ᠥᠪᠥᠷ ᠮᠣᠩᠭᠤᠯ ᠪᠦᠬᠦ ᠣᠷᠣᠨ ᠤ ᠰᠣᠨᠢᠨ ᠮᠡᠳᠡᠭᠡ ᠬᠡᠪᠯᠡᠯ ᠷᠠᠳᠢᠣ᠋ ᠨᠡᠪᠲᠡᠷᠡᠭᠦᠯᠭᠡ ᠺᠢᠨᠣ᠋ ᠲᠧᠯᠸᠢᠰ ᠤᠨ | ᠣᠯᠠᠨ ᠨᠡᠶᠢᠲᠡ ᠶᠢᠨ ᠦᠢᠯᠡᠴᠢᠯᠡᠭᠡᠨ ᠤ ᠢᠨᠵᠧᠨᠧᠷᠢᠩ ᠢ ᠯᠠᠪᠳᠠᠭᠤᠨ ᠪᠠᠲᠤᠲᠠᠶ ᠪᠠᠷ ᠲᠦᠯᠬᠢᠨ ᠠᠬᠢᠭᠤᠯᠪᠠ᠃ | 2016 ᠣᠨ ᠤ ᠡᠴᠦᠰ ᠪᠣᠯᠲᠠᠯ᠎ᠠ᠂ ᠨᠡᠶᠢᠲᠡ 20 ᠳ᠋ᠦᠩᠰᠢᠭᠤᠷ ᠰᠢᠬᠠᠮ ᠲᠥᠭᠦᠷᠢᠭ ᠤᠨ ᠪᠡᠯᠡ ᠮᠥᠩᠭᠦ | ᠵᠠᠷᠤᠴᠠᠭᠤᠯᠤᠨ 207 ᠲᠦᠮᠡᠨ ᠡᠷᠦᠬᠡ ᠪᠣᠯᠭᠠᠨ ᠳᠤ ᠷᠠᠳᠢᠣ᠋ ᠨᠡᠪᠲᠡᠷᠡᠭᠦᠯᠭᠡ ᠲᠧᠯᠸᠢᠰ ᠨᠡᠪᠲᠡᠷᠡᠭᠦᠯᠬᠦ ᠶᠢ | ᠪᠡᠶᠡᠯᠡᠭᠦᠯᠵᠦ᠂ ᠪᠠᠴᠢᠮ ᠪᠠᠶᠢᠳᠠᠯ ᠢ ᠠᠷᠭᠠᠴᠠᠬᠤ ᠷᠠᠳᠢᠣ᠋ ᠨᠡᠪᠲᠡᠷᠡᠭᠦᠯᠭᠡ ᠶᠢᠨ ᠭᠠᠴᠠᠭ᠎ᠠ ᠪᠣᠯᠭᠠᠨ ᠳᠤ ᠴᠤᠤᠷᠢᠶᠠᠳᠤᠬᠤ | ᠦᠵᠦᠭᠦᠷᠯᠢᠭ 12368᠂ ᠨᠡᠪᠲᠡᠷᠡᠭᠦᠯᠦᠨ ᠡᠵᠡᠮᠳᠡᠬᠦ ᠬᠠᠮᠢᠶᠠᠷᠤᠯᠲᠠ ᠶᠢᠨ ᠲᠠᠪᠴᠠᠩ 91 ᠶᠢ ᠪᠠᠶᠢᠭᠤᠯᠵᠤ᠂ ᠷᠠᠳᠢᠣ᠋ | ᠨᠡᠪᠲᠡᠷᠡᠭᠦᠯᠭᠡ ᠲᠧᠯᠸᠢᠰ ᠤᠨ ᠰᠠᠴᠤᠷᠠᠭᠤᠯᠬᠤ ᠥᠷᠳᠡᠭᠡ 140 ᠶᠢ ᠥᠭᠡᠷᠡᠴᠢᠯᠡᠨ ᠥᠷᠭᠡᠳᠬᠡᠨ ᠪᠠᠶᠢᠭᠤᠯᠵᠤ᠂ | ᠪᠠᠶᠢᠭᠤᠯᠵᠤ ᠳᠠᠭᠤᠰᠬᠠᠭᠰᠠᠨ ᠪᠤᠶᠤ ᠪᠠᠶᠢᠭᠤᠯᠵᠤ ᠪᠠᠶᠢᠭ᠎ᠠ ᠷᠠᠳᠢᠣ᠋ ᠨᠡᠪᠲᠡᠷᠡᠭᠦᠯᠭᠡ ᠲᠧᠯᠸᠢᠰ ᠢ ᠪᠦᠷᠬᠦᠭᠦᠯᠬᠦ ᠦᠷᠲᠡᠭᠡ | ᠴᠢᠭ᠋ 620 ᠪᠠᠶᠢᠨ᠎ᠠ᠃ ︽ᠨᠢᠭᠡ ᠲᠣᠰᠬᠤᠨ ᠳᠤ ᠨᠢᠭᠡ ᠰᠠᠷ᠎ᠠ ᠳᠤ ᠨᠢᠭᠡ ᠺᠢᠨᠣ᠋ ᠭᠠᠷᠭᠠᠬᠤ︾ ᠢᠨᠵᠧᠨᠧᠷᠢᠩ ᠨᠢ | ᠪᠦᠬᠦ ᠵᠢᠯ ᠳᠤ 14 ᠲᠥᠮᠡ ᠲᠠᠯᠠᠪᠠᠢ ᠺᠢᠨᠣ᠋ ᠭᠠᠷᠭᠠᠵᠤ᠂ 805 ᠵᠠᠰᠠᠭ ᠵᠠᠬᠢᠷᠭᠠᠨ ᠤ ᠭᠠᠴᠠᠭ᠎ᠠ ᠳᠤ ᠲᠣᠭᠲᠠᠮᠠᠯ | ᠴᠢᠭ᠋ ᠲᠤ ᠺᠢᠨᠣ᠋ ᠭᠠᠷᠭᠠᠬᠤ ᠶᠢ ᠪᠡᠶᠡᠯᠡᠭᠦᠯᠪᠡ᠃ ᠪᠦᠭᠦ ᠣᠷᠣᠨ ᠤ ᠷᠠᠳᠢᠣ᠋ ᠨᠡᠪᠲᠡᠷᠡᠭᠦᠯᠭᠡ᠂ ᠲᠧᠯᠸᠢᠰ ᠤᠨ ᠶᠡᠷᠦᠩᠬᠡᠶ | ᠪᠦᠷᠬᠦᠴᠡ ᠨᠢ ᠳᠤᠰ ᠳᠤᠰ 99.21% ᠪᠣᠯᠣᠨ 99.18% ᠬᠦᠷᠦᠭᠰᠡᠨ ᠪᠠᠶᠢᠨ᠎ᠠ᠃ ᠡᠭᠦᠨ ᠤ ᠬᠠᠮᠲᠤ᠂ ᠪᠦᠬᠦ | ᠣᠷᠣᠨ ᠤ ᠰᠣᠨᠢᠨ ᠮᠡᠳᠡᠭᠡ ᠬᠡᠪᠯᠡᠯ ᠤᠨ ᠦᠢᠯᠡᠴᠢᠯᠡᠭᠡᠨ ᠤ ᠴᠢᠳᠠᠪᠤᠷᠢ ᠢᠯᠡᠳᠲᠡ ᠨᠡᠮᠡᠭᠳᠡᠵᠦ᠂ ᠬᠤᠳᠠᠯᠳᠤᠭᠠᠨ ᠤ | ᠲᠣᠭᠤᠷᠢᠭ᠂ ᠰᠤᠷᠭᠠᠭᠤᠯᠢ ᠶᠢᠨ ᠬᠦᠷᠢᠶ᠎ᠡ᠂ ᠨᠡᠶᠢᠭᠡᠮ ᠤᠨ ᠲᠣᠭᠤᠷᠢᠭ᠂ ᠪᠠᠶᠢᠭᠤᠯᠭ᠎ᠠ ᠳᠤ ᠤᠷᠤᠭᠤᠯᠬᠤ ᠪᠣᠳᠠᠲᠤ | ᠴᠣᠭᠴᠠ ᠶᠢᠨ ᠨᠣᠮ ᠤᠨ ᠳᠡᠯᠭᠡᠭᠦᠷ 86 ᠶᠢ ᠪᠠᠶᠢᠭᠤᠯᠤᠨ᠂ ᠨᠠᠮ ᠤᠨ ᠰᠣᠨᠢᠨ ᠰᠡᠳᠬᠦᠯ ᠢ ᠰᠢᠨᠡᠳᠬᠡᠬᠦ ᠢᠷᠭᠡᠨ ᠤ | ᠵᠣᠬᠢᠶᠠᠯ ᠬᠡᠪᠯᠡᠯ ᠤᠨ 9 ᠲᠥᠬᠦᠭᠡᠷᠦᠮᠵᠢ ᠳᠤ ᠳᠡᠮᠵᠢᠯᠭᠡ ᠦᠵᠡᠭᠦᠯᠵᠦ᠂ ᠪᠦᠭᠦ ᠠᠷᠠᠳ ᠢᠶᠠᠷ ᠢᠶᠠᠨ ᠨᠣᠮ ᠤᠩᠰᠢᠬᠤ | ᠠᠵᠢᠯᠯᠠᠭ᠎ᠠ ᠶᠢ 1950 ᠭᠠᠷᠤᠢ ᠵᠦᠢᠯ ᠥᠷᠨᠢᠭᠦᠯᠦᠭᠰᠡᠨ ᠪᠠᠶᠢᠨ᠎ᠠ᠃ 26 ᠳ᠋ᠤᠭᠠᠷ ᠬᠤᠭᠤᠴᠠᠭᠠᠨ ᠤ ᠪᠦᠬᠦ | ᠤᠯᠤᠰ ᠤᠨ ᠨᠣᠮ ᠪᠢᠴᠢᠭ ᠤᠨ ᠠᠷᠠᠯᠵᠢᠶ᠎ᠠ ᠰᠣᠯᠢᠯᠴᠠᠭᠠᠨ ᠤ ᠦᠵᠡᠰᠬᠦᠯᠡᠩ ᠢ ᠠᠮᠵᠢᠯᠲᠠ ᠲᠠᠢ ᠡᠷᠬᠢᠯᠡᠵᠤ᠂ 1.6 | ᠳ᠋ᠦᠩᠰᠢᠭᠤᠷ ᠭᠠᠷᠤᠶ ᠳᠡᠪᠲᠡᠷ ᠬᠡᠪᠯᠡᠭᠳᠡᠬᠦᠨ ᠢ ᠠᠷᠠᠯᠵᠢᠶᠠᠯᠠᠨ᠂ ᠠᠷᠠᠯᠵᠢᠶᠠᠨ ᠤ ᠥᠷᠲᠡᠭ ᠨᠢ 40 ᠳ᠋ᠦᠩᠰᠢᠭᠤᠷ { | ᠨᠣᠮ ᠤᠨ ᠦᠨ᠎ᠡ ᠶᠢᠨ } ᠲᠤᠭ᠎ᠠ ᠳᠤ ᠬᠦᠷᠴᠦ᠂ ᠦᠵᠡᠭᠴᠢ ᠤᠩᠰᠢᠭᠴᠢ 83.5 ᠲᠦᠮᠡᠨ ᠬᠥᠮᠦᠨ ᠤᠳᠠᠭ᠎ᠠ ᠶᠢ | ᠳᠠᠪᠠᠨ᠂ ᠬᠠᠮᠢᠶ᠎ᠠ ᠪᠦᠬᠦᠢ ᠠᠵᠤ ᠦᠢᠯᠡᠰ GDP ᠶᠢ 56 ᠳ᠋ᠦᠩᠰᠢᠭᠤᠷ ᠲᠥᠭᠦᠷᠢᠭ ᠪᠡᠶᠡᠯᠡᠭᠦᠯᠵᠦ᠂ ᠪᠡᠯᠡᠳᠬᠡᠯ | ᠴᠠᠭ ᠢᠶᠠᠷ ᠬᠠᠮᠤᠭ ᠤᠨ ᠣᠬᠤᠷ᠂ ᠦᠵᠡᠭᠴᠢ ᠤᠩᠰᠢᠭᠴᠢ ᠪᠠᠷ ᠬᠠᠮᠤᠭ ᠣᠯᠠᠨ᠂ ᠠᠷᠠᠯᠵᠢᠶᠠᠨ ᠤ ᠥᠷᠲᠡᠭ ᠢᠶᠠᠷ | ᠬᠠᠮᠤᠭ ᠤᠨ ᠶᠡᠭᠡ ᠵᠡᠷᠭᠡ ︽ᠨᠣᠮ ᠪᠢᠴᠢᠭ ᠤᠨ ᠦᠵᠡᠰᠬᠦᠯᠡᠩ︾ ᠤᠨ ᠣᠯᠠᠨ ᠬᠠᠮᠤᠭ ᠢ ᠡᠭᠦᠳᠪᠡ᠃ |