| ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠰᠦᠯᠵᠢᠶᠡᠨ ᠤ ᠠᠮᠤᠷ ᠲᠦᠪᠰᠢᠨ ᠤ ᠬᠠᠤᠯᠢ︾ ︵ | ᠳᠣᠷᠣᠭᠰᠢ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠭᠡᠵᠦ ᠲᠣᠪᠴᠢᠯᠠᠨ᠎ᠠ︶ ᠶᠢ 2016 ᠣᠨ ᠤ 11 | ᠳ᠋ᠦ᠋ᠭᠡᠷ ᠰᠠᠷ᠎ᠠ ᠶᠢᠨ 7 ᠤ ᠡᠳᠦᠷ᠂ ᠠᠷᠪᠠᠨ ᠬᠤᠶᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ | ᠲᠥᠯᠥᠭᠡᠯᠡᠭᠴᠢᠳ ᠤᠨ ᠪᠠᠶᠢᠩᠭᠤ ᠶᠢᠨ ᠬᠤᠷᠢᠶ᠎ᠠ ᠶᠢᠨ ᠬᠤᠷᠢᠨ ᠳᠥᠷᠪᠡᠳᠦᠭᠡᠷ ᠬᠤᠷᠠᠯᠳᠤᠭᠠᠨ ᠠᠴᠠ ᠪᠠᠲᠤᠯᠠᠵᠤ᠂ | 2017 ᠣᠨ ᠤ 6 ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠨ ᠵᠢᠩᠬᠢᠨᠢ ᠪᠠᠷ ᠬᠡᠷᠡᠭᠵᠢᠭᠦᠯᠬᠦ ᠪᠣᠯᠪᠠ᠃ | 2015 ᠣᠨ ᠤ 6 ᠳ᠋ᠤᠭᠠᠷ ᠰᠠᠷ᠎ᠠ ᠳᠤ ᠠᠩᠬ᠎ᠠ ᠤᠳᠠᠭ᠎ᠠ ᠬᠢᠨᠠᠨ ᠶᠠᠷᠢᠯᠴᠠᠵᠤ᠂ 2016 ᠣᠨ ᠤ 11 ᠳ᠋ᠦ᠋ᠭᠡᠷ | ᠰᠠᠷ᠎ᠠ ᠳᠤ ᠪᠠᠲᠤᠯᠠᠭᠳᠠᠪᠠ᠂ ︽ᠰᠦᠯᠵᠢᠶᠡᠨ ᠤ ᠠᠮᠤᠷ ᠲᠦᠪᠰᠢᠨ ᠤ ᠬᠠᠤᠯᠢ ︾ ᠶᠢ ᠭᠤᠷᠪᠠ ᠤᠳᠠᠭ᠎ᠠ ᠬᠢᠨᠠᠨ | ᠶᠠᠷᠢᠯᠴᠠᠵᠤ᠂ ᠪᠦᠬᠦ ᠶᠠᠪᠤᠴᠠ ᠨᠢ ᠤᠯᠤᠰ ᠤᠨ ᠳᠣᠲᠣᠭᠠᠳᠤ ᠭᠠᠳᠠᠭᠠᠳᠤ ᠶᠢᠨ ᠡᠯ᠎ᠡ ᠲᠠᠯ᠎ᠠ ᠶᠢᠨ ᠬᠥᠮᠦᠰ ᠤᠨ | ᠠᠩᠬᠠᠷᠤᠯ ᠢ ᠶᠡᠬᠡᠳᠡ ᠲᠠᠲᠠᠪᠠ᠃ | ᠰᠢᠨ᠎ᠡ ᠮᠡᠨᠳᠦᠯᠡᠭᠰᠡᠨ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠨᠢ 6 ᠶᠡᠭᠡ ᠭᠢᠯᠠᠰ ᠴᠢᠭ᠋ ᠪᠤᠶ᠄ | ᠰᠦᠯᠵᠢᠶᠡᠨ ᠤ ᠣᠷᠣᠨ ᠵᠠᠶ ᠶᠢᠨ ᠡᠷᠬᠡ ᠮᠡᠳᠡᠯ ᠤᠨ ᠵᠠᠷᠴᠢᠮ ᠢ ᠲᠣᠳᠣᠷᠬᠠᠶᠢᠯᠠᠪᠠ︔ ᠰᠦᠯᠵᠢᠶᠡᠨ ᠤ ᠦᠢᠯᠡᠳᠬᠦᠨ | ᠪᠣᠯᠤᠨ ᠦᠢᠯᠡᠴᠢᠯᠡᠭᠡ ᠬᠠᠩᠭᠠᠭᠴᠢ ᠶᠢᠨ ᠡᠭᠦᠷᠭᠡ ᠶᠢ ᠲᠣᠳᠣᠷᠬᠠᠶᠢᠯᠠᠪᠠ︔ ᠰᠦᠯᠵᠢᠶ᠎ᠡ ᠡᠵᠡᠩᠨᠡᠭᠴᠢ ᠶᠢᠨ ᠠᠮᠤᠷ | ᠲᠦᠪᠰᠢᠨ ᠤ ᠡᠭᠦᠷᠭᠡ ᠶᠢ ᠲᠣᠳᠣᠷᠬᠠᠶᠢᠯᠠᠪᠠ︔ ᠬᠤᠪᠢ ᠬᠥᠮᠦᠨ ᠤ ᠮᠡᠳᠡᠭᠡ ᠵᠠᠩᠭᠢ ᠶᠢ ᠬᠠᠮᠠᠭᠠᠯᠠᠬᠤ ᠳᠦᠷᠢᠮ ᠢ | ᠤᠯᠠᠮ ᠨᠢᠭᠡ ᠠᠯᠬᠤᠮ ᠪᠥᠷᠢᠨᠰᠢᠭᠦᠯᠪᠡ︔ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ ᠪᠡᠯᠡᠳᠬᠡᠮᠵᠢ ᠶᠢᠨ ᠠᠮᠤᠷ | ᠲᠦᠪᠰᠢᠨ ᠢ ᠬᠠᠮᠠᠭᠠᠯᠠᠬᠤ ᠲᠦᠷᠢᠮ ᠢ ᠪᠠᠶᠢᠭᠤᠯᠪᠠ︔ ᠵᠠᠩᠭᠢᠯᠠᠭ᠎ᠠ ᠶᠢᠨ ᠮᠡᠳᠡᠭᠡ ᠵᠠᠩᠭᠢ ᠶᠢᠨ ᠰᠠᠭᠤᠷᠢ | ᠪᠡᠯᠡᠳᠬᠡᠮᠵᠢ ᠶᠢᠨ ᠴᠢᠬᠤᠯᠠ ᠲᠤᠭ᠎ᠠ ᠪᠠᠷᠢᠮᠲᠠ ᠶᠢ ᠬᠢᠯᠢ ᠠᠯᠤᠰᠯᠠᠨ ᠳᠠᠮᠵᠢᠭᠤᠯᠬᠤ ᠳᠦᠷᠢᠮ ᠢ ᠪᠠᠶᠢᠭᠤᠯᠪᠠ᠃ ᠡᠨᠡ | ᠬᠦ ᠵᠢᠷᠭᠤᠭᠠᠨ ᠶᠡᠭᠡ ᠭᠢᠯᠠᠰ ᠴᠢᠭ᠋ ᠨᠢ ᠮᠠᠨ ᠤ ᠤᠯᠤᠰ ᠢᠨᠲ᠋ᠧᠷ ᠰᠦᠯᠵᠢᠶᠡᠨ ᠤ ᠣᠷᠣᠨ ᠵᠠᠶ ᠶᠢ ᠵᠠᠰᠠᠬᠤ ᠶᠠᠪᠤᠳᠠᠯ | ᠤᠨ ᠲᠠᠯ᠎ᠠ ᠪᠠᠷ ᠪᠤᠰᠤᠳ ᠤᠨ ᠰᠠᠶᠢᠨ ᠲᠠᠯ᠎ᠠ ᠶᠢ ᠥᠷᠭᠡᠨ ᠢᠶᠠᠷ ᠰᠢᠩᠭᠡᠭᠡᠵᠦ᠂ ᠥᠪᠡᠷ ᠢ ᠪᠠᠨ ᠢᠲᠡᠭᠡᠯᠲᠡᠢ | ᠴᠢᠯᠦᠭᠡᠯᠡᠵᠦ᠂ ᠬᠥᠮᠦᠨ ᠢᠶᠠᠷ ᠦᠨᠳᠦᠰᠦ ᠪᠣᠯᠭᠠᠬᠤ ᠲᠣᠮᠣ ᠤᠯᠤᠰ ᠤᠨ ᠤᠶᠤᠨ ᠤᠬᠠᠭᠠᠨ᠂ ᠲᠣᠮᠣ ᠤᠯᠤᠰ ᠤᠨ | ᠬᠠᠷᠢᠭᠤᠴᠠᠯᠭᠠᠲᠤ ᠡᠭᠦᠷᠭᠡᠯᠡᠯ᠂ ᠲᠣᠮᠣ ᠤᠯᠤᠰ ᠤᠨ ᠶᠡᠭᠡ ᠰᠡᠳᠬᠢᠯᠭᠡ ᠶᠢ ᠢᠯᠡᠷᠡᠭᠦᠯᠪᠡ᠃ | ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠨᠢ ᠳᠡᠯᠡᠬᠡᠶ ᠨᠡᠶᠢᠲᠡ ᠶᠢᠨ ᠠᠩᠬᠠᠷᠤᠯ ᠢ ᠲᠠᠲᠠᠵᠤ᠂ | ᠤᠯᠤᠰ ᠳᠠᠶᠠᠭᠠᠷ ᠤᠨ ᠬᠦᠰᠡᠯ ᠮᠥᠷᠥᠭᠡᠳᠦᠯ ᠳᠣᠣᠷ᠎ᠠ ᠤᠷᠤᠭᠰᠢᠲᠠᠶ ᠨᠡᠶᠢᠲᠡᠯᠡᠭᠳᠡᠵᠦ᠂ ᠳᠤᠮᠳᠠᠳᠤ ᠤᠯᠤᠰ ᠤᠨ | ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠬᠦᠷᠢᠶᠡᠨ ᠳᠤ ᠰᠢᠨ᠎ᠡ ᠴᠢᠬᠤᠯᠠ ᠶᠡᠭᠡ ᠠᠵᠠ ᠲᠣᠬᠢᠶᠠᠯ ᠢ ᠤᠭᠲᠤᠨ | ᠠᠪᠴᠢᠷᠠᠪᠠ᠂ ︽ᠰᠦᠯᠵᠢᠶᠡᠨ ᠤ ᠠᠮᠤᠷ ᠲᠦᠪᠰᠢᠨ ᠤ ᠬᠠᠤᠯᠢ︾ ᠶᠢᠨ ᠬᠠᠮᠠᠭᠠᠯᠠᠯᠲᠠ ᠳᠣᠣᠷ᠎ᠠ᠂ ᠳᠤᠮᠳᠠᠳᠤ | ᠤᠯᠤᠰ ᠤᠨ ᠢᠨᠲ᠋ᠧᠷ ᠰᠦᠯᠵᠢᠶᠡᠨ ᠤ ᠮᠡᠳᠡᠭᠡ ᠵᠠᠩᠭᠢ ᠶᠢᠨ ᠦᠢᠯᠡᠰ ᠤᠨ ᠬᠥᠭᠵᠢᠯᠲᠡ ᠨᠡᠩ ᠭᠡᠭᠡᠨ ᠰᠠᠷᠠᠭᠤᠯ | ᠢᠷᠡᠭᠡᠳᠦᠶ ᠶᠢ ᠤᠭᠲᠤᠨ ᠠᠪᠴᠢᠷᠠᠬᠤ ᠨᠢ ᠯᠠᠪᠲᠠᠶ ᠶᠤᠮ᠃ |