠤ ᠦᠢᠯᠡᠰ ᠤᠨ ᠭᠦᠭᠵᠢᠯᠳᠠ ᠶᠢ ᠲᠦᠷᠭᠡᠣᠡᠭᠡᠨ᠎ᠠ᠃ ᠦᠢᠯᠡᠴᠢᠯᠡᠭᠡᠨ ᠤ ᠦᠢᠯᠡᠰ ᠢ ᠭᠦᠭᠵᠢᠭᠦᠯᠭᠦ ᠪᠠᠨ ᠲᠣᠳᠣᠭᠠᠳᠣ ᠬᠡᠷᠩᠴᠡᠭᠡ ᠶᠢ ᠦᠷᠭᠡᠣᠡᠭᠦ᠂ ᠪᠦᠳᠣᠴᠨ ᠶᠢ ᠲᠣᠬᠢᠷᠠᠭᠤᠯᠬᠤ ᠪᠠ ᠭᠦᠭᠵᠢᠯᠳᠠ ᠶᠢᠨ ᠠᠷᠭ᠎ᠠ ᠪᠠᠷᠢᠯ ᠢ ᠬᠤᠪᠢᠷᠠᠭᠤᠯᠬᠤ ᠶᠢᠨ ᠴᠢᠬᠤᠯᠨ ᠪᠠᠶᠢᠯᠳᠣᠬᠤ ᠪᠣᠳᠣᠯᠭ᠎ᠠ ᠶᠢᠨ ᠡᠭᠦᠷᠭᠡ ᠪᠣᠯᠭᠠᠵᠣ᠂ ᠠᠵᠣ ᠠᠬᠤᠢ ᠶᠢᠨ ᠨᠡᠮᠡᠭᠳᠡᠯ ᠤᠨ ᠰᠢᠨ᠎ᠠ ᠭᠦᠳᠡᠯᠭᠡᠭᠦᠷ ᠢ ᠪᠣᠢ ᠪᠣᠯᠭᠠᠨ᠎ᠠ᠃
ᠬᠠᠮ ᠵᠢᠭᠤᠯᠴᠢᠯᠠᠯ᠂ ᠲᠦᠷᠪᠡᠨ ᠣᠯᠠᠷᠢᠯ ᠤᠨ ᠵᠢᠭᠤᠯᠴᠢᠯᠠᠯ ᠢ ᠭᠦᠭᠵᠢᠭᠦᠯᠵᠣ᠂ ︽ᠵᠢᠭᠤᠯᠴᠢᠯᠠᠯ +︾ ᠪᠠᠶᠢᠯᠳᠣᠬᠤ ᠪᠣᠳᠣᠯᠭ᠎ᠠ ᠶᠢ ᠬᠡᠷᠩᠵᠢᠭᠦᠯᠣᠨ᠂ ᠬᠠᠮ ᠭᠦᠴᠣᠨ ᠵᠦᠢᠯ᠂ ᠬᠠᠮ ᠠᠵᠣ ᠦᠢᠯᠡᠰ ᠤᠨ ᠬᠡᠯᠬᠢᠶᠡᠵᠢᠭᠰᠡᠨ ᠵᠢᠭᠤᠯᠴᠢᠯᠠᠯ ᠤᠨ ᠭᠦᠭᠵᠢᠯᠳᠠ ᠶᠢᠨ ᠵᠠᠭᠪᠣᠷ ᠢ ᠪᠦᠷᠢᠯᠳᠣᠭᠦᠯᠣᠨ᠎ᠠ᠃ ᠪᠣᠬᠢᠷᠳᠣᠯ ᠦᠭᠡᠢ ᠭᠦᠭᠵᠢᠯᠳᠠ ᠶᠢᠨ ᠣᠨᠣᠯᠵᠢᠬᠤᠨ ᠢ ᠵᠢᠭᠤᠯᠴᠢᠯᠠᠯ ᠤᠨ ᠦᠢᠯᠡᠰ ᠤᠨ ᠲᠦᠯᠣᠪᠵᠢᠭᠦᠯᠭᠡ᠂ ᠪᠦᠳᠣᠭᠡᠨ ᠪᠠᠶᠢᠭᠤᠯᠣᠯᠳᠠ ᠪᠠ ᠬᠠᠮᠢᠶᠠᠷᠤᠯᠳᠠ ᠶᠢᠨ ᠪᠦᠭᠦ ᠶᠠᠪᠤᠴᠠ ᠳᠤ ᠠᠭᠤᠰᠣᠯᠴᠠᠭᠤᠯᠣᠨ᠎ᠠ᠃ ᠰᠣᠶᠣᠯ ᠬᠢᠭᠡᠣᠨ ᠵᠢᠭᠤᠯᠴᠢᠯᠠᠯ ᠤᠨ ᠠᠭᠤᠰᠣᠯᠴᠠᠨ ᠭᠦᠭᠵᠢᠭᠦ ᠶᠢ ᠠᠬᠢᠭᠤᠯᠵᠣ᠂ ᠵᠢᠭᠤᠯᠴᠢᠯᠠᠯ ᠤᠨ ᠴᠢᠨᠠᠷ ᠳᠡᠰ ᠪᠠ ᠠᠭᠤᠯᠣᠭᠳᠠᠬᠤᠨ ᠢ ᠳᠡᠭᠡᠭᠰᠢᠯᠡᠭᠦᠯᠣᠨ᠎ᠠ᠃ ᠵᠢᠭᠤᠯᠴᠢᠯᠠᠯ ᠤᠨ ᠪᠡᠯᠨ ᠣᠷᠣᠭᠤᠯᠵᠣ ᠲᠣᠬᠢᠷᠠᠭᠤᠯᠬᠤ ᠲᠠᠪᠴᠠᠩ ᠪᠠ ᠠᠵᠣ ᠦᠢᠯᠡᠰ ᠤᠨ ᠭᠦᠭᠵᠢᠯᠳᠠ ᠶᠢᠨ ᠰᠠᠭᠤᠷᠢ ᠮᠦᠩᠭᠦ ᠶᠢ ᠪᠠᠶᠢᠭᠤᠯᠤᠨ᠎ᠠ᠃ ᠵᠢᠭᠤᠯᠴᠢᠯᠠᠯ ᠤᠨ ᠬᠠᠮᠢᠶᠠᠷᠣᠯᠳᠠ ᠶᠢᠨ ᠪᠠᠶᠢᠭᠤᠯᠣᠯ ᠤᠨ ᠦᠭᠡᠷᠡᠴᠢᠯᠡᠯᠳᠠ ᠶᠢ ᠲᠦᠷᠭᠡᠣᠡᠭᠡᠨ᠂ ᠣᠬᠠᠭᠠᠯᠢᠭ ᠵᠢᠭᠤᠯᠴᠢᠯᠠᠯ ᠤᠨ ᠰᠢᠰᠲ᠋ᠧᠮᠵᠢ ᠶᠢ ᠪᠠᠶᠢᠭᠤᠯᠵᠣ᠂ ᠵᠢᠭᠤᠯᠴᠢᠯᠠᠯ ᠤᠨ ᠬᠠᠮᠢᠶᠠᠷᠣᠯᠳᠠ ᠶᠢᠨ ᠦᠢᠯᠡᠴᠢᠯᠡᠭᠡᠨ ᠤ ᠬᠢᠷᠢ ᠭᠡᠮᠵᠢᠶ᠎ᠠ ᠪᠠᠨ ᠳᠡᠭᠡᠭᠰᠢᠯᠡᠭᠦᠯᠣᠨ᠎ᠠ᠃ ᠲᠤᠰᠬᠠᠢᠢᠵᠢᠬᠰᠠᠨ ᠪᠦᠬᠡᠳ ᠲᠦᠢᠯ ᠤᠨ ᠣᠨᠣᠪᠴᠢᠲᠠᠢ ᠡᠵᠡᠩᠨᠡᠵᠦ ᠪᠤᠷᠤᠯᠠᠭᠤᠯᠬᠤ ᠶᠢ ᠬᠡᠷᠩᠵᠢᠭᠦᠯᠵᠣ᠂ ᠦᠪᠣᠷ ᠮᠣᠩᠭᠤᠯ ᠤᠨ ᠵᠢᠭᠤᠯᠴᠢᠯᠠᠯ ᠢ ᠣᠯᠣᠰ ᠤᠨ ᠲᠣᠳᠣᠭᠠᠳᠣ ᠭᠠᠳᠠᠭᠠᠳᠣ ᠳᠤ ᠠᠯᠳᠠᠷᠰᠢᠭᠤᠯᠣᠨᠠ᠃
ᠰᠢᠨ᠎ᠠ ᠬᠡᠯᠪᠡᠷᠢ ᠶᠢᠨ ᠮᠦᠩᠭᠦᠨ ᠭᠦᠢᠯᠭᠡᠭᠡᠨ ᠤ ᠭᠤᠣᠯ ᠴᠣᠭᠴᠨ ᠶᠢ ᠪᠦᠢᠵᠢᠭᠤᠯᠵᠣ᠂ ᠣᠷᠣᠨ ᠤ ᠭᠠᠳᠠᠨᠠᠬᠢ ᠮᠦᠩᠭᠦᠨ ᠭᠦᠢᠯᠭᠡᠭᠡᠨ ᠤ ᠪᠠᠶᠢᠭᠤᠯᠣᠮᠵᠢ ᠶᠢ ᠳᠠᠳᠠᠨ ᠣᠷᠤᠭᠤᠯᠵᠤ᠂ ᠣᠷᠣᠨ ᠨᠣᠳᠤᠭ ᠤᠨ ᠮᠦᠩᠭᠦᠨ ᠭᠦᠢᠯᠭᠡᠭᠡᠨ ᠢ ᠭᠦᠭᠵᠢᠭᠦᠯᠣᠨ ᠭᠦᠴᠣᠷᠭᠡᠭᠵᠢᠭᠦᠯᠵᠣ᠂ ᠣᠯᠠᠨ ᠳᠡᠰ ᠳᠠᠪᠬᠤᠷᠭᠠᠳᠣ᠂ ᠦᠷᠭᠡᠨ ᠢᠶᠠᠷ ᠬᠠᠮᠤᠷᠤᠭᠰᠠᠨ ᠮᠦᠩᠬᠦᠨ ᠭᠦᠢᠯᠭᠡᠭᠡᠨ ᠤ ᠰᠢᠰᠲ᠋ᠧᠮᠵᠢ ᠶᠢ ᠲᠡᠭᠦᠯᠳᠡᠷᠵᠢᠭᠦᠯᠣᠨ᠎ᠠ᠃ ᠮᠦᠩᠭᠦᠨ ᠭᠦᠢᠯᠭᠡᠭᠡᠨ ᠤ ᠨᠡᠷᠡᠣᠡᠭᠦᠨ ᠪᠠ ᠦᠢᠯᠡᠴᠢᠯᠡᠭᠡᠨ ᠳᠤ ᠰᠢᠨ᠎ᠠ ᠶᠢ ᠡᠭᠦᠳᠦᠨ᠂ ᠪᠤᠬᠢᠷᠳᠤᠯ ᠦᠬᠡᠢ ᠮᠦᠩᠬᠦᠨ ᠭᠦᠢᠯᠭᠡᠭᠡᠨ ᠢ ᠶᠡᠭᠡᠪᠡᠷ ᠬᠥᠭᠵᠢᠭᠦᠯᠦᠨ᠎ᠡ᠃ ᠲᠦᠭᠡᠮᠡᠯ ᠬᠠᠷᠭᠠᠯᠵᠠᠯᠳᠣ ᠮᠦᠩᠭᠦᠨ ᠭᠦᠢᠯᠭᠡᠭᠡᠨ ᠤ ᠭᠦᠭᠵᠢᠯᠳᠠ ᠶᠢ ᠲᠦᠷᠭᠡᠣᠡᠭᠡᠨ᠂ ᠵᠢᠵᠢᠭ ᠪᠢᠴᠢᠯ ᠠᠵᠣ ᠠᠬᠤᠶᠢᠯᠡᠯ ᠤᠨ ᠵᠢᠭᠡᠯᠡᠯᠭᠡ ᠠᠪᠬᠤ ᠳᠤ ᠭᠦᠴᠢᠷ᠂ ᠮᠠᠯᠴᠢᠬᠤ ᠳᠠᠷᠢᠶᠠᠯᠠᠬᠤ ᠣᠷᠣᠨ ᠤ ᠦᠨᠳᠣᠷ ᠭᠦᠣ ᠶᠢᠨ ᠵᠢᠭᠡᠯᠡᠯᠭᠡ ᠵᠡᠷᠭᠡ ᠠᠰᠠᠭᠤᠳᠠᠯ ᠢ ᠭᠦᠴᠣᠯᠠᠨ ᠰᠢᠢᠣᠡᠪᠣᠷᠢᠯᠡᠨ᠎ᠠ᠃ ᠳᠠᠭᠠᠣᠠᠬᠠᠯ ᠤᠨ ᠵᠠᠬ᠎ᠠ ᠳᠡᠯᠭᠡᠭᠦᠷ ᠤᠨ ᠰᠢᠰᠲ᠋ᠧᠮᠵᠢ ᠶᠢᠨ ᠪᠠᠶᠢᠭᠤᠯᠣᠯᠳᠠ ᠶᠢ ᠲᠦᠷᠭᠡᠣᠡᠭᠡᠨ᠂ ᠳᠠᠭᠠᠣᠠᠬᠠᠯ ᠤᠨ ᠦᠢᠯᠡᠰ ᠤᠨ ᠪᠠᠳᠤᠯᠠᠵᠦ ᠦᠢᠯᠡᠴᠢᠯᠡᠭᠦ ᠴᠢᠳᠠᠪᠣᠷᠢ ᠶᠢ ᠳᠡᠭᠡᠭᠰᠢᠯᠡᠭᠦᠯᠣᠨ᠎ᠠ᠃ ᠮᠦᠩᠭᠦᠨ ᠭᠦᠢᠯᠭᠡᠭᠡᠨ ᠤ ᠲᠦᠭᠰᠢᠭᠦᠷᠢ ᠶᠢ ᠰᠡᠷᠭᠡᠶᠢᠯᠡᠨ ᠡᠵᠡᠮᠳᠠᠭᠦ ᠠᠵᠢᠯ ᠢ ᠰᠠᠶᠢᠳᠣᠷ ᠬᠢᠵᠣ᠂ ᠬᠢᠨᠠᠨ ᠰᠢᠨᠵᠢᠵᠣ ᠣᠷᠢᠣᠡᠴᠢᠯᠠᠨ ᠰᠡᠷᠡᠮᠵᠢᠯᠡᠬᠦᠯᠬᠦ ᠪᠠ ᠪᠠᠴᠢᠮ ᠪᠠᠶᠢᠳᠠᠯ ᠢ ᠠᠷᠭᠠᠴᠠᠨ ᠰᠢᠢᠣᠡᠪᠣᠷᠢᠯᠡᠭᠦ ᠲᠣᠭᠳᠠᠴᠨ ᠪᠠᠨ ᠳᠡᠭᠦᠯᠳᠡᠷᠵᠢᠭᠦᠯᠣᠨ᠂ ᠮᠦᠡᠭᠬᠦᠨ ᠬᠦᠢᠯᠬᠡᠬᠡᠨ ᠤ ᠪᠠᠶᠢᠭᠤᠯᠤᠮᠵᠢ ᠶᠢ ᠲᠠᠮᠵᠢᠵᠦ ᠪᠠᠶᠢᠭᠠᠳ ᠵᠦᠢ ᠪᠤᠰᠤ ᠵᠢᠬᠡᠯᠡᠯᠬᠡ ᠶᠢ ᠬᠠᠤᠯᠢ ᠶᠤᠰᠤᠭᠠᠷ ᠰᠢᠢᠳᠪᠦᠷᠢᠯᠡᠵᠦ᠂ ᠰᠢᠰᠲ᠋ᠧᠮ ᠤᠨ ᠴᠢᠨᠠᠷᠳᠠᠢ᠂ ᠣᠷᠣᠨ ᠪᠦᠰᠨ ᠶᠢᠨ ᠴᠢᠨᠠᠷᠳᠠᠢ ᠲᠦᠭᠰᠢᠭᠦᠷᠢ ᠭᠠᠷᠭᠠᠬᠤ ᠦᠭᠡᠢ ᠪᠠᠶᠢᠬᠤ ᠬᠤᠷᠢᠭ᠎ᠠ ᠱᠣᠭᠤᠮ ᠢ ᠡᠷᠡᠰ ᠰᠠᠬᠢᠨ ᠬᠠᠮᠠᠭᠠᠯᠠᠨ᠎ᠠ᠃
ᠣᠳᠣ ᠦᠶ᠎ᠡ ᠶᠢᠨ ᠪᠠᠷᠠᠭᠠᠨ ᠤ ᠭᠦᠢᠯᠭᠡᠭᠡ ᠶᠢᠨ ᠦᠢᠯᠡᠰ ᠢ ᠭᠦᠭᠵᠢᠭᠦᠯᠵᠣ᠂ ᠨᠢᠭᠡ ᠪᠦᠯᠦᠭ ᠲᠤᠮᠤ ᠬᠡᠯᠪᠡᠷᠢ ᠶᠢᠨ ᠪᠠᠷᠠᠭᠠᠨ ᠤ ᠭᠦᠢᠯᠭᠡᠭᠡ ᠶᠢᠨ ᠭᠦᠷᠢᠶᠡᠯᠡᠩ ᠲᠣᠭᠤᠷᠢᠭ᠂ ᠪᠠᠷᠠᠭᠠᠨ ᠤ ᠭᠦᠢᠯᠭᠡᠭᠡ ᠶᠢᠨ ᠲᠣᠬᠢᠷᠠᠭᠤᠯᠣᠨ ᠭᠦᠷᠭᠡᠭᠦ ᠲᠦᠪ ᠪᠠ ᠡᠯᠧᠺᠳ᠋ᠷᠣᠨ ᠬᠤᠳᠠᠯᠳᠣᠭᠠᠨ ᠤ ᠶᠠᠪᠣᠳᠠᠯ ᠤᠨ ᠵᠢᠱᠢᠶ᠎ᠠ ᠦᠵᠡᠭᠦᠯᠭᠦ ᠬᠤᠳᠠ ᠶᠢ ᠪᠦᠳᠣᠭᠡᠨ ᠪᠠᠶᠢᠭᠤᠯᠵᠣ᠂ ᠬᠤᠰᠢᠭᠤ ᠰᠢᠶᠠᠨ᠂ ᠰᠣᠮᠣ ᠰᠢᠶᠠᠩ ᠪᠠᠯᠭᠠᠰᠣ᠂ ᠭᠠᠴᠠᠭ᠎ᠠ ᠲᠣᠰᠬᠤᠨ ᠤ ᠪᠠᠷᠠᠭᠠᠨ ᠤ ᠭᠦᠢᠯᠭᠡᠭᠡ ᠶᠢᠨ ᠰᠢᠰᠲ᠋ᠧᠮᠵᠢ ᠶᠢ ᠳᠡᠭᠦᠯᠳᠡᠷᠵᠢᠭᠦᠯᠣᠨ᠂ ᠭᠤᠷᠪᠠᠳᠠᠬᠢ ᠡᠳᠡᠭᠡᠣᠨ ᠤᠨ ᠪᠠᠷᠠᠭᠠᠨ ᠤ ᠭᠦᠢᠯᠭᠡᠭᠡ ᠶᠢᠨ ᠠᠵᠣ ᠠᠬᠤᠶᠢᠯᠡᠯ ᠢ ᠢᠳᠡᠪᠬᠢᠳᠠᠢ ᠪᠤᠶᠢᠵᠢᠭᠤᠯᠣᠨ᠎ᠠ︔ ᠡᠷᠡᠭᠦᠯᠵᠢᠯ ᠨᠠᠰᠣᠵᠢᠯ ᠤᠨ ᠠᠵᠣ ᠦᠢᠯᠡᠰ ᠢ ᠭᠦᠭᠵᠢᠭᠦᠯᠵᠣ᠂ ᠡᠮᠴᠢᠯᠡᠭᠡ ᠰᠣᠪᠢᠯᠠᠯᠳᠠ ᠠᠰᠠᠷᠠᠯᠲᠠ ᠶᠢᠨ ᠣᠶᠠᠯᠳᠣᠭᠤᠯ ᠢ ᠠᠬᠢᠭᠤᠯᠣᠨ᠂ ᠦᠢᠯᠡᠴᠢᠯᠡᠭᠡᠨ ᠤ ᠬᠠᠩᠭᠠᠯᠭ᠎ᠠ ᠶᠢ ᠦᠷᠭᠡᠣᠡᠭᠡᠨ᠎ᠠ︔ ᠴᠣᠭᠯᠠᠭᠠᠨ ᠦᠵᠡᠭᠦᠯᠣᠯᠭᠡ ᠶᠢᠨ ᠦᠢᠯᠡᠰ ᠢ ᠭᠦᠭᠵᠢᠭᠦᠯᠵᠣ᠂ ᠨᠢᠭᠡ ᠪᠦᠯᠦᠭ ᠦᠪᠡᠷ ᠦᠪᠡᠷ ᠤᠨ ᠣᠨᠴᠠᠯᠢᠭ ᠪᠠ ᠨᠦᠯᠣᠭᠡᠯᠡᠭᠦ ᠭᠦᠴᠣᠨ ᠲᠠᠢ ᠴᠣᠭᠯᠠᠭᠠᠨ ᠦᠵᠡᠭᠦᠯᠣᠯᠭᠡ ᠶᠢᠨ ᠨᠠᠷᠡᠳᠣ ᠲᠦᠷᠣᠯ ᠳᠡᠮᠳᠡᠭᠳᠣ ᠶᠢ ᠪᠣᠢ ᠪᠣᠯᠭᠠᠨ᠎ᠠ︔ ᠪᠡᠶ᠎ᠡ ᠴᠢᠬᠢᠷᠠᠭᠵᠢᠭᠤᠯᠬᠤ ᠪᠠ ᠰᠡᠯᠡᠭᠦᠴᠡᠯ᠂ ᠣᠷᠣᠯᠳᠣᠭᠠᠨ ᠪᠠ ᠲᠣᠭᠯᠠᠯᠳᠠ᠂ ᠣᠷᠳᠣᠨ ᠳᠠᠯᠠᠪᠠᠢ ᠶᠢᠨ ᠦᠢᠯᠡᠴᠢᠯᠡᠭᠡ ᠵᠡᠷᠭᠡ ᠪᠠᠶ᠎ᠠ ᠶᠢᠨ ᠳᠠᠮᠢᠷ ᠤᠨ ᠠᠵᠣ ᠦᠢᠯᠡᠰ ᠢ ᠭᠦᠭᠵᠢᠭᠦᠯᠵᠣ᠂ ᠪᠠᠶ᠎ᠠ ᠶᠢᠨ ᠳᠠᠮᠢᠷ ᠤᠨ ᠠᠵᠣ ᠦᠢᠯᠡᠰ ᠤᠨ ᠵᠢᠱᠢᠶ᠎ᠠ ᠦᠵᠡᠭᠦᠯᠭᠦ ᠰᠠᠭᠤᠷᠢᠨ ᠭᠠᠵᠡᠷ ᠢ ᠪᠦᠳᠣᠭᠡᠨ ᠪᠠᠶᠢᠭᠤᠯᠣᠨ᠎ᠠ︔ ᠰᠢᠨᠵᠢᠯᠡᠭᠦ ᠣᠬᠠᠭᠠᠨ ᠮᠡᠷᠭᠡᠵᠢᠯ ᠤᠨ ᠯᠠᠪᠯᠠᠯᠭ᠎ᠠ᠂ ᠰᠣᠷᠭᠠᠨ ᠭᠦᠮᠣᠵᠢᠯ ᠤᠨ ᠪᠣᠯᠪᠠᠰᠣᠷᠠᠭᠤᠯᠣᠯ᠂ ᠬᠠᠣᠯᠢ ᠴᠠᠭᠠᠵᠨ ᠶᠢᠨ ᠦᠢᠯᠡᠴᠢᠯᠡᠭᠡ᠂ ᠬᠡᠷ ᠠᠬᠤᠢ ᠶᠢᠨ ᠦᠢᠯᠡᠴᠢᠯᠡᠭᠡ ᠵᠡᠷᠭᠡ ᠠᠵᠣ ᠦᠢᠯᠡᠰ ᠢ ᠭᠦᠭᠵᠢᠭᠦᠯᠵᠣ᠂ ᠣᠯᠠᠨ ᠲᠦᠮᠡᠨ ᠤ ᠣᠯᠠᠨ ᠶᠠᠩᠵᠣᠴᠢᠯᠠᠭᠰᠠᠨ ᠬᠡᠷᠩᠴᠡᠭᠡ ᠱᠠᠭᠠᠷᠳᠠᠯᠭ᠎ᠠ ᠶᠢ ᠬᠠᠩᠭᠠᠨ᠎ᠠ᠃
︵ᠵᠢᠷᠭᠤᠭ᠎ᠠ︶ ᠬᠤᠳᠠ ᠭᠦᠳᠡᠭᠡ ᠶᠢᠨ ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠬᠢᠷᠢ ᠲᠦᠪᠰᠢᠨ ᠢ ᠳᠡᠭᠡᠭᠰᠢᠯᠡᠭᠦᠯᠣᠨ᠎ᠠ᠃ ᠬᠤᠳᠠ ᠪᠠᠷ ᠬᠦᠳᠡᠭᠡ ᠶᠢ ᠳᠠᠶᠢᠴᠢᠯᠠᠵᠣ᠂ ᠬᠤᠳᠠ ᠭᠦᠳᠡᠭᠡ ᠶᠢᠨ ᠨᠢᠭᠡ ᠴᠣᠭᠴᠠᠵᠢᠭᠰᠠᠨ ᠬᠥᠭᠵᠢᠯᠲᠡ ᠶᠢ ᠠᠬᠢᠭᠤᠯᠤᠨ᠎ᠠ︔ ᠪᠠᠶᠢᠷᠢᠰᠢᠭᠤᠯᠣᠯᠳᠠ ᠶᠢ ᠰᠢᠯᠢᠳᠡᠭᠵᠢᠭᠦᠯᠣᠨ᠂ ᠣᠯᠠᠨ ᠲᠦᠢᠯ ᠢᠶᠠᠷ ᠲᠤᠯᠭᠠᠭᠤᠷᠢᠯᠠᠭᠰᠠᠨ ᠣᠷᠣᠨ ᠪᠦᠰᠡ ᠶᠢᠨ ᠬᠥᠭᠵᠢᠯᠲᠡ ᠶᠢᠨ ᠪᠠᠶᠢᠷᠢᠰᠢᠯ ᠢ ᠪᠦᠷᠢᠯᠳᠦᠭᠦᠯᠦᠨ᠎ᠡ᠃
ᠬᠤᠳᠠ ᠭᠦᠳᠡᠭᠡ ᠶᠢᠨ ᠭᠦᠭᠵᠢᠯᠳᠠ ᠶᠢ ᠨᠢᠭᠡᠳᠣᠯᠳᠠᠢ ᠲᠦᠯᠣᠪᠵᠢᠭᠦᠯᠣᠨᠠ᠃ ᠭᠦᠮᠣᠨ ᠢᠶᠠᠷ ᠦᠨᠳᠣᠰᠣ ᠪᠣᠯᠭᠠᠬᠤ᠂ ᠪᠠᠶᠢᠭᠠᠯᠢ ᠶᠢ ᠨᠠᠨᠳᠢᠩᠨᠠᠨ ᠡᠷᠬᠢᠮᠯᠡᠭᠦ᠂ ᠲᠡᠤᠬᠡ ᠪᠠᠨ ᠣᠯᠠᠮᠵᠢᠯᠠᠨ ᠵᠠᠯᠭᠠᠮᠵᠢᠯᠠᠬᠤ᠂ ᠨᠡᠭᠦᠷᠡᠰᠣᠳᠦ᠋ᠷᠣᠭ᠍ᠴᠢ ᠪᠠᠭ᠎ᠠ ᠭᠠᠳᠠᠭᠰᠢᠯᠠᠭᠤᠯᠵᠣ ᠪᠣᠬᠢᠷᠳᠣᠯ ᠦᠭᠡᠢ ᠪᠠᠶᠢᠯᠭᠠᠬᠤ ᠵᠡᠷᠭᠡ ᠣᠨᠣᠯᠵᠢᠬᠤᠨ ᠢ ᠬᠤᠳᠠ ᠶᠢᠨ ᠲᠦᠯᠣᠪᠵᠢᠭᠦᠯᠭᠡ ᠶᠢᠨ ᠪᠦᠭᠦ ᠶᠠᠪᠣᠴᠨ ᠳᠤ ᠠᠭᠤᠰᠬᠠᠵᠤ᠂ ᠲᠦᠯᠣᠪᠵᠢᠭᠦᠯᠭᠡ ᠶᠢᠨ ᠪᠠᠶᠢᠯᠳᠣᠬᠤ ᠪᠣᠳᠣᠯᠭ᠎ᠠ ᠶᠢᠨ ᠭᠦᠳᠣᠯᠣᠨ ᠳᠠᠭᠠᠭᠤᠯᠬᠤ ᠪᠠ ᠴᠢᠩᠭ᠎ᠠ ᠪᠠᠷ ᠡᠵᠡᠮᠰᠢᠭᠦ ᠶᠢ ᠴᠢᠩᠭᠠᠷᠠᠭᠤᠯᠣᠨ᠎ᠠ᠃ ᠬᠤᠳᠠ ᠶᠢᠨ ᠵᠢᠷᠤᠭ ᠲᠦᠯᠣᠪᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠣᠨ᠂ ᠨᠤᠲᠤᠭ ᠪᠦᠰᠨ ᠶᠢᠨ ᠣᠨᠴᠠᠯᠢᠭ ᠲᠠᠢ᠂ ᠦᠨᠳᠣᠰᠣᠳᠠᠨ ᠤ ᠦᠪᠡᠷᠮᠢᠴᠨ ᠣᠨᠴᠠᠯᠢᠭ ᠲᠠᠢ ᠪᠠ ᠰᠣᠶᠣᠯ ᠤᠨ ᠠᠭᠤᠯᠣᠭᠳᠠᠬᠤᠨ ᠲᠠᠢ ᠬᠤᠳᠠ ᠶᠢᠨ ᠲᠦᠷᠰᠣ ᠪᠠᠶᠢᠳᠠᠯ ᠢ ᠪᠦᠳᠣᠭᠡᠨᠠ᠃ ᠳᠡᠣᠭᠡ ᠰᠣᠶᠣᠯ ᠤᠨ ᠨᠠᠷᠡᠳᠣ ᠬᠤᠳᠠ᠂ ᠨᠡᠷᠡᠲᠦ ᠪᠠᠯᠭᠠᠰᠤ᠂ ᠨᠡᠷᠡᠲᠦ ᠵᠡᠭᠡᠯᠢ ᠭᠤᠳᠣᠮᠵᠢ ᠶᠢ ᠬᠠᠮᠠᠭᠠᠯᠠᠵᠤ᠂ ᠬᠤᠳᠠ ᠶᠢᠨ ᠳᠡᠣᠭᠡ ᠰᠣᠶᠣᠯ ᠤᠨ ᠣᠳᠣᠮᠰᠢᠯ ᠢ ᠦᠷᠭᠦᠯᠵᠢᠯᠡᠭᠦᠯᠣᠨᠠ᠃ ᠬᠤᠳᠠ ᠶᠢᠨ ᠰᠠᠭᠤᠷᠢ ᠪᠡᠯᠡᠣᠡᠭᠡᠮᠵᠢ ᠶᠢᠨ ᠪᠦᠳᠣᠭᠡᠨ ᠪᠠᠶᠢᠭᠤᠯᠣᠯᠳᠠ ᠶᠢ ᠴᠢᠩᠭᠠᠣᠠᠬᠠᠨ᠂ ᠰᠣᠷᠭᠠᠭᠤᠯᠢ᠂ ᠡᠮᠨᠡᠯᠭᠡ ᠶᠢᠨ ᠬᠤᠷᠢᠶ᠎ᠠ᠂ ᠰᠣᠶᠣᠯ᠂ ᠪᠠᠶ᠎ᠠ ᠶᠢᠨ ᠳᠠᠮᠢᠷ᠂ ᠬᠤᠳᠠᠯᠳᠤᠭ᠎ᠠ ᠵᠡᠷᠭᠡ ᠦᠢᠯᠡᠴᠢᠯᠡᠭᠡᠨ ᠤ ᠪᠡᠯᠡᠣᠡᠭᠡᠮᠵᠢ ᠶᠢ ᠵᠦᠢ ᠵᠣᠬᠢᠰᠳᠠᠢ ᠪᠠᠷ ᠪᠠᠶᠢᠷᠢᠰᠢᠭᠤᠯᠵᠣ᠂ ᠵᠠᠮ ᠬᠠᠷᠢᠯᠴᠠᠭᠠᠨ ᠤ ᠲᠦᠭᠵᠢᠷᠠᠯ᠂ ᠠᠭᠠᠷ ᠠᠮᠢᠰᠬᠤᠯ ᠤᠨ ᠪᠣᠬᠢᠷᠳᠣᠯ᠂ ᠬᠤᠳᠠ ᠶᠢ ᠬᠤᠭ ᠨᠣᠪᠰᠢ ᠭᠦᠷᠢᠶᠡᠯᠡᠬᠦ ᠵᠡᠷᠭᠡ ︽ᠬᠤᠳᠠ ᠶᠢᠨ ᠭᠡᠮ︾ ᠢ ᠭᠦᠴᠣᠯᠡᠨ ᠰᠢᠢᠣᠡᠪᠣᠷᠢᠯᠡᠨ᠎ᠠ᠃ ᠬᠤᠳᠠ ᠶᠢᠨ ᠬᠠᠮᠢᠶᠠᠷᠣᠯᠳᠠ ᠶᠢᠨ ᠪᠠᠶᠢᠭᠤᠯᠣᠯ ᠳᠤ ᠦᠭᠡᠷᠡᠴᠢᠯᠡᠯᠳᠠ ᠬᠢᠵᠣ᠂ ᠬᠤᠳᠠ ᠶᠢᠨ ᠴᠡᠭᠴᠡᠯᠡᠨ ᠵᠠᠰᠠᠬᠤ ᠴᠢᠳᠠᠪᠣᠷᠢ ᠶᠢ ᠳᠡᠭᠡᠭᠰᠢᠯᠡᠭᠦᠯᠦᠨ᠂ ᠣᠬᠠᠭᠠᠯᠢᠭ ᠬᠤᠳᠠ ᠶᠢᠨ ᠪᠦᠳᠣᠭᠡᠨ ᠪᠠᠶᠢᠭᠤᠯᠣᠯᠳᠠ ᠶᠢ ᠴᠢᠩᠭᠠᠣᠠᠬᠠᠨ᠎ᠠ᠃ ᠡᠷᠣᠭᠡ ᠠᠮᠨ ᠶᠢᠨ ᠳᠠᠩᠰᠨ ᠶᠢᠨ ᠲᠦᠷᠢᠮ ᠤᠨ ᠦᠭᠡᠷᠡᠴᠢᠯᠡᠯᠳᠠ ᠶᠢᠨ ᠠᠷᠭ᠎ᠠ ᠭᠡᠮᠵᠢᠶ᠎ᠠ ᠶᠢ ᠨᠠᠶᠢᠳᠠᠪᠣᠷᠢᠵᠢᠭᠤᠯᠵᠣ᠂ ᠰᠣᠷᠭᠠᠨ ᠭᠦᠮᠣᠵᠢᠯ᠂ ᠡᠮᠴᠢᠯᠡᠭᠡ᠂ ᠨᠠᠶᠢᠭᠡᠮ ᠤᠨ ᠳᠠᠭᠠᠣᠠᠬᠠᠯ᠂ ᠠᠵᠢᠯ ᠣᠯᠭᠤᠯᠳᠠ᠂ ᠣᠷᠣᠨ ᠰᠠᠭᠤᠴᠨ ᠶᠢᠨ ᠪᠠᠳᠣᠯᠠᠭ᠎ᠠ ᠵᠡᠷᠭᠡ ᠣᠯᠠᠨ ᠨᠠᠶᠢᠳᠠ ᠶᠢᠨ ᠦᠢᠯᠡᠴᠢᠯᠡᠭᠡᠨ ᠤ ᠲᠦᠷᠣ ᠶᠢᠨ ᠪᠣᠳᠣᠯᠭ᠎ᠠ ᠶᠢ ᠳᠡᠭᠦᠯᠳᠡᠷᠵᠢᠭᠦᠯᠣᠨ᠂ ᠮᠠᠯᠵᠢᠬᠤ ᠲᠠᠷᠢᠶᠠᠯᠠᠬᠤ ᠤᠷᠤᠨ ᠠᠴᠠ ᠰᠢᠯᠵᠢᠭᠰᠡᠨ ᠭᠦᠮᠣᠨ ᠠᠮᠨ ᠶᠢᠨ ᠬᠤᠳᠠ ᠶᠢᠨ ᠠᠷᠠᠣᠨ ᠪᠣᠯᠬᠤ ᠶᠢ ᠠᠬᠢᠭᠤᠯᠣᠨ᠎ᠠ᠃ ᠣᠨᠴᠠᠯᠢᠭᠳᠣ ᠠᠵᠣ ᠦᠢᠯᠡᠰ ᠢ ᠪᠦᠢᠵᠢᠭᠤᠯᠣᠨ᠂ ᠰᠢᠶᠠᠨ ᠤ ᠬᠡᠪᠴᠢᠶᠠᠨ ᠤ ᠠᠵᠣ ᠠᠬᠤᠢ ᠶᠢ ᠶᠡᠭᠡᠪᠡᠷ ᠭᠦᠭᠵᠢᠭᠦᠯᠣᠨ᠎ᠠ᠃ ᠰᠠᠭᠤᠷᠢ ᠪᠡᠯᠡᠣᠡᠭᠡᠮᠵᠢ ᠶᠢ ᠮᠠᠯᠵᠢᠬᠤ ᠳᠠᠷᠢᠶᠠᠯᠠᠬᠤ ᠣᠷᠣᠨ ᠳᠡᠰᠢ ᠣᠷᠳᠣᠣᠠᠬᠠᠬᠤ᠂ ᠣᠯᠠᠨ ᠨᠠᠶᠢᠳᠠ ᠶᠢᠨ ᠦᠢᠯᠡᠴᠢᠯᠡᠭᠡ ᠶᠢ ᠮᠠᠯᠵᠢᠬᠤ ᠳᠠᠷᠢᠶᠠᠯᠠᠬᠤ ᠣᠷᠣᠨ ᠳᠡᠰᠢ ᠦᠷᠭᠡᠣᠡᠭᠡᠨ ᠬᠥᠭᠵᠢᠭᠦᠯᠬᠦ ᠶᠢ ᠠᠬᠢᠭᠤᠯᠤᠨ᠎ᠠ᠃ ᠣᠷᠣᠭᠤᠯᠬᠤ ᠪᠠ ᠬᠠᠮᠢᠶᠠᠷᠴᠣ ᠬᠠᠮᠠᠭᠠᠯᠠᠬᠤ ᠲᠣᠭᠳᠠᠴᠨ ᠶᠢ ᠪᠦᠷᠢᠨᠰᠢᠭᠦᠯᠵᠦ᠂ ︽ᠠᠷᠪᠠ ᠶᠢ ᠪᠦᠷᠢᠨ ᠪᠦᠷᠬᠦᠭᠦᠯᠬᠦ︾ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠪᠠᠬᠢᠵᠢᠭᠦᠯᠦᠨ᠎ᠡ᠃ ᠨᠣᠷᠠᠬᠤ ᠠᠶᠣᠯᠳᠠᠢ ᠭᠡᠷ ᠪᠠᠶᠢᠰᠢᠩ ᠢ ᠦᠭᠡᠷᠡᠴᠢᠯᠡᠨ ᠰᠢᠨᠡᠳᠭᠡᠬᠦ ᠪᠠ ᠮᠠᠯᠴᠢᠨ ᠳᠠᠷᠢᠶᠠᠴᠢᠣᠨ ᠤᠨ ᠣᠷᠣᠰᠢᠨ ᠰᠠᠭᠤᠬᠤ ᠣᠷᠴᠢᠨ ᠲᠣᠭᠤᠷᠢᠨ ᠢ ᠰᠠᠶᠢᠵᠢᠷᠠᠭᠤᠯᠬᠤ ᠪᠠᠷ ᠭᠤᠣᠯᠳᠠᠯᠭ᠎ᠠ ᠪᠣᠯᠭᠠᠵᠣ᠂ ᠦᠵᠡᠰᠭᠦᠯᠡᠩᠳᠣ ᠭᠦᠳᠡᠭᠡ ᠲᠣᠰᠬᠤᠨ ᠢ ᠴᠣᠭᠴᠠᠯᠠᠨ ᠪᠠᠶᠢᠭᠤᠯᠣᠨ᠎ᠠ᠃
ᠣᠷᠣᠨ ᠪᠦᠰᠨ ᠶᠢᠨ ᠵᠣᠬᠢᠴᠠᠯᠳᠣᠨ ᠭᠦᠭᠵᠢᠭᠦ ᠶᠢ ᠠᠬᠢᠭᠤᠯᠣᠨ᠎ᠠ᠃ ᠬᠤᠷᠢᠡᠭᠡᠷ ᠢ ᠣᠯᠣᠰ ᠤᠨ ᠳᠡᠰ ᠤᠨ ᠰᠢᠨ᠎ᠠ ᠲᠣᠭᠤᠷᠢᠭ ᠢᠶᠠᠷ ᠮᠡᠳᠡᠭᠦᠯᠵᠣ ᠬᠢᠨᠠᠨ ᠵᠦᠪᠰᠢᠶᠡᠷᠡᠭᠦᠯᠭᠦ᠂ ᠲᠦᠯᠣᠪᠵᠢᠭᠦᠯᠭᠦ ᠵᠡᠷᠭᠡ ᠠᠵᠢᠯ ᠢ ᠰᠠᠶᠢᠳᠣᠷ ᠬᠢᠵᠣ᠂ ᠰᠠᠭᠤᠷᠢ ᠪᠡᠯᠡᠣᠡᠭᠡᠮᠵᠢ᠂ ᠠᠵᠣ ᠦᠢᠯᠡᠰ ᠤᠨ ᠭᠦᠭᠵᠢᠯᠳᠠ᠂ ᠭᠦᠮᠣᠨ ᠠᠮᠨ ᠶᠢᠨ ᠲᠦᠪᠯᠡᠷᠠᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠳᠠ ᠪᠠ ᠬᠤᠳᠠ ᠶᠢᠨ ᠴᠢᠳᠠᠮᠵᠢ ᠶᠢᠨ ᠪᠠᠶᠢᠷᠢᠰᠢᠭᠤᠯᠣᠯᠳᠠ ᠶᠢ ᠨᠢᠭᠡᠳᠣᠯᠳᠠᠢ ᠲᠦᠯᠣᠪᠵᠢᠭᠦᠯᠣᠨᠠ᠃ ᠭᠦᠭᠡᠬᠤᠳᠠ ᠪᠣᠭᠤᠳᠣ ᠣᠷᠳᠣᠰ ᠤᠨ ᠵᠣᠬᠢᠴᠠᠯᠳᠣᠨ ᠭᠦᠭᠵᠢᠭᠦ ᠶᠢ ᠲᠦᠷᠭᠡᠣᠡᠭᠡᠨ᠂ ᠲᠦᠪ ᠬᠤᠳᠠ ᠲᠣᠭᠤᠷᠢᠭ ᠤᠨ 1 ᠴᠠᠭ ᠠᠶᠠᠯᠠᠬᠤ ᠲᠦᠷᠭᠡᠨ ᠬᠤᠷᠳᠣ ᠶᠢᠨ ᠳᠠᠮᠣᠷ ᠵᠠᠮ ᠤᠨ ᠭᠦᠷᠢᠶ᠎ᠡ᠂ 2 ᠴᠠᠭ ᠠᠶᠠᠯᠠᠬᠤ ᠵᠠᠰᠠᠮᠠᠯ ᠵᠠᠮ ᠤᠨ ᠭᠦᠷᠢᠶ᠎ᠡ ᠶᠢ ᠪᠦᠳᠣᠭᠡᠨ ᠪᠠᠶᠢᠭᠤᠯᠵᠣ᠂ ᠰᠠᠭᠤᠷᠢ ᠪᠡᠯᠡᠣᠡᠭᠡᠮᠵᠢ ᠶᠢᠨ ᠬᠠᠷᠢᠯᠴᠠᠨ ᠬᠤᠯᠪᠣᠭᠠᠯᠠᠬᠤ᠂ ᠠᠵᠣ ᠦᠢᠯᠡᠰ ᠤᠨ ᠪᠦᠳᠣᠭᠡᠨ ᠪᠠᠶᠢᠭᠤᠯᠣᠯᠳᠠ ᠳᠤ ᠬᠠᠷᠢᠯᠴᠠᠨ ᠨᠦᠭᠦᠪᠣᠷᠢᠯᠡᠭᠦ᠂ ᠠᠮᠢ ᠠᠬᠤᠢ ᠶᠢᠨ ᠣᠷᠴᠢᠨ ᠲᠣᠭᠤᠷᠢᠨ ᠢ ᠬᠠᠮᠳᠣᠪᠠᠷ ᠵᠠᠰᠠᠬᠤ᠂ ᠣᠯᠠᠨ ᠨᠠᠶᠢᠳᠠ ᠶᠢᠨ ᠦᠢᠯᠡᠴᠢᠯᠡᠭᠡ ᠶᠢ ᠬᠠᠮᠳᠣᠪᠠᠷ ᠭᠦᠷᠳᠡᠭᠦ ᠶᠢ ᠠᠬᠢᠭᠤᠯᠵᠦ ᠪᠤᠳᠠᠳᠤ ᠠᠬᠢᠯᠳᠠ ᠲᠠᠢ ᠪᠤᠯᠭᠠᠨ᠎ᠠ᠃ ᠵᠡᠭᠦᠨ ᠬᠤᠶᠢᠳᠣ ᠣᠷᠣᠨ ᠢ ᠭᠦᠭᠵᠢᠭᠡᠨ ᠮᠠᠨᠳᠣᠭᠤᠯᠬᠤ ᠰᠢᠨ᠎ᠠ ᠨᠢᠭᠡᠨ ᠡᠭᠡᠯᠵᠢ ᠶᠢᠨ ᠪᠠᠶᠢᠯᠳᠣᠬᠤ ᠪᠣᠳᠣᠯᠭ᠎ᠠ ᠶᠢ ᠨᠠᠶᠢᠳᠠᠪᠣᠷᠢᠵᠢᠭᠤᠯᠵᠣ᠂ ᠣᠨᠴᠠᠯᠢᠭᠳᠣ ᠳᠠᠪᠠᠭᠤᠯᠢᠭ ᠠᠵᠣ ᠦᠢᠯᠡᠰ ᠪᠠ ᠰᠠᠭᠤᠷᠢ ᠪᠡᠯᠡᠣᠡᠭᠡᠮᠵᠢ ᠶᠢᠨ ᠪᠦᠳᠣᠭᠡᠨ ᠪᠠᠶᠢᠭᠤᠯᠣᠯᠳᠠ ᠶᠢ ᠴᠢᠩᠭᠠᠣᠠᠬᠠᠨ᠂ ᠦᠪᠦᠷ ᠮᠤᠩᠭᠤᠯ ᠤᠨ ᠵᠡᠬᠦᠨ ᠬᠡᠰᠡᠭ ᠤᠨ ᠭᠠᠵᠠᠷ ᠤᠷᠤᠨ ᠤ ᠲᠤᠮᠤ ᠬᠡᠪᠴᠢᠶᠡᠳᠡᠢ ᠠᠵᠦ ᠦᠢᠯᠡᠳᠪᠦᠷᠢ ᠶᠢᠨ ᠴᠠᠬᠢᠯᠭᠠᠨ ᠬᠡᠷᠡᠭᠯᠡᠬᠦ ᠦᠨ᠎ᠠ ᠬᠠᠨᠭ᠍ᠰᠢ ᠶᠢ ᠪᠠᠭᠤᠷᠠᠭᠤᠯᠤᠨ᠂ ᠵᠡᠭᠦᠨ ᠬᠡᠰᠡᠭ ᠤᠨ ᠠᠶᠢᠮᠠᠭ ᠬᠤᠳᠠ ᠶᠢᠨ ᠲᠦᠷᠬᠡᠨ ᠭᠦᠭᠵᠢᠯᠳᠠ ᠶᠢ ᠳᠡᠮᠵᠢᠨ᠎ᠠ᠃ ᠦᠬᠠᠢ ᠵᠢᠴᠢ ᠡᠷᠬᠢᠨ ᠲᠣᠭᠤᠷᠢᠨ ᠳᠠᠬᠢ ᠭᠠᠵᠡᠷ ᠣᠷᠣᠨ ᠤ ᠠᠵᠣ ᠦᠢᠯᠡᠰ ᠤᠨ ᠬᠡᠯᠪᠡᠷᠢ ᠪᠠᠨ ᠬᠤᠪᠢᠷᠠᠭᠤᠯᠣᠨ ᠳᠡᠰ ᠳᠠᠪᠰᠢᠭᠦ ᠶᠢ ᠠᠬᠢᠭᠤᠯᠵᠣ᠂ ᠣᠷᠣᠨ ᠪᠦᠰᠨ ᠶᠢᠨ ᠣᠷᠴᠢᠨ ᠲᠣᠭᠤᠷᠢᠨ ᠤ ᠶᠠᠰᠣ ᠴᠢᠨᠠᠷ ᠢ ᠰᠠᠶᠢᠵᠢᠷᠠᠭᠤᠯᠣᠨ᠎ᠠ᠃ ᠤᠯᠠᠭᠠᠨᠴᠠᠪ ᠳ᠋ᠠᠲ᠋ᠦ᠋ᠩ ᠴᠢᠭᠤᠯᠣᠯᠳᠣ ᠬᠠᠭᠠᠯᠭ᠎ᠠ ᠶᠢᠨ ᠬᠠᠮᠳᠣᠷᠠᠯᠴᠠᠬᠤ ᠣᠷᠣᠨ ᠢ ᠪᠦᠳᠣᠭᠡᠨ ᠪᠠᠶᠢᠭᠤᠯᠵᠣ᠂ ᠪᠡᠭᠡᠵᠢᠩ ᠲᠢᠶᠠᠨᠵᠢᠨ ᠾᠧᠪᠸᠢ ᠶᠢᠨ ᠵᠣᠬᠢᠴᠠᠯᠳᠣᠨ ᠭᠦᠭᠵᠢᠭᠦ ᠳᠤ ᠠᠭᠤᠰᠤᠯᠴᠠᠭᠤᠯᠤᠨ᠎ᠠ᠃
︵ᠲᠣᠯᠤᠭ᠎ᠠ︶ ᠦᠭᠡᠷᠡᠴᠢᠯᠡᠯᠳᠠ ᠨᠡᠭᠡᠭᠡᠯᠳᠠ ᠶᠢ ᠪᠦᠭᠦ ᠳᠠᠯ᠎ᠠ ᠪᠠᠷ ᠭᠦᠨᠵᠡᠭᠡᠶᠢᠷᠡᠭᠦᠯᠣᠨ᠎ᠠ᠃ ᠨᠡᠩ ᠡᠷᠡᠰ ᠬᠠᠳᠠᠭᠤ ᠢᠳᠡᠬᠡᠯ ᠵᠣᠷᠢᠭ ᠢᠶᠠᠷ ᠦᠭᠡᠷᠡᠴᠢᠯᠡᠯᠳᠠ ᠶᠢ ᠭᠦᠨᠵᠡᠭᠡᠶᠢᠷᠡᠭᠦᠯᠵᠣ᠂ ᠨᠡᠩ ᠦᠷᠭᠡᠨ ᠬᠠᠷᠠᠭ᠎ᠠ ᠪᠠᠷ ᠲᠣᠳᠣᠭᠠᠳᠣ ᠭᠠᠳᠠᠭᠠᠳᠣ ᠳᠤ ᠨᠡᠭᠡᠭᠡᠯᠳᠠ ᠬᠢᠬᠦ ᠶᠢ ᠦᠷᠭᠡᠣᠡᠭᠡᠨ᠂ ᠠᠵᠣ ᠠᠬᠤᠢ ᠨᠠᠶᠢᠭᠡᠮ ᠤᠨ ᠭᠦᠭᠵᠢᠯᠳᠠ ᠶᠢᠨ ᠭᠦᠳᠡᠯᠭᠡᠭᠦ ᠭᠦᠴᠣᠨ ᠪᠠ ᠠᠮᠢᠵᠢᠷᠠᠯ ᠤᠨ ᠭᠦᠴᠣᠨ ᠢ ᠳᠠᠰᠣᠷᠠᠯᠳᠠ ᠦᠭᠡᠢ ᠨᠡᠮᠡᠭᠳᠡᠭᠦᠯᠣᠨ᠎ᠠ᠃
ᠭᠤᠣᠯᠳᠠᠯᠭ᠎ᠠ ᠪᠤᠯᠬᠤ ᠬᠦᠷᠢᠶ᠎ᠡ ᠴᠠᠷᠠᠭ᠎ᠠ ᠳᠠᠬᠢ ᠥᠭᠡᠷᠡᠴᠢᠯᠡᠯᠲᠡ ᠶᠢ ᠯᠠᠪᠳᠠᠭᠤᠨ ᠢᠶᠠᠷ ᠠᠬᠢᠭᠤᠯᠣᠨ᠎ᠠ᠃ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠠᠭᠤᠵᠢᠭᠤ ᠮᠦᠷᠳᠡᠬᠡᠨ ᠳᠦᠭᠦᠮ ᠠᠪᠰᠠᠷᠬᠠᠨ ᠵᠦᠪᠰᠢᠶᠡᠷᠡᠵᠦ ᠣᠷᠣᠭᠤᠯᠬᠤ ᠣᠷᠴᠢᠨ ᠲᠣᠭᠤᠷᠢᠨ᠂ ᠡᠷᠭᠡ ᠳᠡᠭᠰᠢ ᠡᠮᠬᠢ ᠵᠢᠷᠤᠮ ᠲᠠᠢ ᠥᠷᠢᠰᠥᠯᠳᠦᠬᠦ ᠣᠷᠴᠢᠨ ᠲᠣᠭᠤᠷᠢᠨ ᠪᠠ ᠠᠮᠤᠷ ᠲᠦᠪᠰᠢᠨ ᠰᠠᠨᠠᠭ᠎ᠠ ᠠᠮᠤᠷ ᠬᠡᠷᠡᠭᠯᠡᠭᠡ ᠶᠢᠨ ᠣᠷᠴᠢᠨ ᠲᠣᠭᠤᠷᠢᠨ ᠢ ᠪᠣᠢ ᠪᠣᠯᠭᠠᠨ᠎ᠠ᠃ ᠨᠠᠷᠢᠨ ᠬᠠᠭᠤᠳᠠᠰᠤ ᠶᠢᠨ ᠳᠥᠷᠢᠮ ᠢ ᠴᠢᠩᠭ᠎ᠠ ᠬᠡᠷᠡᠭᠵᠢᠭᠦᠯᠵᠣ᠂ ᠡᠯ᠎ᠡ ᠲᠦᠷᠣᠯ ᠤᠨ ᠨᠠᠷᠢᠨ ᠬᠠᠭᠤᠳᠠᠰᠤ ᠶᠢ ᠳᠠᠷᠦ᠋ᠢᠬᠠᠨ ᠨᠡᠶᠢᠭᠡᠮ ᠳᠤ ᠢᠯᠡ ᠪᠣᠯᠭᠠᠵᠤ᠂ ᠨᠠᠷᠢᠨ ᠬᠠᠭᠤᠳᠠᠰᠤ ᠶᠢᠨ ᠬᠠᠮᠢᠶᠠᠷᠤᠯᠲᠠ ᠪᠠᠷ ᠵᠠᠰᠠᠭ ᠢ ᠴᠣᠮᠬᠠᠳᠬᠠᠵᠤ ᠡᠷᠬᠡ ᠶᠢ ᠳᠣᠷᠣᠭᠰᠢ ᠪᠠᠭᠤᠯᠭᠠᠬᠤ ᠶᠢ ᠠᠬᠢᠭᠤᠯᠤᠨ᠎ᠠ᠃ ᠠᠵᠢᠯ ᠶᠠᠪᠣᠳᠠᠯ ᠤᠨ ᠳᠤᠮᠳᠠ ᠪᠠ ᠠᠵᠢᠯ ᠶᠠᠪᠣᠳᠠᠯ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠲᠡᠭᠦᠯᠳᠡᠷᠵᠢᠭᠦᠯᠵᠦ᠂ ︽ᠬᠤᠶᠠᠷ ᠢ ᠰᠤᠭᠤᠴᠢᠵᠣ ᠨᠢᠭᠡ ᠶᠢ ᠢᠯᠡ ᠪᠣᠯᠭᠠᠬᠤ︾ ᠬᠢᠨᠠᠯᠳᠠ ᠬᠠᠮᠢᠶᠠᠷᠣᠯᠳᠠ ᠶᠢᠨ ᠪᠦᠷᠢᠨ ᠬᠠᠮᠣᠷᠬᠤ ᠶᠢ ᠪᠡᠶᠡᠯᠡᠭᠦᠯᠣᠨ᠎ᠠ᠃ ᠠᠵᠤ ᠦᠢᠯᠡᠳᠪᠦᠷᠢ ᠬᠤᠳᠠᠯᠳᠤᠭᠠᠨ ᠤ ᠲᠠᠩᠰᠠᠯᠠᠯ ᠤᠨ ᠣᠯᠠᠨ ᠦᠨᠡᠮᠯᠡᠯ ᠢ ᠨᠡᠶᠢᠯᠡᠭᠦᠯᠦᠨ ᠨᠢᠭᠡ ᠪᠣᠯᠭᠠᠬᠤ ᠶᠢ ᠲᠦᠷᠭᠡᠣᠡᠭᠡᠨ᠂ ︽ᠦᠨᠡᠮᠯᠡᠯ ᠢ ᠴᠦᠭᠡᠣᠡᠭᠡᠵᠣ ᠠᠷᠠᠳ ᠲᠤ ᠳᠦᠭᠦᠮ ᠦᠵᠡᠭᠦᠯᠬᠦ︾ ᠲᠤᠰᠬᠠᠢ ᠠᠵᠢᠯᠯᠠᠭ᠎ᠠ ᠶᠢ ᠦᠷᠨᠢᠭᠦᠯᠵᠦ᠂ ᠡᠯ᠎ᠡ ᠵᠦᠢᠯ ᠤᠨ ᠭᠡᠷᠡᠴᠢᠯᠡᠯ ᠪᠠ ᠭᠠᠷᠳᠠᠮ ᠢ ᠪᠦᠬᠦ ᠲᠠᠯ᠎ᠠ ᠪᠠᠷ ᠢᠯᠭᠠᠷᠠᠭᠤᠯᠤᠨ᠎ᠠ᠃ ᠤᠯᠤᠰ ᠤᠨ ᠦᠮᠴᠢᠯᠡᠯᠲᠦ ᠠᠵᠤ ᠠᠬᠤᠶᠢᠯᠠᠯ ᠤᠯᠤᠰ ᠤᠨ ᠦᠮᠴᠢᠯᠡᠯᠲᠦ ᠬᠦᠷᠦᠩᠭᠡ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠬᠤᠯᠢᠮᠠᠭ ᠦᠮᠴᠢᠯᠡᠯ ᠤᠨ ᠥᠭᠡᠷᠡᠴᠢᠯᠡᠯᠲᠡ ᠶᠢᠨ ᠲᠤᠷᠰᠢᠯᠲᠠ ᠶᠢ ᠲᠣᠭᠳᠠᠭᠤᠨ ᠢᠶᠠᠷ ᠠᠬᠢᠭᠤᠯᠣᠨ᠎ᠠ᠃ ᠵᠠᠰᠠᠭ ᠤᠨ ᠣᠷᠳᠣᠨ ᠤ ᠡᠬᠢ ᠪᠠᠶᠠᠯᠢᠭ ᠲᠣᠬᠢᠷᠠᠭᠤᠯᠬᠤ ᠠᠷᠭ᠎ᠠ ᠮᠠᠶ᠋ᠢᠭ ᠲᠤ ᠰᠢᠨ᠎ᠠ ᠶᠢ ᠡᠭᠦᠣᠡᠴᠣ᠂ ᠣᠯᠠᠨ ᠨᠠᠶᠢᠳᠠ ᠶᠢᠨ ᠡᠬᠢ ᠪᠠᠶᠠᠯᠢᠭ ᠢ ᠲᠣᠬᠢᠷᠠᠭᠤᠯᠬᠤ ᠣᠷᠳᠣ ᠬᠤᠭᠤᠴᠠᠭᠠᠨ ᠤ ᠰᠢᠨᠵᠢᠯᠡᠭᠦ ᠣᠬᠠᠭᠠᠨᠴᠢ᠂ ᠵᠦᠢ ᠵᠣᠬᠢᠰᠳᠠᠢ᠂ ᠵᠢᠷᠣᠮᠵᠢᠭᠤᠨ ᠲᠣᠭᠳᠠᠴᠨ ᠶᠢ ᠪᠠᠶᠢᠭᠤᠯᠣᠨ᠎ᠠ᠃ ᠬᠤᠷᠢᠭ᠎ᠠ ᠦᠭᠡᠢ ᠪᠣᠯ ᠣᠷᠣᠵᠣ ᠪᠣᠯᠬᠤ ᠪᠠ ᠠᠳᠠᠯᠢ ᠳᠡᠭᠰᠢ ᠣᠯᠭᠤᠮᠵᠢ ᠲᠠᠢ ᠪᠠᠶᠢᠯᠭᠠᠬᠤ ᠶᠢ ᠪᠠᠷᠢᠮᠳᠠᠯᠠᠵᠣ᠂ ᠳᠠᠯᠳᠠ ᠰᠠᠭᠠᠳ ᠲᠣᠳᠬᠠᠷ ᠢ ᠠᠷᠢᠯᠭᠠᠨ᠂ ᠨᠡᠶᠢᠲᠡ ᠶᠢᠨ ᠦᠮᠴᠢᠯᠡᠯ ᠤᠨ ᠪᠤᠰᠤ ᠠᠵᠤ ᠠᠬᠤᠢ ᠶᠢᠨ ᠬᠥᠭᠵᠢᠯᠳᠠ ᠶᠢᠨ ᠠᠮᠢᠵᠢᠷᠠᠯ ᠤᠨ ᠭᠦᠴᠣᠨ ᠢ ᠬᠦᠭᠵᠢᠭᠡᠨ᠎ᠡ᠃ ᠡᠳ᠋ ᠭᠦᠷᠣᠩᠭᠡ ᠶᠢᠨ ᠦᠮᠴᠢᠯᠡᠯ ᠤᠨ ᠡᠷᠭᠡ ᠶᠢ ᠬᠠᠣᠯᠢ ᠶᠣᠰᠣᠭᠠᠷ ᠬᠠᠮᠠᠭᠠᠯᠠᠬᠤ ᠪᠠᠨ ᠴᠢᠩᠭᠠᠣᠠᠬᠠᠵᠣ᠂ ᠠᠵᠤ ᠠᠬᠤᠶᠢᠯᠠᠯᠲᠠᠳ ᠨᠢᠭᠡ ᠰᠡᠳᠬᠢᠯ ᠢᠶᠠᠷ ᠠᠳᠠᠯ ᠦᠢᠯᠡᠰ ᠴᠣᠭᠴᠠᠯᠠᠬᠤ ᠶᠢ ᠳᠡᠮᠵᠢᠨ᠎ᠡ᠃ ᠴᠠᠬᠢᠯᠭᠠᠨ ᠬᠦᠴᠦᠨ ᠤ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠠᠨ ᠲᠠᠯ᠎ᠠ ᠪᠠᠷ ᠠᠷᠠᠯᠵᠢᠶᠠᠯᠠᠬᠤ ᠪᠠ ᠬᠡᠷᠡᠭᠯᠡᠬᠦ ᠲᠣᠮᠣ ᠡᠷᠦᠬᠡ ᠳᠤ ᠰᠢᠭᠤᠳ ᠬᠠᠩᠭᠠᠬᠤ ᠬᠡᠪᠴᠢᠶ᠎ᠡ ᠶᠢ ᠦᠷᠭᠡᠳᠭᠡᠨ᠎ᠡ᠃ ᠡᠳ᠋ ᠤᠨ ᠵᠠᠰᠠᠭ ᠤᠨ ᠲᠥᠰᠥᠪ ᠤᠨ ᠬᠠᠮᠢᠶᠠᠷᠤᠯᠲᠠ ᠶᠢᠨ ᠲᠦᠷᠢᠮ ᠢ ᠥᠭᠡᠷᠡᠴᠢᠯᠡᠵᠦ᠂ ᠤᠳᠠᠭᠠᠨ ᠵᠢᠯ ᠢᠶᠠᠷ ᠲᠤᠬᠢᠷᠠᠭᠤᠯᠤᠨᠨᠰᠠᠨ ᠪᠠ ᠬᠡᠷᠡᠭᠴᠡᠭᠡ ᠶᠢ ᠨᠢ ᠲᠣᠭᠲᠠᠪᠤᠷᠢᠵᠢᠭᠤᠯᠤᠭᠰᠠᠨ ᠵᠠᠷᠤᠯᠭ᠎ᠠ ᠶᠢᠨ ᠢᠯᠭᠠᠷᠠᠭᠤᠯᠤᠨ ᠴᠡᠪᠡᠷᠯᠡᠬᠦ ᠶᠢ ᠵᠢᠷᠤᠮᠵᠢᠭᠤᠯᠤᠨ᠎ᠠ᠃ ᠭᠤᠣᠯᠳᠠᠯᠭ᠎ᠠ ᠲᠠᠢ ᠵᠠᠷᠤᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠵᠠᠷᠤᠯᠭ᠎ᠠ ᠶᠢᠨ ᠠᠮᠵᠢᠯᠲᠠ ᠪᠦᠲᠦᠮᠵᠢ ᠶᠢᠨ ᠦᠨᠡᠯᠡᠨ ᠵᠢᠱᠢᠬᠦ ᠬᠦᠷᠢᠶ᠎ᠡ ᠬᠡᠪᠴᠢᠶ᠎ᠡ ᠶᠢ ᠥᠷᠭᠡᠳᠭᠡᠨ᠂ ᠡᠳ᠋ ᠤᠨ ᠵᠠᠰᠠᠭ ᠤᠨ ᠪᠡᠯᠡ ᠮᠦᠩᠭᠦ ᠶᠢᠨ ᠨᠢᠭᠡᠳᠦᠯᠲᠡᠢ ᠲᠥᠯᠥᠪᠵᠢᠭᠦᠯᠬᠦ ᠴᠢᠳᠠᠪᠤᠷᠢ ᠶᠢ ᠴᠢᠩᠭᠠᠷᠠᠭᠤᠯᠤᠨ᠎ᠠ᠃
ᠨᠡᠬᠡᠭᠡᠯᠲᠡ ᠬᠢᠬᠦ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠦᠨ᠎ᠡ᠃ ︽ᠨᠢᠭᠡ ᠪᠦᠰᠡ ᠨᠢᠭᠡ ᠵᠠᠮ︾ ᠤᠨ ᠪᠠᠶᠢᠯᠳᠤᠬᠤ ᠪᠣᠳᠣᠯᠭ᠎ᠠ ᠳᠤ ᠰᠠᠨᠠᠭᠠᠴᠢᠯᠠᠭ᠎ᠠ ᠠᠴᠠ ᠪᠠᠨ ᠠᠭᠤᠰᠤᠯᠴᠠᠵᠦ᠂ ᠳᠤᠮᠳᠠᠳᠤ ᠮᠣᠩᠭᠤᠯ ᠣᠷᠣᠰ ᠤᠨ ᠠᠵᠤ ᠠᠬᠤᠢ ᠶᠢᠨ ᠬᠤᠩᠬᠢᠯ ᠤᠨ ᠪᠦᠲᠦᠭᠡᠨ ᠪᠠᠶᠢᠭᠤᠯᠤᠯᠲᠠ ᠶᠢ ᠢᠳᠡᠪᠬᠢᠲᠡᠢ ᠠᠬᠢᠭᠤᠯᠣᠨ᠂ ᠰᠠᠭᠤᠷᠢ ᠪᠡᠯᠡᠳᠭᠡᠮᠵᠢ ᠶᠢᠨ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠴᠢᠩᠭᠠᠳᠬᠠᠵᠤ᠂ ᠨᠡᠭᠡᠭᠡᠯᠲᠡ ᠬᠢᠵᠦ ᠴᠢᠯᠦᠭᠡᠲᠡᠢ ᠶᠠᠪᠤᠯᠴᠠᠬᠤ ᠲᠤᠷᠰᠢᠯᠲᠠ ᠶᠢᠨ ᠣᠷᠣᠨ᠂ ᠬᠢᠯᠢ ᠠᠯᠤᠰᠯᠠᠭᠰᠠᠨ ᠠᠵᠤ ᠠᠬᠤᠢ ᠶᠢᠨ ᠬᠠᠮᠲᠤᠷᠠᠯᠴᠠᠬᠤ ᠣᠷᠣᠨ᠂ ᠶᠡᠷᠦᠩᠬᠡᠶᠢᠯᠡᠭᠰᠡᠨ ᠭᠠᠶᠢᠯᠢ ᠪᠠᠲᠤᠯᠠᠬᠤ ᠣᠷᠣᠨ ᠤ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ᠎ᠡ᠃ ᠬᠤᠶᠠᠳᠤᠭᠠᠷ ᠬᠤᠭᠤᠴᠠᠭᠠᠨ ᠤ ᠳᠤᠮᠳᠠᠳᠤ ᠮᠣᠩᠭᠤᠯ ᠤᠨ ᠦᠵᠡᠰᠬᠦᠯᠡᠩ ᠤᠨ ᠴᠤᠭᠯᠠᠭᠠᠨ ᠢ ᠰᠠᠶᠢᠲᠤᠷ ᠡᠷᠬᠢᠯᠡᠨ᠎ᠡ᠃ ᠤᠯᠤᠰ ᠤᠨ ᠭᠠᠳᠠᠭᠠᠳᠤ ᠳᠤ ᠭᠠᠷᠭᠠᠬᠤ ᠶᠢ ᠵᠣᠷᠢᠬᠵᠢᠭᠤᠯᠬᠤ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠠᠳᠠᠭᠠᠳᠤ ᠠᠷᠠᠯᠵᠢᠶᠠᠨ ᠤ ᠬᠡᠪᠴᠢᠶ᠎ᠡ ᠶᠢ ᠦᠷᠭᠡᠳᠭᠡᠨ᠎ᠡ᠃ ᠣᠯᠠᠨ ᠤᠯᠤᠰ ᠯᠤᠭ᠎ᠠ ᠶᠢᠨ ᠦᠢᠯᠡᠳᠪᠦᠷᠢᠯᠡᠯ ᠤᠨ ᠴᠢᠳᠠᠪᠤᠷᠢ ᠶᠢᠨ ᠬᠠᠮᠳᠤᠷᠠᠯᠴᠠᠭ᠎ᠠ ᠶᠢ ᠴᠢᠩᠭᠠᠳᠬᠠᠵᠤ᠂ ᠠᠵᠤ ᠠᠬᠤᠶᠢᠯᠠᠯ ᠤᠳ ᠤᠨ ᠬᠢᠯᠢ ᠶᠢᠨ ᠭᠠᠳᠠᠨᠠᠬᠢ ᠠᠵᠤ ᠦᠢᠯᠡᠰ ᠤᠨ ᠬᠦᠷᠢᠶᠡᠯᠡᠩ ᠲᠣᠭᠤᠷᠢᠭ ᠪᠠᠶᠢᠭᠤᠯᠬᠤ ᠶᠢ ᠳᠡᠮᠵᠢᠨ᠎ᠠ᠃ ᠪᠡᠭᠡᠵᠢᠩ ᠲᠢᠶᠡᠨᠵᠢᠨ ᠾᠧᠪᠸᠢ᠂ ᠵᠡᠭᠦᠨ ᠭᠤᠷᠪᠠᠨ ᠮᠤᠵᠢ ᠪᠠ ᠳᠠᠯᠠᠢ ᠳᠠᠭᠠᠤ ᠶᠢᠨ ᠬᠦᠭᠵᠢᠭᠰᠡᠨ ᠭᠠᠵᠠᠷ ᠣᠷᠣᠨ ᠵᠢᠴᠢ ᠰᠢᠶᠠᠩᠭᠠᠩ ᠤᠤᠮᠧᠨ ᠤ ᠭᠠᠵᠠᠷ ᠣᠷᠣᠨ ᠯᠤᠭ᠎ᠠ ᠶᠢᠨ ᠰᠣᠯᠢᠯᠴᠠᠭ᠎ᠠ ᠬᠠᠮᠳᠣᠷᠠᠯᠴᠠᠭ᠎ᠠ ᠶᠢᠨ ᠬᠢᠷᠢ ᠲᠦᠪᠰᠢᠨ ᠢ ᠳᠡᠭᠡᠭᠰᠢᠯᠡᠭᠦᠯᠵᠣ᠂ ᠭᠠᠵᠠᠷ ᠣᠷᠣᠨ ᠠᠯᠤᠰᠯᠠᠭᠰᠠᠨ ᠰᠠᠭᠤᠷᠢ ᠪᠡᠯᠡᠳᠬᠡᠮᠵᠢ ᠪᠠ ᠠᠵᠤ ᠦᠢᠯᠡᠰ ᠤᠨ ᠬᠦᠷᠢᠶᠡᠯᠡᠩ ᠲᠣᠭᠤᠷᠢᠭ ᠢ ᠬᠠᠮᠲᠤᠪᠠᠷ ᠪᠠᠶᠢᠭᠤᠯᠬᠤ ᠶᠢ ᠰᠠᠶᠢᠲᠤᠷ ᠠᠳᠬᠤᠨ᠎ᠠ᠃ ᠰᠢᠨᠵᠢᠯᠡᠬᠦ ᠤᠬᠠᠭᠠᠨ ᠮᠡᠷᠭᠡᠵᠢᠯ᠂ ᠰᠤᠷᠭᠠᠨ ᠬᠦᠮᠦᠵᠢᠯ᠂ ᠰᠣᠶᠦᠯ᠂ ᠡᠷᠡᠭᠦᠯ ᠬᠠᠮᠠᠭᠠᠯᠠᠯ᠂ ᠪᠡᠶ᠎ᠡ ᠶᠢᠨ ᠳᠠᠮᠢᠷ᠂ ᠵᠢᠭᠤᠯᠴᠢᠯᠠᠯ᠂ ᠣᠷᠴᠢᠨ ᠲᠣᠭᠤᠷᠢᠨ ᠤ ᠬᠠᠮᠠᠭᠠᠯᠠᠯᠳᠠ ᠵᠡᠷᠭᠡ ᠭᠦᠷᠢᠶ᠎ᠠ ᠴᠠᠷᠠᠭ᠎ᠠ ᠳᠠᠬᠢ ᠨᠡᠭᠡᠭᠡᠯᠲᠡ ᠰᠣᠯᠢᠯᠴᠠᠭ᠎ᠠ ᠬᠠᠮᠲᠤᠷᠠᠯᠴᠠᠭ᠎ᠠ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠣᠨ᠎ᠠ᠃
︵ᠨᠠᠢᠮᠨ︶ ᠪᠣᠬᠢᠷᠲᠤᠯ ᠦᠭᠡᠢ ᠦᠪᠣᠷ ᠮᠣᠩᠭᠤᠯ ᠢ ᠪᠦᠳᠣᠭᠡᠨ ᠪᠠᠶᠢᠭᠤᠯᠣᠨ᠎ᠠ᠃ ᠰᠢᠯᠢᠳᠡᠭ ᠰᠠᠶᠢᠬᠠᠨ ᠣᠷᠴᠢᠨ ᠲᠣᠭᠤᠷᠢᠨ ᠪᠣᠯ ᠠᠷᠠᠣᠨ ᠲᠦᠮᠡᠨ ᠤ ᠰᠠᠶᠢᠨ ᠰᠠᠶᠢᠬᠠᠨ ᠠᠮᠢᠳᠣᠷᠠᠯ ᠤᠨ ᠨᠢᠭᠡ ᠬᠡᠰᠡᠭ ᠪᠣᠯᠣᠨ᠎ᠠ᠃ ᠪᠢᠳᠠ ︽ᠴᠡᠩᠬᠡᠭ ᠣᠰᠣ ᠭᠦᠬᠡᠮᠳᠦᠭ ᠠᠭᠤᠯᠨ ᠪᠣᠯ ᠠᠯᠳᠠ ᠮᠦᠩᠭᠦᠨ ᠠᠭᠤᠯᠨ︾ ᠬᠡᠰᠡᠨ ᠣᠨᠣᠯᠵᠢᠬᠤᠨ ᠢ ᠪᠠᠳᠣ ᠪᠠᠬᠢ ᠪᠣᠢ ᠪᠣᠯᠭᠠᠵᠣ᠂ ᠠᠮᠢ ᠠᠬᠤᠢ ᠶᠢᠨ ᠬᠤᠷᠢᠭ᠎ᠠ ᠱᠣᠭᠤᠮ ᠢ ᠡᠷᠡᠰ ᠪᠠᠳᠤ ᠰᠠᠬᠢᠵᠦ᠂ ᠪᠣᠬᠢᠷᠳᠣᠯ ᠦᠭᠡᠢ ᠭᠦᠭᠵᠢᠯᠳᠠ ᠶᠢᠨ ᠵᠠᠮ ᠢᠶᠠᠷ ᠭᠤᠶᠢᠪᠢᠰᠢ ᠦᠬᠡᠢ ᠵᠠᠮᠨᠠᠵᠦ᠂ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠬᠢᠵᠢᠬᠦᠯᠦᠨ᠎ᠠ᠃
ᠠᠮᠢ ᠠᠬᠤᠢ ᠶᠢᠨ ᠬᠠᠮᠠᠭᠠᠯᠠᠯᠲᠠ ᠪᠠ ᠪᠦᠲᠦᠭᠡᠨ ᠪᠠᠶᠢᠭᠤᠯᠤᠯᠲᠠ ᠶᠢ ᠴᠢᠩᠭᠠᠳᠬᠠᠨ᠎ᠠ᠃ ᠭᠤᠷᠪᠠᠨ ᠤᠮᠠᠷᠠᠲᠤ ᠶᠢᠨ ᠬᠠᠯᠬᠠᠪᠴᠢ ᠣᠢ᠂ ᠪᠠᠶᠢᠭᠠᠯᠢᠯᠢᠬ ᠣᠢ ᠶᠢᠨ ᠬᠠᠮᠠᠭᠠᠯᠠᠯᠲᠠ᠂ ᠮᠠᠯᠵᠢᠬᠤ ᠶᠢ ᠵᠣᠭᠰᠣᠭᠠᠵᠤ ᠪᠡᠯᠴᠢᠭᠡᠷ ᠢ ᠰᠡᠷᠭᠦᠭᠡᠬᠦ ᠪᠠ ᠣᠷᠣᠨ ᠪᠦᠰᠡ ᠶᠢᠨ ᠨᠣᠭᠤᠭᠠᠷᠠᠭᠤᠯᠤᠯᠲᠠ ᠵᠡᠷᠭᠡ ᠭᠤᠣᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠢ ᠭᠦᠨᠵᠡᠭᠡᠢ ᠬᠡᠷᠡᠭᠵᠢᠭᠦᠯᠵᠦ᠂ 1400 ᠲᠦᠮᠡᠨ ᠮᠦ ᠳᠤ ᠮᠤᠳᠤ ᠲᠠᠷᠢᠵᠦ ᠦᠢᠵᠢᠭᠤᠯᠬᠤ᠂ 3000 ᠲᠦᠮᠡᠨ ᠮᠦ ᠳᠤ ᠡᠪᠡᠰᠦ ᠲᠠᠷᠢᠬᠤ ᠶᠢ ᠪᠡᠶᠡᠯᠡᠭᠦᠯᠦᠨ᠎ᠡ᠃ ᠰᠢᠨ᠎ᠡ ᠨᠢᠭᠡᠨ ᠡᠭᠡᠯᠵᠢ ᠶᠢᠨ ᠨᠤᠲᠤᠭ ᠪᠡᠯᠴᠢᠭᠡᠷ ᠠᠮᠢ ᠠᠬᠤᠢ ᠶᠢᠨ ᠨᠦᠬᠦᠪᠦᠷᠢᠯᠡᠵᠦ ᠱᠠᠩᠨᠠᠬᠤ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠮᠠᠯᠵᠢᠬᠤ ᠶᠢ ᠬᠤᠷᠢᠭᠯᠠᠬᠤ ᠪᠠ ᠪᠡᠯᠴᠢᠭᠡᠷ ᠮᠠᠯ ᠢ ᠲᠡᠩᠴᠡᠭᠦᠷᠢᠲᠡᠢ ᠪᠠᠶᠢᠯᠭᠠᠬᠤ ᠲᠥᠷᠢᠮ ᠢ ᠲᠡᠭᠦᠯᠳᠡᠷᠵᠢᠭᠦᠯᠦᠨ᠂ ᠣᠢ᠂ ᠡᠯᠡᠰᠦ᠂ ᠡᠪᠡᠰᠦᠨ ᠤ ᠠᠵᠤ ᠦᠢᠯᠡᠰ ᠢ ᠶᠡᠬᠡᠪᠡᠷ ᠬᠦᠭᠵᠢᠭᠦᠯᠦᠨ᠎ᠡ᠃ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ᠂ ᠠᠮᠢ ᠠᠬᠤᠢ ᠶᠢᠨ ᠴᠢᠳᠠᠮᠵᠢᠲᠤ ᠣᠷᠣᠨ ᠪᠣᠯᠣᠨ ᠬᠡᠭᠡᠷ᠎ᠡ ᠶᠢᠨ ᠠᠮᠢᠲᠡᠨ ᠤᠷᠭᠤᠮᠠᠯ ᠤᠨ ᠡᠬᠢ ᠪᠠᠶᠠᠯᠢᠭ ᠤᠨ ᠬᠠᠮᠠᠭᠠᠯᠠᠯᠲᠠ ᠶᠢ ᠴᠢᠩᠭᠠᠳᠬᠠᠵᠤ᠂ ᠤᠯᠤᠰ ᠤᠨ ᠲᠠᠯ᠎ᠠ ᠨᠣᠲᠤᠭ᠂ ᠤᠢ ᠰᠢᠭᠤᠢ᠂ ᠡᠯᠡᠰᠦ ᠮᠠᠩᠬ᠎ᠠ᠂ ᠨᠣᠭᠤ ᠭᠠᠵᠡᠷ᠂ ᠭᠠᠯᠳᠣ ᠠᠭᠤᠯᠠᠨ ᠴᠡᠴᠡᠷᠯᠢᠭ ᠪᠠᠶᠢᠭᠤᠯᠬᠤ ᠶᠢ ᠣᠯᠬᠤ ᠪᠠᠷ ᠢᠳᠡᠪᠬᠢᠲᠡᠢ ᠴᠢᠷᠮᠠᠶᠢᠨ᠎ᠠ᠃ ᠤᠰᠤᠨ ᠤ ᠠᠮᠢ ᠠᠬᠤᠢ ᠶᠢᠨ ᠣᠷᠴᠢᠨ ᠲᠣᠭᠤᠷᠢᠨ ᠤ ᠬᠠᠮᠠᠭᠠᠯᠠᠯᠲᠠ ᠶᠢ ᠴᠢᠩᠭᠠᠳᠬᠠᠨ᠂ ᠬᠥᠯᠦᠨ ᠨᠠᠭᠤᠷ᠂ ᠤᠯᠠᠭᠠᠨᠰᠤᠬᠠᠢ᠂ ᠳᠠᠭ᠎ᠠ ᠶᠢᠨ ᠨᠠᠭᠤᠷ ᠤᠨ ᠵᠠᠰᠠᠯᠲᠠ ᠶᠢ ᠠᠬᠢᠭᠤᠯᠣᠨ᠎ᠠ᠃ ᠳᠠᠯᠠᠨ ᠬᠠᠷ᠎ᠠ ᠠᠭᠤᠯᠠ ᠶᠢᠨ ᠶᠡᠷᠦᠩᠬᠡᠶᠢᠯᠡᠭᠰᠡᠨ ᠠᠮᠢ ᠠᠬᠤᠢ ᠶᠢᠨ ᠵᠠᠰᠠᠯᠲᠠ ᠶᠢ ᠦᠷᠨᠢᠭᠦᠯᠦᠨ᠎ᠡ᠃ ᠣᠯᠠᠨ ᠤᠯᠤᠰ ᠤᠨ ᠬᠤᠯᠪᠣᠭᠠᠲᠤ ᠪᠠᠶᠢᠭᠤᠯᠭ᠎ᠠ ᠶᠢᠨ ᠡᠯᠡᠰᠦᠷᠬᠡᠭᠵᠢᠬᠦ ᠶᠢ ᠰᠡᠷᠭᠡᠶᠢᠯᠡᠨ ᠵᠠᠰᠠᠬᠤ ᠨᠡᠶᠢᠲᠡ ᠶᠢᠨ ᠭᠡᠷ᠎ᠡ ᠶᠢᠨ ᠠᠷᠪᠠᠨ ᠭᠤᠷᠪᠠᠳᠤᠭᠠᠷ ᠤᠳᠠᠭᠠᠨ ᠤ ᠭᠡᠷ᠎ᠡ ᠪᠠᠶᠢᠭᠤᠯᠤᠭᠴᠢᠳ ᠤᠨ ᠬᠤᠷᠠᠯ ᠢ ᠰᠠᠶᠢᠲᠤᠷ ᠡᠷᠬᠢᠯᠡᠨ᠎ᠡ᠃
ᠣᠷᠴᠢᠨ ᠲᠣᠭᠤᠷᠢᠨ ᠤ ᠳᠣᠪᠤᠶᠢᠮ᠎ᠠ ᠠᠰᠠᠭᠤᠳᠠᠯ ᠢ ᠬᠠᠲᠠᠭᠤ ᠴᠢᠩᠭ᠎ᠠ ᠪᠠᠷ ᠴᠡᠭᠴᠡᠯᠡᠨ ᠵᠠᠰᠠᠨ᠎ᠠ᠃ ᠠᠭᠠᠷ ᠮᠠᠨᠳᠠᠯ᠂ ᠤᠰᠤ᠂ ᠬᠦᠷᠦᠰᠦ ᠰᠢᠷᠦᠢ ᠶᠢᠨ ᠪᠣᠬᠢᠷᠲᠤᠯ ᠢ ᠰᠡᠷᠭᠡᠶᠢᠯᠡᠨ ᠵᠠᠰᠠᠬᠤ ᠶᠢ ᠴᠢᠩᠭᠠᠣᠠᠬᠠᠵᠣ᠂ ᠠᠵᠤ ᠦᠢᠯᠡᠳᠪᠦᠷᠢ ᠶᠢᠨ ᠪᠣᠬᠢᠷᠲᠤᠯ ᠤᠨ ᠡᠬᠢ ᠢᠷᠡᠯᠲᠡ ᠶᠢ ᠪᠦᠬᠦ ᠲᠠᠯ᠎ᠠ ᠪᠠᠷ ᠪᠠᠷᠢᠮᠵᠢᠶ᠎ᠠ ᠳᠤ ᠬᠦᠷᠦᠭᠦᠯᠵᠦ ᠭᠠᠳᠠᠭᠰᠢᠯᠠᠭᠤᠯᠬᠤ ᠲᠦᠯᠦᠪᠯᠡᠭᠡ ᠶᠢ ᠬᠡᠷᠡᠭᠵᠢᠭᠦᠯᠵᠦ᠂ 1000 ᠲᠦᠮᠡᠨ ᠺᠢᠯᠤᠸᠠᠲ ᠢᠯᠴᠢ ᠶᠢᠨ ᠴᠠᠬᠢᠯᠭᠠᠨ ᠤ ᠮᠠᠰᠢᠨ ᠪᠦᠯᠦᠭ ᠢ ᠬᠡᠲᠦ ᠳᠣᠣᠷ᠎ᠠ ᠭᠠᠳᠠᠭᠰᠢᠯᠠᠭᠤᠯᠤᠯᠲᠠ ᠲᠠᠢ ᠪᠣᠯᠭᠠᠨ ᠦᠬᠡᠷᠡᠴᠢᠯᠡᠬᠦ ᠶᠢ ᠪᠡᠶᠡᠯᠡᠭᠦᠯᠦᠨ᠎ᠡ᠃ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠮᠠᠯ ᠲᠠᠷᠢᠶᠠᠯᠠᠩ ᠤᠨ ᠣᠯᠠᠨ ᠡᠬᠢᠲᠦ ᠰᠤᠷᠪᠣᠯᠵᠢ ᠶᠢᠨ ᠪᠣᠬᠢᠷᠲᠤᠯ ᠪᠠ ᠠᠭᠤᠷᠬᠠᠢ ᠶᠢᠨ ᠭᠠᠵᠠᠷ ᠬᠦᠷᠦᠰᠦᠨ ᠤ ᠣᠷᠴᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠᠨ ᠴᠢᠩᠭᠠᠳᠬᠠᠵᠤ᠂ ᠪᠠᠶᠢᠭᠠᠯᠢ ᠶᠢᠨ ᠬᠠᠮᠠᠭᠠᠯᠠᠯᠲᠠ ᠶᠢᠨ ᠣᠷᠣᠨ ᠳᠤ ᠬᠠᠤᠯᠢ ᠲᠣᠭᠲᠠᠭᠠᠯ ᠠᠴᠠ ᠵᠦᠷᠢᠴᠡᠨ ᠪᠦᠲᠦᠭᠡᠨ ᠪᠠᠶᠢᠭᠤᠯᠤᠯᠲᠠ ᠬᠢᠬᠦ ᠪᠠ ᠨᠡᠭᠡᠭᠡᠯᠲᠡ ᠬᠢᠬᠦ ᠶᠢ ᠴᠢᠩᠭ᠎ᠠ ᠴᠠᠭᠠᠵᠠᠯᠠᠨ᠎ᠠ᠃ ᠬᠠᠳᠠᠭᠠᠰᠣ ᠬᠠᠳᠠᠬᠤ ᠵᠣᠷᠢᠭ ᠰᠠᠨᠠᠭ᠎ᠠ ᠪᠠᠷ ᠲᠥᠪ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢ ᠰᠢᠮᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠰᠠᠨᠠᠯ ᠢ ᠴᠡᠭᠴᠡᠯᠡᠨ ᠵᠠᠯᠠᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠳᠣᠷ ᠠᠣᠠᠬᠤᠨᠠ︔ ᠦᠴᠣᠭᠡᠨ ᠴᠦ ᠠᠭᠤᠴᠢᠯᠠᠬᠤ ᠦᠭᠡᠢ ᠣᠪᠣᠷ ᠢᠶᠠᠷ ᠣᠷᠴᠢᠨ ᠲᠣᠭᠤᠷᠢᠨ ᠤ ᠬᠠᠣᠯᠢ ᠠᠴᠠ ᠵᠦᠷᠢᠴᠡᠭᠰᠡᠨ ᠦᠢᠯᠡ ᠠᠵᠢᠯᠯᠠᠭ᠎ᠠ ᠳᠤ ᠴᠢᠩᠭ᠎ᠠ ᠴᠣᠬᠢᠯᠳᠠ ᠦᠭᠭᠦᠨ᠎ᠠ᠃ ᠣᠷᠴᠢᠨ ᠲᠣᠭᠤᠷᠢᠨ ᠤ ᠨᠠᠶᠢᠳᠠ ᠶᠢᠨ ᠠᠰᠠᠷᠠᠮᠵᠢ ᠶᠢᠨ ᠵᠠᠷᠭᠤ ᠶᠢ ᠳᠡᠭᠡᠳᠣ ᠭᠡᠮᠵᠢᠶ᠎ᠠ ᠪᠠᠷ ᠴᠢᠬᠤᠯᠠᠴᠢᠯᠠᠨ᠎ᠠ᠃ ᠣᠷᠴᠢᠨ ᠲᠣᠭᠤᠷᠢᠨ ᠤ ᠬᠠᠮᠠᠭᠠᠯᠠᠯᠲᠠ ᠶᠢᠨ ᠰᠢᠮᠳᠠᠭᠤᠯᠤᠨ ᠪᠠᠶᠢᠴᠠᠭᠠᠬᠤ ᠳᠦᠷᠢᠮ ᠢ ᠬᠡᠷᠡᠭᠵᠢᠭᠦᠯᠵᠦ᠂ ᠦᠪᠡᠷᠳᠡᠭᠡᠨ ᠵᠠᠰᠠᠬᠤ ᠣᠷᠣᠨ ᠠᠴᠠ ᠰᠢᠮᠳᠠᠭᠤᠯᠤᠨ ᠪᠠᠶᠢᠴᠠᠭᠠᠬᠤ ᠶᠢ ᠠᠶᠢᠮᠠᠭ ᠬᠤᠲᠠ ᠳᠤ ᠪᠦᠷᠢᠨ ᠪᠦᠷᠬᠦᠭᠦᠯᠬᠦ ᠶᠢ ᠪᠡᠶᠡᠯᠡᠭᠦᠯᠦᠨ᠎ᠡ᠃
ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠨ᠎ᠠ᠃ ᠭᠤᠤᠯ ᠴᠤᠨᠨᠴᠠ ᠶᠢᠨ ᠴᠢᠳᠠᠮᠵᠢᠳᠤ ᠤᠷᠤᠨ ᠤ ᠲᠦᠯᠦᠪᠵᠢᠬᠦᠯᠬᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠠᠮᠢ ᠠᠬᠤᠢ ᠶᠢᠨ ᠬᠠᠮᠠᠭᠠᠯᠠᠯᠳᠠ ᠶᠢᠨ ᠬᠢᠵᠠᠭᠠᠷ ᠱᠤᠭᠤᠮ ᠢ ᠪᠠᠳᠤ ᠰᠠᠬᠢᠨ᠎ᠠ᠃ ᠣᠰᠣᠨ ᠤ ᠡᠬᠢ ᠰᠤᠷᠪᠤᠯᠵᠢ ᠶᠢᠨ ᠬᠠᠮᠤᠭ ᠠᠴᠠ ᠴᠢᠩᠭ᠎ᠠ ᠬᠠᠮᠢᠶᠠᠷᠬᠤ ᠲᠦᠷᠢᠮ ᠢ ᠬᠡᠷᠩᠵᠢᠭᠦᠯᠵᠣ᠂ ᠣᠰᠣ ᠠᠷᠪᠢᠯᠠᠬᠤ ᠬᠡᠯᠪᠡᠷᠢ ᠶᠢᠨ ᠨᠠᠶᠢᠭᠡᠮ ᠢ ᠪᠠᠶᠢᠭᠤᠯᠣᠨ᠂ ᠣᠣᠭᠤᠬᠤ ᠣᠰᠣᠨ ᠤ ᠰᠣᠷᠪᠣᠯᠵᠢ ᠭᠠᠵᠡᠷ ᠤᠨ ᠠᠮᠣᠷ ᠲᠦᠪᠰᠢᠨ ᠤ ᠪᠠᠷᠢᠮᠵᠢᠶ᠎ᠠ ᠳᠤ ᠭᠦᠷᠣᠭᠦᠯᠭᠦ ᠶᠢ ᠦᠨᠡᠡᠭᠦ ᠪᠠᠳᠣᠯᠠᠨ᠎ᠠ᠃ ᠲᠦᠷᠦᠯ ᠵᠦᠢᠯ ᠤᠨ ᠤᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢ ᠦᠨᠡᠯᠡᠬᠦ ᠬᠢᠬᠡᠳ ᠲᠦᠯᠦᠪᠵᠢᠭᠦᠯᠬᠡ ᠶᠢᠨ ᠤᠷᠴᠢᠨ ᠲᠤᠭᠤᠷᠢᠨ ᠳᠤ ᠦᠵᠡᠬᠦᠯᠬᠦ ᠨᠦᠯᠦᠬᠡ ᠶᠢ ᠦᠨᠡᠯᠡᠬᠦ ᠶᠢᠨ ᠬᠠᠮᠳᠤᠷᠠᠨ ᠭᠦᠳᠡᠯᠦᠯᠴᠡᠬᠦ ᠲᠤᠨᠨᠳᠠᠴᠠ ᠶᠢ ᠪᠠᠶᠢᠭᠤᠯᠵᠣ᠂ ᠪᠤᠬᠢᠷᠳᠤᠯ ᠡᠳ᠋ ᠭᠠᠳ᠋ᠬᠠᠰᠢᠯᠠᠭᠤᠯᠬᠤ ᠡᠷᠬᠡ ᠶᠢᠨ ᠠᠷᠠᠯᠵᠢᠶᠠᠨ ᠤ ᠵᠠᠬ᠎ᠠ ᠲᠡᠯᠬᠡᠭᠦᠷᠴᠢᠯᠡᠬᠦ ᠦᠬᠡᠷᠡᠴᠢᠯᠡᠯᠳᠡ ᠶᠢ ᠲᠦᠷᠬᠡᠳᠬᠡᠨ᠎ᠠ᠃ ᠤᠷᠴᠢᠨ ᠲᠤᠭᠤᠷᠢᠨ ᠤ ᠬᠠᠮᠠᠭᠠᠯᠠᠯᠳᠠ ᠶᠢᠨ ᠰᠠᠭᠤᠷᠢ ᠮᠦᠩᠭᠦᠨ ᠤ ᠭᠦᠳᠦᠯᠦᠨ ᠵᠢᠯᠤᠭᠤᠳᠬᠤ ᠦᠢᠯᠡᠳᠦᠯ ᠢ ᠪᠠᠳᠠᠷᠠᠭᠤᠯᠵᠦ᠂ ᠤᠷᠴᠢᠨ ᠲᠤᠭᠤᠷᠢᠨ ᠤ ᠪᠤᠬᠢᠷᠳᠤᠯ ᠡᠳ᠋ ᠢ ᠭᠤᠷᠪᠠᠳᠠᠬᠢ ᠡᠳᠡᠬᠡᠳ ᠠᠴᠠ ᠵᠠᠰᠠᠬᠤ ᠶᠢ ᠦᠷᠨᠢᠬᠦᠯᠦᠨ᠂ ᠠᠮᠢ ᠠᠬᠤᠢ ᠤᠷᠴᠢᠨ ᠲᠤᠭᠤᠷᠢᠨ ᠢ ᠬᠠᠮᠠᠭᠠᠯᠠᠬᠤ ᠠᠵᠦ ᠦᠢᠯᠡᠰ ᠢ ᠭᠦᠭᠵᠢᠬᠦᠯᠦᠨ᠎ᠠ᠃ ᠤᠳᠤᠷᠢᠳᠬᠤ ᠺᠠᠳ᠋ᠷᠴᠤᠳ ᠤᠨ ᠲᠤᠰᠢᠶᠠᠯ ᠠᠴᠠ ᠪᠠᠨ ᠰᠠᠯᠬᠤ ᠳᠤ ᠪᠠᠶᠢᠭᠠᠯᠢ ᠶᠢᠨ ᠡᠬᠢ ᠪᠠᠶᠠᠯᠢᠭ ᠡᠳ᠋ ᠭᠦᠷᠦᠩᠬᠡ ᠶᠢᠨ ᠬᠢᠨᠠᠨ ᠪᠤᠳᠤᠬᠤ ᠲᠤᠷᠰᠢᠯᠳᠠ ᠶᠢ ᠦᠷᠭᠦᠯᠵᠢᠯᠡᠨ ᠬᠡᠷᠩᠵᠢᠭᠦᠯᠣᠨ᠎ᠠ᠃ ᠤᠯᠤᠰ ᠤᠨ ᠦᠮᠴᠢᠯᠡᠯᠳᠦ ᠰᠢᠭᠤᠶᠢᠳᠤ ᠤᠷᠤᠨ ᠤ ᠦᠬᠡᠷᠡᠴᠢᠯᠡᠯᠳᠡ ᠶᠢ ᠭᠦᠨᠵᠡᠬᠡᠶᠢᠷᠡᠬᠦᠯᠵᠦ᠂ ᠤᠯᠤᠰ ᠤᠨ ᠦᠮᠴᠢᠯᠡᠯᠳᠦ ᠤᠢ ᠰᠢᠭᠤᠢ ᠶᠢᠨ ᠲᠠᠯᠠᠪᠠᠢ ᠶᠢᠨ ᠦᠬᠡᠷᠡᠴᠢᠯᠡᠯᠳᠡ ᠶᠢ ᠪᠡᠶᠡᠯᠡᠬᠦᠯᠦᠨ᠂ ᠬᠠᠮᠳᠤ ᠶᠢᠨ ᠤᠢ ᠰᠢᠭᠤᠢ ᠶᠢᠨ ᠡᠷᠬᠡ ᠶᠢᠨ ᠲᠦᠷᠢᠮ ᠢ ᠲᠡᠭᠦᠯᠳᠡᠷᠵᠢᠬᠦᠯᠦᠨ᠎ᠠ᠃ ᠣᠯᠣᠰ ᠤᠨ ᠨᠡᠭᠦᠷᠡᠰᠦᠳᠦ᠋ᠷᠦᠭᠴᠢ ᠪᠠᠭ᠎ᠠ ᠭᠠᠳ᠋ᠬᠠᠰᠢᠯᠠᠭᠤᠯᠬᠤ ᠬᠤᠳᠠ ᠶᠢᠨ ᠲᠣᠷᠰᠢᠯᠳᠠ ᠶᠢ ᠠᠬᠢᠭᠤᠯᠣᠨ᠂ ᠪᠦᠭᠦ ᠠᠷᠠᠣᠨ ᠤᠨ ᠡᠨᠧᠷᠬᠢ ᠠᠷᠪᠢᠯᠠᠬᠤ ᠠᠵᠢᠯᠯᠠᠭᠠᠨ ᠤ ᠲᠦᠯᠣᠪᠯᠡᠭᠡ ᠶᠢ ᠬᠡᠷᠩᠵᠢᠭᠦᠯᠣᠨ᠎ᠠ᠃ ᠠᠮᠢ ᠠᠬᠤᠢ ᠶᠢᠨ ᠰᠤᠶᠤᠯ ᠢ ᠢᠳᠡᠪᠬᠢᠳᠡᠢ ᠪᠤᠢ ᠪᠤᠯᠭᠠᠵᠦ᠂ ᠨᠡᠭᠦᠷᠡᠰᠦᠳᠦ᠋ᠷᠦᠭᠴᠢ ᠪᠠᠭ᠎ᠠ ᠭᠠᠳ᠋ᠬᠠᠰᠢᠯᠠᠭᠤᠯᠬᠤ ᠪᠤᠬᠢᠷᠳᠤᠯ ᠦᠬᠡᠢ ᠠᠮᠢᠳᠤᠷᠠᠯ ᠤᠨ ᠠᠷᠭ᠎ᠠ ᠮᠠᠶ᠋ᠢᠭ ᠢ ᠰᠠᠨᠠᠭᠠᠴᠢᠯᠠᠨ᠎ᠠ᠃
︵ᠶᠢᠰᠦ︶ ᠠᠷᠠᠳ ᠤᠨ ᠠᠮᠢᠳᠤᠷᠠᠯ ᠢ ᠪᠦᠭᠦ ᠭᠦᠴᠣᠨ ᠢᠶᠠᠷ ᠪᠠᠳᠤᠯᠠᠨ ᠰᠠᠶᠢᠵᠢᠷᠠᠭᠤᠯᠣᠨ᠎ᠠ᠃ ᠪᠢᠳᠠ ︽ᠬᠡᠷᠪᠡ ᠨᠢᠭᠡ ᠭᠡᠷ ᠨᠢᠭᠡ ᠡᠷᠣᠭᠡ ᠴᠢᠨᠠᠭᠰᠢᠯᠠᠨ ᠨᠢᠭᠡ ᠭᠦᠮᠣᠨ ᠴᠦ ᠭᠡᠣᠨ ᠦᠨᠳᠣᠰᠣᠨ ᠠᠮᠢᠳᠣᠷᠠᠯ ᠤᠨ ᠠᠰᠠᠭᠤᠳᠠᠯ ᠢᠶᠠᠨ ᠰᠢᠢᠳᠪᠦᠷᠢᠯᠡᠭᠡᠳᠦᠢ ᠪᠠᠶᠢᠪᠡᠯ᠂ ᠪᠢᠳᠠ ᠴᠦᠮ ᠰᠡᠣᠡᠬᠢᠯ ᠠᠮᠤᠷ ᠪᠠᠶᠢᠵᠤ ᠴᠢᠳᠠᠬᠤ ᠦᠭᠡᠢ︾ ᠬᠡᠰᠡᠨ ᠶᠡᠷᠣᠩᠬᠡᠢ ᠱᠦᠵᠢ ᠰᠢ ᠶᠢᠨ ᠫᠢᠩ ᠤᠨ ᠵᠠᠬᠢᠶ᠎ᠠ ᠶᠢ ᠪᠠᠳᠣ ᠴᠡᠭᠡᠵᠢᠯᠡᠵᠣ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠳᠤ ᠰᠠᠬᠢᠵᠦ᠂ ᠠᠷᠠᠳ ᠤᠨ ᠠᠮᠢᠳᠤᠷᠠᠯ ᠤᠨ ᠪᠤᠶᠠᠨ ᠵᠢᠷᠭᠠᠯ ᠢ ᠨᠡᠮᠡᠭᠳᠡᠬᠦᠯᠣᠨ᠂ ᠭᠦᠭᠵᠢᠯᠳᠡ ᠶᠢᠨ ᠦᠷ᠎ᠡ ᠪᠦᠳᠦᠬᠡᠯ ᠢ ᠪᠦᠭᠦ ᠠᠷᠠᠳ ᠲᠦᠮᠡᠨ ᠳᠤ ᠭᠦᠷᠳᠡᠬᠡᠨ᠎ᠠ᠃
ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠠᠵᠢᠯ ᠢ ᠰᠠᠶᠢᠳᠤᠷ ᠬᠢᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢ ᠠᠷᠠᠳ ᠤᠨ ᠠᠮᠢᠳᠤᠷᠠᠯ ᠤᠨ ᠲᠡᠷᠢᠬᠦᠨ ᠢᠨᠵᠧᠨᠧᠷᠢᠩ ᠢᠶᠠᠷ ᠦᠵᠡᠵᠦ᠂ ᠡᠷᠦᠬᠡ ᠪᠠ ᠭᠦᠮᠦᠨ ᠤ ᠪᠠᠶᠢᠳᠠᠯ ᠳᠤᠨᠢ ᠨᠡᠶᠢᠴᠡᠬᠦᠯᠦᠨ ᠲᠦᠢᠯ ᠤᠨ ᠤᠨᠤᠪᠴᠢᠳᠠᠢ ᠪᠤᠳᠤᠯᠭ᠎ᠠ ᠬᠡᠷᠡᠭᠵᠢᠬᠦᠯᠵᠦ᠂ ᠦᠢᠯᠡᠳᠪᠦᠷᠢᠯᠡᠯ ᠢ ᠨᠢ ᠲᠡᠳᠬᠦᠨ ᠲᠡᠮᠵᠢᠬᠦ᠂ ᠤᠨᠳᠤᠤ ᠭᠠᠵᠠᠷ ᠲᠤ ᠰᠢᠯᠵᠢᠬᠦᠯᠦᠨ ᠨᠡᠭᠦᠯᠬᠡᠬᠦ᠂ ᠠᠮᠢ ᠠᠬᠤᠢ ᠳᠤ ᠲᠦᠯᠦᠪᠦᠷᠢᠯᠡᠬᠦ᠂ ᠰᠤᠷᠭᠠᠨ ᠭᠦᠮᠦᠵᠢᠯ ᠢᠶᠠᠷ ᠶᠠᠳᠠᠭᠤ ᠶᠢ ᠲᠡᠳᠬᠦᠬᠦ᠂ ᠲᠦᠷᠦ ᠶᠢᠨ ᠪᠤᠳᠤᠯᠭ᠎ᠠ ᠪᠠᠷ ᠰᠠᠭᠤᠷᠢ ᠠᠴᠠ ᠨᠢ ᠪᠠᠳᠤᠯᠠᠬᠤ ᠵᠡᠷᠬᠡ ᠠᠷᠭ᠎ᠠ ᠬᠡᠮᠵᠢᠶ᠎ᠡ ᠪᠠᠷ ᠳᠠᠮᠵᠢᠵᠤ᠂ ᠶᠠᠳᠠᠭᠤ ᠭᠦᠴᠢᠷᠳᠡᠯᠳᠡᠢ 20 ᠲᠦᠮᠡᠨ ᠭᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ᠂ ᠦᠪᠡᠷᠳᠡᠬᠡᠨ ᠵᠠᠰᠠᠬᠤ ᠤᠷᠤᠨ ᠤ ᠲᠡᠰ ᠤᠨ ᠶᠠᠳᠠᠭᠤ ᠭᠦᠴᠢᠷᠳᠡᠯᠳᠡᠢ 14 ᠬᠤᠰᠢᠭᠤ ᠰᠢᠶᠠᠨ ᠪᠠ ᠤᠯᠤᠰ ᠤᠨ ᠲᠡᠰ ᠤᠨ ᠶᠠᠳᠠᠭᠤ ᠭᠦᠴᠢᠷᠳᠡᠯᠳᠡᠢ 3 ᠬᠤᠰᠢᠭᠤ ᠰᠢᠶᠠᠨ ᠢ ᠶᠠᠳᠠᠭᠤ ᠬᠦᠴᠢᠷᠳᠡᠯᠲᠡᠢ ᠶᠢᠨ ᠲᠤᠭᠠᠨ ᠠᠴᠠ ᠭᠠᠷᠭᠠᠬᠤ ᠶᠢ ᠦᠨᠡᠨᠬᠦ ᠪᠠᠳᠤᠯᠠᠨ᠎ᠠ᠃ ᠮᠦᠩᠭᠦᠨ ᠭᠦᠢᠯᠬᠡᠬᠡᠨ ᠢᠶᠠᠷ ᠶᠠᠳᠠᠭᠤ ᠶᠢ ᠲᠡᠳᠬᠦᠬᠦ ᠡᠷᠴᠢᠮ ᠢ ᠴᠢᠩᠭᠠᠷᠠᠭᠤᠯᠵᠦ᠂ ᠨᠡᠶᠢᠬᠡᠮ ᠤᠨ ᠭᠦᠴᠦᠨ ᠢ ᠦᠷᠬᠡᠨ ᠢᠶᠠᠷ ᠲᠠᠶᠢᠴᠢᠯᠠᠵᠦ ᠶᠠᠳᠠᠭᠤ ᠠᠴᠠ ᠠᠩᠬᠢᠵᠢᠷᠠᠭᠤᠯᠵᠦ ᠨᠡᠬᠡᠬᠡᠨ ᠭᠦᠭᠵᠢᠬᠦᠯᠬᠦ ᠳᠤ ᠤᠷᠤᠯᠴᠠᠭᠤᠯᠤᠨ᠂ ᠶᠠᠳᠠᠭᠤ ᠭᠦᠴᠢᠷᠳᠡᠯᠳᠡᠢ ᠭᠠᠵᠠᠷ ᠤᠷᠤᠨ ᠢ ᠬᠠᠪᠰᠤᠷᠴᠤ ᠪᠠᠶᠢᠭᠠᠳ ᠭᠦᠭᠵᠢᠯᠳᠡ ᠶᠢᠨ ᠨᠦᠭᠦᠴᠡᠯ ᠢ ᠨᠢ ᠰᠠᠶᠢᠵᠢᠷᠠᠭᠤᠯᠤᠨ᠎ᠠ᠃ ᠡᠷᠡᠭᠦᠯ ᠡᠩᠬᠡ ᠪᠠᠷ ᠶᠠᠳᠠᠭᠤ ᠶᠢ ᠲᠡᠳᠬᠦᠬᠦ ᠠᠵᠢᠯ ᠢ ᠰᠠᠶᠢᠳᠤᠷ ᠬᠢᠵᠦ᠂ ᠶᠠᠳᠠᠭᠤ ᠭᠦᠴᠢᠷᠳᠡᠯᠳᠡᠢ ᠭᠦᠮᠦᠨ ᠠᠮᠠ ᠳᠤ ᠪᠡᠶ᠎ᠡ ᠶᠢᠨ ᠡᠷᠡᠭᠦᠯ ᠮᠡᠨᠳᠦ ᠶᠢᠨ ᠪᠠᠶᠢᠴᠠᠭᠠᠯᠳᠠ ᠶᠢ ᠲᠦᠯᠦᠪᠦᠷᠢ ᠦᠬᠡᠢ ᠪᠠᠷ ᠬᠢᠵᠦ ᠦᠭᠭᠦᠨ᠎ᠠ᠃ ᠡᠯ᠎ᠡ ᠱᠠᠳᠤᠨ ᠤ ᠵᠠᠰᠠᠭ ᠤᠨ ᠤᠷᠳᠤᠨ ᠨᠢ ᠶᠠᠳᠠᠭᠤ ᠠᠴᠠ ᠠᠩᠬᠢᠵᠢᠷᠠᠭᠤᠯᠬᠤ ᠠᠵᠢᠯ ᠳᠠᠬᠢ ᠤᠷᠤᠭᠤᠯᠤᠯᠳᠠ ᠪᠠᠨ ᠦᠷᠬᠦᠯᠵᠢᠯᠡᠨ ᠨᠡᠮᠡᠭᠳᠡᠬᠦᠯᠵᠦ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠳᠤ ᠶᠠᠳᠠᠭᠤ ᠶᠢ ᠲᠡᠳᠬᠦᠬᠦ ᠠᠵᠦ ᠦᠢᠯᠡᠰ ᠤᠨ ᠰᠠᠭᠤᠷᠢ ᠮᠦᠩᠭᠦ ᠶᠢ ᠪᠠᠶᠢᠭᠤᠯᠤᠨ᠂ ᠡᠯ᠎ᠡ ᠵᠦᠢᠯ ᠤᠨ ᠠᠷᠠᠳ ᠲᠤ ᠠᠰᠢᠭ ᠭᠦᠷᠳᠡᠬᠡᠬᠦ ᠲᠦᠷᠦ ᠶᠢᠨ ᠪᠤᠳᠤᠯᠭ᠎ᠠ ᠪᠠ ᠠᠷᠠᠳ ᠤᠨ ᠠᠮᠢᠳᠤᠷᠠᠯ ᠤᠨ ᠲᠦᠷᠦᠯ ᠵᠦᠢᠯ ᠢ ᠶᠠᠳᠠᠭᠤ ᠭᠦᠴᠢᠷᠳᠡᠯᠳᠡᠢ ᠭᠠᠵᠠᠷ ᠤᠷᠤᠨ ᠲᠡᠰᠢ ᠬᠡᠯᠪᠠᠶᠢᠯᠬᠡᠨ᠎ᠠ᠃ ᠶᠠᠳᠠᠭᠤ ᠠᠴᠠ ᠠᠩᠬᠢᠵᠢᠷᠠᠭᠤᠯᠬᠤ ᠰᠢᠪᠳᠤᠯᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠦ᠂ ᠬᠤᠳᠠᠯ ᠬᠠᠭᠤᠷᠮᠠᠭ ᠢᠶᠠᠷ ᠶᠠᠳᠠᠭᠤ ᠠᠴᠠ ᠠᠩᠬᠢᠵᠢᠷᠠᠭᠤᠯᠬᠤ᠂ ᠲᠤᠭ᠎ᠠ ᠨᠤᠷᠮ᠎ᠠ ᠪᠠᠷ ᠶᠠᠳᠠᠭᠤ ᠠᠴᠠ ᠠᠩᠬᠢᠵᠢᠷᠠᠭᠤᠯᠬᠤ ᠶᠢ ᠡᠷᠡᠰ ᠬᠤᠷᠢᠨᠨᠯᠠᠨ᠎ᠠ᠃
ᠠᠷᠠᠳ ᠤᠨ ᠠᠮᠢᠳᠤᠷᠠᠯ ᠤᠨ ᠦᠨᠳᠦᠰᠦ ᠪᠤᠯᠬᠤ ᠠᠵᠢᠯ ᠤᠯᠭᠤᠯᠳᠠ ᠶᠢ ᠰᠠᠶᠢᠳᠤᠷ ᠠᠳᠬᠤᠨ᠎ᠠ᠃ ᠲᠡᠬᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠤᠯᠵᠦ ᠠᠳᠠᠯ ᠦᠢᠯᠡᠰ ᠴᠤᠨᠨᠴᠠᠯᠠᠬᠤ ᠶᠢ ᠨᠢ ᠠᠬᠢᠭᠤᠯᠬᠤ ᠲᠦᠯᠦᠪᠯᠡᠭᠡ ᠶᠢ ᠬᠡᠷᠡᠭᠵᠢᠬᠦᠯᠦᠨ᠎ᠠ᠃ ᠲᠦᠢᠯ ᠤᠨ ᠤᠨᠤᠪᠴᠢᠳᠠᠢ ᠪᠠᠷ ᠬᠠᠪᠰᠤᠷᠤᠨ ᠲᠡᠮᠵᠢᠬᠦ ᠶᠢ ᠦᠷᠨᠢᠭᠦᠯᠵᠦ᠂ ᠨᠢᠬᠡ ᠴᠤ ᠠᠵᠢᠯ ᠤᠯᠤᠭᠠᠳᠤᠢ ᠬᠡᠷ ᠪᠦᠯᠢ ᠳᠤ ᠭᠦᠳᠡᠯᠦᠩᠭᠦᠢ ᠪᠠᠷ ᠠᠵᠢᠯ ᠤᠯᠭᠤᠬᠤ ᠶᠢ ᠪᠠᠳᠤᠯᠠᠨ᠎ᠠ᠃ ᠴᠡᠷᠢᠭ ᠠᠩᠬᠢ ᠠᠴᠠ ᠠᠵᠢᠯ ᠰᠢᠯᠵᠢᠭᠰᠡᠨ ᠺᠠᠳ᠋ᠷ ᠪᠠ ᠴᠡᠷᠢᠭ ᠤᠨ ᠠᠯᠪᠠ ᠠᠴᠠ ᠪᠠᠭᠤᠨᠨᠰᠠᠨ ᠪᠠᠶᠢᠯᠳᠤᠨᠨᠴᠢ ᠶᠢ ᠭᠦᠯᠢᠶᠡᠨ ᠠᠪᠴᠤ ᠲᠦᠪᠬᠢᠨᠡᠬᠦᠯᠬᠦ ᠠᠵᠢᠯ ᠢ ᠰᠠᠶᠢᠳᠤᠷ ᠬᠢᠨ᠎ᠠ᠃ ᠨᠠᠰᠤᠨ ᠲᠤᠷᠰᠢ ᠶᠢᠨ ᠠᠵᠢᠯ ᠮᠡᠷᠬᠡᠵᠢᠯ ᠤᠨ ᠤᠷ᠎ᠡ ᠴᠢᠳᠠᠪᠤᠷᠢ ᠶᠢᠨ ᠪᠤᠯᠪᠠᠰᠤᠷᠠᠭᠤᠯᠤᠯ ᠤᠨ ᠲᠦᠷᠢᠮ ᠢ ᠠᠯᠬᠤᠮ ᠠᠯᠬᠤᠮ ᠢᠶᠠᠷ ᠪᠠᠶᠢᠭᠤᠯᠵᠦ᠂ ᠭᠦᠳᠡᠯᠮᠦᠷᠢᠴᠢᠳ ᠤᠨ ᠠᠵᠢᠯ ᠤᠯᠵᠦ ᠠᠳᠠᠯ ᠦᠢᠯᠡᠰ ᠴᠤᠨᠨᠴᠠᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ ᠠᠳᠠᠯ ᠦᠢᠯᠡᠰ ᠴᠤᠨᠨᠴᠠᠯᠠᠬᠤ ᠶᠢ ᠲᠡᠳᠬᠦᠨ ᠲᠡᠮᠵᠢᠬᠦ ᠲᠦᠷᠦ ᠶᠢᠨ ᠪᠤᠳᠤᠯᠭ᠎ᠠ ᠪᠠ ᠤᠷᠮᠠᠰᠢᠭᠤᠯᠬᠤ ᠲᠤᠨᠨᠳᠠᠴᠠ ᠶᠢ ᠲᠡᠭᠦᠯᠳᠡᠷᠵᠢᠬᠦᠯᠦᠨ᠂ ᠭᠦᠮᠦᠨ ᠪᠦᠭᠦᠨ ᠳᠤ ᠴᠦᠮ ᠠᠵᠢᠯᠯᠠᠵᠤ ᠠᠳᠠᠯ ᠦᠢᠯᠡᠰ ᠴᠣᠭᠴᠠᠯᠠᠨ᠂ ᠭᠦᠰᠡᠯ ᠪᠤᠳᠤᠯ ᠢᠶᠠᠨ ᠪᠡᠶᠡᠯᠡᠬᠦᠯᠬᠦ ᠠᠵᠠ ᠲᠤᠬᠢᠶᠠᠯ ᠲᠠᠢ ᠪᠠᠶᠢᠯᠭᠠᠬᠤ ᠪᠠᠷ ᠴᠢᠷᠮᠠᠶᠢᠨ᠎ᠠ᠃
ᠤᠷᠤᠯᠭ᠎ᠠ ᠶᠢᠨ ᠬᠤᠪᠢᠶᠠᠷᠢᠯᠠᠯᠳᠠ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠭᠦᠯᠵᠦ᠂ ᠮᠡᠳᠡᠯᠬᠡ ᠶᠢᠨ ᠦᠨ᠎ᠠ ᠦᠷᠳᠡᠭ ᠢᠶᠠᠷ ᠤᠳᠤᠷᠢᠳᠤᠮᠵᠢ ᠪᠤᠯᠭᠠᠨᠨᠰᠠᠨ ᠬᠤᠪᠢᠶᠠᠷᠢᠯᠠᠯᠳᠠ ᠶᠢᠨ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠶᠢ ᠲᠦᠷᠬᠡᠳᠬᠡᠨ ᠪᠠᠶᠢᠭᠤᠯᠤᠨ᠎ᠠ᠃ ᠠᠵᠦ ᠠᠬᠤᠶᠢᠯᠠᠯ ᠤᠨ ᠴᠠᠯᠢᠩ ᠭᠦᠯᠦᠰᠦ ᠶᠢᠨ ᠬᠠᠮᠳᠤ ᠪᠠᠷ ᠵᠦᠪᠳᠡᠯᠴᠡᠬᠦ ᠶᠢᠨ ᠬᠠᠮᠤᠷᠬᠤ ᠬᠡᠪᠴᠢᠶ᠎ᠡ ᠶᠢ ᠦᠷᠬᠡᠳᠬᠡᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠬᠡᠴᠡ ᠶᠢᠨ ᠴᠠᠯᠢᠩ ᠤᠨ ᠲᠦᠷᠢᠮ ᠢ ᠲᠡᠭᠦᠯᠳᠡᠷᠵᠢᠬᠦᠯᠤᠨ᠂ ᠤᠯᠤᠰ ᠤᠨ ᠦᠮᠴᠢᠯᠡᠯᠳᠦ ᠠᠵᠦ ᠠᠬᠤᠶᠢᠯᠠᠯ ᠤᠨ ᠬᠠᠷᠢᠭᠤᠴᠠᠯᠭᠠᠳᠠᠨ ᠤ ᠭᠦᠯᠦᠰᠦ ᠤᠯᠭᠤᠮᠵᠢ ᠶᠢᠨ ᠲᠦᠷᠢᠮ ᠤᠨ ᠦᠬᠡᠷᠡᠴᠢᠯᠡᠯᠳᠡ ᠶᠢ ᠭᠦᠨᠵᠡᠬᠡᠶᠢᠷᠡᠭᠦᠯᠦᠨ᠎ᠠ᠃
ᠪᠦᠭᠦ ᠠᠷᠠᠳ ᠢᠶᠠᠷ ᠢᠶᠠᠨ ᠲᠠᠭᠠᠳᠬᠠᠯ ᠳᠤ ᠤᠷᠤᠯᠴᠠᠬᠤ ᠲᠦᠯᠦᠪᠯᠡᠭᠡ ᠶᠢ ᠬᠡᠷᠡᠭᠵᠢᠬᠦᠯᠵᠦ᠂ ᠨᠡᠶᠢᠬᠡᠮ ᠤᠨ ᠲᠠᠭᠠᠳᠬᠠᠯ ᠤᠨ ᠬᠠᠮᠤᠷᠬᠤ ᠬᠡᠪᠴᠢᠶ᠎ᠡ ᠶᠢ ᠦᠷᠬᠡᠳᠬᠡᠨ᠎ᠠ᠃ ᠤᠯᠤᠰ ᠤᠨ ᠨᠠᠰᠤᠵᠢᠯ ᠤᠨ ᠠᠰᠠᠷᠠᠮᠵᠢ ᠶᠢᠨ ᠳᠠᠭᠠᠳᠬᠠᠯ ᠤᠨ ᠳᠦᠷᠢᠮ ᠤᠨ ᠦᠬᠡᠷᠡᠴᠢᠯᠡᠬᠦ ᠲᠦᠰᠦᠯ ᠢ ᠨᠠᠶᠢᠳᠠᠪᠤᠷᠢᠵᠢᠭᠤᠯᠵᠦ᠂ ᠨᠠᠰᠤᠵᠢᠯ ᠤᠨ ᠦᠨᠳᠦᠰᠦᠨ ᠠᠰᠠᠷᠠᠮᠵᠢ ᠶᠢᠨ ᠮᠦᠩᠭᠦᠨ ᠤ ᠬᠢᠷᠢ ᠲᠦᠪᠰᠢᠨ ᠢ ᠦᠷᠭᠦᠯᠵᠢᠯᠡᠨ ᠲᠡᠬᠡᠭᠰᠢᠯᠡᠬᠦᠯᠵᠦ᠂ ᠠᠵᠦ ᠠᠬᠤᠶᠢᠯᠠᠯ ᠤᠨ ᠣᠨ ᠤ ᠮᠥᠩᠭᠦ᠂ ᠲᠤᠬᠠᠶᠢᠯᠠᠭᠰᠠᠨ ᠠᠵᠢᠯ ᠤᠨ ᠣᠨ ᠤ ᠮᠥᠩᠭᠦ᠂ ᠬᠤᠳᠠᠯᠳᠤᠭᠠᠨ ᠤ ᠨᠠᠰᠤᠵᠢᠯ ᠤᠨ ᠲᠠᠭᠠᠳᠬᠠᠯ ᠢ ᠬᠡᠷᠡᠭᠵᠢᠬᠦᠯᠦᠨ᠎ᠠ᠃ ᠬᠤᠳᠠ ᠭᠦᠳᠡᠭᠡ ᠶᠢᠨ ᠰᠠᠭᠤᠭᠠᠯᠢ ᠠᠷᠠᠳ ᠤᠨ ᠡᠮᠴᠢᠯᠡᠬᠡᠨ ᠤ ᠲᠠᠭᠠᠳᠬᠠᠯ ᠤᠨ ᠨᠢᠬᠡᠳᠦᠯᠳᠡᠢ ᠲᠦᠷᠢᠮ ᠢ ᠬᠡᠷᠡᠭᠵᠢᠬᠦᠯᠵᠦ᠂ ᠡᠳ᠋ ᠤᠨ ᠵᠠᠰᠠᠭ ᠤᠨ ᠨᠦᠭᠦᠪᠦᠷᠢ ᠶᠢᠨ ᠪᠠᠷᠢᠮᠵᠢᠶ᠎ᠠ ᠶᠢ ᠲᠡᠬᠡᠭᠰᠢᠯᠡᠬᠦᠯᠦᠨ᠎ᠠ᠃ ᠦᠨᠳᠦᠰᠦᠨ ᠡᠮᠴᠢᠯᠡᠭᠡ ᠶᠢᠨ ᠲᠠᠭᠠᠳᠬᠠᠯ᠂ ᠭᠦᠨᠳᠦ ᠡᠪᠡᠳᠴᠢᠨ ᠤ ᠲᠠᠭᠠᠳᠬᠠᠯ᠂ ᠡᠮᠴᠢᠯᠡᠬᠡᠨ ᠤ ᠠᠪᠤᠷᠠᠨ ᠲᠤᠰᠠᠯᠠᠯᠳᠠ ᠵᠡᠷᠬᠡ ᠲᠦᠷᠢᠮ ᠢ ᠪᠦᠳᠦᠮᠵᠢᠳᠡᠢ ᠵᠤᠯᠭᠠᠭᠤᠯᠵᠦ᠂ ᠤᠨᠳᠤᠤ ᠭᠠᠵᠠᠷ ᠲᠤ ᠡᠮᠴᠢᠯᠡᠬᠦᠯᠬᠦ ᠳᠤ ᠰᠢᠭᠤᠳ ᠳ᠋ᠦᠩᠨᠡᠨ ᠪᠤᠳᠤᠬᠤ ᠶᠢ ᠪᠡᠶᠡᠯᠡᠬᠦᠯᠦᠨ᠎ᠠ᠃ ᠠᠮᠢᠳᠤᠷᠠᠯ ᠤᠨ ᠨᠠᠭᠠᠳᠤ ᠵᠠᠬ᠎ᠠ ᠶᠢᠨ ᠪᠠᠳᠤᠯᠠᠭ᠎ᠠ ᠶᠢᠨ ᠲᠦᠷᠢᠮ ᠳᠤ ᠬᠤᠳᠠ ᠭᠦᠳᠡᠭᠡ ᠶᠢ ᠨᠢᠬᠡᠳᠦᠯᠳᠡᠢ ᠲᠦᠯᠦᠪᠵᠢᠬᠦᠯᠵᠦ᠂ ᠨᠡᠶᠢᠬᠡᠮ ᠤᠨ ᠠᠪᠤᠷᠠᠨ ᠲᠤᠰᠠᠯᠠᠬᠤ ᠰᠢᠰᠲ᠋ᠧᠮᠵᠢ ᠶᠢ ᠪᠦᠷᠢᠨᠰᠢᠬᠦᠯᠦᠨ᠂ ᠵᠡᠮᠳᠡᠭᠴᠦᠳ᠂ ᠦᠳᠡᠭᠦᠰ᠂ ᠡᠮᠡᠭᠳᠡᠶᠢᠴᠦᠳ ᠬᠡᠤᠬᠡᠳ ᠤᠨ ᠡᠷᠬᠡ ᠠᠰᠢᠭ ᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠤᠯᠠᠭᠠᠨ ᠵᠠᠭᠠᠯᠮᠠᠶᠢᠳᠠᠨ ᠵᠡᠷᠬᠡ ᠨᠢᠭᠦᠯᠡᠰᠦᠩᠭᠦᠢ ᠶᠢᠨ ᠨᠡᠶᠢᠳᠡ ᠶᠢᠨ ᠠᠰᠠᠷᠠᠮᠵᠢ ᠶᠢᠨ ᠠᠵᠢᠯ ᠦᠢᠯᠡᠰ ᠢ ᠶᠡᠬᠡᠪᠡᠷ ᠭᠦᠭᠵᠢᠬᠦᠯᠤᠨᠠ᠃
ᠰᠤᠷᠭᠠᠨ ᠭᠦᠮᠦᠵᠢᠯ ᠢ ᠲᠡᠷᠢᠬᠦᠨ ᠳᠤ ᠲᠠᠯᠪᠢᠬᠤ ᠪᠠᠶᠢᠯᠳᠤᠬᠤ ᠪᠤᠳᠤᠯᠭ᠎ᠠ ᠶᠢ ᠪᠠᠷᠢᠮᠳᠠᠯᠠᠵᠦ᠂ ᠡᠯ᠎ᠡ ᠱᠠᠳᠤᠨ ᠤ ᠡᠯ᠎ᠡ ᠲᠦᠷᠦᠯ ᠤᠨ ᠰᠤᠷᠭᠠᠨ ᠭᠦᠮᠦᠵᠢᠯ ᠤᠨ ᠭᠦᠭᠵᠢᠯᠳᠡ ᠶᠢ ᠨᠢᠬᠡᠳᠦᠯᠳᠡᠢ ᠲᠦᠯᠦᠪᠵᠢᠬᠦᠯᠦᠨ᠎ᠠ᠃ ᠰᠤᠷᠭᠠᠨ ᠭᠦᠮᠦᠵᠢᠯ ᠳᠠᠬᠢ ᠤᠷᠤᠭᠤᠯᠤᠯᠳᠠ ᠶᠢ ᠲᠤᠨᠨᠳᠠᠭᠤᠨ ᠢᠶᠠᠷ ᠨᠡᠮᠡᠭᠳᠡᠭᠦᠯᠵᠦ᠂ ᠦᠨᠳᠦᠰᠦᠨ ᠱᠠᠳᠤ᠂ ᠮᠠᠯᠵᠢᠬᠤ ᠲᠠᠷᠢᠶᠠᠯᠠᠬᠤ ᠤᠷᠤᠨ ᠪᠠ ᠬᠢᠯᠢ ᠬᠢᠵᠠᠭᠠᠷ ᠤᠨ ᠶᠠᠳᠠᠭᠤ ᠭᠦᠴᠢᠷᠳᠡᠯᠳᠡᠢ ᠭᠠᠵᠠᠷ ᠤᠷᠤᠨ ᠳᠤ ᠬᠠᠷᠠᠭᠠᠯᠵᠠᠯ ᠦᠵᠡᠬᠦᠯᠦᠨ᠂ ᠤᠯᠠᠨ ᠨᠡᠶᠢᠳᠡ ᠶᠢᠨ ᠦᠨᠳᠦᠰᠦᠨ ᠰᠤᠷᠭᠠᠨ ᠭᠦᠮᠦᠵᠢᠯ ᠤᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠶᠢ ᠠᠬᠢᠭᠤᠯᠤᠨ᠎ᠠ᠃ ᠠᠯᠪᠠᠨ ᠵᠢᠷᠤᠮ ᠤᠨ ᠰᠤᠷᠭᠠᠨ ᠭᠦᠮᠦᠵᠢᠯ ᠢᠶᠠᠷ ᠪᠠᠭᠤᠷᠠᠢ ᠪᠠᠶᠢᠭ᠎ᠠ ᠰᠤᠷᠭᠠᠭᠤᠯᠢ ᠨᠤᠭᠤᠳ ᠤᠨ ᠰᠤᠷᠭᠠᠭᠤᠯᠢ ᠡᠷᠬᠢᠯᠡᠬᠦ ᠦᠨᠳᠦᠰᠦᠨ ᠨᠦᠭᠦᠴᠡᠯ ᠢ ᠦᠷᠭᠦᠯᠵᠢᠯᠡᠨ ᠰᠠᠶᠢᠵᠢᠷᠠᠭᠤᠯᠵᠦ᠂ ᠮᠠᠯᠵᠢᠬᠤ ᠲᠠᠷᠢᠶᠠᠯᠠᠬᠤ ᠤᠷᠤᠨ ᠤ ᠲᠤᠮᠳᠠᠳᠤ ᠪᠠᠭ᠎ᠠ ᠰᠤᠷᠭᠠᠭᠤᠯᠢ ᠶᠢᠨ ︽ᠲᠤᠮᠤ ᠬᠠᠨᠵᠤ︾ ᠪᠠ ᠪᠠᠭᠰᠢ ᠶᠢᠨ ᠲᠦᠷ ᠰᠠᠭᠤᠬᠤ ᠪᠠᠶᠢᠷᠢ ᠶᠢᠨ ᠠᠰᠠᠭᠤᠳᠠᠯ ᠢ ᠭᠦᠴᠦᠯᠡᠨ ᠰᠶᠢᠳᠪᠦᠷᠢᠯᠡᠵᠦ᠂ ᠭᠦᠳᠡᠭᠡ ᠲᠤᠰᠬᠤᠨ ᠤ ᠪᠠᠭᠰᠢ ᠶᠢ ᠲᠡᠮᠵᠢᠬᠦ ᠲᠦᠯᠦᠪᠯᠡᠭᠡ ᠶᠢ ᠨᠠᠶᠢᠳᠠᠪᠤᠷᠢᠵᠢᠭᠤᠯᠤᠨ᠂ ᠬᠤᠰᠢᠭᠤ ᠰᠢᠶᠠᠨ ᠤ ᠬᠡᠪᠴᠢᠶᠡᠨ ᠳᠠᠬᠢ ᠠᠯᠪᠠᠨ ᠵᠢᠷᠤᠮ ᠤᠨ ᠰᠤᠷᠭᠠᠨ ᠭᠦᠮᠦᠵᠢᠯ ᠢ ᠲᠡᠩᠴᠡᠭᠦᠷᠢᠳᠡᠢ ᠭᠦᠭᠵᠢᠬᠦᠯᠬᠦ ᠬᠠᠷᠠᠯᠳᠠ ᠶᠢ ᠴᠢᠷᠮᠠᠶᠢᠨ ᠪᠡᠶᠡᠯᠡᠬᠦᠯᠦᠨ᠎ᠠ᠃ ᠠᠯᠪᠠᠨ ᠠᠴᠠ ᠡᠷᠬᠢᠯᠡᠭᠰᠡᠨ ᠬᠡᠤᠬᠡᠳ ᠤᠨ ᠴᠡᠴᠡᠷᠯᠢᠭ ᠤᠨ ᠪᠦᠳᠦᠬᠡᠨ ᠪᠠᠶᠢᠭᠤᠯᠤᠯᠳᠠ ᠶᠢ ᠲᠦᠷᠬᠡᠳᠬᠡᠵᠦ᠂ ᠨᠡᠶᠢᠳᠡᠮ ᠬᠠᠷᠠᠭᠠᠯᠵᠠᠬᠤ ᠴᠢᠨᠠᠷᠳᠠᠢ ᠬᠡᠤᠬᠡᠳ ᠤᠨ ᠴᠡᠴᠡᠷᠯᠢᠭ ᠢ ᠭᠦᠭᠵᠢᠬᠦᠯᠬᠦ ᠶᠢ ᠨᠢ ᠵᠤᠷᠢᠨᠨᠵᠢᠭᠤᠯᠤᠨ᠎ᠠ᠃ ᠤᠳᠤ ᠦᠶ᠎ᠡ ᠶᠢᠨ ᠠᠵᠢᠯ ᠮᠡᠷᠬᠡᠵᠢᠯ ᠤᠨ ᠰᠤᠷᠭᠠᠨ ᠭᠦᠮᠦᠵᠢᠯ ᠢ ᠶᠡᠬᠡᠪᠡᠷ ᠭᠦᠭᠵᠢᠬᠦᠯᠵᠦ᠂ ᠦᠢᠯᠡᠳᠪᠦᠷᠢᠯᠡᠯ ᠪᠠ ᠵᠢᠭᠠᠨ ᠰᠤᠷᠭᠠᠯᠳᠠ ᠶᠢᠨ ᠠᠭᠤᠰᠤᠯᠴᠠᠬᠤ᠂ ᠰᠤᠷᠭᠠᠭᠤᠯᠢ ᠪᠠ ᠠᠵᠦ ᠠᠬᠤᠶᠢᠯᠠᠯ ᠤᠨ ᠬᠠᠮᠳᠤᠷᠠᠯᠴᠠᠬᠤ ᠶᠢ ᠭᠦᠨᠵᠡᠬᠡᠶᠢᠷᠡᠭᠦᠯᠦᠨ᠎ᠠ᠃ ᠲᠡᠷᠢᠬᠦᠨ ᠲᠡᠰ ᠤᠨ ᠶᠡᠭᠡ ᠰᠤᠷᠭᠠᠭᠤᠯᠢ᠂ ᠲᠡᠷᠢᠬᠦᠨ ᠲᠡᠰ ᠤᠨ ᠬᠢᠴᠢᠶᠡᠯ ᠰᠢᠨᠵᠢᠯᠡᠬᠡᠨ ᠤ ᠪᠠᠶᠢᠭᠤᠯᠤᠯᠳᠠ ᠶᠢ ᠦᠷᠬᠦᠯᠵᠢᠯᠡᠨ ᠠᠬᠢᠭᠤᠯᠵᠦ᠂ ᠲᠡᠬᠡᠳᠦ ᠵᠡᠷᠬᠡ ᠶᠢᠨ ᠰᠤᠷᠭᠠᠨ ᠭᠦᠮᠦᠵᠢᠯ ᠤᠨ ᠠᠭᠤᠯᠤᠨᠨᠳᠠᠬᠤᠨ ᠮᠠᠶ᠋ᠢᠨᠨᠳᠦ ᠭᠦᠭᠵᠢᠯᠳᠡ ᠶᠢ ᠠᠬᠢᠭᠤᠯᠤᠨ᠎ᠠ᠃ ᠠᠷᠠᠳ ᠠᠴᠠ ᠡᠷᠬᠢᠯᠡᠭᠰᠡᠨ ᠰᠤᠷᠭᠠᠨ ᠭᠦᠮᠦᠵᠢᠯ ᠤᠨ ᠭᠦᠭᠵᠢᠯᠳᠡ ᠶᠢ ᠲᠡᠮᠵᠢᠬᠦ ᠪᠠ ᠵᠢᠷᠤᠮᠵᠢᠭᠤᠯᠵᠦ᠂ ᠦᠷᠭᠦᠯᠵᠢᠯᠡᠭᠰᠡᠨ ᠰᠤᠷᠭᠠᠨ ᠭᠦᠮᠦᠵᠢᠯ᠂ ᠨᠠᠰᠤᠳᠠᠶᠢᠴᠤᠳ ᠤᠨ ᠰᠤᠷᠭᠠᠨ ᠭᠦᠮᠦᠵᠢᠯ ᠪᠠ ᠤᠨᠴᠤᠭᠤᠢ ᠰᠤᠷᠭᠠᠨ ᠭᠦᠮᠦᠵᠢᠯ ᠤᠨ ᠰᠤᠷᠭᠠᠭᠤᠯᠢ ᠡᠷᠬᠢᠯᠡᠬᠦ ᠬᠢᠷᠢ ᠲᠦᠪᠰᠢᠨ ᠢ ᠲᠡᠬᠡᠭᠰᠢᠯᠡᠬᠦᠯᠦᠨ᠎ᠠ᠃
ᠡᠷᠡᠭᠦᠯ ᠡᠩᠬᠡ ᠦᠪᠦᠷ ᠮᠤᠩᠭᠤᠯ ᠤᠨ ᠪᠠᠶᠢᠭᠤᠯᠤᠯᠳᠠ ᠶᠢ ᠠᠬᠢᠭᠤᠯᠤᠨ᠎ᠠ᠃ ᠰᠢᠨ᠎ᠠ ᠴᠠᠭ ᠦᠶ᠎ᠡ ᠶᠢᠨ ᠡᠷᠡᠭᠦᠯ ᠬᠠᠮᠠᠭᠠᠯᠠᠯ ᠬᠢᠬᠡᠳ ᠡᠷᠡᠭᠦᠯ ᠡᠩᠬᠡ ᠶᠢᠨ ᠠᠵᠢᠯ ᠤᠨ ᠴᠢᠭᠯᠡᠯᠳᠡ ᠶᠢ ᠪᠠᠷᠢᠮᠳᠠᠯᠠᠵᠦ᠂ ᠡᠷᠡᠭᠦᠯ ᠡᠩᠬᠡ ᠶᠢᠨ ᠪᠠᠳᠤᠯᠠᠭ᠎ᠠ ᠶᠢᠨ ᠠᠵᠢᠯ ᠢ ᠪᠦᠭᠦ ᠲᠠᠯ᠎ᠠ ᠪᠠᠷ᠂ ᠪᠦᠷᠢᠨ ᠦᠶᠡᠯᠡᠯ ᠲᠠᠢ ᠰᠠᠶᠢᠳᠤᠷ ᠬᠢᠨ᠎ᠠ᠃ ᠭᠤᠤᠯᠴᠢ ᠭᠦᠷᠳᠡᠬᠡᠯ ᠲᠠᠢ ᠪᠠᠶᠢᠬᠤ ᠪᠠ ᠤᠯᠠᠨ ᠲᠦᠮᠡᠨ ᠳᠤ ᠠᠰᠢᠭ ᠭᠦᠷᠳᠡᠬᠡᠬᠦ ᠶᠢ ᠪᠡᠶᠡᠯᠡᠬᠦᠯᠬᠦ ᠪᠠᠷ ᠬᠠᠷᠠᠯᠳᠠ ᠪᠠᠨ ᠪᠤᠯᠭᠠᠵᠦ᠂ ᠡᠮ ᠡᠮᠨᠡᠯᠬᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠦᠬᠡᠷᠡᠴᠢᠯᠡᠯᠳᠡ ᠶᠢ ᠭᠦᠨᠵᠡᠬᠡᠶᠢᠷᠡᠬᠦᠯᠦᠨ᠂ ᠡᠮᠴᠢᠯᠡᠭᠡ᠂ ᠡᠮ ᠡᠮᠨᠡᠯᠬᠡ᠂ ᠡᠮᠴᠢᠯᠡᠭᠡ ᠶᠢᠨ ᠲᠠᠭᠠᠳᠬᠠᠯ ︽ᠭᠤᠷᠪᠠ ᠶᠢ ᠬᠤᠯᠪᠤᠭᠠᠯᠠᠨ ᠠᠵᠢᠯᠯᠠᠭᠤᠯᠬᠤ︾ ᠶᠢ ᠪᠠᠷᠢᠮᠳᠠᠯᠠᠵᠦ᠂ ᠬᠤᠳᠠ ᠶᠢᠨ ᠠᠯᠪᠠᠨ ᠠᠴᠠ ᠡᠷᠬᠢᠯᠡᠭᠰᠡᠨ ᠡᠮᠨᠡᠯᠬᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠦᠬᠡᠷᠡᠴᠢᠯᠡᠯᠳᠡ ᠶᠢ ᠪᠦᠭᠦ ᠲᠠᠯ᠎ᠠ ᠪᠠᠷ ᠬᠡᠷᠡᠭᠵᠢᠬᠦᠯᠦᠨ᠂ ᠱᠠᠳᠤ ᠬᠤᠪᠢᠶᠠᠵᠦ ᠤᠨᠤᠰᠢᠯᠠᠨ ᠡᠮᠨᠡᠬᠦ ᠲᠦᠷᠢᠮ ᠪᠠ ᠡᠮ ᠤᠨ ᠵᠦᠢᠯ ᠤᠨ ᠬᠠᠩᠭᠠᠯᠭ᠎ᠠ ᠶᠢ ᠪᠠᠳᠤᠯᠠᠬᠤ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠠ ᠭᠦᠨᠳᠦ ᠶᠡᠭᠡ ᠡᠪᠡᠳᠴᠢᠨ ᠡᠮᠬᠡᠭ ᠤᠨ ᠰᠡᠷᠬᠡᠶᠢᠯᠡᠨ ᠡᠵᠡᠮᠳᠡᠬᠦ ᠠᠵᠢᠯ ᠢ ᠰᠠᠶᠢᠳᠤᠷ ᠬᠢᠨ᠎ᠠ᠃ ᠦᠪᠡᠷᠳᠡᠬᠡᠨ ᠵᠠᠰᠠᠬᠤ ᠤᠷᠤᠨ ᠤ ᠭᠤᠤᠯᠳᠠᠯᠭ᠎ᠠ ᠲᠠᠢ ᠡᠷᠡᠭᠦᠯ ᠬᠠᠮᠠᠭᠠᠯᠠᠯ ᠤᠨ ᠲᠦᠷᠦᠯ ᠵᠦᠢᠯ ᠪᠠ ᠬᠤᠰᠢᠭᠤ ᠰᠢᠶᠠᠨ ᠤ ᠮᠤᠩᠭᠤᠯ ᠬᠢᠳᠡᠳ ᠡᠮᠨᠡᠯᠬᠡ ᠶᠢᠨ ᠬᠤᠷᠢᠶ᠎ᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ ᠲᠦᠯᠦᠪᠯᠡᠬᠡᠳᠦ ᠦᠷᠡᠵᠢᠯ ᠤᠨ ᠦᠢᠯᠡᠴᠢᠯᠡᠬᠡᠨ ᠤ ᠬᠠᠮᠢᠶᠠᠷᠤᠯᠳᠠ ᠶᠢ ᠲᠡᠭᠦᠯᠳᠡᠷᠵᠢᠬᠦᠯᠵᠦ᠂ ᠲᠦᠷᠦᠵᠦ ᠬᠥᠩᠭᠡᠵᠢᠬᠦ ᠭᠦᠮᠦᠨ ᠠᠮᠠ ᠶᠢᠨ ᠴᠢᠨᠠᠷ ᠴᠢᠨᠰᠠᠭ᠎ᠠ ᠶᠢ ᠲᠡᠬᠡᠭᠰᠢᠯᠡᠬᠦᠯᠦᠨ᠎ᠠ᠃ ᠪᠡᠶ᠎ᠡ ᠶᠢᠨ ᠲᠠᠮᠢᠷ ᠤᠨ ᠠᠵᠢᠯ ᠦᠢᠯᠡᠰ ᠢ ᠶᠡᠬᠡᠪᠡᠷ ᠭᠦᠭᠵᠢᠬᠦᠯᠦᠨ᠂ ᠪᠦᠭᠦ ᠠᠷᠠᠳ ᠢᠶᠠᠷ ᠢᠶᠠᠨ ᠪᠡᠶ᠎ᠡ ᠴᠢᠬᠢᠷᠬᠠᠵᠢᠭᠤᠯᠬᠤ ᠶᠢ ᠪᠦᠭᠦ ᠠᠷᠠᠳ ᠢᠶᠠᠷ ᠢᠶᠠᠨ ᠡᠷᠡᠭᠦᠯ ᠴᠢᠬᠢᠷᠠᠭ ᠪᠠᠶᠢᠬᠤ ᠯᠤᠭ᠎ᠠ ᠠᠭᠤᠰᠤᠯᠴᠠᠬᠤ ᠶᠢ ᠠᠬᠢᠭᠤᠯᠵᠦ᠂ ᠬᠤᠰᠢᠭᠤ ᠰᠢᠶᠠᠨ ᠳᠤ ᠪᠦᠭᠦ ᠠᠷᠠᠳ ᠢᠶᠠᠷ ᠢᠶᠠᠨ ᠪᠡᠶ᠎ᠡ ᠴᠢᠬᠢᠷᠬᠠᠵᠢᠭᠤᠯᠬᠤ ᠲᠦᠪ ᠢ ᠪᠦᠷᠢᠨ ᠪᠦᠷᠭᠦᠭᠦᠯᠬᠦ ᠶᠢ ᠪᠡᠶᠡᠯᠡᠬᠦᠯᠦᠨ᠎ᠠ᠃ ᠭᠦᠯ ᠪᠦᠮᠪᠦᠭᠡ ᠶᠢᠨ ᠦᠬᠡᠷᠡᠴᠢᠯᠡᠯᠳᠡ ᠭᠦᠭᠵᠢᠯᠳᠡ ᠶᠢᠨ ᠲᠤᠷᠰᠢᠯᠳᠠ ᠶᠢᠨ ᠠᠵᠢᠯ ᠢ ᠦᠷᠭᠦᠯᠵᠢᠯᠡᠨ ᠰᠠᠶᠢᠳᠤᠷ ᠬᠢᠨ᠎ᠠ᠃
ᠠᠮᠤᠭᠤᠯᠠᠩ ᠲᠠᠶᠢᠪᠤᠩ ᠦᠪᠦᠷ ᠮᠤᠩᠭᠤᠯ ᠤᠨ ᠪᠠᠶᠢᠭᠤᠯᠤᠯᠳᠠ ᠶᠢ ᠲᠦᠷᠬᠡᠳᠬᠡᠨ᠎ᠠ᠃ ᠠᠶᠤᠯ ᠦᠬᠡᠢ ᠦᠢᠯᠡᠳᠪᠦᠷᠢᠯᠡᠯ ᠤᠨ ᠬᠢᠵᠠᠭᠠᠷ ᠱᠤᠭᠤᠮ ᠤᠨ ᠦᠵᠡᠯ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭᠠᠳᠤ ᠲᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠠᠶᠤᠯ ᠦᠬᠡᠢ ᠦᠢᠯᠡᠳᠪᠦᠷᠢᠯᠡᠯ ᠤᠨ ᠬᠢᠨᠠᠯᠳᠠ ᠬᠠᠮᠢᠶᠠᠷᠤᠯᠳᠠ ᠶᠢᠨ ᠴᠢᠳᠠᠪᠤᠷᠢ ᠪᠠ ᠮᠡᠳᠡᠭᠡ ᠵᠠᠩᠬᠢᠵᠢᠯᠳᠠ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ︽ᠲᠠᠯᠳᠠ ᠬᠡᠮ ᠰᠤᠭᠤᠭ ᠪᠤᠯ ᠠᠳᠡᠯ ᠬᠡᠷᠡᠭ ᠮᠦᠨ︾ ᠬᠡᠬᠦ ᠦᠵᠡᠯ ᠤᠬᠠᠮᠰᠠᠷ ᠢ ᠴᠢᠩᠭᠠᠷᠠᠭᠤᠯᠵᠦ᠂ ᠠᠮᠤᠷ ᠲᠦᠪᠰᠢᠨ ᠤ ᠲᠠᠯᠳᠠ ᠬᠡᠮ ᠰᠤᠭᠤᠭ ᠢ ᠪᠦᠭᠦ ᠲᠠᠯ᠎ᠠ ᠪᠠᠷ ᠵᠢᠨᠨᠰᠠᠭᠠᠨ ᠪᠠᠶᠢᠴᠠᠭᠠᠵᠦ ᠭᠦᠴᠦᠯᠡᠨ ᠠᠷᠢᠯᠭᠠᠨ᠎ᠠ᠃ ᠠᠶᠤᠯ ᠦᠬᠡᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠰᠢᠰᠲ᠋ᠧᠮᠵᠢ᠂ ᠬᠠᠤᠯᠢ ᠪᠠᠷ ᠵᠠᠰᠠᠬᠤ ᠰᠢᠰᠲ᠋ᠧᠮᠵᠢ᠂ ᠲᠦᠭᠰᠢᠭᠦᠷᠢ ᠶᠢ ᠰᠡᠷᠬᠡᠶᠢᠯᠡᠨ ᠡᠵᠡᠮᠳᠡᠬᠦ ᠰᠢᠰᠲ᠋ᠧᠮᠵᠢ᠂ ᠭᠦᠮᠦᠵᠢᠯ ᠪᠤᠯᠪᠠᠰᠤᠷᠠᠭᠤᠯᠤᠯ ᠤᠨ ᠰᠢᠰᠲ᠋ᠧᠮᠵᠢ ᠪᠠ ᠪᠠᠴᠢᠮ ᠪᠠᠶᠢᠳᠠᠯ ᠢ ᠠᠷᠭᠠᠴᠠᠵᠦ ᠠᠪᠤᠷᠠᠨ ᠲᠤᠰᠠᠯᠠᠬᠤ ᠰᠢᠰᠲ᠋ᠧᠮᠵᠢ ᠶᠢ ᠤᠯᠠᠮ ᠨᠢᠬᠡ ᠠᠯᠬᠤᠮ ᠲᠡᠭᠦᠯᠳᠡᠷᠵᠢᠬᠦᠯᠵᠦ᠂ ᠠᠶᠤᠯ ᠦᠬᠡᠢ ᠦᠢᠯᠡᠳᠪᠦᠷᠢᠯᠡᠯ ᠤᠨ ᠬᠢᠷᠢ ᠲᠦᠪᠰᠢᠨ ᠢ ᠲᠡᠬᠡᠭᠰᠢᠯᠡᠬᠦᠯᠦᠨ᠎ᠠ᠃ ︽ᠲᠦᠷᠪᠡᠨ ᠬᠠᠮᠤᠭ ᠠᠴᠠ ᠴᠢᠩᠭ᠎ᠠ︾ ᠶᠢᠨ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠦ᠂ ᠢᠳᠡᠬᠡᠨ ᠪᠠ ᠡᠮ ᠤᠨ ᠵᠦᠢᠯ ᠤᠨ ᠠᠮᠤᠷ ᠲᠦᠪᠰᠢᠨ ᠢ ᠡᠬᠢ ᠰᠤᠷᠪᠤᠯᠵᠢ ᠠᠴᠠ ᠨᠢ ᠵᠠᠰᠠᠬᠤ ᠪᠠ ᠪᠦᠭᠦ ᠶᠠᠪᠤᠴᠠ ᠳᠤ ᠬᠢᠨᠠᠯᠳᠠ ᠬᠠᠮᠢᠶᠠᠷᠤᠯᠳᠠ ᠬᠢᠬᠦ ᠶᠢ ᠴᠢᠩᠭᠠᠳᠬᠠᠨ᠂ ᠠᠷᠠᠳ ᠤᠯᠠᠨ ᠤ ᠢᠳᠡᠬᠡᠨ ᠤᠮᠳᠠᠭᠠᠨ ᠡᠮ ᠬᠡᠷᠡᠭᠯᠡᠬᠦ ᠠᠮᠤᠷ ᠲᠦᠪᠰᠢᠨ ᠢ ᠪᠠᠳᠤᠯᠠᠨ᠎ᠠ᠃ ᠨᠡᠶᠢᠬᠡᠮ ᠤᠨ ᠵᠦᠷᠢᠴᠡᠯ ᠢ ᠭᠦᠨᠵᠡᠬᠡᠢ ᠵᠢᠨᠨᠰᠠᠭᠠᠨ ᠪᠠᠶᠢᠴᠠᠭᠠᠵᠦ᠂ ᠵᠠᠬᠢᠳᠠᠯ ᠰᠤᠷᠪᠤᠯᠵᠢᠯᠠᠯ ᠤᠨ ᠲᠠᠷᠤᠨᠨᠳᠠᠯ ᠬᠡᠷᠡᠭ ᠢ ᠪᠦᠳᠦᠮᠵᠢᠳᠡᠢ ᠨᠠᠮᠳᠠᠭᠠᠵᠦ ᠠᠷᠢᠯᠭᠠᠨ᠎ᠠ᠃ ᠨᠡᠶᠢᠬᠡᠮ ᠤᠨ ᠠᠮᠤᠷ ᠢ ᠬᠠᠮᠠᠭᠠᠯᠠᠬᠤ ᠶᠢᠨ ᠰᠡᠷᠬᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠬᠦᠯᠵᠦ᠂ ᠬᠠᠤᠯᠢ ᠠᠴᠠ ᠵᠦᠷᠢᠴᠡᠭᠰᠡᠨ ᠡᠯ᠎ᠡ ᠲᠦᠷᠦᠯ ᠤᠨ ᠶᠠᠯᠠᠳᠤ ᠠᠵᠢᠯᠯᠠᠭ᠎ᠠ ᠳᠤ ᠴᠢᠩᠭ᠎ᠠ ᠴᠤᠬᠢᠯᠳᠠ ᠦᠭᠭᠦᠨ᠎ᠠ᠃ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ ᠦᠬᠡᠷᠡᠴᠢᠯᠠᠯᠳᠠ ᠪᠦᠳᠦᠬᠡᠨ ᠪᠠᠶᠢᠭᠤᠯᠤᠯᠳᠠ ᠶᠢ ᠲᠡᠮᠵᠢᠵᠦ᠂ ᠬᠤᠶᠠᠷ ᠢ ᠭᠦᠷᠢᠶᠡᠯᠡᠵᠦ ᠬᠠᠮᠳᠤ ᠪᠠᠷ ᠪᠠᠶᠢᠭᠤᠯᠬᠤ ᠠᠵᠢᠯ ᠢ ᠴᠢᠩᠭᠠᠳᠬᠠᠵᠦ᠂ ᠴᠡᠷᠢᠭ ᠠᠷᠠᠳ ᠤᠨ ᠭᠦᠨᠵᠡᠬᠡᠢ ᠠᠭᠤᠰᠤᠯᠴᠠᠨ ᠭᠦᠭᠵᠢᠬᠦ ᠶᠢ ᠠᠬᠢᠭᠤᠯᠤᠨ᠎ᠠ᠃
ᠱᠠᠰᠢᠨ ᠰᠤᠷᠳᠠᠬᠤᠨ ᠤ ᠠᠵᠢᠯ ᠤᠨ ᠲᠤᠬᠠᠢ ᠨᠠᠮ ᠤᠨ ᠦᠨᠳᠦᠰᠦᠨ ᠴᠢᠭᠯᠡᠯᠳᠡ ᠶᠢ ᠪᠦᠭᠦ ᠲᠠᠯ᠎ᠠ ᠪᠠᠷ ᠲᠤᠤᠱᠯᠠᠭᠤᠯᠵᠦ᠂ ᠱᠠᠰᠢᠨ ᠰᠤᠷᠳᠠᠬᠤᠨ ᠬᠢᠬᠡᠳ ᠨᠡᠶᠢᠬᠡᠮ ᠵᠢᠷᠤᠮᠳᠤ ᠨᠡᠶᠢᠬᠡᠮ ᠤᠨ ᠬᠠᠷᠢᠯᠴᠠᠨ ᠵᠤᠬᠢᠴᠠᠯᠳᠤᠬᠤ ᠶᠢ ᠢᠳᠡᠪᠬᠢᠳᠡᠢ ᠪᠠᠷ ᠭᠦᠳᠦᠯᠦᠨ ᠵᠢᠯᠤᠭᠤᠳᠴᠤ᠂ ᠠᠵᠦ ᠠᠬᠤᠢ ᠨᠡᠶᠢᠬᠡᠮ ᠤᠨ ᠭᠦᠭᠵᠢᠯᠳᠡ ᠶᠢ ᠠᠬᠢᠭᠤᠯᠬᠤ ᠶᠠᠪᠤᠴᠠ ᠳᠠᠬᠢ ᠱᠠᠰᠢᠨ ᠰᠤᠷᠳᠠᠬᠤᠨ ᠤ ᠡᠳᠡᠬᠡᠳ ᠤᠨ ᠬᠢᠨ ᠪᠠ ᠱᠠᠰᠢᠨ ᠰᠢᠳᠦᠭᠴᠢ ᠤᠯᠠᠨ ᠲᠦᠮᠡᠨ ᠤ ᠢᠳᠡᠪᠬᠢ ᠦᠢᠯᠡᠳᠦᠯ ᠢ ᠪᠠᠳᠠᠷᠠᠭᠤᠯᠤᠨ᠎ᠠ᠃
︵ᠠᠷᠪᠠ︶ ᠰᠤᠶᠤᠯ ᠤᠳᠬ᠎ᠠ ᠤᠷᠠᠯᠢᠭ ᠢ ᠪᠦᠭᠦ ᠲᠠᠯ᠎ᠠ ᠪᠠᠷ ᠴᠡᠴᠡᠭᠯᠡᠨ ᠭᠦᠭᠵᠢᠬᠦᠯᠦᠨ᠎ᠠ᠃ ᠨᠡᠶᠢᠬᠡᠮ ᠵᠢᠷᠤᠮ ᠤᠨ ᠭᠤᠤᠯᠯᠬᠠᠴᠢ ᠦᠷᠳᠡᠭ ᠤᠨ ᠦᠵᠡᠯᠳᠡ ᠶᠢ ᠢᠳᠡᠪᠬᠢᠲᠡᠢ ᠪᠤᠢ ᠪᠤᠯᠭᠠᠨ ᠦᠢᠯᠡᠳᠦᠯᠬᠡᠵᠢᠬᠦᠯᠵᠦ᠂ ᠲᠤᠮᠳᠠᠳᠤ ᠶᠢᠨ ᠵᠡᠭᠦᠳᠦ᠂ ᠲᠤᠮᠳᠠᠳᠤ ᠶᠢᠨ ᠰᠢᠯᠢᠳᠡᠭ ᠤᠯᠠᠮᠵᠢᠯᠠᠯᠳᠤ ᠰᠤᠶᠤᠯ ᠤᠨ ᠤᠬᠠᠭᠤᠯᠭ᠎ᠠ ᠭᠦᠮᠦᠵᠢᠯ ᠢ ᠭᠦᠨᠵᠡᠬᠡᠢ ᠦᠷᠨᠢᠬᠦᠯᠵᠦ᠂ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠭᠦᠯᠦᠨ ᠡᠷᠡᠯᠬᠡᠭᠯᠡᠨ ᠤᠷᠤᠨᠨᠰᠢᠯᠠᠬᠤ ᠣᠶᠣᠨ ᠴᠢᠳᠠᠯ ᠢ ᠨᠢ ᠨᠢᠨᠨᠳᠠᠷᠠᠭᠤᠯᠤᠨ᠎ᠠ᠃ ᠪᠦᠭᠦ ᠠᠷᠠᠳ ᠢᠶᠠᠷ ᠢᠶᠠᠨ ᠨᠤᠮ ᠤᠩᠰᠢᠬᠤ᠂ ᠰᠤᠶᠤᠯ ᠤᠨ ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤ ᠪᠠᠷ ᠭᠦᠷᠳᠡᠬᠦ ᠵᠡᠷᠬᠡ ᠰᠤᠶᠤᠯ ᠢᠶᠠᠷ ᠠᠷᠠᠳ ᠲᠤ ᠠᠰᠢᠭ ᠭᠦᠷᠳᠡᠬᠡᠬᠦ ᠢᠨᠵᠧᠨᠧᠷᠢᠩ ᠢ ᠭᠦᠨᠵᠡᠬᠡᠢ ᠬᠡᠷᠡᠭᠵᠢᠬᠦᠯᠵᠦ᠂ ᠤᠯᠠᠨ ᠨᠡᠶᠢᠳᠡ ᠶᠢᠨ ᠰᠤᠶᠤᠯ ᠤᠨ ᠦᠢᠯᠡᠴᠢᠯᠡᠭᠡ ᠶᠢ ᠲᠡᠩᠴᠡᠭᠦᠷᠢᠰᠢᠬᠦᠯᠬᠦ ᠪᠠ ᠪᠠᠷᠢᠮᠵᠢᠶᠠᠵᠢᠭᠤᠯᠬᠤ ᠶᠢ ᠠᠬᠢᠭᠤᠯᠤᠨ᠎ᠠ᠃ ᠦᠨᠳᠦᠰᠦᠳᠡᠨ ᠤ ᠲᠠᠭᠤᠤ᠂ ᠪᠦᠵᠢᠭ᠂ ᠲᠠᠭᠤᠷᠢᠯᠢᠬ᠂ ᠤᠷᠠᠨ ᠵᠢᠷᠤᠭ ᠪᠠ ᠰᠢ ᠵᠦᠴᠦᠬᠡ ᠵᠡᠷᠬᠡ ᠤᠳᠬ᠎ᠠ ᠤᠷᠠᠯᠢᠭ ᠤᠨ ᠠᠵᠢᠯ ᠦᠢᠯᠡᠰ ᠤᠨ ᠭᠦᠭᠵᠢᠯᠳᠡ ᠶᠢ ᠲᠡᠮᠵᠢᠵᠦ᠂ ᠤᠳᠬ᠎ᠠ ᠵᠤᠬᠢᠶᠠᠯ ᠵᠤᠬᠢᠶᠠᠨ ᠪᠦᠳᠦᠬᠡᠬᠦ ᠶᠢ ᠴᠡᠴᠡᠭᠯᠡᠬᠦᠯᠦᠨ ᠬᠦᠭᠵᠢᠬᠦᠯᠵᠦ᠂ ᠦᠨᠳᠦᠰᠦᠳᠡᠨ ᠨᠦᠭᠦᠳ ᠤᠨ ᠤᠯᠠᠨ ᠲᠦᠮᠡᠨ ᠤ ᠤᠶᠤᠨ ᠰᠠᠨᠠᠭᠠᠨ ᠤ ᠰᠤᠶᠤᠯ ᠤᠨ ᠠᠮᠢᠳᠤᠷᠠᠯ ᠢ ᠪᠠᠶᠠᠯᠢᠨᠨᠵᠢᠭᠤᠯᠤᠨᠠ᠃ ᠨᠡᠶᠢᠳᠡ ᠶᠢᠨ ᠠᠰᠠᠷᠠᠮᠵᠢ ᠶᠢᠨ ᠰᠤᠶᠤᠯ ᠤᠨ ᠭᠤᠤᠯᠳᠠᠯᠭ᠎ᠠ ᠪᠤᠯᠬᠤ ᠲᠦᠷᠦᠯ ᠵᠦᠢᠯ ᠢ ᠬᠡᠷᠡᠭᠵᠢᠬᠦᠯᠵᠦ᠂ ᠬᠢᠳᠠᠨ ᠯᠢᠶᠤᠤ ᠶᠢᠨ ᠰᠤᠶᠤᠯ ᠤᠨ ᠮᠦᠽᠸᠢ᠂ ᠦᠪᠦᠷ ᠮᠤᠩᠭᠤᠯ ᠤᠨ ᠤᠯᠠᠨ ᠲᠦᠮᠡᠨ ᠤ ᠤᠷᠠᠯᠢᠭ ᠤᠨ ᠤᠷᠳᠤᠨ᠂ ᠠᠷᠠᠳ ᠤᠨ ᠲᠤᠮᠳᠠᠬᠢ ᠮᠦᠽᠧᠢ ᠶᠢᠨ ᠪᠦᠳᠦᠬᠡᠨ ᠪᠠᠶᠢᠭᠤᠯᠤᠯᠳᠠ ᠶᠢ ᠲᠠᠮᠵᠢᠨ᠎ᠠ᠃ ᠦᠨᠳᠦᠰᠦᠳᠡᠨ ᠤ ᠰᠤᠶᠤᠯ ᠢ ᠤᠯᠠᠮᠵᠢᠯᠠᠨ ᠬᠠᠮᠠᠭᠠᠯᠠᠬᠤ ᠶᠢ ᠴᠢᠩᠭᠠᠳᠬᠠᠵᠦ᠂ ᠲᠠᠯ᠎ᠠ ᠨᠤᠳᠤᠭ ᠤᠨ ᠰᠤᠶᠤᠯ ᠤᠨ ᠰᠢᠨ᠎ᠠ ᠡᠭᠦᠳᠦᠯᠳᠡ ᠲᠠᠢ ᠪᠠᠷ ᠭᠦᠭᠵᠢᠬᠦ ᠶᠢ ᠠᠬᠢᠭᠤᠯᠤᠨ᠂ ᠭᠤᠤᠯᠳᠠᠯᠭ᠎ᠠ ᠲᠠᠢ ᠰᠤᠶᠤᠯ ᠤᠨ ᠦᠪ ᠢ ᠰᠤᠶᠤᠯ ᠤᠨ ᠦᠪ ᠢᠶᠠᠷ ᠮᠡᠳᠡᠬᠦᠯᠬᠦ ᠠᠵᠢᠯ ᠢ ᠰᠠᠶᠢᠳᠤᠷ ᠬᠢᠵᠦ᠂ ᠤᠷᠳᠤ ᠴᠠᠭᠠᠨ ᠬᠡᠷᠡᠮ᠂ ᠡᠷᠳᠡᠨ ᠤ ᠪᠠᠷᠢᠯᠭ᠎ᠠ᠂ ᠬᠠᠳᠠᠨ ᠵᠢᠷᠤᠭ ᠵᠡᠷᠬᠡ ᠲᠡᠤᠬᠡ ᠶᠢᠨ ᠲᠤᠷᠠᠰᠬᠠᠯᠳᠤ ᠵᠦᠢᠯᠡᠰ ᠢ ᠬᠠᠮᠠᠭᠠᠯᠠᠬᠤ ᠢᠨᠵᠧᠨᠧᠷᠢᠩ ᠢ ᠬᠡᠷᠡᠭᠵᠢᠬᠦᠯᠦᠨ᠎ᠠ᠃ ᠬᠤᠪᠢᠰᠬᠠᠯ ᠤᠨ ᠰᠤᠶᠤᠯ ᠢ ᠤᠯᠠᠮᠵᠢᠯᠠᠨ ᠪᠠᠳᠠᠷᠠᠭᠤᠯᠵᠦ᠂ ᠦᠪᠡᠷᠳᠡᠬᠡᠨ ᠵᠠᠰᠠᠬᠤ ᠤᠷᠤᠨ ᠤ ᠬᠤᠪᠢᠰᠬᠠᠯ ᠤᠨ ᠲᠡᠤᠬᠡ᠂ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠲᠡᠤᠬᠡ ᠶᠢᠨ ᠰᠤᠳᠤᠯᠤᠯ ᠪᠠ ᠤᠬᠠᠭᠤᠯᠭ᠎ᠠ ᠶᠢ ᠴᠢᠩᠭᠠᠳᠬᠠᠨ᠂ ᠤᠷᠳᠤᠰ ᠤᠨ ᠴᠧᠩᠴᠤᠸᠠᠨ ᠪᠠᠯᠭᠠᠰᠤ ᠵᠡᠷᠬᠡ ᠬᠤᠪᠢᠰᠬᠠᠯ ᠤᠨ ᠬᠦᠮᠦᠵᠢᠯ ᠤᠨ ᠰᠠᠭᠤᠷᠢᠨ ᠭᠠᠵᠠᠷ ᠤᠨ ᠦᠢᠯᠡᠳᠦᠯ ᠢ ᠬᠦᠢᠴᠡᠳ ᠪᠠᠳᠠᠷᠠᠭᠤᠯᠵᠦ᠂ ᠲᠠᠯᠠᠨ ᠬᠠᠷ᠎ᠠ ᠠᠭᠤᠯᠠ ᠶᠢᠨ ᠶᠠᠫᠤᠨ ᠢ ᠡᠰᠡᠷᠬᠦᠴᠡᠬᠦ ᠲᠡᠤᠬᠡ ᠶᠢᠨ ᠦᠵᠡᠬᠦᠯᠦᠯᠬᠡ ᠶᠢᠨ ᠲᠠᠩᠬᠢᠮ᠂ ᠦᠪᠦᠷ ᠮᠤᠩᠭᠤᠯ ᠤᠨ ᠬᠤᠪᠢᠰᠬᠠᠯ ᠤᠨ ᠲᠡᠤᠬᠡ ᠶᠢᠨ ᠮᠦᠽᠧᠢ ᠶᠢ ᠪᠠᠶᠢᠭᠤᠯᠤᠨ᠎ᠠ᠃ ᠰᠤᠨᠢᠨ ᠮᠡᠳᠡᠭᠡ ᠬᠡᠪᠯᠡᠯ ᠪᠠ ᠷᠠᠳᠢᠤ᠋ ᠺᠢᠨᠤ᠋ ᠲᠧᠯᠸᠢᠰ ᠤᠨ ᠠᠵᠢᠯ ᠦᠢᠯᠡᠰ ᠢ ᠴᠡᠴᠡᠭᠯᠡᠬᠦᠯᠦᠨ ᠭᠦᠭᠵᠢᠬᠦᠯᠵᠦ᠂ ᠬᠤᠷᠢᠨ ᠵᠢᠷᠭᠤᠳᠤᠭᠠᠷ ᠬᠤᠭᠤᠴᠠᠭᠠᠨ ᠤ ᠠᠯᠳᠠᠨ ᠲᠠᠬᠢᠶ᠎ᠠ ᠦᠨᠢᠷ ᠴᠡᠴᠡᠭ ᠺᠢᠨᠤ᠋ ᠶᠢᠨ ᠨᠠᠶᠢᠷ ᠢ ᠰᠠᠶᠢᠳᠤᠷ ᠡᠷᠬᠢᠯᠡᠨ᠎ᠠ᠃ ᠰᠤᠶᠤᠯ ᠤᠨ ᠭᠠᠷᠴᠤ ᠶᠠᠪᠤᠬᠤ ᠪᠠᠶᠢᠯᠳᠤᠬᠤ ᠪᠤᠳᠤᠯᠭ᠎ᠠ ᠶᠢ ᠲᠦᠷᠬᠡᠳᠬᠡᠨ᠂ ᠲᠠᠯ᠎ᠠ ᠨᠤᠳᠤᠭ ᠤᠨ ᠰᠤᠶᠤᠯ ᠤᠨ ᠤᠯᠠᠮᠵᠢᠯᠠᠬᠤ ᠭᠦᠴᠦᠨ ᠪᠠ ᠨᠦᠯᠦᠬᠡᠯᠡᠬᠦ ᠭᠦᠴᠦᠨ ᠢ ᠳᠡᠭᠡᠭᠰᠢᠯᠡᠭᠦᠯᠵᠦ᠂ ︽ᠲᠤᠮᠳᠠᠳᠤ ᠤᠯᠤᠰ ᠤᠨ ᠦᠯᠢᠬᠡᠷ︾ ︽ᠦᠪᠦᠷ ᠮᠤᠩᠭᠤᠯ ᠤᠨ ᠦᠯᠢᠬᠡᠷ︾ ᠢ ᠰᠠᠶᠢᠳᠤᠷ ᠲᠤᠭᠠᠴᠢᠨ ᠦᠯᠢᠬᠡᠷᠯᠡᠨᠠ᠃
︵ᠠᠷᠪᠠᠨ ᠨᠢᠬᠡ︶ ᠵᠠᠰᠠᠭ ᠤᠨ ᠤᠷᠳᠤᠨ ᠤ ᠲᠤᠰ ᠪᠡᠶ᠎ᠡ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠡᠯ᠎ᠡ ᠱᠠᠲᠤᠨ ᠤ ᠵᠠᠰᠠᠭ ᠤᠨ ᠤᠷᠳᠤᠨ ᠨᠤᠭᠤᠳ ︽ᠲᠦᠷᠪᠡᠨ ᠦᠵᠡᠯ ᠤᠬᠠᠮᠰᠠᠷ︾ ᠢᠯᠠᠩᠭᠤᠶ᠎ᠠ ᠭᠤᠤᠯᠯᠠᠬᠤ ᠦᠵᠡᠯ ᠤᠬᠠᠮᠰᠠᠷ᠂ ᠨᠢᠬᠡᠳᠦᠯᠳᠡᠢ ᠪᠠᠶᠢᠬᠤ ᠦᠵᠡᠯ ᠤᠬᠠᠮᠰᠠᠷ ᠢ ᠪᠠᠳᠤ ᠪᠠᠬᠢ ᠪᠤᠢ ᠪᠤᠯᠭᠠᠵᠦ᠂ ᠨᠡᠶᠢᠭᠡᠮ ᠵᠢᠷᠤᠮ ᠤᠨ ᠬᠠᠤᠯᠢ ᠪᠠᠷ ᠵᠠᠰᠠᠬᠤ ᠣᠨᠤᠯᠵᠢᠬᠤᠨ ᠢ ᠤᠬᠠᠮᠰᠠᠷ ᠠᠴᠠ ᠪᠠᠨ ᠦᠢᠯᠡᠳᠦᠯᠬᠡᠵᠢᠬᠦᠯᠵᠦ᠂ ︽ᠪᠢ ᠬᠡᠨ ᠪᠣᠢ︾ ᠭᠡᠳᠡᠭ ᠢ ᠴᠠᠭ ᠢᠮᠠᠭᠲᠠ ᠰᠡᠷᠭᠡᠭ ᠢᠶᠠᠷ ᠲᠠᠨᠢᠵᠤ᠂ ᠵᠠᠰᠠᠭ ᠤᠨ ᠤᠷᠳᠤᠨ ᠤ ᠡᠷᠬᠡ ᠶᠢᠨ ᠬᠢᠵᠠᠭᠠᠷ᠂ ᠡᠭᠦᠷᠭᠡ ᠬᠠᠷᠢᠭᠤᠴᠠᠯᠭ᠎ᠠ ᠶᠢ ᠲᠤᠳᠤᠷᠬᠠᠢ ᠡᠵᠡᠮᠰᠢᠵᠦ᠂ ᠬᠠᠤᠯᠢ ᠪᠠᠷ ᠵᠠᠰᠠᠬᠤ ᠵᠠᠰᠠᠭ ᠤᠨ ᠤᠷᠳᠤᠨ ᠤ ᠪᠠᠶᠢᠭᠤᠯᠤᠯᠳᠠ ᠶᠢ ᠠᠬᠢᠭᠤᠯᠤᠨ᠂ ᠬᠠᠤᠯᠢ ᠶᠣᠰᠤᠭᠠᠷ ᠵᠠᠰᠠᠭ ᠶᠠᠪᠤᠭᠤᠯᠬᠤ᠂ ᠲᠤᠰᠢᠶᠠᠯ ᠳᠠᠭᠠᠨ ᠤᠰᠤᠯᠳᠠᠬᠤ ᠦᠭᠡᠢ᠂ ᠡᠷᠬᠡ ᠪᠠᠨ ᠬᠡᠳᠦᠷᠡᠬᠦᠯᠬᠦ ᠦᠭᠡᠢ ᠪᠠᠶᠢᠬᠤ ᠶᠢ ᠴᠢᠩᠳᠠᠯᠠᠨ᠎ᠠ᠃ ᠵᠠᠰᠠᠭ ᠤᠨ ᠤᠷᠳᠤᠨ ᠤ ᠬᠠᠤᠯᠢ ᠴᠠᠭᠠᠵᠠ ᠶᠢᠨ ᠵᠦᠪᠯᠡᠭᠴᠢ ᠶᠢᠨ ᠳᠦᠷᠢᠮ ᠢ ᠪᠦᠬᠦ ᠲᠠᠯ᠎ᠠ ᠪᠠᠷ ᠪᠠᠶᠢᠭᠤᠯᠵᠤ᠂ ᠤᠶᠤᠨ ᠤ ᠭᠦᠮᠦᠷᠬᠡ ᠶᠢᠨ ᠦᠢᠯᠡᠳᠦᠯ ᠢ ᠴᠢᠬᠤᠯᠠᠴᠢᠯᠠᠨ ᠪᠠᠳᠠᠷᠠᠭᠤᠯᠵᠦ᠂ ᠵᠠᠰᠠᠭ ᠤᠨ ᠤᠷᠳᠤᠨ ᠠᠴᠠ ᠵᠦᠪᠳᠡᠯᠴᠡᠬᠦ ᠶᠢ ᠭᠦᠨᠵᠡᠬᠡᠢ ᠦᠷᠨᠢᠭᠦᠯᠦᠨ᠎ᠡ᠃ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠲᠠᠯᠪᠢᠯᠲᠠ ᠶᠢ ᠬᠠᠤᠯᠢ ᠶᠣᠰᠤᠭᠠᠷ ᠬᠦᠯᠢᠶᠡᠨ ᠠᠪᠴᠤ᠂ ᠠᠷᠠᠳ ᠤᠨ ᠤᠯᠤᠰ ᠲᠦᠷᠦ ᠶᠢᠨ ᠵᠦᠪᠯᠡᠯᠭᠡᠨ ᠤ ᠠᠷᠠᠳᠴᠢᠯᠠᠯᠲᠤ ᠬᠢᠨᠠᠯᠲᠠ ᠲᠠᠯᠪᠢᠯᠲᠠ ᠶᠢ ᠤᠬᠠᠮᠰᠠᠷ ᠠᠴᠠ ᠪᠠᠨ ᠬᠦᠯᠢᠶᠡᠨ ᠠᠪᠴᠤ᠂ ᠨᠡᠶᠢᠭᠡᠮ ᠪᠣᠯᠣᠨ ᠶᠠᠷᠢᠶ᠎ᠠ ᠬᠡᠯᠡᠯᠴᠡᠭᠡᠨ ᠤ ᠬᠢᠨᠠᠯᠲᠠ ᠲᠠᠯᠪᠢᠯᠲᠠ ᠶᠢ ᠬᠦᠯᠢᠶᠡᠨ ᠠᠪᠤᠨ᠎ᠠ᠃ ᠢᠯᠡ ᠲᠤᠳᠤ᠂ ᠦᠨᠡᠨᠴᠢ ᠢᠳᠡᠬᠡᠮᠵᠢ ᠲᠠᠢ᠂ ᠦᠨᠳᠦᠷ ᠪᠦᠳᠦᠮᠵᠢᠲᠠᠢ᠂ ᠠᠷᠢᠭᠤᠨ ᠴᠢᠬᠡᠴᠢ ᠦᠢᠯᠡᠴᠢᠯᠡᠬᠡᠨ ᠤ ᠮᠠᠶ᠋ᠢᠭ ᠤᠨ ᠵᠠᠰᠠᠭ ᠤᠨ ᠤᠷᠳᠤᠨ ᠢ ᠪᠠᠶᠢᠭᠤᠯᠤᠨ᠎ᠠ᠃ ︽ᠢᠯᠠ ᠪᠠᠶᠢᠯᠭᠠᠬᠤ ᠶᠢ ᠬᠡᠪ ᠤᠨ ᠪᠠᠶᠢᠳᠠᠯ ᠲᠠᠢ ᠪᠤᠯᠭᠠᠬᠤ᠂ ᠢᠯᠠ ᠪᠠᠶᠢᠯᠭᠠᠬᠤ ᠦᠬᠡᠢ ᠶᠢ ᠬᠡᠪ ᠤᠨ ᠪᠤᠰᠤ ᠪᠠᠶᠢᠳᠠᠯ ᠲᠠᠢ ᠪᠤᠯᠤᠨᠨᠰᠠᠨ ᠢᠶᠠᠷ ᠦᠵᠡᠬᠦ︾ ᠶᠢ ᠪᠠᠷᠢᠮᠳᠠᠯᠠᠵᠦ᠂ ᠵᠠᠰᠠᠭ ᠤᠨ ᠶᠠᠪᠤᠳᠠᠯ ᠢ ᠢᠯᠡ ᠪᠠᠶᠢᠯᠭᠠᠬᠤ ᠶᠢ ᠪᠦᠭᠦ ᠳᠠᠯ᠎ᠠ ᠪᠠᠷ ᠶᠠᠪᠣᠭᠳᠠᠭᠤᠯᠵᠣ᠂ ᠰᠤᠨᠢᠨ ᠮᠡᠳᠡᠭᠡ ᠨᠡᠶᠢᠳᠡᠯᠡᠬᠦ ᠲᠦᠷᠢᠮ ᠢ ᠪᠦᠷᠢᠨᠰᠢᠬᠦᠯᠵᠦ᠂ ᠨᠠᠶᠢᠭᠡᠮ ᠤᠨ ᠬᠠᠯᠠᠮᠵᠢᠯᠠᠵᠣ ᠪᠠᠶᠢᠭ᠎ᠠ ᠵᠦᠢᠯ ᠳᠤ ᠴᠠᠭ ᠲᠣᠬᠠᠢ ᠳᠤᠨᠢ ᠬᠠᠷᠢᠭᠤ ᠲᠤᠰᠬᠠᠯᠳᠠ ᠦᠭᠭᠦᠨ᠎ᠠ᠃ ᠵᠠᠰᠠᠭ ᠤᠨ ᠶᠠᠪᠣᠳᠠᠯ ᠤᠨ ᠦᠨᠡᠨᠴᠢ ᠢᠳᠡᠭᠡᠮᠵᠢᠳᠠᠢ ᠪᠠᠶᠢᠬᠤ ᠪᠠᠶᠢᠭᠤᠯᠣᠯᠳᠠ ᠶᠢ ᠶᠡᠭᠡᠪᠠᠷ ᠠᠬᠢᠭᠤᠯᠵᠣ᠂ ᠡᠯ᠎ᠡ ᠱᠠᠳᠣᠨ ᠤ ᠵᠠᠰᠠᠭ ᠤᠨ ᠣᠷᠳᠣᠨ ᠤ ᠬᠡᠯᠡᠭᠰᠡᠨ ᠨᠢ ᠢᠲᠡᠭᠡᠭᠦᠰᠢᠲᠡᠢ᠂ ᠬᠢᠭᠰᠡᠨ ᠨᠢ ᠪᠦᠳᠣᠮᠵᠢᠳᠠᠢ ᠪᠠᠶᠢᠵᠣ᠂ ᠰᠢᠨ᠎ᠠ ᠪᠠᠷ ᠲᠤᠰᠢᠶᠠᠯ ᠳᠤ ᠭᠠᠷᠤᠨᠨᠰᠠᠨ ᠴᠤ ᠬᠠᠭᠤᠴᠢᠨ ᠲᠠᠩᠰᠠᠨ ᠳᠤ ᠬᠠᠷᠢᠭᠤᠴᠠᠯᠭ᠎ᠠ ᠡᠭᠦᠷᠬᠡᠯᠡᠬᠦ ᠬᠡᠷᠡᠭᠳᠡᠢ᠃ ︽ᠬᠤᠭᠤᠰᠣᠨ ᠦᠭᠡ ᠶᠠᠷᠢᠪᠠᠰᠤ ᠣᠯᠣᠰ ᠲᠤᠷ ᠰᠠᠭᠠᠳ ᠪᠣᠯᠤᠮᠤᠢ᠂ ᠦᠨᠡᠨ ᠢᠶᠠᠷ ᠠᠵᠢᠯᠯᠠᠪᠠᠰᠤ ᠣᠯᠣᠰ ᠭᠦᠷᠣᠨ ᠬᠥᠭᠵᠢᠮᠥᠢ︾ ᠬᠡᠳᠡᠭ ᠢ ᠢᠮᠠᠭᠳᠠ ᠪᠠᠳᠣ ᠴᠡᠭᠡᠵᠢᠯᠡᠵᠣ᠂ ︽ᠳᠠᠷᠦ᠋ᠢᠬᠠᠨ ᠬᠢᠵᠦ ᠭᠦᠢᠴᠡᠣᠡᠭᠡᠭᠦ︾ ᠵᠣᠷᠢᠭ ᠰᠠᠨᠠᠭ᠎ᠠ᠂ ᠬᠠᠳᠠᠭᠠᠰᠣ ᠬᠠᠳᠠᠬᠤ ᠵᠣᠷᠢᠭ ᠰᠠᠨᠠᠭ᠎ᠠ ᠪᠠ ︽ᠮᠣᠩᠭᠤᠯ ᠮᠣᠷᠢᠨ ᠤ ᠵᠣᠷᠢᠭ ᠰᠠᠨᠠᠭ᠎ᠠ︾ ᠶᠢ ᠪᠠᠳᠠᠷᠠᠭᠤᠯᠵᠣ᠂ ᠵᠠᠰᠠᠭ ᠤᠨ ᠣᠷᠳᠣᠨ ᠤ ᠬᠡᠷᠡᠭᠵᠢᠭᠦᠯᠦᠨ ᠭᠦᠢᠴᠡᠣᠡᠭᠡᠭᠦ ᠭᠦᠴᠣᠨ ᠪᠠ ᠵᠠᠰᠠᠭ ᠵᠠᠬᠢᠷᠭᠠᠨ ᠤ ᠭᠦᠴᠣᠨ ᠴᠢᠳᠠᠪᠣᠷᠢ ᠶᠢ ᠶᠡᠭᠡᠪᠡᠷ ᠳᠡᠭᠡᠭᠰᠢᠯᠡᠭᠦᠯᠣᠨ᠎ᠠ᠃ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ ᠪᠠ ᠬᠢᠨᠠᠨ ᠪᠣᠳᠣᠵᠣ ᠬᠢᠨᠠᠯᠳᠠ ᠳᠠᠯᠪᠢᠬᠤ ᠶᠢ ᠴᠢᠩᠭᠠᠣᠠᠬᠠᠵᠣ᠂ ᠵᠠᠰᠠᠭ ᠤᠨ ᠤᠷᠳᠤᠨ ᠤ ᠰᠢᠰᠲ᠋ᠧᠮ ᠤᠨ ᠨᠠᠮ ᠤᠨ ᠰᠣᠷᠳᠠᠯ ᠴᠢᠭᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠠᠯ ᠢ ᠡᠰᠡᠷᠭᠦᠴᠡᠬᠦ ᠠᠵᠢᠯ ᠢ ᠦᠷᠬᠦᠯᠵᠢᠯᠡᠨ ᠠᠬᠢᠭᠤᠯᠤᠨ᠎ᠠ᠃
ᠪᠢᠳᠠ ᠰᠣᠷᠣᠯᠴᠠᠬᠤ ᠳᠤ ᠲᠦᠰᠢᠭᠯᠡᠨ ᠡᠳᠣᠭᠡ ᠳᠤ ᠬᠦᠷᠴᠦ ᠢᠷᠡᠪᠡ᠂ ᠮᠦᠨᠴᠤ ᠰᠣᠷᠣᠯᠴᠠᠬᠤ ᠳᠤ ᠲᠦᠰᠢᠭᠯᠡᠨ ᠢᠷᠡᠭᠡᠳᠣᠢ ᠶᠢ ᠵᠦᠭᠯᠡᠬᠦ ᠪᠣᠯᠣᠨ᠎ᠠ᠃ ᠡᠯ᠎ᠠ ᠱᠠᠳᠣᠨ ᠤ ᠵᠠᠰᠠᠭ ᠤᠨ ᠣᠷᠳᠣᠨ ᠪᠣᠯᠣᠨ ᠵᠠᠰᠠᠭ ᠤᠨ ᠣᠷᠳᠣᠨ ᠤ ᠠᠯᠪᠠᠲᠠᠳ ᠰᠣᠷᠣᠯᠴᠠᠬᠤ ᠰᠣᠷᠳᠠᠯ ᠢ ᠶᠡᠭᠡᠪᠡᠷ ᠡᠷᠬᠢᠮᠯᠡᠨ᠂ ᠴᠢᠳᠠᠪᠣᠷᠢ ᠪᠠ ᠬᠡᠪ ᠴᠢᠨᠠᠷ ᠢᠶᠠᠨ ᠳᠠᠰᠣᠷᠠᠯᠳᠠ ᠦᠭᠡᠢ ᠳᠡᠭᠡᠭᠰᠢᠯᠡᠭᠦᠯᠵᠣ᠂ ᠴᠠᠭ ᠡᠷᠡᠨ ᠤ ᠲᠦᠷᠦᠭᠦᠨ ᠳᠤ ᠵᠣᠭᠰᠣᠨ ᠪᠠᠶᠢᠵᠤ ᠠᠰᠠᠭᠤᠳᠠᠯ ᠢ ᠪᠣᠳᠣᠯᠬᠢᠯᠠᠨ᠂ ᠠᠵᠢᠯ ᠢᠶᠠᠨ ᠠᠬᠢᠭᠤᠯᠵᠣ᠂ ᠰᠣᠷᠣᠯᠴᠠᠬᠤ ᠮᠠᠶ᠋ᠢᠭ ᠤᠨ ᠵᠠᠰᠠᠭ ᠤᠨ ᠣᠷᠳᠣᠨ ᠪᠠ ᠰᠢᠨ᠎ᠠ ᠶᠢ ᠡᠭᠦᠣᠡᠭᠦ ᠮᠠᠶ᠋ᠢᠭ ᠤᠨ ᠵᠠᠰᠠᠭ ᠤᠨ ᠣᠷᠳᠣᠨ ᠢ ᠪᠠᠶᠢᠭᠤᠯᠣᠨ᠎ᠠ᠃
︵ᠠᠷᠪᠠᠨ ᠬᠤᠶᠠᠷ︶ ᠦᠨᠳᠦᠰᠦᠳᠡᠨ ᠤ ᠪᠦᠯᠬᠦᠮᠳᠡᠯ ᠳᠠᠪᠰᠢᠯᠳᠠ ᠶᠢᠨ ᠠᠵᠢᠯ ᠦᠢᠯᠡᠰ ᠤᠨ ᠰᠢᠨ᠎ᠠ ᠪᠠᠶᠢᠳᠠᠯ ᠢ ᠴᠢᠷᠮᠠᠶᠢᠨ ᠡᠭᠦᠳᠣᠨ᠎ᠠ᠃ ᠦᠨᠳᠦᠰᠦᠳᠡᠨ ᠨᠦᠭᠦᠳ ᠤᠨ ᠶᠡᠭᠡ ᠪᠦᠯᠭᠦᠮᠳᠡᠯ ᠪᠤᠯ ᠦᠪᠦᠷ ᠮᠤᠩᠭᠤᠯ ᠤᠨ ᠦᠩᠬᠡ ᠬᠡᠷᠡᠯᠳᠡᠢ ᠤᠯᠠᠮᠵᠢᠯᠠᠯ᠂ ᠮᠦᠨᠴᠤ ᠦᠪᠡᠷᠳᠡᠬᠡᠨ ᠵᠠᠰᠠᠬᠤ ᠤᠷᠤᠨ ᠤ ᠡᠯ᠎ᠡ ᠵᠦᠢᠯ ᠤᠨ ᠠᠵᠢᠯ ᠦᠢᠯᠡᠰ ᠤᠨ ᠭᠦᠭᠵᠢᠯᠳᠡ ᠲᠠᠪᠰᠢᠯᠳᠠ ᠶᠢᠨ ᠰᠠᠭᠤᠷᠢ ᠪᠤᠯᠤᠨ᠎ᠠ᠃ ᠪᠢᠳᠡ ᠦᠨᠳᠦᠰᠦᠳᠡᠨ ᠤ ᠠᠰᠠᠭᠤᠳᠠᠯ ᠢ ᠲᠤᠮᠳᠠᠳᠤ ᠤᠯᠤᠰ ᠤᠨ ᠤᠨᠴᠠᠯᠢᠭ ᠢᠶᠠᠷ ᠰᠶᠢᠳᠪᠦᠷᠢᠯᠡᠬᠦ ᠵᠦᠪ ᠵᠠᠮ ᠢᠶᠠᠷ ᠭᠤᠶᠢᠪᠢᠰᠢ ᠦᠬᠡᠢ ᠵᠠᠮᠨᠠᠵᠦ᠂ ᠦᠨᠳᠦᠰᠦᠳᠡᠨ ᠤ ᠲᠤᠬᠠᠢ ᠨᠠᠮ ᠤᠨ ᠲᠦᠷᠦ ᠶᠢᠨ ᠪᠤᠳᠤᠯᠭ᠎ᠠ ᠪᠠ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠢ ᠪᠦᠭᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ᠂ ᠦᠨᠳᠦᠰᠦᠳᠡᠨ ᠨᠦᠭᠦᠳ ᠤᠨ ᠶᠠᠪᠤᠯᠴᠠᠭ᠎ᠠ ᠰᠤᠯᠢᠯᠴᠠᠭ᠎ᠠ ᠠᠭᠤᠰᠤᠯᠴᠠᠯ ᠢ ᠤᠯᠠᠮ ᠨᠢᠬᠡ ᠠᠯᠬᠤᠮ ᠭᠦᠨᠵᠡᠬᠡᠶᠢᠷᠡᠭᠦᠯᠦᠨ᠂ ᠡᠷᠬᠡ ᠲᠡᠭᠰᠢ᠂ ᠪᠦᠯᠭᠦᠮᠳᠡᠯ ᠲᠠᠢ᠂ ᠬᠠᠷᠢᠯᠴᠠᠨ ᠬᠠᠪᠰᠤᠷᠤᠯᠴᠠᠬᠤ᠂ ᠡᠶ᠎ᠡ ᠵᠤᠬᠢᠴᠠᠯ ᠲᠠᠢ ᠨᠡᠶᠢᠬᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠪᠠᠬᠢᠵᠢᠭᠦᠯᠦᠨ ᠭᠦᠭᠵᠢᠬᠦᠯᠦᠨ᠎ᠠ᠃ ᠦᠨᠳᠦᠰᠦᠳᠡᠨ ᠤ ᠪᠦᠯᠭᠦᠮᠳᠡᠯ ᠲᠠᠪᠰᠢᠯᠳᠠ ᠶᠢ ᠡᠭᠦᠳᠦᠨ ᠪᠠᠶᠢᠭᠤᠯᠬᠤ ᠠᠵᠢᠯᠯᠠᠭ᠎ᠠ ᠶᠢ ᠭᠦᠨᠵᠡᠬᠡᠢ ᠦᠷᠨᠢᠬᠦᠯᠦᠨ᠎ᠠ᠃ ︽ᠦᠨᠳᠦᠰᠦᠳᠡᠨ ᠤ ᠰᠤᠷᠭᠠᠨ ᠭᠦᠮᠦᠵᠢᠯ ᠤᠨ ᠲᠦᠷᠢᠮ︾ ᠢ ᠬᠢᠨᠠᠮᠠᠭᠠᠢ ᠬᠡᠷᠡᠭᠵᠢᠬᠦᠯᠵᠦ᠂ ᠦᠨᠳᠦᠰᠦᠳᠡᠨ ᠤ ᠰᠤᠷᠭᠠᠨ ᠭᠦᠮᠦᠵᠢᠯ ᠢ ᠡᠩ ᠲᠡᠷᠢᠬᠦᠨ ᠳᠤ ᠭᠤᠤᠯᠳᠠᠯᠭ᠎ᠠ ᠲᠠᠢ ᠭᠦᠭᠵᠢᠬᠦᠯᠦᠨ᠎ᠠ᠃ ᠦᠨᠳᠦᠰᠦᠳᠡᠨ ᠤ ᠡᠮ ᠡᠮᠨᠡᠯᠬᠡ ᠶᠢ ᠰᠡᠷᠬᠦᠬᠡᠨ ᠮᠠᠨᠳᠤᠭᠤᠯᠵᠦ᠂ ᠴᠦᠬᠡᠨ ᠲᠤᠭᠠᠳᠤ ᠦᠨᠳᠦᠰᠦᠳᠡᠨ ᠤ ᠰᠢᠯᠢᠳᠡᠭ ᠤᠯᠠᠮᠵᠢᠯᠠᠯᠳᠤ ᠰᠤᠶᠤᠯ ᠢ ᠬᠠᠮᠠᠭᠠᠯᠠᠵᠦ ᠭᠦᠭᠵᠢᠬᠦᠯᠦᠨ᠂ ᠮᠤᠩᠭᠤᠯ ᠦᠬᠡ ᠬᠡᠯᠡ ᠦᠰᠦᠭ ᠪᠢᠴᠢᠭ ᠢ ᠲᠦᠷᠢᠮᠵᠢᠬᠦᠯᠬᠦ᠂ ᠪᠠᠷᠢᠮᠵᠢᠶᠠᠵᠢᠭᠤᠯᠬᠤ᠂ ᠮᠡᠳᠡᠭᠡ ᠵᠠᠩᠬᠢᠵᠢᠭᠤᠯᠬᠤ ᠪᠠᠶᠢᠭᠤᠯᠤᠯᠳᠠ ᠶᠢ ᠠᠬᠢᠭᠤᠯᠤᠨ᠂ ᠪᠦᠬᠦ ᠤᠷᠤᠨ ᠤ ᠴᠦᠬᠡᠨ ᠲᠤᠭᠠᠳᠤ ᠦᠨᠳᠦᠰᠦᠳᠡᠨ ᠤ ᠶᠢᠰᠦᠳᠦᠬᠡᠷ ᠬᠤᠭᠤᠴᠠᠭᠠᠨ ᠤ ᠤᠯᠠᠮᠵᠢᠯᠠᠯᠳᠤ ᠲᠠᠮᠢᠷ ᠤᠨ ᠴᠤᠬᠯᠠᠭᠠᠨ ᠢ ᠰᠠᠶᠢᠳᠤᠷ ᠡᠷᠬᠢᠯᠡᠨ᠎ᠠ᠃ ᠵᠦᠷᠢᠶᠡᠵᠢᠭᠦᠯᠦᠨ ᠲᠡᠮᠵᠢᠬᠦ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠵᠦ᠂ ᠮᠠᠯᠵᠢᠬᠤ ᠬᠤᠰᠢᠭᠤ᠂ ᠬᠢᠯᠢ ᠬᠢᠵᠠᠭᠠᠷ ᠤᠨ ᠬᠤᠰᠢᠭᠤ ᠬᠤᠳᠠ᠂ ︽ᠭᠤᠷᠪᠠᠨ ᠴᠦᠬᠡᠨ ᠲᠤᠭᠠᠳᠤ ᠦᠨᠳᠦᠰᠦᠳᠡᠨ︾ ᠤ ᠦᠪᠡᠷᠳᠡᠬᠡᠨ ᠵᠠᠰᠠᠬᠤ ᠬᠤᠰᠢᠭᠤ᠂ ᠦᠨᠳᠦᠰᠦᠳᠡᠨ ᠤ ᠰᠢᠶᠠᠩ ᠪᠠ ᠪᠤᠰᠤᠳ ᠴᠦᠬᠡᠨ ᠲᠤᠭᠠᠳᠤ ᠦᠨᠳᠦᠰᠦᠳᠡᠨ ᠤ ᠲᠦᠪᠯᠡᠷᠡᠨ ᠰᠠᠭᠤᠭ᠎ᠠ ᠭᠠᠵᠠᠷ ᠤᠷᠤᠨ ᠤ ᠬᠥᠭᠵᠢᠯᠲᠡ ᠶᠢ ᠭᠦᠴᠦ ᠪᠠᠨ ᠲᠦᠪᠯᠡᠷᠡᠭᠦᠯᠵᠦ ᠲᠦᠷᠬᠡᠳᠬᠡᠨ᠎ᠠ᠃ ᠬᠤᠳᠠ ᠶᠢᠨ ᠦᠨᠳᠦᠰᠦᠳᠡᠨ ᠤ ᠠᠵᠢᠯ ᠢ ᠯᠠᠪᠳᠠᠭᠤᠨ ᠪᠠᠳᠤᠳᠠᠢ ᠰᠠᠶᠢᠳᠤᠷ ᠬᠢᠵᠦ᠂ ᠬᠢᠯᠢ ᠬᠢᠵᠠᠭᠠᠷ ᠢᠶᠠᠨ ᠭᠦᠭᠵᠢᠬᠦᠯᠦᠨ ᠠᠷᠠᠳ ᠢᠶᠠᠨ ᠪᠠᠶᠠᠵᠢᠭᠤᠯᠬᠤ ᠠᠵᠢᠯᠯᠠᠭ᠎ᠠ ᠶᠢ ᠭᠦᠨᠵᠡᠬᠡᠢ ᠠᠬᠢᠭᠤᠯᠤᠨ᠂ ᠦᠨᠳᠦᠰᠦᠳᠡᠨ ᠨᠦᠭᠦᠳ ᠤᠨ ᠬᠠᠮᠳᠤᠪᠠᠷ ᠴᠡᠴᠡᠭᠯᠡᠨ ᠭᠦᠭᠵᠢᠬᠦ ᠶᠢ ᠠᠬᠢᠭᠤᠯᠤᠨ᠎ᠠ᠃
ᠡᠨᠡ ᠵᠢᠯ ᠪᠣᠯ ᠦᠪᠡᠷᠳᠡᠬᠡᠨ ᠵᠠᠰᠠᠬᠤ ᠤᠷᠤᠨ ᠪᠠᠶᠢᠭᠤᠯᠤᠨᠨᠳ᠋ᠬᠠᠰᠠᠨ 70 ᠵᠢᠯ ᠤᠨ ᠤᠢ ᠪᠤᠯᠤᠨ᠎ᠠ᠃ 70 ᠵᠢᠯ ᠤᠨ ᠲᠤᠷᠰᠢ᠂ ᠦᠪᠦᠷ ᠮᠤᠩᠭᠤᠯ ᠤᠨ ᠦᠨᠳᠦᠰᠦᠳᠡᠨ ᠨᠦᠭᠦᠳ ᠤᠨ ᠦᠬᠢᠳ ᠭᠦᠪᠡᠭᠦᠳ ᠤᠭ ᠵᠣᠷᠢᠯᠲᠠ ᠪᠠᠨ ᠤᠮᠠᠷᠳᠠᠯ ᠦᠭᠡᠢ ᠪᠠᠷ ᠬᠦᠴᠦ ᠪᠠᠨ ᠬᠠᠮᠲᠤᠳᠬᠠᠵᠤ ᠭᠦᠴᠦᠯᠡᠨ ᠴᠢᠷᠮᠠᠶᠢᠵᠦ᠂ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠶᠢᠨ ᠬᠡᠷᠡᠯ ᠰᠠᠴᠤᠷᠠᠩᠭᠤᠢ ᠬᠠᠭᠤᠳᠠᠰᠤ ᠶᠢ ᠵᠢᠷᠤᠭᠯᠠᠨ ᠲᠡᠮᠳᠡᠭᠯᠡᠪᠡ︔ 70 ᠵᠢᠯ ᠤᠨ ᠲᠤᠷᠰᠢ᠂ ᠦᠪᠦᠷ ᠮᠤᠩᠭᠤᠯ ᠰᠦᠷ ᠲᠠᠯᠠᠶᠢᠴᠠᠳᠠᠢ ᠲᠡᠤᠬᠡᠨ ᠦᠩᠬᠡᠷᠡᠯᠳᠡ ᠶᠢ ᠲᠤᠭᠤᠯᠵᠦ᠂ ᠳᠠᠶᠠᠩ ᠳᠡᠯᠡᠬᠡᠢ ᠶᠢᠨ ᠬᠠᠷᠠᠭ᠎ᠠ ᠶᠢ ᠪᠤᠯᠢᠶᠠᠮ᠎ᠠ ᠠᠮᠵᠢᠯᠳᠠ ᠤᠯᠤᠨᠨᠰᠠᠨ ᠪᠠᠶᠢᠨ᠎ᠠ᠃ ᠪᠢᠳᠡ ᠡᠷᠬᠡᠪᠰᠢ 70 ᠵᠢᠯ ᠤᠨ ᠲᠤᠷᠰᠢᠬᠢ ᠦᠨᠳᠦᠰᠦᠳᠡᠨ ᠤ ᠪᠦᠯᠭᠦᠮᠳᠠᠯ ᠲᠠᠪᠰᠢᠯᠳᠠ ᠶᠢᠨ ᠨᠠᠨᠳᠢᠨ ᠲᠤᠷᠰᠢᠯᠭ᠎ᠠ ᠶᠢ ᠪᠦᠭᠦ ᠲᠠᠯ᠎ᠠ ᠪᠠᠷ ᠳ᠋ᠦᠩᠨᠡᠵᠦ᠂ ᠦᠪᠡᠷᠳᠡᠬᠡᠨ ᠵᠠᠰᠠᠬᠤ ᠤᠷᠤᠨ ᠪᠠᠶᠢᠭᠤᠯᠤᠨᠨᠳ᠋ᠬᠠᠰᠠᠨ 70 ᠵᠢᠯ ᠤᠨ ᠤᠢ ᠶᠢ ᠪᠡᠯᠭᠡᠯᠡᠬᠦ ᠠᠵᠢᠯᠯᠠᠭ᠎ᠠ ᠶᠢ ᠰᠠᠶᠢᠳᠤᠷ ᠵᠤᠬᠢᠶᠠᠨ ᠪᠠᠶᠢᠭᠤᠯᠤᠨ ᠦᠷᠨᠢᠬᠦᠯᠵᠦ᠂ ᠮᠠᠨ ᠤ ᠤᠯᠤᠰ ᠤᠨ ᠦᠨᠳᠦᠰᠦᠳᠡᠨ ᠤ ᠤᠷᠤᠨ ᠤ ᠦᠪᠡᠷᠳᠡᠬᠡᠨ ᠵᠠᠰᠠᠬᠤ ᠲᠦᠷᠢᠮ ᠤᠨ ᠯᠤᠳᠤ ᠶᠡᠭᠡ ᠲᠠᠪᠠᠭᠤᠯᠢᠭ ᠢ ᠬᠦᠢᠴᠡᠳ ᠲᠡᠯᠬᠡᠵᠦ᠂ ᠦᠪᠦᠷ ᠮᠤᠩᠭᠤᠯ ᠤᠨ ᠭᠤᠸ᠎ᠠ ᠰᠠᠶᠢᠬᠠᠨ ᠲᠦᠷᠢ ᠲᠦᠷᠬᠦ᠂ ᠰᠠᠶᠢᠨ ᠰᠠᠶᠢᠬᠠᠨ ᠠᠯᠤᠰ ᠢᠷᠡᠬᠡᠳᠦᠢ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠰᠠᠨᠠᠭᠠᠨ ᠤ ᠲᠦᠷᠰᠤ ᠪᠠᠶᠢᠳᠠᠯ ᠢ ᠲᠡᠯᠬᠡᠨ ᠦᠵᠡᠬᠦᠯᠵᠦ᠂ ᠦᠨᠳᠦᠰᠦᠳᠡᠨ ᠨᠦᠭᠦᠳ ᠤᠨ ᠺᠠᠳ᠋ᠷ ᠤᠯᠠᠨ ᠲᠦᠮᠡᠨ ᠤ ᠣᠮᠤᠭ ᠪᠠᠭ᠋ᠠᠳᠤᠯᠳᠤ ᠰᠡᠳᠬᠢᠯᠬᠡ ᠪᠠ ᠬᠠᠷᠢᠭᠤᠴᠠᠯᠭᠠᠳᠤ ᠰᠡᠳᠬᠢᠯᠬᠡ ᠶᠢ ᠤᠯᠠᠮ ᠨᠢᠬᠡ ᠠᠯᠬᠤᠮ ᠴᠢᠩᠭᠠᠳᠬᠠᠵᠦ᠂ ᠦᠵᠡᠰᠬᠦᠯᠡᠩᠳᠦ ᠰᠠᠶᠢᠬᠠᠨ ᠬᠡᠷ ᠤᠷᠤᠨ ᠢᠶᠠᠨ ᠨᠢᠬᠡ ᠰᠡᠳᠬᠢᠯ ᠨᠡᠶᠢᠳᠡ ᠶᠢᠨ ᠭᠦᠴᠦ ᠪᠠᠷ ᠪᠦᠳᠦᠬᠡᠨ ᠪᠠᠶᠢᠭᠤᠯᠤᠨ᠎ᠠ᠃
ᠲᠦᠯᠦᠬᠡᠯᠡᠭᠴᠢᠳ ᠡ᠂ ︽ᠴᠢᠷᠮᠠᠶᠢᠨ ᠲᠡᠮᠡᠴᠡᠪᠡᠯ ᠰᠠᠶ᠋ᠢ ᠢᠷᠡᠭᠡᠳᠣᠢ ᠶᠢᠨ ᠵᠣᠷᠢᠯᠳᠠ ᠳᠠᠭᠠᠨ ᠭᠦᠷᠴᠣ ᠴᠢᠳᠠᠨ᠎ᠠ︾᠃ ᠪᠢᠳᠡ ᠲᠤᠮᠳᠠᠳᠤ ᠤᠯᠤᠰ ᠤᠨ ᠤᠨᠴᠠᠯᠢᠭ ᠪᠦᠭᠦᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠦ᠂ ᠰᠢ ᠶᠢᠨ ᠫᠢᠩ ᠨᠦᠭᠦᠷ ᠢᠶᠠᠷ ᠭᠤᠤᠯ ᠪᠤᠯᠭᠠᠨᠨᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠡᠩ ᠨᠢᠨᠨᠳᠠᠷᠠᠨ ᠪᠦᠯᠭᠦᠮᠳᠠᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠵᠦ᠂ ᠪᠦᠯᠭᠦᠮᠳᠡᠨ ᠲᠡᠮᠡᠴᠡᠵᠦ᠂ ᠪᠤᠴᠠᠯᠳᠠ ᠦᠬᠡᠢ ᠤᠷᠤᠨᠨᠰᠢᠯᠠᠨ᠂ ᠰᠢᠯᠢᠳᠡᠭ ᠠᠮᠵᠢᠯᠳᠠ ᠪᠠᠷ ᠢᠶᠠᠨ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠠᠮᠵᠢᠯᠳᠠ ᠲᠠᠢ ᠬᠤᠷᠠᠯᠳᠤᠬᠤ ᠪᠠ ᠦᠪᠡᠷᠳᠡᠬᠡᠨ ᠵᠠᠰᠠᠬᠤ ᠤᠷᠤᠨ ᠪᠠᠶᠢᠭᠤᠯᠤᠨᠨᠳ᠋ᠬᠠᠰᠠᠨ 70 ᠵᠢᠯ ᠤᠨ ᠤᠢ ᠶᠢ ᠤᠨᠨᠳᠤᠵᠦ᠂ ᠡᠬᠡ ᠤᠯᠤᠰ ᠤᠨ ᠤᠮᠠᠷᠠᠳᠤ ᠬᠢᠯᠢ ᠶᠢᠨ ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠤ ᠰᠢᠨ᠎ᠠ ᠬᠠᠭᠤᠳᠠᠰᠤ ᠶᠢ ᠵᠢᠷᠤᠭᠯᠠᠨ ᠲᠡᠮᠳᠡᠭᠯᠡᠶ᠎ᠠ︕