ᠥᠪᠥᠷ ᠵᠠᠰᠠᠭ ᠲᠠᠷᠬᠠᠭᠠᠭᠰᠠᠨ ﹇2016﹈ 75 ᠳ᠋ᠤᠭᠠᠷ ᠲᠤᠭᠠᠳᠤ | 2016 ᠣᠨ ᠤ 6 ᠳ᠋ᠤᠭᠠᠷ ᠰᠠᠷ᠎ᠠ ᠶᠢᠨ 30 ᠤ ᠡᠳᠦᠷ | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠤᠨ᠂ ᠦᠪᠡᠷᠲᠡᠭᠡᠨ ᠵᠠᠰᠠᠬᠤ ᠣᠷᠣᠨ ᠤ | ᠡᠯ᠎ᠡ ᠵᠦᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠤ ᠠᠵᠤ ᠠᠬᠤᠶᠢᠯᠠᠯ᠂ ᠠᠵᠢᠯ ᠦᠢᠯᠡᠰ ᠤᠨ | ᠨᠢᠭᠡᠴᠡ ᠳᠤ᠄ | ︽ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ | ᠠᠵᠢᠯ ᠢ ᠴᠢᠩᠭᠠᠳᠬᠠᠬᠤ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠰᠠᠨᠠᠯ︾ ︵ᠲᠥᠷᠥ ᠲᠠᠷᠬᠠᠭᠠᠭᠰᠠᠨ ﹇ | 2016﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠢ ᠦᠨᠳᠦᠰᠦᠯᠡᠵᠦ᠂ ᠮᠠᠯᠵᠢᠬᠤ ᠲᠠᠷᠢᠶᠠᠯᠠᠬᠤ ᠣᠷᠣᠨ ᠤ | ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠤᠯᠠᠮ ᠨᠢᠭᠡ ᠠᠯᠬᠤᠮ | ᠴᠢᠩᠭᠠᠳᠬᠠᠨ᠂ ᠦᠷᠭᠡᠨ ᠣᠯᠠᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ | ᠡᠷᠡᠭᠦᠯ ᠢᠶᠠᠷ ᠦᠰᠦᠨ ᠪᠤᠶᠢᠵᠢᠬᠤ ᠳᠤ ᠰᠠᠶᠢᠨ ᠰᠠᠶᠢᠬᠠᠨ ᠣᠷᠴᠢᠨ ᠲᠣᠭᠤᠷᠢᠨ ᠢ ᠡᠭᠦᠳᠴᠦ ᠥᠭᠬᠦ ᠶᠢᠨ ᠲᠤᠰᠠᠳᠠ᠂ | ᠮᠠᠨ ᠤ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ᠂ ᠡᠳᠦᠭᠡ ᠳᠣᠣᠷᠠᠬᠢ ᠮᠡᠲᠦ ᠰᠠᠨᠠᠯ ᠢ ᠳᠤᠷᠠᠳᠪᠠ᠃ | ᠨᠢᠭᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠠᠴᠢ ᠬᠤᠯᠪᠣᠭᠳᠠᠯ | ᠬᠦᠳᠡᠭᠡ ᠲᠤᠰᠬᠤᠨ ᠤ ᠭᠡᠷ ᠲᠡᠭᠡᠨ ᠬᠤᠴᠤᠷᠤᠭᠰᠠᠨ ᠬᠡᠦᠬᠡᠳ ᠪᠣᠯ ᠮᠠᠨ ᠤ ᠤᠯᠤᠰ ᠤᠨ ᠦᠭᠡᠷᠡᠴᠢᠯᠡᠯᠲᠡ | ᠬᠢᠵᠦ ᠴᠢᠯᠦᠭᠡᠲᠡᠢ ᠶᠠᠪᠤᠯᠴᠠᠭᠰᠠᠨ ᠠᠴᠠ ᠨᠠᠰᠢ ᠢᠯᠡᠷᠡᠭᠰᠡᠨ ᠨᠢᠭᠡᠨ ᠣᠨᠴᠤᠭᠤᠢ ᠪᠦᠯᠦᠭ ᠴᠣᠭᠴᠠ ᠪᠣᠯᠣᠨ᠎ᠠ᠂ | ᠭᠤᠣᠯᠳᠠᠭᠤ ᠡᠵᠢ ᠠᠪᠤ ᠬᠤᠶᠠᠷ ᠨᠢ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠪᠣᠶᠣ ᠨᠢᠭᠡ ᠨᠢ ᠭᠠᠳᠠᠭᠰᠢ | ᠭᠠᠷᠴᠤ ᠬᠦᠴᠦ ᠶᠠᠪᠤᠵᠤ ᠨᠦᠭᠦᠭᠡᠳᠡᠬᠢ ᠨᠢ ᠦᠵᠡᠵᠦ ᠬᠠᠷᠠᠭᠠᠯᠵᠠᠨ ᠬᠠᠮᠠᠭᠠᠯᠠᠬᠤ ᠴᠢᠳᠠᠪᠤᠷᠢ ᠦᠭᠡᠢ᠂ ᠪᠦᠬᠦᠯᠢ | ᠠᠷᠪᠠᠨ ᠵᠢᠷᠭᠤᠭᠠᠨ ᠨᠠᠰᠤ ᠬᠦᠷᠦᠭᠡᠳᠦᠢ ᠨᠠᠰᠤᠨ ᠳᠤ ᠦᠯᠦ ᠬᠦᠷᠦᠭᠰᠡᠳ ᠢ ᠵᠢᠭᠠᠵᠤ ᠪᠣᠢ᠃ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠬᠦ | ᠪᠣᠯ ᠨᠠᠰᠤᠨ ᠳᠤ ᠦᠯᠦ ᠬᠦᠷᠦᠭᠰᠡᠳ ᠤᠨ ᠡᠷᠡᠭᠦᠯ ᠢᠶᠠᠷ ᠦᠰᠦᠨ ᠪᠤᠶᠢᠵᠢᠬᠤ ᠳᠤ ᠬᠤᠯᠪᠣᠭᠳᠠᠬᠤ ᠪᠦᠭᠡᠳ ᠭᠡᠷ | ᠪᠦᠯᠢ ᠶᠢᠨ ᠵᠤᠯ ᠵᠢᠷᠭᠠᠯ ᠪᠠ ᠨᠡᠶᠢᠭᠡᠮ ᠤᠨ ᠡᠶ᠎ᠡ ᠵᠣᠬᠢᠴᠠᠯ ᠯᠤᠭ᠎ᠠ ᠬᠤᠯᠪᠣᠭᠳᠠᠬᠤ ᠪᠣᠯᠬᠤᠷ ᠦᠪᠡᠷᠲᠡᠭᠡᠨ ᠵᠠᠰᠠᠬᠤ | ᠣᠷᠣᠨ ᠤ ᠠᠵᠤ ᠠᠬᠤᠢ ᠨᠡᠶᠢᠭᠡᠮ ᠤᠨ ᠦᠷᠭᠦᠯᠵᠢᠯᠡᠨ ᠬᠥᠭᠵᠢᠬᠦ᠂ ᠶᠠᠳᠠᠭᠤ ᠠᠴᠠ ᠠᠩᠬᠢᠵᠢᠷᠠᠭᠤᠯᠤᠨ ᠪᠣᠭᠤᠮᠲᠠ | ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠳᠤ ᠴᠢᠬᠤᠯᠠ ᠠᠴᠢ | ᠬᠤᠯᠪᠣᠭᠳᠠᠯ ᠲᠠᠢ ᠶᠤᠮ᠃ ᠣᠯᠠᠨ ᠵᠢᠯ ᠤᠨ ᠲᠣᠷᠰᠢ᠂ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠦᠪᠡᠷᠲᠡᠭᠡᠨ ᠵᠠᠰᠠᠬᠤ ᠣᠷᠣᠨ ᠤ ᠬᠠᠮᠢᠶ᠎ᠠ ᠪᠦᠬᠦᠢ ᠱᠠᠭᠠᠷᠳᠠᠯᠭ᠎ᠠ ᠶᠤᠰᠤᠭᠠᠷ᠂ ᠮᠠᠯᠵᠢᠬᠤ ᠲᠠᠷᠢᠶᠠᠯᠠᠬᠤ | ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠪᠠ ᠬᠠᠮᠠᠭᠠᠯᠠᠯᠲᠠ ᠶᠢᠨ | ᠠᠵᠢᠯ ᠢ ᠢᠳᠡᠪᠬᠢᠲᠡᠢ ᠦᠷᠨᠢᠭᠦᠯᠦᠭᠰᠡᠭᠡᠷ ᠪᠠᠶᠢᠵᠤ᠂ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠠᠰᠤᠷᠠᠯᠲᠠ | ᠦᠭᠡᠢ ᠲᠡᠭᠦᠯᠳᠡᠷᠵᠢᠭᠦᠯᠦᠨ᠂ ᠠᠵᠢᠯ ᠤᠨ ᠲᠣᠭᠲᠠᠴᠠ ᠶᠢ ᠠᠯᠬᠤᠮ ᠠᠯᠬᠤᠮ ᠢᠶᠠᠷ ᠪᠦᠷᠢᠨᠰᠢᠭᠦᠯᠵᠦ᠂ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡ ᠶᠢ ᠭᠦᠨᠵᠡᠭᠡᠢ ᠦᠷᠨᠢᠭᠦᠯᠦᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ | ᠬᠤᠴᠤᠷᠤᠭᠰᠠᠨ ᠬᠡᠦᠬᠡᠳ ᠤᠨ ᠣᠷᠣᠰᠢᠨ ᠲᠣᠭᠲᠠᠨᠢᠯ᠂ ᠬᠠᠮᠠᠭᠠᠯᠠᠯᠲᠠ᠂ ᠬᠥᠭᠵᠢᠯᠲᠡ ᠶᠢᠨ ᠣᠷᠴᠢᠨ ᠲᠣᠭᠤᠷᠢᠨ ᠪᠠ | ᠨᠦᠬᠦᠴᠡᠯ ᠢ ᠲᠠᠰᠤᠷᠠᠯᠲᠠ ᠦᠭᠡᠢ ᠰᠠᠶᠢᠵᠢᠷᠠᠭᠤᠯᠪᠠ᠃ ᠭᠡᠪᠡᠴᠦ ᠡᠭᠦᠨ ᠤ ᠬᠠᠮᠲᠤ ᠪᠠᠰᠠ ᠵᠠᠷᠢᠮ ᠭᠠᠵᠠᠷ ᠣᠷᠣᠨ ᠳᠤ | ᠣᠶᠢᠷ᠎ᠠ ᠶᠢᠨ ᠵᠢᠯ ᠤᠨ ᠲᠣᠷᠰᠢ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ | ᠰᠠᠨᠠᠭᠠᠨ ᠳᠤ ᠪᠤᠰᠦ ᠬᠤᠣᠷᠯᠠᠯ᠂ ᠬᠠᠤᠯᠢ ᠪᠤᠰᠤ ᠬᠤᠣᠷ ᠬᠦᠨᠦᠭᠡᠯ ᠳᠤ ᠤᠴᠠᠷᠠᠬᠤ ᠵᠡᠷᠭᠡ ᠬᠦᠮᠦᠨ ᠤ ᠪᠡᠶ᠎ᠡ ᠶᠢᠨ | ᠠᠮᠦᠷ ᠲᠥᠪᠰᠢᠨ ᠢ ᠬᠦᠨᠳᠦ ᠨᠣᠴᠢᠲᠠᠢ ᠰᠦᠷᠳᠡᠭᠦᠯᠦᠭᠰᠡᠨ᠂ ᠴᠢᠨᠠᠭᠰᠢᠯᠠᠪᠠᠯ ᠠᠮᠢ ᠬᠤᠷᠤᠭᠠᠬᠤ ᠬᠡᠲᠦᠷᠡᠮᠡᠬᠡᠢ ᠬᠡᠷᠡᠭ | ᠬᠠᠶᠠ ᠬᠠᠶᠠ ᠡᠭᠦᠰᠦᠭᠰᠡᠨ ᠢ ᠤᠯᠵᠤ ᠬᠠᠷᠠᠬᠤ ᠬᠡᠷᠡᠭᠲᠡᠢ᠃ ᠣᠳᠣᠬᠠᠨ ᠳᠤ ᠪᠦᠬᠦ ᠣᠷᠣᠨ ᠤ ᠪᠠᠶᠢᠩᠭᠤ ᠰᠠᠭᠤᠭ᠎ᠠ | ᠬᠦᠮᠦᠨ ᠠᠮᠠ ᠶᠢᠨ ᠬᠤᠲᠠ ᠪᠠᠯᠭᠠᠰᠤᠵᠢᠯᠲᠠ ᠶᠢᠨ ᠨᠤᠷᠮ᠎ᠠ ᠨᠢᠭᠡᠨᠲᠡ 60.3% ᠳᠤ ᠬᠦᠷᠴᠦ᠂ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠶᠡᠷᠦᠩᠬᠡᠢ ᠲᠤᠭ᠎ᠠ ᠵᠢᠯ ᠳᠠᠷᠠᠭᠠᠯᠠᠨ ᠨᠡᠮᠡᠭᠳᠡᠬᠦ | ᠬᠠᠨᠳᠤᠰᠢ ᠢᠯᠡᠷᠡᠵᠦ᠂ ᠢᠷᠡᠭᠡᠳᠦᠢ ᠶᠢᠨ ᠨᠡᠯᠢᠶᠡᠳ ᠤᠷᠲᠤ ᠬᠤᠭᠤᠴᠠᠭᠠᠨ ᠳᠤ ᠮᠦᠨ ᠬᠦ ᠮᠠᠯᠵᠢᠬᠤ ᠲᠠᠷᠢᠶᠠᠯᠠᠬᠤ | ᠣᠷᠣᠨ ᠤ ᠬᠦᠳᠡᠯᠮᠦᠷᠢ ᠬᠦᠴᠦ ᠭᠠᠳᠠᠭᠰᠢ ᠭᠠᠷᠴᠤ᠂ ᠬᠡᠰᠡᠭ ᠬᠡᠦᠬᠡᠳ ᠭᠡᠷ ᠲᠡᠭᠡᠨ ᠬᠤᠴᠤᠷᠬᠤ ᠪᠣᠳᠠᠳᠣ | ᠪᠠᠶᠢᠳᠠᠯ ᠳᠤ ᠲᠤᠯᠭᠠᠷᠠᠬᠤ ᠪᠣᠯᠣᠨ᠎ᠠ᠂ ᠡᠶᠢᠮᠦ ᠠᠴᠠ᠂ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠡᠭᠦᠷᠭᠡ ᠲᠦᠢᠯ ᠤᠨ ᠨᠦᠰᠡᠷ ᠬᠦᠨᠳᠦ ᠪᠠᠶᠢᠨ᠎ᠠ᠃ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠪᠣᠯ ᠪᠤᠰᠤᠳ ᠬᠡᠦᠬᠡᠳ ᠲᠠᠢ | ᠠᠳᠠᠯᠢ ᠪᠠᠷ ᠡᠬᠡ ᠤᠯᠤᠰ ᠤᠨ ᠢᠷᠡᠭᠡᠳᠦᠢ ᠪᠠ ᠬᠦᠰᠡᠯ ᠡᠷᠡᠮᠡᠯᠵᠡᠯ ᠪᠣᠯᠬᠤᠷ ᠨᠡᠶᠢᠭᠡᠮ ᠳᠠᠶᠠᠭᠠᠷ ᠬᠠᠮᠲᠤᠪᠠᠷ | ᠬᠠᠯᠠᠮᠵᠢᠯᠠᠬᠤ ᠬᠡᠷᠡᠭᠲᠡᠢ᠃ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠨ᠂ ᠨᠠᠰᠤᠨ ᠳᠤ ᠦᠯᠦ ᠬᠦᠷᠦᠭᠰᠡᠳ ᠤᠨ ᠬᠠᠤᠯᠢ ᠶᠤᠰᠤᠨ ᠤ ᠡᠷᠬᠡ | ᠠᠰᠢᠭ ᠢ ᠬᠠᠮᠠᠭᠠᠯᠠᠬᠤ ᠨᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠤᠨ ᠤ ᠴᠢᠬᠤᠯᠠ ᠡᠭᠦᠷᠭᠡ ᠬᠠᠷᠢᠭᠤᠴᠠᠯᠭ᠎ᠠ | ᠪᠦᠭᠡᠳ ᠪᠠᠰᠠ ᠭᠡᠷ ᠪᠦᠯᠢ ᠨᠢᠭᠡᠪᠦᠷᠢ ᠪᠠ ᠪᠦᠬᠦ ᠨᠡᠶᠢᠭᠡᠮ ᠤᠨ ᠬᠠᠮᠲᠤ ᠶᠢᠨ ᠬᠠᠷᠢᠭᠤᠴᠠᠯᠭ᠎ᠠ ᠪᠣᠯᠣᠨ᠎ᠠ᠃ ᠡᠯ᠎ᠡ | ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ | ᠲᠠᠨᠢᠵᠤ᠂ ᠬᠦᠴᠦᠲᠡᠢ ᠠᠷᠭ᠎ᠠ ᠬᠡᠮᠵᠢᠶ᠎ᠠ ᠠᠪᠴᠤ᠂ ᠠᠵᠢᠯ ᠤᠨ ᠡᠷᠴᠢᠮ ᠢᠶᠠᠨ ᠴᠢᠩᠭᠠᠷᠠᠭᠤᠯᠤᠨ᠂ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠭᠠᠯᠠᠬᠤ ᠠᠵᠢᠯ ᠢ | ᠦᠨᠡᠨᠬᠦ ᠴᠢᠩᠭ᠎ᠠ ᠪᠦᠭᠡᠳ ᠪᠣᠲᠠᠲᠠᠢ ᠪᠠᠷ ᠰᠠᠶᠢᠲᠤᠷ ᠠᠳᠬᠤᠬᠤ ᠬᠡᠷᠡᠭᠲᠡᠢ᠃ | ᠬᠤᠶᠠᠷ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠢ ᠴᠢᠩᠭᠠᠳᠬᠠᠬᠤ ᠶᠢᠨ ᠶᠡᠷᠦᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠦᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠥᠪ | ᠬᠤᠷᠢᠶ᠎ᠠ ᠶᠢᠨ ᠬᠤᠶᠠᠷ᠂ ᠭᠤᠷᠪᠠ᠂ ᠳᠥᠷᠪᠡ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠶᠠᠷᠢᠶ᠎ᠠ ᠶᠢᠨ ᠵᠣᠷᠢᠭ ᠰᠠᠨᠠᠭ᠎ᠠ ᠶᠢ | ᠭᠦᠨᠵᠡᠭᠡᠢ ᠲᠤᠤᠱᠯᠠᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠲᠥᠷᠥ ᠲᠠᠷᠬᠠᠭᠠᠭᠰᠠᠨ ﹇2016﹈ 13 | ᠳ᠋ᠤᠭᠠᠷ ᠲᠣᠭᠠᠲᠤ ᠪᠢᠴᠢᠭ ᠮᠠᠲ᠋ᠧᠷᠢᠶᠠᠯ ᠤᠨ ᠱᠠᠭᠠᠷᠳᠠᠯᠭ᠎ᠠ ᠶᠤᠰᠤᠭᠠᠷ᠂ ᠨᠠᠰᠤᠨ ᠳᠤ ᠦᠯᠦ ᠬᠦᠷᠦᠭᠰᠡᠳ ᠤᠨ | ᠡᠷᠡᠭᠦᠯ ᠢᠶᠠᠷ ᠦᠰᠦᠨ ᠪᠤᠶᠢᠵᠢᠬᠤ ᠶᠢ ᠠᠬᠢᠭᠤᠯᠬᠤ ᠪᠠᠷ ᠡᠭᠦᠰᠦᠴᠡ ᠪᠠ ᠳᠤᠰᠤᠯᠲᠠ ᠪᠣᠯᠭᠠᠵᠤ᠂ ᠬᠠᠤᠯᠢ ᠶᠤᠰᠤᠭᠠᠷ | ᠬᠠᠮᠠᠭᠠᠯᠠᠬᠤ ᠶᠢ ᠪᠠᠷᠢᠮᠲᠠᠯᠠᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠠᠰᠤᠨ ᠳᠤ ᠦᠯᠦ | ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠳᠦᠷᠢᠮ ᠢ ᠢᠳᠡᠪᠬᠢᠲᠡᠢ ᠰᠦᠪᠡᠭᠴᠢᠯᠡᠨ ᠪᠠᠶᠢᠭᠤᠯᠵᠤ᠂ | ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠨ᠂ ᠭᠡᠷ ᠪᠦᠯᠢ ᠶᠢᠨ ᠠᠰᠠᠷᠠᠨ ᠬᠠᠮᠠᠭᠠᠯᠠᠬᠤ ᠭᠤᠣᠯ ᠴᠤᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠵᠤ᠂ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠭᠡᠷ ᠲᠡᠭᠡᠨ ᠬᠤᠴᠤᠷᠬᠤ ᠦᠵᠡᠭᠳᠡᠯ ᠢ | ᠠᠯᠬᠤᠮ ᠠᠯᠬᠤᠮ ᠢᠶᠠᠷ ᠪᠠᠭᠠᠰᠬᠠᠵᠤ᠂ ᠭᠡᠷ ᠪᠦᠯᠢ ᠶᠢᠨ ᠠᠰᠠᠷᠠᠯ ᠬᠠᠮᠠᠭᠠᠯᠠᠯᠲᠠ᠂ ᠰᠤᠷᠭᠠᠭᠤᠯᠢ ᠶᠢᠨ ᠬᠠᠮᠠᠭᠠᠯᠠᠯᠲᠠ᠂ | ᠬᠠᠤᠯᠢ ᠴᠠᠭᠠᠵᠠ ᠶᠢᠨ ᠬᠠᠮᠠᠭᠠᠯᠠᠯᠲᠠ᠂ ᠨᠡᠶᠢᠭᠡᠮ ᠤᠨ ᠬᠠᠮᠠᠭᠠᠯᠠᠯᠲᠠ ᠪᠠ ᠤᠯᠤᠰ ᠤᠨ ᠬᠠᠮᠠᠭᠠᠯᠠᠯᠲᠠ ᠶᠢ ᠨᠢᠭᠲᠠ | ᠵᠤᠯᠭᠠᠭᠤᠯᠬᠤ ᠶᠢ ᠬᠦᠴᠦᠯᠡᠨ ᠪᠡᠶᠡᠯᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ | ᠬᠡᠦᠬᠡᠳ ᠤᠨ ᠠᠮᠦᠷ ᠲᠥᠪᠰᠢᠨ᠂ ᠡᠷᠡᠭᠦᠯ ᠡᠩᠬᠡ᠂ ᠰᠤᠷᠭᠠᠨ ᠬᠦᠮᠦᠵᠢᠯ ᠬᠦᠷᠲᠡᠬᠦ ᠵᠡᠷᠭᠡ ᠡᠷᠬᠡ ᠠᠰᠢᠭ ᠢ | ᠪᠦᠲᠦᠮᠵᠢᠲᠡᠢ ᠪᠠᠲᠤᠯᠠᠬᠤ ᠶᠢ ᠦᠨᠡᠨᠬᠦ ᠪᠠᠲᠤᠯᠠᠨ᠎ᠠ᠃ | ︵ᠬᠤᠶᠠᠷ︶ ᠶᠡᠷᠦᠩᠬᠡᠢ ᠬᠠᠷᠠᠯᠲᠠ᠃ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ | ᠬᠠᠮᠠᠭᠠᠯᠠᠬᠤ ᠠᠵᠢᠯ ᠢ ᠴᠢᠩᠭᠠᠳᠬᠠᠬᠤ ᠳᠤ ︽ᠭᠡᠷ ᠪᠦᠯᠢ᠂ ᠨᠡᠶᠢᠭᠡᠮ᠂ ᠵᠠᠰᠠᠭ ᠤᠨ ᠣᠷᠳᠤᠨ︾ ᠭᠤᠷᠮᠤᠰᠤᠨ | ᠴᠤᠭᠴᠠ ᠶᠢᠨ ᠠᠵᠢᠯ ᠤᠨ ᠪᠠᠶᠢᠷᠢᠰᠢᠯ ᠢ ᠪᠠᠶᠢᠭᠤᠯᠬᠤ ᠶᠢ ᠪᠠᠷᠢᠮᠲᠠᠯᠠᠵᠤ᠂ ᠭᠡᠷ ᠪᠦᠯᠢ᠂ ᠵᠠᠰᠠᠭ ᠤᠨ ᠣᠷᠳᠤᠨ᠂ | ᠰᠤᠷᠭᠠᠭᠤᠯᠢ ᠶᠢᠨ ᠡᠭᠦᠷᠭᠡ ᠲᠤᠰᠢᠶᠠᠯ ᠢᠶᠠᠨ ᠭᠦᠢᠴᠡᠳᠭᠡᠨ᠂ ᠨᠡᠶᠢᠭᠡᠮ ᠤᠨ ᠬᠦᠴᠦᠨ ᠢᠳᠡᠪᠬᠢᠲᠡᠢ ᠣᠷᠤᠯᠴᠠᠭᠰᠠᠨ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ | ᠠᠵᠢᠯ ᠤᠨ ᠰᠢᠰᠲ᠋ᠧᠮᠵᠢ ᠶᠢ ᠪᠣᠢ ᠪᠣᠯᠭᠠᠨ᠎ᠠ᠃ ᠠᠯᠪᠠᠳᠠᠨ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠂ ᠦᠨᠡᠯᠡᠨ ᠵᠢᠱᠢᠵᠦ ᠬᠠᠪᠰᠤᠷᠤᠨ ᠲᠡᠳᠭᠦᠬᠦ᠂ ᠠᠰᠠᠷᠠᠨ ᠬᠠᠮᠠᠭᠠᠯᠠᠬᠤ ᠳᠤ ᠬᠦᠨᠳᠡᠯᠡᠨ ᠠᠴᠠ ᠤᠷᠤᠯᠴᠠᠬᠤ ᠵᠡᠷᠬᠡ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ ᠲᠤᠰᠠᠯᠠᠵᠤ ᠬᠠᠮᠠᠭᠠᠯᠠᠬᠤ | ᠲᠣᠭᠲᠠᠴᠠ ᠶᠢᠨ ᠪᠦᠲᠦᠮᠵᠢᠲᠡᠢ ᠠᠵᠢᠯᠯᠠᠬᠤ ᠶᠢ ᠦᠨᠡᠨᠬᠦ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ | ᠬᠤᠴᠤᠷᠤᠭᠰᠠᠨ ᠬᠡᠦᠬᠡᠳ ᠤᠨ ᠡᠷᠬᠡ ᠠᠰᠢᠭ ᠲᠤ ᠬᠦᠨᠦᠭᠡᠯᠲᠡᠢ ᠬᠡᠷᠡᠭ ᠡᠭᠦᠰᠬᠦ ᠶᠢ ᠦᠨᠡᠨᠬᠦ ᠰᠡᠷᠭᠡᠶᠢᠯᠡᠨ᠎ᠡ᠃ | 2020 ᠣᠨ ᠪᠣᠯᠲᠠᠯ᠎ᠠ᠂ ᠬᠤᠰᠢᠭᠤ ᠰᠢᠶᠠᠨ ︵ᠬᠤᠲᠠ᠂ ᠲᠣᠭᠤᠷᠢᠭ︶ ᠤ ᠨᠠᠰᠤᠨ ᠳᠤ ᠦᠯᠦ ᠬᠦᠷᠦᠭᠰᠡᠳ ᠢ | ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠶᠢ ᠪᠦᠷᠢᠨ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ | ᠨᠠᠰᠤᠨ ᠳᠤ ᠦᠯᠦ ᠬᠦᠷᠦᠭᠰᠡᠳ ᠤᠨ ᠣᠯᠠᠨ ᠨᠡᠶᠢᠲᠡ ᠶᠢᠨ ᠦᠢᠯᠡᠴᠢᠯᠡᠭᠡᠨ ᠤ ᠪᠠᠲᠤᠯᠠᠭ᠎ᠠ ᠶᠢᠨ ᠴᠢᠳᠠᠪᠤᠷᠢ ᠶᠢ ᠤᠯᠠᠮ | ᠨᠢᠭᠡ ᠠᠯᠬᠤᠮ ᠴᠢᠩᠭᠠᠳᠬᠠᠨ᠂ ᠬᠠᠤᠯᠢ ᠲᠣᠭᠲᠠᠭᠠᠯ ᠪᠠ ᠳᠦᠷᠢᠮ ᠤᠨ ᠰᠢᠰᠲ᠋ᠧᠮᠵᠢ ᠶᠢ ᠨᠡᠩ ᠲᠡᠭᠦᠯᠳᠡᠷᠵᠢᠭᠦᠯᠵᠦ᠂ | ᠨᠡᠶᠢᠭᠡᠮ ᠳᠠᠶᠠᠭᠠᠷ ᠤᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠦᠵᠡᠯ ᠤᠬᠠᠮᠰᠠᠷ ᠢ ᠨᠡᠶᠢᠳᠡᠮ | ᠳᠡᠭᠡᠭᠰᠢᠯᠡᠭᠦᠯᠦᠨ᠂ ᠬᠡᠦᠬᠡᠳ ᠤᠨ ᠦᠰᠦᠨ ᠪᠤᠶᠢᠵᠢᠬᠤ ᠣᠷᠴᠢᠨ ᠲᠣᠭᠤᠷᠢᠨ ᠢ ᠨᠡᠩ ᠰᠠᠶᠢᠵᠢᠷᠠᠭᠤᠯᠵᠤ᠂ ᠠᠮᠦᠷ | ᠲᠥᠪᠰᠢᠨ ᠢ ᠨᠡᠩ ᠰᠠᠶᠢᠨ ᠪᠠᠲᠤᠯᠠᠵᠤ᠂ ᠮᠠᠯᠵᠢᠬᠤ ᠲᠠᠷᠢᠶᠠᠯᠠᠬᠤ ᠣᠷᠣᠨ ᠤ ᠬᠡᠦᠬᠡᠳ ᠤᠨ ᠭᠡᠷ ᠲᠡᠭᠡᠨ ᠬᠤᠴᠤᠷᠬᠤ | ᠦᠵᠡᠭᠳᠡᠯ ᠢ ᠢᠯᠡᠳᠲᠡ ᠪᠠᠭᠠᠰᠬᠠᠨ᠎ᠠ᠃ | ᠨᠢᠭᠡ ᠳᠤ ᠭᠡᠷ ᠪᠦᠯᠢ ᠶᠢᠨ ᠠᠰᠠᠷᠠᠨ ᠬᠠᠮᠠᠭᠠᠯᠠᠬᠤ ᠭᠤᠣᠯ ᠬᠠᠷᠢᠭᠤᠴᠠᠯᠭ᠎ᠠ ᠶᠢ ᠨᠡᠩ ᠲᠤᠳᠤᠷᠬᠠᠢ ᠪᠣᠯᠭᠠᠨ᠎ᠠ᠃ | ᠭᠡᠷ ᠪᠦᠯᠢ ᠠᠴᠠ ᠠᠰᠠᠷᠠᠨ ᠬᠠᠮᠠᠭᠠᠯᠠᠬᠤ ᠪᠣᠯ ᠬᠡᠦᠬᠡᠳ ᠤᠨ ᠡᠷᠡᠭᠦᠯ ᠢᠶᠠᠷ ᠦᠰᠦᠨ ᠪᠤᠶᠢᠵᠢᠬᠤ ᠶᠢ ᠪᠠᠲᠤᠯᠠᠬᠤ ᠶᠢᠨ | ᠰᠠᠭᠤᠷᠢ ᠪᠣᠯᠣᠨ᠎ᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠨᠢ | ᠨᠠᠰᠤᠨ ᠳᠤ ᠦᠯᠦ ᠬᠦᠷᠦᠭᠰᠡᠳ ᠢ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠ ᠠᠰᠠᠷᠠᠨ ᠲᠡᠵᠢᠭᠡᠬᠦ | ᠡᠭᠦᠷᠭᠡ ᠪᠠᠨ ᠬᠠᠤᠯᠢ ᠶᠤᠰᠤᠭᠠᠷ ᠭᠦᠢᠴᠡᠳᠭᠡᠨ᠎ᠡ᠃ ᠡᠯ᠎ᠡ ᠭᠠᠵᠠᠷ ᠣᠷᠣᠨ ᠨᠤᠭᠤᠳ ᠭᠡᠷ ᠪᠦᠯᠢ ᠶᠢᠨ ᠬᠢᠨ ᠤ ᠭᠤᠣᠯ | ᠴᠤᠭᠴᠠ ᠶᠢᠨ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠬᠦ ᠶᠢ ᠵᠢᠯᠤᠭᠤᠳᠴᠤ᠂ ᠳᠡᠮᠵᠢᠬᠦ ᠪᠠ ᠬᠢᠨᠠᠯᠲᠠ ᠲᠠᠯᠪᠢᠵᠤ᠂ | ᠭᠡᠷ ᠪᠦᠯᠢ ᠶᠢᠨ ᠬᠥᠭᠵᠢᠯᠲᠡ ᠳᠤ ᠬᠡᠦᠬᠡᠳ ᠤᠨ ᠡᠷᠬᠡ ᠠᠰᠢᠭ ᠢ ᠤᠷᠢᠳᠠᠪᠠᠷ ᠪᠤᠳᠤᠯᠬᠢᠯᠠᠨ᠂ ᠪᠣᠯᠪᠠᠰᠤᠨ ᠠᠷᠭ᠎ᠠ | ᠮᠠᠶ᠋ᠢᠭ ᠢᠶᠠᠷ ᠬᠦᠮᠦᠵᠢᠭᠦᠯᠬᠦ ᠶᠢ ᠨᠡᠩ ᠢᠯᠡᠭᠦᠦ ᠴᠢᠬᠤᠯᠠᠴᠢᠯᠠᠵᠤ᠂ ᠭᠡᠷ ᠪᠦᠯᠢ ᠶᠢᠨ ᠬᠦᠴᠦᠷᠬᠡᠭᠯᠡᠯ᠂ ᠬᠠᠯᠠ | ᠦᠵᠡᠭᠦᠯᠬᠦ ᠵᠡᠷᠭᠡ ᠬᠦᠨᠦᠭᠡᠬᠦ ᠬᠡᠷᠡᠭ ᠡᠭᠦᠰᠬᠦ ᠶᠢ ᠰᠡᠷᠭᠡᠶᠢᠯᠡᠨ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠲᠣᠬᠢᠲᠠᠢ | ᠠᠰᠠᠷᠠᠨ ᠬᠠᠮᠠᠭᠠᠯᠠᠵᠤ ᠬᠠᠷᠠᠭᠠᠯᠵᠠᠨ ᠠᠰᠠᠷᠠᠬᠤ᠂ ᠲᠦᠷᠦᠯ ᠰᠠᠳᠤᠨ ᠤ ᠬᠠᠶᠢᠷ᠎ᠠ ᠬᠠᠯᠠᠮᠵᠢ ᠪᠣᠯᠣᠨ ᠭᠡᠷ ᠪᠦᠯᠢ ᠶᠢᠨ | ᠬᠠᠶᠢᠢᠷᠠ ᠬᠦᠷᠲᠡᠬᠦ ᠶᠢ ᠦᠨᠡᠨᠬᠦ ᠪᠠᠲᠤᠯᠠᠨ᠎ᠠ᠃ | ᠬᠤᠶᠠᠷ ᠲᠤ ᠵᠠᠰᠠᠭ ᠤᠨ ᠣᠷᠳᠤᠨ ᠢᠶᠠᠷ ᠭᠤᠣᠯᠯᠠᠭᠤᠯᠤᠭᠰᠠᠨ ᠬᠠᠮᠠᠭᠠᠯᠠᠯᠲᠠ ᠶᠢᠨ ᠪᠠᠶᠢᠷᠢᠰᠢᠯ ᠢ | ᠪᠦᠷᠢᠨᠰᠢᠭᠦᠯᠦᠨ ᠲᠡᠭᠦᠯᠳᠡᠷᠵᠢᠭᠦᠯᠦᠨ᠎ᠡ᠃ ᠬᠦᠳᠡᠭᠡ ᠲᠤᠰᠬᠤᠨ ᠤ ᠭᠡᠷ ᠲᠡᠭᠡᠨ ᠬᠤᠴᠣᠷᠤᠭᠰᠠᠨ ᠬᠡᠦᠬᠡᠳ ᠢ ᠠᠰᠠᠷᠠᠨ | ᠬᠠᠮᠠᠭᠠᠯᠠᠬᠤ ᠠᠵᠢᠯ ᠨᠢ ᠤᠯᠤᠰ ᠤᠨ ᠨᠢᠭᠡᠲᠦᠯᠲᠡᠢ ᠪᠠᠶᠢᠷᠢᠯᠠᠭᠤᠯᠤᠯᠲᠠ ᠳᠣᠣᠷ᠎ᠠ᠂ ᠣᠷᠣᠨ ᠨᠣᠲᠤᠭ ᠢᠶᠠᠷ ᠭᠤᠣᠯ | ᠪᠣᠯᠭᠠᠬᠤ᠂ ᠱᠠᠲᠤ ᠬᠤᠪᠢᠶᠠᠨ ᠬᠠᠷᠢᠭᠤᠴᠠᠬᠤ᠂ ᠡᠯ᠎ᠡ ᠰᠠᠯᠠᠭ᠎ᠠ ᠮᠦᠴᠢᠷ ᠬᠠᠮᠵᠢᠯᠴᠠᠨ ᠠᠬᠢᠭᠤᠯᠤᠭᠰᠠᠨ | ᠬᠠᠮᠢᠶᠠᠷᠤᠯᠲᠠ ᠶᠢᠨ ᠪᠠᠶᠢᠭᠤᠯᠤᠯ ᠢ ᠬᠡᠷᠡᠭᠵᠢᠭᠦᠯᠵᠦ᠂ ᠡᠯ᠎ᠡ ᠭᠠᠵᠠᠷ ᠣᠷᠣᠨ ᠨᠤᠭᠤᠳ ᠭᠡᠷ ᠲᠡᠭᠡᠨ ᠬᠤᠴᠤᠷᠤᠭᠰᠠᠨ | ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠡᠳᠦᠷ ᠲᠤᠳᠤᠮ ᠤᠨ ᠴᠢᠬᠤᠯᠠ ᠵᠦᠪᠯᠡᠬᠦ ᠵᠦᠢᠯ ᠳᠡᠭᠡᠨ | ᠣᠷᠤᠭᠤᠯᠵᠤ᠂ ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ | ᠲᠦᠷᠦᠭᠦᠯᠡᠬᠦ᠂ ᠰᠠᠯᠠᠭ᠎ᠠ ᠮᠦᠴᠢᠷ ᠬᠠᠮᠵᠢᠯᠴᠠᠬᠤ᠂ ᠨᠡᠶᠢᠭᠡᠮ ᠤᠨ ᠬᠢᠨ ᠣᠷᠤᠯᠴᠠᠭᠰᠠᠨ ᠠᠵᠢᠯ ᠤᠨ ᠪᠠᠶᠢᠷᠢᠰᠢᠯ ᠢ ᠪᠣᠢ | ᠪᠣᠯᠭᠠᠨ᠎ᠠ᠃ ᠬᠤᠰᠢᠭᠤ ᠰᠢᠶᠠᠨ ︵ᠬᠤᠲᠠ᠂ ᠲᠣᠭᠤᠷᠢᠭ︶᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ | ᠬᠡᠷᠡᠭ ᠡᠷᠬᠢᠯᠡᠬᠦ ᠭᠠᠵᠠᠷ︶ ᠶᠢᠨ ᠬᠠᠷᠢᠶ᠎ᠠ ᠭᠠᠵᠠᠷ ᠤᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠰᠢᠰᠲ᠋ᠧᠮᠵᠢ ᠪᠠ ᠠᠪᠤᠷᠠᠨ ᠲᠤᠰᠠᠯᠠᠵᠤ ᠬᠠᠮᠠᠭᠠᠯᠠᠬᠤ ᠠᠵᠢᠯ ᠤᠨ ᠲᠣᠭᠲᠠᠴᠠ ᠶᠢ | ᠪᠠᠶᠢᠭᠤᠯᠤᠨ ᠪᠦᠷᠢᠨᠰᠢᠭᠦᠯᠵᠦ᠂ ᠭᠡᠷ ᠲᠡᠭᠡᠨ ᠬᠤᠴᠣᠷᠤᠭᠰᠠᠨ ᠬᠡᠦᠬᠡᠳ ᠤᠨ ᠬᠠᠤᠯᠢ ᠶᠤᠰᠤᠨ ᠤ ᠡᠷᠬᠡ ᠠᠰᠢᠭ ᠢ | ᠦᠨᠡᠨᠬᠦ ᠪᠠᠲᠤᠯᠠᠨ᠎ᠠ᠃ | ᠭᠤᠷᠪᠠ ᠳᠤ ᠨᠡᠶᠢᠭᠡᠮ ᠤᠨ ᠬᠦᠴᠦᠨ ᠤ ᠢᠳᠡᠪᠬᠢᠲᠡᠢ ᠣᠷᠤᠯᠴᠠᠬᠤ ᠶᠢ ᠶᠠᠪᠤᠬᠤ ᠳᠤᠲᠤᠮ ᠪᠣᠯᠪᠠᠰᠤᠷᠠᠩᠭᠤᠢ | ᠪᠣᠯᠭᠠᠨ᠎ᠠ᠃ ᠨᠡᠶᠢᠭᠡᠮ ᠤᠨ ᠬᠦᠴᠦᠨ ᠢ ᠭᠦᠢᠴᠡᠳ ᠳᠠᠶᠢᠴᠢᠯᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠶᠢ ᠤᠬᠠᠭᠤᠯᠤᠨ᠂ ᠮᠡᠳᠡᠭᠦᠯᠬᠦ ᠪᠠ ᠬᠢᠨᠠᠯᠲᠠ ᠲᠠᠯᠪᠢᠬᠤ ᠶᠢ ᠴᠢᠩᠭᠠᠳᠬᠠᠨ᠂ | ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠣᠯᠠᠨ ᠲᠦᠮᠡᠨ ᠤ | ᠪᠦᠯᠬᠦᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ ᠲᠤᠰᠬᠠᠢ | ᠠᠵᠢᠯᠯᠠᠭᠴᠢ᠂ ᠰᠠᠶᠢᠨ ᠳᠤᠷᠠᠴᠤᠳ ᠵᠡᠷᠭᠡ ᠲᠠᠯ᠎ᠠ ᠶᠢᠨ ᠢᠳᠡᠪᠬᠢ ᠦᠢᠯᠡᠳᠦᠯ ᠢ ᠪᠠᠳᠠᠷᠠᠭᠤᠯᠵᠤ᠂ ᠭᠡᠷ ᠲᠡᠭᠡᠨ | ᠬᠤᠴᠤᠷᠤᠭᠰᠠᠨ ᠬᠡᠦᠬᠡᠳ ᠤᠨ ᠠᠮᠢᠳᠤᠷᠠᠬᠤ᠂ ᠠᠰᠠᠷᠠᠨ ᠬᠠᠮᠠᠭᠠᠯᠠᠬᠤ᠂ ᠦᠰᠦᠨ ᠪᠤᠶᠢᠵᠢᠬᠤ ᠶᠠᠪᠤᠴᠠ ᠳᠤ | ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠨᠡᠶᠢᠭᠡᠮ ᠳᠠᠶᠠᠭᠠᠷ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠷᠠᠭᠠᠯᠵᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠣᠢ ᠪᠣᠯᠭᠠᠨ᠎ᠠ᠃ | ᠳᠥᠷᠪᠡ ᠳᠤ ᠬᠠᠯᠠᠮᠵᠢᠯᠠᠨ ᠬᠠᠶᠢᠷᠠᠯᠠᠬᠤ ᠲᠣᠭᠲᠠᠴᠠ ᠶᠢ ᠠᠯᠬᠤᠮ ᠠᠯᠬᠤᠮ ᠢᠶᠠᠷ ᠪᠣᠯᠪᠠᠰᠤᠷᠠᠩᠭᠤᠢ ᠪᠣᠯᠭᠠᠨ | ᠠᠵᠢᠯᠯᠠᠭᠠᠨ ᠢ ᠨᠢ ᠰᠢᠯᠤᠭᠤᠳᠬᠠᠨ᠎ᠠ᠃ ᠮᠠᠨ ᠤ ᠣᠷᠣᠨ ᠤ ᠪᠣᠲᠠᠲᠠᠢ ᠳᠤ ᠰᠠᠭᠤᠷᠢᠯᠠᠵᠤ᠂ ᠬᠤᠲᠠ ᠬᠦᠳᠡᠭᠡ ᠶᠢᠨ | ᠬᠥᠭᠵᠢᠯᠲᠡ ᠶᠢ ᠨᠢᠭᠡᠲᠦᠯᠲᠡᠢ ᠲᠦᠯᠦᠪᠯᠡᠨ ᠪᠤᠳᠤᠯᠬᠢᠯᠠᠵᠤ᠂ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠲᠡᠭᠦᠯᠳᠡᠷᠵᠢᠭᠦᠯᠦᠨ᠂ ᠢᠷᠡᠯᠲᠡ ᠠᠴᠠ ᠨᠢ ᠰᠡᠷᠭᠡᠶᠢᠯᠡᠬᠦ᠂ ᠠᠯᠪᠠᠳᠠᠨ ᠮᠡᠳᠡᠭᠦᠯᠬᠦ᠂ ᠪᠠᠴᠢᠮ ᠪᠠᠶᠢᠳᠠᠯ ᠢ ᠠᠷᠭᠠᠴᠠᠨ | ᠰᠢᠢᠳᠪᠦᠷᠢᠯᠡᠬᠦ᠂ ᠦᠨᠡᠯᠡᠨ ᠵᠢᠱᠢᠵᠦ ᠬᠠᠪᠰᠤᠷᠤᠨ ᠲᠡᠳᠭᠦᠬᠦ᠂ ᠠᠰᠠᠷᠠᠨ ᠬᠠᠮᠠᠭᠠᠯᠠᠬᠤ ᠳᠤ ᠬᠦᠨᠳᠡᠯᠡᠨ ᠠᠴᠠ | ᠤᠷᠤᠯᠴᠠᠬᠤ᠂ ᠲᠠᠭᠠᠨ ᠰᠤᠷᠪᠤᠯᠵᠢᠯᠠᠵᠤ ᠮᠦᠷᠳᠡᠬᠦ ᠵᠡᠷᠭᠡ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ | ᠲᠤᠰᠠᠯᠠᠵᠤ ᠬᠠᠮᠠᠭᠠᠯᠠᠬᠤ ᠤᠷᠲᠤ ᠬᠤᠭᠤᠴᠠᠭᠠᠨ ᠤ ᠪᠦᠲᠦᠮᠵᠢᠲᠦ ᠲᠣᠭᠲᠠᠴᠠ ᠶᠢ ᠪᠠᠶᠢᠭᠤᠯᠬᠤ ᠪᠠ | ᠠᠵᠢᠯᠯᠠᠭᠤᠯᠬᠤ ᠶᠢ ᠠᠬᠢᠭᠤᠯᠵᠤ᠂ ᠮᠠᠨ ᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠦᠨᠡᠨ ᠪᠠᠶᠢᠳᠠᠯ ᠢ | ᠲᠤᠳᠤᠷᠬᠠᠢ ᠣᠶᠢᠯᠠᠭᠠᠬᠤ ᠪᠠᠷ ᠬᠦᠴᠦᠯᠡᠨ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠬᠦᠳᠡᠯᠦᠩᠭᠦᠢ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠡᠬᠡ ᠳᠠᠩᠰᠠ ᠶᠢ ᠪᠠᠶᠢᠭᠤᠯᠵᠤ᠂ ᠲᠦᠢᠯ ᠤᠨ ᠣᠨᠣᠪᠴᠢᠲᠠᠢ ᠪᠠᠷ ᠣᠷᠤᠯᠴᠠᠬᠤ᠂ | ᠲᠦᠢᠯ ᠤᠨ ᠣᠨᠣᠪᠴᠢᠲᠠᠢ ᠪᠠᠷ ᠲᠦᠷᠦᠯ ᠬᠤᠪᠢᠶᠠᠬᠤ᠂ ᠲᠦᠢᠯ ᠤᠨ ᠣᠨᠣᠪᠴᠢᠲᠠᠢ ᠪᠠᠷ ᠠᠪᠤᠷᠠᠨ ᠲᠤᠰᠠᠯᠠᠬᠤ᠂ | ᠲᠦᠢᠯ ᠤᠨ ᠣᠨᠣᠪᠴᠢᠲᠠᠢ ᠪᠠᠷ ᠬᠠᠪᠰᠤᠷᠤᠨ ᠲᠡᠳᠭᠦᠬᠦ ᠶᠢ ᠪᠡᠶᠡᠯᠡᠭᠦᠯᠬᠦ ᠳᠤ ᠨᠠᠶᠢᠳᠠᠪᠤᠷᠢᠲᠠᠢ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠢ ᠬᠠᠩᠭᠠᠨ᠎ᠠ᠃ | ᠭᠤᠷᠪᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠬᠤ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ | ︵ᠨᠢᠭᠡ︶ ᠭᠡᠷ ᠪᠦᠯᠢ ᠶᠢᠨ ᠪᠣᠯᠪᠠᠰᠤᠨ ᠢᠶᠠᠷ ᠠᠰᠠᠷᠠᠨ ᠬᠠᠮᠠᠭᠠᠯᠠᠬᠤ ᠦᠵᠡᠯ ᠤᠬᠠᠮᠰᠠᠷ ᠢ ᠴᠢᠩᠭᠠᠷᠠᠭᠤᠯᠤᠨ᠎ᠠ᠃ | | ᠭᠡᠷ ᠪᠦᠯᠢ ᠶᠢ ᠰᠢᠮᠳᠠᠭᠤᠯᠤᠨ ᠭᠡᠷ ᠲᠡᠭᠡᠨ ᠬᠤᠴᠤᠷᠤᠭᠰᠠᠨ ᠬᠡᠦᠬᠡᠳ ᠢ ᠠᠰᠠᠷᠠᠨ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠ ᠠᠰᠠᠷᠠᠨ ᠲᠡᠵᠢᠭᠡᠬᠦ ᠡᠭᠦᠷᠭᠡ ᠶᠢ ᠨᠢ ᠬᠠᠤᠯᠢ ᠶᠤᠰᠤᠭᠠᠷ ᠭᠦᠢᠴᠡᠳᠭᠡᠯᠭᠡᠵᠦ᠂ ᠭᠡᠷ ᠤᠨ | ᠠᠬᠠᠮᠠᠳ ᠤᠨ ᠨᠢᠭᠡᠳᠦᠭᠡᠷ ᠠᠰᠠᠷᠠᠨ ᠬᠠᠮᠠᠭᠠᠯᠠᠭᠴᠢ ᠪᠣᠯᠣᠭᠰᠠᠳ ᠤᠨ ᠬᠠᠷᠢᠭᠤᠴᠠᠯᠭᠠᠲᠤ ᠦᠵᠡᠯ ᠤᠬᠠᠮᠰᠠᠷ ᠢ | ᠳᠡᠭᠡᠭᠰᠢᠯᠡᠭᠦᠯᠦᠨ᠎ᠡ᠃ ᠬᠡᠦᠬᠡᠳ ᠤᠨ ᠭᠡᠷ ᠤᠨ ᠠᠬᠠᠮᠠᠳ ᠪᠠ ᠪᠤᠰᠤᠳ ᠠᠰᠠᠷᠠᠨ ᠬᠠᠮᠠᠭᠠᠯᠠᠭᠴᠢ ᠶᠢ ᠪᠣᠯᠪᠠᠰᠤᠷᠠᠭᠤᠯᠤᠨ | ᠵᠢᠯᠤᠭᠤᠳᠬᠤ ᠶᠢ ᠴᠢᠬᠤᠯᠠᠴᠢᠯᠠᠵᠤ᠂ ᠵᠠᠰᠠᠭ ᠤᠨ ᠣᠷᠳᠣᠨ ᠤ ᠬᠡᠷᠡᠭᠵᠢᠭᠦᠯᠦᠭᠰᠡᠨ ᠮᠠᠯᠵᠢᠬᠤ ᠲᠠᠷᠢᠶᠠᠯᠠᠬᠤ ᠣᠷᠣᠨ ᠤ | ᠬᠦᠳᠡᠯᠮᠦᠷᠢ ᠬᠦᠴᠦᠨ ᠤ ᠰᠢᠯᠵᠢᠯᠲᠡ ᠶᠢᠨ ᠪᠣᠯᠪᠠᠰᠤᠷᠠᠭᠤᠯᠤᠯ ᠤᠨ ᠲᠦᠯᠦᠪᠯᠡᠭᠡ ᠵᠡᠷᠭᠡ ᠲᠦᠷᠦᠯ ᠵᠦᠢᠯ ᠳᠤ ᠭᠡᠷ | ᠪᠦᠯᠢ ᠶᠢᠨ ᠬᠦᠮᠦᠵᠢᠭᠦᠯᠦᠨ ᠵᠢᠯᠤᠭᠤᠳᠬᠤ ᠠᠭᠤᠯᠭ᠎ᠠ ᠶᠢ ᠨᠡᠮᠡᠭᠳᠡᠭᠦᠯᠦᠨ᠎ᠡ᠃ ᠭᠠᠳᠠᠭᠰᠢ ᠭᠠᠷᠴᠤ ᠬᠦᠴᠦ | ᠶᠠᠪᠤᠭᠰᠠᠳ᠂ ᠠᠳᠠᠯ ᠦᠢᠯᠡᠰ ᠴᠣᠭᠴᠠᠯᠠᠭᠰᠠᠳ ᠠᠯᠢ ᠴᠢᠳᠠᠬᠤ ᠪᠠᠷ ᠨᠠᠰᠤᠨ ᠳᠤ ᠦᠯᠦ ᠬᠦᠷᠦᠭᠰᠡᠨ ᠦᠷ᠎ᠡ | ᠬᠡᠦᠬᠡᠳ ᠢᠶᠠᠨ ᠳᠠᠭᠠᠭᠤᠯᠤᠨ ᠠᠮᠢᠳᠤᠷᠠᠬᠤ ᠪᠣᠶᠣ ᠡᠵᠢ ᠠᠪᠤ ᠶᠢᠨ ᠨᠢᠭᠡ ᠨᠢ ᠭᠡᠷ ᠲᠡᠭᠡᠨ ᠬᠤᠴᠤᠷᠤᠨ ᠬᠠᠷᠠᠭᠠᠯᠵᠠᠨ | ᠠᠰᠠᠷᠠᠵᠤ᠂ ᠲᠦᠷ ᠴᠠᠭ ᠨᠦᠬᠦᠴᠡᠯ ᠨᠢ ᠬᠦᠷᠦᠯᠴᠡᠬᠦ ᠦᠭᠡᠢ ᠪᠣᠯ ᠠᠰᠠᠷᠠᠨ ᠬᠠᠮᠠᠭᠠᠯᠠᠬᠤ ᠴᠢᠳᠠᠪᠤᠷᠢ ᠲᠠᠢ ᠰᠠᠳᠤᠨ | ᠲᠦᠷᠦᠯ ᠪᠣᠶᠣ ᠪᠤᠰᠤᠳ ᠨᠠᠰᠤᠨ ᠳᠤ ᠬᠦᠷᠦᠭᠰᠡᠳ ᠲᠤ ᠨᠠᠶᠢᠳᠠᠨ ᠣᠷᠤᠯᠠᠭᠤᠯᠤᠨ ᠠᠰᠠᠷᠠᠨ ᠬᠠᠮᠠᠭᠠᠯᠠᠭᠤᠯᠵᠤ᠂ | ᠪᠦᠬᠦᠯᠢ ᠠᠷᠪᠠᠨ ᠵᠢᠷᠭᠤᠭᠠᠨ ᠨᠠᠰᠤ ᠬᠦᠷᠦᠭᠡᠳᠦᠢ ᠬᠡᠦᠬᠡᠳ ᠢ ᠠᠰᠠᠷᠠᠨ ᠬᠠᠮᠠᠭᠠᠯᠠᠬᠤ ᠠᠴᠠ ᠰᠠᠯᠤᠩᠬᠢᠷᠠᠨ ᠲᠤᠰᠠᠭᠠᠷ | ᠰᠠᠭᠤᠯᠭᠠᠨ ᠠᠮᠢᠳᠤᠷᠠᠭᠤᠯᠵᠤ ᠪᠣᠯᠬᠤ ᠦᠭᠡᠢ᠃ ᠡᠵᠢ ᠠᠪᠤ ᠨᠢ ᠭᠠᠳᠠᠭᠰᠢ ᠭᠠᠷᠴᠤ ᠬᠦᠴᠦ ᠶᠠᠪᠤᠬᠤ᠂ ᠠᠳᠠᠯ | ᠦᠢᠯᠡᠰ ᠴᠤᠭᠴᠠᠯᠠᠬᠤ ᠬᠤᠭᠤᠴᠠᠭᠠᠨ ᠳᠠᠭᠠᠨ ᠸᠢᠴᠠᠲ ᠵᠡᠷᠭᠡ ᠰᠢᠨ᠎ᠡ ᠵᠠᠭᠤᠴᠢᠯᠠᠭᠤᠷ ᠢᠶᠠᠷ ᠳᠠᠮᠵᠢᠨ ᠭᠡᠷ ᠲᠡᠭᠡᠨ | ᠬᠤᠴᠤᠷᠤᠭᠰᠠᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠯᠦᠭᠡ ᠦᠷᠭᠦᠯᠵᠢᠳᠡ ᠬᠠᠷᠢᠴᠠᠵᠤ᠂ ᠦᠷ᠎ᠡ | ᠬᠡᠦᠬᠡᠳ ᠤᠨ ᠢᠶᠠᠨ ᠰᠤᠷᠤᠯᠭ᠎ᠠ᠂ ᠠᠮᠢᠳᠤᠷᠠᠯ ᠪᠠ ᠰᠡᠳᠬᠢᠴᠡ ᠵᠡᠷᠭᠡ ᠶᠢᠨ ᠪᠠᠶᠢᠳᠠᠯ ᠢ ᠨᠢ ᠴᠠᠭ ᠲᠣᠬᠠᠢ ᠳᠤᠨᠢ | ᠣᠶᠢᠯᠠᠭᠠᠬᠤ ᠪᠠ ᠡᠵᠡᠮᠰᠢᠨ᠂ ᠨᠡᠩ ᠣᠯᠠᠨ ᠲᠦᠷᠦᠯ ᠰᠠᠳᠤᠨ ᠤ ᠬᠠᠶᠢᠷ᠎ᠠ ᠬᠠᠯᠠᠮᠵᠢ ᠣᠯᠭᠤᠬᠤ ᠶᠢ | ᠵᠣᠷᠢᠬᠵᠢᠭᠤᠯᠤᠨ᠎ᠠ᠃ ᠠᠰᠠᠷᠠᠨ ᠬᠠᠮᠠᠭᠠᠯᠠᠭᠰᠠᠳ ᠤᠨ ᠬᠠᠤᠯᠢ ᠶᠤᠰᠤᠭᠠᠷ ᠠᠰᠠᠷᠠᠨ ᠬᠠᠮᠠᠭᠠᠯᠠᠬᠤ ᠦᠵᠡᠯ ᠤᠬᠠᠮᠰᠠᠷ ᠢ | ᠬᠦᠮᠦᠵᠢᠭᠦᠯᠵᠦ᠂ ᠠᠰᠠᠷᠠᠨ ᠬᠠᠮᠠᠭᠠᠯᠠᠭᠰᠠᠳ ᠭᠡᠷ ᠪᠦᠯᠢ ᠶᠢᠨ ᠬᠦᠮᠦᠵᠢᠯ ᠬᠢᠬᠦ ᠳᠡᠭᠡᠨ ᠪᠣᠯᠪᠠᠰᠤᠨ ᠠᠷᠭ᠎ᠠ ᠮᠠᠶ᠋ᠢᠭ ᠢ | ᠬᠡᠷᠡᠭᠯᠡᠵᠦ᠂ ᠠᠰᠠᠷᠠᠨ ᠬᠠᠮᠠᠭᠠᠯᠠᠬᠤ ᠪᠠ ᠬᠦᠮᠦᠵᠢᠭᠦᠯᠬᠦ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠤᠭᠠᠷ | ᠭᠦᠢᠴᠡᠳᠭᠡᠨ᠂ ᠭᠡᠷ ᠪᠦᠯᠢ ᠶᠢᠨ ᠬᠦᠴᠦᠷᠬᠡᠭᠯᠡᠯ ᠡᠭᠦᠰᠬᠦ ᠶᠢ ᠬᠤᠷᠢᠭᠯᠠᠨ᠎ᠠ᠃ ᠠᠰᠠᠷᠠᠨ ᠬᠠᠮᠠᠭᠠᠯᠠᠭᠴᠢ ᠳᠤ ᠬᠢᠨᠠᠯᠲᠠ | ᠲᠠᠯᠪᠢᠬᠤ ᠶᠢ ᠴᠢᠩᠭᠠᠳᠬᠠᠵᠤ᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ ᠤᠨ ᠰᠠᠭᠤᠭᠠᠯᠢ ᠠᠷᠠᠳ ᠤᠨ ᠵᠦᠪᠯᠡᠯ︶ | ᠨᠢ ᠲᠤᠰᠬᠤᠨ ᠤ ᠭᠡᠷ᠎ᠡ ᠲᠣᠭᠲᠠᠭᠠᠯ᠂ ᠬᠥᠷᠰᠢ ᠵᠡᠷᠭᠡᠯᠡᠳᠡᠭᠡ ᠪᠠᠷ ᠢᠶᠠᠨ ᠬᠠᠷᠢᠯᠴᠠᠨ ᠲᠤᠰᠠᠯᠠᠬᠤ ᠵᠡᠷᠭᠡ ᠠᠷᠭ᠎ᠠ | ᠮᠠᠶ᠋ᠢᠭ ᠢᠶᠠᠷ ᠭᠡᠷ ᠪᠦᠯᠢ ᠶᠢᠨ ᠠᠰᠠᠷᠠᠨ ᠬᠠᠮᠠᠭᠠᠯᠠᠬᠤ ᠶᠢᠨ ᠤᠬᠠᠭᠤᠯᠭ᠎ᠠ ᠪᠠ ᠬᠢᠨᠠᠯᠲᠠ ᠲᠠᠯᠪᠢᠯᠲᠠ ᠶᠢ ᠴᠢᠩᠭᠠᠳᠬᠠᠨ᠎ᠠ | ᠃ ᠡᠵᠢ ᠠᠪᠤ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠪᠠᠶᠢᠪᠠᠯ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠦᠪᠯᠡᠯ︶᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠪᠠ ᠬᠤᠯᠪᠣᠭᠳᠠᠯ ᠪᠦᠬᠦᠢ ᠰᠠᠯᠠᠭ᠎ᠠ | ᠮᠦᠴᠢᠷ ᠤᠳ ᠴᠠᠭ ᠲᠣᠬᠠᠢ ᠳᠤᠨᠢ ᠰᠠᠨᠠᠭᠤᠯᠤᠨ ᠬᠤᠷᠢᠭᠯᠠᠨ᠎ᠠ︔ ᠪᠠᠶᠢᠳᠠᠯ ᠨᠢ ᠬᠦᠨᠳᠦ ᠨᠣᠴᠢᠲᠠᠢ ᠪᠣᠶᠣ ᠬᠦᠨᠳᠦ | ᠨᠣᠴᠢᠲᠠᠢ ᠤᠷᠰᠢᠭ ᠲᠠᠲᠠᠭᠰᠠᠨ ᠪᠠᠶᠢᠪᠠᠯ᠂ ᠳᠣᠲᠤᠭᠠᠲᠤ ᠶᠢ ᠬᠠᠮᠠᠭᠠᠯᠠᠬᠤ ᠵᠡᠷᠭᠡ ᠬᠤᠯᠪᠣᠭᠳᠠᠯ ᠪᠦᠬᠦᠢ | ᠪᠠᠶᠢᠭᠤᠯᠭ᠎ᠠ ᠨᠢ ᠲᠡᠳᠡᠨ ᠤ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠨ᠎ᠡ᠃ | ︵ᠬᠤᠶᠠᠷ︶ ᠬᠤᠲᠠ ᠬᠦᠳᠡᠭᠡ ᠶᠢ ᠬᠠᠮᠤᠷᠤᠭᠰᠠᠨ ᠳᠥᠷᠪᠡᠨ ᠱᠠᠲᠤᠨ ᠤ ᠠᠪᠤᠷᠠᠨ ᠲᠤᠰᠠᠯᠠᠵᠤ ᠬᠠᠮᠠᠭᠠᠯᠠᠬᠤ | ᠰᠢᠰᠲ᠋ᠧᠮᠵᠢ ᠶᠢ ᠪᠠᠶᠢᠭᠤᠯᠤᠨ᠎ᠠ᠃ | ᠡᠯ᠎ᠡ ᠭᠠᠵᠠᠷ ᠣᠷᠣᠨ ᠨᠤᠭᠤᠳ ᠡᠭᠦᠷᠭᠡ ᠬᠠᠷᠢᠭᠤᠴᠠᠯᠭ᠎ᠠ ᠪᠠᠨ ᠴᠢᠩᠭ᠎ᠠ ᠭᠦᠢᠴᠡᠳᠭᠡᠵᠦ᠂ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠵᠣᠬᠢᠴᠠᠭᠤᠯᠤᠨ ᠵᠢᠯᠤᠭᠤᠳᠴᠤ᠂ | ᠰᠠᠯᠠᠭ᠎ᠠ ᠮᠦᠴᠢᠷ ᠤᠳ ᠤᠨ ᠬᠤᠭᠤᠷᠤᠨᠳᠤ ᠪᠠᠨ ᠣᠶᠢᠯᠠᠭᠠᠯᠴᠠᠨ ᠬᠠᠮᠵᠢᠯᠴᠠᠬᠤ ᠶᠢ ᠠᠬᠢᠭᠤᠯᠤᠨ᠂ ᠲᠥᠷᠥ ᠶᠢᠨ | ᠪᠣᠳᠣᠯᠭ᠎ᠠ ᠶᠢᠨ ᠵᠤᠯᠭᠠᠭᠤᠯᠲᠠ ᠪᠠ ᠠᠵᠢᠯ ᠤᠨ ᠵᠠᠯᠭᠠᠯᠲᠠ ᠶᠢ ᠴᠢᠩᠭᠠᠳᠬᠠᠵᠤ᠂ ᠤᠯᠤᠰ ᠪᠠ ᠦᠪᠡᠷᠲᠡᠭᠡᠨ ᠵᠠᠰᠠᠬᠤ | ᠣᠷᠣᠨ ᠤ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠦᠨᠡᠨᠬᠦ ᠨᠠᠶᠢᠳᠠᠪᠤᠷᠢᠵᠢᠭᠤᠯᠤᠨ | ᠪᠣᠲᠠᠲᠠᠶᠢᠵᠢᠭᠤᠯᠤᠨ᠎ᠠ᠃ ᠦᠪᠡᠷᠲᠡᠭᠡᠨ ᠵᠠᠰᠠᠬᠤ ᠣᠷᠣᠨ ᠠᠴᠠ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠬᠡᠷᠡᠭᠵᠢᠭᠦᠯᠬᠦ ᠰᠠᠨᠠᠯ ᠪᠠ | ᠠᠬᠢᠭᠤᠯᠬᠤ ᠲᠦᠯᠦᠪᠯᠡᠭᠡ ᠶᠢ ᠬᠠᠷᠢᠭᠤᠴᠠᠨ ᠲᠣᠭᠲᠠᠭᠠᠵᠤ᠂ ᠰᠠᠯᠠᠭ᠎ᠠ ᠮᠦᠴᠢᠷ ᠤᠳ ᠤᠨ ᠬᠠᠷᠢᠭᠤᠴᠠᠯᠭ᠎ᠠ ᠶᠢ | ᠲᠤᠳᠤᠷᠬᠠᠶᠢᠯᠠᠨ᠎ᠠ᠃ ᠡᠯ᠎ᠡ ᠠᠶᠢᠮᠠᠭ ᠬᠤᠲᠠ ᠨᠤᠭᠤᠳ ᠨᠢᠭᠡᠲᠦᠯᠲᠡᠢ ᠲᠦᠯᠦᠪᠯᠡᠨ ᠵᠣᠬᠢᠴᠠᠭᠤᠯᠬᠤ ᠪᠠ ᠰᠢᠮᠳᠠᠭᠤᠯᠤᠨ | ᠪᠠᠶᠢᠴᠠᠭᠠᠬᠤ ᠶᠢ ᠴᠢᠩᠭᠠᠳᠬᠠᠵᠤ᠂ ᠲᠣᠰ ᠭᠠᠵᠠᠷ ᠣᠷᠣᠨ ᠤ ᠪᠣᠲᠠᠲᠠᠢ ᠲᠠᠢ ᠪᠠᠨ ᠤᠶᠠᠯᠳᠤᠭᠤᠯᠤᠨ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ | ᠲᠦᠰᠦᠯ ᠢ ᠲᠣᠭᠲᠠᠭᠠᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠨᠠᠷᠢᠯᠢᠬᠵᠢᠭᠤᠯᠵᠤ᠂ ᠬᠠᠷᠢᠶ᠎ᠠ ᠬᠤᠰᠢᠭᠤ | ᠰᠢᠶᠠᠨ ︵ᠬᠤᠲᠠ᠂ ᠲᠣᠭᠤᠷᠢᠭ︶ ᠤ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯᠯᠠᠭ᠎ᠠ ᠦᠷᠨᠢᠭᠦᠯᠬᠦ ᠶᠢ ᠬᠢᠨᠠᠮᠠᠭᠠᠢ | ᠵᠣᠬᠢᠶᠠᠨ ᠪᠠᠶᠢᠭᠤᠯᠤᠨ ᠵᠢᠯᠤᠭᠤᠳᠤᠨ᠎ᠠ᠃ ᠡᠯ᠎ᠡ ᠬᠤᠰᠢᠭᠤ ᠰᠢᠶᠠᠨ ︵ᠬᠤᠲᠠ᠂ ᠲᠣᠭᠤᠷᠢᠭ︶ ᠨᠤᠭᠤᠳ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠰᠢᠰᠲ᠋ᠧᠮᠵᠢ | ᠪᠣᠯᠣᠨ ᠠᠪᠤᠷᠠᠨ ᠲᠤᠰᠠᠯᠠᠵᠤ ᠬᠠᠮᠠᠭᠠᠯᠠᠬᠤ ᠲᠣᠭᠲᠠᠴᠠ ᠶᠢ ᠪᠦᠷᠢᠨᠰᠢᠭᠦᠯᠵᠦ᠂ ᠬᠤᠪᠢᠳᠠᠨ ᠬᠠᠮᠢᠶᠠᠷᠬᠤ | ᠤᠳᠤᠷᠢᠳᠤᠯᠭ᠎ᠠ ᠨᠢ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠢ ᠵᠣᠬᠢᠴᠠᠭᠤᠯᠬᠤ ᠶᠢ ᠲᠣᠰᠬᠠᠶᠢᠯᠠᠨ ᠬᠠᠷᠢᠭᠤᠴᠠᠵᠤ᠂ ᠡᠯ᠎ᠡ ᠲᠠᠯ᠎ᠠ ᠶᠢᠨ ᠡᠬᠢ | ᠪᠠᠶᠠᠯᠢᠭ ᠢ ᠨᠢᠭᠡᠲᠦᠯᠲᠡᠢ ᠲᠦᠯᠦᠪᠯᠡᠵᠦ ᠡᠮᠬᠢᠯᠡᠨ ᠨᠡᠶᠢᠯᠡᠭᠦᠯᠵᠦ᠂ ᠡᠭᠦᠷᠭᠡ ᠴᠢᠳᠠᠪᠤᠷᠢᠲᠤ ᠰᠠᠯᠠᠭ᠎ᠠ ᠮᠦᠴᠢᠷ ᠤᠨ | ᠦᠢᠯᠡᠳᠦᠯ ᠢ ᠭᠦᠢᠴᠡᠳ ᠪᠠᠳᠠᠷᠠᠭᠤᠯᠤᠨ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠭᠡᠵᠦ᠂ ᠬᠠᠷᠢᠯᠴᠠᠨ | ᠬᠠᠮᠲᠤᠷᠠᠯᠴᠠᠵᠤ᠂ ᠡᠯ᠎ᠡ ᠵᠦᠢᠯ ᠤᠨ ᠪᠣᠲᠠᠲᠠᠢ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠪᠠ ᠠᠵᠢᠯ ᠤᠨ | ᠡᠭᠦᠷᠭᠡ ᠶᠢ ᠪᠡᠶᠡᠯᠡᠭᠦᠯᠬᠦ ᠶᠢ ᠦᠨᠡᠨᠬᠦ ᠪᠠᠲᠤᠯᠠᠨ᠎ᠠ᠃ ᠬᠠᠮᠢᠶᠠᠷᠤᠯᠲᠠ ᠶᠢᠨ ᠠᠷᠭ᠎ᠠ ᠳᠤ ᠰᠢᠨ᠎ᠡ ᠶᠢ ᠡᠭᠦᠳᠴᠦ᠂ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠣᠷᠣᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ | ᠠᠵᠢᠯ ᠤᠨ ᠡᠬᠡ ᠳᠠᠩᠰᠠ ᠶᠢᠨ ᠮᠠᠶ᠋ᠢᠭ ᠤᠨ ᠬᠠᠮᠢᠶᠠᠷᠤᠯᠲᠠ ᠶᠢ ᠬᠡᠷᠡᠭᠵᠢᠭᠦᠯᠦᠨ᠂ ᠭᠡᠷ ᠲᠡᠭᠡᠨ ᠬᠤᠴᠣᠷᠤᠭᠰᠠᠨ | ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠪᠠ ᠬᠢᠨᠠᠯᠲᠠ | ᠲᠠᠯᠪᠢᠵᠤ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠶᠢ ᠪᠦᠷᠢᠨᠰᠢᠭᠦᠯᠵᠦ᠂ ᠠᠵᠢᠯ ᠤᠨ ᠳᠤᠮᠳᠠ ᠣᠷᠤᠰᠢᠵᠤ ᠪᠠᠶᠢᠭ᠎ᠠ | ᠳᠤᠪᠤᠶᠢᠮ᠎ᠠ ᠵᠦᠷᠢᠴᠡᠯ ᠪᠣᠯᠣᠨ ᠠᠰᠠᠭᠤᠳᠠᠯ ᠢ ᠴᠠᠭ ᠲᠣᠬᠠᠢ ᠳᠤᠨᠢ ᠰᠢᠢᠳᠪᠦᠷᠢᠯᠡᠨ᠎ᠡ᠃ ᠰᠤᠮᠤ ᠰᠢᠶᠠᠩ ᠪᠠᠯᠭᠠᠰᠤ ︵ | ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠦᠪᠯᠡᠯ︶ ᠤ ᠦᠷᠨᠢᠭᠦᠯᠦᠭᠰᠡᠨ ᠦᠨᠡᠨ ᠪᠠᠶᠢᠳᠠᠯ ᠢ ᠣᠶᠢᠯᠠᠭᠠᠨ ᠵᠢᠭᠰᠠᠭᠠᠨ ᠪᠠᠶᠢᠴᠠᠭᠠᠬᠤ ᠪᠠ ᠠᠰᠠᠷᠠᠨ | ᠬᠠᠮᠠᠭᠠᠯᠠᠵᠤ ᠬᠢᠨᠠᠯᠲᠠ ᠲᠠᠯᠪᠢᠬᠤ ᠵᠡᠷᠭᠡ ᠠᠵᠢᠯ ᠳᠤ ᠲᠥᠷᠥ ᠶᠢᠨ ᠪᠣᠳᠣᠯᠭ᠎ᠠ ᠶᠢᠨ ᠵᠢᠯᠤᠭᠤᠳᠤᠯᠭ᠎ᠠ ᠪᠠ ᠮᠡᠷᠭᠡᠵᠢᠯ ᠤᠨ | ᠳᠡᠮᠵᠢᠯᠭᠡ ᠶᠢ ᠬᠠᠩᠭᠠᠨ᠎ᠠ᠃ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ | ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠨᠤᠭᠤᠳ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠪᠠ ᠲᠡᠳᠡᠨ ᠤ ᠭᠡᠷ ᠤᠨ ᠠᠬᠠᠮᠠᠳ ᠤᠨ ᠭᠠᠳᠠᠭᠰᠢ | ᠭᠠᠷᠴᠤ ᠬᠦᠴᠦ ᠶᠠᠪᠤᠭᠰᠠᠨ ᠪᠠᠶᠢᠳᠠᠯ ᠤᠨ ᠮᠡᠳᠡᠭᠡ ᠵᠠᠩᠭᠢ ᠶᠢ ᠰᠠᠶᠢᠨ ᠮᠡᠳᠡᠬᠦ ᠪᠠ ᠡᠵᠡᠮᠰᠢᠵᠦ᠂ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠨᠠᠷᠢᠨ ᠪᠣᠲᠠᠲᠠᠢ ᠪᠦᠷᠢᠨ ᠭᠦᠢᠴᠡᠳ ᠮᠡᠳᠡᠭᠡ | ᠵᠠᠩᠭᠢ ᠶᠢᠨ ᠡᠬᠡ ᠳᠠᠩᠰᠠ ᠶᠢ ᠪᠠᠶᠢᠭᠤᠯᠵᠤ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠪᠠᠶᠢᠯᠭᠠᠨ᠂ | ᠬᠦᠳᠡᠯᠦᠩᠭᠦᠢ ᠬᠠᠮᠢᠶᠠᠷᠤᠯᠲᠠ ᠶᠢ ᠬᠡᠷᠡᠭᠵᠢᠭᠦᠯᠵᠦ᠂ ᠨᠢᠭᠡ ᠤᠯᠠᠷᠢᠯ ᠳᠤ ᠨᠢᠭᠡ ᠤᠳᠠᠭ᠎ᠠ ᠪᠠᠶᠢᠴᠠᠭᠠᠨ ᠬᠢᠨᠠᠵᠤ᠂ | ᠲᠥᠷᠥ ᠶᠢᠨ ᠪᠣᠳᠣᠯᠭ᠎ᠠ ᠶᠢ ᠲᠦᠢᠯ ᠤᠨ ᠣᠨᠣᠪᠴᠢᠲᠠᠢ ᠪᠠᠷ ᠬᠡᠷᠡᠭᠵᠢᠭᠦᠯᠦᠨ᠎ᠡ︔ ᠡᠭᠦᠨ ᠤ ᠬᠠᠮᠲᠤ᠂ ᠭᠠᠳᠠᠭᠰᠢ | ᠭᠠᠷᠴᠤ ᠬᠦᠴᠦ ᠶᠠᠪᠤᠭᠰᠠᠳ ᠪᠠ ᠪᠤᠰᠤᠳ ᠠᠰᠠᠷᠠᠨ ᠬᠠᠮᠠᠭᠠᠯᠠᠭᠰᠠᠳ ᠲᠤ ᠬᠠᠤᠯᠢ ᠳᠦᠷᠢᠮ ᠤᠨ ᠤᠬᠠᠭᠤᠯᠭ᠎ᠠ | ᠪᠣᠯᠣᠨ ᠵᠢᠯᠤᠭᠤᠳᠤᠯᠭ᠎ᠠ ᠶᠢ ᠴᠢᠩᠭᠠᠳᠬᠠᠵᠤ᠂ ᠬᠠᠤᠯᠢ ᠴᠠᠭᠠᠵᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠵᠣᠬᠢᠶᠠᠨ | ᠪᠠᠶᠢᠭᠤᠯᠤᠨ ᠦᠷᠨᠢᠭᠦᠯᠵᠦ᠂ ᠲᠡᠳᠡᠨ ᠢ ᠰᠢᠮᠳᠠᠭᠤᠯᠤᠨ ᠠᠰᠠᠷᠠᠨ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠶᠢ | ᠭᠦᠢᠴᠡᠳᠭᠡᠯᠭᠡᠨ᠂ ᠠᠰᠠᠷᠠᠨ ᠬᠠᠮᠠᠭᠠᠯᠠᠬᠤ ᠴᠢᠳᠠᠪᠤᠷᠢ ᠶᠢ ᠨᠢ ᠳᠡᠭᠡᠭᠰᠢᠯᠡᠭᠦᠯᠦᠨ᠎ᠡ᠃ ᠨᠠᠮ ᠤᠨ ᠭᠡᠰᠢᠭᠦᠨ ᠺᠠᠳ᠋ᠷ | ᠭᠡᠷ ᠲᠤᠨᠢ ᠣᠴᠢᠵᠤ ᠰᠣᠷᠪᠣᠯᠵᠢᠯᠠᠭ᠎ᠠ ᠬᠢᠬᠦ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ | ᠠᠷᠠᠳ ᠤᠨ ᠵᠦᠪᠯᠡᠯ︶ ᠳᠤ ᠰᠠᠭᠤᠭ᠎ᠠ ᠺᠠᠳ᠋ᠷ ᠲᠣᠭᠤᠷᠢᠨ ᠰᠤᠷᠪᠣᠯᠵᠢᠯᠠᠬᠤ᠂ ᠨᠡᠶᠢᠭᠡᠮ ᠤᠨ ᠲᠤᠰᠬᠠᠢ | ᠠᠵᠢᠯᠲᠠᠨ ᠲᠠᠭᠠᠨ ᠰᠤᠷᠪᠤᠯᠵᠢᠯᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠭᠤᠣᠯᠳᠠᠯᠭ᠎ᠠ ᠲᠠᠢ ᠬᠦᠮᠦᠰ ᠢ ᠬᠢᠨᠠᠨ | ᠪᠠᠶᠢᠴᠠᠭᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠢ ᠲᠣᠬᠢᠲᠠᠢ ᠬᠠᠷᠠᠭᠠᠯᠵᠠᠨ ᠠᠰᠠᠷᠠᠬᠤ ᠶᠢ ᠦᠨᠡᠨᠬᠦ ᠪᠠᠲᠤᠯᠠᠨ᠎ᠠ᠃ | ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠠᠯ︶ ᠤ ᠦᠪᠡᠷᠲᠡᠭᠡᠨ ᠵᠠᠰᠠᠬᠤ | ᠦᠢᠯᠡᠳᠦᠯ ᠢ ᠪᠠᠳᠠᠷᠠᠭᠤᠯᠵᠤ᠂ ᠬᠠᠷᠢᠭᠤᠴᠠᠯᠭ᠎ᠠ ᠶᠢ ᠨᠠᠷᠢᠯᠢᠬᠵᠢᠭᠤᠯᠤᠨ᠂ ᠭᠡᠷ ᠲᠡᠭᠡᠨ ᠬᠤᠴᠤᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ | ᠠᠵᠢᠯ ᠢ ᠲᠤᠰᠬᠠᠢ ᠬᠦᠮᠦᠨ ᠲᠣᠭᠲᠠᠭᠠᠨ ᠬᠠᠷᠢᠭᠤᠴᠠᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠭᠡᠷ | ᠪᠦᠯᠢ ᠳᠤ ᠲᠣᠭᠲᠠᠮᠠᠯ ᠬᠤᠭᠤᠴᠠᠭ᠎ᠠ ᠲᠠᠢ ᠪᠠᠷ ᠠᠶᠢᠯᠠᠴᠢᠯᠠᠨ ᠰᠤᠷᠪᠤᠯᠵᠢᠯᠠᠵᠦ᠂ ᠭᠡᠷ ᠲᠡᠭᠡᠨ ᠬᠤᠴᠤᠷᠤᠭᠰᠠᠨ | ᠬᠡᠦᠬᠡᠳ ᠤᠨ ᠭᠡᠷ ᠪᠦᠯᠢ ᠶᠢᠨ ᠪᠠᠶᠢᠳᠠᠯ᠂ ᠠᠰᠠᠷᠠᠨ ᠬᠠᠮᠠᠭᠠᠯᠠᠭᠰᠠᠨ ᠪᠠᠶᠢᠳᠠᠯ᠂ ᠰᠤᠷᠭᠠᠭᠤᠯᠢ ᠳᠤ ᠣᠷᠤᠭᠰᠠᠨ | ᠪᠠᠶᠢᠳᠠᠯ ᠵᠡᠷᠭᠡ ᠦᠨᠳᠦᠰᠦᠨ ᠮᠡᠳᠡᠭᠡ ᠵᠠᠩᠭᠢ ᠶᠢ ᠪᠦᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ᠴᠠᠭ ᠲᠣᠬᠠᠢ ᠳᠤᠨᠢ | ᠡᠵᠡᠮᠰᠢᠬᠦ ᠶᠢᠨ ᠬᠠᠮᠲᠤ᠂ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ | ᠮᠡᠳᠡᠭᠦᠯᠦᠨ᠎ᠡ᠃ | ︵ᠭᠤᠷᠪᠠ︶ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠣᠯᠣᠨ ᠰᠤᠷᠭᠠᠭᠤᠯᠢ ᠶᠢᠨ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠡᠷᠴᠢᠮ ᠢ ᠴᠢᠩᠭᠠᠷᠠᠭᠤᠯᠤᠨ᠎ᠠ᠃ | ᠡᠯ᠎ᠡ ᠭᠠᠵᠠᠷ ᠣᠷᠣᠨ ᠨᠤᠭᠤᠳ ᠰᠣᠷᠤᠯᠭ᠎ᠠ ᠪᠠᠨ ᠲᠠᠰᠤᠯᠠᠬᠤ ᠶᠢ ᠡᠵᠡᠮᠳᠡᠬᠦ ᠪᠠ ᠰᠤᠷᠤᠯᠭ᠎ᠠ ᠶᠢ ᠪᠠᠲᠤᠯᠠᠬᠤ | ᠰᠠᠯᠠᠭ᠎ᠠ ᠮᠦᠴᠢᠷ ᠤᠨ ᠵᠣᠬᠢᠴᠠᠭᠤᠯᠬᠤ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠤᠮᠤ ᠰᠢᠶᠠᠩ ᠪᠠᠯᠭᠠᠰᠤ | ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ | ᠰᠠᠭᠤᠭᠠᠯᠢ ᠠᠷᠠᠳ ᠤᠨ ᠵᠦᠪᠯᠡᠯ︶ ᠠᠴᠠ ᠠᠰᠠᠷᠠᠨ ᠬᠠᠮᠠᠭᠠᠯᠠᠭᠴᠢ ᠶᠢ ᠰᠢᠮᠳᠠᠭᠤᠯᠤᠨ ᠰᠤᠷᠬᠤ ᠨᠠᠰᠤᠨ ᠤ ᠬᠡᠦᠬᠡᠳ᠂ | ᠪᠠᠭᠠᠴᠤᠳ ᠢ ᠰᠤᠷᠭᠠᠭᠤᠯᠢ ᠳᠤ ᠣᠷᠤᠭᠤᠯᠬᠤ ᠶᠢᠨ ᠬᠠᠮᠲᠤ ᠠᠯᠪᠠᠨ ᠵᠢᠷᠤᠮ ᠤᠨ ᠰᠤᠷᠭᠠᠨ ᠬᠦᠮᠦᠵᠢᠯ ᠢ | ᠪᠡᠶᠡᠯᠡᠭᠦᠯᠦᠨ᠎ᠡ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠰᠤᠷᠤᠯᠭ᠎ᠠ ᠶᠢᠨ ᠰᠦᠢᠳᠭᠡᠯ ᠬᠤᠷᠢᠶᠠᠬᠤ ᠦᠭᠡᠢ | ᠠᠯᠪᠠᠨ ᠵᠢᠷᠤᠮ ᠤᠨ ᠰᠤᠷᠭᠠᠨ ᠬᠦᠮᠦᠵᠢᠯ ᠪᠠ ᠰᠤᠷᠭᠠᠨ ᠬᠦᠮᠦᠵᠢᠯ ᠢ ᠵᠤᠭᠤᠰ ᠢᠶᠠᠷ ᠲᠤᠰᠠᠯᠠᠬᠤ ᠲᠥᠷᠥ ᠶᠢᠨ | ᠪᠣᠳᠣᠯᠭ᠎ᠠ ᠶᠢ ᠨᠠᠶᠢᠳᠠᠪᠤᠷᠢᠵᠢᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠶᠠᠳᠠᠭᠤ ᠬᠦᠴᠢᠷᠳᠡᠯᠲᠡᠢ ᠠᠴᠠ | ᠪᠣᠯᠵᠤ ᠰᠤᠷᠤᠯᠭ᠎ᠠ ᠠᠯᠳᠠᠬᠤ ᠦᠭᠡᠢ ᠪᠠᠶᠢᠬᠤ ᠶᠢ ᠦᠨᠡᠨᠬᠦ ᠪᠠᠲᠤᠯᠠᠨ᠎ᠠ︔ ᠳᠤᠮᠳᠠᠳᠤ ᠪᠠᠭ᠎ᠠ ᠰᠤᠷᠭᠠᠭᠤᠯᠢ ᠶᠢᠨ | ᠰᠡᠳᠬᠢᠴᠡ ᠶᠢᠨ ᠡᠷᠡᠭᠦᠯ ᠡᠩᠬᠡ ᠶᠢᠨ ᠬᠦᠮᠦᠵᠢᠯ ᠢ ᠴᠢᠩᠭᠠᠳᠬᠠᠬᠤ ᠶᠢ ᠳᠡᠮᠵᠢᠨ ᠵᠢᠯᠤᠭᠤᠳᠴᠤ᠂ ᠰᠤᠷᠤᠭᠴᠢᠳ ᠤᠨ | ᠰᠡᠳᠬᠢᠴᠡ᠂ ᠬᠦᠮᠦᠨᠴᠢ ᠴᠢᠨᠠᠷ ᠤᠨ ᠢᠳᠡᠪᠬᠢᠲᠡᠢ ᠪᠦᠭᠡᠳ ᠡᠷᠡᠭᠦᠯ ᠢᠶᠠᠷ ᠬᠥᠭᠵᠢᠬᠦ ᠶᠢ ᠠᠬᠢᠭᠤᠯᠤᠨ᠂ | ᠰᠡᠳᠬᠢᠴᠡ ᠶᠢᠨ ᠠᠰᠠᠭᠤᠳᠠᠯ ᠪᠣᠯᠣᠨ ᠮᠠᠭᠤ ᠦᠢᠯᠡ ᠠᠵᠢᠯᠯᠠᠭ᠎ᠠ ᠶᠢ ᠡᠷᠲᠡ ᠠᠴᠠ ᠢᠯᠡᠷᠡᠭᠦᠯᠬᠦ ᠶᠢᠨ ᠬᠠᠮᠲᠤ | ᠵᠠᠯᠠᠷᠠᠭᠤᠯᠤᠨ᠎ᠠ︔ ᠰᠤᠷᠭᠠᠭᠤᠯᠢ ᠶᠢᠨ ᠪᠠᠭᠰᠢ ᠠᠵᠢᠯᠲᠠᠨ ᠤ ᠲᠤᠰᠬᠠᠢ ᠰᠡᠳᠦᠪᠲᠦ ᠪᠣᠯᠪᠠᠰᠤᠷᠠᠭᠤᠯᠤᠯ ᠢ | ᠴᠢᠩᠭᠠᠳᠬᠠᠵᠤ᠂ ᠠᠩᠭᠢ ᠶᠢᠨ ᠡᠷᠬᠢᠯᠡᠭᠴᠢ ᠪᠣᠯᠣᠨ ᠪᠠᠶᠢᠷᠢ ᠶᠢᠨ ᠬᠠᠮᠢᠶᠠᠷᠤᠭᠴᠢ ᠶᠢᠨ ᠭᠡᠷ ᠲᠡᠭᠡᠨ ᠬᠤᠴᠤᠷᠤᠭᠰᠠᠨ | ᠬᠡᠦᠬᠡᠳ ᠢ ᠬᠠᠷᠠᠭᠠᠯᠵᠠᠨ ᠠᠰᠠᠷᠠᠬᠤ ᠴᠢᠳᠠᠪᠤᠷᠢ ᠶᠢ ᠬᠦᠴᠦᠯᠡᠨ ᠳᠡᠭᠡᠭᠰᠢᠯᠡᠭᠦᠯᠵᠦ᠂ ᠳᠤᠲᠤᠭᠠᠲᠤ ᠶᠢ ᠬᠠᠮᠠᠭᠠᠯᠠᠬᠤ | ᠰᠠᠯᠠᠭ᠎ᠠ ᠮᠦᠴᠢᠷ᠂ ᠡᠪ ᠬᠠᠮᠲᠤ ᠵᠠᠯᠠᠭᠤᠴᠤᠳ ᠤᠨ ᠵᠣᠬᠢᠶᠠᠨ ᠪᠠᠶᠢᠭᠤᠯᠤᠯᠲᠠ ᠲᠠᠢ ᠬᠠᠮᠲᠤᠷᠠᠨ ᠳᠤᠮᠳᠠᠳᠤ ᠪᠠᠭ᠎ᠠ | ᠰᠤᠷᠭᠠᠭᠤᠯᠢ ᠶᠢᠨ ᠰᠤᠷᠭᠠᠭᠤᠯᠢ ᠶᠢᠨ ᠠᠮᠦᠷ ᠲᠥᠪᠰᠢᠨ ᠤ ᠬᠠᠮᠢᠶᠠᠷᠤᠯᠲᠠ ᠶᠢ ᠴᠢᠩᠭᠠᠳᠬᠠᠬᠤ ᠶᠢ ᠵᠢᠯᠤᠭᠤᠳᠤᠨ | ᠬᠠᠪᠰᠤᠷᠴᠤ᠂ ᠬᠠᠤᠯᠢ ᠪᠠᠷ ᠵᠠᠰᠠᠬᠤ ᠤᠬᠠᠭᠤᠯᠭ᠎ᠠ ᠪᠣᠯᠣᠨ ᠠᠮᠦᠷ ᠲᠥᠪᠰᠢᠨ ᠤ ᠬᠦᠮᠦᠵᠢᠯ ᠢ ᠰᠠᠶᠢᠲᠤᠷ ᠬᠢᠵᠦ᠂ | ᠬᠡᠦᠬᠡᠳ ᠢ ᠬᠠᠪᠰᠤᠷᠴᠤ ᠰᠤᠷᠭᠠᠭᠤᠯᠢ ᠶᠢᠨ ᠬᠦᠷᠢᠶᠡᠨ ᠳᠠᠬᠢ ᠳᠤᠷᠤᠮᠵᠢᠯᠠᠯ ᠵᠡᠷᠭᠡ ᠬᠠᠤᠯᠢ ᠪᠤᠰᠤ ᠬᠦᠨᠦᠭᠡᠯ ᠢ | ᠰᠡᠷᠭᠡᠶᠢᠯᠡᠬᠦ ᠦᠵᠡᠯ ᠤᠬᠠᠮᠰᠠᠷ ᠢ ᠨᠢ ᠳᠡᠭᠡᠭᠰᠢᠯᠡᠭᠦᠯᠦᠨ᠂ ᠰᠠᠨᠠᠭᠠᠨ ᠳᠤ ᠪᠤᠰᠦ ᠬᠤᠣᠷᠯᠠᠯ ᠳᠤ ᠠᠳᠡᠬᠦ ᠶᠢ ᠰᠡᠷᠭᠡᠶᠢᠯᠡᠬᠦ | ᠠᠮᠦᠷ ᠲᠥᠪᠰᠢᠨ ᠤ ᠶᠡᠷᠦ ᠶᠢᠨ ᠮᠡᠳᠡᠯᠭᠡ ᠶᠢ ᠡᠵᠡᠮᠰᠢᠭᠦᠯᠦᠨ᠎ᠡ︔ ᠳᠤᠮᠳᠠᠳᠤ ᠪᠠᠭ᠎ᠠ ᠰᠤᠷᠭᠠᠭᠤᠯᠢ ᠨᠢ ᠭᠡᠷ ᠲᠡᠭᠡᠨ | ᠬᠤᠴᠤᠷᠤᠭᠰᠠᠨ ᠬᠡᠦᠬᠡᠳ ᠤᠨ ᠰᠤᠷᠭᠠᠨ ᠬᠦᠮᠦᠵᠢᠯ ᠬᠦᠷᠲᠡᠭᠰᠡᠨ ᠪᠠᠶᠢᠳᠠᠯ ᠳᠤ ᠪᠦᠬᠦ ᠶᠠᠪᠤᠴᠠ ᠶᠢᠨ | ᠬᠠᠮᠢᠶᠠᠷᠤᠯᠲᠠ ᠶᠢ ᠬᠡᠷᠡᠭᠵᠢᠭᠦᠯᠵᠦ᠂ ᠣᠯᠠᠨ ᠵᠦᠢᠯ ᠤᠨ ᠠᠷᠭ᠎ᠠ ᠮᠠᠶ᠋ᠢᠭ ᠢ ᠠᠰᠢᠭᠯᠠᠨ ᠨᠠᠶᠢᠳᠠᠯᠭ᠎ᠠ ᠶᠢ ᠬᠦᠯᠢᠶᠡᠭᠰᠡᠨ | ᠠᠰᠠᠷᠠᠨ ᠬᠠᠮᠠᠭᠠᠯᠠᠭᠴᠢ ᠯᠤᠭ᠎ᠠ ᠣᠶᠢᠯᠠᠭᠠᠯᠴᠠᠨ ᠰᠤᠯᠢᠯᠴᠠᠬᠤ ᠶᠢ ᠴᠢᠩᠭᠠᠳᠬᠠᠨ᠂ ᠠᠰᠠᠷᠠᠨ ᠬᠠᠮᠠᠭᠠᠯᠠᠭᠴᠢ ᠶᠢ | ᠬᠠᠪᠰᠤᠷᠴᠤ ᠪᠠᠶᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠤᠯᠭ᠎ᠠ ᠶᠢᠨ ᠪᠠᠶᠢᠳᠠᠯ ᠢ ᠡᠵᠡᠮᠰᠢᠭᠦᠯᠵᠦ᠂ | ᠠᠰᠠᠷᠠᠨ ᠬᠠᠮᠠᠭᠠᠯᠠᠭᠴᠢ ᠶᠢᠨ ᠬᠠᠷᠢᠭᠤᠴᠠᠯᠭᠠᠲᠤ ᠦᠵᠡᠯ ᠤᠬᠠᠮᠰᠠᠷ ᠪᠠ ᠰᠤᠷᠭᠠᠨ ᠬᠦᠮᠦᠵᠢᠭᠦᠯᠬᠦ ᠴᠢᠳᠠᠪᠤᠷᠢ ᠶᠢ | ᠳᠡᠭᠡᠭᠰᠢᠯᠡᠭᠦᠯᠦᠨ᠎ᠡ︔ ᠰᠢᠯᠲᠠᠭᠠᠨ ᠦᠭᠡᠢ ᠪᠠᠷ ᠬᠢᠴᠢᠶᠡᠯ ᠰᠠᠭᠠᠲᠠᠬᠤ ᠭᠡᠷ ᠲᠡᠭᠡᠨ ᠬᠤᠴᠤᠷᠤᠭᠰᠠᠨ ᠬᠡᠦᠬᠡᠳ ᠤᠨ | ᠪᠠᠶᠢᠳᠠᠯ ᠢ ᠴᠠᠭ ᠲᠣᠬᠠᠢ ᠳᠤᠨᠢ ᠣᠶᠢᠯᠠᠭᠠᠵᠤ᠂ ᠰᠤᠷᠤᠯᠭ᠎ᠠ ᠪᠠᠨ ᠲᠠᠰᠤᠯᠤᠬᠰᠠᠨ ᠰᠤᠷᠤᠭᠴᠢᠳ ᠢ ᠲᠡᠮᠲᠡᠭᠯᠡᠬᠦ᠂ | ᠰᠤᠷᠭᠠᠭᠤᠯᠢ ᠳᠠᠭᠠᠨ ᠪᠣᠴᠠᠵᠤ ᠰᠤᠷᠤᠯᠭ᠎ᠠ ᠪᠠᠨ ᠰᠡᠷᠭᠦᠭᠡᠬᠦ ᠪᠠᠷ ᠢᠳᠬᠠᠬᠤ ᠪᠠ ᠪᠢᠴᠢᠭ ᠤᠨ ᠮᠡᠳᠡᠭᠦᠯᠦᠯᠲᠡ ᠶᠢᠨ | ᠳᠦᠷᠢᠮ ᠢ ᠨᠠᠶᠢᠳᠠᠪᠤᠷᠢᠵᠢᠭᠤᠯᠤᠨ᠂ ᠰᠤᠷᠭᠠᠭᠤᠯᠢ ᠳᠠᠭᠠᠨ ᠪᠤᠴᠠᠬᠤ ᠪᠠᠷ ᠢᠳᠬᠠᠭᠠᠳ ᠲᠤᠰᠠ ᠪᠣᠯᠣᠭᠰᠠᠨ ᠦᠭᠡᠢ | ᠪᠣᠯ ᠬᠤᠰᠢᠭᠤ ᠰᠢᠶᠠᠨ ︵ᠬᠤᠲᠠ᠂ ᠲᠣᠭᠤᠷᠢᠭ︶ ᠤ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠪᠣᠯᠣᠨ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠪᠢᠴᠢᠭ ᠢᠶᠠᠷ ᠮᠡᠳᠡᠭᠦᠯᠵᠦ᠂ ᠬᠠᠤᠯᠢ | ᠶᠤᠰᠤᠭᠠᠷ ᠠᠷᠭ᠎ᠠ ᠬᠡᠮᠵᠢᠶ᠎ᠡ ᠠᠪᠴᠤ ᠪᠠᠶᠢᠭᠠᠳ ᠰᠤᠷᠭᠠᠭᠤᠯᠢ ᠳᠠᠭᠠᠨ ᠪᠤᠴᠠᠵᠤ ᠰᠤᠷᠤᠯᠭ᠎ᠠ ᠪᠠᠨ ᠰᠡᠷᠭᠦᠭᠡᠬᠦ ᠪᠠᠷ | ᠢᠳᠬᠠᠨ᠎ᠠ︔ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠨᠢ ᠪᠠᠭᠰᠢ ᠠᠵᠢᠯᠲᠠᠨ ᠤ ᠵᠢᠵᠢᠭᠦᠷ ᠤᠨ ᠳᠦᠷᠢᠮ ᠢ | ᠲᠡᠭᠦᠯᠳᠡᠷᠵᠢᠭᠦᠯᠵᠦ᠂ ᠰᠤᠷᠤᠭᠴᠢ ᠶᠢᠨ ᠪᠠᠶᠢᠷᠢ ᠶᠢᠨ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ | ᠰᠤᠷᠭᠠᠭᠤᠯᠢ ᠶᠢᠨ ᠬᠦᠷᠢᠶ᠎ᠡ ᠶᠢᠨ ᠰᠤᠶᠤᠯ ᠤᠨ ᠠᠮᠢᠳᠤᠷᠠᠯ ᠢ ᠪᠠᠶᠠᠯᠢᠬᠵᠢᠭᠤᠯᠵᠤ᠂ ᠰᠤᠷᠤᠭᠴᠢ ᠶᠢ ᠬᠦᠲᠦᠯᠦᠨ | ᠵᠢᠯᠤᠭᠤᠳᠴᠤ ᠪᠠᠶᠢᠭᠠᠳ ᠪᠡᠶ᠎ᠡ ᠶᠢᠨ ᠲᠠᠮᠢᠷ᠂ ᠤᠷᠠᠯᠢᠭ᠂ ᠨᠡᠶᠢᠭᠡᠮ ᠤᠨ ᠦᠢᠯᠡᠳᠦᠯᠭᠡ ᠶᠢᠨ ᠠᠵᠢᠯᠯᠠᠭ᠎ᠠ ᠳᠤ | ᠢᠳᠡᠪᠬᠢᠲᠡᠢ ᠤᠷᠤᠯᠴᠠᠭᠤᠯᠤᠨ᠂ ᠰᠤᠷᠭᠠᠭᠤᠯᠢ ᠶᠢᠨ ᠰᠤᠷᠭᠠᠨ ᠬᠦᠮᠦᠵᠢᠯ ᠤᠨ ᠲᠠᠲᠠᠬᠤ ᠬᠦᠴᠦᠨ ᠢ ᠨᠡᠮᠡᠭᠳᠡᠭᠦᠯᠦᠨ᠎ᠡ︔ | ᠭᠡᠷ ᠲᠡᠭᠡᠨ ᠬᠤᠴᠤᠷᠤᠭᠰᠠᠨ ᠬᠡᠦᠬᠡᠳ ᠢ ᠬᠠᠪᠰᠤᠷᠴᠤ ᠪᠠᠶᠢᠭᠠᠳ ᠤᠲᠠᠰᠦ᠂ ᠬᠠᠷᠠᠭᠠᠨ ᠳᠠᠪᠳᠠᠮᠵᠢ ᠵᠡᠷᠭᠡ ᠠᠷᠭ᠎ᠠ | ᠮᠠᠶ᠋ᠢᠭ ᠢᠶᠠᠷ ᠳᠠᠮᠵᠢᠨ ᠭᠠᠳᠠᠭᠰᠢ ᠭᠠᠷᠴᠤ ᠬᠦᠴᠦ ᠶᠠᠪᠤᠵᠤ ᠪᠠᠶᠢᠭ᠎ᠠ ᠭᠡᠷ ᠤᠨ ᠠᠬᠠᠮᠠᠳ ᠲᠠᠢ ᠪᠠᠨ ᠬᠠᠷᠢᠴᠠᠨ | ᠣᠶᠢᠯᠠᠭᠠᠯᠴᠠᠵᠤ᠂ ᠰᠤᠷᠭᠠᠭᠤᠯᠢ᠂ ᠭᠡᠷ ᠤᠨ ᠠᠬᠠᠮᠠᠳ᠂ ᠨᠠᠶᠢᠳᠠᠭᠰᠠᠨ ᠠᠰᠠᠷᠠᠨ ᠬᠠᠮᠠᠭᠠᠯᠠᠭᠴᠢ ᠲᠠᠢ ᠬᠠᠮᠲᠤᠪᠠᠷ | ᠬᠠᠯᠠᠮᠵᠢᠯᠠᠨ ᠬᠠᠶᠢᠷᠠᠯᠠᠵᠤ ᠪᠤᠶᠢᠵᠢᠭᠤᠯᠬᠤ ᠨᠡᠶᠢᠯᠡᠮᠡᠯ ᠬᠦᠴᠦᠨ ᠢ ᠪᠣᠢ ᠪᠣᠯᠭᠠᠨ᠎ᠠ᠃ | ︵ᠳᠥᠷᠪᠡ︶ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠶᠢᠨ ᠣᠨᠴᠠᠯᠢᠭ ᠢ ᠪᠠᠳᠠᠷᠠᠭᠤᠯᠵᠤ | ᠬᠠᠷᠠᠭᠠᠯᠵᠠᠨ ᠬᠠᠶᠢᠷᠠᠯᠠᠬᠤ ᠦᠢᠯᠡᠴᠢᠯᠡᠭᠡ ᠳᠤ ᠣᠷᠤᠯᠴᠠᠭᠤᠯᠤᠨ᠎ᠠ᠃ | ᠠᠵᠢᠯᠴᠢᠨ ᠤ ᠡᠪᠯᠡᠯ᠂ ᠡᠪ ᠬᠠᠮᠲᠤ ᠶᠢᠨ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ᠂ | ᠡᠮᠡᠭᠲᠡᠶᠢᠴᠦᠳ ᠤᠨ ᠬᠤᠯᠪᠣᠭ᠎ᠠ᠂ ᠵᠡᠮᠳᠡᠭᠴᠦᠳ ᠤᠨ ᠬᠤᠯᠪᠣᠭ᠎ᠠ ᠵᠡᠷᠭᠡ ᠣᠯᠠᠨ ᠲᠦᠮᠡᠨ ᠤ ᠪᠦᠯᠬᠦᠮ ᠤᠨ ᠵᠣᠬᠢᠶᠠᠨ | ᠪᠠᠶᠢᠭᠤᠯᠤᠯᠲᠠ ᠶᠢᠨ ᠲᠤᠰ ᠪᠡᠶ᠎ᠡ ᠶᠢᠨ ᠳᠠᠪᠠᠭᠤᠯᠢᠭ ᠢ ᠢᠳᠡᠪᠬᠢᠲᠡᠢ ᠪᠠᠳᠠᠷᠠᠭᠤᠯᠵᠤ᠂ ᠡᠮᠡᠭᠲᠡᠶᠢᠴᠦᠳ ᠬᠡᠦᠬᠡᠳ ᠤᠨ | ᠦᠷᠦᠭᠡ᠂ ᠠᠵᠢᠯ ᠮᠡᠷᠭᠡᠵᠢᠯ ᠤᠨ ᠪᠣᠯᠪᠠᠰᠤᠷᠠᠭᠤᠯᠤᠯ ᠪᠠ ᠲᠠᠨᠢᠯᠴᠠᠭᠤᠯᠭ᠎ᠠ ᠶᠢᠨ ᠪᠠᠶᠢᠭᠤᠯᠤᠮᠵᠢ ᠵᠡᠷᠭᠡ ᠳᠤ | ᠲᠦᠰᠢᠭᠯᠡᠨ ᠭᠡᠷ ᠲᠡᠭᠡᠨ ᠬᠤᠴᠤᠷᠤᠭᠰᠠᠨ ᠬᠡᠦᠬᠡᠳ ᠵᠢᠴᠢ ᠲᠡᠳᠡᠨ ᠤ ᠡᠵᠢ ᠠᠪᠤ ᠳᠤᠨᠢ ᠨᠦᠬᠦᠴᠡᠯ ᠡᠭᠦᠳᠦᠨ ᠥᠭᠴᠦ | ᠂ ᠰᠡᠳᠬᠢᠴᠡ ᠶᠢ ᠨᠢ ᠰᠢᠯᠤᠭᠤᠳᠬᠠᠬᠤ᠂ ᠡᠳᠦᠷ ᠲᠤᠳᠤᠮ ᠤᠨ ᠠᠰᠠᠷᠠᠨ ᠬᠠᠷᠠᠭᠠᠯᠵᠠᠬᠤ᠂ ᠬᠢᠴᠢᠶᠡᠯ ᠤᠨ ᠳᠠᠷᠠᠭ᠎ᠠ | ᠬᠠᠪᠰᠤᠷᠤᠨ ᠵᠢᠯᠤᠭᠤᠳᠬᠤ᠂ ᠠᠵᠢᠯ ᠣᠯᠭᠤᠬᠤ ᠵᠢᠯᠤᠭᠤᠳᠤᠯᠭ᠎ᠠ ᠵᠡᠷᠭᠡ ᠦᠢᠯᠡᠴᠢᠯᠡᠭᠡ ᠶᠢ ᠬᠠᠩᠭᠠᠨ᠎ᠠ᠃ | ᠠᠵᠢᠯᠴᠢᠨ ᠤ ᠡᠪᠯᠡᠯ᠂ ᠡᠪ ᠬᠠᠮᠲᠤ ᠶᠢᠨ ᠵᠠᠯᠠᠭᠤᠴᠤᠳ ᠤᠨ ᠡᠪᠯᠡᠯ᠂ ᠪᠠᠭᠠᠴᠤᠳ ᠤᠨ ᠬᠤᠰᠢᠭᠤᠴᠢ ᠠᠩᠭᠢ ᠨᠢ | ᠥᠷᠭᠡᠨ ᠣᠯᠠᠨ ᠠᠵᠢᠯᠲᠠᠨ ᠠᠵᠢᠯᠴᠢᠨ᠂ ᠡᠪᠯᠡᠯ ᠤᠨ ᠭᠡᠰᠢᠭᠦᠨ ᠵᠠᠯᠠᠭᠤᠴᠤᠳ᠂ ᠪᠠᠭᠠᠴᠤᠳ ᠤᠨ ᠬᠤᠰᠢᠭᠤᠴᠢ | ᠠᠩᠭᠢ ᠶᠢᠨ ᠭᠡᠰᠢᠭᠦᠨ ᠵᠡᠷᠭᠡ ᠶᠢ ᠥᠷᠭᠡᠨ ᠳᠡᠯᠭᠡᠷ ᠢᠶᠠᠷ ᠳᠠᠶᠢᠴᠢᠯᠠᠨ ᠭᠡᠷ ᠲᠡᠭᠡᠨ ᠬᠤᠴᠤᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠬᠤ ᠣᠯᠠᠨ ᠵᠦᠢᠯ ᠤᠨ ᠬᠡᠯᠪᠡᠷᠢ ᠶᠢᠨ ᠦᠢᠯᠡᠴᠢᠯᠡᠭᠡ ᠪᠠ ᠬᠠᠷᠢᠯᠴᠠᠨ ᠲᠤᠰᠠᠯᠠᠬᠤ | ᠠᠵᠢᠯᠯᠠᠭ᠎ᠠ ᠶᠢ ᠦᠷᠨᠢᠭᠦᠯᠦᠨ᠎ᠡ︔ ︽ᠤᠯᠠᠭᠠᠨ ᠪᠦᠴᠡᠲᠡᠨ ᠤ ᠬᠦᠰᠡᠯ ᠵᠡᠭᠦᠳᠦ ᠲᠡᠮᠲᠡᠭᠲᠦ︾ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡᠨ ᠤ ᠲᠡᠪᠴᠡᠩ ᠢ ᠡᠭᠦᠳᠦᠨ ᠪᠠᠶᠢᠭᠤᠯᠬᠤ | ᠠᠵᠢᠯ ᠢ ᠲᠦᠷᠭᠡᠳᠭᠡᠨ ᠠᠬᠢᠭᠤᠯᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠡᠷᠬᠡ ᠠᠰᠢᠭ ᠢ ᠬᠠᠮᠠᠭᠠᠯᠠᠬᠤ | ᠳᠤᠮᠳᠠᠬᠢ ᠪᠠᠭᠠᠴᠤᠳ ᠤᠨ ᠬᠤᠰᠢᠭᠤᠴᠢ ᠠᠩᠭᠢ ᠶᠢᠨ ᠵᠣᠬᠢᠶᠠᠨ ᠪᠠᠶᠢᠭᠤᠯᠤᠯᠲᠠ ᠶᠢᠨ ᠦᠢᠯᠡᠳᠦᠯ ᠢ ᠪᠦᠲᠦᠮᠵᠢᠲᠡᠢ | ᠪᠠᠳᠠᠷᠠᠭᠤᠯᠤᠨ᠎ᠠ︔ ᠬᠠᠷᠠᠵᠤ ᠬᠠᠮᠠᠭᠠᠯᠠᠬᠤ ᠳᠦᠷᠢᠮ ᠢ ᠠᠯᠬᠤᠮ ᠠᠯᠬᠤᠮ ᠢᠶᠠᠷ ᠰᠦᠪᠡᠭᠴᠢᠯᠡᠨ ᠪᠠᠶᠢᠭᠤᠯᠵᠤ᠂ ᠭᠡᠷ | ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ ᠭᠡᠮᠳᠦᠯ ᠬᠤᠣᠷᠯᠠᠯ ᠠᠮᠰᠠᠭᠰᠠᠨ ᠭᠡᠷ ᠲᠡᠭᠡᠨ ᠬᠤᠴᠤᠷᠤᠭᠰᠠᠨ | ᠬᠡᠦᠬᠡᠳ ᠪᠠ ᠪᠤᠰᠤᠳ ᠬᠡᠦᠬᠡᠳ ᠲᠤ ᠰᠡᠳᠬᠢᠴᠡ ᠶᠢᠨ ᠲᠠᠯ᠎ᠠ ᠪᠠᠷ ᠵᠢᠭᠠᠨ ᠵᠢᠯᠤᠭᠤᠳᠬᠤ ᠪᠠ ᠰᠢᠨᠵᠢᠨ ᠦᠨᠡᠯᠡᠬᠦ | ᠦᠢᠯᠡᠴᠢᠯᠡᠭᠡ ᠶᠢ ᠬᠠᠩᠭᠠᠨ᠎ᠠ︔ ᠡᠮᠡᠭᠲᠡᠶᠢᠴᠦᠳ ᠤᠨ ᠬᠤᠯᠪᠣᠭ᠎ᠠ ᠨᠢ ᠡᠮᠡᠭᠲᠡᠶᠢᠴᠦᠳ ᠬᠡᠦᠬᠡᠳ ᠤᠨ ᠦᠷᠦᠭᠡ ᠳᠤ | ᠲᠦᠰᠢᠭᠯᠡᠨ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠪᠤᠰᠤᠳ ᠬᠡᠦᠬᠡᠳ ᠲᠤ ᠬᠠᠯᠠᠮᠵᠢᠯᠠᠨ ᠬᠠᠶᠢᠷᠠᠯᠠᠬᠤ | ᠦᠢᠯᠡᠴᠢᠯᠡᠭᠡ ᠶᠢ ᠬᠠᠩᠭᠠᠨ᠎ᠠ᠃ ᠵᠡᠮᠳᠡᠭᠴᠦᠳ ᠤᠨ ᠬᠤᠯᠪᠣᠭ᠎ᠠ ᠨᠢ ᠭᠡᠷ ᠲᠡᠭᠡᠨ ᠬᠤᠴᠤᠷᠤᠭᠰᠠᠨ ᠵᠡᠮᠳᠡᠭ ᠬᠡᠦᠬᠡᠳ ᠢ | ᠡᠷᠡᠭᠦᠯᠵᠢᠭᠦᠯᠬᠦ ᠵᠡᠷᠭᠡ ᠠᠵᠢᠯ ᠢ ᠵᠣᠬᠢᠶᠠᠨ ᠪᠠᠶᠢᠭᠤᠯᠤᠨ ᠦᠷᠨᠢᠭᠦᠯᠦᠨ᠎ᠡ᠃ ᠬᠤᠶᠢᠴᠢ ᠦᠶ᠎ᠡ ᠪᠠᠨ ᠬᠠᠯᠠᠮᠵᠢᠯᠠᠬᠤ | ᠠᠵᠢᠯ ᠤᠨ ᠵᠦᠪᠯᠡᠯ ᠨᠢ ᠠᠬᠠᠮᠠᠳ ᠺᠠᠳ᠋ᠷ᠂ ᠠᠬᠠᠮᠠᠳ ᠪᠠᠶᠢᠯᠳᠤᠭᠴᠢ᠂ ᠠᠬᠠᠮᠠᠳ ᠮᠡᠷᠭᠡᠵᠢᠯᠲᠡᠨ᠂ ᠠᠬᠠᠮᠠᠳ ᠪᠠᠭᠰᠢ᠂ | ᠠᠬᠠᠮᠠᠳ ᠵᠢᠱᠢᠶᠡᠴᠢ ᠵᠡᠷᠭᠡ ᠠᠵᠢᠯ ᠠᠴᠠ ᠪᠠᠨ ᠪᠠᠭᠤᠵᠤ ᠠᠮᠠᠷᠠᠭᠰᠠᠨ ᠠᠬᠠᠮᠠᠳ ᠨᠦᠬᠦᠳ ᠢ ᠵᠣᠬᠢᠶᠠᠨ ᠪᠠᠶᠢᠭᠤᠯᠤᠨ᠂ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠬᠤ ᠪᠠ | ᠦᠢᠯᠡᠴᠢᠯᠡᠬᠦ ᠠᠵᠢᠯ ᠢ ᠬᠠᠮᠵᠢᠯᠴᠠᠨ ᠰᠠᠶᠢᠲᠤᠷ ᠬᠢᠨ᠎ᠡ᠃ | ︵ᠲᠠᠪᠤ︶ ᠨᠡᠶᠢᠭᠡᠮ ᠤᠨ ᠬᠦᠴᠦᠨ ᠢ ᠶᠡᠬᠡᠪᠡᠷ ᠬᠦᠲᠦᠯᠦᠨ ᠤᠷᠤᠭᠤᠯᠵᠤ ᠪᠠᠶᠢᠭᠠᠳ ᠭᠡᠷ ᠲᠡᠭᠡᠨ | ᠬᠤᠴᠤᠷᠤᠭᠰᠠᠨ ᠬᠡᠦᠬᠡᠳ ᠢ ᠬᠠᠮᠠᠭᠠᠯᠠᠬᠤ ᠳᠤ ᠣᠷᠤᠯᠴᠠᠭᠤᠯᠤᠨ᠎ᠠ᠃ | ︽ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ | ᠨᠡᠶᠢᠭᠡᠮ ᠤᠨ ᠠᠵᠢᠯᠲᠠᠨ ᠤ ᠬᠠᠮᠲᠤᠷᠠᠨ ᠬᠦᠳᠡᠯᠦᠯᠴᠡᠬᠦ︾ ᠲᠣᠭᠲᠠᠴᠠ ᠶᠢ ᠪᠦᠷᠢᠨᠰᠢᠭᠦᠯᠵᠦ᠂ ᠮᠠᠯᠵᠢᠬᠤ ᠲᠠᠷᠢᠶᠠᠯᠠᠬᠤ | ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠳᠤᠮᠳᠠᠬᠢ | ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠨᠡᠶᠢᠭᠡᠮ ᠤᠨ ᠵᠣᠬᠢᠶᠠᠨ | ᠪᠠᠶᠢᠭᠤᠯᠤᠯᠲᠠ᠂ ᠨᠡᠶᠢᠭᠡᠮ ᠤᠨ ᠲᠤᠰᠬᠠᠢ ᠠᠵᠢᠯᠯᠠᠭᠴᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ᠨᠡᠶᠢᠭᠡᠮ ᠤᠨ ᠲᠤᠰᠬᠠᠢ ᠵᠣᠬᠢᠶᠠᠨ ᠪᠠᠶᠢᠭᠤᠯᠤᠯᠲᠠ ᠶᠢ ᠪᠤᠶᠢᠵᠢᠭᠤᠯᠬᠤ ᠶᠢ ᠲᠦᠷᠭᠡᠳᠭᠡᠵᠦ᠂ ᠨᠡᠶᠢᠭᠡᠮ ᠤᠨ ᠠᠵᠢᠯ ᠤᠨ | ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ᠂ ᠰᠡᠳᠬᠢᠴᠡ ᠶᠢᠨ ᠯᠠᠪᠯᠠᠯᠭ᠎ᠠ ᠶᠢᠨ ᠪᠠᠶᠢᠭᠤᠯᠤᠮᠵᠢ᠂ ᠨᠡᠶᠢᠲᠡ ᠶᠢᠨ | ᠠᠰᠠᠷᠠᠮᠵᠢ ᠶᠢᠨ ᠬᠠᠤᠯᠢᠴᠢ ᠶᠢᠨ ᠪᠠᠶᠢᠭᠤᠯᠤᠮᠵᠢ᠂ ᠨᠡᠶᠢᠲᠡ ᠶᠢᠨ ᠠᠰᠠᠷᠠᠮᠵᠢ ᠶᠢᠨ ᠨᠢᠭᠦᠯᠡᠰᠦᠩᠭᠦᠢ ᠶᠢᠨ ᠲᠦᠷᠦᠯ ᠤᠨ | ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠰᠠᠶᠢᠨ ᠳᠤᠷ᠎ᠠ ᠶᠢᠨ ᠦᠢᠯᠡᠴᠢᠯᠡᠭᠡᠨ ᠤ ᠵᠣᠬᠢᠶᠠᠨ ᠪᠠᠶᠢᠭᠤᠯᠤᠯᠲᠠ ᠵᠡᠷᠭᠡ ᠶᠢ | ᠢᠳᠡᠪᠬᠢᠲᠡᠢ ᠬᠦᠲᠦᠯᠦᠨ ᠣᠷᠤᠭᠤᠯᠵᠤ ᠪᠠᠶᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ | ᠬᠠᠮᠠᠭᠠᠯᠠᠬᠤ ᠠᠵᠢᠯ ᠳᠤ ᠣᠷᠤᠯᠴᠠᠭᠤᠯᠤᠨ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠨᠢ ᠦᠢᠯᠡᠴᠢᠯᠡᠭᠡ | ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠳᠠᠮᠵᠢᠨ ᠲᠡᠳᠡᠨ ᠤ ᠮᠠᠯᠵᠢᠬᠤ ᠲᠠᠷᠢᠶᠠᠯᠠᠬᠤ ᠣᠷᠣᠨ᠂ ᠰᠤᠷᠭᠠᠭᠤᠯᠢ ᠪᠠ | ᠭᠡᠷ ᠪᠦᠯᠢ ᠳᠤ ᠭᠦᠨᠵᠡᠭᠡᠶᠢᠷᠡᠬᠦ ᠶᠢ ᠳᠡᠮᠵᠢᠵᠦ᠂ ᠭᠡᠷ ᠲᠡᠭᠡᠨ ᠬᠤᠴᠤᠷᠤᠭᠰᠠᠨ ᠬᠡᠦᠬᠡᠳ ᠢ ᠠᠰᠠᠷᠠᠨ ᠬᠠᠮᠠᠭᠠᠯᠠᠬᠤ | ᠵᠢᠯᠤᠭᠤᠳᠤᠯᠭ᠎ᠠ᠂ ᠰᠡᠳᠬᠢᠴᠡ ᠶᠢ ᠨᠢ ᠰᠢᠯᠤᠭᠤᠳᠬᠠᠬᠤ᠂ ᠬᠠᠤᠯᠢ ᠴᠠᠭᠠᠵᠠ ᠶᠢᠨ ᠯᠠᠪᠯᠠᠯᠭ᠎ᠠ ᠥᠭᠬᠦ᠂ ᠦᠢᠯᠡ | ᠠᠵᠢᠯᠯᠠᠭ᠎ᠠ ᠶᠢ ᠨᠢ ᠵᠠᠯᠠᠷᠠᠭᠤᠯᠤᠨ ᠵᠠᠰᠠᠬᠤ᠂ ᠭᠡᠷ ᠪᠦᠯᠢ ᠶᠢᠨ ᠬᠦᠴᠦᠷᠬᠡᠭᠯᠡᠯ ᠠᠴᠠ ᠰᠡᠷᠭᠡᠶᠢᠯᠡᠨ ᠬᠠᠮᠠᠭᠠᠯᠠᠬᠤ᠂ | ᠨᠡᠶᠢᠭᠡᠮ ᠯᠦᠭᠡ ᠠᠭᠤᠰᠤᠯᠴᠠᠬᠤ ᠪᠠ ᠭᠡᠷ ᠪᠦᠯᠢ ᠶᠢᠨ ᠬᠠᠷᠢᠴᠠᠭ᠎ᠠ ᠶᠢ ᠲᠣᠬᠢᠷᠠᠭᠤᠯᠤᠨ ᠵᠣᠬᠢᠴᠠᠭᠤᠯᠬᠤ ᠵᠡᠷᠭᠡ | ᠲᠤᠰᠬᠠᠢ ᠦᠢᠯᠡᠴᠢᠯᠡᠭᠡ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ ᠬᠠᠮᠢᠶ᠎ᠠ ᠪᠦᠬᠦᠢ | ᠮᠡᠳᠡᠯᠭᠡ ᠶᠢᠨ ᠪᠣᠯᠪᠠᠰᠤᠷᠠᠭᠤᠯᠤᠯ ᠢ ᠦᠷᠨᠢᠭᠦᠯᠦᠨ᠂ ᠨᠡᠶᠢᠭᠡᠮ ᠤᠨ ᠲᠤᠰᠬᠠᠢ ᠠᠵᠢᠯ ᠤᠨ ᠠᠷᠭ᠎ᠠ ᠮᠠᠶ᠋ᠢᠭ ᠢ ᠬᠡᠷᠡᠭᠯᠡᠨ | ᠰᠡᠷᠭᠡᠶᠢᠯᠡᠬᠦ᠂ ᠦᠨᠡᠯᠡᠨ ᠵᠢᠱᠢᠬᠦ᠂ ᠬᠠᠮᠢᠶᠠᠷᠬᠤ ᠵᠡᠷᠭᠡ ᠠᠵᠢᠯ ᠢ ᠬᠢᠨ᠎ᠡ᠃ ᠵᠠᠬ᠎ᠠ ᠳᠡᠯᠭᠡᠭᠦᠷ ᠤᠨ ᠲᠣᠭᠲᠠᠴᠠ ᠶᠢᠨ | ᠦᠢᠯᠡᠳᠦᠯ ᠢ ᠪᠠᠳᠠᠷᠠᠭᠤᠯᠵᠤ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠬᠦᠷᠭᠡᠬᠦ ᠠᠵᠤ | ᠠᠬᠤᠶᠢᠯᠠᠯ ᠢ ᠳᠠᠮᠵᠢᠵᠦ ᠰᠤᠷᠭᠠᠭᠤᠯᠢ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ︶ ᠤ ᠶᠡᠷᠦᠩᠬᠡᠶᠢᠯᠡᠭᠰᠡᠨ | ᠦᠢᠯᠡᠴᠢᠯᠡᠭᠡᠨ ᠤ ᠪᠡᠯᠡᠳᠭᠡᠮᠵᠢ ᠳᠤ ᠲᠦᠰᠢᠭᠯᠡᠨ ᠭᠡᠷ ᠲᠡᠭᠡᠨ ᠬᠤᠴᠤᠷᠤᠭᠰᠠᠨ ᠬᠡᠦᠬᠡᠳ ᠢ ᠨᠠᠶᠢᠳᠠᠨ ᠬᠠᠮᠢᠶᠠᠷᠤᠭᠤᠯᠬᠤ | ᠦᠢᠯᠡᠴᠢᠯᠡᠭᠡᠨ ᠤ ᠪᠠᠶᠢᠭᠤᠯᠤᠮᠵᠢ ᠡᠷᠬᠢᠯᠡᠨ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ | ᠬᠡᠦᠬᠡᠳ ᠲᠤ ᠠᠮᠠᠷᠠᠯᠲᠠ ᠶᠢᠨ ᠡᠳᠦᠷ ᠬᠠᠷᠠᠭᠠᠯᠵᠠᠨ ᠠᠰᠠᠷᠠᠬᠤ᠂ ᠬᠢᠴᠢᠶᠡᠯ ᠤᠨ ᠳᠠᠷᠠᠭ᠎ᠠ ᠬᠠᠪᠰᠤᠷᠤᠨ ᠵᠢᠯᠤᠭᠤᠳᠬᠤ᠂ | ᠰᠡᠳᠬᠢᠴᠡ ᠶᠢ ᠨᠢ ᠰᠢᠯᠤᠭᠤᠳᠬᠠᠬᠤ ᠵᠡᠷᠭᠡ ᠬᠠᠯᠠᠮᠵᠢᠯᠠᠨ ᠬᠠᠶᠢᠷᠠᠯᠠᠬᠤ ᠦᠢᠯᠡᠴᠢᠯᠡᠭᠡ ᠬᠠᠩᠭᠠᠨ᠂ ᠡᠳ᠋ ᠤᠨ ᠵᠠᠰᠠᠭ | ᠭᠠᠶᠢᠯᠢ ᠶᠢᠨ ᠰᠠᠯᠠᠭ᠎ᠠ ᠮᠦᠴᠢᠷ ᠤᠳ ᠭᠠᠶᠢᠯᠢ ᠰᠦᠢᠳᠭᠡᠯ ᠢ ᠬᠠᠰᠤᠵᠤ ᠬᠡᠯᠲᠦᠷᠢᠭᠦᠯᠬᠦ ᠬᠠᠷᠠᠭᠠᠯᠵᠠᠯ ᠤᠨ ᠲᠥᠷᠥ ᠶᠢᠨ | ᠪᠣᠳᠣᠯᠭ᠎ᠠ ᠶᠢ ᠬᠠᠤᠯᠢ ᠶᠤᠰᠤᠭᠠᠷ ᠨᠠᠶᠢᠳᠠᠪᠤᠷᠢᠵᠢᠭᠤᠯᠤᠨ᠎ᠠ᠃ | ᠳᠥᠷᠪᠡ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠠᠪᠤᠷᠠᠨ ᠲᠤᠰᠠᠯᠠᠵᠤ | ᠬᠠᠮᠠᠭᠠᠯᠠᠬᠤ ᠲᠣᠭᠲᠠᠴᠠ ᠶᠢ ᠪᠠᠶᠢᠭᠤᠯᠤᠨ ᠪᠠᠬᠢᠵᠢᠭᠦᠯᠦᠨ᠎ᠡ | ︵ᠨᠢᠭᠡ︶ ᠠᠯᠪᠠᠳᠠᠨ ᠮᠡᠳᠡᠭᠦᠯᠬᠦ ᠲᠣᠭᠲᠠᠴᠠ ᠶᠢ ᠪᠠᠶᠢᠭᠤᠯᠤᠨ᠎ᠠ᠃ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠭᠡ ᠶᠢᠨ ᠪᠠᠶᠢᠭᠤᠯᠤᠮᠵᠢ᠂ ᠭᠠᠴᠠᠭ᠎ᠠ ᠲᠤᠰᠬᠤᠨ ︵ | ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠨᠡᠶᠢᠭᠡᠮ ᠤᠨ ᠠᠵᠢᠯ ᠤᠨ ᠦᠢᠯᠡᠴᠢᠯᠡᠭᠡᠨ ᠤ | ᠪᠠᠶᠢᠭᠤᠯᠤᠮᠵᠢ᠂ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠵᠡᠷᠭᠡ ᠵᠢᠴᠢ | ᠲᠡᠳᠡᠭᠡᠷ ᠤᠨ ᠠᠵᠢᠯᠲᠠᠳ ᠮᠡᠳᠡᠭᠦᠯᠬᠦ ᠬᠠᠷᠢᠭᠤᠴᠠᠯᠭ᠎ᠠ ᠪᠠᠨ ᠦᠨᠡᠨᠬᠦ ᠭᠦᠢᠴᠡᠳᠭᠡᠵᠦ᠂ ᠠᠵᠢᠯ ᠤᠨ ᠳᠤᠮᠳᠠ | ᠭᠡᠷ ᠲᠡᠭᠡᠨ ᠬᠤᠴᠣᠷᠣᠭᠰᠠᠨ ᠬᠡᠦᠬᠡᠳ ᠠᠰᠠᠷᠠᠨ ᠬᠠᠮᠠᠭᠠᠯᠠᠬᠤ ᠠᠴᠠ ᠰᠠᠯᠤᠩᠬᠢᠷᠠᠨ ᠲᠤᠰᠠᠭᠠᠷ ᠠᠮᠢᠳᠤᠷᠠᠵᠤ ᠪᠠᠶᠢᠢᠬᠤ | ᠪᠣᠶᠣ ᠰᠤᠷᠠᠭ ᠦᠭᠡᠢ ᠪᠣᠯᠤᠬᠰᠠᠨ᠂ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ ᠴᠢᠳᠠᠪᠤᠷᠢ ᠪᠠᠨ ᠠᠯᠳᠠᠭᠰᠠᠨ | ᠪᠤᠶᠤ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ᠂ ᠭᠡᠷ ᠪᠦᠯᠢ ᠶᠢᠨ ᠬᠦᠴᠦᠷᠬᠡᠭᠯᠡᠯ ᠳᠤ | ᠤᠴᠠᠷᠠᠭᠰᠠᠨ ᠰᠡᠵᠢᠭᠯᠡᠯᠲᠡᠢ᠂ ᠰᠠᠨᠠᠭᠠᠨ ᠳᠤ ᠪᠤᠰᠦ ᠬᠤᠣᠷᠯᠠᠯ ᠪᠣᠶᠣ ᠬᠠᠤᠯᠢ ᠪᠤᠰᠤ ᠬᠤᠣᠷ ᠬᠦᠨᠦᠭᠡᠯ ᠳᠤ | ᠤᠴᠠᠷᠠᠭᠰᠠᠨ ᠰᠡᠵᠢᠭᠯᠡᠯᠲᠡᠢ ᠪᠠᠶᠢᠳᠠᠯ ᠢ ᠮᠡᠳᠡᠪᠡᠯ᠂ ᠬᠠᠮᠤᠭ ᠲᠡᠷᠢᠭᠦᠨ ᠳᠤ ᠳᠤᠲᠤᠭᠠᠲᠤ ᠶᠢ ᠬᠠᠮᠠᠭᠠᠯᠠᠬᠤ | ᠪᠠᠶᠢᠭᠤᠯᠭ᠎ᠠ ᠳᠤ ᠮᠡᠳᠡᠭᠦᠯᠦᠨ᠂ ᠠᠯᠪᠠᠳᠠᠨ ᠮᠡᠳᠡᠭᠦᠯᠬᠦ ᠬᠠᠷᠢᠭᠤᠴᠠᠯᠭ᠎ᠠ ᠲᠠᠢ ᠨᠢᠭᠡᠴᠡ ᠪᠣᠯᠣᠨ ᠬᠤᠪᠢ ᠬᠦᠮᠦᠨ | ᠮᠡᠳᠡᠭᠦᠯᠬᠦ ᠡᠭᠦᠷᠭᠡ ᠪᠠᠨ ᠦᠯᠦ ᠭᠦᠢᠴᠡᠳᠭᠡᠭᠰᠡᠨ ᠪᠠᠶᠢᠪᠠᠯ᠂ ᠲᠡᠳᠡᠭᠡᠷ ᠤᠨ ᠳᠡᠭᠡᠳᠦ ᠱᠠᠲᠤᠨ ᠤ ᠪᠠᠶᠢᠭᠤᠯᠭ᠎ᠠ ᠪᠠ | ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠦ᠂ ᠪᠤᠰᠤᠳ ᠠᠷᠠᠳ | ᠢᠷᠭᠡᠳ᠂ ᠨᠡᠶᠢᠭᠡᠮ ᠤᠨ ᠵᠣᠬᠢᠶᠠᠨ ᠪᠠᠶᠢᠭᠤᠯᠤᠯᠲᠠ ᠢᠳᠡᠪᠬᠢᠲᠡᠢ ᠪᠠᠷ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠳᠤ | ᠮᠡᠳᠡᠭᠦᠯᠦᠭᠰᠡᠨ ᠪᠠᠶᠢᠪᠠᠯ᠂ ᠴᠠᠭ ᠲᠣᠬᠠᠢ ᠳᠤᠨᠢ ᠰᠠᠶᠢᠰᠢᠶᠠᠵᠤ ᠬᠦᠬᠢᠭᠦᠯᠦᠨ ᠱᠠᠩᠨᠠᠨ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠲᠣᠭᠲᠠᠴᠠ ᠶᠢ ᠲᠡᠭᠦᠯᠳᠡᠷᠵᠢᠭᠦᠯᠦᠨ᠎ᠡ᠃ | ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠬᠤᠯᠪᠣᠭᠳᠠᠯ ᠪᠦᠬᠦᠢ ᠮᠡᠳᠡᠭᠦᠯᠦᠯᠲᠡ ᠶᠢ ᠴᠠᠭ ᠲᠣᠬᠠᠢ ᠳᠤᠨᠢ | ᠬᠦᠯᠢᠶᠡᠨ ᠠᠪᠴᠤ ᠰᠢᠢᠳᠪᠦᠷᠢᠯᠡᠵᠦ᠂ ᠬᠠᠮᠤᠭ ᠲᠡᠷᠢᠭᠦᠨ ᠳᠤ ᠴᠠᠭᠳᠠᠭ᠎ᠠ ᠲᠣᠮᠢᠯᠠᠨ ᠪᠠᠶᠢᠴᠠᠭᠠᠵᠤ᠂ ᠪᠠᠴᠢᠮ | ᠪᠠᠶᠢᠳᠠᠯ ᠢ ᠠᠷᠭᠠᠴᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠴᠢᠭᠯᠡᠭᠦᠯᠬᠦ ᠴᠢᠨᠠᠷᠲᠠᠢ ᠬᠡᠷᠡᠭᠯᠡᠨ᠂ ᠠᠪᠤᠷᠠᠨ ᠲᠤᠰᠠᠯᠠᠵᠤ | ᠬᠠᠮᠠᠭᠠᠯᠠᠬᠤ ᠠᠯᠪᠠᠳᠠᠨ ᠮᠡᠳᠡᠭᠦᠯᠬᠦ ᠬᠠᠷᠢᠭᠤᠴᠠᠯᠭᠠᠲᠤ ᠬᠦᠮᠦᠨ ᠪᠠ ᠬᠤᠯᠪᠣᠭᠳᠠᠯ ᠪᠦᠬᠦᠢ ᠨᠢᠭᠡᠴᠡ ᠨᠢ | ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢ ᠬᠠᠪᠰᠤᠷᠴᠤ ᠪᠠᠶᠢᠭᠠᠳ ᠪᠠᠶᠢᠴᠠᠭᠠᠬᠤ ᠪᠠ ᠪᠠᠴᠢᠮ ᠪᠠᠶᠢᠳᠠᠯ ᠢ | ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ᠬᠢᠨ᠎ᠡ᠃ ᠭᠡᠷ ᠲᠡᠭᠡᠨ ᠬᠤᠴᠤᠷᠤᠭᠰᠠᠨ ᠬᠡᠦᠬᠡᠳ ᠤᠨ ᠲᠤᠰᠠᠭᠠᠷ | ᠠᠮᠢᠳᠤᠷᠠᠵᠤ ᠪᠠᠶᠢᠬᠤ ᠶᠢ ᠮᠡᠳᠡᠪᠡᠯ᠂ ᠡᠵᠢ ᠠᠪᠤ ᠶᠢ ᠨᠢ ᠵᠠᠷᠯᠢᠭᠳᠠᠵᠤ ᠪᠠᠶᠢᠭᠠᠳ ᠳᠠᠷᠦ᠋ᠢᠬᠠᠨ ᠪᠣᠴᠠᠵᠤ ᠢᠷᠡᠭᠦᠯᠬᠦ | ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ ᠨᠢ ᠲᠣᠭᠲᠠᠭᠠᠬᠤ ᠶᠢᠨ ᠬᠠᠮᠲᠤ᠂ ᠡᠵᠢ ᠠᠪᠤ ᠶᠢ ᠨᠢ | ᠢᠳᠬᠠᠨ ᠰᠠᠨᠠᠭᠤᠯᠤᠨ᠎ᠠ︔ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠨᠢ ᠠᠰᠠᠷᠠᠨ ᠬᠠᠮᠠᠭᠠᠯᠠᠬᠤ | ᠴᠢᠳᠠᠪᠤᠷᠢ ᠪᠠᠨ ᠠᠯᠳᠠᠭᠰᠠᠨ ᠪᠣᠶᠣ ᠠᠰᠠᠷᠠᠨ ᠬᠠᠮᠠᠭᠠᠯᠠᠬᠤ ᠬᠠᠷᠢᠭᠤᠴᠠᠯᠭ᠎ᠠ ᠪᠠᠨ ᠦᠯᠦ ᠭᠦᠢᠴᠡᠳᠭᠡᠭᠰᠡᠨ ᠳᠤ | ᠬᠠᠷᠢᠶᠠᠯᠠᠭᠳᠠᠪᠠᠯ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠲᠠᠢ ᠨᠢ ᠬᠠᠷᠢᠴᠠᠵᠤ ᠳᠠᠷᠦ᠋ᠢᠬᠠᠨ ᠪᠤᠴᠠᠵᠤ | ᠢᠷᠡᠭᠦᠯᠬᠦ ᠪᠣᠶᠣ ᠪᠤᠰᠤᠳ ᠲᠦᠷᠦᠯ ᠰᠠᠳᠤᠨ ᠳᠤᠨᠢ ᠨᠠᠶᠢᠳᠠᠵᠤ ᠬᠠᠷᠠᠭᠠᠯᠵᠠᠨ ᠬᠠᠮᠠᠭᠠᠯᠠᠵᠤ ᠠᠰᠠᠷᠠᠭᠤᠯᠤᠨᠠ︔ | ᠳᠡᠭᠡᠷ᠎ᠡ ᠳᠤᠷᠠᠳᠤᠭᠰᠠᠨ ᠬᠤᠶᠠᠷ ᠵᠦᠢᠯ ᠤᠨ ᠪᠠᠶᠢᠳᠠᠯ ᠳᠤ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ | ᠠᠪᠤ ᠲᠠᠢ ᠨᠢ ᠬᠠᠷᠢᠴᠠᠵᠤ ᠳᠡᠶᠢᠯᠦᠭᠰᠡᠨ ᠦᠭᠡᠢ ᠪᠠᠶᠢᠪᠠᠯ᠂ ᠪᠤᠰᠤᠳ ᠣᠶᠢᠷ᠎ᠠ ᠲᠦᠷᠦᠯ ᠰᠠᠲᠤᠨ᠂ ᠭᠠᠴᠠᠭ᠎ᠠ | ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠪᠣᠶᠣ ᠠᠪᠤᠷᠠᠨ ᠲᠤᠰᠠᠯᠠᠵᠤ ᠬᠠᠮᠢᠶᠠᠷᠬᠤ | ᠪᠠᠶᠢᠭᠤᠯᠤᠮᠵᠢ᠂ ᠠᠰᠠᠷᠠᠮᠵᠢ ᠶᠢᠨ ᠪᠠᠶᠢᠭᠤᠯᠤᠮᠵᠢ ᠳᠤ ᠬᠠᠮᠠᠭᠠᠯᠠᠨ ᠬᠦᠷᠭᠡᠵᠦ ᠲᠦᠷ ᠴᠠᠭ ᠬᠠᠷᠠᠭᠠᠯᠵᠠᠨ ᠬᠠᠮᠠᠭᠠᠯᠠᠵᠤ | ᠠᠰᠠᠷᠠᠭᠤᠯᠬᠤ ᠶᠢᠨ ᠬᠠᠮᠲᠤ᠂ ᠬᠠᠪᠰᠤᠷᠴᠦ ᠪᠠᠶᠢᠢᠭᠠᠳ ᠭᠡᠷ ᠲᠡᠭᠡᠨ ᠬᠤᠴᠤᠷᠤᠭᠰᠠᠨ ᠬᠡᠦᠬᠡᠳ ᠤᠨ ᠡᠵᠢ ᠠᠪᠤ ᠳᠤᠨᠢ | ᠮᠡᠳᠡᠭᠳᠡᠨ ᠳᠠᠷᠦ᠋ᠢᠬᠠᠨ ᠪᠤᠴᠠᠵᠤ ᠢᠷᠡᠭᠦᠯᠬᠦ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ ᠨᠢ | ᠳᠠᠬᠢᠵᠤ ᠲᠣᠭᠲᠠᠭᠠᠨ᠎ᠠ᠃ ᠰᠤᠷᠠᠭ ᠦᠭᠡᠢ ᠪᠣᠯᠣᠭᠰᠠᠨ ᠳᠤ ᠬᠠᠷᠢᠶᠠᠯᠠᠭᠳᠠᠪᠠᠯ᠂ ᠬᠡᠦᠬᠡᠳ ᠤᠨ ᠰᠤᠷᠠᠭ ᠦᠭᠡᠢ | ᠪᠣᠯᠣᠭᠰᠠᠨ ᠢ ᠲᠥᠷᠭᠡᠨ ᠡᠷᠢᠬᠦ ᠲᠣᠭᠲᠠᠴᠠ ᠶᠣᠰᠤᠭᠠᠷ ᠴᠠᠭ ᠲᠣᠬᠠᠢ ᠳᠤᠨᠢ ᠪᠠᠶᠢᠴᠠᠭᠠᠨ᠎ᠠ᠃ ᠭᠡᠷ ᠪᠦᠯᠢ ᠶᠢᠨ | ᠬᠦᠴᠦᠷᠬᠡᠭᠯᠡᠯ ᠳᠤ ᠤᠴᠠᠷᠠᠭᠰᠠᠨ ᠳᠤ ᠬᠠᠷᠢᠶᠠᠯᠠᠭᠳᠠᠪᠠᠯ᠂ ᠬᠠᠤᠯᠢ ᠶᠤᠰᠤᠭᠠᠷ ᠬᠤᠷᠢᠭᠯᠠᠵᠤ᠂ ᠴᠢᠬᠤᠯᠠᠲᠠᠢ ᠦᠶ᠎ᠡ ᠳᠤ | ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠢ ᠬᠠᠪᠰᠤᠷᠤᠨ ᠲᠡᠳᠡᠨ ᠢ ᠲᠦᠷ ᠴᠠᠭ ᠤᠨ ᠬᠤᠷᠭᠤᠳᠠᠬᠤ ᠭᠠᠵᠠᠷ᠂ | ᠠᠪᠤᠷᠠᠨ ᠲᠤᠰᠠᠯᠠᠵᠤ ᠬᠠᠮᠠᠭᠠᠯᠠᠬᠤ ᠪᠠᠶᠢᠭᠤᠯᠤᠮᠵᠢ ᠪᠤᠶᠤ ᠠᠰᠠᠷᠠᠮᠵᠢ ᠶᠢᠨ ᠪᠠᠶᠢᠭᠤᠯᠤᠮᠵᠢ ᠳᠤ ᠲᠦᠪᠬᠢᠨᠡᠭᠦᠯᠦᠨ | ᠬᠠᠮᠠᠭᠠᠯᠠᠨ᠎ᠠ︔ ᠪᠤᠰᠤᠳ ᠬᠠᠤᠯᠢ ᠪᠤᠰᠤ ᠬᠦᠨᠦᠭᠡᠯ᠂ ᠰᠠᠨᠠᠭᠠᠨ ᠳᠤ ᠪᠤᠰᠦ ᠬᠤᠣᠷᠯᠠᠯ ᠳᠤ ᠤᠴᠠᠷᠠᠭᠰᠠᠨ ᠳᠤ | ᠬᠠᠷᠢᠶᠠᠯᠠᠭᠳᠠᠪᠠᠯ᠂ ᠬᠠᠯᠳᠠᠵᠦ ᠬᠤᠤᠷᠯᠠᠬᠤ ᠦᠢᠯᠡ ᠠᠵᠢᠯᠯᠠᠭ᠎ᠠ ᠶᠢ ᠬᠠᠤᠯᠢ ᠶᠤᠰᠤᠭᠠᠷ ᠬᠤᠷᠢᠭᠯᠠᠵᠤ᠂ | ᠬᠠᠮᠠᠭᠠᠯᠠᠬᠤ ᠶᠢ ᠬᠡᠷᠡᠭᠵᠢᠭᠦᠯᠦᠨ᠎ᠡ︔ ᠳᠡᠭᠡᠷ᠎ᠡ ᠳᠤᠷᠠᠳᠤᠭᠰᠠᠨ ᠪᠠᠶᠢᠳᠠᠯ ᠳᠤ ᠬᠤᠯᠪᠤᠭᠳᠠᠯ ᠪᠦᠬᠦᠢ ᠲᠣᠭᠲᠠᠭᠠᠯ | ᠶᠤᠰᠤᠭᠠᠷ ᠪᠠᠶᠢᠴᠠᠭᠠᠨ ᠭᠡᠷᠡᠴᠢ ᠠᠪᠴᠤ᠂ ᠬᠠᠪᠰᠤᠷᠴᠤ ᠪᠠᠶᠢᠭᠠᠳ ᠳᠡᠲᠡᠨ ᠢ ᠡᠮᠨᠡᠭᠦᠯᠬᠦ᠂ ᠰᠢᠷᠠᠭᠲᠤᠭᠰᠠᠨ | ᠪᠠᠶᠢᠳᠠᠯ ᠢ ᠨᠢ ᠬᠢᠨᠠᠨ ᠲᠣᠭᠲᠠᠭᠠᠵᠤ᠂ ᠬᠦᠨᠳᠡᠯᠡᠨ ᠠᠴᠠ ᠤᠷᠤᠯᠴᠠᠵᠦ ᠬᠠᠮᠢᠶᠠᠷᠬᠤ ᠠᠷᠭ᠎ᠠ ᠬᠡᠮᠵᠢᠶ᠎ᠡ ᠶᠢ ᠤᠯᠠᠮ ᠨᠢᠭᠡ | ᠠᠯᠬᠤᠮ ᠬᠡᠷᠡᠭᠯᠡᠬᠦ᠂ ᠬᠠᠮᠢᠶ᠎ᠠ ᠪᠦᠬᠦᠢ ᠬᠠᠤᠯᠢ ᠴᠠᠭᠠᠵᠠ ᠶᠢᠨ ᠬᠠᠷᠢᠭᠤᠴᠠᠯᠭ᠎ᠠ ᠶᠢ ᠬᠠᠤᠯᠢ ᠶᠤᠰᠤᠭᠠᠷ ᠨᠡᠬᠡᠮᠵᠢᠯᠡᠬᠦ ᠳᠤ | ᠰᠠᠭᠤᠷᠢ ᠲᠠᠯᠪᠢᠨ᠎ᠠ᠃ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠨᠢ ᠬᠠᠮᠢᠶ᠎ᠠ ᠪᠦᠬᠦᠢ ᠪᠠᠶᠢᠳᠠᠯ ᠢ ᠰᠤᠮᠤ ᠰᠢᠶᠠᠩ | ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠳᠤ ᠴᠠᠭ ᠲᠣᠬᠠᠢ ᠳᠤᠨᠢ ᠮᠡᠳᠡᠭᠡᠯᠡᠨ᠎ᠡ᠃ ᠬᠠᠤᠯᠢ | ᠴᠠᠭᠠᠵᠠ ᠶᠢᠨ ᠲᠤᠰᠠᠯᠠᠮᠵᠢ ᠶᠢᠨ ᠪᠠᠶᠢᠭᠤᠯᠤᠮᠵᠢ ᠨᠢ ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ | ᠬᠦᠨᠦᠭᠡᠯ ᠳᠤ ᠤᠴᠠᠷᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠲᠤ ᠬᠠᠤᠯᠢ ᠶᠤᠰᠤᠭᠠᠷ ᠬᠠᠤᠯᠢ ᠴᠠᠭᠠᠵᠠ ᠶᠢᠨ | ᠲᠤᠰᠠᠯᠠᠮᠵᠢ ᠶᠢ ᠬᠠᠩᠭᠠᠨ᠎ᠠ᠃ ᠭᠡᠷ ᠲᠡᠭᠡᠨ ᠬᠤᠴᠤᠷᠤᠭᠰᠠᠨ ᠬᠡᠦᠬᠡᠳ ᠬᠠᠯᠳᠠᠯᠭ᠎ᠠ ᠬᠤᠤᠷᠯᠠᠯ ᠳᠤ ᠤᠴᠠᠷᠠᠭᠰᠠᠨ ᠵᠡᠷᠭᠡ | ᠰᠢᠯᠲᠠᠭᠠᠨ ᠢᠶᠠᠷ ᠰᠤᠷᠭᠠᠭᠤᠯᠢ ᠰᠢᠯᠵᠢᠬᠦ᠂ ᠣᠨᠳᠤᠤ ᠭᠠᠵᠠᠷ ᠤᠨ ᠰᠤᠷᠭᠠᠭᠤᠯᠢ ᠳᠤ ᠣᠷᠤᠵᠤ ᠠᠯᠪᠠᠨ ᠵᠢᠷᠤᠮ ᠤᠨ | ᠰᠤᠷᠭᠠᠨ ᠬᠦᠮᠦᠵᠢᠯ ᠬᠦᠷᠲᠡᠬᠦ ᠴᠢᠬᠤᠯᠠᠲᠠᠢ ᠪᠠᠶᠢᠪᠠᠯ᠂ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠠᠴᠠ ᠪᠠᠲᠤᠯᠠᠭ᠎ᠠ | ᠣᠯᠭᠤᠨ᠎ᠠ᠃ | ︵ᠭᠤᠷᠪᠠ︶ ᠦᠨᠡᠯᠡᠨ ᠵᠢᠱᠢᠵᠦ ᠬᠠᠪᠰᠤᠷᠤᠨ ᠲᠡᠳᠭᠦᠬᠦ ᠲᠣᠭᠲᠠᠴᠠ ᠶᠢ ᠪᠦᠷᠢᠨᠰᠢᠭᠦᠯᠦᠨ᠎ᠡ᠃ | ᠭᠡᠷ ᠪᠦᠯᠢ ᠶᠢᠨ ᠬᠦᠴᠦᠷᠬᠡᠭᠯᠡᠯ᠂ ᠬᠠᠯᠠ ᠦᠵᠡᠭᠦᠯᠬᠦ᠂ ᠬᠠᠯᠳᠠᠯᠭ᠎ᠠ ᠬᠤᠤᠷᠯᠠᠯ ᠳᠤ ᠤᠴᠠᠷᠠᠬᠰᠠᠨ ᠭᠡᠷ ᠲᠡᠭᠡᠨ | ᠬᠤᠴᠤᠷᠤᠭᠰᠠᠨ ᠬᠡᠦᠬᠡᠳ ᠢ ᠰᠤᠮᠤ ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶ ᠨᠢ | ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠶᠢᠨ ᠬᠠᠮᠢᠶ᠎ᠠ ᠪᠦᠬᠦᠢ ᠪᠠᠶᠢᠳᠠᠯ ᠤᠨ ᠮᠡᠳᠡᠭᠡᠯᠡᠯ ᠢ ᠣᠯᠣᠭᠰᠠᠨ ᠤ ᠳᠠᠷᠠᠭ᠎ᠠ᠂ | ᠴᠠᠭ ᠲᠣᠬᠠᠢ ᠳᠤᠨᠢ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠲᠠᠢ | ᠬᠠᠮᠲᠤᠷᠠᠨ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠳᠤᠮᠳᠠᠳᠤ ᠪᠠᠭ᠎ᠠ | ᠰᠤᠷᠭᠠᠭᠤᠯᠢ᠂ ᠬᠡᠦᠬᠡᠳ ᠤᠨ ᠴᠡᠴᠡᠷᠯᠢᠭ᠂ ᠡᠮᠴᠢᠯᠡᠭᠡ ᠶᠢᠨ ᠪᠠᠶᠢᠭᠤᠯᠤᠮᠵᠢ ᠵᠢᠴᠢ ᠲᠦᠷᠦᠯ ᠰᠠᠲᠤᠨ᠂ ᠨᠡᠶᠢᠭᠡᠮ ᠤᠨ | ᠠᠵᠢᠯ ᠤᠨ ᠲᠤᠰᠬᠠᠢ ᠦᠢᠯᠡᠴᠢᠯᠡᠭᠡᠨ ᠤ ᠪᠠᠶᠢᠭᠤᠯᠤᠮᠵᠢ ᠶᠢᠨ ᠲᠤᠰᠠᠯᠠᠮᠵᠢ ᠳᠣᠣᠷ᠎ᠠ᠂ ᠭᠡᠷ ᠲᠡᠭᠡᠨ ᠬᠤᠴᠤᠷᠤᠭᠰᠠᠨ | ᠬᠡᠦᠬᠡᠳ ᠤᠨ ᠠᠮᠦᠷ ᠲᠥᠪᠰᠢᠨ ᠠᠬᠤᠢ ᠪᠠᠶᠢᠳᠠᠯ᠂ ᠠᠰᠠᠷᠠᠨ ᠬᠠᠮᠠᠭᠠᠯᠠᠬᠤ ᠪᠠᠶᠢᠳᠠᠯ᠂ ᠪᠡᠶ᠎ᠡ ᠰᠡᠳᠬᠢᠴᠡ ᠶᠢᠨ ᠡᠷᠡᠭᠦᠯ | ᠡᠩᠬᠡ ᠶᠢᠨ ᠪᠠᠶᠢᠳᠠᠯ ᠵᠡᠷᠭᠡ ᠶᠢ ᠪᠠᠶᠢᠴᠠᠭᠠᠨ ᠦᠨᠡᠯᠡᠨ ᠵᠢᠱᠢᠵᠦ᠂ ᠠᠰᠠᠷᠠᠨ ᠬᠠᠮᠠᠭᠠᠯᠠᠬᠤ ᠵᠢᠯᠤᠭᠤᠳᠤᠯᠭ᠎ᠠ᠂ ᠡᠮᠴᠢᠯᠡᠭᠡ | ᠬᠢᠵᠦ ᠡᠮᠨᠡᠨ ᠠᠪᠤᠷᠠᠬᠤ᠂ ᠰᠡᠳᠬᠢᠴᠡ ᠶᠢ ᠨᠢ ᠰᠢᠯᠤᠭᠤᠳᠬᠠᠬᠤ᠂ ᠦᠢᠯᠡ ᠠᠵᠢᠯᠯᠠᠭ᠎ᠠ ᠶᠢ ᠨᠢ ᠵᠠᠯᠠᠷᠠᠭᠤᠯᠤᠨ ᠵᠠᠰᠬᠠᠤ | ᠂ ᠬᠠᠤᠯᠢ ᠴᠠᠭᠠᠵᠠ ᠶᠢᠨ ᠦᠢᠯᠡᠴᠢᠯᠡᠭᠡ᠂ ᠬᠠᠤᠯᠢ ᠴᠠᠭᠠᠵᠠ ᠶᠢᠨ ᠲᠤᠰᠠᠯᠠᠮᠵᠢ ᠵᠡᠷᠭᠡ ᠲᠤᠰᠬᠠᠢ ᠦᠢᠢᠯᠡᠴᠢᠯᠡᠭᠡ ᠶᠢ | ᠴᠢᠭᠯᠡᠭᠦᠯᠬᠦ ᠴᠢᠨᠠᠷᠲᠠᠢ ᠪᠠᠷ ᠲᠣᠬᠢᠷᠠᠭᠤᠯᠤᠨ᠎ᠠ᠃ ᠠᠰᠠᠷᠠᠨ ᠬᠠᠮᠠᠭᠠᠯᠠᠭᠴᠢ ᠶᠢᠨ ᠭᠡᠷ ᠪᠦᠯᠢ ᠶᠢᠨ ᠠᠵᠤ ᠠᠬᠤᠢ ᠨᠢ | ᠬᠦᠴᠢᠷᠳᠡᠯ ᠲᠠᠢ ᠮᠦᠷᠲᠡᠭᠡᠨ ᠬᠤᠯᠪᠣᠭᠳᠠᠯ ᠪᠦᠬᠦᠢ ᠨᠡᠶᠢᠭᠡᠮ ᠤᠨ ᠠᠪᠤᠷᠠᠨ ᠲᠤᠰᠠᠯᠠᠬᠤ᠂ ᠨᠡᠶᠢᠭᠡᠮ ᠤᠨ | ᠠᠰᠠᠷᠠᠮᠵᠢ ᠶᠢᠨ ᠲᠥᠷᠥ ᠶᠢᠨ ᠪᠣᠳᠤᠯᠭ᠎ᠠ ᠳᠤ ᠨᠡᠶᠢᠴᠡᠪᠡᠯ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠢᠴᠢ | ᠨᠡᠶᠢᠭᠡᠮ ᠤᠨ ᠪᠤᠰᠤᠳ ᠠᠪᠤᠷᠠᠨ ᠲᠤᠰᠠᠯᠠᠬᠤ ᠰᠠᠯᠠᠭ᠎ᠠ ᠮᠦᠴᠢᠷ ᠠᠴᠠ ᠴᠠᠭ ᠲᠣᠬᠠᠢ ᠳᠤᠨᠢ ᠲᠡᠳᠡᠨ ᠢ ᠪᠠᠲᠤᠯᠠᠭ᠎ᠠ ᠶᠢᠨ | ᠬᠦᠷᠢᠶ᠎ᠡ ᠬᠡᠪᠴᠢᠶ᠎ᠡ ᠳᠤ ᠣᠷᠤᠭᠤᠯᠤᠨ᠎ᠠ᠃ | ︵ᠳᠥᠷᠪᠡ︶ ᠠᠰᠠᠷᠠᠨ ᠬᠠᠮᠠᠭᠠᠯᠠᠵᠤ ᠬᠦᠨᠳᠡᠯᠡᠨ ᠠᠴᠠ ᠤᠷᠤᠯᠴᠠᠵᠦ ᠬᠠᠮᠢᠶᠠᠷᠬᠤ ᠲᠣᠭᠲᠠᠴᠠ ᠶᠢ | ᠴᠢᠩᠭᠠᠷᠠᠭᠤᠯᠤᠨ᠎ᠠ᠃ | ᠭᠡᠷ ᠪᠦᠯᠢ ᠶᠢᠨ ᠬᠦᠴᠦᠷᠬᠡᠭᠯᠡᠯ ᠭᠠᠷᠭᠠᠬᠤ᠂ ᠬᠠᠯᠠ ᠦᠵᠡᠭᠦᠯᠬᠦ ᠪᠣᠶᠣ ᠭᠡᠷ ᠲᠡᠭᠡᠨ ᠬᠤᠴᠤᠷᠤᠭᠰᠠᠨ | ᠬᠡᠦᠬᠡᠳ ᠢ ᠭᠤᠯᠤᠵᠤ ᠣᠷᠬᠢᠭᠰᠠᠨ ᠡᠵᠢ ᠠᠪᠤ ᠪᠣᠶᠣ ᠨᠠᠶᠢᠳᠠᠯᠭ᠎ᠠ ᠶᠢ ᠬᠦᠯᠢᠶᠡᠭᠰᠡᠨ ᠠᠰᠠᠷᠠᠨ ᠬᠠᠮᠠᠭᠠᠯᠠᠭᠴᠢ ᠶᠢ | ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠰᠢᠭᠦᠮᠵᠢᠯᠡᠨ ᠰᠤᠷᠭᠠᠨ ᠬᠦᠮᠦᠵᠢᠭᠦᠯᠵᠦ᠂ ᠴᠢᠬᠤᠯᠠᠲᠠᠢ ᠦᠶ᠎ᠡ ᠳᠤ | ᠠᠮᠦᠷ ᠢ ᠬᠠᠮᠠᠭᠠᠯᠠᠬᠤ ᠬᠠᠮᠢᠶᠠᠷᠤᠯᠲᠠ ᠪᠠᠷ ᠰᠢᠳᠭᠡᠨ ᠲᠣᠷᠭᠠᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠶᠠᠯ᠎ᠠ ᠳᠤ | ᠬᠦᠷᠦᠭᠰᠡᠨ ᠪᠠᠶᠢᠪᠠᠯ᠂ ᠬᠠᠤᠯᠢ ᠶᠤᠰᠤᠭᠠᠷ ᠬᠡᠷᠡᠭ ᠪᠣᠯᠭᠠᠨ ᠲᠠᠩᠨᠠᠨ ᠪᠠᠶᠢᠴᠠᠭᠠᠬᠤ ᠶᠢᠨ ᠬᠠᠮᠲᠤ᠂ ᠬᠠᠤᠯᠢ | ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ ᠡᠷᠡᠭᠦᠦ ᠶᠢᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ | ᠠᠰᠠᠷᠠᠨ ᠬᠠᠮᠠᠭᠠᠯᠠᠭᠴᠢ ᠨᠢ ᠭᠡᠷ ᠲᠡᠭᠡᠨ ᠬᠤᠴᠤᠷᠤᠭᠰᠠᠨ ᠬᠡᠦᠬᠡᠳ ᠢ ᠬᠢᠨᠠᠨ ᠬᠠᠮᠢᠶᠠᠷᠬᠤ ᠪᠠ ᠠᠰᠠᠷᠠᠨ ᠬᠠᠷᠠᠭᠠᠯᠵᠠᠬᠤ | ᠬᠦᠮᠦᠨ ᠦᠭᠡᠢ ᠪᠠᠶᠢᠳᠠᠯ ᠳᠤ ᠬᠦᠷᠦᠭᠦᠯᠦᠭᠰᠡᠨ ᠠᠴᠠ ᠪᠣᠯᠵᠤ ᠲᠡᠳᠡᠨ ᠢ ᠠᠶᠤᠯᠲᠠᠢ ᠪᠠᠶᠢᠳᠠᠯ ᠳᠤ ᠤᠴᠠᠷᠠᠭᠤᠯᠵᠤ | ᠲᠡᠷᠡᠴᠢᠯᠡᠨ ᠬᠦᠮᠦᠵᠢᠭᠦᠯᠦᠭᠡᠳ ᠪᠠᠰᠠ ᠵᠠᠯᠠᠷᠠᠭᠤᠯᠬᠤ ᠦᠭᠡᠢ᠂ ᠡᠰᠡᠭᠦᠯ᠎ᠡ ᠠᠰᠠᠷᠠᠨ ᠬᠠᠮᠠᠭᠠᠯᠠᠬᠤ ᠡᠭᠦᠷᠭᠡ | ᠬᠠᠷᠢᠭᠤᠴᠠᠯᠭ᠎ᠠ ᠪᠠᠨ 6 ᠰᠠᠷ᠎ᠠ ᠠᠴᠠ ᠳᠡᠭᠡᠭᠰᠢ ᠭᠦᠢᠴᠡᠳᠭᠡᠭᠰᠡᠨ ᠦᠭᠡᠢ ᠠᠴᠠ ᠪᠣᠯᠵᠤ ᠭᠡᠷ ᠲᠡᠭᠡᠨ ᠬᠤᠴᠤᠷᠤᠭᠰᠠᠨ | ᠬᠡᠦᠬᠡᠳ ᠤᠨ ᠠᠮᠢᠳᠤᠷᠠᠯ ᠢ ᠦᠮᠦᠭ ᠲᠦᠰᠢᠭ ᠦᠭᠡᠢ ᠪᠣᠯᠭᠠᠭᠰᠠᠨ᠂ ᠡᠰᠡᠭᠦᠯ᠎ᠡ ᠭᠡᠷ ᠪᠦᠯᠢ ᠶᠢᠨ ᠬᠦᠴᠦᠷᠬᠡᠭᠯᠡᠯ | ᠭᠠᠷᠭᠠᠬᠤ᠂ ᠬᠠᠯᠠ ᠦᠵᠡᠭᠦᠯᠬᠦ ᠪᠣᠶᠣ ᠭᠡᠷ ᠲᠡᠭᠡᠨ ᠬᠤᠴᠤᠷᠤᠭᠰᠠᠨ ᠬᠡᠦᠬᠡᠳ ᠢ ᠭᠤᠯᠤᠵᠤ ᠣᠷᠬᠢᠭᠰᠠᠨ ᠠᠴᠠ ᠪᠣᠯᠵᠤ | ᠲᠡᠳᠡᠨ ᠤ ᠪᠡᠶ᠎ᠡ ᠰᠡᠳᠬᠢᠴᠡ ᠨᠢ ᠬᠦᠨᠳᠦ ᠨᠣᠴᠢᠲᠠᠢ ᠬᠤᠬᠢᠷᠠᠭᠳᠠᠭᠰᠠᠨ ᠪᠠᠶᠢᠪᠠᠯ᠂ ᠲᠡᠳᠡᠨ ᠤ ᠣᠶᠢᠷ᠎ᠠ ᠲᠦᠷᠦᠯ | ᠰᠠᠳᠤᠨ᠂ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶᠂ ᠬᠤᠰᠢᠭᠤ | ᠰᠢᠶᠠᠨ ᠤ ᠱᠠᠲᠤᠨ ᠤ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠵᠡᠷᠭᠡ ᠬᠤᠯᠪᠣᠭᠳᠠᠯ ᠪᠦᠬᠦᠢ ᠬᠦᠮᠦᠰ ᠬᠠᠤᠯᠢ | ᠶᠤᠰᠤᠭᠠᠷ ᠠᠷᠠᠳ ᠤᠨ ᠰᠢᠭᠦᠬᠦ ᠬᠤᠷᠢᠶ᠎ᠠ ᠳᠤ ᠠᠰᠠᠷᠠᠨ ᠬᠠᠮᠠᠭᠠᠯᠠᠭᠴᠢ ᠶᠢᠨ ᠬᠢᠷᠢ ᠭᠡᠮ ᠢ ᠬᠦᠴᠦᠨ ᠦᠭᠡᠢ ᠪᠣᠯᠭᠠᠵᠤ | ᠂ ᠠᠰᠠᠷᠠᠨ ᠬᠠᠮᠠᠭᠠᠯᠠᠭᠴᠢ ᠶᠢ ᠠᠰᠲᠠᠭᠠᠨ ᠲᠣᠭᠲᠠᠭᠠᠬᠤ ᠪᠠᠷ ᠭᠤᠶᠤᠴᠢᠯᠠᠨ᠎ᠠ᠃ ᠡᠭᠦᠨ ᠤ ᠬᠠᠮᠲᠤ᠂ ᠭᠠᠴᠠᠭ᠎ᠠ | ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠤ ᠦᠢᠯᠡᠳᠦᠯ ᠢ ᠰᠠᠶᠢᠲᠤᠷ ᠪᠠᠳᠠᠷᠠᠭᠤᠯᠵᠤ | ᠂ ᠡᠷᠦᠬᠡ ᠳᠤ ᠣᠴᠢᠵᠤ ᠪᠠᠶᠢᠴᠠᠭᠠᠨ ᠰᠤᠷᠪᠤᠯᠵᠢᠯᠠᠬᠤ ᠶᠢ ᠬᠠᠮᠵᠢᠨ ᠰᠠᠶᠢᠲᠤᠷ ᠬᠢᠨ᠎ᠡ᠃ ᠭᠡᠷ ᠪᠦᠯᠢ ᠶᠢᠨ | ᠬᠦᠴᠦᠷᠬᠡᠭᠯᠡᠯ ᠭᠠᠷᠭᠠᠬᠰᠠᠨ᠂ ᠬᠡᠦᠬᠡᠳ ᠲᠤ ᠬᠠᠯᠠ ᠦᠵᠡᠭᠦᠯᠦᠭᠰᠡᠨ ᠵᠡᠷᠭᠡ ᠦᠢᠯᠡ ᠠᠵᠢᠯᠯᠠᠭ᠎ᠠ ᠶᠢᠨ ᠪᠠᠶᠢᠳᠠᠯ ᠨᠢ | ᠨᠡᠯᠢᠶᠡᠳ ᠬᠦᠩᠭᠡᠨ ᠪᠠᠶᠢᠵᠤ᠂ ᠬᠠᠤᠯᠢ ᠶᠤᠰᠤᠭᠠᠷ ᠠᠮᠦᠷ ᠢ ᠬᠠᠮᠠᠭᠠᠯᠠᠬᠤ ᠬᠠᠮᠢᠶᠠᠷᠤᠯᠲᠠ ᠪᠠᠷ ᠰᠢᠳᠭᠡᠨ ᠲᠣᠷᠭᠠᠬᠤ | ᠦᠭᠡᠢ ᠪᠠᠶᠢᠪᠠᠯ᠂ ᠲᠤᠳᠤᠭᠠᠲᠤ ᠶᠢ ᠬᠠᠮᠠᠭᠠᠯᠠᠬᠤ ᠪᠠᠶᠢᠭᠤᠯᠭ᠎ᠠ ᠠᠴᠠ ᠬᠤᠣᠷᠯᠠᠭᠰᠠᠨ ᠬᠦᠮᠦᠨ ᠢ ᠰᠢᠭᠦᠮᠵᠢᠯᠡᠨ | ᠬᠦᠮᠦᠵᠢᠭᠦᠯᠬᠦ ᠪᠣᠶᠣ ᠴᠡᠭᠡᠷᠯᠡᠭᠦᠯᠵᠦ ᠰᠠᠨᠠᠭᠤᠯᠬᠤ ᠪᠢᠴᠢᠭ ᠬᠢᠵᠦ ᠥᠭᠭᠦᠨ᠎ᠡ᠃ ᠴᠡᠭᠡᠷᠯᠡᠭᠦᠯᠵᠦ ᠰᠠᠨᠠᠭᠤᠯᠬᠤ | ᠪᠢᠴᠢᠭ ᠢ ᠬᠤᠣᠷᠯᠠᠭᠰᠠᠨ ᠬᠦᠮᠦᠨ ᠪᠠ ᠬᠤᠣᠷᠯᠠᠭᠳᠠᠭᠰᠠᠨ ᠬᠦᠮᠦᠨ ᠳᠤ ᠬᠦᠷᠭᠡᠨ ᠲᠤᠰᠢᠶᠠᠬᠤ ᠶᠢᠨ ᠬᠠᠮᠲᠤ᠂ | ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ ᠤᠨ ᠭᠡᠰᠢᠭᠦᠨ︶ ᠤ ᠵᠦᠪᠯᠡᠯ ᠳᠤ | ᠡᠷᠦᠬᠡ ᠳᠤ ᠣᠴᠢᠵᠤ ᠮᠦᠷᠳᠡᠨ ᠪᠠᠶᠢᠴᠠᠭᠠᠵᠤ ᠰᠤᠷᠪᠤᠯᠵᠢᠯᠠᠬᠤ ᠠᠵᠢᠯ ᠢ ᠰᠠᠶᠢᠲᠤᠷ ᠬᠢᠯᠭᠡᠬᠦ ᠪᠠᠷ ᠮᠡᠳᠡᠭᠳᠡᠨ᠎ᠡ︔ | ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠭᠤᠶᠤᠴᠢᠯᠠᠭᠰᠠᠨ ᠭᠡᠷ ᠲᠡᠭᠡᠨ ᠬᠤᠴᠤᠷᠤᠭᠰᠠᠨ ᠬᠡᠦᠬᠡᠳ ᠲᠤ | ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ ᠭᠤᠶᠤᠴᠢᠯᠠᠭᠴᠢ᠂ ᠭᠤᠶᠤᠴᠢᠯᠠᠭᠳᠠᠭᠴᠢ᠂ ᠳᠤᠲᠤᠭᠠᠲᠤ ᠶᠢ | ᠬᠠᠮᠠᠭᠠᠯᠠᠬᠤ ᠪᠠᠶᠢᠭᠤᠯᠭ᠎ᠠ ᠵᠢᠴᠢ ᠭᠠᠴᠠᠭ᠎ᠠ ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ | ᠳᠤ ᠬᠦᠷᠭᠡᠭᠰᠡᠨ ᠤ ᠳᠠᠷᠠᠭ᠎ᠠ᠂ ᠳᠤᠲᠤᠭᠠᠲᠤ ᠶᠢ ᠬᠠᠮᠠᠭᠠᠯᠠᠬᠤ ᠪᠠᠶᠢᠭᠤᠯᠭ᠎ᠠ ᠵᠢᠴᠢ ᠭᠠᠴᠠᠭ᠎ᠠ ᠲᠤᠰᠬᠤᠨ ︵ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠨᠢ ᠡᠷᠭᠡᠪᠰᠢ ᠬᠠᠮᠵᠢᠨ ᠬᠡᠷᠡᠭᠵᠢᠭᠦᠯᠦᠨ᠎ᠡ︔ ᠬᠠᠮᠵᠢᠨ | ᠪᠠᠶᠢᠴᠠᠭᠠᠬᠤ ᠳᠤᠮᠳᠠ ᠴᠡᠭᠡᠷᠯᠡᠭᠦᠯᠵᠦ ᠰᠠᠨᠠᠭᠤᠯᠬᠤ ᠪᠢᠴᠢᠭ᠂ ᠬᠦᠮᠦᠨ ᠤ ᠪᠡᠶ᠎ᠡ ᠶᠢᠨ ᠬᠠᠮᠠᠭᠠᠯᠠᠯᠲᠠ ᠶᠢᠨ ᠵᠠᠷᠯᠢᠭ ᠢ | ᠰᠠᠶᠢᠲᠤᠷ ᠨᠠᠶᠢᠳᠠᠪᠤᠷᠢᠵᠢᠭᠤᠯᠤᠭᠰᠠᠨ ᠦᠭᠡᠢ ᠪᠠ ᠬᠡᠷᠡᠭᠵᠢᠭᠦᠯᠦᠭᠰᠡᠨ ᠦᠭᠡᠢ ᠪᠠᠶᠢᠬᠤ ᠶᠢ ᠮᠡᠳᠡᠪᠡᠯ᠂ ᠭᠠᠴᠠᠭ᠎ᠠ | ᠲᠤᠰᠬᠤᠨ ︵ᠨᠡᠶᠢᠭᠡᠮ ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠨᠢ ᠬᠤᠯᠪᠣᠭᠳᠠᠯ ᠪᠦᠬᠦᠢ ᠰᠠᠯᠠᠭ᠎ᠠ | ᠮᠦᠴᠢᠷ ᠲᠤ ᠴᠠᠭ ᠲᠣᠬᠠᠢ ᠳᠤᠨᠢ ᠮᠡᠳᠡᠭᠦᠯᠵᠦ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ | ᠬᠡᠦᠬᠡᠳ ᠤᠨ ᠴᠠᠭ ᠲᠠᠭᠠᠨ ᠪᠦᠲᠦᠮᠵᠢᠲᠡᠢ ᠠᠪᠤᠷᠠᠨ ᠲᠤᠰᠠᠯᠠᠵᠤ ᠬᠠᠮᠠᠭᠠᠯᠠᠯᠲᠠ ᠬᠦᠷᠲᠡᠬᠦ ᠶᠢ ᠦᠨᠡᠨᠬᠦ ᠪᠠᠲᠤᠯᠠᠨ᠎ᠠ᠃ | ᠲᠠᠪᠤ᠂ ᠢᠷᠡᠯᠲᠡ ᠠᠴᠠ ᠨᠢ ᠵᠠᠰᠠᠬᠤ ᠶᠢ ᠴᠢᠩᠭᠠᠳᠬᠠᠵᠤ᠂ ᠭᠡᠷ ᠲᠡᠭᠡᠨ ᠬᠤᠴᠤᠷᠬᠤ ᠪᠠᠶᠢᠳᠠᠯ ᠢ | ᠪᠠᠭᠠᠰᠬᠠᠬᠤ ᠶᠢᠨ ᠰᠡᠷᠭᠡᠶᠢᠯᠡᠬᠦ ᠲᠣᠭᠲᠠᠴᠠ ᠶᠢ ᠪᠠᠶᠢᠭᠤᠯᠤᠨ᠎ᠠ | ᠡᠯ᠎ᠡ ᠭᠠᠵᠠᠷ ᠣᠷᠣᠨ ᠨᠤᠭᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ | ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢ ᠦᠷᠨᠢᠭᠦᠯᠵᠦ᠂ ᠤᠳᠤᠬᠠᠨ ᠤ ᠪᠠᠶᠢᠢᠳᠠᠯ ᠳᠤ ᠰᠠᠭᠤᠷᠢᠯᠠᠨ᠂ | ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠡᠭᠦᠯᠳᠡᠷᠵᠢᠭᠦᠯᠵᠦ᠂ ᠠᠵᠢᠯ ᠤᠨ ᠲᠣᠭᠲᠠᠴᠠ ᠶᠢ ᠪᠦᠷᠢᠨᠰᠢᠭᠦᠯᠦᠨ | ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠲᠤ ᠲᠤᠯᠭᠠᠷᠠᠵᠤ ᠪᠠᠶᠢᠭ᠎ᠠ ᠠᠰᠠᠷᠠᠨ | ᠬᠠᠮᠠᠭᠠᠯᠠᠬᠤ ᠶᠠᠪᠤᠳᠠᠯ ᠳᠤᠳᠠᠭᠳᠠᠭᠰᠠᠨ᠂ ᠠᠰᠠᠷᠠᠨ ᠬᠠᠮᠠᠭᠠᠯᠠᠬᠤ ᠵᠣᠬᠢᠰ ᠦᠭᠡᠢ ᠪᠣᠯᠣᠭᠰᠠᠨ᠂ ᠠᠰᠠᠷᠠᠨ | ᠬᠠᠮᠠᠭᠠᠯᠠᠬᠤ ᠶᠢ ᠬᠠᠯᠳᠠᠵᠦ ᠡᠪᠳᠡᠭᠰᠡᠨ ᠵᠡᠷᠭᠡ ᠳᠤᠪᠤᠶᠢᠮ᠎ᠠ ᠠᠰᠠᠭᠤᠳᠠᠯ ᠢ ᠬᠦᠴᠦᠯᠡᠨ ᠰᠢᠢᠳᠪᠦᠷᠢᠯᠡᠬᠦ ᠮᠦᠷᠲᠡᠭᠡᠨ | ᠪᠠᠰᠠ ᠠᠯᠤᠰ ᠢ ᠪᠣᠳᠣᠯᠬᠢᠯᠠᠨ᠂ ᠬᠤᠲᠠ ᠬᠦᠳᠡᠭᠡ ᠶᠢᠨ ᠬᠥᠭᠵᠢᠯᠲᠡ ᠶᠢ ᠨᠢᠭᠡᠲᠦᠯᠲᠡᠢ ᠲᠦᠯᠦᠪᠯᠡᠵᠦ᠂ ᠬᠡᠦᠬᠡᠳ ᠤᠨ | ᠭᠡᠷ ᠲᠡᠭᠡᠨ ᠬᠤᠴᠤᠷᠬᠤ ᠠᠰᠠᠭᠤᠳᠠᠯ ᠢ ᠦᠨᠳᠦᠰᠦᠨ ᠠᠴᠠ ᠨᠢ ᠰᠢᠢᠳᠪᠦᠷᠢᠯᠡᠨ᠎ᠡ᠃ | ︵ᠨᠢᠭᠡ︶ ᠮᠠᠯᠵᠢᠨ ᠲᠠᠷᠢᠶᠠᠴᠢᠨ ᠬᠦᠴᠦ ᠶᠠᠪᠤᠭᠰᠠᠳ ᠤᠨ ᠬᠤᠲᠠ ᠶᠢᠨ ᠠᠷᠠᠳ ᠪᠣᠯᠬᠤ ᠪᠠ ᠦᠷ᠎ᠡ | ᠬᠡᠦᠬᠡᠳ ᠤᠨ ᠬᠢᠨ ᠲᠤᠰ ᠭᠠᠵᠠᠷ ᠲᠤᠨᠢ ᠰᠤᠷᠭᠠᠭᠤᠯᠢ ᠳᠤ ᠣᠷᠤᠬᠤ ᠠᠬᠢᠴᠠ ᠶᠢ ᠲᠦᠷᠭᠡᠳᠭᠡᠨ᠎ᠡ᠃ | ᠡᠯ᠎ᠡ ᠭᠠᠵᠠᠷ ᠣᠷᠣᠨ ᠨᠤᠭᠤᠳ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠯᠲᠠ ᠶᠢᠨ ᠪᠦᠲᠦᠭᠡᠨ | ᠪᠠᠶᠢᠭᠤᠯᠤᠯᠲᠠ ᠶᠢ ᠲᠦᠷᠭᠡᠳᠭᠡᠵᠦ᠂ ᠡᠷᠦᠬᠡ ᠠᠮᠠ ᠶᠢᠨ ᠬᠠᠷᠢᠶ᠎ᠠ ᠶᠢᠨ ᠳᠦᠷᠢᠮ ᠤᠨ ᠦᠭᠡᠷᠡᠴᠢᠯᠡᠯᠲᠡ ᠶᠢ | ᠭᠦᠨᠵᠡᠭᠡᠶᠢᠷᠡᠭᠦᠯᠦᠨ᠂ ᠮᠠᠯᠵᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ ᠬᠡᠦᠬᠡᠳ ᠢᠶᠠᠨ ᠠᠪᠴᠤ ᠬᠤᠲᠠ | ᠣᠷᠤᠵᠤ ᠰᠠᠭᠤᠷᠢᠰᠢᠬᠤ ᠶᠢ ᠳᠡᠮᠵᠢᠨ ᠬᠠᠪᠰᠤᠷᠴᠤ᠂ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ | ᠬᠡᠦᠬᠡᠳ ᠲᠤ ᠰᠤᠷᠭᠠᠭᠤᠯᠢ ᠳᠤ ᠣᠷᠤᠬᠤ᠂ ᠡᠮᠴᠢᠯᠡᠭᠡ ᠡᠷᠡᠭᠦᠯ ᠬᠠᠮᠠᠭᠠᠯᠠᠯ᠂ ᠨᠡᠶᠢᠭᠡᠮ ᠤᠨ ᠠᠰᠠᠷᠠᠮᠵᠢ᠂ ᠣᠷᠣᠨ | ᠰᠠᠭᠤᠴᠠ ᠶᠢᠨ ᠪᠠᠲᠤᠯᠠᠭ᠎ᠠ ᠵᠡᠷᠭᠡ ᠲᠠᠯ᠎ᠠ ᠪᠠᠷ ᠬᠤᠲᠠ ᠶᠢᠨ ᠰᠠᠭᠤᠭᠠᠯᠢ ᠠᠷᠠᠳ ᠯᠤᠭ᠎ᠠ ᠠᠳᠠᠯᠢᠬᠠᠨ ᠣᠯᠭᠤᠮᠵᠢ | ᠬᠦᠷᠲᠡᠭᠡᠨ᠂ ᠲᠡᠳᠡᠨ ᠤ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢᠶᠠᠨ ᠬᠠᠷᠠᠭᠠᠯᠵᠠᠨ ᠬᠠᠮᠠᠭᠠᠯᠠᠵᠤ | ᠠᠰᠠᠷᠠᠬᠤ ᠳᠤ ᠨᠡᠩ ᠰᠠᠶᠢᠨ ᠨᠦᠬᠦᠴᠡᠯ ᠡᠭᠦᠳᠴᠦ ᠥᠭᠭᠦᠨ᠎ᠡ᠃ ᠳᠤᠲᠤᠭᠠᠲᠤ ᠶᠢ ᠬᠠᠮᠠᠭᠠᠯᠠᠬᠤ ᠰᠠᠯᠠᠭ᠎ᠠ | ᠮᠦᠴᠢᠷ ᠤᠳ ᠬᠤᠲᠠ ᠪᠠᠯᠭᠠᠰᠤ ᠳᠤ ᠠᠵᠢᠯ ᠣᠯᠵᠤ ᠰᠠᠭᠤᠷᠢᠰᠢᠨ ᠰᠠᠭᠤᠭᠰᠠᠨ ᠴᠠᠭ ᠨᠢ ᠤᠷᠲᠤ ᠪᠠ ᠪᠦᠬᠦ | ᠭᠡᠷ ᠢᠶᠠᠷ ᠢᠶᠠᠨ ᠨᠡᠭᠦᠨ ᠰᠢᠯᠵᠢᠭᠰᠡᠨ ᠲᠠᠷᠢᠶᠠᠯᠠᠩ ᠮᠠᠯ ᠠᠵᠤ ᠠᠬᠤᠢ ᠶᠢᠨ ᠨᠡᠭᠦᠨ ᠰᠢᠯᠵᠢᠭᠰᠡᠨ ᠬᠦᠮᠦᠨ ᠠᠮᠠ ᠶᠢᠨ | ᠡᠷᠦᠬᠡ ᠠᠮᠠ ᠣᠷᠤᠬᠤ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠡᠷᠦᠬᠡ ᠠᠮᠠ ᠣᠷᠤᠬᠤ ᠨᠦᠬᠦᠴᠡᠯ ᠳᠤ | ᠨᠡᠶᠢᠴᠡᠪᠡᠯ ᠲᠡᠳᠡᠨ ᠤ ᠲᠤᠰ ᠬᠦᠮᠦᠨ ᠵᠢᠴᠢ ᠭᠡᠷ ᠪᠦᠯᠢ ᠶᠢᠨ ᠡᠷᠦᠬᠡ ᠠᠮᠠ ᠣᠷᠤᠬᠤ ᠶᠢ ᠡᠮᠬᠢ ᠵᠢᠷᠤᠮ ᠲᠠᠢ | ᠠᠬᠢᠭᠤᠯᠤᠨ᠎ᠠ᠃ ᠣᠷᠣᠨ ᠰᠠᠭᠤᠴᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠰᠠᠯᠠᠭ᠎ᠠ ᠮᠦᠴᠢᠷ ᠤᠳ | ᠣᠷᠣᠨ ᠰᠠᠭᠤᠴᠠ ᠶᠢᠨ ᠪᠠᠲᠤᠯᠠᠭ᠎ᠠ ᠶᠢᠨ ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ | ᠭᠡᠷ ᠪᠦᠯᠢ ᠶᠢ ᠲᠣᠬᠠᠢ ᠶᠢᠨ ᠭᠠᠵᠠᠷ ᠤᠨ ᠣᠷᠣᠨ ᠰᠠᠭᠤᠴᠠ ᠶᠢᠨ ᠪᠠᠲᠤᠯᠠᠭ᠎ᠠ ᠶᠢᠨ ᠬᠦᠷᠢᠶ᠎ᠡ ᠬᠡᠪᠴᠢᠶ᠎ᠡ ᠳᠤ | ᠣᠷᠤᠭᠤᠯᠵᠤ᠂ ᠭᠡᠷ ᠲᠤᠬᠢᠷᠠᠭᠤᠯᠬᠤ ᠪᠠᠷ ᠣᠯᠠᠨ ᠨᠡᠶᠢᠲᠡ ᠶᠢᠨ ᠳᠦᠷᠢᠶᠡᠰᠦᠯᠡᠬᠦ ᠣᠷᠣᠨ ᠰᠠᠭᠤᠴᠠ ᠶᠢ ᠬᠠᠪᠰᠤᠷᠭᠠᠨ | ᠳᠦᠷᠢᠶᠡᠰᠦᠯᠡᠬᠦ ᠪᠣᠶᠣ ᠳᠦᠷᠢᠶᠡᠰᠦᠯᠡᠬᠦ ᠨᠦᠬᠦᠪᠦᠷᠢ ᠣᠯᠭᠤᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠮᠠᠯᠵᠢᠨ | ᠲᠠᠷᠢᠶᠠᠴᠢᠨ ᠬᠦᠴᠦ ᠶᠠᠪᠤᠭᠰᠠᠳ ᠤᠨ ᠭᠡᠷ ᠪᠦᠯᠢ ᠶᠢᠨ ᠦᠨᠳᠦᠰᠦᠨ ᠣᠷᠣᠰᠢᠨ ᠰᠠᠭᠤᠬᠤ ᠬᠡᠷᠡᠭᠴᠡᠭᠡ | ᠱᠠᠭᠠᠷᠳᠠᠯᠭ᠎ᠠ ᠶᠢ ᠰᠢᠢᠳᠪᠦᠷᠢᠯᠡᠨ᠎ᠡ᠃ ᠰᠤᠷᠭᠠᠨ ᠬᠦᠮᠦᠵᠢᠯ ᠤᠨ ᠰᠠᠯᠠᠭ᠎ᠠ ᠮᠦᠴᠢᠷ ᠤᠳ ᠠᠯᠪᠠᠨ ᠠᠴᠠ ᠡᠷᠬᠢᠯᠡᠭᠰᠡᠨ | ᠠᠯᠪᠠᠨ ᠵᠢᠷᠤᠮ ᠤᠨ ᠰᠤᠷᠭᠠᠨ ᠬᠦᠮᠦᠵᠢᠯ ᠤᠨ ᠰᠤᠷᠭᠠᠭᠤᠯᠢ ᠶᠢ ᠰᠢᠮᠳᠠᠭᠤᠯᠤᠨ ᠵᠢᠯᠤᠭᠤᠳᠴᠤ ᠪᠠᠶᠢᠭᠠᠳ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠲᠤ ᠨᠡᠶᠢᠳᠡᠮ ᠴᠢᠯᠦᠭᠡᠲᠡᠢ | ᠨᠡᠭᠡᠭᠡᠯᠭᠡᠵᠦ᠂ ᠵᠠᠰᠠᠭ ᠤᠨ ᠣᠷᠳᠤᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠤᠨ ᠠᠯᠪᠠᠨ | ᠵᠢᠷᠤᠮ ᠤᠨ ᠰᠤᠷᠭᠠᠨ ᠬᠦᠮᠦᠵᠢᠯ ᠬᠦᠷᠲᠡᠬᠦ ᠶᠢ ᠳᠡᠮᠵᠢᠵᠦ᠂ ᠪᠠᠭ᠎ᠠ ᠰᠤᠷᠭᠠᠭᠤᠯᠢ᠂ ᠠᠩᠬ᠎ᠠ ᠳᠤᠮᠳᠠᠳᠤ | ᠰᠤᠷᠭᠠᠭᠤᠯᠢ ᠶᠢᠨ ᠱᠠᠲᠤ ᠦᠶ᠎ᠡ ᠳᠤ ᠣᠶᠢᠷ᠎ᠠ ᠬᠠᠪᠢ ᠳᠠᠭᠠᠨ ᠰᠤᠷᠭᠠᠭᠤᠯᠢ ᠳᠤ ᠣᠷᠣᠬᠤ ᠶᠢ ᠪᠡᠶᠡᠯᠡᠭᠦᠯᠵᠦ᠂ | ᠨᠦᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠦᠷ᠎ᠡ ᠬᠡᠦᠬᠡᠳ ᠨᠢ ᠣᠴᠢᠭᠰᠠᠨ | ᠭᠠᠵᠠᠷ ᠲᠠᠭᠠᠨ ᠦᠨᠳᠦᠷ ᠳᠤᠮᠳᠠᠳᠦ ᠰᠤᠷᠭᠠᠭᠤᠯᠢ ᠳᠤ ᠤᠷᠤᠬᠤ ᠰᠢᠯᠭᠠᠯᠲᠠ᠂ ᠦᠨᠳᠦᠷ ᠳᠤᠮᠳᠠᠳᠤ ᠳᠡᠭᠡᠳᠦ | ᠰᠤᠷᠭᠠᠭᠤᠯᠢ ᠳᠤ ᠤᠷᠤᠬᠤ ᠰᠢᠯᠭᠠᠯᠲᠠ ᠳᠤ ᠣᠷᠤᠯᠴᠠᠬᠤ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ | ᠨᠠᠶᠢᠳᠠᠪᠤᠷᠢᠵᠢᠭᠤᠯᠤᠨ᠎ᠠ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ᠂ ᠣᠯᠠᠨ ᠲᠦᠮᠡᠨ ᠤ ᠪᠦᠯᠬᠦᠮ ᠤᠨ | ᠵᠣᠬᠢᠶᠠᠨ ᠪᠠᠶᠢᠭᠤᠯᠤᠯᠲᠠ ᠵᠢᠴᠢ ᠬᠦᠮᠦᠨ ᠬᠡᠷᠡᠭᠯᠡᠬᠦ ᠨᠢᠭᠡᠴᠡ᠂ ᠨᠡᠶᠢᠭᠡᠮ ᠤᠨ ᠵᠣᠬᠢᠶᠠᠨ ᠪᠠᠶᠢᠭᠤᠯᠤᠯᠲᠠ᠂ ᠨᠡᠶᠢᠭᠡᠮ ᠤᠨ | ᠲᠤᠰᠬᠠᠢ ᠠᠵᠢᠯᠯᠠᠭᠴᠢ᠂ ᠰᠠᠶᠢᠨ ᠳᠤᠷᠠᠴᠤᠳ ᠤᠨ ᠡᠩᠨᠡᠭᠡ ᠵᠡᠷᠭᠡ ᠨᠡᠶᠢᠭᠡᠮ ᠤᠨ ᠬᠦᠴᠦᠨ ᠨᠦᠭᠦᠳ ᠮᠠᠯᠴᠢᠨ | ᠲᠠᠷᠢᠶᠠᠴᠢᠨ ᠬᠦᠴᠦ ᠶᠠᠪᠤᠭᠰᠠᠳ ᠤᠨ ᠨᠠᠰᠤᠨ ᠳᠤ ᠦᠯᠦ ᠬᠦᠷᠦᠭᠰᠡᠨ ᠦᠷ᠎ᠡ ᠬᠡᠦᠬᠡᠳ ᠢᠶᠠᠨ ᠠᠰᠠᠷᠠᠨ | ᠬᠠᠷᠠᠭᠠᠯᠵᠠᠬᠤ ᠳᠤ ᠳᠦᠭᠦᠮ ᠨᠦᠬᠦᠴᠡᠯ ᠪᠠ ᠨᠡᠩ ᠣᠯᠠᠨ ᠬᠠᠪᠰᠤᠷᠤᠯᠭ᠎ᠠ ᠶᠢ ᠬᠠᠩᠭᠠᠵᠦ ᠦᠭᠬᠦ ᠭᠡᠷᠡᠭᠲᠡᠢ᠃ | ︵ᠬᠤᠶᠠᠷ︶ ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ | ᠴᠤᠭᠴᠠᠯᠠᠨ ᠠᠵᠢᠯ ᠣᠯᠬᠤ ᠶᠢ ᠢᠳᠡᠪᠬᠢᠲᠡᠢ ᠬᠦᠲᠦᠯᠦᠨ ᠵᠢᠯᠤᠭᠤᠳᠴᠤ ᠲᠡᠳᠭᠦᠨ ᠳᠡᠮᠵᠢᠨ᠎ᠡ᠃ | ᠡᠯ᠎ᠡ ᠭᠠᠵᠠᠷ ᠣᠷᠣᠨ ᠨᠤᠭᠤᠳ ᠰᠢᠶᠠᠨ ᠤ ᠬᠡᠪᠴᠢᠶᠡᠨ ᠤ ᠠᠵᠤ ᠠᠬᠤᠢ ᠶᠢ ᠶᠡᠬᠡᠪᠡᠷ ᠬᠦᠭᠵᠢᠭᠦᠯᠦᠨ᠂ | ᠮᠠᠯᠴᠢᠨ ᠲᠠᠷᠢᠶᠠᠴᠢᠨ ᠬᠦᠴᠦ ᠶᠠᠪᠤᠭᠰᠠᠳ ᠤᠨ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠨ ᠠᠵᠢᠯ | ᠣᠯᠭᠤᠬᠤ ᠶᠢ ᠳᠡᠮᠵᠢᠬᠦ ᠲᠣᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠢ ᠣᠯᠠᠨ ᠲᠥᠷᠥ ᠶᠢᠨ ᠪᠣᠳᠣᠯᠭ᠎ᠠ ᠶᠢᠨ | ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠵᠤ᠂ ᠲᠦᠮᠡᠨ ᠣᠯᠠᠨ ᠢᠶᠠᠷ ᠢᠶᠠᠨ ᠠᠳᠠᠯ ᠦᠢᠯᠡᠰ ᠴᠤᠭᠴᠠᠯᠠᠵᠤ ᠲᠦᠭ | ᠲᠦᠮᠡᠨ ᠢᠶᠠᠷ ᠢᠶᠠᠨ ᠰᠢᠨ᠎ᠡ ᠶᠢ ᠡᠭᠦᠳᠬᠦ ᠶᠢ ᠠᠬᠢᠭᠤᠯᠤᠨ᠂ ᠣᠷᠣᠨ ᠨᠣᠲᠤᠭ ᠤᠨ ᠳᠠᠪᠠᠭᠤᠯᠢᠭ ᠠᠵᠤ ᠦᠢᠯᠡᠰ | ᠪᠣᠯᠣᠨ ᠣᠨᠴᠠᠯᠢᠭᠲᠤ ᠠᠵᠤ ᠠᠬᠤᠢ ᠶᠢ ᠲᠦᠷᠭᠡᠳᠭᠡᠨ ᠬᠥᠭᠵᠢᠭᠦᠯᠵᠦ᠂ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠲᠤᠰ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠠᠬᠢᠭᠤᠯᠤᠨ᠂ ᠬᠡᠦᠬᠡᠳ ᠤᠨ | ᠭᠡᠷ ᠲᠡᠭᠡᠨ ᠬᠤᠴᠤᠷᠬᠤ ᠦᠵᠡᠭᠳᠡᠯ ᠢ ᠢᠷᠡᠯᠲᠡ ᠠᠴᠠ ᠨᠢ ᠪᠠᠭᠠᠰᠬᠠᠨ᠎ᠠ᠃ ᠬᠦᠮᠦᠨ ᠤ ᠬᠦᠴᠦᠨ ᠤ ᠡᠬᠢ ᠪᠠᠶᠠᠯᠢᠭ | ᠨᠡᠶᠢᠭᠡᠮ ᠤᠨ ᠪᠠᠲᠤᠯᠠᠭ᠎ᠠ ᠵᠡᠷᠭᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠴᠢᠨ ᠲᠠᠷᠢᠶᠠᠴᠢᠨ ᠬᠦᠴᠦ | ᠶᠠᠪᠤᠭᠰᠠᠳ ᠤᠨ ᠨᠤᠲᠤᠭ ᠲᠠᠭᠠᠨ ᠪᠤᠴᠠᠵᠤ ᠠᠵᠢᠯ ᠣᠯᠵᠣ ᠠᠳᠠᠯ ᠦᠢᠯᠡᠰ ᠴᠤᠭᠴᠠᠯᠠᠬᠤ ᠲᠥᠷᠥ ᠶᠢᠨ ᠪᠣᠳᠤᠯᠭ᠎ᠠ ᠶᠢ | ᠥᠷᠭᠡᠨ ᠳᠡᠯᠭᠡᠷ ᠢᠶᠠᠷ ᠤᠬᠠᠭᠤᠯᠵᠤ᠂ ᠮᠠᠯᠵᠢᠬᠤ ᠲᠠᠷᠢᠶᠠᠯᠠᠬᠤ ᠣᠷᠣᠨ ᠤ ᠬᠦᠳᠡᠯᠮᠦᠷᠢ ᠬᠦᠴᠦᠨ ᠳᠤ ᠠᠵᠢᠯ | ᠣᠯᠭᠤᠵᠣ ᠠᠳᠠᠯ ᠦᠢᠯᠡᠰ ᠴᠤᠭᠴᠠᠯᠠᠬᠤ ᠮᠡᠷᠭᠡᠵᠢᠯ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠬᠠᠨ᠂ ᠣᠶᠢᠷ᠎ᠠ | ᠬᠠᠪᠢ ᠳᠠᠭᠠᠨ ᠲᠣᠬᠠᠢ ᠶᠢᠨ ᠭᠠᠵᠠᠷ ᠲᠠᠭᠠᠨ ᠠᠵᠢᠯ ᠣᠯᠬᠤ ᠬᠦᠰᠡᠯ ᠡᠷᠡᠮᠡᠯᠵᠡᠯ ᠲᠠᠢ ᠮᠠᠯᠴᠢᠨ ᠲᠠᠷᠢᠶᠠᠴᠢᠨ ᠬᠦᠴᠦ | ᠶᠠᠪᠤᠭᠰᠠᠳ ᠲᠤ ᠠᠵᠢᠯ ᠣᠯᠭᠤᠬᠤ ᠵᠢᠯᠤᠭᠤᠳᠤᠯᠭ᠎ᠠ᠂ ᠠᠵᠢᠯᠲᠠᠨ ᠬᠡᠷᠡᠭᠯᠡᠬᠦ ᠠᠵᠢᠯ ᠤᠨ ᠪᠠᠶᠢᠷᠢ ᠶᠢᠨ ᠮᠡᠳᠡᠭᠡ ᠵᠠᠩᠭᠢ | ᠵᠡᠷᠭᠡ ᠣᠯᠠᠨ ᠨᠡᠶᠢᠲᠡ ᠶᠢᠨ ᠠᠵᠢᠯ ᠣᠯᠭᠤᠬᠤ ᠦᠢᠯᠡᠴᠢᠯᠡᠭᠡ ᠶᠢ ᠴᠢᠭᠯᠡᠭᠦᠯᠬᠦ ᠴᠢᠨᠠᠷᠲᠠᠢ ᠪᠠᠷ ᠬᠠᠩᠭᠠᠨ᠎ᠠ︔ | ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠬᠤ ᠬᠦᠰᠡᠯ ᠡᠷᠡᠮᠡᠯᠵᠡᠯ ᠲᠠᠢ ᠪᠦᠭᠡᠳ ᠴᠢᠳᠠᠪᠤᠷᠢ ᠲᠠᠢ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠲᠥᠷᠥ ᠶᠢᠨ ᠪᠣᠳᠣᠯᠭ᠎ᠠ ᠶᠣᠰᠤᠭᠠᠷ ᠠᠳᠠᠯ ᠦᠢᠯᠡᠰ ᠴᠤᠭᠴᠠᠯᠠᠬᠤ | ᠵᠢᠯᠤᠭᠤᠳᠤᠯᠭ᠎ᠠ᠂ ᠠᠳᠠᠯ ᠦᠢᠯᠡᠰ ᠴᠤᠭᠴᠠᠯᠠᠬᠤ ᠮᠡᠳᠡᠭᠡ ᠵᠠᠩᠭᠢ ᠪᠠ ᠠᠳᠠᠯ ᠦᠢᠯᠡᠰ ᠴᠤᠭᠴᠠᠯᠠᠬᠤ | ᠳᠠᠭᠠᠭᠠᠯᠲᠠ ᠲᠠᠢ ᠵᠢᠭᠡᠯᠡᠯᠭᠡ ᠵᠡᠷᠭᠡ ᠠᠳᠠᠯ ᠦᠢᠯᠡᠰ ᠴᠤᠭᠴᠠᠯᠠᠬᠤ ᠦᠢᠯᠡᠴᠢᠯᠡᠭᠡ ᠶᠢ ᠢᠳᠡᠪᠬᠢᠲᠡᠢ ᠪᠠᠷ ᠬᠠᠩᠭᠠᠨ᠎ᠠ︔ | ᠲᠣᠬᠠᠢ ᠶᠢᠨ ᠭᠠᠵᠠᠷ ᠤᠨ ᠠᠵᠢᠯ ᠦᠢᠯᠡᠰ ᠴᠤᠭᠴᠠᠯᠠᠬᠤ ᠨᠡᠪᠴᠢᠭᠦᠯᠦᠭᠦᠷ ᠤᠨ ᠬᠦᠷᠢᠶᠡᠯᠡᠩ ᠲᠣᠭᠤᠷᠢᠭ ᠲᠤ ᠣᠷᠤᠵᠤ | ᠰᠠᠭᠤᠭᠰᠠᠨ ᠨᠤᠲᠤᠭ ᠲᠠᠭᠠᠨ ᠪᠤᠴᠠᠭᠰᠠᠨ ᠮᠠᠯᠴᠢᠨ ᠲᠠᠷᠢᠶᠠᠴᠢᠨ ᠬᠦᠴᠦ ᠶᠠᠪᠤᠭᠰᠠᠳ ᠠᠴᠠ ᠨᠡᠪᠴᠢᠭᠦᠯᠦᠭᠦᠷ ᠤᠨ | ᠬᠤᠭᠤᠴᠠᠭᠠᠨ ᠳᠤᠲᠤᠷ᠎ᠠ ᠳᠦᠷᠢᠶᠡᠰᠦ᠂ ᠤᠰᠤ ᠴᠠᠬᠢᠯᠭᠠᠨ ᠤ ᠵᠠᠷᠤᠳᠠᠯ᠂ ᠠᠳᠠᠯ ᠠᠬᠤᠢ ᠶᠢᠨ ᠵᠠᠷᠤᠳᠠᠯ᠂ | ᠳᠤᠯᠠᠭᠠᠯᠠᠭ᠎ᠠ ᠶᠢᠨ ᠵᠠᠷᠤᠳᠠᠯ ᠵᠡᠷᠭᠡ ᠬᠠᠮᠢᠶ᠎ᠠ ᠪᠦᠬᠦᠢ ᠵᠠᠷᠤᠳᠠᠯ ᠢ ᠬᠠᠰᠤᠵᠤ ᠬᠡᠯᠲᠦᠷᠢᠭᠦᠯᠦᠨ᠎ᠡ᠃ ᠡᠳ᠋ ᠤᠨ ᠵᠠᠰᠠᠭ᠂ | ᠭᠠᠶᠢᠯᠢ ᠶᠢᠨ ᠶᠠᠪᠤᠳᠠᠯ᠂ ᠠᠵᠤ ᠦᠢᠯᠡᠳᠪᠦᠷᠢ ᠬᠤᠳᠠᠯᠳᠤᠭ᠎ᠠ ᠵᠡᠷᠭᠡ ᠰᠠᠯᠠᠭ᠎ᠠ ᠮᠦᠴᠢᠷ ᠤᠳ ᠡᠳ᠋ ᠤᠨ ᠵᠠᠰᠠᠭ᠂ | ᠮᠦᠩᠭᠦᠨ ᠭᠦᠢᠯᠭᠡᠭᠡᠨ ᠵᠡᠷᠭᠡ ᠬᠠᠷᠠᠭᠠᠯᠵᠠᠯ ᠦᠵᠡᠭᠦᠯᠦᠨ ᠲᠡᠳᠭᠦᠬᠦ ᠲᠥᠷᠥ ᠶᠢᠨ ᠪᠣᠳᠣᠯᠭ᠎ᠠ ᠶᠢ ᠲᠣᠭᠲᠠᠭᠠᠵᠤ᠂ | ᠬᠠᠨᠳᠤᠯᠭᠠᠲᠤ ᠴᠢᠨᠠᠷ ᠲᠠᠢ ᠪᠠᠷ ᠭᠠᠶᠢᠯᠢ ᠬᠦᠩᠭᠡᠯᠡᠬᠦ ᠪᠠ ᠨᠡᠶᠢᠳᠡᠮ ᠴᠢᠨᠠᠷᠲᠠᠢ ᠪᠠᠷ ᠵᠠᠷᠤᠳᠠᠯ ᠢ ᠪᠠᠭᠤᠷᠠᠭᠤᠯᠬᠤ | ᠲᠥᠷᠥ ᠶᠢᠨ ᠪᠣᠳᠤᠯᠭ᠎ᠠ ᠶᠢ ᠬᠠᠤᠯᠢ ᠶᠤᠰᠤᠭᠠᠷ ᠨᠠᠶᠢᠳᠠᠪᠤᠷᠢᠵᠢᠭᠤᠯᠤᠨ᠂ ᠨᠤᠲᠤᠭ ᠲᠠᠭᠠᠨ ᠪᠤᠴᠠᠵᠤ ᠠᠳᠠᠯ ᠦᠢᠯᠡᠰ | ᠴᠤᠭᠴᠠᠯᠠᠬᠤ ᠶᠢ ᠨᠢ ᠪᠡᠯᠡ ᠮᠦᠩᠭᠦ ᠪᠠᠷ ᠲᠡᠳᠭᠦᠬᠦ ᠡᠷᠴᠢᠮ ᠢ ᠴᠢᠩᠭᠠᠷᠠᠭᠤᠯᠵᠤ᠂ ᠨᠤᠲᠤᠭ ᠲᠠᠭᠠᠨ ᠪᠤᠴᠠᠵᠤ ᠠᠳᠠᠯ | ᠦᠢᠯᠡᠰ ᠴᠤᠭᠴᠠᠯᠠᠬᠤ ᠪᠠᠷᠢᠮᠵᠢᠶ᠎ᠠ ᠶᠢ ᠪᠠᠭᠤᠷᠠᠭᠤᠯᠤᠨ᠎ᠠ᠃ ᠪᠤᠰᠤᠳ ᠬᠤᠯᠪᠣᠭᠳᠠᠯ ᠪᠦᠬᠦᠢ ᠰᠠᠯᠠᠭ᠎ᠠ ᠮᠦᠴᠢᠷ ᠨᠢ | ᠪᠦᠲᠦᠮᠵᠢᠲᠡᠢ ᠠᠷᠭ᠎ᠠ ᠮᠠᠶ᠋ᠢᠭ ᠠᠪᠴᠤ ᠪᠠᠶᠢᠭᠠᠳ ᠨᠤᠲᠤᠭ ᠲᠠᠭᠠᠨ ᠪᠤᠴᠠᠵᠤ ᠠᠳᠠᠯ ᠦᠢᠯᠡᠰ ᠴᠤᠭᠴᠠᠯᠠᠭᠴᠢᠳ ᠲᠤ | ᠪᠦᠬᠦ ᠲᠠᠯ᠎ᠠ ᠶᠢᠨ ᠣᠯᠠᠨ ᠨᠡᠶᠢᠲᠡ ᠶᠢᠨ ᠦᠢᠯᠡᠴᠢᠯᠡᠭᠡ ᠶᠢ ᠬᠠᠩᠭᠠᠨ᠎ᠠ᠃ | ᠵᠢᠷᠭᠤᠭ᠎ᠠ᠂ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠤᠨ ᠪᠠᠲᠤᠯᠠᠭ᠎ᠠ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠎ᠠ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ | ᠬᠠᠮᠠᠭᠠᠯᠠᠬᠤ ᠠᠵᠢᠯ ᠨᠢ ᠲᠥᠷᠥ ᠶᠢᠨ ᠪᠣᠳᠣᠯᠭ᠎ᠠ ᠶᠢᠨ ᠴᠢᠨᠠᠷ ᠢᠶᠠᠷ ᠴᠢᠩᠭ᠎ᠠ᠂ ᠬᠤᠯᠪᠣᠭᠳᠠᠬᠤ ᠬᠡᠪᠴᠢᠶ᠎ᠡ ᠪᠠᠷ ᠥᠷᠭᠡᠨ | ᠂ ᠡᠭᠦᠷᠭᠡ ᠬᠦᠨᠳᠦ ᠪᠠᠶᠢᠳᠠᠭ᠃ ᠡᠯ᠎ᠡ ᠠᠶᠢᠮᠠᠭ ᠬᠤᠲᠠ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ | ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠢᠮᠪᠠᠢ ᠵᠣᠬᠢᠶᠠᠨ ᠪᠠᠶᠢᠭᠤᠯᠤᠨ᠂ ᠨᠢᠭᠲᠠ ᠪᠠᠶᠢᠷᠢᠯᠠᠭᠤᠯᠵᠤ᠂ | ᠰᠠᠨᠠᠭᠠᠴᠢᠯᠠᠭ᠎ᠠ ᠠᠴᠠ ᠪᠠᠨ ᠠᠵᠢᠯ ᠬᠢᠵᠦ᠂ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠨ᠎ᠠ᠃ | ︵ᠨᠢᠭᠡ︶ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠶᠢ | ᠴᠢᠩᠭᠠᠳᠬᠠᠨ᠎ᠠ᠃ | ᠡᠯ᠎ᠡ ᠭᠠᠵᠠᠷ ᠣᠷᠣᠨ ᠨᠤᠭᠤᠳ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ ᠵᠠᠰᠠᠭ ᠤᠨ ᠣᠷᠳᠤᠨ ᠠᠴᠠ | ᠤᠳᠤᠷᠢᠳᠴᠤ᠂ ᠠᠷᠠᠳ ᠤᠨ ᠶᠠᠪᠤᠳᠠᠯ ᠤᠨ ᠰᠠᠯᠠᠭ᠎ᠠ ᠮᠦᠴᠢᠷ ᠠᠴᠠ ᠲᠦᠷᠦᠭᠦᠯᠡᠨ᠂ ᠬᠠᠮᠢᠶ᠎ᠠ ᠪᠦᠬᠦᠢ ᠰᠠᠯᠠᠭ᠎ᠠ | ᠮᠦᠴᠢᠷ ᠪᠠ ᠣᠯᠠᠨ ᠲᠦᠮᠡᠨ ᠤ ᠪᠦᠯᠬᠦᠮ ᠤᠨ ᠵᠣᠬᠢᠶᠠᠨ ᠪᠠᠶᠢᠭᠤᠯᠤᠯᠲᠠ ᠠᠴᠠ ᠥᠷᠭᠡᠨ ᠳᠡᠯᠭᠡᠷ ᠢᠶᠠᠷ ᠣᠷᠤᠯᠴᠠᠭᠰᠠᠨ | ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠤᠳᠤᠷᠢᠳᠬᠤ | ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠨᠢᠭᠡᠲᠦᠯᠲᠡᠢ ᠲᠦᠯᠦᠪᠯᠡᠨ ᠵᠣᠬᠢᠴᠠᠭᠤᠯᠵᠤ᠂ ᠠᠵᠢᠯ ᠤᠨ ᠳᠤᠮᠳᠠᠬᠢ | ᠴᠢᠬᠤᠯᠠ ᠶᠡᠭᠡ ᠠᠰᠠᠭᠤᠳᠠᠯ ᠢ ᠴᠠᠭ ᠲᠣᠬᠠᠢ ᠳᠤᠨᠢ ᠰᠤᠳᠤᠯᠤᠨ ᠰᠢᠢᠳᠪᠦᠷᠢᠯᠡᠨ᠎ᠡ᠃ ᠡᠭᠦᠷᠭᠡ ᠬᠠᠷᠢᠭᠤᠴᠠᠯᠭ᠎ᠠ ᠶᠢᠨ | ᠠᠵᠢᠯ ᠤᠨ ᠬᠤᠪᠢᠶᠠᠷᠢᠯᠠᠯ ᠢ ᠬᠢᠨᠠᠮᠠᠭᠠᠢ ᠨᠠᠶᠢᠳᠠᠪᠤᠷᠢᠵᠢᠭᠤᠯᠵᠤ᠂ ᠵᠣᠬᠢᠴᠠᠭᠤᠯᠤᠨ ᠬᠠᠮᠵᠢᠯᠴᠠᠬᠤ ᠶᠢ ᠴᠢᠩᠭᠠᠳᠬᠠᠨ᠂ | ᠡᠭᠦᠷᠭᠡ ᠴᠢᠳᠠᠪᠤᠷᠢ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ ᠡᠯ᠎ᠡ ᠭᠠᠵᠠᠷ ᠣᠷᠣᠨ ᠨᠤᠭᠤᠳ ᠮᠠᠯᠵᠢᠬᠤ | ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢᠶᠠᠨ | ᠶᠠᠳᠠᠭᠤ ᠠᠴᠠ ᠠᠩᠬᠢᠵᠢᠷᠠᠭᠤᠯᠤᠨ ᠪᠤᠭᠤᠮᠲᠠ ᠰᠢᠪᠲᠤᠯᠬᠤ ᠪᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠠᠶᠢᠭᠤᠯᠬᠤ | ᠪᠦᠲᠦᠭᠡᠨ ᠪᠠᠶᠢᠭᠤᠯᠤᠯᠲᠠ ᠶᠢᠨ ᠪᠦᠬᠦ ᠪᠠᠶᠢᠳᠠᠯ ᠳᠤ ᠣᠷᠤᠭᠤᠯᠵᠤ᠂ ᠠᠵᠤ ᠠᠬᠤᠢ ᠨᠡᠶᠢᠭᠡᠮ ᠤᠨ ᠬᠥᠭᠵᠢᠯᠲᠡ ᠶᠢᠨ ︽ | 13 · 5︾ ᠶᠢᠨ ᠲᠦᠯᠦᠪᠵᠢᠭᠦᠯᠭᠡ ᠳᠤ ᠵᠢᠭᠰᠠᠭᠠᠨ ᠣᠷᠤᠭᠤᠯᠵᠤ᠂ ᠭᠤᠣᠯ ᠬᠠᠷᠢᠭᠤᠴᠠᠵᠤ ᠪᠠᠶᠢᠭ᠎ᠠ ᠨᠦᠬᠦᠳ | ᠪᠡᠶ᠎ᠡ ᠪᠠᠷ ᠢᠶᠠᠨ ᠠᠰᠠᠭᠤᠨ ᠯᠠᠪᠯᠠᠵᠤ᠂ ᠬᠤᠪᠢᠳᠠᠨ ᠬᠠᠮᠢᠶᠠᠷᠴᠤ ᠪᠠᠶᠢᠭ᠎ᠠ ᠨᠦᠬᠦᠳ ᠪᠣᠲᠠᠲᠠᠢ ᠪᠠᠶᠢᠷᠢᠯᠠᠭᠤᠯᠤᠨ᠂ ᠨᠢᠭᠡ | ᠱᠠᠲᠤ ᠨᠢ ᠨᠢᠭᠡ ᠱᠠᠲᠤ ᠪᠠᠨ ᠱᠠᠭᠠᠷᠳᠠᠵᠦ᠂ ᠳᠡᠰ ᠳᠡᠰ ᠢᠶᠠᠷ ᠨᠠᠶᠢᠳᠠᠪᠤᠷᠢᠵᠢᠭᠤᠯᠤᠨ᠎ᠠ᠃ ᠠᠷᠠᠳ ᠤᠨ ᠶᠠᠪᠤᠳᠠᠯ᠂ | ᠳᠤᠲᠤᠭᠠᠲᠤ ᠶᠢ ᠬᠠᠮᠠᠭᠠᠯᠠᠬᠤ᠂ ᠰᠤᠷᠭᠠᠨ ᠬᠦᠮᠦᠵᠢᠯ᠂ ᠰᠢᠭᠦᠬᠦ ᠬᠤᠷᠢᠶ᠎ᠠ᠂ ᠪᠠᠶᠢᠴᠠᠭᠠᠬᠤ ᠬᠤᠷᠢᠶ᠎ᠠ ᠵᠡᠷᠭᠡ ᠰᠠᠯᠠᠭ᠎ᠠ | ᠮᠦᠴᠢᠷ ᠤᠳ ᠠᠵᠢᠯ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠰᠢᠮᠳᠠᠭᠤᠯᠤᠨ ᠪᠠᠶᠢᠴᠠᠭᠠᠬᠤ ᠪᠠ | ᠵᠢᠯᠤᠭᠤᠳᠬᠤ ᠪᠠᠨ ᠴᠢᠩᠭᠠᠳᠬᠠᠨ᠂ ᠣᠨᠴᠤᠭᠤᠢ ᠵᠠᠷᠢᠮ ᠬᠡᠷᠡᠭ ᠢ ᠰᠢᠢᠳᠪᠦᠷᠢᠯᠡᠬᠦ ᠶᠢᠨ ᠲᠣᠭᠤᠷᠢᠨ ᠳᠤ | ᠦᠵᠡᠭᠦᠯᠪᠡᠰᠦ ᠵᠣᠬᠢᠬᠤ ᠦᠢᠯᠡᠳᠦᠯ ᠢᠶᠠᠨ ᠪᠠᠳᠠᠷᠠᠭᠤᠯᠤᠨ᠎ᠠ᠃ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ | ᠭᠡᠷ ᠲᠡᠭᠡᠨ ᠬᠤᠴᠤᠷᠤᠭᠰᠠᠨ ᠬᠡᠦᠬᠡᠳ ᠢ ᠪᠠᠭᠲᠠᠭᠠᠭᠰᠠᠨ ᠨᠠᠰᠤᠨ ᠳᠤ ᠦᠯᠦ ᠬᠦᠷᠦᠭᠰᠡᠳ ᠤᠨ ᠣᠨᠴᠤᠭᠤᠢ ᠬᠡᠷᠡᠭ ᠢ | ᠰᠢᠢᠳᠪᠦᠷᠢᠯᠡᠬᠦ ᠶᠢ ᠡᠮᠬᠢᠯᠡᠬᠦ ᠪᠠ ᠳ᠋ᠦ᠋ᠶᠢᠩᠨᠡᠬᠦ ᠪᠠᠨ ᠠᠩᠬᠠᠷᠴᠤ᠂ ᠠᠷᠭᠠᠴᠠᠬᠤ ᠵᠢᠮ᠎ᠡ ᠶᠤᠰᠣ ᠶᠢ ᠡᠷᠢᠯᠬᠢᠯᠡᠨ᠂ | ᠰᠢᠢᠳᠪᠦᠷᠢᠯᠡᠬᠦ ᠠᠷᠭ᠎ᠠ ᠵᠠᠮ ᠢ ᠰᠢᠯᠤᠭᠤᠳᠬᠠᠵᠤ᠂ ᠠᠵᠢᠯ ᠤᠨ ᠲᠣᠷᠰᠢᠯᠭ᠎ᠠ ᠪᠠᠨ ᠳ᠋ᠦ᠋ᠶᠢᠩᠨᠡᠨ᠂ ᠠᠵᠢᠯ ᠤᠨ ᠨᠡᠶᠢᠯᠡᠮᠡᠯ | ᠬᠦᠴᠦᠨ ᠢ ᠪᠣᠢ ᠪᠣᠯᠭᠠᠨ᠎ᠠ᠃ | ︵ᠬᠤᠶᠠᠷ︶ ᠪᠠᠶᠢᠴᠠᠭᠠᠵᠤ ᠣᠶᠢᠯᠠᠭᠠᠨ ᠵᠢᠭᠰᠠᠭᠠᠵᠤ᠂ ᠲᠦᠢᠯ ᠤᠨ ᠣᠨᠣᠪᠴᠢᠲᠠᠢ ᠪᠠᠷ ᠬᠠᠪᠰᠤᠷᠤᠨ | ᠲᠡᠳᠭᠦᠬᠦ ᠶᠢ ᠪᠡᠶᠡᠯᠡᠭᠦᠯᠦᠨ᠎ᠡ᠃ | ᠲᠤᠰ ᠰᠠᠨᠠᠯ ᠪᠠ ︽ᠦᠪᠦᠷ ᠮᠣᠩᠭᠤᠯ ᠤᠨ ᠦᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ | ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠤᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ | ᠦᠷᠨᠢᠭᠦᠯᠬᠦ ᠶᠢᠨ ᠬᠡᠷᠡᠭᠵᠢᠭᠦᠯᠬᠦ ᠲᠦᠰᠦᠯ︾ ᠤᠨ ᠱᠠᠭᠠᠷᠳᠠᠯᠭ᠎ᠠ ᠶᠢ ᠦᠨᠳᠦᠰᠦᠯᠡᠨ᠂ ᠡᠯ᠎ᠡ ᠭᠠᠵᠠᠷ ᠣᠷᠣᠨ ᠨᠤᠭᠤᠳ | ᠲᠣᠬᠠᠢ ᠶᠢᠨ ᠭᠠᠵᠠᠷ ᠤᠨ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠪᠠ ᠨᠠᠰᠤᠨ ᠳᠤ ᠦᠯᠦ ᠬᠦᠷᠦᠭᠰᠡᠳ ᠤᠨ ᠨᠡᠶᠢᠭᠡᠮ ᠤᠨ ᠬᠠᠮᠠᠭᠠᠯᠠᠯᠲᠠ ᠶᠢᠨ | ᠠᠵᠢᠯ ᠤᠨ ᠪᠣᠲᠠᠲᠠᠢ ᠲᠠᠢ ᠪᠠᠨ ᠤᠶᠠᠯᠳᠤᠭᠤᠯᠤᠨ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠬᠦᠴᠢᠷᠳᠡᠯ ᠲᠠᠢ | ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠨᠡᠨ ᠪᠠᠶᠢᠳᠠᠯ ᠢ ᠣᠶᠢᠯᠠᠭᠠᠬᠤ ᠪᠠᠶᠢᠴᠠᠭᠠᠯᠲᠠ ᠶᠢ | ᠬᠢᠨᠠᠮᠠᠭᠠᠢ ᠵᠣᠬᠢᠶᠠᠨ ᠪᠠᠶᠢᠭᠤᠯᠤᠨ ᠦᠷᠨᠢᠭᠦᠯᠵᠦ᠂ ᠭᠡᠷ ᠲᠡᠭᠡᠨ ᠬᠤᠴᠤᠷᠤᠭᠰᠠᠨ ᠬᠡᠦᠬᠡᠳ ᠪᠠ ᠬᠦᠴᠢᠷᠳᠡᠯ ᠲᠠᠢ | ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠰᠢᠰᠲ᠋ᠧᠮ ᠢ | ᠨᠡᠭᠡᠭᠡᠨ ᠬᠥᠭᠵᠢᠭᠦᠯᠵᠦ᠂ ᠨᠢᠭᠡ ᠬᠦᠮᠦᠨ ᠳᠤ ᠨᠢᠭᠡ ᠳᠠᠩᠰᠠ ᠡᠪᠬᠡᠮᠡᠯ ᠲᠠᠢ ᠬᠦᠳᠡᠯᠦᠩᠭᠦᠢ ᠲᠤᠭ᠎ᠠ ᠪᠦᠷᠢᠳᠭᠡᠯ ᠤᠨ | ᠡᠬᠡ ᠳᠠᠩᠰᠠ ᠶᠢ ᠪᠠᠶᠢᠭᠤᠯᠤᠨ᠎ᠠ᠃ ᠰᠤᠷᠭᠠᠭᠤᠯᠢ ᠯᠤᠭ᠎ᠠ ᠬᠠᠮᠲᠤᠷᠠᠯᠴᠠᠵᠤ᠂ ᠪᠦᠬᠦ ᠣᠷᠣᠨ ᠤ ︽ᠭᠤᠷᠪᠠᠨ | ᠵᠦᠢᠯ ᠤᠨ ᠭᠡᠷ ᠲᠡᠭᠡᠨ ᠬᠤᠴᠤᠷᠤᠭᠰᠠᠨ︾ ᠬᠦᠮᠦᠰ ︵ᠭᠡᠷ ᠲᠡᠭᠡᠨ ᠬᠤᠴᠤᠷᠤᠭᠰᠠᠨ ᠬᠡᠦᠬᠡᠳ᠂ ᠭᠡᠷ ᠲᠡᠭᠡᠨ | ᠬᠤᠴᠤᠷᠤᠭᠰᠠᠨ ᠡᠮᠡᠭᠲᠡᠶᠢᠴᠦᠳ᠂ ᠭᠡᠷ ᠲᠡᠭᠡᠨ ᠬᠤᠴᠤᠷᠤᠭᠰᠠᠨ ᠨᠠᠰᠤᠲᠠᠶᠢᠴᠤᠳ︶ ᠪᠠ ᠬᠦᠴᠢᠷᠳᠡᠯ ᠲᠠᠢ | ᠣᠷᠴᠢᠨ ᠳᠤ ᠪᠠᠶᠢᠭ᠎ᠠ ᠨᠠᠰᠤᠨ ᠳᠤ ᠦᠯᠦ ᠬᠦᠷᠦᠭᠰᠡᠳ ᠤᠨ ᠦᠨᠡᠨ ᠪᠠᠶᠢᠳᠠᠯ ᠢ ᠣᠶᠢᠯᠠᠭᠠᠨ ᠵᠢᠭᠰᠠᠭᠠᠬᠤ ᠠᠵᠢᠯ ᠳᠤ | ᠲᠦᠰᠢᠭᠯᠡᠨ᠂ ᠪᠠᠶᠢᠴᠠᠭᠠᠯᠲᠠ ᠬᠢᠵᠦ ᠵᠠᠳᠠᠯᠤᠨ ᠰᠤᠳᠤᠯᠵᠤ᠂ ᠲᠦᠢᠯ ᠤᠨ ᠣᠨᠣᠪᠴᠢᠲᠠᠢ ᠪᠠᠷ ᠬᠠᠪᠰᠤᠷᠤᠨ | ᠲᠡᠳᠭᠦᠬᠦ ᠶᠢ ᠬᠡᠷᠡᠭᠵᠢᠭᠦᠯᠬᠦ ᠳᠤ ᠬᠦᠴᠦᠲᠡᠢ ᠳᠡᠮᠵᠢᠯᠭᠡ ᠶᠢ ᠬᠠᠩᠭᠠᠨ᠎ᠠ᠃ | ︵ᠭᠤᠷᠪᠠ︶ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠨ᠎ᠠ | ᠃ | ᠵᠠᠰᠠᠭ ᠤᠨ ᠣᠷᠳᠤᠨ᠂ ᠵᠠᠬ᠎ᠠ ᠳᠡᠯᠭᠡᠭᠦᠷ᠂ ᠨᠡᠶᠢᠭᠡᠮ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠡᠯ᠎ᠡ | ᠲᠠᠯ᠎ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠠᠪᠤᠷᠠᠨ ᠲᠤᠰᠠᠯᠠᠵᠤ ᠬᠠᠮᠢᠶᠠᠷᠬᠤ ᠪᠠᠶᠢᠭᠤᠯᠤᠮᠵᠢ᠂ | ᠠᠰᠠᠷᠠᠮᠵᠢ ᠶᠢᠨ ᠪᠠᠶᠢᠭᠤᠯᠤᠮᠵᠢ ᠶᠢᠨ ᠲᠠᠯᠠᠪᠠᠢ ᠭᠠᠵᠠᠷ ᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠯᠬᠤᠮ | ᠠᠯᠬᠤᠮ ᠢᠶᠠᠷ ᠲᠡᠭᠦᠯᠳᠡᠷᠵᠢᠭᠦᠯᠦᠨ᠂ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠪᠡᠯᠡᠳᠭᠡᠮᠵᠢ᠂ | ᠵᠠᠯᠠᠭᠤᠴᠤᠳ ᠤᠨ ᠦᠢᠯᠡᠴᠢᠯᠡᠭᠡᠨ ᠤ ᠪᠡᠯᠡᠳᠭᠡᠮᠵᠢ᠂ ᠡᠮᠡᠭᠲᠡᠶᠢᠴᠦᠳ ᠬᠡᠦᠬᠡᠳ ᠤᠨ ᠠᠵᠢᠯᠯᠠᠭᠠᠨ ᠤ ᠪᠡᠯᠡᠳᠭᠡᠮᠵᠢ | ᠵᠡᠷᠭᠡ ᠠᠰᠠᠷᠠᠮᠵᠢ ᠶᠢᠨ ᠦᠢᠯᠡᠴᠢᠯᠡᠭᠡᠨ ᠤ ᠲᠠᠯᠠᠪᠠᠢ ᠭᠠᠵᠠᠷ ᠢ ᠨᠢᠭᠡᠲᠦᠯᠲᠡᠢ ᠲᠦᠯᠦᠪᠯᠡᠨ ᠠᠰᠢᠭᠯᠠᠵᠤ᠂ ᠪᠠᠴᠢᠮ | ᠬᠤᠷᠭᠤᠳᠠᠬᠤ ᠲᠠᠯᠠᠪᠠᠢ ᠭᠠᠵᠠᠷ ᠢ ᠬᠠᠩᠭᠠᠨ᠎ᠠ᠃ ᠪᠠᠶᠢᠷᠢ ᠳᠤ ᠰᠠᠭᠤᠬᠤ ᠳᠦᠷᠢᠮᠲᠦ ᠰᠤᠷᠭᠠᠭᠤᠯᠢ ᠶᠢᠨ | ᠬᠠᠮᠢᠶᠠᠷᠤᠯᠲᠠ ᠶᠢ ᠴᠢᠩᠭᠠᠳᠬᠠᠵᠤ᠂ ᠭᠡᠷ ᠲᠡᠭᠡᠨ ᠬᠤᠴᠤᠷᠤᠭᠰᠠᠨ ᠬᠡᠦᠬᠡᠳ ᠤᠨ ᠰᠤᠷᠭᠠᠭᠤᠯᠢ ᠳᠤ ᠣᠷᠤᠬᠤ | ᠬᠡᠷᠡᠭᠴᠡᠭᠡ ᠱᠠᠭᠠᠷᠳᠠᠯᠭ᠎ᠠ ᠶᠢ ᠬᠠᠩᠭᠠᠨ᠎ᠠ᠃ ᠣᠳᠣ ᠶᠢᠨ ᠪᠠᠶᠢᠭ᠎ᠠ ᠣᠯᠠᠨ ᠨᠡᠶᠢᠲᠡ ᠶᠢᠨ ᠪᠡᠯᠡᠳᠭᠡᠮᠵᠢ ᠶᠢ ᠠᠰᠢᠭᠯᠠᠨ | ᠨᠡᠶᠢᠭᠡᠮ ᠤᠨ ᠠᠵᠢᠯ ᠤᠨ ᠪᠠᠶᠢᠭᠤᠯᠤᠮᠵᠢ᠂ ᠰᠠᠶᠢᠨ ᠳᠤᠷᠠᠴᠤᠳ ᠤᠨ ᠦᠢᠯᠡᠳᠦᠯ ᠢ ᠪᠠᠳᠠᠷᠠᠭᠤᠯᠵᠤ᠂ ᠭᠡᠷ ᠲᠡᠭᠡᠨ | ᠬᠤᠴᠤᠷᠤᠭᠰᠠᠨ ᠬᠡᠦᠬᠡᠳ ᠢ ᠨᠠᠶᠢᠳᠠᠵᠤ ᠬᠠᠮᠢᠶᠠᠷᠤᠭᠤᠯᠬᠤ ᠳᠤ ᠦᠢᠯᠡᠴᠢᠯᠡᠭᠡ ᠬᠠᠩᠭᠠᠨ᠎ᠠ᠃ ᠡᠯ᠎ᠡ ᠱᠠᠲᠤᠨ ᠤ | ᠡᠳ᠋ ᠤᠨ ᠵᠠᠰᠠᠭ ᠤᠨ ᠰᠠᠯᠠᠭ᠎ᠠ ᠮᠦᠴᠢᠷ ᠤᠳ ᠵᠠᠷᠤᠯᠭ᠎ᠠ ᠶᠢᠨ ᠪᠦᠲᠦᠴᠡ ᠶᠢ ᠢᠳᠡᠪᠬᠢᠲᠡᠢ ᠰᠢᠯᠢᠳᠡᠭᠵᠢᠭᠦᠯᠦᠨ | ᠲᠣᠬᠢᠷᠠᠭᠤᠯᠵᠤ᠂ ᠣᠯᠠᠨ ᠵᠠᠮ ᠮᠥᠷ ᠢᠶᠠᠷ ᠪᠡᠯᠡ ᠮᠦᠩᠭᠦ ᠴᠤᠭᠯᠠᠭᠤᠯᠤᠨ᠂ ᠮᠠᠯᠵᠢᠬᠤ ᠲᠠᠷᠢᠶᠠᠯᠠᠬᠤ ᠣᠷᠣᠨ ᠤ | ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠢᠶᠠᠨ ᠰᠠᠶᠢᠢᠲᠦᠷ ᠬᠢᠬᠦ ᠶᠢ | ᠳᠡᠮᠵᠢᠨ᠎ᠡ︔ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠳᠡᠪᠬᠢᠲᠠᠢ ᠰᠦᠪᠡᠭᠴᠢᠯᠠᠵᠦ ᠪᠠᠶᠢᠢᠭᠠᠳ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠮᠠᠭᠠᠯᠠᠬᠤ ᠠᠵᠢᠯ ᠢ ᠠᠬᠢᠭᠤᠯᠤᠨ᠎ᠡ︔ | ᠲᠥᠪ ᠤᠨ ᠡᠳ᠋ ᠤᠨ ᠵᠠᠰᠠᠭ ᠤᠨ ᠲᠤᠰᠠᠯᠠᠮᠵᠢ ᠶᠢᠨ ᠮᠦᠩᠭᠦ ᠶᠢ ᠵᠦᠢ ᠵᠣᠬᠢᠰᠲᠠᠢ ᠬᠡᠷᠡᠭᠯᠡᠵᠦ᠂ ᠬᠢᠨᠠᠨ ᠬᠠᠮᠢᠶᠠᠷᠬᠤ ᠪᠠ | ᠦᠨᠡᠯᠡᠨ ᠵᠢᠱᠢᠬᠦ ᠶᠢ ᠴᠢᠩᠭᠠᠳᠬᠠᠨ᠎ᠠ︔ ᠨᠡᠶᠢᠭᠡᠮ ᠤᠨ ᠪᠡᠯᠡ ᠮᠦᠩᠭᠦ ᠶᠢ ᠬᠦᠲᠦᠯᠦᠨ ᠵᠢᠯᠤᠭᠤᠳᠴᠤ ᠣᠷᠤᠭᠤᠯᠬᠤ ᠶᠢ | ᠴᠢᠬᠤᠯᠠᠴᠢᠯᠠᠵᠤ᠂ ᠠᠵᠢᠯ ᠢᠶᠠᠨ ᠦᠷᠨᠢᠭᠦᠯᠬᠦ ᠳᠤ ᠬᠦᠴᠦᠲᠡᠢ ᠲᠤᠯᠭᠠᠭᠤᠷᠢᠯᠠᠯ ᠢ ᠬᠠᠩᠭᠠᠨ᠎ᠠ᠃ ᠡᠯ᠎ᠡ ᠭᠠᠵᠠᠷ ᠣᠷᠣᠨ | ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ | ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠠᠵᠢᠯᠲᠠᠳ ᠢ | ᠭᠦᠢᠴᠡᠳ ᠪᠦᠭᠡᠳ ᠴᠢᠩᠭ᠎ᠠ ᠲᠣᠬᠢᠷᠠᠭᠤᠯᠤᠨ᠂ ᠨᠡᠶᠢᠲᠡ ᠶᠢᠨ ᠠᠰᠠᠷᠠᠮᠵᠢ ᠶᠢᠨ ᠠᠵᠢᠯ ᠤᠨ ᠪᠠᠶᠢᠷᠢ ᠶᠢ ᠲᠣᠬᠢᠷᠠᠭᠤᠯᠬᠤ | ᠂ ᠨᠡᠶᠢᠭᠡᠮ ᠤᠨ ᠲᠤᠰᠬᠠᠢ ᠠᠵᠢᠯᠲᠠᠨ ᠢ ᠤᠷᠢᠬᠤ᠂ ᠰᠠᠶᠢᠨ ᠳᠤᠷᠠᠴᠤᠳ ᠢ ᠤᠷᠤᠭᠤᠯᠤᠨ ᠠᠮᠢᠳᠤᠯᠢᠭ ᠢᠶᠠᠷ ᠬᠡᠷᠡᠭᠯᠡᠬᠦ | ᠵᠡᠷᠭᠡ ᠠᠷᠭ᠎ᠠ ᠵᠠᠮ ᠢᠶᠠᠷ ᠳᠠᠮᠵᠢᠨ᠂ ᠠᠪᠤᠷᠠᠨ ᠲᠤᠰᠠᠯᠠᠵᠤ ᠬᠠᠮᠢᠶᠠᠷᠬᠤ ᠪᠠ ᠠᠰᠠᠷᠠᠮᠵᠢ ᠶᠢᠨ ᠪᠠᠶᠢᠭᠤᠯᠤᠮᠵᠢ᠂ ᠰᠤᠮᠤ | ᠰᠢᠶᠠᠩ ᠪᠠᠯᠭᠠᠰᠤ ︵ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ︶᠂ ᠭᠠᠴᠠᠭ᠎ᠠ ᠲᠤᠰᠬᠤᠨ ︵ᠨᠡᠶᠢᠭᠡᠮ | ᠲᠣᠭᠤᠷᠢᠭ ᠤᠨ ᠰᠠᠭᠤᠭᠠᠯᠢ ᠠᠷᠠᠳ ᠤᠨ ᠵᠦᠪᠯᠡᠯ︶ ᠤ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠬᠦᠴᠦᠨ ᠢ | ᠲᠡᠭᠦᠯᠳᠡᠷᠵᠢᠭᠦᠯᠦᠨ᠎ᠡ᠃ | ︵ᠳᠥᠷᠪᠡ︶ ᠰᠢᠯᠭᠠᠨ ᠬᠢᠨᠠᠬᠤ ᠶᠢ ᠲᠡᠭᠦᠯᠳᠡᠷᠵᠢᠭᠦᠯᠵᠦ᠂ ᠤᠷᠮᠠᠰᠢᠭᠤᠯᠬᠤ ᠲᠣᠭᠲᠠᠴᠠ ᠶᠢ ᠴᠢᠩᠭᠠᠷᠠᠭᠤᠯᠤᠨ᠎ᠠ | ᠃ | ᠠᠵᠢᠯ ᠤᠨ ᠰᠢᠯᠭᠠᠨ ᠬᠢᠨᠠᠬᠤ ᠪᠠ ᠬᠠᠷᠢᠭᠤᠴᠠᠯᠭ᠎ᠠ ᠨᠡᠬᠡᠮᠵᠢᠯᠡᠬᠦ ᠲᠣᠭᠲᠠᠴᠠ ᠶᠢ ᠪᠠᠶᠢᠭᠤᠯᠤᠨ | ᠲᠡᠭᠦᠯᠳᠡᠷᠵᠢᠭᠦᠯᠦᠨ᠎ᠡ᠃ ᠡᠭᠦᠷᠭᠡ ᠪᠠᠨ ᠬᠢᠨᠠᠮᠠᠭᠠᠢ ᠭᠦᠢᠴᠡᠳᠭᠡᠵᠦ᠂ ᠠᠵᠢᠯ ᠢᠶᠠᠨ ᠨᠠᠶᠢᠳᠠᠪᠤᠷᠢᠵᠢᠭᠤᠯᠤᠨ | ᠪᠣᠲᠠᠲᠠᠶᠢᠵᠢᠭᠤᠯᠵᠤ᠂ ᠦᠷ᠎ᠡ ᠪᠦᠲᠦᠮᠵᠢ ᠪᠠᠷ ᠮᠡᠳᠡᠭᠳᠡᠮ᠎ᠡ ᠪᠠᠶᠢᠪᠠᠯ᠂ ᠬᠤᠯᠪᠣᠭᠳᠠᠯ ᠪᠦᠬᠦᠢ ᠲᠣᠭᠲᠠᠭᠠᠯ ᠶᠤᠰᠤᠭᠠᠷ | ᠰᠠᠶᠢᠰᠢᠶᠠᠵᠤ ᠬᠦᠬᠢᠭᠦᠯᠦᠨ ᠱᠠᠩᠨᠠᠨ᠎ᠠ︔ ᠠᠵᠢᠯ ᠨᠢ ᠬᠦᠴᠦᠨ ᠦᠭᠡᠢ᠂ ᠠᠷᠭ᠎ᠠ ᠬᠡᠮᠵᠢᠶ᠎ᠡ ᠨᠢ ᠪᠤᠲᠠᠲᠠᠢ ᠪᠢᠰᠢ᠂ | ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ ᠭᠤᠲᠤᠭᠠᠵᠤ᠂ ᠬᠦᠨᠳᠦ ᠨᠣᠴᠢᠲᠠᠢ ᠤᠷᠰᠢᠭ ᠲᠠᠲᠠᠭᠰᠠᠨ ᠪᠠᠶᠢᠪᠠᠯ᠂ | ᠬᠤᠯᠪᠣᠭᠳᠠᠯ ᠪᠦᠬᠦᠢ ᠤᠳᠤᠷᠢᠳᠤᠯᠭ᠎ᠠ ᠪᠠ ᠬᠦᠮᠦᠰ ᠤᠨ ᠬᠠᠷᠢᠭᠤᠴᠠᠯᠭ᠎ᠠ ᠶᠢ ᠨᠡᠬᠡᠮᠵᠢᠯᠡᠨ᠎ᠡ᠃ ᠬᠤᠪᠢ ᠨᠡᠮᠡᠷᠢ ᠪᠠᠷ | ᠳᠣᠪᠤᠶᠢᠮ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ ᠬᠦᠮᠦᠨ ᠢ ᠵᠦᠢ ᠵᠣᠬᠢᠰᠲᠠᠢ ᠬᠦᠬᠢᠭᠦᠯᠦᠨ ᠱᠠᠩᠨᠠᠨ᠎ᠠ | ᠃ ᠡᠭᠦᠨ ᠤ ᠬᠠᠮᠲᠤ᠂ ᠤᠷᠤᠭᠤᠯᠵᠦ ᠢᠷᠡᠭᠰᠡᠨ ᠨᠡᠶᠢᠭᠡᠮ ᠤᠨ ᠠᠵᠢᠯ ᠤᠨ ᠲᠤᠰᠬᠠᠢ ᠦᠢᠯᠡᠴᠢᠯᠡᠭᠡᠨ ᠤ ᠵᠣᠬᠢᠶᠠᠨ | ᠪᠠᠶᠢᠭᠤᠯᠤᠯᠲᠠ ᠶᠢ ᠦᠨᠡᠯᠡᠨ ᠵᠢᠱᠢᠬᠦ ᠪᠠᠨ ᠴᠢᠩᠭᠠᠳᠬᠠᠵᠤ᠂ ᠦᠢᠯᠡᠴᠢᠯᠡᠬᠦ ᠦᠷᠢᠰᠦᠯᠳᠦᠬᠦ ᠰᠢᠭᠰᠢᠭᠳᠡᠭᠦᠯᠬᠦ | ᠲᠣᠭᠲᠠᠴᠠ ᠶᠢ ᠪᠠᠶᠢᠭᠤᠯᠤᠨ᠂ ᠬᠤᠪᠢ ᠨᠡᠮᠡᠷᠢ ᠪᠠᠷ ᠳᠤᠪᠤᠶᠢᠮ᠎ᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠠ ᠬᠤᠪᠢ | ᠬᠦᠮᠦᠨ ᠢ ᠵᠦᠢ ᠵᠣᠬᠢᠰᠲᠠᠢ ᠰᠠᠶᠢᠰᠢᠶᠠᠵᠤ ᠬᠦᠬᠢᠭᠦᠯᠦᠨ ᠱᠠᠩᠨᠠᠨ᠎ᠠ᠃ | ︵ᠲᠠᠪᠤ︶ ᠤᠬᠠᠭᠤᠯᠭ᠎ᠠ ᠶᠢ ᠰᠠᠶᠢᠲᠤᠷ ᠠᠳᠬᠤᠵᠤ᠂ ᠶᠠᠷᠢᠶ᠎ᠠ ᠬᠡᠯᠡᠯᠴᠡᠭᠡ ᠪᠠᠷ ᠬᠦᠲᠦᠯᠦᠨ ᠵᠢᠯᠤᠭᠤᠳᠬᠤ ᠶᠢ | ᠰᠠᠶᠢᠲᠤᠷ ᠬᠢᠨ᠎ᠡ᠃ | ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠦᠴᠢᠷ ᠤᠳ ᠮᠠᠯᠵᠢᠬᠤ ᠲᠠᠷᠢᠶᠠᠯᠠᠬᠤ | ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ ᠬᠠᠮᠠᠭᠠᠯᠠᠬᠤ ᠠᠵᠢᠯ ᠤᠨ ᠲᠥᠷᠥ ᠶᠢᠨ | ᠪᠣᠳᠣᠯᠭ᠎ᠠ᠂ ᠨᠠᠰᠤᠨ ᠳᠤ ᠦᠯᠦ ᠬᠦᠷᠦᠭᠰᠡᠳ ᠤᠨ ᠡᠷᠬᠡ ᠠᠰᠢᠭ ᠢ ᠬᠠᠮᠠᠭᠠᠯᠠᠬᠤ ᠬᠠᠤᠯᠢ ᠴᠠᠭᠠᠵᠠ ᠬᠠᠤᠯᠢ | ᠲᠣᠭᠲᠠᠭᠠᠯ ᠵᠡᠷᠭᠡ ᠶᠢ ᠤᠬᠠᠭᠤᠯᠤᠨ ᠮᠡᠳᠡᠭᠡᠯᠡᠬᠦ ᠠᠵᠢᠯ ᠢᠶᠠᠨ ᠴᠢᠩᠭᠠᠳᠬᠠᠵᠤ᠂ ᠣᠯᠠᠨ ᠵᠦᠢᠯ ᠤᠨ ᠬᠡᠯᠪᠡᠷᠢ | ᠮᠠᠶ᠋ᠢᠭ ᠤᠨ ᠤᠬᠠᠭᠤᠯᠤᠯ ᠬᠦᠮᠦᠵᠢᠭᠦᠯᠦᠯ ᠤᠨ ᠠᠵᠢᠯᠯᠠᠭ᠎ᠠ ᠶᠢ ᠦᠷᠨᠢᠭᠦᠯᠦᠨ᠂ ᠭᠡᠷ ᠪᠦᠯᠢ ᠶᠢᠨ ᠬᠠᠷᠢᠭᠤᠴᠠᠯᠭ᠎ᠠ ᠪᠠᠨ | ᠭᠦᠢᠴᠡᠳᠭᠡᠬᠦ ᠬᠠᠤᠯᠢ ᠴᠠᠭᠠᠵᠠ ᠶᠢᠨ ᠦᠵᠡᠯ ᠤᠬᠠᠮᠰᠠᠷ ᠪᠠ ᠵᠠᠰᠠᠭ ᠤᠨ ᠣᠷᠳᠤᠨ ᠢᠶᠠᠷ ᠭᠤᠣᠯᠯᠠᠭᠤᠯᠬᠤ᠂ ᠪᠦᠬᠦ | ᠠᠷᠠᠳ ᠢᠶᠠᠷ ᠢᠶᠠᠨ ᠬᠠᠷᠠᠭᠠᠯᠵᠠᠨ ᠬᠠᠶᠢᠷᠠᠯᠠᠬᠤ ᠬᠠᠷᠢᠭᠤᠴᠠᠯᠭ᠎ᠠ ᠶᠢᠨ ᠦᠵᠡᠯ ᠤᠬᠠᠮᠰᠠᠷ ᠢ ᠴᠢᠩᠭᠠᠷᠠᠭᠤᠯᠤᠨ᠎ᠠ︔ | ᠣᠯᠠᠨ ᠤ ᠪᠠᠶᠢᠳᠠᠯ ᠤᠨ ᠰᠡᠷᠡᠮᠵᠢᠯᠡᠭᠦᠯᠬᠦ ᠪᠠ ᠠᠷᠭᠠᠴᠠᠬᠤ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ | ᠨᠡᠶᠢᠭᠡᠮ ᠤᠨ ᠶᠠᠷᠢᠶ᠎ᠠ ᠬᠡᠯᠡᠯᠴᠡᠭᠡ ᠶᠢ ᠤᠬᠠᠭᠠᠯᠢᠬ ᠢᠶᠠᠷ ᠬᠦᠲᠦᠯᠦᠨ ᠵᠢᠯᠤᠭᠤᠳᠴᠤ᠂ ᠨᠡᠶᠢᠭᠡᠮ ᠤᠨ ᠠᠩᠬᠠᠷᠤᠯ ᠳᠤ | ᠴᠠᠭ ᠲᠣᠬᠠᠢ ᠳᠤᠨᠢ ᠲᠣᠬᠢᠲᠠᠢ ᠬᠠᠷᠢᠭᠤᠯᠲᠠ ᠥᠭᠭᠦᠨ᠎ᠡ᠃ ᠬᠠᠯᠠᠮᠵᠢᠯᠠᠨ ᠬᠠᠶᠢᠷᠠᠯᠠᠵᠤ ᠬᠠᠮᠠᠭᠠᠯᠠᠭᠰᠠᠨ ᠲᠡᠷᠢᠭᠦᠨ ᠤ | ᠨᠡᠶᠢᠲᠡᠯᠢᠭ ᠵᠢᠱᠢᠶ᠎ᠡ ᠶᠢ ᠤᠬᠠᠭᠤᠯᠤᠨ ᠮᠡᠳᠡᠭᠡᠯᠡᠬᠦ ᠪᠠᠷ ᠳᠠᠮᠵᠢᠵᠤ᠂ ᠦᠯᠢᠭᠡᠷ ᠳᠠᠭᠤᠷᠢᠶᠠᠯ ᠤᠨ ᠬᠦᠲᠦᠯᠦᠨ | ᠳᠠᠭᠠᠭᠤᠯᠬᠤ ᠦᠢᠯᠡᠳᠦᠯ ᠢ ᠪᠠᠳᠠᠷᠠᠭᠤᠯᠤᠨ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠬᠦᠲᠦᠯᠦᠨ | ᠵᠢᠯᠤᠭᠤᠳᠴᠤ ᠪᠠᠶᠢᠭᠠᠳ ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ | ᠬᠠᠶᠢᠷᠠᠯᠠᠵᠤ ᠬᠠᠮᠠᠭᠠᠯᠠᠬᠤ ᠠᠵᠢᠯ ᠳᠤ ᠢᠳᠡᠪᠬᠢᠲᠡᠢ ᠣᠷᠤᠯᠴᠠᠭᠤᠯᠤᠨ᠎ᠠ᠃ | ᠮᠠᠯᠵᠢᠬᠤ ᠲᠠᠷᠢᠶᠠᠯᠠᠬᠤ ᠣᠷᠣᠨ ᠤ ᠭᠡᠷ ᠲᠡᠭᠡᠨ ᠬᠤᠴᠤᠷᠤᠭᠰᠠᠨ ᠬᠡᠦᠬᠡᠳ ᠢ ᠬᠠᠯᠠᠮᠵᠢᠯᠠᠨ ᠬᠠᠶᠢᠷᠠᠯᠠᠵᠤ | ᠬᠠᠮᠠᠭᠠᠯᠠᠬᠤ ᠠᠵᠢᠯ ᠢ ᠰᠠᠶᠢᠲᠤᠷ ᠬᠢᠬᠦ ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶᠢᠢᠭ᠎ᠠ | ᠪᠤᠯᠬᠤᠷ᠂ ᠡᠯ᠎ᠡ ᠭᠠᠵᠠᠷ ᠣᠷᠣᠨ ᠨᠤᠭᠤᠳ ᠤᠳᠤᠷᠢᠳᠬᠤ ᠲᠣᠭᠲᠠᠴᠠ ᠪᠠᠨ ᠪᠦᠷᠢᠨᠰᠢᠭᠦᠯᠵᠦ᠂ ᠦᠨᠡᠨ ᠪᠠᠶᠢᠳᠠᠯ ᠢ | ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠢ ᠬᠢᠨᠠᠮᠠᠭᠠᠢ ᠵᠣᠬᠢᠶᠠᠨ ᠪᠠᠶᠢᠭᠤᠯᠤᠨ ᠰᠠᠶᠢᠲᠤᠷ ᠬᠢᠵᠦ᠂ ᠡᠯ᠎ᠡ | ᠵᠦᠢᠯ ᠤᠨ ᠡᠭᠦᠷᠭᠡ ᠶᠢ ᠪᠦᠲᠦᠮᠵᠢᠲᠡᠢ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠬᠤ ᠬᠡᠷᠡᠭᠲᠡᠢ᠃ ᠦᠪᠡᠷᠲᠡᠭᠡᠨ | ᠵᠠᠰᠬᠠᠤ ᠣᠷᠣᠨ ᠠᠴᠠ ᠬᠠᠮᠢᠶ᠎ᠠ ᠪᠦᠬᠦᠢ ᠰᠠᠯᠠᠭ᠎ᠠ ᠮᠦᠴᠢᠷ ᠢ ᠴᠠᠭ ᠲᠤᠨᠢ ᠲᠣᠬᠢᠷᠠᠭᠤᠯᠤᠨ ᠵᠣᠬᠢᠶᠠᠨ ᠪᠠᠶᠢᠭᠤᠯᠵᠤ | ᠲᠤᠰᠬᠠᠶᠢᠯᠠᠨ ᠰᠢᠮᠳᠠᠭᠤᠯᠤᠨ ᠪᠠᠶᠢᠴᠠᠭᠠᠨ᠎ᠠ᠃ |