ᠦᠪᠦᠷ ᠮᠣᠩᠭᠤᠯ ᠨᠢᠳᠤᠨᠤᠨ 16.62 ᠳ᠋ᠦᠩᠰᠢᠭᠤᠷ ᠲᠥᠭᠦᠷᠢᠭ ᠪᠡᠯᠡ ᠤᠷᠤᠭᠤᠯᠤᠨ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾᠎ ᠶᠢ ᠬᠡᠷᠡᠭᠵᠢᠭᠦᠯᠪᠡ
ᠨᠡᠶᠢᠲᠡᠯᠡᠭᠰᠡᠨ ᠴᠠᠭ᠄
2017/1/6
     ᠮᠠᠨ ᠤ ᠤᠷᠤᠨ 2016 ᠣᠨ ᠳᠤ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ︵ᠶᠠᠳᠠᠭᠤ ᠬᠦᠴᠢᠷᠳᠡᠯᠲᠡᠢ ᠭᠠᠵᠠᠷ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠨᠦᠭᠦᠴᠡᠯ ᠪᠠᠭᠤᠷᠠᠢ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠨᠳᠦᠰᠦᠨ ᠨᠥᠬᠦᠴᠡᠯ ᠢ ᠪᠦᠬᠦ ᠲᠠᠯ᠎ᠠ ᠪᠠᠷ ᠰᠠᠶᠢᠵᠢᠷᠠᠭᠤᠯᠬᠤ︶᠎ ᠳᠤ 16.62 ᠳ᠋ᠦᠩᠰᠢᠭᠤᠷ ᠲᠥᠭᠦᠷᠢᠭ ᠤᠨ ᠪᠡᠯᠡ ᠮᠦᠩᠭᠦ ᠵᠠᠷᠤᠴᠠᠭᠤᠯᠤᠨ᠂ ᠪᠦᠬᠦ ᠣᠷᠣᠨ ᠤ ᠮᠠᠯᠵᠢᠬᠤ ᠲᠠᠷᠢᠶᠠᠯᠠᠬᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠪᠠᠭᠤᠷᠠᠶ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠨᠥᠬᠦᠴᠡᠯ ᠢ ᠰᠠᠶᠢᠵᠢᠷᠠᠭᠤᠯᠵᠤ᠂ ᠬᠤᠳᠠ ᠬᠥᠳᠡᠭᠡ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠪᠠᠭᠠᠰᠬᠠᠵᠤ᠂ ᠰᠢᠶᠠᠨ ᠤ ᠬᠡᠪᠴᠢᠶᠡᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠦᠭᠵᠢᠭᠦᠯᠬᠦ ᠬᠢᠷᠢ ᠲᠥᠪᠰᠢᠨ ᠢ ᠳᠡᠭᠡᠭᠰᠢᠯᠡᠭᠦᠯᠦᠭᠰᠡᠨ ᠪᠠᠶᠢᠨ᠎ᠠ᠃      ᠣᠶᠢᠯᠠᠭᠠᠭᠰᠠᠨ ᠢᠶᠠᠷ᠂ ᠱᠠᠭᠠᠷᠳᠠᠯᠭ᠎ᠠ ᠶᠣᠰᠣᠭᠠᠷ᠂ ᠮᠠᠨ ᠤ ᠤᠷᠤᠨ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠠᠵᠢᠯ ᠳᠤᠮᠳᠠ ᠪᠠᠨ ᠲᠦᠷᠪᠡᠨ ᠵᠠᠷᠴᠢᠮ ᠢ ᠵᠢᠷᠤᠮᠯᠠᠵᠠᠢ᠂ ᠲᠤᠬᠠᠶᠢᠯᠠᠪᠠᠯ ᠦᠨᠳᠦᠰᠦᠨ ᠵᠢᠭᠠᠨ ᠰᠤᠷᠭᠠᠯᠲᠠ ᠪᠣᠯᠣᠨ ᠠᠮᠢᠳᠤᠷᠠᠯ ᠤᠨ ᠨᠥᠬᠦᠴᠡᠯ ᠢ ᠦᠨᠡᠨ ᠬᠦ ᠪᠠᠲᠤᠯᠠᠨ᠂ ᠶᠠᠭᠤ ᠳᠤᠲᠠᠭᠳᠠᠵᠤ ᠪᠠᠶᠢᠪᠠᠯ ᠲᠡᠭᠦᠨ ᠢ ᠨᠢ ᠨᠥᠬᠦᠪᠥᠷᠢᠯᠡᠵᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠶᠢᠨ ᠭᠡᠷ ᠪᠠᠶᠢᠰᠢᠩ᠂ ᠵᠢᠭᠠᠨ ᠰᠤᠷᠭᠠᠬᠤ ᠬᠡᠮᠵᠢᠭᠦᠷᠯᠢᠭ ᠪᠣᠯᠣᠨ ᠲᠥᠬᠦᠭᠡᠷᠦᠮᠵᠢ ᠵᠡᠷᠭᠡ ᠬᠠᠲᠠᠭᠤ ᠬᠡᠷᠡᠭᠰᠡᠯ ᠢ ᠬᠠᠷᠢᠴᠠᠩᠭᠤᠶ ᠲᠡᠩᠴᠡᠭᠦᠷᠢᠲᠡᠶ ᠪᠣᠯᠭᠠᠵᠠᠢ︔ ᠴᠢᠬᠤᠯᠠ ᠪᠦᠬᠦᠢ ᠲᠣᠰᠬᠤᠨ ᠤ ᠪᠠᠭ᠎ᠠ ᠰᠤᠷᠭᠠᠭᠤᠯᠢ ᠪᠣᠯᠣᠨ ᠵᠢᠭᠠᠨ ᠰᠤᠷᠭᠠᠬᠤ ᠴᠢᠬ ᠢ ᠦᠨᠡᠨᠬᠦ ᠰᠠᠶᠢᠲᠤᠷ ᠡᠷᠬᠢᠯᠡᠵᠦ᠂ ᠪᠠᠭ᠎ᠠ ᠰᠤᠷᠭᠠᠭᠤᠯᠢ ᠪᠣᠯᠣᠨ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠪᠠᠬᠢᠵᠢᠭᠦᠯᠦᠯᠲᠡ ᠶᠢᠨ ᠨᠣᠷᠮ᠎ᠠ ᠶᠢ ᠪᠦᠬᠦ ᠤᠯᠤᠰ ᠤᠨ ᠳᠤᠮᠳᠠᠴᠢ ᠲᠦᠪᠰᠢᠨ ᠠᠴᠠ ᠳᠡᠭᠡᠭᠰᠢ ᠳᠤ ᠬᠦᠷᠭᠡᠬᠦ ᠶᠢ ᠦᠨᠡᠨ ᠬᠦ ᠪᠠᠲᠤᠯᠠᠵᠠᠢ︔ ᠬᠤᠳᠠ ᠪᠠᠯᠭᠠᠰᠤᠨ ᠤ ᠰᠤᠷᠭᠠᠭᠤᠯᠢ ᠶᠢᠨ ᠬᠡᠳᠥ ᠲᠣᠭᠠᠲᠤ ᠠᠩᠭᠢ ᠶᠢᠨ ᠠᠰᠠᠭᠤᠳᠠᠯ ᠢ ᠦᠨᠡᠨ ᠬᠦ ᠰᠢᠶᠳᠪᠦᠷᠢᠯᠡᠵᠦ᠂ ᠴᠢᠨᠠᠷ ᠰᠠᠶᠢᠲᠠᠶ ᠰᠤᠷᠭᠠᠨ ᠬᠥᠮᠦᠵᠢᠯ ᠤᠨ ᠡᠬᠢ ᠪᠠᠶᠠᠯᠢᠭ ᠢ ᠦᠷᠭᠡᠳᠬᠡᠨ᠂ ᠰᠤᠷᠦᠬᠴᠢ ᠶᠢ ᠵᠦᠢ ᠵᠣᠬᠢᠰᠲᠠᠶ ᠪᠠᠷ ᠠᠩᠭᠢᠯᠠᠵᠠᠢ︔ ᠮᠠᠯᠵᠢᠬᠤ ᠲᠠᠷᠢᠶᠠᠯᠠᠬᠤ ᠣᠷᠣᠨ ᠤ ᠰᠤᠷᠭᠠᠨ ᠬᠥᠮᠦᠵᠢᠯ ᠤᠨ ᠮᠡᠳᠡᠭᠡ ᠵᠠᠩᠬᠢᠵᠢᠯᠲᠠ ᠶᠢ ᠦᠨᠡᠨ ᠬᠦ ᠠᠬᠢᠭᠤᠯᠵᠤ᠂ ᠪᠦᠷᠢᠨ ᠪᠦᠷᠬᠦᠭᠦᠯᠬᠦ ᠶᠢ ᠴᠢᠷᠮᠠᠶᠢᠨ ᠪᠡᠶᠡᠯᠡᠭᠦᠯᠵᠡᠢ᠃      2016 ᠣᠨ ᠳᠤ᠂ ᠮᠠᠨ ᠤ ᠤᠷᠤᠨ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠪᠡᠯᠡ ᠮᠦᠩᠭᠦ 16.62 ᠳ᠋ᠦᠩᠰᠢᠭᠤᠷ ᠲᠥᠭᠦᠷᠢᠭ ᠵᠠᠷᠤᠴᠠᠭᠤᠯᠤᠨ᠂ ᠰᠤᠷᠭᠠᠭᠤᠯᠢ ᠶᠢᠨ ᠬᠦᠷᠢᠶ᠎ᠡ ᠬᠡᠷ ᠪᠠᠶᠢᠰᠢᠩ ᠪᠦᠳᠦᠬᠡᠨ ᠪᠠᠶᠢᠭᠤᠯᠤᠯᠲᠠ ᠳᠤ 11.46 ᠳ᠋ᠦᠩᠰᠢᠭᠤᠷ ᠲᠥᠭᠦᠷᠢᠭ᠂ ᠪᠡᠯᠡᠳᠬᠡᠮᠵᠢ ᠲᠥᠬᠦᠭᠡᠷᠦᠮᠵᠢ ᠬᠤᠳᠠᠯᠳᠤᠨ ᠠᠪᠬᠤ ᠳᠤ 5.16 ᠳ᠋ᠦᠩᠰᠢᠭᠤᠷ ᠲᠥᠭᠦᠷᠢᠭ ᠤᠨ ᠪᠡᠯᠡ ᠮᠥᠩᠭᠦ ᠲᠣᠬᠢᠷᠠᠭᠤᠯᠪᠠ︔ 48.2 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠰᠤᠷᠭᠠᠭᠤᠯᠢ ᠶᠢᠨ ᠪᠠᠶᠢᠷᠢ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ ᠪᠠ ᠥᠷᠭᠡᠳᠬᠡᠨ ᠪᠠᠶᠢᠭᠤᠯᠵᠦ᠂ ᠪᠡᠶ᠎ᠡ ᠶᠢᠨ ᠲᠠᠮᠢᠷ ᠤᠨ ᠲᠠᠯᠠᠪᠤᠷ ᠭᠠᠵᠠᠷ ᠢ 91.9 ᠲᠦᠮᠡᠨ ᠲᠡᠭᠰᠢ ᠳᠥᠷᠪᠡᠯᠵᠢᠨ ᠮᠧᠲᠷ ᠪᠦᠲᠦᠭᠡᠨ ᠪᠠᠶᠢᠭᠤᠯᠵᠤ᠂ 1.9 ᠲᠦᠮᠡᠨ ᠮᠧᠲᠷ ᠬᠡᠷᠡᠮ ᠬᠠᠰᠢᠶ᠎ᠠ ᠪᠠᠷᠢᠵᠤ᠂ 1.0 ᠲᠦᠮᠡᠨ ᠪᠣᠰᠤᠭ᠎ᠠ ᠳᠥᠷᠪᠡᠯᠵᠢᠨ ᠮᠧᠲᠷ ᠪᠡᠯ ᠬᠠᠮᠠᠭᠠᠯᠠᠬᠤ ᠪᠠᠷ ᠲᠦᠯᠦᠪᠯᠡᠵᠡᠢ᠃ ᠮᠠᠨ ᠤ ᠤᠷᠤᠨ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾᠎ ᠳᠤ 157 ᠰᠤᠷᠭᠠᠭᠤᠯᠢ ᠭᠡᠷ ᠪᠠᠶᠢᠰᠢᠩ ᠤᠨ ᠪᠦᠳᠦᠭᠡᠨ ᠪᠠᠶᠢᠭᠤᠯᠤᠯᠲᠠ ᠶᠢ 439 ᠲᠥᠷᠥᠯ ᠵᠦᠢᠯ᠂ 45.6 ᠲᠦᠮᠡᠨ ᠲᠡᠭᠰᠢ ᠳᠥᠷᠪᠡᠯᠵᠢᠨ ᠮᠧᠲᠷ ᠲᠠᠯᠠᠪᠠᠢ ᠪᠦᠬᠦᠢ ᠪᠠᠷᠢᠯᠭ᠎ᠠ ᠶᠢᠨ ᠠᠵᠢᠯ ᠡᠬᠢᠯᠡᠭᠦᠯᠵᠦ᠂ ᠪᠠᠷᠢᠯᠭ᠎ᠠ ᠶᠢᠨ ᠠᠵᠢᠯ ᠡᠬᠢᠯᠡᠭᠦᠯᠬᠦ ᠲᠥᠯᠥᠪᠯᠡᠭᠡᠨ ᠤ ᠲᠠᠯᠠᠪᠠᠢ ᠶᠢᠨ 94.5%᠎ ᠶᠢ ᠡᠵᠡᠯᠡᠪᠡ︔  ᠨᠢᠭᠡᠨᠲᠡ ᠪᠠᠷᠢᠵᠤ ᠳᠠᠭᠤᠰᠬᠠᠭᠰᠠᠨ ᠲᠠᠯᠠᠪᠠᠢ ᠨᠢ 32.6 ᠲᠦᠮᠡᠨ ᠲᠡᠭᠰᠢ ᠳᠥᠷᠪᠡᠯᠵᠢᠨ ᠮᠧᠲᠷ ᠪᠠᠶᠢᠵᠤ᠂ ᠪᠠᠷᠢᠯᠭ᠎ᠠ ᠶᠢᠨ ᠠᠵᠢᠯ ᠡᠬᠢᠯᠡᠭᠦᠯᠦᠭᠰᠡᠨ ᠲᠠᠯᠠᠪᠠᠢ ᠶᠢᠨ 71.5%᠎ ᠶᠢ ᠡᠵᠡᠯᠡᠪᠡ᠃      ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠲᠦᠷᠦᠯ ᠵᠦᠢᠯ ᠢ ᠬᠡᠷᠡᠭᠵᠢᠭᠦᠯᠬᠦ ᠪᠠᠷ ᠳᠠᠮᠵᠢᠨ᠂ ᠮᠠᠨ ᠤ ᠣᠷᠣᠨ ᠤ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠰᠤᠷᠭᠠᠭᠤᠯᠢ ᠡᠷᠬᠢᠯᠡᠬᠦ ᠨᠥᠬᠦᠴᠡᠯ ᠪᠠᠭᠤᠷᠠᠢ ᠰᠤᠷᠭᠠᠭᠤᠯᠢ ᠶᠢ ᠢᠯᠡᠳᠲᠡ ᠰᠠᠶᠢᠵᠢᠷᠠᠭᠤᠯᠪᠠ᠃ ᠣᠳᠣᠬᠠᠨ ᠳᠤ᠂ ᠮᠠᠨ ᠤ ᠤᠷᠤᠨ D ᠳᠡᠰ ᠤᠨ ᠨᠤᠷᠠᠬᠤ ᠠᠶᠤᠯᠲᠠᠶ ᠭᠡᠷ ᠪᠠᠶᠢᠰᠢᠩ ᠢ ᠪᠦᠬᠦ ᠲᠠᠯ᠎ᠠ ᠪᠠᠷ ᠦᠭᠡᠶᠢᠰᠬᠡᠵᠦ᠂ ︽ᠶᠡᠭᠡ ᠬᠠᠨᠵᠤ︾᠎ ᠶᠢ ᠦᠭᠡᠶᠢᠰᠬᠡᠭᠰᠡᠨ ᠲᠥᠷᠥᠯ ᠵᠦᠢᠯ ᠤᠨ ᠬᠤᠰᠢᠭᠤ ᠰᠢᠶᠠᠨ 95%᠎ ᠳᠤ ᠬᠦᠷᠴᠦ᠂ ᠰᠤᠷᠤᠭᠴᠢ ᠶᠢᠨ ᠬᠤᠭᠤᠯᠠᠨ ᠭᠡᠷ ᠤᠨ ᠰᠢᠷᠣᠶ ᠶᠢᠨ ᠵᠤᠤᠬ᠎ᠠ ᠶᠢ ᠦᠨᠳᠦᠰᠦᠨ ᠳᠤᠨᠢ ᠥᠭᠡᠷᠡᠴᠢᠯᠡᠵᠦ᠂ ᠰᠤᠷᠤᠭᠴᠢ ᠶᠢᠨ ᠪᠠᠶᠢᠷᠢ ᠶᠢᠨ ᠵᠤᠤᠬᠠᠨ ᠳᠤᠯᠠᠭᠠᠯᠠᠯᠭ᠎ᠠ ᠶᠢ ᠪᠦᠬᠦᠨ ᠢ ᠠᠷᠢᠯᠭᠠᠵᠤ᠂ ᠬᠡᠰᠡᠭ ᠰᠤᠷᠭᠠᠭᠤᠯᠢ ᠨᠢ ᠪᠠᠰᠠ ᠪᠡᠶ᠎ᠡ ᠤᠬᠢᠶᠠᠬᠤ ᠨᠥᠬᠦᠴᠡᠯ ᠲᠠᠢ ᠪᠣᠯᠤᠭᠰᠠᠨ ᠪᠠᠶᠢᠨ᠎ᠠ︔ ᠰᠤᠷᠭᠠᠭᠤᠯᠢ ᠶᠢᠨ ᠪᠡᠶ᠎ᠡ ᠶᠢᠨ ᠲᠠᠮᠢᠷ ᠤᠨ ᠲᠠᠯᠠᠪᠤᠷ ᠢ ᠰᠢᠨ᠎ᠡ ᠪᠠᠷ ᠪᠠᠶᠢᠭᠤᠯᠤᠭᠰᠠᠨ ᠪᠠ ᠥᠭᠡᠷᠡᠴᠢᠯᠡᠵᠦ᠂ ᠬᠡᠷᠡᠭᠴᠡᠭᠡ ᠪᠦᠬᠦᠢ ᠪᠡᠶ᠎ᠡ ᠶᠢᠨ ᠲᠠᠮᠢᠷ ᠤᠨ ᠪᠡᠯᠡᠳᠬᠡᠮᠵᠢ ᠲᠣᠬᠢᠷᠠᠭᠤᠯᠵᠤ᠂ ᠰᠤᠷᠤᠭᠴᠢᠳ ᠤᠨ ᠪᠡᠶ᠎ᠡ ᠪᠣᠯᠪᠠᠰᠤᠷᠠᠬᠤ ᠣᠷᠣᠨ ᠵᠠᠶ ᠪᠣᠯᠤᠨ ᠨᠥᠬᠦᠴᠡᠯ ᠢ ᠪᠠᠲᠤᠯᠠᠪᠠ︔ ᠲᠥᠷᠥᠯ ᠵᠦᠢᠯ ᠤᠨ ᠰᠤᠷᠭᠠᠭᠤᠯᠢ ︵ᠵᠢᠭᠠᠨ ᠰᠤᠷᠭᠠᠬᠤ ᠴᠢᠬ ᠪᠠᠭᠲᠠᠨ᠎ᠠ︶᠎ ᠳᠤ ᠰᠢᠷᠡᠭᠡ ᠰᠠᠨᠳᠠᠯᠢ᠂ ᠨᠣᠮ ᠪᠢᠴᠢᠭ᠂ ᠲᠤᠷᠰᠢᠯᠲᠠ ᠶᠢᠨ ᠪᠠᠭᠠᠵᠢ ᠬᠡᠷᠡᠭᠰᠡᠯ᠂ ᠮᠡᠳᠡᠭᠡ ᠵᠠᠩᠭᠢᠵᠢᠯᠲᠠ ᠶᠢᠨ ᠲᠥᠬᠦᠭᠡᠷᠦᠮᠵᠢ᠂ ᠳᠠᠭᠤᠤ ᠬᠥᠭᠵᠢᠮ ᠪᠡᠶ᠎ᠡ ᠶᠢᠨ ᠲᠠᠮᠢᠷ ᠤᠷᠠᠨ ᠵᠢᠷᠤᠭ ᠤᠨ ᠪᠠᠭᠠᠵᠢ ᠬᠡᠷᠡᠭᠰᠡᠯ ᠵᠡᠷᠭᠡ ᠶᠢ ᠲᠣᠬᠢᠷᠠᠭᠤᠯᠵᠤ᠂ ᠬᠢᠴᠢᠶᠡᠯ ᠬᠥᠮᠦᠵᠢᠯ ᠤᠨ ᠦᠨᠳᠦᠰᠦᠨ ᠬᠡᠷᠡᠭᠴᠡᠭᠡ ᠶᠢ ᠬᠠᠩᠭᠠᠪᠠ᠃ ᠡᠭᠦᠨ ᠠᠴᠠ ᠭᠠᠳᠠᠨ᠎ᠠ᠂ ᠰᠢᠶᠠᠨ ᠪᠠᠯᠭᠠᠰᠤᠨ ᠤ ᠰᠤᠷᠭᠠᠭᠤᠯᠢ ᠶᠢᠨ ᠬᠡᠳᠥ ᠲᠣᠭᠠᠲᠤ ᠠᠩᠭᠢ ᠶᠢᠨ ᠦᠵᠡᠭᠳᠡᠯ ᠢ ᠪᠦᠲᠦᠮᠵᠢᠲᠡᠶ ᠬᠤᠷᠢᠭᠯᠠᠨ ᠵᠣᠭᠰᠤᠭᠠᠵᠤ᠂ ᠮᠠᠯᠵᠢᠬᠤ ᠲᠠᠷᠢᠶᠠᠯᠠᠬᠤ ᠣᠷᠣᠨ ᠤ ᠰᠤᠷᠭᠠᠭᠤᠯᠢ ᠶᠢᠨ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠬᠢᠷᠢ ᠲᠦᠪᠰᠢᠨ ᠢ ᠢᠯᠡᠳᠲᠡ ᠳᠡᠭᠡᠭᠰᠢᠯᠡᠭᠦᠯᠪᠡ᠃      ᠣᠳᠣᠬᠠᠨ ᠳᠤ᠂ ᠮᠠᠨ ᠤ ᠣᠷᠣᠨ ᠤ ︽ᠨᠦᠭᠦᠴᠡᠯ ᠪᠠᠭᠤᠷᠠᠢ ᠰᠤᠷᠭᠠᠭᠤᠯᠢ ᠶᠢ ᠪᠦᠬᠦ ᠲᠠᠯ᠎ᠠ ᠪᠠᠷ ᠰᠠᠶᠢᠵᠢᠷᠠᠭᠤᠯᠬᠤ︾ ᠲᠥᠷᠥᠯ ᠵᠦᠢᠯ ᠤᠨ 76 ᠬᠤᠰᠢᠭᠤ ᠰᠢᠶᠠᠨ ᠤ ᠳᠣᠲᠣᠷ᠎ᠠ᠂ 45 ᠬᠤᠰᠢᠭᠤ ᠰᠢᠶᠠᠨ ᠨᠢ ᠨᠢᠭᠡᠨᠲᠡ ᠤᠯᠤᠰ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠲᠡᠩᠴᠡᠭᠦᠷᠢᠲᠡᠶ ᠬᠥᠭᠵᠢᠯᠲᠡ ᠶᠢᠨ ᠰᠢᠯᠭᠠᠨ ᠬᠤᠷᠢᠶᠠᠬᠤ ᠳᠤ ᠪᠠᠲᠤᠯᠠᠭᠳᠠᠪᠠ᠃ ᠡᠯ᠎ᠡ ᠭᠠᠵᠠᠷ ᠰᠢᠶᠠᠨ ᠤ ᠬᠡᠪᠴᠢᠶᠡᠨ ᠲᠣᠲᠣᠷ᠎ᠠ ᠪᠠᠨ ᠭᠤᠣᠯ ᠰᠤᠷᠭᠠᠭᠤᠯᠢ ᠨᠢ ᠬᠤᠪᠢᠶᠠᠷᠢ ᠰᠤᠷᠭᠠᠭᠤᠯᠢ ᠶᠢ ᠳᠠᠭᠠᠭᠤᠯᠬᠤ᠂ ᠬᠤᠲᠠ ᠪᠠᠯᠭᠠᠰᠤ ᠨᠢ ᠮᠠᠯᠵᠢᠬᠤ ᠲᠠᠷᠢᠶᠠᠯᠠᠬᠤ ᠣᠷᠣᠨ ᠢ ᠳᠠᠭᠠᠭᠤᠯᠬᠤ ᠵᠡᠷᠭᠡ ᠬᠡᠯᠪᠡᠷᠢ ᠶᠢ ᠠᠪᠴᠤ᠂ ᠰᠤᠷᠭᠠᠭᠤᠯᠢ ᠶᠢᠨ ᠬᠤᠭᠤᠷᠣᠨᠳᠤ ᠪᠠᠨ᠂ ᠬᠤᠳᠠ ᠬᠥᠳᠡᠭᠡ ᠶᠢᠨ ᠬᠤᠭᠤᠷᠣᠨᠳᠤ ᠪᠠᠨ ᠰᠤᠷᠭᠠᠭᠤᠯᠢ ᠶᠢᠨ ᠡᠬᠢ ᠪᠠᠶᠠᠯᠢᠭ ᠢ ᠬᠠᠮᠲᠤᠪᠠᠷ ᠬᠦᠷᠲᠡᠬᠦ ᠶᠢ ᠪᠡᠶᠡᠯᠡᠭᠦᠯᠵᠦ᠂ ᠬᠤᠳᠠ ᠬᠥᠳᠡᠭᠡ᠂ ᠣᠷᠣᠨ ᠪᠦᠰᠡ᠂ ᠰᠤᠷᠭᠠᠭᠤᠯᠢ ᠶᠢᠨ ᠬᠤᠭᠤᠷᠣᠨᠳᠣᠬᠢ ᠵᠥᠷᠢᠶ᠎ᠡ ᠶᠢ ᠤᠯᠠᠮ ᠪᠠᠭᠠᠰᠬᠠᠵᠤ᠂ ᠠᠯᠪᠠᠨ ᠵᠢᠷᠤᠮ ᠤᠨ ᠰᠤᠷᠭᠠᠨ ᠬᠥᠮᠦᠵᠢᠯ ᠢ ᠲᠡᠩᠴᠡᠭᠦᠷᠢᠲᠡᠶ ᠬᠥᠭᠵᠢᠭᠦᠯᠬᠦ ᠶᠢ ᠠᠬᠢᠭᠤᠯᠪᠠ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号