10 ᠳ᠋ᠤᠭᠠᠷ ᠰᠠᠷ᠎ᠠ ᠶᠢᠨ 9 ᠤ ᠡᠳᠦᠷ᠂ ᠳᠤᠮᠳᠠ ᠵᠢᠵᠢᠭ ᠬᠤᠳᠠ ᠶᠢᠨ ᠠᠵᠤ ᠠᠬᠤᠶ ᠶᠢᠨ | ᠬᠥᠭᠵᠢᠯᠲᠡ ᠶᠢᠨ ᠵᠥᠪᠯᠡᠯ᠂ ᠳᠤᠮᠳᠠ ᠵᠢᠵᠢᠭ ᠬᠤᠳᠠ ᠶᠢᠨ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ | ᠰᠤᠳᠤᠯᠬᠤ ᠬᠦᠷᠢᠶᠡᠯᠡᠩ᠂ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ | ᠬᠥᠭᠵᠢᠯᠲᠡ ᠬᠢᠭᠡᠳ ᠣᠷᠴᠢᠨ ᠲᠣᠭᠤᠷᠢᠨ ᠤ ᠰᠤᠳᠤᠯᠬᠤ ᠭᠠᠵᠠᠷ ᠵᠡᠷᠭᠡ ᠨᠢ 2017 ᠤᠨ ᠤ ᠳᠤᠮᠳᠠᠳᠤ | ᠤᠯᠤᠰ ᠤᠨ ᠳᠤᠮᠳᠠ ᠵᠢᠵᠢᠭ ᠬᠤᠳᠠ ᠶᠢᠨ ᠰᠢᠨᠵᠢᠯᠡᠬᠦ ᠤᠬᠠᠭᠠᠨᠴᠢ ᠬᠥᠭᠵᠢᠯᠲᠡ ᠶᠢᠨ ᠵᠢᠭᠠᠯᠲᠠ ᠲᠣᠭᠠᠨ ᠤ | ᠰᠤᠳᠤᠯᠭᠠᠨ ᠤ ᠦᠷ᠎ᠡ ᠪᠦᠲᠦᠭᠡᠯ ᠢ ᠨᠡᠶᠢᠲᠡᠯᠡᠵᠦ᠂ ︽2017 ᠣᠨ ᠤ ᠪᠦᠬᠦ ᠤᠯᠤᠰ ᠤᠨ ᠳᠤᠮᠳᠠ ᠵᠢᠵᠢᠭ | ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠵᠠᠭᠤᠨ ᠬᠦᠴᠦᠷᠬᠡᠭ ᠰᠢᠶᠠᠨ ᠬᠤᠳᠠ︾᠂ ︽2017 | ᠣᠨ ᠤ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠵᠠᠭᠤᠨ ᠬᠦᠴᠦᠷᠬᠡᠭ ᠲᠤᠭᠤᠷᠢᠭ︾᠂ ︽ | 2017 ᠣᠨ ᠤ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠮᠢᠩᠭᠠᠨ ᠬᠦᠴᠦᠷᠬᠡᠭ | ᠪᠠᠯᠭᠠᠰᠤᠨ ᠤ ᠲᠦᠷᠦᠭᠦᠦ 100 ᠨᠡᠷᠡᠰ︾ ᠵᠡᠷᠭᠡ ᠨᠡᠷᠡᠰ ᠢ ᠨᠡᠶᠢᠲᠡᠯᠡᠪᠡ᠃ | ᠡᠨᠡ ᠬᠦ ᠨᠡᠶᠢᠭᠡᠮ ᠤᠨ ᠠᠩᠬᠠᠷᠤᠯ ᠢ ᠨᠡᠶᠢᠳᠡᠮ ᠲᠠᠲᠠᠵᠤ ᠪᠠᠶᠢᠭᠰᠠᠨ ︽2017 ᠣᠨ ᠤ ᠪᠦᠬᠦ ᠤᠯᠤᠰ ᠤᠨ | ᠳᠤᠮᠳᠠ ᠵᠢᠵᠢᠭ ᠬᠤᠲᠠ ᠶᠢᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠵᠠᠭᠤᠨ ᠬᠦᠴᠦᠷᠬᠡᠭ ᠰᠢᠶᠠᠨ ᠬᠤᠳᠠ︾ | ᠶᠢᠨ ᠨᠡᠷᠡᠰ ᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 3 ᠬᠤᠰᠢᠭᠤ ᠰᠢᠶᠠᠨ ᠰᠣᠩᠭᠤᠭᠳᠠᠵᠤ᠂ | ᠲᠤᠰ ᠲᠤᠰ 20 ᠳ᠋ᠤᠭᠠᠷ ᠲᠤ ᠵᠢᠭᠰᠠᠭᠠᠭᠳᠠᠭᠰᠠᠨ ᠤᠷᠳᠤᠰ ᠬᠤᠳᠠ ᠶᠢᠨ ᠵᠡᠭᠦᠨᠭᠠᠷ ᠬᠤᠰᠢᠭᠤ᠂ 54 ᠳ᠋ᠦ᠋ᠭᠡᠷ ᠲᠤ | ᠵᠢᠭᠰᠠᠭᠠᠭᠳᠠᠭᠰᠠᠨ ᠬᠥᠬᠡᠬᠤᠲᠠ ᠶᠢᠨ ᠲᠣᠭᠲᠠᠬᠤ ᠰᠢᠶᠠᠨ ᠪᠠ 75 ᠳ᠋ᠤᠭᠠᠷ ᠲᠤ ᠵᠢᠭᠰᠠᠭᠠᠭᠳᠠᠭᠰᠠᠨ ᠲᠦᠩᠯᠢᠶᠣᠤ | ᠬᠤᠲᠠ ᠶᠢᠨ ᠬᠤᠤᠯᠢᠨ ᠭᠤᠤᠯ ᠬᠤᠲᠠ ᠪᠤᠯᠤᠨ᠎ᠠ᠃ ᠡᠭᠦᠨ ᠤ ᠬᠠᠮᠲᠤ᠂ ᠲᠦᠩᠯᠢᠶᠣᠤ ᠬᠤᠲᠠ ᠶᠢᠨ ᠬᠤᠤᠯᠢᠨ | ᠭᠤᠤᠯ ᠬᠤᠲᠠ ᠪᠠ ᠬᠥᠬᠡᠬᠤᠲᠠ ᠶᠢᠨ ᠲᠣᠭᠲᠠᠬᠤ ᠰᠢᠶᠠᠨ ᠪᠠᠰᠠ ︽2017 ᠣᠨ ᠤ ᠪᠦᠬᠦ ᠤᠯᠤᠰ ᠤᠨ ᠳᠤᠮᠳᠠ | ᠵᠢᠵᠢᠭ ᠬᠤᠳᠠ ᠶᠢᠨ ᠪᠡᠯᠡ ᠣᠷᠣᠭᠤᠯᠤᠯᠲᠠ ᠶᠢᠨ ᠲᠠᠯᠲᠠ ᠬᠦᠴᠦᠨ ᠪᠦᠬᠦᠢ ᠵᠠᠭᠤᠨ ᠬᠦᠴᠦᠷᠬᠡᠭ ᠰᠢᠶᠠᠨ ᠬᠤᠳᠠ︾ | ᠪᠠᠷ ᠰᠤᠩᠭᠤᠭᠳᠠᠵᠤ᠂ ᠲᠤᠰ ᠲᠤᠰ 38 ᠳ᠋ᠤᠭᠠᠷ ᠪᠠ 40 ᠳ᠋ᠦ᠋ᠭᠡᠷ ᠲᠤ ᠵᠢᠭᠰᠠᠭᠠᠭᠳᠠᠪᠠ᠃ | ᠲᠣᠰ ᠰᠤᠳᠤᠯᠭᠠᠨ ᠠᠴᠠ ᠪᠠᠰᠠ ︽2017 ᠣᠨ ᠤ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ | ᠬᠦᠴᠦᠨ ᠪᠦᠬᠦᠢ ᠵᠠᠭᠤᠨ ᠬᠦᠴᠦᠷᠬᠡᠭ ᠲᠤᠭᠤᠷᠢᠭ︾᠂ ︽2017 ᠣᠨ ᠤ ᠪᠦᠬᠦ ᠤᠯᠤᠰ ᠤᠨ ᠪᠡᠯᠡ | ᠣᠷᠣᠭᠤᠯᠤᠯᠲᠠ ᠶᠢᠨ ᠲᠠᠯᠲᠠ ᠬᠦᠴᠦᠨ ᠪᠦᠬᠦᠢ ᠵᠠᠭᠤᠨ ᠬᠦᠴᠦᠷᠬᠡᠭ ᠲᠤᠭᠤᠷᠢᠭ︾᠂ ︽2017 ᠣᠨ ᠤ ᠪᠦᠬᠦ | ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠮᠢᠩᠭᠠᠨ ᠬᠦᠴᠦᠷᠬᠡᠭ ᠪᠠᠯᠭᠠᠰᠤᠨ ᠤ ᠲᠦᠷᠦᠭᠦᠦ 100 | ᠨᠡᠷᠡᠰ︾᠂ ︽2017 ᠣᠨ ᠤ ᠪᠦᠬᠦ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠰᠠᠨ ᠴᠢᠨᠠᠷᠯᠢᠭ | ᠵᠠᠭᠤᠨ ᠬᠦᠴᠦᠷᠬᠡᠭ ᠰᠢᠶᠠᠨ ᠬᠤᠳᠠ︾᠂ ︽2017 ᠣᠨ ᠤ ᠪᠦᠬᠦ ᠤᠯᠤᠰ ᠤᠨ ᠰᠢᠨ᠎ᠡ ᠶᠢ ᠡᠭᠦᠳᠴᠦ ᠠᠳᠠᠯ | ᠦᠶᠯᠡᠰ ᠴᠣᠭᠴᠠᠯᠠᠬᠤ ᠵᠠᠭᠤᠨ ᠬᠦᠴᠦᠷᠬᠡᠭ ᠰᠢᠶᠠᠨ ᠬᠤᠳᠠ︾ ᠵᠡᠷᠭᠡ ᠨᠡᠷᠡᠰ ᠤᠳ ᠢ ᠨᠡᠶᠢᠲᠡᠯᠡᠪᠡ᠃ | ᠤᠷᠳᠤᠰ ᠬᠤᠳᠠ ᠶᠢᠨ ᠳ᠋ᠦᠡᠭᠱᠸᠡᠭ ᠲᠣᠭᠤᠷᠢᠭ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠪᠤᠭᠤᠲᠤ | ᠬᠤᠲᠠ ᠶᠢᠨ ᠴᠢᠩᠱᠠᠨ ᠲᠣᠭᠤᠷᠢᠭ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠥᠬᠡᠬᠤᠲᠠ ᠶᠢᠨ ᠰᠠᠶᠢᠬᠠᠨ | ᠲᠣᠭᠤᠷᠢᠭ ᠨᠢ ᠴᠥᠮ ︽2017 ᠣᠨ ᠤ ᠪᠦᠬᠦ ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠵᠠᠭᠤᠨ | ᠬᠦᠴᠦᠷᠬᠡᠭ ᠲᠤᠭᠤᠷᠢᠭ︾ ᠤᠨ ᠨᠡᠷᠡᠰ ᠲᠤ ᠵᠢᠭᠰᠠᠭᠠᠭᠳᠠᠪᠠ᠃ ᠤᠷᠳᠤᠰ ᠬᠤᠳᠠ ᠶᠢᠨ ᠳ᠋ᠦᠡᠭᠱᠸᠡᠭ ᠲᠣᠭᠤᠷᠢᠭ᠂ | ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠪᠤᠭᠤᠲᠤ ᠬᠤᠳᠠ ᠶᠢᠨ ᠴᠢᠩᠱᠠᠨ ᠲᠤᠭᠤᠷᠢᠭ ᠨᠢ ︽2017 | ᠣᠨ ᠤ ᠪᠦᠬᠦ ᠤᠯᠤᠰ ᠤᠨ ᠪᠡᠯᠡ ᠣᠷᠣᠭᠤᠯᠤᠯᠲᠠ ᠶᠢᠨ ᠲᠠᠯᠲᠠ ᠬᠦᠴᠦᠨ ᠪᠦᠬᠦᠢ ᠵᠠᠭᠤᠨ ᠬᠦᠴᠦᠷᠬᠡᠭ ᠲᠤᠭᠤᠷᠢᠭ︾ | ᠤᠨ ᠨᠡᠷᠡᠰ ᠲᠤ ᠤᠷᠤᠭᠰᠠᠨ ᠪᠠᠶᠢᠨ᠎ᠠ᠃ | ︽2017 ᠣᠨ ᠤ ᠪᠦᠬᠦ ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠰᠠᠨ ᠴᠢᠨᠠᠷᠯᠢᠭ ᠵᠠᠭᠤᠨ | ᠬᠦᠴᠦᠷᠬᠡᠭ ᠰᠢᠶᠠᠨ ᠬᠤᠳᠠ︾ ᠪᠣᠯᠤᠨ ︽2017 ᠣᠨ ᠤ ᠪᠦᠬᠦ ᠤᠯᠤᠰ ᠤᠨ ᠰᠢᠨ᠎ᠡ ᠶᠢ ᠡᠭᠦᠳᠴᠦ ᠠᠳᠠᠯ | ᠦᠶᠯᠡᠰ ᠴᠣᠭᠴᠠᠯᠠᠬᠤ ᠵᠠᠭᠤᠨ ᠬᠦᠴᠦᠷᠬᠡᠭ ᠰᠢᠶᠠᠨ ᠬᠤᠲᠠ︾ ᠶᠢᠨ ᠨᠡᠷᠡᠰ ᠲᠤ᠂ ᠥᠪᠥᠷ ᠮᠣᠩᠭᠤᠯ ᠠᠴᠠ ᠵᠥᠪᠬᠡᠨ | ᠵᠡᠭᠦᠨᠭᠠᠷ ᠬᠤᠰᠢᠭᠤ ᠤᠷᠤᠭᠰᠠᠨ ᠪᠠᠶᠢᠨ᠎ᠠ᠃ | ︽2017 ᠣᠨ ᠤ ᠪᠦᠬᠦ ᠤᠯᠤᠰ ᠤᠨ ᠰᠢᠨ᠎ᠡ ᠶᠢ ᠡᠭᠦᠳᠴᠦ ᠠᠳᠠᠯ ᠦᠶᠯᠡᠰ ᠴᠣᠭᠴᠠᠯᠠᠬᠤ ᠵᠠᠭᠤᠨ | ᠬᠦᠴᠦᠷᠬᠡᠭ ᠲᠤᠭᠤᠷᠢᠭ︾ ᠤᠨ ᠨᠡᠷᠡᠰ ᠲᠤ᠂ ᠪᠤᠭᠤᠲᠤ ᠬᠤᠲᠠ ᠶᠢᠨ ᠬᠥᠨᠳᠡᠯᠡᠨ ᠲᠣᠭᠤᠷᠢᠭ᠂ ᠤᠷᠳᠤᠰ | ᠬᠤᠳᠠ ᠶᠢᠨ ᠳ᠋ᠦᠡᠭᠱᠸᠡᠭ ᠲᠣᠭᠤᠷᠢᠭ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠪᠤᠭᠤᠲᠤ ᠬᠤᠳᠠ ᠶᠢᠨ | ᠳ᠋ᠦᠩ ᠡᡁᠧ ᠲᠣᠭᠤᠷᠢᠭ ᠨᠢ ᠲᠦᠷᠦᠬᠦᠦ 100 ᠨᠡᠷᠡᠰ ᠲᠤ ᠤᠷᠤᠭᠰᠠᠨ ᠪᠠᠶᠢᠨ᠎ᠠ᠃ | ᠤᠷᠳᠤᠰ ᠬᠤᠳᠠ ᠶᠢᠨ ᠳ᠋ᠦᠡᠭᠱᠸᠡᠭ ᠲᠣᠭᠤᠷᠢᠭ᠂ ᠪᠤᠭᠤᠲᠤ ᠬᠤᠲᠠ ᠶᠢᠨ ᠴᠢᠩᠱᠠᠨ ᠲᠣᠭᠤᠷᠢᠭ᠂ ᠪᠤᠭᠤᠲᠤ | ᠬᠤᠲᠠ ᠶᠢᠨ ᠬᠥᠨᠳᠡᠯᠡᠨ ᠲᠣᠭᠤᠷᠢᠭ᠂ ᠬᠥᠬᠡᠬᠤᠲᠠ ᠶᠢᠨ ᠰᠢᠨ᠎ᠡ ᠬᠤᠲᠠ ᠲᠣᠭᠤᠷᠢᠭ᠂ ᠬᠥᠬᠡᠬᠤᠲᠠ ᠶᠢᠨ ᠰᠠᠶᠢᠬᠠᠨ | ᠲᠣᠭᠤᠷᠢᠭ᠂ ᠤᠯᠠᠭᠠᠨᠬᠠᠳᠠ ᠬᠤᠲᠠ ᠶᠢᠨ ᠶᠤᠸᠠᠨ ᠪᠦᠦ ᠱᠠᠨ ᠲᠣᠭᠤᠷᠢᠭ ᠨᠢ ︽2017 ᠣᠨ ᠤ ᠪᠦᠬᠦ | ᠤᠯᠤᠰ ᠤᠨ ᠰᠢᠨ᠎ᠡ ᠬᠡᠯᠪᠡᠷᠢ ᠶᠢᠨ ᠬᠤᠲᠠ ᠪᠠᠯᠭᠠᠰᠤᠵᠢᠭᠰᠠᠨ ᠴᠢᠨᠠᠷᠯᠢᠭ ᠵᠠᠭᠤᠨ ᠬᠦᠴᠦᠷᠬᠡᠭ ᠲᠤᠭᠤᠷᠢᠭ︾ ᠤᠨ | ᠨᠡᠷᠡᠰ ᠲᠤ ᠵᠢᠭᠰᠠᠭᠠᠭᠳᠠᠪᠠ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠨᠡᠶᠢᠲᠡ 25 ᠪᠠᠯᠭᠠᠰᠤ ᠨᠢ ︽2017 ᠣᠨ ᠤ ᠪᠦᠬᠦ | ᠤᠯᠤᠰ ᠤᠨ ᠶᠡᠷᠦᠩᠬᠡᠶᠢᠯᠡᠭᠰᠡᠨ ᠪᠣᠳᠠᠲᠤ ᠬᠦᠴᠦᠨ ᠪᠦᠬᠦᠢ ᠮᠢᠩᠭᠠᠨ ᠬᠦᠴᠦᠷᠭᠡᠭ ᠪᠠᠯᠭᠠᠰᠤᠨ ᠤ ᠲᠦᠷᠦᠬᠦᠦ ᠵᠠᠭᠤᠨ | ᠨᠡᠷᠡᠰ︾ ᠲᠤ ᠵᠢᠭᠰᠠᠭᠠᠭᠳᠠᠪᠠ᠃ |