︵2017 ᠣᠨ ᠤ 1 ᠳ᠋ᠦ᠋ᠭᠡᠷ ᠰᠠᠷ᠎ᠠ ᠶᠢᠨ 8 ᠤ ᠡᠳᠤᠷ ᠲᠤᠮᠳᠠᠳᠤ ᠤᠯᠤᠰ ᠤᠨ ᠡᠪ ᠬᠠᠮᠳᠤ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ | ᠪᠦᠬᠦᠳᠡ ᠬᠤᠷᠠᠯ ᠠᠴᠠ ᠪᠠᠳᠤᠯᠠᠪᠠ︶ | ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠤᠨ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠶᠢᠨ ᠲᠤᠯᠤᠳᠤᠭᠠᠷ ᠪᠦᠬᠦᠳᠡ ᠬᠤᠷᠠᠯ 2017 ᠣᠨ ᠤ 1 ᠳ᠋ᠦ᠋ᠭᠡᠷ ᠰᠠᠷ᠎ᠠ ᠶᠢᠨ | 6 ᠠᠴᠠ 8 ᠤ ᠡᠳᠤᠷ ᠪᠤᠯᠳᠠᠯ᠎ᠠ ᠪᠡᠭᠡᠵᠢᠩ ᠳᠤ ᠬᠤᠷᠠᠯᠳᠤᠪᠠ᠃ | ᠡᠨᠡ ᠤᠳᠠᠭ᠎ᠠ ᠶᠢᠨ ᠪᠦᠬᠦᠳᠡ ᠬᠤᠷᠠᠯ ᠳᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ | ᠬᠡᠰᠢᠬᠦᠨ 123 ᠬᠦᠮᠥᠨ ᠤᠷᠤᠯᠴᠠᠵᠥ᠂ 266 ᠬᠦᠮᠥᠨ ᠰᠤᠯᠠ ᠤᠷᠤᠯᠴᠠᠵᠠᠢ᠃ | ᠨᠠᠮ ᠤᠨ ᠲᠦᠪ ᠬᠤᠷᠢᠶ᠎ᠠ ᠶᠢᠨ ᠶᠡᠷᠤᠩᠬᠡᠢ ᠱᠦᠵᠢ᠂ ᠤᠯᠤᠰ ᠤᠨ ᠲᠡᠷᠢᠬᠦᠯᠡᠭᠴᠢ᠂ ᠲᠦᠪ ᠤᠨ ᠴᠡᠷᠢᠭ ᠤᠨ | ᠶᠠᠪᠤᠳᠠᠯ ᠤᠨ ᠬᠤᠷᠢᠶ᠎ᠠ ᠶᠢᠨ ᠲᠡᠷᠢᠬᠦᠯᠡᠭᠴᠢ ᠰᠢ ᠶᠢᠨ ᠫᠢᠩ ᠪᠦᠬᠦᠳᠡ ᠬᠤᠷᠠᠯ ᠳᠤ ᠤᠷᠤᠯᠴᠠᠵᠥ ᠴᠢᠬᠤᠯᠠ ᠶᠠᠷᠢᠶ᠎ᠠ | ᠲᠠᠯᠪᠢᠪᠠ᠃ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ | ᠵᠠᠩ ᠭᠤᠤ ᠯᠢ ᠵᠡᠷᠬᠡ ᠨᠠᠮ ᠪᠤᠯᠤᠨ ᠤᠯᠤᠰ ᠤᠨ ᠤᠳᠤᠷᠢᠳᠬᠤ ᠬᠦᠮᠥᠨ ᠬᠤᠷᠠᠯ ᠳᠤ ᠤᠷᠤᠯᠴᠠᠪᠠ᠃ | ᠪᠦᠬᠦᠳᠡ ᠬᠤᠷᠠᠯ ᠢ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ | ᠡᠷᠬᠢᠯᠡᠪᠡ᠃ ᠪᠦᠬᠦᠳᠡ ᠬᠤᠷᠠᠯ ᠠᠴᠠ 2016 ᠣᠨ ᠤ ᠰᠠᠬᠢᠯᠭ᠎ᠠ ᠪᠠᠳᠤ ᠪᠠᠶᠢᠴᠠᠭᠠᠬᠤ ᠠᠵᠢᠯ ᠢ ᠳ᠋ᠦᠩᠨᠡᠵᠥ᠂ | 2017 ᠣᠨ ᠤ ᠡᠬᠦᠷᠬᠡ ᠶᠢ ᠪᠠᠶᠢᠷᠢᠯᠠᠭᠤᠯᠵᠥ᠂ ᠸᠠᠩ ᠴᠢ ᠱᠠᠨ ᠨᠦᠬᠦᠷ ᠤᠨ ᠲᠦᠪ ᠤᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠮᠤᠨ᠎ᠡ ᠠᠴᠠ ᠬᠢᠭᠰᠡᠡ ︽ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠠᠵᠢᠯ ᠤᠨ ᠬᠦᠨᠵᠡᠬᠡᠶᠢᠷᠡᠨ ᠬᠦᠭᠵᠢᠬᠦ ᠶᠢ ᠠᠬᠢᠭᠤᠯᠵᠥ ᠰᠢᠯᠢᠳᠡᠭ ᠠᠮᠵᠢᠯᠳᠠ ᠪᠠᠷ ᠢᠶᠠᠨ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠬᠤᠷᠠᠯᠳᠤᠬᠤ ᠶᠢ ᠤᠬᠳᠤᠶ᠎ᠠ︾ ᠬᠡᠬᠦ ᠠᠵᠢᠯ ᠤᠨ ᠮᠡᠳᠡᠬᠦᠯᠥᠯᠳᠡ ᠶᠢ ᠬᠢᠨᠠᠨ | ᠵᠦᠪᠯᠡᠵᠥ ᠪᠠᠳᠤᠯᠠᠵᠥ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠪᠠᠶᠢᠴᠠᠭᠠᠬᠤ | ᠪᠠᠶᠢᠭᠤᠯᠭ᠎ᠠ ᠶᠢᠨ ᠬᠢᠨᠠᠯᠳᠠ ᠲᠠᠯᠪᠢᠵᠤ ᠰᠠᠬᠢᠯᠭ᠎ᠠ ᠪᠠᠳᠤ ᠶᠢ ᠬᠡᠷᠡᠭᠵᠢᠬᠦᠯᠬᠦ ᠠᠵᠢᠯ ᠤᠨ ᠲᠦᠷᠢᠮ ︵ᠲᠤᠷᠰᠢᠨ | ᠬᠡᠷᠡᠭᠵᠢᠬᠦᠯᠬᠦ︶︾ ᠢ ᠬᠢᠨᠠᠨ ᠵᠦᠪᠯᠡᠵᠥ ᠪᠠᠳᠤᠯᠠᠪᠠ᠃ ᠸᠠᠩ ᠴᠢ ᠱᠠᠨ ᠨᠦᠬᠦᠷ ᠲᠦᠷᠢᠮ ︵ᠲᠤᠷᠰᠢᠨ ᠬᠡᠷᠡᠭᠵᠢᠬᠦᠯᠬᠦ | ︶ ᠤᠨ ᠬᠢᠨᠠᠨ ᠵᠦᠪᠯᠡᠬᠦ ᠨᠤᠤᠷᠠᠭ ᠤᠨ ᠲᠤᠬᠠᠢ ᠪᠦᠬᠦᠳᠡ ᠬᠤᠷᠠᠯ ᠳᠤ ᠲᠤᠳᠤᠷᠬᠠᠶᠢᠯᠠᠯᠳᠡ ᠬᠢᠪᠡ᠃ | ᠪᠦᠬᠦᠳᠡ ᠬᠤᠷᠠᠯ ᠠᠴᠠ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠶᠢ ᠨᠠᠷᠢᠨ ᠬᠢᠨᠠᠮᠠᠭᠠᠢ | ᠰᠤᠷᠤᠯᠴᠠᠵᠥ᠂ ᠬᠦᠨᠵᠡᠬᠡᠢ ᠤᠶᠢᠯᠠᠭᠠᠪᠠ᠃ ᠬᠤᠷᠡᠯ ᠠᠴᠠ᠂ ᠶᠠᠷᠢᠶ᠎ᠠ ᠨᠢ ᠭᠤᠤᠯ ᠰᠠᠨᠠᠭ᠎ᠠ ᠭᠦᠨᠵᠡᠭᠡᠢ᠂ | ᠠᠭᠤᠯᠤᠬᠳᠠᠬᠤᠨ ᠪᠠᠶᠠᠯᠢᠭ᠂ ᠪᠤᠳᠠᠳᠤ ᠪᠠᠶᠢᠳᠠᠯ ᠳᠤ ᠰᠢᠭᠤᠳ ᠬᠠᠨᠳᠤᠵᠥ᠂ ᠢᠳᠡᠭᠡᠯ ᠢᠶᠠᠷ ᠪᠢᠯᠬᠠᠵᠤ ᠪᠤᠢ᠂ ᠠᠷᠠᠳ | ᠤᠨ ᠲᠦᠯᠥᠬᠡ ᠬᠡᠬᠦ ᠴᠢᠩ ᠦᠨᠡᠨᠴᠢ ᠰᠡᠳᠬᠢᠯᠬᠡ᠂ ᠨᠠᠮ ᠪᠤᠯᠤᠨ ᠤᠯᠤᠰ ᠲᠠᠭᠠᠨ ᠠᠮᠠᠯᠳᠠᠭᠰᠠᠠ ᠬᠠᠷᠢᠭᠤᠴᠠᠯᠭ᠎ᠠ | ᠡᠬᠦᠷᠬᠡᠯᠡᠬᠦ ᠵᠤᠷᠢᠭ ᠰᠠᠨᠠᠭ᠎ᠠ ᠶᠢ ᠠᠭᠤᠯᠵᠥ᠂ ᠬᠦᠨᠵᠡᠬᠡᠢ ᠦᠵᠡᠯ ᠰᠠᠨᠠᠭᠠᠴᠢ ᠴᠢᠨᠠᠷ ᠪᠤᠯᠤᠨ ᠴᠢᠩᠭ᠎ᠠ ᠨᠦᠯᠥᠬᠡᠯᠡᠬᠦ | ᠬᠦᠴᠦᠨ ᠲᠠᠢ ᠪᠤᠯᠤᠭᠰᠠᠠ ᠪᠠᠶᠢᠨ᠎ᠠ ᠬᠡᠵᠥ ᠰᠠᠨᠠᠯ ᠨᠢᠬᠡᠳᠡᠢ ᠦᠵᠡᠪᠡ᠃ ᠶᠡᠷᠤᠩᠬᠡᠢ ᠱᠦᠵᠢ ᠰᠢ ᠶᠢᠨ ᠫᠢᠩ ᠨᠠᠮ ᠤᠨ | ᠲᠡᠤᠬᠡᠳᠤ ᠡᠬᠦᠷᠬᠡ ᠶᠢ ᠪᠡᠶᠡᠯᠡᠬᠦᠯᠬᠦ ᠪᠠᠶᠢᠯᠳᠤᠬᠤ ᠪᠤᠳᠤᠯᠭ᠎ᠠ ᠶᠢᠨ ᠦᠨᠳᠤᠷᠴᠡ ᠠᠴᠠ᠂ ᠨᠠᠮ ᠤᠨ ᠠᠷᠪᠠᠨ | ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠠᠳ ᠤᠯᠤᠭᠰᠠᠠ ᠢᠯᠡᠷᠬᠡᠢ ᠦᠷ᠎ᠡ | ᠪᠦᠳᠦᠮᠵᠢ ᠶᠢ ᠬᠦᠢᠴᠡᠳ ᠨᠤᠳᠠᠯᠠᠵᠥ᠂ ᠤᠳᠤᠬᠠᠨ ᠤ ᠪᠠ ᠬᠤᠶᠢᠰᠢᠳᠠ ᠶᠢᠨ ᠨᠢᠬᠡᠨ ᠬᠤᠭᠤᠴᠠᠭᠠᠨ ᠤ ᠠᠵᠢᠯ ᠤᠨ | ᠶᠡᠷᠤᠩᠬᠡᠢ ᠱᠠᠭᠠᠷᠳᠠᠯᠭ᠎ᠠ ᠪᠤᠯᠤᠨ ᠭᠤᠤᠯ ᠡᠬᠦᠷᠬᠡ ᠶᠢ ᠲᠤᠳᠤᠷᠬᠠᠢ ᠲᠤᠷᠠᠳᠤᠭᠰᠠᠠ ᠪᠠᠶᠢᠨ᠎ᠠ᠃ ᠶᠠᠷᠢᠶᠠᠨ ᠳᠤ᠂ ᠪᠦᠬᠦ | ᠨᠠᠮ ᠤᠨ 4 ᠵᠢᠯ ᠭᠠᠷᠤᠢ ᠶᠢᠨ ᠴᠢᠷᠮᠠᠶᠢᠯᠭ᠎ᠠ ᠪᠠᠷ᠂ ᠨᠠᠮ ᠤᠨ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ ᠶᠢᠨ ᠨᠠᠮ | ᠢ ᠬᠠᠮᠢᠶᠠᠷᠬᠤ ᠨᠠᠮ ᠢ ᠵᠠᠰᠠᠬᠤ ᠭᠤᠤᠯ ᠴᠤᠭᠴᠠ ᠶᠢᠨ ᠬᠠᠷᠢᠭᠤᠴᠠᠯᠭ᠎ᠠ ᠮᠡᠳᠡᠭᠳᠡᠮ᠎ᠡ ᠲᠡᠭᠡᠭᠰᠢᠯᠡᠵᠥ᠂ ᠲᠦᠪ ᠤᠨ | ᠨᠠᠢᠮᠠᠨ ᠲᠤᠭᠳᠠᠭᠠᠯ ᠤᠨ ᠵᠤᠷᠢᠭ ᠰᠠᠨᠠᠭ᠎ᠠ ᠶᠢ ᠡᠷᠡᠰ ᠨᠠᠶᠢᠳᠠᠪᠤᠷᠢᠵᠢᠭᠤᠯᠵᠥ᠂ ᠨᠠᠮ ᠤᠨ ᠰᠠᠬᠢᠯᠭ᠎ᠠ ᠪᠠᠳᠤ ᠶᠢᠨ | ᠪᠠᠶᠢᠭᠤᠯᠤᠯᠳᠡ ᠪᠦᠬᠦ ᠲᠠᠯ᠎ᠠ ᠪᠠᠷ ᠴᠢᠩᠭᠠᠳᠴᠦ᠂ ᠢᠯᠵᠢᠷᠡᠯ ᠲᠠᠯᠭᠡᠷᠡᠨ ᠲᠠᠷᠬᠠᠬᠤ ᠬᠠᠨᠳᠤᠰᠢ ᠪᠦᠳᠦᠮᠵᠢᠳᠡᠢ | ᠬᠤᠷᠢᠬᠯᠠᠬᠳᠠᠵᠥ᠂ ᠢᠯᠵᠢᠷᠡᠯ ᠢ ᠡᠰᠡᠷᠬᠦᠴᠡᠬᠦ ᠲᠡᠮᠡᠴᠡᠯ ᠤᠨ ᠲᠡᠶᠢᠯᠥᠩᠬᠦᠢ ᠪᠠᠶᠢᠳᠠᠯ ᠨᠢᠬᠡᠨᠳᠡ ᠪᠦᠷᠢᠯᠳᠦᠵᠥ᠂ | ᠢᠯᠵᠢᠷᠡᠬᠤ ᠠᠴᠠ ᠵᠢᠷᠦᠬᠡᠰᠢᠶᠡᠬᠦ ᠪᠤᠯᠭᠠᠬᠤ ᠬᠠᠷᠠᠯᠳᠡ ᠶᠢ ᠠᠩᠬ᠎ᠠ ᠠᠯᠬᠤᠮ ᠪᠡᠶᠡᠯᠡᠬᠦᠯᠵᠥ᠂ ᠢᠯᠵᠢᠷᠡᠵᠥ ᠪᠤᠯᠬᠤ | ᠦᠭᠡᠢ ᠪᠤᠯᠭᠠᠬᠤ ᠲᠦᠷᠢᠮ ᠶᠠᠪᠤᠬᠤ ᠲᠤᠳᠤᠮ ᠲᠡᠬᠦᠯᠳᠡᠷᠵᠢᠵᠥ᠂ ᠢᠯᠵᠢᠷᠡᠬᠤ ᠶᠢ ᠪᠤᠳᠤᠬᠤ ᠦᠭᠡᠢ ᠪᠤᠯᠭᠠᠬᠤ | ᠬᠠᠰᠢᠯᠭ᠎ᠠ ᠶᠢ ᠴᠤᠬᠴᠠᠯᠠᠵᠤ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤ ᠰᠢᠨ᠎ᠡ ᠲᠦᠷᠰᠦ | ᠪᠠᠶᠢᠳᠠᠯ ᠢᠯᠡᠷᠡᠵᠠᠢ ᠬᠡᠵᠥ ᠵᠢᠭᠠᠵᠥ ᠭᠠᠷᠭᠠᠪᠠ᠃ ᠶᠠᠷᠢᠶᠠᠨ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ | ᠤᠨ ᠡᠬᠦᠷᠬᠡ ᠬᠦᠨᠳᠤ ᠵᠠᠮ ᠬᠤᠯᠠ ᠪᠠᠶᠢᠭᠰᠠᠭᠠᠷ᠂ ᠠᠭᠤᠵᠢᠭᠤ ᠰᠤᠯᠠ ᠵᠦᠬᠡᠯᠡᠨ ᠪᠠᠶᠢᠭᠰᠠᠠ ᠠᠴᠠ ᠴᠢᠩᠭ᠎ᠠ ᠪᠠᠴᠢᠮ | ᠬᠠᠳᠠᠭᠤ ᠲᠡᠰᠢ ᠰᠢᠯᠵᠢᠬᠦ ᠳᠤ ᠬᠠᠳᠠᠭᠤᠵᠢᠨ ᠪᠤᠯᠪᠠᠰᠤᠷᠠᠬᠤ ᠶᠠᠪᠤᠴᠠ ᠶᠢ ᠦᠩᠬᠡᠷᠡᠬᠦᠯᠬᠦ ᠴᠢᠬᠤᠯᠠᠳᠠᠢ᠂ ᠪᠠᠶᠢᠩᠭᠤ ᠪᠠ | ᠤᠷᠳᠤ ᠬᠤᠭᠤᠴᠠᠭ᠎ᠠ᠂ ᠴᠢᠩᠭ᠎ᠠ ᠪᠠ ᠪᠤᠳᠠᠳᠠᠢ᠂ ᠬᠦᠨᠵᠡᠬᠡᠢ ᠪᠠ ᠨᠠᠷᠢᠯᠢᠭ ᠪᠠᠶᠢᠬᠤ ᠲᠠᠯ᠎ᠠ ᠪᠠᠷ ᠬᠦᠴᠦ ᠤᠷᠤᠭᠤᠯᠵᠥ | ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠰᠤᠷᠳᠠᠯ ᠢᠶᠠᠨ ᠬᠠᠯᠠᠨ ᠰᠠᠶᠢᠵᠢᠷᠠᠭᠤᠯᠤᠭᠰᠠᠠ᠂ ᠰᠠᠬᠢᠯᠭ᠎ᠠ ᠪᠠᠳᠤ | ᠶᠢ ᠴᠢᠩᠳᠠᠯᠠᠭᠰᠠᠠ᠂ ᠢᠯᠵᠢᠷᠡᠯ ᠢ ᠵᠠᠯᠬᠠᠭᠠᠨ ᠰᠢᠳᠭᠡᠭᠰᠡᠡ ᠰᠢᠯᠢᠳᠡᠭ ᠬᠠᠷᠢᠭᠤᠯᠳᠠ ᠶᠢᠨ ᠬᠠᠭᠤᠳᠠᠰᠤ ᠲᠤᠰᠢᠶᠠᠬᠤ | ᠬᠡᠷᠡᠭᠳᠡᠢ᠃ ᠦᠩᠬᠡᠨ ᠲᠠᠯ᠎ᠠ ᠪᠡ ᠦᠨᠳᠦᠰᠦ ᠠᠴᠠ ᠨᠢ ᠵᠠᠰᠠᠬᠤ ᠶᠢ ᠪᠠᠷᠢᠮᠳᠠᠯᠠᠵᠥ᠂ ᠡᠪ ᠬᠠᠮᠳᠤᠴᠤᠳ ᠤᠨ ᠦᠷᠳᠡᠭ | ᠤᠨ ᠦᠵᠡᠯᠳᠡ ᠶᠢ ᠪᠠᠷᠢᠮᠳᠠᠯᠠᠵᠥ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠳᠡ ᠦᠭᠡᠢ ᠪᠠᠳᠤᠳᠬᠠᠨ | ᠳᠡᠭᠡᠭᠰᠢᠯᠡᠭᠦᠯᠵᠦ᠂ ᠰᠤᠶᠤᠯ ᠤᠨ ᠢᠳᠡᠬᠡᠯ ᠳᠤ ᠲᠦᠰᠢᠭᠯᠡᠨ ᠬᠦᠰᠡᠯᠡᠩ ᠢᠳᠡᠭᠡᠯ ᠪᠢᠰᠢᠷᠡᠯ ᠢᠶᠠᠨ ᠪᠠᠳᠤᠳᠬᠠᠬᠤ | ᠬᠡᠷᠡᠭᠳᠡᠢ︔ ᠨᠠᠮ ᠤᠨ ᠲᠡᠭᠡᠳᠤ ᠲᠡᠰ ᠤᠨ ᠤᠳᠤᠷᠢᠳᠬᠤ ᠺᠠᠳ᠋ᠷ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ | ᠠᠮᠢᠳᠤᠷᠠᠯ ᠢ ᠴᠢᠩᠳᠠᠯᠠᠬᠤ ᠶᠢᠨ ᠦᠯᠢᠬᠡᠷ ᠵᠢᠱᠢᠶ᠎ᠡ ᠪᠤᠯᠵᠥ᠂ ᠨᠠᠮ ᠤᠨ ᠡᠯ᠎ᠡ ᠱᠠᠳᠤᠨ ᠤ ᠵᠤᠬᠢᠶᠠᠨ ᠪᠠᠶᠢᠭᠤᠯᠤᠯᠳᠠ | ᠨᠠᠮ ᠤᠨ ᠲᠤᠳᠤᠭᠠᠳᠤ ᠶᠢᠨ ᠬᠢᠨᠠᠯᠳᠠ ᠶᠢ ᠴᠢᠩᠭᠠᠳᠬᠠᠵᠥ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢᠨ | ᠰᠢᠰᠲ᠋ᠧᠮᠳᠤ ᠴᠢᠨᠠᠷ᠂ ᠪᠦᠳᠦᠭᠡᠯᠴᠢ ᠴᠢᠨᠠᠷ᠂ ᠪᠦᠳᠦᠮᠵᠢᠳᠤ ᠴᠢᠨᠠᠷ ᠢ ᠲᠠᠰᠤᠷᠠᠯᠳᠡ ᠦᠭᠡᠢ ᠲᠡᠭᠡᠭᠰᠢᠯᠡᠬᠦᠯᠬᠦ ᠬᠡᠷᠡᠭᠳᠡᠢ᠃ | ᠶᠡᠷᠤᠩᠬᠡᠢ ᠱᠦᠵᠢ ᠰᠢ ᠶᠢᠨ ᠫᠢᠩ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠠᠵᠢᠯ ᠢ ᠬᠦᠢᠴᠡᠳ | ᠨᠤᠳᠠᠯᠠᠵᠥ᠂ ᠰᠠᠬᠢᠯᠭ᠎ᠠ ᠪᠠᠳᠤ ᠪᠠᠶᠢᠴᠠᠭᠠᠬᠤ ᠬᠢᠨᠠᠨ ᠪᠠᠶᠢᠴᠠᠭᠠᠬᠤ ᠡᠩᠨᠡᠭᠡ ᠶᠢ ᠴᠢᠩᠭᠠᠳᠬᠠᠬᠤ ᠲᠤᠬᠠᠢ ᠨᠡᠩ ᠦᠨᠳᠤᠷ | ᠱᠠᠭᠠᠷᠳᠠᠯᠭ᠎ᠠ ᠲᠤᠷᠠᠳᠪᠠ᠃ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ | ᠰᠤᠷᠤᠯᠴᠠᠨ ᠲᠤᠤᠱᠯᠠᠭᠤᠯᠬᠤ ᠪᠤᠯ ᠪᠦᠬᠦ ᠨᠠᠮ ᠤᠨ ᠴᠢᠬᠤᠯᠠ ᠤᠯᠤᠰ ᠲᠦᠷᠦ ᠶᠢᠨ ᠡᠬᠦᠷᠬᠡ ᠮᠥᠨ᠃ ᠦᠪᠡᠷ ᠢ ᠪᠠᠨ | ᠪᠠᠭᠳᠠᠭᠠᠨ ᠤᠷᠤᠭᠤᠯᠵᠥ᠂ ᠦᠵᠡᠯ ᠰᠠᠨᠠᠭ᠎ᠠ ᠪᠤᠯᠤᠨ ᠠᠵᠢᠯ ᠤᠨ ᠢᠶᠠᠨ ᠪᠤᠳᠠᠳᠤ ᠪᠠᠶᠢᠳᠠᠯ ᠲᠠᠢ ᠨᠢᠬᠳᠠ | ᠤᠶᠠᠯᠳᠤᠭᠤᠯᠵᠥ᠂ ᠶᠡᠷᠤᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶᠠᠨ ᠤ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ᠂ ᠰᠢᠨᠵᠢᠯᠡᠬᠦ ᠤᠬᠠᠭᠠᠨᠴᠢ ᠪᠠᠷ᠂ ᠰᠢᠰᠲ᠋ᠧᠮ ᠲᠠᠢ᠂ ᠤᠨᠤᠪᠴᠢᠳᠠᠢ ᠰᠤᠷᠤᠯᠴᠠᠵᠥ᠂ ᠰᠤᠷᠤᠯᠴᠠᠨ | ᠦᠢᠯᠡᠳᠦᠯᠬᠡᠵᠢᠬᠦᠯᠵᠥ᠂ ᠨᠡᠪᠳᠡᠷᠡᠳᠡᠯ᠎ᠡ ᠤᠶᠢᠯᠠᠭᠠᠵᠥ᠂ ᠲᠤᠤᠱᠯᠠᠭᠤᠯᠤᠨ ᠨᠠᠶᠢᠳᠠᠪᠤᠷᠢᠵᠢᠭᠤᠯᠬᠤ ᠤᠬᠠᠮᠰᠠᠷᠳᠤ ᠴᠢᠨᠠᠷ | ᠪᠤᠯᠤᠨ ᠡᠷᠡᠰ ᠪᠠᠳᠤ ᠴᠢᠨᠠᠷ ᠢᠶᠠᠨ ᠲᠡᠭᠡᠭᠰᠢᠯᠡᠬᠦᠯᠬᠦ ᠬᠡᠷᠡᠭᠳᠡᠢ ᠬᠡᠵᠥ ᠴᠢᠬᠤᠯᠠᠴᠢᠯᠠᠪᠠ᠃ | ᠪᠦᠬᠦᠳᠡ ᠬᠤᠷᠠᠯ ᠠᠴᠠ᠂ 2016 ᠣᠨ ᠳᠤ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ | ᠲᠦᠪ ᠬᠤᠷᠢᠶ᠎ᠠ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ ᠪᠠᠶᠢᠷᠢᠯᠠᠭᠤᠯᠤᠯᠲᠠ ᠶᠢ ᠨᠢᠭᠡᠳᠦᠯᠲᠠᠢ | ᠲᠦᠯᠦᠪᠵᠢᠭᠦᠯᠤᠨ ᠠᠬᠢᠭᠤᠯᠵᠦ᠂ ︽ᠲᠦᠷᠪᠡᠨ ᠪᠦᠬᠦ ᠲᠠᠯ᠎ᠠ︾ ᠶᠢᠨ ᠪᠠᠶᠢᠯᠳᠤᠬᠤ ᠪᠤᠳᠤᠯᠭ᠎ᠠ ᠶᠢᠨ | ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠤᠭᠰᠨᠨ ᠢᠶᠠᠷ ᠨᠠᠮ ᠪᠠ ᠤᠯᠤᠰ ᠤᠨ ᠠᠵᠢᠯ ᠦᠢᠯᠡᠰ ᠰᠢᠨ᠎ᠡ | ᠠᠮᠵᠢᠯᠲᠠ ᠤᠯᠪᠠ᠃ ᠡᠯ᠎ᠡ ᠱᠠᠲᠤᠨ ᠤ ᠰᠠᠬᠢᠯᠭ᠎ᠠ ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ ᠪᠦᠬᠦᠳᠡ ᠬᠤᠷᠠᠯ ᠤᠨ ᠵᠤᠷᠢᠭ | ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠵᠦ᠂ ︽ᠬᠤᠶᠠᠷ ᠢ ᠰᠤᠷᠤᠯᠴᠠᠵᠦ ᠬᠢᠷᠢ ᠲᠡᠩᠴᠡᠭᠰᠡᠨ ᠨᠠᠮ ᠤᠨ | ᠭᠡᠰᠢᠭᠦᠨ ᠪᠣᠯᠬᠤ︾ ᠰᠤᠷᠤᠯᠴᠠᠯᠭ᠎ᠠ ᠬᠦᠮᠦᠵᠢᠯ ᠢ ᠭᠦᠨᠵᠡᠬᠡᠢ ᠦᠷᠨᠢᠭᠦᠯᠵᠦ᠂ ᠰᠢᠷᠢᠰ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠦᠵᠡᠯ ᠰᠠᠨᠠᠭᠠᠨ ᠤ ᠵᠡᠪᠰᠡᠭ ᠪᠤᠯᠤᠨ ᠦᠢᠯᠡ ᠠᠵᠢᠯᠯᠠᠭ᠎ᠠ ᠶᠢᠨ ᠢᠶᠠᠨ ᠵᠦᠭᠯᠡᠭᠦᠷ ᠪᠤᠯᠭᠠᠵᠦ᠂ ᠤᠯᠤᠰ | ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ ᠤᠬᠠᠮᠰᠠᠷ᠂ ᠭᠤᠤᠯᠯᠠᠬᠤ ᠤᠬᠠᠮᠰᠠᠷ᠂ ᠨᠢᠭᠡᠳᠦᠯᠲᠠᠢ ᠪᠠᠶᠢᠬᠤ ᠤᠬᠠᠮᠰᠠᠷ ᠢ | ᠪᠠᠲᠦ ᠪᠤᠢ ᠪᠤᠯᠭᠠᠵᠦ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ | ᠤᠬᠠᠮᠰᠠᠷ ᠠᠴᠠ ᠪᠠᠨ ᠲᠡᠭᠡᠳᠦ ᠬᠡᠮᠵᠢᠶ᠎ᠡ ᠪᠠᠷ ᠨᠢᠭᠡᠳᠦᠯᠲᠠᠢ ᠪᠠᠶᠢᠪᠠ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠶᠠᠪᠤᠴᠠ ᠳᠤ ᠡᠭᠦᠷᠭᠡ ᠬᠠᠷᠢᠭᠤᠴᠠᠯᠭ᠎ᠠ ᠶᠢᠨ ᠪᠠᠶᠢᠷᠢ ᠲᠤᠭᠲᠠᠭᠠᠯᠲᠠ ᠪᠠᠨ ᠪᠠᠲᠦ ᠰᠠᠬᠢᠵᠦ᠂ ᠨᠠᠮ ᠤᠨ ᠲᠦᠷᠢᠮ | ᠲᠤᠭᠲᠠᠭᠠᠯ ᠨᠠᠮ ᠤᠨ ᠰᠠᠬᠢᠯᠭ᠎ᠠ ᠪᠠᠳᠤ ᠶᠢ ᠲᠦᠷᠦᠭᠦᠯᠡᠨ ᠬᠡᠷᠡᠭᠵᠢᠭᠦᠯᠵᠦ᠂ ᠰᠠᠬᠢᠯᠭ᠎ᠠ ᠪᠠᠲᠦ ᠶᠢ ᠬᠡᠷᠡᠭᠵᠢᠭᠦᠯᠬᠦ ᠳᠤ | ᠬᠢᠨᠠᠯᠳᠠ ᠲᠠᠯᠪᠢᠬᠤ ᠬᠠᠷᠢᠭᠤᠴᠠᠯᠭ᠎ᠠ ᠨᠡᠭᠡᠮᠵᠢᠯᠡᠬᠦ ᠠᠵᠢᠯ ᠢ ᠴᠢᠩᠭᠠᠳᠬᠠᠪᠠ᠃ ᠲᠤᠭᠲᠠᠭᠠᠯ ᠶᠤᠰᠤᠭᠠᠷ ᠨᠠᠮ ᠢ ᠵᠠᠰᠠᠬᠤ | ᠪᠠ ᠬᠠᠤᠯᠢ ᠶᠤᠰᠤᠭᠠᠷ ᠤᠯᠤᠰ ᠢ ᠵᠠᠰᠠᠬᠤ ᠶᠢ ᠨᠢᠭᠡᠳᠭᠡᠵᠦ᠂ ᠨᠠᠮ ᠤᠨ ᠲᠤᠲᠤᠭᠠᠳᠤ ᠶᠢᠨ ᠬᠢᠨᠠᠯᠲᠠ ᠲᠠᠯᠪᠢᠬᠤ | ᠲᠦᠷᠢᠮ ᠳᠤ ᠵᠠᠰᠠᠪᠤᠷᠢ ᠤᠷᠤᠭᠤᠯᠵᠦ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠨᠡᠶᠢᠲᠡᠯᠡᠨ᠂ ᠤᠯᠤᠰ ᠤᠨ ᠬᠢᠨᠠᠨ | ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠦᠰᠦᠯ ᠢ ᠲᠤᠭᠲᠠᠭᠠᠵᠦ᠂ ᠴᠠᠭ ᠤᠨ | ᠬᠦᠰᠦᠨᠦᠭ᠂ ᠱᠤᠭᠤᠮ ᠤᠨ ᠵᠢᠷᠤᠭ ᠢ ᠲᠤᠭᠲᠠᠭᠠᠵᠦ᠂ ᠪᠡᠭᠡᠵᠢᠩ ᠬᠤᠲᠠ᠂ ᠱᠠᠨ ᠰᠢ ᠮᠤᠵᠢ᠂ ᠵᠧᠵᠢᠶᠠᠩ ᠮᠤᠵᠢ | ᠳᠤ ᠦᠭᠡᠷᠡᠴᠢᠯᠡᠯᠲᠡ ᠶᠢᠨ ᠲᠤᠷᠰᠢᠯᠲᠠ ᠶᠢ ᠪᠠᠶᠢᠷᠢᠯᠠᠭᠤᠯᠤᠨ ᠦᠷᠨᠢᠭᠦᠯᠵᠦ᠂ ᠨᠠᠮ ᠤᠨ ᠲᠤᠲᠤᠭᠠᠳᠤ ᠶᠢᠨ ᠬᠢᠨᠠᠯᠲᠠ | ᠲᠠᠯᠪᠢᠬᠤ ᠪᠠ ᠤᠯᠤᠰ ᠤᠨ ᠬᠢᠨᠠᠨ ᠪᠠᠶᠢᠴᠠᠭᠠᠬᠤ ᠠᠵᠢᠯ ᠤᠨ ᠪᠦᠷᠬᠦᠴᠡ ᠶᠢ ᠠᠬᠢᠭᠤᠯᠪᠠ᠃ ᠪᠠᠶᠢᠡᠭᠭᠤ ᠠᠳᠬᠤᠬᠤ ᠶᠢ | ᠪᠠᠷᠢᠮᠲᠠᠯᠠᠨ᠂ ᠤᠳᠠᠭᠠᠨ ᠲᠠᠭᠠᠭᠠᠮᠠᠭᠠᠢ ᠪᠠᠷ ︽ᠲᠦᠷᠪᠡᠨ ᠰᠤᠷᠲᠠᠯ︾ ᠢ ᠵᠠᠯᠠᠷᠠᠭᠤᠯᠵᠦ᠂ ᠦᠡᠭᠭᠡᠷᠡᠭᠰᠡᠨ ᠢ ᠨᠢ | ᠵᠠᠯᠬᠠᠭᠠᠵᠦ ᠬᠤᠶᠢᠰᠢ ᠳᠤᠨᠢ ᠴᠡᠭᠡᠷᠯᠡᠯ ᠪᠤᠯᠭᠠᠵᠦ᠂ ᠡᠪᠡᠳᠴᠢᠨ ᠢ ᠨᠢ ᠵᠠᠰᠠᠵᠦ ᠡᠳᠡᠭᠡᠷᠡᠭᠦᠯᠦᠨ ᠠᠪᠴᠤ᠂ ᠰᠠᠬᠢᠯᠭ᠎ᠠ | ᠪᠠᠲᠦ ᠶᠢ ᠬᠡᠷᠡᠭᠵᠢᠭᠦᠯᠬᠦ ᠳᠤ ᠬᠢᠨᠠᠯᠳᠠ ᠲᠠᠯᠪᠢᠬᠤ ︽ᠲᠦᠷᠪᠡᠨ ᠵᠦᠢᠯ ᠤᠨ ᠬᠡᠯᠪᠡᠷᠢ︾ ᠶᠢ ᠦᠢᠯᠡᠳᠦᠯᠭᠡᠵᠢᠭᠦᠯᠵᠦ᠂ | ᠡᠳᠦᠷ ᠲᠤᠲᠤᠮ ᠤᠨ ᠰᠠᠬᠢᠯᠭ᠎ᠠ ᠪᠠᠲᠦ ᠶᠢ ᠬᠡᠷᠡᠭᠵᠢᠭᠦᠯᠬᠦ ᠳᠤ ᠬᠢᠨᠠᠯᠳᠠ ᠲᠠᠯᠪᠢᠬᠤ ᠠᠵᠢᠯ ᠢ ᠴᠢᠩᠭᠠᠳᠬᠠᠬᠤ ᠳᠤ | ᠬᠦᠴᠦ ᠲᠠᠯᠪᠢᠵᠦ᠂ ᠡᠷᠲᠡ ᠠᠴᠠ ᠠᠳᠬᠤᠵᠦ ᠪᠠᠭ᠎ᠠ ᠶᠢ ᠠᠳᠬᠤᠵᠦ᠂ ᠮᠠᠰᠢ ᠰᠠᠶᠢᠨ ᠠᠮᠵᠢᠯᠳᠠ ᠤᠯᠪᠠ᠃ ᠤᠯᠤᠰ | ᠲᠦᠷᠦ ᠶᠢᠨ ᠲᠤᠭᠤᠷᠢᠨ ᠪᠠᠶᠢᠴᠠᠭᠠᠬᠤ ᠠᠵᠢᠯ ᠢ ᠭᠦᠨᠵᠡᠭᠡᠶᠢᠷᠡᠭᠦᠯᠵᠦ᠂ ᠲᠦᠪ ᠬᠤᠷᠢᠶ᠎ᠠ ᠪᠤᠯᠤᠨ ᠲᠦᠷᠦ ᠶᠢᠨ | ᠪᠠᠶᠢᠭᠤᠯᠭ᠎ᠠ ᠶᠢ ᠲᠤᠭᠤᠷᠢᠨ ᠪᠠᠶᠢᠴᠠᠭᠠᠬᠤ ᠠᠵᠢᠯ ᠤᠨ ᠪᠦᠷᠬᠦᠴᠡ ᠶᠢ ᠪᠡᠶᠡᠯᠡᠭᠦᠯᠵᠦ᠂ ︽ᠡᠷᠬᠢᠵᠦ ᠬᠠᠷᠠᠬᠤ︾ | ᠠᠵᠢᠯᠯᠠᠭ᠎ᠠ ᠶᠢ ᠭᠦᠨᠵᠡᠭᠡᠢ ᠦᠷᠨᠢᠭᠦᠯᠵᠦ᠂ ᠠᠷᠭ᠎ᠠ ᠬᠡᠯᠪᠡᠷᠢ ᠪᠠᠨ ᠰᠢᠨᠡᠴᠢᠯᠡᠵᠦ᠂ ᠲᠤᠭᠤᠷᠢᠨ ᠦᠵᠡᠬᠦ ᠪᠠ ᠲᠤᠭᠤᠷᠢᠨ | ᠪᠠᠶᠢᠴᠠᠭᠠᠬᠤ ᠶᠢ ᠤᠷᠭᠠᠨᠢᠭ ᠢᠶᠠᠷ ᠵᠤᠯᠭᠠᠭᠤᠯᠵᠦ᠂ ᠬᠤᠷᠴᠠ ᠰᠡᠯᠡᠮ᠎ᠡ ᠶᠢᠨ ᠦᠢᠯᠡᠳᠦᠯ ᠢ ᠬᠦᠢᠴᠡᠳ ᠪᠠᠳᠠᠷᠠᠭᠤᠯᠪᠠ᠃ | ᠡᠷᠡᠰ ᠰᠢᠭᠤᠷᠬᠠᠢ ᠪᠠᠷ ᠬᠠᠳᠠᠭᠠᠯᠠᠭᠳᠠᠴᠠ ᠶᠢ ᠪᠠᠭᠠᠰᠬᠠᠵᠦ᠂ ᠨᠡᠮᠡᠭᠳᠡᠯ ᠢ ᠬᠤᠷᠢᠬᠯᠠᠵᠦ᠂ ᠬᠤᠭᠤᠴᠠᠭ᠎ᠠ ᠰᠤᠯᠢᠬᠤ | ᠰᠠᠬᠢᠯᠭ᠎ᠠ ᠪᠠᠲᠦ ᠶᠢ ᠴᠢᠩᠳᠠᠯᠠᠨ᠂ ᠦᠷᠭᠦᠯᠵᠢᠯᠡᠨ ᠢᠯᠵᠢᠷᠠᠯ ᠢ ᠬᠤᠷᠢᠬᠯᠠᠨ ᠵᠤᠭᠰᠤᠭᠠᠬᠤ ᠰᠦᠷ ᠬᠦᠴᠦᠳᠤ | ᠪᠠᠶᠢᠳᠠᠯ ᠢ ᠪᠠᠳᠤᠯᠠᠵᠤ᠂ ᠣᠷᠭᠤᠳᠠᠯ ᠬᠡᠷᠡᠭᠳᠡᠨ ᠪᠤᠯᠤᠨ ᠪᠤᠵᠠᠷ ᠵᠤᠭᠤᠰ ᠢ ᠨᠡᠬᠡᠮᠵᠢᠯᠡᠬᠦ ︽ᠬᠠᠤᠯᠢ ᠶᠢᠨ ᠲᠤᠤᠷ︾ ᠢ | ᠪᠠᠬᠢᠵᠢᠭᠦᠯᠪᠡ᠃ ᠶᠠᠳᠠᠭᠤ ᠶᠢ ᠲᠡᠳᠭᠦᠵᠦ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠳᠤ ᠴᠢᠭᠯᠡᠭᠦᠯᠦᠨ᠂ | ᠭᠤᠤᠯᠳᠠᠯᠭ᠎ᠠ ᠲᠠᠢ ᠱᠠᠭᠠᠷᠳᠠᠨ ᠪᠠᠶᠢᠴᠠᠭᠠᠵᠦ ᠰᠢᠮᠳᠠᠭᠤᠯᠤᠨ ᠰᠢᠳᠭᠡᠵᠦ᠂ ᠤᠯᠠᠨ ᠲᠦᠮᠡᠨ ᠤ ᠠᠰᠢᠬ ᠲᠤᠰᠠ ᠶᠢ | ᠬᠤᠬᠢᠷᠠᠭᠤᠯᠤᠭᠰᠠᠨ ᠲᠦᠪ ᠪᠤᠰᠤ ᠰᠤᠷᠲᠠᠯ ᠪᠤᠯᠤᠨ ᠢᠯᠵᠢᠷᠠᠯ ᠤᠨ ᠠᠰᠠᠭᠤᠳᠠᠯ ᠢ ᠡᠷᠡᠰ ᠢᠶᠠᠷ ᠴᠡᠭᠴᠡᠯᠡᠨ ᠵᠠᠰᠠᠪᠠ᠃ | ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠪᠤᠯᠤᠨ ᠡᠩᠨᠡᠭᠡ ᠶᠢᠨ ᠪᠠᠶᠢᠭᠤᠯᠤᠯᠲᠠ ᠶᠢ | ᠴᠢᠩᠭᠠᠳᠬᠠᠵᠦ᠂ ᠺᠠᠳ᠋ᠷ ᠤᠨ ᠰᠤᠯᠢᠯᠴᠠᠭ᠎ᠠ ᠪᠤᠯᠤᠨ ᠬᠠᠮᠢᠶᠠᠷᠤᠯᠲᠠ ᠬᠢᠨᠠᠯᠲᠠ ᠶᠢᠨ ᠡᠷᠴᠢᠮ ᠢ ᠴᠢᠩᠭᠠᠷᠠᠭᠤᠯᠤᠨ᠂ ︽ | ᠳᠤᠮᠳᠠᠳᠦ ᠤᠯᠤᠰ ᠤᠨ ᠡᠪ ᠬᠠᠮᠲᠦ ᠨᠠᠮ ᠤᠨ ᠰᠠᠬᠢᠯᠭ᠎ᠠ ᠪᠠᠲᠦ ᠪᠠᠶᠢᠴᠠᠭᠠᠬᠤ ᠪᠠᠶᠢᠭᠤᠯᠭ᠎ᠠ ᠶᠢᠨ ᠰᠠᠬᠢᠯᠭ᠎ᠠ ᠪᠠᠲᠦ ᠶᠢ | ᠬᠡᠷᠡᠭᠵᠢᠬᠦᠯᠬᠦ ᠳᠤ ᠬᠢᠨᠠᠯᠲᠠ ᠲᠠᠯᠪᠢᠬᠤ ᠠᠵᠢᠯ ᠤᠨ ᠲᠦᠷᠢᠮ ︵ᠲᠤᠷᠰᠢᠨ ᠬᠡᠷᠡᠭᠵᠢᠭᠦᠯᠬᠦ︶︾ ᠢ ᠲᠤᠭᠲᠠᠭᠠᠵᠦ᠂ | ᠦᠨᠡᠨᠴᠢ ᠰᠢᠳᠤᠷᠭᠤ ᠠᠷᠢᠭᠤᠨ ᠴᠡᠪᠡᠷ ᠬᠠᠷᠢᠭᠤᠴᠠᠯᠭ᠎ᠠ ᠡᠭᠦᠷᠭᠡᠯᠡᠬᠦ ᠰᠠᠬᠢᠯᠭ᠎ᠠ ᠪᠠᠲᠦ ᠪᠠᠶᠢᠴᠠᠭᠠᠬᠤ ᠬᠢᠨᠠᠨ | ᠪᠠᠶᠢᠴᠠᠭᠠᠬᠤ ᠡᠩᠨᠡᠭᠡ ᠶᠢ ᠪᠠᠶᠢᠭᠤᠯᠪᠠ ᠭᠡᠵᠤ ᠦᠵᠡᠵᠠᠢ᠃ ᠠᠮᠵᠢᠯᠲᠠ ᠪᠠᠨ ᠨᠤᠲᠠᠯᠠᠬᠤ ᠶᠢᠨ ᠬᠠᠮᠲᠦ᠂ ᠪᠦᠬᠦᠳᠡ | ᠬᠤᠷᠠᠯ ᠨᠢ ᠠᠵᠢᠯ ᠤᠨ ᠳᠤᠮᠳᠠ ᠤᠷᠤᠰᠢᠵᠦ ᠪᠠᠶᠢᠬᠤ ᠠᠰᠠᠭᠤᠳᠠᠯ ᠢᠶᠠᠨ ᠦᠨᠡᠨ ᠢ ᠪᠠᠷᠢᠮᠲᠠᠯᠠᠨ ᠵᠠᠳᠠᠯᠤᠨ ᠰᠢᠨᠵᠢᠵᠦ᠂ | ᠶᠡᠬᠡᠲᠡ ᠴᠢᠬᠤᠯᠠᠴᠢᠯᠠᠨ ᠦᠵᠡᠵᠦ᠂ ᠨᠠᠷᠢᠨ ᠬᠢᠨᠠᠮᠠᠭᠠᠢ ᠰᠢᠢᠳᠪᠤᠷᠢᠯᠡᠬᠦ ᠬᠡᠷᠡᠭᠲᠠᠢ ᠭᠡᠵᠦ ᠱᠠᠭᠠᠷᠳᠠᠵᠠᠢ᠃ | ᠪᠦᠬᠦᠳᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠠᠵᠢᠯ ᠢ ᠳ᠋ᠦᠩᠨᠡᠭᠡᠳ | ᠲᠤᠤᠷᠠᠬᠢ ᠮᠡᠲᠦ ᠤᠶᠢᠯᠠᠭᠠᠯᠲᠠ ᠲᠦᠷᠦᠭᠳᠡᠯ ᠲᠠᠢ ᠪᠤᠯᠵᠠᠢ᠄ | ᠨᠢᠭᠡᠳᠦᠭᠡᠷ ᠲᠤ᠂ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠡᠩ ᠲᠡᠷᠢᠭᠦᠨ ᠳᠤ ᠨᠠᠮ ᠤᠨ ᠲᠦᠪ | ᠬᠤᠷᠢᠶ᠎ᠠ ᠶᠢᠨ ᠲᠦᠪᠯᠡᠷᠡᠩᠭᠦᠢ ᠨᠢᠭᠡᠳᠦᠯᠲᠠᠢ ᠤᠳᠤᠷᠢᠳᠤᠯᠭ᠎ᠠ ᠪᠠᠶᠢᠵᠦ᠂ ᠡᠷᠬᠡᠪᠰᠢ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠲᠠᠢ ᠨᠢᠭᠡᠳᠦᠯᠲᠠᠢ ᠪᠠᠶᠢᠵᠦ᠂ ᠨᠠᠮ ᠤᠨ ᠪᠦᠯᠬᠦᠮᠳᠡᠯ ᠨᠢᠭᠡᠳᠦᠯ ᠢ | ᠬᠠᠮᠠᠭᠠᠯᠠᠬᠤ ᠬᠡᠷᠡᠭᠲᠠᠢ᠃ ᠰᠢᠨ᠎ᠡ ᠴᠠᠭ ᠦᠶ᠎ᠡ ᠨᠢ ᠰᠢᠨ᠎ᠡ ᠡᠭᠦᠷᠭᠡ ᠶᠢ ᠡᠭᠦᠷᠭᠡᠯᠡᠵᠦ ᠪᠤᠢ᠃ ᠰᠢ ᠶᠢᠨ ᠫᠢᠩ | ᠨᠦᠬᠦᠷ ᠢᠶᠠᠷ ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠬᠠᠮᠠᠭᠠᠯᠠᠬᠤ ᠨᠢ ᠨᠠᠮ ᠤᠨ | ᠤᠳᠤᠷᠢᠳᠤᠯᠭ᠎ᠠ ᠶᠢ ᠪᠠᠷᠢᠮᠲᠠᠯᠠᠬᠤ ᠶᠢᠨ ᠦᠨᠳᠦᠰᠦᠨ ᠵᠦᠢᠯ ᠮᠦᠨ᠂ ᠳᠤᠮᠳᠠᠳᠦ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠢ ᠪᠠᠷᠢᠮᠲᠠᠯᠠᠨ ᠬᠦᠭᠵᠢᠭᠦᠯᠬᠦ ᠶᠢᠨ ᠦᠨᠳᠦᠰᠦᠨ ᠪᠠᠲᠤᠯᠠᠭ᠎ᠠ ᠮᠦᠨ᠃ ᠨᠠᠮ ᠤᠨ ᠤᠳᠤᠷᠢᠳᠤᠯᠭ᠎ᠠ | ᠪᠤᠯ ᠪᠤᠳᠠᠲᠠᠢ ᠪᠠᠶᠢᠭ᠎ᠠ ᠶᠤᠮ᠂ ᠦᠵᠡᠯ ᠰᠠᠨᠠᠭ᠎ᠠ ᠢᠲᠡᠭᠡᠯ ᠪᠢᠰᠢᠷᠡᠯ ᠦᠨᠳᠦᠰᠦᠨ ᠵᠤᠷᠢᠯᠲᠠ ᠪᠠᠨ ᠪᠠᠲᠤᠳᠬᠠᠬᠤ᠂ | ᠵᠦᠪ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠶᠢ ᠲᠤᠭᠲᠠᠭᠠᠵᠤ ᠬᠡᠷᠡᠭᠵᠢᠭᠦᠯᠬᠦ ᠳᠤ ᠢᠯᠡᠷᠡᠵᠦ ᠪᠠᠶᠢᠳᠠᠭ᠂ | ᠨᠠᠮ ᠠᠴᠠ ᠺᠠᠳ᠋ᠷ ᠢ ᠬᠠᠮᠢᠶᠠᠷᠬᠤ ᠵᠠᠷᠴᠢᠮ ᠢ ᠪᠠᠷᠢᠮᠲᠠᠯᠠᠬᠤ᠂ ᠬᠦᠮᠦᠨ ᠢ ᠵᠦᠪ ᠰᠤᠩᠭᠤᠵᠦ ᠬᠦᠮᠦᠨ ᠢ ᠰᠠᠶᠢᠲᠤᠷ | ᠬᠡᠷᠡᠭᠯᠡᠬᠦ᠂ ᠢᠯᠡ ᠲᠤᠲᠤᠷᠬᠠᠢ ᠦᠷᠲᠡᠭ ᠤᠨ ᠦᠵᠡᠯᠲᠡ ᠪᠤᠯᠤᠨ ᠤᠯᠤᠰ ᠲᠦᠷᠦ ᠶᠢᠨ ᠤᠳᠤᠷᠢᠳᠤᠮᠵᠢ ᠶᠢ ᠪᠤᠢ | ᠪᠤᠯᠭᠠᠬᠤ ᠳᠤ ᠢᠯᠡᠷᠡᠵᠦ ᠪᠠᠶᠢᠳᠠᠭ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠤᠯ ᠤᠳᠤ ᠦᠶ᠎ᠡ ᠶᠢᠨ ᠳᠤᠮᠳᠠᠳᠦ | ᠤᠯᠤᠰ ᠤᠨ ᠬᠠᠮᠤᠭ ᠤᠨ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠮᠦᠨ᠂ ︽ᠲᠤᠷᠪᠠᠨ ᠤᠬᠠᠮᠰᠠᠷ︾ ᠢ ᠪᠤᠢ | ᠪᠤᠯᠭᠠᠬᠤ ᠳᠤ᠂ ᠭᠠᠭᠴᠠᠬᠦ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠶᠢᠨ ᠲᠠᠯ᠎ᠠ ᠪᠠᠷ ᠤᠯᠤᠰ ᠲᠦᠷᠦ ᠶᠢᠨ ᠪᠠᠶᠢᠷᠢ | ᠰᠠᠭᠤᠷᠢ ᠪᠠᠨ ᠲᠡᠭᠡᠭᠰᠢᠯᠡᠭᠦᠯᠵᠦ᠂ ᠤᠯᠤᠰ ᠲᠦᠷᠦ ᠶᠢᠨ ᠤᠬᠠᠮᠰᠠᠷ ᠪᠤᠯᠤᠨ ᠶᠡᠭᠡ ᠲᠠᠯ᠎ᠠ ᠶᠢᠨ ᠤᠬᠠᠮᠰᠠᠷ ᠠᠴᠠ | ᠵᠦᠷᠢᠶ᠎ᠡ ᠪᠠᠨ ᠲᠠᠰᠤᠷᠠᠯᠲᠠ ᠦᠬᠡᠢ ᠡᠷᠢᠵᠦ ᠤᠯᠪᠠᠯ ᠰᠠᠶ᠋ᠢ ᠭᠤᠤᠯᠯᠠᠭᠴᠢ ᠲᠠᠢ ᠨᠢᠭᠡᠳᠦᠯᠲᠡᠢ ᠪᠤᠯᠬᠤ ᠶᠢ ᠦᠨᠡᠨᠬᠦ | ᠪᠡᠶᠡᠯᠡᠭᠦᠯᠵᠦ ᠴᠢᠳᠠᠨ᠎ᠠ᠃ ︽ᠲᠦᠷᠪᠡᠨ ᠤᠬᠠᠮᠰᠠᠷ︾ ᠢᠶᠠᠨ ᠴᠢᠩᠭᠠᠳᠬᠠᠬᠤ ᠪᠤᠯ ᠨᠢᠭᠡᠨ ᠬᠦᠳᠡᠯᠦᠩᠭᠦᠢ ᠶᠠᠪᠤᠴᠠ | ᠮᠦᠨ᠂ ᠤᠯᠤᠰ ᠲᠦᠷᠦ ᠶᠢᠨ ᠤᠬᠠᠮᠰᠠᠷ ᠢᠶᠠᠨ ᠲᠠᠰᠤᠷᠠᠯᠲᠠ ᠦᠭᠡᠢ ᠲᠡᠭᠡᠭᠰᠢᠯᠡᠭᠦᠯᠵᠦ᠂ ᠨᠠᠮ ᠤᠨ ᠲᠦᠪ | ᠬᠤᠷᠢᠶ᠎ᠠ ᠶᠢᠨ ᠡᠷᠬᠡ ᠰᠦᠷ ᠢ ᠬᠠᠮᠠᠭᠠᠯᠠᠬᠤ ᠰᠢᠳᠤᠷᠭᠤ ᠪᠠᠶᠢᠯᠳᠤᠭᠴᠢ ᠪᠤᠯᠬᠤ ᠬᠡᠷᠡᠭᠲᠠᠢ᠃ | ᠬᠤᠶᠠᠳᠤᠭᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠳᠤ᠂ ᠨᠠᠮ ᠤᠨ ᠳᠤᠳᠤᠭᠠᠳᠦ ᠶᠢᠨ ᠤᠯᠤᠰ | ᠲᠦᠷᠦ ᠶᠢᠨ ᠠᠮᠢᠳᠤᠷᠠᠯ ᠢ ᠴᠢᠩᠳᠠᠯᠠᠬᠤ ᠬᠡᠷᠡᠭᠲᠡᠢ ᠭᠡᠬᠦ ᠦᠨᠳᠦᠰᠦᠨ ᠵᠦᠢᠯ ᠢ ᠡᠷᠬᠡᠪᠰᠢ ᠴᠢᠩᠭ᠎ᠠ ᠠᠳᠬᠤᠵᠤ᠂ | ᠳᠦᠷᠢᠮ ᠤᠨ ᠰᠢᠩᠭᠡᠯᠢᠭ ᠢ ᠪᠠᠬᠢᠯᠡᠵᠤ᠂ ᠨᠠᠮ ᠤᠨ ᠳᠤᠳᠤᠭᠠᠳᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ | ᠬᠡᠷᠡᠭᠲᠡᠢ᠃ ᠬᠡᠰᠡᠭ ᠬᠤᠭᠤᠴᠠᠭᠠᠨ ᠤ ᠲᠤᠷᠰᠢ᠂ ᠨᠠᠮ ᠤᠨ ᠳᠤᠳᠤᠭᠠᠳᠦ ᠲᠤ ᠢᠯᠡᠷᠡᠭᠰᠡᠨ ᠳᠤᠪᠤᠶᠢᠮ᠎ᠠ ᠠᠰᠠᠭᠤᠳᠠᠯ | ᠪᠤᠯ ᠨᠠᠮ ᠤᠨ ᠲᠤᠬᠠᠢ ᠦᠵᠡᠯᠲᠡ ᠨᠠᠵᠠᠭᠠᠶᠢᠷᠠᠵᠤ᠂ ᠵᠤᠬᠢᠶᠠᠨ ᠪᠠᠶᠢᠭᠤᠯᠤᠯᠲᠠ ᠰᠤᠯᠠᠷᠠᠵᠤ᠂ ᠰᠠᠬᠢᠯᠭ᠎ᠠ ᠪᠠᠲᠦ | ᠰᠤᠯᠠᠷᠠᠭᠰᠠᠨ ᠶᠠᠪᠤᠳᠠᠯ ᠪᠤᠯᠤᠨ᠎ᠠ᠂ ᠦᠨᠳᠦᠰᠦ ᠰᠤᠷᠪᠤᠯᠵᠢ ᠨᠢ ᠨᠠᠮ ᠤᠨ ᠤᠳᠤᠷᠢᠳᠤᠯᠭ᠎ᠠ ᠰᠤᠯᠠᠷᠠᠵᠤ᠂ ᠨᠠᠮ ᠤᠨ | ᠪᠠᠶᠢᠭᠤᠯᠤᠯᠲᠠ ᠲᠤᠳᠠᠭᠳᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠬᠦᠴᠦᠨ ᠮᠠᠭᠤᠳᠠᠵᠤ᠂ ᠢᠯᠠᠩᠭᠤᠶ᠎ᠠ ᠨᠠᠮ | ᠤᠨ ᠳᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠡᠪᠳᠡᠭᠳᠡᠭᠰᠡᠨ ᠳᠤ ᠪᠠᠶᠢᠨ᠎ᠠ᠃ ᠨᠠᠮ ᠤᠨ | ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠤᠨ ᠪᠠᠶᠢᠳᠠᠯ ᠨᠢ ᠤᠯᠤᠰ ᠲᠦᠷᠦ ᠶᠢᠨ ᠠᠮᠢ ᠠᠬᠤᠢ ᠶᠢ | ᠲᠤᠭᠳᠠᠭᠠᠵᠤ ᠪᠠᠶᠢᠳᠠᠭ ᠪᠤᠯᠬᠤᠷ ᠨᠠᠮ ᠤᠨ ᠲᠡᠷᠢᠭᠦᠨ ᠤ ᠴᠢᠨᠠᠷ ᠪᠤᠯᠤᠨ ᠴᠡᠪᠡᠷ ᠴᠢᠨᠠᠷ ᠢ ᠪᠠᠷᠢᠮᠲᠠᠯᠠᠬᠤ ᠳᠤ ᠡᠷᠬᠡᠪᠰᠢ | ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢᠳᠤᠷᠠᠯ ᠠᠴᠠ ᠠᠳᠬᠤᠬᠤ ᠬᠡᠷᠡᠭᠲᠡᠢ᠃ ᠤᠯᠤᠰ ᠲᠦᠷᠦ ᠶᠢᠨ | ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠵᠢᠷᠤᠮ ᠢ ᠴᠢᠩᠳᠠᠯᠠᠬᠤ ᠳᠤ᠂ ᠨᠠᠮ ᠤᠨ ᠳᠤᠳᠤᠭᠠᠳᠦ ᠶᠢᠨ | ᠤᠯᠤᠰ ᠲᠦᠷᠦ ᠶᠢᠨ ᠠᠮᠢᠳᠤᠷᠠᠯ ᠤᠨ ᠵᠠᠷᠴᠢᠮᠲᠦ ᠴᠢᠨᠠᠷ ᠪᠠ ᠳᠠᠶᠢᠴᠢᠨ ᠴᠢᠨᠠᠷ ᠢ ᠳᠡᠭᠡᠭᠰᠢᠯᠡᠭᠦᠯᠵᠤ᠂ ᠠᠰᠠᠭᠤᠳᠠᠯ ᠢ | ᠢᠯᠡᠷᠡᠭᠦᠯᠦᠨ ᠠᠯᠳᠠᠭ᠎ᠠ ᠶᠢ ᠵᠠᠯᠠᠷᠠᠭᠤᠯᠬᠤ ᠪᠦᠲᠦᠮᠵᠢᠲᠠᠢ ᠲᠤᠭᠳᠠᠴᠠ ᠶᠢ ᠪᠦᠷᠢᠯᠳᠦᠭᠦᠯᠵᠤ᠂ ᠦᠪᠡᠷ ᠢ ᠪᠠᠨ | ᠴᠡᠪᠡᠷᠰᠢᠭᠦᠯᠬᠦ᠂ ᠦᠪᠡᠷ ᠢ ᠪᠠᠨ ᠲᠡᠭᠦᠯᠳᠡᠷᠵᠢᠭᠦᠯᠬᠦ᠂ ᠦᠪᠡᠷ ᠢ ᠪᠠᠨ ᠰᠢᠨᠡᠴᠢᠯᠡᠬᠦ᠂ ᠦᠪᠡᠷ ᠢ ᠪᠠᠨ ᠳᠡᠭᠡᠭᠰᠢᠯᠡᠬᠦᠯᠬᠦ | ᠴᠢᠳᠠᠪᠤᠷᠢ ᠶᠢ ᠳᠡᠭᠡᠭᠰᠢᠯᠡᠭᠦᠯᠬᠦ ᠬᠡᠷᠡᠭᠲᠡᠢ᠃ | ᠭᠤᠷᠪᠠᠳᠤᠭᠠᠷ ᠲᠤ᠂ ᠠᠷᠠᠳ ᠤᠨ ᠰᠡᠳᠭᠢᠯ ᠪᠤᠯ ᠬᠠᠮᠤᠭ ᠤᠨ ᠶᠡᠭᠡ ᠤᠯᠤᠰ ᠲᠦᠷᠦ ᠮᠦᠨ᠂ ᠨᠠᠮ ᠢ | ᠬᠠᠮᠢᠶᠠᠷᠴᠤ ᠨᠠᠮ ᠢ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠦᠨᠳᠦᠰᠦᠨ ᠱᠠᠳᠤᠨ ᠳᠤ | ᠨᠠᠶᠢᠳᠠᠪᠤᠷᠢᠵᠢᠭᠤᠯᠵᠤ᠂ ᠨᠠᠮ ᠤᠨ ᠲᠦᠷᠦ ᠪᠠᠷᠢᠬᠤ ᠤᠯᠤᠰ ᠲᠦᠷᠦ ᠶᠢᠨ ᠰᠠᠭᠤᠷᠢ ᠶᠢ ᠪᠠᠬᠢᠵᠢᠭᠦᠯᠬᠦ ᠬᠡᠷᠡᠭᠲᠡᠢ᠃ ᠮᠠᠨ | ᠤ ᠨᠠᠮ ᠤᠨ ᠬᠠᠮᠤᠭ ᠤᠨ ᠶᠡᠭᠡ ᠤᠯᠤᠰ ᠲᠦᠷᠦ ᠶᠢᠨ ᠳᠠᠪᠠᠭᠤᠯᠢᠭ ᠪᠤᠯ ᠤᠯᠠᠨ ᠲᠦᠮᠡᠨ ᠲᠠᠢ ᠨᠢᠭᠲᠠ ᠬᠠᠷᠢᠴᠠᠬᠤ | ᠳᠤ ᠪᠤᠢ᠂ ᠠᠷᠠᠳ ᠤᠨ ᠰᠡᠳᠭᠢᠯ ᠪᠤᠯ ᠢᠮᠠᠭᠲᠠ ᠮᠠᠨ ᠤ ᠨᠠᠮ ᠤᠨ ᠬᠠᠮᠤᠭ ᠤᠨ ᠭᠦᠨ ᠵᠤᠵᠠᠭᠠᠨ ᠲᠦᠷᠦ ᠪᠠᠷᠢᠬᠤ | ᠰᠠᠭᠤᠷᠢ ᠮᠦᠨ᠃ ᠤᠯᠤᠰ ᠲᠦᠷᠦ ᠶᠢ ᠡᠷᠬᠢᠮᠯᠡᠬᠦ ᠦᠭᠡᠢ᠂ ᠤᠯᠠᠨ ᠲᠦᠮᠡᠨ ᠠᠴᠠ ᠠᠩᠬᠢᠵᠢᠷᠠᠪᠠᠯ᠂ ᠨᠠᠮ ᠤᠨ | ᠤᠳᠤᠷᠢᠳᠤᠯᠭ᠎ᠠ ᠰᠤᠯᠠᠷᠠᠵᠤ ᠳᠤᠷᠤᠶᠢᠳᠠᠬᠤ ᠪᠤᠯᠤᠨ᠎ᠠ᠃ ᠤᠯᠤᠰ ᠲᠦᠷᠦ ᠶᠢᠨ ᠬᠡᠢ ᠬᠤᠭᠤᠰᠤᠨ ᠦᠵᠡᠯ ᠤᠨ | ᠬᠡᠯᠪᠡᠷᠢᠯ ᠢ ᠵᠠᠪᠠᠯ ᠵᠠᠯᠠᠷᠠᠭᠤᠯᠵᠤ᠂ ᠲᠤᠭ ᠲᠡᠮᠳᠡᠭ ᠲᠤᠳᠤᠷᠬᠠᠢ ᠪᠠᠷ ᠤᠯᠤᠰ ᠲᠦᠷᠦ ᠶᠢ ᠡᠷᠬᠢᠮᠯᠡᠬᠦ ᠬᠡᠷᠡᠭᠲᠡᠢ᠃ | ᠠᠷᠠᠳ ᠲᠦᠮᠡᠨ ᠤ ᠰᠠᠨᠠᠯ᠂ ᠬᠦᠰᠡᠯ᠂ ᠪᠤᠳᠤᠯ ᠪᠤᠯ ᠳᠠᠷᠤᠢ ᠠᠷᠠᠳ ᠤᠨ ᠰᠡᠳᠭᠢᠯ ᠮᠦᠨ᠂ ᠠᠷᠠᠳ ᠲᠦᠮᠡᠨ ᠤ ᠨᠠᠮ | ᠤᠨ ᠲᠦᠪ ᠬᠤᠷᠢᠶ᠎ᠠ ᠳᠤ ᠲᠠᠯᠪᠢᠭᠰᠠᠨ ᠢᠲᠡᠭᠡᠯ ᠨᠠᠶᠢᠳᠠᠪᠤᠷᠢ ᠶᠢ ᠨᠡᠮᠡᠭᠳᠡᠬᠦᠯᠬᠦ ᠪᠤᠯ ᠬᠠᠮᠤᠭ ᠤᠨ ᠶᠡᠭᠡ ᠠᠮᠵᠢᠯᠲᠠ | ᠮᠦᠨ᠃ ᠨᠠᠮ ᠤᠨ ᠲᠦᠪ ᠬᠤᠷᠢᠶ᠎ᠠ ᠶᠢᠨ ᠠᠷᠠᠳ ᠲᠦᠮᠡᠨ ᠳᠤ ᠠᠰᠢᠭ ᠬᠦᠷᠲᠡᠭᠡᠬᠦ ᠰᠢᠷᠢᠰ ᠲᠦᠷᠦ ᠶᠢᠨ | ᠪᠤᠳᠤᠯᠭ᠎ᠠ ᠶᠢ ᠨᠠᠶᠢᠳᠠᠪᠤᠷᠢᠵᠢᠭᠤᠯᠬᠤ ᠳᠤ᠂ ᠵᠠᠩᠭᠢᠯᠠᠭ᠎ᠠ ᠨᠢ ᠨᠠᠮ ᠤᠨ ᠪᠠᠳᠤ ᠴᠢᠩᠭ᠎ᠠ ᠤᠳᠤᠷᠢᠳᠤᠯᠭ᠎ᠠ | ᠳᠤ ᠲᠦᠰᠢᠭᠯᠡᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠪᠠᠲᠤᠯᠠᠭ᠎ᠠ ᠪᠤᠯᠭᠠᠬᠤ ᠳᠤ ᠪᠤᠢ᠃ ᠭᠤᠤᠯ | ᠴᠤᠭᠴᠠ ᠶᠢᠨ ᠬᠠᠷᠢᠭᠤᠴᠠᠯᠭ᠎ᠠ ᠪᠤᠯᠤᠨ ᠬᠢᠨᠠᠯᠲᠠ ᠲᠠᠯᠪᠢᠯᠲᠠ ᠶᠢᠨ ᠬᠠᠷᠢᠭᠤᠴᠠᠯᠭ᠎ᠠ ᠶᠢ ᠱᠠᠳᠤ ᠱᠠᠳᠤ ᠪᠠᠷ | ᠦᠨᠳᠦᠰᠦᠨ ᠱᠠᠳᠤ ᠲᠡᠰᠢ ᠳᠡᠯᠭᠡᠷᠡᠭᠦᠯᠬᠦ ᠶᠢ ᠠᠬᠢᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠦᠷᠭᠡᠨ | ᠤᠯᠠᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ ᠢ ᠳᠡᠭᠡᠭᠰᠢᠯᠡᠭᠦᠯᠵᠤ᠂ ᠨᠠᠮ ᠤᠨ ᠲᠦᠷᠦ ᠪᠠᠷᠢᠬᠤ | ᠰᠠᠭᠤᠷᠢ ᠶᠢ ᠲᠠᠰᠤᠷᠠᠯᠲᠠ ᠦᠭᠡᠢ ᠪᠠᠬᠢᠵᠢᠭᠦᠯᠬᠦ ᠬᠡᠷᠡᠭᠲᠡᠢ᠃ | ᠳᠦᠷᠪᠡᠳᠦᠭᠡᠷ ᠲᠤ᠂ ᠢᠲᠡᠭᠡᠯ ᠢᠶᠠᠷ ᠬᠢᠨᠠᠯᠲᠠ ᠲᠠᠯᠪᠢᠯᠳᠠ ᠶᠢ ᠤᠷᠤᠯᠠᠭᠤᠯᠵᠤ ᠪᠤᠯᠬᠤ ᠦᠭᠡᠢ᠂ ᠰᠠᠬᠢᠯᠭ᠎ᠠ | ᠪᠠᠲᠦ ᠪᠠᠶᠢᠴᠠᠭᠠᠬᠤ ᠬᠤᠷᠢᠶ᠎ᠠ ᠶᠢᠨ ᠲᠤᠰ ᠪᠡᠶ᠎ᠠ ᠶᠢᠨ ᠬᠢᠨᠠᠯᠲᠠ ᠲᠠᠯᠪᠢᠯᠲᠠ ᠶᠢ ᠨᠠᠮ ᠤᠨ ᠳᠤᠳᠤᠭᠠᠳᠦ ᠶᠢᠨ ᠬᠢᠨᠠᠯᠲᠠ | ᠲᠠᠯᠪᠢᠯᠲᠠ᠂ ᠨᠡᠶᠢᠭᠡᠮ ᠤᠨ ᠬᠢᠨᠠᠯᠲᠠ ᠲᠠᠯᠪᠢᠯᠲᠠ ᠯᠤᠭ᠎ᠠ ᠤᠷᠭᠠᠨᠢᠭ ᠢᠶᠠᠷ ᠤᠶᠠᠯᠳᠤᠭᠤᠯᠵᠤ ᠪᠠᠶᠢᠭᠠᠳ ᠨᠠᠮ ᠪᠤᠯᠤᠨ | ᠠᠷᠠᠳ ᠲᠦᠮᠡᠨ ᠤ ᠰᠢᠯᠭᠠᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠢ᠃ ᠨᠠᠮ ᠤᠨ ᠳᠦᠷᠢᠮ ᠨᠢ ᠰᠠᠬᠢᠯᠭ᠎ᠠ | ᠪᠠᠲᠦ ᠪᠠᠶᠢᠴᠠᠭᠠᠬᠤ ᠬᠤᠷᠢᠶ᠎ᠠ ᠳᠤ ᠡᠷᠬᠡ ᠰᠦᠷᠲᠦ ᠪᠠᠶᠢᠷᠢ ᠰᠠᠭᠤᠷᠢ ᠪᠠ ᠴᠢᠬᠤᠯᠠ ᠡᠭᠦᠷᠭᠡ ᠬᠠᠷᠢᠭᠤᠴᠠᠯᠭ᠎ᠠ | ᠤᠯᠭᠤᠪᠠ᠂ ᠡᠨᠡ ᠪᠤᠯ ᠢᠲᠡᠭᠡᠯ ᠮᠦᠨ᠂ ᠪᠠᠰᠠ ᠰᠢᠯᠭᠠᠯᠲᠠ ᠮᠦᠨ᠃ ᠲᠡᠮᠦᠷ ᠢ ᠲᠠᠪᠳᠠᠬᠤ ᠳᠤ ᠦᠪᠡᠷ ᠢᠶᠠᠨ | ᠬᠠᠲᠠᠭᠤ ᠪᠠᠶᠢᠬᠤ ᠬᠡᠷᠡᠭᠲᠡᠢ᠃ ᠪᠦᠬᠦ ᠲᠠᠯ᠎ᠠ ᠪᠠᠷ ᠨᠠᠮ ᠢ ᠴᠢᠩᠭ᠎ᠠ ᠵᠠᠰᠬᠠᠤ ᠨᠢ ᠰᠠᠬᠢᠯᠭ᠎ᠠ ᠪᠠᠲᠦ ᠪᠠᠶᠢᠴᠠᠭᠠᠬᠤ | ᠬᠤᠷᠢᠶ᠎ᠠ ᠶᠢᠨ ᠭᠤᠤᠯ ᠠᠵᠢᠯ ᠲᠠᠢ ᠬᠤᠯᠪᠤᠭᠳᠠᠵᠤ ᠪᠠᠶᠢᠳᠠᠭ᠂ ᠦᠨᠡᠨᠴᠢ ᠰᠢᠳᠤᠷᠭᠤ ᠠᠷᠢᠭᠤᠨ ᠴᠡᠪᠡᠷ | ᠬᠠᠷᠢᠴᠠᠭᠤᠯᠭ᠎ᠠ ᠡᠭᠦᠷᠬᠡᠯᠡᠬᠦ ᠡᠩᠨᠡᠭᠡ ᠶᠢ ᠪᠠᠶᠢᠭᠤᠯᠬᠤ ᠪᠤᠯ ᠮᠠᠨ ᠤ ᠨᠠᠮ ᠤᠨ ᠤᠯᠤᠰ ᠲᠦᠷᠦ ᠶᠢᠨ ᠡᠭᠦᠷᠭᠡ ᠪᠤᠯᠤᠨ᠎ᠠ | ᠃ ᠨᠠᠮ ᠤᠨ ᠤᠳᠤᠷᠢᠳᠤᠯᠭ᠎ᠠ ᠨᠢ ᠬᠠᠮᠢᠶᠠᠷᠤᠯᠲᠠ ᠪᠠ ᠬᠢᠨᠠᠯᠲᠠ ᠲᠠᠯᠪᠢᠯᠲᠠ ᠶᠢ ᠪᠠᠭᠳᠠᠭᠠᠵᠤ ᠪᠠᠶᠢᠭ᠎ᠠ ᠶᠤᠮ᠂ ᠡᠩ | ᠲᠡᠷᠢᠭᠦᠨ ᠳᠤ ᠨᠠᠮ ᠤᠨ ᠬᠤᠷᠢᠶ᠎ᠠ ᠠᠴᠠ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢ ᠬᠠᠮᠢᠶᠠᠷᠬᠤ ᠶᠢ ᠴᠢᠩᠭᠠᠳᠬᠠᠬᠤ | ᠬᠡᠷᠡᠭᠲᠡᠢ᠃ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠬᠢᠨ ᠲᠤᠰ ᠪᠡᠶ᠎ᠠ ᠶᠢᠨ ᠬᠢᠨᠠᠯᠲᠠ ᠲᠠᠯᠪᠢᠯᠲᠠ ᠪᠤᠯᠤᠨ ᠨᠠᠮ | ᠤᠨ ᠳᠤᠳᠤᠭᠠᠳᠦ ᠶᠢᠨ ᠬᠢᠨᠠᠯᠲᠠ ᠲᠠᠯᠪᠢᠯᠲᠠ ᠶᠢ ᠤᠶᠠᠯᠳᠤᠭᠤᠯᠵᠤ ᠪᠠᠶᠢᠭᠠᠳ ᠠᠷᠠᠳᠴᠢᠯᠠᠯ ᠤᠨ ᠬᠢᠨᠠᠯᠲᠠ᠂ ᠤᠯᠠᠨ | ᠲᠦᠮᠡᠨ ᠤ ᠬᠢᠨᠠᠯᠲᠠ᠂ ᠶᠡᠷᠢᠶ᠎ᠠ ᠬᠡᠯᠡᠯᠴᠡᠭᠡᠨ ᠤ ᠬᠢᠨᠠᠯᠲᠠ ᠯᠤᠭ᠎ᠠ ᠤᠷᠭᠠᠨᠢᠭ ᠢᠶᠠᠷ ᠠᠭᠤᠰᠤᠯᠴᠠᠭᠤᠯᠵᠤ᠂ ᠰᠠᠬᠢᠯᠭ᠎ᠠ | ᠪᠠᠲᠦ ᠪᠠᠶᠢᠴᠠᠭᠠᠬᠤ ᠬᠢᠨᠠᠨ ᠪᠠᠶᠢᠴᠠᠭᠠᠬᠤ ᠪᠠᠶᠢᠭᠤᠯᠭ᠎ᠠ ᠶᠢᠨ ᠵᠠᠰᠠᠯᠲᠠ ᠶᠢᠨ ᠰᠢᠰᠲ᠋ᠧᠮ ᠪᠤᠯᠤᠨ ᠵᠠᠰᠠᠯᠲᠠ ᠶᠢᠨ | ᠴᠢᠳᠠᠪᠤᠷᠢ ᠶᠢᠨ ᠪᠠᠶᠢᠭᠤᠯᠤᠯᠲᠠ ᠶᠢ ᠳᠡᠭᠡᠭᠰᠢᠯᠡᠬᠦᠯᠬᠦ ᠬᠡᠷᠡᠭᠲᠡᠢ᠃ | ᠲᠠᠪᠤᠳᠤᠭᠠᠷ ᠲᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠬᠠᠤ ᠠᠵᠢᠯ ᠬᠡᠵᠢᠶᠡᠳᠡ ᠲᠠᠭᠤᠰᠤᠰᠢ ᠦᠭᠡᠢ | ᠶᠠᠪᠤᠬᠳᠠᠨ᠎ᠠ᠂ ᠠᠭᠤᠵᠢᠮ ᠰᠤᠯᠠ ᠵᠦᠭᠡᠯᠡᠨ ᠠᠴᠠ ᠴᠢᠩᠭ᠎ᠠ ᠪᠠᠴᠢᠮ ᠬᠠᠲᠠᠭᠤ ᠪᠤᠯᠭᠠᠬᠤ ᠪᠤᠯ ᠤᠷᠲᠦ ᠤᠳᠠᠭᠠᠨ | ᠶᠠᠪᠤᠴᠠ ᠪᠤᠯᠤᠨ᠎ᠠ᠂ ᠪᠠᠷᠢᠮᠲᠠᠯᠠᠬᠤ ᠳᠤᠮᠳᠠ ᠭᠦᠨᠵᠡᠭᠡᠶᠢᠷᠡᠭᠦᠯᠵᠤ᠂ ᠭᠦᠨᠵᠡᠭᠡᠶᠢᠷᠡᠭᠦᠯᠬᠦ ᠳᠤᠮᠳᠠ ᠪᠠᠷᠢᠮᠲᠠᠯᠠᠬᠤ ᠬᠡᠷᠡᠭᠲᠡᠢ | ᠃ ᠬᠡᠵᠢᠶᠡᠳᠡ ᠲᠠᠭᠤᠰᠤᠰᠢ ᠦᠭᠡᠢ ᠶᠠᠪᠤᠬᠳᠠᠬᠤ ᠳᠤ᠂ ᠵᠠᠩᠭᠢᠯᠠᠭ᠎ᠠ ᠨᠢ ᠡᠬᠢᠯᠡᠯᠲᠡ ᠳᠤ ᠪᠠᠶᠢᠨ᠎ᠠ᠂ ᠭᠤᠤᠯᠳᠠᠯᠭ᠎ᠠ ᠨᠢ | ᠴᠢᠭᠯᠡᠯ ᠢ ᠪᠠᠷᠢᠮᠲᠠᠯᠠᠬᠤ ᠳᠤ ᠪᠠᠶᠢᠨ᠎ᠠ᠃ ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠠᠭᠤᠵᠢᠮ ᠰᠤᠯᠠ ᠵᠦᠭᠡᠯᠡᠨ | ᠪᠤᠯᠤᠭᠰᠠᠨ ᠨᠢ ᠤᠯᠠᠨ ᠵᠢᠯ ᠤᠨ ᠲᠤᠷᠰᠢ ᠳᠤ ᠪᠦᠷᠢᠯᠳᠦᠭᠰᠡᠨ ᠶᠤᠮ᠂ ᠴᠢᠩᠭ᠎ᠠ ᠪᠠᠴᠢᠮ ᠬᠠᠲᠠᠭᠤ ᠪᠤᠯᠭᠠᠬᠤ ᠠᠵᠢᠯ ᠢ | ᠪᠠᠰᠠ ᠤᠬᠤᠷᠬᠠᠨ ᠬᠤᠭᠤᠴᠠᠭᠠᠨ ᠳᠤ ᠪᠡᠶᠡᠯᠡᠭᠦᠯᠵᠤ ᠲᠡᠶᠢᠯᠬᠦ ᠦᠭᠡᠢ ᠶᠤᠮ᠃ ᠪᠠᠷᠢᠮᠲᠠᠯᠠᠬᠤ ᠦᠭᠡᠢ ᠪᠤᠯ | ᠭᠦᠨᠵᠡᠭᠡᠶᠢᠷᠡᠭᠦᠯᠵᠤ ᠳᠡᠶᠢᠯᠬᠦ ᠦᠭᠡᠢ᠂ ᠭᠦᠨᠵᠡᠭᠡᠶᠢᠷᠡᠭᠦᠯᠬᠦ ᠦᠭᠡᠢ ᠪᠤᠯ ᠪᠠᠷᠢᠮᠲᠠᠯᠠᠭᠰᠠᠨ ᠤ ᠬᠡᠷᠡᠭ ᠠᠯᠠᠭ᠎ᠠ᠃ | ᠪᠠᠷᠢᠮᠲᠠᠯᠠᠬᠤ ᠪᠤᠯᠤᠨ ᠭᠦᠨᠵᠡᠭᠡᠶᠢᠷᠡᠭᠦᠯᠬᠦ ᠶᠢᠨ ᠬᠠᠷᠢᠴᠠᠭ᠎ᠠ ᠶᠢ ᠵᠦᠪ ᠤᠨᠤᠪᠴᠢᠲᠠᠢ ᠡᠵᠡᠮᠳᠡᠬᠦ ᠨᠢ᠂ ᠰᠢᠨᠵᠢᠯᠡᠬᠦ | ᠤᠬᠠᠭᠠᠨ ᠤ ᠵᠤᠷᠢᠭ ᠰᠠᠨᠠᠭ᠎ᠠ ᠶᠢ ᠢᠯᠡᠷᠡᠭᠦᠯᠵᠤ ᠪᠠᠶᠢᠭ᠎ᠠ ᠶᠤᠮ᠂ ᠲᠡᠷᠡᠴᠢᠯᠡᠨ ᠡᠨᠡ ᠪᠤᠯ ᠴᠢᠬᠤᠯᠠ ᠦᠵᠡᠯ ᠰᠠᠨᠠᠭᠠᠨ | ᠤ ᠠᠷᠭ᠎ᠠ ᠪᠠᠷᠢᠯ ᠪᠠ ᠠᠵᠢᠯ ᠤᠨ ᠠᠷᠭ᠎ᠠ ᠪᠠᠷᠢᠯ ᠪᠤᠯᠤᠨ᠎ᠠ᠃ ᠲᠠᠰᠤᠷᠠᠯᠲᠠ ᠦᠭᠡᠢ ᠬᠦᠭᠵᠢᠭᠦᠯᠬᠦ ᠤᠨᠤᠯ ᠪᠤᠯᠤᠨ | ᠬᠦᠭᠵᠢᠯᠲᠠ ᠶᠢᠨ ᠱᠠᠳᠤᠨ ᠤ ᠤᠨᠤᠯ ᠢ ᠬᠠᠷᠢᠯᠴᠠᠨ ᠤᠶᠠᠯᠳᠤᠭᠤᠯᠬᠤ ᠶᠢ ᠪᠠᠷᠢᠮᠲᠠᠯᠠᠵᠤ᠂ ᠪᠠᠳᠤ ᠴᠢᠩᠭ᠎ᠠ ᠤᠯᠤᠰ | ᠲᠦᠷᠦ ᠶᠢᠨ ᠲᠤᠭᠳᠠᠯ ᠬᠦᠴᠦᠨ ᠢ ᠪᠠᠷᠢᠮᠲᠠᠯᠠᠵᠤ᠂ ᠤᠯᠤᠰ ᠲᠦᠷᠦ ᠶᠢᠨ ᠠᠮᠢᠳᠤᠷᠠᠯ ᠢ ᠴᠢᠩᠳᠠᠯᠠᠬᠤ ᠳᠤ | ᠲᠦᠰᠢᠭᠯᠡᠵᠤ᠂ ᠨᠠᠮ ᠤᠨ ᠳᠤᠳᠤᠭᠠᠳᠦ ᠶᠢᠨ ᠬᠢᠨᠠᠯᠲᠠ ᠲᠠᠯᠪᠢᠯᠲᠠ ᠶᠢ ᠴᠢᠩᠭᠠᠳᠬᠠᠬᠤ ᠳᠤ ᠲᠦᠰᠢᠭᠯᠡᠵᠤ᠂ | ᠬᠠᠷᠢᠭᠤᠴᠠᠯᠭ᠎ᠠ ᠨᠡᠬᠡᠮᠵᠢᠯᠡᠬᠦ ᠳᠤ ᠲᠦᠰᠢᠭᠯᠡᠵᠤ᠂ ᠬᠦᠮᠦᠨ ᠢ ᠵᠦᠪ ᠰᠤᠩᠭᠤᠵᠤ ᠬᠦᠮᠦᠨ ᠢ ᠰᠠᠶᠢᠲᠤᠷ ᠬᠡᠷᠡᠭᠯᠡᠬᠦ ᠳᠤ | ᠲᠦᠰᠢᠭᠯᠡᠵᠤ ᠪᠠᠶᠢᠭᠠᠳ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠭᠤᠶᠢᠪᠢᠰᠢ ᠦᠭᠡᠢ ᠭᠦᠨᠵᠡᠭᠡᠢ | ᠠᠬᠢᠭᠤᠯᠬᠤ ᠬᠡᠷᠡᠭᠲᠡᠢ᠃ | ᠪᠦᠭᠦᠳᠡ ᠬᠤᠷᠠᠯ ᠠᠴᠠ᠂ ᠡᠨᠡ ᠵᠢᠯ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠦᠯᠦᠭᠡᠯᠡᠭᠴᠢᠳ ᠤᠨ ᠶᠡᠭᠡ ᠬᠤᠷᠠᠯ ᠢ ᠬᠤᠷᠠᠯᠳᠤᠭᠤᠯᠬᠤ ᠪᠠᠷ ᠪᠤᠢ᠂ ᠰᠠᠬᠢᠯᠭ᠎ᠠ ᠪᠠᠲᠤ ᠪᠠᠶᠢᠴᠠᠭᠠᠬᠤ ᠠᠵᠢᠯ ᠢ | ᠰᠠᠶᠢᠳᠤᠷ ᠬᠢᠬᠦ ᠨᠢ ᠴᠢᠬᠤᠯᠠ ᠠᠴᠢ ᠬᠤᠯᠪᠤᠭᠳᠠᠯ ᠲᠠᠢ ᠶᠤᠮ᠃ ᠡᠨᠡ ᠵᠢᠯ ᠤᠨ ᠠᠵᠢᠯ ᠤᠨ ᠶᠡᠷᠦᠩᠬᠡᠢ ᠱᠠᠭᠠᠷᠳᠠᠯᠭ᠎ᠠ | ᠭᠡᠪᠡᠯ᠄ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠪᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠵᠢᠨᠭᠤᠷᠪᠠ᠂ ᠳᠥᠷᠪᠡ᠂ ᠲᠠᠪᠤ᠂ ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ | ᠲᠠᠯ᠎ᠠ ᠪᠠᠷ ᠲᠤᠤᠱᠠᠯᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠷᠢᠰ ᠴᠢᠬᠤᠯᠠ ᠶᠠᠷᠢᠶᠠᠨ ᠤ ᠵᠤᠷᠢᠭ | ᠰᠠᠨᠠᠭ᠎ᠠ ᠶᠢ ᠭᠦᠨᠵᠡᠭᠡᠢ ᠲᠤᠤᠱᠯᠠᠭᠤᠯᠵᠤ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠬᠡᠢ | ᠪᠠᠶᠢᠷᠢᠰᠢᠭᠤᠯᠤᠯᠲᠠ ᠶᠢ ᠨᠢᠭᠡᠳᠦᠯᠲᠡᠢ ᠲᠦᠯᠦᠪᠵᠢᠭᠦᠯᠦᠨ ᠠᠬᠢᠭᠤᠯᠬᠤ ᠪᠠ ︽ᠳᠦᠷᠪᠡᠨ ᠪᠦᠬᠦ ᠲᠠᠯ᠎ᠠ︾ ᠶᠢᠨ | ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠲᠠ ᠶᠢ ᠵᠤᠬᠢᠴᠠᠩᠭᠤᠢ ᠠᠬᠢᠭᠤᠯᠵᠤ᠂ ᠰᠢ ᠶᠢᠨ ᠫᠢᠩ ᠨᠦᠬᠦᠷ ᠢᠶᠠᠷ | ᠭᠤᠤᠯ ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠬᠡ ᠰᠦᠷ ᠢ ᠡᠷᠡᠰ ᠬᠠᠮᠠᠭᠠᠯᠠᠵᠤ᠂ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠤᠳᠤᠭᠠᠳᠤ ᠶᠢᠨ ᠬᠢᠨᠠᠯᠲᠠ | ᠲᠠᠯᠪᠢᠯᠳᠠ ᠶᠢ ᠴᠢᠩᠭᠠᠳᠬᠠᠵᠤ᠂ ᠦᠩᠭᠡᠨ ᠲᠠᠯ᠎ᠠ ᠪᠠ ᠦᠨᠳᠦᠰᠦ ᠠᠴᠠ ᠨᠢ ᠵᠠᠰᠠᠬᠤ ᠶᠢ ᠠᠬᠢᠭᠤᠯᠵᠤ᠂ ᠤᠯᠤᠰ ᠤᠨ | ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠰᠠᠬᠢᠯᠭ᠎ᠠ ᠪᠠᠲᠤ ᠬᠡᠷᠡᠭᠵᠢᠭᠦᠯᠬᠦ | ᠳᠤ ᠬᠢᠨᠠᠯᠳᠠ ᠲᠠᠯᠪᠢᠬᠤ ᠬᠠᠷᠢᠭᠤᠴᠠᠯᠭ᠎ᠠ ᠨᠡᠬᠡᠮᠵᠢᠯᠡᠬᠦ ᠶᠢ ᠴᠢᠩᠭᠠᠳᠬᠠᠵᠤ᠂ ︽ᠳᠦᠷᠪᠡᠨ ᠰᠤᠷᠲᠠᠯ︾ ᠢ ᠴᠦᠬᠦᠷᠡᠰᠢ | ᠦᠭᠡᠢ ᠪᠠᠷ ᠵᠠᠯᠠᠷᠠᠭᠤᠯᠵᠤ᠂ ᠢᠯᠵᠢᠷᠠᠯ ᠢ ᠵᠠᠯᠬᠠᠭᠠᠨ ᠰᠢᠳᠬᠡᠬᠦ ᠰᠦᠷ ᠬᠦᠴᠦᠳᠤ ᠪᠠᠶᠢᠳᠠᠯ ᠢ ᠪᠠᠳᠤᠯᠠᠵᠤ᠂ ᠨᠠᠮ ᠤᠨ | ᠲᠤᠲᠤᠭᠠᠳᠤ ᠶᠢᠨ ᠤᠯᠤᠰ ᠲᠦᠷᠦ ᠶᠢᠨ ᠠᠮᠢ ᠠᠬᠤᠢ ᠶᠢ ᠰᠠᠶᠢᠳᠤᠷ ᠬᠠᠮᠠᠭᠠᠯᠠᠵᠤ᠂ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠠᠵᠢᠯ ᠤᠨ ᠬᠦᠨᠵᠡᠭᠡᠶᠢᠷᠡᠨ ᠬᠦᠭᠵᠢᠬᠦ ᠶᠢ ᠠᠬᠢᠭᠤᠯᠬᠤ ᠬᠡᠷᠡᠭᠲᠡᠢ᠃ ᠲᠡᠮᠦᠷ ᠢ ᠲᠠᠪᠳᠠᠬᠤ ᠳᠤ ᠦᠪᠡᠷ ᠢᠶᠠᠨ | ᠬᠠᠲᠠᠭᠤ ᠪᠠᠶᠢᠬᠤ ᠬᠡᠷᠡᠭᠲᠡᠢ᠂ ᠡᠷᠬᠡᠪᠰᠢ ᠳᠦᠷᠢᠮ ᠤᠨ ᠰᠢᠩᠬᠡᠯᠢᠭ ᠢ ᠪᠠᠬᠢᠯᠡᠵᠤ᠂ ᠰᠠᠬᠢᠯᠭ᠎ᠠ ᠪᠠᠲᠤ ᠬᠡᠷᠡᠭᠵᠢᠭᠦᠯᠬᠦ ᠲᠤ | ᠬᠢᠨᠠᠯᠳᠠ ᠲᠠᠯᠪᠢᠬᠤ ᠠᠵᠢᠯ ᠤᠨ ᠳᠦᠷᠢᠮ ᠳᠤᠭᠲᠠᠭᠠᠯ ᠢ ᠴᠢᠩᠭ᠎ᠠ ᠬᠡᠷᠡᠭᠵᠢᠭᠦᠯᠵᠦ᠂ ᠤᠳᠤᠷᠢᠳᠬᠤ ᠪᠠᠭ ᠪᠠ ᠺᠠᠳ᠋ᠷ | ᠤᠨ ᠡᠩᠨᠡᠭᠡ ᠶᠢᠨ ᠪᠠᠶᠢᠭᠤᠯᠤᠯᠲᠠ ᠶᠢ ᠴᠢᠩᠭᠠᠳᠬᠠᠵᠤ᠂ ᠬᠠᠷᠢᠭᠤᠴᠠᠯᠭ᠎ᠠ ᠡᠭᠦᠷᠭᠡᠯᠡᠬᠦ ᠪᠠᠷ ᠦᠨᠡᠨᠴᠢ ᠰᠢᠳᠤᠷᠭᠤ ᠶᠢ | ᠲᠤᠳᠤᠷᠬᠠᠶᠢᠯᠠᠵᠤ᠂ ᠰᠠᠶᠢᠨ ᠰᠠᠶᠢᠬᠠᠨ ᠤᠶᠤᠨ ᠰᠠᠨᠠᠭᠠᠨ ᠤ ᠪᠠᠶᠢᠳᠠᠯ ᠪᠠ ᠠᠵᠢᠯ ᠤᠨ ᠰᠢᠯᠢᠳᠡᠭ ᠠᠮᠵᠢᠯᠳᠠ ᠪᠠᠷ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠤᠷᠠᠯᠳᠤᠬᠤ ᠶᠢ ᠤᠬᠳᠤᠬᠤ ᠬᠡᠷᠡᠭᠳᠡᠢ ᠬᠡᠵᠥ ᠲᠤᠷᠠᠳᠪᠠ᠃ | ᠨᠢᠭᠡᠳᠦᠭᠡᠷ ᠲᠤ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ | ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠬᠦᠨᠵᠡᠭᠡᠢ ᠰᠤᠷᠤᠯᠴᠠᠨ ᠲᠤᠤᠱᠯᠠᠭᠤᠯᠵᠤ᠂ ᠨᠠᠮ ᠤᠨ ᠲᠤᠳᠤᠭᠠᠳᠤ ᠶᠢᠨ | ᠤᠯᠤᠰ ᠲᠦᠷᠦ ᠶᠢᠨ ᠠᠮᠢᠳᠤᠷᠠᠯ ᠢ ᠴᠢᠩᠳᠠᠯᠠᠵᠤ᠂ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠯᠳᠠ ᠶᠢ | ᠴᠢᠩᠭᠠᠳᠬᠠᠵᠤ᠂ ᠬᠤᠭᠤᠴᠠᠭ᠎ᠠ ᠰᠤᠯᠢᠬᠤ ᠰᠠᠬᠢᠯᠭ᠎ᠠ ᠪᠠᠲᠤ ᠶᠢ ᠴᠢᠩᠳᠠᠯᠠᠬᠤ ᠬᠡᠷᠡᠭᠳᠡᠢ᠃ ᠰᠠᠬᠢᠯᠭ᠎ᠠ ᠪᠠᠲᠤ | ᠪᠠᠶᠢᠴᠠᠭᠠᠬᠤ ᠪᠠᠶᠢᠭᠤᠯᠭ᠎ᠠ ᠨᠠᠮ ᠤᠨ ᠲᠤᠳᠤᠭᠠᠳᠤ ᠶᠢᠨ ᠬᠢᠨᠠᠯᠲᠠ ᠲᠠᠯᠪᠢᠬᠤ ᠲᠤᠰᠬᠠᠢ ᠬᠠᠷᠢᠭᠤᠴᠠᠯᠭᠠᠳᠤ | ᠪᠠᠶᠢᠭᠤᠯᠭ᠎ᠠ ᠶᠢᠨ ᠬᠠᠷᠢᠭᠤᠴᠠᠯᠭ᠎ᠠ ᠪᠠᠨ ᠭᠦᠢᠴᠡᠳᠬᠡᠵᠦ᠂ ᠨᠠᠮ ᠤᠨ ᠲᠤᠳᠤᠭᠠᠳᠤ ᠶᠢᠨ ᠤᠯᠤᠰ ᠲᠦᠷᠦ ᠶᠢᠨ | ᠠᠮᠢᠳᠤᠷᠠᠯ ᠤᠨ ᠪᠠᠷᠢᠮᠵᠢᠶ᠎ᠠ ᠪᠠ ᠨᠠᠮ ᠤᠨ ᠲᠤᠳᠤᠭᠠᠳᠤ ᠶᠢᠨ ᠬᠢᠨᠡᠯᠲᠡ ᠲᠠᠯᠪᠢᠬᠤ ᠳᠦᠷᠢᠮ ᠢᠶᠠᠷ ᠬᠡᠮᠵᠢᠭᠦᠷ ᠪᠤᠯᠭᠠᠵᠤ᠂ | ᠵᠢᠷᠭᠤᠳᠤᠭᠠᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠲᠤᠤᠱᠯᠠᠭᠤᠯᠠᠨ ᠨᠠᠶᠢᠳᠠᠪᠤᠷᠢᠵᠢᠭᠤᠯᠤᠭᠰᠠᠨ ᠪᠠᠶᠢᠳᠠᠯ ᠳᠤ | ᠬᠢᠨᠠᠯᠲᠠ ᠲᠠᠯᠪᠢᠨ ᠪᠠᠶᠢᠴᠠᠭᠠᠬᠤ ᠪᠠᠨ ᠴᠢᠩᠭᠠᠳᠬᠠᠵᠤ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ | ᠲᠦᠷᠦ ᠶᠢᠨ ᠶᠤᠰᠤ ᠵᠢᠷᠤᠮ ᠢ ᠴᠢᠩᠭᠠᠳᠬᠠᠵᠤ᠂ ᠨᠠᠮ ᠤᠨ ᠪᠦᠯᠬᠦᠮᠳᠡᠯ ᠨᠢᠭᠡᠳᠦᠯ ᠢ ᠡᠷᠡᠰ ᠬᠠᠮᠠᠭᠠᠯᠠᠬᠤ ᠬᠡᠷᠡᠭᠲᠡᠢ᠃ | ᠬᠦᠮᠦᠨ ᠰᠤᠩᠭᠤᠵᠤ ᠬᠦᠮᠦᠨ ᠬᠡᠷᠡᠭᠯᠡᠬᠦ ᠤᠯᠤᠰ ᠲᠦᠷᠦ ᠶᠢᠨ ᠪᠤᠭᠤᠮᠲᠠ᠂ ᠠᠷᠢᠭᠤᠨ ᠴᠢᠭᠡᠴᠢ ᠶᠢᠨ ᠪᠤᠭᠤᠮᠲᠠ ᠶᠢ | ᠴᠢᠩᠭ᠎ᠠ ᠠᠳᠬᠤᠵᠤ᠂ ᠺᠠᠳ᠋ᠷᠴᠤᠳ ᠢ ︽ᠠᠰᠠᠭᠤᠳᠠᠯ ᠲᠠᠢ ᠪᠠᠶᠢᠳᠠᠯ᠎ᠠ ᠰᠢᠯᠢᠨ ᠳᠡᠪᠰᠢᠭᠦᠯᠬᠦ︾᠂ ︽ᠠᠰᠠᠭᠤᠳᠠᠯ ᠲᠠᠢ | ᠪᠠᠶᠢᠳᠠᠯ᠎ᠠ ᠠᠵᠢᠯ ᠤᠨ ᠪᠠᠶᠢᠷᠢᠨ ᠳᠤ ᠭᠠᠷᠭᠠᠬᠤ︾ ᠶᠢ ᠰᠡᠷᠭᠡᠶᠢᠯᠡᠵᠦ᠂ ᠲᠦᠪ ᠬᠤᠷᠢᠶ᠎ᠠ ᠪᠠ ᠤᠷᠤᠨ ᠨᠤᠳᠤᠭ ᠤᠨ | ᠬᠤᠭᠤᠴᠠᠭ᠎ᠠ ᠰᠤᠯᠢᠬᠤ ᠠᠵᠢᠯ ᠳᠤ ᠵᠤᠬᠢᠶᠠᠨ ᠪᠠᠶᠢᠭᠤᠯᠤᠯᠲᠠ ᠶᠢᠨ ᠪᠠ ᠺᠠᠳ᠋ᠷ ᠤᠨ ᠪᠠᠲᠤᠯᠠᠭ᠎ᠠ ᠶᠢ ᠬᠠᠩᠭᠠᠬᠤ | ᠬᠡᠷᠡᠭᠳᠡᠢ᠃ | ᠬᠤᠶᠠᠳᠤᠭᠠᠷ ᠲᠤ᠂ ᠯᠠᠪᠳᠠᠭᠤᠨ ᠪᠠᠳᠤᠳᠠᠢ ᠠᠵᠢᠯᠯᠠᠵᠤ᠂ ᠰᠤᠷᠲᠠᠯ ᠤᠨ ᠪᠠᠶᠢᠭᠤᠯᠤᠯᠲᠠ ᠶᠢᠨ ᠬᠢᠷᠢ | ᠲᠡᠩᠴᠡᠭᠰᠡᠨ ᠰᠢᠯᠭᠠᠯᠲᠠ ᠶᠢᠨ ᠬᠠᠭᠤᠳᠠᠰᠤ ᠲᠤᠰᠢᠶᠠᠬᠤ ᠬᠡᠷᠡᠭᠳᠡᠢ᠃ ︽ᠳᠦᠷᠪᠡᠨ ᠰᠤᠷᠲᠠᠯ︾ ᠢ ᠵᠠᠯᠠᠷᠠᠭᠤᠯᠬᠤ ᠶᠢ | ᠴᠢᠩᠭ᠎ᠠ ᠠᠳᠬᠤᠵᠤ᠂ ᠪᠤᠲᠠᠲᠠᠢ ᠠᠵᠢᠯᠯᠠᠵᠥ᠂ ᠬᠠᠭᠤᠴᠢᠨ ᠠᠰᠠᠭᠤᠳᠠᠯ ᠢ ᠴᠢᠩᠭ᠎ᠠ ᠪᠠᠷᠢᠵᠥ᠂ ᠰᠢᠨ᠎ᠡ ᠬᠠᠨᠳᠤᠰᠢ ᠶᠢ | ᠠᠩᠬᠠᠷᠴᠤ᠂ ᠳᠠᠬᠢᠨ ᠳᠡᠯᠭᠡᠷᠡᠬᠦ ᠶᠢ ᠡᠷᠡᠰ ᠰᠡᠷᠭᠡᠶᠢᠯᠡᠬᠦ ᠬᠡᠷᠡᠭᠳᠠᠢ᠃ ᠰᠠᠬᠢᠯᠭ᠎ᠠ ᠪᠠᠲᠤ ᠬᠡᠷᠭᠵᠢᠭᠦᠯᠦᠭᠰᠡᠡ ᠪᠠᠶᠢᠳᠠᠯ ᠢ | ᠬᠢᠨᠡᠨ ᠪᠠᠶᠢᠴᠠᠭᠠᠵᠥ ᠪᠠᠶᠢᠭ᠎ᠠ ᠬᠦᠮᠥᠰ ᠲᠤ ︽ᠳᠦᠷᠪᠡᠨ ᠰᠤᠷᠲᠠᠯ︾ ᠤᠨ ᠠᠰᠠᠭᠤᠳᠠᠯ ᠤᠷᠤᠰᠢᠵᠤ ᠪᠠᠶᠢᠪᠠᠯ | ᠪᠤᠰᠤᠳ ᠠᠰᠠᠭᠤᠳᠠᠯ ᠠᠴᠠ ᠤᠷᠢᠳᠴᠢᠯᠠᠨ ᠪᠠᠶᠢᠴᠠᠭᠠᠨ ᠰᠢᠢᠳᠪᠦᠷᠢᠯᠡᠵᠦ ᠢᠯᠡᠴᠢᠯᠡᠨ ᠮᠡᠳᠡᠭᠦᠯᠬᠦ ᠬᠡᠷᠡᠭᠲᠡᠢ᠃ ᠲᠦᠪ | ᠤᠨ ᠨᠠᠢᠮᠠᠨ ᠳᠤᠭᠲᠠᠭᠠᠯ ᠤᠨ ᠵᠤᠷᠢᠭ ᠰᠠᠨᠠᠭ᠎ᠠ ᠠᠷᠭ᠎ᠠ ᠬᠡᠮᠵᠢᠶ᠎ᠡ ᠶᠢ ᠬᠡᠷᠡᠭᠵᠢᠭᠦᠯᠦᠭᠰᠡᠨ ᠪᠠᠶᠢᠳᠠᠯ ᠢ ᠪᠠᠶᠢᠴᠠᠭᠠᠨ | ᠨᠠᠶᠢᠳᠠᠪᠤᠷᠢᠵᠢᠭᠤᠯᠵᠤ᠂ ᠦᠨᠡᠨ ᠢ ᠪᠠᠷᠢᠮᠳᠠᠯᠠᠨ ᠳᠦᠷᠢᠮ ᠳᠤ ᠵᠠᠰᠠᠪᠤᠷᠢ ᠤᠷᠤᠭᠤᠯᠤᠨ᠎ᠠ᠃ ᠰᠤᠶᠤᠯ ᠤᠨ ᠢᠲᠡᠭᠡᠯ ᠢ | ᠪᠠᠲᠤᠳᠬᠠᠵᠤ᠂ ᠨᠠᠮ ᠤᠨ ᠰᠢᠯᠢᠳᠡᠭ ᠰᠤᠷᠲᠠᠯ ᠢ ᠪᠠᠳᠠᠷᠠᠭᠤᠯᠵᠤ᠂ ᠨᠡᠶᠢᠭᠡᠮ ᠤᠨ ᠰᠤᠷᠲᠠᠯ ᠰᠠᠶᠢᠵᠢᠷᠠᠬᠤ ᠶᠢ | ᠠᠬᠢᠭᠤᠯᠬᠤ ᠬᠡᠷᠡᠭᠳᠡᠢ᠃ | ᠭᠤᠷᠪᠠᠳᠤᠭᠠᠷ ᠲᠤ᠂ ᠬᠠᠷᠢᠭᠤᠴᠠᠯᠭ᠎ᠠ ᠶᠢ ᠴᠢᠩᠭ᠎ᠠ ᠨᠡᠬᠡᠮᠵᠢᠯᠡᠵᠥ ᠪᠠᠶᠢᠭᠠᠳ ᠡᠯ᠎ᠡ ᠱᠠᠲᠤᠨ ᠤ ᠨᠠᠮ ᠤᠨ | ᠵᠤᠬᠢᠶᠠᠨ ᠪᠠᠶᠢᠭᠤᠯᠤᠯᠲᠠ ᠶᠢᠨ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ | ᠭᠦᠢᠴᠡᠳᠬᠡᠬᠦ ᠶᠢ ᠰᠢᠮᠳᠠᠭᠤᠯᠬᠤ ᠬᠡᠷᠡᠭᠳᠡᠢ᠃ ᠡᠯ᠎ᠡ ᠱᠠᠲᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠳᠤᠮᠳᠠ ᠤᠷᠤᠰᠢᠵᠤ ᠪᠠᠶᠢᠭ᠎ᠠ ᠳᠤᠪᠤᠶᠢᠮ᠎ᠠ ᠠᠰᠠᠭᠤᠳᠠᠯ ᠢ | ᠰᠢᠢᠳᠪᠦᠷᠢᠯᠡᠬᠦ ᠶᠢ ᠠᠬᠢᠭᠤᠯᠵᠤ᠂ ︽ᠵᠠᠩᠭᠢᠯᠠᠭ᠎ᠠ ᠶᠢᠨ ᠴᠦᠬᠡᠨ ᠲᠤᠭᠠᠳᠠᠨ︾ ᠢ ᠠᠳᠬᠤᠵᠥ᠂ ᠱᠠᠳᠤ ᠱᠠᠳᠤ ᠪᠠᠷ | ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠬᠡᠷᠡᠭᠳᠡᠢ᠃ ᠬᠠᠷᠢᠭᠤᠴᠠᠯᠭ᠎ᠠ ᠨᠡᠬᠡᠮᠵᠢᠯᠡᠬᠦ ᠳᠦᠷᠢᠮ ᠢ ᠴᠢᠩᠭ᠎ᠠ | ᠬᠡᠷᠡᠭᠵᠢᠭᠦᠯᠵᠦ᠂ ᠬᠠᠷᠢᠭᠤᠴᠠᠯᠭ᠎ᠠ ᠨᠡᠬᠡᠮᠵᠢᠯᠡᠬᠦ ᠡᠷᠴᠢᠮ ᠢ ᠴᠢᠩᠭᠠᠷᠠᠭᠤᠯᠵᠤ᠂ ᠬᠠᠷᠢᠭᠤᠴᠠᠯᠭ᠎ᠠ ᠡᠭᠦᠷᠭᠡᠯᠡᠬᠦ ᠵᠤᠷᠢᠭ | ᠰᠠᠨᠠᠭ᠎ᠠ ᠶᠢ ᠬᠦᠭᠵᠢᠭᠡᠬᠦ ᠬᠡᠷᠡᠭᠳᠡᠢ᠃ | ᠳᠦᠷᠪᠡᠳᠦᠭᠡᠷ ᠲᠤ᠂ ᠬᠢᠨᠠᠨ ᠪᠠᠶᠢᠴᠠᠭᠠᠬᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠯᠠᠪᠳᠠᠭᠤᠨ ᠠᠬᠢᠭᠤᠯᠵᠤ᠂ | ᠨᠠᠮ ᠪᠠ ᠤᠯᠤᠰ ᠤᠨ ᠲᠤᠰ ᠪᠡᠶ᠎ᠡ ᠶᠢᠨ ᠬᠢᠨᠡᠯᠲᠡ ᠲᠠᠯᠪᠢᠯᠳᠠ ᠶᠢ ᠲᠡᠭᠦᠯᠳᠡᠷᠵᠢᠭᠦᠯᠬᠦ ᠬᠡᠷᠡᠭᠳᠡᠢ᠃ ᠨᠠᠮ ᠤᠨ ᠲᠦᠪ | ᠬᠤᠷᠢᠶ᠎ᠠ ᠶᠢᠨ ᠤᠳᠤᠷᠢᠳᠤᠯᠭ᠎ᠠ ᠳᠤᠤᠷ᠎ᠠ᠂ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠲᠦᠷᠦᠬᠦᠯᠡᠨ | ᠶᠡᠷᠤᠩᠬᠡᠶᠢᠯᠡᠨ ᠠᠳᠬᠤᠵᠤ᠂ ᠦᠭᠡᠷᠡᠴᠢᠯᠡᠯᠲᠡ ᠶᠢᠨ ᠲᠦᠰᠦᠯ ᠢ ᠨᠠᠶᠢᠳᠠᠪᠤᠷᠢᠵᠢᠭᠤᠯᠵᠤ᠂ ᠤᠯᠤᠰ ᠤᠨ ᠬᠢᠨᠠᠨ | ᠪᠠᠶᠢᠴᠠᠭᠠᠬᠤ ᠬᠠᠤᠯᠢ ᠳᠤᠭᠲᠠᠭᠠᠬᠤ ᠠᠵᠢᠯ ᠢ ᠠᠬᠢᠭᠤᠯᠵᠤ᠂ ᠤᠯᠤᠰ ᠤᠨ ᠬᠢᠨᠠᠨ ᠪᠠᠶᠢᠴᠠᠭᠠᠬᠤ ᠵᠦᠪᠯᠡᠯ ᠢ ᠪᠡᠯᠡᠳᠬᠡᠨ | ᠵᠤᠬᠢᠶᠠᠨ ᠪᠠᠶᠢᠭᠤᠯᠬᠤ ᠬᠡᠷᠡᠭᠳᠡᠢ᠃ ᠲᠦᠪ ᠤᠨ ᠲᠤᠷᠰᠢᠯᠲᠠ ᠶᠢᠨ ᠴᠢᠭ᠋ ᠤᠨ ᠠᠵᠢᠯ ᠤᠨ ᠤᠳᠤᠷᠢᠳᠬᠤ ᠳᠤᠭᠤᠶᠢᠯᠠᠩ | ᠵᠢᠯᠤᠭᠤᠳᠤᠯᠭ᠎ᠠ᠂ ᠵᠤᠬᠢᠴᠠᠭᠤᠯᠭ᠎ᠠ ᠪᠠ ᠦᠢᠯᠡᠴᠢᠯᠡᠭᠡ ᠪᠠᠨ ᠴᠢᠩᠭᠠᠳᠬᠠᠵᠤ᠂ ᠲᠤᠷᠰᠢᠯᠲᠠ ᠶᠢᠨ ᠤᠷᠤᠨ ᠤ ᠨᠠᠮ ᠤᠨ | ᠬᠤᠷᠢᠶ᠎ᠠ ᠭᠤᠤᠯ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠢ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠵᠤᠬᠢᠶᠠᠨ | ᠪᠠᠶᠢᠭᠤᠯᠵᠥ ᠬᠡᠷᠡᠭᠵᠢᠭᠦᠯᠬᠦ ᠠᠵᠢᠯ ᠢ ᠰᠠᠶᠢᠳᠤᠷ ᠠᠳᠬᠤᠵᠤ᠂ ᠵᠠᠰᠠᠭ ᠵᠠᠬᠢᠷᠭᠠᠨ ᠤ ᠬᠢᠨᠠᠨ ᠪᠠᠶᠢᠴᠠᠭᠠᠬᠤ᠂ ᠢᠯᠵᠢᠷᠠᠯ | ᠢ ᠰᠡᠷᠭᠡᠶᠢᠯᠡᠬᠦ ᠪᠠ ᠪᠠᠶᠢᠴᠠᠭᠠᠬᠤ ᠪᠠᠶᠢᠭᠤᠯᠭ᠎ᠠ ᠠᠴᠠ ᠱᠠᠮᠰᠢᠬᠤ ᠬᠡᠬᠡᠯᠢ ᠢᠳᠡᠬᠦ᠂ ᠬᠠᠷᠢᠭᠤᠴᠠᠯᠭ᠎ᠠ ᠪᠠᠨ ᠠᠯᠳᠠᠵᠥ | ᠲᠤᠰᠢᠶᠠᠯ ᠢᠶᠠᠨ ᠭᠤᠲᠤᠭᠠᠬᠤ ᠶᠢ ᠪᠠᠶᠢᠴᠠᠭᠠᠨ ᠰᠢᠳᠬᠡᠬᠦ ᠵᠢᠴᠢ ᠡᠷᠬᠡ ᠲᠤᠰᠢᠶᠠᠯ ᠢᠶᠠᠨ ᠠᠰᠢᠬᠯᠠᠨ ᠶᠠᠯ᠎ᠠ ᠬᠢᠬᠦ ᠠᠴᠠ | ᠰᠡᠷᠭᠡᠶᠢᠯᠡᠬᠦ ᠵᠡᠷᠭᠡ ᠠᠵᠢᠯ ᠤᠨ ᠬᠦᠴᠦᠨ ᠢ ᠨᠢᠭᠡᠳᠭᠡᠵᠦ᠂ ᠮᠤᠵᠢ ᠬᠤᠲᠠ ᠰᠢᠶᠠᠨ ᠭᠤᠷᠪᠠᠨ ᠱᠠᠲᠤᠨ ᠤ ᠬᠢᠨᠠᠨ | ᠪᠠᠶᠢᠴᠠᠭᠠᠬᠤ ᠵᠦᠪᠯᠡᠯ ᠢ ᠪᠠᠶᠢᠭᠤᠯᠵᠤ᠂ ᠲᠦᠪᠯᠡᠷᠡᠯ ᠨᠢᠭᠡᠳᠦᠯ ᠲᠠᠢ᠂ ᠡᠷᠬᠡ ᠰᠦᠷᠲᠦ ᠦᠨᠳᠦᠷ ᠪᠦᠲᠦᠮᠵᠢᠲᠡᠢ ᠬᠢᠨᠠᠨ | ᠪᠠᠶᠢᠴᠠᠭᠠᠬᠤ ᠰᠢᠰᠲ᠋ᠧᠮ ᠢ ᠪᠠᠶᠢᠭᠤᠯᠬᠤ ᠬᠡᠷᠡᠭᠲᠡᠢ᠃ | ᠲᠠᠪᠤᠳᠤᠭᠠᠷ ᠲᠤ᠂ ᠲᠤᠬ ᠲᠡᠮᠳᠡᠭ ᠵᠤᠬᠰᠤᠯᠳᠠ ᠪᠠᠨ ᠪᠠᠳᠤᠳᠬᠠᠵᠤ᠂ ᠬᠠᠷᠠᠯᠳᠠ ᠡᠬᠦᠷᠬᠡ ᠳᠤ ᠠᠩᠬᠠᠷᠤᠯ | ᠲᠠᠯᠪᠢᠵᠤ᠂ ᠢᠯᠵᠢᠷᠠᠯ ᠢ ᠡᠰᠡᠷᠬᠦᠴᠡᠬᠦ ᠲᠡᠮᠡᠴᠡᠯ ᠤᠨ ᠲᠡᠶᠢᠯᠦᠩᠬᠦᠢ ᠪᠠᠶᠢᠳᠠᠯ ᠢ ᠪᠠᠬᠢᠵᠢᠬᠦᠯᠬᠦ ᠭᠡᠷᠡᠭᠳᠠᠢ᠃ ᠰᠠᠬᠢᠯᠭ᠎ᠠ | ᠪᠠᠳᠤ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠠᠬᠢᠯᠭ᠎ᠠ ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ︽ | ᠲᠦᠷᠪᠡᠨ ᠵᠤᠶᠢᠯ ᠤᠨ ᠬᠡᠯᠪᠡᠷᠢ︾ ᠶᠢ ᠪᠦᠳᠤᠮᠵᠢᠳᠠᠢ ᠭᠡᠷᠡᠭᠯᠡᠵᠤ᠂ ᠡᠳᠤᠷ ᠲᠤᠳᠤᠮ ᠤᠨ ᠬᠠᠮᠢᠶᠠᠷᠤᠯᠳᠠ ᠬᠢᠨᠠᠯᠳᠠ ᠶᠢ | ᠴᠢᠩᠭᠠᠳᠬᠠᠬᠤ ᠪᠠᠷ ᠬᠦᠴᠦᠯᠡᠨ ᠴᠢᠷᠮᠠᠶᠢᠬᠤ ᠭᠡᠷᠡᠭᠳᠠᠢ᠃ ᠰᠦᠷ ᠬᠦᠴᠤᠳᠤ ᠪᠠᠶᠢᠳᠠᠯ ᠢ ᠦᠷᠬᠦᠯᠵᠢᠯᠠᠨ ᠪᠠᠳᠤᠯᠠᠵᠤ᠂ | ᠡᠷᠴᠢᠮ ᠢ ᠰᠤᠯᠠᠷᠠᠭᠤᠯᠬᠤ ᠦᠬᠡᠢ᠂ ᠬᠦᠭ ᠠᠶᠢᠵᠠᠮ ᠢ ᠬᠤᠪᠢᠷᠠᠭᠤᠯᠬᠤ ᠦᠬᠡᠢ᠂ ᠢᠯᠵᠢᠷᠠᠯ ᠤᠨ ᠬᠡᠮᠵᠢᠶ᠎ᠠ ᠶᠢ | ᠪᠠᠭᠠᠰᠬᠠᠵᠤ᠂ ᠢᠯᠵᠢᠷᠠᠯ ᠤᠨ ᠨᠡᠮᠡᠭᠳᠡᠯ ᠢ ᠭᠤᠤᠯᠳᠠᠯᠭ᠎ᠠ ᠲᠠᠢ ᠬᠤᠷᠢᠬᠯᠠᠬᠤ ᠭᠡᠷᠡᠭᠳᠠᠢ᠃ ᠤᠯᠠᠨ ᠲᠦᠮᠡᠨ ᠤ | ᠲᠡᠷᠬᠡᠳᠡᠬᠢ ᠲᠦᠪ ᠪᠤᠰᠤ ᠰᠤᠷᠳᠠᠯ ᠪᠤᠯᠤᠨ ᠢᠯᠵᠢᠷᠠᠯ ᠤᠨ ᠠᠰᠠᠭᠤᠳᠠᠯ ᠢ ᠴᠢᠩᠭ᠎ᠠ ᠪᠠᠶᠢᠴᠠᠭᠠᠨ ᠰᠢᠳᠬᠡᠵᠤ᠂ | ᠢᠯᠵᠢᠷᠠᠯ ᠢ ᠡᠰᠡᠷᠬᠦᠴᠡᠬᠦ ᠤᠯᠠᠨ ᠤᠯᠤᠰ ᠤᠨ ᠬᠠᠮᠳᠤᠷᠠᠯᠴᠠᠭ᠎ᠠ ᠶᠢ ᠬᠦᠨᠵᠡᠬᠡᠶᠢᠷᠡᠬᠦᠯᠬᠦ ᠭᠡᠷᠡᠭᠳᠠᠢ᠃ ᠨᠡᠶᠢᠳᠡᠯᠢᠭ | ᠭᠡᠷᠡᠭ ᠢ ᠬᠦᠨᠵᠡᠬᠡᠢ ᠵᠠᠳᠠᠯᠤᠨ ᠰᠢᠨᠵᠢᠯᠡᠵᠤ᠂ ᠬᠡᠮᠰᠢᠯ ᠤᠨ ᠲᠤᠭᠠᠴᠢᠯᠳᠠ ᠶᠢ ᠢᠯᠠ ᠪᠤᠯᠭᠠᠵᠤ ᠪᠤᠯᠬᠤ ᠶᠢ ᠨᠢ ᠴᠦᠮ | ᠢᠯᠠ ᠪᠤᠯᠭᠠᠵᠤ᠂ ᠪᠤᠷᠤᠭᠤ ᠲᠠᠯ᠎ᠠ ᠶᠢᠨ ᠵᠢᠭᠠᠬᠤ ᠮᠠᠲ᠋ᠧᠷᠢᠶᠠᠯ ᠤᠨ ᠤᠶᠢᠯᠡᠳᠤᠯ ᠢ ᠬᠦᠢᠴᠡᠳ ᠪᠠᠳᠠᠷᠠᠭᠤᠯᠬᠤ ᠭᠡᠷᠡᠭᠳᠠᠢ | ᠃ | ᠵᠢᠷᠭᠤᠳᠤᠭᠠᠷ ᠲᠤ᠂ ᠲᠤᠰ ᠬᠤᠭᠤᠴᠠᠭᠠᠨ ᠲᠤ ᠰᠠᠭᠤᠷᠢᠯᠠᠵᠤ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠤᠮᠵᠢ | ᠶᠢᠨ ᠦᠬᠡᠷᠡᠴᠢᠯᠠᠯᠳᠠ ᠶᠢᠨ ᠡᠬᠦᠷᠬᠡ ᠶᠢ ᠪᠡᠶᠡᠯᠡᠬᠦᠯᠵᠤ᠂ ᠤᠶᠢᠯᠡᠳᠤᠯᠬᠡ ᠶᠢᠨ ᠦᠷ᠎ᠠ ᠪᠦᠳᠤᠬᠡᠯ ᠢ ᠳ᠋ᠦᠩᠨᠡᠬᠦ ᠭᠡᠷᠡᠭᠳᠠᠢ | ᠃ ᠲᠦᠪ ᠠᠴᠠ ᠬᠠᠮᠢᠶᠠᠷᠴᠤ ᠪᠠᠶᠢᠭ᠎ᠠ ᠶᠡᠭᠡ ᠲᠡᠭᠡᠳᠤ ᠰᠤᠷᠭᠠᠭᠤᠯᠢ ᠳᠠᠬᠢ ᠲᠤᠭᠤᠷᠢᠨ ᠪᠠᠶᠢᠴᠠᠭᠠᠯᠳᠠ ᠶᠢ ᠪᠡᠶᠡᠯᠡᠬᠦᠯᠵᠤ | ᠂ ᠨᠠᠮ ᠤᠨ ᠲᠦᠪ ᠬᠤᠷᠢᠶ᠎ᠠ ᠶᠢᠨ ᠨᠢᠬᠡ ᠬᠤᠭᠤᠴᠠᠭᠠᠨ ᠤ ᠲᠤᠰᠢᠶᠠᠯ ᠤᠨ ᠬᠤᠭᠤᠴᠠᠭᠠᠨ ᠳᠠᠬᠢ ᠲᠤᠭᠤᠷᠢᠨ | ᠪᠠᠶᠢᠴᠠᠭᠠᠬᠤ ᠠᠵᠢᠯ ᠢ ᠪᠦᠬᠦᠨ ᠢ ᠪᠦᠷᠬᠦᠬᠦᠯᠬᠦ ᠬᠠᠷᠠᠯᠳᠠ ᠶᠢ ᠪᠡᠶᠡᠯᠡᠬᠦᠯᠵᠤ᠂ ᠨᠠᠮ ᠤᠨ ᠠᠷᠪᠠᠨ ᠨᠠᠢᠮᠠᠳᠤᠭᠠᠷ ᠶᠡᠭᠡ | ᠬᠤᠷᠠᠯ ᠠᠴᠠ ᠨᠠᠰᠢᠬᠢ ᠲᠤᠭᠤᠷᠢᠨ ᠪᠠᠶᠢᠴᠠᠭᠠᠬᠤ ᠠᠵᠢᠯ ᠤᠨ ᠲᠤᠷᠰᠢᠯᠭ᠎ᠠ ᠶᠢ ᠳ᠋ᠦᠩᠨᠡᠵᠤ᠂ ᠲᠤᠭᠤᠷᠢᠨ ᠪᠠᠶᠢᠴᠠᠭᠠᠬᠤ | ᠠᠵᠢᠯ ᠤᠨ ᠰᠢᠨ᠎ᠠ ᠶᠢ ᠡᠬᠦᠳᠦᠭᠰᠡᠨ ᠤᠶᠢᠯᠡᠳᠤᠯᠬᠡ ᠶᠢ ᠲᠦᠷᠢᠮ ᠤᠨ ᠦᠷ᠎ᠠ ᠪᠦᠳᠤᠬᠡᠯ ᠪᠤᠯᠭᠠᠬᠤ ᠭᠡᠷᠡᠭᠳᠠᠢ᠃ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠪᠠᠷ ᠭᠤᠤᠯᠳᠠᠭᠤᠯᠵᠤ᠂ ︽ᠭᠤᠷᠪᠠ ᠶᠢ ᠬᠤᠪᠢᠷᠠᠭᠤᠯᠬᠤ︾ ᠶᠢ ᠦᠷᠬᠦᠯᠵᠢᠯᠠᠨ | ᠬᠦᠨᠵᠡᠬᠡᠶᠢᠷᠡᠬᠦᠯᠵᠤ᠂ ᠰᠠᠬᠢᠯᠭ᠎ᠠ ᠪᠠᠳᠤ ᠪᠠᠶᠢᠴᠠᠭᠠᠬᠤ ᠪᠠᠶᠢᠭᠤᠯᠭ᠎ᠠ ᠶᠢᠨ ᠳᠤᠳᠤᠭᠠᠳᠤ ᠶᠢᠨ ᠪᠠᠶᠢᠭᠤᠯᠤᠮᠵᠢ ᠶᠢᠨ | ᠦᠬᠡᠷᠡᠴᠢᠯᠠᠯᠳᠠ ᠶᠢ ᠠᠬᠢᠭᠤᠯᠵᠤ᠂ ᠲᠤᠮᠢᠯᠠᠨ ᠰᠠᠭᠤᠯᠭᠠᠬᠤ ᠠᠵᠢᠯ ᠤᠨ ᠲᠤᠭᠳᠠᠴᠠ ᠶᠢᠨ ᠲᠦᠷᠢᠮ ᠢ | ᠲᠡᠬᠦᠯᠳᠡᠷᠵᠢᠬᠦᠯᠵᠤ᠂ ᠬᠢᠨᠠᠯᠳᠠ ᠲᠠᠯᠪᠢᠬᠤ ᠤᠶᠢᠯᠡᠳᠤᠯ ᠢ ᠪᠠᠳᠠᠷᠠᠭᠤᠯᠬᠤ ᠭᠡᠷᠡᠭᠳᠠᠢ᠃ | ᠲᠤᠯᠤᠳᠤᠭᠠᠷ ᠲᠤ᠂ ᠰᠠᠨᠠᠭᠠᠴᠢᠯᠠᠭ᠎ᠠ ᠠᠴᠠ ᠪᠠᠨ ᠬᠦᠴᠦᠯᠡᠨ ᠴᠢᠷᠮᠠᠶᠢᠵᠤ᠂ ᠨᠠᠮ ᠪᠤᠯᠤᠨ ᠠᠷᠠᠳ ᠲᠦᠮᠡᠨ ᠤ | ᠬᠦᠰᠡᠯ ᠨᠠᠶᠢᠳᠠᠯᠭ᠎ᠠ ᠶᠢ ᠶᠠᠭᠠᠬᠢᠬᠰᠠᠨ ᠴᠤ ᠬᠦᠰᠡᠷᠳᠡᠬᠦᠯᠬᠦ ᠦᠭᠡᠢ ᠪᠠᠶᠢᠬᠤ ᠬᠡᠷᠡᠭᠳᠠᠢ᠃ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠬ ᠤᠨ ᠬᠤᠭᠤᠴᠠᠭ᠎ᠠ ᠰᠤᠯᠢᠬᠤ ᠠᠵᠢᠯ ᠢ ᠰᠠᠶᠢᠳᠤᠷ ᠬᠢᠵᠤ᠂ ᠺᠠᠳ᠋ᠷ ᠢ | ᠰᠢᠯᠢᠨ ᠲᠡᠪᠰᠢᠬᠦᠯᠬᠦ᠂ ᠬᠦᠮᠤᠵᠢᠬᠦᠯᠬᠦ᠂ ᠰᠤᠯᠢᠯᠴᠠᠬᠤ᠂ ᠭᠡᠷᠡᠭᠯᠡᠬᠦ ᠶᠢ ᠨᠢᠬᠡᠳᠤᠯᠳᠠᠢ ᠲᠦᠯᠤᠪᠵᠢᠬᠦᠯᠵᠤ᠂ ᠰᠠᠬᠢᠯᠭ᠎ᠠ | ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠨᠠᠮ ᠳᠠᠭᠠᠨ | ᠢᠳᠡᠭᠡᠯ ᠲᠠᠢ᠂ ᠠᠷᠠᠳ ᠲᠦᠮᠡᠨ ᠳᠡᠭᠡᠨ ᠢᠳᠡᠭᠡᠯ ᠲᠠᠢ ᠡᠩᠨᠡᠭᠡ ᠶᠢ ᠪᠠᠶᠢᠭᠤᠯᠬᠤ ᠭᠡᠷᠡᠭᠳᠠᠢ᠃ | ᠪᠦᠬᠦᠳᠠ ᠬᠤᠷᠠᠯ ᠠᠴᠠ ︽ᠳᠤᠮᠳᠠᠳᠤ ᠤᠯᠤᠰ ᠤᠨ ᠡᠪ ᠬᠠᠮᠳᠤ ᠨᠠᠮ ᠤᠨ ᠰᠠᠬᠢᠯᠭ᠎ᠠ ᠪᠠᠳᠤ ᠪᠠᠶᠢᠴᠠᠭᠠᠬᠤ | ᠪᠠᠶᠢᠭᠤᠯᠭ᠎ᠠ ᠶᠢᠨ ᠰᠠᠬᠢᠯᠭ᠎ᠠ ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ︵ᠲᠤᠷᠰᠢᠨ | ᠭᠡᠷᠡᠭᠵᠢᠬᠦᠯᠬᠦ︶︾ ᠢ ᠬᠢᠨᠠᠨ ᠵᠦᠪᠯᠠᠪᠠ᠃ ᠲᠦᠪ ᠬᠤᠷᠢᠶ᠎ᠠ ᠠᠴᠠ ᠰᠠᠬᠢᠯᠭ᠎ᠠ ᠪᠠᠳᠤ ᠪᠠᠶᠢᠴᠠᠭᠠᠬᠤ ᠺᠠᠳ᠋ᠷ ᠤᠨ | ᠡᠩᠨᠡᠬᠡᠨ ᠤ ᠪᠠᠶᠢᠭᠤᠯᠤᠯᠳᠠ ᠶᠢ ᠲᠡᠭᠡᠳᠤ ᠬᠡᠮᠵᠢᠶ᠎ᠠ ᠪᠠᠷ ᠴᠢᠬᠤᠯᠠᠴᠢᠯᠠᠵᠤ᠂ ᠰᠠᠬᠢᠯᠭ᠎ᠠ ᠪᠠᠳᠤ ᠪᠠᠶᠢᠴᠠᠭᠠᠬᠤ | ᠪᠠᠶᠢᠭᠤᠯᠭ᠎ᠠ ᠳᠤ ᠬᠦᠨᠳᠤ ᠬᠦᠰᠡᠯ ᠨᠠᠶᠢᠳᠠᠯᠭ᠎ᠠ ᠲᠠᠯᠪᠢᠵᠤ ᠪᠠᠶᠢᠨ᠎ᠠ ᠬᠡᠵᠤ ᠰᠠᠨᠠᠯ ᠨᠢᠬᠡᠳᠠᠢ ᠦᠵᠡᠪᠡ᠃ ᠰᠠᠬᠢᠯᠭ᠎ᠠ | ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠠᠵᠢᠯ ᠤᠨ ᠲᠦᠷᠢᠮ ᠢ ᠲᠤᠭᠳᠠᠭᠠᠵᠤ ᠪᠠᠶᠢᠭ᠎ᠠ ᠨᠢ ᠰᠠᠬᠢᠯᠭ᠎ᠠ ᠪᠠᠳᠤ | ᠪᠠᠶᠢᠴᠭᠠᠠᠬᠤ ᠪᠠᠶᠢᠭᠤᠯᠭ᠎ᠠ ᠶᠢᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠵᠢᠷᠭᠤᠳᠤᠭᠠᠷ | ᠪᠦᠬᠦᠳᠠ ᠬᠤᠷᠠᠯ ᠤᠨ ᠵᠤᠷᠢᠬ ᠰᠠᠨᠠᠭ᠎ᠠ ᠶᠢ ᠲᠤᠤᠱᠯᠠᠭᠤᠯᠵᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ | ᠪᠠᠶᠢᠷᠢᠯᠠᠭᠤᠯᠤᠯᠳᠠ ᠶᠢ ᠨᠠᠶᠢᠳᠠᠪᠤᠷᠢᠵᠢᠭᠤᠯᠵᠤ᠂ ᠲᠦᠷᠦᠬᠦᠯᠠᠨ ᠦᠪᠡᠷ ᠢ ᠪᠠᠨ ᠬᠢᠵᠠᠭᠠᠷᠯᠠᠬᠤ ᠶᠢ ᠴᠢᠩᠭᠠᠳᠬᠠᠵᠤ᠂ | ᠰᠠᠬᠢᠯᠭ᠎ᠠ ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠡᠷᠬᠡ ᠶᠢ ᠲᠦᠷᠢᠮ ᠤᠨ ᠰᠢᠩᠬᠡᠯᠢᠭ ᠲᠤ ᠤᠷᠤᠭᠤᠯᠵᠤ᠂ | ᠪᠤᠰᠤᠳ ᠢ ᠵᠠᠰᠠᠬᠤ ᠳᠤ ᠦᠪᠡᠷ ᠢ ᠪᠠᠨ ᠤᠷᠢᠳᠠᠪᠡᠷ ᠵᠠᠰᠠᠬᠤ ᠪᠤᠳᠠᠳᠠᠢ ᠠᠵᠢᠯᠯᠠᠭ᠎ᠠ ᠶᠢ ᠬᠦᠢᠴᠡᠳᠬᠡᠵᠤ᠂ ᠪᠠᠶ᠎ᠠ ᠪᠠᠨ | ᠴᠢᠩᠭ᠎ᠠ ᠱᠠᠭᠠᠷᠳᠠᠬᠤ ᠢᠳᠡᠬᠡᠯ ᠵᠤᠷᠢᠬ ᠢ ᠬᠦᠢᠴᠡᠳ ᠬᠠᠷᠠᠭᠤᠯᠵᠤ ᠪᠠᠶᠢᠨ᠎ᠠ᠃ ᠪᠦᠬᠦᠳᠠ ᠬᠤᠷᠠᠯ ᠠᠴᠠ᠂ | ᠲᠦᠷᠢᠮ ᠨᠢ ᠰᠠᠬᠢᠯᠭ᠎ᠠ ᠪᠠᠳᠤ ᠭᠡᠷᠡᠭᠵᠢᠬᠦᠯᠬᠦ ᠳᠤ ᠬᠢᠨᠠᠯᠳᠠ ᠲᠠᠯᠪᠢᠬᠤ ᠠᠵᠢᠯ ᠤᠨ ᠴᠤᠪᠤᠷᠠᠯ ᠢ ᠴᠢᠩᠭ᠎ᠠ ᠡᠵᠡᠮᠳᠡᠵᠤ᠂ | ᠵᠢᠭᠠᠪᠤᠷᠢ ᠠᠪᠴᠤ ᠮᠡᠳᠡᠬᠦᠯᠬᠦ᠂ ᠰᠦᠪᠡᠭᠴᠢ ᠶᠢ ᠰᠢᠢᠳᠪᠤᠷᠢᠯᠡᠬᠦ᠂ ᠠᠩᠬ᠎ᠠ ᠠᠯᠬᠤᠮ ᠬᠢᠨᠠᠨ ᠬᠠᠷᠭᠤᠭᠤᠯᠬᠤ᠂ ᠭᠡᠷᠡᠭ | ᠪᠤᠯᠭᠠᠨ ᠬᠢᠨᠠᠨ ᠪᠠᠶᠢᠴᠠᠭᠠᠬᠤ᠂ ᠭᠡᠷᠡᠭ ᠢ ᠰᠢᠬᠦᠬᠦ᠂ ᠭᠡᠷᠡᠭ ᠲᠤ ᠬᠤᠯᠪᠤᠬᠳᠠᠬᠤ ᠵᠤᠭᠤᠰ ᠮᠦᠩᠬᠦ ᠶᠢ ᠬᠠᠮᠢᠶᠠᠷᠬᠤ | ᠠᠵᠢᠯ ᠤᠨ ᠲᠡᠰ ᠲᠠᠷᠠᠭᠠᠯᠠᠯ ᠢ ᠳᠤᠳᠤᠷᠬᠠᠶᠢᠯᠠᠪᠠ︔ ᠶᠠᠷᠢᠯᠴᠠᠵᠤ ᠵᠠᠬᠢᠳᠠᠯ ᠢᠶᠠᠷ ᠯᠠᠪᠯᠠᠬᠤ ᠠᠵᠢᠯ ᠤᠨ ᠲᠡᠰ | ᠲᠠᠷᠠᠭᠠᠯᠠᠯ᠂ ᠰᠠᠬᠢᠯᠭ᠎ᠠ ᠪᠠᠳᠤ ᠭᠡᠷᠡᠭᠵᠢᠬᠦᠯᠬᠦ ᠬᠢᠨᠠᠨ ᠪᠠᠶᠢᠴᠠᠭᠠᠯᠳᠠ ᠶᠢᠨ ᠬᠢᠨᠠᠨ ᠵᠦᠪᠰᠢᠶᠡᠷᠡᠬᠦ ᠡᠷᠬᠡ ᠶᠢᠨ ᠬᠢᠵᠠᠭᠠᠷ᠂ | ᠪᠠᠶᠢᠴᠠᠭᠠᠨ ᠶᠠᠷᠢᠯᠴᠠᠬᠤ ᠪᠠ ᠭᠡᠷᠡᠴᠢ ᠴᠤᠬᠯᠠᠭᠤᠯᠬᠤ ᠪᠤᠳᠠᠳᠠᠢ ᠱᠠᠭᠠᠷᠳᠠᠯᠭ᠎ᠠ ᠶᠢ ᠲᠤᠭᠳᠠᠭᠠᠪᠠ︔ ᠪᠦᠳᠤᠮᠵᠢᠳᠠᠢ | ᠠᠷᠭ᠎ᠠ ᠶᠢ ᠪᠤᠯᠪᠠᠰᠤᠷᠠᠭᠤᠯᠤᠨ ᠲᠦᠷᠢᠮ ᠲᠤᠭᠳᠠᠭᠠᠯ ᠪᠤᠯᠭᠠᠵᠤ᠂ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠲᠤᠰ | ᠪᠠᠶ᠎ᠠ ᠶᠢᠨ ᠬᠢᠨᠠᠯᠳᠠ ᠲᠠᠯᠪᠢᠯᠳᠠ ᠶᠢ ᠨᠠᠮ ᠤᠨ ᠳᠤᠳᠤᠭᠠᠳᠤ ᠶᠢᠨ ᠬᠢᠨᠠᠯᠳᠠ ᠲᠠᠯᠪᠢᠯᠳᠠ᠂ ᠨᠡᠶᠢᠬᠡᠮ ᠤᠨ ᠬᠢᠨᠠᠯᠳᠠ | ᠲᠠᠯᠪᠢᠯᠳᠠ ᠶᠢ ᠬᠦᠯᠢᠶᠡᠬᠦ ᠲᠠᠢ ᠤᠷᠭᠠᠨᠢᠬ ᠢᠶᠠᠷ ᠤᠶᠠᠯᠳᠤᠭᠤᠯᠵᠤ᠂ ᠨᠠᠮ ᠪᠤᠯᠤᠨ ᠠᠷᠠᠳ ᠲᠦᠮᠡᠨ ᠠᠴᠠ | ᠤᠯᠭᠤᠬᠰᠠᠨ ᠡᠷᠬᠡ ᠶᠢ ᠲᠤᠷ᠎ᠠ ᠪᠠᠷ ᠢᠶᠠᠨ ᠭᠡᠷᠡᠭᠯᠡᠬᠦ ᠦᠬᠡᠢ ᠪᠠᠶᠢᠬᠤ ᠶᠢ ᠪᠠᠳᠤᠯᠠᠬᠤ ᠭᠡᠷᠡᠭᠳᠠᠢ᠃ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠲᠦᠷᠦᠬᠦᠯᠠᠨ ᠲᠦᠷᠢᠮ ᠢ ᠴᠢᠩᠭ᠎ᠠ ᠭᠡᠷᠡᠭᠵᠢᠬᠦᠯᠵᠤ᠂ ᠰᠠᠬᠢᠯᠭ᠎ᠠ ᠪᠠᠳᠤ | ᠭᠡᠷᠡᠭᠵᠢᠬᠦᠯᠬᠦ ᠳᠤ ᠬᠢᠨᠠᠯᠳᠠ ᠲᠠᠯᠪᠢᠬᠤ ᠠᠵᠢᠯ ᠤᠨ ᠤᠳᠤᠷᠢᠳᠤᠯᠭ᠎ᠠ᠂ ᠬᠠᠮᠢᠶᠠᠷᠤᠯᠳᠠ ᠪᠤᠯᠤᠨ ᠬᠢᠨᠠᠯᠳᠠ ᠪᠠᠨ | ᠴᠢᠩᠭᠠᠳᠬᠠᠵᠤ᠂ ᠡᠯ᠎ᠠ ᠱᠠᠳᠤᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠬᠢᠨ ᠲᠤᠰ ᠪᠡᠶ᠎ᠡ ᠶᠢᠨ | ᠪᠠᠶᠢᠭᠤᠯᠤᠯᠳᠠ ᠶᠢᠨ ᠭᠤᠤᠯ ᠴᠤᠬᠴᠠ ᠶᠢᠨ ᠬᠠᠷᠢᠭᠤᠴᠠᠯᠭ᠎ᠠ ᠪᠠᠨ ᠦᠨᠡᠨᠬᠦ ᠬᠦᠢᠴᠡᠳᠬᠡᠵᠤ᠂ ᠰᠠᠬᠢᠯᠭ᠎ᠠ ᠪᠠᠳᠤ | ᠭᠡᠷᠡᠭᠵᠢᠬᠦᠯᠬᠦ ᠶᠠᠪᠤᠴᠠ ᠳᠠᠬᠢ ᠰᠠᠬᠢᠯᠭ᠎ᠠ ᠪᠠᠳᠤ ᠠᠴᠠ ᠵᠦᠷᠢᠴᠡᠭᠰᠡᠨ᠂ ᠲᠤᠰᠢᠶᠠᠯ ᠢᠶᠠᠨ ᠭᠤᠳᠤᠭᠠᠵᠤ ᠬᠠᠷᠢᠭᠤᠴᠠᠯᠭ᠎ᠠ | ᠠᠯᠳᠠᠬᠰᠠᠨ ᠠᠵᠢᠯᠯᠠᠭ᠎ᠠ ᠶᠢ ᠴᠢᠩᠭ᠎ᠠ ᠰᠢᠳᠬᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠪᠥᠬᠦᠳᠡ ᠬᠤᠷᠠᠯ ᠠᠴᠠ ᠨᠠᠮ ᠤᠨ ᠲᠦᠷᠢᠮ ᠤᠨ ᠲᠤᠭᠳᠠᠭᠠᠯ ᠢ ᠦᠨᠳᠤᠰᠤᠯᠠᠵᠤ᠂ ᠯᠢ ᠱᠦ ᠯᠸᠢ ᠨᠦᠬᠦᠷ ᠢ | ᠨᠠᠮ ᠤᠨ ᠲᠦᠪ ᠬᠤᠷᠢᠶ᠎ᠠ ᠶᠢᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ | ᠬᠡᠰᠢᠬᠦᠨ᠂ ᠲᠡᠳ᠋ ᠱᠦᠵᠢ ᠪᠠᠷ ᠰᠤᠩᠭᠤᠪᠠ᠃ | ᠪᠦᠬᠦᠳᠠ ᠬᠤᠷᠠᠯ ᠠᠴᠠ ᠸᠠᠩ ᠵᠦᠩ ᠲᠢᠶᠠᠨ ᠨᠦᠬᠦᠷ ᠤᠨ ᠰᠠᠬᠢᠯᠭ᠎ᠠ ᠪᠠᠳᠤ ᠶᠢ ᠬᠦᠨᠳᠤ ᠨᠤᠴᠢᠳᠠᠢ | ᠵᠦᠷᠢᠴᠡᠭᠰᠡᠨ ᠠᠰᠠᠭᠤᠳᠠᠯ᠂ ᠯᠢ ᠵᠢᠶᠠᠨ ᠪᠦᠸᠧ ᠨᠦᠬᠦᠷ ᠤᠨ ᠰᠠᠬᠢᠯᠭ᠎ᠠ ᠪᠠᠳᠤ ᠶᠢ ᠵᠦᠷᠢᠴᠡᠭᠰᠡᠨ ᠠᠰᠠᠭᠤᠳᠠᠯ ᠢ | ᠬᠢᠨᠠᠨ ᠪᠠᠶᠢᠴᠠᠭᠠᠬᠰᠠᠨ ᠲᠤᠬᠠᠢ ᠨᠠᠮ ᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢᠨ ᠪᠠᠶᠢᠩᠭᠤ ᠶᠢᠨ | ᠬᠤᠷᠢᠶ᠎ᠠ ᠶᠢᠨ ᠮᠡᠳᠡᠬᠦᠯᠤᠯᠳᠠ ᠶᠢ ᠬᠢᠨᠠᠨ ᠵᠦᠪᠰᠢᠶᠡᠷᠡᠨ ᠪᠠᠳᠤᠯᠠᠵᠤ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ | ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠶᠢᠨ ᠡᠬᠦᠨ ᠠᠴᠠ ᠡᠮᠤᠨ᠎ᠠ ᠭᠠᠷᠭᠠᠬᠰᠠᠨ ᠸᠠᠩ ᠵᠦᠩ ᠲᠢᠶᠠᠨ ᠨᠦᠬᠦᠷ ᠲᠤ | ᠨᠠᠮ ᠤᠨ ᠳᠤᠳᠤᠭᠠᠳᠤᠬᠢ ᠲᠤᠰᠢᠶᠠᠯ ᠢ ᠨᠢ ᠬᠠᠰᠤᠬᠰᠠᠨ ᠰᠢᠳᠭᠡᠯ ᠤᠯᠭᠤᠬᠤ᠂ ᠯᠢ ᠵᠢᠶᠠᠨ ᠪᠦᠸᠧ ᠨᠦᠬᠦᠷ ᠲᠤ ᠨᠠᠮ | ᠤᠨ ᠳᠤᠳᠤᠭᠠᠳᠦ ᠳᠤ ᠴᠢᠩᠭ᠎ᠠ ᠲᠤᠩᠭᠤᠳᠬᠤ ᠰᠢᠳᠭᠡᠯ ᠦᠭᠴᠦ ᠲᠡᠬᠦᠨ ᠢ ᠵᠠᠷᠯᠢᠬᠳᠠᠨ ᠲᠦᠪ ᠤᠨ ᠰᠠᠬᠢᠯᠭ᠎ᠠ ᠪᠠᠳᠤ | ᠪᠠᠶᠢᠴᠠᠭᠠᠬᠤ ᠬᠤᠷᠢᠶ᠎ᠠ ᠶᠢᠨ ᠬᠡᠰᠢᠬᠦᠨ ᠤ ᠲᠤᠰᠢᠶᠠᠯ ᠠᠴᠠ ᠨᠢ ᠪᠠᠭᠤᠯᠭᠠᠬᠤ ᠲᠤᠭᠳᠠᠭᠠᠯ ᠢ ᠨᠤᠳᠠᠯᠠᠪᠠ᠃ | ᠪᠦᠬᠦᠳᠠ ᠬᠤᠷᠠᠯ ᠠᠴᠠ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ | ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠲᠠᠷᠤᠤ ᠬᠢᠴᠢᠶᠡᠩᠬᠦᠢ ᠯᠠᠪᠳᠠᠭᠤᠨ ᠪᠤᠯᠭᠤᠮᠵᠢᠳᠠᠢ᠂ ᠪᠠᠷᠳᠠᠮᠨᠠᠬᠤ ᠦᠬᠡᠢ | ᠪᠠᠴᠢᠮᠳᠠᠬᠤ ᠦᠬᠡᠢ᠂ ᠤᠬ ᠰᠠᠨᠠᠭ᠎ᠠ ᠪᠠᠨ ᠦᠯᠤ ᠮᠠᠷᠳᠠᠵᠤ ᠦᠷᠬᠦᠯᠵᠢᠯᠠᠨ ᠤᠷᠤᠬᠰᠢᠯᠠᠵᠤ᠂ ᠨᠠᠮ ᠤᠨ ᠰᠤᠷᠳᠠᠯ | ᠴᠢᠬᠡᠴᠢ ᠵᠠᠰᠠᠬ ᠤᠨ ᠪᠠᠶᠢᠭᠤᠯᠤᠯᠳᠠ ᠪᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ ᠬᠦᠨᠵᠡᠬᠡᠢ ᠠᠬᠢᠭᠤᠯᠵᠤ᠂ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠰᠢᠨ᠎ᠠ ᠦᠷ᠎ᠠ ᠪᠦᠳᠤᠬᠡᠯ ᠢ ᠲᠠᠰᠤᠷᠠᠯᠳᠠ ᠦᠬᠡᠢ ᠤᠯᠵᠤ᠂ ᠴᠢᠨᠡᠭᠡᠯᠢᠭ ᠨᠡᠶᠢᠬᠡᠮ | ᠢ ᠪᠦᠬᠦ ᠲᠠᠯ᠎ᠠ ᠪᠠᠷ ᠪᠡᠶᠡᠯᠡᠬᠦᠯᠬᠦ ᠰᠢᠨ᠎ᠠ ᠢᠯᠠᠯᠳᠠ ᠶᠢ ᠲᠡᠮᠡᠴᠡᠨ ᠤᠯᠬᠤ ᠳᠤ ᠬᠦᠴᠦᠳᠤ ᠪᠠᠳᠤᠯᠠᠭ᠎ᠠ ᠬᠠᠩᠭᠠᠵᠤ᠂ | ᠨᠠᠮ ᠪᠤᠯᠤᠨ ᠠᠷᠠᠳ ᠲᠦᠮᠡᠨ ᠳᠤ ᠬᠠᠨᠭ᠍ᠭᠠᠮᠵᠢᠳᠠᠢ ᠬᠠᠷᠢᠭᠤᠯᠳᠠ ᠲᠤᠰᠢᠶᠠᠬᠤ ᠭᠡᠷᠡᠭᠳᠠᠢ ᠬᠡᠵᠤ ᠤᠷᠢᠶᠠᠯᠠᠪᠠ᠃ |