2016 ᠣᠨ ᠳᠤ ᠪᠦᠬᠦ ᠣᠷᠣᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2016.5 ᠳ᠋ᠦᠩᠰᠢᠭᠤᠷ ᠲᠥᠭᠦᠷᠢᠭ ᠪᠡᠶᠡᠯᠡᠭᠦᠯᠪᠡ
ᠨᠡᠶᠢᠲᠡᠯᠡᠭᠰᠡᠨ ᠴᠠᠭ᠄
2017/1/3
     2016 ᠣᠨ ᠳᠤ᠂ ᠪᠦᠬᠦ ᠣᠷᠣᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠶᠢ 2016.5 ᠳ᠋ᠦᠩᠰᠢᠭᠤᠷ ᠲᠥᠭᠦᠷᠢᠭ ᠪᠡᠶᠡᠯᠡᠭᠦᠯᠵᠦ᠂ 2015 ᠣᠨ ᠤ ᠬᠢ ᠠᠴᠠ 52.0 ᠳ᠋ᠦᠩᠰᠢᠭᠤᠷ ᠲᠥᠭᠦᠷᠢᠭ ᠨᠡᠮᠡᠭᠳᠡᠵᠦ᠂ 2.6%᠎ ᠪᠠᠷ ᠨᠡᠮᠡᠭᠳᠡᠪᠡ᠂ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ‌‍ᠪᠣᠯᠭᠠᠨ ᠥᠭᠡᠷᠡᠴᠢᠯᠡᠬᠦ ᠵᠡᠷᠭᠡ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢᠨ ᠴᠢᠨᠠᠷᠲᠠᠶ ᠬᠦᠴᠦᠨ ᠵᠦᠢᠯ ᠤᠨ ᠨᠥᠯᠥᠭᠡ ᠶᠢ ᠭᠠᠷᠭᠠᠪᠠᠯ᠂ ᠠᠳᠠᠯᠢ ᠪᠠᠷᠢᠮᠵᠢᠶ᠎ᠠ ᠪᠠᠷ 7.0% ᠨᠡᠮᠡᠭᠳᠡᠪᠡ᠃ ᠡᠭᠦᠨ ᠳᠤ ᠭᠠᠶᠢᠯᠢ ᠶᠢᠨ ᠣᠷᠣᠯᠭ᠎ᠠ ᠶᠢ 1335.9ᠲᠥᠭᠦᠷᠢᠭ ᠪᠡᠶᠡᠯᠡᠭᠦᠯᠵᠦ᠂ 1.1%᠎ ᠪᠠᠷ ᠨᠡᠮᠡᠭᠳᠡᠪᠡ︔ ᠭᠠᠶᠢᠯᠢ ᠶᠢᠨ ᠪᠤᠰᠤ ᠣᠷᠣᠯᠭ᠎ᠠ ᠶᠢ 680.6 ᠳ᠋ᠦᠩᠰᠢᠭᠤᠷ ᠲᠥᠭᠦᠷᠢᠭ ᠪᠡᠶᠡᠯᠡᠭᠦᠯᠵᠦ᠂ 5.7%᠎ ᠪᠠᠷ ᠨᠡᠮᠡᠭᠳᠡᠪᠡ᠃      ᠠᠶᠢᠮᠠᠭ ᠬᠤᠳᠠ ᠪᠠᠷ ᠬᠤᠪᠢᠶᠠᠪᠠᠯ᠂ ᠪᠦᠬᠦ ᠣᠷᠣᠨ ᠤ ᠡᠯ᠎ᠡ ᠠᠶᠢᠮᠠᠭ ᠬᠤᠲᠠ ᠶᠢᠨ ᠡᠳ᠋ ᠤᠨ ᠵᠠᠰᠠᠭ ᠤᠨ ᠣᠷᠣᠯᠭ᠎ᠠ ᠴᠥᠮ ᠵᠣᠬᠢᠬᠤ ᠬᠡᠮᠵᠢᠶ᠎ᠡ ᠪᠠᠷ ᠳᠡᠭᠡᠭᠰᠢᠯᠡᠪᠡ᠃ ᠬᠥᠬᠡᠬᠤᠲᠠ ᠪᠤᠭᠤᠲᠤ ᠤᠷᠳᠤᠰ ᠭᠤᠷᠪᠠᠨ ᠬᠤᠳᠠ ᠶᠢᠨ ᠡᠳ᠋ ᠤᠨ ᠵᠠᠰᠠᠭ ᠤᠨ ᠣᠷᠣᠯᠭ᠎ᠠ ᠶᠢᠨ ᠶᠡᠷᠦᠩᠬᠡᠶ ᠬᠡᠮᠵᠢᠶ᠎ᠡ ᠨᠢ ᠮᠢᠩᠭᠠᠨ ᠳ᠋ᠦᠩᠰᠢᠭᠤᠷ ᠲᠥᠭᠦᠷᠢᠭ ᠳᠤ ᠣᠶᠢᠷᠠᠲᠤᠵᠤ᠂ ᠪᠥᠬᠦ ᠣᠷᠣᠨ ᠤ ᠡᠳ᠋ ᠤᠨ ᠵᠠᠰᠠᠭ ᠤᠨ ᠣᠷᠣᠯᠭ᠎ᠠ ᠶᠢᠨ 49.2%᠎ ᠶᠢ ᠡᠵᠡᠯᠡᠪᠡ᠃ ᠡᠭᠦᠨ ᠳᠤ᠂ ᠤᠷᠳᠤᠰ ᠬᠤᠳᠠ 451.0 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠵᠦ᠂ ᠶᠡᠷᠦᠩᠬᠡᠶ ᠬᠡᠮᠵᠢᠶ᠎ᠡ ᠨᠢ ᠦᠷᠭᠦᠯᠵᠢᠯᠡᠨ ᠪᠥᠬᠦ ᠣᠷᠣᠨ ᠳᠤ ᠣᠷᠣᠶᠢᠯᠠᠵᠤ ᠪᠠᠶᠢᠨ᠎ᠠ︔ ᠪᠤᠭᠤᠲᠤ ᠬᠤᠳᠠ 271.2 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ︔ ᠬᠥᠬᠡᠬᠤᠲᠠ 269.7 ᠳ᠋ᠦᠩᠰᠢᠭᠤᠷ ᠲᠥᠭᠦᠷᠢᠭ ᠤᠨ ᠣᠷᠣᠯᠭ᠎ᠠ ᠶᠢ ᠪᠡᠶᠡᠯᠡᠭᠦᠯᠪᠡ᠃ ᠰᠢᠯᠢ ᠶᠢᠨ ᠭᠤᠣᠯ ᠠᠶᠢᠮᠠᠭ ᠤᠨ ᠣᠷᠣᠯᠭ᠎ᠠ ᠨᠢ 100 ᠳ᠋ᠦᠩᠰᠢᠭᠤᠷ ᠲᠥᠭᠦᠷᠢᠭ ᠤᠨ ᠪᠣᠭᠤᠮᠲᠠ ᠶᠢ ᠳᠠᠪᠠᠵᠤ᠂ 105.1 ᠳ᠋ᠦᠩᠰᠢᠭᠤᠷ ᠲᠥᠭᠦᠷᠢᠭ ᠲᠤ ᠬᠦᠷᠴᠦ᠂ 12.0᠎ ᠢᠶᠠᠷ ᠨᠡᠮᠡᠭᠳᠡᠪᠡ᠃ ᠬᠢᠩᠭᠠᠨ ᠠᠶᠢᠮᠠᠭ ᠤᠨ ᠣᠷᠣᠯᠭ᠎ᠠ ᠶᠢᠨ ᠨᠡᠮᠡᠭᠳᠡᠯ ᠤᠨ ᠬᠡᠮᠵᠢᠶ᠎ᠡ ᠨᠢ 13.1%᠎ ᠳᠤ ᠬᠦᠷᠴᠦ᠂ ᠨᠡᠮᠡᠭᠳᠡᠯ ᠤᠨ ᠬᠡᠮᠵᠢᠶ᠎ᠡ ᠨᠢ ᠪᠦᠬᠦ ᠣᠷᠣᠨ ᠳᠤ ᠦᠷᠭᠦᠯᠵᠢᠯᠡᠨ ᠣᠷᠣᠶᠢᠯᠠᠵᠤ ᠪᠠᠶᠢᠨ᠎ᠠ᠃ ᠬᠤᠰᠢᠭᠤ ᠰᠢᠶᠠᠨ ᠢᠶᠠᠷ ᠬᠤᠪᠢᠶᠠᠪᠠᠯ᠂ ᠪᠦᠬᠦ ᠣᠷᠣᠨ ᠤ 102 ᠬᠤᠰᠢᠭᠤ ᠰᠢᠶᠠᠨ ᠲᠣᠭᠤᠷᠢᠭ ᠤᠨ ᠡ᠊ᠩ ᠤᠨ ᠤᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠢ ᠴᠥᠮ ᠳ᠋ᠦᠩᠰᠢᠭᠤᠷ ᠲᠥᠭᠦᠷᠢᠭ ᠢ ᠳᠠᠪᠠᠪᠠ᠃ ᠡᠭᠦᠨ ᠳᠤ 3 ᠬᠤᠰᠢᠭᠤ ᠰᠢᠶᠠᠨ 70 ᠳ᠋ᠦᠩᠰᠢᠭᠤᠷ ᠲᠥᠭᠦᠷᠢᠭ ᠢ ᠳᠠᠪᠠᠵᠤ᠂ 18 ᠬᠤᠰᠢᠭᠤ ᠰᠢᠶᠠᠨ 20 ᠳ᠋ᠦᠩᠰᠢᠭᠤᠷ ᠲᠥᠭᠦᠷᠢᠭ ᠢ ᠳᠠᠪᠠᠵᠤ᠂ 38 ᠬᠤᠰᠢᠭᠤ ᠰᠢᠶᠠᠨ 10 ᠳ᠋ᠦᠩᠰᠢᠭᠤᠷ ᠲᠥᠭᠦᠷᠢᠭ ᠢ ᠳᠠᠪᠠᠪᠠ᠃      2016 ᠣᠨ ᠳᠤ᠂ ᠪᠦᠬᠦ ᠣᠷᠣᠨ ᠤ ᠡᠩ ᠤᠨ ᠣᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠨᠢ 4526.3 ᠳ᠋ᠦᠩᠰᠢᠭᠤᠷ ᠲᠥᠭᠦᠷᠢᠭ ᠲᠤ ᠬᠦᠷᠴᠦ᠂ 6.4%᠎ ᠪᠠᠷ ᠨᠡᠮᠡᠭᠳᠡᠵᠦ᠂ ᠵᠢᠯ ᠤᠨ ᠡᠬᠢᠨ ᠤ ᠵᠢᠱᠢᠯᠲᠡ ᠠᠴᠠ 0.4 ᠵᠠᠭᠤᠨ ᠤ ᠴᠡᠭ ᠥᠨᠳᠥᠷ ᠪᠣᠯᠪᠠ᠃ ᠨᠢᠳᠤᠨᠤᠨ᠂ ᠪᠦᠬᠦ ᠣᠷᠣᠨ ᠤ ᠡᠯ᠎ᠡ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ︽ᠡᠬᠡ ᠤᠯᠤᠰ ᠤᠨ ᠤᠮᠠᠷᠠᠲᠤ ᠬᠢᠯᠢ ᠶᠢᠨ ᠥᠩᠭᠡ ᠢᠯᠭᠠᠷᠠᠭᠰᠠᠨ ᠥᠵᠮᠵᠢᠲᠦ ᠣᠷᠣᠨ ᠢ ᠴᠣᠭᠴᠠᠯᠠᠬᠤ︾ ᠲᠡᠮᠡᠴᠡᠯ ᠤᠨ ᠬᠠᠷᠠᠯᠲᠠ ᠲᠠᠢ ᠨᠢᠭᠲᠠ ᠤᠶᠠᠯᠳᠤᠭᠤᠯᠤᠨ᠂ ᠭᠤᠣᠯᠳᠠᠯᠭ᠎ᠠ ᠶᠢ ᠲᠤᠪᠤᠶᠢᠯᠭᠠᠵᠤ᠂ ᠲᠦᠢᠯ ᠤᠨ ᠣᠨᠣᠪᠴᠢᠲᠠᠢ ᠠᠷᠭ᠎ᠠ ᠪᠣᠳᠣᠯᠭ᠎ᠠ ᠬᠡᠷᠡᠭᠵᠢᠭᠦᠯᠪᠡ᠃ ᠨᠢᠭᠡ ᠳᠤ ᠪᠦᠬᠦ ᠬᠦᠴᠦᠨ ᠢᠶᠠᠷ ᠢᠶᠠᠨ ᠠᠵᠤ ᠠᠬᠤᠶ ᠶᠢᠨ ᠬᠥᠭᠵᠢᠯᠲᠡ ᠶᠢ ᠲᠣᠭᠲᠠᠪᠤᠷᠢᠵᠢᠭᠤᠯᠪᠠ᠃ ᠭᠠᠵᠠᠷ ᠣᠷᠣᠨ ᠤ ᠵᠢᠭᠡᠯᠡᠯᠭᠡ ᠶᠢᠨ ᠲᠡᠮᠳᠡᠭ ᠢ 2502 ᠳ᠋ᠦᠩᠰᠢᠭᠤᠷ ᠲᠥᠭᠦᠷᠢᠭ ᠠᠮᠵᠢᠯᠲᠠ ᠲᠠᠢ ᠪᠠᠷ ᠲᠠᠷᠬᠠᠭᠠᠵᠤ᠂ ᠦᠢᠯᠡᠳᠪᠦᠷᠢᠯᠡᠯ ᠳᠤ ᠬᠡᠷᠡᠭᠯᠡᠬᠦ ᠴᠠᠬᠢᠯᠭᠠᠨ ᠳᠤ ᠲᠦᠷ ᠲᠡᠳᠬᠦᠬᠦ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠪᠡᠯᠡ ᠣᠷᠣᠭᠤᠯᠬᠤ ᠡᠷᠴᠢᠮ ᠢ ᠴᠢᠩᠭᠠᠷᠠᠭᠤᠯᠵᠤ᠂ ᠭᠤᠣᠯᠳᠠᠯᠭ᠎ᠠ ᠲᠠᠢ ᠲᠥᠷᠥᠯ ᠵᠦᠢᠯ ᠤᠨ ᠪᠥᠳᠥᠭᠡᠨ ᠪᠠᠶᠢᠭᠤᠯᠤᠯᠲᠠ ᠳᠤ ᠪᠦᠬᠦ ᠲᠠᠯ᠎ᠠ ᠪᠠᠷ ᠳᠡᠮᠵᠢᠯᠭᠡ ᠦᠵᠡᠭᠦᠯᠵᠦ᠂ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠬᠤ ᠲᠥᠷᠥᠯ ᠵᠦᠢᠯ ᠢ ᠶᠡᠬᠡᠪᠡᠷ ᠳᠡᠯᠭᠡᠷᠡᠭᠦᠯᠵᠦ᠂ ᠪᠥᠬᠦ ᠣᠷᠣᠨ ᠤ ᠵᠠᠰᠠᠭ ᠤᠨ ᠣᠷᠳᠣᠨ ᠪᠣᠯᠣᠨ ᠨᠡᠶᠢᠭᠡᠮ ᠤᠨ ᠬᠦᠷᠦᠩᠭᠡ ᠶᠢᠨ ᠬᠠᠮᠲᠤᠷᠠᠯᠴᠠᠭ᠎ᠠ ᠶᠢᠨ 66 ᠲᠥᠷᠥᠯ ᠵᠦᠢᠯ ᠢ ᠨᠠᠶᠢᠳᠠᠪᠤᠷᠢᠵᠢᠭᠤᠯᠵᠤ᠂ ᠨᠡᠶᠢᠭᠡᠮ ᠤᠨ ᠪᠡᠯᠡ ᠣᠷᠣᠭᠤᠯᠤᠯᠲᠠ ᠶᠢ 802 ᠳ᠋ᠦᠩᠰᠢᠭᠤᠷ ᠲᠥᠭᠦᠷᠢᠭ ᠲᠠᠲᠠᠪᠠ᠃ ᠬᠤᠶᠠᠷ ᠲᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢ ᠬᠦᠴᠦᠲᠡᠶ ᠳᠥᠯᠭᠢᠨ ᠠᠬᠢᠭᠤᠯᠪᠠ᠃ ︽ᠭᠤᠷᠪᠠ ᠶᠢ ᠦᠭᠡᠶᠢᠰᠬᠡᠬᠦ‍ ᠨᠢᠭᠡ ᠶᠢ ᠪᠠᠭᠤᠷᠠᠭᠤᠯᠬᠤ ᠨᠢᠭᠡ ᠶᠢ ᠨᠥᠬᠦᠪᠥᠷᠢᠯᠡᠬᠦ︾ ᠠᠵᠢᠯ ᠢ ᠯᠠᠪᠳᠠᠭᠤᠨ ᠪᠠᠲᠤᠲᠠᠶ ᠲᠦᠯᠬᠢᠨ ᠠᠬᠢᠭᠤᠯᠵᠤ᠂ ᠬᠤᠴᠣᠷᠤᠩᠭᠤᠶ ᠦᠢᠯᠡᠳᠪᠦᠷᠢᠯᠡᠬᠦ ᠴᠢᠳᠠᠪᠤᠷᠢ ᠶᠢ ᠰᠢᠯᠢᠳᠡᠭᠵᠢᠭᠦᠯᠬᠦ ᠶᠢ ᠳᠡᠮᠵᠢᠪᠡ᠃ ᠡᠵᠡᠩᠨᠡᠯᠲᠡ ᠶᠢᠨ ᠭᠠᠶᠢᠯᠢ ᠶᠢ ᠥᠷᠲᠡᠭ ᠤᠨ ᠨᠡᠮᠡᠭᠳᠡᠯ ᠤᠨ ᠭᠠᠶᠢᠯᠢ ᠪᠣᠯᠭᠠᠨ ᠥᠭᠡᠷᠡᠴᠢᠯᠡᠬᠦ ᠵᠡᠷᠭᠡ ᠭᠠᠶᠢᠯᠢ ᠬᠥᠩᠭᠡᠯᠡᠵᠦ ᠰᠦᠢᠳᠬᠡᠯ ᠪᠠᠭᠤᠷᠠᠭᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠠᠵᠤ ᠠᠬᠤᠶᠢᠯᠠᠯ ᠤᠨ ᠳᠠᠷᠤᠭᠠᠰᠤ ᠶᠢ ᠨᠢ ᠬᠥᠩᠭᠡᠯᠡᠵᠤ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠬᠥᠭᠵᠢᠭᠡᠪᠡ᠃ ᠭᠤᠷᠪᠠ ᠳᠤ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠶᠢ ᠬᠦᠴᠦᠯᠡᠨ ᠪᠠᠲᠤᠯᠠᠪᠡ᠃ ᠪᠦᠬᠦ ᠣᠷᠣᠨ ᠤ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠳᠤ ᠬᠡᠷᠡᠭᠯᠡᠭᠰᠡᠨ ᠵᠠᠷᠤᠯᠭ᠎ᠠ ᠨᠢ 3000 ᠳ᠋ᠦᠩᠰᠢᠭᠤᠷ ᠲᠥᠭᠦᠷᠢᠭ ᠲᠤ ᠣᠶᠢᠷᠠᠲᠤᠵᠤ᠂ 2979.4 ᠳ᠋ᠦᠩᠰᠢᠭᠤᠷ ᠲᠥᠭᠦᠷᠢᠭ ᠲᠤ ᠬᠦᠷᠴᠦ᠂ ᠡ᠊ᠩ ᠤᠨ ᠤᠯᠠᠨ ᠨᠡᠶᠢᠲᠡ ᠶᠢᠨ ᠲᠥᠰᠦᠪ ᠤᠨ ᠵᠠᠷᠤᠯᠭ᠎ᠠ ᠶᠢᠨ 65.8%᠎ ᠶᠢ ᠡᠵᠡᠯᠡᠪᠡ︔ ᠡᠳ᠋ ᠤᠨ ᠵᠠᠰᠠᠭ ᠤᠨ ᠶᠠᠳᠠᠭᠤ ᠶᠢ ᠲᠡᠳᠬᠦᠬᠦ ᠲᠤᠰᠬᠠᠶ ᠪᠡᠯᠡ ᠮᠥᠩᠭᠦ 22.8%᠎ ᠪᠠᠷ ᠨᠡᠮᠡᠭᠳᠡᠪᠡ᠃ ᠲᠦᠷᠪᠡ ᠳᠤ ᠡᠳ᠋ ᠤᠨ ᠵᠠᠰᠠᠭ ᠤᠨ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶ ᠲᠦᠯᠬᠢᠨ ᠠᠬᠢᠭᠤᠯᠪᠠ᠃ ᠲᠥᠰᠦᠪ ᠤᠨ ᠭᠦᠢᠴᠡᠳᠬᠡᠯ ᠢ ᠢᠯᠡ ᠪᠣᠯᠭᠠᠬᠤ᠂ ᠡᠬᠢ ᠪᠠᠶᠠᠯᠢᠭ ᠤᠨ ᠭᠠᠶᠢᠯᠢ ᠶᠢ ᠥᠭᠡᠷᠡᠴᠢᠯᠡᠬᠦ ᠪᠠ ᠰᠢᠯᠵᠢᠭᠦᠯᠦᠨ ᠥᠭᠬᠦ ᠲᠣᠭᠲᠠᠴᠠ ᠶᠢ ᠪᠦᠷᠢᠨᠰᠢᠭᠦᠯᠬᠦ᠂ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ᠂ ᠵᠠᠰᠠᠭ ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠲᠠᠯ᠎ᠠ ᠪᠠᠷ ᠢᠯᠡᠳᠲᠡ ᠠᠮᠵᠢᠯᠲᠠ ᠪᠦᠲᠦᠮᠵᠢ ᠣᠯᠪᠠ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号