ᠥᠪᠥᠷ ᠮᠣᠩᠭᠤᠯ ᠤᠨ ᠴᠢᠶ᠋ᠢᠦ ᠲᠣᠰᠣ ᠪᠣᠯᠤᠨ ᠲᠦᠯᠡᠰᠢ ᠶᠢᠨ ᠲᠤᠰᠤ ︽ᠤᠯᠤᠰ ᠤᠨ ᠲᠠᠪᠤᠳᠤᠭᠠᠷ︾ ᠴᠠᠭ ᠦᠶ᠎ᠡ ᠳᠤ ᠤᠷᠤᠪᠠ
ᠨᠡᠶᠢᠲᠡᠯᠡᠭᠰᠡᠨ ᠴᠠᠭ᠄
2017/1/5
     ᠤᠯᠤᠰ ᠤᠨ ᠲᠤᠰᠤᠨ ᠤ ᠪᠦᠲᠦᠭᠡᠭᠳᠡᠬᠦᠨ ᠤ ᠶᠠᠰᠤ ᠴᠢᠨᠠᠷ ᠢ ᠳᠡᠰ ᠳᠡᠪᠰᠢᠬᠦᠯᠬᠦ ᠲᠥᠰᠦᠯ ᠤᠨ ᠶᠣᠰᠣᠭᠠᠷ᠂ 2017 ᠤᠨ ᠤ 1 ᠳ᠋ᠤᠭᠡᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠪᠦᠬᠦ ᠣᠷᠣᠨ ᠤᠯᠤᠰ ᠤᠨ Ⅴ ᠪᠠᠷᠢᠮᠵᠢᠶ᠎ᠠ ᠳᠤ ᠨᠡᠶᠢᠴᠡᠭᠰᠡᠨ ᠮᠠᠰᠢᠨ ᠲᠡᠷᠭᠡᠨ ᠳᠤ ᠬᠡᠷᠡᠭᠯᠡᠬᠦ ᠴᠢᠶ᠋ᠢᠦ ᠲᠤᠰᠤ ︵E10 ᠡᠲ᠋ᠢᠯ ᠠᠯᠺᠤᠤᠯ ᠴᠢᠶ᠋ᠢᠤ ᠲᠤᠰᠤ ᠪᠠᠭᠲᠠᠨ᠎ᠠ︶᠂ ᠮᠠᠰᠢᠨ ᠲᠡᠷᠭᠡᠨ ᠳᠤ ᠬᠡᠷᠡᠭᠯᠡᠬᠦ ᠲᠦᠯᠡᠰᠢ ᠶᠢᠨ ᠲᠤᠰᠤ ︵B5 ᠠᠮᠢᠳᠤ ᠪᠣᠳᠠᠰ ᠤᠨ ᠲᠦᠯᠡᠰᠢ ᠶᠢᠨ ᠲᠤᠰᠤ ᠪᠠᠭᠲᠠᠨ᠎ᠠ︶᠎ ᠶᠢ ᠪᠥᠬᠦ ᠲᠠᠯ᠎ᠠ ᠪᠠᠷ ᠬᠠᠨᠭ᠍ᠭᠠᠬᠤ ᠶᠢᠨ ᠬᠠᠮᠲᠤ ᠤᠯᠤᠰ ᠤᠨ Ⅴ ᠪᠠᠷᠢᠮᠵᠢᠶ᠎ᠠ ᠠᠴᠠ ᠳᠤᠤᠷ᠎ᠠ ᠮᠠᠰᠢᠨ ᠲᠡᠷᠭᠡᠨ ᠳᠤ ᠬᠡᠷᠡᠭᠯᠡᠬᠦ ᠴᠢᠶ᠋ᠢᠦ ᠲᠤᠰᠤ᠂ ᠲᠦᠯᠡᠰᠢ ᠶᠢᠨ ᠲᠤᠰᠤ ᠪᠣᠷᠣᠯᠠᠭᠤᠯᠬᠤ ᠶᠢ ᠵᠤᠭᠰᠤᠭᠠᠨ᠎ᠠ᠃ ᠡᠨᠡ ᠤᠳᠠᠭᠠᠨ ᠤ ᠲᠤᠰᠤᠨ ᠤ ᠪᠦᠲᠦᠭᠡᠭᠳᠡᠬᠦᠨ ᠤ ᠶᠠᠰᠤ ᠴᠢᠨᠠᠷ ᠤᠨ ᠲᠡᠰ ᠳᠡᠪᠰᠢᠬᠦᠯᠦᠯᠲᠡ ᠨᠢ ᠠᠭᠠᠷ ᠮᠠᠨᠳᠠᠯ ᠤᠨ ᠪᠣᠬᠢᠷᠲᠤᠯ ᠢ ᠵᠠᠰᠠᠬᠤ ᠪᠠ ᠣᠷᠴᠢᠨ ᠲᠣᠭᠤᠷᠢᠨ ᠢ ᠬᠠᠮᠠᠭᠠᠯᠠᠬᠤ ᠳᠤ ᠠᠰᠢᠭᠲᠠᠶ ᠶᠤᠮ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号