ᠲᠦᠪᠯᠡᠷᠡᠭᠦᠯᠦᠨ ᠨᠦᠬᠦᠨ ᠡᠯᠰᠡᠬᠦ ᠪᠠᠷ ᠳᠠᠮᠵᠢᠭᠤᠯᠤᠨ᠂ ᠥᠪᠥᠷ ᠮᠣᠩᠭᠤᠯ ᠤᠨ ᠶᠠᠳᠠᠭᠤ ᠶᠢ ᠲᠡᠳᠬᠦᠬᠦ | ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠰᠢᠰᠲ᠋ᠧᠮ ᠳᠠᠬᠢ ᠵᠢᠭᠡᠯᠡᠯᠭᠡ ᠤᠯᠤᠭᠰᠠᠨ ᠶᠠᠳᠠᠭᠤ ᠬᠦᠴᠢᠷᠳᠡᠯᠲᠠᠢ | ᠡᠷᠦᠬᠡ ᠤᠤᠯ ᠳᠠᠭᠠᠨ ᠨᠡᠶᠢᠲᠡ 9 ᠲᠦᠮᠡᠨ ᠡᠷᠦᠭᠡ᠂ 37.7 ᠳ᠋ᠦᠡᠭᠰᠢᠭᠤᠷ ᠲᠥᠭᠦᠷᠢᠭ ᠪᠠᠶᠢᠭᠰᠠᠨ ᠠᠴᠠ ᠪᠠᠨ | ᠨᠡᠮᠡᠭᠳᠡᠭᠡᠳ ᠤᠳᠤ 18 ᠲᠦᠮᠡᠨ ᠡᠷᠦᠬᠡ᠂ 74.8 ᠳ᠋ᠦᠡᠭᠰᠢᠭᠤᠷ ᠲᠥᠭᠦᠷᠢᠭ ᠪᠤᠯᠵᠤ᠂ ᠶᠠᠳᠠᠭᠤ ᠬᠦᠴᠢᠷᠳᠡᠯᠲᠡᠶ | ᠡᠷᠦᠬᠡ ᠶᠢᠨ ᠵᠢᠭᠡᠯᠡᠯᠭᠡ ᠤᠯᠬᠤ ᠨᠤᠷᠮ᠎ᠠ ᠨᠢ ᠤᠤᠯ ᠳᠠᠭᠠᠨ 15.5% ᠪᠠᠶᠢᠭᠰᠠᠨ ᠠᠴᠠ ᠪᠠᠨ 31.1% ᠪᠤᠯᠵᠤ | ᠳᠡᠭᠡᠭᠰᠢᠯᠡᠪᠡ᠃ | ᠤᠶᠢᠯᠠᠭᠠᠭᠰᠠᠨ ᠢᠶᠠᠷ᠂ ᠨᠥᠬᠦᠨ ᠡᠯᠰᠡᠬᠦ ᠠᠵᠢᠯ ᠨᠢ ᠲᠥᠪᠯᠡᠷᠡᠭᠦᠯᠦᠨ ᠪᠣᠯᠪᠠᠰᠤᠷᠠᠭᠤᠯᠬᠤ᠂ ᠲᠦᠪᠯᠡᠷᠡᠭᠦᠯᠦᠨ | ᠵᠠᠰᠠᠪᠤᠷᠢ ᠣᠷᠣᠭᠤᠯᠬᠤ᠂ ᠲᠥᠪᠯᠡᠷᠡᠭᠦᠯᠦᠨ ᠡᠯᠰᠡᠬᠦ᠂ ᠲᠥᠪᠯᠡᠷᠡᠭᠦᠯᠦᠨ ᠪᠠᠶᠢᠴᠠᠭᠠᠬᠤ᠂ ᠲᠥᠪᠯᠡᠷᠡᠭᠦᠯᠦᠨ ᠳᠡᠭᠡᠭᠰᠢ | ᠮᠡᠳᠡᠭᠦᠯᠬᠦ ᠠᠷᠭ᠎ᠠ ᠶᠢ ᠠᠪᠴᠤ᠂ 2014 ᠣᠨ ᠠᠴᠠ ᠨᠠᠰᠢᠬᠢ ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ | ᠶᠠᠳᠠᠭᠤ ᠬᠦᠴᠢᠷᠳᠡᠯᠲᠠᠢ ᠡᠷᠦᠬᠡ ᠪᠦᠬᠦᠨ ᠤ ᠵᠢᠭᠡᠯᠡᠯᠭᠡ ᠠᠪᠬᠤ᠂ ᠵᠢᠭᠡᠯᠡᠯᠭᠡ ᠪᠤᠴᠠᠭᠠᠬᠤ᠂ ᠳᠠᠮ ᠬᠦᠦ ᠮᠥᠩᠭᠦ ᠥᠭᠬᠦ | ᠮᠡᠳᠡᠭᠡ ᠵᠠᠩᠭᠢ᠂ ᠲᠦᠭᠰᠢᠬᠦᠷᠢ ᠶᠢᠨ ᠬᠡᠷᠡᠭᠯᠡᠭᠡᠨ ᠤ ᠪᠠᠶᠢᠳᠠᠯ ᠵᠡᠷᠭᠡ ᠶᠢ ᠰᠢᠰᠲ᠋ᠧᠮ ᠳᠡᠭᠡᠨ ᠨᠥᠬᠦᠨ | ᠤᠷᠤᠭᠤᠯᠤᠭᠰᠠᠨ ᠤ ᠬᠠᠮᠲᠤ᠂ 2017 ᠣᠨ ᠤ ᠲᠤᠭ᠎ᠠ ᠪᠠᠷᠢᠮᠲᠠ ᠶᠢ ᠪᠦᠷᠢᠨᠰᠢᠬᠦᠯᠪᠡ᠃ ᠥᠪᠡᠷᠲᠡᠭᠡᠨ ᠵᠠᠰᠠᠬᠤ | ᠣᠷᠣᠨ ᠤ ᠶᠠᠳᠠᠭᠤ ᠶᠢ ᠲᠡᠳᠬᠦᠬᠦ ᠠᠯᠪᠠᠨ ᠭᠡᠷ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠬᠡᠯᠡᠭᠰᠡᠨ ᠨᠢ᠂ ᠡᠨᠡ | ᠤᠳᠠᠭ᠎ᠠ ᠶᠢᠨ ᠲᠥᠪᠯᠡᠷᠡᠭᠦᠯᠦᠨ ᠨᠥᠬᠦᠨ ᠡᠯᠰᠡᠬᠦ ᠪᠠᠷ ᠳᠠᠮᠵᠢᠨ᠂ ᠮᠠᠨ ᠤ ᠣᠷᠣᠨ ᠤ ᠶᠠᠳᠠᠭᠤ ᠶᠢ ᠲᠡᠳᠬᠦᠬᠦ ᠪᠠᠭ᠎ᠠ | ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠦᠨᠡᠨ ᠪᠠᠶᠢᠳᠠᠯ ᠢ ᠨᠡᠯᠢᠶᠡᠳ ᠣᠨᠣᠪᠴᠢᠲᠠᠶ ᠮᠦᠷᠲᠡᠭᠡᠨ ᠪᠤᠰᠤᠳᠴᠢ ᠪᠠᠷ | ᠲᠤᠰᠬᠠᠭᠰᠠᠨ ᠢᠶᠠᠷ ᠪᠠᠷᠠᠬᠤ ᠦᠭᠡᠢ ᠪᠠᠰᠠ ᠪᠠᠭ᠎ᠠ ᠲᠣᠭᠠᠨ ᠤ ᠢᠲᠡᠭᠡᠮᠵᠢᠲᠦ ᠵᠢᠭᠡᠯᠡᠯᠭᠡ ᠶᠢᠨ ᠰᠢᠰᠲ᠋ᠧᠮ ᠳᠠᠬᠢ ᠲᠤᠭ᠎ᠠ | ᠪᠠᠷᠢᠮᠲᠠ ᠶᠢᠨ ᠠᠭᠤᠯᠭ᠎ᠠ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ | ᠶᠠᠰᠤ ᠴᠢᠨᠠᠷ ᠢ ᠳᠡᠭᠡᠭᠰᠢᠯᠡᠭᠦᠯᠵᠦ᠂ ᠡᠯ᠎ᠡ ᠬᠤᠰᠢᠭᠤ ᠰᠢᠶᠠᠨ ᠤ ᠡᠯᠰᠡᠨ ᠣᠷᠣᠭᠤᠯᠬᠤ ᠠᠵᠢᠯᠲᠠᠳ ᠤᠨ | ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠬᠢᠷᠢ ᠲᠦᠪᠰᠢᠨ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ | ᠬᠤᠶᠢᠰᠢᠳᠠ ᠰᠢᠰᠲ᠋ᠧᠮ ᠳᠤ ᠡᠯᠰᠡᠨ ᠣᠷᠣᠭᠤᠯᠬᠤ ᠠᠵᠢᠯ ᠢ ᠨᠡᠩ ᠰᠠᠶᠢᠨ ᠪᠡᠶᠡᠯᠡᠭᠦᠯᠬᠦ ᠳᠤ ᠪᠠᠲᠤ ᠪᠠᠬᠢ ᠰᠠᠭᠤᠷᠢ | ᠲᠠᠯᠪᠢᠵᠤ ᠥᠭᠴᠡᠶ ᠬᠡᠪᠡ᠃ |