2017 ᠣᠨ ᠳᠤ ᠵᠢᠱᠢᠯᠲᠡ ᠪᠠᠷ ᠪᠥᠬᠦ ᠣᠷᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 1000 ᠲᠥᠷᠥᠯ ᠵᠦᠢᠯ ᠢ ᠰᠢᠨ᠎ᠡ ᠪᠠᠷ ᠠᠵᠢᠯ ᠰᠡᠷᠬᠦᠬᠡᠬᠦ ᠪᠤᠯᠤᠨ᠎ᠠ
ᠨᠡᠶᠢᠲᠡᠯᠡᠭᠰᠡᠨ ᠴᠠᠭ᠄
2017/1/3
      ᠪᠦᠬᠦ ᠣᠷᠣᠨ ᠤ 2016 ᠣᠨ ᠤ ᠨᠠᠮᠤᠷ ᠤᠨ ᠤᠯᠠᠷᠢᠯ ᠤᠨ ᠴᠢᠬᠤᠯᠠ ᠶᠡᠭᠡ ᠲᠥᠷᠥᠯ ᠵᠦᠢᠯ ᠤᠨ ᠠᠵᠢᠯ ᠡᠬᠢᠯᠡᠭᠦᠯᠬᠦ ᠪᠦᠲᠦᠭᠡᠨ ᠪᠠᠶᠢᠭᠤᠯᠤᠯᠲᠠ ᠶᠢᠨ ᠳᠠᠶᠢᠴᠢᠯᠠᠯᠲᠠ ᠶᠢᠨ ᠶᠡᠭᠡ ᠬᠤᠷᠠᠯ ᠬᠤᠷᠠᠯᠳᠤᠭᠰᠠᠨ ᠠᠴᠠ ᠨᠠᠰᠢ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠳᠣᠣᠷ᠎ᠠ᠂ ᠪᠦᠬᠦ ᠣᠷᠣᠨ ᠤ ᠡᠯ᠎ᠡ ᠱᠠᠲᠤᠨ ᠤ ᠠᠵᠤ ᠠᠬᠤᠶ ᠶᠢᠨ ᠮᠡᠳᠡᠭᠡ ᠵᠠᠩᠭᠢ ᠶᠢᠨ ᠰᠠᠯᠠᠭ᠎ᠠ ᠮᠥᠴᠢᠷ ᠤᠳ ᠯᠢ ᠵᠢᠶ ᠾᠧᠩ ᠱᠦᠵᠢ ᠶᠢᠨ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠲᠤᠤᠱᠯᠠᠭᠤᠯᠤᠨ ᠬᠡᠷᠡᠭᠵᠢᠭᠦᠯᠵᠦ᠂ ᠴᠢᠬᠤᠯᠠ ᠶᠡᠭᠡ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠶᠢ ᠢᠳᠡᠪᠬᠢᠲᠠᠢ ᠠᠳᠬᠤᠵᠤ᠂ ᠨᠢᠭᠡ ᠱᠡᠳᠦ ᠨᠢ ᠨᠦᠬᠦᠬᠡ ᠱᠡᠳᠦ ᠪᠠᠨ ᠠᠳᠬᠤᠨ᠂ ᠨᠢᠭᠡ ᠱᠠᠲᠤ ᠨᠢ ᠨᠦᠬᠦᠬᠡ ᠱᠠᠲᠤ ᠪᠠᠨ ᠳᠠᠶᠢᠴᠢᠯᠠᠨ᠂ ᠱᠠᠲᠤ ᠱᠠᠲᠤ ᠪᠠᠷ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠤᠨ ᠪᠠᠶᠢᠷᠢᠰᠢᠭᠤᠯᠤᠯᠲᠠ ᠶᠢ ᠪᠤᠢ ᠪᠤᠯᠭᠠᠪᠠ᠂ 2017 ᠣᠨ ᠳᠤ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 1000 ᠲᠥᠷᠥᠯ ᠵᠦᠢᠯ ᠢ ᠠᠵᠢᠯ ᠰᠡᠷᠭᠦᠭᠡᠬᠦ ᠎ ᠪᠠᠷ ᠲᠦᠯᠦᠪᠯᠡᠵᠤ ᠪᠠᠶᠢᠨ᠎ᠠ᠃      ᠨᠢᠭᠡ᠂ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠳᠠᠯ      2017 ᠣᠨ ᠳᠤ᠂ ᠪᠥᠬᠦ ᠣᠷᠣᠨ ᠳᠤ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 1000 ᠲᠥᠷᠥᠯ ᠵᠦᠢᠯ ᠢ ᠰᠢᠨ᠎ᠡ ᠪᠠᠷ ᠠᠵᠢᠯ ᠰᠡᠷᠭᠦᠭᠡᠵᠦ᠂ ᠲᠤᠰ ᠵᠢᠯ ᠳᠤ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 3656 ᠳ᠋ᠦᠡᠭᠰᠢᠭᠤᠷ ᠲᠥᠭᠦᠷᠢᠭ ᠪᠡᠶᠡᠯᠡᠭᠦᠯᠬᠦ ᠪᠤᠯᠤᠨ᠎ᠠ᠃ ᠡᠭᠦᠨ ᠳᠤ᠂ ᠪᠠᠷᠠᠭᠤᠨ ᠬᠡᠰᠡᠭ ᠤᠨ ᠠᠶᠢᠮᠠᠭ ᠬᠤᠳᠠ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 656 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 65.6%᠎ ᠶᠢ ᠡᠵᠡᠯᠡᠵᠤ᠂ ᠵᠢᠱᠢᠯᠲᠡ ᠪᠠᠷ 2345 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 64.1%᠎ ᠶᠢ ᠡᠵᠡᠯᠡᠨ᠎ᠡ︔ ᠵᠡᠭᠦᠨ ᠬᠡᠰᠡᠭ ᠤᠨ ᠠᠶᠢᠮᠠᠭ ᠬᠤᠳᠠ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 344 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 34.4%᠎ ᠶᠢ ᠡᠵᠡᠯᠡᠵᠤ᠂ ᠵᠢᠱᠢᠯᠲᠡ ᠪᠠᠷ 1311 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 35.9%᠎ ᠶᠢ ᠡᠵᠡᠯᠡᠨ᠎ᠡ᠃      ᠠᠵᠢᠯ ᠲᠦᠷᠦᠯ ᠢᠶᠠᠷ ᠨᠢ ᠬᠤᠪᠢᠶᠠᠪᠠᠯ᠂ ᠡ᠊ᠨᠧᠷᠭᠢ ᠶᠢᠨ ᠠᠵᠢᠯ ᠲᠦᠷᠦᠯ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 242 ᠲᠥᠷᠥᠯ ᠵᠦᠢᠯ ᠢ ᠠᠵᠢᠯ ᠰᠡᠷᠭᠦᠬᠡᠵᠤ᠂ ᠪᠦᠬᠦ ᠤᠷᠤᠨ ᠤ 24.2%᠎ ᠶᠢ ᠡᠵᠡᠯᠡᠵᠤ᠂ ᠵᠢᠱᠢᠯᠲᠡ ᠪᠠᠷ 1278 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ35.0%᠎ ᠢ ᠡᠵᠡᠯᠡᠨ᠎ᠡ︔ ᠲᠡᠮᠦᠷᠯᠢᠭ ᠪᠠᠷᠢᠯᠭ᠎ᠠ ᠶᠢᠨ ᠮᠠᠲ᠋ᠧᠷᠢᠶᠠᠯ ᠤᠨ ᠠᠵᠢᠯ ᠲᠦᠷᠦᠯ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 145 ᠲᠥᠷᠥᠯ ᠵᠦᠢᠯ ᠢ ᠠᠵᠢᠯ ᠰᠡᠷᠬᠦᠬᠡᠵᠤ᠂ ᠪᠦᠬᠦ ᠣᠷᠣᠨ ᠤ 14.5%᠎ ᠶᠢ ᠡᠵᠡᠯᠡᠵᠤ᠂ ᠵᠢᠱᠢᠯᠲᠡ ᠪᠠᠷ 661 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 18.1%᠎ ᠶᠢ ᠡᠵᠡᠯᠡᠨ᠎ᠡ︔ ᠬᠢᠮᠢ ᠶᠢᠨ ᠠᠵᠤ ᠦᠢᠯᠡᠳᠪᠦᠷᠢ ᠶᠢᠨ ᠠᠵᠢᠯ ᠲᠦᠷᠦᠯ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 150 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 15.0%᠎ ᠢ ᠡᠵᠡᠯᠡᠵᠤ᠂ ᠵᠢᠱᠢᠯᠲᠡ ᠪᠠᠷ 632 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 17.3%᠎ ᠶᠢ ᠡᠵᠡᠯᠡᠨ᠎ᠡ︔ ᠮᠧᠬᠠᠨᠢᠭ ᠲᠣᠨᠣᠭᠯᠠᠯ ᠦᠢᠯᠡᠳᠬᠦ ᠦᠢᠯᠡᠰ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 115 ᠲᠥᠷᠥᠯ ᠵᠦᠢᠯ ᠢ ᠠᠵᠢᠯ ᠡᠬᠢᠯᠡᠭᠦᠯᠵᠤ᠂ ᠪᠦᠬᠦ ᠣᠷᠣᠨ ᠤ 11.5%᠎ ᠶᠢ ᠡᠵᠡᠯᠡᠵᠤ᠂ ᠵᠢᠱᠢᠯᠲᠡ ᠪᠠᠷ 315 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 8.6%᠎ ᠶᠢ ᠡᠵᠡᠯᠡᠨ᠎ᠡ︔ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠣᠯᠪᠠᠰᠤᠷᠠᠭᠤᠯᠬᠤ ᠠᠵᠤ ᠦᠢᠯᠡᠳᠪᠦᠷᠢ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 131 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 13.1%᠎ ᠶᠢ ᠡᠵᠡᠯᠡᠵᠤ᠂ ᠵᠢᠱᠢᠯᠲᠡ ᠪᠠᠷ 256 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 7.0%᠎ ᠢ ᠡᠵᠡᠯᠡᠨ᠎ᠡ︔ ᠳᠡᠭᠡᠳᠦ ᠰᠢᠨ᠎ᠡ ᠮᠡᠷᠭᠡᠵᠢᠯ ᠤᠨ ᠠᠵᠢᠯ ᠲᠦᠷᠦᠯ ᠵᠢᠱᠢᠯᠲᠡ ᠪᠠᠷ ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 157 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 15.7%᠎ ᠶᠢ ᠡᠵᠡᠯᠡᠵᠤ᠂ ᠵᠢᠱᠢᠯᠲᠡ ᠪᠠᠷ 382 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠣᠷᠣᠨ ᠤ 10. 4%᠎ ᠶᠢ ᠡᠵᠡᠯᠡᠨ᠎ᠡ᠃      ᠬᠤᠶᠠᠷ᠂ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠳᠠᠯ      2017 ᠣᠨ ᠳᠤ᠂ ᠪᠥᠬᠦ ᠣᠷᠣᠨ ᠳᠤ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 266 ᠲᠥᠷᠥᠯ ᠵᠦᠢᠯ ᠢ ᠰᠢᠨ᠎ᠡ ᠪᠠᠷ ᠠᠵᠢᠯ ᠰᠡᠷᠭᠦᠭᠡᠵᠦ᠂ ᠵᠢᠱᠢᠯᠲᠡ ᠪᠠᠷ ᠲᠤᠰ ᠵᠢᠯ ᠳᠤ ᠲᠣᠭᠲᠠᠮᠠᠯ ᠬᠦ᠋ᠷᠦᠩᠭᠡ ᠶᠢᠨ ᠪᠡᠯᠡ ᠣᠷᠣᠭᠤᠯᠤᠯᠲᠠ ᠶᠢ 2315 ᠳ᠋ᠦᠡᠭᠰᠢᠭᠤᠷ ᠲᠥᠭᠦᠷᠢᠭ ᠪᠡᠶᠡᠯᠡᠬᠦᠯᠬᠦ ᠪᠤᠯᠤᠨ᠎ᠠ᠃ ᠡᠭᠦᠨ ᠳᠤ᠂ ᠪᠠᠷᠠᠭᠤᠨ ᠬᠡᠰᠡᠭ ᠤᠨ ᠠᠶᠢᠮᠠᠭ ᠬᠤᠳᠠ ᠵᠢᠱᠢᠯᠲᠡ ᠪᠠᠷ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 166 ᠲᠥᠷᠥᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 62.4%᠎ ᠶᠢ ᠡᠵᠡᠯᠡᠵᠤ᠂ ᠵᠢᠱᠢᠯᠲᠡ ᠪᠠᠷ 1448 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 62.5%᠎ ᠶᠢ ᠡᠵᠡᠯᠡᠨ᠎ᠡ︔ ᠵᠡᠭᠦᠨ ᠬᠡᠰᠡᠭ ᠤᠨ ᠠᠶᠢᠮᠠᠭ ᠬᠤᠳᠠ ᠵᠢᠱᠢᠯᠲᠡ ᠪᠠᠷ 10 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 100 ᠲᠦᠷᠦᠯ ᠵᠦᠢᠯ ᠢ ᠠᠵᠢᠯ ᠰᠡᠷᠭᠦᠭᠡᠵᠤ᠂ ᠪᠦᠬᠦ ᠤᠷᠤᠨ ᠤ 37.6%᠎ ᠶᠢ ᠡᠵᠡᠯᠡᠵᠤ᠂ ᠵᠢᠱᠢᠯᠲᠡ ᠪᠠᠷ 867 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠵᠤ᠂ ᠪᠦᠬᠦ ᠤᠷᠤᠨ ᠤ 37.5%᠎ ᠶᠢ ᠡᠵᠡᠯᠡᠨ᠎ᠡ᠃      ᠭᠤᠷᠪᠠ᠂ 50 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ ᠲᠥᠷᠥᠯ ᠵᠦᠢᠯ ᠤᠨ ᠪᠠᠶᠢᠳᠠᠯ      2017 ᠣᠨ ᠳᠤ᠂ ᠪᠥᠬᠦ ᠣᠷᠣᠨ ᠳᠤ 50 — 100 ᠳ᠋ᠦᠩᠰᠢᠭᠤᠷ ᠲᠥᠭᠦᠷᠢᠭ ᠤᠨ ᠠᠵᠤ ᠦᠢᠯᠡᠳᠪᠦᠷᠢ ᠶᠢᠨ 39 ᠲᠥᠷᠥᠯ ᠵᠦᠢᠯ ᠢ ᠠᠵᠢᠯ ᠰᠡᠷᠭᠦᠭᠡᠵᠤ᠂ ᠵᠢᠱᠢᠯᠲᠡ ᠪᠠᠷ ᠲᠤᠰ ᠵᠢᠯ ᠳᠤ 480 ᠳ᠋ᠦᠩᠰᠢᠭᠤᠷ ᠲᠥᠭᠦᠷᠢᠭ ᠤᠨ ᠪᠡᠯᠡ   ᠤᠷᠤᠭᠤᠯᠤᠯᠲᠠ ᠶᠢ ᠪᠡᠶᠡᠯᠡᠭᠦᠯᠬᠦ ᠪᠣᠯᠤᠨ᠎ᠠ᠃ ᠡᠭᠦᠨ ᠳᠤ᠄ 20 ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠦᠨ᠂ ᠵᠢᠱᠢᠯᠲᠡ ᠪᠠᠷ 182 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠨ᠎ᠠ︔ 19 ᠲᠦᠷᠦᠯ ᠵᠦᠢᠯ ᠢ ᠦᠷᠭᠦᠯᠵᠢᠯᠡᠨ ᠠᠵᠢᠯ ᠰᠡᠷᠭᠦᠭᠡᠨ ᠪᠠᠶᠢᠭᠤᠯᠵᠤ᠂ ᠵᠢᠱᠢᠯᠲᠡ ᠪᠠᠷ 298 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃ ᠪᠦᠬᠦ ᠣᠷᠣᠨ ᠳᠤ 100 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠠᠵᠤ ᠦᠢᠯᠡᠳᠪᠦᠷᠢ ᠶᠢᠨ 21 ᠲᠥᠷᠥᠯ ᠵᠦᠢᠯ ᠢ ᠰᠢᠨ᠎ᠡ ᠪᠠᠷ ᠠᠵᠢᠯ ᠰᠡᠷᠭᠦᠬᠡᠵᠤ᠂ ᠵᠢᠱᠢᠯᠲᠡ ᠪᠠᠷ ᠲᠤᠰ ᠵᠢᠯ ᠳᠤ 448 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠬᠤ ᠪᠤᠯᠤᠨ᠎ᠠ᠃ ᠡᠭᠦᠨ ᠳᠤ᠄ 7 ᠲᠦᠷᠦᠯ ᠵᠦᠢᠯ ᠢ ᠰᠢᠨ᠎ᠡ ᠪᠠᠷ ᠠᠵᠢᠯ ᠡᠬᠢᠯᠡᠭᠦᠯᠵᠤ᠂ ᠵᠢᠱᠢᠯᠲᠡ ᠪᠠᠷ 160 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠤᠨ᠎ᠠ︔ 14 ᠲᠦᠷᠦᠯ ᠵᠦᠢᠯ ᠢ ᠦᠷᠭᠦᠯᠵᠢᠯᠡᠨ ᠠᠵᠢᠯ ᠰᠡᠷᠭᠦᠭᠡᠨ ᠪᠠᠶᠢᠭᠤᠯᠵᠤ᠂ ᠵᠢᠱᠢᠯᠲᠡ ᠪᠠᠷ 288 ᠳ᠋ᠦᠡᠭᠰᠢᠭᠤᠷ ᠲᠥᠭᠦᠷᠢᠭ ᠤᠨ ᠪᠡᠯᠡ ᠤᠷᠤᠭᠤᠯᠤᠨ᠎ᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号