ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠵᠤ  ᠵᠠᠩ ᠵᠢᠶᠠᠨ ᠮᠢᠨ ᠬᠤᠷᠠᠯ ᠳᠤ ᠣᠷᠤᠯᠴᠠᠨ ᠯᠦᠸᠧ ᠶᠦᠩ ᠭᠠᠩ ᠬᠤᠷᠠᠯ ᠡᠷᠬᠢᠯᠡᠪᠡ
ᠨᠡᠶᠢᠲᠡᠯᠡᠭᠰᠡᠨ ᠴᠠᠭ᠄
2017/10/16
     10 ᠳ᠋ᠤᠭᠠᠷ ᠰᠠᠷ᠎ᠠ ᠶᠢᠨ 14᠎ ᠤ ᠡᠳᠦᠷ ᠤᠨ ᠦᠳᠡ ᠶᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠬᠤ ᠠᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠪᠠᠶᠢᠩᠭᠤ ᠶᠢᠨ ᠳᠡᠳ᠋ ᠲᠡᠷᠢᠭᠦᠯᠡᠭᠴᠢ ᠵᠠᠩ ᠵᠢᠶᠠᠨ ᠮᠢᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠯᠦᠸᠧ ᠶᠦᠩ ᠭᠠᠩ ᠬᠤᠷᠠᠯ ᠡᠷᠭᠢᠯᠡᠪᠡ᠃      ᠬᠤᠷᠠᠯ ᠠᠴᠠ ᠵᠢᠭᠠᠵᠤ ᠭᠠᠷᠭᠠᠭᠰᠠᠨ ᠨᠢ᠂ ᠲᠥᠪ ᠤᠨ ᠪᠠ ᠥᠪᠡᠷᠲᠡᠭᠡᠨ ᠵᠠᠰᠠᠬᠤ ᠣᠷᠣᠨ ᠤ ᠴᠢᠬᠤᠯᠠ ᠶᠡᠭᠡ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠠᠵᠢᠯ ᠢ ᠤᠯᠠᠮ ᠨᠢᠭᠡ ᠠᠯᠬᠤᠮ ᠲᠦᠯᠬᠢᠨ ᠠᠬᠢᠭᠤᠯᠵᠤ᠂ ᠪᠦᠬᠦ ᠵᠢᠯ ᠤᠨ ᠡᠯ᠎ᠡ ᠵᠦᠢᠯ ᠤᠨ ᠬᠠᠷᠠᠯᠲᠠᠲᠤ ᠡᠭᠦᠷᠭᠡ ᠶᠢ ᠴᠢᠷᠮᠠᠶᠢᠨ ᠪᠡᠶᠡᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠣᠶᠢᠷ᠎ᠠ ᠳᠤ ᠰᠢᠮᠳᠠᠭᠤᠯᠤᠨ ᠪᠠᠶᠢᠴᠠᠭᠠᠬᠤ 6 ᠳᠤᠭᠤᠶᠢᠯᠠᠩ ᠲᠣᠮᠢᠯᠠᠨ ᠡᠯ᠎ᠡ ᠠᠶᠢᠮᠠᠭ ᠬᠤᠳᠠ ᠳᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠬᠤ ᠪᠠᠷ ᠲᠣᠭᠲᠠᠵᠠᠢ ᠭᠡᠪᠡ᠃      ᠬᠤᠷᠠᠯ ᠠᠴᠠ ᠴᠢᠬᠤᠯᠠᠴᠢᠯᠠᠭᠰᠠᠨ ᠨᠢ᠂ ᠲᠤᠰ ᠤᠳᠠᠭᠠᠨ ᠤ ᠰᠢᠮᠳᠠᠭᠤᠯᠤᠨ ᠪᠠᠶᠢᠴᠠᠭᠠᠯᠲᠠ ᠳᠤ ᠨᠠᠮ ᠤᠨ ᠲᠥᠪ ᠬᠤᠷᠢᠶ᠎ᠠ᠂ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠡᠯ᠎ᠡ ᠵᠦᠢᠯ ᠤᠨ ᠰᠢᠶᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠷᠪᠠᠳᠤᠭᠠᠷ ᠬᠤᠭᠤᠴᠠᠭᠠᠨ ᠤ ᠬᠤᠶᠠᠳᠤᠭᠠᠷ ᠤᠳᠠᠭ᠎ᠠ ᠶᠢᠨ ᠪᠥᠬᠦᠳᠡ ᠬᠤᠷᠠᠯ ᠤᠨ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ᠂ ᠥᠪᠡᠷᠲᠡᠭᠡᠨ ᠵᠠᠰᠠᠬᠤ ᠣᠷᠣᠨ ᠤ ︽ᠵᠠᠰᠠᠭ ᠤᠨ ᠣᠷᠳᠣᠨ ᠤ ᠠᠵᠢᠯ ᠤᠨ ᠢᠯᠡᠳᠬᠡᠯ︾᠎ ᠳᠤ ᠳᠤᠷᠠᠳᠤᠭᠰᠠᠨ ᠬᠠᠷᠠᠯᠲᠠᠲᠤ ᠡᠭᠦᠷᠭᠡ ᠎ ᠲᠠᠢ ᠨᠢᠭᠲᠠ ᠤᠶᠠᠯᠳᠤᠭᠤᠯᠤᠨ᠂ ᠨᠡᠮᠡᠭᠳᠡᠯ ᠢ ᠲᠣᠭᠲᠠᠪᠤᠷᠢᠵᠢᠭᠤᠯᠬᠤ᠂ ᠥᠭᠡᠷᠡᠴᠢᠯᠡᠯᠲᠡ ᠶᠢ ᠠᠬᠢᠭᠤᠯᠬᠤ᠂ ᠪᠦᠲᠦᠴᠡ ᠶᠢ ᠲᠣᠬᠢᠷᠠᠭᠤᠯᠬᠤ᠂ ᠠᠷᠠᠳ ᠤᠨ ᠠᠮᠢᠳᠤᠷᠠᠯ ᠳᠤ ᠠᠰᠢᠭ ᠬᠦᠷᠲᠡᠭᠡᠬᠦ᠂ ᠠᠶᠤᠯ ᠲᠦᠭᠰᠢᠭᠦᠷᠢ ᠶᠢ ᠰᠡᠷᠭᠡᠶᠢᠯᠡᠬᠦ ᠵᠡᠷᠭᠡ ᠲᠦᠷᠦ ᠶᠢᠨ ᠪᠤᠳᠤᠯᠭ᠎ᠠ ᠶᠢᠨ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ ᠰᠢᠮᠳᠠᠭᠤᠯᠤᠨ ᠪᠠᠶᠢᠴᠠᠭᠠᠯᠲᠠ ᠶᠢ ᠭᠤᠣᠯᠳᠠᠯᠭ᠎ᠠ ᠲᠠᠢ ᠰᠠᠶᠢᠲᠤᠷ ᠠᠳᠬᠤᠬᠤ ᠬᠡᠷᠡᠭᠲᠡᠢ᠃ ᠠᠵᠢᠯ ᠤᠨ ᠳᠤᠮᠳᠠ᠂ ᠰᠢᠮᠳᠠᠭᠤᠯᠤᠨ ᠪᠠᠶᠢᠴᠠᠭᠠᠯᠲᠠ ᠶᠢᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠡᠯ᠎ᠡ ᠵᠦᠢᠯ ᠤᠨ ᠰᠢᠮᠳᠠᠭᠤᠯᠤᠨ ᠪᠠᠶᠢᠴᠠᠭᠠᠯᠲᠠ ᠶᠢᠨ ᠠᠷᠭ᠎ᠠ ᠶᠢ ᠠᠮᠢᠳᠤᠯᠢᠭ ᠢᠶᠠᠷ ᠬᠡᠷᠡᠭᠯᠡᠵᠦ᠂ ᠠᠰᠠᠭᠤᠳᠠᠯ ᠤᠨ ᠤᠳᠤᠷᠢᠳᠤᠮᠵᠢ ᠶᠢ ᠳᠣᠪᠤᠶᠢᠯᠭᠠᠨ᠂ ᠪᠠᠷᠢᠮᠵᠢᠶ᠎ᠠ ᠶᠣᠰᠣᠭᠠᠷ ᠴᠢᠩᠭ᠎ᠠ ᠱᠠᠭᠠᠷᠳᠠᠬᠤ ᠬᠡᠷᠡᠭᠲᠡᠢ ᠭᠡᠪᠡ᠃      ᠬᠤᠷᠠᠯ ᠠᠴᠠ ᠱᠠᠭᠠᠷᠳᠠᠭᠰᠠᠨ ᠨᠢ᠂ ᠡᠨᠡ ᠤᠳᠠᠭᠠᠨ ᠤ ᠰᠢᠮᠳᠠᠭᠤᠯᠤᠨ ᠪᠠᠶᠢᠴᠠᠭᠠᠬᠤ ᠠᠵᠢᠯᠯᠠᠭ᠎ᠠ ᠶᠢ ᠨᠠᠷᠢᠨ ᠬᠢᠨᠠᠮᠠᠭᠠᠶ ᠰᠠᠶᠢᠲᠤᠷ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠦᠷᠦ ᠶᠢᠨ ᠪᠤᠳᠤᠯᠭ᠎ᠠ ᠶᠢᠨ ᠵᠣᠷᠢᠭ ᠰᠠᠨᠠᠭ᠎ᠠ ᠶᠢ ᠣᠨᠣᠪᠴᠢᠲᠠᠶ ᠡᠵᠡᠮᠳᠡᠨ᠂ ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠥᠯ ᠢᠶᠠᠨ ᠨᠠᠷᠢᠯᠢᠭᠵᠢᠭᠤᠯᠬᠤ ᠬᠡᠷᠡᠭᠲᠡᠢ᠃ ᠰᠢᠮᠳᠠᠭᠤᠯᠤᠨ ᠪᠠᠶᠢᠴᠠᠭᠠᠬᠤ ᠪᠠᠷ ᠳᠠᠮᠵᠢᠨ ᠱᠠᠲᠤ ᠱᠠᠲᠤ ᠪᠠᠷ ᠳᠠᠷᠤᠯᠲᠠ ᠥᠭᠴᠦ᠂ ᠱᠠᠲᠦ ᠱᠠᠲᠦ ᠪᠠᠷ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠨᠡᠩ ᠲᠡᠭᠦᠯᠳᠡᠷ ᠤᠶᠤᠨ ᠰᠠᠨᠠᠭ᠎ᠠ᠂ ᠨᠡᠩ ᠴᠢᠩᠭ᠎ᠠ ᠢᠲᠡᠭᠡᠯ ᠵᠣᠷᠢᠭ᠂ ᠨᠡᠩ ᠬᠦᠴᠦᠲᠡᠶ ᠠᠷᠭ᠎ᠠ ᠬᠡᠮᠵᠢᠶ᠎ᠡ ᠪᠠᠷ᠂ ᠵᠢᠯ ᠤᠨ ᠡᠴᠦᠰ ᠠᠴᠠ ᠡᠮᠦᠨ᠎ᠡ ᠡᠯ᠎ᠡ ᠵᠦᠢᠯ ᠤᠨ ᠠᠵᠢᠯ ᠢ ᠪᠦᠬᠦ ᠬᠦᠴᠦᠨ ᠢᠶᠠᠷ ᠰᠠᠶᠢᠲᠤᠷ ᠠᠳᠬᠤᠵᠤ᠂ ᠪᠣᠳᠠᠲᠤ ᠠᠵᠢᠯᠯᠠᠭ᠎ᠠ ᠪᠠᠷ ᠢᠶᠠᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠲᠤᠤᠱᠯᠠᠭᠤᠯᠤᠨ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠶ ᠨᠡᠶᠢᠭᠡᠮ ᠤᠨ ᠲᠣᠭᠲᠠᠭᠤᠨ ᠡᠷᠡᠭᠦᠯ ᠢᠶᠠᠷ ᠦᠷᠭᠦᠯᠵᠢᠯᠡᠨ ᠬᠥᠭᠵᠢᠬᠦ ᠶᠢ ᠠᠬᠢᠭᠤᠯᠬᠤ ᠬᠡᠷᠡᠭᠲᠡᠶ ᠭᠡᠪᠡ᠃  
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号