ᠲᠤᠮᠳᠠᠳᠤ ᠤᠯᠤᠰ ᠤᠨ ᠪᠠᠯ ᠴᠢᠯᠠᠭᠤ ︵ᠠᠯᠺᠧᠨ︶᠎ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠬᠡᠨ ᠤ ᠰᠢᠨ᠎ᠠ ᠶᠢ ᠡᠬᠦᠳᠬᠦ ᠬᠤᠯᠪᠤᠭ᠎ᠠ ᠮᠠᠨ ᠤ ᠤᠷᠤᠨ ᠳᠤ ᠪᠠᠶᠢᠭᠤᠯᠤᠭᠳᠠᠪᠠ    ᠵᠠᠩ ᠵᠢᠶᠠᠨ ᠮᠢᠨ ᠪᠠᠶᠢᠭᠤᠯᠤᠭᠳᠠᠬᠤ ᠬᠤᠷᠠᠯ ᠲᠡᠭᠡᠷ᠎ᠠ ᠶᠠᠷᠢᠶ᠎ᠠ ᠲᠠᠯᠪᠢᠵᠠᠢ
ᠨᠡᠶᠢᠲᠡᠯᠡᠭᠰᠡᠨ ᠴᠠᠭ᠄
2017/1/24
      ᠲᠤᠮᠳᠠᠳᠤ ᠤᠯᠤᠰ ᠤᠨ ᠪᠠᠯ ᠴᠢᠯᠠᠭᠤ ︵ᠠᠯᠺᠧᠨ︶᠎ ᠶᠢᠨ ᠦᠢᠯᠡᠳᠪᠦᠷᠢᠯᠡᠯ ᠵᠢᠭᠠᠨ ᠰᠤᠷᠭᠠᠯᠳᠠ ᠰᠤᠳᠤᠯᠭᠠᠨ ᠬᠡᠷᠡᠭᠯᠡᠬᠡᠨ ᠤ ᠰᠢᠨ᠎ᠠ ᠶᠢ ᠡᠬᠦᠳᠬᠦ ᠬᠤᠯᠪᠤᠭ᠎ᠠ ᠵᠢᠴᠢ ᠦᠪᠦᠷ ᠮᠤᠩᠭᠤᠯ ᠤᠨ ᠪᠠᠯ ᠴᠢᠯᠠᠭᠤ ︵ᠠᠯᠺᠧᠨ︶᠎ ᠶᠢᠨ ᠰᠢᠨ᠎ᠠ ᠮᠠᠲ᠋ᠧᠷᠢᠶᠠᠯ ᠤᠨ ᠠᠵᠦ ᠦᠢᠯᠡᠰ ᠤᠨ ᠰᠠᠭᠤᠷᠢ ᠮᠦᠩᠬᠦ ᠶᠢᠨ ᠪᠠᠶᠢᠭᠤᠯᠤᠭᠳᠠᠬᠤ ᠬᠤᠷᠠᠯ 1 ᠳ᠋ᠤᠭᠡᠷ ᠰᠠᠷ᠎ᠠ ᠶᠢᠨ 23᠎ ᠤ ᠡᠳᠦᠷ ᠤᠨ ᠦᠳᠡ ᠶᠢᠨ ᠬᠤᠶᠢᠨ᠎ᠠ ᠬᠦᠬᠡᠬᠤᠳᠠ ᠳᠤ ᠶᠠᠪᠤᠬᠳᠠᠪᠠ᠃      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠡᠭᠭᠤ ᠶᠢᠨ ᠬᠡᠰᠢᠬᠦᠨ᠂ ᠦᠪᠡᠷᠳᠡᠬᠡᠨ ᠵᠠᠰᠠᠬᠤ ᠤᠷᠤᠨ ᠤ ᠪᠠᠶᠢᠡᠭᠭᠤ ᠶᠢᠨ ᠲᠡᠳ᠋ ᠲᠡᠷᠢᠬᠦᠯᠡᠭᠴᠢ ᠵᠠᠩ ᠵᠢᠶᠠᠨ ᠮᠢᠨ ᠬᠤᠷᠠᠯ ᠲᠡᠭᠡᠷ᠎ᠠ ᠶᠠᠷᠢᠶ᠎ᠠ ᠲᠠᠯᠪᠢᠵᠠᠢ᠃      ᠵᠠᠩ ᠵᠢᠶᠠᠨ ᠮᠢᠨ᠂ ᠤᠶᠢᠷ᠎ᠠ ᠶᠢᠨ ᠵᠢᠯ ᠳᠤ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠠᠯ ᠴᠢᠯᠠᠭᠤ ᠶᠢᠨ ᠰᠢᠨ᠎ᠠ ᠮᠠᠲ᠋ᠧᠷᠢᠶᠠᠯ ᠤᠨ ᠠᠵᠦ ᠦᠢᠯᠡᠰ ᠤᠨ ᠬᠦᠭᠵᠢᠯᠳᠡ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠦ᠂ ᠡᠨᠡᠬᠦ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠵᠦ ᠪᠠᠶᠢᠭ᠎ᠠ ᠠᠵᠦ ᠦᠢᠯᠡᠰ ᠢ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠬᠡᠷᠡᠴᠢᠯᠡᠯᠳᠡ ᠶᠢ ᠲᠦᠷᠬᠡᠳᠭᠡᠨ ᠠᠬᠢᠭᠤᠯᠬᠤ ᠪᠠ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠲᠡᠪᠰᠢᠬᠦᠯᠬᠦ ᠴᠢᠬᠤᠯᠠ ᠬᠦᠴᠦᠯᠡᠬᠦ ᠴᠡᠭ ᠪᠤᠯᠭᠠᠨ ᠠᠳᠬᠤᠵᠦ᠂ ︽ᠦᠪᠦᠷ ᠮᠤᠩᠭᠤᠯ ᠤᠨ ᠪᠠᠯ ᠴᠢᠯᠠᠭᠤ ︵ᠠᠯᠺᠧᠨ︶᠎ ᠶᠢᠨ ᠰᠢᠨ᠎ᠠ ᠮᠠᠲ᠋ᠧᠷᠢᠶᠠᠯ ᠤᠨ ᠠᠵᠦ ᠦᠢᠯᠡᠰ ᠤᠨ ᠰᠠᠭᠤᠷᠢᠨ ᠤ ᠪᠦᠲᠦᠬᠡᠨ ᠪᠠᠶᠢᠭᠤᠯᠤᠯᠲᠠ ᠶᠢᠨ ᠲᠦᠰᠦᠯ︾᠎ ᠢ ᠲᠤᠭᠳᠠᠭᠠᠵᠦ᠂ ᠬᠤᠶᠢᠰᠢᠳᠠ ᠶᠢᠨ 10 ᠵᠢᠯ ᠤᠨ ᠬᠦᠭᠵᠢᠯᠳᠡ ᠶᠢ ᠲᠤᠷᠠᠳᠤᠭᠰᠠᠨ ᠪᠠᠶᠢᠨ᠎ᠠ ᠬᠡᠵᠦ ᠵᠢᠭᠠᠵᠦ ᠭᠠᠷᠭᠠᠪᠠ᠃      ᠵᠠᠩ ᠵᠢᠶᠠᠨ ᠮᠢᠨ ᠶᠠᠷᠢᠶᠠᠨ ᠳᠠᠭᠠᠨ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠲᠠᠷᠠᠭᠠᠴᠢ ᠪᠠᠷ ᠪᠦᠬᠦ ᠤᠯᠤᠰ ᠤᠨ ᠲᠡᠷᠢᠬᠦᠨ ᠤ ᠪᠠᠯ ᠴᠢᠯᠠᠭᠤ ᠶᠢᠨ ᠰᠢᠨ᠎ᠠ ᠮᠠᠲ᠋ᠧᠷᠢᠶᠠᠯ ᠤᠨ ᠰᠢᠨ᠎ᠠ ᠶᠢ ᠡᠬᠦᠳᠬᠦ ᠬᠦᠭᠵᠢᠯᠳᠡ ᠶᠢ ᠲᠠᠭᠠᠭᠤᠯᠬᠤ ᠤᠷᠤᠨ᠂ ᠠᠵᠦ ᠦᠢᠯᠡᠰ ᠤᠨ ᠬᠦᠭᠵᠢᠯᠳᠡ ᠶᠢ ᠤᠷᠢᠳᠠᠪᠡᠷ ᠲᠠᠭᠠᠭᠤᠯᠬᠤ ᠤᠷᠤᠨ ᠪᠠ ᠬᠡᠷᠡᠭᠯᠡᠬᠡᠨ ᠤ ᠵᠢᠱᠢᠶ᠎ᠠ ᠦᠵᠡᠬᠦᠯᠬᠦ ᠶᠢ ᠤᠷᠢᠳᠠᠪᠡᠷ ᠬᠡᠷᠡᠭᠵᠢᠬᠦᠯᠬᠦ ᠤᠷᠤᠨ ᠢ ᠪᠥᠲᠥᠬᠡᠨ ᠪᠠᠶᠢᠭᠤᠯᠬᠤ ᠲᠤᠭᠤᠷᠢᠨ ᠳᠤ ᠪᠠᠯ ᠴᠢᠯᠠᠭᠤ ᠶᠢᠨ ᠠᠵᠦ ᠦᠢᠯᠡᠰ ᠤᠨ ᠬᠡᠯᠬᠢᠶᠡᠵᠢᠯ ᠢ ᠤᠷᠳᠤᠳᠬᠠᠨ᠂ ᠪᠦᠬᠦᠶᠢᠯᠡ ᠴᠤᠬᠴᠠ ᠳᠤᠨᠢ ᠠᠬᠢᠭᠤᠯᠬᠤ ᠪᠠ ᠭᠤᠤᠯᠳᠠᠯᠭ᠎ᠠ ᠲᠠᠢ ᠲᠠᠪᠠᠯᠳᠠ ᠭᠠᠷᠭᠠᠬᠤ ᠶᠢ ᠤᠶᠠᠯᠳᠤᠭᠤᠯᠬᠤ ᠶᠢ ᠪᠠᠷᠢᠮᠳᠠᠯᠠᠨ᠂ ᠪᠠᠯ ᠴᠢᠯᠠᠭᠤ ᠶᠢᠨ ᠰᠢᠨ᠎ᠠ ᠮᠠᠲ᠋ᠧᠷᠢᠶᠠᠯ ᠤᠨ ᠠᠵᠦ ᠦᠢᠯᠡᠰ ᠤᠨ ᠰᠠᠭᠤᠷᠢᠨ ᠢ ᠲᠦᠪᠯᠡᠷᠡᠬᠦᠯᠦᠨ ᠲᠦᠯᠦᠪᠵᠢᠬᠦᠯᠵᠦ ᠪᠦᠲᠦᠬᠡᠨ ᠪᠠᠶᠢᠭᠤᠯᠵᠤ᠂ ᠡᠯ᠎ᠠ ᠲᠠᠯ᠎ᠠ ᠶᠢᠨ ᠬᠠᠮᠵᠢᠯᠴᠠᠭ᠎ᠠ ᠪᠠ ᠤᠷᠴᠢᠨ ᠲᠤᠭᠤᠷᠢᠨ ᠢ ᠡᠬᠦᠳᠬᠦ ᠶᠢ ᠤᠶᠠᠯᠳᠤᠭᠤᠯᠬᠤ ᠶᠢ ᠪᠠᠷᠢᠮᠳᠠᠯᠠᠵᠦ᠂ ᠪᠠᠯ ᠴᠢᠯᠠᠭᠤ ᠶᠢᠨ ᠠᠵᠦ ᠦᠢᠯᠡᠰ ᠤᠨ ᠬᠦᠭᠵᠢᠯᠳᠡ ᠶᠢᠨ ᠠᠮᠢᠳᠤᠯᠢᠬ ᠬᠦᠴᠦᠨ ᠢ ᠪᠠᠳᠠᠷᠠᠭᠤᠯᠬᠤ ᠬᠡᠷᠡᠭᠳᠡᠢ ᠭᠡᠵᠦ ᠴᠢᠬᠤᠯᠠᠴᠢᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号