ᠣᠶᠢᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ︿ᠳᠤᠮᠳᠠᠳᠤ ᠤᠯᠤᠰ ᠤᠨ ᠡᠪ ᠬᠠᠮᠲᠤ | ᠨᠠᠮ ᠤᠨ ᠬᠠᠷᠢᠭᠤᠴᠠᠯᠭ᠎ᠠ ᠲᠤᠯᠭᠠᠬᠤ ᠳᠦᠷᠢᠮ﹀ ᠢ ᠲᠤᠤᠱᠯᠠᠭᠤᠯᠬᠤ ᠲᠤᠬᠠᠢ ᠬᠡᠷᠡᠭᠵᠢᠭᠦᠯᠬᠦ ᠠᠷᠭ᠎ᠠ︾ ︵ᠳᠣᠷᠣᠭᠰᠢ | ︽ᠬᠡᠷᠡᠭᠵᠢᠭᠦᠯᠬᠦ ᠠᠷᠭ᠎ᠠ︾ ᠭᠡᠵᠦ ᠲᠣᠪᠴᠢᠯᠠᠨ᠎ᠠ︶ ᠶᠢ ᠳᠠᠷᠤᠮᠠᠯᠯᠠᠨ ᠲᠠᠷᠬᠠᠭᠠᠪᠠ᠃ ︽ᠬᠡᠷᠡᠭᠵᠢᠭᠦᠯᠬᠦ ᠠᠷᠭ᠎ᠠ︾ ᠨᠢ | ︽ᠳᠤᠮᠳᠠᠳᠤ ᠤᠯᠤᠰ ᠤᠨ ᠡᠪ ᠬᠠᠮᠲᠤ ᠨᠠᠮ ᠤᠨ ᠬᠠᠷᠢᠭᠤᠴᠠᠯᠭ᠎ᠠ ᠲᠤᠯᠭᠠᠬᠤ ᠳᠦᠷᠢᠮ︾ ᠢ ᠪᠠᠷᠢᠮᠲᠠᠯᠠᠭᠰᠠᠨ ᠤ | ᠰᠠᠭᠤᠷᠢᠨ ᠳᠡᠭᠡᠷ᠎ᠡ᠂ ᠥᠪᠥᠷ ᠮᠣᠩᠭᠤᠯ ᠤᠨ ᠪᠣᠳᠠᠲᠠᠶ ᠪᠠᠶᠢᠳᠠᠯ ᠲᠠᠢ ᠨᠢᠭᠲᠠ ᠤᠶᠠᠯᠳᠤᠭᠤᠯᠤᠨ᠂ ᠬᠠᠷᠢᠭᠤᠴᠠᠯᠭ᠎ᠠ | ᠠᠯᠳᠠᠵᠤ ᠲᠤᠰᠢᠶᠠᠯ ᠳᠠᠭᠠᠨ ᠤᠰᠤᠯᠳᠠᠭᠰᠠᠨ ᠦᠢᠯᠡ ᠪᠠᠶᠢᠳᠠᠯ ᠢ ᠨᠠᠷᠢᠯᠢᠬᠵᠢᠭᠤᠯᠵᠤ᠂ ᠬᠠᠷᠢᠭᠤᠴᠠᠯᠭ᠎ᠠ ᠲᠤᠯᠭᠠᠬᠤ | ᠳᠡᠰ ᠳᠠᠷᠠᠭᠠᠯᠠᠯ ᠢ ᠵᠢᠷᠤᠮᠵᠢᠭᠤᠯᠵᠤ᠂ ᠪᠦᠬᠦ ᠣᠷᠣᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠪᠤᠯᠤᠨ | ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠨ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠱᠠᠭᠠᠷᠳᠠᠯᠭ᠎ᠠ ᠶᠢ | ᠨᠠᠶᠢᠳᠠᠪᠤᠷᠢᠵᠢᠭᠤᠯᠬᠤ ᠴᠢᠬᠤᠯᠠ ᠭᠠᠷᠳᠠᠴᠠ ᠨᠢ ᠪᠤᠯᠤᠭᠰᠠᠨ ᠪᠠᠶᠢᠨ᠎ᠠ᠃ | ︽ᠬᠡᠷᠡᠭᠵᠢᠭᠦᠯᠬᠦ ᠠᠷᠭ᠎ᠠ︾ ᠳᠤ ᠶᠡᠷᠦᠩᠬᠡᠶ ᠲᠥᠷᠢᠮ᠂ ᠬᠠᠷᠢᠭᠤᠴᠠᠯᠭ᠎ᠠ ᠲᠤᠯᠭᠠᠬᠤ ᠪᠠᠶᠢᠳᠠᠯ᠂ ᠠᠷᠭ᠎ᠠ | ᠬᠡᠯᠪᠡᠷᠢ ᠵᠢᠴᠢ ᠬᠡᠷᠡᠭᠯᠡᠬᠦ ᠬᠡᠪᠴᠢᠶ᠎ᠡ᠂ ᠬᠠᠷᠢᠭᠤᠴᠠᠯᠭ᠎ᠠ ᠲᠤᠯᠭᠠᠬᠤ ᠳᠡᠰ ᠳᠠᠷᠠᠭᠠᠯᠠᠯ ᠂ ᠳᠠᠭᠠᠯᠳᠤᠭᠤᠯᠤᠯ ᠵᠡᠷᠭᠡ 24 | ᠵᠦᠢᠯ ᠢ ᠪᠠᠭᠲᠠᠭᠠᠭᠰᠠᠨ ᠳᠦᠷᠪᠡᠨ ᠪᠦᠯᠦᠭ ᠢᠶᠠᠷ ᠪᠦᠷᠢᠯᠳᠦᠵᠤ᠂ ᠨᠠᠮ ᠤᠨ ᠤᠳᠤᠷᠢᠳᠤᠯᠭ᠎ᠠ ᠰᠤᠯᠠᠷᠠᠭᠰᠠᠨ᠂ | ᠨᠠᠮ ᠤᠨ ᠪᠠᠶᠢᠭᠤᠯᠤᠯᠲᠠ ᠡᠷᠴᠢᠮᠲᠠᠢ ᠪᠤᠰᠤ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠭᠤᠤᠯ ᠴᠣᠭᠴᠠ ᠶᠢᠨ | ᠬᠠᠷᠢᠭᠤᠴᠠᠯᠭ᠎ᠠ ᠪᠠ ᠬᠢᠨᠠᠯᠲᠠ ᠲᠠᠯᠪᠢᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ ᠢᠶᠠᠷ ᠬᠦᠷᠦᠯᠴᠡᠬᠦ ᠥᠭᠡᠢ᠂ | ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠠᠵᠢᠯ ᠢ ᠲᠦᠯᠬᠢᠨ | ᠠᠬᠢᠭᠤᠯᠬᠤ ᠳᠤ ᠡᠷᠡᠰ ᠰᠢᠭᠤᠷᠬᠠᠢ᠂ ᠯᠠᠪᠳᠠᠭᠤᠨ ᠪᠠᠲᠤᠲᠠᠶ ᠪᠤᠰᠤ ᠵᠡᠷᠭᠡ ᠵᠢᠷᠭᠤᠭᠠᠨ ᠲᠠᠯ᠎ᠠ ᠪᠠᠷ ᠬᠠᠷᠢᠭᠤᠴᠠᠯᠭ᠎ᠠ | ᠲᠤᠯᠭᠠᠬᠤ ᠪᠠᠶᠢᠳᠠᠯ ᠢ ᠲᠤᠭᠲᠠᠭᠠᠪᠠ᠃ ᠡᠭᠦᠨ ᠤ ᠬᠠᠮᠲᠤ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ | ᠨᠠᠰᠢᠬᠢ ᠥᠪᠡᠷᠲᠡᠭᠡᠨ ᠵᠠᠰᠠᠬᠤ ᠣᠷᠣᠨ ᠤ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ | ᠡᠰᠡᠷᠭᠦᠴᠡᠬᠦ ᠠᠵᠢᠯ ᠤᠨ ᠦᠢᠯᠡᠳᠦᠯᠭᠡ ᠶᠢ ᠦᠨᠳᠦᠰᠦᠯᠡᠨ᠂ ᠨᠡᠶᠢᠲᠡᠯᠢᠭ ᠬᠡᠷᠡᠭ ᠤᠨ ᠵᠢᠱᠢᠶ᠎ᠡ ᠶᠢ ᠶᠡᠷᠦᠩᠬᠡᠶᠢᠯᠡᠨ | ᠵᠠᠳᠠᠯᠬᠤ ᠲᠠᠢ ᠤᠶᠠᠯᠳᠤᠭᠤᠯᠤᠨ᠂ ᠣᠳᠣᠬᠠᠨ ᠳᠤ ᠣᠷᠣᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠳᠤ ᠴᠢᠭᠯᠡᠭᠦᠯᠦᠨ᠂ | ︽ᠳᠦᠷᠢᠮ︾ ᠳᠤ ᠲᠣᠭᠲᠠᠭᠠᠭᠰᠠᠨ 6 ᠲᠠᠯ᠎ᠠ ᠶᠢᠨ ᠬᠠᠷᠢᠭᠤᠴᠠᠯᠭ᠎ᠠ ᠲᠤᠯᠭᠠᠬᠤ ᠪᠠᠶᠢᠳᠠᠯ ᠢ 12 ᠲᠠᠯ᠎ᠠ ᠪᠤᠯᠭᠠᠨ | ᠨᠠᠷᠢᠯᠢᠭᠵᠢᠭᠤᠯᠪᠠ᠃ ᠬᠠᠷᠢᠭᠤᠴᠠᠯᠭ᠎ᠠ ᠲᠤᠯᠭᠠᠬᠤ ᠶᠢ ᠡᠬᠢᠯᠡᠭᠦᠯᠬᠦ ᠲᠠᠯ᠎ᠠ ᠪᠠᠷ᠂ ︽ᠳᠦᠷᠢᠮ︾ ᠳᠤ ᠲᠣᠭᠲᠠᠭᠠᠭᠰᠠᠨ | ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠠᠶ ᠠᠵᠢᠯ ᠤᠨ ᠦᠢᠯᠡᠳᠦᠯᠭᠡ ᠲᠠᠢ ᠤᠶᠠᠯᠳᠤᠭᠤᠯᠵᠤ᠂ ᠬᠠᠷᠢᠭᠤᠴᠠᠯᠭ᠎ᠠ | ᠲᠤᠯᠭᠠᠬᠤ ᠶᠢ ᠳᠠᠷᠤᠶᠢᠬᠠᠨ ᠡᠬᠢᠯᠡᠬᠦᠯᠬᠦ 6 ᠵᠦᠢᠯ ᠤᠨ ᠪᠠᠶᠢᠳᠠᠯ ᠢ ᠲᠤᠲᠤᠷᠬᠠᠶᠢᠯᠠᠪᠠ᠃ | ᠬᠠᠷᠢᠭᠤᠴᠠᠯᠭ᠎ᠠ ᠲᠤᠯᠭᠠᠬᠤ ᠠᠵᠢᠯ ᠢ ᠳᠦᠷᠢᠮᠵᠢᠭᠦᠯᠬᠦ ᠪᠠ ᠪᠦᠷᠢᠨᠰᠢᠬᠦᠯᠬᠦ ᠶᠢᠨ ᠬᠠᠮᠲᠤ ᠥᠪᠥᠷ ᠮᠣᠩᠭᠤᠯ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠯᠲᠠ ᠲᠠᠯᠪᠢᠵᠤ ᠪᠠᠶᠢᠴᠠᠭᠠᠬᠤ ᠡᠷᠴᠢᠮ ᠢᠶᠠᠨ ᠴᠢᠩᠭᠠᠷᠠᠭᠤᠯᠵᠤ᠂ | ᠬᠠᠷᠢᠭᠤᠴᠠᠯᠭ᠎ᠠ ᠲᠤᠯᠭᠠᠬᠤ ᠪᠠᠷ ᠳᠠᠮᠵᠢᠭᠤᠯᠤᠨ ᠬᠠᠷᠢᠭᠤᠴᠠᠯᠭ᠎ᠠ ᠡᠭᠦᠷᠭᠡᠯᠡᠬᠦ ᠶᠢ ᠴᠢᠩᠭᠠᠳᠬᠠᠬᠤ ᠪᠤᠯᠤᠨ᠎ᠠ᠃ | ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠡᠷᠡ ᠳᠠᠷᠤᠢ ᠳᠤᠨᠢ ᠪᠠᠶᠢᠩᠭᠤ ᠶᠢᠨ | ᠬᠤᠷᠢᠶ᠎ᠠ ᠶᠢᠨ ᠬᠤᠷᠠᠯ ᠬᠤᠷᠠᠯᠳᠤᠭᠤᠯᠵᠤ᠂ ᠬᠠᠷᠢᠭᠤᠴᠠᠯᠭ᠎ᠠ ᠲᠤᠯᠭᠠᠬᠤ ᠶᠢ ᠴᠢᠩᠭᠠᠳᠬᠠᠬᠤ ᠠᠵᠢᠯ ᠢ ᠳᠠᠶᠢᠴᠢᠯᠠᠨ | ᠪᠠᠶᠢᠷᠢᠯᠠᠭᠤᠯᠵᠤ᠂ ᠬᠢᠨᠠᠯᠲᠠ ᠲᠠᠯᠪᠢᠵᠤ ᠪᠠᠶᠢᠴᠠᠭᠠᠬᠤ ᠶᠠᠪᠤᠴᠠ ᠳᠠᠭᠠᠨ ᠣᠯᠵᠤ ᠮᠡᠳᠡᠭᠰᠡᠨ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠤᠭᠰᠠᠨ ᠥᠭᠡᠢ᠂ ᠠᠵᠢᠯ ᠳᠠᠭᠠᠨ ᠯᠠᠪᠳᠠᠭᠤᠨ ᠬᠢᠨᠠᠮᠠᠭᠠᠶ ᠪᠤᠰᠤ᠂ ᠴᠡᠭᠴᠡᠯᠡᠨ | ᠰᠠᠶᠢᠵᠢᠷᠠᠭᠤᠯᠤᠭᠰᠠᠨ ᠢᠶᠠᠷ ᠬᠦᠷᠦᠯᠴᠡᠬᠦ ᠦᠭᠡᠢ ᠵᠡᠷᠭᠡ ᠬᠠᠷᠢᠭᠤᠴᠠᠯᠭ᠎ᠠ ᠪᠠᠨ ᠠᠯᠳᠠᠵᠤ ᠲᠤᠰᠢᠶᠠᠯ ᠢᠶᠠᠨ | ᠭᠤᠲᠤᠭᠠᠭᠰᠠᠨ ᠠᠰᠠᠭᠤᠳᠠᠯ ᠳᠤ ᠬᠠᠷᠢᠭᠤᠴᠠᠯᠭ᠎ᠠ ᠲᠤᠯᠭᠠᠬᠤ ᠳᠡᠰ ᠳᠠᠷᠠᠭᠠᠯᠠᠯ ᠢ ᠴᠠᠭ ᠲᠤᠬᠠᠶ ᠳᠤᠨᠢ ᠡᠬᠢᠯᠡᠭᠦᠯᠵᠦ᠂ | ᠬᠤᠯᠪᠣᠭᠳᠠᠯ ᠪᠦᠬᠦᠢ ᠨᠠᠮ ᠤᠨ ᠵᠣᠬᠢᠶᠠᠨ ᠪᠠᠶᠢᠭᠤᠯᠤᠯᠲᠠ ᠪᠣᠯᠤᠨ ᠤᠳᠤᠷᠢᠳᠬᠤ ᠺᠠᠳ᠋ᠷ ᠤᠨ ᠭᠤᠣᠯ ᠴᠣᠭᠴᠠ ᠶᠢᠨ | ᠬᠠᠷᠢᠭᠤᠴᠠᠯᠭ᠎ᠠ᠂ ᠬᠢᠨᠠᠯᠲᠠ ᠲᠠᠯᠪᠢᠬᠤ ᠬᠠᠷᠢᠭᠤᠴᠠᠯᠭ᠎ᠠ ᠪᠤᠯᠤᠨ ᠤᠳᠤᠷᠢᠳᠤᠯᠭ᠎ᠠ ᠶᠢᠨ ᠬᠠᠷᠢᠭᠤᠴᠠᠯᠭ᠎ᠠ ᠶᠢ ᠴᠢᠩᠭ᠎ᠠ | ᠲᠤᠯᠭᠠᠬᠤ ᠬᠡᠷᠡᠭᠲᠠᠢ ᠬᠡᠵᠤ ᠲᠣᠳᠣᠷᠬᠠᠶ ᠱᠠᠭᠠᠷᠳᠠᠪᠠ᠃ |