︵2016 ᠣᠨ ᠤ 12 ᠳ᠋ᠤᠭᠠᠷ ᠰᠠᠷ᠎ᠠ ᠶᠢᠨ 27 ᠤ ᠡᠳᠦᠷ︶ | ᠨᠢᠬᠡ ᠬᠤᠤᠰ ᠡᠷ᠎ᠡ ᠡᠮ᠎ᠡ ᠬᠤᠶᠠᠷ ᠬᠡᠦᠬᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ | ᠬᠡᠷᠡᠭᠵᠢᠬᠦᠯᠵᠦ᠂ ᠲᠦᠯᠦᠪᠯᠡᠬᠡᠳᠤ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢ ᠤᠯᠠᠮ ᠴᠢᠨᠠᠭᠰᠢᠳᠠ | ᠦᠬᠡᠷᠡᠴᠢᠯᠡᠨ ᠰᠠᠶᠢᠵᠢᠷᠠᠭᠤᠯᠵᠤ᠂ ᠬᠦᠮᠦᠨ ᠠᠮᠠ ᠶᠢᠨ ᠤᠷᠳᠤ ᠬᠤᠭᠤᠴᠠᠭᠠᠨ ᠤ ᠳᠡᠩᠴᠡᠬᠦᠷᠢᠳᠡᠢ ᠬᠦᠭᠵᠢᠯᠳᠡ ᠶᠢ | ᠠᠬᠢᠭᠤᠯᠬᠤ ᠶᠢᠨ ᠲᠦᠯᠦᠬᠡ᠂ ︽ᠨᠠᠮ ᠤᠨ ᠲᠦᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠬᠤᠶᠠᠷ | ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠬᠡᠷᠡᠭᠵᠢᠬᠦᠯᠵᠦ᠂ ᠲᠦᠯᠦᠪᠯᠡᠬᠡᠳᠤ ᠦᠷᠡᠵᠢᠯ ᠤᠨ | ᠦᠢᠯᠡᠴᠢᠯᠡᠭᠡ ᠬᠠᠮᠢᠶᠠᠷᠤᠯᠳᠠ ᠶᠢ ᠦᠬᠡᠷᠡᠴᠢᠯᠡᠨ ᠳᠡᠬᠦᠯᠳᠡᠷᠵᠢᠬᠦᠯᠬᠦ ᠳᠤᠬᠠᠢ ᠳᠤᠭᠳᠠᠭᠠᠯ︾ ︵︹2015︺40 | ᠳ᠋ᠤᠬᠡᠷ ᠲᠣᠭᠠᠲᠤ︶ ᠤᠨ ᠵᠤᠷᠢᠭ ᠰᠠᠨᠠᠭ᠎ᠠ ᠶᠢ ᠦᠨᠳᠦᠰᠦᠯᠡᠵᠦ᠂ ᠦᠪᠡᠷᠳᠡᠬᠡᠨ ᠵᠠᠰᠠᠬᠤ ᠣᠷᠣᠨ ᠤ ᠪᠤᠳᠠᠲᠠᠢ ᠲᠠᠢ | ᠤᠶᠠᠯᠳᠤᠭᠤᠯᠵᠤ᠂ ᠳᠤᠤᠷᠠᠬᠢ ᠰᠠᠨᠠᠯ ᠢ ᠳᠤᠷᠠᠳᠴᠠᠢ᠃ | ᠨᠢᠬᠡ᠂ ᠬᠦᠨᠳᠤ ᠴᠢᠬᠤᠯᠠ ᠠᠴᠢ ᠬᠤᠯᠪᠤᠭᠳᠠᠯ | ︵ᠨᠢᠬᠡ︶ ᠬᠦᠮᠦᠨ ᠠᠮᠠ ᠤᠯᠠᠨ ᠤᠯᠤᠰ ᠤᠨ ᠦᠨᠳᠦᠰᠦᠨ ᠪᠠᠶᠢᠳᠠᠯ ᠢ ᠬᠦᠢᠴᠡᠳ ᠳᠠᠨᠢᠵᠤ᠂ | ᠲᠦᠯᠦᠪᠯᠡᠬᠡᠳᠤ ᠦᠷᠡᠵᠢᠯ ᠢ ᠪᠠᠷᠢᠮᠳᠠᠯᠠᠬᠤ ᠦᠨᠳᠦᠰᠦᠨ ᠤᠯᠤᠰ ᠤᠨ ᠪᠤᠳᠤᠯᠭ᠎ᠠ ᠶᠢᠨ ᠴᠢᠬᠤᠯᠠ ᠠᠴᠢ ᠬᠤᠯᠪᠤᠭᠳᠠᠯ | ᠢ ᠬᠦᠨᠵᠡᠬᠡᠢ ᠤᠶᠢᠯᠠᠭᠠᠬᠤ ᠬᠡᠷᠡᠭᠳᠡᠢ᠃ ᠲᠦᠯᠦᠪᠯᠡᠬᠡᠳᠤ ᠦᠷᠡᠵᠢᠯ ᠢ ᠬᠡᠷᠡᠭᠵᠢᠬᠦᠯᠬᠦ ᠪᠤᠯ ᠮᠠᠨ ᠤ ᠤᠯᠤᠰ ᠤᠨ ᠨᠢᠬᠡᠨ | ᠦᠨᠳᠦᠰᠦᠨ ᠤᠯᠤᠰ ᠤᠨ ᠪᠤᠳᠤᠯᠭ᠎ᠠ ᠪᠤᠯᠤᠨ᠎ᠠ᠃ ᠲᠦᠭ ᠲᠦᠮᠡᠨ ᠬᠡᠷ ᠪᠦᠯᠢ ᠶᠢᠨ ᠵᠤᠯ ᠵᠢᠷᠭᠠᠯ ᠠᠮᠤᠷ ᠵᠢᠷᠭᠠᠯ ᠲᠠᠢ | ᠬᠤᠯᠪᠤᠭᠳᠠᠵᠤ᠂ ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠪᠠ ︽ᠬᠤᠤᠰ ᠵᠠᠭᠤᠨ ᠵᠢᠯ︾ ᠤᠨ ᠳᠡᠮᠡᠴᠡᠯ | ᠤᠨ ᠬᠠᠷᠠᠯᠳᠠ ᠶᠢ ᠪᠡᠶᠡᠯᠡᠬᠦᠯᠬᠦ ᠲᠠᠢ ᠬᠤᠯᠪᠤᠭᠳᠠᠵᠤ ᠪᠠᠶᠢᠳᠠᠭ᠃ ᠤᠷᠳᠤ ᠬᠤᠭᠤᠴᠠᠭᠠᠨ ᠤ ᠳᠤᠷᠰᠢ᠂ ᠪᠦᠬᠦ ᠤᠷᠤᠨ | ᠤ ᠡᠯ᠎ᠠ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠤ ᠬᠠᠮᠳᠤ ᠶᠢᠨ ᠴᠢᠷᠮᠠᠶᠢᠯᠭ᠎ᠠ ᠳᠤᠤᠷ᠎ᠠ᠂ ᠨᠡᠶᠢᠬᠡᠮ | ᠤᠨ ᠡᠯ᠎ᠡ ᠡᠳᠡᠬᠡᠳ ᠪᠠ ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠢᠯᠠᠭᠠᠯᠴᠠᠭ᠎ᠠ ᠳᠡᠮᠵᠢᠯᠬᠡ ᠳᠤᠤᠷ᠎ᠠ᠂ | ᠮᠠᠨ ᠤ ᠤᠷᠤᠨ ᠤ ᠬᠦᠮᠦᠨ ᠠᠮᠠ ᠬᠡᠳᠤ ᠲᠦᠷᠬᠡᠨ ᠨᠡᠮᠡᠭᠳᠡᠵᠦ ᠪᠠᠶᠢᠭᠰᠠᠨ ᠪᠠᠶᠢᠳᠠᠯ ᠢ ᠪᠦᠳᠦᠮᠵᠢᠳᠡᠢ ᠬᠤᠷᠢᠬᠯᠠᠵᠤ᠂ | ᠬᠦᠮᠦᠨ ᠠᠮᠠ ᠶᠢᠨ ᠲᠦᠷᠦᠯᠳᠡ ᠶᠢᠨ ᠨᠤᠷᠮ᠎ᠠ 1982 ᠣᠨ ᠤ 21.2‰ ᠪᠠᠶᠢᠭᠰᠠᠨ ᠠᠴᠠ ᠪᠠᠨ 2015 ᠣᠨ | ᠪᠤᠯᠬᠤ ᠳᠤ 7.72‰ ᠪᠤᠯᠤᠨ ᠪᠠᠭᠤᠷᠠᠵᠤ᠂ ᠡᠬᠢ ᠪᠠᠶᠠᠯᠢᠭ᠂ ᠤᠷᠴᠢᠨ ᠳᠤᠭᠤᠷᠢᠨ ᠤ ᠳᠠᠷᠤᠯᠳᠠ ᠶᠢ ᠪᠦᠳᠦᠮᠵᠢᠳᠡᠢ | ᠬᠦᠩᠬᠡᠷᠡᠬᠦᠯᠵᠦ᠂ ᠬᠦᠮᠦᠨ ᠠᠮᠠ ᠶᠢᠨ ᠬᠡᠪ ᠴᠢᠨᠠᠷ ᠢᠯᠡᠷᠬᠡᠢ ᠳᠡᠬᠡᠭᠰᠢᠯᠡᠵᠦ᠂ ᠠᠵᠤ ᠠᠬᠤᠢ ᠨᠡᠶᠢᠬᠡᠮ ᠤᠨ | ᠬᠦᠭᠵᠢᠯᠳᠡ ᠪᠠ ᠠᠷᠠᠳ ᠲᠦᠮᠡᠨ ᠤ ᠠᠮᠢᠳᠤᠷᠠᠯ ᠤᠨ ᠲᠦᠪᠰᠢᠨ ᠤ ᠳᠡᠬᠡᠭᠰᠢᠯᠡᠯᠳᠡ ᠶᠢ ᠪᠦᠳᠦᠮᠵᠢᠳᠡᠢ ᠠᠬᠢᠭᠤᠯᠵᠤ᠂ | ᠴᠢᠨᠡᠬᠡᠯᠢᠭ ᠨᠡᠶᠢᠬᠡᠮ ᠢ ᠪᠦᠬᠦ ᠳᠠᠯ᠎ᠠ ᠪᠠᠷ ᠪᠡᠶᠡᠯᠡᠬᠦᠯᠬᠦ ᠳᠤ ᠪᠠᠳᠤ ᠪᠠᠬᠢ ᠰᠠᠭᠤᠷᠢ ᠳᠠᠯᠪᠢᠵᠠᠢ᠃ ᠬᠡᠪᠡᠴᠦ᠂ ᠮᠠᠨ ᠤ | ᠤᠷᠤᠨ ᠤ ᠬᠠᠷᠠᠬᠠᠨ ᠬᠦᠭᠵᠢᠬᠡᠳᠦᠢ ᠪᠠᠶᠢᠳᠠᠯ ᠦᠨᠳᠦᠰᠦᠨ ᠳᠡᠭᠡᠨ ᠬᠤᠪᠢᠷᠠᠯᠳᠠ ᠦᠬᠡᠢ᠂ ᠬᠦᠮᠦᠨ ᠠᠮᠠ ᠪᠠ ᠡᠬᠢ | ᠪᠠᠶᠠᠯᠢᠭ ᠤᠷᠴᠢᠨ ᠳᠤᠭᠤᠷᠢᠨ ᠤ ᠪᠠᠴᠢᠮ ᠪᠠᠶᠢᠳᠠᠯ ᠦᠨᠳᠦᠰᠦᠨ ᠠᠴᠠ ᠪᠠᠨ ᠬᠤᠪᠢᠷᠠᠭᠠᠳᠤᠢ᠂ ᠠᠵᠤ ᠠᠬᠤᠢ ᠨᠡᠶᠢᠬᠡᠮ | ᠤᠨ ᠬᠦᠭᠵᠢᠯᠳᠡ ᠳᠤ ᠦᠵᠡᠬᠦᠯᠵᠦ ᠪᠠᠶᠢᠭ᠎ᠠ ᠠᠵᠤ ᠠᠬᠤᠢ ᠶᠢᠨ ᠳᠠᠷᠤᠯᠳᠠ ᠦᠨᠳᠦᠰᠦᠨ ᠠᠴᠠ ᠪᠠᠨ | ᠬᠤᠪᠢᠷᠠᠭᠠᠳᠤᠢ ᠶᠢ ᠳᠤᠳᠤᠷᠬᠠᠢ ᠤᠯᠵᠤ ᠬᠠᠷᠠᠬᠤ ᠬᠡᠷᠡᠭᠳᠡᠢ᠃ ᠪᠦᠬᠦ ᠪᠠᠶᠢᠳᠠᠯ ᠪᠠ ᠪᠠᠶᠢᠯᠳᠤᠬᠤ ᠪᠤᠳᠤᠯᠭ᠎ᠠ ᠶᠢᠨ | ᠦᠨᠳᠦᠷᠴᠡ ᠠᠴᠠ ᠭᠠᠷᠳᠠᠵᠤ᠂ ᠲᠦᠯᠦᠪᠯᠡᠬᠡᠳᠦ ᠦᠷᠡᠵᠢᠯ ᠢ ᠪᠠᠷᠢᠮᠳᠠᠯᠬᠤ ᠦᠨᠳᠦᠰᠦᠨ ᠤᠯᠤᠰ ᠤᠨ ᠪᠤᠳᠤᠯᠭ᠎ᠠ ᠶᠢᠨ | ᠴᠢᠬᠤᠯᠠ ᠴᠢᠨᠠᠷ ᠪᠠ ᠤᠷᠳᠤ ᠬᠤᠭᠤᠴᠠᠭᠠᠳᠤ ᠴᠢᠨᠠᠷ ᠢ ᠬᠦᠢᠴᠡᠳ ᠳᠠᠨᠢᠵᠤ᠂ ᠤᠳᠤᠬᠠᠨ ᠤ ᠪᠠ ᠠᠯᠤᠰ ᠬᠤᠯᠠ ᠶᠢᠨ | ᠂ ᠶᠡᠷᠦᠩᠬᠡᠢ ᠬᠡᠮᠵᠢᠶ᠎ᠡ ᠪᠠ ᠪᠦᠳᠦᠴᠡ᠂ ᠬᠦᠮᠦᠨ ᠠᠮᠠ ᠪᠠ ᠡᠬᠢ ᠪᠠᠶᠠᠯᠢᠭ ᠤᠷᠴᠢᠨ ᠳᠤᠭᠤᠷᠢᠨ ᠤ ᠬᠠᠷᠢᠴᠠᠭ᠎ᠠ ᠶᠢ | ᠵᠦᠪ ᠤᠨᠤᠪᠴᠢᠳᠠᠢ ᠰᠢᠢᠳᠪᠦᠷᠢᠯᠡᠵᠦ᠂ ᠬᠦᠩᠬᠡᠵᠢᠯᠳᠡ ᠶᠢᠨ ᠲᠦᠷᠦ ᠶᠢᠨ ᠪᠤᠳᠤᠯᠭ᠎ᠠ ᠳᠤ ᠠᠭᠠᠵᠢᠮ ᠢᠶᠠᠷ | ᠳᠤᠬᠢᠷᠠᠭᠤᠯᠤᠯᠳᠠ ᠬᠢᠵᠦ᠂ ᠬᠦᠮᠦᠨ ᠠᠮᠠ ᠶᠢᠨ ᠠᠵᠤ ᠠᠬᠤᠢ ᠨᠡᠶᠢᠬᠡᠮ ᠤᠨ ᠬᠦᠭᠵᠢᠯᠳᠡ ᠳᠤ ᠦᠵᠡᠬᠦᠯᠬᠦ ᠴᠢᠳᠠᠮᠠᠭᠠᠢ | ᠦᠢᠯᠡᠳᠦᠯ ᠢ ᠬᠠᠮᠤᠭ ᠤᠨ ᠰᠠᠶᠢᠨ ᠪᠠᠳᠠᠷᠠᠭᠤᠯᠬᠤ ᠬᠡᠷᠡᠭᠳᠡᠢ᠃ | ︵ᠬᠤᠶᠠᠷ︶ ᠬᠦᠮᠦᠨ ᠠᠮᠠ ᠶᠢᠨ ᠬᠦᠭᠵᠢᠯᠳᠡ ᠳᠤ ᠢᠯᠡᠷᠡᠭᠰᠡᠨ ᠡᠷᠬᠢᠯᠳᠡ ᠶᠢᠨ ᠴᠢᠨᠠᠷᠳᠠᠢ ᠬᠤᠪᠢᠷᠠᠯᠳᠠ ᠶᠢ | ᠬᠦᠢᠴᠡᠳ ᠳᠠᠨᠢᠵᠤ᠂ ᠬᠤᠶᠠᠷ ᠬᠡᠦᠬᠡᠳ ᠠᠪᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠡ ᠪᠠᠷ ᠬᠡᠷᠡᠭᠵᠢᠬᠦᠯᠵᠦ᠂ | ᠲᠦᠯᠦᠪᠯᠡᠬᠡᠳᠤ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢ ᠦᠬᠡᠷᠡᠴᠢᠯᠡᠨ ᠰᠠᠶᠢᠵᠢᠷᠠᠭᠤᠯᠬᠤ ᠴᠢᠬᠤᠯᠠ ᠠᠴᠢ | ᠬᠤᠯᠪᠤᠭᠳᠠᠯ ᠢ ᠬᠦᠨᠵᠡᠬᠡᠢ ᠤᠶᠢᠯᠠᠭᠠᠬᠤ ᠬᠡᠷᠡᠭᠳᠡᠢ᠃ ᠰᠢᠨ᠎ᠡ ᠵᠠᠭᠤᠨ ᠳᠤ ᠤᠷᠤᠭᠰᠠᠨ ᠠᠴᠠ ᠨᠠᠰᠢ᠂ ᠢᠯᠠᠩᠭᠤᠶ᠎ᠠ ︽ | 12· 5︾ ᠶᠢᠨ ᠬᠤᠭᠤᠴᠠᠭᠠᠨ ᠠᠴᠠ ᠨᠠᠰᠢ᠂ ᠮᠠᠨ ᠤ ᠤᠷᠤᠨ ᠤ ᠬᠦᠮᠦᠨ ᠠᠮᠠ ᠶᠢᠨ ᠪᠠᠶᠢᠳᠠᠯ ᠪᠦᠬᠦ ᠤᠯᠤᠰ | ᠤᠨ ᠪᠠᠶᠢᠳᠠᠯ ᠲᠠᠢ ᠠᠳᠠᠯᠢ ᠪᠠᠷ᠂ ᠴᠢᠬᠤᠯᠠ ᠢᠯᠡᠷᠬᠡᠢ ᠡᠷᠬᠢᠯᠳᠡ ᠶᠢᠨ ᠴᠢᠨᠠᠷᠳᠠᠢ ᠬᠤᠪᠢᠷᠠᠯᠳᠠ ᠭᠠᠷᠴᠠᠢ᠃ | ᠭᠤᠤᠯᠳᠠᠭᠤ᠂ ᠬᠦᠮᠦᠨ ᠠᠮᠠ ᠶᠢᠨ ᠶᠡᠷᠦᠩᠬᠡᠢ ᠦᠰᠦᠯᠳᠡ ᠶᠢᠨ ᠪᠠᠶᠢᠳᠠᠯ ᠢᠯᠡᠷᠬᠡᠢ ᠪᠠᠭᠤᠷᠠᠵᠤ᠂ ᠬᠦᠳᠡᠯᠮᠦᠷᠢᠯᠡᠬᠦ | ᠨᠠᠰᠤᠨ ᠤ ᠬᠦᠮᠦᠨ ᠠᠮᠠ ᠪᠠ ᠬᠦᠩᠬᠡᠵᠢᠬᠦ ᠨᠠᠰᠤᠨ ᠤ ᠡᠮᠡᠭᠳᠡᠢ ᠪᠠᠭᠠᠰᠴᠤ᠂ ᠨᠠᠰᠤᠵᠢᠯ ᠤᠨ ᠬᠡᠮᠵᠢᠶ᠎ᠠ ᠳᠠᠰᠤᠷᠠᠯᠳᠠ | ᠦᠬᠡᠢ ᠨᠡᠮᠡᠭᠳᠡᠵᠡᠢ︔ ᠤᠯᠠᠨ ᠲᠦᠮᠡᠨ ᠤ ᠬᠦᠩᠬᠡᠵᠢᠯᠳᠡ ᠶᠢᠨ ᠳᠤᠬᠠᠢ ᠦᠵᠡᠯᠳᠡ ᠳᠤ ᠴᠢᠬᠤᠯᠠ ᠬᠤᠪᠢᠷᠠᠯᠳᠠ | ᠭᠠᠷᠴᠤ᠂ ᠴᠦᠬᠡᠨ ᠲᠦᠷᠦᠬᠦ ᠰᠢᠯᠢᠳᠡᠭ ᠲᠦᠷᠦᠬᠦ ᠨᠢ ᠨᠡᠶᠢᠬᠡᠮ ᠤᠨ ᠬᠦᠩᠬᠡᠵᠢᠯ ᠤᠨ ᠲᠤᠬᠠᠢ ᠦᠵᠡᠯᠳᠡ ᠶᠢᠨ ᠭᠤᠤᠯ | ᠤᠷᠤᠰᠬᠠᠯ ᠪᠤᠯᠪᠠ︔ ᠬᠡᠷ ᠪᠦᠯᠢ ᠶᠢᠨ ᠬᠡᠪᠴᠢᠶ᠎ᠠ ᠪᠠᠭ᠎ᠠ ᠬᠡᠯᠪᠡᠷᠢ ᠶᠢᠨ ᠪᠤᠯᠵᠤ᠂ ᠨᠠᠰᠤᠳᠠᠨ ᠢᠶᠠᠨ ᠠᠰᠠᠷᠠᠬᠤ | ᠨᠢᠯᠬᠠᠰ ᠢᠶᠠᠨ ᠬᠠᠷᠠᠭᠠᠯᠵᠠᠬᠤ ᠴᠢᠳᠠᠮᠵᠢ ᠪᠠᠭᠤᠷᠠᠪᠠ︔ ᠬᠦᠮᠦᠨ ᠠᠮᠠ ᠶᠢᠨ ᠠᠰᠢᠭ ᠤᠯᠵᠠᠪᠤᠷᠢ ᠪᠠᠭᠠᠰᠴᠤ᠂ | ᠬᠦᠳᠡᠯᠮᠦᠷᠢ ᠬᠦᠴᠦᠨ ᠤ ᠬᠠᠩᠭᠠᠯᠭ᠎ᠠ ᠪᠤᠯᠤᠨ ᠠᠵᠦ ᠠᠬᠤᠢ ᠨᠡᠶᠢᠭᠡᠮ ᠤᠨ ᠬᠦᠭᠵᠢᠯᠳᠡ ᠶᠢᠨ ᠪᠦᠲᠦᠴᠡ ᠶᠢᠨ | ᠴᠢᠨᠠᠷᠳᠠᠢ ᠵᠦᠷᠢᠴᠡᠯ ᠡᠳᠦᠷ ᠢᠷᠡᠬᠦᠶ᠎ᠡ ᠳᠤᠪᠤᠶᠢᠮ᠎ᠠ ᠪᠤᠯᠤᠭᠰᠠᠨ ᠵᠡᠷᠬᠡ ᠳᠠᠯ᠎ᠠ ᠳᠤ ᠢᠯᠡᠷᠡᠵᠦ ᠪᠤᠢ᠃ ᠡᠳᠡᠭᠡᠷ | ᠠᠰᠠᠭᠤᠳᠠᠯ ᠢ ᠪᠦᠲᠦᠮᠵᠢᠳᠠᠢ ᠰᠢᠢᠳᠪᠦᠷᠢᠯᠡᠬᠦ ᠶᠢᠨ ᠲᠤᠰᠠᠳᠠ᠂ ᠨᠠᠮ ᠤᠨ ᠠᠷᠪᠠᠨ ᠨᠠᠶᠢᠮᠠᠳᠤᠭᠠᠷ ᠬᠤᠭᠤᠴᠠᠭᠠᠨ ᠤ | ᠲᠦᠪ ᠬᠤᠷᠢᠶ᠎ᠠ ᠶᠢᠨ ᠭᠤᠷᠪᠠᠳᠤᠭᠠᠷ ᠪᠦᠭᠦᠳᠡ ᠬᠤᠷᠠᠯ ᠠᠴᠠ ᠨᠢᠭᠡ ᠭᠠᠭᠴᠠ ᠬᠤᠶᠠᠷ ᠬᠡᠦᠬᠡᠳ ᠠᠪᠴᠦ ᠪᠤᠯᠬᠤ | ᠲᠦᠷᠦ ᠶᠢᠨ ᠪᠤᠳᠤᠯᠭ᠎ᠠ ᠶᠢ ᠡᠬᠢᠯᠡᠵᠦ ᠬᠡᠷᠡᠭᠵᠢᠬᠦᠯᠬᠦ ᠶᠢ ᠳᠤᠷᠠᠳᠴᠦ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ | ᠤ ᠲᠦᠪ ᠬᠤᠷᠢᠶ᠎ᠠ ᠶᠢᠨ ᠲᠠᠪᠤᠳᠤᠭᠠᠷ ᠪᠦᠬᠦᠳᠡ ᠬᠤᠷᠠᠯ ᠠᠴᠠ ᠪᠦᠬᠦ ᠲᠠᠯ᠎ᠠ ᠪᠠᠷ ᠬᠤᠶᠠᠷ ᠬᠡᠦᠬᠡᠳ ᠠᠪᠴᠦ ᠪᠤᠯᠬᠤ | ᠲᠦᠷᠦ ᠶᠢᠨ ᠪᠤᠳᠤᠯᠭ᠎ᠠ ᠶᠢ ᠡᠬᠢᠯᠡᠵᠦ ᠬᠡᠷᠡᠭᠵᠢᠬᠦᠯᠬᠦ ᠴᠢᠬᠤᠯᠠ ᠶᠡᠭᠡ ᠰᠢᠢᠳᠪᠦᠷᠢᠳᠦ ᠪᠤᠳᠤᠯᠭ᠎ᠠ ᠶᠢ ᠲᠤᠭᠳᠠᠭᠠᠵᠠᠢ᠃ | ᠡᠨᠡ ᠨᠢ ᠬᠦᠮᠦᠨ ᠠᠮᠠ ᠶᠢᠨ ᠪᠦᠲᠦᠴᠡ ᠶᠢ ᠰᠢᠯᠢᠳᠡᠭᠵᠢᠬᠦᠯᠬᠦ᠂ ᠬᠦᠳᠡᠯᠮᠦᠷᠢ ᠬᠦᠴᠦᠨ ᠤ ᠬᠠᠩᠭᠠᠯᠭ᠎ᠠ ᠶᠢ | ᠨᠡᠮᠡᠭᠳᠡᠬᠦᠯᠬᠦ᠂ ᠬᠦᠮᠦᠨ ᠠᠮᠠ ᠶᠢᠨ ᠨᠠᠰᠤᠵᠢᠯ ᠤᠨ ᠳᠠᠷᠤᠯᠳᠠ ᠶᠢ ᠬᠦᠩᠭᠡᠷᠡᠬᠦᠯᠬᠦ ᠳᠤ ᠠᠰᠢᠬᠳᠠᠢ︔ ᠠᠵᠦ ᠠᠬᠤᠢ | ᠨᠡᠶᠢᠭᠡᠮ ᠤᠨ ᠦᠷᠬᠦᠯᠵᠢᠯᠡᠭᠰᠡᠨ ᠡᠷᠡᠬᠦᠯ ᠬᠦᠭᠵᠢᠯᠳᠡ ᠶᠢ ᠠᠬᠢᠭᠤᠯᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠠᠶᠢᠭᠤᠯᠬᠤ ᠶᠢ ᠪᠡᠶᠡᠯᠡᠬᠦᠯᠬᠦ ᠳᠡᠮᠡᠴᠡᠬᠦ ᠬᠠᠷᠠᠯᠳᠠ ᠳᠤ ᠠᠰᠢᠬᠳᠠᠢ︔ ᠲᠦᠯᠦᠪᠯᠡᠭᠡᠳᠦ ᠦᠷᠡᠵᠢᠯ ᠤᠨ ᠦᠨᠳᠦᠰᠦᠨ | ᠤᠯᠤᠰ ᠤᠨ ᠪᠤᠳᠤᠯᠭ᠎ᠠ ᠶᠢ ᠨᠡᠩ ᠰᠠᠶᠢᠨ ᠨᠠᠶᠢᠳᠠᠪᠤᠷᠢᠵᠢᠭᠤᠯᠬᠤ᠂ ᠭᠡᠷ ᠪᠦᠯᠢ ᠶᠢᠨ ᠵᠤᠯ ᠵᠢᠷᠭᠠᠯ ᠪᠤᠯᠤᠨ ᠨᠡᠶᠢᠭᠡᠮ | ᠤᠨ ᠡᠶ᠎ᠡ ᠵᠤᠬᠢᠴᠠᠯ ᠢ ᠠᠬᠢᠭᠤᠯᠬᠤ ᠳᠤ ᠠᠰᠢᠬᠳᠠᠢ ᠶᠤᠮ᠃ ᠡᠯ᠎ᠡ ᠱᠠᠳᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠰᠢᠨ᠎ᠡ ᠴᠠᠭ ᠦᠶ᠎ᠡ ᠶᠢᠨ ᠬᠦᠮᠦᠨ ᠠᠮᠠ ᠶᠢᠨ ᠬᠦᠭᠵᠢᠯᠳᠡ ᠶᠢᠨ ᠬᠠᠨᠳᠤᠰᠢ᠂ ᠵᠢᠮ᠎ᠡ ᠬᠠᠤᠯᠢ ᠪᠤᠯᠤᠨ | ᠤᠨᠴᠠᠯᠢᠭ ᠢ ᠵᠦᠪ ᠤᠨᠤᠪᠴᠢᠳᠠᠢ ᠡᠵᠡᠮᠰᠢᠵᠦ᠂ ᠪᠦᠬᠦ ᠲᠠᠯ᠎ᠠ ᠪᠠᠷ ᠬᠤᠶᠠᠷ ᠬᠡᠦᠬᠡᠳ ᠠᠪᠴᠦ ᠪᠤᠯᠬᠤ ᠲᠦᠷᠦ ᠶᠢᠨ | ᠪᠤᠳᠤᠯᠭ᠎ᠠ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢ ᠦᠭᠡᠷᠡᠴᠢᠯᠡᠵᠦ ᠲᠡᠬᠦᠯᠳᠡᠷᠵᠢᠬᠦᠯᠬᠦ | ᠬᠠᠷᠢᠭᠤᠴᠠᠯᠭᠠᠳᠦ ᠰᠡᠳᠬᠢᠯᠭᠡ ᠪᠠᠨ ᠴᠢᠩᠭᠠᠳᠬᠠᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠠᠭᠤᠤ | ᠶᠡᠭᠡ ᠢᠯᠠᠯᠳᠠ ᠶᠢ ᠳᠡᠮᠡᠴᠡᠨ ᠤᠯᠬᠤ ᠳᠤ ᠠᠰᠤᠷᠤ ᠰᠠᠶᠢᠨ ᠬᠦᠮᠦᠨ ᠠᠮᠠ ᠶᠢᠨ ᠤᠷᠴᠢᠨ ᠲᠤᠭᠤᠷᠢᠨ ᠢ ᠴᠤᠭᠴᠠᠯᠠᠨ᠎ᠠ | ᠃ | ᠬᠤᠶᠠᠷ᠂ ᠵᠢᠯᠤᠭᠤᠳᠬᠤ ᠦᠵᠡᠯ ᠰᠠᠨᠠᠭ᠎ᠠ᠂ ᠦᠨᠳᠦᠰᠦᠨ ᠵᠠᠷᠴᠢᠮ ᠪᠤᠯᠤᠨ ᠭᠤᠤᠯ ᠬᠠᠷᠠᠯᠳᠠ | ︵ᠭᠤᠷᠪᠠ︶ ᠵᠢᠯᠤᠭᠤᠳᠬᠤ ᠦᠵᠡᠯ ᠰᠠᠨᠠᠭ᠎ᠠ᠃ ᠳᠤᠮᠳᠠᠳᠦ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ | ᠤᠨ ᠠᠭᠤᠤ ᠶᠡᠭᠡ ᠲᠤᠭ ᠢ ᠦᠨᠳᠤᠷ ᠡᠷᠬᠦᠵᠦ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ ᠪᠠᠷ ᠵᠢᠯᠤᠭᠤᠳᠤᠯᠭ᠎ᠠ ᠪᠤᠯᠭᠠᠵᠦ᠂ | ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ ᠰᠠᠨᠠᠭ᠎ᠠ ᠪᠤᠯᠤᠨ ᠲᠦᠷᠦ ᠶᠢ ᠵᠠᠰᠠᠵᠦ | ᠵᠠᠰᠠᠭ ᠢ ᠡᠷᠬᠢᠯᠡᠬᠦ ᠰᠢᠨ᠎ᠡ ᠣᠨᠣᠯᠵᠢᠬᠤᠨ ᠰᠢᠨ᠎ᠡ ᠦᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠬᠦᠨᠵᠡᠭᠡᠢ | ᠲᠤᠤᠱᠯᠠᠭᠤᠯᠵᠦ᠂ ᠶᠡᠷᠦᠩᠬᠡᠢ ᠱᠦᠵᠢ ᠰᠢ ᠶᠢᠨ ᠫᠢᠩ ᠤᠨ ᠮᠠᠨ ᠤ ᠤᠷᠤᠨ ᠳᠤ ᠰᠢᠨᠵᠢᠯᠡᠨ ᠪᠠᠶᠢᠴᠠᠭᠠᠬᠤ ᠦᠶ᠎ᠡ ᠶᠢᠨ | ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠦ᠂ ᠦᠪᠡᠷᠳᠡᠭᠡᠨ ᠵᠠᠰᠠᠬᠤ ᠤᠷᠤᠨ | ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ | ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠨᠢᠭᠡᠳᠦᠯᠳᠠᠢ ᠲᠦᠯᠦᠪᠵᠢᠬᠦᠯᠬᠦ ᠶᠡᠷᠦᠩᠬᠡᠢ | ᠪᠠᠶᠢᠷᠢᠯᠠᠭᠤᠯᠤᠯᠳᠠ ᠪᠤᠯᠤᠨ ︽ᠳᠦᠷᠪᠡᠨ ᠪᠦᠬᠦ ᠲᠠᠯ᠎ᠠ︾ ᠶᠢ ᠵᠤᠬᠢᠴᠠᠩᠭᠤᠢ ᠠᠬᠢᠭᠤᠯᠬᠤ ᠪᠠᠶᠢᠯᠳᠤᠬᠤ | ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠲᠤᠭᠤᠷᠢᠨ ᠳᠤ᠂ ᠰᠢᠨ᠎ᠡ ᠶᠢ ᠡᠭᠦᠳᠬᠦ᠂ ᠵᠤᠬᠢᠴᠠᠩᠭᠤᠢ᠂ ᠪᠤᠬᠢᠷᠳᠦᠯ | ᠦᠭᠡᠢ᠂ ᠨᠡᠭᠡᠭᠡᠯᠲᠡ ᠲᠠᠢ᠂ ᠬᠠᠮᠲᠤᠪᠡᠷ ᠬᠦᠷᠲᠡᠬᠦ ᠬᠦᠭᠵᠢᠯᠳᠡ ᠶᠢᠨ ᠣᠨᠣᠯᠵᠢᠬᠤᠨ ᠢ ᠲᠤᠤᠱᠯᠠᠭᠤᠯᠤᠨ | ᠨᠠᠶᠢᠳᠠᠪᠤᠷᠢᠵᠢᠭᠤᠯᠵᠦ᠂ ᠭᠡᠷ ᠪᠦᠯᠢ ᠶᠢᠨ ᠡᠶ᠎ᠡ ᠵᠤᠬᠢᠴᠠᠯ ᠵᠤᠯ ᠵᠢᠷᠭᠠᠯ ᠢ ᠨᠡᠮᠡᠭᠳᠡᠬᠦᠯᠬᠦ᠂ ᠬᠦᠮᠦᠨ ᠠᠮᠠ ᠶᠢᠨ ᠤᠷᠳᠦ | ᠬᠤᠭᠤᠴᠠᠭᠠᠨ ᠤ ᠲᠡᠩᠴᠡᠬᠦᠷᠢᠳᠠᠢ ᠬᠦᠭᠵᠢᠯᠳᠡ ᠶᠢ ᠠᠬᠢᠭᠤᠯᠬᠤ ᠪᠠᠷ ᠭᠤᠤᠯ ᠪᠤᠯᠭᠠᠵᠦ᠂ ᠲᠦᠯᠦᠪᠯᠡᠭᠡᠳᠦ ᠦᠷᠡᠵᠢᠯ | ᠤᠨ ᠦᠨᠳᠦᠰᠦᠨ ᠤᠯᠤᠰ ᠤᠨ ᠪᠤᠳᠤᠯᠭ᠎ᠠ ᠶᠢ ᠪᠠᠷᠢᠮᠳᠠᠯᠠᠬᠤ᠂ ᠦᠷᠡᠵᠢᠯ ᠤᠨ ᠲᠦᠷᠦ ᠶᠢᠨ ᠪᠤᠳᠤᠯᠭ᠎ᠠ᠂ | ᠦᠢᠯᠡᠴᠢᠯᠡᠭᠡᠨ ᠤ ᠬᠠᠮᠢᠶᠠᠷᠤᠯᠳᠠ ᠶᠢᠨ ᠳᠦᠷᠢᠮ᠂ ᠭᠡᠷ ᠪᠦᠯᠢ ᠶᠢᠨ ᠬᠦᠭᠵᠢᠯᠳᠡ ᠶᠢ ᠳᠡᠮᠵᠢᠬᠦ ᠲᠤᠭᠳᠠᠴᠠ ᠪᠤᠯᠤᠨ | ᠲᠤᠭᠳᠠᠴᠠ ᠶᠢ ᠵᠠᠰᠠᠬᠤ ᠶᠡᠷᠦᠩᠬᠡᠶᠢᠯᠡᠭᠰᠡᠨ ᠦᠭᠡᠷᠡᠴᠢᠯᠡᠯᠳᠡ ᠶᠢ ᠨᠢᠭᠡᠳᠦᠯᠳᠠᠢ ᠠᠬᠢᠭᠤᠯᠵᠦ᠂ ᠬᠡᠪᠴᠢᠶ᠎ᠡ ᠨᠢ | ᠳᠤᠬᠢᠷᠠᠮᠵᠢᠳᠠᠢ᠂ ᠪᠤᠯᠪᠠᠰᠤᠷᠠᠯ ᠨᠢ ᠨᠡᠯᠢᠶᠡᠳ ᠦᠨᠳᠦᠷ᠂ ᠪᠦᠲᠦᠴᠡ ᠨᠢ ᠰᠢᠯᠢᠳᠡᠭᠵᠢᠭᠰᠡᠨ᠂ ᠲᠠᠷᠬᠠᠯᠳᠠ ᠨᠢ ᠵᠦᠢ | ᠵᠤᠬᠢᠰᠳᠠᠢ ᠬᠦᠮᠦᠨ ᠠᠮᠠ ᠶᠢᠨ ᠲᠡᠩᠴᠡᠬᠦᠷᠢᠳᠠᠢ ᠬᠦᠭᠵᠢᠯᠳᠡ ᠶᠢ ᠴᠢᠷᠮᠠᠶᠢᠨ ᠪᠡᠶᠡᠯᠡᠬᠦᠯᠵᠦ᠂ ᠬᠦᠮᠦᠨ ᠠᠮᠠ ᠪᠤᠯᠤᠨ | ᠠᠵᠦ ᠠᠬᠤᠢ ᠨᠡᠶᠢᠭᠡᠮ᠂ ᠡᠬᠢ ᠪᠠᠶᠠᠯᠢᠭ ᠤᠨ ᠤᠷᠴᠢᠨ ᠲᠤᠭᠤᠷᠢᠨ ᠤ ᠵᠣᠬᠢᠴᠠᠩᠭᠤᠢ ᠥᠷᠭᠦᠯᠵᠢᠯᠡᠭᠰᠡᠨ ᠬᠦᠭᠵᠢᠯᠳᠡ | ᠶᠢ ᠠᠬᠢᠭᠤᠯᠤᠨ᠎ᠠ᠃ | ︵ᠲᠦᠷᠪᠡ︶ ᠦᠨᠳᠦᠰᠦᠨ ᠵᠠᠷᠴᠢᠮ᠃ ᠬᠤᠶᠠᠷ ᠬᠡᠤᠬᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠪᠦᠬᠦ | ᠲᠠᠯ᠎ᠠ ᠪᠠᠷ ᠬᠡᠷᠡᠭᠵᠢᠬᠦᠯᠵᠦ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢ ᠦᠭᠡᠷᠡᠴᠢᠯᠡᠯᠳᠡ | ᠬᠢᠵᠦ ᠲᠡᠭᠦᠯᠳᠡᠷᠵᠢᠬᠦᠯᠬᠦ ᠳᠤ᠂ ᠬᠠᠤᠯᠢᠵᠢᠯ ᠤᠨ ᠰᠡᠳᠬᠢᠬᠦᠢ᠂ ᠰᠢᠨ᠎ᠠ ᠶᠢ ᠡᠬᠦᠳᠬᠦ ᠵᠤᠷᠢᠭ ᠰᠠᠨᠠᠭ᠎ᠠ᠂ ᠪᠤᠳᠠᠳᠠᠢ ᠶᠢ | ᠡᠷᠬᠢᠮᠯᠡᠬᠦ ᠰᠤᠷᠳᠠᠯ ᠢ ᠪᠠᠷᠢᠮᠳᠠᠯᠠᠵᠤ᠂ ᠲᠤᠤᠷᠠᠬᠢ ᠬᠡᠳᠦᠨ ᠵᠠᠷᠴᠢᠮ ᠢ ᠤᠨᠤᠪᠴᠢᠳᠠᠢ ᠤᠶᠢᠯᠠᠭᠠᠨ ᠡᠵᠡᠮᠰᠢᠬᠦ | ᠬᠡᠷᠡᠭᠳᠡᠢ᠄ | ᠬᠦᠮᠦᠨ ᠢᠶᠠᠷ ᠦᠨᠳᠦᠰᠦ ᠪᠤᠯᠭᠠᠬᠤ᠃ ᠲᠦᠯᠦᠪᠯᠡᠭᠡᠳᠦ ᠦᠷᠡᠵᠢᠯ ᠤᠨ ᠲᠤᠮᠳᠠᠬᠢ ᠭᠡᠷ ᠪᠦᠯᠢ ᠶᠢᠨ ᠭᠤᠤᠯ | ᠴᠤᠬᠴᠠ ᠶᠢᠨ ᠪᠠᠶᠢᠷᠢ ᠰᠠᠭᠤᠷᠢ ᠶᠢ ᠬᠦᠨᠳᠦᠳᠭᠡᠵᠦ᠂ ᠡᠷᠭᠡ ᠠᠰᠢᠭ ᠪᠤᠯᠤᠨ ᠡᠬᠦᠷᠭᠡ ᠶᠢ ᠲᠡᠩᠴᠡᠬᠦᠦ ᠪᠠᠶᠢᠯᠭᠠᠬᠤ | ᠶᠢ ᠪᠠᠷᠢᠮᠳᠠᠯᠠᠵᠦ᠂ ᠬᠠᠮᠢᠶᠠᠷᠤᠯᠲᠠ ᠶᠢ ᠦᠢᠯᠡᠴᠢᠯᠡᠭᠡ ᠶᠢᠨ ᠲᠤᠮᠳᠠ ᠠᠭᠤᠰᠬᠠᠵᠣ᠂ ᠤᠯᠠᠨ ᠲᠦᠮᠡᠨ ᠤ | ᠬᠠᠷᠢᠭᠤᠴᠠᠯᠭ᠎ᠠ ᠲᠠᠢ᠂ ᠲᠦᠯᠦᠪᠯᠡᠭᠡ ᠲᠠᠢ ᠪᠠᠷ ᠬᠡᠥᠬᠡᠳ ᠠᠪᠬᠤ ᠶᠢ ᠬᠦᠳᠦᠯᠦᠨ ᠵᠢᠯᠤᠭᠤᠳᠤᠨ᠎ᠠ᠃ | ᠰᠢᠨ᠎ᠡ ᠶᠢ ᠡᠭᠦᠳᠦᠨ ᠬᠦᠭᠵᠢᠬᠦ᠃ ᠬᠦᠮᠦᠨ ᠠᠮᠠ ᠪᠤᠯᠤᠨ ᠲᠦᠯᠦᠪᠯᠡᠭᠡᠲᠦ ᠦᠷᠡᠵᠢᠯ ᠤᠨ ᠠᠵᠢᠯ ᠬᠦᠮᠦᠨ | ᠠᠮᠠ ᠶᠢᠨ ᠲᠤᠭ᠎ᠠ ᠬᠡᠮᠵᠢᠶ᠎ᠡ ᠶᠢ ᠬᠢᠵᠠᠭᠠᠷᠯᠠᠬᠤ ᠪᠠᠷ ᠭᠤᠤᠯ ᠪᠤᠯᠭᠠᠵᠣ ᠪᠠᠶᠢᠭᠰᠠᠨ ᠠᠴᠠ ᠨᠢ ᠶᠡᠷᠦᠩᠬᠡᠢ ᠬᠡᠮᠵᠢᠶ᠎ᠡ ᠶᠢ | ᠡᠵᠡᠮᠳᠡᠨ ᠲᠤᠬᠢᠷᠠᠭᠤᠯᠬᠤ᠂ ᠬᠡᠪ ᠴᠢᠨᠠᠷ ᠢ ᠳᠡᠭᠡᠭᠰᠢᠯᠡᠬᠦᠯᠬᠦ ᠪᠤᠯᠤᠨ ᠪᠦᠲᠦᠴᠡ ᠶᠢ ᠰᠢᠯᠢᠳᠡᠭᠵᠢᠬᠦᠯᠬᠦ ᠶᠢ ᠵᠡᠷᠭᠡᠪᠡᠷ | ᠠᠳᠬᠤᠬᠤ ᠪᠣᠯᠭᠠᠨ ᠬᠤᠪᠢᠷᠠᠭᠤᠯᠬᠤ᠂ ᠬᠠᠮᠢᠶᠠᠷᠤᠯᠲᠠ ᠪᠠᠷ ᠭᠤᠤᠯ ᠪᠤᠯᠭᠠᠵᠣ ᠪᠠᠶᠢᠭᠰᠠᠨ ᠠᠴᠠ ᠨᠢ ᠬᠡᠷ ᠪᠦᠯᠢ ᠳᠤ | ᠦᠢᠯᠡᠴᠢᠯᠡᠬᠦ ᠶᠢ ᠨᠡᠩ ᠬᠦᠨᠳᠦᠳᠭᠡᠬᠦ ᠪᠣᠯᠭᠠᠨ ᠬᠤᠪᠢᠷᠠᠭᠤᠯᠬᠤ᠂ ᠭᠤᠤᠯᠳᠠᠭᠤ ᠵᠠᠰᠠᠭ ᠤᠨ ᠤᠷᠳᠦᠨ ᠤ ᠬᠦᠴᠦᠨ | ᠴᠢᠳᠠᠯ ᠳᠤ ᠲᠦᠰᠢᠭᠯᠡᠵᠦ ᠪᠠᠶᠢᠬᠰᠠᠨ ᠠᠴᠠ ᠨᠢ ᠵᠠᠰᠠᠭ ᠤᠨ ᠤᠷᠳᠦᠨ᠂ ᠨᠡᠶᠢᠭᠡᠮ ᠪᠤᠯᠤᠨ ᠠᠷᠠᠳ ᠢᠷᠭᠡᠨ ᠤ ᠤᠯᠠᠨ | ᠡᠰᠢᠲᠦ ᠬᠠᠮᠲᠤᠪᠡᠷ ᠵᠠᠰᠠᠬᠤ ᠪᠣᠯᠭᠠᠨ ᠬᠤᠪᠢᠷᠠᠭᠤᠯᠬᠤ ᠶᠢ ᠠᠬᠢᠭᠤᠯᠣᠨ᠎ᠠ᠃ | ᠬᠠᠥᠯᠢᠵᠢᠯ ᠢᠶᠠᠷ ᠬᠦᠳᠦᠯᠦᠨ ᠳᠠᠭᠠᠭᠤᠯᠬᠤ᠃ ᠬᠠᠥᠯᠢ ᠶᠤᠰᠤᠭᠠᠷ ᠵᠠᠰᠠᠭ ᠶᠠᠪᠤᠭᠤᠯᠬᠤ ᠶᠢ ᠪᠠᠷᠢᠮᠳᠠᠯᠠᠵᠦ᠂ | ᠬᠠᠥᠯᠢ ᠲᠤᠬᠲᠠᠭᠠᠬᠤ ᠠᠵᠢᠯ ᠤᠨ ᠦᠷᠡᠵᠢᠯ ᠤᠨ ᠲᠦᠷᠦ ᠶᠢᠨ ᠪᠤᠳᠤᠯᠭ᠎ᠠ ᠪᠤᠯᠤᠨ ᠦᠢᠯᠡᠴᠢᠯᠡᠭᠡ ᠬᠠᠮᠢᠶᠠᠷᠤᠯᠲᠠ ᠶᠢᠨ | ᠦᠭᠡᠷᠡᠴᠢᠯᠡᠯᠲᠡ ᠳᠠᠬᠢ ᠵᠢᠯᠤᠭᠤᠳᠬᠤ᠂ ᠵᠢᠷᠣᠮᠵᠢᠭᠤᠯᠬᠤ᠂ ᠪᠠᠲᠤᠯᠠᠬᠤ ᠦᠢᠯᠡᠳᠦᠯ ᠢ ᠬᠦᠢᠴᠡᠳ ᠪᠠᠳᠠᠷᠠᠭᠤᠯᠵᠦ᠂ | ᠲᠦᠪ ᠴᠢᠩᠭ᠎ᠠ᠂ ᠵᠢᠷᠣᠮᠵᠢᠯ ᠲᠠᠢ᠂ ᠲᠦᠪ ᠭᠤᠤᠯᠴᠢ᠂ ᠪᠤᠯᠪᠠᠰᠤᠨ ᠢᠶᠠᠷ ᠬᠠᠥᠯᠢ ᠬᠡᠷᠡᠭᠵᠢᠬᠦᠯᠬᠦ ᠶᠢ ᠪᠠᠷᠢᠮᠳᠠᠯᠠᠵᠦ᠂ | ᠲᠦᠯᠦᠪᠯᠡᠭᠡᠳᠦ ᠦᠷᠡᠵᠢᠯ ᠤᠨ ᠬᠠᠥᠯᠢᠵᠢᠯ ᠤᠨ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠬᠦᠯᠦᠨ᠎ᠡ᠃ | ᠨᠢᠭᠡᠲᠦᠯᠲᠡᠢ ᠲᠦᠯᠦᠪᠵᠢᠬᠦᠯᠦᠨ ᠠᠬᠢᠭᠤᠯᠬᠤ᠃ ᠦᠭᠡᠷᠡᠴᠢᠯᠡᠯᠲᠡ ᠶᠢᠨ ᠠᠷᠭ᠎ᠠ ᠬᠡᠮᠵᠢᠶ᠎ᠡ ᠶᠢᠨ ᠰᠢᠰᠲ᠋ᠧᠮᠲᠦ | ᠴᠢᠨᠠᠷ᠂ ᠪᠦᠬᠦᠯᠢ ᠴᠤᠬᠴᠠᠲᠦ ᠴᠢᠨᠠᠷ᠂ ᠵᠣᠬᠢᠴᠠᠩᠭᠤᠢ ᠴᠢᠨᠠᠷ ᠢ ᠬᠦᠨᠳᠦᠳᠭᠡᠵᠦ᠂ ᠦᠷᠡᠵᠢᠯ ᠤᠨ ᠲᠦᠷᠦ ᠶᠢᠨ | ᠪᠤᠳᠤᠯᠭ᠎ᠠ ᠶᠢ ᠳᠣᠬᠢᠷᠠᠭᠤᠯᠣᠨ ᠳᠡᠭᠦᠯᠳᠡᠷᠵᠢᠭᠦᠯᠬᠦ ᠪᠤᠯᠤᠨ ᠦᠢᠯᠡᠴᠢᠯᠡᠭᠡ ᠬᠠᠮᠢᠶᠠᠷᠤᠯᠲᠠ ᠶᠢᠨ ᠦᠭᠡᠷᠡᠴᠢᠯᠡᠯᠲᠡ ᠶᠢ | ᠢᠵᠢᠯ ᠠᠯᠬᠤᠮ ᠢᠶᠠᠷ ᠠᠬᠢᠭᠤᠯᠵᠤ᠂ ᠢᠵᠢ ᠪᠦᠷᠢᠳᠦᠭᠰᠡᠨ ᠲᠦᠷᠦ ᠶᠢᠨ ᠪᠤᠳᠤᠯᠭ᠎ᠠ ᠶᠢ ᠢᠵᠢᠯ ᠠᠯᠬᠤᠮ ᠢᠶᠠᠷ | ᠲᠤᠬᠲᠠᠭᠠᠨ ᠬᠡᠷᠡᠭᠵᠢᠬᠦᠯᠦᠨ᠎ᠡ᠃ | ︵ᠲᠠᠪᠤ︶ ᠭᠤᠤᠯ ᠬᠠᠷᠠᠯᠲᠠ᠃ 2020 ᠣᠨ ᠪᠤᠯᠬᠤ ᠳᠤ᠂ ᠲᠦᠯᠦᠪᠯᠡᠭᠡᠲᠦ ᠦᠷᠡᠵᠢᠯ ᠤᠨ ᠦᠢᠯᠡᠴᠢᠯᠡᠭᠡ | ᠬᠠᠮᠢᠶᠠᠷᠤᠯᠲᠠ ᠶᠢᠨ ᠲᠦᠷᠢᠮ ᠪᠤᠯᠤᠨ ᠭᠡᠷ ᠪᠦᠯᠢ ᠶᠢᠨ ᠬᠦᠭᠵᠢᠯᠲᠡ ᠶᠢ ᠳᠡᠮᠵᠢᠬᠦ ᠰᠢᠰᠲ᠋ᠧᠮᠵᠢ ᠨᠡᠯᠢᠶᠡᠳ | ᠲᠡᠭᠦᠯᠲᠡᠷᠵᠢᠭᠦᠯᠵᠦ᠂ ᠵᠠᠰᠠᠭ ᠤᠨ ᠤᠷᠳᠦᠨ ᠬᠠᠥᠯᠢ ᠶᠤᠰᠤᠭᠠᠷ ᠳᠣᠰᠢᠶᠠᠯ ᠬᠠᠷᠢᠭᠤᠴᠠᠯᠭ᠎ᠠ ᠪᠠᠨ ᠬᠦᠢᠴᠡᠳᠭᠡᠭᠰᠡᠨ᠂ | ᠨᠡᠶᠢᠭᠡᠮ ᠨᠡᠶᠢᠳᠡ ᠦᠷᠭᠡᠨ ᠢᠶᠠᠷ ᠤᠷᠤᠯᠴᠠᠭᠰᠠᠨ᠂ ᠤᠯᠠᠨ ᠲᠦᠮᠡᠨ ᠦᠨᠡᠨᠴᠢ ᠢᠲᠡᠭᠡᠯ ᠢ ᠡᠷᠬᠢᠮᠯᠡᠨ ᠪᠡᠶ᠎ᠡ ᠪᠠᠨ | ᠰᠠᠬᠢᠬᠰᠠᠨ ᠤᠯᠠᠨ ᠡᠰᠢᠲᠦ ᠬᠠᠮᠳᠤᠪᠠᠷ ᠵᠠᠰᠠᠬᠤ ᠪᠠᠶᠢᠷᠢᠰᠢᠯ ᠢ ᠦᠨᠳᠦᠰᠦᠨ ᠳᠡᠭᠡᠨ ᠪᠦᠷᠢᠯᠳᠦᠭᠦᠯᠵᠦ᠂ | ᠲᠦᠯᠦᠪᠯᠡᠬᠡᠳᠦ ᠦᠷᠡᠵᠢᠯ ᠤᠨ ᠵᠠᠰᠠᠬᠤ ᠴᠢᠳᠠᠪᠤᠷᠢ ᠶᠢ ᠪᠦᠬᠦ ᠲᠠᠯ᠎ᠠ ᠪᠠᠷ ᠲᠡᠭᠡᠭᠰᠢᠯᠡᠬᠦᠯᠦᠨ᠎ᠡ︔ ᠬᠤᠳᠠ ᠬᠦᠳᠡᠭᠡ ᠶᠢ | ᠪᠦᠷᠬᠦᠭᠰᠡᠨ᠂ ᠪᠠᠶᠢᠷᠢᠰᠢᠯ ᠨᠢ ᠲᠤᠬᠢᠷᠠᠮᠵᠢᠳᠠᠢ᠂ ᠴᠢᠳᠠᠪᠬᠢ ᠨᠢ ᠪᠦᠷᠢᠨ ᠪᠦᠳᠦᠨ᠂ ᠲᠦᠬᠦᠮ ᠳᠦᠳᠡ ᠦᠷ᠎ᠡ | ᠪᠦᠳᠦᠮᠵᠢ ᠲᠠᠢ ᠡᠮᠡᠭᠳᠡᠶᠢᠴᠦᠳ ᠬᠡᠦᠬᠡᠳ ᠤᠨ ᠡᠷᠡᠬᠦᠯᠵᠢᠯ ᠲᠦᠯᠦᠪᠯᠡᠬᠡᠳᠦ ᠦᠷᠡᠵᠢᠯ ᠤᠨ ᠦᠢᠯᠡᠴᠢᠯᠡᠭᠡ ᠶᠢᠨ | ᠰᠢᠰᠲ᠋ᠧᠮᠵᠢ ᠶᠢ ᠨᠡᠩ ᠲᠡᠬᠦᠯᠳᠡᠷᠵᠢᠬᠦᠯᠵᠦ᠂ ᠬᠦᠮᠦᠨ ᠪᠤᠯᠭᠠᠨ ᠲᠦᠯᠦᠪᠯᠡᠬᠡᠳᠦ ᠦᠷᠡᠵᠢᠯ ᠤᠨ ᠰᠢᠯᠢᠳᠡᠭ | ᠦᠢᠯᠡᠴᠢᠯᠡᠭᠡ ᠶᠢ ᠡᠳ᠋ᠯᠡᠬᠦ ᠶᠢ ᠦᠨᠳᠦᠰᠦᠨ ᠳᠡᠭᠡᠨ ᠪᠡᠶᠡᠯᠡᠬᠦᠯᠦᠨ᠎ᠡ︔ ᠲᠤᠬᠢᠷᠠᠮᠵᠢᠳᠠᠢ ᠦᠷᠡᠵᠢᠯ ᠤᠨ ᠲᠦᠪᠰᠢᠨ ᠢ | ᠪᠠᠳᠤᠯᠠᠨ᠂ ᠬᠦᠮᠦᠨ ᠠᠮᠠ ᠶᠢᠨ ᠶᠡᠷᠦᠩᠬᠡᠢ ᠲᠤᠭ᠎ᠠ ᠶᠢ ᠲᠦᠯᠦᠪᠵᠢᠬᠦᠯᠬᠡ ᠶᠢᠨ ᠬᠠᠷᠠᠯᠳᠠ ᠲᠤᠳᠤᠷ᠎ᠠ ᠬᠢᠵᠠᠭᠠᠷᠯᠠᠨ᠎ᠠ᠃ | ᠭᠤᠷᠪᠠ᠂ ᠪᠦᠬᠦ ᠲᠠᠯ᠎ᠠ ᠪᠠᠷ ᠬᠤᠶᠠᠷ ᠬᠡᠦᠬᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠯᠠᠪᠳᠠᠭᠤᠨ | ᠪᠠᠳᠤᠳᠠᠢ ᠡᠮᠬᠢ ᠵᠢᠷᠣᠮ ᠲᠠᠢ ᠬᠡᠷᠡᠭᠵᠢᠬᠦᠯᠦᠨ᠎ᠡ | ︵ᠵᠢᠷᠭᠤᠭ᠎ᠠ︶ ᠪᠦᠬᠦ ᠲᠠᠯ᠎ᠠ ᠪᠠᠷ ᠬᠤᠶᠠᠷ ᠬᠡᠦᠬᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠬᠠᠤᠯᠢ | ᠶᠤᠰᠤᠭᠠᠷ ᠵᠤᠬᠢᠶᠠᠨ ᠪᠠᠶᠢᠭᠤᠯᠤᠨ ᠬᠡᠷᠡᠭᠵᠢᠬᠦᠯᠦᠨ᠎ᠡ᠃ ᠰᠢᠨ᠎ᠡ ᠪᠠᠷ ᠵᠠᠰᠠᠪᠤᠷᠢ ᠤᠷᠤᠭᠤᠯᠤᠬᠰᠠᠨ ︽ᠪᠦᠬᠦᠳᠡ | ᠨᠠᠶᠢᠷᠠᠮᠳᠠᠬᠤ ᠲᠤᠮᠳᠠᠳᠤ ᠠᠷᠠᠳ ᠤᠯᠤᠰ ᠤᠨ ᠬᠦᠮᠦᠨ ᠠᠮᠠ ᠪᠤᠯᠤᠨ ᠲᠦᠯᠦᠪᠯᠡᠬᠡᠳᠦ ᠦᠷᠡᠵᠢᠯ ᠤᠨ ᠬᠠᠤᠯᠢ︾ | ᠪᠤᠯᠤᠨ ︽ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠬᠦᠮᠦᠨ ᠠᠮᠠ ᠪᠤᠯᠤᠨ ᠲᠦᠯᠦᠪᠯᠡᠬᠡᠳᠦ ᠦᠷᠡᠵᠢᠯ | ᠤᠨ ᠲᠦᠷᠢᠮ︾ ᠢ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠮᠢᠶ᠎ᠠ ᠪᠦᠬᠦᠢ ᠢᠵᠢ ᠪᠦᠷᠢᠳᠦᠭᠰᠡᠨ | ᠲᠦᠷᠦ ᠶᠢᠨ ᠪᠤᠳᠤᠯᠭ᠎ᠠ ᠶᠢ ᠲᠡᠬᠦᠯᠳᠡᠷᠵᠢᠬᠦᠯᠵᠦ᠂ ᠬᠦᠮᠦᠨ ᠠᠮᠠ ᠪᠤᠯᠤᠨ ᠲᠦᠯᠦᠪᠯᠡᠬᠡᠳᠦ ᠦᠷᠡᠵᠢᠯ ᠤᠨ ᠲᠦᠷᠦ ᠶᠢᠨ | ᠪᠤᠳᠤᠯᠭ᠎ᠠ ᠶᠢ ᠤᠯᠤᠰ ᠤᠨ ᠬᠠᠤᠯᠢ ᠴᠠᠭᠠᠵᠠ ᠬᠠᠣᠯᠢ ᠲᠤᠬᠳᠠᠭᠠᠯ ᠲᠠᠢ ᠪᠦᠳᠦᠮᠵᠢᠳᠡᠢ ᠵᠣᠯᠭᠠᠬᠤ ᠶᠢ ᠦᠨᠡᠨᠬᠦ | ᠪᠠᠳᠤᠯᠠᠨ᠎ᠠ᠃ ᠡᠯ᠎ᠡ ᠠᠶᠢᠮᠠᠬ ᠬᠤᠳᠠ ᠲᠤᠰ ᠭᠠᠵᠠᠷ ᠤᠷᠤᠨ ᠤ ᠪᠠᠨ ᠬᠦᠮᠦᠨ ᠠᠮᠠ ᠶᠢᠨ ᠬᠦᠭᠵᠢᠯᠳᠡ ᠶᠢᠨ ᠪᠠᠶᠢᠳᠠᠯ᠂ | ᠲᠦᠯᠦᠪᠯᠡᠬᠡᠳᠦ ᠦᠷᠡᠵᠢᠯ ᠤᠨ ᠠᠵᠢᠯ ᠤᠨ ᠰᠠᠭᠤᠷᠢ ᠪᠤᠯᠤᠨ ᠲᠦᠷᠦ ᠶᠢᠨ ᠪᠤᠳᠤᠯᠭ᠎ᠠ ᠶᠢ ᠬᠡᠷᠡᠭᠵᠢᠬᠦᠯᠬᠦ | ᠲᠦᠭᠰᠢᠬᠦᠷᠢ ᠶᠢ ᠶᠡᠷᠦᠩᠬᠡᠶᠢᠯᠡᠨ ᠦᠨᠡᠯᠡᠨ ᠵᠢᠱᠢᠵᠦ᠂ ᠬᠡᠷᠡᠭᠵᠢᠬᠦᠯᠬᠦ ᠲᠦᠰᠦᠯ ᠢ ᠰᠢᠨᠵᠢᠯᠡᠬᠦ ᠤᠬᠠᠭᠠᠨᠴᠢ ᠪᠠᠷ | ᠲᠤᠬᠳᠠᠭᠠᠵᠤ᠂ ᠲᠦᠷᠦ ᠶᠢᠨ ᠪᠤᠳᠤᠯᠭ᠎ᠠ ᠶᠢ ᠲᠤᠬᠳᠠᠭᠤᠨ ᠢᠶᠠᠷ ᠨᠠᠶᠢᠳᠠᠪᠤᠷᠢᠵᠢᠭᠤᠯᠬᠤ᠂ ᠦᠷᠡᠵᠢᠯ ᠤᠨ ᠲᠦᠪᠰᠢᠨ | ᠶᠡᠭᠡ ᠬᠡᠮᠵᠢᠶ᠎ᠡ ᠪᠠᠷ ᠬᠡᠯᠪᠡᠯᠵᠡᠬᠦ ᠦᠬᠡᠢ ᠪᠠᠶᠢᠬᠤ ᠶᠢ ᠪᠠᠳᠤᠯᠠᠬᠤ ᠬᠡᠷᠡᠭᠳᠡᠢ᠃ ᠲᠦᠯᠦᠪᠯᠡᠬᠡᠳᠦ ᠦᠷᠡᠵᠢᠯ ᠤᠨ | ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ ᠶᠢ ᠡᠷᠦᠬᠡ ᠠᠮᠠ ᠤᠷᠤᠭᠤᠯᠬᠤ᠂ ᠬᠡᠦᠬᠡᠳ ᠰᠠᠭᠠᠳᠠᠭᠤᠯᠬᠤ | ᠭᠠᠵᠠᠷ ᠲᠤ ᠤᠷᠤᠬᠤ᠂ ᠰᠤᠷᠭᠠᠭᠤᠯᠢ ᠳᠤ ᠤᠷᠤᠬᠤ ᠵᠡᠷᠬᠡ ᠲᠠᠢ ᠬᠤᠯᠪᠤᠬᠤ ᠶᠢ ᠡᠷᠡᠰ ᠴᠠᠭᠠᠵᠠᠯᠠᠵᠤ᠂ ᠠᠷᠠᠳ ᠢᠷᠭᠡᠨ | ᠤ ᠬᠠᠤᠯᠢ ᠶᠤᠰᠤᠨ ᠤ ᠡᠷᠬᠡ ᠠᠰᠢᠬ ᠢ ᠦᠨᠡᠨᠬᠦ ᠬᠠᠮᠠᠭᠠᠯᠠᠨ᠎ᠠ᠃ | ︵ᠲᠤᠯᠤᠭ᠎ᠠ︶ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢᠨ ᠲᠦᠷᠢᠮ ᠳᠤ ᠦᠬᠡᠷᠡᠴᠢᠯᠡᠯᠳᠡ ᠬᠢᠨ᠎ᠡ᠃ | ᠦᠷᠡᠵᠢᠯ ᠢ ᠳᠠᠩᠰᠠᠯᠠᠨ ᠦᠢᠯᠡᠴᠢᠯᠡᠬᠦ ᠲᠦᠷᠢᠮ ᠢ ᠬᠡᠷᠡᠭᠵᠢᠭᠦᠯᠵᠦ᠂ ᠬᠤᠶᠠᠷ ᠬᠡᠦᠬᠡᠳ ᠠᠪᠬᠤ ᠶᠢ ᠬᠢᠨᠠᠨ | ᠵᠦᠪᠰᠢᠶᠡᠷᠡᠬᠦ ᠶᠢ ᠬᠦᠴᠦᠨ ᠦᠭᠡᠢ ᠪᠣᠯᠭᠠᠵᠣ᠂ ᠡᠷ᠎ᠡ ᠡᠮ᠎ᠡ ᠬᠤᠶᠠᠭᠤᠯᠠ ᠪᠠᠨ ᠦᠪᠡᠷ ᠢᠶᠠᠨ ᠡᠵᠡᠨ ᠮᠡᠳᠡᠵᠦ | ᠨᠢᠬᠡᠳᠦᠬᠡᠷ ᠬᠡᠦᠬᠡᠳ ᠪᠤᠯᠤᠨ ᠬᠤᠶᠠᠳᠤᠭᠠᠷ ᠬᠡᠦᠬᠡᠳ ᠢᠶᠠᠨ ᠠᠪᠬᠤ ᠶᠢ ᠲᠤᠬᠢᠷᠠᠭᠤᠯᠬᠤ ᠪᠣᠯᠭᠠᠨ᠎ᠠ᠃ ᠲᠠᠬᠢᠨ | ᠤᠷᠤᠬᠯᠠᠭᠰᠠᠨ ᠵᠡᠷᠬᠡ ᠪᠠᠶᠢᠳᠠᠯ ᠲᠤᠤᠷ᠎ᠠ ᠲᠠᠬᠢᠨ ᠬᠡᠦᠬᠡᠳ ᠠᠪᠬᠤ ᠬᠠᠮᠢᠶᠠᠷᠤᠯᠳᠠ ᠶᠢ ᠰᠠᠶᠢᠵᠢᠷᠠᠭᠤᠯᠤᠨ᠎ᠠ᠃ ᠲᠠᠬᠢᠨ | ᠬᠡᠦᠬᠡᠳ ᠠᠪᠬᠤ ᠶᠢ ᠬᠢᠨᠠᠨ ᠵᠦᠪᠰᠢᠶᠡᠷᠡᠬᠦ ᠡᠮᠬᠢ ᠳᠠᠷᠠᠭᠠᠯᠠᠯ ᠢ ᠰᠢᠯᠢᠳᠡᠭᠵᠢᠬᠦᠯᠦᠨ᠂ ᠨᠢᠬᠡ ᠦᠷᠳᠡᠬᠡᠴᠢᠯᠡᠭᠰᠡᠨ | ᠦᠢᠯᠡᠴᠢᠯᠡᠭᠡ ᠪᠤᠯᠤᠨ ᠠᠮᠠᠯᠠᠯᠳᠠ ᠶᠢᠨ ᠲᠦᠷᠢᠮ ᠢ ᠳᠡᠯᠭᠡᠷᠡᠭᠦᠯᠦᠨ ᠬᠡᠷᠡᠭᠵᠢᠭᠦᠯᠵᠦ᠂ ᠬᠤᠭᠤᠴᠠᠭ᠎ᠠ ᠬᠢᠵᠠᠭᠠᠷᠯᠠᠨ | ᠰᠢᠢᠳᠪᠦᠷᠢᠯᠡᠨ ᠳᠠᠭᠤᠰᠬᠠᠬᠤ ᠶᠢ ᠬᠡᠷᠡᠭᠵᠢᠭᠦᠯᠦᠨ᠎ᠡ᠃ ᠰᠦᠯᠵᠢᠶᠡᠨ ᠲᠡᠭᠡᠷ᠎ᠠ ᠠᠵᠢᠯ ᠡᠷᠬᠢᠯᠡᠬᠦ ᠶᠢ ᠪᠦᠬᠦ ᠲᠠᠯ᠎ᠠ ᠪᠠᠷ | ᠬᠡᠷᠡᠭᠵᠢᠭᠦᠯᠵᠦ᠂ ᠭᠠᠷ ᠬᠦᠢᠴᠡᠳᠬᠡᠯ ᠢ ᠲᠦᠬᠦᠮᠴᠢᠯᠡᠨ᠂ ᠦᠢᠯᠡᠴᠢᠯᠡᠬᠡᠨ ᠤ ᠦᠷ᠎ᠡ ᠠᠰᠢᠭ ᠢ ᠲᠡᠭᠡᠭᠰᠢᠯᠡᠬᠦᠯᠦᠨ᠎ᠡ᠃ | ᠦᠷᠡᠵᠢᠯ ᠤᠨ ᠦᠢᠯᠡᠴᠢᠯᠡᠬᠡᠨ ᠤ ᠦᠨᠡᠮᠯᠡᠯ᠂ ᠡᠬᠡ ᠨᠢᠯᠬᠠᠰ ᠤᠨ ᠡᠷᠡᠬᠦᠯ ᠴᠢᠬᠢᠷᠠᠭ ᠤᠨ ᠭᠠᠷ ᠠᠪᠣᠯᠭ᠎ᠠ ᠪᠤᠯᠤᠨ | ᠬᠡᠦᠬᠡᠳ ᠤᠨ ᠰᠡᠷᠬᠡᠶᠢᠯᠡᠯᠳᠡ ᠶᠢᠨ ᠲᠠᠷᠢᠯᠭ᠎ᠠ ᠶᠢᠨ ᠦᠨᠡᠮᠯᠡᠯ ᠵᠡᠷᠬᠡ ᠦᠨᠡᠮᠯᠡᠯ ᠢ ᠨᠢᠬᠡᠳᠬᠡᠬᠦ ᠶᠢ ᠠᠬᠢᠭᠤᠯᠤᠨ᠂ ︽ | ᠤᠯᠠᠨ ᠦᠨᠡᠮᠯᠡᠯ ᠢ ᠨᠢᠬᠡᠳᠬᠡᠵᠦ︾᠂ ᠨᠢᠭᠡᠯᠡ ᠳᠡᠭᠡᠷ᠎ᠡ ᠠᠪᠬᠤ ᠪᠣᠯᠭᠠᠨ᠎ᠠ᠃ ᠦᠨᠡᠨᠴᠢ ᠢᠳᠡᠭᠡᠮᠵᠢ ᠲᠠᠢ | ᠲᠦᠯᠦᠪᠯᠡᠭᠡᠳᠦ ᠦᠷᠡᠵᠢᠯ ᠤᠨ ᠠᠵᠢᠯᠯᠠᠭ᠎ᠠ ᠶᠢ ᠬᠦᠨᠵᠡᠬᠡᠢ ᠦᠷᠨᠢᠬᠦᠯᠦᠨ᠎ᠡ᠃ ᠬᠠᠥᠯᠢ ᠲᠤᠭᠲᠠᠭᠠᠯ ᠶᠤᠰᠤᠭᠠᠷ ᠲᠦᠷᠦ | ᠶᠢᠨ ᠪᠤᠳᠤᠯᠭ᠎ᠠ ᠠᠴᠠ ᠭᠠᠳᠠᠭᠤᠷ ᠤᠯᠠᠨ ᠬᠡᠥᠬᠡᠳ ᠠᠪᠬᠤ ᠶᠢ ᠪᠠᠶᠢᠴᠠᠭᠠᠨ ᠰᠢᠢᠳᠪᠦᠷᠢᠯᠡᠨ᠎ᠡ᠃ | ︵ᠨᠠᠢᠮᠠ︶ ᠲᠦᠷᠦᠬᠦ ᠬᠦᠮᠦᠨ ᠠᠮᠠ ᠶᠢ ᠬᠢᠨᠡᠨ ᠬᠡᠮᠵᠢᠬᠦ ᠤᠷᠢᠳᠴᠢᠯᠠᠨ ᠵᠢᠱᠢᠬᠦ ᠲᠤᠬᠲᠠᠴᠠ ᠶᠢ | ᠳᠡᠬᠦᠯᠳᠡᠷᠵᠢᠬᠦᠯᠦᠨ᠎ᠡ᠃ ᠦᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠤᠭᠤᠷᠢᠭ︶᠂ ᠰᠤᠮᠤ ᠰᠢᠶᠠᠩ ᠪᠠᠯᠭᠠᠰᠦ ︵ᠵᠡᠭᠡᠯᠢ ᠭᠤᠲᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ | ᠲᠠᠪᠤᠨ ᠱᠠᠳᠣᠨ ᠤ ᠲᠦᠷᠦᠬᠦ ᠬᠦᠮᠦᠨ ᠠᠮᠠ ᠶᠢ ᠬᠢᠨᠠᠨ ᠬᠡᠮᠵᠢᠬᠦ ᠲᠤᠤᠷ ᠢ ᠲᠡᠭᠦᠯᠳᠡᠷᠵᠢᠬᠦᠯᠵᠦ᠂ ᠲᠦᠷᠦᠬᠦ ᠬᠦᠮᠦᠨ | ᠠᠮᠠ ᠶᠢ ᠬᠢᠨᠠᠨ ᠬᠡᠮᠵᠢᠬᠦ ᠪᠤᠯᠤᠨ ᠤᠷᠢᠳᠴᠢᠯᠡᠨ ᠵᠢᠱᠢᠬᠦ ᠲᠤᠬᠲᠠᠴᠠ ᠶᠢ ᠪᠠᠶᠢᠭᠤᠯᠤᠨ᠎ᠠ᠃ ᠬᠦᠮᠦᠨ ᠠᠮᠠ | ᠬᠤᠪᠢᠷᠠᠯᠲᠠ ᠶᠢᠨ ᠪᠠᠶᠢᠳᠠᠯ ᠪᠤᠯᠤᠨ ᠦᠷᠡᠵᠢᠬᠦ ᠡᠷᠡᠮᠡᠯᠵᠡᠯ ᠤᠨ ᠪᠠᠶᠢᠳᠠᠯ ᠢ ᠤᠶᠢᠯᠠᠭᠠᠬᠤ ᠪᠠᠶᠢᠴᠠᠭᠠᠯᠲᠠ ᠦᠷᠨᠢᠬᠦᠯᠵᠦ | ᠂ ᠬᠦᠮᠦᠨ ᠠᠮᠠ ᠪᠤᠯᠤᠨ ᠲᠦᠯᠦᠪᠯᠡᠭᠡᠳᠦ ᠦᠷᠡᠵᠢᠯ ᠤᠨ ᠪᠠᠶᠢᠳᠠᠯ ᠢ ᠵᠠᠳᠠᠯᠬᠤ ᠶᠢ ᠴᠢᠩᠭᠠᠳᠬᠠᠵᠦ᠂ ᠰᠢᠨᠵᠢᠯᠡᠬᠦ | ᠤᠬᠠᠭᠠᠨᠴᠢ ᠪᠠᠷ ᠲᠦᠷᠦᠬᠦ ᠬᠦᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠤᠷᠢᠳᠴᠢᠯᠠᠨ ᠬᠡᠮᠵᠢᠵᠦ᠂ ᠲᠦᠷᠦ | ᠶᠢᠨ ᠪᠤᠳᠤᠯᠭ᠎ᠠ ᠶᠢ ᠨᠦᠬᠡᠴᠡᠯᠡᠬᠦ ᠶᠢ ᠰᠠᠶᠢᠲᠤᠷ ᠬᠢᠨ᠎ᠡ᠃ ᠲᠦᠯᠦᠪᠯᠡᠬᠡᠳᠦ ᠦᠷᠡᠵᠢᠯ ᠤᠨ ᠮᠡᠳᠡᠭᠡ ᠵᠠᠩᠬᠢᠵᠢᠯᠲᠠ ᠶᠢᠨ | ᠪᠠᠶᠢᠭᠤᠯᠤᠯᠲᠠ ᠶᠢ ᠠᠬᠢᠭᠤᠯᠬᠤ ᠶᠢ ᠲᠦᠷᠭᠡᠳᠬᠡᠵᠦ᠂ ᠬᠦᠩᠬᠡᠵᠢᠬᠦ ᠶᠢ ᠲᠠᠩᠰᠠᠯᠠᠬᠤ᠂ ᠵᠢᠷᠮᠤᠰᠤᠯᠡᠭᠰᠡᠨ ᠬᠤᠭᠤᠴᠠᠭᠠᠨ | ᠤ ᠡᠷᠡᠬᠦᠯᠵᠢᠯ᠂ ᠡᠮᠨᠡᠯᠭᠡ ᠳᠤ ᠰᠠᠭᠤᠨ ᠬᠦᠩᠬᠡᠵᠢᠬᠦ᠂ ᠬᠦᠩᠭᠡᠵᠢᠭᠰᠡᠨ ᠡᠮᠨᠡᠯᠭᠡ ᠶᠢᠨ ᠤᠬᠠᠭᠠᠨ ᠤ ᠬᠡᠷᠡᠴᠢ᠂ | ᠬᠡᠥᠬᠡᠳ ᠤᠨ ᠰᠡᠷᠭᠡᠶᠢᠯᠡᠯᠳᠡ ᠶᠢᠨ ᠲᠠᠷᠢᠯᠭ᠎ᠠ ᠵᠡᠷᠭᠡ ᠮᠡᠳᠡᠭᠡ ᠵᠠᠩᠬᠢ ᠶᠢᠨ ᠬᠤᠯᠪᠤᠯᠳᠠᠨ ᠨᠡᠪᠲᠡᠷᠡᠯᠴᠡᠬᠦ ᠶᠢ | ᠪᠡᠶᠡᠯᠡᠬᠦᠯᠵᠦ᠂ ᠡᠷᠦᠬᠡ ᠠᠮᠠ ᠶᠢᠨ ᠳᠠᠩᠰᠠ ᠶᠢᠨ ᠬᠠᠮᠢᠶᠠᠷᠤᠯᠲᠠ᠂ ᠬᠦᠮᠦᠨ ᠠᠮᠠ ᠶᠢᠨ ᠡᠷᠡᠬᠦᠯ ᠴᠢᠬᠢᠷᠠᠭ᠂ ᠨᠡᠶᠢᠭᠡᠮ | ᠤᠨ ᠪᠠᠲᠤᠯᠠᠪᠤᠷᠢ᠂ ᠤᠷᠤᠭ ᠬᠤᠷᠢᠮ᠂ ᠰᠤᠷᠭᠠᠨ ᠬᠦᠮᠦᠵᠢᠯ ᠵᠡᠷᠭᠡ ᠮᠡᠳᠡᠭᠡ ᠵᠠᠩᠬᠢ ᠶᠢ ᠬᠠᠮᠲᠤᠪᠡᠷ ᠬᠦᠷᠲᠡᠬᠦ ᠶᠢ | ᠪᠡᠶᠡᠯᠡᠬᠦᠯᠦᠨ᠎ᠡ᠃ | ︵ᠶᠢᠰᠦ︶ ᠤᠯᠠᠨ ᠨᠡᠶᠢᠲᠡ ᠶᠢᠨ ᠦᠢᠯᠡᠴᠢᠯᠡᠭᠡ ᠶᠢᠨ ᠡᠬᠢ ᠪᠠᠶᠠᠯᠢᠭ ᠤᠨ ᠲᠤᠬᠢᠷᠠᠭᠤᠯᠤᠯᠲᠠ ᠶᠢ | ᠰᠢᠯᠢᠳᠡᠭᠵᠢᠬᠦᠯᠦᠨ᠎ᠡ᠃ ᠡᠬᠡ ᠨᠢᠯᠬᠠᠰ ᠤᠨ ᠡᠷᠡᠬᠦᠯᠵᠢᠯ ᠪᠤᠯᠤᠨ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠶᠢᠨ | ᠰᠢᠰᠲ᠋ᠧᠮᠵᠢ ᠶᠢ ᠲᠡᠬᠦᠯᠳᠡᠷᠵᠢᠬᠦᠯᠵᠦ᠂ ᠬᠡᠥᠬᠡᠳ ᠤᠨ ᠡᠮᠨᠡᠯᠭᠡ ᠶᠢᠨ ᠬᠤᠷᠢᠶ᠎ᠠ᠂ ᠬᠦᠩᠬᠡᠵᠢᠬᠦᠯᠬᠦ ᠰᠠᠯᠠᠭ᠎ᠠ ᠶᠢᠨ | ᠡᠮᠨᠡᠯᠭᠡ ᠶᠢᠨ ᠬᠤᠷᠢᠶ᠎ᠠ ᠵᠢᠴᠢ ᠶᠡᠷᠦᠩᠬᠡᠶᠢᠯᠡᠭᠰᠡᠨ ᠡᠮᠨᠡᠯᠭᠡ ᠶᠢᠨ ᠬᠤᠷᠢᠶ᠎ᠠ᠂ ᠮᠤᠩᠭᠤᠯ ᠡᠮᠨᠡᠯᠭᠡ ᠬᠢᠲᠡᠳ ᠡᠮᠨᠡᠯᠭᠡ ᠶᠢᠨ | ᠬᠤᠷᠢᠶᠠᠨ ᠤ ᠬᠦᠩᠬᠡᠵᠢᠭᠦᠯᠬᠦ ᠰᠠᠯᠠᠭ᠎ᠠ᠂ ᠬᠡᠥᠬᠡᠳ ᠤᠨ ᠰᠠᠯᠠᠭ᠎ᠠ ᠶᠢᠨ ᠪᠠᠶᠢᠭᠤᠯᠤᠯᠲᠠ ᠶᠢ ᠴᠢᠩᠭᠠᠳᠬᠠᠵᠦ᠂ | ᠬᠦᠩᠬᠡᠵᠢᠭᠦᠯᠬᠦ ᠰᠠᠯᠠᠭ᠎ᠠ᠂ ᠬᠡᠥᠬᠡᠳ ᠤᠨ ᠰᠠᠯᠠᠭ᠎ᠠ ᠶᠢᠨ ᠤᠷᠤ ᠶᠢ ᠵᠣᠬᠢᠰᠳᠠᠢ ᠨᠡᠮᠡᠭᠳᠡᠬᠦᠯᠵᠦ᠂ ᠰᠢᠨ᠎ᠡ ᠪᠠᠷ | ᠨᠡᠮᠡᠭᠳᠡᠭᠰᠡᠨ ᠤᠯᠠᠨ ᠨᠡᠶᠢᠲᠡ ᠶᠢᠨ ᠡᠷᠡᠬᠦᠯ ᠬᠠᠮᠠᠭᠠᠯᠠᠯ ᠤᠨ ᠦᠢᠯᠡᠴᠢᠯᠡᠭᠡ ᠶᠢᠨ ᠬᠡᠷᠡᠭᠴᠡᠭᠡ ᠶᠢ ᠬᠠᠩᠭᠠᠨ᠎ᠠ᠃ | ᠬᠦᠮᠦᠨ ᠠᠮᠠ ᠶᠢᠨ ᠬᠤᠪᠢᠷᠠᠯᠲᠠ ᠶᠢᠨ ᠪᠠᠶᠢᠳᠠᠯ ᠢ ᠦᠨᠳᠦᠰᠦᠯᠡᠵᠦ᠂ ᠨᠡᠶᠢᠬᠡᠮ ᠤᠨ ᠪᠠᠲᠤᠯᠠᠪᠤᠷᠢ᠂ ᠰᠤᠷᠭᠠᠭᠤᠯᠢ ᠶᠢᠨ | ᠨᠠᠰᠣᠨ ᠠᠴᠠ ᠡᠮᠦᠨᠡᠬᠢ ᠪᠤᠯᠤᠨ ᠳᠤᠮᠳᠠᠳᠦ ᠪᠠᠭ᠎ᠠ ᠰᠤᠷᠭᠠᠭᠤᠯᠢ ᠶᠢᠨ ᠰᠤᠷᠭᠠᠨ ᠬᠦᠮᠦᠵᠢᠯ ᠤᠨ ᠡᠬᠢ ᠪᠠᠶᠠᠯᠢᠭ ᠢ | ᠵᠤᠬᠢᠰᠲᠠᠢ ᠲᠦᠯᠦᠪᠵᠢᠬᠦᠯᠦᠨ ᠲᠤᠬᠢᠷᠠᠭᠤᠯᠤᠨ᠎ᠠ᠃ ᠨᠡᠶᠢᠭᠡᠮ ᠤᠨ ᠬᠦᠴᠦᠨ ᠢ ᠵᠢᠯᠤᠭᠤᠳᠬᠤ ᠪᠤᠯᠤᠨ | ᠵᠤᠷᠢᠬᠵᠢᠭᠤᠯᠵᠦ ᠪᠠᠶᠢᠭᠠᠳ᠂ ᠲᠦᠭᠡᠮᠡᠯ ᠬᠠᠷᠠᠭᠠᠯᠵᠠᠯᠳᠦ ᠨᠢᠯᠬ᠎ᠠ ᠨᠢᠷᠠᠢ ᠬᠡᠥᠬᠡᠳ ᠢ ᠨᠠᠶᠢᠲᠠᠨ ᠬᠠᠮᠢᠶᠠᠷᠤᠭᠤᠯᠬᠤ | ᠲᠦᠪ᠂ ᠬᠡᠥᠬᠡᠳ ᠤᠨ ᠴᠡᠴᠡᠷᠯᠢᠭ ᠪᠤᠯᠤᠨ ᠠᠰᠢᠭ ᠦᠯᠦ ᠣᠯᠬᠤ ᠴᠢᠨᠠᠷᠲᠠᠢ ᠡᠮᠡᠭᠲᠡᠶᠢᠴᠤᠳ ᠬᠡᠥᠬᠡᠳ ᠤᠨ ᠡᠮᠨᠡᠯᠭᠡ | ᠶᠢᠨ ᠬᠤᠷᠢᠶ᠎ᠠ ᠵᠡᠷᠭᠡ ᠦᠢᠯᠡᠴᠢᠯᠡᠭᠡᠨ ᠤ ᠪᠠᠶᠢᠭᠤᠯᠤᠮᠵᠢ ᠪᠠᠶᠢᠭᠤᠯᠤᠨ᠎ᠠ᠃ | ᠲᠦᠷᠪᠡ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ ᠬᠠᠮᠢᠶᠠᠷᠤᠯᠳᠠ ᠶᠢᠨ ᠲᠦᠪᠰᠢᠨ ᠢ ᠶᠡᠬᠡᠪᠡᠷ | ᠲᠡᠭᠡᠭᠰᠢᠯᠡᠭᠦᠯᠦᠨ᠎ᠡ | ︵ᠠᠷᠪᠠ︶ ᠡᠮᠡᠭᠳᠡᠶᠢᠴᠤᠳ ᠨᠢᠯᠬᠠᠰ ᠤᠨ ᠡᠷᠡᠭᠦᠯ ᠮᠡᠨᠳᠦ ᠶᠢᠨ ᠲᠦᠯᠦᠪᠯᠡᠭᠡᠳᠦ ᠦᠷᠡᠵᠢᠯ ᠤᠨ | ᠦᠢᠯᠡᠴᠢᠯᠡᠭᠡᠨ ᠢ ᠴᠢᠩᠭᠠᠳᠬᠠᠨ᠎ᠠ᠃ ᠰᠢᠯᠢᠳᠡᠭ ᠲᠦᠷᠦᠵᠦ ᠰᠢᠯᠢᠳᠡᠭ ᠪᠤᠶᠢᠵᠢᠭᠤᠯᠬᠤ ᠪᠦᠬᠦ ᠶᠠᠪᠤᠴᠠ ᠶᠢᠨ | ᠦᠢᠯᠡᠴᠢᠯᠡᠭᠡᠨ ᠢ ᠲᠦᠯᠬᠢᠨ ᠠᠬᠢᠭᠤᠯᠵᠤ᠂ ᠵᠢᠷᠮᠦᠰᠦᠯᠡᠬᠦ ᠠᠴᠠ ᠡᠮᠦᠨᠡᠬᠢ ᠰᠢᠯᠢᠳᠡᠭ ᠲᠦᠷᠦᠬᠦ ᠡᠷᠡᠭᠦᠯ ᠮᠡᠨᠳᠦ ᠶᠢᠨ | ᠪᠠᠶᠢᠴᠠᠭᠠᠯᠳᠠ ᠶᠢ ᠨᠠᠶᠢᠳᠠᠪᠤᠷᠢᠵᠢᠭᠤᠯᠵᠤ᠂ ᠵᠢᠷᠮᠦᠰᠦᠯᠡᠵᠦ ᠬᠦᠩᠬᠡᠵᠢᠬᠦ ᠬᠤᠭᠤᠴᠠᠭᠠᠨ ᠤ ᠡᠷᠡᠭᠦᠯᠵᠢᠯ ᠤᠨ | ᠦᠢᠯᠡᠴᠢᠯᠡᠭᠡᠨ ᠪᠤᠯᠤᠨ ᠲᠦᠷᠦᠯᠬᠢ ᠵᠡᠮᠳᠡᠭ ᠢ ᠶᠡᠷᠦᠩᠬᠡᠶᠢᠯᠡᠭᠰᠡᠨ ᠰᠡᠷᠭᠡᠶᠢᠯᠡᠨ ᠵᠠᠰᠠᠬᠤ ᠶᠢ ᠴᠢᠩᠭᠠᠳᠬᠠᠵᠤ᠂ | ᠲᠦᠷᠦᠭᠰᠡᠨ ᠬᠦᠮᠦᠨ ᠠᠮᠠ ᠶᠢᠨ ᠬᠡᠪ ᠴᠢᠨᠠᠷ ᠢ ᠲᠡᠭᠡᠭᠰᠢᠯᠡᠭᠦᠯᠦᠨ᠎ᠡ᠃ ᠡᠮᠡᠭᠳᠡᠶᠢᠴᠤᠳ ᠨᠢᠯᠬᠠᠰ ᠤᠨ ᠡᠷᠡᠭᠦᠯᠵᠢᠯ ᠤᠨ | ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠠᠷᠢᠮᠵᠢᠶᠠᠵᠢᠯ ᠤᠨ ᠪᠠᠶᠢᠭᠤᠯᠤᠯᠳᠠ ᠪᠤᠯᠤᠨ | ᠵᠢᠷᠤᠮᠵᠢᠯ ᠤᠨ ᠬᠠᠮᠢᠶᠠᠷᠤᠯᠳᠠ ᠶᠢ ᠲᠦᠯᠬᠢᠨ ᠠᠬᠢᠭᠤᠯᠵᠤ᠂ ᠵᠢᠷᠮᠦᠰᠦᠯᠡᠵᠦ ᠬᠦᠩᠭᠡᠵᠢᠬᠦ ᠡᠮᠡᠭᠳᠡᠶᠢᠴᠤᠳ ᠪᠤᠯᠤᠨ | ᠰᠢᠨ᠎ᠡ ᠲᠦᠷᠦᠭᠰᠡᠨ ᠬᠡᠦᠬᠡᠳ ᠤᠨ ᠠᠶᠤᠯ ᠲᠠᠢ ᠲᠦᠷᠭᠡᠨ ᠬᠦᠨᠳᠦ ᠡᠪᠡᠳᠴᠢᠳᠡᠨ ᠢ ᠠᠪᠤᠷᠠᠨ ᠵᠠᠰᠠᠬᠤ ᠴᠢᠳᠠᠪᠤᠷᠢ | ᠶᠢᠨ ᠪᠠᠶᠢᠭᠤᠯᠤᠯᠳᠠ ᠶᠢ ᠴᠢᠩᠭᠠᠳᠬᠠᠵᠤ᠂ ᠵᠢᠷᠮᠦᠰᠦᠯᠡᠵᠦ ᠬᠦᠩᠭᠡᠵᠢᠬᠦ ᠡᠮᠡᠭᠳᠡᠶᠢᠴᠤᠳ ᠪᠤᠯᠤᠨ ᠰᠢᠨ᠎ᠡ ᠲᠦᠷᠦᠭᠰᠡᠨ | ᠬᠡᠦᠬᠡᠳ ᠤᠨ ᠪᠠᠴᠢᠮ ᠠᠪᠤᠷᠠᠵᠤ ᠰᠢᠯᠵᠢᠭᠦᠯᠦᠨ ᠡᠮᠨᠡᠬᠦ ᠰᠦᠯᠵᠢᠶ᠎ᠡ ᠶᠢᠨ ᠬᠠᠮᠢᠶᠠᠷᠤᠯᠳᠠ ᠶᠢᠨ ᠵᠢᠷᠤᠮᠵᠢᠯ ᠵᠡᠷᠭᠡ | ᠲᠦᠭᠦᠷᠵᠢᠭᠰᠡᠨ ᠠᠷᠭ᠎ᠠ ᠬᠡᠮᠵᠢᠶ᠎ᠡ ᠶᠢ ᠲᠤᠭᠳᠠᠭᠠᠨ᠎ᠠ᠃ | ᠮᠤᠩᠭᠤᠯ ᠡᠮᠨᠡᠯᠭᠡ᠂ ᠬᠢᠳᠠᠳ ᠡᠮᠨᠡᠯᠭᠡ ᠶᠢᠨ ᠡᠮᠡᠭᠳᠡᠶᠢᠴᠤᠳ ᠨᠢᠯᠬᠠᠰ ᠤᠨ ᠡᠷᠡᠭᠦᠯ ᠮᠡᠨᠳᠦ ᠶᠢᠨ | ᠦᠢᠯᠡᠴᠢᠯᠡᠭᠡᠨ ᠤ ᠲᠠᠯ᠎ᠠ ᠪᠠᠷ ᠬᠢ ᠡᠳᠡᠭᠡᠳ ᠲᠠᠪᠠᠭᠤᠯᠢᠭ ᠢ ᠪᠠᠳᠠᠷᠠᠭᠤᠯᠵᠤ᠂ ᠮᠤᠩᠭᠤᠯ ᠡᠮᠨᠡᠯᠭᠡ᠂ ᠬᠢᠳᠠᠳ ᠡᠮᠨᠡᠯᠭᠡ | ᠶᠢᠨ ᠦᠢᠯᠡᠴᠢᠯᠡᠭᠡᠨ ᠤ ᠠᠭᠤᠯᠭ᠎ᠠ ᠪᠤᠯᠤᠨ ᠦᠢᠯᠡᠴᠢᠯᠡᠭᠡᠨ ᠤ ᠪᠦᠳᠦᠭᠡᠭᠳᠡᠭᠦᠨ ᠢ ᠪᠠᠶᠠᠯᠢᠬᠵᠢᠭᠤᠯᠵᠤ᠂ ᠮᠤᠩᠭᠤᠯ | ᠡᠮᠨᠡᠯᠭᠡ᠂ ᠬᠢᠳᠠᠳ ᠡᠮᠨᠡᠯᠭᠡ ᠶᠢᠨ ᠠᠯᠤᠰ ᠡᠵᠡᠮᠰᠢᠯ ᠤᠨ ᠡᠮᠨᠡᠨ ᠵᠠᠰᠠᠬᠤ ᠲᠠᠪᠴᠠᠩ ᠢ ᠲᠦᠷᠭᠡᠳᠭᠡᠨ ᠪᠠᠶᠢᠭᠤᠯᠤᠨ᠎ᠠ᠃ | ᠲᠡᠭᠡᠳᠦ ᠵᠡᠷᠭᠡ ᠶᠢᠨ ᠡᠮᠨᠡᠯᠭᠡ ᠶᠢᠨ ᠲᠡᠭᠡᠳᠦ ᠰᠤᠷᠭᠠᠭᠤᠯᠢ ᠨᠤᠭᠤᠳ ᠬᠡᠦᠬᠡᠳ ᠪᠠᠭᠠᠴᠤᠳ ᠤᠨ ᠠᠨᠠᠭᠠᠬᠤ | ᠤᠬᠠᠭᠠᠨ ᠤ ᠬᠤᠯᠪᠤᠭᠳᠠᠯ ᠪᠦᠬᠦᠢ ᠲᠤᠰᠬᠠᠢ ᠮᠡᠷᠭᠡᠵᠢᠯ ᠢ ᠨᠡᠭᠡᠭᠡᠬᠦ ᠶᠢ ᠵᠤᠷᠢᠬᠵᠢᠭᠤᠯᠵᠤ᠂ ᠰᠤᠷᠤᠭᠴᠢ ᠡᠯᠰᠡᠭᠦ | ᠲᠦᠯᠦᠪᠯᠡᠭᠡ ᠶᠢ ᠵᠤᠬᠢᠰᠳᠠᠢ ᠲᠤᠬᠢᠷᠠᠭᠤᠯᠤᠨ᠂ ᠬᠦᠩᠭᠡᠵᠢᠭᠦᠯᠭᠦ ᠰᠠᠯᠠᠭ᠎ᠠ ᠪᠤᠯᠤᠨ ᠬᠡᠦᠭᠡᠳ ᠤᠨ ᠰᠠᠯᠠᠭ᠎ᠠ ᠶᠢᠨ ᠡᠮᠴᠢ᠂ | ᠬᠠᠪᠰᠤᠷᠤᠭᠴᠢ ᠬᠦᠩᠭᠡᠵᠢᠭᠦᠯᠦᠭᠴᠢ ᠵᠡᠷᠭᠡ ᠴᠢᠳᠠᠪᠤᠷᠢᠳᠠᠨ ᠢ ᠲᠦᠷᠭᠡᠳᠭᠡᠨ ᠬᠦᠮᠦᠵᠢᠭᠦᠯᠦᠨ᠎ᠡ᠃ ᠬᠦᠩᠭᠡᠵᠢᠭᠦᠯᠭᠦ | ᠰᠠᠯᠠᠭ᠎ᠠ ᠪᠤᠯᠤᠨ ᠬᠡᠦᠭᠡᠳ ᠤᠨ ᠰᠠᠯᠠᠭ᠎ᠠ ᠶᠢᠨ ᠡᠮᠴᠢ᠂ ᠬᠠᠪᠰᠤᠷᠤᠭᠴᠢ ᠬᠦᠩᠭᠡᠵᠢᠭᠦᠯᠦᠭᠴᠢ ᠶᠢ ᠠᠵᠢᠯ ᠤᠨ ᠪᠠᠶᠢᠷᠢ | ᠪᠤᠯᠤᠨ ᠠᠵᠢᠯ ᠤᠨ ᠪᠠᠶᠢᠷᠢ ᠠᠴᠠ ᠨᠢ ᠰᠢᠯᠵᠢᠭᠦᠯᠦᠨ ᠪᠤᠯᠪᠠᠰᠤᠷᠠᠭᠤᠯᠬᠤ ᠠᠵᠢᠯ ᠢ ᠰᠠᠶᠢᠳᠤᠷ ᠬᠢᠨ᠎ᠡ᠃ ᠡᠮ ᠡᠮᠨᠡᠯᠭᠡ | ᠡᠷᠡᠭᠦᠯᠵᠢᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠦᠩᠭᠡᠵᠢᠭᠦᠯᠭᠦ ᠰᠠᠯᠠᠭ᠎ᠠ ᠪᠤᠯᠤᠨ ᠬᠡᠦᠭᠡᠳ ᠤᠨ ᠰᠠᠯᠠᠭ᠎ᠠ | ᠶᠢᠨ ᠡᠮᠴᠢ ᠶᠢ ᠬᠢᠨᠠᠨ ᠰᠢᠯᠭᠠᠵᠤ ᠡᠯᠰᠡᠨ ᠠᠪᠬᠤ ᠡᠵᠡᠨ ᠮᠡᠳᠡᠬᠦ ᠡᠷᠭᠡ ᠶᠢ ᠦᠷᠭᠡᠳᠭᠡᠨ᠎ᠡ᠃ ᠡᠮᠡᠭᠳᠡᠶᠢᠴᠤᠳ | ᠨᠢᠯᠬᠠᠰ ᠤᠨ ᠡᠷᠡᠭᠦᠯᠵᠢᠯ ᠪᠤᠯᠤᠨ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠨ ᠤ ᠦᠨ᠎ᠡ ᠬᠠᠩᠰᠢ ᠶᠢ ᠵᠤᠬᠢᠰᠳᠠᠢ | ᠲᠤᠭᠳᠠᠭᠠᠨ᠂ ᠬᠦᠩᠭᠡᠵᠢᠭᠦᠯᠭᠦ ᠰᠠᠯᠠᠭ᠎ᠠ ᠪᠤᠯᠤᠨ ᠬᠡᠦᠭᠡᠳ ᠤᠨ ᠰᠠᠯᠠᠭ᠎ᠠ᠂ ᠡᠮᠡᠭᠳᠡᠶᠢᠴᠤᠳ ᠨᠢᠯᠬᠠᠰ ᠤᠨ ᠡᠷᠡᠭᠦᠯᠵᠢᠯ | ᠤᠨ ᠦᠢᠯᠡᠴᠢᠯᠡᠭᠡᠨ ᠤ ᠴᠢᠳᠠᠪᠤᠷᠢᠳᠠᠨ ᠦᠭᠡᠳᠡ ᠬᠡᠯᠪᠡᠶᠢᠭᠰᠡᠨ ᠴᠠᠯᠢᠩ ᠤᠨ ᠬᠤᠪᠢᠶᠠᠷᠢᠯᠠᠯᠳᠠ ᠶᠢᠨ ᠲᠤᠭᠳᠠᠴᠠ ᠶᠢ | ᠪᠠᠶᠢᠭᠤᠯᠤᠨ᠎ᠠ᠃ ᠭᠡᠷ ᠪᠦᠯᠢ ᠶᠢᠨ ᠡᠮᠴᠢ ᠶᠢᠨ ᠭᠠᠷ ᠤᠨ ᠦᠰᠦᠭ ᠵᠢᠷᠤᠨ ᠪᠤᠯᠵᠤᠨ ᠦᠢᠯᠡᠴᠢᠯᠡᠬᠦ ᠬᠡᠪ ᠵᠠᠬᠪᠤᠷ ᠢ | ᠲᠡᠯᠭᠡᠷᠡᠭᠦᠯᠵᠦ᠂ ᠲᠦᠯᠦᠪᠯᠡᠭᠡᠳᠦ ᠦᠷᠡᠵᠢᠯ ᠤᠨ ᠭᠡᠷ ᠪᠦᠯᠢ ᠳᠤ ᠴᠠᠭ ᠲᠤᠬᠠᠢ ᠳᠤᠨᠢ᠂ ᠲᠤᠬᠢᠷᠠᠮᠵᠢᠳᠠᠢ ᠡᠷᠡᠭᠦᠯ | ᠮᠡᠨᠳᠦ ᠶᠢᠨ ᠦᠢᠯᠡᠴᠢᠯᠡᠭᠡᠨ ᠢ ᠤᠷᠢᠳᠠᠪᠠᠷ ᠬᠠᠩᠭᠠᠨ᠎ᠠ᠃ ᠵᠢᠷᠮᠦᠰᠦᠯᠡᠬᠦ ᠶᠢ ᠬᠤᠷᠢᠬᠯᠠᠨ ᠦᠷᠡᠵᠢᠯ ᠢ ᠲᠠᠰᠤᠯᠬᠤ | ᠪᠠᠶᠢᠳᠠᠯ ᠢ ᠮᠡᠳᠡᠬᠦ ᠰᠤᠩᠭᠤᠯᠳᠠ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠬᠦᠩᠭᠡᠵᠢᠬᠦ ᠨᠠᠰᠤᠨ ᠤ ᠬᠦᠮᠦᠰ ᠲᠤ | ᠠᠮᠤᠷ ᠲᠦᠪᠰᠢᠨ᠂ ᠪᠦᠳᠦᠮᠵᠢᠳᠡᠢ᠂ ᠲᠤᠬᠢᠷᠠᠮᠵᠢᠳᠠᠢ ᠵᠢᠷᠮᠦᠰᠦᠯᠡᠬᠦ ᠶᠢ ᠬᠤᠷᠢᠬᠯᠠᠬᠤ ᠦᠢᠯᠡᠴᠢᠯᠡᠭᠡᠨ ᠢ ᠬᠠᠩᠭᠠᠵᠤ᠂ | ᠦᠢᠯᠡᠴᠢᠯᠡᠭᠡᠨ ᠤ ᠭᠤᠤᠯᠴᠢ ᠴᠢᠨᠠᠷ ᠪᠤᠯᠤᠨ ᠪᠦᠳᠦᠮᠵᠢᠳᠦ ᠴᠢᠨᠠᠷ ᠢ ᠲᠡᠭᠡᠭᠰᠢᠯᠡᠭᠦᠯᠦᠨ᠎ᠡ᠃ | ︵ᠠᠷᠪᠠᠨ ᠨᠢᠭᠡ︶ ᠨᠡᠭᠦᠳᠡᠯ ᠬᠦᠮᠦᠨ ᠠᠮᠠ ᠶᠢᠨ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠤᠨ | ᠦᠢᠯᠡᠴᠢᠯᠡᠭᠡᠨ ᠤ ᠠᠳᠠᠯᠢ ᠲᠡᠭᠰᠢᠵᠢᠭᠦᠯᠦᠯᠳᠡ ᠶᠢ ᠲᠦᠯᠬᠢᠨ ᠠᠬᠢᠭᠤᠯᠤᠨ᠎ᠠ᠃ ᠪᠠᠶᠢᠩᠭᠤ ᠰᠠᠭᠤᠭ᠎ᠠ ᠬᠦᠮᠦᠨ ᠠᠮᠠ | ᠳᠤ ᠦᠢᠯᠡᠴᠢᠯᠡᠭᠡᠨ ᠤ ᠡᠬᠢ ᠪᠠᠶᠠᠯᠢᠭ ᠢ ᠲᠤᠬᠢᠷᠠᠭᠤᠯᠬᠤ ᠶᠢ ᠵᠢᠷᠤᠮᠯᠠᠵᠤ᠂ ᠨᠡᠭᠦᠳᠡᠯ ᠬᠦᠮᠦᠨ ᠠᠮᠠ ᠶᠢ ᠬᠤᠳᠠ | ᠪᠠᠯᠭᠠᠰᠤᠨ ᠤ ᠦᠨᠳᠦᠰᠦᠨ ᠤᠯᠠᠨ ᠨᠡᠶᠢᠳᠡ ᠶᠢᠨ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ ᠦᠷᠡᠵᠢᠯ ᠤᠨ | ᠦᠢᠯᠡᠴᠢᠯᠡᠭᠡᠨ ᠤ ᠬᠦᠷᠢᠶ᠎ᠡ ᠬᠡᠪᠴᠢᠶᠡᠨ ᠳᠤ ᠤᠷᠤᠭᠤᠯᠵᠤ᠂ ᠨᠡᠭᠦᠳᠡᠯ ᠬᠦᠮᠦᠨ ᠠᠮᠠ ᠶᠢᠨ ᠬᠦᠩᠭᠡᠵᠢᠯ ᠤᠨ | ᠨᠠᠰᠤᠨ ᠤ ᠡᠷ᠎ᠡ ᠡᠮ᠎ᠡ ᠨᠢ ᠲᠦᠯᠦᠪᠯᠡᠭᠡᠳᠦ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠲᠦᠷᠦᠯ ᠵᠤᠶᠢᠯ ᠢ | ᠰᠤᠶᠢᠳᠭᠡᠯ ᠦᠭᠡᠢ ᠡᠳ᠋ᠯᠡᠬᠦ ᠶᠢ ᠨᠠᠶᠢᠳᠠᠪᠤᠷᠢᠵᠢᠭᠤᠯᠤᠨ᠎ᠠ᠃ ᠨᠡᠭᠦᠳᠡᠯ ᠬᠦᠮᠦᠨ ᠠᠮᠠ ᠶᠢᠨ ᠮᠡᠳᠡᠭᠡ ᠵᠡᠩᠭᠢ ᠶᠢᠨ | ᠬᠠᠷᠢᠯᠴᠠᠨ ᠨᠡᠪᠳᠡᠷᠡᠬᠦ᠂ ᠦᠢᠯᠡᠴᠢᠯᠡᠭᠡᠨ ᠤ ᠬᠠᠷᠢᠯᠴᠠᠨ ᠨᠦᠬᠦᠪᠦᠷᠢᠯᠡᠬᠦ᠂ ᠬᠠᠮᠢᠶᠠᠷᠤᠯᠳᠠ ᠶᠢᠨ ᠬᠠᠷᠢᠯᠴᠠᠨ | ᠵᠤᠯᠭᠠᠯᠴᠠᠬᠤ ︽ᠨᠢᠭᠡ ᠬᠦᠯᠬᠡ ᠰᠢᠳᠠᠷ᠎ᠠ︾ ᠶᠢᠨ ᠠᠵᠢᠯ ᠤᠨ ᠲᠤᠭᠳᠠᠴᠠ ᠶᠢ ᠪᠠᠬᠢᠵᠢᠭᠦᠯᠦᠨ ᠲᠡᠭᠦᠯᠳᠡᠷᠵᠢᠭᠦᠯᠦᠨ᠎ᠡ᠃ | ᠨᠡᠭᠦᠳᠡᠯ ᠬᠦᠮᠦᠨ ᠠᠮᠠ ᠶᠢᠨ ᠮᠡᠳᠡᠭᠡ ᠵᠠᠩᠭᠢ ᠶᠢ ᠰᠦᠯᠵᠢᠶᠡᠨ ᠲᠡᠭᠡᠷ᠎ᠡ ᠠᠴᠠ ᠬᠠᠷᠭᠤᠭᠤᠯᠤᠨ ᠪᠠᠶᠢᠴᠠᠭᠠᠵᠤ | ᠬᠠᠮᠳᠤᠪᠠᠷ ᠡᠳ᠋ᠯᠡᠬᠦ ᠶᠢ ᠠᠬᠢᠭᠤᠯᠵᠤ᠂ ᠨᠡᠭᠦᠳᠡᠯ ᠬᠦᠮᠦᠨ ᠠᠮᠠ ᠶᠢᠨ ᠰᠠᠭᠤᠵᠤ ᠪᠠᠶᠢᠭ᠎ᠠ ᠭᠠᠵᠠᠷ ᠲᠠᠭᠠᠨ ᠬᠦᠩᠭᠡᠵᠢᠬᠦ | ᠶᠢ ᠲᠠᠩᠰᠠᠯᠠᠭᠤᠯᠤᠨ ᠲᠡᠮᠳᠡᠭᠯᠡᠭᠦᠯᠬᠦ ᠦᠢᠯᠡᠴᠢᠯᠡᠭᠡᠨ ᠢ ᠰᠠᠶᠢᠳᠤᠷ ᠬᠢᠨ᠎ᠡ᠃ ᠦᠷᠡᠵᠢᠯ ᠤᠨ ᠡᠷᠭᠡᠳᠡᠨ ᠤ ᠡᠷᠡᠭᠦᠯ | ᠮᠡᠨᠳᠦ ᠶᠢᠨ ᠰᠢᠨᠵᠢᠯᠡᠬᠦ ᠤᠬᠠᠭᠠᠨ ᠤ ᠲᠦᠭᠡᠮᠡᠯᠵᠢᠭᠦᠯᠦᠯᠳᠡ ᠶᠢᠨ ᠤᠬᠠᠭᠤᠯᠤᠯ ᠢ ᠦᠷᠭᠡᠨ ᠲᠡᠯᠭᠡᠷᠡᠩᠭᠦᠢ ᠦᠷᠨᠢᠭᠦᠯᠵᠦ | ᠂ ᠨᠡᠭᠦᠳᠡᠯ ᠬᠦᠮᠦᠨ ᠠᠮᠠ ᠵᠡᠷᠭᠡ ᠬᠦᠮᠦᠰ ᠤᠨ ᠦᠪᠡᠷ ᠤᠨ ᠡᠷᠡᠭᠦᠯᠵᠢᠯ ᠤᠨ ᠦᠵᠡᠯ ᠤᠬᠠᠮᠰᠠᠷ ᠪᠤᠯᠤᠨ ᠰᠡᠷᠭᠡᠶᠢᠯᠡᠨ | ᠬᠠᠮᠠᠭᠠᠯᠠᠬᠤ ᠴᠢᠳᠠᠪᠤᠷᠢ ᠶᠢ ᠴᠢᠩᠭᠠᠷᠠᠭᠤᠯᠤᠨ᠎ᠠ᠃ ᠨᠡᠭᠦᠳᠡᠯ ᠬᠦᠮᠦᠨ ᠠᠮᠠ ᠪᠤᠯᠤᠨ ᠭᠡᠷ ᠲᠡᠭᠡᠨ ᠦᠯᠡᠳᠡᠵᠦ | ᠬᠤᠴᠤᠷᠤᠭᠰᠠᠨ ᠬᠦᠮᠦᠰ ᠢ ᠬᠠᠯᠠᠮᠵᠢᠯᠠᠨ ᠬᠠᠶᠢᠷᠠᠯᠠᠵᠤ᠂ ᠨᠡᠶᠢᠭᠡᠮ ᠤᠨ ᠠᠭᠤᠰᠤᠯᠳᠠ ᠶᠢ ᠠᠬᠢᠭᠤᠯᠤᠨ᠎ᠠ᠃ | ︵ᠠᠷᠪᠠᠨ ᠬᠤᠶᠠᠷ︶ ᠦᠨᠳᠦᠰᠦᠨ ᠱᠠᠳᠤᠨ ᠤ ᠰᠠᠭᠤᠷᠢ ᠠᠵᠢᠯ ᠢ ᠴᠢᠩᠭᠠᠷᠠᠭᠤᠯᠤᠨ᠎ᠠ᠃ ᠤᠬᠠᠭᠤᠯᠭ᠎ᠠ ᠪᠠᠷ | ᠰᠠᠨᠠᠭᠠᠴᠢᠯᠠᠨ ᠤᠳᠤᠷᠢᠳᠬᠤ᠂ ᠬᠠᠤᠯᠢ ᠶᠤᠰᠤᠭᠠᠷ ᠬᠠᠮᠢᠶᠠᠷᠬᠤ᠂ ᠰᠢᠯᠢᠳᠡᠭ ᠢᠶᠠᠷ ᠦᠢᠯᠡᠴᠢᠯᠡᠬᠦ᠂ ᠲᠦᠷᠦ ᠶᠢᠨ | ᠪᠤᠳᠤᠯᠭ᠎ᠠ ᠪᠠᠷ ᠠᠬᠢᠭᠤᠯᠬᠤ᠂ ᠶᠡᠷᠦᠩᠬᠡᠶᠢᠯᠡᠨ ᠵᠠᠰᠠᠬᠤ ᠲᠦᠯᠦᠪᠯᠡᠭᠡᠳᠦ ᠦᠷᠡᠵᠢᠯ ᠤᠨ ᠤᠷᠳᠤ ᠬᠤᠭᠤᠴᠠᠭᠠᠨ ᠤ | ᠪᠦᠳᠦᠮᠵᠢᠳᠦ ᠠᠵᠢᠯ ᠤᠨ ᠲᠤᠭᠳᠠᠴᠠ ᠶᠢ ᠲᠡᠭᠦᠯᠳᠡᠷᠵᠢᠭᠦᠯᠦᠨ᠎ᠡ᠃ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ | ᠦᠷᠡᠵᠢᠯ ᠤᠨ ᠶᠡᠷᠦᠩᠬᠡᠶᠢᠯᠡᠭᠰᠡᠨ ᠬᠢᠨᠠᠯᠳᠠ ᠲᠠᠯᠪᠢᠬᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠰᠢᠰᠲ᠋ᠧᠮᠵᠢ ᠶᠢ | ᠪᠠᠶᠢᠭᠤᠯᠤᠨ ᠪᠦᠷᠢᠨᠰᠢᠭᠦᠯᠵᠦ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡᠡ ᠤ ᠬᠠᠮᠢᠶᠠᠷᠤᠯᠳᠠ ᠶᠢᠨ ᠴᠢᠳᠠᠪᠤᠷᠢ | ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠦᠨᠳᠦᠰᠦᠨ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠦ ᠦᠷᠡᠵᠢᠯ | ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠯᠬᠢᠨ ᠠᠬᠢᠭᠤᠯᠵᠤ᠂ ᠬᠤᠰᠢᠭᠤ ᠰᠢᠶᠠᠨ ︵ᠬᠤᠳᠠ᠂ ᠲᠤᠭᠤᠷᠢᠭ︶ | ᠂ ᠰᠤᠮᠤ ᠰᠢᠶᠠᠩ ᠪᠠᠯᠭᠠᠰᠤᠨ ᠤ ᠲᠦᠯᠦᠪᠯᠡᠭᠡᠳᠦ ᠦᠷᠡᠵᠢᠯ ᠤᠨ ᠠᠵᠢᠯ ᠤᠨ ᠬᠦᠴᠦᠨ ᠢ ᠲᠤᠭᠳᠠᠪᠤᠷᠢᠵᠢᠭᠤᠯᠤᠨ | ᠴᠢᠩᠭᠠᠳᠬᠠᠵᠤ᠂ ᠦᠨᠳᠦᠰᠦᠨ ᠱᠠᠳᠤᠨ ᠤ ᠡᠷᠡᠭᠦᠯ ᠬᠠᠮᠠᠭᠠᠯᠠᠯ ᠪᠤᠯᠤᠨ ᠲᠦᠯᠦᠪᠯᠡᠭᠡᠳᠦ ᠦᠷᠡᠵᠢᠯ ᠤᠨ ᠶᠡᠷᠦᠩᠬᠡᠶᠢᠯᠡᠨ | ᠦᠢᠯᠡᠴᠢᠯᠡᠬᠦ ᠴᠢᠳᠠᠪᠤᠷᠢ ᠶᠢ ᠲᠡᠭᠡᠭᠰᠢᠯᠡᠭᠦᠯᠦᠨ᠎ᠡ᠃ ᠭᠠᠴᠠᠭ᠎ᠠ ᠲᠤᠰᠬᠤᠨ ︵ᠰᠠᠭᠤᠭᠠᠯᠢ︶ ᠤ ᠠᠷᠠᠳ ᠤᠨ ᠵᠦᠪᠯᠡᠯ | ᠤᠨ ᠲᠦᠯᠦᠪᠯᠡᠭᠡᠳᠦ ᠦᠷᠡᠵᠢᠯ ᠤᠨ ᠲᠤᠰᠬᠠᠢ ᠠᠵᠢᠯᠯᠠᠭᠴᠢ ᠶᠢᠨ ᠬᠦᠯᠦᠰᠦ ᠤᠯᠭᠤᠮᠵᠢ᠂ ᠨᠠᠰᠤᠵᠢᠯ ᠤᠨ ᠪᠠᠳᠤᠯᠠᠪᠤᠷᠢ | ᠵᠡᠷᠭᠡ ᠠᠰᠠᠭᠤᠳᠠᠯ ᠤᠳ ᠢ ᠵᠤᠬᠢᠰᠳᠠᠢ ᠰᠠᠶᠢᠨ ᠰᠢᠢᠳᠪᠦᠷᠢᠯᠡᠨ᠎ᠡ᠃ ᠭᠠᠴᠠᠭ᠎ᠠ ᠲᠤᠰᠬᠤᠨ ︵ᠰᠠᠭᠤᠭᠠᠯᠢ︶ ᠤ ᠠᠷᠠᠳ | ᠤᠨ ᠵᠦᠪᠯᠡᠯ ᠳᠤ ᠲᠦᠯᠦᠪᠯᠡᠭᠡᠳᠦ ᠦᠷᠡᠵᠢᠯ ᠤᠨ ᠠᠵᠢᠯ ᠢ ᠵᠠᠯᠭᠠᠪᠠᠷ 10 ᠵᠢᠯ ᠬᠢᠭᠡᠳ ᠠᠵᠢᠯ ᠠᠴᠠ ᠪᠠᠨ | ᠰᠠᠯᠤᠭᠰᠠᠨ ᠬᠦᠮᠦᠰ ᠲᠤ ᠵᠤᠬᠢᠬᠤ ᠪᠠᠷᠢᠮᠵᠢᠶ᠎ᠠ ᠪᠠᠷ ᠠᠮᠢᠳᠤᠷᠠᠯ ᠤᠨ ᠨᠦᠬᠦᠪᠦᠷᠢ ᠤᠯᠭᠤᠨ᠎ᠠ᠂ ᠬᠡᠷᠡᠭᠰᠡᠬᠦ ᠪᠡᠯᠡ | ᠮᠦᠩᠭᠦ ᠶᠢ ᠨᠢ ᠬᠤᠰᠢᠭᠤ ᠰᠢᠶᠠᠨ ᠤ ᠡᠳ᠋ ᠤᠨ ᠵᠠᠰᠠᠭ ᠠᠴᠠ ᠰᠢᠢᠳᠪᠦᠷᠢᠯᠡᠵᠦ ᠦᠭᠭᠦᠨ᠎ᠡ᠃ ᠲᠦᠯᠦᠪᠯᠡᠭᠡᠳᠦ | ᠦᠷᠡᠵᠢᠯ ᠤᠨ ᠰᠢᠯᠢᠳᠡᠭ ᠦᠢᠯᠡᠴᠢᠯᠡᠭᠡᠨ ᠤ ᠲᠡᠷᠢᠭᠦᠨ ᠤ ᠨᠢᠭᠡᠴᠡ ᠶᠢ ᠡᠭᠦᠳᠦᠨ ᠪᠠᠶᠢᠭᠤᠯᠬᠤ ᠠᠵᠢᠯ ᠢ ᠰᠠᠶᠢᠳᠤᠷ | ᠬᠢᠵᠦ᠂ ᠬᠤᠰᠢᠭᠤ ᠰᠢᠶᠠᠨ ᠤ ᠱᠠᠳᠤᠨ ᠠᠴᠠ ᠭᠤᠤᠯᠯᠠᠨ ᠡᠭᠦᠳᠬᠦ᠂ ᠠᠶᠢᠮᠠᠭ ᠬᠤᠳᠠ ᠶᠢᠨ ᠱᠠᠳᠤᠨ ᠠᠴᠠ | ᠲᠠᠨᠢᠯᠴᠠᠭᠤᠯᠬᠤ᠂ ᠦᠪᠡᠷᠳᠡᠭᠡᠨ ᠵᠠᠰᠠᠬᠤ ᠤᠷᠤᠨ ᠠᠴᠠ ᠰᠢᠯᠭᠠᠷᠠᠭᠤᠯᠤᠨ ᠬᠢᠨᠠᠬᠤ ᠠᠵᠢᠯ ᠤᠨ ᠲᠤᠭᠳᠠᠴᠠ ᠶᠢ | ᠪᠠᠶᠢᠭᠤᠯᠤᠨ᠎ᠠ᠃ | ︵ᠠᠷᠪᠠᠨ ᠭᠤᠷᠪᠠ︶ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠦᠢᠯᠡᠳᠦᠯ ᠢ ᠬᠦᠢᠴᠡᠳ ᠪᠠᠳᠠᠷᠠᠭᠤᠯᠤᠨ᠎ᠠ | ᠃ ᠵᠠᠰᠠᠭ ᠤᠨ ᠤᠷᠳᠤᠨ ᠬᠢᠬᠡᠳ ᠨᠡᠶᠢᠬᠡᠮ ᠠᠴᠠ ᠬᠠᠮᠵᠢᠯᠴᠠᠨ ᠵᠠᠰᠠᠬᠤ ᠶᠢ ᠴᠢᠩᠭᠠᠳᠬᠠᠵᠤ᠂ ᠠᠵᠢᠯᠴᠢᠨ ᠤ ᠡᠪᠯᠡᠯ᠂ | ᠡᠪ ᠬᠠᠮᠳᠤ ᠵᠠᠯᠠᠭᠤᠴᠤᠳ ᠤᠨ ᠡᠪᠯᠡᠯ᠂ ᠡᠮᠡᠭᠳᠡᠶᠢᠴᠤᠳ ᠤᠨ ᠬᠤᠯᠪᠤᠭ᠎ᠠ ᠵᠡᠷᠭᠡ ᠤᠯᠠᠨ ᠲᠦᠮᠡᠨᠴᠢ ᠵᠤᠬᠢᠶᠠᠨ | ᠪᠠᠶᠢᠭᠤᠯᠤᠯᠳᠠ ᠪᠤᠯᠤᠨ ᠪᠤᠰᠤᠳ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢ ᠦᠷᠬᠡᠨ ᠢᠶᠠᠷ ᠲᠠᠶᠢᠴᠢᠯᠠᠨ ᠬᠠᠮᠳᠤᠪᠠᠷ | ᠲᠦᠯᠦᠪᠯᠡᠬᠡᠳᠦ ᠦᠷᠡᠵᠢᠯ ᠤᠨ ᠠᠵᠢᠯ ᠢ ᠰᠠᠶᠢᠳᠤᠷ ᠬᠢᠬᠦ ᠬᠡᠷᠡᠭᠳᠡᠢ᠃ᠲᠦᠯᠦᠪᠯᠡᠬᠡᠳᠦ ᠦᠷᠡᠵᠢᠯ ᠤᠨ ᠨᠡᠶᠢᠬᠡᠮᠯᠢᠭ ᠤᠨ | ᠭᠤᠤᠯ ᠬᠦᠴᠦᠨ ᠴᠡᠷᠢᠭ ᠤᠨ ᠦᠢᠯᠡᠳᠦᠯ ᠢ ᠬᠦᠢᠴᠡᠳ ᠪᠠᠳᠠᠷᠠᠭᠤᠯᠵᠤ᠂ ᠬᠤᠰᠢᠭᠤ ᠰᠢᠶᠠᠨ ︵ᠬᠤᠳᠠ᠂ ᠲᠤᠭᠤᠷᠢᠬ | ︶᠂ ᠰᠤᠮᠤ ᠰᠢᠶᠠᠩ ᠪᠠᠯᠭᠠᠰᠤᠨ ᠤ ᠱᠠᠳᠤᠨ ᠤ ᠲᠦᠯᠦᠪᠯᠡᠬᠡᠳᠦ ᠦᠷᠡᠵᠢᠯ ᠤᠨ ᠨᠡᠶᠢᠬᠡᠮᠯᠢᠭ ᠤᠨ ᠵᠤᠬᠢᠶᠠᠨ | ᠪᠠᠶᠢᠭᠤᠯᠤᠯᠳᠠ ᠪᠤᠯᠤᠨ ᠴᠢᠳᠠᠪᠤᠷᠢ ᠶᠢᠨ ᠪᠠᠶᠢᠭᠤᠯᠤᠯᠳᠠ ᠶᠢ ᠴᠢᠩᠭᠠᠳᠬᠠᠵᠤ᠂ ᠤᠬᠠᠭᠤᠯᠭ᠎ᠠ ᠬᠦᠮᠦᠵᠢᠯ ᠬᠢᠬᠦ᠂ | ᠦᠷᠡᠵᠢᠯ ᠤᠨ ᠡᠷᠬᠡᠳᠡᠨ ᠤ ᠡᠷᠡᠬᠦᠯ ᠮᠠᠨᠳᠤ ᠶᠢᠨ ᠠᠰᠠᠭᠤᠨ ᠯᠠᠪᠯᠠᠭ᠎ᠠ ᠶᠢᠨ ᠦᠢᠯᠡᠴᠢᠯᠡᠭᠡ ᠬᠢᠬᠦ᠂ ᠰᠢᠯᠢᠳᠡᠭ | ᠲᠦᠷᠦᠵᠤ ᠰᠠᠶᠢᠬᠠᠨ ᠬᠦᠮᠦᠵᠢᠬᠦᠯᠬᠦ ᠵᠢᠯᠤᠭᠤᠳᠤᠯᠭ᠎ᠠ ᠬᠢᠬᠦ᠂ ᠲᠦᠯᠦᠪᠯᠡᠬᠡᠳᠦ ᠦᠷᠡᠵᠢᠯ ᠤᠨ ᠬᠡᠷ ᠪᠦᠯᠢ ᠶᠢ | ᠬᠠᠪᠰᠤᠷᠤᠨ ᠲᠡᠳᠬᠦᠬᠦ᠂ ᠡᠷᠬᠡ ᠠᠰᠢᠬ ᠢ ᠬᠠᠮᠠᠭᠠᠯᠠᠬᠤ ᠪᠤᠯᠤᠨ ᠨᠡᠭᠦᠳᠡᠯ ᠬᠦᠮᠦᠨ ᠠᠮᠠ ᠶᠢᠨ ᠲᠤᠬᠠᠢ ᠦᠢᠯᠡᠴᠢᠯᠡᠭᠡ | ᠬᠢᠬᠦ ᠵᠡᠷᠭᠡ ᠠᠵᠢᠯ ᠢ ᠨᠡᠩ ᠰᠠᠶᠢᠳᠤᠷ ᠡᠬᠦᠷᠬᠡᠯᠡᠭᠦ ᠬᠡᠷᠡᠭᠳᠡᠢ᠃ ᠨᠡᠶᠢᠬᠡᠮ ᠤᠨ ᠵᠤᠬᠢᠶᠠᠨ ᠪᠠᠶᠢᠭᠤᠯᠤᠯᠳᠠ ᠶᠢᠨ ᠬᠠᠤᠯᠢ | ᠶᠤᠰᠤᠭᠠᠷ ᠬᠦᠮᠦᠨ ᠠᠮᠠ ᠬᠢᠬᠡᠳ ᠲᠦᠯᠦᠪᠯᠡᠬᠡᠳᠦ ᠦᠷᠡᠵᠢᠯ ᠤᠨ ᠨᠡᠶᠢᠳᠡ ᠶᠢᠨ ᠠᠰᠠᠷᠠᠮᠵᠢ ᠶᠢᠨ ᠨᠢᠬᠦᠯᠡᠰᠦᠩᠭᠦᠢ ᠶᠢᠨ | ᠠᠵᠢᠯᠯᠠᠭ᠎ᠠ ᠪᠤᠯᠤᠨ ᠬᠠᠪᠰᠤᠷᠤᠨ ᠲᠡᠳᠬᠦᠬᠦ ᠠᠵᠢᠯᠯᠠᠭ᠎ᠠ ᠬᠢᠬᠦ ᠶᠢ ᠵᠤᠷᠢᠬᠵᠢᠭᠤᠯᠤᠨ᠎ᠠ᠃ ᠬᠤᠳᠠ ᠬᠦᠳᠡᠭᠡ ᠨᠡᠶᠢᠬᠡᠮ | ᠲᠤᠭᠤᠷᠢᠬ ᠪᠤᠯᠤᠨ ᠠᠵᠤ ᠠᠬᠤᠶᠢᠯᠠᠯ ᠠᠵᠢᠯ ᠦᠢᠯᠡᠰ ᠤᠨ ᠨᠢᠬᠡᠴᠡ ᠳᠤ ᠤᠯᠠᠨ ᠲᠦᠮᠡᠨ ᠢ ᠬᠦᠳᠦᠯᠦᠨ | ᠵᠢᠯᠤᠭᠤᠳᠴᠤ ᠲᠦᠯᠦᠪᠯᠡᠬᠡᠳᠦ ᠦᠷᠡᠵᠢᠯ ᠤᠨ ᠲᠤᠬᠠᠢ ᠦᠪᠡᠷ ᠢ ᠪᠠᠨ ᠬᠠᠮᠢᠶᠠᠷᠬᠤ᠂ ᠦᠪᠡᠷ ᠤᠨ ᠪᠡᠶ᠎ᠠ ᠳᠡᠭᠡᠨ | ᠦᠢᠯᠡᠴᠢᠯᠡᠬᠦ᠂ ᠦᠪᠡᠷ ᠢ ᠪᠠᠨ ᠰᠤᠷᠭᠠᠨ ᠬᠦᠮᠦᠵᠢᠬᠦᠯᠬᠦ᠂ ᠦᠪᠡᠷ ᠤᠨ ᠪᠠᠶ᠎ᠠ ᠳᠡᠭᠡᠨ ᠬᠢᠨᠡᠯᠳᠡ ᠲᠠᠯᠪᠢᠬᠤ ᠶᠢ ᠦᠷᠬᠡᠨ | ᠳᠡᠯᠭᠡᠷᠡᠩᠭᠦᠢ ᠦᠷᠨᠢᠭᠦᠯᠦᠨ᠎ᠡ᠃ | ᠲᠠᠪᠤ᠂ ᠲᠦᠯᠦᠪᠯᠡᠬᠡᠳᠦ ᠦᠷᠡᠵᠢᠯ ᠤᠨ ᠬᠡᠷ ᠪᠦᠯᠢ ᠳᠤ ᠠᠰᠢᠬᠳᠠᠢ ᠬᠦᠭᠵᠢᠯᠳᠡ ᠶᠢ ᠲᠡᠮᠵᠢᠬᠦ ᠰᠢᠰᠲ᠋ᠧᠮᠵᠢ ᠶᠢ | ᠪᠦᠷᠢᠯᠳᠦᠬᠦᠯᠦᠨ᠎ᠠ | ᠲᠦᠯᠦᠪᠯᠡᠬᠡᠳᠦ ᠦᠷᠡᠵᠢᠯ ᠤᠨ ᠬᠡᠷ ᠪᠦᠯᠢ ᠶᠢᠨ ᠲᠤᠬᠠᠢ ᠬᠠᠪᠰᠤᠷᠤᠨ ᠲᠡᠳᠬᠦᠬᠦ ᠡᠷᠴᠢᠮ ᠢᠶᠠᠨ | ᠴᠢᠩᠭᠠᠷᠠᠭᠤᠯᠵᠤ᠂ ᠲᠦᠯᠦᠪᠯᠡᠬᠡᠳᠦ ᠦᠷᠡᠵᠢᠯ ᠤᠨ ᠬᠡᠷ ᠪᠦᠯᠢ ᠶᠢᠨ ᠬᠠᠤᠯᠢ ᠶᠤᠰᠤᠨ ᠤ ᠡᠷᠭᠡ ᠠᠰᠢᠬ ᠢ ᠦᠨᠡᠨᠬᠦ | ᠪᠠᠳᠤᠯᠠᠵᠤ᠂ ᠲᠡᠳᠡᠨᠡᠷ ᠲᠤ ᠦᠬᠡᠷᠡᠴᠢᠯᠡᠯᠳᠡ ᠬᠦᠭᠵᠢᠯᠳᠡ ᠶᠢᠨ ᠦᠷ᠎ᠠ ᠪᠦᠲᠦᠬᠡᠯ ᠢ ᠤᠷᠢᠳᠠᠪᠠᠷ ᠬᠦᠷᠳᠡᠬᠡᠨ᠎ᠠ᠃ | ᠬᠤᠶᠠᠷ ᠬᠡᠦᠬᠡᠳ ᠠᠪᠴᠤ ᠪᠤᠯᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠬᠦᠯᠬᠦ ᠠᠴᠠ ᠡᠮᠦᠨᠡᠬᠢ | ᠭᠠᠭᠴᠠ ᠬᠡᠦᠬᠡᠳ ᠲᠠᠢ ᠬᠡᠷ ᠪᠦᠯᠢ ᠪᠤᠯᠤᠨ ᠬᠦᠳᠡᠭᠡ ᠲᠤᠰᠬᠤᠨ ᠤ ᠲᠦᠯᠦᠪᠯᠡᠬᠡᠳᠦ ᠦᠷᠡᠵᠢᠯ ᠤᠨ ᠬᠤᠶᠠᠷ | ᠬᠡᠦᠬᠡᠨ ᠲᠠᠢ ᠬᠡᠷ ᠪᠦᠯᠢ ᠶᠢ ᠦᠷᠬᠦᠯᠵᠢᠯᠡᠨ ᠲᠤᠬᠳᠠᠭᠠᠯ ᠶᠤᠰᠤᠭᠠᠷ ᠨᠦᠬᠦᠴᠡᠯ᠂ ᠪᠠᠷᠢᠮᠵᠢᠶ᠎ᠠ᠂ ᠤᠨ ᠵᠢᠯ ᠤᠨ | ᠬᠢᠵᠠᠭᠠᠷ ᠢᠶᠠᠷ ᠪᠠᠷᠢᠮᠵᠢᠶᠠᠯᠠᠨ ᠲᠦᠯᠦᠪᠯᠡᠬᠡᠳᠦ ᠦᠷᠡᠵᠢᠯ ᠤᠨ ᠡᠯ᠎ᠠ ᠵᠦᠢᠯ ᠤᠨ ᠱᠠᠩᠨᠠᠯ ᠬᠦᠬᠢᠬᠦᠯᠦᠯ ᠤᠨ | ᠬᠠᠷᠠᠭᠠᠯᠵᠠᠯ ᠤᠨ ᠲᠦᠷᠦ ᠶᠢᠨ ᠪᠤᠳᠤᠯᠭ᠎ᠠ ᠶᠢ ᠡᠳ᠋ᠯᠡᠬᠦᠯᠦᠨ᠎ᠠ᠃ ᠲᠦᠷᠦ ᠶᠢᠨ ᠪᠤᠳᠤᠯᠭ᠎ᠠ ᠶᠢ ᠲᠠᠬᠢᠨ | ᠲᠤᠬᠢᠷᠠᠭᠤᠯᠤᠬᠰᠠᠨ ᠤ ᠲᠠᠷᠠᠭ᠎ᠠ ᠦᠪᠡᠷ ᠤᠨ ᠲᠤᠷᠠᠰᠢᠯ ᠠᠴᠠ ᠪᠠᠨ ᠨᠢᠬᠡᠯᠡ ᠬᠡᠦᠬᠡᠳ ᠠᠪᠤᠬᠰᠠᠨ ᠡᠷ᠎ᠠ ᠡᠮ᠎ᠠ | ᠬᠤᠶᠠᠭᠤᠯᠠ ᠭᠠᠭᠴᠠ ᠬᠡᠦᠬᠡᠳ ᠠᠪᠤᠬᠰᠠᠨ ᠡᠴᠢᠬᠡ ᠡᠬᠡ ᠶᠢᠨ ᠱᠠᠩᠨᠠᠯ ᠬᠦᠬᠢᠬᠦᠯᠦᠯ ᠤᠨ ᠲᠦᠷᠦ ᠶᠢᠨ ᠪᠤᠳᠤᠯᠭ᠎ᠠ ᠶᠢ | ᠲᠠᠬᠢᠵᠤ ᠡᠳ᠋ᠯᠡᠬᠦ ᠦᠬᠡᠢ᠃ ᠲᠦᠯᠦᠪᠯᠡᠬᠡᠳᠦ ᠦᠷᠡᠵᠢᠯ ᠤᠨ ᠬᠡᠷ ᠪᠦᠯᠢ ᠶᠢ ᠱᠠᠩᠨᠠᠨ ᠬᠦᠬᠢᠬᠦᠯᠵᠤ ᠬᠠᠪᠰᠤᠷᠤᠨ | ᠲᠡᠳᠬᠦᠬᠦ ᠲᠦᠷᠢᠮ ᠪᠤᠯᠤᠨ ᠤᠨᠴᠠᠭᠠᠢ ᠬᠠᠪᠰᠤᠷᠤᠨ ᠲᠡᠳᠬᠦᠬᠦ ᠲᠦᠷᠢᠮ ᠢ ᠲᠡᠬᠦᠯᠳᠡᠷᠵᠢᠬᠦᠯᠵᠤ᠂ ᠲᠡᠳᠬᠦᠨ | ᠲᠤᠰᠠᠯᠠᠬᠤ ᠪᠠᠷᠢᠮᠵᠢᠶ᠎ᠠ ᠶᠢ ᠬᠦᠳᠡᠯᠦᠩᠬᠦᠢ ᠪᠠᠷ ᠲᠤᠬᠢᠷᠠᠭᠤᠯᠤᠨ᠎ᠠ᠃ ᠲᠦᠯᠦᠪᠯᠡᠬᠡᠳᠦ ᠦᠷᠡᠵᠢᠯ ᠤᠨ ᠤᠨᠴᠠ ᠶᠠᠳᠠᠭᠤ | ᠬᠦᠴᠢᠷᠳᠡᠯᠳᠠᠢ ᠬᠡᠷ ᠪᠦᠯᠢ ᠶᠢ ᠬᠠᠪᠰᠤᠷᠤᠨ ᠲᠡᠳᠬᠦᠬᠦ ᠡᠷᠴᠢᠮ ᠢᠶᠠᠨ ᠨᠡᠮᠡᠭᠳᠡᠬᠦᠯᠵᠤ᠂ ᠬᠠᠤᠯᠢ ᠴᠠᠭᠠᠵᠠ ᠬᠠᠤᠯᠢ | ᠲᠦᠷᠢᠮ ᠳᠤ ᠲᠤᠬᠳᠠᠭᠠᠬᠰᠠᠨ ᠲᠡᠮᠵᠢᠨ ᠲᠤᠰᠠᠯᠠᠬᠤ ᠲᠦᠷᠦ ᠶᠢᠨ ᠪᠤᠳᠤᠯᠭ᠎ᠠ ᠶᠢ ᠰᠠᠶᠢᠳᠤᠷ ᠨᠠᠶᠢᠳᠠᠪᠤᠷᠢᠵᠢᠭᠤᠯᠵᠤ᠂ | ᠲᠡᠳᠡᠨᠡᠷ ᠤᠨ ᠠᠮᠢᠳᠤᠷᠠᠯ ᠤᠨ ᠠᠰᠠᠷᠠᠮᠵᠢ᠂ ᠨᠠᠰᠤᠵᠢᠯ ᠤᠨ ᠪᠠᠳᠤᠯᠠᠪᠤᠷᠢ᠂ ᠬᠦᠨᠳᠤ ᠡᠪᠡᠳᠴᠢᠨ ᠢ ᠵᠠᠰᠠᠭᠤᠯᠬᠤ | ᠪᠤᠯᠤᠨ ᠤᠶᠤᠨ ᠰᠠᠨᠠᠭᠠᠨ ᠤ ᠲᠠᠶᠢᠳᠬᠤᠷᠠᠯ ᠵᠡᠷᠭᠡ ᠠᠰᠠᠭᠤᠳᠠᠯ ᠢ ᠵᠤᠬᠢᠰᠳᠠᠢ ᠰᠢᠢᠳᠪᠦᠷᠢᠯᠡᠬᠦ ᠬᠡᠷᠡᠭᠳᠡᠢ᠃ | ︵ᠠᠷᠪᠠᠨ ᠲᠠᠪᠤ︶ ᠲᠦᠯᠦᠪᠯᠡᠭᠡᠳᠦ ᠦᠷᠡᠵᠢᠯ ᠢ ᠬᠡᠷᠡᠭᠵᠢᠭᠦᠯᠦᠭᠰᠡᠨ ᠭᠡᠷ ᠪᠦᠯᠢ ᠶᠢᠨ ᠬᠦᠭᠵᠢᠯᠳᠡ ᠶᠢᠨ | ᠴᠢᠳᠠᠪᠤᠷᠢ ᠶᠢ ᠲᠡᠭᠡᠭᠰᠢᠯᠡᠭᠦᠯᠦᠨ᠎ᠠ᠃ ᠦᠷᠡᠵᠢᠯ ᠢ ᠲᠡᠮᠵᠢᠬᠦ᠂ ᠨᠢᠯᠬ᠎ᠠ ᠬᠡᠦᠭᠡᠳ ᠢ ᠦᠰᠭᠡᠵᠦ ᠬᠦᠮᠦᠵᠢᠭᠦᠯᠬᠦ᠂ | ᠵᠠᠯᠠᠭᠤᠴᠤᠳ ᠪᠠᠭᠠᠴᠤᠳ ᠤᠨ ᠬᠦᠭᠵᠢᠯᠳᠡ᠂ ᠨᠠᠰᠤᠳᠠᠶᠢᠴᠤᠳ ᠢ ᠠᠰᠠᠷᠠᠨ ᠲᠡᠵᠢᠭᠡᠬᠦ᠂ ᠡᠪᠡᠳᠴᠢᠨᠳᠡᠢ ᠵᠡᠮᠳᠡᠭ | ᠬᠦᠮᠦᠨ ᠢ ᠬᠠᠷᠠᠭᠠᠯᠵᠠᠬᠤ ᠵᠡᠷᠭᠡ ᠶᠢ ᠪᠠᠭᠳᠠᠭᠠᠭᠰᠠᠨ ᠭᠡᠷ ᠪᠦᠯᠢ ᠶᠢᠨ ᠬᠦᠭᠵᠢᠯᠳᠡ ᠶᠢᠨ ᠲᠦᠷᠦ ᠶᠢᠨ ᠪᠤᠳᠤᠯᠭ᠎ᠠ ᠶᠢ | ᠪᠠᠶᠢᠭᠤᠯᠬᠤ ᠪᠠ ᠲᠠᠭᠦᠯᠳᠡᠷᠵᠢᠭᠦᠯᠵᠦ᠂ ᠲᠦᠷᠦ ᠶᠢᠨ ᠪᠤᠳᠤᠯᠭ᠎ᠠ ᠶᠤᠰᠤᠭᠠᠷ ᠦᠷᠡᠵᠢᠬᠦ ᠶᠢ ᠵᠤᠷᠢᠠᠠᠵᠢᠭᠤᠯᠤᠨ᠎ᠠ᠃ | ᠭᠡᠷ ᠲᠡᠭᠡᠨ ᠰᠠᠭᠤᠬᠤ ᠪᠠᠷ ᠰᠠᠭᠤᠷᠢ ᠪᠤᠯᠭᠠᠵᠤ᠂ ᠨᠡᠶᠢᠭᠡᠮ ᠲᠤᠭᠤᠷᠢᠭ ᠢᠶᠠᠷ ᠲᠦᠰᠢᠭ ᠪᠤᠯᠭᠠᠵᠤ᠂ ᠪᠠᠶᠢᠭᠤᠯᠤᠮᠵᠢ ᠪᠠᠷ | ᠨᠦᠬᠦᠪᠦᠷᠢ ᠪᠤᠯᠭᠠᠭᠰᠠᠨ ᠲᠦᠯᠦᠪᠯᠡᠭᠡᠳᠦ ᠦᠷᠡᠵᠢᠯ ᠢ ᠬᠡᠷᠡᠭᠵᠢᠭᠦᠯᠦᠭᠰᠡᠨ ᠭᠡᠷ ᠪᠦᠯᠢ ᠶᠢᠨ ᠨᠠᠰᠤᠳᠠᠶᠢᠴᠤᠳ ᠤᠨ | ᠠᠰᠠᠷᠠᠮᠵᠢ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠵᠤ᠂ ᠵᠠᠰᠠᠭ ᠤᠨ ᠤᠷᠳᠤᠨ ᠢᠶᠠᠷ ᠲᠠᠮᠵᠢᠨ | ᠦᠢᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠯᠪᠡᠷᠢ ᠪᠠᠷ ᠨᠡᠶᠢᠭᠡᠮ ᠤᠨ ᠬᠦᠴᠦᠨ ᠢ ᠬᠦᠳᠦᠯᠦᠨ | ᠵᠢᠯᠤᠭᠤᠳᠴᠤ ᠲᠦᠯᠦᠪᠯᠡᠭᠡᠳᠦ ᠦᠷᠡᠵᠢᠯ ᠢ ᠬᠡᠷᠡᠭᠵᠢᠭᠦᠯᠦᠭᠰᠡᠨ ᠭᠡᠷ ᠪᠦᠯᠢ ᠶᠢᠨ ᠬᠢᠨ ᠤ ᠠᠮᠢᠳᠤᠷᠠᠯ ᠤᠨ ᠬᠦᠴᠢᠷᠳᠡᠯ | ᠢ ᠬᠠᠪᠰᠤᠷᠤᠨ ᠰᠢᠢᠳᠪᠦᠷᠢᠯᠡᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠬᠢᠭᠡᠳ ᠨᠠᠰᠤᠳᠠᠶᠢᠴᠤᠳ ᠤᠨ ᠠᠰᠠᠷᠠᠮᠵᠢ ᠶᠢᠨ | ᠦᠢᠯᠡᠴᠢᠯᠡᠭᠡ ᠶᠢᠨ ᠠᠭᠤᠰᠤᠯᠴᠠᠨ ᠬᠦᠭᠵᠢᠬᠦ ᠶᠢ ᠠᠬᠢᠭᠤᠯᠵᠤ᠂ ᠨᠡᠶᠢᠭᠡᠮ ᠤᠨ ᠬᠦᠴᠦᠨ ᠢ ᠵᠤᠷᠢᠠᠠᠵᠢᠭᠤᠯᠤᠨ ᠡᠮ | ᠡᠮᠨᠡᠯᠭᠡ ᠬᠢᠭᠡᠳ ᠨᠠᠰᠤᠳᠠᠶᠢᠴᠤᠳ ᠤᠨ ᠠᠰᠠᠷᠠᠮᠵᠢ ᠶᠢ ᠤᠶᠠᠯᠳᠤᠭᠤᠯᠤᠭᠰᠠᠨ ᠪᠠᠶᠢᠭᠤᠯᠤᠮᠵᠢ ᠪᠠᠶᠢᠭᠤᠯᠬᠤ ᠶᠢ | ᠵᠤᠷᠢᠠᠠᠵᠢᠭᠤᠯᠤᠨ᠎ᠠ᠃ ᠨᠡᠶᠢᠭᠡᠮ ᠲᠤᠭᠤᠷᠢᠭ ᠤᠨ ᠨᠢᠯᠬ᠎ᠠ ᠬᠡᠦᠭᠡᠳ ᠢ ᠬᠠᠷᠠᠭᠠᠯᠵᠠᠬᠤ᠂ ᠨᠡᠶᠢᠭᠡᠮ ᠲᠤᠭᠤᠷᠢᠭ ᠤᠨ | ᠡᠳᠦᠷ ᠢᠶᠡᠷ ᠬᠠᠷᠠᠭᠠᠯᠵᠠᠬᠤ ᠪᠠ ᠭᠡᠷ ᠲᠡᠭᠡᠨ ᠨᠠᠰᠤᠵᠢᠯ ᠤᠨ ᠠᠰᠠᠷᠠᠮᠵᠢ ᠬᠦᠷᠳᠡᠬᠦ ᠵᠡᠷᠭᠡ ᠦᠢᠯᠡᠴᠢᠯᠡᠭᠡᠨ ᠤ | ᠴᠢᠳᠠᠪᠬᠢ ᠶᠢ ᠴᠢᠩᠭᠠᠳᠬᠠᠨ᠎ᠠ᠃ ᠲᠦᠯᠦᠪᠯᠡᠭᠡᠳᠦ ᠦᠷᠡᠵᠢᠯ ᠢ ᠬᠡᠷᠡᠭᠵᠢᠭᠦᠯᠦᠭᠰᠡᠨ ᠭᠡᠷ ᠪᠦᠯᠢ ᠶᠢᠨ ᠬᠦᠭᠵᠢᠯᠳᠡ ᠶᠢᠨ | ᠲᠦᠷᠦᠯ ᠵᠦᠢᠯ ᠬᠢᠭᠡᠳ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ ᠵᠡᠷᠭᠡ ᠬᠠᠷᠠᠭᠠᠯᠵᠠᠯ ᠤᠨ ᠲᠦᠷᠦ ᠶᠢᠨ ᠪᠤᠳᠤᠯᠭ᠎ᠠ | ᠶᠢ ᠤᠷᠭᠠᠨᠢᠭ ᠢᠶᠠᠷ ᠤᠶᠠᠯᠳᠤᠭᠤᠯᠵᠤ᠂ ᠶᠠᠳᠠᠭᠤ ᠶᠢ ᠲᠡᠳᠬᠦᠬᠦ ᠲᠦᠷᠦᠯ ᠵᠦᠢᠯ᠂ ᠪᠡᠯᠡ ᠮᠦᠩᠭᠦ ᠲᠤᠬᠢᠷᠠᠭᠤᠯᠬᠤ ᠶᠢ | ᠲᠦᠯᠦᠪᠯᠡᠭᠡᠳᠦ ᠦᠷᠡᠵᠢᠯ ᠢ ᠬᠡᠷᠡᠭᠵᠢᠭᠦᠯᠦᠭᠰᠡᠨ ᠶᠠᠳᠠᠭᠤ ᠬᠦᠴᠢᠷᠳᠡᠯᠳᠡᠢ ᠭᠡᠷ ᠪᠦᠯᠢ ᠵᠦᠭ ᠬᠡᠯᠪᠡᠶᠢᠯᠭᠡᠨᠠ᠃ ᠵᠤᠯ | ᠵᠢᠷᠭᠠᠯᠳᠤ ᠭᠡᠷ ᠪᠦᠯᠢ ᠶᠢ ᠡᠭᠦᠳᠦᠨ ᠪᠠᠶᠢᠭᠤᠯᠬᠤ ᠠᠵᠢᠯᠯᠠᠭ᠎ᠠ ᠪᠠ ᠰᠢᠨ᠎ᠠ ᠭᠡᠷ ᠪᠦᠯᠢ ᠶᠢᠨ ᠲᠦᠯᠦᠪᠯᠡᠭᠡ ᠶᠢ | ᠥᠷᠭᠡᠨ ᠳᠡᠯᠭᠡᠷᠡᠩᠭᠦᠢ ᠦᠷᠨᠢᠭᠦᠯᠦᠨ᠎ᠡ᠃ | ︵ᠠᠷᠪᠠᠨ ᠵᠢᠷᠭᠤᠭ᠎ᠠ︶ ᠨᠡᠶᠢᠭᠡᠮ ᠤᠨ ᠬᠦᠢᠰᠦ ᠶᠢᠨ ᠢᠯᠭᠠᠯ ᠤᠨ ᠡᠷᠭᠡ ᠲᠡᠭᠰᠢ ᠶᠢ ᠠᠬᠢᠭᠤᠯᠤᠨ᠎ᠠ᠃ | ᠤᠬᠠᠭᠤᠯᠭ᠎ᠠ ᠶᠢ ᠲᠦᠭᠡᠮᠡᠯᠵᠢᠭᠦᠯᠬᠦ ᠡᠷᠴᠢᠮ ᠢ ᠴᠢᠩᠭᠠᠳᠬᠠᠵᠤ᠂ ᠪᠦᠬᠦ ᠨᠡᠶᠢᠭᠡᠮ ᠤᠨ ᠬᠦᠢᠰᠦ ᠶᠢᠨ ᠢᠯᠭᠠᠯ ᠤᠨ | ᠡᠷᠭᠡ ᠲᠡᠭᠰᠢ ᠪᠠᠶᠢᠬᠤ ᠤᠬᠠᠮᠰᠠᠷ ᠢ ᠴᠢᠩᠭᠠᠳᠬᠠᠨ᠎ᠠ᠃ ᠤᠷᠤᠭᠯᠠᠬᠤ ᠬᠦᠩᠭᠡᠵᠢᠬᠦ ᠰᠢᠨ᠎ᠠ ᠬᠡᠪ ᠰᠤᠷᠳᠠᠯ ᠢ ᠲᠦᠮᠡᠨ | ᠡᠷᠦᠭᠡ ᠳᠤ ᠤᠷᠤᠭᠤᠯᠬᠤ ᠠᠵᠢᠯᠯᠠᠭ᠎ᠠ ᠪᠠ ᠦᠬᠢᠨ ᠬᠡᠤᠬᠡᠤᠨ ᠢ ᠬᠠᠯᠠᠮᠵᠢᠯᠠᠬᠤ ᠠᠵᠢᠯᠯᠠᠭ᠎ᠠ ᠶᠢ ᠭᠦᠨᠵᠡᠭᠡᠢ | ᠦᠷᠨᠢᠭᠦᠯᠵᠦ᠂ ᠡᠮᠡᠭᠳᠡᠶᠢᠴᠤᠳ ᠤᠨ ᠤᠷᠤᠨ ᠰᠠᠭᠤᠴᠠ ᠶᠢᠨ ᠭᠠᠵᠠᠷ ᠰᠢᠷᠤᠢ᠂ ᠭᠡᠷ ᠪᠠᠶᠢᠰᠢᠩ ᠵᠡᠷᠭᠡ ᠡᠳ᠋ | ᠬᠦᠷᠦᠩᠭᠡ ᠶᠢ ᠵᠠᠯᠭᠠᠮᠵᠢᠯᠠᠬᠤ ᠡᠷᠭᠡ ᠪᠠ ᠭᠠᠵᠠᠷ ᠰᠢᠷᠤᠢ ᠬᠠᠳᠤᠯᠠᠩ ᠪᠡᠯᠴᠢᠭᠡᠷ ᠢ ᠲᠠᠭᠠᠭᠠᠴᠢᠯᠠᠬᠤ ᠡᠷᠭᠡ ᠶᠢ ᠬᠠᠤᠯᠢ | ᠶᠤᠰᠤᠭᠠᠷ ᠪᠠᠳᠤᠯᠠᠵᠤ᠂ ᠡᠮᠡᠭᠳᠡᠶᠢᠴᠤᠳ ᠤᠨ ᠠᠵᠢᠯ ᠤᠯᠬᠤ᠂ ᠠᠮᠠᠷᠠᠬᠤ ᠵᠡᠷᠭᠡ ᠬᠠᠤᠯᠢ ᠶᠤᠰᠤᠨ ᠤ ᠡᠷᠭᠡ ᠠᠰᠢᠭ ᠢ | ᠬᠠᠤᠯᠢ ᠶᠤᠰᠤᠭᠠᠷ ᠪᠠᠳᠤᠯᠠᠵᠤ᠂ ᠡᠮᠡᠭᠳᠡᠶᠢᠴᠤᠳ ᠬᠦᠩᠭᠡᠵᠢᠭᠰᠡᠨ ᠤ ᠲᠠᠷᠠᠭ᠎ᠠ ᠠᠵᠢᠯ ᠤᠨ ᠪᠠᠶᠢᠷᠢᠨ ᠳᠠᠭᠠᠨ ᠪᠤᠴᠠᠪᠠᠯ | ᠬᠦᠮᠦᠨ ᠬᠡᠷᠡᠭᠯᠡᠬᠦ ᠪᠠᠶᠢᠭᠤᠯᠭ᠎ᠠ ᠠᠴᠠ ᠠᠵᠢᠯᠳᠠᠨ ᠤ ᠬᠢ ᠪᠠᠨ ᠠᠵᠢᠯ ᠬᠢᠭᠡᠳ ᠭᠡᠷ ᠪᠦᠯᠢ ᠶᠢᠨ ᠬᠠᠷᠢᠴᠠᠭ᠎ᠠ ᠶᠢ | ᠲᠡᠩᠴᠡᠭᠦᠷᠢᠰᠢᠭᠦᠯᠬᠦ ᠳᠤ ᠲᠤᠰᠠᠳᠠᠢ ᠠᠷᠭ᠎ᠠ ᠬᠡᠮᠵᠢᠶ᠎ᠠ ᠲᠤᠭᠳᠠᠭᠠᠬᠤ ᠶᠢ ᠵᠤᠷᠢᠠᠠᠵᠢᠭᠤᠯᠵᠤ᠂ ᠬᠡᠦᠭᠡᠨ ᠤ ᠡᠷᠡᠭᠦᠯ ᠢᠶᠠᠷ | ᠦᠰᠦᠨ ᠪᠤᠶᠢᠵᠢᠵᠤ ᠴᠢᠳᠠᠪᠤᠷᠢᠳᠠᠨ ᠪᠤᠯᠬᠤ ᠪᠠ ᠡᠮᠡᠭᠳᠡᠶᠢᠴᠤᠳ ᠤᠨ ᠬᠦᠭᠵᠢᠯᠳᠡ ᠳᠤ ᠲᠤᠰᠠᠳᠠᠢ ᠨᠡᠶᠢᠭᠡᠮ ᠤᠨ | ᠤᠷᠴᠢᠨ ᠲᠤᠭᠤᠷᠢᠨ ᠢ ᠡᠭᠦᠳᠬᠦ ᠬᠡᠷᠡᠭᠳᠡᠢ᠃ ᠲᠦᠷᠦᠭᠰᠡᠨ ᠬᠦᠮᠦᠨ ᠠᠮᠠ ᠶᠢᠨ ᠬᠦᠢᠰᠦ ᠶᠢᠨ ᠢᠯᠭᠠᠯ ᠤᠨ ᠬᠠᠷᠢᠴᠠᠯ | ᠬᠠᠷᠢᠴᠠᠩᠭᠤᠢ ᠦᠨᠳᠦᠷ ᠠᠰᠠᠭᠤᠳᠠᠯ ᠢ ᠶᠡᠷᠦᠩᠬᠡᠶᠢᠯᠡᠨ ᠵᠠᠰᠠᠵᠤ᠂ ᠰᠠᠯᠠᠭ᠎ᠠ ᠮᠦᠴᠢᠷ ᠤᠨ ᠵᠤᠬᠢᠴᠠᠭᠤᠯᠭ᠎ᠠ ᠪᠠ | ᠤᠷᠤᠨ ᠪᠦᠰᠡ ᠶᠢᠨ ᠬᠠᠮᠵᠢᠯᠴᠠᠭ᠎ᠠ ᠶᠢ ᠴᠢᠩᠭᠠᠳᠬᠠᠨ᠂ ᠠᠨᠠᠭᠠᠬᠤ ᠤᠬᠠᠭᠠᠨ ᠤ ᠬᠡᠷᠡᠭᠴᠡᠭᠡ ᠠᠴᠠ ᠪᠤᠰᠤᠳ | ᠬᠡᠦᠭᠡᠢ ᠶᠢᠨ ᠬᠦᠢᠰᠦ ᠶᠢᠨ ᠢᠯᠭᠠᠯ ᠢ ᠬᠢᠨᠠᠨ ᠲᠤᠭᠳᠠᠭᠠᠬᠤ ᠪᠠ ᠬᠦᠢᠰᠦ ᠶᠢᠨ ᠢᠯᠭᠠᠯ ᠢ ᠰᠤᠩᠭᠤᠬᠤ᠂ ᠬᠦᠮᠦᠨ ᠤ | ᠬᠦᠴᠦ ᠪᠠᠷ ᠵᠢᠷᠮᠦᠰᠦᠯᠡᠬᠦ ᠶᠢ ᠵᠤᠭᠰᠤᠭᠠᠬᠤ ᠠᠵᠢᠯᠯᠠᠭ᠎ᠠ ᠳᠤ ᠬᠠᠤᠯᠢ ᠶᠤᠰᠤᠭᠠᠷ ᠴᠢᠩᠭ᠎ᠠ ᠴᠣᠬᠢᠯᠲᠠ ᠥᠭᠭᠦᠨ᠎ᠡ᠃ | ᠵᠢᠷᠭᠤᠭ᠎ᠠ᠂ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠶᠢ ᠦᠨᠡᠨᠬᠦ ᠴᠢᠩᠭᠠᠳᠬᠠᠨ᠎ᠠ | ︵ᠠᠷᠪᠠᠨ ᠲᠤᠯᠤᠭ᠎ᠠ︶ ᠨᠠᠮ ᠵᠠᠰᠠᠭ ᠤᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠡᠯ᠎ᠠ ᠱᠠᠳᠤᠨ ᠤ | ᠨᠠᠮ ᠤᠨ ᠬᠤᠷᠢᠶ᠎ᠠ᠂ ᠵᠠᠰᠠᠭ ᠤᠨ ᠤᠷᠳᠤᠨ ᠲᠦᠯᠦᠪᠯᠡᠭᠡᠳᠦ ᠦᠷᠡᠵᠢᠯ ᠢ ᠨᠠᠮ ᠵᠠᠰᠠᠭ ᠤᠨ ᠨᠢᠭᠡᠳᠦᠭᠡᠷ ᠭᠠᠷ | ᠦᠪᠡᠷ ᠲᠡᠭᠡᠨ ᠠᠳᠬᠤᠬᠤ᠂ ᠶᠡᠷᠦᠩᠬᠡᠢ ᠬᠠᠷᠢᠭᠤᠴᠠᠯᠭ᠎ᠠ ᠶᠢ ᠡᠭᠦᠷᠭᠡᠯᠡᠬᠦ ᠶᠢ ᠪᠠᠷᠢᠮᠳᠠᠯᠠᠵᠤ᠂ ᠬᠤᠶᠠᠷ ᠬᠡᠦᠭᠡᠳ | ᠠᠪᠬᠤ ᠲᠦᠷᠦ ᠶᠢᠨ ᠪᠤᠳᠤᠯᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠲᠦᠯᠦᠪᠯᠡᠭᠡᠳᠦ ᠦᠷᠡᠵᠢᠯ ᠤᠨ ᠦᠢᠯᠡᠴᠢᠯᠡᠭᠡ | ᠬᠠᠮᠢᠶᠠᠷᠤᠯᠳᠠ ᠶᠢ ᠦᠭᠡᠷᠡᠴᠢᠯᠡᠨ ᠲᠡᠭᠦᠯᠳᠡᠷᠵᠢᠭᠦᠯᠬᠦ ᠶᠢ ᠦᠭᠡᠷᠡᠴᠢᠯᠡᠯᠳᠡ ᠶᠢ ᠪᠦᠬᠦ ᠲᠠᠯ᠎ᠠ ᠪᠠᠷ ᠭᠦᠨᠵᠡᠭᠡᠶᠢᠷᠡᠭᠦᠯᠬᠦ | ᠴᠢᠬᠤᠯᠠ ᠡᠭᠦᠷᠭᠡ ᠪᠤᠯᠭᠠᠵᠤ᠂ ᠨᠢᠭᠡᠳᠦᠯᠳᠡᠢ ᠲᠦᠯᠦᠪᠵᠢᠭᠦᠯᠬᠦ᠂ ᠲᠦᠷᠦ ᠶᠢᠨ ᠪᠤᠳᠤᠯᠭ᠎ᠠ ᠶᠢ ᠵᠤᠬᠢᠴᠠᠭᠤᠯᠬᠤ ᠪᠠ | ᠠᠵᠢᠯ ᠢ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠳᠡᠢ᠃ ᠠᠯᠪᠠᠨ ᠪᠠᠶᠢᠭᠤᠯᠭ᠎ᠠ᠂ ᠠᠵᠤ ᠠᠬᠤᠶᠢᠯᠠᠯ ᠠᠵᠢᠯ | ᠦᠢᠯᠡᠰ ᠤᠨ ᠨᠢᠭᠡᠴᠡ᠂ ᠨᠡᠶᠢᠭᠡᠮ ᠤᠨ ᠪᠦᠯᠬᠦᠮ ᠤᠨ ᠬᠠᠤᠯᠢ ᠶᠢᠨ ᠡᠷᠭᠡᠳᠡᠨ ᠤ ᠲᠦᠯᠦᠪᠯᠡᠭᠡᠳᠦ ᠦᠷᠡᠵᠢᠯ ᠤᠨ | ᠠᠵᠢᠯ ᠤᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠨᠠᠶᠢᠳᠠᠪᠤᠷᠢᠵᠢᠭᠤᠯᠬᠤ ᠬᠡᠷᠡᠭᠳᠡᠢ᠃ ᠲᠦᠯᠦᠪᠯᠡᠭᠡᠳᠦ ᠦᠷᠡᠵᠢᠯ | ᠤᠨ ᠬᠠᠷᠠᠯᠳᠠᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠲᠦᠷᠢᠮ ᠢ ᠪᠠᠷᠢᠮᠳᠠᠯᠠᠬᠤ ᠪᠠ ᠲᠡᠭᠦᠯᠳᠡᠷᠵᠢᠭᠦᠯᠵᠦ᠂ | ᠬᠠᠷᠢᠭᠤᠴᠠᠯᠭ᠎ᠠ ᠶᠢ ᠤᠷᠤᠨ ᠪᠠᠶᠢᠷᠢ ᠳᠤᠨᠢ ᠬᠦᠷᠭᠡᠬᠦ᠂ ᠠᠷᠭ᠎ᠠ ᠠᠪᠴᠠᠯ ᠢ ᠤᠷᠤᠨ ᠪᠠᠶᠢᠷᠢ ᠳᠤᠨᠢ ᠬᠦᠷᠭᠡᠬᠦ᠂ ᠪᠡᠯᠡ | ᠤᠷᠤᠭᠤᠯᠤᠯᠳᠠ ᠶᠢ ᠤᠷᠤᠨ ᠪᠠᠶᠢᠷᠢ ᠳᠤᠨᠢ ᠬᠦᠷᠭᠡᠬᠦ᠂ ᠤᠷᠤᠨ ᠪᠠᠶᠢᠷᠢ ᠳᠤᠨᠢ ᠬᠦᠷᠳᠡᠯ᠎ᠠ ᠨᠠᠶᠢᠳᠠᠪᠤᠷᠢᠵᠢᠭᠤᠯᠬᠤ ᠶᠢ | ᠪᠠᠳᠤᠯᠠᠬᠤ ᠬᠡᠷᠡᠭᠳᠡᠢ᠃ ᠲᠦᠯᠦᠪᠯᠡᠭᠡᠳᠦ ᠦᠷᠡᠵᠢᠯ ᠤᠨ ᠪᠡᠯᠡ ᠤᠷᠤᠭᠤᠯᠤᠯᠳᠠ ᠶᠢ ᠪᠠᠳᠤᠯᠠᠬᠤ ᠲᠤᠭᠳᠠᠴᠠ ᠶᠢ | ᠲᠡᠭᠦᠯᠳᠡᠷᠵᠢᠭᠦᠯᠵᠦ᠂ ᠨᠡᠶᠢᠭᠡᠮ ᠤᠨ ᠪᠡᠯᠡ ᠮᠦᠩᠭᠦ ᠶᠢᠨ ᠤᠷᠤᠭᠤᠯᠤᠯᠳᠠ ᠶᠢ ᠵᠤᠷᠢᠠᠠᠵᠢᠭᠤᠯᠬᠤ ᠪᠠ ᠬᠦᠳᠦᠯᠦᠨ | ᠲᠠᠭᠠᠭᠤᠯᠵᠤ᠂ ᠲᠤᠭᠳᠠᠭᠠᠭᠰᠠᠨ ᠡᠯ᠎ᠠ ᠲᠦᠷᠦᠯ ᠤᠨ ᠱᠠᠩᠨᠠᠵᠤ ᠲᠡᠮᠵᠢᠬᠦ ᠪᠠ ᠬᠠᠷᠠᠭᠠᠯᠵᠠᠯ ᠦᠵᠡᠭᠦᠯᠵᠦ | ᠬᠡᠯᠳᠦᠷᠢᠭᠦᠯᠬᠦ ᠲᠦᠷᠦ ᠶᠢᠨ ᠪᠤᠳᠤᠯᠭ᠎ᠠ᠂ ᠠᠵᠢᠯ ᠤᠨ ᠵᠠᠷᠤᠳᠠᠯ᠂ ᠠᠵᠢᠯᠳᠠᠨ ᠤ ᠴᠠᠯᠢᠩ ᠬᠦᠯᠦᠰᠦ ᠶᠢᠨ | ᠨᠠᠶᠢᠳᠠᠪᠤᠷᠢᠵᠢᠭᠤᠯᠤᠯᠳᠠ ᠶᠢ ᠪᠠᠳᠤᠯᠠᠬᠤ ᠬᠡᠷᠡᠭᠳᠡᠢ᠃ ᠦᠨᠳᠦᠰᠦᠨ ᠱᠠᠳᠤᠨ ᠤ ᠡᠷᠡᠭᠦᠯ ᠬᠠᠮᠠᠭᠠᠯᠠᠯ ᠲᠦᠯᠦᠪᠯᠡᠭᠡᠳᠦ | ᠦᠷᠡᠵᠢᠯ ᠤᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠢᠳᠡᠪᠬᠢᠳᠡᠢ ᠠᠬᠢᠭᠤᠯᠵᠤ᠂ ᠦᠨᠳᠦᠰᠦᠨ ᠱᠠᠳᠤᠨ ᠤ | ᠲᠦᠯᠦᠪᠯᠡᠭᠡᠳᠦ ᠦᠷᠡᠵᠢᠯ ᠤᠨ ᠰᠦᠯᠵᠢᠶ᠎ᠠ ᠪᠠ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠬᠤ ᠬᠡᠷᠡᠭᠳᠡᠢ᠃ | ᠵᠠᠬᠢᠳᠠᠯ ᠰᠤᠷᠪᠤᠯᠵᠢᠯᠠᠭ᠎ᠠ ᠲᠤᠭᠳᠠᠭᠤᠨ ᠢ ᠬᠠᠮᠠᠭᠠᠯᠠᠬᠤ ᠠᠵᠢᠯ ᠢ ᠰᠠᠶᠢᠳᠤᠷ ᠬᠢᠵᠦ᠂ ᠲᠦᠯᠦᠪᠯᠡᠭᠡᠳᠦ ᠦᠷᠡᠵᠢᠯ ᠤᠨ | ᠠᠵᠢᠯ ᠤᠨ ᠭᠤᠤᠯ ᠪᠤᠯᠬᠤ ᠬᠠᠷᠠᠯᠳᠠ ᠡᠭᠦᠷᠭᠡ ᠶᠢ ᠪᠡᠶᠡᠯᠡᠭᠦᠯᠦᠭᠡ ᠦᠭᠡᠢ᠂ ᠬᠦᠨᠳᠦ ᠨᠤᠴᠢᠳᠠᠢ ᠬᠤᠳᠠᠯ ᠬᠡᠯᠡᠵᠦ | ᠬᠤᠯᠤ ᠲᠠᠷᠢᠭᠰᠠᠨ᠂ ᠬᠠᠤᠯᠢ ᠶᠢ ᠵᠦᠷᠢᠴᠡᠨ ᠵᠠᠰᠠᠭ ᠶᠠᠪᠤᠭᠤᠯᠵᠤ ᠮᠠᠭᠤ ᠨᠦᠯᠦᠭᠡ ᠭᠠᠷᠭᠠᠭᠰᠠᠳ ᠢ ︽ᠨᠢᠭᠡ ᠪᠢᠯᠧᠲ | ᠢᠶᠠᠷ ᠦᠭᠡᠶᠢᠰᠭᠡᠬᠦ ᠬᠡᠷᠡᠭᠳᠡᠢ︾᠃ | ︵ᠠᠷᠪᠠᠨ ᠨᠠᠢᠮᠠ︶ ᠰᠠᠯᠠᠭ᠎ᠠ ᠮᠦᠴᠢᠷ ᠬᠤᠯᠪᠤᠭᠠᠯᠠᠨ ᠭᠦᠳᠡᠯᠤᠯᠴᠡᠭᠦ ᠶᠢ ᠴᠢᠩᠭᠠᠤᠨᠬᠠᠨ᠎ᠠ᠃ ᠬᠦᠮᠦᠨ ᠠᠮᠠ | ᠬᠢᠭᠡᠳ ᠲᠦᠯᠦᠪᠯᠡᠭᠡᠳᠦ ᠦᠷᠡᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠲᠦᠷᠢᠮ ᠢ ᠪᠠᠷᠢᠮᠳᠠᠯᠠᠨ | ᠳᠡᠭᠦᠯᠳᠡᠷᠵᠢᠭᠦᠯᠵᠤ᠂ ᠡᠯ᠎ᠠ ᠱᠠᠳᠤᠨ ᠤ ᠵᠠᠰᠠᠭ ᠤᠨ ᠤᠷᠳᠤᠨ ᠤ ᠭᠤᠤᠯ ᠤᠳᠤᠷᠢᠳᠤᠯᠭ᠎ᠠ ᠠᠴᠠ ᠳᠤᠭᠤᠶᠢᠯᠠᠩ ᠤᠨ | ᠳᠠᠷᠤᠭ᠎ᠠ ᠶᠢᠨ ᠳᠤᠰᠢᠶᠠᠯ ᠢ ᠬᠠᠷᠢᠭᠤᠴᠠᠭᠰᠠᠨ ᠬᠦᠮᠦᠨ ᠠᠮᠠ ᠬᠢᠭᠡᠳ ᠲᠦᠯᠦᠪᠯᠡᠭᠡᠳᠦ ᠦᠷᠡᠵᠢᠯ ᠤᠨ ᠠᠵᠢᠯ ᠤᠨ | ᠤᠳᠤᠷᠢᠳᠬᠤ ᠳᠤᠭᠤᠶᠢᠯᠠᠩ ᠤᠨ ᠦᠢᠯᠡᠳᠦᠯ ᠢ ᠪᠠᠳᠠᠷᠠᠭᠤᠯᠬᠤ ᠬᠡᠷᠡᠭᠳᠠᠢ᠃ ᠠᠵᠤ ᠠᠬᠤᠢ ᠨᠡᠶᠢᠭᠡᠮ ᠤᠨ ᠴᠢᠬᠤᠯᠠ | ᠶᠡᠭᠡ ᠲᠦᠷᠦ ᠶᠢᠨ ᠪᠤᠳᠤᠯᠭ᠎ᠠ ᠨᠢ ᠬᠦᠮᠦᠨ ᠠᠮᠠ ᠶᠢᠨ ᠬᠦᠭᠵᠢᠯᠳᠡ ᠶᠢ ᠨᠦᠯᠦᠭᠡᠯᠡᠭᠦ ᠰᠢᠯᠭᠠᠨ ᠦᠨᠡᠯᠡᠭᠦ | ᠳᠤᠭᠳᠠᠴᠠ ᠶᠢ ᠪᠠᠶᠢᠭᠤᠯᠤᠨ ᠪᠦᠷᠢᠨᠰᠢᠭᠦᠯᠵᠤ᠂ ᠤᠷᠢᠳᠠᠴᠢ ᠴᠢᠨᠠᠷ ᠲᠠᠢ ᠰᠤᠳᠤᠯᠭᠠᠨ ᠢ ᠴᠢᠩᠭᠠᠳᠬᠠᠨ᠂ ᠬᠦᠮᠦᠨ | ᠠᠮᠠ ᠶᠢᠨ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠶᠢ ᠳᠡᠭᠦᠯᠳᠡᠷᠵᠢᠭᠦᠯᠵᠤ᠂ ᠳᠤᠮᠳᠠ ᠤᠷᠳᠤ ᠬᠤᠭᠤᠴᠠᠭᠠᠨ ᠤ | ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠵᠤ᠂ ᠬᠠᠮᠢᠶ᠎ᠠ ᠪᠦᠬᠦᠢ ᠨᠡᠶᠢᠭᠡᠮ ᠠᠵᠤ ᠠᠬᠤᠢ ᠶᠢᠨ ᠲᠦᠷᠦ ᠶᠢᠨ | ᠪᠤᠳᠤᠯᠭ᠎ᠠ ᠬᠢᠭᠡᠳ ᠲᠦᠯᠦᠪᠯᠡᠭᠡᠳᠦ ᠦᠷᠡᠵᠢᠯ ᠤᠨ ᠲᠦᠷᠦ ᠶᠢᠨ ᠪᠤᠳᠤᠯᠭ᠎ᠠ ᠶᠢ ᠬᠠᠷᠢᠯᠴᠠᠨ ᠵᠤᠯᠭᠠᠭᠤᠯᠬᠤ ᠶᠢ | ᠠᠬᠢᠭᠤᠯᠬᠤ ᠬᠡᠷᠡᠭᠳᠠᠢ᠃ ᠰᠠᠯᠠᠭ᠎ᠠ ᠮᠦᠴᠢᠷ ᠤᠨ ᠬᠤᠭᠤᠷᠤᠨᠳᠤ ᠪᠠᠨ ᠬᠠᠮᠵᠢᠯᠴᠠᠬᠤ᠂ ᠲᠦᠷᠦ ᠶᠢᠨ ᠪᠤᠳᠤᠯᠭ᠎ᠠ ᠶᠢ | ᠵᠤᠯᠭᠠᠭᠤᠯᠬᠤ᠂ ᠮᠡᠳᠡᠭᠡ ᠵᠠᠩᠬᠢ ᠶᠢ ᠬᠠᠮᠳᠤᠪᠡᠷ ᠡᠳ᠋ᠯᠡᠭᠦ ᠵᠡᠷᠭᠡ ᠲᠦᠯᠦᠪᠯᠡᠭᠡᠳᠦ ᠦᠷᠡᠵᠢᠯ ᠤᠨ ᠠᠵᠢᠯ ᠤᠨ | ᠶᠡᠷᠦᠩᠬᠡᠶᠢᠯᠡᠨ ᠵᠠᠰᠠᠬᠤ ᠳᠤᠭᠳᠠᠴᠠ ᠶᠢ ᠪᠦᠷᠢᠨᠰᠢᠭᠦᠯᠵᠤ᠂ ᠲᠦᠭᠦᠷᠵᠢᠭᠰᠡᠨ ᠲᠦᠷᠦ ᠶᠢᠨ ᠪᠤᠳᠤᠯᠭ᠎ᠠ᠂ ᠤᠯᠠᠨ | ᠨᠡᠶᠢᠳᠡ ᠶᠢᠨ ᠦᠢᠯᠡᠴᠢᠯᠡᠭᠡᠨ ᠤ ᠪᠠᠳᠤᠯᠠᠭ᠎ᠠ᠂ ᠬᠠᠤᠯᠢ ᠬᠡᠷᠡᠭᠵᠢᠭᠦᠯᠦᠯᠳᠡ ᠶᠢ ᠵᠤᠬᠢᠴᠠᠭᠤᠯᠬᠤ᠂ ᠮᠡᠳᠡᠭᠡ ᠵᠠᠩᠬᠢ ᠶᠢ | ᠬᠠᠷᠢᠯᠴᠠᠨ ᠨᠡᠪᠳᠡᠷᠡᠭᠦᠯᠬᠦ ᠵᠡᠷᠭᠡ ᠠᠰᠠᠭᠤᠳᠠᠯ ᠢ ᠭᠤᠤᠯᠳᠠᠯᠭ᠎ᠠ ᠲᠠᠢ ᠰᠠᠶᠢᠳᠤᠷ ᠰᠢᠢᠳᠪᠦᠷᠢᠯᠡᠵᠤ᠂ ᠠᠵᠢᠯ ᠤᠨ | ᠨᠡᠶᠢᠯᠡᠯ ᠬᠦᠴᠦᠨ ᠢ ᠪᠦᠷᠢᠯᠳᠦᠭᠦᠯᠬᠦ ᠬᠡᠷᠡᠭᠳᠠᠢ᠃ | ︵ᠠᠷᠪᠠ ᠶᠢᠰᠦ︶ ᠰᠤᠷᠳᠠᠯ ᠤᠬᠠᠭᠤᠯᠭ᠎ᠠ ᠶᠢᠨ ᠵᠢᠯᠤᠭᠤᠳᠤᠯᠭ᠎ᠠ ᠶᠢ ᠴᠢᠩᠭᠠᠳᠬᠠᠨ᠎ᠠ᠃ ᠡᠯ᠎ᠠ ᠭᠠᠵᠠᠷ ᠤᠷᠤᠨ | ᠡᠯ᠎ᠠ ᠰᠠᠯᠠᠭ᠎ᠠ ᠮᠦᠴᠢᠷ᠂ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠪᠠᠨ ᠨᠠᠮ ᠤᠨ ᠲᠦᠪ ᠬᠤᠷᠢᠶ᠎ᠠ᠂ | ᠲᠦᠷᠦ ᠶᠢᠨ ᠶᠠᠪᠤᠳᠠᠯ ᠤᠨ ᠬᠤᠷᠢᠶ᠎ᠠ ᠶᠢᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠳᠡᠭᠡᠷ᠎ᠠ ᠨᠢᠭᠡᠳᠭᠡᠵᠤ᠂ | ᠲᠦᠯᠦᠪᠯᠡᠭᠡᠳᠦ ᠦᠷᠡᠵᠢᠯ ᠤᠨ ᠠᠵᠢᠯ ᠤᠨ ᠤᠯᠤᠭᠰᠠᠨ ᠠᠤᠭ᠎ᠠ ᠦᠷ᠎ᠠ ᠪᠦᠳᠦᠮᠵᠢ ᠶᠢ ᠶᠡᠭᠡᠪᠡᠷ ᠤᠬᠠᠭᠤᠯᠵᠤ᠂ | ᠬᠤᠶᠠᠷ ᠬᠡᠦᠭᠡᠳ ᠠᠪᠴᠦ ᠪᠤᠯᠬᠤ ᠲᠦᠷᠦ ᠶᠢᠨ ᠪᠤᠳᠤᠯᠭ᠎ᠠ ᠶᠢ ᠪᠦᠬᠦ ᠳᠠᠯ᠎ᠠ ᠪᠠᠷ ᠬᠡᠷᠡᠭᠵᠢᠭᠦᠯᠬᠦ ᠳᠠᠶᠢᠯᠤᠮᠵᠢ ᠶᠢ | ᠰᠠᠶᠢᠳᠤᠷ ᠬᠢᠵᠤ᠂ ᠤᠯᠠᠨ ᠤ ᠪᠠᠶᠢᠳᠠᠯ ᠢ ᠬᠢᠨᠠᠨ ᠰᠢᠯᠭᠠᠬᠤ ᠶᠢ ᠴᠢᠩᠭᠠᠳᠬᠠᠬᠤ ᠬᠡᠷᠡᠭᠳᠠᠢ᠃ ᠬᠦᠮᠦᠨ ᠠᠮᠠ ᠶᠢᠨ | ᠳᠤᠬᠠᠢ ᠦᠨᠳᠦᠰᠤᠨ ᠤᠯᠤᠰ ᠤᠨ ᠪᠠᠶᠢᠳᠠᠯ ᠪᠠ ᠲᠦᠯᠦᠪᠯᠡᠭᠡᠳᠦ ᠦᠷᠡᠵᠢᠯ ᠤᠨ ᠦᠨᠳᠤᠰᠤᠨ ᠤᠯᠤᠰ ᠤᠨ | ᠰᠢᠢᠳᠪᠦᠷᠢᠳᠦ ᠪᠤᠳᠤᠯᠭ᠎ᠠ ᠶᠢᠨ ᠰᠤᠷᠭᠠᠨ ᠬᠦᠮᠦᠵᠢᠯ ᠢ ᠴᠢᠩᠭᠠᠳᠬᠠᠵᠤ᠂ ᠤᠯᠤᠰ ᠤᠨ ᠪᠠᠶᠢᠳᠠᠯ ᠪᠤᠯᠤᠨ ᠤᠯᠤᠰ ᠤᠨ | ᠰᠢᠢᠳᠪᠦᠷᠢᠳᠦ ᠪᠤᠳᠤᠯᠭ᠎ᠠ ᠶᠢᠨ ᠳᠤᠬᠠᠢ ᠪᠦᠬᠦ ᠨᠡᠶᠢᠭᠡᠮ ᠤᠨ ᠤᠬᠠᠮᠰᠠᠷ ᠢ ᠳᠠᠰᠤᠷᠠᠯᠳᠠ ᠦᠭᠡᠢ ᠨᠡᠮᠡᠭᠳᠡᠭᠦᠯᠬᠦ ᠬᠡᠷᠡᠭᠳᠠᠢ | ᠃ ᠦᠪᠡᠷᠳᠡᠭᠡᠨ ᠵᠠᠰᠠᠬᠤ ᠤᠷᠤᠨ ᠤ ᠭᠤᠤᠯ ᠪᠤᠯᠬᠤ ᠵᠠᠭᠤᠴᠢᠯᠠᠭᠤᠷ ᠤᠨ ᠬᠢᠨ ᠨᠡᠶᠢᠭᠡᠮ ᠤᠨ ᠶᠠᠷᠢᠶ᠎ᠠ ᠬᠡᠯᠡᠯᠴᠡᠭᠡ ᠶᠢ | ᠵᠦᠪ ᠢᠶᠠᠷ ᠵᠢᠯᠤᠭᠤᠳᠤᠨ ᠬᠦᠳᠦᠯᠵᠤ᠂ ᠲᠦᠷᠦ ᠶᠢᠨ ᠪᠤᠳᠤᠯᠭ᠎ᠠ ᠶᠢᠨ ᠨᠠᠶᠢᠳᠠᠪᠤᠷᠢᠵᠢᠭᠤᠯᠤᠯᠳᠠ ᠪᠠ | ᠦᠭᠡᠷᠡᠴᠢᠯᠡᠯᠳᠡ ᠶᠢᠨ ᠰᠢᠨ᠎ᠠ ᠶᠢ ᠡᠭᠦᠳᠭᠦ ᠶᠢᠨ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠵᠤ᠂ ᠤᠯᠠᠨ | ᠲᠦᠮᠡᠨ ᠤ ᠬᠠᠤᠯᠢ ᠶᠤᠰᠤᠭᠠᠷ ᠦᠷ᠎ᠠ ᠬᠡᠦᠭᠡᠳ ᠠᠪᠬᠤ ᠶᠢ ᠬᠦᠳᠦᠯᠦᠨ ᠵᠢᠯᠤᠭᠤᠳᠬᠤ ᠬᠡᠷᠡᠭᠳᠡᠢ᠃ | ︵ᠬᠤᠷᠢ︶ ᠬᠢᠨᠠᠨ ᠵᠢᠯᠤᠭᠤᠳᠬᠤ ᠶᠢ ᠰᠠᠶᠢᠳᠤᠷ ᠨᠠᠶᠢᠳᠠᠪᠤᠷᠢᠵᠢᠭᠤᠯᠤᠨ᠎ᠠ᠃ ᠡᠯ᠎ᠠ ᠭᠠᠵᠠᠷ ᠤᠷᠤᠨ ᠡᠯ᠎ᠠ | ᠬᠠᠮᠢᠶ᠎ᠠ ᠪᠦᠬᠦᠢ ᠰᠠᠯᠠᠭ᠎ᠠ ᠮᠦᠴᠢᠷ ᠲᠦᠪ ᠤᠨ ︽ᠳᠤᠭᠳᠠᠭᠠᠯ︾ ᠤᠨ ᠵᠤᠷᠢᠭ ᠰᠠᠨᠠᠭ᠎ᠠ ᠪᠠ ᠳᠤᠰ ᠰᠠᠨᠠᠯ ᠤᠨ | ᠱᠠᠭᠠᠷᠳᠠᠯᠭ᠎ᠠ ᠶᠤᠰᠤᠭᠠᠷ ᠬᠡᠷᠡᠭᠵᠢᠭᠦᠯᠬᠦ ᠳᠦᠰᠦᠯ ᠳᠤᠭᠳᠠᠭᠠᠵᠤ᠂ ᠦᠭᠡᠷᠡᠴᠢᠯᠡᠯᠳᠡ ᠶᠢᠨ ᠡᠭᠦᠷᠭᠡ ᠪᠠᠨ | ᠨᠠᠷᠢᠯᠢᠬᠵᠢᠭᠤᠯᠬᠤ ᠬᠡᠷᠡᠭᠳᠠᠢ᠃ ᠲᠦᠯᠦᠪᠯᠡᠭᠡᠳᠦ ᠦᠷᠡᠵᠢᠯ ᠤᠨ ᠠᠵᠢᠯ ᠢ ᠬᠢᠨᠠᠨ ᠵᠢᠯᠤᠭᠤᠳᠬᠤ ᠪᠠᠨ ᠴᠢᠩᠭᠠᠳᠬᠠᠵᠤ᠂ | ᠲᠦᠪ ᠤᠨ ︽ᠳᠤᠭᠳᠠᠭᠠᠯ︾ ᠢ ᠳᠤᠤᠱᠯᠠᠭᠤᠯᠤᠨ ᠨᠠᠶᠢᠳᠠᠪᠤᠷᠢᠵᠢᠭᠤᠯᠬᠤ ᠪᠠ ᠳᠤᠰ ᠰᠠᠨᠠᠯ ᠢ ᠣᠨ ᠤ | ᠲᠦᠯᠦᠪᠯᠡᠭᠡᠳᠦ ᠦᠷᠡᠵᠢᠯ ᠤᠨ ᠬᠠᠷᠠᠯᠳᠠᠳᠦ ᠬᠠᠮᠢᠶᠠᠷᠤᠯᠳᠠ ᠶᠢᠨ ᠡᠭᠦᠷᠭᠡ ᠶᠢᠨ ᠲᠦᠷᠢᠮ ᠤᠨ ᠰᠢᠯᠭᠠᠨ ᠦᠨᠡᠯᠡᠭᠦ | ᠠᠭᠤᠯᠭ᠎ᠠ ᠪᠤᠯᠭᠠᠬᠤ ᠬᠡᠷᠡᠭᠳᠠᠢ᠃ ᠡᠯ᠎ᠠ ᠵᠦᠢᠯ ᠤᠨ ᠦᠭᠡᠷᠡᠴᠢᠯᠡᠯᠳᠡ ᠶᠢᠨ ᠠᠷᠭ᠎ᠠ ᠬᠡᠮᠵᠢᠶ᠎ᠠ ᠶᠢ ᠮᠦᠷᠳᠡᠨ ᠰᠢᠯᠭᠠᠵᠤ | ᠦᠨᠡᠯᠡᠭᠦ ᠪᠠᠨ ᠴᠢᠩᠭᠠᠳᠬᠠᠵᠤ᠂ ᠦᠭᠡᠷᠡᠴᠢᠯᠡᠯᠳᠡ ᠳᠤᠮᠳᠠ ᠡᠭᠦᠰᠭᠦ ᠬᠠᠨᠳᠤᠰᠢ ᠲᠠᠢ᠂ ᠬᠠᠨᠳᠤᠯᠭᠠᠳᠤ ᠴᠢᠨᠠᠷ ᠲᠠᠢ | ᠠᠰᠠᠭᠤᠳᠠᠯ ᠢ ᠴᠠᠭ ᠳᠤᠬᠠᠢ ᠳᠤᠨᠢ ᠢᠯᠡᠷᠡᠭᠦᠯᠦᠨ ᠰᠢᠢᠳᠪᠦᠷᠢᠯᠡᠭᠦ ᠬᠡᠷᠡᠭᠳᠠᠢ᠃ ᠡᠯ᠎ᠠ ᠠᠶᠢᠮᠠᠭ ᠬᠤᠳᠠ ᠶᠢᠨ ᠨᠠᠮ ᠤᠨ | ᠬᠤᠷᠢᠶ᠎ᠠ᠂ ᠵᠠᠰᠠᠭ ᠤᠨ ᠤᠷᠳᠤᠨ ︵ᠵᠠᠰᠠᠭ ᠵᠠᠬᠢᠷᠭ᠎ᠠ︶ ᠵᠢᠯ ᠪᠦᠷᠢ ᠦᠪᠡᠷᠳᠡᠭᠡᠨ ᠵᠠᠰᠠᠬᠤ ᠤᠷᠤᠨ ᠤ ᠨᠠᠮ ᠤᠨ | ᠬᠤᠷᠢᠶ᠎ᠠ᠂ ᠵᠠᠰᠠᠭ ᠤᠨ ᠤᠷᠳᠤᠨ ᠳᠤ ᠲᠦᠯᠦᠪᠯᠡᠭᠡᠳᠦ ᠦᠷᠡᠵᠢᠯ ᠤᠨ ᠠᠵᠢᠯ ᠤᠨ ᠪᠠᠶᠢᠳᠠᠯ ᠤᠨ ᠳᠤᠬᠠᠢ ᠳᠤᠰᠬᠠᠢ | ᠰᠡᠳᠦᠪᠳᠤ ᠮᠡᠳᠡᠭᠦᠯᠦᠯᠳᠡ ᠬᠢᠭᠦ ᠬᠡᠷᠡᠭᠳᠠᠢ᠃ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ | ᠤᠷᠳᠤᠨ ᠬᠤᠶᠠᠷ ᠵᠢᠯ ᠳᠤ ᠡᠯ᠎ᠠ ᠠᠶᠢᠮᠠᠭ ᠬᠤᠳᠠ ᠳᠤ ᠨᠢᠭᠡ ᠤᠳᠠᠭᠠᠨ ᠤ ᠪᠦᠭᠦ ᠳᠠᠯ᠎ᠠ ᠶᠢᠨ ᠰᠢᠮᠳᠠᠭᠤᠯᠤᠨ | ᠪᠠᠶᠢᠴᠠᠭᠠᠯᠳᠠ ᠬᠢᠵᠤ᠂ ᠵᠢᠯ ᠪᠦᠷᠢ ᠬᠤᠶᠠᠷ ᠠᠶᠢᠮᠠᠭ ᠬᠤᠳᠠ ᠶᠢ ᠰᠤᠩᠭᠤᠨ ᠳᠤᠰᠬᠠᠢ ᠵᠦᠢᠯ ᠢᠶᠠᠷ ᠰᠢᠮᠳᠠᠭᠤᠯᠤᠨ | ᠪᠠᠶᠢᠴᠠᠭᠠᠯᠳᠠ ᠬᠢᠵᠤ᠂ ᠳᠤᠪᠤᠶᠢᠮ᠎ᠠ ᠠᠰᠠᠭᠤᠳᠠᠯ ᠤᠷᠤᠰᠢᠵᠤ ᠪᠠᠶᠢᠭ᠎ᠠ ᠭᠠᠵᠠᠷ ᠤᠷᠤᠨ ᠢ ᠴᠠᠭ ᠳᠤᠬᠠᠢ ᠳᠤᠨᠢ | ᠵᠤᠬᠢᠶᠠᠨ ᠪᠠᠶᠢᠭᠤᠯᠤᠨ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠯᠳᠠ ᠬᠢᠭᠦ ᠬᠡᠷᠡᠭᠳᠠᠢ᠃ | |