ᠲᠠᠪᠤᠨ ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠰᠢᠦᠳᠠᠨ ᠤ ᠠᠵᠢᠯ ᠲᠥᠷᠥᠯ ᠤᠨ ᠬᠡᠪᠴᠢᠶ᠎ᠡ | ᠲᠠᠰᠤᠷᠠᠯᠲᠠ ᠥᠬᠡᠶ ᠥᠷᠭᠡᠳᠴᠦ᠂ ᠪᠦᠬᠦ ᠣᠷᠣᠨ ᠤ ᠲᠤᠬᠠᠶᠢᠯᠠᠭᠰᠠᠨ ᠠᠵᠢᠯ ᠤᠨ ᠶᠡᠷᠦᠩᠬᠡᠶ ᠬᠡᠮᠵᠢᠶ᠎ᠡ ᠶᠢᠨ ᠵᠢᠯ ᠤᠨ | ᠳᠤᠮᠳᠠᠴᠢ ᠨᠡᠮᠡᠭᠳᠡᠯ ᠤᠨ ᠬᠡᠮᠵᠢᠶ᠎ᠡ ᠨᠢ 15% ᠶᠢ ᠳᠠᠪᠠᠵᠠᠶ︔ ᠲᠦᠷᠭᠡᠨ ᠢᠯᠡᠭᠡᠮᠵᠢ ᠶᠢᠨ ᠦᠶᠯᠡᠰ ᠤᠨ | ᠲᠤᠬᠠᠶᠢᠯᠠᠭᠰᠠᠨ ᠠᠵᠢᠯ ᠤᠨ ᠬᠡᠮᠵᠢᠶ᠎ᠡ ᠶᠢᠨ ᠵᠢᠯ ᠤᠨ ᠳᠤᠮᠳᠠᠴᠢ ᠨᠡᠮᠡᠭᠳᠡᠯ ᠤᠨ ᠬᠡᠮᠵᠢᠶ᠎ᠡ ᠨᠢ 34.6% ᠬᠦᠷᠴᠡᠢ᠃ | ᠰᠠᠭᠤᠷᠢ ᠪᠡᠯᠡᠳᠬᠡᠮᠵᠢ ᠶᠢ ᠦᠷᠭᠦᠯᠵᠢᠯᠡᠨ ᠪᠦᠷᠢᠨᠰᠢᠭᠦᠯᠵᠦ᠂ ᠨᠢᠭᠡᠨᠲᠡ 11 ᠠᠶᠢᠮᠠᠭ ᠬᠤᠳᠠ ᠶᠢᠨ ᠱᠠᠲᠤᠨ ᠤ | ᠲᠦᠷᠭᠡᠨ ᠢᠯᠡᠭᠡᠮᠵᠢ ᠶᠢᠨ ᠡᠳ᠋ ᠪᠠᠷᠠᠭᠠᠨ ᠤ ᠭᠦᠢᠯᠭᠡᠭᠡ ᠶᠢᠨ ᠬᠦᠷᠢᠶᠡᠯᠡᠩ ᠲᠣᠭᠤᠷᠢᠭ᠂ 8 ᠠᠶᠢᠮᠠᠭ ᠬᠤᠲᠠ ᠶᠢᠨ | ᠲᠦᠷᠭᠡᠨ ᠢᠯᠡᠭᠡᠮᠵᠢ ᠶᠢᠨ ᠲᠣᠣᠷ ᠴᠢᠭ᠋ ᠪᠠᠶᠢᠭᠤᠯᠵᠤ᠂ ᠰᠢᠶᠠᠩ ᠪᠠᠯᠭᠠᠰᠤ ᠶᠢᠨ ᠪᠦᠷᠬᠦᠴᠡ ᠶᠢᠨ ᠨᠤᠷᠮ᠎ᠠ 85% ᠶᠢ | ᠳᠠᠪᠠᠵᠤ᠂ 6000 ᠭᠠᠷᠤᠶ ᠦᠢᠯᠡᠴᠢᠯᠡᠭᠡᠨ ᠤ ᠲᠣᠣᠷ ᠴᠢᠭ᠋ ᠪᠠ 8500 ᠭᠠᠷᠤᠶ ᠠᠷᠠᠳ ᠲᠤ ᠳᠥᠭᠦᠮ ᠦᠵᠡᠭᠦᠯᠬᠦ | ᠰᠢᠦᠳᠠᠨ ᠤ ᠦᠢᠯᠡᠴᠢᠯᠡᠭᠡᠨ ᠤ ᠦᠷᠲᠡᠭᠡ ᠬᠤᠳᠠ ᠬᠦᠳᠡᠭᠡ ᠪᠠᠷ ᠲᠦᠭᠡᠪᠡ᠃ ᠦᠢᠯᠡᠴᠢᠯᠡᠭᠡᠨ ᠤ ᠬᠢᠷᠢ ᠲᠦᠪᠰᠢᠨ | ᠲᠣᠭᠲᠠᠭᠤᠨ ᠢᠶᠠᠷ ᠳᠡᠭᠡᠭᠰᠢᠯᠡᠵᠦ᠂ ᠬᠤᠲᠠ ᠲᠣᠭᠤᠷᠢᠭ ᠪᠣᠯᠤᠨ ᠬᠤᠰᠢᠭᠤ ᠰᠢᠶᠠᠨ ᠰᠢᠶᠠᠩ ᠪᠠᠯᠭᠠᠰᠤ ᠳᠤ ᠡᠩ ᠤᠨ | ᠪᠣᠭᠤᠳᠠᠯ ᠢ ᠬᠡᠷ ᠡᠷᠦᠭᠡ ᠳᠤ ᠬᠦᠷᠭᠡᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠲᠦᠷᠭᠡᠨ ᠢᠯᠡᠭᠡᠮᠵᠢ ᠶᠢᠨ | ᠦᠢᠯᠡᠴᠢᠯᠡᠭᠡᠨ ᠤ ᠡᠯᠧᠺᠲᠷᠣᠨ ᠬᠤᠳᠠᠯᠳᠤᠭᠠᠨ ᠤ ᠶᠠᠪᠤᠳᠠᠯ᠂ ᠦᠢᠯᠡᠳᠬᠦ ᠦᠢᠯᠡᠰ᠂ ᠤᠳᠤ ᠦᠶ᠎ᠡ ᠶᠢᠨ ᠲᠠᠷᠢᠶᠠᠯᠠᠩ | ᠮᠠᠯ ᠠᠵᠤ ᠠᠬᠤᠶ ᠠᠩᠬ᠎ᠠ ᠬᠡᠪᠴᠢᠶ᠎ᠡ ᠲᠠᠢ ᠪᠤᠯᠤᠨ ᠪᠦᠷᠢᠯᠳᠦᠵᠦ᠂ ᠡᠨᠡ ᠵᠢᠯ 1.1 ᠳ᠋ᠦᠩᠰᠢᠭᠤᠷ ᠬᠤᠪᠢ ᠣᠷᠣᠨ | ᠨᠤᠲᠤᠭ ᠤᠨ ᠣᠨᠴᠠᠯᠢᠭ ᠪᠥᠬᠦᠶ ᠦᠶᠯᠡᠳᠬᠦᠨ ᠲᠦᠷᠭᠡᠨ ᠢᠯᠡᠭᠡᠮᠵᠢ ᠪᠠᠷ ᠳᠠᠮᠵᠢᠨ ᠲᠠᠯ᠎ᠠ ᠨᠤᠲᠤᠭ ᠠᠴᠠ ᠪᠦᠬᠦ | ᠤᠯᠤᠰ ᠤᠨ ᠡᠯ᠎ᠡ ᠭᠠᠵᠠᠷ ᠲᠤ ᠬᠦᠷᠭᠡᠬᠦ ᠪᠤᠯᠵᠠᠢ᠃ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠦᠷ᠎ᠡ | ᠪᠦᠲᠦᠮᠵᠢ ᠮᠡᠳᠡᠭᠳᠡᠬᠦ᠋ᠢᠴᠡ ᠳᠡᠭᠡᠭᠰᠢᠯᠡᠨ᠂ ︽ᠡᠷᠬᠡ ᠶᠢ ᠪᠠᠭᠤᠯᠭᠠᠬᠤ᠂ ᠬᠠᠮᠢᠶᠠᠷᠬᠤ᠂ ᠦᠶᠯᠡᠴᠢᠯᠡᠬᠦ︾ | ᠥᠭᠡᠷᠡᠴᠢᠯᠡᠯᠲᠡ ᠶᠢ ᠦᠷᠭᠦᠯᠵᠢᠯᠡᠨ ᠭᠦᠨᠵᠡᠭᠡᠶᠢᠷᠡᠭᠦᠯᠵᠦ᠂ ᠬᠢᠨᠠᠨ ᠵᠥᠪᠰᠢᠶᠡᠷᠡᠬᠦ ᠴᠠᠭ ᠤᠨ ᠬᠢᠵᠠᠭᠠᠷ ᠢ 50% ᠠᠴᠠ | ᠳᠡᠭᠡᠭᠰᠢ ᠪᠤᠭᠤᠨᠢᠰᠬᠠᠵᠠᠢ᠃ ᠢᠯᠡᠭᠡᠮᠵᠢ ᠶᠢ ᠰᠢᠯᠭᠠᠨ ᠦᠵᠡᠬᠦ᠂ ᠦᠨᠡᠨ ᠨᠡᠷ᠎ᠡ ᠪᠠᠷ ᠲᠤᠰᠬᠤ ᠢᠯᠡᠭᠡᠬᠦ᠂ ᠮᠠᠰᠢᠨ ᠢᠶᠠᠷ | ᠠᠮᠤᠷ ᠲᠦᠪᠰᠢᠨ ᠤ ᠪᠠᠶᠢᠴᠠᠭᠠᠯᠲᠠ ᠬᠢᠬᠦ ᠭᠤᠷᠪᠠᠨ ᠳᠦᠷᠢᠮ ᠢ ᠪᠦᠲᠦᠮᠵᠢᠲᠡᠶ ᠪᠠᠷ ᠨᠠᠶᠢᠳᠠᠪᠤᠷᠢᠵᠢᠭᠤᠯᠵᠤ᠂ ᠪᠥᠬᠦ | ᠣᠷᠣᠨ ᠤ ᠦᠨᠡᠨ ᠨᠡᠷ᠎ᠡ ᠪᠠᠷ ᠲᠤᠰᠬᠤ ᠢᠯᠡᠭᠡᠬᠦ ᠨᠣᠷᠮ᠎ᠠ 80% ᠠᠴᠠ ᠳᠡᠭᠡᠭᠰᠢ ᠳᠤ ᠬᠦᠷᠴᠦ᠂ ᠪᠦᠬᠦ ᠤᠯᠤᠰ ᠤᠨ | ᠲᠡᠷᠢᠭᠦᠨ ᠡᠩᠨᠡᠭᠡᠨ ᠳᠤ ᠤᠷᠤᠵᠠᠢ᠃ |