ᠦᠭᠡᠷᠡᠴᠢᠯᠡᠯᠳᠠ ᠶᠢᠨ ᠬᠦᠨᠵᠡᠭᠡᠶᠢᠷᠡᠯᠲᠠ᠄ ᠰᠢᠨ᠎ᠠ ᠰᠤᠯᠪᠢᠴᠠᠯ ᠲᠠᠬᠡᠷ᠎ᠡ ᠰᠢᠨ᠎ᠠ ᠬᠥᠲᠡᠯᠬᠡᠬᠦ ᠬᠥᠴᠥᠨ ᠢ ᠬᠥᠭᠵᠢᠬᠡᠨ᠎ᠡ
ᠨᠡᠶᠢᠲᠡᠯᠡᠭᠰᠡᠨ ᠴᠠᠭ᠄
2017/1/26
         ᠰᠠᠶ᠋ᠢᠬᠠᠨ ᠳᠡᠭᠦᠰᠦᠭᠰᠡᠨ ᠦᠪᠡᠷᠳᠡᠭᠡᠨ ᠵᠠᠰᠠᠬᠤ ᠤᠷᠤᠨ ᠤ ︽ᠬᠤᠶᠠᠷ ᠬᠤᠷᠠᠯ︾ ᠳᠡᠭᠡᠷ᠎ᠡ᠂ 2017 ᠤᠨ ᠳᠤ ᠦᠪᠦᠷ ᠮᠤᠩᠭᠤᠯ ᠰᠢᠭᠤᠷᠬᠠᠢ ᠢᠳᠡᠭᠡᠯ ᠵᠤᠷᠢᠬ ᠢᠶᠠᠷ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠵᠦ᠂ ᠰᠢᠨ᠎ᠠ ᠦᠭᠡᠷᠡᠴᠢᠯᠡᠯᠳᠡ ᠶᠢᠨ ᠰᠤᠯᠪᠢᠴᠠᠯ ᠳᠡᠭᠡᠷ᠎ᠡ ᠰᠢᠨ᠎ᠠ ᠬᠦᠳᠡᠯᠭᠡᠬᠦ ᠬᠦᠴᠦᠨ ᠢ ᠭᠦᠭᠵᠢᠭᠡᠨ᠎ᠠ ᠭᠡᠵᠦ ᠳᠤᠩᠬᠠᠬᠯᠠᠪᠠ︕      ᠦᠭᠡᠷᠡᠴᠢᠯᠡᠯᠳᠡ ᠶᠢᠨ ︽ᠬᠥᠨ ᠴᠡᠬᠡᠯ︾᠎ ᠳᠤ ᠤᠷᠤᠭᠰᠠᠨ ᠦᠪᠦᠷ ᠮᠤᠩᠭᠤᠯ ᠤᠭ ᠰᠠᠨᠠᠭ᠎ᠠ ᠪᠠᠨ ᠥᠯᠥ ᠮᠡᠷᠲᠡᠨ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠢᠳᠡᠪᠬᠢᠳᠠᠢ ᠵᠤᠬᠢᠴᠠᠨ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠡ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠶᠢ ᠦᠭᠡᠷᠡᠴᠢᠯᠡᠯᠳᠡ ᠶᠢ ᠪᠦᠬᠦ ᠳᠠᠯ᠎ᠠ ᠪᠠᠷ ᠬᠦᠨᠵᠡᠭᠡᠶᠢᠷᠡᠭᠦᠯᠬᠦ ᠬᠦᠴᠦᠷᠭᠡᠭ ᠶᠡᠭᠡ ᠬᠦᠳᠡᠯᠬᠡᠬᠦ ᠬᠦᠴᠦ ᠪᠤᠯᠭᠠᠵᠤ᠂ ︽ᠮᠤᠩᠭᠤᠯ ᠮᠤᠷᠢᠨ︾᠎ ᠤ ᠵᠤᠷᠢᠬ ᠰᠠᠨᠠᠭ᠎ᠠ ᠪᠠᠷ ᠳᠦᠷᠭᠡᠨ ᠳᠤᠪᠳᠤᠯᠭᠠᠨ ᠢᠶᠠᠷ ᠡᠯ᠎ᠠ ᠳᠠᠯ᠎ᠠ ᠶᠢᠨ ᠦᠭᠡᠷᠡᠴᠢᠯᠡᠯᠳᠡ ᠨᠢ ᠰᠠᠭᠠᠳ ᠪᠡᠷᠭᠡ ᠶᠢ ᠳᠠᠪᠠᠨ ᠤᠷᠤᠭᠰᠢᠯᠠᠨ᠎ᠠ᠃ ᠤᠳᠤ᠂ ᠶᠡᠷᠦᠩᠬᠡᠢ ᠱᠦᠵᠢ ᠠᠴᠠ ᠦᠪᠦᠷ ᠮᠤᠩᠭᠤᠯ ᠭᠤᠷᠪᠠᠨ ᠳᠠᠯ᠎ᠠ ᠶᠢᠨ ᠴᠢᠬᠤᠯᠠ ᠶᠡᠭᠡ ᠦᠭᠡᠷᠡᠴᠢᠯᠡᠯᠳᠡ ᠶᠢ ᠤᠷᠢᠳᠠᠪᠠᠷ ᠭᠠᠷᠳᠠᠵᠤ ᠳᠤᠪᠤᠶᠢᠮ᠎ᠠ ᠦᠷ᠎ᠡ ᠪᠦᠲᠦᠮᠵᠢ ᠭᠠᠷᠭᠠᠬᠤ ᠶᠢ ᠱᠠᠭᠠᠷᠳᠠᠵᠤ ᠪᠠᠶᠢᠨ᠎ᠠ︔ ᠠᠷᠠᠯᠵᠢᠶᠠᠨ ᠤ ᠶᠠᠪᠤᠳᠠᠯ ᠤᠨ ᠳᠦᠷᠢᠮ ᠤᠨ ᠦᠭᠡᠷᠡᠴᠢᠯᠡᠯᠳᠡ᠂ ᠨᠠᠶᠢᠲᠠ ᠶᠢᠨ ᠦᠮᠴᠢᠯᠡᠯ ᠤᠨ ᠪᠤᠰᠤ ᠲᠥᠷᠢᠮ ᠤᠨ ᠦᠭᠡᠷᠡᠴᠢᠯᠡᠯᠳᠡ ᠵᠡᠷᠭᠡ ᠭᠤᠤᠯᠳᠠᠯᠭ᠎ᠠ ᠲᠠᠢ ᠬᠦᠷᠢᠶᠡᠨ ᠤ ᠦᠭᠡᠷᠡᠴᠢᠯᠡᠯᠳᠡ ᠢᠳᠡᠪᠬᠢᠯᠡᠨ᠂ ᠠᠮᠢᠵᠢᠷᠠᠯ ᠤᠨ ᠬᠦᠴᠦᠨ ᠢᠶᠠᠷ ᠪᠢᠯᠬᠠᠵᠤ᠂ ᠦᠷᠭᠡᠨ ᠠᠭᠤᠳᠠᠮ ᠳᠠᠯ᠎ᠠ ᠨᠤᠳᠤᠭ ᠲᠤ ᠦᠭᠡᠷᠡᠴᠢᠯᠡᠯᠳᠡ ᠶᠢᠨ ᠦᠷ᠎ᠡ ᠪᠦᠲᠦᠭᠡᠯ ᠢ ᠬᠠᠮᠳᠤᠪᠠᠷ ᠡᠳ᠋ᠯᠡᠬᠦ ᠰᠠᠶᠢᠬᠠᠨ ᠵᠢᠷᠤᠭ ᠳᠤᠳᠤᠷᠠᠵᠤ ᠪᠠᠶᠢᠨ᠎ᠠ᠃      ᠤᠷᠢᠳᠠᠪᠠᠷ ᠬᠡᠷᠡᠭᠵᠢᠬᠦᠯᠵᠥ ᠤᠷᠢᠳᠠᠪᠠᠷ ᠳᠤᠷᠰᠢᠨ᠎ᠠ᠄      ᠭᠤᠷᠪᠠᠨ ᠳᠠᠯ᠎ᠠ ᠶᠢᠨ ᠦᠭᠡᠷᠡᠴᠢᠯᠡᠯᠳᠡ ᠶᠢ ᠤᠷᠢᠲᠠᠪᠠᠷ ᠬᠢᠨ᠎ᠠ      ᠡᠪᠤᠯ ᠤᠨ ᠬᠦᠢᠳᠡᠨ ᠢᠳᠡ ᠠᠪᠬᠤ ᠳᠤ ᠰᠢᠯᠢ ᠶᠢᠨ ᠭᠤᠤᠯ ᠤᠨ ᠳ᠋ᠠ ᠵᠤᠸᠠᠩ ᠶᠤᠸᠠᠨ ᠮᠢᠬᠠᠨ ᠤ ᠦᠢᠯᠡᠰ ᠤᠨ ᠬᠢᠵᠠᠭᠠᠷᠳᠤ ᠺᠤᠮᠫᠠᠨᠢ ᠶᠢᠨ ᠦᠢᠯᠡᠳᠪᠦᠷᠢᠯᠡᠯ ᠤᠨ ᠢᠳᠡᠪᠬᠢᠵᠢᠯ ᠤᠯᠠᠮ ᠴᠢᠩᠭᠠᠷᠠᠵᠤ ᠪᠠᠶᠢᠯ᠎ᠠ᠃ ᠨᠢᠳᠤᠯᠤᠨ ᠡᠳ᠋ᠰᠢᠬᠦᠯᠬᠦ ᠦᠢᠯᠡᠳᠪᠦᠷᠢᠯᠡᠯ ᠤᠨ ᠳᠠᠰᠤᠭ ᠲᠤ᠂ ᠳᠡᠯᠡᠭᠡᠢ ᠳᠤ ᠤᠷᠦ᠋ᠢᠯᠠᠵᠤ ᠪᠠᠶᠢᠭ᠎ᠠ ᠭᠧᠷᠮᠡᠨ ᠤ ᠨᠢᠳᠤᠯᠤᠨ ᠰᠠᠯᠭᠠᠵᠤ ᠳᠤᠶ᠋ᠢᠴᠢᠬᠤ ᠳᠦᠬᠦᠭᠡᠷᠦᠮᠵᠢ ᠵᠢᠴᠢ ᠠᠭᠠᠷ ᠦᠭᠡᠶᠢᠳᠡᠭᠦᠯᠦᠭᠰᠡᠨ ᠦᠰᠦ ᠨᠤᠤᠰᠤ ᠰᠤᠷᠤᠬᠤ ᠠᠷᠢᠯᠭᠠᠬᠤ ᠮᠠᠰᠢᠨ ᠬᠦᠭ ᠠᠪᠤᠨ ᠠᠵᠢᠯᠯᠠᠵᠤ ᠪᠠᠶᠢᠨ᠎ᠠ᠃      ᠵᠡᠭᠦᠳᠦ ᠪᠠᠨ ᠳᠡᠷᠭᠡᠯᠰᠢᠭᠦᠯᠬᠦ ᠠᠶᠠᠨ ᠠᠭᠤᠤ ᠶᠡᠭᠡ ᠦᠵᠡᠯ ᠰᠠᠨᠠᠭ᠎ᠠ ᠶᠢᠨ ᠵᠤᠷᠢᠬᠵᠢᠭᠤᠯᠤᠯ ᠪᠠ ᠳᠤᠯᠭᠠᠭᠤᠷᠢᠯᠠᠯ ᠠᠴᠠ ᠰᠠᠯᠵᠤ ᠲᠡᠶᠢᠯᠬᠦ ᠦᠭᠡᠢ᠃ 2014 ᠤᠨ ᠤ 1 ᠳ᠋ᠦ᠋ᠭᠡᠷ ᠰᠠᠷ᠎ᠠ ᠶᠢᠨ 27᠎ ᠤ ᠡᠳᠦᠷ᠂ ᠶᠡᠷᠦᠩᠬᠡᠢ ᠱᠦᠵᠢ ᠰᠢ ᠶᠢᠨ ᠫᠢᠩ ᠠᠳᠡ ᠰᠢᠨᠵᠢᠯᠡᠨ ᠪᠠᠶᠢᠴᠠᠭᠠᠯᠲᠠ ᠬᠢᠵᠦ᠂ ᠤᠯᠠᠮᠵᠢᠯᠠᠯᠳᠤ ᠮᠠᠯ ᠠᠵᠤ ᠠᠬᠤᠢ ᠶᠢ ᠤᠳᠤᠬᠢᠴᠢᠯᠠᠭᠰᠠᠨ ᠮᠠᠯ ᠠᠵᠤ ᠠᠬᠤᠢ ᠪᠤᠯᠭᠠᠨ ᠬᠦᠭᠵᠢᠭᠦ ᠶᠢ ᠳᠦᠷᠭᠡᠨ ᠠᠬᠢᠭᠤᠯᠵᠤ᠂ ᠠᠯᠢ ᠰᠠᠶᠢᠨ ᠠᠷᠭ᠎ᠠ ᠤᠬᠠᠭᠠᠨ ᠢ ᠰᠦᠪᠡᠭᠴᠢᠯᠡᠵᠦ᠂ ᠳᠤᠯᠤᠭᠠᠶᠢᠯᠠᠬᠴᠢ ᠠᠵᠤ ᠠᠬᠤᠶᠢᠯᠠᠯ ᠵᠡᠷᠭᠡ ᠡᠵᠡᠩᠨᠡᠯᠳᠡ ᠶᠢᠨ ᠭᠤᠤᠯ ᠴᠤᠭᠴᠠ ᠲᠠᠢ ᠠᠰᠢᠬ ᠳᠤᠰᠠ ᠶᠢᠨ ᠬᠠᠮᠳᠤ ᠶᠢᠨ ᠴᠤᠭᠴᠠ ᠪᠤᠯᠬᠤ ᠶᠢ ᠦᠨᠡᠨᠬᠦ ᠪᠡᠶᠡᠯᠡᠭᠦᠯᠬᠦ ᠭᠡᠷᠡᠭᠳᠡᠢ ᠭᠡᠵᠦ ᠳᠤᠷᠠᠳᠪᠠ᠃      ᠶᠡᠷᠦᠩᠬᠡᠢ ᠱᠦᠵᠢ ᠰᠢ ᠶᠢᠨ ᠫᠢᠩ ᠤᠨ ᠨᠠᠶᠢᠳᠠᠯᠭ᠎ᠠ ᠪᠠᠷ᠂ ᠰᠢᠯᠢ ᠶᠢᠨ ᠭᠤᠤᠯ ᠠᠶᠢᠮᠠᠭ ᠨᠢᠭᠡ ᠳᠠᠯ᠎ᠠ ᠪᠠᠷ ᠠᠵᠤ ᠦᠢᠯᠡᠰ ᠤᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠬᠤ ᠶᠢ ᠠᠳᠬᠤᠵᠤ᠂ ᠨᠦᠬᠦᠭᠡ ᠳᠠᠯ᠎ᠠ ᠪᠠᠷ ᠦᠭᠡᠷᠡᠴᠢᠯᠡᠯᠳᠡ ᠶᠢ ᠬᠦᠨᠵᠡᠭᠡᠶᠢᠷᠡᠭᠦᠯᠬᠦ ᠶᠢ ᠠᠳᠬᠤᠪᠠ᠃ ᠡᠭᠦᠨ ᠳᠤ ᠳ᠋ᠠ ᠵᠤᠸᠠᠩ ᠶᠤᠸᠠᠨ ᠺᠤᠮᠫᠠᠨᠢ ᠶᠢᠨ ᠬᠤᠪᠢᠷᠠᠯᠳᠠ ᠪᠤᠯ ᠳᠠᠷᠤᠢ ᠨᠢᠭᠡ ᠵᠢᠱᠢᠶ᠎ᠠ ᠪᠤᠯᠤᠨ᠎ᠠ᠃ 2016 ᠤᠨ ᠤ 9 ᠳ᠋ᠦ᠋ᠭᠡᠷ ᠰᠠᠷ᠎ᠠ ᠳᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠠᠳᠡ ᠪᠠᠶᠢᠴᠠᠭᠠᠨ ᠰᠤᠳᠤᠯᠤᠯᠳᠠ ᠬᠢᠭᠰᠡᠨ ᠤ ᠬᠤᠶᠠᠳᠠᠬᠢ ᠭᠠᠷᠠᠭ ᠲᠤ᠂ ᠰᠢᠯᠢ ᠶᠢᠨ ᠭᠤᠤᠯ ᠤᠨ ᠳ᠋ᠠ ᠵᠤᠸᠠᠩ ᠶᠤᠸᠠᠨ ᠺᠤᠮᠫᠠᠨᠢ ᠶᠢᠨ ᠬᠤᠶᠠᠳᠤᠭᠠᠷ ᠬᠤᠭᠤᠴᠠᠭᠠᠨ ᠤ ᠪᠠᠷᠢᠯᠭ᠎ᠠ ᠵᠢᠩᠭᠢᠨᠢ ᠪᠠᠷ ᠡᠬᠢᠯᠡᠪᠡ᠃      ︽ᠳᠦᠷᠦᠯ ᠵᠦᠢᠯ ᠤᠨ ᠦᠢᠯᠡᠳᠪᠦᠷᠢᠯᠡᠯ ᠤᠨ ᠬᠠᠷᠠᠯᠳᠠ ᠪᠠᠨ ᠪᠦᠬᠦ ᠳᠠᠯ᠎ᠠ ᠪᠠᠷ ᠪᠠᠶᠡᠯᠡᠭᠦᠯᠪᠡᠯ᠂ ᠵᠢᠯ ᠤᠨ ᠦᠢᠯᠡᠳᠪᠦᠷᠢᠯᠡᠯ ᠤᠨ ᠦᠷᠳᠡᠭ 50 ᠳ᠋ᠦᠩᠰᠢᠭᠤᠷ ᠳᠦᠭᠦᠷᠢᠭ ᠢ ᠳᠠᠪᠠᠵᠤ᠂ 5000 ᠤᠷᠴᠢᠮ ᠬᠦᠮᠦᠨ ᠳᠤ ᠠᠵᠢᠯ ᠤᠯᠭᠤᠵᠤ᠂ 2000 ᠭᠠᠷᠤᠢ ᠳᠡᠵᠢᠭᠡᠨ ᠦᠷᠡᠵᠢᠭᠦᠯᠬᠦ ᠡᠷᠦᠭᠡ ᠪᠠᠷ ᠳᠠᠮᠵᠢᠨ ᠮᠠᠯᠴᠢᠨ ᠳᠠᠷᠢᠶᠠᠴᠢᠨ ᠡᠷᠦᠭᠡ ᠶᠢ ᠳᠠᠶᠢᠴᠢᠯᠠᠵᠤ ᠲᠡᠶᠢᠯᠤᠨ᠎ᠠ︾ ᠭᠡᠵᠦ ᠰᠢᠯᠢ ᠶᠢᠨ ᠭᠤᠤᠯ ᠤᠨ ᠳ᠋ᠠ ᠵᠤᠸᠠᠩ ᠶᠤᠸᠠᠨ ᠺᠤᠮᠫᠠᠨᠢ ᠶᠢᠨ ᠶᠡᠷᠦᠩᠬᠡᠢ ᠵᠠᠬᠢᠷᠤᠯ ᠢᠦᠢ ᠵᠦᠩ ᠵᠧᠩ ᠰᠤᠷᠪᠤᠯᠵᠢᠯᠠᠬᠴᠢ ᠳᠤ ᠶᠠᠷᠢᠵᠤ ᠪᠠᠶᠢᠯ᠎ᠠ᠃     ︽ᠮᠠᠨ ᠤ ᠤᠷᠤᠨ ᠨᠢᠭᠡᠨᠳᠡ 5 ᠵᠦᠢᠯ ᠤᠨ ᠳᠤᠯᠤᠭᠠᠶᠢᠯᠠᠭᠴᠢ ᠠᠵᠤ ᠠᠬᠤᠶᠢᠯᠠᠯ ᠪᠤᠯᠤᠨ ᠮᠠᠯᠴᠢᠨ ᠳᠠᠷᠢᠶᠠᠴᠢᠨ ᠡᠷᠦᠭᠡ ᠯᠦᠭᠡ ᠨᠢᠬᠳᠠ ᠬᠠᠷᠢᠴᠠᠭ᠎ᠠ ᠪᠦᠬᠦᠢ ᠪᠠᠶᠢᠭᠤᠯᠤᠮᠵᠢ ᠶᠢ ᠪᠠᠶᠢᠭᠤᠯᠪᠠ᠂ ᠡᠳᠡᠭᠡᠷ ᠨᠢ ᠬᠤᠪᠢ ᠨᠡᠶᠢᠯᠡᠭᠦᠯᠦᠨ ᠬᠠᠮᠳᠤᠷᠠᠨ ᠠᠵᠢᠯᠯᠠᠬᠤ ᠬᠡᠯᠪᠡᠷᠢ᠂ ᠵᠠᠬᠢᠶᠠᠯᠠᠭ᠎ᠠ ᠶᠢᠨ ᠭᠡᠷ᠎ᠡ ᠶᠢᠨ ᠬᠡᠯᠪᠡᠷᠢ᠂ ᠦᠨ᠎ᠡ ᠶᠢ ᠬᠠᠮᠠᠭᠠᠯᠠᠬᠤ ᠬᠡᠯᠪᠡᠷᠢ᠂ ᠦᠢᠯᠡᠴᠢᠯᠡᠭᠡ ᠬᠤᠷᠰᠢᠨ ᠠᠵᠢᠯᠯᠠᠬᠤ ᠬᠡᠯᠪᠡᠷᠢ ᠪᠠ ᠰᠢᠯᠵᠢᠭᠦᠯᠦᠨ ᠤᠷᠢᠨ ᠭᠡᠷᠡᠭᠯᠡᠬᠦ ᠬᠡᠯᠪᠡᠷᠢ ᠪᠤᠯᠤᠨ᠎ᠠ᠃ ᠠᠰᠢᠬ ᠳᠤᠰᠠ ᠶᠢ ᠬᠤᠯᠪᠤᠯᠳᠤᠭᠤᠯᠬᠤ ᠪᠠᠷ ᠳᠠᠮᠵᠢᠭᠤᠯᠤᠨ᠂ ᠮᠠᠯᠴᠢᠨ ᠳᠠᠷᠢᠶᠠᠴᠢᠨ ᠤ ᠬᠤᠳᠠᠯᠳᠤᠬᠤ ᠳᠤ ᠬᠦᠴᠢᠷ ᠪᠠᠶᠢᠬᠰᠠᠨ ᠪᠠᠶᠢᠳᠠᠯ ᠢ ᠨᠠᠮᠳᠠᠭᠤᠯᠤᠨ᠂ ᠮᠠᠯᠴᠢᠨ ᠳᠠᠷᠢᠶᠠᠴᠢᠨ ᠤ ᠤᠷᠤᠯᠭ᠎ᠠ ᠶᠢ ᠨᠡᠮᠡᠭᠳᠡᠭᠦᠯᠬᠦ ᠶᠢ ᠠᠬᠢᠭᠤᠯᠤᠨ᠂ ᠳᠤᠯᠤᠭᠠᠶᠢᠯᠠᠭᠴᠢ ᠠᠵᠤ ᠠᠬᠤᠶᠢᠯᠠᠯ ᠤᠨ ᠴᠢᠨᠠᠷ ᠴᠢᠨᠰᠠᠭ᠎ᠠ ᠪᠠᠨ ᠳᠡᠭᠡᠭᠰᠢᠯᠡᠭᠦᠯᠦᠨ ᠦᠷ᠎ᠡ ᠠᠰᠢᠬ ᠢᠶᠠᠨ ᠨᠡᠮᠡᠭᠳᠡᠭᠦᠯᠬᠦ ᠶᠢ ᠠᠬᠢᠭᠤᠯᠪᠠ᠃ ᠤᠳᠤ᠂ ᠪᠦᠬᠦ ᠤᠷᠤᠨ ᠳᠤ 210 ᠭᠠᠷᠤᠢ ᠳᠦᠮᠡᠨ ᠮᠠᠯᠴᠢᠨ ᠳᠠᠷᠢᠶᠠᠴᠢᠨ ᠡᠷᠦᠭᠡ ᠠᠵᠤ ᠦᠢᠯᠡᠰᠵᠢᠯᠳᠠ ᠶᠢᠨ ᠬᠡᠯᠬᠢᠶᠡᠨ ᠳᠤ ᠤᠷᠤᠵᠤ᠂ 81%᠎ ᠤᠨ ᠬᠡᠪᠴᠢᠶᠡᠵᠢᠯ ᠠᠴᠠ ᠳᠡᠭᠡᠭᠰᠢᠬᠢ ᠳᠤᠯᠤᠭᠠᠶᠢᠯᠠᠭᠴᠢ ᠠᠵᠤ ᠠᠬᠤᠶᠢᠯᠠᠯ ᠮᠠᠯᠴᠢᠨ ᠳᠠᠷᠢᠶᠠᠴᠢᠨ ᠯᠤᠭ᠎ᠠ ᠶᠢᠨ ᠠᠰᠢᠬ ᠳᠤᠰᠠ ᠶᠢᠨ ᠬᠤᠯᠪᠤᠭᠠᠯᠠᠯ ᠤᠨ ᠳᠤᠭᠳᠠᠴᠠ ᠶᠢ ᠪᠠᠶᠢᠭᠤᠯᠵᠤ᠂ ᠮᠠᠯᠴᠢᠨ ᠳᠠᠷᠢᠶᠠᠴᠢᠨ ᠤ ᠬᠦᠮᠦᠨ ᠳᠤᠮᠳᠠᠴᠢ ᠶᠢᠨ ᠠᠵᠤ ᠦᠢᠯᠡᠰᠵᠢᠯᠳᠠ ᠠᠴᠠ ᠤᠯᠬᠤ ᠤᠷᠤᠯᠭ᠎ᠠ ᠨᠢ 5000 ᠳᠦᠭᠦᠷᠢᠭ ᠤᠷᠴᠢᠮ ᠳᠤ ᠳᠤᠯᠵᠠᠢ︾ ᠭᠡᠵᠦ ᠦᠪᠡᠷᠳᠡᠭᠡᠨ ᠵᠠᠰᠠᠬᠤ ᠤᠷᠤᠨ ᠤ ᠳᠠᠷᠢᠶᠠᠯᠠᠩ ᠮᠠᠯ ᠠᠵᠤ ᠠᠬᠤᠢ ᠶᠢᠨ ᠲᠢᠩᠬᠢᠮ ᠤᠨ ᠬᠠᠮᠢᠶ᠎ᠠ ᠪᠦᠬᠦᠢ ᠬᠠᠷᠢᠭᠤᠴᠠᠯᠭᠠᠳᠠᠨ ᠰᠤᠷᠪᠤᠯᠵᠢᠯᠠᠬᠴᠢ ᠳᠤ ᠶᠠᠷᠢᠵᠤ ᠪᠠᠶᠢᠨ᠎ᠠ᠃      2015 ᠤᠨ ᠤ 3 ᠳ᠋ᠤᠭᠠᠷ ᠰᠠᠷ᠎ᠠ ᠶᠢᠨ 31᠎ ᠤ ᠡᠳᠦᠷ᠂ ᠦᠪᠦᠷ ᠮᠤᠩᠭᠤᠯ ᠤᠨ ᠶᠡᠭᠡ ᠬᠢᠩᠭᠠᠨ ᠳᠠᠪᠠᠭᠠᠨ ᠤ 63 ᠵᠢᠯ ᠦᠷᠭᠦᠯᠵᠢᠯᠡᠭᠰᠡᠨ ᠮᠤᠳᠤᠨ ᠮᠠᠲ᠋ᠧᠷᠢᠶᠠᠯ ᠤᠨ ᠦᠢᠯᠡᠳᠪᠦᠷᠢᠯᠡᠯ ᠵᠢᠩᠭᠢᠨᠢ ᠪᠠᠷ ᠠᠵᠢᠯ ᠢᠶᠠᠨ ᠵᠤᠬᠰᠤᠪᠠ᠃      ᠦᠨᠦᠳᠦᠷ ᠪᠢᠳᠠ ᠮᠤᠳᠤ ᠤᠭᠳᠤᠯᠬᠤ ᠪᠠᠨ ᠵᠤᠬᠰᠤᠭᠰᠠᠨ ᠤ ᠳᠠᠷᠠᠭᠠᠬᠢ ᠰᠢᠭᠤᠶᠢᠳᠤ ᠤᠷᠤᠨ ᠤ ᠬᠦᠮᠦᠨ ᠠᠷᠠᠳ ᠤᠨ ᠭᠠᠵᠠᠷ ᠤᠷᠤᠨ ᠤ ᠤᠨᠴᠠᠯᠢᠬ᠂ ᠡᠯᠪᠡᠭ ᠪᠠᠶᠠᠯᠢᠬ ᠤᠢ ᠰᠢᠭᠤᠢ ᠶᠢᠨ ᠦᠵᠡᠮᠵᠢ᠂ ᠴᠠᠰᠤ ᠮᠦᠰᠦᠨ ᠤ ᠡᠬᠢ ᠪᠠᠶᠠᠯᠢᠬ ᠢᠶᠠᠨ ᠳᠦᠰᠢᠭᠯᠡᠨ ᠬᠦᠭᠵᠢᠯᠳᠡ ᠶᠢᠨ ᠬᠡᠯᠪᠡᠷᠢ ᠪᠠᠨ ᠬᠤᠪᠢᠷᠠᠭᠤᠯᠵᠤ ᠬᠦᠭᠵᠢᠯᠳᠡ ᠶᠢᠨ ᠵᠠᠮ ᠢᠶᠠᠨ ᠤᠯᠤᠭᠰᠠᠨ ᠢ ᠪᠠᠭ᠋ᠠᠳᠤᠨ ᠬᠠᠷᠠᠵᠤ ᠪᠠᠶᠢᠨ᠎ᠠ᠃      ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠳᠤᠭᠤᠷᠢᠨ ᠳᠠᠬᠢ ᠦᠪᠦᠷ ᠮᠤᠩᠭᠤᠯ ᠤᠨ ᠦᠭᠡᠷᠡᠴᠢᠯᠡᠯᠳᠡ ᠶᠢᠨ ᠠᠵᠢᠯ ᠵᠤᠬᠰᠤᠵᠤ ᠦᠩᠭᠡᠷᠡᠭᠡ ᠦᠭᠡᠢ᠃ ᠤᠯᠤᠰ ᠤᠨ ᠭᠠᠵᠠᠷ ᠰᠢᠷᠦᠢ ᠶᠢᠨ ᠤᠷᠤᠨ ᠵᠠᠢ ᠶᠢ ᠨᠡᠭᠡᠭᠡᠨ ᠬᠦᠭᠵᠢᠭᠦᠯᠬᠦ ᠳᠦᠷᠢᠮ ᠢ ᠳᠤᠭᠳᠠᠭᠠᠵᠤ᠂ ᠪᠠᠶᠢᠭᠠᠯᠢ ᠶᠢᠨ ᠡᠬᠢ ᠪᠠᠶᠠᠯᠢᠬ ᠢ ᠬᠠᠮᠠᠭᠠᠯᠠᠬᠤ ᠳᠦᠷᠢᠮ ᠢ ᠳᠡᠭᠦᠯᠳᠡᠷᠵᠢᠭᠦᠯᠵᠦ᠂ ᠠᠮᠢ ᠠᠬᠤᠢ ᠶᠢ ᠬᠠᠮᠠᠭᠠᠯᠠᠬᠤ ᠬᠠᠮᠢᠶᠠᠷᠤᠯᠳᠠ ᠶᠢᠨ ᠪᠠᠶᠢᠭᠤᠯᠤᠮᠵᠢ ᠶᠢ ᠦᠭᠡᠷᠡᠴᠢᠯᠡᠪᠡ᠃ ᠡᠬᠢ ᠪᠠᠶᠠᠯᠢᠬ ᠢ ᠳᠦᠯᠦᠪᠦᠷᠢ ᠲᠠᠢ ᠭᠡᠷᠡᠭᠯᠡᠬᠦ ᠳᠦᠷᠢᠮ ᠪᠠ ᠠᠮᠢ ᠠᠬᠤᠢ ᠶᠢᠨ ᠨᠦᠬᠦᠪᠦᠷᠢ ᠶᠢᠨ ᠳᠦᠷᠢᠮ ᠢ ᠭᠡᠷᠡᠭᠵᠢᠭᠦᠯᠵᠦ᠂ ᠤᠰᠤᠨ ᠤ ᠡᠷᠭᠡ᠂ ᠪᠤᠬᠢᠷᠳᠤᠯ ᠢ ᠭᠠᠳᠠᠭᠰᠢᠯᠠᠭᠤᠯᠬᠤ ᠡᠷᠭᠡ᠂ ᠨᠡᠭᠦᠷᠡᠰᠦᠳᠦ᠋ᠦᠭᠴᠢ ᠶᠢ ᠭᠠᠳᠠᠭᠰᠢᠯᠠᠭᠤᠯᠬᠤ ᠡᠷᠭᠡ ᠶᠢᠨ ᠰᠤᠯᠢᠯᠴᠠᠭᠠᠨ ᠤ ᠳᠦᠷᠢᠮ ᠤᠨ ᠦᠭᠡᠷᠡᠴᠢᠯᠡᠯᠳᠡ ᠯᠠᠪᠳᠠᠭᠤᠨ ᠪᠠᠳᠤᠳᠠᠢ ᠠᠬᠢᠪᠠ᠃ ᠤᠯᠤᠰ ᠤᠨ ᠦᠮᠴᠢᠯᠡᠯᠳᠦ ᠤᠢ ᠰᠢᠭᠤᠢ ᠶᠢᠨ ᠳᠠᠯᠠᠪᠠᠢ ᠬᠤᠳᠠᠯᠳᠤᠭᠠᠨ ᠤ ᠴᠢᠨᠠᠷᠳᠠᠢ ᠮᠤᠳᠤ ᠤᠭᠳᠤᠯᠬᠤ ᠶᠢ ᠪᠦᠬᠦ ᠳᠠᠯ᠎ᠠ ᠪᠠᠷ ᠵᠤᠬᠰᠤᠭᠠᠵᠤ᠂ ᠨᠡᠭᠡᠭᠡᠨ ᠠᠰᠢᠬᠯᠠᠳᠠᠭ ᠪᠠᠶᠢᠬᠰᠠᠨ ᠠᠴᠠ ᠪᠠᠨ ᠪᠦᠬᠦ ᠳᠠᠯ᠎ᠠ ᠪᠠᠷ ᠬᠠᠮᠠᠭᠠᠯᠠᠬᠤ ᠪᠤᠯᠪᠠ᠃      2016 ᠤᠨ ᠤ 3 ᠳ᠋ᠤᠭᠠᠷ ᠰᠠᠷ᠎ᠠ ᠶᠢᠨ 25᠎ ᠤ ᠡᠳᠦᠷ᠂ ᠮᠠᠨᠵᠤᠤᠷ ᠪᠤᠭᠤᠮᠳᠠ ᠠᠴᠠ ᠤᠷᠤᠰ ᠤᠨ ᠶᠠᠷᠦ᠋ᠰᠯᠠᠸᠧᠷ ᠬᠦᠷᠬᠦ ᠳᠤᠮᠳᠠᠳᠤ ᠧᠦ᠋ᠷᠦᠫᠡ ᠬᠦᠷᠬᠦ ᠠᠩᠬᠠᠨ ᠤ ᠡᠭᠡᠯᠵᠢ ᠶᠢᠨ ᠭᠠᠯᠳᠤ ᠳᠡᠷᠭᠡ ᠠᠶᠠᠨ ᠢᠶᠠᠨ ᠡᠬᠢᠯᠡᠭᠦᠯᠵᠦ᠂ ᠮᠨᠨᠵᠤᠤᠷ ᠤᠨ ᠤᠯᠠᠨ ᠤᠯᠤᠰ ᠤᠨ ᠪᠤᠳᠠᠰ ᠤᠨ ᠬᠦᠢᠯᠭᠡᠭᠡᠨ ᠤ ᠶᠡᠭᠡ ᠬᠤᠩᠭᠢᠯ ᠤᠨ ᠪᠦᠲᠦᠭᠡᠨ ᠪᠠᠶᠢᠭᠤᠯᠤᠯᠳᠠ ᠢᠩᠬᠢᠭᠡᠳ ᠬᠦᠰᠢᠭᠡ ᠪᠠᠨ ᠰᠡᠭᠦᠵᠡᠢ᠃      ᠳᠡᠷᠡ ᠡᠳᠦᠷ᠂ ᠡᠳᠦᠷ ᠳᠤᠳᠤᠮ ᠤᠨ ᠵᠦᠢᠯ ᠢ ᠭᠠᠳᠠᠭᠠᠳᠤ ᠳᠤ ᠭᠠᠷᠭᠠᠳᠠᠭ ᠨᠢᠭᠡ ᠠᠵᠤ ᠠᠬᠤᠶᠢᠯᠠᠯ ᠤᠨ ᠬᠠᠷᠢᠭᠤᠴᠠᠯᠭᠠᠳᠠᠨ ᠠᠶᠠᠷᠯᠠᠨ ᠬᠤᠯᠠᠳᠠᠬᠤ ᠭᠠᠯᠳᠤ ᠳᠡᠷᠭᠡᠨ ᠤ ᠬᠤᠶᠢᠨ᠎ᠠ ᠠᠴᠠ ᠬᠠᠷᠠᠭ᠎ᠠ ᠪᠡᠯᠴᠢᠭᠡᠨ ︽ᠡᠨᠡ ᠵᠦᠭᠡᠭᠡᠪᠦᠷᠢ ᠶᠢᠨ ᠳᠠᠪᠴᠠᠩ ᠳᠠᠯᠪᠢᠬᠳᠠᠭᠰᠠᠨ ᠢᠶᠠᠷ ᠵᠦᠭᠡᠭᠡᠪᠦᠷᠢ ᠶᠢᠨ ᠵᠠᠷᠤᠳᠠᠯ ᠢ ᠪᠠᠭ᠎ᠠ ᠦᠭᠡᠢ ᠠᠷᠪᠢᠯᠠᠬᠤ ᠶᠤᠮ ᠪᠠᠶᠢᠨ᠎ᠠ︾ ᠭᠡᠵᠦ ᠳᠤᠳᠤᠷ᠎ᠠ ᠪᠠᠨ ᠠᠭᠤᠵᠢᠷᠠᠭᠤᠯᠵᠤ ᠪᠠᠶᠢᠵᠠᠢ᠃      ᠦᠪᠦᠷ ᠮᠤᠩᠭᠤᠯ᠂ ᠤᠷᠤᠰ ᠮᠤᠩᠭᠤᠯ ᠤᠯᠤᠰ ᠯᠤᠭ᠎ᠠ ᠶᠢᠨ ᠬᠠᠮᠳᠤᠪᠠᠷ ᠠᠰᠢᠬ ᠤᠯᠬᠤ ᠴᠡᠭ ᠪᠠ ᠰᠤᠯᠪᠢᠴᠠᠯ ᠤᠨ ᠴᠡᠭ ᠢ ᠤᠨᠤᠪᠴᠢᠳᠠᠢ ᠤᠯᠵᠤ᠂ ᠬᠠᠮᠳᠤᠪᠠᠷ ᠠᠰᠢᠭ ᠤᠯᠬᠤ ᠠᠰᠢᠬ ᠳᠤᠰᠠ ᠶᠢ ᠬᠤᠪᠢᠶᠠᠷᠢᠯᠠᠬᠤ ᠳᠤᠭᠳᠠᠴᠠ ᠶᠢ ᠳᠦᠷᠭᠡᠳᠭᠡᠨ ᠪᠠᠶᠢᠭᠤᠯᠵᠤ᠂ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠤᠷᠤᠰ᠂ ᠮᠤᠩᠭᠤᠯ ᠤᠯᠤᠰ ᠯᠤᠭ᠎ᠠ ᠶᠢᠨ ᠬᠠᠮᠲᠤᠷᠠᠨ ᠠᠵᠢᠯᠯᠬᠠᠤ ᠳᠤᠭᠳᠠᠴᠠ ᠶᠢᠨ ᠰᠢᠨ᠎ᠠ ᠶᠢ ᠡᠭᠦᠳᠬᠦ ᠭᠡᠷᠡᠭᠵᠢᠭᠦᠯᠬᠦ ᠳᠦᠰᠦᠯ ︾᠂ ︽ᠤᠮᠠᠷᠠᠰᠢ ᠨᠡᠭᠡᠭᠡᠬᠦ ᠴᠠᠶᠢᠴᠠ ᠪᠠ ᠬᠢᠯᠢ ᠳᠠᠭᠠᠤ ᠶᠢᠨ ᠠᠵᠤ ᠠᠬᠤᠢ ᠶᠢᠨ ᠪᠦᠰᠡ ᠶᠢᠨ ᠠᠵᠤ ᠦᠢᠯᠡᠰ ᠤᠨ ᠬᠦᠭᠵᠢᠯᠳᠡ ᠶᠢᠨ ᠳᠦᠯᠦᠪᠵᠢᠭᠦᠯᠭᠡ︾ ᠵᠢᠴᠢ ︽ᠤᠷᠤᠰ ᠮᠤᠩᠭᠤᠯ ᠯᠤᠭ᠎ᠠ ᠶᠢᠨ ᠠᠵᠤ ᠠᠬᠤᠢ ᠠᠷᠠᠯᠵᠢᠶᠠᠨ ᠤ ᠬᠠᠮᠳᠤᠷᠠᠨ ᠠᠵᠢᠯᠯᠠᠬᠤ ᠪᠠ ᠰᠤᠶᠤᠯ ᠢᠷᠭᠡᠨᠰᠢᠯ ᠤᠨ ᠬᠠᠷᠢᠯᠴᠠᠭᠠᠨ ᠤ ᠰᠠᠨᠠᠯ︾᠎ ᠢ ᠳᠤᠭᠳᠠᠭᠠᠨ ᠨᠡᠶᠢᠳᠡᠯᠡᠪᠡ᠃      ᠳᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠪᠠᠷ ᠳᠠᠮᠵᠢᠭᠤᠯᠤᠨ᠂ ᠦᠪᠦᠷ ᠮᠤᠩᠭᠤᠯ ᠤᠨ ᠤᠷᠤᠰ ᠮᠤᠩᠭᠤᠯ ᠤᠯᠤᠰ ᠯᠤᠭ᠎ᠠ ᠶᠢᠨ ᠬᠠᠮᠳᠤᠷᠠᠨ ᠠᠵᠢᠯᠯᠠᠬᠤ ᠳᠦᠪᠰᠢᠨ ᠢ ᠳᠠᠰᠤᠷᠠᠯᠳᠠ ᠦᠭᠡᠢ ᠳᠡᠭᠡᠭᠰᠢᠯᠡᠭᠦᠯᠵᠦ᠂ ᠬᠠᠮᠳᠤᠷᠠᠨ ᠠᠵᠢᠯᠠᠬᠤ ᠬᠦᠷᠢᠶ᠎ᠡ ᠴᠠᠷ᠎ᠠ ᠶᠢ ᠳᠠᠰᠤᠷᠠᠯᠳᠠ ᠦᠭᠡᠢ ᠳᠡᠯᠡᠵᠦ᠂ ᠦᠪᠦᠷ ᠮᠤᠩᠭᠤᠯ ᠤᠨ ᠤᠷᠤᠰ᠂ ᠮᠤᠩᠭᠤᠯ ᠤᠯᠤᠰ ᠲᠤ ᠭᠠᠷᠭᠠᠵᠤ ᠤᠷᠤᠭᠤᠯᠬᠤ ᠪᠠᠷᠠᠭᠠᠨ ᠤ ᠠᠷᠠᠯᠵᠢᠶᠠᠨ ᠤ ᠬᠡᠮᠵᠢᠶ᠎ᠠ ᠵᠢᠯ ᠳᠤᠮᠳᠠᠴᠢ ᠪᠠᠷ ᠬᠤᠶᠠᠷ ᠳᠠᠬᠢᠨ ᠢᠶᠠᠷ ᠨᠡᠮᠡᠭᠳᠡᠬᠦ ᠶᠢ ᠪᠠᠳᠤᠯᠠᠪᠠ᠃      ᠠᠭᠠᠵᠢᠮ ᠢᠶᠠᠷ ᠠᠬᠢᠭᠤᠯᠤᠨ᠎ᠠ᠄ ᠭᠤᠤᠯᠲᠠᠯᠭ᠎ᠠ ᠲᠠᠢ ᠦᠭᠡᠷᠡᠴᠢᠯᠡᠯᠲᠡ ᠲᠠᠪᠠᠯᠭᠠᠨ ᠢ ᠰᠦᠷᠦᠨ ᠤᠷᠤᠬᠰᠢᠯᠠᠨ᠎ᠠ      2016 ᠤᠨ ᠤ 6 ᠳ᠋ᠤᠭᠠᠷ ᠰᠠᠷ᠎ᠠ ᠶᠢᠨ 8᠎ ᠤ ᠡᠲᠦᠷ᠂ ᠦᠪᠡᠷᠲᠡᠭᠡᠨ ᠵᠠᠰᠠᠬᠤ ᠤᠷᠤᠨ ᠤ ᠲᠡᠳ᠋ ᠲᠡᠷᠢᠭᠦᠯᠡᠭᠴᠢ ᠴᠠᠩ ᠵᠢᠶᠦ᠋ᠨ ᠵᠧᠩ ᠬᠦᠬᠡᠬᠤᠲᠠ ᠶᠢᠨ ᠰᠠᠶᠢᠬᠠᠨ ᠲᠤᠭᠤᠷᠢᠭ ᠤᠨ ᠬᠤᠲᠠ ᠶᠢᠨ ᠠᠷᠠᠳ ᠤᠨ ᠦᠢᠯᠡᠴᠢᠯᠡᠭᠡᠨ ᠤ ᠲᠦᠪ ᠤᠨ ᠶᠡᠷᠦᠩᠬᠡᠶᠢᠯᠡᠭᠰᠡᠨ ᠴᠤᠩᠬᠤᠪᠴᠢ ᠳᠤ᠂ ᠬᠦᠬᠡᠬᠤᠲᠠ ᠶᠢᠨ ᠫᠠᠨ ᠲᠧ ᠰᠢᠨᠵᠢᠯᠡᠬᠦ ᠤᠬᠠᠭᠠᠨ ᠮᠡᠷᠭᠡᠵᠢᠯ ᠤᠨ ᠬᠢᠵᠠᠭᠠᠷᠲᠦ ᠺᠤᠮᠫᠠᠨᠢ ᠶᠢᠨ ᠬᠠᠤᠯᠢ ᠶᠢᠨ ᠡᠷᠬᠡᠲᠡᠨ ᠤ ᠲᠦᠯᠦᠭᠡᠯᠡᠭᠴᠢ ᠾᠸᠦ ᠵᠧᠨ ᠬᠤᠸᠠ ᠳᠤ ᠪᠦᠬᠦ ᠤᠷᠤᠨ ᠤ ᠬᠠᠮᠤᠭ ᠤᠨ ᠲᠡᠷᠢᠭᠦᠨ ᠤ ︽ᠲᠠᠪᠤᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠨᠢ ᠨᠢᠭᠡ ᠨᠣᠮᠧᠷ ᠲᠠᠢ ᠪᠠᠶᠢᠯᠭᠠᠬᠤ︾ ᠡᠵᠡᠩᠨᠡᠯᠲᠡ ᠶᠢᠨ ᠦᠨᠡᠮᠯᠡᠯ ᠤᠯᠭᠤᠬᠰᠠᠨ ᠪᠠᠶᠢᠨ᠎ᠠ᠃      ︽ᠦᠩᠭᠡᠷᠡᠭᠰᠡᠨ ᠳᠤ᠂ ᠠᠵᠦ ᠠᠬᠤᠶᠢᠯᠠᠯ ᠦᠨᠡᠮᠯᠡᠯ ᠠᠪᠬᠤ ᠳᠠᠭᠠᠨ 6 ᠰᠠᠯᠠᠭ᠎ᠠ ᠮᠦᠴᠢᠷ ᠢᠶᠠᠷ ᠬᠦᠷᠴᠦ᠂ 20 ᠭᠠᠷᠤᠢ ᠬᠤᠪᠢ ᠡᠷᠡᠮᠡᠯᠵᠡᠯ ᠤᠨ ᠮᠠᠲ᠋ᠧᠷᠢᠶᠠᠯ ᠢ ᠲᠡᠪᠰᠢᠭᠦᠯᠦᠨ᠂ ᠪᠦᠬᠦ ᠶᠠᠪᠤᠴᠠ ᠶᠢ ᠬᠦᠢᠴᠡᠳᠬᠡᠬᠦ ᠳᠤ ᠪᠠᠷᠤᠬ ᠬᠠᠭᠠᠰ ᠰᠠᠷ᠎ᠠ ᠭᠠᠷᠤᠢ ᠶᠢᠨ ᠬᠤᠭᠤᠴᠠᠭ᠎ᠠ ᠬᠡᠷᠡᠭᠰᠡᠲᠡᠭ᠃ ︿ᠲᠠᠪᠤᠨ ᠦᠨᠡᠮᠯᠡᠯ ᠢ ᠨᠢᠭᠡ ᠪᠣᠯᠭᠠᠭᠰᠠᠨ﹀᠎ ᠠᠴᠠ ᠬᠤᠶᠢᠨ᠎ᠡ᠂ ᠪᠢ ᠵᠦᠪᠬᠡᠨ ᠨᠢᠭᠡᠯᠡ ᠴᠤᠩᠬᠤᠪᠴᠢ ᠳᠤ ᠡᠷᠡᠮᠡᠯᠵᠡᠯ ᠤᠨ ᠮᠠᠲ᠋ᠧᠷᠢᠶᠠᠯ ᠢᠶᠠᠨ ᠲᠤᠰᠢᠶᠠᠪᠠᠯ ᠤᠲᠠᠯ ᠦᠭᠡᠢ ᠭᠠᠷ ᠬᠦᠢᠴᠡᠳᠬᠡᠯ ᠢᠶᠠᠨ ᠲᠠᠭᠤᠰᠬᠠᠴᠢᠬᠠᠲᠠᠭ︾ ᠬᠡᠵᠦ ᠾᠸᠦ ᠵᠧᠨ ᠬᠤᠸᠠ ᠶᠠᠷᠢᠨ᠎ᠠ᠃      ᠡᠨᠡ ᠡᠲᠦᠷ ᠠᠴᠠ ᠡᠬᠢᠯᠡᠨ᠂ ᠬᠦᠬᠡᠬᠤᠲᠠ ᠵᠡᠷᠭᠡ ᠪᠦᠬᠦ ᠤᠷᠤᠨ ᠤ 7 ᠬᠤᠲᠠ ︽ᠲᠠᠪᠤᠨ ᠦᠨᠡᠮᠯᠡᠯ ᠢ ᠨᠢᠭᠡ ᠪᠣᠯᠭᠠᠵᠤ᠂ ᠨᠢᠭᠡ ᠦᠨᠡᠮᠯᠡᠯ ᠨᠢ ᠨᠢᠭᠡ ᠨᠣᠮᠧᠷ ᠲᠠᠢ ᠪᠠᠶᠢᠯᠭᠠᠬᠤ︾ ᠲᠡᠩᠰᠡᠯᠡᠬᠤ ᠲᠦᠷᠢᠮ ᠤᠨ ᠦᠭᠡᠷᠡᠴᠢᠯᠡᠯᠲᠡ ᠶᠢ ᠤᠷᠢᠳᠴᠢᠯᠠᠨ ᠬᠡᠷᠡᠭᠵᠢᠭᠦᠯᠵᠦ ᠤᠷᠢᠲᠠᠪᠡᠷ ᠲᠤᠷᠰᠢᠵᠠᠢ᠃ 8 ᠳ᠋ᠤᠭᠠᠷ ᠰᠠᠷ᠎ᠠ ᠶᠢᠨ 31᠎ ᠤ ᠡᠲᠦᠷ᠂ ᠡᠨᠡ ᠲᠦᠷᠢᠮ ᠨᠢ ᠪᠦᠬᠦ ᠤᠷᠤᠨ ᠳᠤ ᠪᠦᠬᠦ ᠲᠠᠯ᠎ᠠ ᠪᠠᠷ ᠬᠡᠷᠡᠭᠵᠢᠭᠦᠯᠦᠭᠲᠡᠪᠡ᠃      ᠦᠪᠡᠷᠲᠡᠭᠡᠨ ᠵᠠᠰᠬᠠᠤ ᠤᠷᠤᠨ ᠤ ᠦᠢᠯᠡᠳᠪᠦᠷᠢ ᠬᠤᠲᠠᠯᠲᠤᠭᠠᠨ ᠤ ᠲᠤᠪᠴᠢᠶ᠎ᠠ ᠶᠢᠨ ᠲᠠᠷᠤᠭ᠎ᠠ ᠴᠧᠨ ᠵᠢᠶᠧ᠄ ︽ᠲᠤᠰ ᠲᠦᠷᠢᠮ ᠤᠨ ᠬᠡᠷᠡᠭᠵᠢᠭᠦᠯᠦᠭᠲᠡᠭᠰᠡᠨ ᠨᠢ ᠠᠵᠦ ᠠᠬᠤᠶᠢᠯᠠᠯ ᠬᠤᠶᠢᠰᠢᠲᠠ ᠦᠨᠡᠮᠯᠡᠯ ᠠᠪᠬᠤ ᠳᠤ ᠵᠦᠪᠬᠡᠨ ᠦᠢᠯᠡᠳᠪᠦᠷᠢ ᠬᠤᠲᠠᠯᠲᠤᠭᠠᠨ ᠤ ᠡᠨᠡ ᠨᠢᠭᠡᠯᠡ ᠰᠠᠯᠠᠭ᠎ᠠ ᠮᠦᠴᠢᠷ ᠲᠤ ᠬᠦᠷᠪᠡᠯ ᠪᠤᠯᠴᠢᠬᠠᠨ᠎ᠠ᠂ ᠪᠤᠰᠤᠳ ᠬᠠᠮᠢᠶ᠎ᠠ ᠪᠦᠬᠦᠢ ᠲᠠᠩᠰᠠᠯᠠᠬᠤ ᠰᠦᠢᠳᠬᠡᠯ ᠲᠤᠰᠢᠶᠠᠬᠤ ᠴᠢᠬᠤᠯᠠ ᠦᠭᠡᠢ᠂ ᠦᠨᠡᠨᠬᠦ ᠪᠡᠶ᠎ᠡ ᠬᠦᠩᠭᠡᠯᠡᠵᠦ ᠪᠠᠶᠢᠯᠳᠤᠭᠠᠨ ᠳᠤ ᠤᠷᠤᠬᠤ ᠶᠢ ᠪᠡᠶᠡᠯᠡᠭᠦᠯᠵᠡᠢ︾ ᠬᠡᠵᠦ ᠶᠠᠷᠢᠨ᠎ᠠ᠃      ᠬᠤᠲᠠᠯᠲᠤᠭᠠᠨ ᠤ ᠶᠠᠪᠤᠲᠠᠯ ᠤᠨ ᠲᠦᠷᠢᠮ ᠤᠨ ᠦᠭᠡᠷᠡᠴᠢᠯᠡᠯᠲᠡ ᠨᠢ ᠦᠪᠦᠷ ᠮᠤᠩᠭᠤᠯᠴᠤᠳ ᠤᠨ ᠦᠢᠯᠡᠰ ᠪᠤᠰᠬᠠᠬᠤ ᠤᠷᠮᠠᠰᠢᠯ ᠢ ᠬᠦᠭᠵᠢᠭᠡᠵᠦ᠂ 2016 ᠤᠨ ᠳᠤ ᠪᠦᠬᠦ ᠤᠷᠤᠨ ᠤ ᠰᠢᠨ᠎ᠡ ᠪᠠᠷ ᠲᠤᠬᠢᠷᠠᠭᠤᠯᠤᠬᠰᠠᠨ ᠵᠠᠬ᠎ᠠ ᠲᠡᠯᠭᠡᠭᠦᠷ ᠤᠨ ᠭᠤᠤᠯ ᠴᠤᠬᠴᠠ ᠨᠢ ᠡᠲᠦᠷ ᠪᠤᠯᠭᠠᠨ ᠲᠤᠮᠲᠠᠴᠢ ᠪᠠᠷ 1000 ᠡᠷᠦᠭᠡ ᠠᠴᠠ ᠲᠡᠭᠡᠭᠰᠢ ᠪᠠᠶᠢᠬᠤ ᠶᠢ ᠪᠠᠲᠤᠯᠠᠵᠦ᠂ ᠬᠦᠭᠵᠢᠶᠡᠨ ᠤ ᠬᠡᠮᠵᠢᠶ᠎ᠡ ᠨᠢ ᠶᠡᠷᠦᠩᠬᠡᠢ ᠳᠡᠭᠡᠨ 70 % ᠤᠷᠴᠢᠮ ᠪᠠᠶᠢᠬᠤ ᠶᠢ ᠪᠠᠲᠤᠯᠠᠵᠠᠢ᠃      ︽ᠬᠦᠯᠢᠶᠡᠰᠦ ᠰᠤᠯᠠᠯᠠᠬᠤ︾ ᠲᠦᠷᠦ ᠶᠢᠨ ᠪᠤᠳᠤᠯᠭ᠎ᠠ ᠲᠠᠰᠤᠷᠠᠯᠲᠠ ᠦᠭᠡᠢ ᠪᠤᠯᠪᠠᠰᠤᠷᠠᠯ᠎ᠡ︕ 2016 ᠤᠨ ᠤ 6 ᠳ᠋ᠤᠭᠠᠷ ᠰᠠᠷ᠎ᠠ ᠳᠤ᠂ ᠦᠪᠡᠷᠲᠡᠭᠡᠨ ᠵᠠᠰᠬᠠᠤ ᠤᠷᠤᠨ ᠤ ᠵᠠᠰᠠᠭ ᠤᠨ ᠤᠷᠳᠤᠨ ︽ᠦᠪᠦᠷ ᠮᠤᠩᠭᠤᠯ ᠤᠨ ᠦᠪᠡᠷᠲᠡᠭᠡᠨ ᠵᠠᠰᠬᠠᠤ ᠤᠷᠤᠨ ᠤ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠲᠦᠷᠬᠡᠳᠬᠡᠨ ᠬᠦᠭᠵᠢᠭᠦᠯᠬᠦ ᠶᠢ ᠵᠤᠷᠢᠬᠵᠢᠭᠤᠯᠬᠤ ᠪᠠ ᠲᠡᠮᠵᠢᠬᠦ ᠠᠯᠢ ᠤᠯᠠᠨ ᠲᠤᠬᠲᠠᠭᠠᠯ︾᠎ ᠢ ᠨᠡᠶᠢᠲᠡᠯᠡᠵᠦ᠂ ᠵᠠᠬ᠎ᠠ ᠲᠡᠯᠭᠡᠭᠦᠷ ᠲᠤ ᠤᠷᠤᠭᠤᠯᠬᠤ᠂ ᠡᠳ᠋ ᠤᠨ ᠵᠠᠰᠠᠬ ᠤᠨ ᠭᠠᠶᠢᠯᠢ᠂ ᠭᠠᠵᠠᠷ ᠰᠢᠷᠤᠢ᠂ ᠦᠨ᠎ᠡ ᠵᠡᠷᠭᠡ ᠲᠠᠯ᠎ᠠ ᠪᠠᠷ 76 ᠲᠦᠷᠦᠯ ᠤᠨ ᠠᠷᠠᠳ ᠤᠨ ᠪᠡᠯᠡ ᠤᠷᠤᠭᠤᠯᠤᠯᠲᠠ ᠶᠢ ᠠᠬᠢᠭᠤᠯᠬᠤ ᠶᠢ ᠤᠷᠮᠠᠰᠢᠭᠤᠯᠬᠤ ᠲᠦᠷᠦ ᠶᠢᠨ ᠪᠤᠳᠤᠯᠭ᠎ᠠ ᠶᠢ ᠲᠤᠬᠲᠠᠭᠠᠵᠠᠢ᠃      2016 ᠤᠨ ᠤ 12 ᠳ᠋ᠤᠭᠠᠷ ᠰᠠᠷ᠎ᠠ ᠶᠢᠨ 20᠎ ᠤ ᠡᠲᠦᠷ ᠤᠨ ᠪᠦᠬᠦ ᠤᠷᠤᠨ ᠤ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠠᠵᠢᠯ ᠤᠨ ᠬᠤᠷᠠᠯ ᠲᠡᠭᠡᠷ᠎ᠡ᠂ ᠦᠪᠡᠷᠲᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠵᠢᠭᠠᠵᠦ ᠭᠠᠷᠭᠠᠬᠰᠠᠨ ᠨᠢ᠂ ᠦᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠳᠤ ᠲᠤᠬᠲᠠᠭᠠᠬᠰᠠᠨ ᠠᠭᠤᠤ ᠶᠡᠭᠡ ᠬᠠᠷᠠᠯᠲᠠ ᠶᠢ ᠪᠡᠶᠡᠯᠡᠭᠦᠯᠬᠦ ᠳᠤ᠂ ᠡᠷᠬᠡᠪᠰᠢ ᠵᠤᠷᠢᠬᠲᠠᠢ ᠠᠵᠢᠯᠯᠠᠨ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢ ᠬᠦᠭᠵᠢᠭᠦᠯᠬᠦ ᠬᠡᠷᠡᠭᠲᠡᠢ ᠬᠡᠵᠡᠢ᠃      ᠠᠰᠢᠬᠲᠠᠢ ᠰᠠᠶᠢᠨ ᠲᠦᠷᠦ ᠶᠢᠨ ᠪᠤᠳᠤᠯᠭ᠎ᠠ ᠨᠢ ᠬᠢᠨᠠᠨ ᠵᠦᠪᠰᠢᠶᠡᠷᠡᠭᠦᠯᠬᠦ ︽ᠪᠤᠳᠤᠩᠭᠤᠢ ᠤᠷᠤᠨ︾᠎ ᠢ ᠠᠷᠢᠯᠭᠠᠵᠦ᠂ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ︽ᠲᠤᠳᠤᠨᠤ︾ ︽ᠴᠢᠭᠡᠴᠢ︾ ᠵᠠᠰᠠᠭ ᠬᠤᠲᠠᠯᠲᠤᠭᠠᠨ ᠤ ᠬᠠᠷᠢᠴᠠᠭ᠎ᠠ ᠶᠢ ᠪᠠᠶᠢᠭᠤᠯᠵᠦ᠂ ᠪᠦᠬᠦ ᠤᠷᠤᠨ ᠤ ᠨᠡᠶᠢᠲᠡ ᠶᠢᠨ ᠦᠮᠴᠢᠯᠡᠯ ᠤᠨ ᠪᠤᠰᠤ ᠠᠵᠦ ᠠᠬᠤᠢ ᠶᠢᠨ ᠴᠢᠬᠤᠯᠠ ᠡᠭᠦᠷᠭᠡ ᠶᠢ ᠡᠭᠦᠷᠭᠡᠯᠡᠨ᠂ ᠬᠦᠨᠲᠦ ᠲᠠᠷᠤᠭᠠᠰᠤ ᠶᠢ ᠲᠠᠭᠠᠭᠠᠴᠢᠯᠠᠨ᠂ ᠬᠤᠪᠢ ᠨᠡᠮᠡᠷᠢ ᠦᠵᠡᠭᠦᠯᠬᠦ ᠳᠤ ᠬᠦᠴᠦᠯᠡᠵᠡᠢ᠃ 2016 ᠤᠨ ᠳᠤ ᠪᠦᠬᠦ ᠤᠷᠤᠨ 7925 ᠳ᠋ᠦᠩᠰᠢᠭᠤᠷ ᠲᠦᠭᠦᠷᠢᠭ ᠤᠨ ᠭᠤᠷᠪᠠᠳᠤᠭᠠᠷ ᠠᠵᠦ ᠦᠢᠯᠡᠰ ᠤᠨ ᠨᠡᠮᠡᠭᠲᠡᠯ ᠦᠷᠲᠡᠭ ᠢ ᠪᠡᠶᠡᠯᠡᠭᠦᠯᠵᠦ᠂ ᠦᠩᠭᠡᠷᠡᠭᠰᠡᠨ ᠵᠢᠯ ᠠᠴᠠ 8. 3%᠎ ᠢᠶᠠᠷ ᠨᠡᠮᠡᠭᠲᠡᠵᠡᠢ᠃ ᠭᠤᠷᠪᠠᠳᠤᠭᠠᠷ ᠠᠵᠦ ᠦᠢᠯᠡᠰ ᠤᠨ ᠪᠦᠬᠦ ᠤᠷᠤᠨ ᠤ ᠠᠵᠦ ᠠᠬᠤᠢ ᠶᠢᠨ ᠨᠡᠮᠡᠭᠲᠡᠯ ᠳᠤ ᠦᠵᠡᠭᠦᠯᠦᠭᠰᠡᠨ ᠬᠤᠪᠢ ᠨᠡᠮᠡᠷᠢ ᠶᠢᠨ ᠨᠤᠷᠮ᠎ᠠ ᠨᠢ 47.2%᠎ ᠲᠤ ᠬᠦᠷᠴᠦ᠂ GDP᠎ ᠶᠢ 3.4 ᠵᠠᠭᠤᠨ ᠤ ᠨᠢᠭᠡᠴᠢ ᠪᠠᠷ ᠲᠠᠲᠠᠨ ᠨᠡᠮᠡᠭᠲᠡᠭᠦᠯᠵᠡᠢ᠃      ᠦᠭᠡᠷᠡᠴᠢᠯᠡᠯᠲᠡ ᠨᠢ ᠰᠢᠨ᠎ᠡ ᠬᠦᠲᠡᠯᠭᠡᠬᠦ ᠴᠢᠲᠠᠪᠤᠷᠢ ᠶᠢ ᠰᠤᠯᠠᠯᠠᠨ᠎ᠠ︕ ᠦᠪᠦᠷ ᠮᠤᠩᠭᠤᠯ ᠨᠢ ᠭᠤᠤᠯᠲᠠᠯᠭ᠎ᠠ ᠲᠠᠢ ᠬᠦᠷᠢᠶ᠎ᠡ ᠴᠠᠷᠠᠭ᠎ᠠ ᠪᠤᠯᠤᠨ ᠵᠠᠩᠬᠢᠯᠠᠭ᠎ᠠ ᠶᠢᠨ ᠭᠤᠬᠴᠤᠭᠠᠨ ᠤ ᠦᠭᠡᠷᠡᠴᠢᠯᠡᠯᠲᠡ ᠶᠢ ᠠᠭᠠᠵᠢᠮ ᠢᠶᠠᠷ ᠠᠬᠢᠭᠤᠯᠵᠦ᠂ ᠠᠷᠠᠳ ᠲᠤ ᠦᠭᠡᠷᠡᠴᠢᠯᠡᠯᠲᠡ ᠶᠢᠨ ᠠᠰᠢᠬ ᠲᠤᠰᠠ ᠶᠢ ᠲᠠᠰᠤᠷᠠᠯᠲᠠ ᠦᠭᠡᠢ ᠠᠮᠰᠠᠭᠤᠯᠤᠨ᠎ᠠ᠃      ᠰᠤᠷᠭᠠᠨ ᠬᠦᠮᠦᠵᠢᠯ ᠤᠨ ᠰᠦᠢᠳᠬᠡᠯ ᠬᠤᠷᠢᠶᠠᠬᠤ ᠦᠭᠡᠷᠡᠴᠢᠯᠡᠯᠲᠡ ᠶᠢᠨ ᠲᠠᠯ᠎ᠠ ᠪᠠᠷ᠂ ᠰᠤᠷᠭᠠᠭᠤᠯᠢ ᠶᠢᠨ ᠨᠠᠰᠤᠨ ᠠᠴᠠ ᠡᠮᠦᠨᠡᠬᠢ ᠰᠤᠷᠭᠠᠨ ᠬᠦᠮᠦᠵᠢᠯ ᠤᠨ ᠰᠦᠢᠳᠬᠡᠯ ᠬᠤᠷᠢᠶᠠᠬᠤ ᠶᠢ ᠨᠢᠭᠡᠳᠭᠡᠭᠰᠡᠨ ᠮᠦᠷᠲᠡᠭᠡᠨ ᠲᠦᠷᠢᠮᠵᠢᠭᠦᠯᠵᠦ᠂ ᠦᠨᠳᠦᠷ ᠲᠤᠮᠲᠠᠲᠤ ᠶᠢᠨ ᠱᠠᠲᠤᠨ ᠤ ᠰᠤᠷᠭᠠᠭᠤᠯᠢ ᠰᠤᠩᠭᠤᠬᠤ ᠰᠦᠢᠳᠬᠡᠯ ᠢ ᠦᠭᠡᠶᠢᠰᠬᠡᠵᠦ᠂ ᠠᠯᠪᠠᠨ ᠠᠴᠠ ᠡᠷᠬᠢᠯᠡᠭᠰᠡᠨ ᠡᠩ ᠤᠨ ᠲᠡᠭᠡᠲᠦ ᠵᠡᠷᠭᠡ ᠶᠢᠨ ᠰᠤᠷᠭᠠᠭᠤᠯᠢ ᠶᠢᠨ ᠰᠤᠷᠤᠯᠭ᠎ᠠ ᠶᠢᠨ ᠰᠦᠢᠳᠬᠡᠯ ᠤᠨ ᠪᠠᠷᠢᠮᠵᠢᠶ᠎ᠠ ᠶᠢ ᠲᠤᠬᠢᠷᠠᠭᠤᠯᠤᠨ᠂ ᠲᠡᠭᠡᠲᠦ ᠵᠡᠷᠭᠡ ᠶᠢᠨ ᠰᠤᠷᠭᠠᠨ ᠬᠦᠮᠦᠵᠢᠯ ᠤᠨ ᠦᠪᠡᠷ ᠤᠨ ᠦᠷᠲᠡᠭ ᠢ ᠬᠤᠪᠢᠶᠠᠨ ᠲᠠᠭᠠᠭᠠᠴᠢᠯᠠᠬᠤ ᠲᠤᠬᠲᠠᠴᠠ ᠶᠢ ᠰᠢᠯᠤᠭᠤᠳᠬᠠᠬᠰᠠᠨ ᠵᠡᠷᠭᠡ︔ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠶᠢᠨ ᠦᠭᠡᠷᠡᠴᠢᠯᠡᠯᠲᠡ ᠶᠢᠨ ᠲᠠᠯ᠎ᠠ ᠪᠠᠷ᠂ ᠪᠦᠬᠦ ᠤᠷᠤᠨ ᠤ 80 ᠬᠤᠰᠢᠭᠤ ᠰᠢᠶᠠᠨ ᠤ 165 ᠬᠤᠰᠢᠭᠤ ᠰᠢᠶᠠᠨ ᠤ ᠲᠡᠰ ᠤᠨ ᠠᠯᠪᠠᠨ ᠠᠴᠠ ᠪᠠᠶᠢᠭᠤᠯᠤᠬᠰᠠᠨ ᠡᠮᠴᠢᠯᠡᠭᠡᠨ ᠤ ᠪᠠᠶᠢᠭᠤᠯᠤᠮᠵᠢ ᠡᠮ ᠤᠨ ᠵᠦᠢᠯ ᠤᠨ ᠨᠡᠮᠡᠯᠲᠦᠪᠦᠷᠢ ᠶᠢ ᠪᠦᠬᠦᠨ ᠢ ᠦᠭᠡᠶᠢᠰᠬᠡᠵᠦ᠂ ᠡᠮᠴᠢᠯᠡᠭᠡᠨ ᠤ ᠦᠢᠯᠡᠴᠢᠯᠡᠭᠡ ᠶᠢᠨ ᠦᠨ᠎ᠡ ᠳᠤ ᠲᠤᠬᠢᠷᠠᠭᠤᠯᠤᠯᠲᠠ ᠬᠢᠭᠰᠡᠨ ᠵᠡᠷᠭᠡ᠃      ᠡᠭᠦᠨ ᠤ ᠬᠠᠮᠲᠦ᠂ ᠡᠷᠦᠭᠡ ᠠᠮᠠ ᠶᠢᠨ ᠲᠠᠩᠰᠠ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠵᠦ᠂ ᠰᠠᠭᠤᠬᠤ ᠦᠨᠡᠮᠯᠡᠯ ᠤᠨ ᠲᠦᠷᠢᠮ ᠢ ᠬᠡᠷᠡᠭᠵᠢᠭᠦᠯᠵᠦ᠂ 8.6 ᠲᠦᠮᠡᠨ ᠮᠠᠯᠴᠢᠨ ᠲᠠᠷᠢᠶᠠᠴᠢᠨ ᠬᠤᠲᠠ ᠤᠷᠤᠵᠦ ᠡᠷᠦᠭᠡ ᠠᠮᠠ ᠤᠷᠤᠭᠤᠯᠵᠠᠢ︔      ᠦᠯᠦ ᠬᠦᠲᠡᠯᠬᠦ ᠬᠦᠷᠦᠩᠭᠡ ᠶᠢ ᠨᠢᠭᠡᠲᠦᠯᠲᠡᠢ ᠲᠠᠩᠰᠠᠯᠠᠬᠤ ᠲᠦᠷᠢᠮ ᠢ ᠪᠦᠬᠦ ᠲᠠᠯ᠎ᠠ ᠪᠠᠷ ᠬᠡᠷᠡᠭᠵᠢᠭᠦᠯᠵᠦ᠂ ᠮᠠᠯᠵᠢᠬᠤ ᠲᠠᠷᠢᠶᠠᠯᠠᠬᠤ ᠤᠷᠤᠨ ᠤ ᠬᠠᠮᠲᠦ ᠶᠢᠨ ᠦᠮᠴᠢᠯᠡᠬᠦ ᠡᠷᠭᠡ ᠪᠤᠯᠤᠨ ᠭᠠᠵᠠᠷ ᠰᠢᠷᠤᠢ ᠶᠢ ᠲᠠᠲᠠᠪᠤᠷᠢᠯᠠᠬᠤ ᠲᠦᠷᠢᠮ ᠤᠨ ᠦᠭᠡᠷᠡᠴᠢᠯᠡᠯᠲᠡ ᠶᠢᠨ ᠲᠤᠷᠰᠢᠯᠲᠠ ᠶᠢᠨ ᠴᠢᠬ ᠢ ᠦᠷᠨᠢᠭᠦᠯᠵᠦ᠂ ᠭᠠᠵᠠᠷ ᠰᠢᠷᠤᠢ ᠨᠤᠳᠤᠭ ᠪᠡᠯᠴᠢᠭᠡᠷ ᠤᠨ ᠡᠷᠬᠡ ᠪᠠᠷᠢᠬᠤ ᠶᠢ ᠵᠦᠪᠰᠢᠶᠡᠷᠡᠬᠦ ᠠᠵᠢᠯ ᠢ ᠤᠷᠤᠬᠰᠢᠲᠠᠢ ᠠᠬᠢᠭᠤᠯᠵᠠᠢ︔ ᠤᠯᠤᠰ ᠤᠨ ᠦᠮᠴᠢᠯᠡᠯᠲᠦ ᠡᠳ᠋ ᠬᠦᠷᠦᠩᠭᠡ ᠤᠯᠤᠰ ᠤᠨ ᠦᠮᠴᠢᠯᠡᠯᠲᠦ ᠠᠵᠦ ᠠᠬᠤᠶᠢᠯᠠᠯ ᠤᠨ ᠦᠭᠡᠷᠡᠴᠢᠯᠡᠯᠲᠡ ᠶᠢ ᠲᠠᠰᠤᠷᠠᠯᠲᠠ ᠦᠭᠡᠢ ᠬᠦᠨᠵᠡᠭᠡᠶᠢᠷᠡᠭᠦᠯᠦᠨ᠂ ᠡᠨᠧᠷᠬᠢ ᠶᠢᠨ ᠪᠦᠲᠦᠭᠡᠨ ᠪᠠᠶᠢᠭᠤᠯᠤᠯᠲᠠ᠂ ᠠᠭᠤᠷᠬᠠᠢ ᠶᠢᠨ ᠦᠢᠯᠡᠰ᠂ ᠮᠦᠩᠬᠦᠨ ᠬᠦᠢᠯᠭᠡᠭᠡ᠂ ᠵᠠᠮ ᠬᠠᠷᠢᠯᠴᠠᠭᠠᠨ ᠤ ᠪᠡᠯᠡ ᠤᠷᠤᠭᠤᠯᠤᠯᠲᠠ ᠪᠤᠯᠤᠨ ᠤᠰᠤᠨ ᠤ ᠶᠠᠪᠤᠲᠠᠯ ᠤᠨ ᠪᠡᠯᠡ ᠤᠷᠤᠭᠤᠯᠤᠯᠲᠠ 5 ᠲᠤᠮᠤ ᠪᠦᠯᠦᠭᠯᠡᠯ ᠢ ᠪᠠᠶᠢᠭᠤᠯᠵᠠᠢ᠃ ᠬᠤᠯᠢᠮᠠᠬ ᠦᠮᠴᠢᠯᠡᠯ ᠤᠨ ᠦᠭᠡᠷᠡᠴᠢᠯᠡᠯᠲᠡ᠂ ᠤᠯᠤᠰ ᠤᠨ ᠦᠮᠴᠢᠯᠡᠯ ᠤᠨ ᠬᠦᠷᠦᠩᠭᠡ ᠶᠢᠨ ᠡᠵᠡᠩᠨᠡᠯᠲᠡ ᠶᠢᠨ ᠺᠤᠮᠫᠠᠨᠢ ᠶᠢ ᠪᠠᠶᠢᠭᠤᠯᠬᠤ ᠵᠡᠷᠭᠡ ᠨᠢᠭᠡ ᠪᠦᠯᠦᠭ ᠲᠤᠷᠰᠢᠯᠲᠠ ᠶᠢᠨ ᠴᠢᠬ ᠲᠤᠬᠲᠠᠭᠤᠨ ᠢᠶᠠᠷ ᠠᠬᠢᠭᠤᠯᠤᠬᠲᠠᠵᠠᠢ︔ ︽ᠡᠵᠡᠩᠨᠡᠯᠲᠡ ᠶᠢᠨ ᠭᠠᠶᠢᠯᠢ ᠶᠢ ᠦᠷᠲᠡᠭ ᠨᠡᠮᠡᠭᠳᠡᠯ ᠤᠨ ᠭᠠᠶᠢᠯᠢ ᠪᠤᠯᠭᠠᠬᠤ ᠦᠭᠡᠷᠡᠴᠢᠯᠡᠯᠲᠡ︾᠎ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠨᠡᠶᠢᠲᠡ 200 ᠳ᠋ᠦᠩᠰᠢᠭᠤᠷ ᠲᠦᠭᠦᠷᠢᠭ ᠤᠨ ᠭᠠᠶᠢᠯᠢ ᠶᠢ ᠪᠠᠭᠠᠰᠬᠠᠨ ᠰᠦᠢᠳᠬᠡᠯ ᠢ ᠪᠠᠭᠤᠷᠠᠭᠤᠯᠵᠠᠢ︔ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠴᠢᠨᠠᠬᠰᠢᠲᠠ ᠬᠦᠨᠵᠡᠭᠡᠶᠢᠷᠡᠭᠦᠯᠦᠨ᠂ ᠮᠧᠩ ᠰᠢ ᠴᠠᠬᠢᠯᠭᠠᠨ ᠲᠤᠤᠷ ᠤᠨ ᠵᠦᠭᠡᠭᠡᠪᠦᠷᠢᠯᠡᠨ ᠲᠤᠬᠢᠷᠠᠭᠤᠯᠬᠤ ᠴᠠᠬᠢᠯᠭᠠᠨ ᠤ ᠦᠨ᠎ᠡ ᠶᠢᠨ ᠦᠭᠡᠷᠡᠴᠢᠯᠡᠯᠲᠡ ᠶᠢ ᠠᠬᠢᠭᠤᠯᠵᠦ᠂ ᠪᠦᠬᠦ ᠤᠯᠤᠰ ᠤᠨ ᠪᠡᠯᠡ ᠤᠷᠤᠭᠤᠯᠤᠯᠲᠠ ᠶᠢᠨ ᠠᠵᠦ ᠠᠬᠤᠶᠢᠯᠠᠯ ᠤᠨ ᠴᠠᠬᠢᠯᠭᠠᠨ ᠤ ᠦᠨ᠎ᠡ ᠶᠢᠨ ᠬᠤᠳᠤᠭᠤᠷ ᠭᠠᠵᠠᠷ ᠢ ᠪᠦᠬᠦ ᠬᠦᠴᠦᠨ ᠢᠶᠠᠷ ᠪᠠᠶᠢᠭᠤᠯᠵᠠᠢ᠃ ᠦᠭᠡᠷᠡᠴᠢᠯᠡᠯᠲᠡ ᠶᠢᠨ ᠲᠠᠷᠠᠭ᠎ᠠ᠂ ᠴᠠᠬᠢᠯᠭᠠᠨ ᠲᠤᠤᠷ ᠤᠨ ᠠᠵᠦ ᠠᠬᠤᠶᠢᠯᠠᠯ ᠤᠨ ᠠᠰᠢᠬ ᠤᠯᠵᠠᠪᠤᠷᠢ ᠨᠡᠩ ᠢᠯᠡ ᠲᠤᠲᠤᠷᠬᠠᠢ ᠪᠤᠯᠵᠦ᠂ ᠠᠰᠢᠬ ᠬᠤᠨᠵᠢᠪᠤᠷᠢ ᠶᠢᠨ ᠤᠷᠤᠨ ᠵᠠᠢ ᠨᠡᠩ ᠲᠤᠬᠢᠷᠠᠮᠵᠢᠲᠠᠢ ᠪᠤᠯᠵᠦ᠂ ᠮᠧᠩ ᠰᠢ ᠭᠠᠵᠠᠷ ᠤᠷᠤᠨ ᠤ ᠲᠤᠮᠤ ᠠᠵᠦ ᠦᠢᠯᠡᠳᠪᠦᠷᠢ ᠶᠢᠨ ᠴᠠᠬᠢᠯᠭᠠᠨ ᠤ ᠦᠨ᠎ᠡ ᠨᠢ ᠺᠢᠯᠤᠸᠠᠲ ᠴᠠᠬ ᠪᠤᠯᠭᠠᠨ ᠳᠤ ᠲᠤᠮᠲᠠᠴᠢ ᠪᠠᠷ 2.65 ᠮᠦᠩᠬᠦ ᠪᠠᠭᠤᠷᠠᠵᠠᠢ︔ ᠰᠢᠨ᠎ᠡ ᠨᠢᠭᠡᠨ ᠡᠬᠡᠯᠵᠢ ᠶᠢᠨ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠡᠬᠢᠯᠡᠭᠦᠯᠵᠦ᠂ ᠲᠦᠰᠦᠪ ᠤᠨ ᠬᠠᠮᠢᠶᠠᠷᠤᠯᠲᠠ ᠶᠢᠨ ᠲᠦᠷᠢᠮ ᠢ ᠰᠠᠶᠢᠵᠢᠷᠠᠭᠤᠯᠤᠨ᠂ ᠭᠠᠶᠢᠯᠢ ᠶᠢᠨ ᠤᠷᠤᠯᠭ᠎ᠠ ᠶᠢᠨ ᠲᠦᠷᠢᠮ ᠤᠨ ᠦᠭᠡᠷᠡᠴᠢᠯᠡᠯᠲᠡ ᠶᠢ ᠬᠦᠨᠵᠡᠭᠡᠶᠢᠷᠡᠭᠦᠯᠦᠨ᠂ ᠡᠳ᠋ ᠤᠨ ᠵᠠᠰᠠᠭ ᠤᠨ ᠪᠡᠯᠡ ᠮᠦᠩᠬᠦ ᠶᠢ ᠬᠡᠷᠡᠭᠯᠡᠬᠦ ᠠᠷᠭ᠎ᠠ ᠬᠡᠯᠪᠡᠷᠢ ᠶᠢᠨ ᠰᠢᠨ᠎ᠡ ᠶᠢ ᠡᠭᠦᠲᠦᠨ᠂ ᠦᠭᠡᠷᠡᠴᠢᠯᠡᠯᠲᠡ ᠶᠢᠨ ᠪᠡᠯᠡ ᠤᠷᠤᠭᠤᠯᠤᠨ ᠪᠡᠯᠡ ᠬᠤᠷᠠᠮᠳᠤᠭᠤᠯᠬᠤ ᠵᠠᠬᠪᠤᠷ ᠢ ᠦᠭᠡᠷᠡᠴᠢᠯᠡᠬᠦ ᠵᠡᠷᠭᠡ ᠠᠷᠭ᠎ᠠ ᠬᠡᠮᠵᠢᠶ᠎ᠡ ᠪᠠᠷ ᠲᠠᠮᠵᠢᠨ᠂ ᠡᠳ᠋ ᠤᠨ ᠵᠠᠰᠠᠭ ᠤᠨ ᠪᠡᠯᠡ ᠮᠦᠩᠬᠦ ᠶᠢᠨ ᠬᠦᠲᠡᠯᠭᠡᠬᠦ ᠴᠢᠲᠠᠪᠬᠢ ᠶᠢ ᠬᠦᠢᠴᠡᠳ ᠪᠠᠲᠠᠷᠠᠭᠤᠯᠵᠦ᠂ ᠦᠪᠡᠷᠲᠡᠭᠡᠨ ᠵᠠᠰᠬᠠᠤ ᠤᠷᠤᠨ ᠤ ᠠᠵᠦ ᠠᠬᠤᠢ ᠶᠢᠨ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦᠯᠵᠦ᠂ ᠦᠷᠭᠦᠯᠵᠢᠯᠡᠨ ᠡᠷᠡᠭᠦᠯ ᠢᠶᠠᠷ ᠬᠦᠭᠵᠢᠬᠦ ᠶᠢ ᠪᠡᠶᠡᠯᠡᠭᠦᠯᠬᠦ ᠳᠤ ᠪᠠᠲᠤ ᠴᠢᠩᠭ᠎ᠠ ᠡᠳ᠋ ᠤᠨ ᠬᠦᠴᠦᠨ ᠤᠨ ᠰᠠᠭᠤᠷᠢ ᠪᠤᠯᠤᠨ ᠡᠳ᠋ ᠤᠨ ᠵᠠᠰᠠᠭ ᠤᠨ ᠭᠠᠶᠢᠯᠢ ᠶᠢᠨ ᠲᠦᠷᠢᠮ ᠤᠨ ᠪᠠᠲᠤᠯᠠᠭ᠎ᠠ ᠬᠠᠩᠭᠠᠵᠠᠢ᠃      ᠬᠠᠭᠤᠴᠢᠨ ᠢ ᠦᠭᠡᠷᠡᠴᠢᠯᠡᠵᠦ ᠰᠢᠨ᠎ᠠ ᠶᠢ ᠪᠠᠶᠢᠭᠤᠯᠪᠠ᠄ ᠦᠭᠡᠷᠡᠴᠢᠯᠡᠯᠳᠡ ᠭᠡᠵᠢᠶᠡᠳᠡ ᠲᠡᠬᠦᠰᠭᠡᠯ ᠦᠭᠡᠢ      ᠶᠡᠷᠦᠩᠭᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭ᠎ᠠ ᠪᠤᠯᠤᠨ ᠲᠦᠪ ᠤᠨ ᠪᠠᠶᠢᠷᠢᠯᠠᠭᠤᠯᠤᠯᠳᠠ ᠶᠤᠰᠤᠭᠠᠷ᠂ ᠦᠪᠦᠷ ᠮᠤᠩᠭᠤᠯ ᠤᠷᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢ ᠬᠦᠯᠢᠶᠡᠰᠦᠯᠡᠵᠦ ᠪᠦᠬᠦᠢ ᠲᠤᠪᠤᠶᠢᠮ᠎ᠠ ᠠᠰᠠᠭᠤᠳᠠᠯ ᠢ ᠰᠢᠢᠳᠪᠦᠷᠢᠯᠡᠬᠦ ᠶᠢᠨ ᠲᠤᠭᠤᠷᠢᠨ ᠳᠤ ᠵᠢᠷᠤᠵᠦ ᠲᠦᠯᠦᠪᠯᠡᠬᠦ᠂ ᠪᠠᠶᠢᠷᠢᠯᠠᠭᠤᠯᠬᠤ᠂ ᠨᠠᠶᠢᠳᠠᠪᠤᠷᠢᠵᠢᠭᠤᠯᠬᠤ ᠶᠢ ᠠᠳᠬᠤᠵᠦ᠂ ︽ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ︿ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠠᠰᠠᠭᠤᠳᠠᠯ ᠤᠳ ᠤᠨ ᠲᠤᠬᠠᠢ ᠨᠠᠮ ᠤᠨ ᠲᠦᠪ ᠬᠤᠷᠢᠶ᠎ᠠ ᠶᠢᠨ ᠲᠤᠬᠳᠠᠭᠠᠯ﹀᠎ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠰᠠᠨᠠᠯ︾᠂ ︽ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠠ ᠶᠢ ᠭᠡᠷᠡᠭᠵᠢᠭᠦᠯᠬᠦ ᠲᠦᠯᠦᠪᠵᠢᠭᠦᠯᠭᠡ ︵2014 — 2020 ᠤᠨ︶︾ ᠵᠡᠷᠭᠡ ᠦᠭᠡᠷᠡᠴᠢᠯᠡᠯᠳᠡ ᠶᠢᠨ ᠠᠯᠢ ᠤᠯᠠᠨ ᠲᠦᠰᠦᠯ ᠢ ᠵᠠᠯᠭᠠᠪᠡᠷ ᠲᠤᠬᠳᠠᠭᠠᠨ ᠨᠡᠶᠢᠳᠡᠯᠡᠪᠡ᠃      ᠡᠯ᠎ᠠ ᠵᠦᠢᠯ ᠤᠨ ᠲᠦᠰᠦᠯ ᠪᠤᠯᠤᠨ ᠰᠠᠨᠠᠯ ᠠᠰᠠᠭᠤᠳᠠᠯ ᠤᠨ ᠤᠳᠤᠷᠢᠳᠤᠮᠵᠢ ᠶᠢ ᠲᠤᠪᠤᠶᠢᠯᠭᠠᠵᠦ᠂ ᠭᠤᠤᠯᠳᠠᠯᠭ᠎ᠠ ᠲᠠᠢ ᠬᠦᠷᠢᠶ᠎ᠠ ᠭᠡᠪᠴᠢᠶ᠎ᠠ ᠪᠤᠯᠤᠨ ᠵᠠᠩᠬᠢᠯᠠᠭ᠎ᠠ ᠪᠤᠯᠬᠤ ᠭᠤᠬᠴᠤᠭ᠎ᠠ ᠪᠠᠷ ᠰᠢᠪᠳᠤᠯᠤᠯᠳᠠ ᠶᠢᠨ ᠴᠡᠭ ᠪᠤᠯᠭᠠᠵᠦ᠂ 356 ᠲᠦᠷᠦᠯ ᠤᠨ ᠦᠭᠡᠷᠡᠴᠢᠯᠡᠯᠳᠡ ᠶᠢᠨ ᠡᠬᠦᠷᠭᠡ ᠶᠢ ᠵᠠᠳᠠᠯᠤᠨ ᠨᠠᠷᠢᠯᠢᠬᠵᠢᠭᠤᠯᠵᠦ᠂ ᠦᠪᠡᠷᠳᠡᠭᠡᠨ ᠵᠠᠰᠠᠬᠤ ᠤᠷᠤᠨ ᠤ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠬᠠᠷᠠᠯᠳᠠ ᠡᠬᠦᠷᠭᠡ᠂ ᠬᠠᠷᠢᠭᠤᠴᠠᠯᠭ᠎ᠠ ᠶᠢ ᠵᠠᠳᠠᠯᠬᠤ ᠶᠡᠷᠦᠩᠭᠡᠢ ᠡᠭᠡ ᠲᠠᠩᠰᠠ ᠪᠠᠶᠢᠭᠤᠯᠵᠦ᠂ ᠦᠪᠡᠷᠳᠡᠭᠡᠨ ᠵᠠᠰᠠᠬᠤ ᠤᠷᠤᠨ᠂ ᠠᠶᠢᠮᠠᠬ ᠬᠤᠳᠠ᠂ ᠬᠤᠰᠢᠭᠤ ᠰᠢᠶᠠᠨ ᠤ ᠭᠤᠷᠪᠠᠨ ᠱᠠᠳᠤᠨ ᠤ ᠠᠵᠢᠯ ᠤᠨ ᠰᠢᠰᠲ᠋ᠧᠮ ᠢ ᠪᠠᠶᠢᠭᠤᠯᠵᠠᠢ᠃ ᠲᠤᠳᠦ ᠲᠤᠳᠤᠷᠬᠠᠢ ᠦᠭᠡᠷᠡᠴᠢᠯᠡᠯᠳᠡ ᠶᠢᠨ ᠰᠡᠳᠬᠢᠴᠡ᠂ ᠨᠠᠷᠢᠨ ᠨᠢᠬᠳᠠ ᠦᠭᠡᠷᠡᠴᠢᠯᠡᠯᠳᠡ ᠶᠢᠨ ᠪᠠᠶᠢᠷᠢᠰᠢᠭᠤᠯᠤᠯᠳᠠ᠂ ᠬᠦᠴᠦᠳᠠᠢ ᠦᠭᠡᠷᠡᠴᠢᠯᠡᠯᠳᠡ ᠶᠢᠨ ᠠᠷᠭ᠎ᠠ ᠠᠪᠴᠠᠯ ᠨᠢ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠶᠢ ᠤᠯᠠᠮ ᠢᠶᠠᠷ ᠠᠬᠢᠭᠤᠯᠵᠦ᠂ ᠤᠯᠠᠨ ᠴᠡᠭ ᠢᠶᠠᠷ ᠰᠢᠪᠳᠤᠯᠤᠨ᠂ ᠲᠤᠬᠳᠠᠭᠤᠨ ᠡᠯᠬᠤᠭ᠎ᠠ ᠲᠠᠢ᠂ ᠦᠷ᠎ᠠ ᠪᠦᠳᠦᠮᠵᠢ ᠮᠡᠳᠡᠭᠳᠡᠮ᠎ᠠ ᠰᠠᠶᠢᠨ ᠰᠠᠶᠢᠬᠠᠨ ᠪᠠᠶᠢᠳᠠᠯ ᠢ ᠪᠤᠢ ᠪᠤᠯᠭᠠᠵᠠᠢ᠃ ᠡᠬᠦᠨ ᠤ ᠲᠤᠳᠤᠷ᠎ᠠ ᠴᠠᠬᠢᠯᠭᠠᠨ ᠬᠦᠴᠦᠨ ᠢ ᠵᠠᠬ᠎ᠠ ᠲᠡᠯᠭᠡᠬᠦᠷᠴᠢᠯᠡᠬᠦ ᠦᠭᠡᠷᠡᠴᠢᠯᠡᠯᠳᠠ᠂ ᠤᠳᠤᠷᠢᠳᠬᠤ ᠺᠠᠳ᠋ᠷ ᠤᠨ ᠡᠭᠢ ᠪᠠᠶᠠᠯᠢᠬ ᠦᠪ ᠬᠦᠷᠦᠩᠭᠡ ᠶᠢ ᠲᠤᠰᠢᠶᠠᠯ ᠠᠴᠠ ᠪᠠᠨ ᠰᠠᠯᠤᠬᠰᠠᠠ ᠴᠦ ᠬᠢᠨᠠᠨ ᠪᠤᠳᠤᠬᠤ᠂ ᠤᠰᠤᠨ ᠤ ᠡᠷᠭᠡ ᠶᠢᠨ ᠵᠤᠯᠢᠶ᠎ᠠ᠂ ᠨᠡᠬᠦᠷᠡᠰᠦᠳᠦ᠋ᠷᠦᠭᠴᠢ ᠶᠢᠨ ᠲᠠᠪᠬᠤᠷ ᠢᠰᠦᠯ ᠭᠠᠳᠠᠬᠰᠢᠯᠠᠭᠤᠯᠬᠤ ᠡᠷᠭᠡ ᠶᠢᠨ ᠵᠤᠯᠢᠶ᠎ᠠ ᠵᠡᠷᠭᠡ ᠭᠤᠤᠯᠳᠠᠯᠭ᠎ᠠ ᠲᠠᠢ ᠬᠦᠷᠢᠶᠠᠨ ᠳᠠᠬᠢ ᠦᠭᠡᠷᠡᠴᠢᠯᠡᠯᠳᠡ ᠪᠦᠬᠦ ᠤᠯᠤᠰ ᠤᠨ ᠲᠡᠷᠢᠬᠦᠨ ᠡᠩᠨᠡᠭᠡᠨ ᠳᠤ ᠤᠷᠤᠵᠠᠢ᠃      2017 ᠤᠨ ᠪᠤᠯ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ ᠶᠢ ᠤᠯᠠᠮ ᠬᠦᠨᠵᠡᠭᠡᠢ ᠠᠬᠢᠭᠤᠯᠬᠤ ᠵᠠᠩᠬᠢᠯᠠᠭ᠎ᠠ ᠶᠢᠨ ᠵᠢᠯ ᠮᠦᠨ᠃ ᠦᠭᠡᠷᠡᠴᠢᠯᠡᠯᠳᠡ ᠬᠦᠴᠢᠷᠳᠡᠯ ᠢ ᠲᠤᠭᠤᠯᠬᠤ ᠴᠠᠬ ᠦᠶ᠎ᠠ᠂ ᠪᠤᠭᠤᠮᠳᠠ ᠰᠢᠪᠳᠤᠯᠬᠤ ᠴᠠᠬ ᠦᠶ᠎ᠠ ᠳᠤ ᠤᠷᠤᠬᠰᠠᠠ ᠪᠤᠯᠬᠤᠷ ᠡᠷᠴᠢ ᠵᠤᠷᠢᠬ ᠢᠶᠠᠨ ᠬᠦᠪᠴᠢᠯᠡᠵᠦ᠂ ᠤᠬᠳᠦ ᠰᠤᠯᠠᠷᠠᠭᠤᠯᠤᠯ ᠦᠭᠡᠢ ᠠᠳᠬᠤᠬᠤ ᠴᠢᠬᠤᠯᠠ ᠲᠠᠢ ᠪᠠᠶᠢᠭ᠎ᠠ ᠶᠤᠮ᠃      ᠦᠭᠡᠷᠡᠴᠢᠯᠡᠯᠳᠡ ︽ᠬᠦᠴᠢᠷᠳᠡᠯ ᠢ ᠲᠤᠭᠤᠯᠬᠤ ᠴᠠᠬ ᠦᠶ᠎ᠠ︾᠎ ᠳᠤ ᠤᠷᠤᠬᠰᠠᠠ ᠦᠪᠦᠷ ᠮᠤᠩᠭᠤᠯ ᠤᠷᠤᠨ ᠭᠡᠷᠬᠢᠨ ᠲᠠᠬᠢᠨ ᠬᠦᠴᠦᠯᠡᠬᠦ ᠪᠤᠯ︖ ᠬᠦᠴᠦᠯᠡᠬᠦ ᠴᠡᠭ ᠨᠢ ᠬᠠᠮᠢᠭ᠎ᠠ ᠪᠠᠶᠢᠬᠤ ᠪᠤᠯ︖      ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠬᠤᠷᠠᠯ ᠠᠴᠠ ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠬᠦ ᠪᠤᠯ ᠤᠳᠤᠬᠢᠴᠢᠯᠡᠬᠰᠠᠠ ᠦᠪᠦᠷ ᠮᠤᠩᠭᠤᠯ ᠢ ᠪᠦᠳᠦᠭᠡᠨ ᠪᠠᠶᠢᠭᠤᠯᠬᠤ ᠶᠢᠨ ᠦᠨᠳᠦᠰᠦᠨ ᠠᠷᠭ᠎ᠠ ᠪᠤᠳᠤᠯᠭ᠎ᠠ ᠮᠦᠨ᠃ ᠦᠪᠦᠷ ᠮᠤᠩᠭᠤᠯ ᠤᠷᠤᠨ ᠨᠡᠩ ᠪᠠᠳᠦ ᠴᠢᠩᠭ᠎ᠠ ᠵᠤᠷᠢᠬ ᠰᠦᠰᠦ ᠪᠠᠷ ᠦᠭᠡᠷᠡᠴᠢᠯᠡᠯᠳᠡ ᠶᠢ ᠪᠦᠬᠦ ᠲᠠᠯ᠎ᠠ ᠪᠠᠷ ᠬᠦᠨᠵᠡᠭᠡᠶᠢᠷᠡᠭᠦᠯᠬᠦ᠂ ᠨᠡᠩ ᠦᠷᠭᠡᠨ ᠬᠠᠷᠠᠭᠠᠰᠦ ᠠᠤᠭ᠎ᠠ ᠪᠤᠳᠤᠯ ᠢᠶᠠᠷ ᠲᠤᠳᠤᠭᠠᠳᠦ ᠭᠠᠳᠠᠭᠠᠳᠦ ᠳᠠᠬᠢ ᠨᠡᠭᠡᠭᠡᠯᠳᠡ ᠪᠠᠨ ᠪᠦᠬᠦ ᠲᠠᠯ᠎ᠠ ᠪᠠᠷ ᠦᠷᠭᠡᠳᠭᠡᠵᠦ᠂ ᠶᠡᠭᠡ ᠦᠭᠡᠷᠡᠴᠢᠯᠡᠯᠳᠡ᠂ ᠶᠡᠭᠡ ᠨᠡᠭᠡᠭᠡᠯᠳᠡ ᠪᠠᠷ ᠲᠠᠮᠵᠢᠭᠤᠯᠤᠨ᠂ ᠪᠦᠬᠦ ᠨᠡᠶᠢᠭᠡᠮ ᠤᠨ ᠡᠬᠦᠳᠦᠨ ᠪᠦᠳᠦᠭᠡᠬᠦ ᠬᠠᠯᠠᠭᠤᠨ ᠰᠡᠳᠬᠢᠯᠭᠡ ᠶᠢ ᠬᠦᠭᠵᠢᠭᠡᠵᠦ᠂ ᠡᠯ᠎ᠠ ᠬᠦᠷᠢᠶᠡᠨ ᠳᠠᠬᠢ ᠬᠦᠭᠵᠢᠯᠳᠡ ᠶᠢᠨ ᠤᠷᠤᠨ ᠵᠠᠢ ᠶᠢ ᠦᠷᠭᠡᠵᠢᠭᠦᠯᠵᠦ᠂ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠬᠦᠳᠡᠯᠭᠡᠬᠦ ᠬᠦᠴᠦᠨ ᠠᠮᠢᠵᠢᠷᠠᠯ ᠤᠨ ᠬᠦᠴᠦᠨ ᠢ ᠲᠠᠰᠤᠷᠠᠯᠳᠠ ᠦᠭᠡᠢ ᠨᠡᠮᠡᠭᠳᠡᠭᠦᠯᠬᠦ ᠭᠡᠷᠡᠭᠳᠠᠢ ᠭᠡᠵᠦ ᠲᠤᠷᠠᠳᠴᠠᠢ᠃      ᠶᠡᠷᠦᠩᠭᠡᠢ ᠱᠦᠵᠢ ᠰᠢ ᠶᠢᠨ ᠫᠢᠩ ᠤᠨ ︽ᠲᠤᠬᠳᠠᠭᠤᠨ ᠠᠯᠬᠤᠭ᠎ᠠ ᠪᠠᠷ ᠬᠦᠨᠵᠡᠭᠡᠢ ᠠᠬᠢᠭᠤᠯᠬᠤ ᠪᠠᠷ ᠪᠠᠷᠠᠬᠤ ᠦᠭᠡᠢ ᠪᠠᠰᠠ ᠦᠭᠡᠷᠡᠴᠢᠯᠡᠯᠳᠡ ᠶᠢ ᠰᠢᠨ᠎ᠠ ᠲᠦᠷᠰᠦ ᠪᠠᠶᠢᠳᠠᠯ ᠲᠠᠢ ᠪᠤᠯᠭᠠᠬᠤ︾ ᠵᠢᠭᠠᠪᠤᠷᠢ ᠶᠢᠨ ᠱᠠᠭᠠᠷᠳᠠᠯᠭ᠎ᠠ ᠶᠤᠰᠤᠭᠠᠷ᠂ ᠦᠪᠦᠷ ᠮᠤᠩᠭᠤᠯ ᠤᠷᠤᠨ ᠠᠵᠦ ᠠᠬᠤᠢ ᠨᠡᠶᠢᠭᠡᠮ ᠤᠨ ᠬᠦᠭᠵᠢᠯᠳᠡ ᠳᠤ ︽ᠲᠤᠬᠳᠠᠭᠤᠨ︾᠎ ᠤ ᠴᠢᠯᠠᠭᠤ ᠨᠡᠮᠡᠷᠢᠯᠠᠵᠦ᠂ ︽ᠠᠬᠢᠯᠳᠠ︾᠎ ᠶᠢᠨ ᠬᠦᠳᠡᠯᠭᠡᠬᠦ ᠬᠦᠴᠦᠨ ᠤᠷᠤᠭᠤᠯᠵᠦ ᠪᠤᠢ᠃ ᠤᠷᠤᠨ ᠲᠠᠶᠠᠭᠠᠷ ᠢᠶᠠᠨ ᠬᠠᠨᠴᠤᠢ ᠰᠢᠮᠡᠯᠡᠨ ᠴᠢᠷᠮᠠᠶᠢᠨ ᠠᠵᠢᠯᠯᠠᠵᠦ᠂ ᠵᠢᠯ ᠤᠨ ᠰᠡᠬᠦᠯᠴᠢ ᠪᠤᠯᠬᠤ ᠳᠤ ᠰᠢᠯᠢᠳᠡᠭ ᠠᠮᠵᠢᠯᠳᠠ ᠪᠠᠷ ᠢᠶᠠᠨ ᠨᠠᠮ ᠪᠤᠯᠤᠨ ᠠᠷᠠᠳ ᠲᠦᠮᠡᠨ ᠳᠡᠭᠡᠨ ᠬᠠᠨᠤᠮᠵᠢᠳᠠᠢ ᠬᠠᠷᠢᠭᠤᠯᠳᠠ ᠶᠢᠨ ᠬᠠᠭᠤᠳᠠᠰᠦ ᠲᠤᠰᠢᠶᠠᠬᠤ ᠪᠠᠷ ᠴᠢᠷᠮᠠᠶᠢᠵᠦ ᠪᠤᠢ᠃      ᠰᠡᠳᠬᠢᠴᠡ ᠲᠤᠳᠤᠷᠬᠠᠢ᠂ ᠬᠠᠷᠠᠯᠳᠠ ᠤᠨᠤᠪᠴᠢᠳᠠᠢ ᠦᠭᠡᠷᠡᠴᠢᠯᠡᠯᠳᠡ ᠶᠢᠨ ᠵᠢᠷᠤᠬ ᠲᠦᠯᠦᠪᠯᠡᠭᠡ ᠨᠢᠭᠡᠨᠳᠡ ᠪᠡᠯᠡᠭᠡᠨ ᠪᠤᠯᠤᠯ᠎ᠠ᠄      — ᠶᠡᠷᠦᠩᠭᠡᠢ ᠱᠦᠵᠢ ᠶᠢᠨ ᠬᠦᠰᠡᠨ ᠨᠠᠶᠢᠳᠠᠬᠰᠠᠠ ᠮᠠᠨ ᠤ ᠤᠷᠤᠨ ᠳᠤ ᠤᠷᠢᠳᠠᠪᠡᠷ ᠭᠡᠷᠡᠭᠵᠢᠭᠦᠯᠵᠦ ᠤᠷᠢᠳᠠᠪᠡᠷ ᠲᠤᠷᠰᠢᠬᠤ 3 ᠲᠦᠷᠦᠯ ᠤᠨ ᠦᠭᠡᠷᠡᠴᠢᠯᠡᠯᠳᠡ ᠶᠢ ᠦᠷᠬᠦᠯᠵᠢᠯᠡᠨ ᠬᠦᠨᠵᠡᠭᠡᠶᠢᠷᠡᠭᠦᠯᠵᠦ᠂ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠶᠢ ᠲᠠᠰᠤᠷᠠᠯᠳᠠ ᠦᠭᠡᠢ ᠴᠢᠩᠭᠠᠳᠬᠠᠵᠦ᠂ ᠲᠤᠯᠤᠭᠠᠶᠢᠯᠠᠬᠤ ᠠᠵᠦ ᠠᠬᠤᠶᠢᠯᠠᠯ ᠢ ᠮᠠᠯᠴᠢᠨ ᠲᠠᠷᠢᠶᠠᠴᠢᠨ ᠤ ᠠᠰᠢᠬ ᠲᠤᠰᠠ ᠯᠤᠭ᠎ᠠ ᠬᠤᠯᠪᠤᠬᠤ ᠲᠤᠬᠳᠠᠴᠠ᠂ ᠤᠷᠤᠰ ᠮᠤᠩᠭᠤᠯ ᠯᠤᠭ᠎ᠠ ᠬᠠᠮᠳᠤᠷᠠᠯᠴᠠᠬᠤ ᠲᠤᠬᠳᠠᠴᠠ ᠶᠢᠨ ᠲᠠᠯ᠎ᠠ ᠶᠢᠨ ᠰᠢᠨ᠎ᠠ ᠶᠢ ᠡᠭᠦᠳᠬᠦ ᠶᠠᠪᠤᠳᠠᠯ ᠢ ᠪᠦᠷᠢᠨᠰᠢᠭᠦᠯᠬᠦ ᠲᠠᠯ᠎ᠠ ᠪᠠᠷ ᠰᠢᠨ᠎ᠠ ᠠᠬᠢᠴᠠ ᠰᠢᠨ᠎ᠠ ᠰᠢᠪᠳᠤᠯᠤᠯᠳᠠ ᠲᠠᠢ ᠪᠤᠯᠵᠠᠢ᠃      — ᠠᠵᠦ ᠠᠬᠤᠢ ᠶᠢᠨ ᠪᠠᠶᠢᠭᠤᠯᠤᠮᠵᠢ᠂ ᠤᠯᠤᠰ ᠲᠦᠷᠦ ᠶᠢᠨ ᠪᠠᠶᠢᠭᠤᠯᠤᠮᠵᠢ᠂ ᠰᠤᠶᠤᠯ ᠤᠨ ᠪᠠᠶᠢᠭᠤᠯᠤᠮᠵᠢ᠂ ᠨᠡᠶᠢᠭᠡᠮ ᠤᠨ ᠪᠠᠶᠢᠭᠤᠯᠤᠮᠵᠢ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠪᠤᠯᠤᠨ ᠨᠠᠮ ᠤᠨ ᠪᠠᠶᠢᠭᠤᠯᠤᠯᠳᠠ ᠶᠢᠨ ᠲᠦᠷᠢᠮ ᠤᠨ ᠦᠭᠡᠷᠡᠴᠢᠯᠡᠯᠳᠡ ᠶᠢ ᠨᠢᠭᠡᠳᠦᠯᠳᠠᠢ ᠲᠦᠯᠦᠪᠵᠢᠭᠦᠯᠦᠨ ᠠᠬᠢᠭᠤᠯᠵᠦ᠂ ᠲᠦᠪ ᠤᠨ ᠪᠠ ᠦᠪᠡᠷᠳᠡᠭᠡᠨ ᠵᠠᠰᠠᠬᠤ ᠤᠷᠤᠨ ᠤ ᠡᠯ᠎ᠠ ᠵᠦᠢᠯ ᠤᠨ ᠦᠭᠡᠷᠡᠴᠢᠯᠡᠯᠳᠡ ᠶᠢᠨ ᠡᠬᠦᠷᠭᠡ ᠠᠷᠭ᠎ᠠ ᠬᠢᠳᠡᠯ ᠢ ᠨᠠᠶᠢᠳᠠᠪᠤᠷᠢᠵᠢᠭᠤᠯᠬᠤ ᠶᠢ ᠪᠦᠬᠦ ᠲᠠᠯ᠎ᠠ ᠪᠠᠷ ᠰᠠᠶᠢᠳᠤᠷ ᠠᠳᠬᠤᠵᠠᠢ᠃      — ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠦᠭᠡᠷᠡᠴᠢᠯᠡᠯᠳᠡ᠂ ᠡᠳ᠋ ᠤᠨ ᠵᠠᠰᠠᠬ ᠭᠠᠶᠢᠯᠢ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ᠂ ᠰᠢᠨᠵᠢᠯᠡᠬᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ᠂ ᠴᠠᠬᠢᠯᠭᠠᠨ ᠬᠦᠴᠦᠨ ᠤ ᠪᠠᠶᠢᠭᠤᠯᠤᠮᠵᠢ ᠶᠢᠨ ᠦᠭᠡᠷᠡᠴᠢᠯᠡᠯᠳᠡ᠂ ᠤᠯᠤᠰ ᠤᠨ ᠦᠮᠴᠢᠯᠡᠯ ᠤᠨ ᠠᠵᠦ ᠠᠬᠤᠶᠢᠯᠠᠯ ᠤᠯᠤᠰ ᠤᠨ ᠦᠮᠴᠢᠯᠡᠯ ᠤᠨ ᠦᠪ ᠬᠦᠷᠦᠩᠭᠡ ᠶᠢᠨ ᠦᠭᠡᠷᠡᠴᠢᠯᠡᠯᠳᠡ᠂ ᠮᠠᠯᠵᠢᠬᠤ ᠲᠠᠷᠢᠶᠠᠯᠠᠬᠤ ᠤᠷᠤᠨ ᠤ ᠦᠭᠡᠷᠡᠴᠢᠯᠡᠯᠳᠡ᠂ ᠰᠢᠭᠤᠶᠢᠳᠦ ᠤᠷᠤᠨ ᠠᠳᠠᠷ ᠬᠠᠭᠠᠯᠪᠤᠷᠢᠯᠠᠯᠳᠠ ᠶᠢᠨ ᠤᠷᠤᠨ ᠤ ᠦᠭᠡᠷᠡᠴᠢᠯᠡᠯᠳᠡ ᠶᠢ ᠬᠦᠨᠵᠡᠭᠡᠢ ᠠᠬᠢᠭᠤᠯᠵᠦ᠂ ᠨᠡᠶᠢᠳᠡ ᠶᠢᠨ ᠦᠮᠴᠢᠯᠡᠯ ᠤᠨ ᠪᠤᠰᠦ ᠠᠵᠦ ᠠᠬᠤᠢ ᠶᠢᠨ ᠬᠦᠭᠵᠢᠯᠳᠡ ᠶᠢ ᠶᠡᠭᠡᠪᠡᠷ ᠲᠡᠳᠬᠦᠨ ᠲᠡᠮᠵᠢᠵᠦ ᠂ ᠨᠡᠶᠢᠭᠡᠮ ᠤᠨ ᠦᠢᠯᠡᠳᠪᠦᠷᠢᠯᠡᠯ ᠤᠨ ᠬᠦᠴᠦᠨ ᠤ ᠬᠦᠭᠵᠢᠯᠳᠡ ᠶᠢ ᠬᠠᠷᠰᠢᠯᠠᠬᠤ ᠡᠯ᠎ᠠ ᠵᠦᠢᠯ ᠤᠨ ᠬᠠᠷᠰᠢᠯᠠᠯ ᠢ ᠡᠷᠡᠰ ᠢᠶᠠᠷ ᠠᠷᠢᠯᠭᠠᠵᠦ᠂ ᠠᠵᠦ ᠠᠬᠤᠢ ᠶᠢᠨ ᠬᠦᠭᠵᠢᠯᠳᠡ ᠶᠢᠨ ᠰᠢᠨ᠎ᠠ ᠭᠡᠪ ᠪᠠᠶᠢᠳᠠᠯ ᠢ ᠬᠦᠳᠦᠯᠬᠦ ᠳᠤ ᠠᠰᠢᠬᠳᠠᠢ ᠪᠠᠶᠢᠭᠤᠯᠤᠮᠵᠢ ᠲᠤᠬᠳᠠᠴᠠ ᠶᠢ ᠲᠦᠷᠭᠡᠨ ᠪᠦᠷᠢᠯᠳᠦᠭᠦᠯᠵᠦ ᠪᠤᠢ᠃      — ᠶᠡᠷᠦᠩᠭᠡᠢ ᠱᠦᠵᠢ ᠰᠢ ᠶᠢᠨ ᠫᠢᠩ ᠤᠨ ᠲᠤᠳᠤᠨᠦ ᠬᠠᠯᠠᠮᠵᠢᠯᠠᠯ ᠳᠤ ᠤᠰᠤᠯᠳᠠᠬᠤ ᠦᠭᠡᠢ᠂ ᠪᠦᠬᠦ ᠤᠯᠤᠰ ᠤᠨ ᠠᠷᠠᠳ ᠲᠦᠮᠡᠨ ᠤ ᠬᠠᠯᠠᠭᠤᠨ ᠲᠡᠮᠵᠢᠯᠭᠡ ᠳᠤ ᠤᠰᠤᠯᠳᠠᠬᠤ ᠦᠭᠡᠢ ᠪᠠᠷ ᠲᠠᠯ᠎ᠠ ᠨᠤᠳᠤᠬ ᠤᠨ ᠠᠷᠠᠳ ᠲᠦᠮᠡᠨ ᠡᠷᠴᠢ ᠵᠤᠷᠢᠬ ᠰᠢᠭᠤᠳᠤᠨ᠂ ᠤᠮᠤᠬ ᠵᠤᠷᠢᠬ ᠲᠡᠬᠦᠯᠳᠡᠷ ᠢᠶᠠᠷ ᠦᠭᠡᠷᠡᠴᠢᠯᠡᠯᠳᠡ ᠶᠢᠨ ᠲᠤᠬ ᠤᠨ ᠲᠤᠤᠷ᠎ᠠ ᠦᠷᠬᠦᠯᠵᠢᠯᠡᠨ ᠭᠡᠷᠡᠯ ᠰᠠᠴᠤᠷᠠᠩᠭᠤᠢ ᠰᠢᠨ᠎ᠠ ᠬᠠᠭᠤᠳᠠᠰᠦ ᠶᠢ ᠪᠢᠴᠢᠭᠯᠡᠨᠠᠮ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号