ᠥᠪᠥᠷ ᠮᠣᠩᠭᠤᠯ ᠤᠨ PPP ᠰᠠᠭᠤᠷᠢ ᠮᠥᠩᠭᠦ ᠨᠢ ᠨᠡᠶᠢᠭᠡᠮ ᠤᠨ ᠪᠡᠯᠡ ᠣᠷᠣᠭᠤᠯᠤᠯᠲᠠ ᠶᠢ 2000 ᠳ᠋ᠦᠩᠰᠢᠭᠤᠷ ᠲᠥᠭᠦᠷᠢᠭ ᠳᠠᠶᠢᠴᠢᠯᠠᠬᠤ ᠪᠠᠷ ᠪᠤᠢ
ᠨᠡᠶᠢᠲᠡᠯᠡᠭᠰᠡᠨ ᠴᠠᠭ᠄
2017/1/6
     ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠣᠷᠣᠨ ᠤ ᠲᠣᠲᠣᠷᠠᠬᠢ ᠮᠥᠩᠭᠦᠨ ᠭᠦᠢᠯᠭᠡᠭᠡᠨ ᠤ 6 ᠪᠠᠶᠢᠭᠤᠯᠤᠮᠵᠢ ᠯᠤᠭ᠎ᠠ ︽ᠥᠪᠡᠷᠲᠡᠭᠡᠨ ᠵᠠᠰᠠᠬᠤ ᠣᠷᠣᠨ ᠤ PPP ᠰᠠᠭᠤᠷᠢ ᠮᠥᠩᠭᠦ ᠶᠢᠨ ᠬᠠᠮᠲᠤᠷᠠᠯᠴᠠᠭᠠᠨ ᠤ ᠪᠦᠳᠦᠭᠦᠪᠴᠢ ᠵᠥᠪᠳᠡᠯᠴᠡᠭᠡᠷ︾ ᠲᠣᠭᠲᠠᠵᠤ᠂ ᠰᠠᠭᠤᠷᠢ ᠮᠥᠩᠭᠦ ᠶᠢᠨ ᠲᠦᠷᠦᠭᠦᠦ ᠬᠤᠭᠤᠴᠠᠭᠠᠨ ᠤ ᠬᠡᠪᠴᠢᠶ᠎ᠡ ᠨᠢ 200 ᠳ᠋ᠦᠩᠰᠢᠭᠤᠷ ᠲᠥᠭᠦᠷᠢᠭ ᠪᠣᠯᠪᠠ᠂ ᠡᠭᠦᠨ ᠳᠤ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠠᠴᠠ 20 ᠳ᠋ᠦᠩᠰᠢᠭᠤᠷ ᠲᠥᠭᠦᠷᠢᠭ ᠤᠨ ᠪᠡᠯᠡ ᠭᠠᠷᠭᠠᠵᠤ᠂ ᠮᠥᠩᠭᠦᠨ ᠭᠦᠢᠯᠭᠡᠭᠡᠨ ᠤ ᠪᠠᠶᠢᠭᠤᠯᠤᠮᠵᠢ ᠶᠢᠨ ᠰᠠᠭᠤᠷᠢ ᠮᠥᠩᠭᠦ ᠶᠢ 180 ᠳ᠋ᠦᠩᠰᠢᠭᠤᠷ ᠲᠥᠭᠦᠷᠢᠭ ᠲᠠᠲᠠᠪᠠ᠃ ᠰᠠᠭᠤᠷᠢ ᠮᠥᠩᠭᠦᠨ ᠤ ᠪᠡᠯᠡ ᠣᠷᠣᠭᠤᠯᠤᠯᠲᠠ ᠶᠢᠨ ᠭᠠᠭᠴᠠ PPP ᠲᠥᠷᠥᠯ ᠵᠦᠢᠯ ᠳᠤ 10%᠎ ᠪᠠᠷ ᠪᠡᠯᠡ ᠣᠷᠣᠭᠤᠯᠬᠤ ᠬᠡᠮᠵᠢᠶᠡᠨ ᠤ ᠬᠠᠷᠢᠴᠠᠯ ᠢᠶᠠᠷ ᠲᠥᠰᠦᠭᠡᠯᠡᠨ ᠪᠣᠳᠣᠪᠠᠯ᠂ ᠥᠪᠥᠷ ᠮᠣᠩᠭᠤᠯ ᠤᠨ PPP ᠰᠠᠭᠤᠷᠢ ᠮᠥᠩᠭᠦ ᠪᠠᠷᠤᠭ 2000 ᠳ᠋ᠦᠩᠰᠢᠭᠤᠷ ᠲᠥᠭᠦᠷᠢᠭ ᠤᠨ ᠨᠡᠶᠢᠭᠡᠮ ᠤᠨ ᠪᠡᠯᠡ ᠣᠷᠣᠭᠤᠯᠤᠯᠲᠠ ᠶᠢ ᠲᠠᠶᠢᠴᠢᠯᠠᠬᠤ ᠪᠣᠯᠣᠨ᠎ᠠ᠃ ᠮᠥᠩᠭᠦᠨ ᠭᠦᠢᠯᠭᠡᠭᠡᠨ ᠤ ᠡᠨᠡᠬᠦ 6 ᠪᠠᠶᠢᠭᠤᠯᠤᠮᠵᠢ ᠨᠢ ᠲᠤᠰ ᠲᠤᠰ ᠳᠤᠮᠳᠠᠳᠤ ᠤᠯᠤᠰ ᠤᠨ ᠠᠵᠤ ᠦᠢᠯᠡᠳᠪᠦᠷᠢ ᠬᠤᠳᠠᠯᠳᠤᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠰᠢᠩ ᠶᠧ ᠪᠠᠩᠬᠢ ᠶᠢᠨ ᠬᠥᠬᠡᠬᠤᠲᠠ ᠎ ᠳᠠᠬᠢ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠲᠠᠷᠢᠶᠠᠯᠠᠩ ᠤᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠵᠠᠮ ᠬᠠᠷᠢᠯᠴᠠᠭᠠᠨ ᠤ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠳᠤᠮᠳᠠᠳᠤ ᠤᠯᠤᠰ ᠤᠨ ᠪᠦᠲᠦᠭᠡᠨ ᠪᠠᠶᠢᠭᠤᠯᠤᠯᠲᠠ ᠶᠢᠨ ᠪᠠᠩᠬᠢ ᠶᠢᠨ ᠥᠪᠥᠷ ᠮᠣᠩᠭᠤᠯ ᠤᠨ ᠬᠤᠪᠢᠶᠠᠷᠢ ᠪᠠᠩᠬᠢ᠂ ᠱᠠᠩᠬᠠᠶ ᠶᠢᠨ ᠫᠦ᠋ ᠹᠠ ᠪᠠᠩᠬᠢ ᠶᠢᠨ ᠬᠥᠬᠡᠬᠤᠲᠠ ᠳᠠᠬᠢ ᠬᠤᠪᠢᠶᠠᠷᠢ ᠪᠠᠩᠬᠢ ᠵᠡᠷᠭᠡ ᠪᠣᠯᠣᠨ᠎ᠠ᠃ ᠣᠶᠢᠯᠠᠭᠠᠭᠰᠠᠨ ᠢᠶᠠᠷ᠂ ᠣᠳᠣᠬᠠᠨ ᠳᠤ ᠳᠤᠮᠳᠠᠳᠤ ᠤᠯᠤᠰ ᠤᠨ PPP ᠰᠠᠭᠤᠷᠢ ᠮᠥᠩᠭᠦᠨ ᠤ ᠺᠣᠮᠫᠠᠨᠢ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠼᠠᠢ ᠰᠢᠨ ᠪᠦᠯᠦᠭᠯᠡᠯ ᠯᠤᠭ᠎ᠠ ︽ᠲᠤᠮᠲᠠᠲᠤ ᠤᠯᠤᠰ ᠤᠨ ᠵᠧᠩ ᠴᠢ ᠶᠢᠨ ᠥᠪᠥᠷ ᠮᠣᠩᠭᠤᠯ ᠤᠨ PPP ᠰᠠᠭᠤᠷᠢ ᠮᠥᠩᠭᠦᠨ ᠤ ᠬᠢᠵᠠᠭᠠᠷᠲᠤ ᠬᠠᠮᠲᠤᠷᠠᠯᠴᠠᠭ᠎ᠠ ᠶᠢᠨ ᠵᠥᠪᠳᠡᠯᠴᠡᠭᠡᠷ︾ ᠲᠣᠭᠲᠠᠵᠤ᠂ ᠳᠤᠮᠳᠠᠳᠤ ᠤᠯᠤᠰ ᠤᠨ ᠵᠧᠩ ᠴᠢ ᠶᠢᠨ ᠥᠪᠥᠷ ᠮᠣᠩᠭᠤᠯ ᠤᠨ PPP ᠰᠠᠭᠤᠷᠢ ᠮᠥᠩᠭᠦ ᠶᠢ ᠵᠢᠩᠬᠢᠨᠢ ᠪᠠᠷ ᠪᠠᠶᠢᠭᠤᠯᠵᠤ᠂ ᠳᠤᠮᠳᠠᠳᠤ ᠤᠯᠤᠰ ᠤᠨ PPP ᠰᠠᠭᠤᠷᠢ ᠮᠥᠩᠭᠦᠨ ᠤ ᠺᠣᠮᠫᠠᠨᠢ ᠠᠴᠠ 50 ᠳ᠋ᠦᠩᠰᠢᠭᠤᠷ ᠲᠥᠭᠦᠷᠢᠭ ᠤᠨ ᠪᠡᠯᠡ ᠭᠠᠷᠭᠠᠵᠤ᠂ ᠥᠪᠡᠷᠲᠡᠭᠡᠨ ᠵᠠᠰᠠᠭ ᠣᠷᠣᠨ ᠠᠴᠠ 7 ᠳ᠋ᠦᠩᠰᠢᠭᠤᠷ ᠲᠥᠭᠦᠷᠢᠭ ᠤᠨ ᠪᠡᠯᠡ ᠭᠠᠷᠭᠠᠪᠠ᠃ ᠡᠭᠦᠨ ᠤ ᠬᠠᠮᠲᠤ ᠳᠤᠮᠳᠠᠳᠤ ᠤᠯᠤᠰ ᠤᠨ PPP ᠰᠠᠭᠤᠷᠢ ᠮᠥᠩᠭᠦᠨ ᠤ ᠺᠣᠮᠫᠠᠨᠢ ᠨᠢ ᠲᠤᠰ ᠲᠤᠰ ᠬᠥᠬᠡᠬᠤᠲᠠ ᠶᠢᠨ ᠰᠢᠨ᠎ᠡ ᠨᠢᠰᠬᠡᠯ ᠤᠨ ᠪᠠᠭᠤᠳᠠᠯ ᠤᠨ ᠲᠥᠷᠥᠯ ᠵᠦᠢᠯ᠂ ᠬᠥᠬᠡᠬᠤᠲᠠ ᠶᠢᠨ ︽ᠪᠣᠭᠤᠮᠲᠠ ᠶᠢᠨ ᠭᠠᠳᠠᠨᠠᠬᠢ ᠠᠮᠤᠭᠤᠯᠠᠩ ᠰᠠᠭᠤᠴᠠ ᠶᠢᠨ ᠰᠢᠨ᠎ᠡ ᠬᠤᠲᠠ︾ ᠵᠢᠴᠢ ︽ᠪᠣᠭᠤᠮᠲᠠ ᠶᠢᠨ ᠭᠠᠳᠠᠨᠠᠬᠢ ᠠᠮᠤᠷ ᠮᠡᠨᠳᠦ ᠰᠢᠨ᠎ᠡ ᠰᠠᠭᠤᠴᠠ︾᠎ ᠶᠢᠨ ᠠᠯᠪᠠᠨ ᠠᠴᠠ ᠳᠥᠷᠢᠶᠡᠰᠦᠨ ᠤ ᠣᠷᠣᠨ ᠰᠠᠭᠤᠴᠠ ᠶᠢᠨ ᠪᠦᠳᠦᠭᠡᠨ ᠪᠠᠶᠢᠭᠤᠯᠤᠯᠲᠠ ᠶᠢᠨ ᠳᠦᠷᠦᠯ ᠵᠦᠢᠯ᠂ ᠬᠥᠬᠡᠬᠤᠲᠠ ᠶᠢᠨ ᠶᠢᠨ ᠱᠠᠨ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠰᠢᠨ᠎ᠡ ᠡᠨᠧᠷᠭᠢ ᠶᠢᠨ ᠠᠵᠤ ᠦᠢᠯᠡᠰ ᠤᠨ ᠬᠦᠷᠢᠶᠡᠯᠡᠩ ᠤᠨ ᠲᠦᠷᠦᠯ ᠵᠦᠢᠯ᠂ ᠬᠥᠬᠡᠬᠤᠲᠠ ᠶᠢᠨ ᠤᠯᠤᠰ ︵ᠤᠮᠠᠷᠠᠲᠤ︶᠎ ᠤᠨ ᠬᠥᠯ ᠪᠥᠮᠪᠥᠭᠡᠨ ᠤ ᠪᠣᠯᠪᠠᠰᠤᠷᠠᠯ ᠤᠨ ᠰᠠᠭᠤᠷᠢᠨ ᠭᠠᠵᠠᠷ ᠤᠨ ᠲᠦᠷᠥᠯ ᠵᠦᠢᠯ᠂ ᠬᠢᠩᠭᠠᠨ ᠠᠶᠢᠮᠠᠭ ᠤᠨ ᠠᠵᠢᠯ ᠮᠡᠷᠭᠡᠵᠢᠯ ᠤᠨ ᠳᠡᠭᠡᠳᠦ ᠰᠤᠷᠭᠠᠭᠤᠯᠢ ᠶᠢᠨ ᠲᠥᠷᠥᠯ ᠵᠦᠢᠯ ᠵᠡᠷᠭᠡ ᠲᠠᠪᠤᠨ PPP ᠲᠥᠷᠥᠯ ᠵᠦᠢᠯ ᠤᠨ ᠲᠠᠯ᠎ᠠ ᠎ ᠯᠤᠭ᠎ᠠ ᠪᠡᠯᠡ ᠣᠷᠣᠭᠤᠯᠬᠤ ᠰᠠᠨᠠᠮᠵᠢ ᠶᠢᠨ ᠵᠥᠪᠳᠡᠯᠴᠡᠭᠡᠷ ᠢ ᠲᠣᠭᠲᠠᠵᠠᠢ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号