ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ 1 ᠳ᠋ᠦ᠋ᠭᠡᠷ ᠰᠠᠷ᠎ᠠ ᠶᠢᠨ 6 ᠎ ᠤ ᠡᠳᠦᠷ ᠠᠴᠠ 9᠎ ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠨ᠎ᠠ
ᠨᠡᠶᠢᠲᠡᠯᠡᠭᠰᠡᠨ ᠴᠠᠭ᠄
2017/1/4
      ᠬᠤᠶᠠᠳᠤᠭᠠᠷ ᠬᠤᠭᠤᠴᠠᠭᠠᠨ ᠤ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠳᠡᠯᠭᠡᠨ ᠪᠣᠷᠣᠯᠠᠭᠤᠯᠬᠤ ᠴᠤᠭᠯᠠᠭᠠᠨ 1 ᠳ᠋ᠦ᠋ᠭᠡᠷ ᠰᠠᠷ᠎ᠠ ᠶᠢᠨ 6᠎ ᠤ ᠡᠳᠦᠷ ᠠᠴᠠ 9᠎ ᠤ ᠡᠳᠦᠷ ᠪᠣᠯᠲᠠᠯ᠎ᠠ ᠪᠡᠭᠡᠵᠢᠩ ᠳᠤ ᠶᠠᠪᠤᠭᠳᠠᠨ᠎ᠠ᠃ ᠣᠶᠢᠯᠠᠭᠠᠭᠰᠠᠨ ᠢᠶᠠᠷ᠂ ᠲᠤᠰ ᠤᠳᠠᠭᠠᠨ ᠤ ᠳᠡᠯᠭᠡᠨ ᠪᠣᠷᠣᠯᠠᠭᠤᠯᠬᠤ ᠴᠤᠭᠯᠠᠭᠠᠨ ᠨᠢ ᠰᠦ᠂ ᠮᠢᠬ᠎ᠠ᠂ ᠨᠣᠯᠤᠤᠷ᠂ ᠠᠮᠤ ᠪᠤᠳᠠᠭ᠎ᠠ ᠲᠤᠰᠤ᠂ ᠲᠥᠮᠥᠰᠥ᠂ ᠠᠷᠢᠬᠢ ᠪᠣᠯᠤᠨ ᠥᠪᠡᠷᠮᠢᠴᠡ ᠣᠨᠴᠠᠯᠢᠭ ᠪᠦᠬᠦᠢ 7 ᠠᠵᠤ ᠦᠢᠯᠡᠰ ᠤᠨ ᠮᠢᠩᠭ᠎ᠠ ᠭᠠᠷᠤᠶ ᠵᠦᠢᠯ ᠤᠨ ᠴᠢᠨᠠᠷ ᠰᠠᠶᠢᠲᠠᠶ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠡᠯᠭᠡᠨ ᠦᠵᠡᠭᠦᠯᠦᠨ᠎ᠡ᠃ ᠳᠡᠯᠭᠡᠨ ᠦᠵᠡᠭᠦᠯᠦᠯᠭᠡ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠲᠢᠩᠬᠢᠮ ᠭᠤᠣᠯᠯᠠᠨ ᠡᠷᠭᠢᠯᠡᠵᠦ᠂ ᠪᠦᠬᠦ ᠤᠯᠤᠰ ᠤᠨ ᠲᠠᠷᠢᠶᠠᠯᠠᠩ ᠤᠨ ᠦᠵᠡᠰᠬᠦᠯᠡᠩ ᠤᠨ ᠣᠷᠳᠣᠨ ᠪᠣᠯᠤᠨ ᠪᠡᠭᠡᠵᠢᠩ ᠬᠤᠳᠠ ᠶᠢᠨ ᠲᠠᠷᠢᠶᠠᠯᠠᠩ ᠤᠨ ᠲᠣᠪᠴᠢᠶ᠎ᠠ ᠬᠠᠪᠰᠤᠷᠤᠨ ᠡᠷᠬᠢᠯᠡᠨ᠎ᠡ᠃ ᠦᠵᠡᠭᠦᠯᠦᠯᠭᠡ ᠶᠢᠨ ᠬᠡᠪᠴᠢᠶ᠎ᠡ ᠨᠢ ᠨᠢᠳᠤᠨᠤᠨ ᠤ ᠬᠢ ᠠᠴᠠ ᠳᠠᠪᠠᠵᠤ᠂ ᠥᠪᠥᠷ ᠮᠣᠩᠭᠤᠯ ᠤᠨ ᠪᠣᠬᠢᠷᠲᠤᠯ ᠦᠭᠡᠢ ᠮᠠᠯ ᠤᠨ ᠠᠰᠢᠭ ᠰᠢᠮ᠎ᠡ ᠲᠠᠷᠢᠶᠠᠯᠠᠩ ᠎ ᠤᠨ ᠪᠦᠲᠦᠭᠡᠭᠳᠡᠬᠦᠨ ᠤ ᠠᠯᠳᠠᠷ ᠴᠤᠯᠠ᠂ ᠨᠡᠷ᠎ᠡ ᠬᠦᠨᠳᠦ ᠶᠢ ᠳᠡᠭᠡᠭᠰᠢᠯᠡᠭᠦᠯᠬᠦ ᠶᠢᠨ ᠬᠠᠮᠲᠤ ᠪᠡᠭᠡᠵᠢᠩ ᠬᠤᠳᠠ ᠶᠢᠨ ᠠᠷᠠᠳ ᠤᠨ ᠰᠢᠨ᠎ᠡ ᠰᠣᠷᠭᠤᠭ ᠵᠢᠴᠢ ᠠᠮᠢᠳᠤᠷᠠᠯ ᠤᠨ ᠬᠡᠷᠡᠭᠯᠡᠭᠡᠨ ᠤ ᠵᠦᠢᠯ ᠤᠨ ᠬᠠᠩᠭᠠᠯᠭ᠎ᠠ ᠬᠡᠷᠡᠭᠴᠡᠭᠡ ᠶᠢ ᠤᠯᠠᠮ ᠨᠢᠭᠡ ᠠᠯᠬᠤᠮ ᠪᠠᠶᠠᠯᠢᠭᠵᠢᠭᠤᠯᠬᠤ ᠪᠣᠯᠣᠨ᠎ᠠ᠃
 
ᠢᠷᠡᠯᠲᠡ᠄ ᠦᠪᠦᠷ ᠮᠣᠩᠭᠤᠯ ᠤᠨ ᠵᠠᠰᠠᠭ ᠤᠨ ᠣᠷᠳᠤᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号