ᠤᠷᠴᠢᠮᠬᠠᠨ ᠪᠦᠬᠦ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠨᠤᠳᠠᠯᠠᠨ ᠬᠠᠮᠢᠶᠠᠷᠬᠤ | ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠭᠡᠷ ᠠᠴᠠ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ 2016 ᠣᠨ ᠤ ᠤᠯᠤᠰ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠷᠡᠮᠡᠯᠵᠡᠯ ᠳᠤ | ᠴᠤᠬᠤᠯᠠᠪᠤᠷᠢ ᠦᠭᠴᠠᠢ᠃ ᠮᠠᠨ ᠤ ᠤᠷᠤᠨ ᠤ ᠡᠷᠡᠮᠡᠯᠵᠡᠯᠡᠨ ᠮᠡᠳᠡᠭᠦᠯᠦᠭᠰᠡᠨ 181 ᠠᠵᠤ ᠠᠬᠤᠶᠢᠯᠠᠯ ᠨᠢ | ᠪᠦᠬᠦᠨ ᠢᠶᠠᠷ ᠢᠶᠠᠨ ᠳᠠᠩᠰᠠᠨ ᠳᠤ ᠳᠡᠮᠳᠡᠭᠯᠡᠭᠳᠡᠬᠦ ᠴᠤᠬᠤᠯᠠᠪᠤᠷᠢ ᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠢᠶᠠᠷ ᠨᠤᠳᠠᠯᠠᠭᠳᠠᠪᠠ᠃ ᠢᠩᠬᠢᠭᠡᠳ ᠮᠠᠨ ᠤ ᠤᠷᠤᠨ ᠤ ᠬᠢᠷᠢ ᠬᠡᠮ ᠳᠤ ᠬᠦᠷᠦᠭᠰᠡᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠢ ᠲᠤᠭ᠎ᠠ 352 ᠪᠤᠯᠵᠤ᠂ 2015 ᠣᠨ ᠤ ᠬᠢ ᠲᠠᠢ | ᠬᠠᠷᠢᠴᠠᠭᠤᠯᠪᠠᠯ 115 ᠠᠵᠦ ᠠᠬᠤᠶᠢᠯᠠᠯ ᠨᠡᠮᠡᠭᠳᠡᠵᠤ᠂ ᠨᠡᠮᠡᠭᠳᠡᠯ ᠤᠨ ᠨᠤᠷᠮ᠎ᠠ ᠨᠢ 49% ᠳᠤ ᠬᠦᠷᠴᠦ᠂ | ᠲᠡᠦᠬᠡᠨ ᠳᠠᠬᠢ ᠬᠠᠮᠤᠭ ᠶᠡᠭᠡ ᠨᠡᠮᠡᠭᠳᠡᠯ ᠲᠠᠢ ᠵᠢᠯ ᠪᠤᠯᠤᠭᠰᠠᠨ ᠪᠠᠶᠢᠨ᠎ᠠ᠃ | ᠪᠦᠷᠢᠳᠭᠡᠯ ᠢ ᠦᠨᠳᠦᠰᠦᠯᠡᠪᠡᠯ᠂ 2016 ᠣᠨ ᠳᠤ ᠦᠪᠡᠷᠳᠡᠭᠡᠨ ᠵᠠᠰᠠᠬᠤ ᠤᠷᠤᠨ ᠤ ᠰᠢᠨᠵᠢᠯᠡᠬᠦ ᠤᠬᠠᠭᠠᠨ | ᠮᠡᠷᠭᠡᠵᠢᠯ ᠤᠨ ᠲᠢᠩᠬᠢᠮ ᠳᠡᠭᠡᠳᠦ ᠰᠢᠨ᠎ᠡ ᠮᠡᠷᠭᠡᠵᠢᠯ ᠤᠨ ᠨᠤᠳᠠᠯᠠᠯᠳᠠ ᠶᠢᠨ ᠡᠷᠡᠮᠡᠯᠵᠡᠯ ᠢ 203 ᠬᠤᠪᠢ ᠬᠤᠷᠢᠶᠠᠨ | ᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠡᠷᠡᠮᠡᠯᠵᠡᠯ ᠤᠨ ᠲᠤᠭ᠎ᠠ ᠨᠢ ᠲᠡᠦᠬᠡᠨ ᠰᠢᠨ᠎ᠡ | ᠦᠨᠳᠦᠷ ᠲᠤ ᠬᠦᠷᠦᠭᠰᠡᠨ ᠪᠠᠶᠢᠨ᠎ᠠ᠃ ᠡᠭᠦᠨ ᠤ ᠳᠤᠳᠤᠷ᠎ᠠ ᠰᠢᠨ᠎ᠡ ᠪᠠᠷ ᠡᠷᠡᠮᠡᠯᠵᠡᠯᠡᠭᠰᠡᠨ ᠠᠵᠤ ᠠᠬᠤᠶᠢᠯᠠᠯ 149 | ᠪᠠᠶᠢᠵᠤ᠂ ᠪᠦᠬᠦ ᠵᠢᠯ ᠤᠨ ᠡᠷᠡᠮᠡᠯᠵᠡᠯᠡᠭᠰᠡᠨ ᠶᠡᠷᠦᠩᠬᠡᠢ ᠲᠤᠭ᠎ᠠ ᠶᠢᠨ 73% ᠶᠢ ᠡᠵᠡᠯᠡᠪᠠ᠃ 2015 | ᠣᠨ ᠤ ᠬᠢ ᠲᠠᠢ ᠬᠠᠷᠢᠴᠠᠭᠤᠯᠪᠠᠯ 2016 ᠣᠨ ᠤ ᠡᠷᠡᠮᠡᠯᠵᠡᠯᠡᠭᠰᠡᠨ ᠠᠵᠤ ᠠᠬᠤᠶᠢᠯᠠᠯ ᠤᠨ ᠲᠤᠭ᠎ᠠ 65% ᠪᠠᠷ | ᠨᠡᠮᠡᠭᠳᠡᠵᠤ᠂ ᠦᠨᠡᠯᠡᠯᠳᠡ ᠳᠤ ᠤᠷᠤᠯᠴᠠᠭᠰᠠᠨ ᠠᠵᠤ ᠠᠬᠤᠶᠢᠯᠠᠯ ᠤᠨ ᠲᠤᠭ᠎ᠠ 93% ᠪᠠᠷ ᠨᠡᠮᠡᠭᠳᠡᠵᠤ᠂ ᠤᠯᠤᠰ ᠤᠨ | ᠳᠠᠩᠰᠠᠨ ᠳᠤ ᠳᠡᠮᠳᠡᠭᠯᠡᠭᠳᠡᠭᠰᠡᠨ ᠨᠤᠷᠮ᠎ᠠ ᠨᠢ 100% ᠶᠢ ᠪᠠᠳᠤᠯᠠᠭᠰᠠᠨ ᠪᠠᠶᠢᠨ᠎ᠠ᠃ |