| | ︵2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠶᠠᠯ ᠤᠨ | ᠪᠠᠶᠢᠩᠭᠤ ᠶᠢᠨ ᠬᠤᠷᠢᠶ᠎ᠠ ᠶᠢᠨ ᠲᠠᠪᠤᠳᠦᠭᠠᠷ ᠬᠤᠷᠠᠯ ᠠᠴᠠ ᠪᠠᠳᠦᠯᠠᠪᠠ︶ ᠦᠪᠦᠷ ᠮᠤᠩᠭᠤᠯ ᠤᠨ ᠦᠪᠡᠷᠳᠡᠭᠡᠨ ᠵᠠᠰᠠᠬᠤ | ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠶᠢᠨ ᠠᠯᠪᠠᠨ ᠵᠠᠷ ᠲᠠᠪᠦᠳᠦᠭᠠᠷ ᠲᠤᠭᠠᠳᠤ | | 2008 ᠤᠨ ᠤ 11 ᠳ᠋ᠦ᠋ᠭᠡᠷ ᠰᠠᠷ᠎ᠠ ᠶᠢᠨ 14 ᠤ ᠡᠳᠥᠷ | | | ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠠᠷᠪᠠᠨ ᠨᠢᠭᠡᠳᠦᠭᠡᠷ ᠬᠤᠭᠤᠴᠠᠭᠠᠨ ᠤ ᠠᠷᠠᠳ ᠤᠨ | ᠲᠦᠯᠦᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠲᠠᠪᠦᠳᠦᠭᠠᠷ ᠬᠤᠷᠠᠯ ᠠᠴᠠ ᠵᠠᠰᠠᠨ | ᠳᠣᠭᠳᠠᠭᠠᠭᠰᠠᠨ ︽ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠲᠦᠷᠢᠮ︾ ᠢ | ᠪᠠᠳᠦᠯᠠᠪᠠ᠂ ᠤᠳᠦ ᠨᠡᠶᠢᠳᠡᠯᠡᠶ᠎ᠠ᠂ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠨ | ᠭᠡᠷᠡᠭᠵᠢᠭᠦᠯᠦᠨ᠎ᠠ᠃ | | 2008 ᠤᠨ ᠤ 11 ᠳ᠋ᠦ᠋ᠭᠡᠷ ᠰᠠᠷ᠎ᠠ ᠶᠢᠨ 14 ᠤ ᠡᠳᠦᠷ | | | ᠨᠢᠭᠡᠳᠦᠭᠡᠷ ᠪᠦᠯᠦᠭ ᠶᠡᠷᠦᠩᠬᠡᠢ ᠲᠦᠷᠢᠮ | ᠬᠤᠶᠠᠳᠦᠭᠠᠷ ᠪᠦᠯᠦᠭ ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ | ᠭᠤᠷᠪᠠᠳᠦᠭᠠᠷ ᠪᠦᠯᠦᠭ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | ᠲᠦᠷᠪᠡᠳᠦᠭᠡᠷ ᠪᠦᠯᠦᠭ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠠᠳᠠᠪᠦᠷᠢᠯᠠᠬᠤ | ᠲᠠᠪᠦᠳᠦᠭᠠᠷ ᠪᠦᠯᠦᠭ ᠵᠠᠮ ᠤᠨ ᠶᠠᠪᠦᠳᠠᠯ ᠤᠨ ᠬᠠᠮᠢᠶᠠᠷᠦᠯᠳᠠ | ᠵᠢᠷᠭᠤᠳᠦᠭᠠᠷ ᠪᠦᠯᠦᠭ ᠰᠦᠢᠳᠭᠡᠯ ᠬᠤᠷᠢᠶᠠᠬᠤ ᠵᠠᠰᠠᠮᠠᠯ ᠵᠠᠮ | ᠲᠤᠯᠦᠳᠦᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | ᠨᠠᠢᠮᠠᠳᠦᠭᠠᠷ ᠪᠦᠯᠦᠭ ᠲᠠᠭᠠᠯᠳᠦᠭᠤᠯᠦᠬᠰᠠᠨ ᠲᠦᠷᠢᠮ | | | ᠨᠢᠭᠡᠳᠦᠭᠡᠷ ᠪᠦᠯᠦᠭ ᠶᠡᠷᠦᠩᠭᠡᠢ ᠲᠦᠷᠢᠮ | | | ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ | ᠲᠦᠷᠭᠡᠳᠭᠡᠵᠦ᠂ ᠦᠪᠡᠷᠳᠡᠭᠡᠨ ᠵᠠᠰᠠᠬᠤ ᠤᠷᠤᠨ ᠤ ᠠᠵᠦ ᠠᠬᠤᠢ ᠨᠡᠶᠢᠭᠡᠮ ᠤᠨ ᠬᠦᠭᠵᠢᠯᠳᠠ ᠶᠢ ᠠᠬᠢᠭᠤᠯᠬᠤ ᠶᠢᠨ | ᠲᠦᠯᠦᠭᠡ᠂ ︽ᠪᠦᠬᠦᠳᠡ ᠨᠠᠶᠢᠷᠠᠮᠳᠠᠬᠤ ᠲᠤᠮᠳᠠᠳᠦ ᠠᠷᠠᠳ ᠤᠯᠦᠰ ᠤᠨ ᠵᠠᠰᠠᠮᠠᠯ ᠵᠠᠮ ᠤᠨ ᠬᠠᠤᠯᠢ︾ ᠪᠤᠯᠦᠨ | ᠤᠯᠦᠰ ᠤᠨ ᠬᠤᠯᠪᠤᠬᠳᠠᠯ ᠪᠦᠬᠦᠢ ᠬᠠᠤᠯᠢ ᠴᠠᠭᠠᠵᠠ᠂ ᠬᠠᠤᠯᠢ ᠲᠤᠬᠳᠠᠭᠠᠯ ᠢ ᠦᠨᠳᠦᠰᠦᠯᠡᠵᠦ᠂ ᠦᠪᠡᠷᠳᠡᠭᠡᠨ | ᠵᠠᠰᠠᠬᠤ ᠤᠷᠤᠨ ᠤ ᠪᠤᠳᠠᠳᠠᠢ ᠲᠠᠢ ᠪᠠᠨ ᠤᠶᠠᠯᠳᠦᠭᠤᠯᠦᠨ᠂ ᠲᠤᠰ ᠲᠦᠷᠢᠮ ᠢ ᠲᠤᠬᠳᠠᠭᠠᠪᠠ᠃ | ᠬᠤᠶᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠰᠠᠬ ᠵᠠᠬᠢᠷᠭᠠᠨ ᠤ ᠤᠷᠤᠨ ᠤ ᠲᠤᠳᠦᠷᠠᠬᠢ ᠵᠠᠰᠠᠮᠠᠯ | ᠵᠠᠮ ᠢ ᠲᠦᠯᠦᠪᠵᠢᠭᠦᠯᠬᠦ᠂ ᠪᠦᠳᠦᠬᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ᠂ ᠡᠵᠡᠩᠨᠠᠬᠦ᠂ ᠬᠡᠷᠡᠭᠯᠡᠬᠦ ᠪᠠ | ᠬᠠᠮᠢᠶᠠᠷᠬᠤ ᠳᠤ ᠲᠤᠰ ᠲᠦᠷᠢᠮ ᠢ ᠬᠡᠷᠡᠭᠵᠢᠭᠦᠯᠦᠨ᠎ᠠ᠃ | ᠭᠤᠷᠪᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ | ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠦᠬᠦ ᠤᠷᠤᠨ ᠤ ᠵᠠᠰᠠᠮᠠᠯ ᠵᠠᠮ ᠤᠨ | ᠠᠵᠢᠯ ᠢ ᠭᠤᠤᠯᠯᠠᠠ ᠬᠠᠮᠢᠶᠠᠷᠤᠨ᠎ᠠ᠃ ᠤᠯᠦᠰ ᠤᠨ ᠵᠠᠮ᠂ ᠮᠤᠵᠢ ᠶᠢᠨ ᠵᠠᠮ ᠢ ᠦᠪᠡᠷᠳᠡᠭᠡᠨ ᠵᠠᠰᠠᠬᠤ ᠤᠷᠤᠨ ᠤ | ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ | ᠮᠦᠴᠢᠷ ᠠᠴᠠ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠤ ᠵᠠᠮ | ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠢ ᠵᠤᠬᠢᠶᠠᠨ ᠪᠠᠶᠢᠭᠤᠯᠦᠨ ᠪᠦᠳᠦᠭᠡᠨ | ᠪᠠᠶᠢᠭᠤᠯᠵᠦ ᠬᠠᠮᠢᠶᠠᠷᠦᠨ᠎ᠠ︔ ᠰᠢᠶᠠᠨ ᠤ ᠵᠠᠮ ᠢ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ | ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠭᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠪᠦᠳᠦᠭᠡᠨ | ᠪᠠᠶᠢᠭᠤᠯᠵᠦ ᠬᠠᠮᠢᠶᠠᠷᠦᠨ᠎ᠠ︔ ᠰᠢᠶᠠᠩ ᠤᠨ ᠵᠠᠮ᠂ ᠲᠤᠰᠬᠤᠨ ᠤ ᠵᠠᠮ ᠢ ᠰᠤᠮᠦ ᠰᠢᠶᠠᠩ ᠪᠠᠯᠭᠠᠰᠦᠨ ᠤ ᠠᠷᠠᠳ ᠤᠨ | ᠵᠠᠰᠠᠬ ᠤᠨ ᠤᠷᠳᠦᠨ ᠠᠴᠠ ᠬᠠᠷᠢᠭᠤᠴᠠᠨ ᠪᠦᠳᠦᠭᠡᠨ ᠪᠠᠶᠢᠭᠤᠯᠵᠦ ᠬᠠᠮᠢᠶᠠᠷᠦᠨ᠎ᠠ᠃ ᠬᠦᠭᠵᠢᠭᠦᠯᠦᠯᠳᠠ ᠪᠠ | ᠦᠭᠡᠷᠡᠴᠢᠯᠠᠯᠳᠠ᠂ ᠡᠳ᠋ ᠤᠨ ᠵᠠᠰᠠᠬ᠂ ᠤᠯᠦᠰ ᠤᠨ ᠭᠠᠵᠠᠷ ᠰᠢᠷᠦᠢ ᠡᠬᠢ ᠪᠠᠶᠠᠯᠢᠬ᠂ ᠤᠰᠦᠨ ᠠᠰᠢᠬᠯᠠᠯᠳᠠ᠂ ᠤᠢ | ᠰᠢᠭᠤᠢ᠂ ᠪᠦᠳᠦᠭᠡᠨ ᠪᠠᠶᠢᠭᠤᠯᠦᠯᠳᠠ᠂ ᠤᠷᠴᠢᠨ ᠲᠤᠭᠤᠷᠢᠨ ᠢ ᠬᠠᠮᠠᠭᠠᠯᠠᠬᠤ᠂ ᠲᠤᠳᠦᠭᠠᠳᠦ ᠶᠢ ᠬᠠᠮᠠᠭᠠᠯᠠᠬᠤ ᠵᠠᠷᠭᠡ | ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠦᠪᠡᠷ ᠦᠪᠡᠷ ᠤᠨ ᠲᠤᠰᠢᠶᠠᠯ ᠬᠠᠷᠢᠭᠤᠴᠠᠯᠭ᠎ᠠ | ᠶᠤᠰᠦᠭᠠᠷ ᠢᠶᠠᠨ ᠵᠠᠰᠠᠮᠠᠯ ᠵᠠᠮ ᠤᠨ ᠬᠠᠮᠢᠶᠠᠷᠦᠯᠳᠠ ᠶᠢᠨ ᠠᠵᠢᠯ ᠢ ᠰᠠᠶᠢᠳᠦᠷ ᠬᠢᠬᠦ ᠬᠡᠷᠡᠭᠳᠡᠢ᠃ | ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ | ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠤᠰ ᠭᠠᠵᠠᠷ ᠤᠷᠤᠨ ᠤ ᠪᠠᠨ ᠤᠯᠦᠰ ᠠᠷᠠᠳ ᠤᠨ ᠠᠵᠦ ᠠᠬᠤᠢ | ᠪᠠ ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠬᠡ ᠳᠤ ᠪᠠᠨ ᠤᠷᠤᠭᠤᠯᠵᠦ᠂ ᠢᠳᠡᠪᠬᠢᠳᠡᠢ ᠠᠷᠭ᠎ᠠ ᠬᠡᠮᠵᠢᠶ᠎ᠠ | ᠠᠪᠴᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢ ᠲᠡᠮᠵᠢᠨ ᠠᠬᠢᠭᠤᠯᠵᠦ᠂ ᠤᠯᠤᠰ ᠤᠨ ᠲᠤᠳᠦᠭᠠᠳᠦ | ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠬᠠᠤᠯᠢ ᠶᠤᠰᠦᠭᠠᠷ ᠵᠠᠰᠠᠮᠠᠯ ᠵᠠᠮ ᠢ ᠪᠦᠳᠦᠭᠡᠨ | ᠪᠠᠶᠢᠭᠤᠯᠵᠦ᠂ ᠡᠵᠡᠩᠨᠠᠬᠦ ᠶᠢ ᠵᠤᠷᠢᠬᠵᠢᠭᠤᠯᠦᠨ ᠵᠢᠯᠦᠭᠤᠳᠬᠤ ᠬᠡᠷᠡᠭᠳᠡᠢ᠃ | ᠲᠠᠪᠦᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ | ᠴᠦᠬᠡᠨ ᠲᠤᠭᠠᠳᠦ ᠦᠨᠳᠦᠰᠦᠳᠡᠨ ᠲᠦᠪᠯᠡᠷᠡᠨ ᠰᠠᠭᠤᠵᠣ ᠪᠠᠶᠢᠭ᠎ᠠ ᠭᠠᠵᠡᠷ ᠤᠷᠤᠨ᠂ ᠶᠠᠳᠠᠭᠤ ᠬᠦᠴᠢᠷᠳᠡᠢ ᠭᠠᠵᠡᠷ | ᠤᠷᠤᠨ᠂ ᠬᠢᠯᠢ ᠬᠢᠵᠠᠭᠠᠷ ᠤᠨ ᠪᠤᠶᠢᠳᠠ ᠪᠦᠭᠯᠡᠭᠦᠦ ᠭᠠᠵᠠᠷ ᠤᠷᠤᠨ ᠪᠠ ᠡᠷᠳᠡ ᠴᠢᠯᠦᠭᠡᠯᠡᠭᠳᠡᠭᠰᠡᠨ ᠤᠷᠤᠨ ᠤ ᠵᠠᠰᠠᠮᠠᠯ | ᠵᠠᠮ ᠤᠨ ᠪᠦᠳᠦᠭᠡᠨ ᠪᠠᠶᠢᠭᠤᠯᠦᠯᠳᠠ ᠳᠤ ᠪᠡᠯᠨ ᠮᠦᠡᠭᠭᠦ᠂ ᠪᠤᠳᠠᠰ ᠵᠡᠷᠭᠡ ᠲᠠᠯ᠎ᠠ ᠪᠠᠷ ᠡᠩ ᠲᠡᠷᠢᠭᠦᠨ ᠳᠤ | ᠲᠤᠬᠢᠷᠠᠭᠤᠯᠦᠨ ᠬᠠᠷᠠᠭᠠᠯᠵᠠᠬᠤ ᠬᠡᠷᠡᠭᠳᠡᠢ᠃ | | | | ᠬᠤᠶᠠᠳᠦᠭᠠᠷ ᠪᠦᠯᠦᠭ ᠵᠠᠰᠠᠮᠠᠯ ᠵᠠᠮ ᠤᠨ ᠲᠦᠯᠦᠪᠵᠢᠭᠦᠯᠭᠡ ᠪᠠ ᠪᠦᠳᠦᠭᠡᠨ ᠪᠠᠶᠢᠭᠤᠯᠦᠯᠳᠠ | | | ᠵᠢᠷᠭᠤᠳᠦᠭᠠᠷ ᠵᠦᠢᠯ ᠵᠠᠰᠠᠮᠠᠯ ᠵᠠᠮ ᠤᠨ ᠲᠦᠯᠦᠪᠵᠢᠭᠦᠯᠭᠡ ᠶᠢ ᠤᠯᠤᠰ ᠠᠷᠠᠳ ᠤᠨ ᠠᠵᠦ ᠠᠬᠤᠢ ᠪᠤᠯᠦᠨ | ᠨᠡᠶᠢᠭᠡᠮ ᠤᠨ ᠬᠦᠭᠵᠢᠯᠳᠠ ᠶᠢᠨ ᠲᠦᠯᠦᠪᠵᠢᠭᠦᠯᠭᠡ᠂ ᠤᠯᠦᠰ ᠤᠨ ᠪᠠᠳᠦᠯᠠᠨ ᠬᠠᠮᠠᠭᠠᠯᠠᠯᠳᠠ ᠶᠢᠨ ᠪᠦᠳᠦᠭᠡᠨ | ᠪᠠᠶᠢᠭᠤᠯᠦᠯᠳᠠ ᠶᠢᠨ ᠱᠠᠭᠠᠷᠳᠠᠯᠭ᠎ᠠ ᠪᠤᠯᠦᠨ ᠦᠪᠡᠷᠲᠡᠭᠡᠨ ᠵᠠᠰᠠᠬᠤ ᠤᠷᠤᠨ ᠤ ᠪᠤᠳᠠᠳᠦ ᠪᠠᠶᠢᠳᠠᠯ ᠢ ᠦᠨᠳᠦᠰᠦᠯᠡᠨ | ᠨᠠᠶᠢᠷᠠᠭᠤᠯᠦᠨ ᠵᠤᠬᠢᠶᠠᠬᠤ ᠶᠢᠨ ᠬᠠᠮᠳᠦ᠂ ᠬᠤᠳᠠ ᠬᠦᠳᠡᠭᠡ ᠶᠢᠨ ᠪᠦᠳᠦᠭᠡᠨ ᠪᠠᠶᠢᠭᠤᠯᠦᠯᠳᠠ ᠶᠢᠨ ᠬᠦᠭᠵᠢᠯᠳᠠ ᠶᠢᠨ | ᠲᠦᠯᠦᠪᠵᠢᠭᠦᠯᠭᠡ ᠵᠢᠴᠢ ᠲᠡᠮᠦᠷ ᠵᠠᠮ᠂ ᠤᠰᠤᠨ ᠵᠠᠮ᠂ ᠠᠭᠠᠷ ᠤᠨ ᠲᠡᠭᠡᠭᠡᠪᠦᠷᠢ᠂ ᠬᠤᠭᠤᠯᠠᠢ ᠪᠠᠷ ᠵᠦᠭᠡᠭᠡᠪᠦᠷᠢᠯᠡᠬᠦ | ᠵᠡᠷᠭᠡ ᠪᠤᠰᠦᠳ ᠬᠤᠯᠪᠤᠬᠳᠠᠯ ᠪᠦᠬᠦᠢ ᠠᠵᠢᠯ ᠦᠢᠯᠡᠰ ᠤᠨ ᠬᠦᠭᠵᠢᠯᠳᠠ ᠶᠢᠨ ᠲᠦᠯᠦᠪᠵᠢᠭᠦᠯᠭᠡ ᠲᠠᠢ ᠬᠠᠷᠢᠯᠴᠠᠨ | ᠵᠤᠬᠢᠴᠠᠯᠳᠦᠭᠤᠯᠬᠤ ᠬᠡᠷᠡᠭᠳᠡᠢ᠃ | ᠲᠤᠯᠦᠳᠦᠭᠠᠷ ᠵᠦᠢᠯ ᠲᠤᠰᠬᠤᠨ ᠪᠠᠯᠭᠠᠰᠦ᠂ ᠨᠡᠬᠡᠬᠡᠯᠳᠠ ᠶᠢᠨ ᠤᠷᠤᠨ᠂ ᠰᠤᠷᠭᠠᠭᠤᠯᠢ᠂ ᠦᠢᠯᠡᠳᠪᠦᠷᠢ | ᠠᠭᠤᠷᠬᠠᠢ᠂ ᠴᠤᠬᠯᠠᠭ᠎ᠠ ᠵᠠᠬ᠎ᠠ ᠠᠷᠠᠯᠵᠢᠶᠠᠨ ᠤ ᠲᠠᠯᠠᠪᠦᠷ ᠤᠷᠤᠨ ᠵᠡᠷᠭᠡ ᠪᠠᠷᠢᠯᠭ᠎ᠠ ᠶᠢ ᠲᠦᠯᠦᠪᠵᠢᠭᠦᠯᠦᠨ ᠰᠢᠨ᠎ᠠ ᠪᠠᠷ | ᠪᠠᠶᠢᠭᠤᠯᠬᠤ ᠳᠤ᠂ ᠵᠠᠰᠠᠮᠠᠯ ᠵᠠᠮ ᠤᠨ ᠬᠤᠶᠠᠷ ᠬᠠᠪᠢ ᠪᠠᠷ ᠵᠤᠬᠢᠴᠠᠭᠤᠯᠦᠨ ᠪᠠᠶᠢᠭᠤᠯᠬᠤ ᠠᠴᠠ ᠵᠠᠶᠢᠯᠠᠰᠬᠢᠵᠦ᠂ ᠵᠠᠰᠠᠮᠠᠯ | ᠵᠠᠮ ᠨᠢ ᠵᠡᠭᠡᠯᠢ ᠭᠤᠳᠦᠮᠵᠢ ᠪᠤᠯᠵᠦ᠂ ᠵᠠᠰᠠᠮᠠᠯ ᠵᠠᠮ ᠤᠨ ᠠᠮᠦᠷ ᠲᠦᠪᠰᠢᠨ ᠪᠤᠯᠦᠨ ᠰᠠᠭᠠᠳ ᠦᠭᠡᠢ ᠨᠡᠪᠳᠡᠷᠡᠬᠦ ᠶᠢ | ᠨᠦᠯᠦᠭᠡᠯᠡᠬᠦ ᠠᠴᠠ ᠰᠡᠷᠬᠡᠶᠢᠯᠡᠬᠦ ᠬᠡᠷᠡᠭᠳᠡᠢ᠃ ᠪᠠᠷᠢᠯᠭ᠎ᠠ ᠶᠢᠨ ᠬᠦᠪᠡᠭᠡ ᠵᠠᠬ᠎ᠠ ᠪᠤᠯᠦᠨ ᠵᠠᠰᠠᠮᠠᠯ ᠵᠠᠮ ᠤᠨ | ᠬᠠᠵᠠᠭᠤ ᠳᠠᠬᠢ ᠭᠤᠤ ︵ᠤᠰᠦ ᠬᠠᠰᠢᠬᠤ ᠭᠤᠤ᠂ ᠨᠠᠯᠦ ᠶᠢ ᠬᠠᠮᠠᠭᠠᠯᠠᠬᠤ ᠵᠠᠮ︶ ᠶᠢᠨ ᠵᠠᠬ᠎ᠠ ᠶᠢᠨ ᠬᠤᠭᠤᠷᠦᠨᠳᠦᠬᠢ | ᠬᠠᠮᠤᠬ ᠤᠨ ᠤᠬᠤᠷ ᠵᠠᠢ ᠶᠢ᠄ ᠤᠯᠦᠰ ᠤᠨ ᠵᠠᠮ᠂ ᠮᠤᠵᠢ ᠶᠢᠨ ᠵᠠᠮ 100 ᠮᠧᠲᠷ ᠠᠴᠠ ᠤᠬᠤᠷ ᠪᠠᠶᠢᠵᠦ ᠪᠤᠯᠬᠤ | ᠦᠭᠡᠢ︔ ᠰᠢᠶᠠᠨ ᠤ ᠵᠠᠮ 60 ᠮᠧᠲᠷ ᠠᠴᠠ ᠤᠬᠤᠷ ᠪᠠᠶᠢᠵᠦ ᠪᠤᠯᠬᠤ ᠦᠭᠡᠢ︔ ᠰᠢᠶᠠᠩ ᠤᠨ ᠵᠠᠮ᠂ ᠲᠤᠰᠬᠤᠨ ᠤ | ᠵᠠᠮ 30 ᠮᠧᠲᠷ ᠠᠴᠠ ᠤᠬᠤᠷ ᠪᠠᠶᠢᠵᠦ ᠪᠤᠯᠬᠤ ᠦᠭᠡᠢ᠃ | ᠨᠠᠢᠮᠠᠳᠦᠭᠠᠷ ᠵᠦᠢᠯ ᠵᠠᠰᠠᠮᠠᠯ ᠵᠠᠮ ᠪᠤᠯᠦᠨ ᠬᠤᠳᠠ ᠶᠢᠨ ᠵᠠᠮ ᠢ ᠬᠤᠪᠢᠶᠠᠷᠢᠯᠠᠬᠤ ᠳᠤ᠂ ᠬᠤᠳᠠ ᠶᠢᠨ | ᠬᠦᠭᠵᠢᠯᠳᠠ ᠶᠢᠨ ᠲᠦᠯᠦᠪᠵᠢᠭᠦᠯᠭᠡ ᠶᠢᠨ ᠤᠷᠤᠨ ᠪᠤᠶᠥ ᠬᠤᠳᠠ ᠶᠢᠨ ᠲᠤᠭᠤᠷᠢᠬ ᠢ ᠦᠷᠭᠡᠳᠭᠡᠭᠰᠡᠨ ᠤ ᠬᠤᠶᠢᠨᠠᠬᠢ | ᠪᠤᠳᠠᠳᠠᠢ ᠬᠦᠷᠢᠶ᠎ᠠ ᠬᠡᠪᠴᠢᠶ᠎ᠠ ᠪᠠᠷ ᠵᠠᠭᠠᠬ ᠪᠤᠯᠭᠠᠵᠦ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠤᠶᠥ | ᠬᠤᠳᠠ ᠶᠢᠨ ᠵᠠᠮ ᠤᠨ ᠵᠠᠰᠠᠬ ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠠᠴᠠ ᠡᠷᠭᠦᠳᠡᠯ ᠭᠠᠷᠭᠠᠵᠣ᠂ | ᠵᠠᠰᠠᠮᠠᠯ ᠵᠠᠮ ᠤᠨ ᠲᠡᠰ ᠶᠤᠰᠦᠭᠠᠷ ᠵᠠᠰᠠᠮᠠᠯ ᠵᠠᠮ ᠤᠨ ᠲᠦᠯᠦᠪᠵᠢᠭᠦᠯᠭᠡ ᠶᠢ ᠬᠢᠨᠠᠨ ᠵᠦᠪᠰᠢᠶᠡᠷᠡᠭᠰᠡᠨ ᠤᠤᠯ ᠰᠠᠯᠠᠭ᠎ᠠ | ᠮᠦᠴᠢᠷ ᠲᠤ ᠮᠡᠳᠡᠭᠦᠯᠦᠨ ᠵᠦᠪᠰᠢᠶᠡᠷᠡᠬᠦᠯᠬᠦ ᠬᠡᠷᠡᠭᠳᠡᠢ᠃ | ᠶᠢᠰᠦᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ | ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠪᠤᠯᠦᠨ ᠬᠤᠰᠢᠭᠤ ᠰᠢᠶᠠᠨ ᠤ | ᠱᠠᠳᠦᠨ ᠤ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ | ᠰᠠᠯᠠᠭ᠎ᠠ ᠮᠦᠴᠢᠷ ᠬᠡᠷᠡᠭᠯᠡᠭᠡᠨ ᠤ ᠴᠢᠳᠠᠪᠬᠢ ᠪᠠᠨ ᠠᠯᠳᠠᠬᠰᠠᠠ ᠮᠤᠵᠢ ᠶᠢᠨ ᠵᠠᠮ᠂ ᠰᠢᠶᠠᠨ ᠤ ᠵᠠᠮ ᠪᠠ ᠰᠢᠶᠠᠩ ᠤᠨ | ᠵᠠᠮ᠂ ᠲᠤᠰᠬᠤᠨ ᠤ ᠵᠠᠮ ᠢ ᠲᠤᠰ ᠱᠠᠳᠦᠨ ᠤ ᠠᠷᠠᠳ ᠤᠨ ᠵᠠᠰᠠᠬ ᠤᠨ ᠤᠷᠳᠦᠨ ᠤ ᠲᠦᠯᠦᠪᠵᠢᠭᠦᠯᠭᠡ ᠶᠢᠨ ᠵᠠᠰᠠᠬ | ᠵᠠᠬᠢᠷᠭᠠᠨ ᠤ ᠭᠤᠤᠯᠯᠠᠨ ᠬᠠᠮᠢᠶᠠᠷᠬᠤ ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠦᠬᠰᠠᠨ ᠤ ᠲᠠᠷᠠᠭ᠎ᠠ ᠴᠠᠬ | ᠲᠤᠬᠠᠢ ᠳᠤᠨᠢ ᠨᠡᠶᠢᠭᠡᠮ ᠨᠡᠶᠢᠳᠠ ᠳᠤ ᠵᠠᠷᠯᠠᠬᠤ ᠶᠢᠨ ᠬᠠᠮᠳᠦ᠂ ᠦᠯᠦ ᠬᠡᠷᠡᠭᠯᠡᠬᠦ ᠵᠠᠰᠠᠮᠠᠯ ᠵᠠᠮ ᠲᠡᠭᠡᠷ᠎ᠠ ᠢᠯᠨ | ᠲᠤᠳᠦᠷᠬᠠᠢ ᠲᠡᠮᠳᠡᠭ ᠲᠠᠯᠪᠢᠬᠤ ᠬᠡᠷᠡᠭᠳᠡᠢ᠃ | ᠠᠷᠪᠠᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠡᠯ᠎ᠠ ᠱᠠᠳᠦᠨ ᠤ | ᠠᠷᠠᠳ ᠤᠨ ᠵᠠᠰᠠᠬ ᠤᠨ ᠤᠷᠳᠦᠨ ᠤ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ᠂ ᠬᠠᠤᠯᠢ ᠶᠤᠰᠦᠭᠠᠷ ᠭᠠᠶᠢᠯᠢ | ᠲᠠᠳᠠᠪᠦᠷᠢᠯᠠᠨ ᠬᠤᠷᠠᠮᠳᠦᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠤᠰᠬᠠᠢ ᠲᠦᠷᠦᠯ ᠤᠨ ᠪᠡᠯᠨ | ᠮᠦᠡᠭᠭᠦ ᠠᠴᠠ ᠢᠷᠡᠭᠰᠡᠨ ᠡᠳ᠋ ᠤᠨ ᠵᠠᠰᠠᠬ ᠤᠨ ᠰᠠᠯᠭᠠᠨ ᠦᠭᠬᠦ ᠵᠤᠭᠤᠰ ᠠᠴᠠ ᠪᠤᠰᠦᠳ ᠢ ᠵᠢᠭᠡᠯᠡᠯᠭᠡ᠂ ᠪᠡᠯᠨ | ᠬᠤᠷᠠᠮᠳᠦᠭᠤᠯᠬᠤ᠂ ᠰᠦᠢᠳᠭᠡᠯ ᠬᠤᠷᠢᠶᠠᠬᠤ ᠡᠷᠭᠡ ᠶᠢ ᠰᠢᠯᠵᠢᠭᠦᠯᠦᠨ ᠦᠭᠭᠦ᠂ ᠲᠤᠰᠬᠠᠢ ᠬᠡᠷᠡᠭᠯᠡᠬᠦ ᠨᠢᠭᠡᠴᠨ ᠠᠴᠠ | ᠪᠡᠯᠨ ᠤᠷᠤᠭᠤᠯᠬᠤ ᠵᠡᠷᠭᠡ ᠠᠷᠭ᠎ᠠ ᠬᠡᠯᠪᠡᠷᠢ ᠪᠠᠷ ᠪᠡᠯᠨ ᠮᠦᠡᠭᠭᠦ ᠬᠤᠷᠠᠮᠳᠦᠭᠤᠯᠵᠦ ᠪᠤᠯᠦᠨ᠎ᠠ᠃ | ᠠᠷᠪᠠᠨ ᠨᠢᠭᠡᠳᠦᠭᠡᠷ ᠵᠦᠢᠯ ᠤᠯᠦᠰ᠂ ᠦᠪᠡᠷᠳᠡᠭᠡᠨ ᠵᠠᠰᠠᠬᠤ ᠤᠷᠤᠨ ᠤ ᠲᠦᠷᠭᠡᠨ ᠵᠠᠮ ᠤᠨ ᠲᠤᠤᠷ ᠤᠨ | ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠦᠰ ᠤᠨ ᠪᠡᠯᠨ ᠤᠷᠤᠭᠤᠯᠦᠯᠳᠠ | ᠨᠦᠬᠦᠪᠦᠷᠢ ᠠᠴᠠ ᠪᠤᠰᠦᠳ ᠬᠡᠰᠡᠭ ᠢ ᠨᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ | ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠬᠠᠷᠢᠭᠤᠴᠠᠨ | ᠬᠤᠷᠠᠮᠳᠦᠭᠤᠯᠦᠨ᠎ᠠ᠃ ᠡᠩ ᠤᠨ ᠤᠯᠦᠰ ᠤᠨ ᠪᠠ ᠮᠤᠵᠢ ᠶᠢᠨ ᠭᠤᠤᠯ ᠵᠠᠰᠠᠮᠠᠯ ᠵᠠᠮ᠂ ᠴᠢᠬᠤᠯᠨ ᠰᠢᠶᠠᠨ ᠤ ᠵᠠᠰᠠᠮᠠᠯ | ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ ᠦᠪᠡᠷᠳᠡᠭᠡᠨ ᠵᠠᠰᠠᠬᠤ ᠤᠷᠤᠨ ᠤ ᠪᠡᠯᠨ | ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ ᠵᠠᠬᠢᠷᠭ᠎ᠠ᠂ ᠲᠤᠭᠤᠷᠢᠬ ᠲᠠᠢ ᠬᠤᠳᠠ ᠶᠢᠨ | ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠡᠩ ᠤᠨ ᠰᠢᠶᠠᠨ ᠤ ᠵᠠᠮ᠂ | ᠰᠢᠶᠠᠩ ᠤᠨ ᠵᠠᠮ᠂ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠤᠯᠤᠰ᠂ | ᠦᠪᠡᠷᠳᠡᠭᠡᠨ ᠵᠠᠰᠠᠬᠤ ᠤᠷᠤᠨ ᠤ ᠪᠡᠯᠨ ᠤᠷᠤᠭᠤᠯᠦᠯᠳᠠ ᠨᠦᠬᠦᠪᠦᠷᠢ ᠠᠴᠠ ᠪᠤᠰᠤᠳ ᠬᠡᠰᠡᠭ ᠢ ᠨᠢ ᠠᠶᠢᠮᠠᠬ ᠤᠨ | ᠵᠠᠬᠢᠷᠭ᠎ᠠ᠂ ᠲᠤᠭᠤᠷᠢᠬ ᠲᠠᠢ ᠬᠤᠳᠠ ᠶᠢᠨ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ ᠬᠤᠷᠠᠮᠳᠦᠭᠤᠯᠦᠨ᠎ᠠ᠃ | ᠲᠤᠰᠬᠠᠢ ᠬᠡᠷᠡᠭᠯᠡᠬᠦ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ ᠮᠦᠡᠭᠭᠦ ᠶᠢ ᠲᠤᠰᠬᠠᠢ ᠬᠡᠷᠡᠭᠯᠡᠬᠦ | ᠨᠢᠭᠡᠴᠨ ᠠᠴᠠ ᠬᠠᠷᠢᠭᠤᠴᠠᠨ ᠬᠤᠷᠠᠮᠳᠦᠭᠤᠯᠦᠨ᠎ᠠ᠃ ᠦᠪᠡᠷᠳᠡᠭᠡᠨ ᠵᠠᠰᠠᠬᠤ ᠤᠷᠤᠨ ᠨᠢ ᠤᠯᠤᠰ ᠤᠨ ᠲᠤᠳᠦᠭᠠᠳᠦ | ᠭᠠᠳᠠᠭᠠᠳᠦ ᠶᠢᠨ ᠠᠵᠦ ᠠᠬᠤᠢ ᠶᠢᠨ ᠵᠤᠬᠢᠶᠠᠨ ᠪᠠᠶᠢᠭᠤᠯᠦᠯᠳᠠ ᠶᠢᠨ ᠤᠯᠦᠰ ᠪᠠ ᠦᠪᠡᠷᠳᠡᠭᠡᠨ ᠵᠠᠰᠠᠬᠤ ᠤᠷᠤᠨ ᠤ | ᠲᠦᠷᠭᠡᠨ ᠵᠠᠮ ᠤᠨ ᠲᠤᠤᠷ ᠤᠨ ᠲᠦᠯᠦᠪᠵᠢᠭᠦᠯᠭᠡ ᠠᠴᠠ ᠭᠠᠳᠠᠨᠠᠬᠢ ᠨᠢᠭᠡᠳᠦᠭᠡᠷ ᠲᠡᠰ ᠠᠴᠠ ᠲᠡᠭᠡᠭᠰᠢᠬᠢ ᠵᠠᠰᠠᠮᠠᠯ | ᠵᠠᠮ ᠢ ᠪᠡᠯᠨ ᠤᠷᠤᠭᠤᠯᠦᠨ ᠪᠦᠳᠦᠭᠡᠨ ᠪᠠᠶᠢᠭᠤᠯᠬᠤ ᠶᠢ ᠵᠤᠷᠢᠬᠵᠢᠭᠤᠯᠦᠨᠠ᠃ | ᠠᠷᠪᠠᠨ ᠬᠤᠶᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠤ ᠡᠳ᠋ ᠤᠨ ᠵᠠᠰᠠᠬ ᠤᠨ ᠰᠠᠯᠠᠭ᠎ᠠ ᠮᠦᠴᠢᠷ ᠵᠢᠯ ᠪᠦᠷᠢ ᠲᠤᠰ ᠱᠠᠳᠦᠨ ᠤ ᠡᠳ᠋ ᠤᠨ ᠵᠠᠰᠠᠬ ᠤᠨ | ᠤᠷᠤᠯᠭ᠎ᠠ ᠠᠴᠠ ᠵᠤᠬᠢᠬᠤ ᠬᠠᠷᠢᠴᠠᠯ ᠪᠦᠬᠦᠢ ᠪᠡᠯᠨ ᠮᠦᠡᠭᠭᠦ ᠶᠢ ᠲᠤᠰ ᠭᠠᠵᠠᠷ ᠤᠷᠤᠨ ᠤ ᠵᠠᠰᠠᠮᠠᠯ ᠵᠠᠮ ᠤᠨ ᠪᠦᠳᠦᠭᠡᠨ | ᠪᠠᠶᠢᠭᠤᠯᠦᠯᠳᠠ ᠳᠤ ᠬᠡᠷᠡᠭᠯᠡᠬᠦ ᠬᠡᠷᠡᠭᠳᠡᠢ᠃ ᠬᠦᠳᠡᠭᠡ ᠲᠤᠰᠬᠤᠨ ᠤ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ | ᠪᠤᠯᠦᠨ ᠠᠷᠠᠴᠢᠯᠠᠨ ᠬᠠᠮᠠᠭᠠᠯᠠᠬᠤ ᠪᠡᠯᠨ ᠮᠦᠡᠭᠭᠦ ᠶᠢ ᠠᠶᠢᠮᠠᠬ ᠬᠤᠳᠠ᠂ ᠬᠤᠰᠢᠭᠤ ᠰᠢᠶᠠᠨ ᠤ ᠲᠤᠰ ᠱᠠᠳᠦᠨ ᠤ | ᠤᠷᠤᠨ ᠨᠤᠳᠤᠬ ᠤᠨ ᠡᠳ᠋ ᠤᠨ ᠵᠠᠰᠠᠬ ᠤᠨ ᠤᠷᠦᠯᠭ᠎ᠠ ᠶᠢᠨ ᠨᠡᠮᠡᠭᠳᠡᠯ ᠢ ᠲᠠᠭᠠᠯᠳᠦᠨ ᠨᠡᠮᠡᠭᠳᠡᠭᠦᠯᠬᠦ ᠬᠡᠷᠡᠭᠳᠡᠢ᠃ | ᠠᠷᠪᠠᠨ ᠭᠤᠷᠪᠠᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠠ ᠮᠦᠡᠭᠭᠦ ᠶᠢ ᠬᠤᠰᠢᠭᠤ | ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ | ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠪᠡᠯᠨ | ᠤᠷᠤᠭᠤᠯᠬᠤ ᠲᠦᠯᠦᠪᠯᠡᠭᠡ ᠪᠠ ᠤᠨ ᠤ ᠲᠦᠰᠦᠪ ᠢ ᠦᠨᠳᠦᠰᠦᠯᠡᠨ᠂ ᠶᠡᠷᠦᠩᠭᠡᠶᠢᠯᠡᠨ ᠲᠡᠩᠴᠠᠬᠦᠷᠢᠰᠢᠭᠦᠯᠵᠦ᠂ | ᠨᠢᠭᠡᠳᠦᠯᠳᠡᠢ ᠲᠦᠯᠦᠪᠵᠢᠭᠦᠯᠦᠨ ᠲᠤᠬᠢᠷᠠᠭᠤᠯᠵᠦ᠂ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃ | ᠠᠷᠪᠠᠨ ᠲᠦᠷᠪᠡᠳᠦᠭᠡᠷ ᠵᠦᠢᠯ ᠤᠯᠦᠰ ᠠᠴᠠ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠳᠤ ᠬᠡᠷᠡᠭᠯᠡᠬᠦ | ᠭᠠᠵᠠᠷ ᠢ ᠲᠠᠳᠠᠪᠦᠷᠢᠯᠠᠬᠤ ᠳᠤ᠂ ᠬᠠᠤᠯᠢ ᠳᠤ ᠲᠤᠬᠳᠠᠭᠠᠬᠰᠠᠨ ᠲᠡᠰ ᠲᠠᠷᠠᠭᠠᠯᠠᠯ ᠶᠤᠰᠦᠭᠠᠷ ᠵᠦᠪᠰᠢᠶᠡᠷᠡᠭᠦᠯᠦᠭᠰᠡᠨ ᠤ | ᠳᠠᠷᠠᠭ᠎ᠠ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ ᠤᠷᠳᠦᠨ ᠠᠴᠠ ᠵᠠᠷᠯᠠᠬᠤ ᠶᠢᠨ | ᠬᠠᠮᠳᠦ ᠵᠤᠬᠢᠶᠠᠨ ᠪᠠᠶᠢᠭᠤᠯᠦᠨ ᠬᠡᠷᠡᠭᠵᠢᠭᠦᠯᠦᠨ᠎ᠠ᠃ | ᠠᠷᠪᠠᠨ ᠲᠠᠪᠦᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠵᠠᠰᠠᠮᠠᠯ ᠵᠠᠮ ᠤᠨ | ᠪᠠᠷᠢᠯᠭ᠎ᠠ ᠶᠢᠨ ᠶᠠᠰᠦ ᠴᠢᠨᠠᠷ ᠢ ᠬᠢᠨᠠᠨ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠦᠨᠡᠨᠬᠦ ᠬᠦᠢᠴᠠᠳᠭᠡᠬᠦ ᠬᠡᠷᠡᠭᠳᠡᠢ᠃ | ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠡᠵᠦ ᠲᠤᠷᠰᠢᠨ ᠨᠡᠪᠳᠡᠷᠡᠬᠦ ᠶᠢ ᠵᠦᠪᠰᠢᠶᠡᠷᠡᠭᠰᠡᠨ | ᠵᠠᠰᠠᠮᠠᠯ ᠵᠠᠮ ᠪᠤᠶᠥ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠬᠢᠷᠢ ᠲᠡᠩᠴᠠᠵᠦ ᠲᠡᠷᠭᠡ ᠨᠡᠪᠳᠡᠷᠡᠬᠦ ᠶᠢ | ᠵᠦᠪᠰᠢᠶᠡᠷᠡᠭᠰᠡᠨ ᠵᠠᠰᠠᠮᠠᠯ ᠵᠠᠮ ᠪᠠᠷᠢᠯᠭ᠎ᠠ ᠶᠢᠨ ᠶᠠᠰᠦ ᠴᠢᠨᠠᠷ ᠤᠨ ᠠᠳᠠᠯ ᠭᠠᠷᠪᠠᠯ᠂ ᠦᠪᠡᠷᠳᠡᠭᠡᠨ ᠵᠠᠰᠠᠬᠤ ᠤᠷᠤᠨ ᠤ | ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ ᠴᠠᠬ ᠲᠤᠬᠠᠢ ᠳᠤᠨᠢ | ᠪᠠᠶᠢᠴᠠᠭᠠᠨ ᠰᠢᠢᠳᠪᠦᠷᠢᠯᠡᠬᠦ ᠬᠡᠷᠡᠭᠳᠡᠢ᠃ | ᠠᠷᠪᠠᠨ ᠵᠢᠷᠭᠤᠳᠦᠭᠠᠷ ᠵᠦᠢᠯ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠢ ᠬᠠᠶᠢᠨ | ᠪᠠᠶᠢᠴᠠᠭᠠᠨ ᠵᠢᠷᠤᠬᠯᠠᠨ ᠲᠦᠯᠦᠪᠯᠡᠬᠦ᠂ ᠪᠦᠳᠦᠭᠡᠨ ᠪᠠᠶᠢᠭᠤᠯᠬᠤ᠂ ᠪᠠᠷᠢᠯᠭ᠎ᠠ ᠶᠢ ᠬᠢᠨᠠᠨ ᠬᠠᠮᠢᠶᠠᠷᠬᠤ ᠪᠠ ᠲᠤᠷᠰᠢᠯᠳᠠ | ᠬᠢᠬᠦ᠂ ᠬᠡᠮᠵᠢᠨ ᠪᠠᠶᠢᠴᠠᠭᠠᠬᠤ ᠠᠵᠢᠯ ᠢ ᠡᠭᠦᠷᠭᠡᠯᠡᠵᠦ ᠪᠠᠶᠢᠭ᠎ᠠ ᠨᠢᠭᠡᠴᠨ ᠤᠯᠤᠰ ᠤᠨ ᠬᠤᠯᠪᠤᠬᠳᠠᠯ ᠪᠦᠬᠦᠢ | ᠲᠤᠬᠳᠠᠭᠠᠯ ᠶᠤᠰᠦᠭᠠᠷ ᠶᠠᠰᠦ ᠴᠢᠨᠠᠷ ᠢ ᠪᠠᠳᠦᠯᠠᠬᠤ ᠰᠢᠰᠲ᠋ᠧᠮ ᠢᠶᠠᠨ ᠪᠠᠶᠢᠭᠤᠯᠦᠨ ᠲᠡᠭᠦᠯᠳᠡᠷᠵᠢᠭᠦᠯᠵᠦ᠂ ᠵᠠᠰᠠᠮᠠᠯ | ᠵᠠᠮ ᠤᠨ ᠪᠠᠷᠢᠯᠭ᠎ᠠ ᠶᠢᠨ ᠶᠠᠰᠦ ᠴᠢᠨᠠᠷ ᠤᠨ ᠬᠠᠷᠢᠭᠤᠴᠠᠯᠭ᠎ᠠ ᠶᠢᠨ ᠲᠦᠷᠢᠮ ᠪᠤᠯᠦᠨ ᠰᠠᠯᠪᠢᠨ ᠵᠠᠰᠠᠬᠤ ᠶᠢ ᠪᠠᠳᠦᠯᠠᠬᠤ | ᠲᠦᠷᠢᠮ ᠢ ᠬᠡᠷᠡᠭᠵᠢᠭᠦᠯᠬᠦ ᠬᠡᠷᠡᠭᠳᠡᠢ᠃ ᠰᠠᠯᠪᠢᠨ ᠵᠠᠰᠠᠬᠤ ᠶᠢ ᠪᠠᠳᠦᠯᠠᠬᠤ ᠬᠤᠭᠤᠴᠠᠭᠠᠨ ᠳᠤ ᠵᠠᠰᠠᠮᠠᠯ ᠵᠠᠮ ᠶᠠᠰᠦ | ᠴᠢᠨᠠᠷ ᠤᠨ ᠠᠰᠠᠭᠤᠳᠠᠯ ᠭᠠᠷᠪᠠᠯ᠂ ᠪᠠᠷᠢᠯᠭ᠎ᠠ ᠶᠢᠨ ᠨᠢᠭᠡᠴᠨ ᠠᠴᠠ ᠤᠷᠢᠳᠠᠪᠡᠷ ᠵᠠᠰᠠᠨ ᠰᠠᠯᠪᠢᠬᠦ ᠪᠤᠶᠥ ᠲᠠᠬᠢᠨ | ᠲᠡᠪᠢᠰᠬᠦ ᠬᠡᠷᠡᠭᠳᠡᠢ︔ ᠪᠠᠷᠢᠯᠭ᠎ᠠ ᠶᠢᠨ ᠨᠢᠭᠡᠴᠨ ᠲᠤᠬᠳᠠᠭᠠᠬᠰᠠᠨ ᠬᠤᠭᠤᠴᠠᠭᠠᠨ ᠳᠤ ᠵᠠᠰᠠᠨ ᠰᠠᠯᠪᠢᠬᠰᠠᠨ ᠦᠭᠡᠢ | ᠪᠤᠶᠥ ᠲᠠᠬᠢᠨ ᠲᠡᠪᠢᠰᠦᠭᠰᠡᠨ ᠦᠭᠡᠢ ᠪᠤᠯ᠂ ᠪᠦᠳᠦᠭᠡᠨ ᠪᠠᠶᠢᠭᠤᠯᠬᠤ ᠨᠢᠭᠡᠴᠨ ᠠᠴᠠ ᠵᠤᠬᠢᠶᠠᠨ ᠪᠠᠶᠢᠭᠤᠯᠦᠨ ᠵᠠᠰᠠᠨ | ᠰᠡᠯᠪᠢᠬᠦ ᠪᠤᠶᠥ ᠲᠠᠬᠢᠨ ᠲᠡᠪᠢᠰᠴᠦ᠂ ᠬᠡᠷᠡᠭᠯᠡᠬᠦ ᠪᠦᠬᠦᠢ ᠵᠠᠷᠦᠳᠠᠯ ᠢ ᠬᠠᠷᠢᠭᠤᠴᠠᠯᠭ᠎ᠠ ᠲᠠᠢ ᠡᠳᠡᠭᠡᠳ ᠠᠴᠠ ᠡᠭᠦᠷᠭᠡᠯᠡᠨ᠎ᠠ᠃ | ᠠᠷᠪᠠᠨ ᠲᠤᠯᠦᠳᠦᠭᠠᠷ ᠵᠦᠢᠯ ᠵᠠᠰᠠᠮᠠᠯ ᠵᠠᠮ ᠢ ᠰᠢᠨ᠎ᠠ ᠪᠠᠷ ᠪᠠᠶᠢᠭᠤᠯᠵᠦ᠂ ᠦᠭᠡᠷᠡᠴᠢᠯᠠᠠ ᠪᠠᠶᠢᠭᠤᠯᠬᠤ ᠠᠴᠠ | ᠪᠤᠯᠵᠦ᠂ ᠲᠡᠮᠦᠷ ᠵᠠᠮ᠂ ᠤᠰᠤᠨ ᠠᠰᠢᠬᠯᠠᠯᠳᠠ᠂ ᠬᠤᠭᠤᠯᠠᠢ ᠪᠠᠷ ᠵᠦᠭᠡᠭᠡᠪᠦᠷᠢᠯᠡᠬᠦ᠂ ᠴᠠᠬᠢᠯᠭᠠᠨ ᠬᠦᠴᠦ᠂ | ᠰᠢᠤᠳᠠᠨ ᠤ ᠶᠠᠪᠣᠳᠠᠯ᠂ ᠴᠢᠮᠡᠭᠡ ᠬᠤᠯᠪᠣᠭ᠎ᠠ ᠶᠢᠨ ᠲᠦᠭᠦᠭᠡᠷᠦᠮᠵᠢ ᠪᠤᠯᠤᠠ ᠪᠤᠰᠤᠳ ᠲᠦᠬᠦᠬᠡᠷᠦᠮᠵᠢ ᠲᠠᠢ | ᠰᠤᠯᠪᠢᠴᠠᠬᠤ ᠦᠶᠡᠰ᠂ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠨᠢᠭᠡᠴᠨ ᠤᠷᠢᠳᠠᠪᠡᠷ ᠬᠤᠯᠪᠤᠬᠳᠠᠯ ᠪᠦᠬᠦᠢ | ᠰᠠᠯᠠᠭ᠎ᠠ ᠮᠦᠴᠢᠷ ᠤᠨ ᠵᠦᠪᠰᠢᠶᠡᠷᠡᠯ ᠢ ᠤᠯᠬᠤ ᠬᠡᠷᠡᠭᠳᠡᠢ᠃ ᠲᠡᠭᠡᠷ᠎ᠠ ᠲᠤᠷᠠᠳᠦᠬᠰᠠᠨ ᠬᠤᠯᠪᠤᠬᠳᠠᠯ ᠪᠦᠬᠦᠢ ᠰᠠᠯᠠᠭ᠎ᠠ | ᠮᠦᠴᠢᠷ ᠠᠴᠠ ᠲᠦᠯᠦᠪᠵᠢᠭᠦᠯᠭᠡ ᠶᠢᠨ ᠤᠷᠤᠨ ᠪᠠᠶᠢᠷᠢ ᠶᠢ ᠤᠷᠢᠳᠴᠢᠯᠠᠨ ᠦᠯᠡᠳᠡᠭᠡᠬᠦ ᠬᠡᠵᠦ ᠲᠤᠷᠠᠳᠪᠠᠯ᠂ | ᠤᠤᠯ ᠤᠨ ᠪᠠᠷᠢᠮᠵᠢᠶ᠎ᠠ ᠠᠴᠠ ᠭᠡᠳᠦᠷᠡᠭᠰᠡᠨ ᠰᠢᠨ᠎ᠠ ᠪᠠᠷ ᠨᠡᠮᠡᠭᠳᠡᠬᠦ ᠪᠠᠷᠢᠯᠭ᠎ᠠ ᠶᠢᠨ ᠪᠠᠯᠨ ᠤᠷᠤᠭᠤᠯᠦᠯᠳᠠ ᠶᠢ | ᠤᠷᠢᠳᠴᠢᠯᠠᠨ ᠦᠯᠡᠳᠡᠭᠡᠬᠦ ᠪᠠᠷ ᠲᠤᠷᠠᠳᠦᠬᠰᠠᠨ ᠡᠳᠡᠭᠡᠳ ᠠᠴᠠ ᠡᠭᠦᠷᠭᠡᠯᠡᠨ᠎ᠠ᠃ ᠵᠠᠰᠠᠮᠠᠯ ᠵᠠᠮ ᠤᠨ ᠪᠦᠳᠦᠭᠡᠨ | ᠪᠠᠶᠢᠭᠤᠯᠦᠯᠳᠠ ᠠᠴᠠ ᠪᠤᠯᠵᠦ ᠬᠤᠯᠪᠤᠬᠳᠠᠯ ᠪᠦᠬᠦᠢ ᠲᠦᠭᠦᠭᠡᠷᠦᠮᠵᠢ ᠶᠢ ᠡᠪᠳᠡᠨ ᠰᠦᠢᠳᠭᠡᠭᠰᠡᠨ ᠪᠤᠯ ᠵᠠᠰᠠᠮᠠᠯ | ᠵᠠᠮ ᠤᠨ ᠪᠠᠷᠢᠯᠭ᠎ᠠ ᠶᠢᠨ ᠨᠢᠭᠡᠴᠨ ᠠᠴᠠ ᠲᠤᠰ ᠲᠦᠭᠦᠭᠡᠷᠦᠮᠵᠢ ᠶᠢᠨ ᠤᠤᠯ ᠤᠨ ᠮᠡᠷᠭᠡᠵᠢᠯ ᠤᠨ ᠪᠠᠷᠢᠮᠵᠢᠶ᠎ᠠ ᠠᠴᠠ | ᠲᠤᠤᠷ᠎ᠠ ᠪᠤᠰᠦ ᠬᠡᠪ ᠢᠶᠠᠷ ᠰᠡᠷᠭᠦᠭᠡᠨ ᠵᠠᠰᠠᠬᠤ ᠪᠤᠶᠥ ᠵᠤᠬᠢᠴᠠᠬᠰᠠᠨ ᠠᠵᠦ ᠠᠬᠤᠢ ᠶᠢᠨ ᠨᠦᠬᠦᠪᠦᠷᠢ ᠦᠭᠭᠦ ᠬᠡᠷᠡᠭᠳᠡᠢ᠃ | | | | ᠭᠤᠷᠪᠠᠳᠦᠭᠠᠷ ᠪᠦᠯᠦᠭ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ | | | ᠠᠷᠪᠠᠨ ᠨᠠᠢᠮᠠᠳᠦᠭᠠᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠤᠰ ᠠᠴᠠ | ᠲᠤᠬᠳᠠᠭᠠᠬᠰᠠᠨ ᠮᠡᠷᠭᠡᠵᠢᠯ ᠤᠨ ᠵᠢᠷᠦᠮᠵᠢᠯ ᠪᠠ ᠠᠵᠢᠯᠯᠠᠬᠤ ᠲᠤᠬᠳᠠᠭᠠᠯ ᠶᠤᠰᠦᠭᠠᠷ ᠵᠠᠰᠠᠮᠠᠯ ᠵᠠᠮ ᠢ ᠠᠷᠠᠴᠢᠯᠠᠨ | ᠬᠠᠮᠠᠭᠠᠯᠠᠵᠦ᠂ ᠵᠠᠰᠠᠮᠠᠯ ᠵᠠᠮ ᠤᠨ ᠨᠡᠯᠢᠶᠡᠳ ᠰᠠᠶᠢᠨ ᠮᠡᠷᠭᠡᠵᠢᠯ ᠤᠨ ᠪᠠᠶᠢᠳᠠᠯ ᠲᠠᠢ ᠪᠠᠶᠢᠬᠤ ᠶᠢ ᠪᠠᠳᠦᠯᠠᠬᠤ ᠭᠡᠷᠡᠭᠳᠡᠢ᠃ | ᠤᠯᠤᠰ ᠤᠨ ᠵᠠᠮ᠂ ᠮᠤᠵᠢ ᠶᠢᠨ ᠵᠠᠮ᠂ ᠬᠢᠯᠢ ᠶᠢᠨ ᠬᠠᠮᠠᠭᠠᠯᠠᠯᠳᠠ ᠶᠢᠨ ᠵᠠᠮ ᠢ ᠠᠷᠠᠴᠢᠯᠠᠨ ᠬᠠᠮᠠᠭᠠᠯᠠᠬᠤ ᠶᠢ ᠠᠶᠢᠮᠠᠬ | ᠬᠤᠳᠠ ᠶᠢᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠷᠢᠭᠤᠴᠠᠨ᠎ᠠ︔ ᠰᠢᠶᠠᠨ ᠤ ᠵᠠᠮ ᠢ | ᠠᠷᠠᠴᠢᠯᠠᠨ ᠬᠠᠮᠠᠭᠠᠯᠠᠬᠤ ᠶᠢ ᠬᠤᠰᠢᠭᠤ ᠰᠢᠶᠠᠨ ︵ᠬᠤᠳᠠ᠂ ᠲᠤᠭᠤᠷᠢᠬ︶ ᠤ ᠵᠠᠰᠠᠮᠠᠯ ᠵᠠᠮ ᠤᠨ ᠬᠠᠮᠢᠶᠠᠷᠦᠯᠳᠠ ᠶᠢᠨ | ᠪᠠᠶᠢᠭᠤᠯᠦᠮᠵᠢ ᠠᠴᠠ ᠬᠠᠷᠢᠭᠤᠴᠠᠨ᠎ᠠ︔ ᠰᠢᠶᠠᠩ ᠤᠨ ᠵᠠᠮ ᠢ ᠠᠷᠠᠴᠢᠯᠠᠨ ᠬᠠᠮᠠᠭᠠᠯᠠᠬᠤ ᠶᠢ ᠰᠤᠮᠦ ᠰᠢᠶᠠᠩ | ᠪᠠᠯᠭᠠᠰᠦᠨ ᠤ ᠠᠷᠠᠳ ᠤᠨ ᠵᠠᠰᠠᠬ ᠤᠨ ᠤᠷᠳᠦᠨ ᠠᠴᠠ ᠬᠠᠷᠢᠭᠤᠴᠠᠨ᠎ᠠ︔ ᠲᠤᠰᠬᠤᠨ ᠤ ᠵᠠᠮ ᠢ ᠠᠷᠠᠴᠢᠯᠠᠨ | ᠬᠠᠮᠠᠭᠠᠯᠠᠬᠤ ᠶᠢ ᠭᠠᠴᠠᠭ᠎ᠠ ᠲᠤᠰᠬᠤᠨ ᠤ ᠠᠷᠠᠳ ᠤᠨ ᠵᠦᠪᠯᠡᠯ ᠠᠴᠠ ᠬᠠᠷᠢᠭᠤᠴᠠᠨ᠎ᠠ᠃ ᠡᠵᠡᠩᠨᠠᠯᠳᠠ ᠶᠢᠨ ᠴᠢᠨᠠᠷ ᠲᠠᠢ | ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠠᠵᠢᠯ ᠢ ᠵᠠᠰᠠᠮᠠᠯ ᠵᠠᠮ ᠢ ᠡᠵᠡᠩᠨᠠᠵᠦ ᠪᠠᠶᠢᠭ᠎ᠠ ᠠᠵᠦ ᠠᠬᠤᠢᠢᠯᠠᠯ ᠠᠴᠠ | ᠬᠠᠷᠢᠭᠤᠴᠠᠨ᠎ᠠ᠃ ᠲᠤᠰᠬᠠᠢ ᠵᠠᠰᠠᠮᠠᠯ ᠵᠠᠮ ᠢ ᠠᠷᠠᠴᠢᠯᠠᠨ ᠬᠠᠮᠠᠭᠠᠯᠠᠬᠤ ᠶᠢ ᠲᠤᠰᠬᠠᠢ ᠬᠡᠷᠡᠭᠯᠡᠬᠦ ᠨᠢᠭᠡᠴᠠ ᠠᠴᠠ | ᠬᠠᠷᠢᠭᠤᠴᠠᠨ᠎ᠠ᠃ | ᠠᠷᠪᠠ ᠶᠢᠰᠦᠳᠦᠭᠡᠷ ᠵᠦᠢᠯ ᠬᠤᠰᠢᠭᠤ ᠰᠢᠶᠠᠨ ᠤ ᠱᠠᠳᠦᠨ ᠤ ᠠᠷᠠᠳ ᠤᠨ ᠵᠠᠰᠠᠬ ᠤᠨ ᠤᠷᠳᠦᠨ ᠠᠴᠠ ᠵᠠᠮ | ᠲᠠᠭᠠᠤ ᠤᠷᠤᠨ ᠤ ᠮᠠᠯᠴᠢᠨ ᠲᠠᠷᠢᠶᠠᠴᠢᠨ ᠢ ᠰᠢᠶᠠᠨ ᠤ ᠵᠠᠮ᠂ ᠰᠢᠶᠠᠩ ᠤᠨ ᠵᠠᠮ᠂ ᠲᠤᠰᠬᠤᠨ ᠤ ᠵᠠᠮ ᠵᠡᠷᠭᠡ ᠮᠠᠯᠵᠢᠬᠤ | ᠲᠠᠷᠢᠶᠠᠯᠠᠬᠤ ᠤᠷᠤᠨ ᠤ ᠵᠠᠰᠠᠮᠠᠯ ᠵᠠᠮ ᠤᠨ ᠠᠷᠠᠴᠢᠯᠠᠠ ᠬᠠᠮᠠᠭᠠᠯᠠᠯᠳᠠ ᠳᠤ ᠬᠦᠴᠦ ᠬᠦᠳᠡᠯᠮᠦᠷᠢ ᠡᠷᠬᠦᠬᠦᠯᠬᠦ ᠪᠠᠷ | ᠵᠢᠯᠦᠭᠤᠳᠦᠨ ᠲᠠᠭᠠᠭᠤᠯᠵᠦ ᠪᠤᠯᠦᠨ᠎ᠠ᠃ | ᠬᠤᠷᠢᠳᠦᠭᠠᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠤᠯᠦᠰ ᠪᠠ ᠦᠪᠡᠷᠳᠡᠭᠡᠨ ᠵᠠᠰᠠᠬᠤ | ᠤᠷᠤᠨ ᠤ ᠬᠤᠯᠪᠤᠬᠳᠠᠯ ᠪᠦᠬᠦᠢ ᠪᠠᠷᠢᠮᠵᠢᠶ᠎ᠠ ᠵᠢᠷᠦᠮᠵᠢᠯ ᠶᠤᠰᠦᠭᠠᠷ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ ᠶᠢᠨ | ᠴᠠᠬᠳᠠᠨ ᠪᠠᠶᠢᠴᠠᠭᠠᠯᠳᠠ ᠶᠢᠨ ᠲᠦᠷᠢᠮ ᠲᠤᠬᠳᠠᠭᠠᠨ᠂ ᠲᠤᠬᠳᠠᠬᠰᠠᠨ ᠬᠤᠭᠤᠴᠠᠭ᠎ᠠ ᠲᠠᠢ ᠪᠠᠷ ᠠᠷᠠᠴᠢᠯᠠᠨ | ᠬᠠᠮᠠᠭᠠᠯᠠᠯᠳᠠ ᠶᠢᠨ ᠴᠠᠬᠳᠠᠨ ᠪᠠᠶᠢᠴᠠᠭᠠᠯᠳᠠ ᠶᠠᠪᠤᠭᠤᠯᠬᠤ ᠬᠡᠷᠡᠭᠳᠡᠢ︔ ᠵᠠᠰᠠᠮᠠᠯ ᠵᠠᠮ ᠤᠨ ᠠᠷᠠᠴᠢᠯᠠᠨ ᠬᠠᠮᠠᠭᠠᠯᠠᠯᠳᠠ | ᠪᠠ ᠰᠠᠯᠪᠢᠨ ᠵᠠᠰᠠᠯᠳᠠ ᠶᠢᠨ ᠮᠡᠳᠡᠭᠡ ᠵᠠᠩᠭᠢ ᠶᠢᠨ ᠲᠠᠩᠰᠠ ᠪᠠᠶᠢᠭᠤᠯᠦᠨ᠂ ᠠᠷᠠᠴᠢᠯᠠᠨ ᠬᠠᠮᠠᠭᠠᠯᠠᠬᠰᠠᠨ ᠠᠵᠢᠯᠯᠠᠭ᠎ᠠ᠂ | ᠴᠠᠬᠳᠠᠨ ᠪᠠᠶᠢᠴᠠᠭᠠᠯᠳᠠ᠂ ᠬᠢᠨᠠᠨ ᠬᠡᠮᠵᠢᠯᠳᠠ ᠵᠢᠴᠢ ᠪᠤᠰᠦᠳ ᠬᠠᠮᠢᠶ᠎ᠠ ᠪᠦᠬᠦᠢ ᠮᠡᠳᠡᠭᠡ ᠵᠠᠩᠭᠢ ᠶᠢ ᠲᠡᠮᠳᠡᠭᠯᠡᠬᠦ | ᠬᠡᠷᠡᠭᠳᠡᠢ︔ ᠵᠠᠷᠯᠠᠬᠤ ᠢᠯᠡᠷᠬᠡᠶᠢᠯᠡᠯ ᠪᠤᠰᠬᠠᠨ᠂ ᠨᠢᠭᠡᠴᠠ ᠶᠢᠨ ᠨᠡᠷᠡᠶᠢᠳᠦᠯ᠂ ᠠᠷᠠᠴᠢᠯᠠᠨ ᠬᠠᠮᠠᠭᠠᠯᠠᠬᠤ ᠬᠡᠰᠡᠭ ᠵᠢᠴᠢ | ᠰᠠᠯᠪᠢᠨ ᠵᠠᠰᠠᠬᠤ ᠶᠢ ᠮᠡᠳᠡᠭᠦᠯᠬᠦ ᠪᠠ ᠢᠯᠠᠴᠢᠯᠠᠨ ᠮᠡᠳᠡᠭᠦᠯᠬᠦ ᠤᠳᠠᠰᠦᠨ ᠨᠤᠮᠧᠷ ᠢᠶᠠᠨ ᠵᠠᠷᠯᠠᠬᠤ ᠬᠡᠷᠡᠭᠳᠡᠢ᠃ | ᠬᠤᠷᠢᠨ ᠨᠢᠭᠡᠳᠦᠭᠡᠷ ᠵᠦᠢᠯ ᠵᠠᠰᠠᠮᠠᠯ ᠵᠠᠮ ᠵᠢᠴᠢ ᠲᠡᠭᠦᠨ ᠤ ᠲᠠᠭᠠᠯᠳᠠ ᠪᠠᠷᠢᠯᠭ᠎ᠠ ᠡᠪᠳᠡᠭᠳᠡᠵᠦ᠂ | ᠲᠠᠭᠠᠭᠠᠴᠠ ᠶᠢᠨ ᠴᠢᠳᠠᠪᠦᠷᠢ ᠬᠦᠷᠦᠯᠴᠡᠬᠦ ᠦᠭᠡᠢ ᠪᠤᠶᠥ ᠠᠶᠦᠯ ᠲᠠᠢ ᠪᠠᠶᠢᠳᠠᠯ ᠭᠠᠷᠦᠬᠰᠡᠨ ᠠᠴᠠ ᠪᠤᠯᠵᠦ᠂ ᠵᠠᠮ | ᠬᠠᠷᠢᠯᠴᠠᠭ᠎ᠠ ᠰᠠᠭᠠᠳᠠᠯ ᠳᠤ ᠤᠴᠠᠷᠠᠪᠠᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠴᠠᠬ ᠲᠤᠬᠠᠢ ᠳᠤᠨᠢ | ᠢᠯᠡᠷᠭᠡᠢ ᠵᠢᠭᠠᠯᠳᠠ ᠶᠢᠨ ᠲᠡᠮᠳᠡᠭ ᠪᠤᠰᠬᠠᠨ᠂ ᠴᠠᠬ ᠲᠤᠬᠠᠢ ᠳᠤᠨᠢ ᠰᠠᠯᠪᠢᠨ ᠵᠠᠰᠠᠵᠦ᠂ ᠠᠯᠢ ᠲᠦᠷᠭᠡᠨ ᠢᠶᠠᠷ ᠵᠠᠮ | ᠬᠠᠷᠢᠯᠴᠠᠭ᠎ᠠ ᠶᠢ ᠰᠡᠷᠭᠦᠭᠡᠬᠦ ᠬᠡᠷᠡᠭᠳᠡᠢ︔ ᠲᠦᠷ ᠴᠠᠬ ᠲᠤ ᠨᠡᠪᠳᠡᠷᠡᠵᠦ ᠲᠡᠶᠢᠯᠬᠦ ᠦᠬᠡᠢ ᠪᠤᠯ᠂ ᠵᠠᠰᠠᠮᠠᠯ ᠵᠠᠮ ᠤᠨ | ᠬᠠᠮᠢᠶᠠᠷᠦᠯᠳᠠ ᠶᠢᠨ ᠪᠠᠶᠢᠭᠤᠯᠦᠮᠵᠢ ᠪᠤᠯᠦᠨ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ | ᠬᠠᠮᠢᠶᠠᠷᠦᠯᠳᠠ ᠶᠢᠨ ᠰᠠᠯᠠᠭ᠎ᠠ ᠮᠦᠴᠢᠷ ᠬᠠᠮᠳᠦᠷᠠᠨ ᠠᠯᠪᠠᠨ ᠮᠡᠳᠡᠭᠳᠡᠯ ᠨᠡᠶᠢᠳᠡᠯᠡᠬᠦ ᠭᠡᠷᠡᠭᠳᠡᠢ᠃ ᠡᠵᠡᠩᠨᠠᠯᠳᠠ ᠶᠢᠨ | ᠴᠢᠨᠠᠷ ᠲᠠᠢ ᠵᠠᠰᠠᠮᠠᠯ ᠵᠠᠮ ᠨᠢᠭᠡᠳᠦᠭᠡᠷ ᠪᠠᠳᠠᠬ ᠲᠤ ᠲᠤᠷᠠᠳᠦᠬᠰᠠᠨ ᠪᠠᠶᠢᠳᠠᠯ ᠭᠠᠷᠪᠠᠯ᠂ ᠡᠵᠡᠩᠨᠠᠵᠦ ᠪᠠᠶᠢᠭ᠎ᠠ ᠠᠵᠦ | ᠠᠬᠤᠢᠢᠯᠠᠯ ᠠᠴᠠ ᠬᠠᠷᠢᠭᠤᠴᠠᠨ ᠴᠠᠭ ᠲᠤᠬᠠᠢ ᠳᠤᠨᠢ ᠰᠠᠯᠪᠢᠨ ᠵᠠᠰᠠᠬᠤ ᠬᠡᠷᠡᠭᠳᠡᠢ᠂ ᠡᠵᠡᠩᠨᠡᠵᠥ ᠪᠠᠶᠢᠭ᠎ᠠ ᠠᠵᠥ | ᠠᠬᠤᠢᠢᠯᠠᠯ ᠴᠠᠭ ᠲᠤᠬᠠᠢ ᠳᠤᠨᠢ ᠰᠠᠯᠪᠢᠠ ᠵᠠᠰᠠᠬᠤ ᠶᠢ ᠲᠡᠪᠴᠢᠬᠦ ᠪᠤᠶᠥ ᠴᠠᠬ ᠰᠠᠭᠠᠳᠠᠭᠠᠨ ᠰᠠᠯᠪᠢᠨ ᠵᠠᠰᠠᠪᠠᠯ᠂ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠰᠠᠯᠪᠢᠨ ᠵᠠᠰᠠᠬᠤ ᠳᠤ ᠬᠡᠷᠡᠭᠰᠡᠬᠦ ᠵᠠᠷᠦᠳᠠᠯ ᠢ ᠡᠵᠡᠩᠨᠠᠵᠦ | ᠪᠠᠶᠢᠭ᠎ᠠ ᠠᠵᠦ ᠠᠬᠤᠢᠢᠯᠠᠯ ᠠᠴᠠ ᠡᠭᠦᠷᠭᠡᠯᠡᠨ᠎ᠠ᠃ | | | ᠲᠦᠷᠪᠡᠳᠦᠭᠡᠷ ᠪᠦᠯᠦᠭ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠠᠳᠠᠪᠦᠷᠢᠯᠠᠬᠤ | | | ᠬᠤᠷᠢᠨ ᠬᠤᠶᠠᠳᠦᠭᠠᠷ ᠵᠦᠢᠯ ᠵᠠᠰᠠᠮᠠᠨᠯ ᠵᠠᠮ ᠢ ᠠᠷᠠᠴᠢᠯᠠᠬᠤ ᠰᠦᠢᠳᠬᠡᠯ ᠪᠤᠯ ᠤᠯᠤᠰ ᠠᠴᠠ ᠮᠠᠰᠢᠨ ᠲᠡᠷᠭᠡ | ᠦᠮᠴᠢᠯᠡᠭᠴᠢ ᠠᠴᠠ ᠲᠠᠳᠠᠪᠦᠷᠢᠯᠠᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ᠂ ᠠᠷᠠᠴᠢᠯᠠᠨ ᠬᠠᠮᠠᠭᠠᠯᠠᠯᠳᠠ ᠪᠠ | ᠬᠠᠮᠢᠶᠠᠷᠦᠯᠳᠠ ᠳᠤ ᠬᠡᠷᠡᠭᠰᠡᠬᠦ ᠲᠤᠰᠬᠠᠢ ᠵᠠᠷᠦᠳᠠᠯ ᠪᠠᠶᠢᠵᠦ᠂ ᠵᠠᠰᠠᠬ ᠤᠨ ᠤᠷᠳᠦᠨ ᠤ ᠡᠳ᠋ ᠤᠨ ᠵᠠᠰᠠᠬ ᠤᠨ | ᠲᠦᠰᠦᠪ ᠤᠨ ᠬᠠᠮᠢᠶᠠᠷᠦᠯᠳᠠ ᠳᠤ ᠤᠷᠤᠭᠤᠯᠵᠦ ᠲᠤᠰᠬᠠᠢ ᠵᠤᠭᠤᠰ ᠢ ᠲᠤᠰᠬᠠᠢ ᠬᠡᠷᠡᠭᠯᠡᠨ᠎ᠠ᠃ ᠮᠠᠰᠢᠨ ᠲᠡᠷᠭᠡᠨ ᠤ | ᠦᠮᠴᠢᠯᠡᠭᠴᠢ ᠪᠤᠯ ᠵᠠᠰᠠᠮᠠᠯ ᠵᠠᠮ ᠢ ᠠᠷᠠᠴᠢᠯᠠᠬᠤ ᠰᠦᠢᠳᠬᠡᠯ ᠢ ᠲᠤᠰᠢᠶᠠᠬᠤ ᠡᠭᠦᠷᠭᠡ ᠲᠠᠢ ᠬᠦᠮᠦᠨ᠂ ᠲᠤᠬᠳᠠᠭᠠᠯ | ᠶᠤᠰᠦᠭᠠᠷ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠲᠤᠰᠢᠶᠠᠬᠰᠠᠨ ᠦᠬᠡᠢ ᠮᠠᠰᠢᠨ ᠲᠡᠷᠭᠡ ᠵᠠᠮ ᠳᠤ ᠭᠠᠷᠴᠦ | ᠪᠤᠯᠬᠤ ᠦᠭᠡᠢ᠃ | ᠬᠤᠷᠢᠨ ᠭᠤᠷᠪᠠᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ | ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠨᠢ ᠪᠦᠬᠦ ᠤᠷᠤᠨ ᠤ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ | ᠬᠤᠷᠢᠶᠠᠬᠤ᠂ ᠪᠠᠶᠢᠴᠠᠭᠠᠬᠤ ᠪᠠ ᠬᠠᠮᠢᠶᠠᠷᠬᠤ ᠠᠵᠢᠯ ᠢ ᠬᠠᠷᠢᠭᠤᠴᠠᠨ᠎ᠠ᠃ ᠡᠯ᠎ᠠ ᠱᠠᠳᠦᠨ ᠤ ᠵᠠᠮ ᠬᠠᠷᠢᠯᠴᠠᠭᠠᠨ ᠤ | ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠬᠤᠷᠢᠶᠠᠬᠤ᠂ | ᠪᠠᠶᠢᠴᠠᠭᠠᠬᠤ ᠪᠠ ᠬᠠᠮᠢᠶᠠᠷᠬᠤ ᠠᠵᠢᠯ ᠢ ᠪᠤᠳᠠᠳᠠᠢ ᠬᠠᠷᠢᠭᠤᠴᠠᠨ᠎ᠠ᠃ | ᠬᠤᠷᠢᠨ ᠲᠦᠷᠪᠡᠳᠦᠭᠡᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠠᠵᠢᠯᠳᠠᠠ ᠨᠢ | ᠠᠶᠤᠯ ᠦᠭᠡᠢ ᠨᠡᠪᠳᠡᠷᠡᠬᠦ ᠶᠢ ᠨᠦᠯᠦᠭᠡᠯᠡᠬᠦ ᠦᠬᠡᠢ ᠪᠠᠶᠢᠳᠠᠯ ᠲᠤᠤᠷ᠎ᠠ᠂ ᠵᠠᠰᠠᠮᠠᠯ ᠵᠠᠮ ︵ᠲᠦᠷᠭᠡᠨ ᠵᠠᠮ ᠠᠴᠠ | ᠪᠤᠰᠦᠳ︶ ᠪᠠ ᠲᠦᠷᠭᠡᠨ ᠵᠠᠮ ᠳᠤ ᠤᠷᠤᠵᠦ ᠭᠠᠷᠬᠤ ᠠᠮᠠᠰᠠᠷ᠂ ᠦᠢᠯᠡᠴᠢᠯᠡᠭᠡᠨ ᠤ ᠭᠠᠵᠠᠷ᠂ ᠪᠠᠶᠢᠴᠠᠭᠠᠯᠳᠠ ᠶᠢᠨ | ᠦᠷᠳᠡᠭᠡ ᠬᠢᠭᠡᠳ ᠪᠤᠰᠦᠳ ᠮᠠᠰᠢᠨ ᠲᠡᠷᠭᠡ ᠲᠦᠪᠯᠡᠷᠡᠭᠰᠡᠨ ᠲᠠᠯᠠᠪᠦᠷ ᠲᠤ ᠮᠠᠰᠢᠨ ᠲᠡᠷᠭᠡᠨ ᠤ ᠵᠠᠰᠠᠮᠠᠯ ᠵᠠᠮ ᠢ | ᠠᠷᠠᠴᠢᠯᠠᠬᠤ ᠰᠦᠢᠳᠭᠡᠯ ᠲᠤᠰᠢᠶᠠᠬᠰᠠᠨ ᠪᠠᠶᠢᠳᠠᠯ ᠢ ᠪᠠᠶᠢᠴᠠᠭᠠᠵᠦ ᠪᠤᠯᠦᠨ᠎ᠠ᠃ | ᠬᠤᠷᠢᠨ ᠲᠠᠪᠦᠳᠦᠭᠠᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ | ᠰᠦᠢᠳᠭᠡᠯ ᠬᠤᠷᠢᠶᠠᠬᠤ ᠦᠢᠯᠡᠴᠢᠯᠡᠭᠡᠨ ᠤ ᠲᠤᠤᠷ ᠢ ᠵᠤᠬᠢᠰᠳᠠᠢ ᠪᠠᠶᠢᠷᠢᠯᠠᠭᠤᠯᠵᠦ᠂ ᠰᠦᠢᠳᠭᠡᠯ ᠬᠤᠷᠢᠶᠠᠬᠤ | ᠴᠤᠩᠬᠤ ᠶᠢ ᠨᠡᠮᠡᠵᠦ᠂ ᠰᠦᠢᠳᠭᠡᠯ ᠬᠤᠷᠢᠶᠠᠬᠤ ᠬᠡᠯᠪᠡᠷᠢ ᠶᠢ ᠦᠭᠡᠷᠡᠴᠢᠯᠠᠨ ᠰᠠᠶᠢᠵᠢᠷᠠᠭᠤᠯᠵᠦ᠂ ᠰᠦᠢᠳᠭᠡᠯ | ᠲᠤᠰᠢᠶᠠᠬᠤ ᠳᠤ ᠲᠦᠭᠦᠮ ᠪᠤᠯᠭᠠᠬᠤ ᠬᠡᠷᠡᠭᠳᠡᠢ᠃ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ | ᠪᠠᠶᠢᠭᠤᠯᠦᠮᠵᠢ ᠨᠢ ᠨᠡᠶᠢᠭᠡᠮ ᠲᠠᠶᠠᠭᠠᠷ ᠲᠤ ᠵᠠᠰᠠᠮᠠᠯ ᠵᠠᠮ ᠠᠷᠠᠴᠢᠯᠠᠬᠤ ᠰᠦᠢᠳᠭᠡᠯ ᠬᠤᠷᠢᠶᠠᠬᠤ ᠦᠨᠳᠦᠰᠦ ᠪᠠᠷᠢᠮᠳᠠ᠂ | ᠬᠤᠷᠢᠶᠠᠬᠤ ᠪᠠᠷᠢᠮᠵᠢᠶ᠎ᠠ ᠪᠠ ᠠᠵᠢᠯᠯᠠᠬᠤ ᠲᠠᠷᠠᠭᠠᠯᠠᠯ ᠢᠶᠠᠨ ᠨᠡᠶᠢᠳᠡᠯᠠᠵᠦ᠂ ᠯᠠᠪᠯᠠᠨ ᠠᠰᠠᠭᠤᠬᠤ ᠪᠠ ᠢᠯᠡᠴᠢᠯᠡᠨ | ᠮᠡᠳᠡᠭᠦᠯᠬᠦ ᠤᠳᠠᠰᠦ ᠪᠠᠨ ᠨᠡᠶᠢᠳᠡᠯᠠᠵᠦ᠂ ᠤᠬᠠᠮᠰᠠᠷ ᠠᠴᠠ ᠪᠠᠨ ᠨᠡᠶᠢᠭᠡᠮ ᠤᠨ ᠬᠢᠨᠠᠯᠳᠠ ᠶᠢ ᠬᠦᠯᠢᠶᠡᠬᠦ ᠬᠡᠷᠡᠭᠳᠡᠢ᠃ | ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ ᠵᠠᠬᠢᠳᠠᠯ᠂ ᠤᠳᠠᠰᠦ᠂ ᠴᠢᠬᠢᠮ ᠮᠡᠳᠡᠭᠡ᠂ | ᠢᠮᠧᠯ ᠵᠡᠷᠭᠡ ᠤᠯᠠᠨ ᠵᠦᠢᠯ ᠤᠨ ᠬᠡᠯᠪᠡᠷᠢ ᠪᠠᠷ ᠮᠠᠰᠢᠨ ᠲᠡᠷᠭᠡᠨ ᠤ ᠦᠮᠴᠢᠯᠡᠭᠴᠢ ᠶᠢ ᠴᠠᠭ ᠲᠤᠬᠠᠢ ᠳᠤᠨᠢ ᠵᠠᠰᠠᠮᠠᠯ | ᠵᠠᠮ ᠠᠷᠠᠴᠢᠯᠠᠬᠤ ᠰᠦᠢᠳᠭᠡᠯ ᠲᠤᠰᠢᠶᠠᠯᠭᠠᠬᠤ ᠪᠠᠷ ᠰᠠᠨᠠᠭᠤᠯᠬᠤ ᠬᠡᠷᠡᠭᠳᠡᠢ᠃ | ᠬᠤᠷᠢᠨ ᠵᠢᠷᠭᠤᠳᠦᠭᠠᠷ ᠵᠦᠢᠯ ᠰᠦᠢᠳᠭᠡᠯ ᠲᠤᠰᠢᠶᠠᠬᠤ ᠡᠭᠦᠷᠭᠡ ᠲᠠᠢ ᠬᠦᠮᠦᠨ ᠲᠤᠬᠳᠠᠬᠰᠠᠨ ᠴᠠᠬ | ᠬᠤᠭᠤᠴᠠᠭ᠎ᠠ ᠶᠤᠰᠦᠭᠠᠷ ᠰᠦᠢᠳᠭᠡᠯ ᠲᠤᠰᠢᠶᠠᠬᠤ ᠦᠬᠡᠢ ᠪᠤᠯ ᠵᠠᠮ ᠬᠠᠷᠢᠯᠴᠠᠭᠠᠨ ᠤ ᠰᠦᠢᠳᠬᠡᠯ ᠬᠤᠷᠢᠶᠠᠨ | ᠪᠠᠶᠢᠴᠠᠭᠠᠬᠤ ᠪᠠᠶᠢᠭᠤᠯᠦᠮᠵᠢ ᠠᠴᠠ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠬᠦᠨ ᠲᠤᠰᠢᠶᠠᠯᠭᠠᠬᠤ ᠠᠴᠠ ᠭᠠᠳᠠᠨ᠎ᠠ | ᠪᠠᠰᠠ ᠤᠯᠦᠰ ᠤᠨ ᠲᠤᠬᠳᠠᠭᠠᠯ ᠶᠤᠰᠦᠭᠠᠷ ᠬᠤᠭᠤᠴᠠᠭ᠎ᠠ ᠰᠠᠭᠠᠳᠠᠭᠠᠬᠰᠠᠨ ᠮᠦᠡᠭᠭᠦ ᠨᠡᠮᠡᠨ ᠬᠤᠷᠢᠶᠠᠵᠦ ᠪᠤᠯᠦᠨ᠎ᠠ᠃ | ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠤᠯᠤᠰ ᠤᠨ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ | ᠬᠠᠮᠢᠶᠠᠷᠬᠤ ᠰᠠᠯᠠᠭ᠎ᠠ ᠮᠦᠴᠢᠷ ᠠᠴᠠ ᠲᠤᠬᠳᠠᠭᠠᠬᠰᠠᠨ ᠪᠤᠳᠦᠬᠤ ᠠᠷᠭ᠎ᠠ ᠪᠠᠷ ᠪᠤᠳᠦᠨ ᠬᠤᠷᠢᠶᠠᠨ᠎ᠠ᠂ ᠭᠡᠬᠦ ᠳᠤ ᠪᠠᠨ | ᠬᠠᠮᠤᠬ ᠤᠨ ᠦᠨᠳᠦᠷ ᠲᠡᠭᠡᠨ ᠵᠠᠰᠠᠮᠠᠯ ᠵᠠᠮ ᠠᠷᠠᠴᠢᠯᠠᠬᠤ ᠰᠦᠢᠳᠭᠡᠯ ᠢ ᠨᠦᠭᠦᠪᠦᠷᠢᠯᠡᠨ ᠠᠪᠬᠤ ᠬᠡᠮᠵᠢᠶᠡᠨ ᠠᠴᠠ | ᠬᠡᠳᠦᠷᠡᠭᠦᠯᠵᠦ ᠪᠤᠯᠬᠤ ᠦᠬᠡᠢ᠃ ᠵᠠᠰᠠᠮᠠᠯ ᠵᠠᠮ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ | ᠮᠦᠡᠭᠭᠦ ᠶᠢ ᠬᠠᠰᠦᠨ ᠬᠡᠯᠳᠦᠷᠢᠭᠦᠯᠬᠦ ᠶᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠬᠤᠯᠪᠤᠬᠳᠠᠯ ᠪᠦᠬᠦᠢ | ᠲᠤᠬᠳᠠᠭᠠᠯ ᠶᠤᠰᠦᠭᠠᠷ ᠬᠡᠷᠡᠭᠵᠢᠭᠦᠯᠦᠨ᠎ᠠ᠃ | ᠬᠤᠷᠢᠨ ᠲᠤᠯᠦᠳᠦᠭᠠᠷ ᠵᠦᠢᠯ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠨᠢ | ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠠᠢ | ᠮᠠᠰᠢᠨ ᠲᠡᠷᠭᠡᠨ ᠤ ᠲᠤᠭ᠎ᠠ ᠪᠠᠷᠢᠮᠳᠠ ᠶᠢᠨ ᠮᠡᠳᠡᠭᠡ ᠵᠠᠩᠭᠢ ᠪᠠᠨ ᠲᠤᠬᠳᠠᠮᠠᠯ ᠬᠤᠭᠤᠴᠠᠭ᠎ᠠ ᠲᠠᠢ ᠪᠠᠷ ᠰᠤᠯᠢᠯᠴᠠᠬᠤ | ᠬᠡᠷᠡᠭᠳᠡᠢ᠃ ᠲᠤᠳᠦᠭᠠᠳᠦ ᠶᠢ ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ | ᠮᠦᠴᠢᠷ ᠮᠠᠰᠢᠨ ᠲᠡᠷᠭᠡᠨ ᠤ ᠨᠡᠪᠳᠡᠷᠡᠬᠦ ᠶᠢ ᠵᠤᠬᠰᠦᠭᠠᠬᠤ᠂ ᠲᠠᠩᠰᠠᠠ ᠠᠴᠠ ᠬᠠᠰᠦᠬᠤ᠂ ᠦᠮᠴᠢᠯᠡᠬᠦ ᠡᠷᠭᠡ ᠶᠢ | ᠦᠭᠡᠷᠡᠴᠢᠯᠡᠬᠦ᠂ ᠤᠨ ᠤ ᠪᠠᠶᠢᠴᠠᠭᠠᠯᠳᠠ ᠬᠢᠬᠦ ᠵᠡᠷᠭᠡ ᠭᠠᠷᠳᠠᠮ ᠢ ᠬᠦᠢᠴᠠᠳᠭᠡᠬᠦ ᠦᠶᠡᠰ᠂ ᠵᠠᠰᠠᠮᠠᠯ ᠵᠠᠮ ᠢ | ᠠᠷᠠᠴᠢᠯᠠᠬᠤ ᠰᠦᠢᠳᠬᠡᠯ ᠢᠶᠠᠨ ᠲᠤᠰᠢᠶᠠᠬᠰᠠᠨ ᠦᠭᠡᠢ ᠠᠵᠢᠯᠯᠠᠭ᠎ᠠ ᠶᠢ ᠢᠯᠡᠷᠡᠭᠦᠯᠪᠡᠯ᠂ ᠴᠠᠭ ᠲᠤᠬᠠᠢ ᠳᠤᠨᠢ ᠵᠠᠮ | ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠳᠤ ᠮᠡᠳᠡᠭᠦᠯᠦᠨ ᠪᠠᠶᠢᠴᠠᠭᠠᠨ ᠰᠢᠢᠳᠪᠦᠷᠢᠯᠡᠬᠦᠯᠬᠦ | ᠬᠡᠷᠡᠭᠳᠡᠢ︔ ᠵᠠᠮ ᠬᠠᠷᠢᠯᠴᠠᠭᠠᠨ ᠤ ᠰᠦᠢᠳᠬᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠵᠠᠰᠠᠮᠠᠯ ᠵᠠᠮ ᠠᠷᠠᠴᠢᠯᠠᠬᠤ | ᠰᠦᠢᠳᠭᠡᠯ ᠬᠤᠷᠢᠶᠠᠬᠤ ᠳᠠᠭᠠᠨ᠂ ᠮᠠᠰᠢᠨ ᠲᠡᠷᠭᠡᠨ ᠤ ᠲᠡᠮᠳᠡᠭ ᠫᠠᠶᠢᠰᠠ ᠶᠢ ᠲᠤᠬᠤᠵᠦ ᠬᠡᠷᠡᠭᠯᠡᠭᠰᠡᠨ᠂ | ᠬᠠᠭᠤᠷᠮᠠᠬ ᠢᠶᠠᠷ ᠵᠤᠬᠢᠶᠠᠬᠰᠠᠨ ᠵᠡᠷᠭᠡ ᠠᠵᠢᠯᠯᠠᠭ᠎ᠠ ᠶᠢ ᠢᠯᠡᠷᠡᠭᠦᠯᠪᠡᠯ᠂ ᠴᠠᠬ ᠲᠤᠬᠠᠢ ᠳᠤᠨᠢ ᠲᠤᠳᠦᠭᠠᠳᠦ ᠶᠢ | ᠬᠠᠮᠠᠭᠠᠯᠠᠬᠤ ᠪᠠᠶᠢᠭᠤᠯᠭ᠎ᠠ ᠶᠢᠨ ᠵᠠᠮ ᠬᠠᠷᠢᠯᠴᠠᠭᠠᠨ ᠤ ᠬᠠᠮᠢᠶᠠᠷᠦᠯᠳᠠ ᠶᠢᠨ ᠰᠠᠯᠠᠭ᠎ᠠ ᠮᠦᠴᠢᠷ ᠲᠤ ᠮᠡᠳᠡᠭᠦᠯᠦᠨ | ᠪᠠᠶᠢᠴᠠᠭᠠᠨ ᠰᠢᠢᠳᠪᠦᠷᠢᠯᠡᠬᠦᠯᠬᠦ ᠬᠡᠷᠡᠭᠳᠡᠢ᠃ | | | ᠲᠠᠪᠦᠳᠦᠭᠠᠷ ᠪᠦᠯᠦᠭ ᠵᠠᠮ ᠤᠨ ᠶᠠᠪᠦᠳᠠᠯ ᠤᠨ ᠬᠠᠮᠢᠶᠠᠷᠦᠯᠳᠠ | | | ᠬᠤᠷᠢᠨ ᠨᠠᠢᠮᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠭ ᠤᠨ | ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ | ᠬᠠᠷᠢᠶ᠎ᠠ ᠳᠤ ᠬᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠵᠠᠮ ᠤᠨ ᠶᠠᠪᠦᠳᠠᠯ ᠤᠨ | ᠬᠠᠮᠢᠶᠠᠷᠦᠯᠳᠠ ᠶᠢ ᠬᠠᠷᠢᠭᠤᠴᠠᠨ᠎ᠠ᠂ ᠲᠡᠭᠦᠨ ᠤ ᠭᠤᠤᠯ ᠲᠤᠰᠢᠶᠠᠯ ᠬᠠᠷᠢᠭᠤᠴᠠᠯᠭ᠎ᠠ ᠪᠤᠯ᠄ ︵ᠨᠢᠭᠡ︶ ᠵᠠᠰᠠᠮᠠᠯ ᠵᠠᠮ ᠢ | ᠮᠠᠯᠳᠠᠬᠤ᠂ ᠡᠵᠡᠯᠡᠭᠦ᠂ ᠠᠰᠢᠬᠯᠠᠬᠤ ᠪᠠᠷ ᠭᠤᠶᠥᠴᠢᠯᠠᠬᠤ ᠵᠦᠢᠯᠡᠰ ᠢ ᠵᠦᠪᠰᠢᠶᠡᠷᠡᠬᠦ᠂ ᠵᠠᠰᠠᠮᠠᠯ ᠵᠠᠮ ᠢ ᠡᠪᠳᠡᠨ | ᠰᠦᠢᠳᠭᠡᠬᠦ ᠪᠤᠶᠥ ᠬᠠᠤᠯᠢ ᠪᠤᠰᠦ ᠪᠠᠷ ᠡᠵᠡᠯᠡᠭᠰᠡᠨ ᠠᠵᠢᠯᠯᠠᠭ᠎ᠠ ᠶᠢ ᠬᠤᠷᠢᠬᠯᠠᠨ ᠵᠤᠬᠰᠦᠭᠠᠬᠤ ᠪᠤᠶᠤ ᠪᠠᠶᠢᠴᠠᠭᠠᠨ | ᠰᠢᠢᠳᠪᠦᠷᠢᠯᠡᠬᠦ︔ ︵ᠬᠤᠶᠠᠷ︶ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠷᠬᠦ ᠪᠠᠷ ᠭᠤᠶᠥᠴᠢᠯᠠᠬᠤ ᠵᠦᠢᠯᠡᠰ ᠢ | ᠵᠦᠪᠰᠢᠶᠡᠷᠡᠬᠦ᠂ ᠬᠠᠤᠯᠢ ᠪᠤᠰᠦ ᠪᠠᠷ ᠬᠡᠮᠵᠢᠶ᠎ᠠ ᠠᠴᠠ ᠬᠡᠳᠦᠷᠡᠭᠦᠯᠦᠨ ᠲᠡᠭᠡᠭᠡᠪᠦᠷᠢᠯᠡᠬᠦ ᠠᠵᠢᠯᠯᠠᠭ᠎ᠠ ᠶᠢ ᠬᠤᠷᠢᠬᠯᠠᠨ | ᠵᠤᠬᠰᠦᠭᠠᠬᠤ ᠪᠠ ᠪᠠᠶᠢᠴᠠᠭᠠᠨ ᠰᠢᠢᠳᠪᠦᠷᠢᠯᠡᠬᠦ︔ ︵ᠭᠤᠷᠪᠠ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ | ᠪᠠᠶᠢᠷᠢᠯᠠᠭᠤᠯᠬᠤ ᠪᠠ ᠬᠠᠮᠠᠭᠠᠯᠠᠬᠤ︔ ︵ᠲᠦᠷᠪᠡ︶ ᠵᠠᠰᠠᠮᠠᠯ ᠵᠠᠮ ᠤᠨ ᠬᠤᠶᠠᠷ ᠲᠠᠯ᠎ᠠ ᠶᠢᠨ ᠪᠠᠷᠢᠯᠭ᠎ᠠ ᠶᠢᠨ ᠡᠵᠡᠮᠰᠢᠯ | ᠤᠷᠤᠨ ᠢ ᠬᠠᠮᠢᠶᠠᠷᠬᠤ︔ ︵ᠲᠠᠪᠦ︶ ᠵᠠᠰᠠᠮᠠᠯ ᠵᠠᠮ ᠤᠨ ᠪᠠᠷᠢᠯᠭ᠎ᠠ ᠶᠢᠨ ᠡᠮᠬᠢ ᠵᠢᠷᠣᠮ ᠢ ᠬᠠᠮᠢᠶᠠᠷᠬᠤ︔ ︵ᠵᠢᠷᠭᠤᠭ᠎ᠠ︶ | ᠵᠠᠰᠠᠮᠠᠯ ᠵᠠᠮ ᠤᠨ ᠪᠠᠷᠢᠯᠭ᠎ᠠ ᠳᠤ ᠬᠢ ᠵᠠᠮ ᠤᠨ ᠶᠠᠪᠦᠳᠠᠯ ᠤᠨ ᠬᠠᠮᠢᠶᠠᠷᠦᠯᠳᠠ ᠶᠢᠨ ᠲᠦᠷᠦᠯ ᠵᠦᠢᠯ ᠲᠠᠢ ᠬᠠᠮᠢᠶᠠᠳᠠᠬᠤ | ᠵᠢᠷᠤᠬ ᠲᠦᠯᠦᠪᠯᠡᠭᠡ ᠶᠢ ᠬᠢᠨᠠᠨ ᠪᠠᠶᠢᠴᠠᠭᠠᠬᠤ᠂ ᠪᠠᠷᠢᠯᠭ᠎ᠠ ᠲᠠᠭᠤᠰᠴᠦ ᠰᠢᠯᠭᠠᠨ ᠬᠤᠷᠢᠶᠠᠬᠤ ᠳᠤ ᠤᠷᠤᠯᠴᠠᠬᠤ︔ ︵ | ᠲᠤᠯᠤᠭ᠎ᠠ︶ ᠵᠠᠰᠠᠮᠠᠯ ᠵᠠᠮ ᠤᠨ ᠵᠠᠮ ᠤᠨ ᠶᠠᠪᠦᠳᠠᠯ ᠤᠨ ᠴᠠᠬᠳᠠᠨ ᠪᠠᠶᠢᠴᠠᠭᠠᠯᠳᠠ ᠶᠢ ᠬᠡᠷᠡᠭᠵᠢᠭᠦᠯᠬᠦ︔ ︵ᠨᠠᠢᠮᠠ︶ | ᠬᠠᠤᠯᠢ ᠴᠠᠭᠠᠵᠠ᠂ ᠬᠠᠤᠯᠢ ᠲᠤᠬᠳᠠᠭᠠᠯ ᠳᠤ ᠲᠤᠬᠳᠠᠭᠠᠬᠰᠠᠨ ᠪᠤᠰᠦᠳ ᠲᠤᠰᠢᠶᠠᠯ ᠬᠠᠷᠢᠭᠤᠴᠠᠯᠭ᠎ᠠ᠃ | ᠬᠤᠷᠢ ᠶᠢᠰᠦᠳᠦᠭᠡᠷ ᠵᠦᠢᠯ ᠵᠠᠰᠠᠮᠠᠯ ᠵᠠᠮ ᠤᠨ ᠬᠡᠷᠡᠭᠯᠡᠬᠦ ᠭᠠᠵᠡᠷ ᠤᠨ ᠬᠡᠪᠴᠢᠶ᠎ᠠ ᠶᠢ ᠲᠤᠤᠷᠠᠬᠢ ᠪᠠᠷᠢᠮᠵᠢᠶ᠎ᠠ | ᠶᠤᠰᠦᠭᠠᠷ ᠲᠤᠬᠳᠠᠭᠠᠨ᠎ᠠ᠄ ︵ᠨᠢᠭᠡ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ︵ᠤᠰᠦ ᠬᠠᠰᠢᠬᠤ ᠭᠤᠤ᠂ | ᠨᠠᠯᠠᠤ ᠶᠢ ᠬᠠᠮᠠᠭᠠᠯᠠᠬᠤ ᠵᠠᠮ︶ ᠲᠠᠢ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠬᠠᠵᠠᠭᠤ ᠭᠤᠤ ︵ᠤᠰᠦ ᠬᠠᠰᠢᠬᠤ | ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ ᠬᠦᠪᠡᠭᠡ ᠠᠴᠠ 1 ᠮᠧᠲᠷ ᠠᠴᠠ ᠪᠠᠭ᠎ᠠ ᠪᠤᠰᠦ ᠵᠠᠢ ᠲᠠᠢ ᠤᠷᠤᠨ︔ | ︵ᠬᠤᠶᠠᠷ︶ ᠵᠠᠰᠠᠮᠠᠯ ᠵᠠᠮ ᠤᠨ ᠬᠤᠶᠠᠷ ᠬᠠᠵᠠᠭᠤ ᠳᠤ ᠭᠤᠤ ᠦᠬᠡᠢ ︵ᠤᠰᠦ ᠬᠠᠰᠢᠬᠤ ᠭᠤᠤ᠂ ᠨᠠᠯᠠᠤ ᠶᠢ | ᠬᠠᠮᠠᠭᠠᠯᠠᠬᠤ ᠵᠠᠮ︶ ᠪᠤᠯ᠂ ᠬᠡᠷᠡᠭᠯᠡᠬᠦ ᠭᠠᠵᠠᠷ ᠤᠨ ᠬᠡᠪᠴᠢᠶ᠎ᠠ ᠨᠢ ᠵᠠᠰᠠᠮᠠᠯ ᠵᠠᠮ ᠤᠨ ᠵᠠᠭᠠᠬ ᠴᠢᠯᠠᠭᠤ ᠪᠤᠶᠥ ᠪᠡᠯ ᠤᠨ | ᠨᠠᠯᠠᠤ ᠱᠤᠭᠤᠮ ᠤᠨ ᠭᠠᠳᠠᠨ᠎ᠠ ᠲᠠᠯ᠎ᠠ ᠠᠴᠠ 5 ᠮᠧᠲᠷ ᠠᠴᠠ ᠪᠠᠭ᠎ᠠ ᠪᠤᠰᠦ ᠵᠠᠢ ᠲᠠᠢ ᠤᠷᠤᠨ︔ ︵ᠭᠤᠷᠪᠠ︶ | ᠪᠤᠳᠠᠳᠠᠢ ᠲᠠᠳᠠᠪᠦᠷᠢᠯᠠᠬᠰᠠᠨ ᠭᠠᠵᠠᠷ ᠨᠢ ᠲᠡᠭᠡᠷᠡᠬᠢ ᠲᠤᠬᠳᠠᠭᠠᠯ ᠠᠴᠠ ᠬᠡᠳᠦᠷᠡᠭᠰᠡᠨ ᠪᠤᠯ᠂ ᠬᠡᠷᠡᠭᠯᠡᠬᠦ ᠭᠠᠵᠠᠷ ᠤᠨ | ᠬᠡᠪᠴᠢᠶ᠎ᠠ ᠶᠢ ᠪᠤᠳᠠᠳᠠᠢ ᠲᠠᠳᠠᠪᠦᠷᠢᠯᠠᠬᠰᠠᠨ ᠭᠠᠵᠠᠷ ᠤᠨ ᠬᠡᠪᠴᠢᠶ᠎ᠠ ᠪᠠᠷ ᠪᠠᠷᠢᠮᠵᠢᠶᠠᠯᠠᠨ᠎ᠠ᠃ ᠲᠤᠰ ᠲᠦᠷᠢᠮ ᠢ | ᠬᠡᠷᠡᠭᠵᠢᠭᠦᠯᠬᠦ ᠠᠴᠠ ᠡᠮᠦᠨᠡᠬᠢ ᠵᠠᠰᠠᠮᠠᠯ ᠵᠠᠮ ᠤᠨ ᠬᠡᠷᠡᠭᠯᠡᠬᠦ ᠭᠠᠵᠠᠷ ᠤᠨ ᠬᠡᠪᠴᠢᠶ᠎ᠠ ᠨᠢ ᠲᠡᠭᠡᠷᠡᠬᠢ ᠲᠤᠬᠳᠠᠭᠠᠯ ᠲᠠᠢ | ᠨᠢᠭᠡᠳᠦᠯ ᠦᠬᠡᠢ ᠪᠤᠯ ᠪᠤᠳᠠᠳᠠᠢ ᠬᠡᠪᠴᠢᠶ᠎ᠠ ᠶᠤᠰᠦᠭᠠᠷ ᠲᠤᠬᠳᠠᠭᠠᠨ᠎ᠠ᠃ | ᠭᠤᠴᠢᠳᠦᠭᠠᠷ ᠵᠦᠢᠯ ᠵᠠᠰᠠᠮᠠᠯ ᠵᠠᠮ ᠤᠨ ᠪᠠᠷᠢᠯᠭ᠎ᠠ ᠶᠢᠨ ᠡᠵᠡᠮᠰᠢᠯ ᠤᠷᠤᠨ ᠤ ᠬᠡᠪᠴᠢᠶ᠎ᠠ ᠶᠢ ᠵᠠᠰᠠᠮᠠᠯ ᠵᠠᠮ ᠤᠨ | ᠬᠤᠶᠠᠷ ᠬᠠᠵᠠᠭᠤ ᠶᠢᠨ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢᠨ ᠭᠠᠳᠠᠷ | ᠬᠦᠪᠡᠭᠡ ᠠᠴᠠ ᠡᠬᠢᠯᠡᠨ ᠪᠤᠳᠦᠨ᠎ᠠ᠂ ᠤᠯᠤᠰ ᠤᠨ ᠵᠠᠮ ᠪᠤᠯ 20 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ | ᠮᠤᠵᠢ ᠶᠢᠨ ᠵᠠᠮ ᠪᠤᠯ 15 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠰᠢᠶᠠᠨ ᠤ ᠵᠠᠮ᠂ ᠰᠢᠶᠠᠩ ᠤᠨ ᠵᠠᠮ᠂ | ᠲᠤᠰᠬᠠᠢ ᠬᠡᠷᠡᠭᠯᠡᠬᠦ ᠵᠠᠰᠠᠮᠠᠯ ᠵᠠᠮ 10 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃ ᠰᠢᠨ᠎ᠠ ᠪᠠᠷ | ᠪᠠᠶᠢᠭᠤᠯᠬᠤ ᠲᠦᠷᠭᠡᠨ ᠵᠠᠮ ᠪᠠ ᠨᠢᠭᠡᠳᠦᠭᠡᠷ ᠲᠡᠰ ᠤᠨ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ | ᠡᠵᠡᠮᠰᠢᠯ ᠤᠷᠤᠨ ᠨᠢ 50 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠵᠦ᠂ ᠬᠤᠶᠠᠳᠦᠭᠠᠷ ᠲᠡᠰ ᠤᠨ ᠵᠠᠰᠠᠮᠠᠯ ᠵᠠᠮ ᠨᠢ | 20 ᠮᠧᠲᠷ ᠠᠴᠠ ᠪᠠᠭ᠎ᠠ ᠪᠤᠰᠦ ᠵᠠᠢ ᠲᠠᠢ ᠪᠠᠶᠢᠬᠤ ᠬᠡᠷᠡᠭᠳᠡᠢ᠃ | ᠭᠤᠴᠢᠨ ᠨᠢᠭᠡᠳᠦᠭᠡᠷ ᠵᠦᠢᠯ ᠶᠠᠮᠡᠷᠪᠠ ᠨᠢᠭᠡᠴᠨ ᠪᠤᠯᠦᠨ ᠬᠤᠪᠢ ᠬᠦᠮᠦᠨ ᠵᠠᠰᠠᠮᠠᠯ ᠵᠠᠮ ᠲᠡᠭᠡᠷ᠎ᠠ᠂ ᠵᠠᠰᠠᠮᠠᠯ | ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ ᠵᠠᠰᠠᠮᠠᠯ ᠵᠠᠮ ᠤᠨ ᠲᠠᠭᠠᠯᠳᠠ | ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ︶ ᠵᠠᠰᠠᠮᠠᠯ ᠵᠠᠮ᠂ ᠵᠠᠰᠠᠮᠠᠯ | ᠵᠠᠮ ᠤᠨ ᠬᠠᠵᠠᠭᠤ ᠭᠤᠤ ︵ᠤᠰᠦ ᠬᠠᠰᠢᠬᠤ ᠭᠤᠤ᠂ ᠨᠠᠯᠠᠤ ᠶᠢ ᠬᠠᠮᠠᠭᠠᠯᠠᠬᠤ ᠵᠠᠮ︶ ᠶᠢ ᠠᠰᠢᠬᠯᠠᠨ ᠤᠰᠦᠯᠠᠯᠳᠠ | ᠬᠢᠬᠦ ᠪᠤᠶᠥ ᠪᠤᠵᠠᠷ ᠤᠰᠦ ︵ᠪᠤᠳᠠᠰ︶ ᠭᠠᠳᠠᠬᠰᠢᠯᠠᠭᠤᠯᠬᠤ᠂ ᠵᠠᠰᠠᠮᠠᠯ ᠵᠠᠮ ᠤᠨ ᠤᠰᠦ ᠵᠠᠯᠠᠬᠤ ᠲᠦᠭᠦᠭᠡᠷᠦᠮᠵᠢ ᠶᠢ | ᠪᠤᠯᠠᠬᠤ᠂ ᠪᠦᠭᠯᠡᠬᠦ᠂ ᠡᠪᠳᠡᠨ ᠰᠦᠢᠳᠭᠡᠬᠦ᠂ ᠬᠦᠬᠦᠷᠭᠡ ᠭᠤᠯᠳᠦᠩ᠂ ᠬᠠᠵᠠᠭᠤ ᠭᠤᠤ ᠶᠢ ᠠᠰᠢᠬᠯᠠᠨ ᠤᠰᠤ | ᠬᠠᠳᠠᠭᠠᠯᠠᠵᠦ᠂ ᠬᠠᠭᠠᠯᠳᠠ ᠶᠢᠨ ᠡᠭᠦᠳᠡ ᠲᠤᠬᠢᠷᠠᠭᠤᠯᠬᠤ︔ ︵ᠬᠤᠶᠠᠷ︶ ᠠᠮᠦ ᠪᠤᠳᠠᠭ᠎ᠠ ᠬᠠᠳᠠᠭᠠᠬᠤ᠂ ᠪᠤᠳᠠᠰ | ᠮᠡᠲ᠋ᠧᠷᠢᠶᠠᠯ ᠤᠪᠦᠭᠠᠯᠠᠬᠤ᠂ ᠬᠤᠬ ᠨᠤᠪᠰᠢ ᠬᠠᠶᠠᠬᠤ᠂ ᠮᠠᠯ ᠬᠠᠷᠢᠭᠤᠯᠬᠤ᠂ ᠪᠤᠷᠳᠦᠭᠤᠷ ᠴᠤᠬᠯᠠᠭᠤᠯᠬᠤ᠂ ᠲᠤᠵᠢ | ᠵᠤᠬᠢᠶᠠᠬᠤ᠂ ᠲᠠᠷᠢᠮᠠᠯ ᠲᠠᠷᠢᠬᠤ᠂ ᠶᠠᠭᠤᠮ᠎ᠠ ᠰᠢᠳᠠᠭᠠᠬᠤ︔ ︵ᠭᠤᠷᠪᠠ︶ ᠲᠡᠯᠭᠡᠭᠡ ᠴᠢᠭ᠋ ᠲᠤᠬᠢᠷᠠᠭᠤᠯᠬᠤ᠂ ᠵᠠᠮ | ᠡᠵᠡᠯᠡᠨ ᠡᠵᠡᠩᠨᠠᠬᠦ᠂ ᠮᠠᠰᠢᠨ ᠲᠡᠷᠭᠡ ᠶᠢ ᠲᠤᠷ᠎ᠠ ᠪᠠᠷ ᠵᠤᠬᠰᠦᠭᠠᠬᠤ︔ ︵ᠲᠦᠷᠪᠡ︶ ᠪᠠᠷᠠᠭ᠎ᠠ ᠲᠡᠭᠡᠭᠡᠵᠦ ᠪᠠᠶᠢᠭ᠎ᠠ | ᠲᠡᠷᠭᠡᠨ ᠤ ᠪᠠᠷᠠᠭ᠎ᠠ ᠨᠢ ᠴᠢᠷᠦᠭᠳᠡᠬᠦ︔ ︵ᠲᠠᠪᠦ︶ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠠᠰᠢᠬᠯᠠᠨ | ᠬᠤᠪᠴᠠᠰᠦ ᠬᠤᠨᠠᠷ ᠬᠠᠳᠠᠭᠠᠬᠤ᠂ ᠬᠤᠭᠤᠯᠠᠢ ᠤᠳᠠᠰᠦ ᠲᠠᠳᠠᠬᠤ᠂ ᠫᠠᠶᠢᠰᠠ ᠢᠯᠡᠷᠬᠡᠶᠢᠯᠡᠯ ᠡᠯᠭᠦᠭᠦ᠂ ᠪᠤᠯᠦᠳ | ᠰᠢᠷᠪᠤᠰᠦ ᠲᠠᠳᠠᠬᠤ᠂ ᠮᠠᠯ ᠤᠶᠠᠬᠤ ᠵᠡᠷᠭᠡ︔ ︵ᠵᠢᠷᠭᠤᠭ᠎ᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠭᠰᠡᠭᠡ | ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠡᠪᠳᠡᠨ ᠰᠦᠢᠳᠭᠡᠬᠦ︔ ︵ᠲᠤᠯᠤᠭ᠎ᠠ︶ ᠬᠠᠤᠯᠢ ᠠᠴᠠ | ᠵᠦᠷᠢᠴᠠᠨ ᠵᠠᠰᠠᠮᠠᠯ ᠵᠠᠮ ᠢ ᠬᠠᠤᠯᠢ ᠪᠤᠰᠦ ᠪᠠᠷ ᠠᠰᠢᠬᠯᠠᠬᠰᠠᠨ᠂ ᠡᠵᠡᠯᠡᠭᠰᠡᠨ ᠪᠠ ᠵᠠᠰᠠᠮᠠᠯ ᠵᠠᠮ ᠤᠨ ᠠᠮᠦᠷ ᠲᠦᠪᠰᠢᠨ | ᠨᠠᠪᠳᠡᠷᠡᠬᠦ ᠶᠢ ᠰᠦᠷᠳᠡᠭᠦᠯᠦᠭᠰᠡᠨ ᠪᠤᠰᠦᠳ ᠠᠵᠢᠯᠯᠠᠭ᠎ᠠ᠃ | ᠭᠤᠴᠢᠨ ᠬᠤᠶᠠᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠨ ᠬᠠᠷᠢᠶᠠᠨ ᠤ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠵᠦᠪᠰᠢᠶᠡᠷᠡᠯ ᠦᠬᠡᠢ ᠪᠠᠷ ᠶᠠᠮᠠᠷᠪᠠ ᠨᠢᠭᠡᠴᠨ ᠪᠠ ᠬᠤᠪᠢ | ᠬᠦᠮᠦᠨ ᠵᠠᠰᠠᠮᠠᠯ ᠵᠠᠮ᠂ ᠵᠠᠰᠠᠮᠠᠯ ᠵᠠᠮ ᠤᠨ ᠬᠤᠶᠠᠷ ᠬᠠᠵᠠᠭᠤ ᠶᠢᠨ ᠪᠠᠷᠢᠯᠭ᠎ᠠ ᠶᠢᠨ ᠡᠵᠡᠮᠰᠢᠯ ᠤᠷᠤᠨ ᠲᠤᠳᠦᠷ᠎ᠠ ᠪᠠ | ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠲᠤᠤᠷᠠᠬᠢ ᠠᠵᠢᠯᠯᠠᠭ᠎ᠠ ᠲᠠᠢ ᠪᠠᠶᠢᠵᠦ ᠪᠤᠯᠬᠤ ᠦᠬᠡᠢ᠄ ︵ᠨᠢᠭᠡ | ︶ ᠰᠤᠪᠠᠬ ᠮᠠᠯᠳᠠᠬᠤ᠂ ᠡᠯᠡᠰᠦ ᠮᠠᠯᠳᠠᠬᠤ᠂ ᠤᠰᠦ ᠬᠠᠰᠢᠬᠤ᠂ ᠰᠢᠷᠦᠢ ᠠᠪᠬᠤ᠂ ᠴᠢᠯᠠᠭᠤ ᠮᠠᠯᠳᠠᠬᠤ᠂ ᠠᠭᠤᠷᠬᠠᠢ | ᠮᠠᠯᠳᠠᠬᠤ︔ ︵ᠬᠤᠶᠠᠷ︶ ᠴᠠᠬᠢᠯᠭᠠᠨ ᠤᠳᠠᠰᠦᠨ ᠪᠠᠭᠠᠨ᠎ᠠ᠂ ᠰᠤᠪᠦᠷᠭ᠎ᠠ᠂ ᠬᠦᠴᠦᠳᠡᠯ ᠦᠭᠡᠷᠡᠴᠢᠯᠡᠭᠴᠢ ᠵᠡᠷᠭᠡ | ᠲᠦᠭᠦᠭᠡᠷᠦᠮᠵᠢ ᠶᠢ ᠲᠤᠬᠢᠷᠠᠭᠤᠯᠦᠨ ᠪᠤᠰᠬᠠᠬᠤ︔ ︵ᠭᠤᠷᠪᠠ︶ ᠵᠠᠰᠠᠮᠠᠯ ᠵᠠᠮ ᠤᠨ ᠵᠠᠭᠠᠬ ᠬᠦᠰᠢᠶ᠎ᠠ᠂ ᠬᠡᠷᠡᠰᠭᠡ | ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠶᠢ ᠪᠡᠯᠡᠯᠦᠨ ᠦᠭᠡᠷᠡᠴᠢᠯᠠᠵᠦ᠂ ᠰᠢᠯᠵᠢᠭᠦᠯᠬᠦ︔ ︵ᠲᠦᠷᠪᠡ︶ | ᠵᠠᠰᠠᠮᠠᠯ ᠵᠠᠮ ᠤᠨ ᠬᠦᠭᠦᠷᠭᠡ ᠪᠠ ᠨᠦᠬᠡᠨ ᠵᠠᠮ ᠲᠤᠳᠦᠷ᠎ᠠ ᠰᠢᠳᠠᠮᠠᠬᠠᠢ᠂ ᠲᠡᠯᠪᠡᠷᠡᠮᠡᠳᠡᠭᠡᠢ ᠪᠠ ᠬᠤᠤᠷ ᠲᠠᠢ ᠰᠢᠩᠭᠡᠨ | ᠪᠡᠶᠡᠳᠦ᠂ ᠭᠡᠷ ᠪᠡᠶᠡᠳᠦ ᠶᠢ ᠲᠠᠮᠵᠢᠭᠤᠯᠬᠤ ᠬᠤᠭᠤᠯᠠᠢ ᠲᠡᠪᠢᠰᠬᠦ᠃ | ᠭᠤᠴᠢᠨ ᠭᠤᠷᠪᠠᠳᠦᠭᠠᠷ ᠵᠦᠢᠯ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡᠨ ᠤ | ᠲᠡᠭᠡᠭᠡᠪᠦᠷᠢᠯᠡᠭᠰᠡᠨ ᠪᠠᠷᠠᠭ᠎ᠠ ᠶᠢᠨ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠡᠰ᠂ | ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠤᠯᠦᠨ ᠶᠡᠷᠦᠩᠭᠡᠢ | ᠦᠨᠳᠦᠷ ᠤᠨ ᠬᠡᠮᠵᠢᠶ᠎ᠠ ᠨᠢ ᠤᠯᠤᠰ ᠪᠠ ᠦᠪᠡᠷᠳᠡᠭᠡᠨ ᠵᠠᠰᠠᠬᠤ ᠤᠷᠤᠨ ᠤ ᠲᠤᠬᠳᠠᠭᠠᠬᠰᠠᠨ ᠬᠠᠮᠤᠬ ᠤᠨ ᠦᠨᠳᠦᠷ | ᠬᠢᠵᠠᠭᠠᠷ ᠤᠨ ᠬᠡᠮᠵᠢᠶ᠎ᠠ ᠠᠴᠠ ᠬᠡᠳᠦᠷᠡᠵᠦ ᠪᠤᠯᠬᠤ ᠦᠭᠡᠢ᠃ ᠦᠪᠡᠷᠳᠡᠭᠡᠨ ᠵᠠᠰᠠᠬᠤ ᠤᠷᠤᠨ ᠤ ᠠᠵᠦ ᠠᠬᠤᠢ | ᠨᠡᠶᠢᠭᠡᠮ ᠤᠨ ᠬᠦᠭᠵᠢᠯᠳᠠ ᠳᠤ ᠬᠡᠷᠡᠭᠰᠡᠬᠦ ᠤᠨᠴᠠᠭᠠᠢ ᠲᠤᠨᠤᠬ ᠲᠦᠭᠦᠭᠡᠷᠦᠮᠵᠢ ᠶᠢ ᠲᠡᠭᠡᠭᠡᠪᠦᠷᠢᠯᠡᠵᠦ ᠪᠠᠶᠢᠭ᠎ᠠ | ᠬᠢᠵᠠᠭᠠᠷ ᠠᠴᠠ ᠬᠡᠳᠦᠷᠡᠭᠰᠡᠨ ᠮᠠᠰᠢᠨ ᠲᠡᠷᠭᠡ ᠶᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ | ᠬᠤᠯᠪᠤᠬᠳᠠᠯ ᠪᠦᠬᠦᠢ ᠲᠤᠬᠳᠠᠭᠠᠯ ᠶᠤᠰᠦᠭᠠᠷ ᠠᠶᠤᠯ ᠦᠭᠡᠢ᠂ ᠰᠠᠭᠠᠳ ᠦᠭᠡᠢ ᠪᠠᠷ ᠨᠡᠪᠳᠡᠷᠡᠬᠦᠯᠬᠦ ᠶᠢ ᠪᠠᠳᠦᠯᠠᠬᠤ | ᠬᠡᠷᠡᠭᠳᠡᠢ᠃ | ᠭᠤᠴᠢᠨ ᠲᠦᠷᠪᠡᠳᠦᠭᠡᠷ ᠵᠦᠢᠯ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠬᠡᠷᠡᠭᠴᠡᠭᠡ ᠪᠠᠨ | ᠦᠨᠳᠦᠰᠦᠯᠡᠵᠦ᠂ ᠵᠠᠰᠠᠮᠠᠯ ᠵᠠᠮ ᠲᠡᠭᠡᠷ᠎ᠠ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠭᠡᠳᠦᠷᠡᠨ | ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠢᠭ᠋︶ ᠲᠤᠬᠢᠷᠠᠭᠤᠯᠵᠦ᠂ ᠮᠠᠰᠢᠨ ᠲᠡᠷᠭᠡᠨ ᠤ | ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠮᠡᠰ᠂ ᠲᠡᠷᠭᠡᠨ ᠤ ᠲᠡᠩᠭᠡᠯᠢᠭ ᠤᠨ ᠲᠠᠭᠠᠭᠠᠵᠦ ᠪᠠᠶᠢᠭ᠎ᠠ ᠮᠠᠰ᠂ | ᠲᠡᠭᠡᠭᠡᠪᠦᠷᠢᠯᠡᠭᠰᠡᠨ ᠪᠠᠷᠠᠭᠠᠨ ᠤ ᠶᠡᠷᠦᠩᠭᠡᠢ ᠤᠷᠳᠦ ᠶᠢᠨ ᠬᠡᠮᠵᠢᠶ᠎ᠠ᠂ ᠶᠡᠷᠦᠩᠭᠡᠢ ᠦᠷᠭᠡᠨ ᠤ ᠬᠡᠮᠵᠢᠶ᠎ᠠ ᠪᠠ ᠶᠡᠷᠦᠩᠭᠡᠢ | ᠦᠨᠳᠦᠷ ᠤᠨ ᠬᠡᠮᠵᠢᠶ᠎ᠠ ᠶᠢ ᠪᠠᠶᠢᠴᠠᠭᠠᠨ ᠬᠡᠮᠵᠢᠵᠦ ᠪᠤᠯᠦᠨ᠎ᠠ᠃ ᠵᠠᠰᠠᠮᠠᠯ ᠵᠠᠮ ᠤᠨ ᠬᠠᠮᠢᠶᠠᠷᠦᠯᠳᠠ ᠶᠢᠨ | ᠪᠠᠶᠢᠭᠤᠯᠦᠮᠵᠢ ᠶᠢᠨ ᠠᠵᠢᠯᠳᠠᠨ ᠲᠤᠬᠳᠠᠮᠠᠯ ᠪᠤᠶᠥ ᠲᠦᠷ ᠴᠠᠬ ᠤᠨ ᠬᠢᠵᠠᠭᠠᠷ ᠠᠴᠠ ᠬᠡᠳᠦᠷᠠᠨ ᠲᠡᠭᠡᠭᠡᠪᠦᠷᠢᠯᠡᠬᠦ ᠶᠢ | ᠪᠠᠶᠢᠴᠠᠭᠠᠨ ᠬᠡᠮᠵᠢᠬᠦ ᠦᠷᠳᠡᠭᠡ ︵ᠴᠢᠭ᠋︶ ᠳᠤ ᠪᠠᠶᠢᠴᠠᠭᠠᠯᠳᠠ ᠬᠢᠬᠦ ᠦᠶᠡᠰ᠂ ᠵᠠᠰᠠᠮᠠᠯ ᠵᠠᠮ ᠤᠨ ᠠᠶᠤᠯ ᠦᠭᠡᠢ᠂ | ᠰᠠᠭᠠᠳ ᠦᠬᠡᠢ ᠪᠠᠷ ᠨᠡᠪᠳᠡᠷᠬᠦ ᠶᠢ ᠪᠠᠳᠦᠯᠠᠬᠤ ᠬᠡᠷᠡᠭᠳᠡᠢ᠂ ᠪᠠᠶᠢᠴᠠᠭᠠᠨ ᠬᠡᠮᠵᠢᠬᠦ ᠰᠢᠯᠳᠠᠭᠠᠨ ᠠᠴᠠ ᠪᠤᠯᠵᠦ ᠵᠠᠰᠠᠮᠠᠯ | ᠵᠠᠮ ᠤᠨ ᠨᠡᠪᠳᠡᠷᠡᠯᠭᠡ ᠰᠠᠭᠠᠳᠠᠯ ᠳᠤ ᠤᠴᠠᠷᠠᠪᠠᠯ᠂ ᠴᠠᠭ ᠲᠤᠬᠠᠢ ᠳᠤᠨᠢ ᠠᠷᠭ᠎ᠠ ᠬᠡᠮᠵᠢᠶ᠎ᠠ ᠠᠪᠴᠦ ᠲᠡᠷᠭᠡ | ᠨᠡᠪᠳᠡᠷᠡᠭᠦᠯᠬᠦ ᠨᠤᠷᠮ᠎ᠠ ᠶᠢ ᠲᠡᠭᠡᠭᠰᠢᠯᠡᠭᠦᠯᠬᠦ ᠬᠡᠷᠡᠭᠳᠡᠢ᠃ ᠪᠠᠶᠢᠴᠠᠭᠠᠨ ᠬᠡᠮᠵᠢᠭᠡᠳ ᠬᠡᠮᠵᠢᠶ᠎ᠡ ᠠᠴᠠ ᠬᠡᠳᠦᠷᠡᠭᠰᠡᠨ ᠪᠦᠭᠡᠳ | ᠵᠦᠪᠰᠢᠶᠡᠷᠡᠯ ᠤᠨ ᠪᠢᠴᠢᠭ ᠦᠭᠡᠢ ᠶᠢ ᠨᠢ᠂ ᠲᠡᠭᠡᠭᠡᠪᠦᠷᠢ ᠶᠢᠨ ᠲᠠᠭᠠᠭᠠᠴᠢᠯᠠᠬᠴᠢ ᠶᠢ ᠬᠡᠮᠵᠢᠶ᠎ᠡ ᠠᠴᠠ ᠬᠡᠳᠦᠷᠡᠨ | ᠲᠡᠭᠡᠭᠡᠪᠦᠷᠢᠯᠡᠭᠰᠡᠨ ᠪᠠᠷᠠᠭ᠎ᠠ ᠪᠠᠨ ᠦᠪᠡᠷ ᠲᠡᠭᠡᠨ ᠪᠠᠭᠤᠯᠭᠠᠭᠤᠯᠬᠤ ᠪᠠᠷ ᠵᠠᠷᠯᠢᠬᠳᠠᠨ᠎ᠠ︔ ᠪᠠᠭᠤᠯᠭᠠᠬᠤ ᠶᠢ ᠲᠡᠪᠴᠢᠪᠡᠯ | ᠠᠯᠪᠠᠳᠠᠯᠭ᠎ᠠ ᠪᠠᠷ ᠪᠠᠭᠤᠯᠭᠠᠵᠦ᠂ ᠬᠡᠷᠡᠭᠰᠡᠬᠦ ᠵᠠᠷᠦᠳᠠᠯ ᠢ ᠲᠡᠭᠡᠭᠡᠪᠦᠷᠢ ᠶᠢᠨ ᠲᠠᠭᠠᠭᠠᠴᠢᠯᠠᠬᠴᠢ ᠠᠴᠠ ᠡᠭᠦᠷᠭᠡᠯᠡᠨ᠎ᠠ᠃ | ᠭᠤᠴᠢᠨ ᠲᠠᠪᠦᠳᠦᠭᠠᠷ ᠵᠦᠢᠯ ᠲᠤᠬᠳᠠᠭ᠋ᠭᠰᠠᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ ᠪᠠᠶᠢᠴᠠᠭᠠᠨ | ᠬᠡᠮᠵᠢᠬᠦ ᠦᠷᠳᠡᠭᠡ ︵ᠴᠢᠭ᠋︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠦᠨ ᠢᠶᠠᠷ ᠵᠦᠪᠰᠢᠶᠡᠷᠡᠭᠦᠯᠬᠦ ᠬᠡᠷᠡᠭᠳᠡᠢ᠂ ᠲᠦᠷ ᠴᠠᠭ ᠤᠨ ᠬᠡᠮᠵᠢᠶ᠎ᠡ ᠠᠴᠠ ᠬᠡᠳᠦᠷᠡᠨ ᠲᠡᠭᠡᠭᠡᠪᠦᠷᠢᠯᠡᠬᠦ ᠶᠢ | ᠪᠠᠶᠢᠴᠠᠭᠠᠨ ᠬᠡᠮᠵᠢᠭᠦ ᠦᠷᠳᠡᠭᠡ ︵ᠴᠢᠭ᠋︶ ᠶᠢ ᠲᠤᠬᠢᠷᠠᠭᠤᠯᠬᠤ ᠳᠤ ᠦᠪᠡᠷᠳᠡᠭᠡᠨ ᠵᠠᠰᠠᠬᠤ ᠤᠷᠤᠨ ᠤ ᠠᠷᠠᠳ ᠤᠨ | ᠵᠠᠰᠠᠬ ᠤᠨ ᠤᠷᠳᠦᠨ ᠤ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ ᠶᠢ ᠵᠠᠰᠠᠬᠤ ᠠᠵᠢᠯ ᠢ ᠭᠤᠤᠯᠯᠠᠠ ᠬᠠᠮᠢᠶᠠᠷᠬᠤ | ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃ | ᠭᠤᠴᠢᠨ ᠵᠢᠷᠭᠤᠳᠦᠭᠠᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠵᠠᠮ ᠬᠠᠷᠢᠯᠴᠠᠭ᠎ᠠ᠂ ᠲᠤᠳᠦᠭᠠᠳᠦ ᠶᠢ ᠬᠠᠮᠠᠭᠠᠯᠠᠬᠤ᠂ ᠬᠦᠭᠵᠢᠭᠦᠯᠦᠯᠳᠠ ᠪᠠ ᠦᠭᠡᠷᠡᠴᠢᠯᠡᠯᠳᠡ᠂ ᠠᠵᠦ | ᠦᠢᠯᠡᠳᠪᠦᠷᠢ ᠬᠤᠳᠠᠯᠳᠤᠭ᠎ᠠ᠂ ᠶᠠᠰᠦ ᠴᠢᠨᠠᠷ ᠮᠡᠷᠭᠡᠵᠢᠯ ᠳᠤ ᠬᠢᠨᠠᠯᠳᠠ ᠲᠠᠯᠪᠢᠬᠤ᠂ ᠠᠶᠤᠯ ᠦᠭᠡᠢ | ᠦᠢᠯᠡᠳᠪᠦᠷᠢᠯᠡᠯ ᠳᠤ ᠬᠢᠨᠠᠯᠳᠠ ᠲᠠᠯᠪᠢᠬᠤ᠂ ᠨᠡᠭᠦᠷᠡᠰᠦ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠦᠴᠢᠷ ᠢ ᠵᠤᠬᠢᠶᠠᠨ | ᠪᠠᠶᠢᠭᠤᠯᠦᠨ ᠬᠠᠮᠳᠦᠪᠡᠷ ᠲᠡᠭᠡᠭᠡᠪᠦᠷᠢ ᠶᠢᠨ ᠮᠠᠰᠢᠨ ᠲᠡᠷᠭᠡ ᠶᠢᠨ ᠬᠡᠮᠵᠢᠶ᠎ᠡ ᠠᠴᠠ ᠬᠡᠳᠦᠷᠡᠳᠡᠯ᠎ᠡ ᠲᠡᠭᠡᠭᠡᠪᠦᠷᠢᠯᠡᠬᠦ | ᠠᠵᠢᠯᠯᠠᠭ᠎ᠠ ᠶᠢ ᠴᠡᠭᠴᠡᠯᠡᠨ ᠵᠠᠰᠠᠬᠤ ᠬᠡᠷᠡᠭᠳᠡᠢ᠃ | ᠭᠤᠴᠢᠨ ᠲᠤᠯᠦᠳᠦᠭᠠᠷ ᠵᠦᠢᠯ ᠵᠠᠰᠠᠮᠠᠯ ᠵᠠᠮ ᠲᠡᠭᠡᠷ᠎ᠠ ᠰᠤᠯᠪᠢᠴᠠᠬᠰᠠᠨ ᠵᠠᠮ ᠤᠨ ᠠᠭᠤᠯᠵᠠᠷ ᠭᠠᠷᠭᠠᠬᠤ ᠳᠤ᠂ | ᠤᠯᠤᠰ ᠤᠨ ᠲᠤᠬᠳᠠᠭᠠᠬᠰᠠᠨ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠳᠤ ᠨᠡᠶᠢᠴᠠᠬᠦ ᠬᠡᠷᠡᠭᠳᠡᠢ ᠪᠦᠭᠡᠳ ᠵᠠᠰᠠᠮᠠᠯ | ᠵᠠᠮ ᠤᠨ ᠵᠠᠮ ᠤᠨ ᠵᠠᠬ᠎ᠠ ᠠᠴᠠ ᠡᠬᠢᠯᠡᠨ 30 ᠮᠧᠲᠷ ᠠᠴᠠ ᠤᠷᠳᠦ ᠪᠠᠷᠦᠬᠰᠢᠨ ᠪᠤᠶᠥ ᠪᠧᠲ᠋ᠤᠨ ᠵᠠᠮ ᠲᠡᠪᠢᠰᠬᠦ | ᠬᠡᠷᠡᠭᠳᠡᠢ︔ ᠵᠠᠰᠠᠮᠠᠯ ᠵᠠᠮ ᠳᠡᠭᠡᠷᠡᠬᠢ ᠤᠰᠦ ᠶᠢ ᠭᠠᠳᠠᠬᠰᠢᠯᠠᠬᠤ ᠶᠢ ᠨᠦᠯᠦᠭᠡᠯᠡᠭᠰᠡᠨ ᠪᠤᠯ ᠵᠤᠬᠢᠴᠠᠬᠰᠠᠨ ᠤᠰᠦ | ᠭᠠᠳᠠᠬᠰᠢᠯᠠᠭᠤᠯᠬᠤ ᠲᠦᠭᠦᠭᠡᠷᠦᠮᠵᠢ ᠵᠠᠰᠠᠨ ᠪᠠᠶᠢᠭᠤᠯᠬᠤ ᠬᠡᠷᠡᠭᠳᠡᠢ᠃ ᠵᠦᠪᠰᠢᠶᠡᠷᠡᠯ ᠤᠯᠦᠬᠰᠠᠨ ᠬᠦᠮᠦᠨ | ᠰᠤᠯᠪᠢᠴᠠᠬᠰᠠᠨ ᠵᠠᠮ ᠤᠨ ᠠᠭᠤᠯᠵᠠᠷ ᠢ ᠪᠢᠳᠡᠭᠦᠮᠵᠢᠯᠡᠬᠦ ᠦᠶᠡᠰ᠂ ᠵᠠᠰᠠᠮᠠᠯ ᠵᠠᠮ ᠤᠨ ᠬᠠᠮᠢᠶᠠᠷᠦᠯᠳᠠ ᠶᠢᠨ | ᠪᠠᠶᠢᠭᠤᠯᠦᠮᠵᠢ ᠳᠤ ᠲᠠᠩᠰᠠᠯᠠᠭᠤᠯᠬᠤ ᠬᠡᠷᠡᠭᠳᠡᠢ᠃ | ᠭᠤᠴᠢᠨ ᠨᠠᠢᠮᠠᠳᠦᠭᠠᠷ ᠵᠦᠢᠯ ᠶᠠᠮᠠᠷᠪᠠ ᠨᠢᠭᠡᠴᠨ ᠪᠠ ᠬᠤᠪᠢ ᠬᠦᠮᠦᠨ ᠵᠠᠰᠠᠮᠠᠯ ᠵᠠᠮ ᠲᠡᠭᠡᠷ᠎ᠠ ᠪᠤᠶᠥ ᠵᠠᠰᠠᠮᠠᠯ | ᠵᠠᠮ ᠤᠨ ᠵᠠᠮ ᠬᠠᠷᠢᠯᠴᠠᠭᠠᠨ ᠤ ᠠᠮᠦᠷ ᠲᠦᠪᠰᠢᠨ ᠢ ᠬᠠᠮᠠᠭᠠᠯᠠᠬᠤ ᠲᠦᠭᠦᠭᠡᠷᠦᠮᠵᠢ᠂ ᠵᠠᠮ ᠬᠠᠷᠢᠯᠴᠠᠭᠠᠨ ᠤ ᠲᠡᠮᠳᠡᠭ | ᠪᠠ ᠵᠠᠮ ᠵᠠᠭᠠᠬᠯᠠᠬᠰᠠᠨ ᠮᠤᠳᠦ ᠵᠡᠷᠭᠡ ᠵᠠᠰᠠᠮᠠᠯ ᠵᠠᠮ ᠤᠨ ᠲᠠᠭᠠᠯᠳᠠ ᠲᠦᠭᠦᠭᠡᠷᠦᠮᠵᠢ ᠲᠡᠭᠡᠷ᠎ᠠ ᠫᠠᠶᠢᠰᠠ ᠢᠯᠡᠷᠬᠡᠶᠢᠯᠡᠯ᠂ | ᠵᠠᠷᠯᠠᠯ ᠤᠨ ᠫᠠᠶᠢᠰᠠ᠂ ᠤᠬᠠᠭᠤᠯᠭ᠎ᠠ ᠶᠢᠨ ᠤᠷᠢᠶ᠎ᠠ᠂ ᠢᠯᠡᠷᠬᠡᠶᠢᠯᠡᠯ ᠬᠦᠰᠢᠶ᠎ᠠ ᠵᠡᠷᠭᠡ ᠵᠠᠰᠠᠮᠠᠯ ᠵᠠᠮ ᠲᠡᠭᠡᠷ᠎ᠠ ᠦᠯᠦ | ᠬᠡᠷᠡᠭᠯᠡᠬᠦ ᠲᠡᠮᠳᠡᠭ ᠢ ᠲᠤᠷ᠎ᠠ ᠪᠠᠷ ᠡᠯᠬᠦᠨ ᠲᠠᠯᠪᠢᠵᠦ ᠪᠤᠯᠬᠤ ᠦᠬᠡᠢ᠃ ᠵᠠᠮ ᠬᠠᠷᠢᠯᠴᠠᠭᠠᠨ ᠤ ᠠᠮᠦᠷ ᠲᠦᠪᠰᠢᠨ | ᠨᠦᠯᠦᠭᠡᠯᠡᠬᠦ ᠦᠭᠡᠢ ᠪᠠᠶᠢᠳᠠᠯ ᠲᠤᠤᠷ᠎ᠠ ᠦᠨᠡᠨᠬᠦ ᠲᠤᠬᠢᠷᠠᠭᠤᠯᠬᠤ ᠴᠢᠬᠤᠯᠨ ᠲᠠᠢ ᠪᠤᠯ ᠵᠠᠰᠠᠮᠠᠯ ᠵᠠᠮ ᠤᠨ | ᠬᠠᠮᠢᠶᠠᠷᠦᠯᠳᠠ ᠶᠢᠨ ᠪᠠᠶᠢᠭᠤᠯᠦᠮᠵᠢ ᠪᠠᠷ ᠵᠦᠪᠰᠢᠶᠡᠷᠡᠭᠦᠯᠬᠦ ᠬᠡᠷᠡᠭᠳᠡᠢ᠃ | ᠭᠤᠴᠢ ᠶᠢᠰᠦᠳᠦᠭᠡᠷ ᠵᠦᠢᠯ ᠵᠠᠰᠠᠮᠠᠯ ᠵᠠᠮ ᠵᠢᠴᠢ ᠲᠠᠭᠠᠯᠳᠠ ᠲᠦᠭᠦᠭᠡᠷᠦᠮᠵᠢ ᠡᠪᠳᠡᠨ ᠰᠦᠢᠳᠭᠡᠭᠳᠡᠵᠦ᠂ | ᠬᠠᠤᠯᠢ ᠶᠤᠰᠦᠭᠠᠷ ᠨᠦᠬᠦᠪᠦᠷᠢᠯᠠᠬᠦ ᠪᠤᠶᠥ ᠲᠦᠯᠦᠪᠦᠷᠢᠯᠡᠭᠦᠯᠬᠦ ᠬᠡᠷᠡᠭᠳᠡᠢ ᠪᠤᠯ ᠬᠠᠷᠢᠭᠤᠴᠠᠯᠭ᠎ᠠ ᠲᠠᠢ ᠬᠦᠮᠦᠨ ᠵᠠᠰᠠᠮᠠᠯ | ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ ᠨᠦᠬᠦᠪᠦᠷᠢᠯᠡᠬᠦ ᠮᠦᠡᠭᠭᠦ ᠪᠤᠶᠥ ᠲᠦᠯᠦᠪᠦᠷᠢ ᠶᠢᠨ ᠮᠦᠡᠭᠭᠦ ᠪᠠᠨ | ᠲᠤᠰᠢᠶᠠᠬᠤ ᠬᠡᠷᠡᠭᠳᠡᠢ᠃ ᠨᠦᠭᠦᠪᠦᠷᠢᠯᠡᠬᠦ ᠮᠦᠡᠭᠭᠦ ᠪᠠ ᠲᠦᠯᠦᠪᠦᠷᠢᠯᠡᠬᠦ ᠮᠦᠡᠭᠭᠦ ᠶᠢᠨ ᠪᠠᠷᠢᠮᠵᠢᠶ᠎ᠠ ᠶᠢ ᠦᠪᠡᠷᠳᠡᠭᠡᠨ | ᠵᠠᠰᠠᠬᠤ ᠤᠷᠤᠨ ᠤ ᠵᠠᠮ ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠠᠴᠠ | ᠬᠦᠭᠵᠢᠭᠦᠯᠦᠯᠳᠠ ᠪᠠ ᠦᠭᠡᠷᠡᠴᠢᠯᠡᠯᠳᠠ᠂ ᠡᠳ᠋ ᠤᠨ ᠵᠠᠰᠠᠬ ᠵᠡᠷᠭᠡ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ | ᠰᠠᠯᠠᠭ᠎ᠠ ᠮᠦᠴᠢᠷ ᠲᠠᠢ ᠬᠠᠮᠳᠦᠷᠠᠨ ᠵᠠᠰᠠᠮᠠᠯ ᠵᠠᠮ ᠤᠨ ᠪᠠᠷᠢᠯᠭ᠎ᠠ ᠶᠢᠨ ᠦᠨ᠎ᠠ ᠶᠢᠨ ᠪᠠᠷᠢᠮᠵᠢᠶ᠎ᠠ ᠶᠢ ᠦᠨᠳᠦᠰᠦᠯᠡᠨ | ᠲᠤᠬᠳᠠᠭᠠᠨ ᠲᠤᠬᠢᠷᠠᠭᠤᠯᠬᠤ ᠶᠢᠨ ᠬᠠᠮᠳᠦ ᠨᠡᠶᠢᠭᠡᠮ ᠲᠠᠶᠠᠭᠠᠷ ᠲᠤ ᠨᠡᠶᠢᠳᠡᠯᠡᠬᠦ ᠬᠡᠷᠡᠭᠳᠡᠢ᠃ | ᠲᠦᠴᠢᠳᠦᠭᠡᠷ ᠵᠦᠢᠯ ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ᠂ ᠬᠡᠷᠡᠭᠯᠡᠭᠴᠢ ᠪᠠ ᠪᠤᠰᠦᠳ ᠬᠤᠯᠪᠤᠬᠳᠠᠯ | ᠪᠦᠬᠦᠢ ᠨᠢᠭᠡᠴᠨ᠂ ᠬᠤᠪᠢ ᠬᠦᠮᠦᠨ ᠨᠢ ᠵᠠᠮ ᠤᠨ ᠬᠢᠨᠠᠨ ᠬᠠᠮᠢᠶᠠᠷᠦᠬᠴᠢ ᠶᠢᠨ ᠬᠠᠤᠯᠢ ᠶᠤᠰᠦᠭᠠᠷ ᠬᠡᠷᠡᠭᠵᠢᠭᠦᠯᠵᠦ | ᠪᠠᠶᠢᠭ᠎ᠠ ᠬᠢᠨᠠᠯᠳᠠ ᠪᠠᠶᠢᠴᠠᠭᠠᠯᠳᠠ ᠶᠢ ᠬᠦᠯᠢᠶᠡᠬᠦ ᠪᠦᠭᠡᠳ ᠲᠠᠳᠠᠨ ᠳᠤ ᠲᠦᠭᠦᠮ ᠦᠵᠡᠭᠦᠯᠬᠦ ᠬᠡᠷᠡᠭᠳᠡᠢ᠃ ᠵᠠᠰᠠᠮᠠᠯ | ᠵᠠᠮ ᠤᠨ ᠬᠢᠨᠠᠨ ᠪᠠᠶᠢᠴᠠᠭᠠᠬᠤ ᠠᠵᠢᠯᠳᠠᠨ ᠠᠯᠪᠠᠨ ᠶᠠᠪᠦᠳᠠᠯ ᠢᠶᠠᠨ ᠬᠦᠢᠴᠡᠳᠭᠡᠬᠦ ᠦᠶᠡᠰ ᠲᠡᠮᠳᠡᠭ ᠢᠶᠠᠨ ᠵᠡᠭᠦᠨ᠂ | ᠦᠨᠡᠮᠯᠡᠯ ᠢᠶᠠᠨ ᠠᠪᠴᠦ᠂ ᠬᠠᠤᠯᠢ ᠪᠠᠷ ᠲᠤᠬᠳᠠᠭᠠᠬᠰᠠᠨ ᠡᠮᠬᠢ ᠲᠠᠷᠠᠭᠠᠯᠠᠯ ᠢ ᠴᠢᠩᠭ᠎ᠠ ᠬᠡᠷᠡᠭᠵᠢᠭᠦᠯᠬᠦ ᠬᠡᠷᠡᠭᠳᠡᠢ᠃ | ᠵᠠᠰᠠᠮᠠᠯ ᠵᠠᠮ ᠢ ᠬᠢᠨᠠᠨ ᠪᠠᠶᠢᠴᠠᠭᠠᠬᠤ ᠳᠤ ᠲᠤᠰᠬᠠᠢ ᠬᠡᠷᠡᠭᠯᠡᠬᠦ ᠮᠠᠰᠢᠨ ᠲᠡᠷᠭᠡ ᠳᠤ ᠨᠢᠭᠡᠳᠦᠯᠳᠡᠢ ᠲᠡᠮᠳᠡᠭ ᠪᠠ | ᠰᠡᠷᠡᠮᠵᠢᠭᠦᠯᠬᠦ ᠳ᠋ᠧᠩ ᠲᠤᠬᠢᠷᠠᠭᠤᠯᠬᠤ ᠬᠡᠷᠡᠭᠳᠡᠢ᠃ | | | ᠵᠢᠷᠭᠤᠳᠦᠭᠠᠷ ᠪᠦᠯᠦᠭ ᠰᠦᠢᠳᠭᠡᠯ ᠬᠤᠷᠢᠶᠠᠬᠤ ᠵᠠᠰᠠᠮᠠᠯ ᠵᠠᠮ | | | ᠲᠦᠴᠢᠨ ᠨᠢᠭᠡᠳᠦᠭᠡᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠠᠮ | ᠬᠠᠷᠢᠯᠴᠠᠭᠠᠨ ᠤ ᠵᠠᠰᠠᠬ ᠵᠠᠬᠢᠷᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ ᠤᠯᠦᠰ ᠪᠠ ᠦᠪᠡᠷᠳᠡᠭᠡᠨ ᠵᠠᠰᠠᠬᠤ | ᠤᠷᠤᠨ ᠤ ᠵᠠᠰᠠᠮᠠᠯ ᠵᠠᠮ ᠤᠨ ᠬᠦᠭᠵᠢᠯᠳᠠ ᠶᠢᠨ ᠲᠦᠯᠦᠪᠵᠢᠭᠦᠯᠭᠡ ᠶᠢ ᠦᠨᠳᠦᠰᠦᠯᠡᠨ᠂ ᠪᠠᠶᠢᠭᠤᠯᠬᠤ ᠪᠠᠷ ᠵᠢᠱᠢᠵᠦ | ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠲᠤᠷᠠᠳᠴᠦ᠂ ᠦᠪᠡᠷᠳᠡᠭᠡᠨ | ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠳᠤ ᠮᠡᠳᠡᠭᠦᠯᠦᠨ ᠵᠦᠪᠰᠢᠶᠡᠷᠡᠭᠦᠯᠬᠦ ᠬᠡᠷᠡᠭᠳᠡᠢ᠃ | ᠪᠠᠶᠢᠭᠤᠯᠬᠤ ᠪᠠᠷ ᠵᠢᠱᠢᠵᠦ ᠪᠠᠶᠢᠭ᠎ᠠ ᠰᠦᠢᠳᠭᠡᠯ ᠬᠤᠷᠢᠶᠠᠬᠤ ᠵᠠᠰᠠᠮᠠᠯ ᠵᠠᠮ ᠤᠨ ᠲᠦᠷᠦᠯ ᠵᠦᠢᠯ ᠤᠨ ᠲᠦᠰᠦᠪ ᠨᠢ | ᠰᠦᠢᠳᠭᠡᠯ ᠬᠤᠷᠢᠶᠠᠬᠤ ᠵᠠᠰᠠᠮᠠᠯ ᠵᠠᠮ ᠤᠨ ᠪᠠᠶᠢᠭᠤᠯᠦᠯᠳᠠ ᠶᠢᠨ ᠬᠡᠪᠴᠢᠶ᠎ᠠ᠂ ᠮᠡᠷᠭᠡᠵᠢᠯ ᠤᠨ ᠵᠡᠷᠭᠡ ᠲᠡᠰ᠂ | ᠲᠦᠰᠦᠭᠡᠯᠡᠨ ᠪᠤᠳᠦᠬᠰᠠᠨ ᠪᠡᠯᠨ ᠤᠷᠤᠭᠤᠯᠦᠯᠳᠠ᠂ ᠡᠵᠡᠩᠨᠠᠯᠳᠠ ᠶᠢᠨ ᠰᠢᠨᠵᠢ ᠴᠢᠨᠠᠷ᠂ ᠰᠦᠢᠳᠭᠡᠯ ᠬᠤᠷᠢᠶᠠᠬᠤ | ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭ᠎ᠠ᠂ ᠰᠦᠢᠳᠭᠡᠯ ᠬᠤᠷᠢᠶᠠᠬᠤ ᠦᠷᠳᠡᠭᠡ ᠴᠢᠭ᠋ ᠤᠨ | ᠪᠠᠶᠢᠷᠢᠯᠠᠭᠤᠯᠦᠯᠳᠠ ᠵᠡᠷᠭᠡ ᠠᠭᠤᠯᠭ᠎ᠠ ᠶᠢ ᠪᠠᠭᠳᠠᠭᠠᠨ᠎ᠠ᠃ | ᠳᠥᠴᠢᠨ ᠬᠤᠶᠠᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠭᠡᠯ ᠬᠤᠷᠢᠶᠠᠬᠤ | ᠦᠷᠳᠡᠭᠡ ᠶᠢᠨ ᠪᠠᠶᠢᠷᠢᠯᠠᠭᠤᠯᠦᠯᠳᠠ ᠨᠢ ᠤᠯᠦᠰ ᠤᠨ ᠲᠤᠬᠳᠠᠭᠠᠯ ᠲᠠᠢ ᠨᠡᠶᠢᠴᠠᠬᠦ ᠠᠴᠠ ᠭᠠᠳᠠᠨ᠎ᠠ᠂ ᠪᠠᠰᠠ ᠲᠤᠤᠷᠠᠬᠢ | ᠲᠤᠬᠳᠠᠭᠠᠯ ᠲᠠᠢ ᠨᠡᠶᠢᠴᠡᠬᠦ ᠬᠡᠷᠡᠭᠳᠡᠢ᠄ ︵ᠨᠢᠭᠡ︶ ᠬᠠᠷᠢᠯᠴᠠᠠ ᠵᠠᠯᠭᠠᠯᠳᠦᠬᠰᠠᠨ ᠲᠦᠷᠭᠡᠨ ᠵᠠᠮ ᠡᠯᠧᠺᠲᠷᠣᠨ | ᠪᠤᠳᠦᠯᠭ᠎ᠠ ᠶᠢᠨ ᠮᠠᠰᠢᠨ ᠤ ᠲᠤᠤᠷ ᠢᠶᠠᠷ ᠰᠦᠢᠳᠭᠡᠯ ᠬᠤᠷᠢᠶᠠᠬᠤ ᠶᠢ ᠬᠡᠷᠡᠭᠵᠢᠭᠦᠯᠵᠦ᠂ ᠨᠢᠬᠡᠳᠦᠯᠳᠡᠢ ᠳ᠋ᠦᠡᠭᠨᠠᠨ | ᠪᠤᠳᠦᠵᠦ᠂ ᠬᠠᠷᠢᠯᠴᠠᠨ ᠵᠠᠯᠭᠠᠯᠳᠦᠬᠰᠠᠨ ᠭᠠᠵᠠᠷ ᠲᠤ ᠰᠦᠢᠳᠭᠡᠯ ᠬᠤᠷᠢᠶᠠᠬᠤ ᠦᠷᠳᠡᠭᠡ ᠪᠠᠶᠢᠷᠢᠯᠠᠭᠤᠯᠵᠦ ᠪᠤᠯᠬᠤ | ᠦᠬᠡᠢ᠃ ︵ᠬᠤᠶᠠᠷ︶ ᠠᠳᠠᠯᠢ ᠨᠢᠭᠡ ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷᠡᠬᠢ ᠦᠭᠡᠷᠡᠴᠢᠯᠠᠨ ︵ | ᠦᠷᠭᠡᠳᠭᠡᠨ︶ ᠪᠠᠶᠢᠭᠤᠯᠦᠬᠰᠠᠨ ᠵᠠᠰᠠᠮᠠᠯ ᠵᠠᠮ ᠤᠨ ᠪᠦᠳᠦᠭᠡᠨ ᠪᠠᠶᠢᠭᠤᠯᠦᠯᠳᠠ ᠶᠢᠨ ᠲᠦᠷᠦᠯ ᠵᠦᠢᠯ ᠤᠨ ᠬᠤᠷᠢᠶᠠᠬᠤ | ᠰᠦᠢᠳᠭᠡᠯ ᠢ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠤ ᠵᠦᠪᠰᠢᠶᠡᠷᠡᠯ ᠢᠶᠠᠷ᠂ ᠤᠤᠯ ᠤᠨ | ᠪᠠᠶᠢᠬᠰᠠᠨ ᠰᠦᠢᠳᠭᠡᠯ ᠬᠤᠷᠢᠶᠠᠬᠤ ᠦᠷᠳᠡᠭᠡ ᠪᠠᠷ ᠬᠤᠷᠢᠶᠠᠯᠭᠠᠵᠦ ᠪᠤᠯᠬᠤ ᠪᠦᠭᠡᠳ ᠤᠷᠤᠯᠭ᠎ᠠ ᠪᠠᠨ ᠡᠯ᠎ᠠ ᠪᠠᠯᠨ | ᠤᠷᠤᠭᠤᠯᠦᠬᠴᠢ ᠶᠢᠨ ᠪᠠᠯᠨ ᠤᠷᠤᠭᠤᠯᠦᠯᠳᠠ ᠶᠢᠨ ᠪᠠᠶᠢᠳᠠᠯ ᠢᠶᠠᠷ ᠬᠤᠪᠢᠶᠠᠷᠢᠯᠠᠵᠦ ᠪᠤᠯᠦᠨ᠎ᠠ᠃ ︵ᠭᠤᠷᠪᠠ︶ | ᠰᠦᠢᠳᠭᠡᠯ ᠬᠤᠷᠢᠶᠠᠬᠤ ᠦᠷᠳᠡᠭᠡᠨ ᠤ ᠲᠡᠷᠭᠡᠨ ᠵᠠᠮ ᠲᠡᠭᠡᠷ᠎ᠠ ᠲᠡᠷᠭᠡ ᠵᠤᠬᠰᠦᠭᠠᠨ ᠪᠢᠯᠧᠲ ᠪᠠᠶᠢᠴᠠᠭᠠᠬᠤ ᠦᠷᠳᠡᠭᠡ | ᠪᠠᠶᠢᠷᠢᠯᠠᠭᠤᠯᠵᠦ ᠪᠤᠯᠬᠤ ᠦᠬᠡᠢ᠃ ︵ᠲᠦᠷᠪᠡ︶ ᠵᠦᠪᠰᠢᠶᠡᠷᠡᠯ ᠢᠶᠠᠷ ᠲᠠᠮᠵᠢᠨ ᠰᠢᠨ᠎ᠠ ᠪᠠᠷ ᠪᠠᠶᠢᠷᠢᠯᠠᠭᠤᠯᠦᠬᠰᠠᠠ | ᠰᠦᠢᠳᠭᠡᠯ ᠬᠤᠷᠢᠶᠠᠬᠤ ᠦᠷᠳᠡᠭᠡ ᠤᠨᠴᠠᠭᠠᠢ ᠦᠷᠭᠡᠨ ᠵᠠᠮ ᠲᠤᠬᠢᠷᠠᠭᠤᠯᠵᠦ᠂ ᠤᠴᠠᠭᠠᠢ ᠦᠷᠭᠡᠨ ᠪᠤᠶᠥ ᠤᠨᠴᠠ | ᠲᠦᠷᠦᠯ ᠤᠨ ᠮᠠᠰᠢᠨ ᠲᠡᠷᠭᠡ ᠨᠡᠪᠳᠡᠷᠡᠬᠦ ᠳᠤ ᠲᠦᠭᠦᠮ ᠦᠵᠡᠭᠦᠯᠬᠦ ᠬᠡᠷᠡᠭᠳᠡᠢ᠃ ᠲᠦᠴᠢᠨ ᠭᠤᠷᠪᠠᠳᠦᠭᠠᠷ ᠵᠦᠢᠯ | ᠰᠦᠢᠳᠭᠡᠯ ᠬᠤᠷᠢᠶᠠᠬᠤ ᠵᠠᠰᠠᠮᠠᠯ ᠵᠠᠮ ᠤᠨ ᠰᠦᠢᠳᠬᠡᠯ ᠬᠤᠷᠢᠶᠠᠬᠤ ᠬᠤᠭᠤᠴᠠᠭ᠎ᠠ ᠲᠠᠭᠤᠰᠪᠠᠯ᠂ ᠰᠦᠢᠳᠭᠡᠯ | ᠬᠤᠷᠢᠶᠠᠬᠤ ᠪᠠᠨ ᠡᠷᠬᠡᠪᠰᠢ ᠵᠤᠬᠰᠦᠭᠠᠬᠤ ᠬᠡᠷᠡᠭᠳᠡᠢ᠃ ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ | ᠵᠠᠮ ᠤᠨ ᠰᠦᠢᠳᠭᠡᠯ ᠬᠤᠷᠢᠶᠠᠬᠤ ᠵᠦᠪᠰᠢᠶᠡᠷᠡᠯ ᠤᠨ ᠬᠤᠭᠤᠴᠠᠭ᠎ᠠ ᠲᠠᠭᠤᠰᠬᠤ ᠠᠴᠠ ᠡᠮᠦᠨ᠎ᠠ᠂ ᠵᠢᠭᠡᠯᠡᠯᠭᠡ ᠶᠢᠨ | ᠮᠦᠡᠭᠭᠦ ᠪᠤᠶᠥ ᠴᠤᠬᠯᠠᠭᠤᠯᠦᠬᠰᠠᠨ ᠪᠠᠯᠨ ᠮᠦᠡᠭᠭᠦ ᠪᠠᠨ ᠨᠢᠭᠡᠨᠳᠠ ᠪᠤᠴᠠᠭᠠᠬᠰᠠᠨ ᠪᠤᠯ᠂ ᠰᠦᠢᠳᠭᠡᠯ ᠬᠤᠷᠢᠶᠠᠬᠤ ᠪᠠᠨ | ᠡᠷᠬᠡᠪᠰᠢ ᠵᠤᠬᠰᠦᠭᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ ᠬᠤᠷᠢᠶᠠᠬᠤ ᠪᠠᠨ | ᠵᠤᠬᠰᠦᠭᠠᠬᠰᠠᠨ ᠪᠤᠯ᠂ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠬ ᠤᠨ ᠤᠷᠳᠦᠨ ᠨᠡᠶᠢᠭᠡᠮ ᠲᠠᠶᠠᠭᠠᠷ ᠲᠤ | ᠵᠠᠷᠯᠠᠵᠦ᠂ ᠰᠦᠢᠳᠭᠡᠯ ᠬᠤᠷᠢᠶᠠᠬᠤ ᠶᠢ ᠵᠤᠬᠰᠦᠭᠠᠬᠤ ᠡᠳᠦᠷ ᠢ ᠲᠤᠬᠳᠠᠭᠠᠨ᠂ ᠨᠡᠶᠢᠭᠡᠮ ᠲᠠᠶᠠᠭᠠᠷ ᠤᠨ ᠬᠢᠨᠠᠯᠳᠠ ᠶᠢ | ᠬᠦᠯᠢᠶᠡᠬᠦ ᠬᠡᠷᠡᠭᠳᠡᠢ᠃ ᠲᠦᠴᠢᠨ ᠲᠦᠷᠪᠡᠳᠦᠭᠡᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠰᠦᠢᠳᠭᠡᠯ | ᠬᠤᠷᠢᠶᠠᠬᠤ ᠪᠠᠨ ᠵᠤᠬᠰᠦᠭᠠᠬᠰᠠᠨ ᠤ ᠲᠠᠷᠠᠭ᠎ᠠ᠂ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ | ᠰᠦᠢᠳᠭᠡᠯ ᠬᠤᠷᠢᠶᠠᠬᠤ ᠪᠠᠨ ᠵᠤᠬᠰᠦᠭᠠᠬᠤ ᠡᠳᠦᠷ ᠠᠴᠠ ᠡᠬᠢᠯᠡᠨ ᠠᠷᠪᠠᠨ ᠲᠠᠪᠦᠨ ᠡᠳᠦᠷ ᠤᠨ ᠲᠤᠳᠦᠷ᠎ᠠ ᠰᠦᠢᠳᠭᠡᠯ | ᠬᠤᠷᠢᠶᠠᠬᠤ ᠲᠦᠭᠦᠭᠡᠷᠦᠮᠵᠢ ᠶᠢ ᠨᠤᠷᠠᠭᠠᠬᠤ ᠬᠡᠷᠡᠭᠳᠡᠢ᠃ ᠲᠦᠴᠢᠨ ᠲᠠᠪᠦᠳᠦᠭᠠᠷ ᠵᠦᠢᠯ ᠦᠪᠡᠷᠳᠡᠭᠡᠨ ᠵᠠᠰᠠᠬᠤ | ᠤᠷᠤᠨ ᠤ ᠠᠷᠠᠳ ᠤᠨ ᠵᠠᠰᠠᠬ ᠤᠨ ᠤᠷᠳᠦᠨ ᠲᠤᠰ ᠵᠠᠰᠠᠬ ᠵᠠᠬᠢᠷᠭᠠᠨ ᠤ ᠤᠷᠤᠨ ᠲᠤᠳᠦᠷᠠᠬᠢ ᠰᠦᠢᠳᠭᠡᠯ | ᠬᠤᠷᠢᠶᠠᠬᠤ ᠵᠠᠰᠠᠮᠠᠯ ᠵᠠᠮ ᠵᠢᠴᠢ ᠰᠦᠢᠳᠭᠡᠯ ᠬᠤᠷᠢᠶᠠᠬᠤ ᠦᠷᠳᠡᠭᠡᠨ ᠤ ᠨᠡᠷ᠎ᠠ᠂ ᠰᠦᠢᠳᠭᠡᠯ ᠬᠤᠷᠢᠶᠠᠬᠤ ᠨᠢᠭᠡᠴᠨ᠂ | ᠰᠦᠢᠳᠭᠡᠯ ᠬᠤᠷᠢᠶᠠᠬᠤ ᠪᠠᠷᠢᠮᠵᠢᠶ᠎ᠠ᠂ ᠰᠦᠢᠳᠭᠡᠯ ᠬᠤᠷᠢᠶᠠᠬᠤ ᠬᠤᠭᠤᠴᠠᠭᠠᠨ ᠤ ᠬᠢᠵᠠᠭᠠᠷ ᠵᠡᠷᠭᠡ ᠮᠡᠳᠡᠭᠡ ᠵᠠᠩᠭᠢ ᠶᠢ | ᠨᠡᠶᠢᠭᠡᠮ ᠲᠠᠶᠠᠭᠠᠷ ᠲᠤ ᠨᠡᠶᠢᠳᠡᠯᠠᠵᠦ᠂ ᠨᠡᠶᠢᠭᠡᠮ ᠲᠠᠶᠠᠭᠠᠷ ᠤᠨ ᠬᠢᠨᠠᠯᠳᠠ ᠶᠢ ᠬᠦᠯᠢᠶᠡᠭᠦ ᠬᠡᠷᠡᠭᠳᠡᠢ᠃ ᠲᠦᠴᠢᠨ | ᠵᠢᠷᠭᠤᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠢ ᠡᠵᠡᠩᠨᠠᠨ ᠬᠠᠮᠢᠶᠠᠷᠦᠬᠴᠢ ᠲᠤᠤᠷᠠᠬᠢ ᠲᠤᠬᠳᠠᠭᠠᠯ ᠢ | ᠵᠢᠷᠦᠮᠯᠡᠬᠤ ᠬᠡᠷᠡᠭᠳᠡᠢ᠄ ︵ᠨᠢᠭᠡ︶ ᠲᠤᠬᠳᠠᠭᠠᠬᠰᠠᠨ ᠰᠦᠢᠳᠭᠡᠯ ᠬᠤᠷᠢᠶᠠᠬᠤ ᠪᠠᠷᠢᠮᠵᠢᠶ᠎ᠠ ᠪᠠ ᠰᠦᠢᠳᠭᠡᠯ ᠬᠤᠷᠢᠶᠠᠬᠤ | ᠠᠷᠭ᠎ᠠ ᠬᠡᠯᠪᠡᠷᠢ ᠪᠠᠷ ᠮᠠᠰᠢᠨ ᠲᠡᠷᠭᠡ ᠠᠴᠠ ᠨᠡᠪᠳᠡᠷᠡᠬᠦ ᠰᠦᠢᠳᠭᠡᠯ ᠬᠤᠷᠢᠶᠠᠬᠤ ᠬᠡᠷᠡᠭᠳᠡᠢ︔ ︵ᠬᠤᠶᠠᠷ︶ ᠲᠤᠬᠳᠠᠭᠠᠯ | ᠶᠤᠰᠦᠭᠠᠷ ᠰᠦᠢᠳᠭᠡᠯ ᠬᠤᠷᠢᠶᠠᠬᠰᠠᠨ ᠫᠢᠶᠤᠤ ᠪᠠᠷᠢᠮᠳᠠ ᠭᠠᠷᠭᠠᠨ ᠦᠭᠬᠦ ᠬᠡᠷᠡᠭᠳᠡᠢ︔ ︵ᠭᠤᠷᠪᠠ︶ ᠵᠠᠷᠯᠠᠬᠰᠠᠨ | ᠵᠢᠷᠦᠮᠵᠢᠯ ᠶᠤᠰᠦᠭᠠᠷ ᠵᠠᠷᠯᠠᠯ ᠤᠨ ᠫᠠᠶᠢᠰᠠ ᠪᠠᠶᠢᠷᠢᠯᠠᠭᠤᠯᠬᠤ ᠬᠡᠷᠡᠭᠳᠡᠢ︔ ︵ᠲᠦᠷᠪᠡ︶ ᠵᠠᠮ ᠤᠨ ᠪᠠᠶᠢᠳᠠᠯ᠂ | ᠨᠡᠪᠳᠡᠷᠡᠵᠦ ᠪᠠᠶᠢᠭ᠎ᠠ ᠪᠠᠶᠢᠳᠠᠯ ᠪᠠ ᠤᠷᠢᠳᠴᠢᠯᠠᠨ ᠰᠡᠷᠡᠮᠵᠢᠯᠡᠭᠦᠯᠦᠭᠰᠡᠨ ᠮᠡᠳᠡᠭᠡ ᠵᠠᠩᠭᠢ ᠶᠢ ᠴᠠᠭ ᠲᠤᠬᠠᠢ ᠳᠤᠨᠢ | ᠬᠠᠩᠭᠠᠬᠤ ᠬᠡᠷᠡᠭᠳᠡᠢ︔ ︵ᠲᠠᠪᠦ︶ ᠪᠠᠷᠢᠮᠵᠢᠶ᠎ᠠ ᠵᠢᠷᠦᠮᠵᠢᠯ ᠶᠤᠰᠦᠭᠠᠷ ᠦᠢᠯᠡᠴᠢᠯᠡᠭᠡᠨ ᠤ ᠲᠤᠭᠤᠷᠢᠬ ᠤᠨ ᠪᠦᠳᠦᠭᠡᠨ | ᠪᠠᠶᠢᠭᠤᠯᠦᠯᠳᠠ ᠪᠠ ᠬᠠᠮᠢᠶᠠᠷᠦᠯᠳᠠ ᠪᠠᠨ ᠴᠢᠩᠭᠠᠳᠬᠠᠬᠤ ᠬᠡᠷᠡᠭᠳᠡᠢ᠃ ᠵᠠᠮ ᠨᠡᠪᠳᠡᠷᠡᠯᠭᠡ ᠶᠢᠨ ᠲᠠᠷᠦᠭᠠᠰᠦ ᠶᠡᠬᠡᠳᠴᠦ᠂ | ᠮᠠᠰᠢᠨ ᠲᠡᠷᠭᠡ ᠨᠡᠪᠳᠡᠷᠡᠬᠦ ᠶᠢ ᠨᠦᠯᠦᠭᠡᠯᠡᠭᠰᠡᠨ ᠪᠠᠶᠢᠳᠠᠯ ᠲᠤᠯᠭᠠᠷᠠᠪᠠᠯ᠂ ᠰᠦᠢᠳᠭᠡᠯ ᠬᠤᠷᠢᠶᠠᠬᠤ ᠵᠠᠮ ᠢ ᠡᠵᠡᠩᠨᠠᠨ | ᠬᠠᠮᠢᠶᠠᠷᠦᠬᠴᠢ ᠴᠠᠭ ᠲᠤᠬᠠᠢ ᠳᠤᠨᠢ ᠮᠠᠰᠢᠨ ᠲᠡᠷᠭᠡ ᠰᠠᠭᠠᠳ ᠦᠭᠡᠢ ᠪᠠᠷ ᠨᠡᠪᠳᠡᠷᠡᠬᠦ ᠠᠷᠭ᠎ᠠ ᠬᠡᠮᠵᠢᠶ᠎ᠠ ᠠᠪᠬᠤ | ᠬᠡᠷᠡᠭᠳᠡᠢ᠃ | ᠲᠦᠴᠢᠨ ᠲᠤᠯᠦᠳᠦᠭᠠᠷ ᠵᠦᠢᠯ ᠰᠦᠢᠳᠭᠡᠯ ᠬᠤᠷᠢᠶᠠᠬᠤ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ | ᠲᠡᠷᠭᠡ ᠲᠤᠬᠳᠠᠭᠠᠯ ᠶᠤᠰᠦᠭᠠᠷ ᠨᠡᠪᠳᠡᠷᠡᠬᠦ ᠰᠦᠢᠳᠭᠡᠯ ᠲᠤᠰᠢᠶᠠᠬᠤ ᠬᠡᠷᠡᠭᠳᠡᠢ᠃ ᠰᠦᠢᠳᠭᠡᠯ ᠬᠤᠷᠢᠶᠠᠬᠤ ᠵᠠᠰᠠᠮᠠᠯ | ᠵᠠᠮ ᠤᠨ ᠡᠵᠡᠩᠨᠠᠨ ᠬᠠᠮᠢᠶᠠᠷᠦᠬᠴᠢ ᠨᠢ ᠬᠠᠤᠯᠢ ᠶᠤᠰᠦᠭᠠᠷ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢᠶᠠᠨ | ᠲᠤᠰᠢᠶᠠᠬᠤ ᠶᠢ ᠲᠡᠪᠴᠢᠭᠰᠡᠨ᠂ ᠲᠤᠰᠢᠶᠠᠬᠤ ᠦᠭᠡᠢ ᠪᠠᠷ ᠲᠤᠳᠠᠭᠠᠬᠰᠠᠨ᠂ ᠲᠤᠳᠠᠭᠤ ᠲᠤᠰᠢᠶᠠᠬᠰᠠᠨ ᠮᠠᠰᠢᠨ | ᠲᠡᠷᠭᠡ ᠶᠢ ᠦᠯᠦ ᠨᠡᠪᠳᠡᠷᠡᠭᠦᠯᠬᠦ ᠡᠷᠭᠡ ᠲᠠᠢ ᠪᠦᠭᠡᠳ ᠲᠤᠰᠢᠶᠠᠬᠤ ᠶᠤᠰᠦᠳᠠᠢ ᠨᠡᠪᠳᠡᠷᠡᠬᠦ ᠰᠦᠢᠳᠭᠡᠯ ᠢ ᠨᠦᠬᠦᠵᠦ | ᠲᠤᠰᠢᠶᠠᠯᠭᠠᠬᠤ ᠪᠠᠷ ᠱᠠᠭᠠᠷᠳᠠᠵᠦ ᠪᠤᠯᠦᠨ᠎ᠠ᠃ ᠰᠦᠢᠳᠭᠡᠯ ᠬᠤᠷᠢᠶᠠᠬᠤ ᠵᠠᠰᠠᠮᠠᠯ ᠵᠠᠮ ᠤᠨ ᠡᠵᠡᠩᠨᠠᠨ ᠬᠠᠮᠢᠶᠠᠷᠦᠬᠴᠢ | ᠨᠡᠪᠳᠡᠷᠡᠬᠦ ᠺᠡᠷᠲ ᠦᠭᠡᠢ ᠪᠤᠶᠥ ᠨᠡᠪᠳᠡᠷᠡᠬᠦ ᠺᠠᠷᠲ ᠨᠢ ᠡᠪᠳᠡᠭᠳᠡᠨ ᠰᠦᠢᠳᠴᠦ ᠢᠯᠭᠠᠨ ᠲᠠᠨᠢᠬᠤ ᠠᠷᠭ᠎ᠠ ᠦᠭᠡᠢ | ᠪᠤᠯᠦᠬᠰᠠᠨ ᠦᠷᠳᠡᠭᠡᠨ ᠳᠤ ᠤᠷᠤᠬᠰᠠᠨ ᠮᠠᠰᠢᠨ ᠲᠡᠷᠭᠡ ᠪᠠ ᠲᠡᠷᠭᠡ ᠵᠤᠬᠰᠦᠬᠤ ᠦᠭᠡᠢ ᠪᠠᠷ ᠰᠦᠢᠳᠭᠡᠯ ᠬᠤᠷᠢᠶᠠᠬᠤ | ᠲᠡᠷᠭᠡᠨ ᠵᠠᠮ ᠢᠶᠠᠷ ᠦᠡᠭᠭᠡᠷᠡᠭᠰᠡᠨ ᠡᠯᠧᠺᠲᠷᠣᠨ ᠲᠡᠮᠳᠡᠭ ᠦᠭᠡᠢ ᠮᠠᠰᠢᠨ ᠲᠡᠷᠭᠡᠨ ᠠᠴᠠ ᠲᠤᠰ ᠵᠠᠰᠠᠮᠠᠯ ᠵᠠᠮ ᠤᠨ | ᠬᠠᠮᠤᠬ ᠤᠨ ᠬᠤᠯᠨ ᠦᠷᠳᠡᠭᠡ ᠠᠴᠠ ᠲᠤᠰ ᠦᠷᠳᠡᠭᠡ ᠬᠦᠷᠬᠦ ᠵᠠᠢ ᠶᠤᠰᠦᠭᠠᠷ ᠨᠡᠪᠳᠡᠷᠬᠦ ᠰᠦᠢᠳᠭᠡᠯ ᠬᠤᠷᠢᠶᠠᠬᠤ | ᠡᠷᠭᠡ ᠲᠠᠢ᠃ | ᠲᠦᠴᠢᠨ ᠨᠠᠢᠮᠠᠳᠦᠭᠠᠷ ᠵᠦᠢᠯ ᠵᠠᠰᠠᠬ ᠤᠨ ᠤᠷᠳᠦᠨ ᠠᠴᠠ ᠵᠢᠭᠡᠯᠡᠯᠭᠡ ᠪᠤᠴᠠᠭᠠᠬᠤ ᠵᠠᠰᠠᠮᠠᠯ ᠵᠠᠮ ᠤᠨ ᠮᠠᠰᠢᠨ | ᠲᠡᠷᠭᠡᠨ ᠤ ᠨᠡᠪᠳᠡᠷᠡᠬᠦ ᠰᠦᠢᠳᠭᠡᠯ ᠤᠨ ᠤᠷᠤᠯᠭ᠎ᠠ ᠶᠢ ᠦᠪᠡᠷᠳᠡᠭᠡᠨ ᠵᠠᠰᠠᠬᠤ ᠤᠷᠤᠨ ᠤ ᠡᠳ᠋ ᠤᠨ ᠵᠠᠰᠠᠬ ᠤᠨ | ᠲᠤᠰᠬᠠᠢ ᠡᠷᠦᠭᠡ ᠳᠤ ᠬᠠᠳᠠᠭᠠᠯᠠᠵᠦ᠂ ᠤᠷᠤᠯᠭ᠎ᠠ ᠵᠠᠷᠦᠯᠭ᠎ᠠ ᠶᠢᠨ ᠬᠠᠮᠢᠶᠠᠷᠦᠯᠳᠠ ᠶᠢ ᠴᠢᠩᠭ᠎ᠠ ᠪᠠᠷ ᠬᠡᠷᠡᠭᠵᠢᠭᠦᠯᠵᠦ᠂ | ᠰᠦᠢᠳᠭᠡᠯ ᠬᠤᠷᠢᠶᠠᠬᠤ ᠵᠠᠰᠠᠮᠠᠯ ᠵᠠᠮ ᠤᠨ ᠬᠠᠮᠢᠶᠠᠷᠦᠯᠳᠠ ᠪᠠ ᠠᠷᠠᠴᠢᠯᠠᠨ ᠬᠠᠮᠠᠭᠠᠯᠠᠯᠳᠠ ᠳᠤ ᠬᠡᠷᠡᠭᠯᠡᠬᠦ ᠴᠢᠬᠤᠯᠨ | ᠪᠦᠬᠦᠢ ᠵᠠᠷᠦᠳᠠᠯ ᠢ ᠡᠳ᠋ ᠤᠨ ᠵᠠᠰᠠᠬ ᠤᠨ ᠰᠠᠯᠠᠭ᠎ᠠ ᠮᠦᠴᠢᠷ ᠢᠶᠠᠷ ᠵᠦᠪᠰᠢᠶᠡᠷᠡᠭᠦᠯᠦᠭᠰᠡᠨ ᠮᠠᠰᠢᠨ ᠲᠡᠷᠭᠡᠨ ᠤ ᠨᠡᠪᠳᠡᠷᠡᠬᠦ | ᠰᠦᠢᠳᠭᠡᠯ ᠤᠨ ᠲᠦᠰᠦᠪ ᠠᠴᠠ ᠭᠠᠷᠭᠠᠬᠤ ᠠᠴᠠ ᠪᠤᠰᠦᠳ ᠢ ᠪᠦᠬᠦᠨ ᠢ ᠵᠢᠭᠡᠯᠡᠯᠭᠡ ᠶᠢᠨ ᠮᠦᠡᠭᠭᠦ ᠪᠠ | ᠴᠤᠬᠯᠠᠭᠤᠯᠦᠬᠰᠠᠨ ᠵᠤᠭᠤᠰ ᠤᠨ ᠡᠬᠡ ᠬᠦᠦ ᠮᠦᠡᠭᠭᠦ ᠶᠢ ᠪᠤᠴᠠᠭᠠᠬᠤ ᠳᠤ ᠬᠡᠷᠡᠭᠯᠡᠵᠦ᠂ ᠪᠤᠰᠦᠳ ᠵᠦᠢᠯ ᠳᠤ | ᠰᠢᠯᠵᠢᠭᠦᠯᠦᠨ ᠬᠡᠷᠡᠭᠯᠡᠵᠦ ᠪᠤᠯᠬᠤ ᠦᠭᠡᠢ᠃ | | | ᠲᠤᠯᠦᠳᠦᠭᠠᠷ ᠪᠦᠯᠦᠭ ᠬᠠᠤᠯᠢ ᠴᠠᠭᠠᠵᠠ ᠶᠢᠨ ᠬᠠᠷᠢᠭᠤᠴᠠᠯᠭ᠎ᠠ | | | ᠲᠦᠴᠢ ᠶᠢᠰᠦᠳᠤᠭᠡᠷ ᠵᠦᠢᠯ ᠲᠤᠰ ᠲᠦᠷᠢᠮ ᠤᠨ ᠲᠤᠬᠳᠠᠭᠠᠯ ᠠᠴᠠ ᠵᠦᠷᠢᠴᠡᠭᠰᠡᠨ ᠠᠵᠢᠯᠯᠠᠭ᠎ᠠ ᠳᠤ ᠬᠠᠤᠯᠢ | ᠴᠠᠭᠠᠵᠠ᠂ ᠵᠠᠰᠠᠭ ᠵᠠᠬᠢᠷᠭᠠᠨ ᠤ ᠬᠠᠤᠯᠢ ᠲᠤᠬᠳᠠᠭᠠᠯ ᠳᠤ ᠨᠢᠭᠡᠨᠳᠠ ᠰᠢᠳᠭᠡᠨ ᠲᠤᠷᠭᠠᠬᠤ ᠪᠠᠷ ᠲᠤᠬᠳᠠᠭᠠᠬᠰᠠᠨ ᠪᠤᠯ | ᠲᠡᠷᠨ ᠲᠤᠬᠳᠠᠭᠠᠯ ᠢ ᠬᠦᠯᠢᠶᠡᠨ᠎ᠠ᠃ | ᠲᠠᠪᠢᠳᠦᠭᠠᠷ ᠵᠦᠢᠯ ᠲᠤᠰ ᠲᠦᠷᠢᠮ ᠤᠨ ᠭᠤᠴᠢᠨ ᠨᠢᠭᠡᠳᠦᠭᠡᠷ ᠵᠦᠢᠯ ᠤᠨ ᠲᠤᠬᠳᠠᠭᠠᠯ ᠠᠴᠠ ᠵᠦᠷᠢᠴᠠᠪᠠᠯ᠂ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠠᠤᠯᠢ ᠪᠤᠰᠦ ᠠᠵᠢᠯᠯᠠᠭ᠎ᠠ ᠶᠢ ᠨᠢ ᠵᠠᠷᠯᠢᠬᠳᠠᠨ | ᠵᠤᠬᠰᠦᠭᠠᠬᠤ ᠶᠢᠨ ᠬᠠᠮᠳᠦ 5000 ᠲᠦᠭᠦᠷᠢᠭ ᠠᠴᠠ ᠲᠤᠷᠤᠬᠰᠢ ᠵᠤᠭᠤᠰ ᠢᠶᠠᠷ ᠲᠤᠷᠭᠠᠨ᠎ᠠ᠃ | ᠲᠠᠪᠢᠨ ᠨᠢᠭᠡᠳᠦᠭᠡᠷ ᠵᠦᠢᠯ ᠲᠤᠰ ᠲᠦᠷᠢᠮ ᠤᠨ ᠭᠤᠴᠢᠨ ᠲᠤᠯᠦᠳᠦᠭᠠᠷ ᠵᠦᠢᠯ ᠤᠨ ᠲᠤᠬᠳᠠᠭᠠᠯ ᠠᠴᠠ | ᠵᠦᠷᠢᠴᠠᠵᠦ᠂ ᠪᠠᠷᠢᠯᠭ᠎ᠠ ᠶᠢᠨ ᠮᠡᠷᠭᠡᠵᠢᠯ ᠤᠨ ᠪᠠᠷᠢᠮᠵᠢᠶ᠎ᠠ ᠶᠤᠰᠦᠭᠠᠷ ᠰᠤᠯᠪᠢᠴᠠᠬᠰᠠᠨ ᠵᠠᠮ ᠤᠨ ᠠᠭᠤᠯᠵᠠᠷ ᠢ ᠦᠯᠦ | ᠵᠠᠰᠠᠬᠰᠠᠨ ᠪᠤᠯ᠂ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠠᠴᠠ ᠬᠤᠭᠤᠴᠠᠭ᠎ᠠ ᠬᠢᠵᠠᠭᠠᠷᠯᠠᠨ ᠨᠤᠷᠠᠭᠠᠬᠤ | ᠪᠤᠶᠤ ᠲᠡᠬᠢᠠ ᠪᠠᠶᠢᠭᠤᠯᠬᠤ ᠪᠠᠷ ᠵᠠᠷᠯᠢᠭᠳᠠᠵᠥ᠂ ᠲᠤᠭᠳᠠᠭᠰᠠᠠ ᠬᠤᠭᠤᠴᠠᠭᠠᠠ ᠳᠤ ᠨᠤᠷᠠᠭᠠᠭᠰᠠᠠ ᠦᠬᠡᠢ ᠪᠦᠬᠡᠳ | ᠲᠡᠬᠢᠠ ᠪᠠᠶᠢᠭᠤᠯᠤᠭᠰᠠᠠ ᠦᠬᠡᠢ ᠪᠤᠯ ᠵᠠᠰᠠᠮᠠᠯ ᠵᠠᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠠᠴᠠ ᠨᠤᠷᠠᠭᠠᠵᠦ᠂ | ᠬᠡᠷᠡᠭᠰᠡᠬᠦ ᠵᠠᠷᠦᠳᠠᠯ ᠢ ᠪᠠᠶᠢᠷᠢᠯᠠᠭᠤᠯᠦᠬᠰᠠᠨ ᠡᠳᠡᠭᠡᠳ ᠠᠴᠠ ᠡᠭᠦᠷᠭᠡᠯᠡᠨ᠎ᠠ᠃ | ᠲᠠᠪᠢᠨ ᠬᠤᠶᠠᠳᠦᠭᠠᠷ ᠵᠦᠢᠯ ᠵᠠᠰᠠᠮᠠᠯ ᠵᠠᠮ ᠲᠡᠭᠡᠷ᠎ᠠ ᠶᠠᠪᠦᠵᠦ ᠪᠠᠶᠢᠭ᠎ᠠ ᠮᠠᠰᠢᠨ ᠲᠡᠷᠭᠡ ᠵᠠᠰᠠᠮᠠᠯ ᠵᠠᠮ ᠢ | ᠨᠡᠯᠢᠶᠡᠳ ᠶᠡᠭᠡ ᠪᠠᠷ ᠡᠪᠳᠡᠪᠡᠯ᠂ ᠬᠠᠷᠢᠭᠤᠴᠠᠯᠭ᠎ᠠ ᠲᠠᠢ ᠬᠦᠮᠦᠨ ᠡᠷᠬᠡᠪᠰᠢ ᠲᠠᠷᠦᠢ ᠳᠤᠨᠢ ᠲᠡᠷᠭᠡ ᠪᠠᠨ ᠵᠤᠬᠰᠦᠭᠠᠵᠦ᠂ | ᠲᠤᠬᠠᠢ ᠶᠢᠨ ᠲᠠᠯᠠᠪᠦᠷ ᠢ ᠬᠠᠮᠠᠭᠠᠯᠠᠵᠦ᠂ ᠴᠠᠬ ᠲᠡᠷᠤᠢ ᠳᠤᠨᠢ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠳᠤ | ᠮᠡᠳᠡᠬᠦᠯᠦᠨ ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠶᠢᠨ ᠪᠠᠶᠢᠴᠠᠭᠠᠯᠳᠠ ᠶᠢ ᠬᠦᠯᠢᠶᠡᠬᠦ ᠬᠡᠷᠡᠭᠳᠡᠢ᠃ | ᠵᠠᠰᠠᠮᠠᠯ ᠵᠠᠮ ᠤᠨ ᠬᠠᠮᠢᠶᠠᠷᠦᠯᠳᠠ ᠶᠢᠨ ᠪᠠᠶᠢᠭᠤᠯᠦᠮᠵᠢ ᠪᠠᠶᠢᠴᠠᠭᠠᠨ ᠰᠢᠢᠳᠪᠦᠷᠢᠯᠷᠬᠦ ᠦᠶᠡᠰ᠂ ᠬᠠᠷᠢᠭᠤᠴᠠᠯᠭ᠎ᠠ ᠲᠠᠢ | ᠬᠦᠮᠦᠨ ᠢ ᠮᠠᠰᠢᠨ ᠲᠡᠷᠭᠡ ᠪᠠᠨ ᠲᠤᠬᠳᠠᠬᠰᠠᠨ ᠭᠠᠵᠠᠷ ᠲᠤ ᠵᠤᠬᠰᠦᠯᠭᠠᠬᠤ ᠪᠠᠷ ᠱᠠᠭᠠᠷᠳᠠᠵᠦ ᠪᠤᠯᠦᠨ᠎ᠠ︔ ᠪᠠᠶᠢᠴᠠᠭᠠᠨ | ᠰᠢᠢᠳᠪᠦᠷᠢᠯᠡᠵᠦ ᠪᠠᠷᠠᠬᠰᠠᠨ ᠤ ᠲᠠᠷᠠᠭ᠎ᠠ ᠰᠠᠶ᠋ᠢ ᠲᠡᠷᠭᠡ ᠪᠠᠨ ᠠᠪᠴᠦ ᠶᠠᠪᠦᠵᠦ ᠪᠤᠯᠦᠨ᠎ᠠ᠃ | ᠲᠠᠪᠢᠨ ᠭᠤᠷᠪᠠᠳᠦᠭᠠᠷ ᠵᠦᠢᠯ ᠵᠠᠰᠠᠮᠠᠯ ᠵᠠᠮ ᠢ ᠠᠷᠠᠴᠢᠯᠠᠬᠤ ᠰᠦᠢᠳᠭᠡᠯ ᠢ ᠦᠷᠢᠳᠠᠵᠦ 6 ᠰᠠᠷ᠎ᠠ ᠠᠴᠠ | ᠲᠡᠭᠡᠭᠰᠢ ᠪᠤᠯᠦᠬᠰᠠᠨ ᠪᠦᠭᠡᠳ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ | ᠮᠦᠡᠭᠭᠦ ᠶᠢ ᠨᠦᠬᠦᠵᠦ ᠲᠤᠰᠢᠶᠠᠬᠤ ᠶᠢ ᠲᠡᠪᠴᠢᠭᠰᠡᠨ ᠢ ᠨᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ | ᠪᠠᠶᠢᠴᠠᠭᠠᠬᠤ ᠪᠠᠶᠢᠭᠤᠯᠦᠮᠵᠢ ᠠᠴᠠ ᠠᠷᠭ᠎ᠠ ᠬᠡᠮᠵᠢᠶ᠎ᠠ ᠠᠪᠴᠦ ᠬᠠᠤᠯᠢ ᠠᠴᠠ ᠵᠦᠷᠢᠴᠡᠭᠰᠡᠨ ᠮᠠᠰᠢᠨ ᠲᠡᠷᠭᠡ ᠶᠢ | ᠭᠡᠷᠡᠭᠯᠡᠬᠦ ᠶᠢ ᠲᠦᠷ ᠴᠠᠭ ᠵᠤᠬᠰᠦᠭᠠᠵᠦ ᠪᠤᠯᠦᠨ᠎ᠠ᠃ ᠵᠠᠮ ᠬᠠᠷᠢᠯᠴᠠᠭᠠᠨ ᠤ ᠰᠦᠢᠳᠭᠡᠯ ᠲᠠᠳᠠᠪᠦᠷᠢᠯᠠᠬᠤ ᠶᠢ | ᠪᠠᠶᠢᠴᠠᠭᠠᠬᠤ ᠪᠠᠶᠢᠭᠤᠯᠦᠮᠵᠢ ᠬᠠᠤᠯᠢ ᠠᠴᠠ ᠵᠦᠷᠢᠴᠡᠭᠰᠡᠨ ᠮᠠᠰᠢᠨ ᠲᠡᠷᠭᠡ ᠶᠢ ᠬᠡᠷᠡᠭᠯᠡᠬᠦ ᠶᠢ ᠲᠦᠷ ᠴᠠᠬ | ᠵᠤᠬᠰᠦᠭᠠᠬᠤ ᠳᠤ᠂ ᠲᠤᠬᠠᠢ ᠶᠢᠨ ᠬᠦᠮᠦᠨ ᠳᠤ ᠬᠡᠷᠡᠴᠢ ᠦᠨᠡᠮᠯᠡᠯ ᠢᠶᠠᠨ ᠭᠠᠷᠭᠠᠬᠤ ᠶᠢᠨ ᠬᠠᠮᠳᠦ ᠮᠠᠰᠢᠨ ᠲᠡᠷᠭᠡᠨ ᠤ | ᠦᠮᠴᠢᠯᠡᠭᠴᠢ ᠶᠢ ᠵᠠᠷᠯᠢᠬᠳᠠᠨ ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ | ᠮᠦᠡᠭᠭᠦ ᠪᠠᠨ ᠲᠤᠰᠢᠶᠠᠯᠭᠠᠬᠤ ᠪᠠ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢᠨ ᠰᠢᠢᠳᠪᠦᠷᠢᠯᠡᠭᠰᠡᠨ ᠲᠤᠬᠳᠠᠭᠠᠯ ᠢ | ᠭᠡᠷᠡᠭᠵᠢᠭᠦᠯᠬᠦ ᠬᠡᠷᠡᠭᠳᠡᠢ᠃ ᠮᠠᠰᠢᠨ ᠲᠡᠷᠭᠡᠨ ᠤ ᠦᠮᠴᠢᠯᠡᠭᠴᠢ ᠰᠢᠢᠳᠪᠦᠷᠢᠯᠡᠭᠰᠡᠨ ᠲᠤᠬᠳᠠᠭᠠᠯ ᠢ ᠬᠦᠢᠴᠠᠳᠭᠡᠪᠡᠯ᠂ ᠵᠠᠮ | ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠠᠴᠠ ᠴᠠᠭ ᠲᠤᠬᠠᠢ ᠳᠤᠨᠢ ᠮᠠᠰᠢᠨ ᠲᠡᠷᠭᠡ ᠶᠢ | ᠬᠡᠷᠡᠭᠯᠡᠵᠦ ᠪᠤᠯᠬᠤ ᠲᠤᠬᠳᠠᠭᠠᠯ ᠭᠠᠷᠭᠠᠬᠤ ᠬᠡᠷᠡᠭᠳᠡᠢ᠃ | ᠲᠠᠪᠢᠨ ᠲᠦᠷᠪᠡᠳᠦᠭᠡᠷ ᠵᠦᠢᠯ ᠬᠤᠰᠢᠭᠤ ᠰᠢᠶᠠᠨ ᠤ ᠱᠠᠳᠦᠨ ᠠᠴᠠ ᠲᠡᠭᠡᠭᠰᠢᠬᠢ ᠠᠷᠠᠳ ᠤᠨ ᠵᠠᠰᠠᠬ ᠤᠨ | ᠤᠷᠳᠦᠨ ᠤ ᠵᠠᠮ ᠬᠠᠷᠢᠯᠴᠠᠭᠠᠨ ᠤ ᠭᠤᠤᠯᠯᠠᠠ ᠬᠠᠮᠢᠶᠠᠷᠬᠤ ᠰᠠᠯᠠᠭ᠎ᠠ ᠮᠦᠴᠢᠷ᠂ ᠵᠠᠰᠠᠮᠠᠯ ᠵᠠᠮ ᠤᠨ ᠬᠠᠮᠢᠶᠠᠷᠦᠯᠳᠠ ᠶᠢᠨ | ᠪᠠᠶᠢᠭᠤᠯᠦᠮᠵᠢ᠂ ᠵᠠᠮ ᠬᠠᠷᠢᠯᠴᠠᠭᠠᠨ ᠤ ᠰᠦᠢᠳᠭᠡᠯ ᠬᠤᠷᠢᠶᠠᠨ ᠪᠠᠶᠢᠴᠠᠭᠠᠬᠤ ᠪᠠᠶᠢᠭᠤᠯᠦᠮᠵᠢ ᠶᠢᠨ ᠠᠵᠢᠯᠳᠠᠠ ᠲᠤᠰ | ᠲᠦᠷᠢᠮ ᠤᠨ ᠲᠤᠬᠳᠠᠭᠠᠯ ᠢ ᠵᠦᠷᠢᠴᠡᠭᠰᠡᠨ ᠲᠤᠤᠷᠠᠬᠢ ᠠᠯᠢ ᠨᠢᠭᠡᠨ ᠠᠵᠢᠯᠯᠠᠭ᠎ᠠ ᠲᠠᠢ ᠪᠠᠶᠢᠵᠦ᠂ ᠶᠠᠯ᠎ᠠ ᠳᠤ ᠦᠯᠦ | ᠬᠦᠷᠦᠭᠰᠡᠨ ᠪᠤᠯ ᠬᠠᠤᠯᠢ ᠶᠤᠰᠦᠭᠠᠷ ᠵᠠᠰᠠᠬ ᠵᠠᠬᠢᠷᠭᠠᠨ ᠤ ᠰᠢᠳᠭᠡᠯ ᠦᠭᠬᠦᠨ᠎ᠠ︔ ᠶᠠᠯ᠎ᠠ ᠳᠤ ᠬᠦᠷᠦᠭᠰᠡᠨ ᠪᠤᠯ ᠬᠠᠤᠯᠢ | ᠶᠤᠰᠦᠭᠠᠷ ᠡᠷᠡᠭᠦᠦ ᠶᠢᠨ ᠭᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠠ᠄ ︵ᠨᠢᠭᠡ︶ ᠵᠠᠰᠠᠬ ᠵᠠᠬᠢᠷᠭᠠᠨ ᠤ ᠵᠦᠪᠰᠢᠶᠠᠷᠡᠯ ᠢ | ᠬᠠᠤᠯᠢ ᠪᠤᠰᠦ ᠪᠠᠷ ᠭᠡᠷᠡᠭᠵᠢᠭᠦᠯᠦᠭᠰᠡᠨ︔ ︵ᠬᠤᠶᠠᠷ︶ ᠵᠠᠰᠠᠬ ᠵᠠᠬᠢᠷᠭᠠᠨ ᠤ ᠰᠢᠳᠭᠡᠨ ᠲᠤᠷᠭᠠᠯᠳᠠ ᠶᠢ ᠬᠠᠤᠯᠢ | ᠪᠤᠰᠦ ᠪᠠᠷ ᠬᠡᠷᠡᠭᠵᠢᠭᠦᠯᠦᠭᠰᠡᠨ︔ ︵ᠭᠤᠷᠪᠠ︶ ᠬᠢᠨᠠᠯᠳᠠ ᠲᠠᠯᠪᠢᠯᠳᠠ ᠰᠤᠯᠠᠷᠠᠬᠰᠠᠨ ᠠᠴᠠ ᠪᠤᠯᠵᠦ᠂ ᠵᠠᠰᠠᠮᠠᠯ ᠵᠠᠮ | ᠨᠡᠯᠢᠶᠡᠳ ᠶᠡᠭᠡ ᠪᠠᠷ ᠡᠪᠳᠡᠭᠳᠡᠭᠰᠡᠨ ᠪᠤᠶᠥ ᠬᠦᠮᠦᠨ ᠰᠢᠷᠠᠬᠳᠤᠵᠦ᠂ ᠡᠳ᠋ ᠬᠦᠷᠦᠩᠭᠡ ᠬᠤᠬᠢᠷᠠᠯ ᠳᠤ ᠤᠴᠠᠷᠠᠬᠰᠠᠨ︔ | ︵ᠲᠦᠷᠪᠡ︶ ᠵᠦᠪᠰᠢᠶᠡᠷᠡᠯ ᠦᠭᠡᠢ ᠪᠠᠷ ᠲᠤᠬᠳᠠᠮᠠᠯ ᠪᠤᠶᠥ ᠲᠦᠷ ᠴᠠᠬ ᠤᠨ ᠬᠡᠮᠵᠢᠶ᠎ᠡ ᠠᠴᠠ ᠬᠡᠳᠦᠷᠡᠳᠡᠯ᠎ᠡ | ᠲᠡᠭᠡᠭᠡᠪᠦᠷᠢᠯᠡᠬᠦ ᠶᠢ ᠪᠠᠶᠢᠴᠠᠭᠠᠨ ᠬᠡᠮᠵᠢᠬᠦ ᠦᠷᠳᠡᠭᠡ ︵ᠴᠢᠭ᠋︶ ᠢ ᠲᠤᠷ᠎ᠠ ᠪᠠᠷ ᠪᠠᠶᠢᠷᠢᠯᠠᠭᠤᠯᠦᠬᠰᠠᠨ︔ ︵ᠲᠠᠪᠦ︶ | ᠵᠠᠰᠠᠮᠠᠯ ᠵᠠᠮ ᠢ ᠠᠷᠠᠴᠢᠯᠠᠬᠤ ᠰᠦᠢᠳᠭᠡᠯ ᠪᠠ ᠬᠤᠭᠤᠴᠠᠭ᠎ᠠ ᠰᠠᠭᠠᠳᠠᠭᠠᠬᠰᠠᠨ ᠮᠦᠡᠭᠭᠦ ᠶᠢ ᠲᠤᠬᠳᠠᠭᠠᠯ ᠠᠴᠠ ᠵᠦᠷᠢᠴᠠᠨ | ᠲᠠᠳᠠᠪᠦᠷᠢᠯᠠᠨ ᠬᠤᠷᠢᠶᠠᠬᠤ ᠪᠤᠶᠥ ᠪᠠᠭᠠᠰᠬᠠᠨ ᠬᠡᠯᠳᠦᠷᠢᠭᠦᠯᠦᠭᠰᠡᠨ︔ ︵ᠵᠢᠷᠭᠤᠭ᠎ᠠ︶ ᠪᠤᠰᠦᠳ ᠠᠯᠪᠠᠨ | ᠲᠤᠰᠢᠶᠠᠯ ᠳᠠᠭᠠᠨ ᠠᠯᠮᠠᠶᠢᠷᠠᠠ ᠤᠰᠦᠯᠳᠦᠵᠦ᠂ ᠬᠤᠪᠢ ᠪᠠᠨ ᠪᠤᠳᠦᠵᠦ᠂ ᠡᠷᠭᠡ ᠲᠤᠰᠢᠶᠠᠯ ᠢᠶᠠᠨ ᠲᠤᠷ᠎ᠠ ᠪᠠᠷ | ᠬᠡᠷᠡᠭᠯᠡᠭᠰᠡᠨ ᠠᠵᠢᠯᠯᠠᠭ᠎ᠠ᠃ | | | ᠨᠠᠢᠮᠠᠳᠦᠭᠠᠷ ᠪᠦᠯᠦᠭ ᠲᠠᠭᠠᠯᠳᠦᠭᠤᠯᠦᠬᠰᠠᠨ ᠲᠦᠷᠢᠮ | | | ᠲᠠᠪᠢᠨ ᠲᠠᠪᠦᠳᠦᠭᠠᠷ ᠵᠦᠢᠯ ᠤᠯᠦᠰ ᠤᠨ ᠪᠠᠳᠦᠯᠠᠨ ᠬᠠᠮᠠᠭᠠᠯᠠᠯᠳᠠ᠂ ᠬᠢᠯᠢ ᠶᠢᠨ ᠬᠠᠮᠠᠭᠠᠯᠠᠯᠳᠠ ᠶᠢᠨ ᠵᠠᠰᠠᠮᠠᠯ | ᠵᠠᠮ ᠢ ᠪᠦᠳᠦᠭᠡᠨ ᠪᠠᠶᠢᠭᠤᠯᠬᠤ᠂ ᠠᠷᠠᠴᠢᠯᠠᠨ ᠬᠠᠮᠠᠭᠠᠯᠠᠬᠤ ᠪᠠ ᠬᠠᠮᠢᠶᠠᠷᠬᠤ ᠳᠤ ᠲᠤᠰ ᠲᠦᠷᠢᠮ ᠢ | ᠭᠡᠷᠡᠭᠵᠢᠭᠦᠯᠬᠦ ᠠᠴᠠ ᠭᠠᠳᠠᠨ᠎ᠠ ᠪᠠᠰᠠ ᠤᠯᠦᠰ ᠤᠨ ᠪᠤᠰᠦᠳ ᠬᠤᠯᠪᠤᠬᠳᠠᠯ ᠪᠦᠬᠦᠢ ᠲᠤᠬᠳᠠᠭᠠᠯ ᠢ ᠭᠡᠷᠡᠭᠵᠢᠭᠦᠯᠬᠦ | ᠬᠡᠷᠡᠭᠳᠡᠢ᠃ | ᠲᠠᠪᠢᠨ ᠵᠢᠷᠭᠤᠳᠦᠭᠠᠷ ᠵᠦᠢᠯ ᠦᠪᠡᠷᠳᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠦᠨ ᠲᠤᠰ | ᠲᠦᠷᠢᠮ ᠢ ᠦᠨᠳᠦᠰᠦᠯᠡᠵᠦ ᠬᠡᠷᠡᠭᠵᠢᠭᠦᠯᠭᠦ ᠨᠠᠷᠢᠨ ᠲᠦᠷᠢᠮ ᠲᠤᠬᠳᠠᠭᠠᠵᠦ ᠪᠤᠯᠦᠨ᠎ᠠ᠃ | ᠲᠠᠪᠢᠨ ᠲᠤᠯᠦᠳᠦᠭᠠᠷ ᠵᠦᠢᠯ ᠲᠤᠰ ᠲᠦᠷᠢᠮ ᠢ 2009 ᠤᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ | ᠡᠬᠢᠯᠡᠨ ᠬᠡᠷᠡᠭᠵᠢᠭᠦᠯᠦᠨ᠎ᠠ᠃ 1994 ᠤᠨ ᠤ 3 ᠳ᠋ᠤᠭᠠᠷ ᠰᠠᠷ᠎ᠠ ᠶᠢᠨ 4 ᠤ ᠡᠳᠦᠷ ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠨᠠᠢᠮᠠᠳᠦᠭᠠᠷ ᠬᠤᠭᠤᠴᠠᠭᠠᠨ ᠤ ᠠᠷᠠᠳ ᠤᠨ ᠲᠦᠯᠦᠭᠡᠯᠡᠭᠴᠢᠳ ᠤᠨ ᠶᠡᠭᠡ | ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠵᠢᠷᠭᠤᠳᠦᠭᠠᠷ ᠬᠤᠷᠠᠯ ᠠᠴᠠ ᠪᠠᠳᠦᠯᠠᠬᠰᠠᠨ ︽ᠦᠪᠦᠷ ᠮᠤᠩᠭᠤᠯ ᠤᠨ | ᠦᠪᠡᠷᠳᠡᠭᠡᠨ ᠵᠠᠰᠠᠬᠤ ᠤᠷᠤᠨ ᠤ ᠵᠠᠰᠠᠮᠠᠯ ᠵᠠᠮ ᠤᠨ ᠬᠠᠮᠢᠶᠠᠷᠦᠯᠳᠠ ᠶᠢᠨ ᠲᠦᠷᠢᠮ︾ ᠢ ᠬᠠᠮᠳᠦ ᠳᠤᠨᠢ ᠬᠦᠴᠦᠨ | ᠦᠬᠡᠢ ᠪᠤᠯᠭᠠᠨ᠎ᠠ᠃ | |