2016 ᠣᠨ ᠳᠤ ᠥᠪᠥᠷ ᠮᠣᠩᠭᠤᠯ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠨᠡᠶᠢᠲᠡ 181 | ᠦᠨᠡᠯᠡᠨ ᠲᠣᠭᠲᠠᠭᠠᠵᠤ᠂ 115 ᠰᠢᠨ᠎ᠡ ᠪᠠᠷ ᠨᠡᠮᠡᠭᠳᠡᠨ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ | ᠨᠡᠮᠡᠭᠳᠡᠭᠡᠳ 352 ᠬᠦᠷᠴᠦ᠂ 2015 ᠣᠨ ᠤ ᠬᠢ ᠲᠠᠢ ᠬᠠᠷᠢᠴᠠᠭᠤᠯᠪᠠᠯ 50% ᠣᠷᠴᠢᠮ ᠨᠡᠮᠡᠭᠳᠡᠵᠦ᠂ | ᠨᠡᠮᠡᠭᠳᠡᠯ ᠤᠨ ᠲᠤᠭ᠎ᠠ ᠪᠠᠷ ᠬᠠᠮᠤᠭ ᠠᠷᠪᠢᠨ ᠵᠢᠯ ᠪᠣᠯᠵᠠᠶ᠃ | ᠠᠩᠬ᠎ᠠ ᠠᠯᠬᠤᠮ ᠤᠨ ᠪᠦᠷᠢᠳᠬᠡᠯ ᠢ ᠦᠨᠳᠦᠰᠦᠯᠡᠪᠡᠯ᠂ 2016 ᠣᠨ ᠳᠤ ᠥᠪᠥᠷ ᠮᠣᠩᠭᠤᠯ ᠤᠨ ᠳᠡᠭᠡᠳᠦ | ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ ᠪᠦᠬᠦ ᠵᠢᠯ ᠳᠤ 1579.8 ᠳ᠋ᠥᠩᠰᠢᠭᠤᠷ ᠲᠥᠭᠦᠷᠢᠭ ᠤᠨ ᠶᠡᠷᠥᠩᠬᠡᠢ | ᠣᠷᠣᠯᠭ᠎ᠠ᠂ 92.2 ᠳ᠋ᠥᠩᠰᠢᠭᠤᠷ ᠲᠥᠭᠦᠷᠢᠭ ᠤᠨ ᠴᠡᠪᠡᠷ ᠠᠰᠢᠭ᠂ 75.4 ᠳ᠋ᠥᠩᠰᠢᠭᠤᠷ ᠲᠥᠭᠦᠷᠢᠭ ᠤᠨ | ᠭᠠᠶᠢᠯᠢ᠂ 65.9 ᠳ᠋ᠥᠩᠰᠢᠭᠤᠷ ᠲᠥᠭᠦᠷᠢᠭ ᠤᠨ ᠭᠠᠳᠠᠭᠠᠳᠤ ᠭᠠᠷᠭᠠᠯᠲᠠ ᠶᠢᠨ ᠭᠤᠪᠢᠭᠤᠯᠭ᠎ᠠ ᠶᠢ ᠪᠡᠶᠡᠯᠡᠭᠦᠯᠪᠡ᠃ | ᠡᠭᠦᠨ ᠳᠤ᠄ ᠶᠡᠷᠦᠩᠬᠡᠶ ᠣᠷᠣᠯᠭ᠎ᠠ ᠨᠢ ᠳ᠋ᠦᠩᠰᠢᠭᠤᠷ ᠲᠥᠭᠦᠷᠢᠭ ᠢ ᠳᠠᠪᠠᠭᠰᠠᠨ ᠠᠵᠤ ᠠᠬᠤᠶᠢᠯᠠᠯ 150 ᠰᠢᠬᠠᠮ | ᠪᠠᠶᠢᠪᠠ᠃ 2016 ᠣᠨ ᠳᠤ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠤᠨ R&D ᠵᠠᠷᠤᠳᠠᠯ ᠨᠢ 68.8 ᠳ᠋ᠥᠩᠰᠢᠭᠤᠷ ᠲᠥᠭᠦᠷᠢᠭ ᠬᠦᠷᠴᠦ᠂ ᠮᠡᠷᠭᠡᠵᠢᠯ ᠤᠨ ᠦᠭᠡᠷᠡᠴᠢᠯᠡᠯᠲᠡ ᠶᠢᠨ | ᠵᠠᠷᠤᠳᠠᠯ ᠨᠢ 7.6 ᠳ᠋ᠥᠩᠰᠢᠭᠤᠷ ᠲᠥᠭᠦᠷᠢᠭ ᠲᠤ ᠬᠦᠷᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠠᠵᠢᠯᠲᠠᠳ ᠤᠨ ᠳᠣᠲᠣᠷ᠎ᠠ᠂ ᠭᠠᠳᠠᠭᠠᠳᠤ ᠳᠤ ᠰᠤᠷᠤᠯᠴᠠᠭᠠᠳ ᠪᠤᠴᠠᠵᠤ ᠢᠷᠡᠭᠰᠡᠳ 150 ᠰᠢᠬᠠᠮ ᠪᠠᠶᠢᠵᠤ᠂ | ᠮᠠᠰᠲ᠋ᠧᠷ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ ᠨᠢ 3500 ᠣᠷᠴᠢᠮ ᠬᠦᠷᠴᠦ᠂ ᠭᠠᠳᠠᠭᠠᠳᠤ ᠶᠢᠨ | ᠮᠡᠷᠭᠡᠵᠢᠯᠲᠡᠨ ᠢ 30 ᠰᠢᠬᠠᠮ ᠢ ᠤᠷᠢᠪᠠ᠃ ᠭᠤᠣᠯ ᠪᠦᠲᠦᠭᠡᠭᠳᠡᠬᠦᠨ ᠤ ᠳᠣᠲᠣᠷᠠᠬᠢ ᠰᠢᠨ᠎ᠡ ᠪᠦᠲᠦᠭᠡᠭᠳᠡᠬᠦᠨ ᠤ | ᠦᠢᠯᠡᠳᠪᠦᠷᠢᠯᠡᠯ ᠤᠨ ᠦᠷᠳᠡᠭ ᠪᠣᠯᠣᠨ ᠪᠣᠷᠣᠯᠠᠭᠤᠯᠤᠯᠲᠠ ᠶᠢᠨ ᠣᠷᠣᠯᠭ᠎ᠠ ᠨᠢ ᠲᠤᠰ ᠲᠤᠰ 321.7 ᠳ᠋ᠥᠩᠰᠢᠭᠤᠷ | ᠲᠥᠭᠦᠷᠢᠭ ᠪᠣᠯᠣᠨ 363.7 ᠳ᠋ᠥᠩᠰᠢᠭᠤᠷ ᠲᠥᠭᠦᠷᠢᠭ ᠪᠠᠶᠢᠵᠤ᠂ ᠲᠤᠰ ᠲᠤᠰ ᠪᠥᠬᠦ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠶᠡᠷᠦᠩᠬᠡᠶ ᠦᠢᠯᠡᠳᠪᠦᠷᠢᠯᠡᠯ ᠤᠨ ᠦᠷᠳᠡᠭ ᠪᠣᠯᠣᠨ ᠪᠣᠷᠣᠯᠠᠭᠤᠯᠤᠯᠲᠠ ᠶᠢᠨ | ᠣᠷᠣᠯᠭ᠎ᠠ ᠶᠢᠨ 21.6% ᠪᠣᠯᠤᠨ 23.0% ᠶᠢ ᠡᠵᠡᠯᠡᠪᠡ᠃ ᠲᠤᠰᠬᠠᠶ ᠠᠰᠢᠭ ᠤᠨ ᠭᠤᠶᠤᠴᠢᠯᠠᠯᠲᠠ 2000 | ᠵᠦᠢᠯ ᠢ ᠳᠠᠪᠠᠵᠠᠢ᠂ ᠡᠭᠦᠨ ᠳᠤ ᠡᠭᠦᠳᠦᠯᠲᠡ ᠶᠢᠨ ᠲᠤᠰᠬᠠᠶ ᠠᠰᠢᠭ ᠨᠢ 1000 ᠵᠦᠢᠯ ᠢ ᠳᠠᠪᠠᠪᠠ︔ 1100 | ᠭᠠᠷᠤᠶ ᠵᠦᠢᠯ ᠤᠨ ᠲᠤᠰᠬᠠᠶ ᠠᠰᠢᠭ ᠲᠤ ᠡᠷᠬᠡ ᠣᠯᠭᠤᠪᠠ︔ ᠪᠦᠲᠦᠮᠵᠢᠲᠡᠶ ᠲᠤᠰᠬᠠᠶ ᠠᠰᠢᠭ 4800 ᠭᠠᠷᠤᠢ | ᠵᠦᠢᠯ ᠪᠠᠶᠢᠵᠤ᠂ ᠡᠭᠦᠨ ᠳᠤ ᠡᠭᠦᠳᠦᠯᠲᠡ ᠶᠢᠨ ᠲᠤᠰᠬᠠᠶ ᠠᠰᠢᠭ ᠨᠢ 1400 ᠵᠦᠢᠯ ᠢ ᠳᠠᠪᠠᠪᠠ᠃ | ᠤᠶᠢᠷ᠎ᠠ ᠶᠢᠨ ᠵᠢᠯ ᠤᠳ ᠲᠤ᠂ ᠥᠪᠥᠷ ᠮᠣᠩᠭᠤᠯ ᠤᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ | ᠦᠳᠲᠡᠷ ᠲᠦᠷᠭᠡᠨ ᠬᠥᠭᠵᠢᠵᠦ ᠪᠠᠶᠢᠭ᠎ᠠ ᠪᠣᠯᠪᠠᠴᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠳ ᠢ | ᠪᠤᠶᠢᠵᠢᠭᠤᠯᠬᠤ ᠪᠠ ᠬᠥᠭᠵᠢᠭᠦᠯᠬᠦ ᠳᠤᠮᠳᠠ ᠮᠦᠨᠴᠦ ᠲᠤᠭ᠎ᠠ ᠬᠡᠮᠵᠢᠶ᠎ᠡ ᠪᠠᠷ ᠴᠦᠬᠡᠨ᠂ ᠬᠡᠪᠴᠢᠶ᠎ᠡ ᠪᠠᠷ ᠪᠠᠭ᠎ᠠ᠂ | ᠣᠷᠣᠨ ᠪᠦᠰᠡ ᠶᠢᠨ ᠬᠥᠭᠵᠢᠯᠲᠡ ᠲᠡᠩᠴᠡᠭᠦᠷᠢ ᠦᠭᠡᠢ᠂ ᠮᠡᠷᠭᠡᠵᠢᠯ ᠤᠨ ᠬᠦᠷᠢᠶᠡᠨ ᠳᠠᠬᠢ ᠲᠠᠷᠬᠠᠯᠲᠠ ᠲᠡᠩᠴᠡᠭᠦᠷᠢ | ᠦᠭᠡᠢ ᠪᠠᠶᠢᠬᠤ ᠬᠦᠷᠦᠯᠴᠡᠬᠦ ᠦᠭᠡᠢ ᠲᠠᠯ᠎ᠠ ᠣᠷᠣᠰᠢᠵᠤ ᠪᠤᠢ᠃ ᠪᠢᠳᠡ ᠳᠡᠭᠡᠷ᠎ᠡ ᠳᠤᠷᠠᠳᠤᠭᠰᠠᠨ ᠠᠰᠠᠭᠤᠳᠠᠯ ᠳᠤ | ᠴᠢᠭᠯᠡᠭᠦᠯᠦᠨ ᠪᠦᠲᠦᠮᠵᠢᠲᠡᠶ ᠠᠷᠭ᠎ᠠ ᠬᠡᠮᠵᠢᠶ᠎ᠡ ᠠᠪᠴᠤ᠂ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ | ᠪᠤᠶᠢᠵᠢᠭᠤᠯᠬᠤ ᠶᠢ ᠤᠯᠠᠮ ᠨᠢᠭᠡ ᠠᠯᠬᠤᠮ ᠴᠢᠩᠭᠠᠷᠠᠭᠤᠯᠵᠤ᠂ ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠳ ᠢ ᠶᠡᠬᠡᠪᠡᠷ ᠬᠥᠭᠵᠢᠭᠦᠯᠬᠦ ᠪᠠᠷ ᠳᠠᠮᠵᠢᠭᠤᠯᠤᠨ ᠬᠥᠭᠵᠢᠯᠲᠡ ᠶᠢᠨ ᠠᠷᠭ᠎ᠠ ᠮᠠᠶ᠋ᠢᠭ ᠤᠨ | ᠬᠤᠪᠢᠷᠠᠭᠤᠯᠤᠯᠲᠠ ᠶᠢ ᠲᠦᠯᠬᠢᠨ ᠠᠬᠢᠭᠤᠯᠵᠠᠢ᠃ ᠨᠢᠭᠡ ᠳᠤ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠪᠣᠶᠢᠵᠢᠭᠤᠯᠤᠯᠲᠠ ᠶᠢᠨ ᠬᠥᠮᠥᠷᠭᠡ ᠪᠠᠶᠢᠭᠤᠯᠪᠠ᠃ 2017 ᠣᠨ ᠠᠴᠠ ᠡᠬᠢᠯᠡᠨ᠂ ᠰᠠᠶᠢᠨ ᠳᠤᠷ᠎ᠠ ᠠᠴᠠ ᠪᠠᠨ | ᠭᠤᠶᠤᠴᠢᠯᠠᠬᠤ᠂ ᠬᠢᠨᠠᠨ ᠬᠠᠷᠭᠤᠭᠤᠯᠵᠤ ᠬᠥᠮᠥᠷᠭᠡ ᠳᠤ ᠣᠷᠣᠭᠤᠯᠬᠤ᠂ ᠲᠣᠭᠲᠠᠮᠠᠯ ᠬᠤᠭᠤᠴᠠᠭ᠎ᠠ ᠲᠠᠢ ᠪᠠᠷ | ᠰᠢᠨᠡᠳᠬᠡᠬᠦ᠂ ᠬᠥᠳᠡᠯᠦᠩᠭᠦᠶ ᠬᠠᠮᠢᠶᠠᠷᠤᠯᠲᠠ ᠬᠢᠬᠦ᠂ ᠴᠠᠭ ᠲᠤᠨᠢ ᠲᠣᠬᠢᠷᠠᠭᠤᠯᠤᠨ ᠨᠡᠮᠡᠵᠦ ᠨᠥᠬᠦᠪᠥᠷᠢᠯᠡᠬᠦ ᠵᠠᠷᠴᠢᠮ | ᠶᠣᠰᠣᠭᠠᠷ᠂ ᠨᠥᠬᠦᠴᠡᠯ ᠳᠤ ᠨᠡᠶᠢᠴᠡᠬᠦ ᠠᠵᠤ ᠠᠬᠤᠶᠢᠯᠠᠯ ᠤᠳ ᠢ ᠥᠪᠡᠷᠲᠡᠭᠡᠨ ᠵᠠᠰᠠᠬᠤ ᠣᠷᠣᠨ ᠤ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠤᠨ ᠪᠣᠶᠢᠵᠢᠭᠤᠯᠤᠯᠲᠠ ᠶᠢᠨ ᠬᠥᠮᠥᠷᠭᠡ ᠳᠤ ᠣᠷᠣᠭᠤᠯᠪᠠ᠃ ᠬᠥᠮᠥᠷᠭᠡᠯᠡᠭᠦᠯᠦᠭᠰᠡᠨ | ᠠᠵᠤ ᠠᠬᠤᠶᠢᠯᠠᠯ ᠤᠨ ᠣᠨᠴᠠᠯᠢᠭ ᠰᠢᠨᠵᠢ ᠪᠣᠯᠣᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ | ᠲᠠᠯ᠎ᠠ ᠪᠠᠷ ᠣᠷᠣᠰᠢᠵᠤ ᠪᠠᠶᠢᠭ᠎ᠠ ᠬᠦᠷᠦᠯᠴᠡᠬᠦ ᠦᠭᠡᠢ ᠲᠠᠯ᠎ᠠ ᠳᠤ ᠴᠢᠭᠯᠡᠭᠦᠯᠦᠨ᠂ ᠪᠦᠬᠦ ᠲᠠᠯ᠎ᠠ ᠪᠠᠷ ᠬᠠᠪᠰᠤᠷᠤᠨ | ᠵᠢᠯᠣᠭᠤᠳᠬᠤ ᠦᠢᠯᠡᠴᠢᠯᠡᠭᠡ ᠬᠢᠵᠦ᠂ ᠰᠢᠶᠳᠪᠦᠷᠢᠯᠡᠬᠦ ᠲᠥᠰᠦᠯ ᠢ ᠬᠠᠪᠰᠤᠷᠤᠨ ᠲᠣᠭᠲᠠᠭᠠᠵᠤ᠂ ᠲᠡᠳᠡᠨᠠᠷ ᠤᠨ | ᠰᠢᠨ᠎ᠡ ᠶᠢ ᠡᠭᠦᠳᠬᠦ ᠴᠢᠳᠠᠪᠤᠷᠢ ᠪᠠᠨ ᠳᠡᠭᠡᠭᠰᠢᠯᠡᠭᠦᠯᠬᠦ ᠶᠢ ᠨᠢ ᠲᠦᠯᠬᠢᠨ ᠠᠬᠢᠭᠤᠯᠪᠠ᠃ ᠬᠥᠮᠥᠷᠭᠡ ᠠᠴᠠ ᠭᠠᠷᠭᠠᠬᠤ᠂ | ᠨᠢᠭᠡᠨᠲᠡ ᠦᠨᠡᠯᠡᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠣᠯ᠂ ᠰᠢᠨᠵᠢᠯᠡᠬᠦ ᠤᠬᠠᠭᠠᠨ | ᠮᠡᠷᠭᠡᠵᠢᠯ ᠤᠨ ᠲᠥᠯᠥᠪᠯᠡᠭᠡᠨ ᠤ ᠲᠥᠷᠥᠯ ᠵᠦᠢᠯ ᠤᠨ ᠲᠠᠯ᠎ᠠ ᠪᠠᠷ ᠡᠩ ᠲᠡᠷᠢᠭᠦᠨ ᠳᠤ ᠳᠡᠮᠵᠢᠬᠦ ᠶᠢ ᠲᠣᠬᠢᠷᠠᠭᠤᠯᠵᠤ᠂ | ᠡᠭᠦᠨ ᠤ ᠵᠡᠷᠭᠡᠴᠡᠭᠡᠪᠡᠷ᠂ ᠦᠨᠡᠯᠡᠨ ᠲᠣᠭᠲᠠᠭᠠᠭᠰᠠᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠳᠤ ᠵᠣᠬᠢᠬᠤ | ᠱᠠᠩᠨᠠᠯ ᠤᠨ ᠨᠥᠬᠦᠪᠥᠷᠢ ᠣᠯᠭᠤᠬᠤ ᠪᠠᠷ ᠴᠢᠷᠮᠠᠶᠢᠪᠠ᠃ ᠡᠭᠦᠨ ᠠᠴᠠ ᠭᠠᠳᠠᠨ᠎ᠠ᠂ ᠳᠡᠭᠡᠳᠦ ᠰᠢᠨ᠎ᠡ ᠮᠡᠷᠭᠡᠵᠢᠯ ᠤᠨ | ᠠᠵᠤ ᠠᠬᠤᠶᠢᠯᠠᠯ ᠨᠢ ᠭᠠᠵᠠᠷ ᠣᠷᠣᠨ ᠤ ᠳᠡᠭᠡᠳᠦ ᠰᠢᠨ᠎ᠡ ᠬᠦᠷᠢᠶᠡᠯᠡᠩ ᠲᠣᠭᠤᠷᠢᠭ ᠲᠤ ᠣᠷᠣᠵᠤ ᠪᠣᠯᠬᠤ ᠮᠥᠷᠲᠡᠭᠡᠨ | ᠬᠠᠮᠢᠶ᠎ᠠ ᠪᠥᠬᠦᠢ ᠲᠥᠷᠥ ᠶᠢᠨ ᠪᠤᠳᠤᠯᠭ᠎ᠠ ᠶᠢᠨ ᠳᠡᠮᠵᠢᠯᠭᠡ ᠶᠢ ᠬᠦᠷᠲᠡᠨ᠎ᠡ᠃ ᠬᠤᠶᠠᠷ ᠲᠤ᠂ ᠪᠣᠯᠪᠠᠰᠤᠷᠠᠭᠤᠯᠤᠯ ᠪᠣᠯᠣᠨ | ᠤᠬᠠᠭᠤᠯᠭ᠎ᠠ ᠶᠢᠨ ᠡᠷᠴᠢᠮ ᠢᠶᠠᠨ ᠨᠡᠮᠡᠭᠳᠡᠭᠦᠯᠪᠡ᠃ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ | ᠬᠠᠷᠠᠭᠠᠯᠵᠠᠯᠳᠤ ᠲᠦᠷᠦ ᠶᠢᠨ ᠪᠤᠳᠤᠯᠭ᠎ᠠ ᠶᠢ ᠪᠦᠬᠦ ᠨᠡᠶᠢᠭᠡᠮ ᠳᠤ ᠥᠷᠭᠡᠨ ᠢᠶᠠᠷ ᠳᠡᠯᠭᠡᠷᠡᠭᠦᠯᠵᠦ᠂ ᠠᠵᠤ ᠠᠬᠤᠶᠢᠯᠠᠯ ᠢ | ᠬᠥᠲᠥᠯᠥᠨ ᠵᠢᠯᠣᠭᠤᠳᠴᠤ ᠪᠠᠶᠢᠭᠠᠳ ᠲᠠᠨᠢᠯᠲᠠ ᠪᠠᠨ ᠳᠡᠭᠡᠭᠰᠢᠯᠡᠭᠦᠯᠦᠨ᠂ ᠠᠵᠤ ᠠᠬᠤᠶᠢᠯᠠᠯᠲᠠᠨ ᠤ ᠪᠠᠶᠢᠯᠳᠤᠬᠤ | ᠪᠤᠳᠤᠯᠭ᠎ᠠ ᠶᠢᠨ ᠪᠣᠯᠪᠠᠰᠤᠷᠠᠭᠤᠯᠤᠯ ᠢ ᠴᠢᠩᠭᠠᠳᠬᠠᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠬᠠᠮᠢᠶᠠᠷᠤᠯᠲᠠ ᠶᠢᠨ | ᠠᠵᠢᠯᠳᠠᠨ᠂ ᠡᠳ᠋ ᠤᠨ ᠶᠠᠪᠤᠳᠠᠯ ᠤᠨ ᠠᠵᠢᠯᠲᠠᠨ ᠨᠠᠷ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠢ | ᠲᠦᠯᠬᠢᠨ ᠠᠬᠢᠭᠤᠯᠵᠤ᠂ ᠡᠯ᠎ᠡ ᠲᠦᠷᠦᠯ ᠤᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ ᠰᠢᠰᠲ᠋ᠧᠮᠵᠢ ᠶᠢᠨ ᠨᠡᠶᠢᠳᠡᠮ | ᠪᠠᠶᠢᠭᠤᠯᠤᠯᠲᠠ ᠶᠢ ᠲᠦᠯᠬᠢᠨ ᠠᠬᠢᠭᠤᠯᠪᠠ᠃ ᠡᠭᠦᠨ ᠤ ᠵᠡᠷᠭᠡᠴᠡᠭᠡᠪᠡᠷ᠂ ᠠᠶᠢᠮᠠᠭ ᠬᠤᠲᠠ ᠶᠢᠨ ᠳᠡᠭᠡᠳᠦ ᠰᠢᠨ᠎ᠡ | ᠮᠡᠷᠭᠡᠵᠢᠯ ᠤᠨ ᠠᠵᠤ ᠠᠬᠤᠶᠢᠯᠠᠯ ᠢ ᠪᠣᠶᠢᠵᠢᠭᠤᠯᠬᠤ ᠵᠢᠯᠤᠭᠤᠳᠤᠯᠭ᠎ᠠ ᠪᠠ ᠳᠡᠮᠵᠢᠯᠭᠡ ᠶᠢᠨ ᠡᠷᠴᠢᠮ ᠢᠶᠠᠨ ᠨᠡᠮᠡᠭᠳᠡᠭᠦᠯᠪᠡ᠃ | ᠭᠤᠷᠪᠠ ᠳᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠪᠡ᠃ | ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠢ ᠪᠤᠶᠢᠵᠢᠭᠤᠯᠬᠤ ᠠᠵᠢᠯ ᠳᠤ ᠴᠢᠭᠯᠡᠭᠦᠯᠦᠨ᠂ ᠰᠤᠳᠤᠯᠤᠨ ᠨᠡᠭᠡᠭᠡᠬᠦ᠂ | ᠮᠡᠷᠭᠡᠵᠢᠯ ᠰᠢᠯᠵᠢᠭᠦᠯᠬᠦ᠂ ᠰᠢᠯᠭᠠᠨ ᠪᠠᠶᠢᠴᠠᠭᠠᠬᠤ ᠰᠢᠯᠭᠠᠨ ᠬᠡᠮᠵᠢᠵᠦ ᠭᠡᠷᠡᠴᠢᠯᠡᠭᠡ ᠬᠢᠬᠦ᠂ ᠠᠳᠠᠯ ᠦᠢᠯᠡᠰ | ᠴᠣᠭᠴᠠᠯᠠᠬᠤ ᠶᠢᠨ ᠨᠡᠪᠴᠢᠭᠦᠯᠦᠯᠲᠡ᠂ ᠮᠡᠳᠡᠯᠭᠡ ᠶᠢᠨ ᠪᠦᠲᠦᠭᠡᠭᠳᠡᠬᠦᠨ ᠤ ᠡᠷᠬᠡ᠂ ᠰᠢᠨᠵᠢᠯᠡᠬᠦ ᠤᠬᠠᠭᠠᠨ | ᠮᠡᠷᠭᠡᠵᠢᠯ ᠤᠨ ᠵᠥᠪᠯᠡᠯᠭᠡ ᠥᠭᠬᠦ᠂ ᠰᠢᠨᠵᠢᠯᠡᠬᠦ ᠤᠬᠠᠭᠠᠨ ᠮᠡᠷᠭᠡᠵᠢᠯ ᠤᠨ ᠮᠥᠩᠭᠦᠨ ᠭᠦᠢᠯᠭᠡᠭᠡᠨ᠂ ᠰᠢᠨᠵᠢᠯᠡᠬᠦ | ᠤᠬᠠᠭᠠᠨ ᠮᠡᠷᠭᠡᠵᠢᠯ ᠢ ᠲᠦᠭᠡᠮᠡᠯᠵᠢᠭᠦᠯᠬᠦ᠂ ᠶᠡᠷᠦᠩᠬᠡᠶᠢᠯᠡᠭᠰᠡᠨ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡ | ᠬᠢᠵᠦ ᠪᠠᠶᠢᠭ᠎ᠠ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠴᠢᠯᠡᠭᠡᠨ ᠤ ᠡᠩᠨᠡᠭᠡ ᠶᠢ ᠬᠥᠭᠵᠢᠭᠦᠯᠦᠨ | ᠪᠤᠵᠠᠭᠠᠶᠢᠷᠠᠭᠤᠯᠵᠤ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ ᠪᠣᠯᠵᠤ ᠪᠦᠷᠢᠯᠳᠦᠬᠦ ᠶᠢ ᠲᠦᠯᠬᠢᠨ | ᠠᠬᠢᠭᠤᠯᠵᠤ᠂ ᠵᠠᠬ᠎ᠠ ᠳᠡᠯᠭᠡᠭᠦᠷ ᠢᠶᠠᠷ ᠭᠤᠣᠯ ᠪᠣᠯᠭᠠᠭᠰᠠᠨ ᠴᠣ ᠰᠢᠨ᠎ᠡ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡᠨ ᠤ ᠲᠣᠭᠲᠠᠴᠠ ᠶᠢ ᠪᠤᠢ ᠪᠣᠯᠭᠠᠪᠠ᠃ ᠠᠵᠤ ᠠᠬᠤᠶᠢᠯᠠᠯ ᠤᠨ ᠦᠰᠦᠨ ᠪᠤᠶᠢᠵᠢᠬᠤ ᠶᠠᠪᠤᠴᠠ ᠳᠤ | ᠨᠡᠯᠢᠶᠡᠳ ᠪᠠᠭ᠎ᠠ ᠪᠡᠯᠡ ᠣᠷᠣᠭᠤᠯᠤᠯᠲᠠ ᠪᠠᠷ ᠰᠢᠨᠵᠢᠯᠡᠬᠦ ᠤᠬᠠᠭᠠᠨ ᠮᠡᠷᠭᠡᠵᠢᠯ ᠤᠨ ᠵᠣᠬᠢᠴᠠᠩᠭᠤᠢ ᠦᠢᠯᠡᠴᠢᠯᠡᠭᠡᠨ ᠢ | ᠭᠦᠢᠴᠡᠳ ᠬᠦᠷᠲᠡᠭᠡᠪᠡ᠃ |