10 ᠳ᠋ᠤᠭᠠᠷ ᠰᠠᠷ᠎ᠠ ᠶᠢᠨ 16 ᠤ ᠡᠳᠦᠷ᠂ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ | ᠰᠣᠨᠢᠨ ᠮᠡᠳᠡᠭᠡᠨ ᠤ ᠠᠯᠪᠠᠨ ᠭᠡᠷ ︽ᠡᠷᠡᠬᠦᠯ ᠮᠡᠨᠳᠦ ᠦᠪᠦᠷ ᠮᠤᠩᠭᠤᠯ 2030︾ ᠶᠢᠨ ᠪᠦᠳᠦᠭᠡᠨ | ᠪᠠᠶᠢᠭᠤᠯᠤᠯᠲᠠ ᠶᠢᠨ ᠠᠵᠢᠯ ᠤᠨ ᠰᠣᠨᠢᠨ ᠮᠡᠳᠡᠭᠡ ᠨᠡᠶᠢᠲᠡᠯᠡᠬᠦ ᠬᠤᠷᠠᠯ ᠬᠤᠷᠠᠯᠳᠤᠭᠤᠯᠪᠠ᠃ ᠤᠶᠢᠯᠠᠭᠠᠭᠰᠠᠨ ᠢᠶᠠᠷ᠂ | 2030 ᠣᠨ ᠪᠣᠯᠬᠤ ᠳᠤ ᠥᠪᠥᠷ ᠮᠣᠩᠭᠤᠯ ᠡᠷᠡᠭᠦᠯ ᠮᠡᠨᠳᠦ ᠶᠢᠨ ᠭᠦᠢᠴᠡᠳᠬᠡᠯ ᠲᠤᠭ᠎ᠠ ᠶᠢ ᠪᠦᠬᠦ ᠤᠯᠤᠰ ᠤᠨ | ᠳᠤᠮᠳᠠᠴᠢ ᠲᠦᠪᠰᠢᠨ ᠳᠤ ᠬᠦᠷᠦᠬᠦᠯᠬᠦ ᠶᠢ ᠦᠨᠳᠦᠰᠦᠨ ᠳᠡᠭᠡᠨ ᠪᠡᠶᠡᠯᠡᠭᠦᠯᠬᠦ ᠪᠤᠯᠤᠨ᠎ᠠ᠃ | ᠡᠨᠡ ᠵᠢᠯ ᠤᠨ 7 ᠳ᠋ᠤᠭᠠᠷ ᠰᠠᠷ᠎ᠠ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ᠂ ᠵᠠᠰᠠᠭ ᠤᠨ ᠣᠷᠳᠣᠨ ᠤ ᠠᠯᠪᠠᠨ ᠲᠢᠩᠬᠢᠮ ︽︿ᠡᠷᠡᠭᠦᠯ ᠮᠡᠨᠳᠦ ᠥᠪᠥᠷ ᠮᠣᠩᠭᠤᠯ 2030﹀ ᠶᠢᠨ | ᠬᠡᠷᠡᠭᠵᠢᠭᠦᠯᠬᠦ ᠲᠥᠰᠦᠯ︾ ︵ᠳᠣᠷᠣᠭᠰᠢ ︽ᠬᠡᠷᠡᠭᠵᠢᠭᠦᠯᠬᠦ ᠲᠥᠰᠦᠯ︾ ᠭᠡᠵᠦ ᠲᠤᠪᠴᠢᠯᠠᠨ᠎ᠠ︶ ᠢ ᠳᠠᠷᠤᠮᠠᠯᠯᠠᠨ | ᠲᠠᠷᠬᠠᠭᠠᠪᠠ᠃ ︽ᠬᠡᠷᠡᠭᠵᠢᠭᠦᠯᠬᠦ ᠲᠥᠰᠦᠯ︾ ᠨᠢ ᠡᠷᠡᠭᠦᠯ ᠮᠡᠨᠳᠦ ᠠᠮᠢᠳᠤᠷᠠᠯ ᠢ ᠲᠦᠭᠡᠮᠡᠯᠵᠢᠭᠦᠯᠬᠦ᠂ ᠡᠷᠡᠭᠦᠯ | ᠮᠡᠨᠳᠦ ᠶᠢᠨ ᠦᠢᠯᠡᠴᠢᠯᠡᠭᠡ ᠶᠢ ᠰᠢᠯᠢᠳᠡᠭᠵᠢᠭᠦᠯᠬᠦ᠂ ᠡᠷᠡᠭᠦᠯ ᠮᠡᠨᠳᠤ ᠶᠢᠨ ᠪᠠᠲᠤᠯᠠᠭ᠎ᠠ ᠶᠢ ᠪᠦᠷᠢᠨᠰᠢᠬᠦᠯᠬᠦ᠂ ᠡᠷᠡᠭᠦᠯ | ᠮᠠᠨᠳᠤ ᠣᠷᠴᠢᠨ ᠲᠣᠭᠤᠷᠢᠨ ᠢ ᠪᠦᠲᠦᠭᠡᠨ ᠪᠠᠶᠢᠭᠤᠯᠬᠤ᠂ ᠡᠷᠡᠭᠦᠯ ᠮᠠᠨᠳᠤ ᠶᠢᠨ ᠠᠵᠤ ᠦᠢᠯᠡᠰ ᠢ ᠬᠥᠭᠵᠢᠭᠦᠯᠬᠦ | ᠲᠠᠪᠤᠨ ᠲᠠᠯ᠎ᠠ ᠪᠠᠷ᠂ ᠡᠷᠡᠭᠦᠯ ᠮᠡᠨᠳᠦ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠶᠢᠨ ︽ᠴᠠᠭ ᠤᠨ | ᠬᠤᠪᠢᠶᠠᠷᠢ︾ ᠪᠤᠯᠤᠨ ︽ᠵᠠᠮ ᠱᠤᠭᠤᠮ ᠤᠨ ᠵᠢᠷᠤᠭ︾ ᠢ ᠲᠤᠭᠲᠠᠭᠠᠵᠤ᠂ 20 ᠵᠦᠢᠯ ︵ᠡᠭᠦᠨ ᠳᠤ 39 | ᠠᠵᠢᠯᠯᠠᠭ᠎ᠠ ᠪᠤᠯᠤᠨ 22 ᠲᠦᠷᠦᠯ ᠵᠦᠢᠯ ᠪᠠᠭᠲᠠᠨ᠎ᠠ︶ ᠤᠨ ᠴᠢᠬᠤᠯᠠ ᠶᠡᠭᠡ ᠢᠨᠵᠧᠨᠧᠷᠢᠩ ᠢ ᠭᠤᠣᠯᠳᠠᠯᠭ᠎ᠠ ᠲᠠᠢ | ᠲᠦᠯᠬᠢᠨ ᠠᠬᠢᠭᠤᠯᠬᠤ ᠪᠠᠷ ᠪᠤᠯᠵᠠᠢ᠃ ︽ᠬᠡᠷᠡᠭᠵᠢᠭᠦᠯᠬᠦ ᠲᠥᠰᠦᠯ︾ ᠳᠤ᠂ ᠪᠦᠬᠦ ᠠᠷᠠᠳ ᠤᠨ ᠡᠷᠡᠭᠦᠯ ᠮᠠᠠᠳᠦ ᠶᠢ | ᠠᠬᠢᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠵᠤ᠂ ᠡᠷᠡᠭᠦᠯ ᠮᠠᠠᠳᠦ ᠶᠢᠨ | ᠬᠦᠷᠢᠶᠡᠨ ᠳᠠᠬᠢ ᠬᠥᠭᠵᠢᠯᠲᠡ ᠶᠢ ᠨᠡᠩ ᠵᠣᠬᠢᠴᠠᠩᠭᠤᠶ ᠪᠣᠯᠭᠠᠵᠤ᠂ ᠡᠷᠡᠭᠦᠯ ᠮᠡᠨᠳᠦ ᠠᠮᠢᠳᠤᠷᠠᠯ ᠤᠨ ᠠᠷᠭ᠎ᠠ | ᠬᠡᠯᠪᠡᠷᠢ ᠶᠢ ᠲᠦᠭᠡᠮᠡᠯᠵᠢᠭᠦᠯᠵᠦ᠂ ᠡᠷᠡᠭᠦᠯ ᠮᠡᠨᠳᠦ ᠶᠢᠨ ᠦᠢᠯᠡᠴᠢᠯᠡᠭᠡᠨ ᠤ ᠶᠠᠰᠤ ᠴᠢᠨᠠᠷ ᠪᠤᠯᠤᠨ ᠡᠷᠡᠭᠦᠯ ᠮᠠᠠᠳᠦ ᠶᠢᠨ | ᠪᠠᠲᠤᠯᠠᠭ᠎ᠠ ᠶᠢᠨ ᠬᠢᠷᠢ ᠲᠦᠪᠰᠢᠨ ᠢ ᠲᠠᠰᠤᠷᠠᠯᠲᠠ ᠦᠭᠡᠶ ᠳᠡᠭᠡᠭᠰᠢᠯᠡᠭᠦᠯᠵᠦ᠂ ᠡᠷᠡᠭᠦᠯ ᠮᠠᠨᠳᠤ ᠣᠷᠴᠢᠨ ᠲᠣᠭᠤᠷᠢᠨ ᠢ | ᠨᠡᠩ ᠨᠥᠬᠦᠷᠰᠡᠭ ᠪᠦᠭᠡᠳ ᠡᠶ᠎ᠡ ᠵᠣᠬᠢᠴᠠᠯ ᠲᠠᠢ ᠪᠤᠯᠭᠠᠵᠤ᠂ ᠡᠷᠡᠭᠦᠯ ᠮᠠᠠᠳᠦ ᠶᠢᠨ ᠠᠵᠤ ᠦᠢᠯᠡᠰ ᠢ ᠴᠡᠴᠡᠭᠯᠡᠭᠦᠯᠦᠨ | ᠬᠦᠭᠵᠢᠬᠦᠯᠵᠤ᠂ ᠡᠷᠡᠬᠦᠯ ᠮᠡᠨᠳᠦ ᠶᠢ ᠠᠵᠤ ᠠᠬᠤᠶ ᠨᠡᠶᠢᠭᠡᠮ ᠤᠨ ᠬᠥᠭᠵᠢᠯᠲᠡ ᠳᠤ ᠠᠭᠤᠰᠬᠠᠵᠤ᠂ ᠠᠷᠠᠳ ᠲᠦᠮᠡᠨ ᠤ | ᠡᠷᠡᠭᠦᠯ ᠮᠡᠨᠳᠦ ᠶᠢᠨ ᠬᠢᠷᠢ ᠲᠦᠪᠰᠢᠨ ᠢ ᠦᠷᠭᠦᠯᠵᠢᠯᠡᠨ ᠳᠡᠭᠡᠭᠰᠢᠯᠡᠬᠦᠯᠬᠦ᠂ ᠡᠷᠡᠭᠦᠯ ᠮᠡᠨᠳᠦ ᠶᠢ ᠬᠦᠨᠦᠬᠡᠬᠦ ᠭᠤᠣᠯ | ᠡᠯᠧᠮᠧᠨ᠋ᠲ ᠢ ᠪᠦᠲᠦᠮᠵᠢᠲᠠᠢ ᠬᠤᠷᠢᠭᠯᠠᠬᠤ᠂ ᠡᠷᠡᠭᠦᠯ ᠮᠠᠠᠳᠦ ᠶᠢᠨ ᠦᠢᠯᠡᠴᠢᠯᠡᠭᠡᠨ ᠤ ᠴᠢᠳᠠᠪᠤᠷᠢ ᠶᠢ ᠶᠡᠬᠡᠪᠡᠷ | ᠳᠡᠭᠡᠭᠰᠢᠯᠡᠬᠦᠯᠬᠦ᠂ ᠡᠷᠡᠭᠦᠯ ᠮᠡᠨᠳᠦ ᠶᠢᠨ ᠠᠵᠤ ᠦᠢᠯᠡᠰ ᠤᠨ ᠬᠡᠪᠴᠢᠶ᠎ᠡ ᠶᠢ ᠢᠯᠡᠳᠲᠡ ᠦᠷᠭᠡᠳᠭᠡᠬᠦ ᠵᠢᠴᠢ ᠡᠷᠡᠭᠦᠯ | ᠮᠠᠠᠳᠦ ᠶᠢ ᠠᠬᠢᠭᠤᠯᠬᠤ ᠳᠦᠷᠢᠮ ᠤᠨ ᠰᠢᠰᠲ᠋ᠧᠮᠵᠢ ᠶᠢ ᠤᠯᠠᠮ ᠨᠢᠭᠡ ᠠᠯᠬᠤᠮ ᠪᠦᠷᠢᠨᠰᠢᠬᠦᠯᠬᠦ ᠵᠡᠷᠭᠡ ᠲᠠᠪᠤᠨ ᠶᠡᠭᠡ | ᠪᠣᠳᠠᠲᠠᠶ ᠬᠠᠷᠠᠯᠲᠠ ᠶᠢ ᠪᠡᠶᠡᠯᠡᠬᠦᠯᠬᠦ ᠬᠡᠷᠡᠭᠲᠠᠢ ᠬᠡᠵᠤ ᠳᠤᠷᠠᠳᠴᠠᠢ᠃ | ᠲᠠᠨᠢᠯᠴᠠᠭᠤᠯᠤᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠶᠢᠭᠤᠯᠤᠭᠳᠠᠭᠰᠠᠨ 70 | ᠵᠢᠯ ᠤᠨ ᠲᠤᠷᠰᠢ᠂ ᠥᠪᠡᠷᠲᠡᠭᠡᠨ ᠵᠠᠰᠠᠬᠤ ᠣᠷᠣᠨ ᠤ ᠡᠷᠡᠭᠦᠯ ᠬᠠᠮᠠᠭᠠᠯᠠᠯ ᠬᠢᠭᠡᠳ ᠡᠷᠡᠭᠦᠯ ᠮᠡᠨᠳᠦ ᠶᠢᠨ ᠠᠵᠢᠯ | ᠦᠢᠯᠡᠰ ᠦᠳᠲᠡᠷ ᠲᠦᠷᠭᠡᠨ ᠬᠥᠭᠵᠢᠵᠦ᠂ 2016 ᠣᠨ ᠤ ᠵᠢᠯ ᠤᠨ ᠡᠴᠦᠰ ᠪᠤᠯᠬᠤ ᠳᠤ᠂ ᠪᠥᠬᠦ ᠣᠷᠣᠨ ᠤ ᠡᠮ | ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢᠨ ᠶᠡᠷᠦᠩᠬᠡᠶ ᠲᠤᠭ᠎ᠠ 23998 ᠳᠤ ᠬᠦᠷᠴᠦ᠂ ᠮᠢᠩᠭᠠᠨ ᠬᠥᠮᠦᠨ | ᠪᠦᠷᠢ ᠳᠤ ᠨᠣᠭᠳᠠᠬᠤ ᠡᠪᠡᠳᠴᠢᠲᠡᠨ ᠤ ᠣᠷᠣ ᠶᠢᠨ ᠲᠤᠭ᠎ᠠ ᠪᠤᠯᠤᠨ ᠠᠵᠢᠯ ᠮᠡᠷᠭᠡᠵᠢᠯ ᠤᠨ ︵ᠲᠤᠰᠠᠯᠠᠬᠤ︶ | ᠡᠮᠴᠢ ᠶᠢᠨ ᠲᠤᠭ᠎ᠠ ᠲᠤᠰ ᠲᠤᠰ 5.52 ᠤᠷᠤ ᠪᠠ 2.64 ᠬᠦᠮᠦᠨ ᠳᠤ ᠬᠦᠷᠴᠦ᠂ ᠪᠦᠬᠦ ᠤᠯᠤᠰ ᠤᠨ ᠳᠤᠮᠳᠠᠴᠢ | ᠬᠢᠷᠢ ᠲᠦᠪᠰᠢᠨ ᠠᠴᠠ ᠲᠦᠷᠭᠡᠨ ᠪᠤᠯᠤᠭᠰᠠᠨ ᠪᠠᠶᠢᠨ᠎ᠠ᠃ ᠨᠢᠯᠬ᠎ᠠ ᠬᠡᠦᠬᠡᠳ ᠤᠨ ᠦᠬᠦᠯ ᠤᠨ ᠨᠤᠷᠮ᠎ᠠ ᠪᠣᠯᠤᠨ | ᠵᠢᠷᠮᠦᠰᠦᠨ ᠬᠥᠩᠭᠡᠵᠢᠬᠦ ᠪᠦᠰᠡᠭᠦᠶ ᠶᠢᠨ ᠦᠬᠦᠯ ᠤᠨ ᠨᠤᠷᠮ᠎ᠠ ᠴᠥᠮ ᠪᠦᠬᠦ ᠤᠯᠤᠰ ᠤᠨ ᠳᠤᠮᠳᠠᠴᠢ ᠬᠢᠷᠢ | ᠲᠦᠪᠰᠢᠨ ᠠᠴᠠ ᠳᠤᠤᠷ᠎ᠠ ᠪᠤᠯᠵᠠᠢ᠃ ᠪᠦᠬᠦ ᠣᠷᠣᠨ ᠤ ᠬᠥᠮᠦᠨ ᠪᠦᠷᠢ ᠳᠤ ᠳᠤᠮᠳᠠᠴᠢ ᠪᠠᠷ ᠨᠣᠭᠳᠠᠬᠤ ᠪᠡᠶ᠎ᠡ ᠶᠢᠨ | ᠲᠠᠮᠢᠷ ᠤᠨ ᠲᠠᠯᠠᠪᠠᠢ 1.9 ᠲᠡᠭᠰᠢ ᠳᠦᠷᠪᠡᠯᠵᠢᠨ ᠮᠧᠲᠷ ᠲᠤ ᠬᠦᠷᠪᠡ᠃ ᠲᠤᠰᠬᠠᠢ ᠣᠷᠣᠨ ᠤ ᠲᠡᠰ ᠤᠨ ᠬᠤᠲᠠ ᠶᠢᠨ | ᠠᠭᠠᠷ ᠤᠨ ᠴᠡᠪᠡᠷᠴᠡ ᠶᠢᠨ ᠪᠠᠷᠢᠮᠵᠢᠶ᠎ᠠ ᠳᠤ ᠬᠦᠷᠦᠭᠰᠡᠨ ᠡᠳᠦᠷ ᠤᠨ ᠬᠠᠷᠢᠴᠠᠯ 86% ᠳᠤ ᠬᠦᠷᠦᠭᠰᠡᠨ ᠪᠠᠶᠢᠨ᠎ᠠ᠃ | ᠢᠳᠡᠭᠡᠨ ᠤ ᠠᠮᠤᠷ ᠲᠦᠪᠰᠢᠨ ᠢ ᠴᠢᠩᠭᠠᠳᠬᠠᠨ᠂ ᠡᠭᠡ ᠣᠷᠣᠨᠴᠢ ᠡᠷᠡᠭᠦᠯ ᠬᠠᠮᠠᠭᠠᠯᠠᠯ ᠤᠨ ᠠᠵᠢᠯᠯᠠᠭ᠎ᠠ ᠶᠢ ᠥᠷᠭᠡᠨ | ᠳᠡᠯᠭᠡᠷᠡᠩᠭᠦᠶ ᠦᠷᠨᠢᠬᠦᠯᠦᠭᠰᠡᠨ ᠢᠶᠠᠷ ᠠᠷᠠᠳ ᠲᠦᠮᠡᠨ ᠤ ᠡᠷᠡᠭᠦᠯ ᠮᠡᠨᠳᠦ ᠶᠢᠨ ᠬᠢᠷᠢ ᠲᠦᠪᠰᠢᠨ ᠤ ᠳᠡᠭᠡᠭᠰᠢᠯᠡᠯᠲᠡ ᠶᠢ | ᠬᠦᠴᠦᠲᠡᠶ ᠠᠬᠢᠭᠤᠯᠵᠠᠢ᠃ | |