12 ᠳ᠋ᠤᠭᠠᠷ ᠰᠠᠷ᠎ᠡ ᠶᠢᠨ 30 ᠤ ᠡᠳᠤᠷ᠂ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠰᠤᠨᠢᠨ ᠮᠡᠳᠡᠭᠡ ᠨᠡᠶᠢᠢᠳᠡᠯᠡᠬᠦ ᠬᠤᠷᠠᠯ ᠬᠤᠷᠠᠯᠳᠤᠭᠤᠯᠤᠨ᠂ 2016 ᠣᠨ ᠤ ᠪᠦᠬᠦ ᠤᠷᠤᠨ ᠤ ᠠᠵᠤ | ᠠᠬᠤᠢ ᠨᠡᠶᠢᠢᠬᠡᠮ ᠤᠨ ᠬᠦᠭᠵᠢᠯᠳᠡ ᠶᠢᠨ ᠭᠤᠤᠯᠳᠠᠯᠭ᠎ᠠ ᠲᠠᠢ ᠠᠵᠢᠯ ᠤᠨ ᠪᠠᠶᠢᠢᠳᠠᠯ ᠢ ᠨᠡᠶᠢᠢᠳᠡᠯᠡᠵᠡᠢ᠃ | ᠬᠤᠷᠠᠯ ᠠᠴᠠ᠂ ᠡᠨᠡ ᠵᠢᠯ ᠪᠤᠯ ︽13.5︾ ᠶᠢᠨ ᠡᠬᠢᠯᠡᠯᠳᠡ ᠶᠢᠨ ᠵᠢᠯ ᠪᠤᠯᠤᠨ᠎ᠡ᠂ ᠬᠠᠳᠠᠭᠤ | ᠪᠤᠳᠤᠯᠢᠶᠠᠨᠳᠡᠢ ᠠᠵᠤ ᠠᠬᠤᠢ ᠶᠢᠨ ᠪᠠᠶᠢᠢᠳᠠᠯ ᠪᠤᠯᠤᠨ ᠬᠦᠨᠳᠦ ᠴᠢᠬᠤᠯᠡ ᠦᠬᠡᠷᠡᠴᠢᠯᠡᠯᠳᠡ ᠬᠦᠭᠵᠢᠯᠳᠡ ᠶᠢᠨ ᠡᠬᠦᠷᠬᠡ | ᠶᠢᠨ ᠡᠮᠤᠨ᠎ᠡ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠡ᠂ ᠵᠠᠰᠠᠭ ᠤᠨ ᠤᠷᠳᠤᠨ ᠤ ᠲᠤᠬᠳᠠᠭᠤᠨ ᠤ | ᠲᠤᠮᠳᠡ ᠤᠷᠤᠬᠰᠢᠯᠠᠬᠤ ᠠᠵᠢᠯ ᠤᠨ ᠶᠡᠷᠤᠩᠬᠡᠢ ᠬᠦᠭ ᠠᠶᠠᠰ ᠢ ᠪᠠᠷᠢᠮᠳᠠᠯᠠᠨ᠂ ᠡᠯ᠎ᠡ ᠲᠦᠷᠦᠯ ᠤᠨ ᠬᠦᠴᠢᠷᠳᠡᠯ | ᠪᠤᠯᠤᠨ ᠦᠷᠢᠰᠦᠯᠳᠦᠬᠡᠨ ᠢ ᠢᠳᠡᠪᠬᠢᠳᠡᠢ ᠠᠷᠭᠠᠴᠠᠪᠡ᠃ | ᠤᠨᠴᠠᠭᠠᠶᠢᠢᠯᠠᠨ ᠦᠪᠡᠷᠳᠡᠬᠡᠨ ᠵᠠᠰᠠᠬᠤ ᠤᠷᠤᠨ ᠤ ᠠᠷᠪᠠᠳᠤᠭᠠᠷ ᠬᠤᠭᠤᠴᠠᠭᠠᠨ ᠤ ᠨᠠᠮ ᠤᠨ | ᠲᠦᠯᠦᠬᠡᠯᠡᠭᠴᠢᠳ ᠤᠨ ᠶᠡᠭᠡ ᠬᠤᠷᠠᠯ ᠠᠴᠠ ᠢᠷᠡᠬᠦ ᠲᠠᠪᠤᠨ ᠵᠢᠯ ᠤᠨ ᠬᠦᠭᠵᠢᠯᠳᠡ ᠶᠢᠨ ᠵᠢᠯᠤᠭᠤᠳᠬᠤ ᠦᠵᠡᠯ | ᠰᠠᠨᠠᠭ᠎ᠠ᠂ ᠵᠠᠷᠴᠢᠮ ᠱᠠᠭᠠᠷᠳᠠᠯᠭ᠎ᠠ᠂ ᠭᠤᠤᠯ ᠪᠤᠯᠬᠤ ᠬᠠᠷᠠᠯᠳᠡ ᠪᠤᠯᠤᠨ ᠠᠵᠢᠯ ᠤᠨ ᠡᠬᠦᠷᠬᠡ ᠶᠢ ᠲᠤᠳᠤᠷᠬᠠᠢ | ᠲᠤᠷᠠᠳᠴᠤ᠂ ᠮᠠᠨ ᠤ ᠤᠷᠤᠨ ᠤ ᠴᠢᠨᠡᠬᠡᠯᠢᠭ ᠨᠡᠶᠢᠢᠬᠡᠮ ᠢ ᠪᠦᠬᠦ ᠲᠠᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ | ᠲᠡᠮᠡᠴᠡᠨ ᠤᠯᠬᠤ᠂ ᠡᠬᠡ ᠤᠯᠤᠰ ᠤᠨ ᠤᠮᠠᠷᠠᠳᠤ ᠶᠢᠨ ᠦᠵᠡᠮᠵᠢ ᠶᠢᠨ ᠤᠷᠤᠨ ᠢ ᠨᠡᠩ ᠦᠵᠡᠰᠬᠦᠯᠡᠩᠳᠤ ᠰᠠᠶᠢᠢᠬᠠᠨ | ᠪᠤᠯᠭᠠᠨ ᠪᠦᠲᠦᠭᠡᠨ ᠪᠠᠶᠢᠢᠭᠤᠯᠬᠤ ᠳᠤ ᠤᠷᠤᠬᠰᠢᠯᠠᠬᠤ ᠴᠢᠭᠯᠡᠯ ᠢ ᠵᠢᠭᠠᠨ᠂ ᠦᠨᠳᠦᠰᠦᠨ ᠵᠢᠷᠤᠮᠵᠢᠯᠠᠯ ᠢ ᠬᠠᠩᠭᠠᠵᠤ᠂ | ᠬᠠᠮᠳᠤ ᠶᠢᠨ ᠬᠦᠴᠦᠨ ᠢ ᠨᠢᠬᠳᠠᠷᠠᠭᠤᠯᠵᠤ ᠴᠢᠳᠠᠬᠰᠠᠨ ᠪᠠᠶᠢᠢᠨᠡ ᠬᠡᠵᠤ ᠵᠢᠭᠠᠵᠤ ᠭᠠᠷᠭᠠᠬᠰᠠᠨ ᠪᠠᠶᠢᠢᠨᠡ᠃ | ᠰᠤᠨᠢᠨ ᠮᠡᠳᠡᠭᠡ ᠨᠡᠶᠢᠢᠳᠡᠯᠡᠭᠦ ᠬᠤᠷᠠᠯ ᠳᠡᠭᠡᠷ᠎ᠠ ᠬᠠᠩᠭᠠᠯᠭ᠎ᠠ ᠶᠢᠨ ᠲᠠᠯ᠎ᠡ ᠶᠢᠨ ᠪᠦᠳᠦᠴᠡ ᠶᠢᠨ ᠴᠢᠨᠠᠷᠲᠠᠢ | ᠦᠭᠡᠷᠡᠴᠢᠯᠡᠯᠳᠡ᠂ ︽ᠵᠠᠰᠠᠭ ᠢ ᠴᠤᠮᠬᠠᠳᠬᠠᠨ ᠡᠷᠭᠡ ᠶᠢ ᠲᠠᠯᠪᠢᠬᠤ᠂ ᠲᠠᠯᠪᠢᠬᠤ ᠬᠠᠮᠢᠶᠠᠷᠬᠤ ᠶᠢ ᠤᠶᠠᠯᠳᠤᠭᠤᠯᠬᠤ᠂ | ᠦᠢᠯᠡᠴᠢᠯᠡᠭᠡ ᠶᠢ ᠰᠢᠯᠢᠲᠡᠭᠵᠢᠬᠦᠯᠬᠦ︾ ᠦᠭᠡᠷᠡᠴᠢᠯᠡᠯᠳᠡ᠂ ᠴᠢᠬᠤᠯᠡ ᠶᠡᠭᠡ ᠰᠠᠭᠤᠷᠢ ᠪᠡᠯᠡᠳᠬᠡᠮᠵᠢ ᠶᠢᠨ ᠪᠦᠳᠦᠭᠡᠨ | ᠪᠠᠶᠢᠢᠭᠤᠯᠤᠯᠳᠡ᠂ ᠤᠷᠤᠨ ᠪᠦᠰᠡ ᠶᠢᠨ ᠵᠤᠬᠢᠴᠠᠩᠭᠤᠢ ᠭᠦᠭᠵᠢᠯᠳᠡ᠂ ᠲᠤᠳᠤᠭᠠᠳᠤ ᠭᠠᠳᠠᠭᠠᠳᠤ ᠨᠡᠭᠡᠭᠡᠯᠳᠡ᠂ ᠠᠮᠢ | ᠠᠬᠤᠢ ᠶᠢᠨ ᠪᠦᠳᠦᠭᠡᠨ ᠪᠠᠶᠢᠢᠭᠤᠯᠤᠯᠳᠡ ᠪᠡ ᠤᠷᠴᠢᠨ ᠲᠤᠭᠤᠷᠢᠨ ᠤ ᠬᠠᠮᠠᠭᠠᠯᠠᠯᠳᠡ᠂ ᠮᠠᠯ ᠲᠠᠷᠢᠶᠡᠯᠡᠩ ᠠᠵᠤ | ᠠᠬᠤᠢ ᠶᠢᠨ ᠭᠦᠭᠵᠢᠯᠳᠡ᠂ ᠬᠠᠤᠯᠢ ᠶᠤᠰᠤᠭᠠᠷ ᠵᠠᠰᠠᠭ ᠶᠠᠪᠤᠭᠤᠯᠬᠤ ᠵᠡᠷᠭᠡ ᠨᠠᠶᠢᠮᠡᠨ ᠲᠠᠯ᠎ᠡ ᠶᠢᠨ ᠠᠵᠢᠯ ᠢ | ᠭᠤᠤᠯᠳᠠᠯᠭ᠎ᠠ ᠲᠠᠢ ᠲᠠᠨᠢᠯᠴᠠᠭᠤᠯᠤᠬᠰᠡᠨ ᠪᠦᠭᠡᠳ ᠵᠠᠭᠤᠴᠢᠯᠠᠭᠤᠷ ᠤᠨ ᠠᠩᠬᠠᠷᠴᠦ ᠪᠠᠶᠢᠢᠭ᠎ᠠ ᠬᠠᠯᠠᠮᠰᠢᠯ ᠠᠰᠠᠭᠤᠳᠠᠯ | ᠤᠨ ᠲᠤᠬᠠᠢ ᠰᠤᠷᠪᠤᠯᠵᠢᠯᠠᠭᠴᠢ ᠶᠢᠨ ᠠᠰᠠᠭᠤᠯᠳᠡ ᠶᠢ ᠬᠠᠷᠢᠭᠤᠯᠵᠠᠢ᠃ |