| ᠮᠣᠩᠭᠤᠯ ᠡᠮ ᠡᠮᠨᠡᠯᠭᠡ ᠪᠣᠯ ᠳᠤᠮᠳᠠᠳᠤ ᠶᠢᠨ ᠤᠯᠠᠮᠵᠢᠯᠠᠯᠲᠤ ᠠᠨᠠᠭᠠᠬᠤ ᠤᠬᠠᠭᠠᠨ ᠤ ᠴᠢᠬᠤᠯᠠ ᠪᠦᠷᠢᠯᠳᠦᠬᠦᠨ | ᠬᠡᠰᠡᠭ ᠮᠥᠨ᠂ ᠮᠣᠩᠭᠤᠯ ᠡᠮ ᠬᠢᠲᠠᠳ ᠡᠮ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠮᠣᠩᠭᠤᠯ ᠡᠮ | ᠡᠮᠨᠡᠯᠭᠡ ᠶᠢᠨ ᠠᠵᠤ ᠦᠢᠯᠡᠰ ᠤᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠤᠰᠠᠳᠠ᠂ 2016 ᠣᠨ ᠳᠤ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠮᠣᠩᠭᠤᠯ ᠡᠮ ᠤᠨ ᠠᠵᠤ ᠦᠢᠯᠡᠰ ᠤᠨ ︿13 · 5﹀ ᠶᠢᠨ | ᠬᠥᠭᠵᠢᠯᠲᠡ ᠶᠢᠨ ᠲᠥᠯᠥᠪᠵᠢᠭᠦᠯᠭᠡ︾᠂ ︽ᠮᠣᠩᠭᠤᠯ ᠡᠮ ᠢ ᠠᠵᠤ ᠦᠢᠯᠡᠰᠵᠢᠭᠦᠯᠦᠨ ᠬᠥᠭᠵᠢᠭᠦᠯᠬᠦ ᠶᠢ | ᠲᠦᠷᠭᠡᠳᠬᠡᠨ ᠠᠬᠢᠭᠤᠯᠬᠤ ᠲᠤᠬᠠᠢ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ᠤᠨ ᠰᠠᠨᠠᠯ︾ ︽ | ᠬᠢᠲᠠᠳ ᠴᠢᠨᠠᠬᠤ ᠡᠮ ᠤᠨ ᠬᠢᠨᠠᠯᠲᠠ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶︾ ᠶᠢ ᠲᠤᠭᠤᠷᠪᠢᠨ | ᠪᠢᠴᠢᠪᠡ᠃ | ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠢᠳᠡᠭᠡᠨ ᠪᠠ ᠡᠮ ᠤᠨ ᠵᠦᠢᠯ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠮᠣᠩᠭᠤᠯ ᠡᠮ ᠢ ᠪᠠᠷᠢᠮᠵᠢᠶᠠᠵᠢᠭᠤᠯᠬᠤ | ᠪᠠᠶᠢᠭᠤᠯᠤᠯᠲᠠ ᠶᠢ ᠪᠦᠲᠦᠮᠵᠢᠲᠡᠶ ᠲᠦᠯᠬᠢᠨ ᠠᠬᠢᠭᠤᠯᠬᠤ ᠶᠢᠨ ᠲᠤᠰᠠᠳᠠ᠂ ︽13·5︾ ᠶᠢᠨ ᠬᠤᠭᠤᠴᠠᠭᠠᠨ ᠳᠤ | ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠶᠠᠰᠤ ᠴᠢᠨᠠᠷ ᠤᠨ ᠪᠠᠷᠢᠮᠵᠢᠶ᠎ᠠ ᠶᠢ ᠲᠦᠯᠬᠢᠨ ᠠᠬᠢᠭᠤᠯᠬᠤ | ᠭᠤᠷᠪᠠᠨ ᠵᠢᠯ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠬᠢᠴᠠ ᠪᠠᠷ ᠮᠣᠩᠭᠤᠯ ᠡᠮ ᠤᠨ | ᠮᠠᠲ᠋ᠧᠷᠢᠶᠠᠯ ᠤᠨ ᠪᠠᠷᠢᠮᠵᠢᠶ᠎ᠠ᠂ ᠮᠣᠩᠭᠤᠯ ᠡᠮ ᠵᠢᠴᠢ ᠮᠣᠩᠭᠤᠯ ᠡᠮ ᠤᠨ ᠨᠠᠶᠢᠷᠠᠯᠭ᠎ᠠ ᠶᠢᠨ ᠵᠢᠷᠤᠮᠵᠢᠯ ᠵᠡᠷᠭᠡ ᠮᠣᠩᠭᠤᠯ | ᠡᠮ ᠤᠨ ᠪᠠᠷᠢᠮᠵᠢᠶ᠎ᠠ ᠲᠣᠭᠲᠠᠭᠠᠬᠤ ᠠᠵᠢᠯ ᠢ ᠪᠡᠶᠡᠯᠡᠭᠦᠯᠬᠦ ᠪᠣᠯᠣᠨ᠎ᠠ᠃ ᠡᠭᠦᠨ ᠤ ᠬᠠᠮᠲᠤ᠂ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠮᠣᠩᠭᠤᠯ ᠡᠮ ᠬᠢᠭᠡᠳ ᠠᠮᠢᠳᠤ ᠪᠣᠳᠠᠰ ᠤᠨ ᠡᠮ ᠡᠮᠨᠡᠯᠭᠡ ᠶᠢᠨ ᠠᠵᠤ ᠦᠢᠯᠡᠰ ᠤᠨ | ᠬᠥᠭᠵᠢᠯᠲᠡ ᠶᠢᠨ ᠲᠥᠯᠥᠪᠵᠢᠭᠦᠯᠭᠡ ︵2014 —2020︶︾ ᠶᠢᠨ ᠬᠡᠷᠡᠭᠵᠢᠭᠦᠯᠦᠯᠲᠡ ᠶᠢ ᠲᠦᠯᠬᠢᠨ | ᠠᠬᠢᠭᠤᠯᠵᠤ᠂ ᠮᠣᠩᠭᠤᠯ ᠡᠮ ᠤᠨ ᠮᠠᠲ᠋ᠧᠷᠢᠶᠠᠯ ᠤᠨ ᠰᠠᠭᠤᠷᠢᠨ ᠭᠠᠵᠠᠷ ᠤᠨ ᠪᠥᠳᠥᠭᠡᠨ ᠪᠠᠶᠢᠭᠤᠯᠤᠯᠲᠠ᠂ ᠮᠣᠩᠭᠤᠯ | ᠰᠢᠨ᠎ᠡ ᠡᠮ ᠶᠢ ᠰᠤᠳᠤᠯᠤᠨ ᠨᠡᠭᠡᠭᠡᠬᠦ᠂ ᠮᠣᠩᠭᠤᠯ ᠡᠮ ᠤᠨ ᠴᠢᠨᠠᠷ ᠢ ᠳᠡᠭᠡᠭᠰᠢᠯᠡᠭᠦᠯᠬᠦ᠂ ᠮᠣᠩᠭᠤᠯ ᠡᠮ ᠤᠨ ᠠᠵᠤ | ᠦᠢᠯᠡᠰ ᠢ ᠥᠷᠭᠡᠳᠬᠡᠬᠦ ᠶᠢ ᠢᠳᠡᠪᠬᠢᠲᠡᠶ ᠪᠠᠷ ᠬᠥᠲᠥᠯᠥᠨ ᠵᠢᠯᠣᠭᠤᠳᠬᠤ ᠪᠠ ᠲᠡᠳᠬᠦᠨ ᠳᠡᠮᠵᠢᠵᠦ᠂ ᠮᠣᠩᠭᠤᠯ ᠡᠮ ᠢ | ᠪᠠᠷᠢᠮᠵᠢᠶᠠᠵᠢᠭᠤᠯᠬᠤ᠂ ᠠᠵᠤ ᠦᠢᠯᠡᠰᠵᠢᠭᠦᠯᠦᠨ ᠬᠥᠭᠵᠢᠭᠦᠯᠬᠦ ᠶᠢ ᠠᠬᠢᠭᠤᠯᠬᠤ ᠶᠢᠨ ᠬᠠᠮᠲᠤ ᠢᠳᠡᠭᠡᠨ ᠪᠠ ᠡᠮ ᠤᠨ | ᠵᠦᠢᠯ ᠤᠨ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠡᠰ ᠳᠡᠪᠰᠢᠭᠦᠯᠬᠦ ᠶᠢ ᠨᠢ ᠵᠣᠷᠢᠭᠵᠢᠭᠤᠯᠵᠤ᠂ | ᠤᠶᠢᠢᠯᠡᠳᠭᠡᠭᠦᠨ ᠤ ᠶᠠᠰᠤ ᠴᠢᠨᠠᠷ ᠢ ᠳᠡᠭᠡᠭᠰᠢᠯᠡᠭᠦᠯᠵᠦ᠂ ᠠᠵᠤ ᠠᠬᠤᠶᠢᠯᠠᠯ ᠤᠨ ᠡᠷᠡᠭᠦᠯ ᠠᠵᠤ ᠦᠢᠯᠡᠰ ᠢ | ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤᠨᠢ ᠳᠡᠮᠵᠢᠯᠭᠡ ᠦᠵᠡᠭᠦᠯᠵᠦ᠂ ᠢᠳᠡᠭᠡᠨ ᠪᠠ ᠡᠮ ᠤᠨ ᠵᠦᠢᠯ ᠤᠨ ᠠᠵᠤ | ᠦᠢᠯᠡᠰ ᠤᠨ ᠰᠢᠨ᠎ᠡ ᠶᠢ ᠡᠭᠦᠳᠦᠨ ᠬᠥᠭᠵᠢᠬᠦ ᠶᠢ ᠨᠢ ᠶᠡᠬᠡᠪᠡᠷ ᠠᠬᠢᠭᠤᠯᠬᠤ ᠪᠣᠯᠣᠨ᠎ᠠ᠃ | |