ᠳᠤᠮᠳᠠᠳᠤ ᠣᠯᠣᠰ ᠤᠨ ᠡᠪ ᠬᠠᠮᠳᠣ ᠨᠠᠮ ᠤᠨ ᠦᠪᠦᠷ ᠮᠣᠩᠭᠤᠯ ᠤᠨ ᠦᠪᠡᠷᠳᠡᠭᠡᠨ ᠵᠠᠰᠠᠬᠤ ᠣᠷᠣᠨ ᠤ | ᠠᠷᠪᠠᠳᠣᠭᠠᠷ ᠬᠤᠭᠤᠴᠠᠭᠠᠨ ᠤ ᠬᠤᠷᠢᠶ᠎ᠠ ᠶᠢᠨ ᠬᠤᠶᠠᠳᠤᠭᠠᠷ ᠪᠦᠭᠦᠳᠡ ᠬᠤᠷᠠᠯ 2017 ᠣᠨ ᠤ 1 ᠳ᠋ᠦ᠋ᠭᠡᠷ | ᠰᠠᠷ᠎ᠠ ᠶᠢᠨ 4 ᠤ ᠡᠳᠦᠷ ᠠᠴᠠ 5 ᠤ ᠡᠳᠦᠷ ᠪᠣᠯᠳᠠᠯ᠎ᠠ ᠬᠦᠬᠡᠬᠤᠳᠠ ᠳᠤ ᠬᠤᠷᠠᠯᠳᠣᠪᠠ᠃ | ᠦᠪᠡᠷᠳᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠭᠡᠰᠢᠭᠦᠨ 75 ᠬᠦᠮᠦᠨ᠂ ᠣᠷᠣᠯᠠᠭᠴᠢ ᠭᠡᠰᠢᠭᠦᠨ | 13 ᠬᠦᠮᠦᠨ ᠬᠤᠷᠠᠯ ᠳᠤ ᠣᠷᠣᠯᠴᠠᠪᠠ᠃ ᠦᠪᠡᠷᠳᠡᠭᠡᠨ ᠵᠠᠰᠠᠬᠤ ᠤᠷᠤᠨ ᠤ ᠬᠠᠮᠢᠶ᠎ᠠ ᠪᠦᠬᠦᠢ ᠤᠳᠤᠷᠢᠳᠬᠤ | ᠨᠦᠬᠦᠳ᠂ ᠰᠠᠬᠢᠯᠭ᠎ᠠ ᠪᠠᠳᠣ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠭᠡᠰᠢᠭᠦᠳ᠂ ᠬᠠᠮᠢᠶ᠎ᠠ ᠪᠦᠬᠦᠢ ᠲᠠᠯ᠎ᠠ ᠶᠢᠨ | ᠬᠠᠷᠢᠭᠤᠴᠠᠯᠭᠠᠳᠠᠨ ᠨᠦᠬᠦᠳ᠂ ᠬᠤᠰᠢᠭᠤ ᠰᠢᠶᠠᠨ ᠬᠤᠳᠠ ᠲᠤᠭᠤᠷᠢᠭ ᠤᠨ ᠨᠠᠮ ᠵᠠᠰᠠᠭ ᠤᠨ ᠭᠤᠤᠯ | ᠬᠠᠷᠢᠭᠤᠴᠠᠯᠭᠠᠳᠠᠨ ᠨᠦᠬᠦᠳ ᠪᠤᠯᠤᠨ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠬᠡᠰᠡᠭ ᠦᠨᠳᠦᠰᠦᠨ ᠱᠠᠳᠤᠨ ᠤ ᠲᠦᠯᠦᠭᠡᠯᠡᠭᠴᠢ ᠬᠤᠷᠠᠯ ᠳᠤ ᠰᠣᠯᠠ | ᠣᠷᠣᠯᠴᠠᠪᠠ᠃ | ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠪᠦᠬᠦᠳᠡ ᠬᠤᠷᠠᠯ ᠢ | ᠡᠷᠬᠢᠯᠡᠪᠡ᠃ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠱᠦᠵᠢ ᠯᠢ ᠵᠢᠢ ᠾᠧᠩ ᠴᠢᠬᠤᠯᠠ ᠶᠠᠷᠢᠶ᠎ᠠ | ᠳᠠᠯᠪᠢᠵᠤ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠲᠡᠳ᠋ ᠱᠦᠵᠢ᠂ ᠦᠪᠡᠷᠳᠡᠭᠡᠨ ᠵᠠᠰᠠᠬᠤ | ᠤᠷᠤᠨ ᠤ ᠲᠡᠷᠢᠭᠦᠯᠡᠭᠴᠢ ᠪᠦ᠋ ᠰᠢᠶᠤᠤ ᠯᠢᠨ 2017 ᠣᠨ ᠤ ᠠᠵᠤ ᠠᠬᠤᠢ ᠶᠢᠨ ᠠᠵᠢᠯ ᠳᠤ ᠪᠤᠳᠠᠳᠠᠢ | ᠪᠠᠶᠢᠷᠢᠯᠠᠭᠤᠯᠤᠯᠳᠠ ᠬᠢᠪᠠ᠃ | ᠪᠦᠭᠦᠳᠡ ᠬᠤᠷᠠᠯ ᠠᠴᠠ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ | ᠰᠠᠨᠠᠭ᠎ᠠ᠂ ᠲᠦᠪ ᠤᠨ ᠠᠵᠤ ᠠᠬᠤᠢ ᠶᠢᠨ ᠠᠵᠢᠯ ᠤᠨ ᠬᠤᠷᠠᠯ ᠤᠨ ᠵᠤᠷᠢᠭ ᠰᠠᠨᠠᠭ᠎ᠠ ᠪᠤᠯᠤᠨ ᠦᠪᠡᠷᠳᠡᠭᠡᠨ ᠵᠠᠰᠠᠬᠤ | ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠤᠨ ᠵᠤᠷᠢᠭ ᠰᠠᠨᠠᠭ᠎ᠠ ᠶᠢ | ᠬᠦᠨᠵᠡᠭᠡᠢ ᠰᠤᠷᠤᠯᠴᠠᠨ ᠲᠤᠤᠱᠯᠠᠭᠤᠯᠪᠠ᠃ ᠬᠤᠷᠠᠯ ᠠᠴᠠ ᠴᠢᠬᠤᠯᠠᠴᠢᠯᠠᠬᠰᠠᠨ ᠨᠢ᠂ ᠨᠠᠮ ᠤᠨ ᠠᠷᠪᠠᠨ ᠨᠠᠢᠮᠠᠳᠤᠭᠠᠷ | ᠶᠡᠭᠡ ᠬᠤᠷᠠᠯ ᠠᠴᠠ ᠨᠠᠰᠢ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ᠂ ︽ | ᠲᠠᠪᠤ ᠶᠢ ᠨᠢᠭᠡ ᠴᠤᠬᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ ᠶᠢ ᠢᠳᠡᠪᠬᠢᠳᠡᠢ ᠠᠬᠢᠭᠤᠯᠵᠤ᠂ ︽ᠲᠦᠷᠪᠡᠨ | ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠢᠳᠡᠭ ᠢᠳᠡᠭ ᠢᠶᠠᠷ ᠪᠦᠷᠢᠯᠳᠦᠭᠦᠯᠦᠨ᠂ | ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠬᠤ ᠠᠵᠤ ᠠᠬᠤᠢ ᠶᠢᠨ ᠲᠦᠷᠦ ᠶᠢᠨ | ᠪᠤᠳᠤᠯᠭ᠎ᠠ ᠶᠢᠨ ᠪᠦᠳᠦᠭᠦᠪᠴᠢ ᠲᠦᠯᠦᠪ ᠢ ᠠᠩᠬ᠎ᠠ ᠠᠯᠬᠤᠮ ᠲᠤᠬᠳᠠᠭᠠᠵᠤ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠵᠤ ᠠᠬᠤᠢ ᠶᠢᠨ ᠤᠨᠤᠯ ᠢ ᠪᠠᠶᠠᠯᠢᠬᠵᠢᠭᠤᠯᠤᠨ ᠬᠦᠭᠵᠢᠭᠦᠯᠪᠡ᠃ ᠪᠦᠬᠦ | ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠤᠯᠤᠨ ᠦᠷᠭᠡᠨ ᠤᠯᠠᠨ ᠨᠠᠮ ᠤᠨ ᠬᠡᠰᠢᠭᠦᠨ | ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠠᠵᠤ ᠠᠬᠤᠢ ᠶᠢᠨ ᠠᠵᠢᠯ ᠤᠨ | ᠲᠤᠬᠠᠢ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠶᠢ ᠡᠷᠡᠰ ᠭᠤᠶᠢᠪᠢᠰᠢ ᠦᠭᠡᠢ | ᠲᠤᠤᠱᠯᠠᠭᠤᠯᠤᠨ ᠨᠡᠶᠢᠳᠡᠪᠦᠷᠢᠵᠢᠭᠤᠯᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠭᠦ ᠠᠵᠤ ᠠᠬᠤᠢ ᠶᠢᠨ | ᠬᠦᠭᠵᠢᠯᠳᠡ ᠰᠢᠨ᠎ᠠ ᠬᠡᠪ ᠪᠠᠶᠢᠳᠠᠯ ᠳᠤ ᠤᠷᠤᠬᠰᠠᠨ ᠲᠤᠬᠠᠢ ᠲᠦᠪ ᠤᠨ ᠴᠢᠬᠤᠯᠠ ᠮᠠᠭᠠᠳᠯᠠᠯᠳᠠ ᠲᠡᠭᠡᠷ᠎ᠡ | ᠨᠢᠭᠡᠳᠭᠡᠵᠦ᠂ ᠲᠦᠪ ᠤᠨ ᠳᠣᠭᠳᠠᠭᠤᠨ ᠤ ᠲᠤᠮᠳᠠ ᠣᠷᠣᠭᠰᠢᠯᠠᠨ ᠳᠠᠪᠰᠢᠬᠤ ᠶᠡᠷᠦᠩᠬᠡᠢ ᠬᠦᠭ ᠠᠶᠠᠰ ᠢ | ᠳᠣᠣᠱᠯᠠᠭᠤᠯᠬᠤ ᠴᠢᠬᠤᠯᠠ ᠵᠠᠷᠴᠢᠮ ᠳᠡᠭᠡᠷ᠎ᠡ ᠨᠢᠭᠡᠳᠭᠡᠵᠦ᠂ ᠰᠢᠨ᠎ᠠ ᠬᠦᠭᠵᠢᠯᠳᠡ ᠶᠢᠨ ᠤᠨᠤᠯᠵᠢᠬᠤᠨ ᠢᠶᠠᠷ | ᠬᠦᠭᠵᠢᠯᠳᠡ ᠶᠢᠨ ᠰᠢᠨ᠎ᠡ ᠦᠢᠯᠡᠳᠦᠯᠭᠡ ᠪᠠᠨ ᠵᠢᠯᠤᠭᠤᠳᠣᠭᠤᠯᠬᠤ ᠲᠤᠬᠠᠢ ᠲᠦᠪ ᠤᠨ ᠴᠢᠬᠤᠯᠠ ᠱᠠᠭᠠᠷᠳᠠᠯᠭ᠎ᠠ | ᠲᠡᠭᠡᠷ᠎ᠡ ᠨᠢᠭᠡᠳᠭᠡᠵᠦ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢᠨ ᠲᠤᠬᠠᠢ | ᠲᠦᠪ ᠤᠨᠴᠢᠬᠤᠯᠠ ᠠᠷᠭ᠎ᠠ ᠬᠡᠮᠵᠢᠶ᠎ᠡ ᠲᠡᠭᠡᠷ᠎ᠡ ᠨᠢᠭᠡᠳᠭᠡᠵᠤ᠂ ᠦᠪᠡᠷᠳᠡᠭᠡᠨ ᠵᠠᠰᠬᠠᠤ ᠤᠷᠤᠨ ᠤ ᠠᠷᠪᠠᠳᠤᠭᠠᠷ | ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠬᠳᠠᠭᠠᠬᠰᠠᠨ ᠬᠤᠶᠢᠰᠢᠳᠡ ᠶᠢᠨ ᠲᠠᠪᠤᠨ ᠵᠢᠯ | ᠤᠨ ᠦᠪᠦᠷ ᠮᠤᠩᠭᠤᠯ ᠤᠨ ᠠᠵᠢᠯ ᠤᠨ ᠵᠢᠯᠤᠭᠤᠳᠬᠤ ᠦᠵᠡᠯ ᠰᠠᠨᠠᠭ᠎ᠠ᠂ ᠵᠠᠷᠴᠢᠮ ᠱᠠᠭᠠᠷᠳᠠᠯᠭ᠎ᠠ᠂ ᠲᠡᠮᠡᠴᠡᠭᠦ | ᠬᠠᠷᠠᠯᠳᠠ᠂ ᠭᠤᠤᠯ ᠡᠭᠦᠷᠭᠡ ᠪᠠ ᠴᠢᠬᠤᠯᠠ ᠠᠷᠭ᠎ᠠ ᠬᠡᠮᠵᠢᠶ᠎ᠠ ᠶᠢ ᠪᠦᠬᠦ ᠲᠠᠯ᠎ᠠ ᠪᠠᠷ ᠵᠦᠪ ᠤᠨᠤᠪᠴᠢᠳᠠᠢ ᠡᠵᠡᠮᠰᠢᠵᠤ᠂ | ᠠᠵᠠ ᠲᠤᠬᠢᠶᠠᠯ ᠢ ᠠᠮᠵᠢᠨ᠂ ᠬᠦᠴᠢᠷ ᠢ ᠳᠣᠭᠤᠯᠣᠨ ᠪᠡᠷᠬᠡ ᠶᠢ ᠲᠠᠪᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠭᠦᠯᠭᠦ᠂ ᠤᠳᠤᠬᠢᠴᠢᠯᠠᠬᠰᠠᠨ ᠦᠪᠦᠷ ᠮᠤᠩᠭᠤᠯ ᠢ ᠪᠦᠳᠦᠭᠡᠨ ᠪᠠᠶᠢᠭᠤᠯᠬᠤ ᠪᠠ ᠡᠭᠡ ᠤᠯᠤᠰ ᠤᠨ ᠤᠮᠠᠷᠠᠳᠦ ᠶᠢᠨ | ᠦᠵᠡᠰᠭᠦᠯᠡᠩᠳᠦ ᠰᠠᠶᠢᠬᠠᠨ ᠦᠵᠡᠮᠵᠢ ᠶᠢᠨ ᠤᠷᠤᠨ ᠢ ᠪᠦᠳᠦᠭᠡᠨ ᠪᠠᠶᠢᠭᠤᠯᠬᠤ ᠰᠢᠨ᠎ᠡ ᠢᠯᠡᠯᠳᠡ ᠶᠢ ᠲᠠᠰᠤᠷᠠᠯᠳᠠᠦᠭᠡᠢ | ᠲᠡᠮᠡᠴᠡᠨ ᠤᠯᠬᠤ ᠬᠡᠷᠡᠭᠳᠡᠢ ᠬᠡᠵᠠᠢ᠃ | ᠪᠦᠬᠦᠳᠡ ᠬᠤᠷᠠᠯ ᠠᠴᠠ ᠦᠵᠡᠭᠰᠡᠨ ᠨᠢ᠂ 2016 ᠣᠨ ᠳᠤ ᠰᠢ ᠶᠢᠨ ᠫᠢᠩ ᠨᠦᠬᠦᠷ ᠢᠶᠠᠷ ᠭᠤᠤᠯ | ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠦᠪᠡᠷᠳᠡᠭᠡᠨ ᠵᠠᠰᠠᠬᠤ | ᠤᠷᠤᠨ ᠤ ᠨᠠᠮ ᠤᠨ ᠬᠤᠷᠢᠶ᠎ᠠ ᠪᠦᠬᠦ ᠤᠷᠤᠨ ᠤ ᠦᠨᠳᠦᠰᠦᠳᠡᠨ ᠨᠦᠬᠦᠳ ᠤᠨᠠᠷᠠᠳ ᠲᠦᠮᠡᠨ ᠢ ᠪᠦᠯᠬᠦᠮᠳᠡᠭᠦᠯᠦᠨ | ᠲᠠᠭᠠᠭᠤᠯᠵᠤ᠂ ᠲᠦᠪ ᠤᠨ ᠡᠯ᠎ᠠ ᠵᠦᠢᠯ ᠤᠨ ᠰᠢᠢᠳᠪᠦᠷᠢᠳᠦ ᠪᠤᠳᠤᠯᠭ᠎ᠠ ᠪᠠᠶᠢᠷᠢᠯᠠᠭᠤᠯᠤᠯᠳᠠ ᠶᠢ ᠬᠢᠨᠠᠮᠠᠭᠠᠢ | ᠲᠤᠤᠱᠯᠠᠭᠤᠯᠤᠨ ᠨᠡᠶᠢᠳᠡᠪᠦᠷᠢᠵᠢᠭᠤᠯᠵᠤ᠂ ᠲᠤᠬᠳᠠᠭᠤᠨ ᠤ ᠲᠤᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ | ᠬᠦᠭ ᠠᠶᠠᠰ ᠢ ᠪᠠᠷᠢᠮᠳᠠᠯᠠᠵᠤ᠂ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ | ᠰᠠᠨᠠᠭᠠᠴᠢᠯᠠᠭ᠎ᠠ ᠠᠴᠠ ᠪᠠᠨ ᠵᠤᠬᠢᠴᠠᠨ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠢ ᠡᠵᠡᠮᠰᠢᠨ | ᠬᠦᠳᠦᠯᠦᠨ ᠲᠠᠭᠠᠭᠤᠯᠵᠤ᠂ ᠰᠢᠨ᠎ᠡ ᠬᠦᠭᠵᠢᠯᠳᠡ ᠶᠢᠨ ᠤᠨᠤᠯᠵᠢᠬᠤᠨ ᠢ ᠪᠦᠬᠦ ᠲᠠᠯ᠎ᠠ ᠪᠠᠷ ᠨᠡᠶᠢᠳᠡᠪᠦᠷᠢᠵᠢᠭᠤᠯᠤᠨ᠂ | ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠯᠠᠪᠳᠠᠭᠤᠨ ᠪᠠᠳᠤᠳᠠᠢ ᠠᠬᠢᠭᠤᠯᠵᠤ᠂ | ᠪᠠᠶᠢᠭᠤᠯᠤᠮᠵᠢ ᠲᠤᠬᠳᠠᠴᠠ ᠶᠢᠨ ᠰᠢᠨ᠎ᠡ ᠶᠢ ᠡᠭᠦᠳᠬᠦ ᠶᠢ ᠶᠡᠭᠡᠪᠡᠷ ᠠᠬᠢᠭᠤᠯᠵᠤ᠂ ᠭᠠᠳᠠᠭᠠᠳᠣ ᠨᠡᠭᠡᠭᠡᠯᠳᠡ ᠪᠠᠨ | ᠴᠢᠨᠠᠬᠰᠢᠳᠠ ᠦᠷᠭᠡᠳᠭᠡᠨ᠂ ᠠᠷᠠᠳ ᠤᠨ ᠠᠮᠢᠳᠤᠷᠠᠯ ᠢ ᠪᠠᠳᠤᠯᠠᠬᠤ ᠪᠠ ᠠᠶᠤᠯ ᠲᠦᠭᠰᠢᠭᠦᠷᠢ ᠶᠢ ᠰᠡᠷᠬᠡᠶᠢᠯᠡᠨ | ᠡᠵᠡᠮᠳᠡᠭᠦ ᠠᠵᠢᠯ ᠢ ᠯᠠᠪᠳᠠᠭᠤᠨ ᠪᠠᠳᠤᠳᠠᠢ ᠰᠠᠶᠢᠳᠤᠷ ᠠᠳᠬᠤᠵᠤ᠂ ᠪᠦᠬᠦ ᠤᠷᠤᠨ ᠤ ᠠᠵᠤ ᠠᠬᠤᠢ ᠶᠢᠨ | ᠡᠷᠬᠢᠯᠳᠡ ᠳᠤ ᠶᠡᠷᠦᠩᠬᠡᠢ ᠳᠡᠭᠡᠨ ᠲᠤᠬᠳᠠᠭᠤᠨ᠂ ᠲᠤᠬᠳᠠᠭᠤᠨ ᠤ ᠲᠤᠮᠳᠠ ᠤᠷᠤᠬᠰᠢᠯᠠᠨ ᠳᠠᠪᠰᠢᠭᠰᠠᠨ᠂ | ᠲᠤᠬᠳᠠᠭᠤᠨ ᠤ ᠲᠤᠮᠳᠠ ᠴᠢᠨᠠᠷᠵᠢᠯ ᠲᠡᠭᠡᠭᠰᠢᠯᠡᠭᠰᠡᠨ ᠰᠠᠶᠢᠨ ᠰᠠᠶᠢᠬᠠᠨ ᠪᠠᠶᠢᠳᠠᠯ ᠢᠯᠡᠷᠡᠵᠤ᠂ ᠠᠵᠤ ᠠᠬᠤᠢ ᠶᠢᠨ | ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠲᠤᠬᠳᠠᠭᠤᠨ ᠢᠶᠠᠷ ᠲᠡᠭᠡᠭᠰᠢᠯᠡᠨ᠂ ᠠᠷᠠᠳ ᠤᠨ ᠠᠮᠢᠳᠤᠷᠠᠯ | ᠦᠷᠭᠦᠯᠵᠢᠯᠡᠨ ᠰᠠᠶᠢᠵᠢᠷᠠᠵᠤ᠂ ᠨᠡᠶᠢᠭᠡᠮ ᠤᠨ ᠶᠡᠭᠡ ᠲᠠᠯ᠎ᠠ ᠶᠢᠨ ᠡᠶ᠎ᠡ ᠵᠤᠬᠢᠴᠠᠩᠭᠤᠢ ᠲᠤᠬᠳᠠᠭᠤᠨ ᠢ ᠪᠠᠳᠤᠯᠠᠵᠤ᠂ ︽ | 13·5︾ ᠶᠢᠨ ᠰᠠᠶᠢᠨ ᠰᠠᠶᠢᠬᠠᠨ ᠡᠬᠢᠯᠡᠯᠳᠡ ᠶᠢ ᠪᠡᠶᠡᠯᠡᠭᠦᠯᠵᠡᠢ ᠭᠡᠪᠡ᠃ | ᠪᠦᠬᠦᠳᠡ ᠬᠤᠷᠠᠯ ᠠᠴᠠ ᠵᠢᠭᠠᠵᠤ ᠭᠠᠷᠭᠠᠬᠰᠠᠨ ᠨᠢ᠂ ᠤᠳᠤᠬᠠᠨ ᠳᠤ ᠦᠪᠦᠷ ᠮᠤᠩᠭᠤᠯ ᠤᠨ ᠬᠦᠭᠵᠢᠯᠳᠡ ᠳᠤ | ᠮᠠᠰᠢ ᠤᠯᠠᠨ ᠠᠰᠢᠬ ᠲᠠᠢ ᠨᠦᠬᠦᠴᠡᠯ ᠪᠠ ᠬᠦᠴᠦᠨ ᠵᠦᠢᠯ ᠪᠠᠶᠢᠬᠤ ᠮᠦᠷᠳᠡᠭᠡᠨ ᠪᠠᠰᠠ ᠪᠠᠭ᠎ᠠ ᠪᠤᠰᠤ ᠵᠦᠷᠢᠴᠡᠯ ᠪᠠ | ᠬᠦᠴᠢᠷ ᠪᠡᠷᠬᠡᠰᠢᠶᠡᠯ ᠤᠷᠤᠰᠢᠵᠤ᠂ ᠮᠦᠨᠭᠦ ᠶᠡᠭᠡ ᠦᠢᠯᠡᠰ ᠪᠦᠳᠦᠭᠡᠭᠦ ᠴᠢᠬᠤᠯᠠ ᠪᠠᠶᠢᠯᠳᠤᠬᠤ ᠪᠤᠳᠤᠯᠭ᠎ᠠ ᠶᠢᠨ ᠠᠵᠠ | ᠲᠤᠬᠢᠶᠠᠯᠳᠦ ᠬᠤᠭᠤᠴᠠᠭᠠᠨ ᠳᠤ ᠤᠷᠤᠰᠢᠵᠤ ᠪᠠᠶᠢᠨ᠎ᠠ᠃ 2017 ᠣᠨ ᠳᠤ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠢ ᠬᠤᠷᠠᠯᠳᠤᠭᠤᠯᠵᠤ᠂ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠤᠬᠳᠤᠨ | ᠠᠪᠴᠢᠷᠠᠵᠣ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠡᠶᠢᠳᠡᠪᠦᠷᠢᠵᠢᠭᠤᠯᠬᠤ ᠠᠩᠬᠠᠨ ᠤ ᠵᠢᠯ ᠪᠣᠯᠣᠨ᠎ᠠ᠂ | ᠮᠦᠨᠴᠤ ︽13·5︾ ᠶᠢᠨ ᠲᠦᠯᠦᠪᠵᠢᠭᠦᠯᠭᠡ ᠶᠢ ᠬᠡᠷᠡᠭᠵᠢᠭᠦᠯᠬᠦ ᠴᠢᠬᠤᠯᠠ ᠨᠢᠭᠡ ᠵᠢᠯ᠂ ᠬᠠᠩᠭᠠᠯᠭ᠎ᠠ ᠶᠢᠨ | ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠵᠢᠯ ᠪᠠᠶᠢᠵᠤ᠂ ᠠᠵᠤ ᠠᠬᠤᠢ ᠶᠢᠨ | ᠠᠵᠢᠯ ᠢ ᠰᠠᠶᠢᠳᠤᠷ ᠬᠢᠭᠦ ᠨᠢ ᠮᠠᠰᠢ ᠴᠢᠬᠤᠯᠠ ᠠᠴᠢ ᠬᠤᠯᠪᠤᠬᠳᠠᠯ ᠲᠠᠢ ᠶᠤᠮ᠃ ᠶᠡᠷᠦᠩᠬᠡᠢ ᠱᠠᠭᠠᠷᠳᠠᠯᠭ᠎ᠠ ᠪᠣᠯ᠄ ᠨᠠᠮ | ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠭᠤᠷᠪᠠᠳᠤᠭᠠᠷ᠂ ᠲᠦᠷᠪᠡᠳᠦᠭᠡᠷ᠂ ᠲᠠᠪᠤᠳᠤᠭᠠᠷ᠂ ᠵᠢᠷᠭᠤᠳᠤᠭᠠᠷ ᠪᠦᠬᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠦᠨ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ | ᠰᠠᠨᠠᠭ᠎ᠠ ᠪᠠ ᠲᠦᠷᠦ ᠶᠢ ᠵᠠᠰᠠᠵᠤ ᠵᠠᠰᠠᠭ ᠢ ᠡᠷᠬᠢᠯᠡᠭᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ | ᠪᠠᠶᠢᠯᠳᠤᠬᠤ ᠪᠤᠳᠤᠯᠭ᠎ᠠ ᠶᠢ ᠬᠦᠨᠵᠡᠭᠡᠢ ᠲᠤᠤᠱᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠦᠪᠦᠷ | ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠭ ᠰᠠᠨᠭ᠎ᠠ ᠶᠢ ᠬᠢᠨᠠᠮᠠᠭᠠᠢ | ᠲᠤᠤᠱᠯᠠᠭᠤᠯᠵᠤ᠂ ᠦᠪᠡᠷᠳᠡᠭᠡᠨ ᠵᠠᠰᠠᠬᠤ ᠤᠷᠤᠨ ᠤ ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ | ᠶᠡᠭᠡ ᠬᠤᠷᠠᠯ ᠤᠨ ᠴᠢᠬᠤᠯᠠ ᠪᠠᠶᠢᠷᠢᠯᠠᠭᠤᠯᠤᠯᠳᠠ ᠶᠢᠨ ᠲᠤᠭᠤᠷᠢᠨ ᠳᠤ ︽ᠲᠠᠪᠤ ᠶᠢ ᠨᠢᠭᠡ ᠴᠤᠬᠴᠠᠵᠢᠭᠤᠯᠬᠤ︾ | ᠶᠡᠷᠦᠩᠬᠡᠢ ᠪᠠᠶᠢᠷᠢᠰᠢᠭᠤᠯᠤᠯᠳᠠ ᠶᠢ ᠨᠢᠭᠡᠳᠦᠯᠳᠡᠢ ᠲᠦᠯᠦᠪᠵᠢᠭᠦᠯᠦᠨ ᠠᠬᠢᠭᠤᠯᠬᠤ ᠪᠠ ︽ᠲᠦᠷᠪᠡᠨ ᠪᠦᠬᠦ ᠲᠠᠯ᠎ᠠ︾ | ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠵᠤ᠂ ᠲᠤᠬᠳᠠᠭᠤᠨ ᠤ ᠲᠤᠮᠳᠠ | ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠷᠢᠮᠳᠠᠯᠠᠨ᠂ ᠰᠢᠨ᠎ᠡ ᠬᠦᠭᠵᠢᠯᠳᠡ ᠶᠢᠨ | ᠤᠨᠤᠯᠵᠢᠬᠤᠨ ᠢ ᠪᠠᠳᠤ ᠪᠠᠬᠢ ᠪᠤᠢ ᠪᠤᠯᠭᠠᠨ ᠲᠤᠤᠱᠯᠠᠭᠤᠯᠤᠨ ᠨᠡᠶᠢᠳᠡᠪᠦᠷᠢᠵᠢᠭᠤᠯᠵᠤ᠂ ᠠᠵᠤ ᠠᠬᠤᠢ ᠶᠢᠨ | ᠬᠦᠭᠵᠢᠯᠳᠡ ᠶᠢᠨ ᠰᠢᠨ᠎ᠠ ᠬᠡᠪ ᠪᠠᠶᠢᠳᠠᠯ ᠳᠤ ᠵᠤᠬᠢᠴᠠᠨ ᠠᠵᠤ ᠠᠬᠤᠢ ᠶᠢᠨ ᠬᠦᠭᠵᠢᠯᠳᠡ ᠶᠢᠨ ᠰᠢᠨ᠎ᠠ ᠬᠡᠪ ᠪᠠᠶᠢᠳᠠᠯ ᠢ | ᠡᠵᠡᠮᠰᠢᠨ ᠬᠦᠳᠦᠯᠦᠨ ᠲᠠᠭᠠᠭᠤᠯᠵᠤ᠂ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠢ ᠲᠡᠭᠡᠭᠰᠢᠯᠡᠭᠦᠯᠭᠦ ᠪᠠᠷ | ᠭᠤᠣᠯ ᠪᠤᠯᠭᠠᠨ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ ᠠᠬᠢᠭᠤᠯᠬᠤ ᠪᠠᠷ | ᠭᠤᠤᠯ ᠰᠢᠵᠢᠮ ᠪᠤᠯᠭᠠᠵᠤ᠂ ᠬᠦᠭᠵᠢᠯᠳᠡ᠂ ᠠᠮᠢ ᠠᠬᠤᠢ ᠪᠠ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ | ᠪᠠᠳᠤ ᠰᠠᠬᠢᠵᠤ᠂ ᠬᠡᠯᠪᠡᠷᠢ ᠪᠠᠨ ᠬᠤᠪᠢᠷᠠᠭᠤᠯᠤᠨ ᠲᠡᠰ ᠲᠡᠪᠰᠢᠭᠦ ᠶᠢ ᠲᠦᠷᠭᠡᠳᠭᠡᠨ ᠠᠬᠢᠭᠤᠯᠵᠤ᠂ ︽ᠳᠠᠪᠣᠨ | ᠳᠠᠯ᠎ᠠ ᠶᠢ ᠵᠣᠬᠢᠴᠠᠭᠤᠯᠬᠤ︾ ᠶᠢ ᠶᠡᠬᠡᠪᠡᠷ ᠠᠬᠢᠭᠤᠯᠵᠤ᠂ ᠦᠭᠡᠷᠡᠴᠢᠯᠡᠯᠳᠡ ᠨᠡᠭᠡᠭᠡᠯᠳᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠦᠨ ᠶᠡᠷᠦᠩᠬᠡᠢ ᠬᠡᠷᠡᠭᠴᠡᠭᠡ ᠶᠢ ᠵᠤᠬᠢᠰᠳᠠᠢ ᠦᠷᠭᠡᠳᠭᠡᠨ᠂ ᠰᠢᠨ᠎ᠡ ᠶᠢ ᠡᠭᠦᠳᠭᠦ ᠪᠠᠷ ᠬᠦᠳᠡᠯᠭᠡᠭᠦᠷ | ᠪᠣᠯᠭᠠᠬᠤ᠂ ᠪᠡᠯᠡ ᠤᠷᠤᠭᠤᠯᠤᠯᠳᠠ ᠪᠠᠷ ᠲᠠᠶᠢᠴᠢᠯᠠᠬᠤ ᠪᠠ ᠲᠦᠷᠦᠯ ᠵᠦᠢᠯ ᠢᠶᠠᠷ ᠲᠠᠶᠢᠴᠢᠯᠠᠬᠤ ᠶᠢ ᠴᠢᠩᠭᠠᠳᠬᠠᠨ | ᠨᠡᠮᠡᠭᠳᠡᠯ ᠢ ᠳᠣᠭᠳᠠᠪᠣᠷᠢᠵᠢᠭᠤᠯᠬᠤ᠂ ᠦᠭᠡᠷᠡᠴᠢᠯᠡᠯᠳᠡ ᠶᠢ ᠠᠬᠢᠭᠤᠯᠬᠤ᠂ ᠪᠦᠳᠦᠴᠡ ᠶᠢ ᠲᠤᠬᠢᠷᠠᠭᠤᠯᠬᠤ᠂ ᠠᠷᠠᠳ | ᠤᠨ ᠠᠮᠢᠳᠤᠷᠠᠯ ᠢ ᠬᠠᠷᠠᠭᠠᠯᠵᠠᠬᠤ᠂ ᠠᠶᠤᠯ ᠲᠦᠭᠰᠢᠭᠦᠷᠢ ᠶᠢ ᠰᠡᠷᠬᠡᠶᠢᠯᠡᠭᠦ ᠡᠯ᠎ᠠ ᠵᠦᠢᠯ ᠤᠨ ᠠᠵᠢᠯ ᠢ ᠰᠠᠶᠢᠳᠤᠷ ᠬᠢᠵᠤ᠂ | ᠠᠵᠤ ᠠᠬᠤᠢ ᠶᠢᠨ ᠡᠷᠡᠭᠦᠯ ᠲᠤᠬᠳᠠᠭᠤᠨ ᠬᠦᠭᠵᠢᠯᠳᠡ ᠪᠠ ᠨᠡᠶᠢᠭᠡᠮ ᠤᠨ ᠡᠶ᠎ᠡ ᠵᠤᠬᠢᠴᠠᠩᠭᠤᠢ ᠲᠤᠬᠳᠠᠭᠤᠨ ᠢ | ᠠᠬᠢᠭᠤᠯᠤᠨ᠂ ᠰᠢᠯᠢᠳᠡᠭ ᠠᠮᠵᠢᠯᠳᠡ ᠪᠠᠷ ᠢᠶᠠᠨ ᠦᠪᠡᠷᠳᠡᠭᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ | ᠤᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠠᠮᠵᠢᠯᠳᠡ ᠲᠠᠢ ᠬᠤᠷᠠᠯᠳᠤᠬᠤ ᠶᠢ ᠣᠭᠳᠣᠬᠤ | ᠬᠡᠷᠡᠭᠳᠡᠢ ᠬᠡᠪᠡ᠃ | ᠪᠦᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠡᠨᠡ ᠵᠢᠯ ᠤᠨ ᠠᠵᠤ ᠠᠬᠤᠢ ᠶᠢᠨ ᠠᠵᠢᠯ ᠢ ᠰᠠᠶᠢᠳᠤᠷ | ᠬᠢᠭᠦ ᠳᠤ ᠡᠷᠬᠡᠪᠰᠢ ᠲᠤᠬᠳᠠᠭᠤᠨ ᠤ ᠲᠤᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ ᠪᠠᠳᠤ | ᠡᠵᠡᠮᠰᠢᠭᠦ ᠬᠡᠷᠡᠭᠳᠡᠢ᠃ ᠲᠤᠬᠳᠠᠭᠤᠨ ᠤ ᠲᠤᠮᠳᠠ ᠣᠷᠣᠭᠰᠢᠯᠠᠨ ᠳᠠᠪᠰᠢᠬᠤ ᠠᠵᠢᠯ ᠤᠨ ᠶᠡᠷᠦᠩᠬᠡᠢ ᠬᠦᠭ ᠠᠶᠠᠰ ᠢ | ᠲᠤᠤᠱᠯᠠᠭᠤᠯᠬᠤ ᠨᠢ ᠠᠵᠢᠯ ᠬᠢᠬᠦ ᠴᠢᠬᠤᠯᠠ ᠦᠭᠡᠢ᠂ ᠠᠵᠢᠯ ᠬᠢᠭᠦ ᠠᠴᠠ ᠡᠮᠢᠶᠡᠭᠦ ᠶᠠᠪᠣᠳᠠᠯ ᠪᠢᠰᠢ᠂ ᠬᠠᠷᠢᠨ ᠬᠦᠴᠢᠷ | ᠢ ᠰᠦᠷᠦᠨ ᠤᠷᠤᠬᠰᠢᠯᠠᠵᠤ᠂ ᠪᠡᠷᠭᠡ ᠶᠢ ᠣᠭᠳᠣᠨ ᠲᠠᠪᠰᠢᠵᠤ᠂ ᠵᠣᠷᠢᠭᠳᠠᠢ ᠪᠠᠷ ᠠᠵᠢᠯ ᠬᠢᠵᠦ᠂ ᠣᠷᠣᠭᠰᠢᠯᠠᠨ | ᠳᠠᠪᠰᠢᠬᠤ ᠪᠠᠷ ᠳᠣᠭᠳᠠᠭᠤᠨ ᠪᠠᠶᠢᠯᠭᠠᠬᠤ ᠶᠢ ᠠᠬᠢᠭᠤᠯᠬᠤ ᠶᠠᠪᠣᠳᠠᠯ ᠪᠣᠯᠣᠨ᠎ᠠ᠃ | ︽ᠲᠤᠬᠳᠠᠭᠤᠨ︾ ᠪᠠᠶᠢᠯᠭᠠᠬᠤ ᠨᠢ ᠲᠠᠷᠤᠢ ᠠᠵᠣ ᠠᠬᠤᠢ ᠣᠷᠣᠭᠤᠳᠠᠬᠤ ᠳᠠᠷᠣᠯᠳᠠ ᠶᠢ ᠳᠣᠯᠣᠨ ᠠᠪᠴᠣ᠂ | ᠨᠡᠮᠡᠭᠳᠡᠯ ᠤᠨ ᠬᠤᠷᠳᠣᠴᠠ ᠶᠢ ᠳᠣᠭᠳᠠᠪᠣᠷᠢᠵᠢᠭᠤᠯᠵᠣ᠂ ᠬᠦᠭᠵᠢᠯᠳᠡ ᠶᠢᠨ ᠵᠢᠱᠢᠭᠰᠡᠨ ᠬᠠᠷᠠᠯᠳᠠ ᠶᠢ | ᠳᠣᠭᠳᠠᠪᠣᠷᠢᠵᠢᠭᠤᠯᠵᠣ᠂ ᠠᠵᠢᠯ ᠣᠯᠭᠤᠯᠳᠠ ᠶᠢ ᠳᠣᠭᠳᠠᠪᠣᠷᠢᠵᠢᠭᠤᠯᠵᠣ᠂ ᠪᠣᠳᠠᠰ ᠤᠨ ᠦᠨ᠎ᠡ ᠬᠠᠩᠰᠢ ᠶᠢ | ᠳᠣᠭᠳᠠᠪᠣᠷᠢᠵᠢᠭᠤᠯᠵᠣ᠂ ᠨᠡᠶᠢᠭᠡᠮ ᠤᠨ ᠡᠶ᠎ᠡ ᠵᠣᠬᠢᠴᠠᠩᠭᠤᠢ ᠳᠣᠭᠳᠠᠭᠤᠨ ᠢ ᠪᠠᠳᠣᠯᠠᠬᠤ ᠶᠠᠪᠣᠳᠠᠯ ᠪᠣᠯᠣᠨ᠎ᠠ︔ | ︽ᠣᠷᠣᠭᠰᠢᠯᠠᠨ ᠳᠠᠪᠰᠢᠬᠤ︾ ᠨᠢ ᠳᠠᠷᠣᠢ ᠠᠵᠠ ᠲᠤᠬᠢᠶᠠᠯ ᠢ ᠠᠮᠵᠢᠵᠣ᠂ ᠬᠡᠯᠪᠡᠷᠢ ᠶᠢ ᠬᠤᠪᠢᠷᠠᠭᠤᠯᠤᠨ | ᠲᠡᠰ ᠲᠡᠪᠰᠢᠭᠦ ᠪᠠᠨ ᠣᠷᠣᠭᠰᠢᠯᠠᠭᠤᠯᠣᠨ ᠳᠠᠪᠰᠢᠭᠤᠯᠵᠣ᠂ ᠰᠢᠨ᠎ᠡ ᠶᠢ ᠡᠭᠦᠳᠭᠦ ᠴᠢᠳᠠᠪᠤᠷᠢ ᠪᠠᠨ ᠣᠷᠣᠭᠰᠢᠯᠠᠭᠤᠯᠣᠨ | ᠳᠠᠪᠰᠢᠭᠤᠯᠵᠣ᠂ ᠦᠭᠡᠷᠡᠴᠢᠯᠡᠯᠳᠡ ᠨᠡᠭᠡᠭᠡᠯᠳᠡ ᠶᠢ ᠣᠷᠣᠭᠰᠢᠯᠠᠭᠤᠯᠣᠨ ᠳᠠᠪᠰᠢᠭᠤᠯᠵᠣ᠂ ᠠᠮᠢ ᠠᠬᠤᠢ ᠶᠢᠨ | ᠪᠤᠯᠪᠠᠰᠤᠨ ᠢ ᠣᠷᠣᠭᠰᠢᠯᠠᠭᠤᠯᠣᠨ ᠳᠠᠪᠰᠢᠭᠤᠯᠵᠣ᠂ ᠶᠡᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠶᠢ | ᠣᠷᠣᠭᠰᠢᠯᠠᠭᠤᠯᠣᠨ ᠳᠠᠪᠰᠢᠭᠤᠯᠵᠣ᠂ ᠠᠷᠠᠳ ᠲᠦᠮᠡᠨ ᠤ ᠠᠮᠢᠳᠤᠷᠠᠯ ᠤᠨ ᠲᠦᠪᠰᠢᠨ ᠢ ᠣᠷᠣᠭᠰᠢᠯᠠᠭᠤᠯᠣᠨ | ᠳᠠᠪᠰᠢᠭᠤᠯᠵᠣ᠂ ᠬᠦᠭᠵᠢᠯᠳᠡ ᠶᠢᠨ ᠴᠢᠨᠠᠷ ᠴᠢᠨᠰᠠᠭ᠎ᠠ ᠪᠠ ᠦᠷ᠎ᠠ ᠠᠰᠢᠭ ᠵᠡᠷᠬᠡᠪᠡᠷ ᠲᠡᠭᠡᠭᠰᠢᠯᠡᠭᠦ ᠶᠢ ᠪᠡᠶᠡᠯᠡᠭᠦᠯᠬᠦ | ᠶᠠᠪᠣᠳᠠᠯ ᠮᠦᠨ᠃ ︽ᠲᠤᠬᠳᠠᠭᠤᠨ︾ ᠪᠠ ︽ᠣᠷᠣᠭᠰᠢᠯᠠᠨ ᠳᠠᠪᠰᠢᠬᠤ︾ ᠶᠢᠨ ᠬᠤᠪᠢᠰᠤᠩᠭᠤᠢ ᠬᠠᠷᠢᠴᠠᠭ᠎ᠠ ᠶᠢ | ᠵᠦᠪ ᠰᠢᠢᠳᠪᠦᠷᠢᠯᠡᠬᠦ ᠳᠤ᠂ ᠲᠤᠬᠳᠠᠭᠤᠨ ᠳᠤ ᠰᠠᠭᠤᠷᠢᠯᠠᠬᠤ ᠪᠦᠭᠡᠳ ᠣᠷᠣᠭᠰᠢᠯᠠᠨ ᠳᠠᠪᠰᠢᠬᠤ ᠶᠢ ᠠᠩᠬᠠᠷᠴᠤ᠂ | ᠯᠠᠪᠳᠠᠭᠤᠨ ᠪᠠᠳᠤᠳᠠᠢ ︽ᠲᠤᠬᠳᠠᠭᠤᠨ︾ ᠪᠠᠶᠢᠯᠭᠠᠬᠤ ᠪᠠᠷ ᠴᠢᠨᠠᠷᠯᠢᠭ ᠰᠠᠶᠢᠨ ︽ᠣᠷᠣᠭᠰᠢᠯᠠᠨ ᠳᠠᠪᠰᠢᠬᠤ︾ ᠶᠢ | ᠠᠬᠢᠭᠤᠯᠵᠤ᠂ ᠲᠠᠰᠤᠷᠠᠯᠳᠠ ᠦᠭᠡᠢ ︽ᠣᠷᠣᠭᠰᠢᠯᠠᠨ ᠳᠠᠪᠰᠢᠬᠤ︾ ᠪᠠᠷ ᠦᠨᠳᠦᠷ ᠲᠦᠪᠰᠢᠨ ᠪᠦᠬᠦᠢ ︽ | ᠲᠤᠬᠳᠠᠭᠤᠨ︾ ᠢ ᠬᠠᠮᠠᠭᠠᠯᠠᠨ᠂ ᠴᠢᠨᠠᠷ ᠴᠢᠨᠰᠠᠭ᠎ᠠ ᠨᠡᠩ ᠦᠨᠳᠦᠷ᠂ ᠦᠷ᠎ᠡ ᠠᠰᠢᠬ ᠨᠡᠩ ᠰᠠᠶᠢᠨ᠂ ᠪᠦᠳᠦᠴᠡ ᠨᠡᠩ | ᠰᠢᠯᠢᠳᠡᠭ᠂ ᠨᠦᠭᠡᠴᠡ ᠬᠦᠴᠦᠨ ᠨᠡᠩ ᠬᠦᠢᠴᠡᠳ᠂ ᠲᠠᠪᠠᠭᠤᠯᠢᠭ ᠢᠶᠠᠨ ᠭᠦᠢᠴᠡᠳ ᠪᠠᠳᠠᠷᠠᠭᠤᠯᠣᠭᠰᠠᠨ | ᠬᠦᠭᠵᠢᠯᠳᠡ ᠶᠢᠨ ᠰᠢᠨ᠎ᠠ ᠵᠠᠮ ᠢᠶᠠᠷ ᠴᠢᠷᠮᠠᠶᠢᠨ ᠵᠠᠮᠨᠠᠬᠤ ᠬᠡᠷᠡᠭᠳᠡᠢ ᠬᠡᠪᠡ᠃ | ᠪᠦᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠤᠳᠤᠬᠠᠨ ᠪᠠ ᠬᠤᠶᠢᠰᠢᠳᠡ ᠶᠢᠨ ᠬᠡᠰᠡᠭ ᠬᠤᠭᠤᠴᠠᠭᠠᠨ ᠤ | ᠠᠵᠤ ᠠᠬᠤᠢ ᠶᠢᠨ ᠠᠵᠢᠯ ᠢ ᠰᠠᠶᠢᠳᠤᠷ ᠬᠢᠭᠦ ᠳᠤ ᠡᠷᠬᠡᠪᠰᠢ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠬᠦᠨᠵᠡᠭᠡᠶᠢᠷᠡᠭᠦᠯᠭᠦ ᠪᠠᠷ ᠭᠤᠤᠯ ᠰᠢᠵᠢᠮ ᠪᠤᠯᠭᠠᠵᠤ᠂ ᠦᠪᠡᠷᠳᠡᠭᠡᠨ ᠵᠠᠰᠠᠬᠤ ᠤᠷᠤᠨ ᠤ | ᠠᠷᠪᠠᠳᠤᠭᠠᠷ ᠤᠳᠠᠭ᠎ᠠ ᠶᠢᠨ ᠨᠠᠮ ᠤᠨ ᠲᠦᠯᠦᠭᠡᠯᠡᠭᠴᠢᠳ ᠤᠨ ᠶᠡᠭᠡ ᠬᠤᠷᠠᠯ ᠠᠴᠠ ᠲᠤᠷᠠᠳᠤᠬᠰᠠᠨ ᠴᠢᠨᠡᠭᠡᠯᠢᠭ | ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠭᠦ ᠰᠢᠢᠳᠪᠦᠷᠢᠳᠦ ᠢᠯᠠᠯᠳᠠ ᠶᠢ ᠲᠡᠮᠡᠴᠡᠨ ᠤᠯᠬᠤ᠂ ᠤᠳᠤᠬᠢᠴᠢᠯᠠᠬᠰᠠᠨ | ᠦᠪᠦᠷ ᠮᠤᠩᠭᠤᠯ ᠢ ᠪᠦᠳᠦᠭᠡᠨ ᠪᠠᠶᠢᠭᠤᠯᠬᠤ ᠰᠢᠨ᠎ᠠ ᠠᠶᠠᠨ ᠢ ᠡᠬᠢᠯᠡᠭᠦᠯᠭᠦ᠂ ᠡᠭᠡ ᠤᠯᠤᠰ ᠤᠨ ᠤᠮᠠᠷᠠᠳᠦ ᠶᠢᠨ | ᠦᠵᠡᠮᠵᠢ ᠶᠢᠨ ᠤᠷᠤᠨ ᠢᠶᠠᠨ ᠨᠡᠩ ᠦᠵᠡᠰᠭᠦᠯᠡᠩᠳᠦ ᠰᠠᠶᠢᠬᠠᠨ ᠪᠤᠯᠭᠠᠨ ᠪᠦᠳᠦᠭᠡᠨ ᠪᠠᠶᠢᠭᠤᠯᠬᠤ ᠲᠡᠮᠡᠴᠡᠭᠦ | ᠬᠠᠷᠠᠯᠳᠠ ᠶᠢᠨ ᠲᠤᠭᠤᠷᠢᠨ ᠳᠤ᠂ ᠡᠭᠡ ᠤᠯᠤᠰ ᠤᠨ ᠤᠮᠠᠷᠠᠳᠦ ᠶᠢᠨ ᠠᠮᠤᠷ ᠲᠦᠪᠰᠢᠨ ᠲᠤᠬᠳᠠᠭᠤᠨ ᠤ ᠬᠠᠯᠬᠠᠪᠴᠢ | ᠪᠤᠯᠤᠨ ᠮᠠᠨ ᠤ ᠤᠯᠤᠰ ᠤᠨ ᠤᠮᠠᠷᠠᠳᠦ ᠶᠢᠨ ᠴᠢᠬᠤᠯᠠ ᠠᠮᠢ ᠠᠬᠤᠢ ᠶᠢᠨ ᠬᠠᠯᠬᠠᠪᠴᠢ ᠶᠢᠨ ᠪᠦᠳᠦᠭᠡᠨ | ᠪᠠᠶᠢᠭᠤᠯᠤᠯᠳᠠ ᠶᠢ ᠦᠨᠡᠨᠭᠦ ᠰᠠᠶᠢᠳᠤᠷ ᠠᠳᠬᠤᠬᠤ ᠬᠡᠷᠡᠭᠳᠡᠢ︔ | ᠬᠦᠭᠵᠢᠯᠳᠡ᠂ ᠠᠮᠢ ᠠᠬᠤᠢ᠂ ᠠᠷᠠᠳ ᠤᠨ ᠠᠮᠢᠳᠤᠷᠠᠯ ᠤᠨ ᠭᠤᠷᠪᠠᠨ ᠵᠤᠷᠪᠤᠰ ᠬᠤᠷᠢᠭ᠎ᠠ ᠱᠤᠭᠤᠮ ᠢ ᠪᠠᠳᠤ | ᠰᠠᠬᠢᠬᠤ ᠬᠡᠷᠡᠭᠳᠡᠢ︔ ᠤᠷᠤᠨ ᠨᠤᠳᠤᠭ ᠤᠨᠦᠢᠯᠡᠳᠪᠦᠷᠢᠯᠡᠯ ᠤᠨ ᠶᠡᠷᠦᠩᠬᠡᠢ ᠦᠷᠳᠡᠭ᠂ ᠲᠤᠬᠳᠠᠮᠠᠯ ᠬᠦᠷᠦᠩᠬᠡ ᠶᠢᠨ | ᠪᠡᠯᠡ ᠤᠷᠤᠭᠤᠯᠤᠯᠳᠠ᠂ ᠡᠩ ᠤᠨ ᠤᠯᠠᠨ ᠨᠡᠶᠢᠳᠡ ᠶᠢᠨ ᠲᠦᠰᠦᠪ ᠤᠨ ᠤᠷᠤᠯᠭ᠎ᠠ ᠪᠠ ᠬᠤᠳᠠ ᠬᠦᠳᠡᠭᠡ ᠶᠢᠨ | ᠰᠠᠭᠤᠭᠠᠯᠢ ᠠᠷᠠᠳ ᠤᠨ ᠤᠷᠤᠯᠭ᠎ᠠ ᠶᠢᠨ ᠨᠡᠮᠡᠭᠳᠡᠯ ᠢ ᠪᠦᠬᠦ ᠤᠯᠤᠰ ᠤᠨ ᠲᠤᠮᠳᠠᠴᠢ ᠲᠦᠪᠰᠢᠨ ᠠᠴᠠ ᠦᠨᠳᠦᠷ | ᠪᠠᠶᠢᠯᠭᠠᠬᠤ ᠬᠠᠷᠠᠯᠳᠠ ᠳᠤ ᠴᠢᠷᠮᠠᠶᠢᠨ ᠬᠦᠷᠬᠦ ᠬᠡᠷᠡᠭᠳᠡᠢ︔ ᠤᠯᠠᠨ ᠡᠰᠢᠵᠢᠨ ᠬᠦᠭᠵᠢᠭᠰᠡᠨ᠂ ᠤᠯᠠᠨ ᠲᠦᠢᠯ ᠢᠶᠠᠷ | ᠲᠤᠯᠭᠠᠭᠤᠷᠢᠯᠠᠭᠰᠠᠨ ᠤᠳᠤ ᠦᠶ᠎ᠠ ᠶᠢᠨ ᠠᠵᠤ ᠦᠢᠯᠡᠰ ᠤᠨ ᠰᠢᠰᠲ᠋ᠧᠮ᠂ ᠨᠢᠭᠡ ᠭᠤᠤᠯ ᠤᠯᠠᠨ ᠲᠦᠪ᠂ ᠨᠢᠭᠡ | ᠪᠦᠰᠡ ᠤᠯᠠᠨ ᠲᠡᠩᠭᠡᠯᠢᠭ ᠤᠨ ᠰᠢᠨ᠎ᠠ ᠬᠡᠯᠪᠡᠷᠢ ᠶᠢᠨ ᠬᠤᠳᠠ ᠪᠠᠯᠭᠠᠰᠤ ᠶᠢᠨ ᠰᠢᠰᠲ᠋ᠧᠮ᠂ ᠤᠨᠴᠠᠯᠢᠬ ᠲᠠᠢ | ᠲᠠᠪᠠᠭᠤᠯᠢᠭ ᠲᠠᠢ ᠤᠷᠤᠨ ᠪᠦᠰᠡ ᠶᠢᠨ ᠰᠢᠨ᠎ᠡ ᠶᠢ ᠡᠭᠦᠳᠭᠦ ᠰᠢᠰᠲ᠋ᠧᠮ᠂ ᠬᠦᠭᠵᠢᠯᠳᠡ ᠳᠤ ᠵᠤᠬᠢᠴᠠᠭᠰᠠᠨ᠂ ᠵᠤᠬᠢᠬᠤ | ᠬᠡᠮᠵᠢᠶ᠎ᠡ ᠪᠠᠷ ᠲᠠᠪᠰᠢᠬᠰᠠᠨ ᠰᠠᠭᠤᠷᠢ ᠲᠦᠭᠦᠭᠡᠷᠦᠮᠵᠢ ᠶᠢᠨ ᠳᠣᠣᠷᠵᠢᠯ ᠤᠨ ᠰᠢᠰᠲ᠋ᠧᠮ ᠢ ᠢᠳᠡᠪᠬᠢᠳᠡᠢ ᠪᠠᠶᠢᠭᠤᠯᠬᠤ | ᠬᠡᠷᠡᠭᠳᠡᠢ︔ ᠰᠢᠨ᠎ᠠ ᠬᠡᠯᠪᠡᠷᠢ ᠶᠢᠨ ᠠᠵᠤ ᠦᠢᠯᠡᠳᠪᠦᠷᠢᠵᠢᠯᠳᠡ᠂ ᠮᠡᠳᠡᠭᠡ ᠵᠠᠩᠬᠢᠵᠢᠯᠳᠡ᠂ ᠬᠤᠳᠠ ᠪᠠᠯᠭᠠᠰᠤᠵᠢᠯᠳᠠ᠂ | ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠦᠯ ᠦᠭᠡᠢ ᠬᠦᠭᠵᠢᠬᠦᠯᠦᠯᠳᠡ ︽ᠳᠠᠪᠣᠨ ᠳᠠᠯ᠎ᠠ︾ | ᠶᠢ ᠬᠦᠨᠵᠡᠭᠡᠢ ᠠᠭᠤᠰᠤᠯᠴᠠᠭᠤᠯᠤᠨ᠂ ᠬᠦᠨ ᠳᠠᠪᠬᠤᠷᠭ᠎ᠠ ᠠᠴᠠ ᠬᠤᠷᠰᠢᠯᠴᠠᠭᠤᠯᠣᠨ᠂ ᠬᠠᠮᠵᠢᠯᠴᠡᠨ ᠬᠦᠭᠵᠢᠭᠦᠯᠭᠦ ᠶᠢ | ᠬᠦᠴᠦᠳᠡᠢ ᠠᠬᠢᠭᠤᠯᠬᠤ ᠬᠡᠷᠡᠭᠳᠡᠢ︔ | ᠤᠯᠤᠰ ᠤᠨ ᠴᠢᠬᠤᠯᠠ ᠡᠨᠧᠷᠬᠢ ᠶᠢᠨ ᠰᠠᠭᠤᠷᠢᠨ᠂ ᠰᠢᠨ᠎ᠠ ᠬᠡᠯᠪᠡᠷᠢ ᠶᠢᠨ ᠬᠢᠮᠢ ᠶᠢᠨ ᠠᠵᠤ ᠦᠢᠯᠡᠳᠪᠦᠷᠢ ᠶᠢᠨ | ᠰᠠᠭᠤᠷᠢᠨ᠂ ᠦᠩᠭᠡᠳᠦ ᠲᠡᠮᠦᠷᠯᠢᠭ ᠢ ᠦᠢᠯᠡᠳᠪᠦᠷᠢᠯᠡᠨ ᠡᠳ᠋ᠰᠢᠭᠦᠯᠭᠦ ᠰᠠᠭᠤᠷᠢᠨ᠂ ᠪᠤᠬᠢᠷᠳᠦᠯ ᠦᠭᠡᠢ ᠮᠠᠯ ᠤᠨ ᠠᠰᠢᠭ | ᠰᠢᠮ᠎ᠡ ᠲᠠᠷᠢᠶᠠᠯᠠᠩ ᠤᠨ ᠪᠦᠳᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠭᠦ ᠰᠠᠭᠤᠷᠢᠨ᠂ ᠪᠠᠶᠢᠯᠳᠤᠬᠤ ᠪᠤᠳᠤᠯᠭ᠎ᠠ ᠶᠢᠨ | ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠤᠨ ᠰᠠᠭᠤᠷᠢᠨ ᠪᠠ ᠤᠯᠤᠰ ᠤᠨ ᠲᠤᠳᠤᠭᠠᠳᠦ ᠭᠠᠳᠠᠭᠠᠳᠦ ᠳᠤ | ᠨᠡᠷᠡᠳᠠᠢ ᠵᠢᠭᠤᠯᠴᠢᠯᠠᠯ ᠤᠨ ᠬᠠᠷᠠᠯᠳᠠᠳᠣ ᠭᠠᠵᠠᠷ ᠢ ᠬᠦᠴᠦᠯᠡᠨ ᠪᠦᠳᠦᠬᠡᠨ ᠪᠠᠶᠢᠭᠤᠯᠬᠤ ᠬᠡᠷᠡᠭᠳᠡᠢ︔ ᠲᠡᠮᠦᠷ ᠵᠠᠮ ᠤᠨ | ᠲᠤᠤᠷᠵᠢᠯ᠂ ᠵᠠᠰᠠᠮᠠᠯ ᠵᠠᠮ ᠤᠨ ᠲᠤᠤᠷᠵᠢᠯ᠂ ᠠᠭᠠᠷ ᠤᠨ ᠠᠶᠠᠯᠠᠯ ᠤᠨ ᠲᠤᠤᠷᠵᠢᠯ᠂ ᠬᠤᠳᠠ ᠶᠢᠨ ᠶᠠᠪᠤᠳᠠᠯ ᠤᠨ | ᠲᠤᠤᠷᠵᠢᠯ᠂ ᠤᠰᠤᠨ ᠠᠰᠢᠬᠯᠠᠯᠳᠠ ᠶᠢᠨ ᠲᠤᠤᠷᠵᠢᠯ᠂ ᠡᠨᠧᠷᠬᠢ ᠶᠢᠨ ᠲᠤᠤᠷᠵᠢᠯ᠂ ᠮᠡᠳᠡᠭᠡ ᠵᠠᠩᠬᠢ ᠴᠢᠮᠡᠭᠡ | ᠬᠤᠯᠪᠤᠭ᠎ᠠ ᠶᠢᠨ ᠲᠤᠤᠷᠵᠢᠯ ᠵᠡᠷᠭᠡ 7 ᠶᠡᠭᠡ ᠲᠤᠤᠷᠵᠢᠯ ᠤᠨ ᠰᠢᠰᠲ᠋ᠧᠮ ᠢ ᠲᠦᠷᠭᠡᠨ ᠪᠦᠳᠦᠬᠡᠨ ᠪᠠᠶᠢᠭᠤᠯᠬᠤ | ᠬᠡᠷᠡᠭᠳᠡᠢ︔ | ᠰᠢᠨ᠎ᠡ ᠡᠨᠧᠷᠬᠢ᠂ ᠰᠢᠨ᠎ᠠ ᠮᠠᠲ᠋ᠧᠷᠢᠶᠠᠯ᠂ ᠡᠨᠧᠷᠬᠢ ᠠᠷᠪᠢᠯᠠᠨ ᠤᠷᠴᠢᠨ ᠲᠤᠭᠤᠷᠢᠨ ᠢ ᠬᠠᠮᠠᠭᠠᠯᠠᠬᠤ᠂ ᠲᠡᠭᠡᠳᠦ | ᠲᠡᠰ ᠤᠨ ᠲᠤᠨᠤᠬᠯᠠᠯ᠂ ᠲᠤᠮᠤ ᠳ᠋ᠠᠶᠢᠲ᠋ᠠ ᠡᠭᠦᠯᠡᠨ ᠪᠤᠳᠤᠯᠳᠠ᠂ ᠠᠮᠢᠳᠤ ᠪᠤᠳᠠᠰ ᠤᠨ ᠰᠢᠨᠵᠢᠯᠡᠭᠦ ᠤᠬᠠᠭᠠᠨ ᠮᠡᠷᠭᠡᠵᠢᠯ᠂ | ᠮᠤᠩᠭᠤᠯ ᠬᠢᠳᠡᠳ ᠡᠮ ᠡᠮᠨᠡᠯᠭᠡ ᠵᠡᠷᠭᠡ 7 ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠡ ᠪᠠᠷ ᠮᠠᠨᠳᠤᠭᠰᠠᠨ ᠠᠵᠤ | ᠦᠢᠯᠡᠰ ᠢ ᠶᠡᠭᠡᠪᠡᠷ ᠪᠤᠶᠢᠵᠢᠭᠤᠯᠬᠤ ᠬᠡᠷᠡᠭᠳᠡᠢ︔ ᠴᠦᠭᠦᠷᠡᠯ ᠦᠭᠡᠢ ᠴᠢᠷᠮᠠᠶᠢᠯᠠᠭ᠎ᠠ ᠪᠠᠷ ᠲᠠᠮᠵᠢᠨ ᠶᠡᠷᠦᠩᠬᠡᠶᠢᠯᠡᠭᠰᠡᠨ | ᠠᠵᠤ ᠠᠬᠤᠢ ᠶᠢᠨ ᠪᠤᠳᠠᠳᠤ ᠬᠦᠴᠦᠨ ᠤ ᠰᠢᠨ᠎ᠡ ᠳᠠᠪᠠᠯᠳᠠ᠂ ᠦᠭᠡᠷᠡᠴᠢᠯᠡᠯᠳᠡ ᠨᠡᠭᠡᠭᠡᠯᠳᠡ ᠶᠢ ᠬᠦᠨᠵᠡᠭᠡᠶᠢᠷᠡᠭᠦᠯᠭᠦ | ᠰᠢᠨ᠎ᠠ ᠰᠢᠪᠳᠣᠯᠣᠯᠳᠠ᠂ ᠠᠵᠤ ᠠᠬᠤᠢ ᠶᠢᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠰᠢᠨ᠎ᠡ ᠬᠤᠪᠢᠷᠠᠯᠳᠠ᠂ | ᠠᠷᠠᠳᠴᠢᠯᠡᠯ ᠬᠠᠤᠯᠢᠵᠢᠯ ᠤᠨ ᠪᠠᠶᠢᠭᠤᠯᠤᠯᠳᠠ ᠶᠢᠨ ᠰᠢᠨ᠎ᠠ ᠳᠠᠪᠰᠢᠯᠳᠠ᠂ ᠪᠤᠯᠪᠠᠰᠤᠨ ᠡᠶ᠎ᠡ ᠵᠤᠬᠢᠴᠠᠩᠭᠤᠢ ᠶᠢᠨ | ᠲᠦᠪᠰᠢᠨ ᠤ ᠰᠢᠨ᠎ᠡ ᠠᠬᠢᠯᠳᠠ᠂ ᠠᠷᠠᠳ ᠤᠨ ᠠᠮᠢᠳᠤᠷᠠᠯ ᠤᠨ ᠲᠦᠪᠰᠢᠨ ᠤ ᠰᠢᠨ᠎ᠡ ᠲᠡᠭᠡᠭᠰᠢᠯᠡᠯᠳᠡ᠂ ᠠᠮᠢ ᠠᠬᠤᠢ | ᠤᠷᠴᠢᠨ ᠲᠤᠭᠤᠷᠢᠨ ᠤ ᠴᠢᠨᠠᠷ ᠴᠢᠨᠰᠠᠭ᠎ᠠ ᠶᠢᠨ ᠰᠢᠨ᠎ᠠ ᠰᠠᠶᠢᠵᠢᠷᠠᠯᠳᠠ ᠶᠢ ᠪᠡᠶᠡᠯᠡᠭᠦᠯᠭᠦ ᠬᠡᠷᠡᠭᠳᠡᠢ ᠬᠡᠪᠡ᠃ | ᠪᠦᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠠᠵᠤ ᠠᠬᠤᠢ ᠶᠢᠨ ᠲᠤᠬᠳᠠᠭᠤᠨ ᠪᠦᠭᠡᠳ ᠡᠷᠡᠭᠦᠯ ᠢᠶᠠᠷ | ᠬᠦᠭᠵᠢᠬᠦ ᠶᠢ ᠬᠦᠴᠦᠯᠡᠨ ᠪᠠᠳᠤᠯᠠᠬᠤ ᠬᠡᠷᠡᠭᠳᠡᠢ᠃ ᠪᠡᠯᠡ ᠤᠷᠤᠭᠤᠯᠤᠯᠳᠠ ᠶᠢᠨ ᠵᠦᠢ ᠵᠤᠬᠢᠰᠳᠡᠢ ᠨᠡᠮᠡᠭᠳᠡᠯ ᠢ | ᠪᠠᠳᠤᠯᠠᠵᠤ᠂ ᠪᠡᠯᠡ ᠤᠷᠤᠭᠤᠯᠤᠯᠳᠠ ᠶᠢᠨ ᠪᠦᠳᠦᠴᠡ ᠶᠢ ᠰᠢᠯᠢᠳᠡᠭᠵᠢᠭᠦᠯᠦᠨ᠂ ᠪᠡᠯᠡ ᠤᠷᠤᠭᠤᠯᠤᠨ ᠪᠡᠯᠡ | ᠬᠤᠷᠠᠮᠳᠤᠭᠤᠯᠬᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠦᠨᠵᠡᠭᠡᠶᠢᠷᠡᠭᠦᠯᠵᠤ᠂ ᠠᠵᠤ ᠠᠬᠤᠢ ᠨᠡᠶᠢᠭᠡᠮ ᠤᠨ | ᠬᠦᠭᠵᠢᠯᠳᠡ ᠶᠢᠨ ᠪᠠᠭᠤᠷᠠᠢ ᠭᠤᠬᠴᠤᠭ᠎ᠠ ᠳᠡᠭᠡᠷ᠎ᠡ ᠠᠩᠬᠠᠷᠤᠯ ᠢᠶᠠᠨ ᠲᠦᠪᠯᠡᠷᠡᠭᠦᠯᠦᠨ᠂ ᠰᠠᠭᠤᠷᠢ ᠲᠦᠭᠦᠭᠡᠷᠦᠮᠵᠢ᠂ | ᠠᠵᠤ ᠦᠢᠯᠡᠰ ᠤᠨ ᠬᠦᠭᠵᠢᠯᠳᠡ᠂ ᠨᠡᠶᠢᠭᠡᠮ ᠤᠨ ᠦᠢᠯᠡᠰ᠂ ᠠᠮᠢ ᠠᠬᠤᠢ ᠤᠷᠴᠢᠨ ᠲᠤᠭᠤᠷᠢᠨ ᠵᠡᠷᠭᠡ | ᠬᠦᠷᠢᠶᠡᠨ ᠳᠠᠬᠢ ᠪᠡᠯᠡ ᠤᠷᠤᠭᠤᠯᠤᠯᠳᠠ ᠶᠢ ᠴᠢᠩᠭᠠᠳᠬᠠᠵᠤ᠂ ᠪᠡᠯᠡ ᠤᠷᠤᠭᠤᠯᠤᠯᠳᠠ ᠶᠢᠨ ᠬᠡᠷᠡᠭᠴᠡᠭᠡ ᠶᠢ | ᠨᠡᠮᠡᠭᠳᠡᠭᠦᠯᠦᠨ ᠬᠠᠩᠭᠠᠯᠭ᠎ᠠ ᠶᠢ ᠰᠠᠶᠢᠵᠢᠷᠠᠭᠤᠯᠬᠤ ᠪᠦᠳᠦᠴᠡ ᠶᠢᠨ ᠦᠷ᠎ᠡ ᠠᠰᠢᠭ ᠪᠠ ᠦᠢᠯᠡᠳᠦᠯ ᠢ ᠰᠠᠶᠢᠳᠣᠷ | ᠪᠠᠳᠠᠷᠠᠭᠤᠯᠬᠤ ᠬᠡᠷᠡᠭᠳᠡᠢ︔ ᠦᠢᠯᠡᠴᠢᠯᠡᠭᠡᠨ ᠤ ᠦᠢᠯᠡᠰ ᠤᠨ ᠬᠦᠭᠵᠢᠯᠳᠡ ᠶᠢᠨ ᠠᠷᠭ᠎ᠠ ᠬᠡᠯᠪᠡᠷᠢ ᠶᠢᠨ ᠰᠢᠨ᠎ᠡ ᠶᠢ | ᠡᠭᠦᠳᠴᠦ᠂ ᠰᠤᠷᠭᠠᠨ ᠬᠦᠮᠦᠵᠢᠯ᠂ ᠰᠤᠶᠤᠯ᠂ ᠮᠡᠳᠡᠭᠡ ᠵᠠᠩᠬᠢ᠂ ᠡᠮ ᠡᠮᠨᠡᠯᠭᠡ᠂ ᠨᠠᠰᠤᠵᠢᠯ ᠵᠡᠷᠭᠡ ᠦᠢᠯᠡᠴᠢᠯᠡᠭᠡᠨ ᠤ | ᠬᠡᠷᠡᠭᠯᠡᠭᠡ ᠶᠢᠨ ᠬᠡᠪᠴᠢᠶ᠎ᠡ ᠶᠢ ᠦᠷᠭᠡᠳᠭᠡᠵᠤ᠂ ᠮᠠᠯᠵᠢᠬᠤ ᠲᠠᠷᠢᠶᠠᠯᠠᠬᠤ ᠤᠷᠤᠨ ᠤ ᠬᠡᠷᠡᠭᠯᠡᠭᠡ ᠶᠢᠨ ᠨᠦᠬᠡᠴᠡ ᠬᠦᠴᠦᠨ | ᠢ ᠠᠭᠤᠳᠠᠯᠯᠠᠵᠤ᠂ ᠬᠡᠷᠡᠭᠯᠡᠭᠡ ᠶᠢᠨ ᠦᠷᠭᠦᠯᠵᠢᠯᠡᠨ ᠲᠦᠷᠭᠡᠨ ᠢᠶᠠᠷ ᠨᠡᠮᠡᠭᠳᠡᠭᠦ ᠶᠢ ᠠᠬᠢᠭᠤᠯᠬᠤ ᠬᠡᠷᠡᠭᠳᠡᠢ᠃ | ᠬᠤᠷᠢᠨᠬᠡᠷ ᠲᠠᠬᠢ ᠤᠯᠤᠰ ᠤᠨ ᠲᠡᠰ ᠤᠨᠰᠢᠨᠠ ᠲᠤᠭᠤᠷᠢᠭ ᠤᠨ ᠪᠦᠳᠦᠭᠡᠨ ᠪᠠᠶᠢᠭᠤᠯᠤᠯᠳᠠ ᠪᠠᠷ ᠳᠠᠳᠠᠭᠤᠷ | ᠪᠤᠯᠭᠠᠵᠤ᠂ ᠬᠦᠬᠡᠬᠤᠳᠠ ᠪᠤᠭᠤᠳᠤ ᠤᠷᠳᠤᠰ ᠪᠠ ᠵᠡᠭᠦᠨ ᠬᠡᠰᠡᠭ ᠤᠨ ᠠᠶᠢᠮᠠᠭ ᠬᠤᠳᠠ ᠶᠢᠨ ᠬᠤᠤᠰ ᠵᠢᠭᠦᠷ ᠢᠶᠠᠷ | ᠬᠠᠮᠳᠣᠷᠠᠨ ᠬᠦᠳᠡᠯᠦᠯᠴᠡᠬᠦ ᠶᠢ ᠠᠬᠢᠭᠤᠯᠵᠤ᠂ ᠬᠡᠪᠴᠢᠶᠡᠵᠢᠵᠦ ᠲᠦᠪᠯᠡᠷᠡᠵᠦ ᠨᠢᠬᠳᠠᠷᠠᠨ ᠬᠦᠭᠵᠢᠬᠦ ᠶᠢ ᠠᠬᠢᠭᠤᠯᠤᠨ᠂ | ᠤᠯᠠᠨ ᠴᠡᠭ ᠤᠯᠠᠨ ᠲᠦᠢᠯ ᠤᠨ ᠲᠤᠯᠭᠠᠭᠤᠷᠢᠯᠠᠯ ᠢ ᠪᠦᠷᠢᠯᠳᠦᠭᠦᠯᠵᠤ᠂ ᠤᠷᠤᠨ ᠪᠦᠰᠡ ᠶᠢᠨ ᠬᠦᠭᠵᠢᠯᠳᠡ ᠶᠢᠨ | ᠪᠠᠶᠢᠷᠢᠰᠢᠯ ᠢ ᠰᠢᠯᠢᠳᠡᠭᠵᠢᠭᠦᠯᠦᠨ᠂ ᠲᠤᠳᠤᠭᠠᠳᠤ ᠬᠡᠷᠡᠭᠴᠡᠭᠡ ᠶᠢᠨ ᠨᠡᠮᠡᠭᠳᠡᠯ ᠤᠨ ᠤᠷᠤᠨ ᠵᠠᠢ ᠶᠢ ᠦᠷᠭᠡᠳᠭᠡᠭᠦ | ᠬᠡᠷᠡᠭᠳᠡᠢ᠃ ᠪᠡᠯᠡ ᠤᠷᠤᠭᠤᠯᠬᠤ ᠪᠠ ᠪᠦᠳᠦᠭᠡᠨ ᠪᠠᠶᠢᠭᠤᠯᠬᠤ ᠡᠷᠴᠢᠮ ᠢᠶᠠᠨ ᠴᠢᠩᠭᠠᠷᠠᠭᠤᠯᠵᠤ᠂ ᠲᠡᠮᠦᠷ ᠵᠠᠮ᠂ | ᠵᠠᠰᠠᠮᠠᠯ ᠵᠠᠮ᠂ ᠠᠭᠠᠷ ᠤᠨ ᠠᠶᠠᠯᠠᠯ᠂ ᠬᠤᠳᠠ ᠶᠢᠨ ᠶᠠᠪᠤᠳᠠᠯ᠂ ᠤᠰᠤᠨ ᠠᠰᠢᠬᠯᠠᠯᠳᠠ᠂ ᠡᠨᠧᠷᠬᠢ᠂ ᠮᠡᠳᠡᠭᠡ ᠵᠠᠩᠬᠢ | ᠵᠡᠷᠭᠡ 7 ᠶᠡᠭᠡ ᠲᠤᠤᠷᠵᠢᠯ ᠤᠨ ᠰᠢᠰᠲ᠋ᠧᠮ ᠤᠨ ᠪᠦᠳᠦᠬᠡᠨ ᠪᠠᠶᠢᠭᠤᠯᠤᠯᠳᠠ ᠶᠢ ᠲᠦᠷᠭᠡᠳᠭᠡᠨ ᠠᠬᠢᠭᠤᠯᠬᠤ ᠬᠡᠷᠡᠭᠳᠡᠢ᠃ | ᠨᠢᠭᠡᠳᠦᠯᠳᠡᠢ ᠲᠦᠯᠦᠪᠵᠢᠭᠦᠯᠦᠨ ᠵᠤᠬᠢᠰᠳᠠᠢ ᠪᠠᠶᠢᠷᠢᠰᠢᠭᠤᠯᠵᠤ᠂ ᠠᠵᠤ ᠦᠢᠯᠡᠰ ᠢ ᠲᠦᠪᠯᠡᠷᠡᠭᠦᠯᠬᠦ ᠶᠢ | ᠢᠳᠡᠪᠬᠢᠳᠡᠢ ᠬᠦᠳᠦᠯᠦᠨ ᠵᠢᠯᠤᠭᠤᠳᠴᠤ᠂ ᠬᠤᠳᠠ ᠶᠢᠨ ᠦᠨᠳᠦᠰᠦᠨ ᠤᠯᠠᠨ ᠨᠡᠶᠢᠳᠡ ᠶᠢᠨ ᠦᠢᠯᠡᠴᠢᠯᠡᠭᠡᠨ ᠤ | ᠬᠠᠩᠭᠠᠯᠭ᠎ᠠ ᠶᠢ ᠦᠷᠭᠡᠳᠭᠡᠵᠤ᠂ ᠮᠠᠯᠵᠢᠬᠤ ᠲᠠᠷᠢᠶᠠᠯᠠᠬᠤ ᠤᠷᠤᠨ ᠠᠴᠠ ᠨᠡᠭᠦᠨ ᠭᠠᠷᠤᠭᠰᠠᠨ ᠬᠦᠮᠦᠨ ᠠᠮᠠ ᠶᠢᠨ | ᠬᠤᠳᠠ ᠶᠢᠨ ᠠᠷᠠᠳ ᠪᠤᠯᠬᠤ ᠠᠬᠢᠴᠠ ᠶᠢ ᠲᠦᠷᠭᠡᠳᠭᠡᠵᠤ᠂ ᠤᠶᠤᠳᠣ ᠬᠤᠳᠠ᠂ ᠪᠤᠬᠢᠷᠳᠦᠯ ᠦᠭᠡᠢ ᠬᠤᠳᠠ᠂ | ᠪᠤᠯᠪᠠᠰᠤᠨ ᠬᠤᠳᠠ ᠶᠢ ᠪᠦᠳᠦᠭᠡᠨ ᠪᠠᠶᠢᠭᠤᠯᠵᠤ᠂ ᠲᠤᠮᠤ ᠲᠤᠮᠳᠠ ᠪᠠᠭ᠎ᠠ ᠬᠤᠳᠠ ᠪᠠ ᠵᠢᠵᠢᠭ ᠬᠤᠳᠠ ᠪᠠᠯᠭᠠᠰᠦ ᠶᠢᠨ | ᠵᠤᠬᠢᠴᠠᠩᠭᠤᠢ ᠪᠠᠷ ᠬᠦᠭᠵᠢᠬᠦ ᠶᠢ ᠠᠬᠢᠭᠤᠯᠬᠤ ᠬᠡᠷᠡᠭᠳᠡᠢ᠃ ᠬᠤᠰᠢᠭᠤ ᠰᠢᠶᠠᠨ ᠤ ᠠᠵᠤ ᠠᠬᠤᠢ ᠶᠢ ᠶᠡᠭᠡᠪᠡᠷ | ᠬᠦᠭᠵᠢᠭᠦᠯᠵᠤ᠂ ᠰᠢᠨ᠎ᠠ ᠮᠠᠯᠵᠢᠬᠤ ᠲᠠᠷᠢᠶᠠᠯᠠᠬᠤ ᠤᠷᠤᠨ ᠤ ᠪᠦᠳᠦᠭᠡᠨ ᠪᠠᠶᠢᠭᠤᠯᠤᠯᠳᠠ ᠶᠢ ᠯᠠᠪᠳᠠᠭᠤᠨ ᠢᠶᠠᠷ | ᠠᠬᠢᠭᠤᠯᠤᠨ᠂ ᠬᠤᠪᠢᠰᠬᠠᠯ ᠤᠨᠡᠷᠳᠡ ᠴᠢᠯᠦᠭᠡᠯᠡᠭᠳᠡᠭᠰᠡᠨ ᠣᠷᠣᠨ ᠴᠦᠭᠡᠨ ᠲᠤᠭᠠᠳᠦ ᠦᠨᠳᠦᠰᠦᠳᠡᠨ ᠤ ᠣᠷᠣᠨ | ᠬᠢᠯᠢ ᠬᠢᠵᠠᠭᠠᠷ ᠤᠷᠤᠨ ᠶᠠᠳᠠᠭᠤ ᠬᠦᠴᠢᠷᠳᠡᠯ ᠲᠠᠢ ᠣᠷᠣᠨ ᠤ ᠬᠦᠭᠵᠢᠯᠳᠡ ᠶᠢ ᠶᠡᠭᠡᠪᠡᠷ ᠲᠡᠮᠵᠢᠭᠦ ᠬᠡᠷᠡᠭᠳᠡᠢ ᠭᠡᠪᠡ᠃ | ᠪᠦᠬᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠬᠠᠩᠭᠠᠯᠭ᠎ᠠ ᠶᠢᠨ ᠲᠠᠯ᠎ᠠ ᠶᠢᠨ ᠪᠦᠳᠦᠴᠡ ᠶᠢᠨ ᠴᠢᠨᠠᠷᠳᠠᠢ | ᠦᠭᠡᠷᠡᠴᠢᠯᠡᠯᠳᠡ ᠶᠢ ᠬᠦᠴᠦᠯᠡᠨ ᠬᠦᠨᠵᠡᠭᠡᠶᠢᠷᠡᠭᠦᠯᠭᠦ ᠬᠡᠷᠡᠭᠳᠡᠢ᠃ ᠤᠳᠤᠬᠠᠨ ᠳᠤ᠂ ᠮᠠᠨ ᠤ ᠤᠷᠤᠨ ᠤ ᠠᠵᠤ | ᠠᠬᠤᠢ ᠶᠢᠨ ᠡᠷᠬᠢᠯᠳᠡ ᠳᠤ ᠲᠤᠯᠭᠠᠷᠠᠵᠤ ᠪᠠᠶᠢᠭ᠎ᠠ ᠲᠤᠪᠤᠶᠢᠮ᠎ᠠ ᠵᠦᠷᠢᠴᠡᠯ ᠪᠠ ᠠᠰᠠᠭᠤᠳᠠᠯ ᠬᠡᠳᠦᠶᠢᠪᠡᠷ ᠦᠶᠡᠯᠡᠯᠳᠦ | ᠴᠢᠨᠠᠷᠳᠠᠢ᠂ ᠶᠡᠷᠦᠩᠭᠡᠢ ᠬᠡᠮᠵᠢᠶ᠎ᠠ ᠶᠢᠨ ᠴᠢᠨᠠᠷᠳᠠᠢ ᠬᠦᠴᠦᠨ ᠵᠦᠢᠯ ᠪᠠᠶᠢᠭ᠎ᠠ ᠪᠣᠯᠪᠠᠴᠣ᠂ ᠴᠢᠬᠤᠯᠠ ᠶᠡᠭᠡ | ᠪᠦᠲᠦᠴᠡ ᠶᠢᠨ ᠴᠢᠨᠠᠷᠳᠠᠢ ᠲᠡᠩᠴᠡᠭᠦᠷᠢ ᠪᠠᠨ ᠠᠯᠳᠠᠭᠰᠠᠨ ᠨᠢ ᠤᠬ ᠦᠨᠳᠦᠰᠦ ᠪᠤᠯᠵᠦ᠂ ᠠᠵᠦ ᠠᠬᠤᠢ ᠶᠢᠨ | ᠡᠷᠭᠢᠯᠳᠡ ᠶᠢᠨ ᠰᠢᠯᠦᠭᠤᠨ ᠪᠤᠰᠤ ᠪᠠᠶᠢᠳᠠᠯ ᠢ ᠪᠤᠢ ᠪᠤᠯᠭᠠᠵᠠᠢ᠃ ᠬᠡᠷᠡᠭᠴᠡᠭᠡ ᠶᠢ ᠬᠠᠨᠭ᠍ᠭᠠᠬᠤ ᠪᠠᠷ ᠡᠴᠦᠰ ᠤᠨ | ᠬᠠᠷᠠᠯᠳᠠ ᠪᠤᠯᠭᠠᠵᠦ᠂ ᠬᠠᠨᠭ᠍ᠭᠠᠯᠭ᠎ᠠ ᠶᠢᠨ ᠴᠢᠨᠠᠷ ᠴᠢᠨᠰᠠᠭ᠎ᠠ ᠶᠢ ᠲᠡᠭᠡᠭᠰᠢᠯᠡᠭᠦᠯᠭᠦ ᠪᠠᠷ ᠭᠤᠤᠯ ᠰᠢᠪᠳᠤᠯᠣᠯᠳᠠ ᠶᠢᠨ | ᠴᠢᠭᠯᠡᠯ ᠢᠶᠠᠨ ᠪᠤᠯᠭᠠᠵᠦ᠂ ᠦᠭᠡᠷᠡᠴᠢᠯᠠᠯᠳᠠ ᠶᠢ ᠬᠦᠨᠵᠡᠭᠡᠶᠢᠷᠡᠭᠦᠯᠭᠦ ᠪᠠᠷ ᠦᠨᠳᠦᠰᠦᠨ ᠠᠷᠭ᠎ᠠ ᠵᠠᠮ ᠪᠤᠯᠭᠠᠵᠦ᠂ | ᠪᠦᠲᠦᠮᠵᠢ ᠦᠭᠡᠢ ᠬᠠᠨᠭ᠍ᠭᠠᠯᠭ᠎ᠠ ᠶᠢ ᠬᠦᠴᠦᠯᠠᠨ ᠪᠠᠭᠠᠰᠬᠠᠵᠦ᠂ ᠪᠦᠲᠦᠮᠵᠢ ᠲᠠᠢ ᠬᠠᠨᠭ᠍ᠭᠠᠯᠭ᠎ᠠ ᠶᠢ ᠦᠷᠭᠡᠳᠭᠡᠵᠦ᠂ | ᠬᠠᠨᠭ᠍ᠭᠠᠯᠭ᠎ᠠ ᠶᠢᠨ ᠪᠦᠲᠦᠴᠡ ᠶᠢᠨ ᠬᠡᠷᠡᠭᠴᠡᠭᠡ ᠶᠢᠨ ᠪᠦᠲᠦᠴᠡ ᠲᠠᠢ ᠵᠤᠬᠢᠴᠠᠬᠤ ᠴᠢᠨᠠᠷ ᠢ ᠲᠡᠭᠡᠭᠰᠢᠯᠡᠭᠦᠯᠬᠦ ᠬᠡᠷᠡᠭᠳᠡᠢ᠃ | ︽ᠭᠤᠷᠪᠠ ᠶᠢ ᠪᠠᠭᠠᠰᠬᠠᠵᠣ᠂ ᠨᠢᠭᠡ ᠶᠢ ᠪᠠᠭᠤᠷᠠᠭᠤᠯᠵᠦ᠂ ᠨᠢᠭᠡ ᠶᠢ ᠨᠦᠭᠦᠪᠦᠷᠢᠯᠡᠭᠦ︾ ᠶᠢ ᠯᠠᠪᠳᠠᠭᠤᠨ ᠢᠶᠠᠷ | ᠠᠬᠢᠭᠤᠯᠵᠦ᠂ ᠦᠯᠡᠭᠦᠳᠡᠭᠰᠡᠨ ᠦᠢᠯᠡᠳᠪᠤᠷᠢᠯᠡᠯ ᠤᠨ ᠴᠢᠳᠠᠪᠣᠷᠢ ᠶᠢ ᠢᠳᠡᠪᠭᠢᠳᠠᠢ ᠲᠤᠬᠳᠠᠭᠤᠨ ᠢᠶᠠᠷ ᠪᠠᠭᠠᠰᠬᠠᠵᠣ᠂ | ᠬᠤᠳᠠ ᠶᠢᠨ ᠬᠢᠨᠢ ᠪᠠᠶᠢᠳᠠᠯ ᠳᠤ ᠳᠣᠬᠢᠷᠠᠭᠤᠯᠣᠨ ᠠᠷᠭ᠎ᠠ ᠪᠤᠳᠤᠯᠭ᠎ᠠ ᠬᠡᠷᠡᠭᠵᠢᠭᠦᠯᠵᠦ ᠬᠦᠮᠦᠷᠭᠡᠯᠡᠯᠳᠡ ᠶᠢ ᠪᠠᠭᠠᠰᠬᠠᠵᠣ᠂ | ᠠᠶᠤᠯ ᠲᠦᠭᠰᠢᠭᠦᠷᠢ ᠶᠢ ᠰᠡᠷᠭᠡᠶᠢᠯᠡᠨ ᠬᠦᠰᠢᠭᠦᠷᠭᠡ ᠶᠢ ᠪᠠᠭᠠᠰᠬᠠᠵᠣ᠂ ᠤᠯᠠᠨ ᠵᠦᠢᠯ ᠤᠨ ᠠᠷᠭ᠎ᠠ ᠪᠠᠷ ᠦᠪᠡᠷ ᠤᠨ | ᠦᠷᠳᠡᠭ ᠢ ᠪᠠᠭᠤᠷᠠᠭᠤᠯᠵᠦ᠂ ᠭᠤᠤᠯᠳᠠᠯᠭ᠎ᠠ ᠶᠢ ᠲᠤᠪᠤᠶᠢᠯᠭᠠᠨ ᠲᠤᠳᠠᠭᠤᠳᠠᠯ ᠢᠶᠠᠨ ᠨᠦᠭᠦᠪᠦᠷᠢᠯᠠᠬᠦ ᠬᠡᠷᠡᠭᠳᠡᠢ᠃ ᠮᠠᠯ | ᠠᠵᠦ ᠠᠬᠤᠢ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠳᠠᠢ ᠦᠭᠡᠷᠡᠴᠢᠯᠠᠯᠳᠠ ᠶᠢ | ᠬᠦᠨᠵᠡᠭᠡᠢ ᠠᠬᠢᠭᠤᠯᠵᠦ᠂ ᠮᠠᠯ ᠠᠵᠦ ᠠᠬᠤᠢ ᠲᠠᠷᠢᠶᠠᠯᠠᠩ ᠤᠨ ᠠᠵᠦ ᠦᠢᠯᠡᠰ ᠤᠨ ᠰᠢᠰᠲ᠋ᠧᠮ᠂ ᠦᠢᠯᠡᠳᠪᠤᠷᠢᠯᠡᠯ | ᠤᠨ ᠰᠢᠰᠲ᠋ᠧᠮ᠂ ᠡᠵᠡᠩᠨᠡᠯᠳᠡ ᠶᠢᠨ ᠰᠢᠰᠲ᠋ᠧᠮ ᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠮᠠᠯ ᠠᠵᠦ ᠠᠬᠤᠢ | ᠲᠠᠷᠢᠶᠠᠯᠠᠩ ᠤᠨ ᠤᠷᠤᠨ ᠪᠦᠰᠡ ᠶᠢᠨ ᠪᠠᠶᠢᠷᠢᠰᠢᠯ ᠢ ᠰᠢᠯᠢᠳᠡᠭᠵᠢᠭᠦᠯᠵᠦ᠂ ᠴᠢᠨᠠᠷ ᠰᠠᠶᠢᠳᠠᠢ ᠮᠠᠯ ᠤᠨ ᠠᠰᠢᠭ ᠰᠢᠮ᠎ᠠ | ᠲᠠᠷᠢᠶᠠᠯᠠᠩ ᠤᠨ ᠪᠦᠲᠦᠭᠡᠭᠳᠡᠭᠦᠨ ᠤ ᠪᠦᠲᠦᠮᠵᠢᠳᠠᠢ ᠬᠠᠨᠭ᠍ᠭᠠᠯᠭ᠎ᠠ ᠶᠢ ᠦᠷᠭᠡᠳᠭᠡᠵᠦ᠂ ᠮᠠᠯᠵᠢᠬᠤ ᠲᠠᠷᠢᠶᠠᠯᠠᠬᠤ ᠤᠷᠤᠨ | ᠤ ᠨᠢᠭᠡᠲᠦᠭᠡᠷ ᠬᠤᠶᠠᠳᠤᠭᠠᠷ ᠭᠤᠷᠪᠠᠳᠤᠭᠠᠷ ᠠᠵᠦ ᠦᠢᠯᠡᠰ ᠠᠭᠤᠰᠤᠯᠴᠠᠨ ᠬᠦᠭᠵᠢᠭᠦ ᠶᠢ ᠠᠬᠢᠭᠤᠯᠵᠦ᠂ ᠮᠠᠯᠵᠢᠬᠤ | ᠲᠠᠷᠢᠶᠠᠯᠠᠬᠤ ᠤᠷᠤᠨ ᠤ ᠦᠮᠴᠢᠯᠡᠯ ᠤᠨ ᠡᠷᠭᠡ ᠶᠢᠨ ᠲᠦᠷᠢᠮ ᠤᠨ ᠦᠭᠡᠷᠡᠴᠢᠯᠠᠯᠳᠠ ᠶᠢ ᠭᠦᠨᠵᠡᠭᠡᠶᠢᠷᠡᠭᠦᠯᠵᠦ᠂ ᠮᠠᠯ | ᠠᠵᠦ ᠠᠬᠤᠢ ᠲᠠᠷᠢᠶᠠᠯᠠᠩ ᠤᠨᠬᠦ᠋ᠭᠵᠢᠯᠳᠡ ᠶᠢᠨ ᠲᠠᠪᠠᠭᠤᠯᠢᠭ ᠢ ᠬᠤᠷᠠᠮᠳᠤᠭᠤᠯᠵᠦ᠂ ᠮᠠᠯ ᠠᠵᠦ ᠠᠬᠤᠢ ᠲᠠᠷᠢᠶᠠᠯᠠᠩ | ᠤᠨ ᠤᠳᠤᠬᠢᠴᠢᠯᠠᠯᠳᠠ ᠶᠢ ᠠᠬᠢᠭᠤᠯᠬᠤ ᠬᠡᠷᠡᠭᠳᠡᠢ ᠭᠡᠪᠡ᠃ | ᠪᠦᠭᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠪᠤᠳᠠᠳᠤ ᠴᠣᠭᠴᠠ ᠶᠢᠨ ᠠᠵᠦ ᠠᠬᠤᠢ ᠶᠢ ᠬᠦᠴᠦᠯᠡᠨ | ᠮᠠᠨᠳᠤᠭᠤᠯᠬᠤ ᠬᠡᠷᠡᠭᠳᠡᠢ᠃ ᠪᠤᠳᠠᠳᠤ ᠴᠣᠭᠴᠠ ᠶᠢᠨ ᠠᠵᠦ ᠠᠬᠤᠢ ᠪᠤᠯ ᠠᠵᠦ ᠠᠬᠤᠢ ᠶᠢᠨ ᠬᠦᠭᠵᠢᠯᠳᠠ ᠶᠢᠨ | ᠰᠠᠭᠤᠷᠢ ᠪᠣᠯᠣᠨ᠎ᠠ᠃ ᠤᠯᠠᠮᠵᠢᠯᠠᠯᠳᠤ ᠠᠵᠦ ᠦᠢᠯᠡᠰ ᠤᠨ ᠬᠡᠯᠪᠡᠷᠢ ᠶᠢ ᠬᠤᠪᠢᠷᠠᠭᠤᠯᠵᠦ ᠲᠡᠰ ᠲᠡᠪᠰᠢᠭᠦ ᠶᠢ | ᠠᠬᠢᠭᠤᠯᠵᠦ᠂ ᠡᠨᠧᠷᠭᠢ᠂ ᠬᠢᠮᠢ ᠶᠢᠨ ᠠᠵᠦ ᠦᠢᠯᠡᠳᠪᠤᠷᠢ᠂ ᠲᠡᠮᠦᠷᠯᠢᠭ ᠪᠤᠯᠪᠠᠰᠤᠷᠠᠭᠤᠯᠬᠤ᠂ ᠪᠠᠷᠢᠯᠭ᠎ᠠ ᠶᠢᠨ | ᠮᠠᠲ᠋ᠧᠷᠢᠶᠠᠯ᠂ ᠲᠤᠨᠤᠬᠯᠠᠯ ᠦᠢᠯᠡᠳᠭᠦ᠂ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠲᠦᠭᠡᠭᠳᠡᠭᠦᠨ ᠢ | ᠪᠤᠯᠪᠠᠰᠤᠷᠠᠭᠤᠯᠬᠤ ᠵᠡᠷᠭᠡ ᠠᠵᠦ ᠦᠢᠯᠡᠰ ᠢ ᠲᠠᠭᠠᠭᠤᠯᠤᠨ ᠲᠡᠭᠡᠳᠤ ᠲᠡᠰ᠂ ᠤᠶᠤᠨᠴᠢ᠂ ᠪᠤᠬᠢᠷᠳᠤᠯ ᠦᠭᠡᠢ᠂ | ᠦᠢᠯᠡᠴᠢᠯᠡᠭᠡ ᠬᠠᠩᠭᠠᠬᠤ ᠴᠢᠭᠯᠡᠯ ᠢᠶᠠᠷ ᠬᠦᠭᠵᠢᠭᠦ ᠶᠢ ᠬᠦᠳᠦᠯᠦᠨ ᠵᠢᠯᠣᠭᠤᠳᠬᠤ ᠬᠡᠷᠡᠭᠳᠡᠢ᠃ ᠰᠢᠨ᠎ᠠ ᠡᠨᠧᠷᠭᠢ᠂ | ᠰᠢᠨ᠎ᠠ ᠮᠠᠲ᠋ᠧᠷᠢᠶᠠᠯ᠂ ᠡᠨᠧᠷᠭᠢ ᠠᠷᠪᠢᠯᠠᠵᠦ ᠤᠷᠴᠢᠨ ᠲᠤᠭᠤᠷᠢᠨ ᠢ ᠬᠠᠮᠠᠭᠠᠯᠠᠬᠤ᠂ ᠲᠡᠭᠡᠳᠤ ᠲᠡᠰ ᠤᠨ ᠲᠤᠨᠤᠬᠯᠠᠯ᠂ | ᠲᠤᠮᠤ ᠳ᠋ᠠᠶᠢᠲ᠋ᠠ ᠡᠭᠦᠯᠡᠨ ᠪᠤᠳᠤᠯᠳᠠ᠂ ᠠᠮᠢᠳᠣ ᠪᠣᠳᠠᠰ ᠤᠨ ᠰᠢᠨᠵᠢᠯᠡᠭᠦ ᠤᠬᠠᠭᠠᠨ ᠮᠡᠷᠭᠡᠵᠢᠯ᠂ ᠮᠤᠩᠭᠤᠯ ᠬᠢᠳᠠᠳ | ᠡᠮ ᠡᠮᠨᠡᠯᠭᠡ ᠵᠡᠷᠭᠡ ᠪᠠᠶᠢᠯᠳᠤᠬᠤ ᠪᠤᠳᠤᠯᠭ᠎ᠠ ᠶᠢᠨ ᠴᠢᠨᠠᠷᠳᠠᠢ ᠰᠢᠨ᠎ᠠ ᠪᠠᠷ ᠮᠠᠨᠳᠤᠭᠰᠠᠨ ᠠᠵᠦ ᠦᠢᠯᠡᠰ ᠤᠨ | ᠲᠤᠭᠤᠷᠢᠨ ᠳᠤ ᠨᠢᠭᠡ ᠪᠦᠯᠦᠭ ᠲᠦᠷᠦᠯ ᠵᠦᠢᠯ ᠢ ᠤᠷᠢᠳᠴᠢᠯᠠᠨ ᠲᠦᠰᠦᠪᠯᠡᠨ ᠪᠠᠶᠢᠷᠢᠰᠢᠭᠤᠯᠵᠦ᠂ ᠨᠢᠭᠡ ᠪᠦᠯᠦᠭ | ᠠᠵᠦ ᠦᠢᠯᠡᠰ ᠤᠨ ᠰᠠᠭᠤᠷᠢᠨ ᠢ ᠴᠤᠬᠴᠠᠯᠠᠬᠤ ᠬᠡᠷᠡᠭᠳᠡᠢ᠃ ᠵᠢᠭᠤᠯᠴᠢᠯᠠᠯ᠂ ᠰᠤᠶᠤᠯ᠂ ᠪᠡᠶ᠎ᠡ ᠶᠢᠨ ᠲᠠᠮᠢᠷ᠂ ᠡᠷᠡᠭᠦᠯ | ᠴᠢᠬᠢᠷᠠᠬ᠂ ᠨᠠᠰᠤᠵᠢᠯ᠂ ᠮᠦᠡᠭᠭᠦᠨ ᠭᠦᠢᠯᠭᠡᠭᠡᠨ᠂ ᠪᠠᠷᠠᠭᠠᠨ ᠤ ᠭᠦᠢᠯᠭᠡᠭᠡ᠂ ᠬᠤᠳᠠᠯᠳᠤᠭᠠᠨ ᠤ ᠶᠠᠪᠤᠳᠠᠯ ᠬᠤᠷᠠᠯ | ᠦᠵᠡᠰᠭᠦᠯᠠᠩ ᠵᠡᠷᠭᠡ ᠠᠵᠦ ᠦᠢᠯᠡᠰ ᠢ ᠬᠦᠴᠦ ᠤᠷᠤᠭᠤᠯᠤᠨ ᠰᠠᠶᠢᠳᠣᠷ ᠠᠳᠬᠤᠵᠦ᠂ ᠦᠢᠯᠡᠴᠢᠯᠡᠭᠡᠨ ᠤ ᠦᠢᠯᠡᠰ | ᠤᠨ ᠬᠡᠯᠪᠡᠷᠢ ᠪᠠᠨ ᠬᠤᠪᠢᠷᠠᠭᠤᠯᠵᠦ ᠲᠡᠰ ᠲᠡᠪᠰᠢᠭᠦ ᠶᠢ ᠠᠬᠢᠭᠤᠯᠬᠤ ᠬᠡᠷᠡᠭᠳᠡᠢ᠃ ᠰᠢᠨ᠎ᠠ ᠶᠢ ᠡᠭᠦᠳᠭᠦ ᠪᠠᠷ | ᠬᠦᠳᠡᠯᠭᠡᠭᠦᠷ ᠪᠤᠯᠭᠠᠬᠤ ᠬᠦᠭᠵᠢᠯᠳᠠ ᠶᠢᠨ ᠪᠠᠶᠢᠯᠳᠤᠬᠤ ᠪᠤᠳᠤᠯᠭ᠎ᠠ ᠶᠢ ᠬᠦᠴᠦᠯᠡᠨ ᠬᠡᠷᠡᠭᠵᠢᠭᠦᠯᠵᠦ᠂ ᠠᠵᠦ | ᠠᠬᠤᠶᠢᠯᠠᠯ ᠤᠨ ᠰᠢᠨ᠎ᠠ ᠶᠢ ᠡᠭᠦᠳᠭᠦ ᠭᠤᠤᠯ ᠴᠤᠬᠴᠠ ᠶᠢᠨ ᠪᠠᠶᠢᠷᠢ ᠰᠠᠭᠤᠷᠢ ᠶᠢ ᠴᠢᠩᠭᠠᠳᠬᠠᠵᠤ᠂ ᠰᠢᠨ᠎ᠠ ᠶᠢ | ᠡᠭᠦᠳᠭᠦ ᠲᠠᠪᠴᠠᠩ ᠪᠠ ᠴᠢᠳᠠᠪᠤᠷᠢᠳᠠᠨ ᠤ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠰᠢᠨᠵᠢᠯᠡᠭᠦ ᠤᠬᠠᠭᠠᠨ | ᠮᠡᠷᠭᠡᠵᠢᠯ ᠤᠨ ᠠᠵᠦ ᠠᠬᠤᠢ ᠳᠤ ᠦᠵᠡᠭᠦᠯᠭᠦ ᠬᠤᠪᠢ ᠨᠡᠮᠡᠷᠢ ᠶᠢᠨ ᠨᠤᠷᠮ᠎ᠠ ᠶᠢ ᠴᠢᠨᠠᠭᠰᠢᠳᠠ ᠲᠡᠭᠡᠭᠰᠢᠯᠡᠭᠦᠯᠬᠦ | ᠬᠡᠷᠡᠭᠳᠡᠢ᠃ ᠶᠠᠰᠦ ᠴᠢᠨᠠᠷ ᠲᠦᠷᠦᠯ ᠲᠡᠮᠳᠡᠭ ᠤᠨ ᠪᠠᠶᠢᠯᠳᠤᠬᠤ ᠪᠤᠳᠤᠯᠭ᠎ᠠ ᠶᠢ ᠶᠡᠬᠡᠪᠡᠷ ᠬᠡᠷᠡᠭᠵᠢᠭᠦᠯᠵᠦ᠂ ᠶᠠᠰᠦ | ᠴᠢᠨᠠᠷ ᠢᠶᠠᠷ ᠠᠵᠦ ᠦᠢᠯᠡᠰ ᠢ ᠮᠠᠨᠳᠤᠭᠤᠯᠵᠦ᠂ ᠲᠦᠷᠦᠯ ᠲᠡᠮᠳᠡᠭ ᠢᠶᠠᠷ ᠠᠵᠦ ᠠᠬᠤᠶᠢᠯᠠᠯ ᠢ ᠮᠠᠨᠳᠤᠭᠤᠯᠬᠤ ᠶᠢ | ᠪᠠᠷᠢᠮᠳᠠᠯᠠᠵᠦ᠂ ︽ᠤᠷᠠᠨ ᠲᠠᠷᠬᠠᠨ︾ ᠤ ᠵᠤᠷᠢᠭ ᠰᠠᠨᠠᠭ᠎ᠠ ᠶᠢ ᠪᠠᠳᠠᠷᠠᠭᠤᠯᠤᠨ ᠶᠠᠰᠦ ᠴᠢᠨᠠᠷ᠂ ᠲᠦᠷᠦᠯ ᠲᠡᠮᠳᠡᠭ᠂ | ᠪᠠᠷᠢᠮᠵᠢᠶ᠎ᠠ ᠶᠢᠨ ᠪᠠᠶᠢᠭᠤᠯᠤᠯᠳᠠ ᠶᠢ ᠰᠠᠶᠢᠳᠤᠷ ᠠᠳᠬᠤᠵᠦ᠂ ᠦᠢᠯᠡᠳᠭᠦᠨ ᠤ ᠦᠷᠢᠰᠦᠯᠳᠦᠭᠦ ᠬᠦᠴᠦᠨ ᠢ | ᠴᠢᠩᠭᠠᠳᠬᠠᠬᠤ ᠬᠡᠷᠡᠭᠳᠡᠢ ᠭᠡᠵᠡᠢ᠃ | ᠪᠦᠭᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠦᠭᠡᠷᠡᠴᠢᠯᠠᠯᠳᠠ ᠨᠡᠭᠡᠭᠡᠯᠳᠡ ᠶᠢ ᠬᠦᠴᠦᠯᠡᠨ | ᠬᠦᠨᠵᠡᠭᠡᠶᠢᠷᠡᠭᠦᠯᠬᠦ ᠬᠡᠷᠡᠭᠳᠡᠢ᠃ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠬᠰᠠᠨ ᠦᠭᠡᠷᠡᠴᠢᠯᠠᠯᠳᠠ ᠶᠢᠨ | ᠡᠭᠦᠷᠭᠡ ᠶᠢ ᠪᠦᠭᠦ ᠲᠠᠯ᠎ᠠ ᠪᠠᠷ ᠨᠠᠶᠢᠳᠠᠪᠤᠷᠢᠵᠢᠭᠤᠯᠵᠦ᠂ ᠶᠡᠷᠦᠩᠭᠡᠢ ᠱᠦᠵᠢ ᠰᠢ ᠶᠢᠨ ᠫᠢᠡᠭ ᠤᠨ ᠮᠠᠨ ᠤ ᠤᠷᠤᠨ ᠳᠤ | ᠨᠠᠶᠢᠳᠠᠬᠰᠠᠨ ᠤᠷᠢᠳᠠᠪᠠᠷ ᠬᠡᠷᠡᠭᠵᠢᠭᠦᠯᠵᠦ ᠤᠷᠢᠳᠠᠪᠠᠷ ᠲᠤᠷᠰᠢᠬᠤ 3 ᠵᠦᠢᠯ ᠤᠨ ᠦᠭᠡᠷᠡᠴᠢᠯᠠᠯᠳᠠ ᠶᠢᠨ ᠡᠭᠦᠷᠭᠡ ᠶᠢ | ᠲᠤᠪᠤᠶᠢᠯᠭᠠᠨ ᠰᠠᠶᠢᠳᠣᠷ ᠠᠳᠬᠤᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠭᠦ︾ ᠦᠭᠡᠷᠡᠴᠢᠯᠠᠯᠳᠠ ᠶᠢ ᠬᠦᠨᠵᠡᠭᠡᠢ | ᠠᠬᠢᠭᠤᠯᠵᠦ᠂ ᠡᠳ᠋ ᠤᠨ ᠵᠠᠰᠠᠬ ᠭᠠᠶᠢᠯᠢ ᠮᠦᠡᠭᠭᠦᠨ ᠭᠦᠢᠯᠭᠡᠭᠡᠨ ᠤ ᠪᠠᠶᠢᠭᠤᠯᠤᠮᠵᠢ ᠶᠢᠨ ᠦᠭᠡᠷᠡᠴᠢᠯᠠᠯᠳᠠ ᠶᠢ | ᠢᠳᠡᠪᠬᠢᠳᠠᠢ ᠠᠬᠢᠭᠤᠯᠵᠦ᠂ ᠰᠢᠨᠵᠢᠯᠡᠭᠦ ᠤᠬᠠᠭᠠᠨ ᠮᠡᠷᠭᠡᠵᠢᠯ ᠤᠨ ᠪᠠᠶᠢᠭᠤᠯᠤᠮᠵᠢ ᠶᠢᠨ ᠦᠭᠡᠷᠡᠴᠢᠯᠠᠯᠳᠠ ᠶᠢ | ᠬᠦᠨᠵᠡᠭᠡᠶᠢᠷᠡᠭᠦᠯᠵᠦ᠂ ᠤᠯᠤᠰ ᠤᠨ ᠦᠮᠴᠢᠯᠠᠯ ᠤᠨ ᠡᠳ᠋ ᠬᠦᠷᠦᠩᠭᠡ ᠤᠯᠤᠰ ᠤᠨ ᠦᠮᠴᠢᠯᠠᠯ ᠤᠨ ᠠᠵᠦ | ᠠᠬᠤᠶᠢᠯᠠᠯ ᠤᠨ ᠦᠭᠡᠷᠡᠴᠢᠯᠠᠯᠳᠠ ᠶᠢ ᠲᠦᠷᠭᠡᠳᠭᠡᠨ ᠠᠬᠢᠭᠤᠯᠵᠤ᠂ ᠨᠡᠶᠢᠳᠡ ᠶᠢᠨ ᠦᠮᠴᠢᠯᠠᠯ ᠤᠨ ᠪᠤᠰᠤ ᠠᠵᠦ | ᠠᠬᠤᠢ ᠶᠢ ᠲᠦᠷᠭᠡᠳᠭᠡᠨ ᠬᠦᠭᠵᠢᠭᠦᠯᠬᠦ ᠬᠡᠷᠡᠭᠳᠡᠢ᠃ ︽ᠨᠢᠭᠡ ᠪᠦᠰᠡ ᠨᠢᠭᠡ ᠵᠠᠮ︾ ᠤᠨ ᠪᠦᠲᠦᠭᠡᠨ ᠪᠠᠶᠢᠭᠤᠯᠤᠯᠳᠠ᠂ | ᠪᠡᠭᠡᠵᠢᠩ ᠲᠢᠶᠠᠨᠵᠢᠨ ᠾᠧᠪᠸᠢ ᠶᠢ ᠵᠤᠬᠢᠴᠠᠭᠤᠯᠤᠨ ᠬᠦᠭᠵᠢᠭᠦᠯᠭᠦ᠂ ᠬᠦᠬᠡᠮᠦ᠋ᠷᠡᠨ ᠤ ᠠᠵᠦ ᠠᠬᠤᠢ ᠶᠢᠨ ᠪᠦᠰᠠ ᠶᠢᠨ | ᠪᠦᠲᠦᠭᠡᠨ ᠪᠠᠶᠢᠭᠤᠯᠤᠯᠳᠠ ᠵᠡᠷᠭᠡ ᠪᠠᠶᠢᠯᠳᠤᠬᠤ ᠪᠤᠳᠤᠯᠭ᠎ᠠ ᠳᠤ ᠬᠦᠨᠵᠡᠭᠡᠢ ᠠᠭᠤᠰᠤᠯᠴᠠᠵᠤ᠂ ᠨᠡᠭᠡᠭᠡᠯᠳᠡᠳᠤ | ᠬᠡᠯᠪᠡᠷᠢ ᠶᠢᠨ ᠰᠠᠭᠤᠷᠢ ᠲᠦᠭᠦᠭᠡᠷᠦᠮᠵᠢ ᠶᠢᠨ ᠰᠢᠰᠲ᠋ᠧᠮ᠂ ᠠᠵᠦ ᠦᠢᠯᠡᠰ ᠤᠨ ᠰᠢᠰᠲ᠋ᠧᠮ ᠪᠠ ᠵᠠᠬ᠎ᠠ ᠲᠡᠯᠭᠡᠭᠦᠷ ᠤᠨ | ᠰᠢᠰᠲ᠋ᠧᠮ ᠢ ᠪᠠᠶᠢᠭᠤᠯᠵᠦ᠂ ᠨᠡᠭᠡᠭᠡᠯᠳᠡ ᠲᠠᠢ ᠬᠠᠮᠳᠣᠷᠠᠨ ᠠᠵᠢᠯᠯᠠᠬᠤ ᠲᠠᠪᠴᠠᠩ ᠢ ᠪᠠᠶᠢᠭᠤᠯᠵᠣ᠂ ᠠᠷᠠᠯᠵᠢᠶ᠎ᠠ | ᠡᠵᠡᠩᠨᠡᠬᠦ ᠤᠷᠴᠢᠨ ᠲᠤᠭᠤᠷᠢᠨ ᠢ ᠴᠢᠨᠠᠭᠰᠢᠳᠠ ᠰᠢᠯᠢᠳᠡᠭᠵᠢᠭᠦᠯᠵᠦ᠂ ᠠᠷᠠᠯᠵᠢᠶᠡᠴᠢᠨ ᠤᠷᠢᠵᠦ ᠪᠡᠯᠡ ᠮᠦᠡᠭᠭᠦ | ᠤᠷᠤᠭᠤᠯᠣᠨ ᠠᠪᠴᠢᠷᠠᠬᠤ ᠡᠷᠴᠢᠮ ᠢᠶᠠᠨ ᠴᠢᠩᠭᠠᠷᠠᠭᠤᠯᠵᠣ᠂ ᠤᠮᠠᠷᠠᠰᠢ ᠮᠤᠷᠳᠠᠨ ᠡᠮᠦᠨᠡᠰᠢ ᠪᠠᠭᠤᠬᠤ᠂ ᠵᠡᠬᠦᠨᠰᠢ | ᠤᠷᠤᠬᠰᠢᠯᠠᠨ ᠪᠠᠷᠠᠭᠤᠨᠰᠢ ᠵᠤᠷᠴᠢᠬᠤ᠂ ᠲᠤᠳᠤᠷ᠎ᠠ ᠭᠠᠳᠠᠨᠠᠬᠢ ᠲᠠᠢ ᠬᠤᠯᠪᠤᠭᠠᠯᠠᠨ ᠬᠦᠳᠡᠯᠦᠯᠴᠡᠬᠦ ᠤᠯᠠᠨ ᠲᠠᠯᠠᠳᠤ | ᠭᠠᠳᠠᠭᠠᠳᠤ ᠨᠡᠬᠡᠬᠡᠯᠳᠠ ᠶᠢᠨ ᠪᠠᠶᠢᠷᠢᠰᠢᠯ ᠢ ᠪᠤᠢ ᠪᠤᠯᠭᠠᠬᠤ ᠬᠡᠷᠡᠭᠳᠡᠢ ᠭᠡᠵᠡᠢ᠃ | ᠪᠦᠭᠦᠳᠡ ᠬᠤᠷᠠᠯ ᠠᠴᠠ ᠴᠢᠬᠤᠯᠠᠴᠢᠯᠠᠬᠰᠠᠨ ᠨᠢ᠂ ᠠᠷᠠᠳ ᠤᠨ ᠠᠮᠢᠳᠤᠷᠠᠯ ᠤᠨ ᠪᠠᠶᠢᠭᠤᠯᠤᠯᠳᠠ ᠶᠢ | ᠬᠦᠴᠦᠯᠡᠨ ᠴᠢᠩᠭᠠᠳᠬᠠᠬᠤ ᠬᠡᠷᠡᠭᠳᠡᠢ᠃ ᠠᠷᠠᠳ ᠲᠦᠮᠡᠨ ᠢᠶᠠᠷ ᠭᠤᠣᠯ ᠪᠤᠯᠭᠠᠬᠤ ᠬᠦᠭᠵᠢᠯᠳᠠ ᠶᠢᠨ ᠦᠵᠡᠯ | ᠰᠠᠨᠠᠭ᠎ᠠ ᠶᠢ ᠪᠠᠷᠢᠮᠳᠠᠯᠠᠵᠦ᠂ ᠰᠤᠷᠣᠯᠴᠠᠬᠤ ᠠᠴᠠ ᠰᠤᠷᠭᠠᠭᠤᠯᠢ ᠲᠠᠢ᠂ ᠬᠦᠳᠡᠯᠮᠦᠷᠢᠯᠡᠪᠡᠯ ᠤᠷᠣᠯᠭ᠎ᠠ ᠲᠠᠢ᠂ | ᠡᠪᠡᠳᠴᠢᠯᠡᠪᠡᠯ ᠡᠮᠨᠡᠯᠭᠡ ᠲᠠᠢ᠂ ᠦᠳᠡᠯᠤᠪᠡᠯ ᠠᠰᠠᠷᠠᠮᠵᠢ ᠲᠠᠢ᠂ ᠰᠠᠭᠤᠬᠤ ᠠᠴᠠ ᠤᠷᠤᠨ ᠰᠠᠭᠤᠴᠠ ᠲᠠᠢ ᠪᠠᠶᠢᠬᠤ | ᠲᠠᠯ᠎ᠠ ᠲᠤ ᠦᠷᠭᠦᠯᠵᠢᠯᠠᠨ ᠰᠢᠨ᠎ᠠ ᠠᠬᠢᠯᠳᠠ ᠲᠠᠢ ᠪᠤᠯᠭᠠᠬᠤ ᠬᠡᠷᠡᠭᠳᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ | ᠰᠢᠪᠳᠤᠯᠬᠤ ᠶᠢ ᠲᠡᠷᠢᠭᠦᠨ ᠴᠢᠬᠤᠯᠠ ᠶᠠᠪᠣᠳᠠᠯ ᠪᠠ ᠳᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ | ᠪᠤᠯᠭᠠᠵᠦ᠂ ᠤᠨᠢᠨ ᠲᠡᠭᠡᠷ᠎ᠠ ᠨᠢ ᠬᠦᠴᠦᠯᠠᠵᠦ᠂ ᠦᠷᠬᠦᠯᠵᠢᠯᠡᠨ ᠬᠦᠴᠦᠯᠡᠵᠦ᠂ ᠶᠠᠷᠤ ᠪᠤᠰᠤ ᠶᠢᠨ ᠠᠷᠭ᠎ᠠ | ᠠᠪᠴᠠᠯ ᠢᠶᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠳᠠ ᠰᠢᠪᠳᠤᠯᠬᠤ ᠲᠠᠶᠢᠯᠠᠯᠳᠣᠭᠠᠨ ᠳᠤ ᠡᠷᠡᠰ ᠲᠦᠢᠯᠪᠦᠷᠢᠳᠡᠢ | ᠢᠯᠠᠯᠳᠠ ᠣᠯᠬᠤ ᠬᠡᠷᠡᠭᠳᠡᠢ᠃ ᠠᠷᠭ᠎ᠠ ᠪᠦᠭᠦᠨ ᠢ ᠰᠦᠪᠡᠭᠴᠢᠯᠡᠨ ᠠᠵᠢᠯ ᠤᠯᠭᠤᠨ ᠤᠷᠤᠯᠭ᠎ᠠ ᠶᠢ ᠨᠡᠮᠡᠭᠳᠡᠭᠦᠯᠬᠦ ᠶᠢ | ᠠᠬᠢᠭᠤᠯᠵᠦ᠂ ᠠᠵᠢᠯ ᠤᠯᠭᠤᠬᠤ ᠶᠢ ᠲᠡᠷᠢᠭᠦᠨ ᠳᠤ ᠳᠠᠯᠪᠢᠬᠤ ᠪᠠᠶᠢᠯᠳᠤᠬᠤ ᠪᠤᠳᠤᠯᠭ᠎ᠠ ᠪᠠ ᠨᠡᠩ ᠢᠳᠡᠪᠭᠢᠳᠠᠢ ᠠᠵᠢᠯ | ᠤᠯᠭᠤᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠬᠤᠳᠠ ᠬᠦᠳᠡᠭᠡ ᠶᠢᠨ ᠰᠠᠭᠤᠭᠠᠯᠢ ᠠᠷᠠᠳ ᠤᠨ ᠤᠷᠤᠯᠭ᠎ᠠ | ᠲᠤᠬᠳᠠᠭᠤᠨ ᠢᠶᠠᠷ ᠨᠡᠯᠢᠶᠡᠳ ᠲᠦᠷᠭᠡᠨ ᠨᠡᠮᠡᠭᠳᠡᠬᠦ ᠶᠢ ᠪᠠᠳᠤᠯᠠᠬᠤ ᠬᠡᠷᠡᠭᠳᠡᠢ᠃ ᠰᠤᠷᠭᠠᠨ ᠬᠦᠮᠦᠵᠢᠯ ᠤᠨ ᠬᠦᠷᠢᠶᠠᠨ ᠤ | ᠶᠡᠷᠦᠩᠭᠡᠶᠢᠯᠡᠭᠰᠡᠨ ᠦᠭᠡᠷᠡᠴᠢᠯᠠᠯᠳᠠ ᠶᠢ ᠬᠦᠨᠵᠡᠭᠡᠶᠢᠷᠡᠭᠦᠯᠵᠦ᠂ ᠰᠤᠶᠤᠯ ᠪᠠ ᠡᠷᠡᠭᠦᠯ ᠬᠠᠮᠠᠭᠠᠯᠠᠯ ᠵᠡᠷᠭᠡ ᠡᠯ᠎ᠠ ᠵᠦᠢᠯ | ᠤᠨ ᠨᠡᠶᠢᠭᠡᠮ ᠤᠨ ᠦᠢᠯᠡᠰ ᠤᠨ ᠬᠦᠭᠵᠢᠯᠳᠠ ᠶᠢ ᠲᠦᠷᠭᠡᠳᠭᠡᠵᠦ᠂ ᠨᠡᠶᠢᠭᠡᠮ ᠤᠨ ᠪᠠᠳᠤᠯᠠᠪᠣᠷᠢ ᠶᠢᠨ ᠰᠢᠰᠲ᠋ᠧᠮ ᠤᠨ | ᠪᠠᠶᠢᠭᠤᠯᠤᠯᠳᠠ ᠶᠢ ᠴᠢᠩᠭᠠᠳᠬᠠᠵᠦ᠂ ᠦᠨᠳᠤᠰᠤᠨ ᠤᠯᠠᠨ ᠨᠡᠶᠢᠳᠡ ᠶᠢᠨ ᠦᠢᠯᠡᠴᠢᠯᠡᠭᠡ ᠶᠢᠨ ᠬᠠᠨᠭ᠍ᠭᠠᠯᠭ᠎ᠠ ᠶᠢᠨ | ᠴᠢᠳᠠᠪᠤᠷᠢ ᠪᠠ ᠬᠠᠨᠭ᠍ᠭᠠᠯᠭ᠎ᠠ ᠶᠢᠨ ᠴᠢᠨᠠᠷ ᠴᠢᠨᠰᠠᠭ᠎ᠠ ᠶᠢᠨ ᠰᠢᠨ᠎ᠠ ᠶᠢ ᠡᠭᠦᠳᠴᠤ ᠲᠡᠭᠡᠭᠰᠢᠯᠡᠭᠦᠯᠬᠦ ᠬᠡᠷᠡᠭᠳᠡᠢ᠃ | ᠪᠤᠬᠢᠷᠳᠤᠯ ᠦᠭᠡᠢ ᠪᠠᠷ ᠤᠷᠤᠨ ᠢᠶᠠᠨ ᠬᠦᠴᠦᠷᠭᠡᠭᠵᠢᠭᠦᠯᠭᠦ᠂ ᠪᠤᠬᠢᠷᠳᠤᠯ ᠦᠭᠡᠢ ᠪᠠᠷ ᠠᠷᠠᠳ ᠲᠤ ᠠᠰᠢᠭ | ᠬᠦᠷᠳᠡᠭᠡᠭᠦ ᠶᠢ ᠪᠠᠷᠢᠮᠳᠠᠯᠠᠵᠦ᠂ ᠠᠮᠢ ᠠᠬᠤᠢ ᠶᠢ ᠵᠠᠰᠠᠨ ᠰᠡᠷᠭᠦᠭᠡᠬᠦ ᠪᠡ ᠤᠷᠴᠢᠨ ᠲᠤᠭᠤᠷᠢᠨ ᠢ ᠴᠡᠭᠴᠡᠯᠡᠨ | ᠵᠠᠰᠠᠬᠤ ᠶᠢ ᠰᠠᠶᠢᠳᠤᠷ ᠠᠳᠬᠤᠵᠦ᠂ ᠡᠭᠢ ᠪᠠᠶᠠᠯᠢᠭ ᠢ ᠠᠷᠪᠢᠯᠠᠬᠤ ᠪᠠ ᠡᠷᠭᠢᠯᠳᠡᠳᠤ ᠬᠦᠭᠵᠢᠯᠳᠠ ᠶᠢ ᠠᠬᠢᠭᠤᠯᠵᠦ᠂ | ᠲᠦᠷᠢᠮ ᠳᠣᠭᠳᠠᠭᠠᠬᠤ ᠪᠠ ᠰᠤᠶᠤᠯ ᠢ ᠪᠣᠶᠢᠵᠢᠭᠤᠯᠬᠤ ᠶᠢ ᠴᠢᠩᠭᠠᠳᠬᠠᠵᠦ᠂ ᠮᠠᠨ ᠤ ᠤᠯᠤᠰ ᠤᠨ ᠤᠮᠠᠷᠠᠳᠤ ᠶᠢᠨ | ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢ ᠪᠠᠳᠣ ᠪᠠᠬᠢ ᠴᠣᠭᠴᠠᠯᠠᠬᠤ ᠬᠡᠷᠡᠭᠳᠡᠢ᠃ | ᠵᠦᠷᠢᠴᠡᠯ ᠢ ᠨᠠᠮᠳᠠᠭᠤᠯᠬᠤ᠂ ᠨᠡᠶᠢᠭᠡᠮ ᠤᠨ ᠠᠮᠤᠷ ᠢ ᠬᠠᠮᠠᠭᠠᠯᠠᠬᠤ᠂ ᠠᠶᠤᠯ ᠦᠭᠡᠢ ᠦᠢᠯᠡᠳᠪᠤᠷᠢᠯᠡᠯ᠂ ᠢᠳᠡᠭᠡᠨ ᠪᠠ | ᠡᠮ ᠤᠨ ᠵᠦᠢᠯᠡᠰ ᠤᠨ ᠠᠮᠤᠷ ᠲᠦᠪᠰᠢᠨ ᠪᠤᠯᠤᠨ ᠬᠢᠯᠢ ᠬᠢᠵᠠᠭᠠᠷ ᠢ ᠬᠠᠮᠢᠶᠠᠷᠣᠨ ᠡᠵᠡᠮᠳᠡᠬᠦ ᠵᠡᠷᠭᠡ ᠠᠵᠢᠯ ᠢ ᠴᠢᠩᠭ᠎ᠠ | ᠪᠤᠳᠠᠳᠠᠢ ᠨᠠᠷᠢᠯᠢᠬ ᠰᠠᠶᠢᠳᠤᠷ ᠬᠢᠵᠦ᠂ ᠡᠭᠡ ᠤᠯᠤᠰ ᠤᠨ ᠤᠮᠠᠷᠠᠳᠤ ᠶᠢᠨ ᠠᠮᠤᠷ ᠲᠦᠪᠰᠢᠨ ᠲᠤᠬᠳᠠᠭᠤᠨ ᠤ | ᠬᠠᠯᠬᠠᠪᠴᠢ ᠶᠢ ᠪᠠᠳᠣ ᠪᠠᠬᠢ ᠴᠣᠭᠴᠠᠯᠠᠬᠤ ᠬᠡᠷᠡᠭᠳᠡᠢ ᠭᠡᠵᠡᠢ᠃ ᠪᠦᠭᠦᠳᠡ ᠬᠤᠷᠠᠯ ᠠᠴᠠ ᠴᠢᠬᠤᠯᠠᠴᠢᠯᠠᠬᠰᠠᠨ ᠨᠢ᠂ | ᠠᠵᠦ ᠠᠬᠤᠢ ᠶᠢᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠨᠠᠭᠰᠢᠳᠠ ᠴᠢᠩᠭᠠᠳᠬᠠᠨ ᠰᠠᠶᠢᠵᠢᠷᠠᠭᠤᠯᠬᠤ | ᠬᠡᠷᠡᠭᠳᠡᠢ᠃ ᠡᠯ᠎ᠠ ᠱᠠᠳᠤᠨ ᠤ ᠨᠠᠮ ᠤᠨ ᠬᠤᠷᠢᠶ᠎ᠠ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠱᠠᠭᠠᠷᠳᠠᠯᠭ᠎ᠠ ᠶᠢ ᠠᠵᠦ | ᠠᠬᠤᠢ ᠶᠢᠨ ᠠᠵᠢᠯ ᠳᠠᠬᠢ ᠨᠠᠮ ᠤᠨ ᠤᠳᠤᠷᠢᠳᠣᠯᠭ᠎ᠠ ᠲᠤᠮᠳᠠ ᠢᠯᠡᠷᠡᠭᠦᠯᠵᠦ᠂ ︽ᠲᠦᠷᠪᠡᠨ ᠤᠬᠠᠮᠰᠠᠷ︾᠂ | ᠤᠨᠴᠠᠭᠠᠶᠢᠯᠠᠨ ᠭᠤᠤᠯᠯᠠᠬᠤ ᠤᠬᠠᠮᠰᠠᠷ᠂ ᠨᠢᠭᠡᠲᠦᠯᠳᠡᠢ ᠪᠠᠶᠢᠬᠤ ᠤᠬᠠᠮᠰᠠᠷ ᠢᠶᠠᠨ ᠴᠢᠨᠠᠭᠰᠢᠳᠠ ᠴᠢᠩᠭᠠᠳᠬᠠᠵᠦ᠂ ᠨᠠᠮ | ᠤᠨ ᠲᠦᠪ ᠬᠤᠷᠢᠶ᠎ᠠ ᠶᠢᠨ ᠠᠵᠦ ᠠᠬᠤᠢ ᠶᠢᠨ ᠳᠣᠬᠠᠢ ᠰᠢᠢᠳᠪᠤᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ | ᠨᠠᠶᠢᠳᠠᠪᠤᠷᠢᠵᠢᠭᠤᠯᠬᠤ ᠶᠢ ᠤᠯᠤᠰ ᠲᠦᠷᠦ ᠶᠢᠨ ᠬᠠᠷᠢᠭᠤᠴᠠᠯᠭ᠎ᠠ ᠪᠤᠯᠭᠠᠵᠦ᠂ ᠨᠠᠮ ᠤᠨ ᠲᠦᠪ ᠬᠤᠷᠢᠶ᠎ᠠ ᠶᠢᠨ | ᠲᠤᠬᠳᠠᠭᠠᠬᠰᠠᠨ ᠴᠢᠭᠯᠡᠯᠳᠡ ᠲᠦᠷᠦ ᠶᠢᠨ ᠪᠤᠳᠤᠯᠭ᠎ᠠ ᠶᠢ ᠡᠷᠭᠡᠪᠰᠢ ᠬᠡᠷᠡᠭᠵᠢᠭᠦᠯᠵᠦ᠂ ᠨᠠᠮ ᠤᠨ ᠲᠦᠪ ᠬᠤᠷᠢᠶ᠎ᠠ ᠶᠢᠨ | ᠲᠤᠬᠳᠠᠭᠠᠬᠰᠠᠨ ᠦᠭᠡᠷᠡᠴᠢᠯᠠᠯᠳᠠ ᠶᠢᠨ ᠲᠦᠰᠦᠯ ᠢ ᠡᠷᠭᠡᠪᠰᠢ ᠨᠠᠶᠢᠳᠠᠪᠤᠷᠢᠵᠢᠭᠤᠯᠬᠤ ᠬᠡᠷᠡᠭᠳᠡᠢ᠃ ᠠᠵᠦ ᠠᠬᠤᠢ ᠶᠢᠨ | ᠠᠵᠢᠯ ᠢ ᠤᠳᠤᠷᠢᠳᠬᠤ ᠲᠤᠬᠳᠠᠴᠠ ᠪᠠ ᠵᠤᠬᠢᠴᠠᠭᠤᠯᠬᠤ ᠲᠤᠬᠳᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ | ᠰᠢᠯᠭᠠᠨ ᠦᠨᠡᠯᠡᠭᠦ ᠪᠠ ᠪᠤᠷᠤᠭᠤ ᠶᠢ ᠠᠭᠤᠴᠢᠯᠠᠨ ᠪᠤᠷᠤᠭᠤ ᠶᠢ ᠵᠠᠯᠠᠷᠠᠭᠤᠯᠬᠤ ᠲᠤᠬᠳᠠᠴᠠ ᠶᠢ ᠪᠠᠶᠢᠭᠤᠯᠤᠨ | ᠪᠦᠷᠢᠨᠰᠢᠭᠦᠯᠵᠦ᠂ ᠦᠨᠡᠨᠭᠦ ᠰᠠᠶᠢᠨ ᠺᠠᠳ᠋ᠷ ᠢ ᠬᠡᠷᠡᠭᠯᠡᠵᠦ᠂ ᠬᠦᠮᠦᠰ ᠤᠨ ᠰᠡᠳᠭᠢᠯ ᠢ ᠨᠢᠭᠳᠠᠷᠠᠭᠤᠯᠤᠨ ᠠᠵᠢᠯ ᠤᠨ | ᠵᠤᠷᠢᠭ ᠢ ᠡᠷᠴᠢᠯᠠᠵᠦ᠂ ᠤᠷᠤᠯᠳᠤᠨ ᠲᠡᠮᠡᠴᠡᠭᠰᠡᠨ᠂ ᠮᠢᠩᠭᠠᠨ ᠵᠡᠪᠡ ᠵᠡᠷᠭᠡᠪᠡᠷ ᠦᠷᠢᠰᠦᠯᠳᠦᠭᠰᠡᠨ᠂ ᠲᠦᠮᠡᠨ ᠠᠭᠳᠠ | ᠲᠦᠪᠡᠷᠭᠡᠯᠡᠭᠰᠡᠨ ᠬᠦᠭᠵᠢᠶᠡᠨᠳᠦ ᠪᠠᠶᠢᠳᠠᠯ ᠢ ᠪᠤᠢ ᠪᠤᠯᠭᠠᠬᠤ ᠬᠡᠷᠡᠭᠳᠡᠢ᠃ ᠡᠯ᠎ᠠ ᠱᠠᠳᠤᠨ ᠤ ᠤᠳᠤᠷᠢᠳᠬᠤ ᠺᠠᠳ᠋ᠷ | ᠮᠠᠷᠺᠰ ᠤᠨ ᠦᠵᠡᠯ ᠤᠨ ᠤᠯᠤᠰ ᠲᠦᠷᠦ ᠠᠵᠦ ᠠᠬᠤᠢ ᠶᠢᠨ ᠤᠬᠠᠭᠠᠨ ᠢ ᠬᠦᠨᠵᠡᠭᠡᠢ ᠰᠤᠷᠤᠯᠴᠠᠵᠦ᠂ ᠶᠡᠷᠦᠩᠭᠡᠢ | ᠱᠦᠵᠢ ᠰᠢ ᠶᠢᠨ ᠫᠢᠡᠭ ᠤᠨ ᠴᠢᠬᠤᠯᠠ ᠶᠠᠷᠢᠶ᠎ᠠ ᠨᠤᠭᠤᠳ ᠤᠨ ᠵᠤᠷᠢᠭ ᠰᠠᠨᠠᠭ᠎ᠠ ᠪᠠ ᠲᠦᠷᠦ ᠶᠢ ᠵᠠᠰᠠᠵᠦ ᠵᠠᠰᠠᠬ ᠢ | ᠡᠷᠬᠢᠯᠡᠭᠦ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ ᠪᠤᠳᠤᠯᠭ᠎ᠠ ᠪᠠᠷ ᠲᠠᠷᠢᠭᠢ | ᠲᠤᠯᠤᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠤᠭᠤᠳᠤᠭᠤᠯᠣᠨ ᠠᠵᠢᠯ ᠢᠶᠠᠨ ᠠᠬᠢᠭᠤᠯᠵᠦ᠂ ᠠᠵᠦ ᠠᠬᠤᠢ ᠶᠢᠨ | ᠠᠵᠢᠯ ᠢ ᠤᠳᠤᠷᠢᠳᠬᠤ ᠴᠢᠳᠠᠪᠤᠷᠢ ᠪᠠ ᠲᠦᠪᠰᠢᠨ ᠢᠶᠠᠨ ᠦᠨᠡᠨᠭᠦ ᠲᠡᠭᠡᠭᠰᠢᠯᠡᠭᠦᠯᠬᠦ ᠬᠡᠷᠡᠭᠳᠡᠢ᠃ ᠦᠵᠡᠯ ᠰᠠᠨᠠᠭ᠎ᠠ ᠪᠠᠨ | ᠴᠢᠨᠠᠭᠰᠢᠳᠠ ᠴᠢᠯᠦᠭᠡᠯᠡᠵᠦ᠂ ᠴᠠᠭ ᠤᠨ ᠪᠠᠶᠢᠳᠠᠯ ᠳᠤ ᠲᠤᠬᠢᠷᠠᠬᠤ ᠦᠭᠡᠢ᠂ ᠬᠦᠭᠵᠢᠯᠳᠠ ᠶᠢ ᠬᠠᠷᠰᠢᠯᠠᠬᠤ | ᠰᠡᠳᠭᠢᠭᠦᠢ ᠶᠢᠨ ᠪᠠᠶᠢᠳᠠᠯ᠂ ᠦᠢᠯᠡ ᠠᠵᠢᠯᠯᠠᠭ᠎ᠠ ᠶᠢᠨ ᠳᠠᠳᠬᠠᠯ ᠪᠠ ᠵᠠᠮ ᠱᠤᠭᠤᠮ ᠤᠨ ᠲᠦᠰᠢᠭᠯᠡᠯ ᠢ ᠡᠷᠡᠰ | ᠲᠡᠪᠴᠢᠵᠦ᠂ ᠲᠡᠷᠢᠭᠢ ᠳᠣᠯᠣᠭᠠᠢ ᠪᠠᠨ ᠬᠦᠳᠡᠯᠭᠡᠨ ᠰᠡᠳᠭᠢᠵᠦ᠂ ᠬᠠᠨᠴᠤᠢ ᠰᠢᠮᠡᠯᠡᠨ ᠠᠵᠢᠯᠯᠠᠵᠦ᠂ ᠵᠤᠷᠢᠬᠰᠠᠨ | ᠵᠦᠢᠯ ᠢᠶᠠᠨ ᠴᠤᠴᠠᠯᠳᠠ ᠦᠭᠡᠢ ᠪᠡᠶᠡᠯᠡᠭᠦᠯᠵᠦ᠂ ᠲᠤᠬᠳᠠᠬᠰᠠᠨ ᠵᠦᠢᠯ ᠢᠶᠠᠨ ᠲᠤᠶᠢᠯᠪᠦᠷᠢᠳᠡᠢ ᠪᠠᠷᠢᠮᠳᠠᠯᠠᠵᠦ᠂ | ᠰᠡᠳᠭᠢᠯ ᠢᠶᠠᠨ ᠨᠢᠭᠡᠳᠭᠡᠨ ᠬᠦᠴᠦᠨ ᠢᠶᠠᠨ ᠬᠠᠮᠳᠣᠳᠬᠠᠵᠣ ᠠᠤᠭ᠎ᠠ ᠲᠦᠰᠦᠪ ᠢᠶᠠᠨ ᠰᠠᠶᠢᠨ ᠰᠠᠶᠢᠬᠠᠨ ᠪᠤᠳᠠᠳᠤ | ᠠᠬᠤᠢ ᠪᠤᠯᠭᠠᠨ ᠬᠤᠪᠢᠷᠠᠭᠤᠯᠬᠤ ᠬᠡᠷᠡᠭᠳᠡᠢ᠃ ᠰᠤᠷᠳᠠᠯ ᠢᠶᠠᠨ ᠴᠢᠨᠠᠭᠰᠢᠳᠠ ᠬᠤᠪᠢᠷᠠᠭᠤᠯᠵᠦ᠂ ᠠᠵᠢᠯ ᠤᠨ | ᠪᠠᠶᠢᠷᠢ ᠳᠠᠭᠠᠨ ᠰᠠᠭᠤᠷᠢᠯᠠᠨ ᠲᠤᠰᠢᠶᠠᠯ ᠬᠠᠷᠢᠭᠤᠴᠠᠯᠭ᠎ᠠ ᠪᠠᠨ ᠬᠢᠨᠠᠮᠠᠭᠠᠢ ᠬᠦᠢᠴᠡᠳᠭᠡᠵᠦ᠂ ᠲᠤᠯᠤᠭᠠᠢ ᠪᠦᠭᠦᠶᠢᠨ | ᠠᠵᠢᠯᠯᠠᠵᠦ᠂ ᠦᠨᠳᠤᠰᠤᠨ ᠱᠠᠳᠤᠨ ᠳᠤ ᠬᠦᠨᠵᠡᠭᠡᠶᠢᠷᠡᠵᠦ᠂ ᠨᠢᠭᠡᠲᠦᠭᠡᠷ ᠹᠷᠤᠨᠲ ᠲᠤ ᠬᠦᠨᠵᠡᠭᠡᠶᠢᠷᠡᠵᠦ᠂ ᠪᠠᠶᠢᠴᠠᠭᠠᠨ | ᠰᠤᠳᠤᠯᠤᠯᠳᠠ ᠬᠢᠵᠦ᠂ ᠪᠤᠳᠠᠳᠤ ᠤᠴᠢᠷ ᠢ ᠰᠢᠢᠳᠪᠦᠷᠢᠯᠡᠨ ᠪᠤᠳᠠᠳᠤ ᠦᠷ᠎ᠠ ᠪᠦᠲᠦᠮᠵᠢ ᠶᠢ ᠡᠷᠬᠢᠮᠯᠡᠵᠦ᠂ ᠨᠠᠮ ᠤᠨ | ᠲᠦᠪ ᠬᠤᠷᠢᠶ᠎ᠠ ᠪᠤᠯᠤᠨ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠡᠯ᠎ᠠ ᠵᠦᠢᠯ ᠤᠨ ᠰᠢᠢᠳᠪᠤᠷᠢᠳᠤ | ᠪᠤᠳᠤᠯᠭ᠎ᠠ ᠪᠠᠶᠢᠷᠢᠯᠠᠭᠤᠯᠤᠯᠳᠠ ᠶᠢ ᠪᠤᠳᠠᠳᠠᠢ ᠳᠤ ᠨᠠᠶᠢᠳᠠᠪᠤᠷᠢᠵᠢᠭᠤᠯᠤᠨ ᠨᠠᠷᠢᠯᠢᠭ ᠨᠠᠶᠢᠳᠠᠪᠤᠷᠢᠵᠢᠭᠤᠯᠬᠤ ᠶᠢ | ᠪᠠᠳᠤᠯᠠᠬᠤ ᠬᠡᠷᠡᠭᠳᠡᠢ ᠭᠡᠵᠡᠢ᠃ | ᠪᠦᠭᠦᠳᠡ ᠬᠤᠷᠠᠯ ᠠᠴᠠ᠂ ᠪᠦᠭᠦ ᠤᠷᠤᠨ ᠤ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠳᠠ ᠪᠠ | ᠦᠷᠭᠡᠨ ᠤᠯᠠᠨ ᠨᠠᠮ ᠤᠨ ᠭᠡᠰᠢᠭᠦᠨ ᠺᠠᠳ᠋ᠷᠴᠣᠳ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠬᠰᠠᠨ ᠨᠠᠮ ᠤᠨ ᠲᠦᠪ | ᠬᠤᠷᠢᠶ᠎ᠠ ᠶᠢᠨ ᠲᠤᠭᠤᠷᠢᠨ ᠳᠤ ᠨᠡᠩ ᠨᠢᠬᠳᠠᠷᠠᠨ ᠪᠦᠯᠭᠦᠮᠳᠡᠵᠦ᠂ ᠴᠢᠨᠡᠭᠡᠯᠢᠢᠡ ᠨᠡᠶᠢᠭᠡᠮ ᠢ ᠪᠦᠭᠦ ᠲᠠᠯ᠎ᠠ ᠪᠠᠷ | ᠪᠡᠶᠡᠯᠡᠭᠦᠯᠬᠦ᠂ ᠡᠭᠡ ᠤᠯᠤᠰ ᠤᠨ ᠤᠮᠠᠷᠠᠳᠤ ᠶᠢᠨ ᠦᠵᠡᠰᠭᠦᠯᠠᠩᠳᠤ ᠰᠠᠶᠢᠬᠠᠨ ᠦᠵᠡᠮᠵᠢ ᠶᠢᠨ ᠤᠷᠤᠨ ᠢ ᠪᠦᠲᠦᠭᠡᠨ | ᠪᠠᠶᠢᠭᠤᠯᠬᠤ ᠲᠡᠤᠭᠡ ᠶᠢᠨ ᠬᠦᠨᠳᠤ ᠡᠭᠦᠷᠭᠡ ᠶᠢ ᠡᠭᠦᠷᠭᠡᠯᠡᠵᠦ᠂ ᠰᠠᠬᠢᠨ ᠪᠠᠷᠠᠯᠠᠵᠦ ᠬᠠᠷᠢᠯᠴᠠᠨ ᠬᠠᠪᠰᠤᠷᠤᠯᠴᠠᠨ | ᠪᠦᠯᠭᠦᠮᠳᠡᠨ ᠲᠡᠮᠡᠴᠡᠵᠦ᠂ ᠴᠤᠴᠠᠯᠳᠠ ᠦᠭᠡᠢ ᠤᠷᠤᠬᠰᠢᠯᠠᠵᠦ᠂ ᠰᠢᠯᠢᠳᠡᠭ ᠠᠮᠵᠢᠯᠳᠠ ᠪᠠᠷ ᠢᠶᠠᠨ ᠦᠪᠡᠷᠳᠡᠭᠡᠨ | ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠭᠡᠯᠡᠵᠦ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠢᠯᠠᠯᠳᠠ ᠲᠠᠢ ᠬᠤᠷᠠᠯᠳᠤᠬᠤ ᠶᠢ ᠤᠬᠳᠤᠵᠠᠭᠠᠶᠠ ᠬᠡᠵᠤ ᠤᠷᠢᠶᠠᠯᠠᠪᠠ᠃ |