ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠬᠦᠯᠬᠦ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2017/1/24
      1 ᠳ᠋ᠤᠭᠡᠷ ᠰᠠᠷ᠎ᠠ ᠶᠢᠨ 23᠎ ᠤ ᠡᠳᠦᠷ ᠤᠨ ᠦᠳᠡ ᠶᠢᠨ ᠡᠮᠦᠨ᠎ᠡ᠂ ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ᠂ ᠤᠯᠤᠰ ᠲᠦᠷᠦ ᠶᠢᠨ ᠵᠦᠪᠯᠡᠯᠬᠡᠨ ᠬᠠᠮᠲᠤᠪᠡᠷ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠠᠷᠪᠠᠨ ᠨᠢᠭᠡᠳᠦᠬᠡᠷ ᠬᠤᠭᠤᠴᠠᠭᠠᠨ ᠤ ᠬᠤᠷᠢᠶ᠎ᠠ ᠶᠢᠨ ᠲᠠᠪᠤᠳᠤᠭᠠᠷ ᠬᠤᠷᠠᠯ ᠤᠨ ᠰᠠᠨᠠᠯ ᠳᠤᠷᠠᠳᠤᠯᠭ᠎ᠠ ᠶᠢ ᠲᠤᠰᠢᠶᠠᠨ ᠰᠢᠢᠳᠪᠦᠷᠢᠯᠡᠬᠦᠯᠬᠦ ᠬᠤᠷᠠᠯ ᠬᠤᠷᠠᠯᠳᠤᠭᠤᠯᠵᠤ᠂ ᠡᠨᠡ ᠵᠢᠯ ᠤᠨ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠪᠠᠶᠢᠷᠢᠯᠠᠭᠤᠯᠵᠠᠢ᠃      ᠦᠪᠡᠷᠲᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠭᠡᠰᠢᠬᠦᠨ᠂ ᠦᠪᠡᠷᠲᠡᠭᠡᠨ ᠵᠠᠰᠠᠬᠤ ᠤᠷᠤᠨ ᠤ ᠪᠠᠶᠢᠡᠭᠭᠤ ᠶᠢᠨ ᠳᠡᠳ᠋ ᠲᠡᠷᠢᠬᠦᠯᠡᠭᠴᠢ ᠵᠠᠩ ᠵᠢᠶᠠᠨ ᠮᠢᠨ᠂ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠳᠡᠳ᠋ ᠲᠡᠷᠢᠬᠦᠯᠡᠭᠴᠢ ᠴᠠᠩ ᠬᠠᠢ ᠬᠤᠷᠠᠯ ᠳᠤ ᠤᠷᠤᠯᠴᠠᠨ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ᠂ ᠳᠡᠳ᠋ ᠲᠡᠷᠢᠬᠦᠯᠡᠭᠴᠢ ᠹᠦ᠋ ᠲᠠᠢ ᠽᠧᠩ ᠬᠤᠷᠠᠯ ᠡᠷᠬᠢᠯᠡᠨ ᠶᠠᠷᠢᠶ᠎ᠠ ᠲᠠᠯᠪᠢᠵᠠᠢ᠃ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ ᠶᠢᠨ ᠵᠦᠪᠯᠡᠯᠬᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠨᠠᠷᠢᠨ ᠪᠢᠴᠢᠭ ᠤᠨ ᠳᠠᠷᠤᠭ᠎ᠠ ᠸᠧᠢ  ᠵᠢᠶᠦ᠋ᠨ ᠬᠤᠷᠠᠯ ᠳᠤ ᠤᠷᠤᠯᠴᠠᠪᠠ᠃      ᠵᠠᠩ ᠵᠢᠶᠠᠨ ᠮᠢᠨ ᠵᠢᠭᠠᠵᠦ ᠭᠠᠷᠭᠠᠬᠰᠠᠨ ᠨᠢ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠨᠢ ᠵᠠᠰᠠᠭ ᠤᠨ ᠤᠷᠳᠦᠨ ᠤ ᠴᠢᠬᠤᠯᠠ ᠲᠤᠰᠢᠶᠠᠯ ᠬᠠᠷᠢᠭᠤᠴᠠᠯᠭ᠎ᠠ ᠪᠠᠶᠢᠵᠤ᠂ ᠨᠡᠩ ᠴᠤ ᠵᠠᠰᠠᠭ ᠤᠨ ᠤᠷᠳᠦᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ᠂ ᠵᠠᠰᠠᠭ ᠤᠨ ᠤᠷᠳᠦᠨ ᠤ ᠰᠢᠢᠳᠪᠦᠷᠢᠲᠦ ᠪᠤᠳᠤᠯᠭ᠎ᠠ ᠶᠢ ᠰᠢᠨᠵᠢᠯᠡᠬᠦ ᠤᠬᠠᠭᠠᠨᠴᠢᠯᠠᠬᠤ ᠪᠤᠯᠤᠨ ᠠᠷᠠᠳᠴᠢᠯᠠᠯ ᠢ ᠠᠬᠢᠭᠤᠯᠬᠤ ᠶᠢᠨ ᠴᠢᠬᠤᠯᠠ ᠠᠷᠭ᠎ᠠ ᠵᠠᠮ ᠪᠤᠯᠤᠨ᠎ᠠ᠃ ᠤᠯᠤᠰ ᠲᠦᠷᠦ  ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠰᠠᠶᠢᠲᠤᠷ ᠰᠢᠢᠳᠪᠦᠷᠢᠯᠡᠬᠦ ᠶᠢ ᠵᠠᠰᠠᠭ ᠤᠨ ᠤᠷᠳᠦᠨ ᠤ ᠠᠵᠢᠯ ᠤᠨ ᠴᠢᠬᠤᠯᠠ ᠪᠠᠶᠢᠷᠢᠨ ᠳᠤ ᠲᠠᠯᠪᠢᠵᠦ᠂ ᠵᠠᠰᠠᠭ ᠤᠨ ᠤᠷᠳᠦᠨ ᠤ ᠰᠢᠰᠲ᠋ᠧᠮ ᠤᠨ ᠡᠯ᠎ᠡ ᠳᠠᠭᠠᠭᠠᠨ ᠰᠢᠢᠳᠪᠦᠷᠢᠯᠡᠬᠦ ᠨᠢᠭᠡᠴᠡ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠶᠠᠪᠤᠴᠠ ᠶᠢ ᠠᠷᠠᠳ ᠤᠨ ᠰᠠᠨᠠᠭ᠎ᠠ ᠶᠢ ᠤᠶᠢᠯᠠᠭᠠᠬᠤ᠂ ᠤᠯᠠᠨ ᠤ ᠰᠠᠨᠠᠭᠤᠯᠭ᠎ᠠ ᠶᠢ ᠦᠷᠭᠡᠨ ᠢᠶᠠᠷ ᠰᠤᠨᠤᠰᠬᠤ᠂ ᠬᠢᠨᠠᠯᠲᠠ ᠶᠢ ᠬᠦᠯᠢᠶᠡᠬᠦ᠂ ᠠᠵᠢᠯ ᠢᠶᠠᠨ ᠳᠡᠭᠡᠭᠰᠢᠯᠡᠬᠦᠯᠬᠦ ᠶᠠᠪᠤᠴᠠ ᠪᠤᠯᠭᠠᠵᠦ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢᠨ ᠦᠪᠡᠷᠲᠡᠭᠡᠨ ᠵᠠᠰᠠᠬᠤ ᠤᠷᠤᠨ ᠤ ᠡᠯ᠎ᠡ ᠲᠦᠷᠦᠯ ᠤᠨ ᠦᠢᠯᠡᠰ ᠤᠨ ᠬᠦᠭᠵᠢᠯᠲᠡ ᠶᠢ ᠠᠬᠢᠭᠤᠯᠬᠤ ᠳᠤᠮᠳᠠᠬᠢ ᠴᠢᠬᠤᠯᠠ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ᠃ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠶᠠᠰᠤ ᠴᠢᠨᠠᠷ ᠪᠤᠯᠤᠨ ᠲᠦᠪᠰᠢᠨ ᠢ ᠴᠢᠷᠮᠠᠶᠢᠨ ᠳᠡᠭᠡᠭᠰᠢᠯᠡᠬᠦᠯᠵᠦ᠂ ᠬᠦᠨᠵᠡᠬᠡᠢ ᠵᠠᠳᠠᠯᠤᠨ ᠰᠤᠳᠤᠯᠵᠤ᠂ ᠰᠢᠢᠳᠪᠦᠷᠢᠯᠡᠬᠦ ᠳᠦᠷᠢᠮ ᠢ ᠳᠡᠬᠦᠯᠳᠡᠷᠵᠢᠬᠦᠯᠤᠨ᠂ ᠰᠢᠢᠳᠪᠦᠷᠢᠯᠡᠬᠦ ᠭᠤᠤᠯᠳᠠᠯᠭ᠎ᠠ ᠶᠢ ᠳᠤᠪᠤᠶᠢᠯᠭᠠᠨ᠂ ᠵᠦᠪᠯᠡᠬᠦ ᠡᠷᠴᠢᠮ ᠢ ᠴᠢᠩᠭᠠᠷᠠᠭᠤᠯᠵᠦ᠂ ᠰᠢᠢᠳᠪᠦᠷᠢᠯᠡᠬᠦ ᠪᠤᠳᠠᠳᠦ ᠦᠷ᠎ᠡ ᠪᠦᠲᠦᠮᠵᠢ ᠶᠢ ᠳᠡᠭᠡᠭᠰᠢᠯᠡᠬᠦᠯᠬᠦ ᠬᠡᠷᠡᠭᠲᠡᠢ᠃ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠵᠤᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠨᠠᠶᠢᠳᠠᠪᠤᠷᠢᠵᠢᠭᠤᠯᠬᠤ ᠬᠠᠷᠢᠭᠤᠴᠠᠯᠭ᠎ᠠ᠂ ᠰᠢᠨ᠎ᠡ ᠶᠢ ᠡᠬᠦᠳᠬᠦ ᠠᠷᠭ᠎ᠠ ᠬᠡᠯᠪᠡᠷᠢ᠂ ᠰᠢᠮᠳᠠᠭᠤᠯᠤᠨ ᠬᠦᠢᠴᠡᠳᠭᠡᠬᠦ ᠶᠢ ᠦᠨᠡᠨᠬᠦ ᠴᠢᠩᠭᠠᠳᠬᠠᠵᠤ᠂ ᠰᠢᠢᠳᠪᠦᠷᠢᠯᠡᠬᠦ ᠪᠤᠳᠠᠳᠦ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃ ᠲᠦᠪ ᠤᠨ ᠪᠠ ᠦᠪᠡᠷᠲᠡᠭᠡᠨ ᠵᠠᠰᠠᠬᠤ ᠤᠷᠤᠨ ᠤ ᠤᠯᠤᠰ ᠲᠦᠷᠦ  ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠲᠤᠬᠠᠢ ᠲᠦᠷᠦ ᠶᠢᠨ ᠪᠤᠳᠤᠯᠭ᠎ᠠ ᠶᠢᠨ ᠵᠤᠷᠢᠭ ᠰᠠᠨᠠᠭ᠎ᠠ ᠶᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠪᠤᠯᠭᠠᠨ ᠢ ᠨᠢᠮᠪᠠᠢ ᠰᠢᠢᠳᠪᠦᠷᠢᠯᠡᠨ᠂ ᠤᠯᠤᠰ ᠲᠦᠷᠦ ᠶᠢᠨ ᠵᠦᠪᠯᠡᠯᠬᠡᠨ ᠤ ᠭᠡᠰᠢᠬᠦᠨ ᠪᠠ ᠦᠷᠭᠡᠨ ᠤᠯᠠᠨ ᠲᠦᠮᠡᠨ ᠳᠤ ᠬᠠᠨᠤᠮᠵᠢᠲᠠᠢ ᠬᠠᠷᠢᠭᠤᠯᠲᠠ ᠦᠭᠴᠦ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠤᠨ ᠰᠢᠨ᠎ᠡ ᠲᠡᠭᠳᠡᠷ ᠲᠤ ᠭᠠᠷᠬᠤ ᠶᠢ ᠲᠠᠰᠤᠷᠠᠯᠳᠠ ᠦᠬᠡᠢ ᠠᠬᠢᠭᠤᠯᠬᠤ ᠬᠡᠷᠡᠭᠲᠡᠢ ᠭᠡᠵᠡᠢ᠃      ᠹᠦ᠋ ᠲᠠᠢ ᠽᠧᠩ ᠵᠢᠭᠠᠵᠦ ᠭᠠᠷᠭᠠᠬᠰᠠᠨ ᠨᠢ᠂ ᠰᠠᠨᠠᠯ ᠳᠤᠷᠠᠳᠤᠯᠭ᠎ᠠ ᠪᠤᠯ ᠠᠷᠠᠳ ᠤᠨ ᠤᠯᠤᠰ ᠲᠦᠷᠦ ᠶᠢᠨ ᠵᠦᠪᠯᠡᠯᠬᠡᠨ ᠤ ᠤᠯᠤᠰ ᠲᠦᠷᠦ ᠶᠢᠨ ᠵᠦᠪᠯᠡᠯᠬᠡ ᠬᠢᠬᠦ᠂ ᠠᠷᠠᠳᠴᠢᠯᠠᠯ ᠢᠶᠠᠷ ᠬᠢᠨᠠᠯᠲᠠ ᠳᠠᠯᠪᠢᠬᠤ᠂ ᠲᠦᠷᠦ ᠶᠢᠨ ᠶᠠᠪᠤᠳᠠᠯ ᠳᠤ ᠤᠷᠤᠯᠴᠠᠨ ᠲᠦᠷᠦ ᠶᠢᠨ ᠶᠠᠪᠤᠳᠠᠯ ᠢ ᠵᠦᠪᠯᠡᠬᠦ ᠡᠬᠦᠷᠭᠡ ᠴᠢᠳᠠᠪᠬᠢ ᠪᠠᠨ ᠬᠦᠢᠴᠡᠳᠭᠡᠬᠦ ᠴᠢᠬᠤᠯᠠ ᠠᠷᠭ᠎ᠠ ᠭᠡᠯᠪᠠᠷᠢ ᠪᠤᠯᠤᠨ ᠪᠦᠲᠦᠮᠵᠢᠲᠡᠢ ᠠᠷᠭ᠎ᠠ ᠵᠠᠮ ᠪᠠᠶᠢᠵᠤ᠂ ᠨᠡᠶᠢᠭᠡᠮ ᠵᠢᠷᠦᠮ ᠤᠨ ᠠᠷᠠᠳᠴᠢᠯᠠᠯ ᠢ ᠪᠠᠳᠠᠷᠠᠭᠤᠯᠬᠤ᠂ ᠨᠠᠮ ᠪᠤᠯᠤᠨ ᠤᠯᠤᠰ ᠤᠨ ᠪᠠᠶᠢᠭᠤᠯᠭ᠎ᠠ ᠶᠢ ᠬᠠᠮᠵᠢᠨ ᠰᠢᠢᠳᠪᠦᠷᠢᠲᠦ ᠪᠤᠳᠤᠯᠭ᠎ᠠ ᠶᠢ ᠠᠷᠠᠳᠴᠢᠯᠠᠬᠤ ᠪᠠ ᠰᠢᠨᠵᠢᠯᠡᠬᠦ ᠤᠬᠠᠭᠠᠨᠴᠢᠯᠠᠬᠤ ᠶᠢ ᠪᠡᠶᠡᠯᠡᠬᠦᠯᠬᠦ ᠲᠠᠯ᠎ᠠ ᠪᠠᠷ ᠴᠢᠬᠤᠯᠠ ᠦᠢᠯᠡᠳᠦᠯ ᠦᠵᠡᠬᠦᠯᠵᠦ ᠪᠤᠢ᠃ ᠡᠯ᠎ᠡ ᠳᠠᠭᠠᠭᠠᠨ ᠰᠢᠢᠳᠪᠦᠷᠢᠯᠡᠬᠦ ᠰᠠᠯᠠᠭ᠎ᠠ ᠮᠦᠴᠢᠷ ᠪᠤᠯᠤᠨ ᠳᠠᠭᠠᠭᠠᠨ ᠰᠢᠢᠳᠪᠦᠷᠢᠯᠡᠬᠦ ᠨᠢᠭᠡᠴᠡ ᠤᠯᠠᠮᠵᠢᠯᠠᠯ ᠢᠶᠠᠨ ᠪᠠᠳᠠᠷᠠᠭᠤᠯᠵᠦ᠂ ᠦᠪᠡᠷᠲᠡᠭᠡᠨ ᠵᠠᠰᠠᠬᠤ ᠤᠷᠤᠨ ᠤ ᠨᠠᠮ ᠵᠠᠰᠠᠭ ᠤᠨ ᠤᠳᠤᠷᠢᠳᠤᠯᠭ᠎ᠠ ᠶᠢᠨ ᠵᠢᠭᠠᠪᠤᠷᠢ ᠶᠢᠨ ᠵᠤᠷᠢᠭ ᠰᠠᠨᠠᠭ᠎ᠠ ᠶᠢ ᠰᠠᠶᠢᠲᠤᠷ ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠵᠦᠪᠯᠡᠯᠬᠡᠨ ᠤ ᠰᠠᠨᠠᠯ ᠳᠤᠷᠠᠳᠤᠯᠭ᠎ᠠ ᠶᠢ ᠬᠢᠨᠠᠮᠠᠭᠠᠢ ᠰᠢᠢᠳᠪᠦᠷᠢᠯᠡᠵᠦ᠂ ᠰᠠᠨᠠᠯ ᠳᠤᠷᠠᠳᠤᠯᠭ᠎ᠠ ᠶᠢᠨ ᠲᠤᠳᠤᠷᠠᠬᠢ ᠵᠦᠢ ᠶᠤᠰᠤᠨ ᠤ ᠰᠠᠨᠠᠭᠤᠯᠭ᠎ᠠ ᠶᠢ ᠪᠤᠲᠠᠲᠠᠢ ᠳᠤ ᠨᠠᠶᠢᠳᠠᠪᠤᠷᠢᠵᠢᠭᠤᠯᠵᠤ᠂ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠪᠠᠷ ᠳᠠᠮᠵᠢᠨ ᠰᠠᠯᠠᠭ᠎ᠠ ᠮᠦᠴᠢᠷ ᠤᠨ ᠠᠵᠢᠯ ᠤᠨ ᠲᠦᠪᠰᠢᠨ ᠢᠶᠠᠨ ᠳᠡᠬᠡᠭᠰᠢᠯᠡᠬᠦᠯᠬᠦ ᠬᠡᠷᠡᠭᠲᠡᠢ ᠭᠡᠵᠡᠢ᠃      ᠴᠠᠩ ᠬᠠᠢ 2016 ᠤᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠭᠰᠡᠨ ᠠᠵᠢᠯ ᠤᠨ ᠦᠷ᠎ᠡ ᠪᠦᠲᠦᠮᠵᠢ ᠶᠢ ᠨᠡᠶᠢᠲᠡᠯᠡᠬᠦ ᠶᠢᠨ ᠬᠠᠮᠲᠦ 2017 ᠤᠨ ᠤ ᠰᠠᠨᠠᠯ ᠳᠤᠷᠠᠳᠤᠯᠭ᠎ᠠ ᠶᠢ ᠰᠢᠢᠳᠪᠦᠷᠢᠯᠡᠬᠦ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠬᠦ ᠲᠠᠯ᠎ᠠ ᠪᠠᠷ ᠰᠠᠨᠠᠯ ᠱᠠᠭᠠᠷᠳᠠᠯᠭ᠎ᠠ ᠲᠤᠷᠠᠳᠴᠠᠢ᠃      ᠰᠠᠨᠠᠯ ᠳᠤᠷᠠᠳᠤᠯᠭ᠎ᠠ ᠶᠢᠨ ᠡᠯ᠎ᠡ ᠳᠠᠭᠠᠭᠠᠨ ᠰᠢᠢᠳᠪᠦᠷᠢᠯᠡᠬᠦ ᠰᠠᠯᠠᠭ᠎ᠠ ᠮᠦᠴᠢᠷ ᠪᠤᠯᠤᠨ ᠳᠠᠭᠠᠭᠠᠨ ᠰᠢᠢᠳᠪᠦᠷᠢᠯᠡᠬᠦ ᠨᠢᠭᠡᠴᠡ ᠶᠢᠨ ᠬᠠᠷᠢᠭᠤᠴᠠᠯᠭᠠᠲᠠᠨ ᠬᠤᠷᠠᠯ ᠳᠤ ᠤᠷᠤᠯᠴᠠᠵᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号