ᠠᠭᠤᠤ ᠶᠡᠭᠡ ᠬᠦᠰᠡᠯ ᠵᠡᠬᠦᠳᠤ ᠶᠢᠨ ᠰᠢᠨ᠎ᠡ ᠠᠤᠭ᠎ᠠ ᠲᠦᠯᠥᠪᠯᠡᠭᠡ ᠶᠢ ᠵᠢᠷᠤᠬᠯᠠᠵᠥ᠂ ᠠᠭᠤᠤ ᠶᠡᠭᠡ | ᠦᠢᠯᠡᠰ ᠤᠨ ᠰᠢᠨ᠎ᠡ ᠴᠠᠭ ᠦᠶ᠎ᠡ ᠶᠢ ᠨᠡᠬᠡᠬᠡᠨᠡᠮ᠃ ᠲᠠᠶᠠᠩ ᠲᠡᠯᠡᠬᠡᠢ ᠶᠢᠨ ᠠᠩᠬᠠᠷᠤᠯ ᠢ ᠲᠠᠳᠠᠭᠰᠠᠠ ᠲᠤᠮᠳᠠᠳᠤ | ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ | ᠶᠡᠭᠡ ᠬᠤᠷᠠᠯ 18 ᠤ ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠡᠬᠢᠯᠡᠪᠡ᠃ | | | | 10 ᠳ᠋ᠤᠭᠠᠷ ᠰᠠᠷ᠎ᠠ ᠶᠢᠨ 18 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠬᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢ ᠲᠦᠯᠦᠬᠡᠯᠡᠨ ᠶᠡᠭᠡ ᠬᠤᠷᠠᠯ ᠳᠤ ᠢᠯᠡᠳᠬᠡᠯ ᠬᠢᠵᠡᠢ᠃ | | | ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠡᠮᠤᠨ᠎ᠡ ᠠᠴᠠ ᠶᠡᠭᠡ | ᠬᠤᠷᠠᠯ ᠳᠤ ︽ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ ᠤᠯᠵᠥ᠂ ᠰᠢᠨ᠎ᠡ | ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ | ᠤᠯᠤᠶ᠎ᠠ︾ ᠬᠡᠬᠦ ᠰᠡᠳᠤᠪ ᠢᠶᠠᠷ ᠢᠯᠡᠳᠬᠡᠯ ᠬᠢᠪᠡ᠃ ᠰᠢ ᠶᠢᠨ ᠫᠢᠩ᠂ ᠲᠤᠮᠳᠠᠳᠤ ᠤᠯᠤᠰ ᠤᠨ ᠡᠪ ᠬᠠᠮᠳᠤ ᠨᠠᠮ ᠤᠨ | ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠤᠯ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠱᠠᠳᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠰᠢᠨ᠎ᠡ ᠴᠠᠭ ᠦᠶ᠎ᠡ ᠳᠤ ᠤᠷᠤᠭᠰᠠᠠ ᠵᠠᠩᠬᠢᠯᠠᠭ᠎ᠠ ᠶᠢᠨ ᠦᠶ᠎ᠡ ᠳᠤ ᠬᠤᠷᠠᠯᠳᠤᠭᠰᠠᠠ ᠨᠢᠬᠡ ᠤᠳᠠᠭ᠎ᠠ ᠶᠢᠨ | ᠲᠦᠢᠯ ᠤᠨ ᠴᠢᠬᠤᠯᠠ ᠶᠡᠭᠡ ᠬᠤᠷᠠᠯ ᠪᠤᠯᠤᠨ᠎ᠠ᠃ ᠶᠡᠭᠡ ᠬᠤᠷᠠᠯ ᠤᠨ ᠭᠤᠤᠯ ᠰᠡᠳᠤᠪ ᠪᠤᠯ᠄ ᠤᠭ ᠰᠠᠨᠠᠭ᠎ᠠ ᠪᠠᠨ | ᠦᠯᠥ ᠮᠠᠷᠳᠠᠵᠥ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠠᠭᠤᠤ ᠶᠡᠭᠡ ᠢᠯᠡᠯᠳᠡ ᠶᠢ ᠲᠡᠮᠡᠴᠡᠨ ᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ | ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ | ᠲᠡᠮᠡᠴᠡᠬᠦ ᠶᠠᠪᠤᠳᠠᠯ ᠪᠤᠯᠤᠨ᠎ᠡ ᠬᠡᠵᠥ ᠵᠢᠭᠠᠵᠥ ᠭᠠᠷᠭᠠᠪᠠ᠃ | ᠠᠷᠠᠳ ᠤᠨ ᠶᠡᠭᠡ ᠬᠤᠷᠠᠯ ᠤᠨ ᠲᠠᠩᠬᠢᠮ ᠰᠦᠷ ᠵᠢᠪᠬᠤᠯᠠᠩᠳᠠᠢ ᠪᠦᠭᠡᠳ ᠲᠦᠪ ᠬᠢᠴᠢᠶᠠᠩᠬᠦᠢ᠂ ᠲᠦᠮᠡᠨ | ᠬᠦᠮᠥᠨ ᠤ ᠶᠤᠰᠤᠯᠠᠯ ᠤᠨ ᠲᠠᠩᠬᠢᠮ ᠳᠤ ᠪᠠᠶᠠᠷ ᠬᠦᠷ ᠢᠶᠠᠷ ᠪᠢᠯᠬᠠᠵᠥ ᠪᠠᠶᠢᠯ᠎ᠠ᠃ ᠲᠡᠷᠢᠬᠦᠯᠡᠭᠴᠢ ᠶᠢᠨ ᠲᠠᠶᠢᠰᠠᠨ ᠤ | ᠲᠡᠭᠡᠷ᠎ᠡ ᠲᠠᠯ᠎ᠠ ᠳᠤ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ | ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ︾ ᠬᠡᠬᠦ ᠬᠤᠷᠠᠯ ᠤᠨ ᠲᠡᠮᠳᠡᠭ ᠢ ᠡᠯᠬᠦᠵᠥ᠂ ᠠᠷᠤ ᠶᠢᠨ | ᠬᠦᠰᠢᠬᠡ ᠶᠢᠨ ᠭᠤᠤᠯ ᠲᠤᠮᠳᠠ ᠨᠢ ᠠᠯᠤᠬ᠎ᠠ ᠬᠠᠳᠤᠭᠤᠷ ᠢᠶᠠᠷ ᠪᠦᠷᠢᠯᠳᠦᠭᠰᠡᠡ ᠨᠠᠮ ᠤᠨ ᠰᠦᠯᠳᠡ ᠶᠢ ᠡᠯᠬᠦᠵᠥ᠂ | 10 ᠤᠯᠠᠭᠠᠨ ᠲᠤᠭ ᠢ ᠬᠤᠶᠠᠷ ᠲᠠᠯ᠎ᠠ ᠪᠠᠷ ᠨᠢ ᠵᠡᠷᠭᠡᠯᠡᠨ ᠲᠠᠯᠪᠢᠵᠠᠢ᠃ ᠬᠤᠶᠠᠳᠤᠭᠠᠷ ᠲᠠᠪᠬᠤᠷᠯᠢᠭ ᠪᠤᠯᠤᠨ | ᠭᠤᠷᠪᠠᠳᠤᠭᠠᠷ ᠲᠠᠪᠬᠤᠷᠯᠢᠭ ᠤᠨ ᠪᠠᠷᠠᠯᠠᠬᠤ ᠲᠠᠶᠢᠰᠠᠨ ᠲᠡᠭᠡᠷ᠎ᠡ ︽ᠤᠭ ᠰᠠᠨᠠᠭ᠎ᠠ ᠪᠠᠨ ᠦᠯᠥ ᠮᠠᠷᠳᠠᠵᠥ᠂ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ | ᠶᠡᠭᠡ ᠲᠤᠭ ᠢ ᠦᠨᠳᠤᠷ ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ | ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ | ᠠᠭᠤᠤ ᠶᠡᠭᠡ ᠢᠯᠡᠯᠳᠡ ᠶᠢ ᠲᠡᠮᠡᠴᠡᠨ ᠤᠯᠵᠥ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ ᠲᠦᠯᠥᠬᠡ ᠴᠦᠬᠦᠷᠡᠰᠢ ᠦᠭᠡᠢ ᠲᠡᠮᠡᠴᠡᠶ᠎ᠡ︕︾᠂ | ︽ᠠᠭᠤᠤ ᠶᠡᠭᠡ᠂ ᠢᠷᠠᠭᠤ ᠠᠯᠳᠠᠷᠳᠠᠢ᠂ ᠵᠦᠪ ᠤᠨᠤᠪᠴᠢᠳᠠᠢ ᠲᠤᠮᠳᠠᠳᠤ ᠤᠯᠤᠰ ᠤᠨ ᠡᠪ ᠬᠠᠮᠳᠤ ᠨᠠᠮ | ᠮᠠᠨᠳᠤᠳᠤᠭᠠᠢ︕︾ ᠬᠡᠬᠦ ᠬᠦᠨᠳᠡᠯᠨᠨ ᠪᠢᠴᠢᠭᠡᠰᠤ ᠶᠢ ᠲᠤᠰ ᠲᠤᠰ ᠡᠯᠬᠦᠵᠠᠢ᠃ | | | | 10 ᠳ᠋ᠤᠭᠠᠷ ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠬᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠵᠢᠷᠤᠭ ᠪᠤᠯ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ | ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠵᠢᠶᠠᠩ ᠽᠧ ᠮᠢᠨ᠂ ᠬᠤ᠋ ᠶᠢᠨ ᠲᠤᠤ | ᠨᠠᠷ ᠲᠠᠷᠢᠬᠦᠯᠡᠭᠴᠢ ᠶᠢᠨ ᠲᠠᠶᠢᠰᠠᠨ ᠲᠠᠬᠡᠷ᠎ᠠ ᠪᠠᠶᠢᠭ᠎ᠠ ᠨᠢ᠃ | | | ᠲᠡᠷᠢᠬᠦᠯᠡᠭᠴᠢ ᠶᠢᠨ ᠲᠠᠶᠢᠰᠠᠨ ᠤ ᠡᠮᠤᠨ᠎ᠡ ᠮᠦᠷ ᠲᠤ ᠰᠠᠭᠠᠳᠠᠭᠰᠠᠠ ᠶᠡᠭᠡ ᠬᠤᠷᠠᠯ ᠤᠨ ᠲᠡᠷᠢᠬᠦᠯᠡᠭᠴᠢᠳ ᠤᠨ | ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ ᠳᠤ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ | ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ ᠵᠠᠩ ᠭᠤᠤ ᠯᠢ᠂ ᠮᠠ ᠺᠠᠢ᠂ ᠸᠠᠩ ᠬᠤ᠋ ᠨᠢᠩ᠂ ᠯᠢᠦ | ᠶᠠᠨ ᠳ᠋ᠦᠩ᠂ ᠯᠢᠦ ᠴᠢ ᠪᠤᠤ᠂ ᠰᠢᠤᠢ ᠴᠢ ᠯᠢᠶᠠᠩ᠂ ᠰᠦᠨ ᠴᠦᠨ ᠯᠠᠨ᠂ ᠯᠢ ᠵᠢᠶᠠᠨ ᠬᠦᠸᠧ᠂ ᠯᠢ ᠶᠤᠸᠠᠨ ᠴᠤᠤ | ᠂ ᠸᠠᠩ ᠶᠠᠩ᠂ ᠵᠠᠩ ᠴᠦᠨ ᠰᠢᠶᠠᠨ᠂ ᠹᠠᠨ ᠴᠠᠩ ᠯᠥᠩ᠂ ᠮᠧᠩ ᠵᠢᠶᠠᠨ ᠵᠦ᠂ ᠵᠤᠤ ᠯᠧ ᠵᠢᠢ᠂ ᠬᠤ᠋ ᠴᠦᠨ | ᠬᠤᠸᠠ᠂ ᠯᠢ ᠵᠠᠨ ᠱᠦ᠂ ᠬᠦᠸᠧ ᠶᠢᠨ ᠯᠥᠩ᠂ ᠬᠠᠨ ᠵᠧᠩ᠂ ᠵᠢᠶᠠᠩ ᠽᠧ ᠮᠢᠨ᠂ ᠬᠤ᠋ ᠶᠢᠨ ᠲᠤᠤ᠂ ᠯᠢ ᠫᠧᠩ᠂ | ᠵᠦ ᠷᠦᠩ ᠵᠢᠢ᠂ ᠯᠢ ᠷᠦᠢ ᠬᠤᠸᠠᠨ᠂ ᠦ᠋ ᠪᠠᠩ ᠬᠦᠸᠧ᠂ ᠸᠧᠨ ᠵᠢᠶᠠ ᠪᠤᠤ᠂ ᠵᠢᠶᠠ ᠴᠢᠩ ᠯᠢᠨ᠂ ᠰᠦᠩ ᠫᠢᠩ᠂ | ᠯᠢ ᠯᠠᠨ ᠴᠢᠩ᠂ ᠽᠧᠩ ᠴᠢᠩ ᠬᠤᠩ᠂ ᠦ᠋ ᠭᠤᠸᠠᠨ ᠵᠧᠩ᠂ ᠯᠢ ᠴᠠᠩ ᠴᠦᠨ᠂ ᠡᡁᠧ ᠬᠦᠸᠧ ᠴᠢᠶᠠᠩ᠂ ᠳ᠋ᠦ᠋ | ᠴᠢᠩ ᠯᠢᠨ᠂ ᠵᠤᠤ ᠬᠤᠩ ᠵᠦ᠂ ᠶᠠᠩ ᠵᠢᠩ ᠪᠠᠶᠢᠨ᠎ᠠ᠃ | ᠶᠡᠭᠡ ᠬᠤᠷᠠᠯ ᠢ ᠯᠢ ᠺᠧ ᠴᠢᠶᠠᠩ ᠡᠷᠬᠢᠯᠡᠪᠡ᠃ ᠦᠳᠡ ᠶᠢᠨ ᠡᠮᠤᠨᠡᠬᠢ 9 ᠴᠠᠭ ᠲᠤ᠂ ᠶᠡᠭᠡ ᠬᠤᠷᠠᠯ | ᠡᠬᠢᠯᠡᠵᠦ᠂ ᠪᠦᠬᠦᠳᠡᠭᠡᠷ ᠢᠶᠠᠨ ᠪᠤᠰᠴᠦ ᠵᠤᠭᠰᠤᠨ᠂ ︽ᠪᠦᠬᠦᠳᠡ ᠨᠠᠶᠢᠷᠠᠮᠳᠠᠬᠤ ᠲᠤᠮᠳᠠᠳᠤ ᠠᠷᠠᠳ ᠤᠯᠤᠰ ᠤᠨ | ᠰᠦᠯᠳᠡ ᠲᠠᠭᠤᠤ︾ ᠶᠢ ᠬᠠᠩᠬᠢᠨᠠᠳᠠᠯ᠎ᠠ ᠲᠠᠭᠤᠯᠠᠪᠠ᠃ ᠲᠠᠷᠠᠭ᠎ᠠ ᠨᠢ᠂ ᠪᠦᠭᠦᠳᠡᠭᠡᠷ ᠢᠶᠠᠨ ᠮᠠᠤ ᠽᠧ ᠳ᠋ᠦᠩ᠂ ᠵᠸᠥ | ᠡᠸ᠋ᠨ ᠯᠠᠢ᠂ ᠯᠢᠦ ᠱᠤᠤ ᠴᠢ᠂ ᠵᠦ ᠳ᠋ᠧ᠂ ᠳ᠋ᠧᠩ ᠰᠢᠶᠤᠤ ᠫᠢᠩ᠂ ᠴᠧᠨ ᠶᠦᠨ ᠵᠡᠷᠬᠡ ᠨᠠᠰᠤ ᠪᠠᠷᠠᠭᠰᠠᠠ ᠠᠬᠠᠮᠠᠳ | ᠨᠢᠬᠡ ᠦᠶ᠎ᠡ ᠶᠢᠨ ᠦᠬᠡᠶᠢᠬᠦᠤ ᠠᠩᠬᠢ ᠶᠢᠨ ᠬᠤᠪᠢᠰᠬᠠᠯᠴᠢ ᠪᠤᠯᠤᠨ ᠬᠤᠪᠢᠰᠬᠠᠯ ᠤᠨ ᠦᠷᠡᠭᠳᠡᠭᠰᠡᠨ ᠪᠠᠭᠠᠳᠤᠷᠴᠤᠳ ᠢ | ᠨᠠᠮᠠᠨᠴᠢᠯᠠᠨ ᠭᠠᠰᠢᠭᠤᠳᠠᠪᠠ᠃ | | | | 10 ᠳ᠋ᠤᠭᠠᠷ ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠬᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠯᠢ ᠺᠧ ᠴᠢᠶᠠᠩ ᠶᠡᠭᠡ ᠬᠤᠷᠠᠯ ᠢ ᠡᠷᠬᠢᠯᠡᠪᠡ᠃ | | ᠯᠢ ᠺᠧ ᠴᠢᠶᠠᠩ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ | 2280 ᠬᠦᠮᠥᠨ᠂ ᠤᠨᠴᠠ ᠤᠷᠢᠭᠰᠠᠠ ᠲᠦᠯᠥᠬᠡᠯᠡᠭᠴᠢ 74 ᠬᠦᠮᠥᠨ᠂ ᠨᠡᠶᠢᠳᠡ 2354 ᠬᠦᠮᠥᠨ ᠪᠤᠢ᠂ ᠡᠨᠡ | ᠡᠳᠤᠷ ᠤᠨ ᠬᠤᠷᠠᠯ ᠳᠤ 2338 ᠬᠦᠮᠥᠨ ᠤᠷᠤᠯᠴᠠᠵᠡᠢ ᠬᠡᠵᠥ ᠨᠡᠶᠢᠳᠡᠯᠡᠪᠡ᠃ ᠲᠡᠷᠡ ᠶᠡᠭᠡ ᠬᠤᠷᠠᠯ ᠳᠤ ᠰᠤᠯᠠ | ᠤᠷᠤᠯᠴᠠᠭᠰᠠᠠ ᠨᠠᠮ ᠤᠨ ᠭᠠᠳᠠᠨᠠᠬᠢ ᠨᠠᠶᠢᠵᠢ ᠨᠠᠷ ᠪᠤᠯᠤᠨ ᠬᠤᠯᠪᠤᠬᠳᠠᠯ ᠪᠦᠬᠦᠢ ᠲᠠᠯ᠎ᠠ ᠶᠢᠨ ᠬᠠᠷᠢᠭᠤᠴᠠᠯᠭᠠᠳᠠᠨ | ᠨᠦᠬᠦᠳ ᠢ ᠬᠠᠯᠠᠭᠤᠨ ᠢᠶᠠᠷ ᠤᠬᠳᠤᠵᠥ ᠪᠠᠶᠢᠬᠤ ᠪᠠᠨ ᠢᠯᠡᠳᠬᠡᠵᠡᠢ᠃ | | | | 10 ᠳ᠋ᠤᠭᠠᠷ ᠰᠠᠷ᠎ᠠ ᠶᠢᠨ 18 ᠤ ᠡᠳᠦᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠬᠡᠵᠢᠩ ᠤᠨ ᠠᠷᠠᠳ ᠤᠨ | ᠶᠡᠭᠡ ᠬᠤᠷᠠᠯ ᠤᠨ ᠲᠠᠩᠬᠢᠮ ᠳᠤ ᠡᠬᠢᠯᠡᠪᠡ᠃ ᠰᠢ ᠶᠢᠨ ᠫᠢᠩ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠡᠮᠤᠨ᠎ᠡ ᠠᠴᠠ ᠶᠡᠭᠡ ᠬᠤᠷᠠᠯ ᠳᠤ ᠢᠯᠡᠳᠬᠡᠯ ᠬᠢᠪᠡ᠃ | | ᠰᠢ ᠶᠢᠨ ᠫᠢᠩ ᠤᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠡᠮᠤᠨ᠎ᠡ ᠠᠴᠠ | ᠶᠡᠭᠡ ᠬᠤᠷᠠᠯ ᠳᠤ ᠬᠢᠭᠰᠡᠡ ᠢᠯᠡᠳᠬᠡᠯ ᠢ 13 ᠬᠡᠰᠡᠭ ᠬᠤᠪᠢᠶᠠᠪᠠ᠄ ᠨᠢᠬᠡ᠂ ᠦᠩᠬᠡᠷᠡᠭᠰᠡᠡ ᠲᠠᠪᠤᠨ ᠵᠢᠯ ᠤᠨ ᠠᠵᠢᠯ | ᠪᠤᠯᠤᠨ ᠲᠡᠤᠬᠡᠳᠤ ᠴᠢᠨᠠᠷᠳᠠᠢ ᠬᠤᠪᠢᠰᠤᠯᠳᠠ︔ ᠬᠤᠶᠠᠷ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠡᠪ | ᠬᠠᠮᠳᠤ ᠨᠠᠮ ᠤᠨ ᠲᠡᠤᠬᠡᠳᠤ ᠡᠬᠦᠷᠬᠡ︔ ᠭᠤᠷᠪᠠ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠬᠡᠮ ᠵᠢᠷᠤᠮ ᠤᠨ ᠦᠵᠡᠯ ᠰᠠᠨᠠᠭ᠎ᠠ ᠪᠤᠯᠤᠨ ᠦᠨᠳᠦᠰᠦᠨ ᠠᠷᠭ᠎ᠠ ᠪᠤᠳᠤᠯᠭ᠎ᠠ︔ ᠲᠦᠷᠪᠡ᠂ ᠴᠢᠨᠡᠭᠡᠯᠢᠭ ᠨᠡᠶᠢᠬᠡᠮ ᠢ | ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠵᠥ᠂ ᠨᠡᠶᠢᠬᠡᠮ ᠵᠢᠷᠤᠮ ᠤᠨ ᠤᠳᠤᠬᠢᠴᠢᠯᠠᠭᠰᠠᠠ | ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠡ ᠠᠶᠠᠯᠠᠯ ᠢᠶᠠᠨ ᠡᠬᠢᠯᠡᠬᠦᠯᠤᠨ᠎ᠡ︔ ᠲᠠᠪᠤ᠂ ᠰᠢᠨ᠎ᠡ | ᠬᠦᠭᠵᠢᠯᠳᠡ ᠶᠢᠨ ᠤᠨᠤᠯᠵᠢᠬᠤᠨ ᠢ ᠲᠤᠤᠱᠯᠠᠭᠤᠯᠵᠥ᠂ ᠤᠳᠤᠬᠢᠴᠢᠯᠠᠭᠰᠠᠠ ᠠᠵᠥ ᠠᠬᠤᠢ ᠶᠢᠨ ᠰᠢᠰᠲ᠋ᠧᠮᠵᠢ ᠶᠢ | ᠪᠠᠶᠢᠭᠤᠯᠤᠨ᠎ᠠ︔ ᠵᠢᠷᠭᠤᠭ᠎ᠠ᠂ ᠠᠷᠠᠳ ᠲᠦᠮᠡᠨ ᠡᠷᠬᠡ ᠮᠡᠳᠡᠵᠥ ᠡᠵᠡᠨ ᠰᠠᠭᠤᠬᠤ ᠲᠦᠷᠢᠮ ᠤᠨ ᠰᠢᠰᠲ᠋ᠧᠮ ᠢ | ᠲᠡᠬᠦᠯᠳᠡᠷᠵᠢᠬᠦᠯᠵᠥ᠂ ᠨᠡᠶᠢᠬᠡᠮ ᠵᠢᠷᠤᠮ ᠤᠨ ᠠᠷᠠᠳᠴᠢᠯᠠᠭᠰᠠᠠ ᠤᠯᠤᠰ ᠲᠦᠷᠦ ᠶᠢ ᠬᠦᠭᠵᠢᠬᠦᠯᠤᠨ᠎ᠡ︔ ᠲᠤᠯᠤᠭ᠎ᠠ᠂ | ᠰᠤᠶᠤᠯ ᠤᠨ ᠢᠲᠡᠭᠡᠯ ᠢᠶᠠᠨ ᠪᠠᠲᠤᠳᠬᠠᠵᠦ᠂ ᠨᠡᠶᠢᠭᠡᠮ ᠵᠢᠷᠤᠮ ᠤᠨ ᠰᠤᠶᠤᠯ ᠤᠨ ᠴᠡᠴᠡᠭᠯᠡᠯ ᠬᠦᠭᠵᠢᠯ ᠢ | ᠠᠬᠢᠭᠤᠯᠤᠨ᠎ᠠ︔ ᠨᠠᠢᠮᠠ᠂ ᠠᠷᠠᠳ ᠤᠨ ᠠᠮᠢᠲᠤᠷᠠᠯ ᠢ ᠪᠠᠲᠤᠯᠠᠠ ᠰᠠᠶᠢᠵᠢᠷᠠᠭᠤᠯᠬᠤ ᠲᠦᠪᠰᠢᠨ ᠢ ᠲᠡᠭᠡᠭᠰᠢᠯᠡᠭᠦᠯᠤᠨ᠎ᠡ︔ | ᠶᠢᠰᠦ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠷᠭᠡᠳᠭᠡᠵᠦ᠂ | ᠦᠵᠡᠰᠭᠦᠯᠡᠩᠳᠤ ᠰᠠᠶᠢᠬᠠᠠ ᠲᠤᠮᠲᠠᠲᠤ ᠤᠯᠤᠰ ᠢ ᠪᠦᠲᠦᠭᠡᠡ ᠪᠠᠶᠢᠭᠤᠯᠤᠨ᠎ᠠ︔ ᠠᠷᠪᠠ᠂ ᠲᠤᠮᠲᠠᠲᠤ ᠤᠯᠤᠰ ᠤᠨ | ᠤᠨᠴᠠᠯᠢᠭ ᠲᠠᠢ ᠴᠡᠷᠢᠭ ᠢ ᠬᠦᠴᠦᠷᠭᠡᠭᠵᠢᠭᠦᠯᠬᠦ ᠵᠠᠮ ᠢᠶᠠᠷ ᠵᠠᠮᠨᠠᠬᠤ ᠶᠢ ᠪᠠᠷᠢᠮᠲᠠᠯᠠᠵᠦ᠂ ᠤᠯᠤᠰ ᠤᠨ ᠪᠠᠲᠤᠯᠠᠠ | ᠬᠠᠮᠠᠭᠠᠯᠠᠯᠲᠠ ᠪᠠ ᠴᠡᠷᠢᠭ ᠠᠩᠭᠢ ᠶᠢᠨ ᠤᠲᠤᠬᠢᠴᠢᠯᠠᠯᠲᠠ ᠶᠢ ᠪᠦᠬᠦ ᠲᠠᠯ᠎ᠠ ᠪᠠᠷ ᠠᠬᠢᠭᠤᠯᠤᠨ᠎ᠠ︔ ᠠᠷᠪᠠᠠ ᠨᠢᠭᠡ᠂ ︽ | ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠶᠢ ᠪᠠᠷᠢᠮᠲᠠᠯᠠᠵᠦ᠂ ᠡᠭᠡ ᠤᠯᠤᠰ ᠤᠨ ᠨᠢᠭᠡᠲᠦᠯ ᠢ | ᠠᠬᠢᠭᠤᠯᠤᠨ᠎ᠠ︔ ᠠᠷᠪᠠᠠ ᠬᠤᠶᠠᠷ᠂ ᠡᠩᠭᠡ ᠲᠠᠶᠢᠪᠤᠩ ᠬᠦᠭᠵᠢᠯᠲᠠ ᠶᠢᠨ ᠵᠠᠮ ᠢ ᠪᠠᠷᠢᠮᠲᠠᠯᠠᠵᠦ᠂ ᠬᠦᠮᠦᠨ | ᠲᠦᠷᠦᠯᠬᠢᠲᠡᠡ ᠤ ᠬᠤᠪᠢ ᠵᠠᠶᠠᠭᠠᠠ ᠤ ᠬᠠᠮᠲᠤ ᠶᠢᠨ ᠴᠤᠭᠴᠠ ᠶᠢ ᠪᠠᠶᠢᠭᠤᠯᠬᠤ ᠶᠢ ᠠᠬᠢᠭᠤᠯᠤᠨ᠎ᠠ︔ ᠠᠷᠪᠠᠠ | ᠭᠤᠷᠪᠠ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠲᠠᠯᠠᠵᠦ᠂ ᠨᠠᠮ ᠤᠨ ᠲᠦᠷᠦ ᠪᠠᠷᠢᠬᠤ ᠴᠢᠳᠠᠪᠤᠷᠢ | ᠪᠤᠯᠤᠨ ᠤᠲᠤᠷᠢᠳᠬᠤ ᠲᠦᠪᠰᠢᠨ ᠢ ᠲᠠᠰᠤᠷᠠᠯᠲᠠ ᠦᠭᠡᠢ ᠲᠡᠭᠡᠭᠰᠢᠯᠡᠭᠦᠯᠤᠨ᠎ᠡ᠃ | ᠰᠢ ᠶᠢᠨ ᠫᠢᠩ ᠢᠯᠡᠳᠭᠡᠯ ᠳᠡᠭᠡᠨ᠂ ᠠᠷᠪᠠᠠ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠠᠪᠤᠠ ᠵᠢᠯ ᠳᠤ᠂ | ᠪᠢᠲᠠ ᠲᠤᠭᠲᠠᠭᠤᠨ ᠪᠠᠶᠢᠯᠭᠠᠬᠤ ᠪᠦᠭᠡᠳ ᠤᠷᠤᠭᠰᠢᠯᠠᠠ ᠲᠠᠪᠰᠢᠬᠤ ᠠᠵᠢᠯ ᠤᠨ ᠬᠦᠭ ᠠᠶᠠᠰ ᠢ ᠪᠠᠷᠢᠮᠲᠠᠯᠠᠵᠦ᠂ | ᠬᠦᠴᠢᠷ ᠢ ᠲᠤᠭᠤᠯᠤᠨ ᠤᠷᠤᠭᠰᠢᠯᠠᠵᠦ᠂ ᠵᠠᠮ ᠨᠡᠭᠡᠭᠡᠡ ᠤᠷᠤᠭᠰᠢᠯᠠᠵᠦ᠂ ᠦᠭᠡᠷᠡᠴᠢᠯᠡᠯᠲᠡ ᠨᠡᠭᠡᠭᠡᠯᠲᠡ ᠪᠤᠯᠤᠨ | ᠨᠡᠶᠢᠭᠡᠮ ᠵᠢᠷᠤᠮ ᠤᠨ ᠤᠲᠤᠬᠢᠴᠢᠯᠠᠯᠲᠠ ᠶᠢᠨ ᠪᠦᠲᠦᠭᠡᠡ ᠪᠠᠶᠢᠭᠤᠯᠤᠯᠲᠠ ᠶᠢᠨ ᠲᠡᠤᠬᠡᠲᠦ ᠴᠢᠨᠠᠷᠲᠠᠢ ᠠᠮᠵᠢᠯᠲᠠ ᠶᠢ | ᠤᠯᠵᠦ᠂ ᠨᠠᠮ ᠪᠠ ᠤᠯᠤᠰ ᠤᠨ ᠠᠵᠢᠯ ᠦᠢᠯᠡᠰ ᠪᠦᠬᠦ ᠲᠠᠯ᠎ᠠ ᠪᠠᠷ ᠰᠢᠨ᠎ᠠ ᠪᠠᠶᠢᠲᠠᠯ ᠢ ᠡᠭᠦᠳᠴᠠᠢ᠄ ᠠᠵᠦ | ᠠᠬᠤᠢ ᠶᠢᠨ ᠪᠦᠲᠦᠭᠡᠡ ᠪᠠᠶᠢᠭᠤᠯᠤᠯᠲᠠ ᠴᠢᠬᠤᠯᠠ ᠶᠡᠭᠡ ᠠᠮᠵᠢᠯᠲᠠ ᠤᠯᠪᠠ︔ ᠦᠭᠡᠷᠡᠴᠢᠯᠡᠯᠲᠡ ᠶᠢ ᠪᠦᠬᠦ ᠲᠠᠯ᠎ᠠ ᠪᠠᠷ | ᠬᠦᠨᠵᠡᠭᠡᠶᠢᠷᠡᠭᠦᠯᠬᠦ ᠠᠵᠢᠯ ᠴᠢᠬᠤᠯᠠ ᠶᠡᠭᠡ ᠲᠠᠪᠠᠯᠲᠠ ᠲᠠᠢ ᠪᠤᠯᠪᠠ︔ ᠠᠷᠠᠳᠴᠢᠯᠠᠯ ᠬᠠᠤᠯᠢᠵᠢᠯ ᠤᠨ ᠪᠠᠶᠢᠭᠤᠯᠤᠯᠲᠠ | ᠴᠢᠬᠤᠯᠠ ᠶᠡᠭᠡ ᠠᠯᠬᠤᠮ ᠢ ᠠᠯᠬᠤᠪᠠ︔ ᠦᠵᠡᠯ ᠰᠠᠨᠠᠭ᠎ᠠ ᠰᠤᠶᠤᠯ ᠤᠨ ᠪᠠᠶᠢᠭᠤᠯᠤᠯᠲᠠ ᠴᠢᠬᠤᠯᠠ ᠶᠡᠭᠡ | ᠠᠬᠢᠯᠲᠠ ᠲᠠᠢ ᠪᠤᠯᠪᠠ︔ ᠠᠷᠠᠳ ᠲᠦᠮᠡᠡ ᠤ ᠠᠮᠢᠲᠤᠷᠠᠯ ᠲᠠᠰᠣᠷᠠᠯᠲᠠ ᠦᠭᠡᠢ ᠰᠠᠶᠢᠵᠢᠷᠠᠪᠠ︔ ᠠᠮᠢ ᠠᠬᠤᠢ ᠶᠢᠨ | ᠪᠤᠯᠪᠠᠰᠤᠨ ᠤ ᠪᠠᠶᠢᠭᠤᠯᠤᠯᠲᠠ ᠮᠡᠲᠡᠭᠲᠡᠮ᠎ᠠ ᠠᠮᠵᠢᠯᠲᠠ ᠤᠯᠪᠠ︔ ᠴᠡᠷᠢᠭ ᠢ ᠬᠦᠴᠦᠷᠭᠡᠭᠵᠢᠭᠦᠯᠵᠦ ᠴᠡᠷᠢᠭ ᠢ | ᠮᠠᠠᠲᠤᠭᠤᠯᠬᠤ ᠠᠵᠢᠯ ᠰᠢᠨ᠎ᠠ ᠪᠠᠶᠢᠲᠠᠯ ᠢ ᠡᠭᠦᠳᠪᠡ︔ ᠰᠢᠶᠠᠩᠭᠠᠩ ᠤᠤᠮᠸᠠ ᠲᠠᠶᠢᠸᠠᠠ ᠤ ᠠᠵᠢᠯ ᠰᠢᠨ᠎ᠠ | ᠠᠬᠢᠯᠲᠠ ᠲᠠᠢ ᠪᠤᠯᠪᠠ︔ ᠪᠦᠬᠦ ᠲᠠᠯ᠎ᠠ ᠶᠢᠨ ᠭᠠᠲᠠᠭᠠᠲᠤ ᠬᠠᠷᠢᠯᠴᠠᠭᠠᠠ ᠤ ᠪᠠᠶᠢᠷᠢᠰᠢᠯ ᠢ ᠬᠦᠨᠵᠡᠭᠡᠢ ᠦᠷᠨᠢᠭᠦᠯᠪᠠ︔ | ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠭᠠᠳ ᠮᠡᠲᠡᠭᠲᠡᠮ᠎ᠠ ᠠᠮᠵᠢᠯᠲᠠ ᠤᠯᠪᠠ᠃ ᠡᠭᠦᠨ ᠤ ᠲᠠᠭᠠᠤ ᠳᠤ᠂ ᠮᠠᠠ ᠤ | ᠠᠵᠢᠯ ᠳᠤ ᠪᠠᠰᠠ ᠮᠠᠰᠢ ᠤᠯᠠᠠ ᠬᠦᠷᠦᠯᠴᠡᠬᠦ ᠦᠭᠡᠢ ᠲᠠᠯ᠎ᠠ ᠪᠠᠶᠢᠵᠦ᠂ ᠪᠠᠰᠠ ᠴᠦᠭᠡᠡ ᠪᠤᠰᠤ ᠬᠦᠴᠢᠷᠲᠠᠯ ᠪᠠ | ᠦᠷᠢᠰᠦᠯᠲᠦᠭᠡᠡ ᠳᠤ ᠲᠤᠯᠭᠠᠷᠠᠵᠦ ᠪᠠᠶᠢᠬᠤ ᠶᠢ ᠰᠡᠷᠭᠡᠭ ᠢᠶᠠᠷ ᠤᠯᠵᠦ ᠦᠵᠡᠬᠦ ᠬᠡᠷᠡᠭᠲᠡᠢ ᠭᠡᠵᠦ ᠵᠢᠭᠠᠵᠦ | ᠭᠠᠷᠭᠠᠪᠠ᠃ | ᠰᠢ ᠶᠢᠨ ᠫᠢᠩ᠂ ᠲᠠᠪᠤᠠ ᠵᠢᠯ ᠤᠨ ᠲᠤᠷᠰᠢ ᠤᠯᠤᠭᠰᠠᠠ ᠠᠮᠵᠢᠯᠲᠠ ᠪᠤᠯ ᠪᠦᠬᠦ ᠲᠠᠯ᠎ᠠ ᠶᠢᠨ᠂ ᠪᠦᠲᠦᠭᠡᠯᠴᠢ | ᠴᠢᠨᠠᠷᠲᠠᠢ ᠶᠤᠮ᠂ ᠲᠠᠪᠤᠠ ᠵᠢᠯ ᠤᠨ ᠲᠤᠷᠰᠢᠬᠢ ᠬᠤᠪᠢᠷᠠᠯᠲᠠ ᠪᠤᠯ ᠬᠦᠨ ᠲᠠᠪᠬᠤᠷᠭ᠎ᠠ ᠶᠢᠨ᠂ ᠦᠨᠲᠦᠰᠦᠨ ᠴᠢᠨᠠᠷᠲᠠᠢ | ᠶᠤᠮ᠃ ᠲᠠᠪᠤᠠ ᠵᠢᠯ ᠤᠨ ᠲᠤᠷᠰᠢ᠂ ᠮᠠᠠ ᠤ ᠨᠠᠮ ᠯᠤᠲᠦ ᠶᠡᠭᠡ ᠤᠯᠤᠰ ᠲᠦᠷᠦ ᠶᠢᠨ ᠰᠦᠰᠦ ᠵᠤᠷᠢᠭ ᠪᠤᠯᠤᠨ | ᠴᠢᠩᠭ᠎ᠠ ᠬᠠᠷᠢᠭᠤᠴᠠᠯᠭ᠎ᠠ ᠡᠭᠦᠷᠬᠡᠯᠡᠬᠦ ᠤᠪᠤᠷ ᠢᠶᠠᠷ᠂ ᠠᠯᠢ ᠤᠯᠠᠠ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ | ᠰᠢᠨ᠎ᠠ ᠪᠠᠶᠢᠯᠲᠤᠬᠤ ᠪᠤᠲᠤᠯᠭ᠎ᠠ ᠶᠢ ᠲᠤᠷᠠᠳᠴᠤ᠂ ᠠᠯᠢ ᠤᠯᠠᠠ ᠴᠢᠬᠤᠯᠠ ᠶᠡᠭᠡ ᠴᠢᠭᠯᠡᠯᠲᠡ ᠲᠦᠷᠦ ᠶᠢᠨ | ᠪᠤᠲᠤᠯᠭ᠎ᠠ ᠶᠢ ᠲᠤᠭᠲᠠᠭᠠᠵᠦ᠂ ᠠᠯᠢ ᠤᠯᠠᠠ ᠴᠢᠬᠤᠯᠠ ᠶᠡᠭᠡ ᠠᠷᠭ᠎ᠠ ᠬᠡᠮᠵᠢᠶ᠎ᠡ ᠶᠢ ᠭᠡᠷᠡᠭᠵᠢᠭᠦᠯᠤᠨ᠂ ᠠᠯᠢ ᠤᠯᠠᠠ | ᠴᠢᠬᠤᠯᠠ ᠶᠡᠭᠡ ᠠᠵᠢᠯ ᠢ ᠠᠬᠢᠭᠤᠯᠵᠦ᠂ ᠰᠢᠢᠳᠪᠤᠷᠢᠯᠡᠬᠦ ᠪᠠᠷ ᠤᠷᠳᠤ ᠬᠤᠭᠤᠴᠠᠭ᠎ᠠ ᠪᠤᠳᠤᠵᠤ ᠪᠠᠶᠢᠬᠰᠠᠨ ᠪᠤᠯᠪᠠᠴᠤ | ᠰᠢᠢᠳᠪᠤᠷᠢᠯᠡᠵᠤ ᠲᠡᠶᠢᠯᠦᠭᠡᠳᠤᠢ ᠪᠠᠶᠢᠬᠰᠠᠨ ᠮᠠᠰᠢ ᠤᠯᠠᠨ ᠬᠦᠴᠢᠷ ᠠᠰᠠᠭᠤᠳᠠᠯ ᠢ ᠰᠢᠢᠳᠪᠤᠷᠢᠯᠡᠵᠤ᠂ | ᠦᠡᠭᠭᠡᠷᠡᠭᠰᠡᠨ ᠳᠤ ᠪᠦᠳᠦᠭᠡᠬᠦ ᠪᠠᠷ ᠪᠤᠳᠤᠵᠤ ᠪᠠᠶᠢᠬᠰᠠᠨ ᠪᠤᠯᠪᠠᠴᠤ ᠪᠦᠳᠦᠭᠡᠵᠤ ᠲᠡᠶᠢᠯᠦᠭᠡᠳᠦᠢ ᠪᠠᠶᠢᠬᠰᠠᠨ ᠮᠠᠰᠢ | ᠤᠯᠠᠨ ᠶᠡᠭᠡ ᠶᠠᠪᠤᠳᠠᠯ ᠢ ᠪᠦᠳᠦᠭᠡᠵᠤ᠂ ᠨᠠᠮ ᠪᠠ ᠤᠯᠤᠰ ᠤᠨ ᠠᠵᠢᠯ ᠦᠢᠯᠡᠰ ᠲᠤ ᠲᠡᠤᠭᠡᠲᠦ ᠴᠢᠨᠠᠷᠲᠠᠢ | ᠬᠤᠪᠢᠷᠠᠯᠲᠠ ᠭᠠᠷᠬᠤ ᠶᠢ ᠠᠬᠢᠭᠤᠯᠵᠠᠢ᠃ ᠡᠲᠡᠭᠡᠷ ᠲᠡᠤᠭᠡᠲᠦ ᠴᠢᠨᠠᠷᠲᠠᠢ ᠬᠤᠪᠢᠷᠠᠯᠲᠠ ᠨᠢ ᠨᠠᠮ ᠪᠠ ᠤᠯᠤᠰ ᠤᠨ | ᠠᠵᠢᠯ ᠦᠢᠯᠡᠰ ᠤᠨ ᠬᠦᠭᠵᠢᠯᠲᠠ ᠳᠤ ᠴᠢᠬᠤᠯᠠ ᠶᠡᠭᠡ ᠪᠦᠭᠡᠳ ᠠᠯᠤᠰ ᠭᠡᠲᠦ ᠶᠢᠨ ᠨᠦᠯᠦᠭᠡ ᠦᠵᠡᠭᠦᠯᠵᠠᠢ ᠬᠡᠵᠥ | ᠬᠡᠯᠡᠪᠡ᠃ | ᠰᠢ ᠶᠢᠨ ᠫᠢᠩ᠂ ᠤᠷᠲᠤ ᠬᠤᠭᠤᠴᠠᠭᠠᠠ ᠤ ᠴᠢᠷᠮᠠᠶᠢᠯᠭ᠎ᠠ ᠪᠠᠷ ᠲᠠᠮᠵᠢᠵᠦ᠂ ᠲᠤᠮᠲᠠᠲᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠵᠠᠢ᠃ ᠡᠨᠡ ᠪᠤᠯ ᠮᠠᠠ ᠤ ᠤᠯᠤᠰ ᠤᠨ | ᠬᠦᠭᠵᠢᠯᠲᠠ ᠶᠢᠨ ᠰᠢᠨ᠎ᠠ ᠲᠡᠤᠬᠡᠨ ᠤᠷᠤᠨ ᠪᠠᠶᠢᠷᠢ ᠮᠦᠨ᠃ ᠡᠨᠡ ᠨᠢ ᠮᠠᠠ ᠤ ᠤᠯᠤᠰ ᠤᠨ ᠨᠡᠶᠢᠭᠡᠮ ᠤᠨ ᠭᠤᠤᠯ | ᠵᠦᠷᠢᠴᠡᠯ ᠨᠢᠭᠡᠨᠲᠡ ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ ᠰᠠᠶᠢᠬᠠᠨ ᠠᠮᠢᠲᠤᠷᠠᠯ ᠤᠨ | ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠲᠠ ᠶᠢᠨ ᠬᠤᠭᠤᠷᠤᠨᠲᠤᠬᠢ ᠵᠦᠷᠢᠴᠡᠯ ᠪᠤᠯᠵᠤ | ᠬᠤᠪᠢᠷᠠᠭᠰᠠᠠ ᠢ ᠬᠠᠷᠠᠭᠤᠯᠵᠤ ᠪᠠᠶᠢᠨ᠎ᠠ᠃ ᠮᠠᠠ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠲᠠ ᠨᠢ | ᠪᠢᠲᠠᠠ ᠤ ᠮᠠᠠ ᠤ ᠤᠯᠤᠰ ᠤᠨ ᠨᠡᠶᠢᠭᠡᠮ ᠵᠢᠷᠤᠮ ᠤᠨ ᠤᠷᠤᠰᠢᠵᠦ ᠪᠠᠶᠢᠭ᠎ᠠ ᠲᠡᠤᠬᠡᠨ ᠱᠠᠲᠤ ᠦᠶ᠎ᠠ ᠳᠤ ᠬᠢᠭᠰᠡᠡ | ᠮᠠᠭᠠᠳᠯᠠᠯᠲᠠ ᠶᠢ ᠬᠤᠪᠢᠷᠠᠭᠤᠯᠤᠭᠰᠠᠠ ᠦᠭᠡᠢ᠂ ᠮᠠᠠ ᠤ ᠤᠯᠤᠰ ᠮᠦᠨ ᠴᠤ ᠨᠡᠶᠢᠭᠡᠮ ᠵᠢᠷᠤᠮ ᠤᠨ ᠠᠩᠬᠠᠠ ᠤ | ᠱᠠᠲᠤᠨ ᠳᠤ ᠤᠷᠤᠰᠢᠵᠦ ᠪᠠᠶᠢᠭ᠎ᠠ ᠪᠦᠭᠡᠳ ᠤᠷᠲᠤ ᠬᠤᠭᠤᠴᠠᠭ᠎ᠠ ᠪᠠᠷ ᠤᠷᠤᠰᠢᠬᠤ ᠦᠨᠲᠦᠰᠦᠨ ᠤᠯᠤᠰ ᠤᠨ | ᠪᠠᠶᠢᠲᠠᠯ ᠬᠤᠪᠢᠷᠠᠭ᠎ᠠ ᠦᠭᠡᠢ᠂ ᠮᠠᠠ ᠤ ᠤᠯᠤᠰ ᠪᠤᠯ ᠲᠡᠯᠡᠭᠡᠢ ᠶᠢᠨ ᠬᠠᠮᠤᠭ ᠤᠨ ᠲᠤᠮᠤ ᠬᠦᠭᠵᠢᠵᠤ ᠪᠠᠶᠢᠭ᠎ᠠ ᠤᠯᠤᠰ | ᠪᠤᠯᠬᠤ ᠤᠯᠠᠠ ᠤᠯᠤᠰ ᠲᠠᠬᠢ ᠪᠠᠶᠢᠷᠢ ᠰᠠᠭᠤᠷᠢ ᠬᠤᠪᠢᠷᠠᠭ᠎ᠠ ᠦᠭᠡᠢ ᠭᠡᠵᠦ ᠵᠢᠭᠠᠵᠦ ᠭᠠᠷᠭᠠᠪᠠ᠃ | ᠰᠢ ᠶᠢᠨ ᠫᠢᠩ᠂ ᠪᠦᠬᠦ ᠨᠠᠮ ᠢᠶᠠᠷ ᠢᠶᠠᠨ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠡᠨᠡᠬᠦ ᠦᠨᠳᠦᠰᠦᠨ | ᠤᠯᠤᠰ ᠤᠨ ᠪᠠᠶᠢᠳᠠᠯ ᠢ ᠪᠠᠳᠤ ᠡᠵᠡᠮᠳᠡᠵᠦ᠂ ᠨᠡᠶᠢᠭᠡᠮ ᠵᠢᠷᠤᠮ ᠤᠨ ᠠᠩᠬᠠᠨ ᠤ ᠱᠠᠳᠤᠨ ᠤ ᠡᠨᠡᠬᠦ ᠬᠠᠮᠤᠭ ᠤᠨ ᠶᠡᠭᠡ | ᠪᠤᠳᠠᠳᠤ ᠪᠠᠶᠢᠳᠠᠯ ᠳᠤ ᠯᠠᠪᠳᠠᠭᠤᠨ ᠪᠠᠳᠤᠳᠠᠢ ᠰᠠᠭᠤᠷᠢᠯᠡᠵᠦ᠂ ᠨᠠᠮ ᠤᠨ ᠦᠨᠳᠦᠰᠦᠨ ᠱᠤᠭᠤᠮ ᠤᠨ ᠡᠨᠡᠬᠦ ᠨᠠᠮ | ᠪᠤᠯᠤᠨ ᠤᠯᠤᠰ ᠤᠨ ᠠᠮᠢ ᠨᠠᠰᠤᠨ ᠤ ᠱᠤᠭᠤᠮ᠂ ᠠᠷᠠᠳ ᠲᠦᠮᠡᠨ ᠤ ᠵᠤᠯ ᠵᠢᠷᠭᠠᠯ ᠤᠨ ᠱᠤᠭᠤᠮ ᠢ ᠪᠠᠳᠤ | ᠪᠠᠷᠢᠮᠳᠠᠯᠠᠵᠦ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠤᠳᠤᠷᠢᠳᠬᠤ ᠪᠠ ᠲᠡᠳᠡᠨ ᠲᠠᠢ | ᠪᠦᠯᠬᠦᠮᠳᠡᠵᠤ᠂ ᠠᠵᠤ ᠠᠬᠤᠢ ᠶᠢᠨ ᠪᠦᠳᠦᠭᠡᠨ ᠪᠠᠶᠢᠭᠤᠯᠤᠯᠳᠠ ᠪᠠᠷ ᠭᠤᠤᠯ ᠪᠤᠯᠭᠠᠵᠦ᠂ ᠲᠦᠷᠪᠡᠨ ᠦᠨᠳᠦᠰᠦᠨ | ᠵᠠᠷᠴᠢᠮ ᠢ ᠪᠠᠷᠢᠮᠳᠠᠯᠠᠵᠦ᠂ ᠦᠭᠡᠷᠡᠴᠢᠯᠡᠯᠳᠠ ᠨᠡᠭᠡᠭᠡᠯᠳᠠ ᠶᠢ ᠪᠠᠷᠢᠮᠳᠠᠯᠠᠵᠦ᠂ ᠦᠪᠡᠷ ᠤᠨ ᠬᠦᠴᠦ ᠪᠠᠷ ᠢᠶᠠᠨ | ᠳᠡᠭᠵᠢᠷᠡᠵᠦ᠂ ᠲᠡᠰᠪᠤᠷᠢ ᠬᠠᠳᠠᠭᠤᠵᠢᠯᠳᠠᠢ ᠪᠠᠷ ᠦᠢᠯᠡᠰ ᠪᠤᠰᠬᠠᠵᠦ᠂ ᠮᠠᠨ ᠤ ᠤᠯᠤᠰ ᠢᠶᠠᠨ ᠪᠠᠶᠠᠨ ᠬᠦᠴᠦᠷᠭᠡᠭ | ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠬᠤ ᠪᠠᠷ ᠲᠡᠮᠡᠴᠡᠬᠦ ᠭᠡᠷᠡᠭᠲᠡᠢ ᠭᠡᠵᠦ | ᠴᠢᠬᠤᠯᠠᠴᠢᠯᠠᠪᠠ᠃ | ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠦ ᠨᠠᠮ ᠤᠨ ᠲᠡᠦᠭᠡᠳᠦ ᠡᠬᠦᠷᠭᠡ ᠶᠢᠨ ᠲᠤᠬᠠᠢ | ᠰᠢ ᠶᠢᠨ ᠫᠢᠩ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠪᠤᠯ ᠤᠶᠢᠷ᠎ᠠ | ᠦᠶ᠎ᠠ ᠠᠴᠠ ᠨᠠᠰᠢᠬᠢ ᠳᠤᠮᠳᠠᠳᠤ ᠶᠢᠨ ᠦᠨᠳᠦᠰᠦᠳᠡᠨ ᠤ ᠬᠠᠮᠤᠭ ᠤᠨ ᠠᠭᠤᠤ ᠶᠡᠭᠡ ᠬᠦᠰᠡᠯ ᠵᠡᠬᠦᠳᠦ ᠮᠦᠨ᠃ | ᠳᠤᠮᠳᠠᠳᠤ ᠤᠯᠤᠰ ᠤᠨ ᠡᠪ ᠬᠠᠮᠳᠦ ᠨᠠᠮ ᠪᠠᠶᠢᠭᠤᠯᠤᠭᠳᠠᠮᠠᠭᠴᠠ ᠪᠠᠨ ᠡᠪ ᠬᠠᠮᠳᠦ ᠶᠤᠰᠤ ᠶᠢ ᠪᠡᠶᠡᠯᠡᠬᠦᠯᠬᠦ ᠪᠠᠷ | ᠨᠠᠮ ᠤᠨ ᠬᠠᠮᠤᠭ ᠤᠨ ᠳᠡᠭᠡᠳᠦ ᠬᠦᠰᠡᠯᠡᠩ ᠪᠠ ᠡᠴᠦᠰ ᠤᠨ ᠬᠠᠷᠠᠯᠳᠠ ᠪᠤᠯᠭᠠᠵᠦ᠂ ᠳᠤᠮᠳᠠᠳᠤ ᠶᠢᠨ ᠦᠨᠳᠦᠰᠦᠳᠡᠨ ᠤ | ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠲᠡᠦᠭᠡᠳᠦ ᠡᠬᠦᠷᠭᠡ ᠶᠢ ᠤᠬᠳᠤ ᠡᠷᠡᠭᠡᠯᠵᠡᠯ ᠦᠭᠡᠢ ᠡᠬᠦᠷᠭᠡᠯᠡᠪᠡ᠃ | ᠦᠨᠦᠳᠦᠷ᠂ ᠪᠢᠳᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ | ᠬᠠᠷᠠᠯᠳᠠ ᠠᠴᠠ ᠲᠡᠦᠭᠡ ᠶᠢᠨ ᠠᠯᠢ ᠴᠤ ᠦᠶ᠎ᠠ ᠠᠴᠠ ᠨᠡᠩ ᠢᠯᠡᠬᠦᠦ ᠤᠶᠢᠷᠠᠳᠴᠤ᠂ ᠡᠬᠦᠨ ᠢ ᠪᠡᠶᠡᠯᠡᠬᠦᠯᠬᠦ ᠳᠤ ᠨᠡᠩ | ᠢᠯᠡᠬᠦᠦ ᠢᠳᠡᠭᠡᠯ ᠪᠠ ᠴᠢᠳᠠᠪᠤᠷᠢ ᠲᠠᠢ ᠪᠠᠶᠢᠨ᠎ᠠ ᠭᠡᠵᠦ ᠵᠢᠭᠠᠵᠦ ᠭᠠᠷᠭᠠᠵᠠᠢ᠃ | ᠰᠢ ᠶᠢᠨ ᠫᠢᠩ᠂ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ ᠶᠡᠭᠡ ᠲᠡᠮᠡᠴᠡᠯ | ᠬᠢᠬᠦ ᠭᠡᠷᠡᠭᠲᠡᠢ︔ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ ᠶᠡᠭᠡ ᠢᠨᠵᠧᠨᠧᠷᠢᠩ ᠢ | ᠪᠠᠶᠢᠭᠤᠯᠬᠤ ᠭᠡᠷᠡᠭᠲᠡᠢ︔ ᠠᠭᠤᠤ ᠶᠡᠭᠡ ᠬᠦᠰᠡᠯ ᠵᠡᠬᠦᠳᠦ ᠶᠢ ᠳᠡᠷᠭᠡᠯᠰᠢᠬᠦᠯᠬᠦ ᠳᠤ᠂ ᠡᠷᠭᠡᠪᠰᠢ ᠠᠭᠤᠤ ᠶᠡᠭᠡ | ᠦᠢᠯᠡᠰ ᠢ ᠠᠬᠢᠭᠤᠯᠬᠤ ᠭᠡᠷᠡᠭᠲᠡᠢ᠃ ᠠᠭᠤᠤ ᠶᠡᠭᠡ ᠲᠡᠮᠡᠴᠡᠯ᠂ ᠠᠭᠤᠤ ᠶᠡᠭᠡ ᠢᠨᠵᠧᠨᠧᠷᠢᠩ᠂ ᠠᠭᠤᠤ ᠶᠡᠭᠡ | ᠦᠢᠯᠡᠰ᠂ ᠠᠭᠤᠤ ᠶᠡᠭᠡ ᠬᠦᠰᠡᠯ ᠵᠡᠬᠦᠳᠦ ᠨᠢᠭᠳᠠ ᠬᠤᠯᠪᠤᠯᠳᠤᠵᠦ᠂ ᠬᠠᠷᠢᠯᠴᠠᠨ ᠨᠡᠪᠳᠡᠷᠡᠯᠴᠡᠵᠦ᠂ ᠬᠠᠷᠢᠯᠴᠠᠨ | ᠦᠢᠯᠡᠳᠦᠯᠴᠡᠵᠤ ᠪᠠᠶᠢᠨ᠎ᠠ᠂ ᠡᠬᠦᠨ ᠳᠤ ᠰᠢᠢᠳᠪᠤᠷᠢᠯᠡᠭᠴᠢ ᠴᠢᠨᠠᠷᠳᠠᠢ ᠦᠢᠯᠡᠳᠦᠯ ᠦᠵᠡᠬᠦᠯᠵᠦ ᠪᠠᠶᠢᠬᠤ ᠨᠢ ᠪᠤᠯ | ᠨᠠᠮ ᠤᠨ ᠪᠠᠶᠢᠭᠤᠯᠤᠯᠳᠠ ᠶᠢᠨ ᠰᠢᠨ᠎ᠠ ᠠᠭᠤᠤ ᠶᠡᠭᠡ ᠢᠨᠵᠧᠨᠧᠷᠢᠩ ᠪᠤᠯᠤᠨ᠎ᠠ ᠭᠡᠵᠦ ᠴᠢᠬᠤᠯᠠᠴᠢᠯᠠᠪᠠ᠃ | ᠰᠢ ᠶᠢᠨ ᠫᠢᠩ ︽ᠨᠠᠢᠮᠠᠨ ᠲᠤᠲᠤᠷᠬᠠᠶᠢᠯᠠᠬᠤ︾ ᠪᠠᠷ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠤᠬᠠᠢ ᠲᠤᠲᠤᠷᠬᠠᠶᠢᠯᠠᠨ ᠦᠭᠦᠯᠡᠵᠠᠢ᠃ ᠲᠡᠷᠡ᠂ ᠰᠢᠨ᠎ᠠ | ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠨᠢ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠶᠢ ᠲᠤᠲᠤᠷᠬᠠᠶᠢᠯᠠᠵᠤ᠂ ᠶᠡᠷᠦᠩᠬᠡᠢ | ᠡᠭᠦᠷᠭᠡ ᠨᠢ ᠪᠤᠯ ᠨᠡᠶᠢᠭᠡᠮ ᠵᠢᠷᠤᠮ ᠤᠨ ᠤᠳᠤᠬᠢᠴᠢᠯᠠᠯᠳᠠ ᠪᠠ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ | ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠪᠤᠯᠤᠨ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠦᠭᠰᠡᠨ | ᠰᠠᠭᠤᠷᠢᠨ ᠳᠤ ᠬᠤᠶᠠᠷ ᠠᠯᠬᠤᠮ ᠬᠤᠪᠢᠶᠠᠵᠤ ᠲᠤᠰ ᠵᠠᠭᠤᠨ ᠤ ᠳᠤᠮᠳᠠᠴᠢ ᠪᠤᠯᠬᠤ ᠳᠤ ᠪᠠᠶᠠᠨ ᠬᠦᠴᠦᠷᠭᠡᠭ | ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠨ ᠬᠦᠴᠦᠷᠭᠡᠭ ᠤᠯᠤᠰ ᠢ ᠪᠦᠳᠦᠭᠡᠨ ᠪᠠᠶᠢᠭᠤᠯᠬᠤ ᠭᠡᠷᠡᠭᠲᠡᠢ ᠭᠡᠪᠡ᠃ | ᠰᠢ ᠶᠢᠨ ᠫᠢᠩ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ | ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ | ᠬᠦᠭᠵᠢᠯᠳᠠ ᠶᠢᠨ ᠦᠵᠡᠯᠳᠠ ᠶᠢᠨ ᠵᠠᠯᠭᠠᠮᠵᠢᠯᠠᠯ ᠪᠠ ᠬᠦᠭᠵᠢᠯᠳᠠ ᠮᠦᠨ᠂ ᠮᠠᠷᠺᠰ ᠤᠨ ᠦᠵᠡᠯ ᠤᠨ ᠳᠤᠮᠳᠠᠳᠤ | ᠤᠯᠤᠰᠴᠢᠯᠠᠭᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲᠦᠮᠡᠨ ᠤ | ᠦᠢᠯᠡᠳᠦᠯᠭᠡ ᠶᠢᠨ ᠲᠤᠷᠰᠢᠯᠭ᠎ᠠ ᠪᠠ ᠬᠠᠮᠳᠦ ᠶᠢᠨ ᠤᠶᠤᠨ ᠤᠬᠠᠭᠠᠨ ᠤ ᠤᠬᠢ ᠪᠦᠳᠦᠭᠡᠯ ᠮᠦᠨ᠂ ᠳᠤᠮᠳᠠᠳᠤ | ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ | ᠮᠦᠨ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠤ ᠳᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢ ᠪᠡᠶᠡᠯᠡᠬᠦᠯᠬᠦ ᠪᠠᠷ ᠲᠡᠮᠡᠴᠡᠬᠦ ᠠᠵᠢᠯᠯᠠᠭᠠᠨ ᠤ ᠵᠦᠭᠯᠡᠬᠦᠷ | ᠮᠦᠨ᠂ ᠡᠷᠭᠡᠪᠰᠢ ᠤᠷᠳᠤ ᠬᠤᠭᠤᠴᠠᠭ᠎ᠠ ᠪᠠᠷ ᠪᠠᠷᠢᠮᠳᠠᠯᠠᠬᠤ ᠶᠢᠨ ᠬᠠᠮᠳᠦ ᠳᠠᠰᠤᠷᠠᠯᠳᠠ ᠦᠭᠡᠢ ᠬᠦᠭᠵᠢᠬᠦᠯᠬᠦ ᠭᠡᠷᠡᠭᠲᠡᠢ | ᠭᠡᠵᠦ ᠵᠢᠭᠠᠵᠦ ᠭᠠᠷᠭᠠᠵᠠᠢ᠃ | ᠰᠢ ᠶᠢᠨ ᠫᠢᠩ ᠰᠢᠨ᠎ᠠ ᠴᠠᠭ ᠦᠶ᠎ᠠ ᠳᠤ ᠪᠠᠷᠢᠮᠳᠠᠯᠠᠨ ᠬᠦᠭᠵᠢᠭᠦᠯᠬᠦ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠨᠳᠦᠰᠦᠨ ᠠᠷᠭ᠎ᠠ ᠪᠤᠳᠤᠯᠭ᠎ᠠ ᠶᠢ ᠪᠦᠷᠢᠯᠳᠦᠭᠦᠯᠦᠭᠰᠡᠨ ︽ᠠᠷᠪᠡᠨ ᠲᠦᠷᠪᠡᠨ ᠵᠦᠢᠯ ᠤᠨ | ᠪᠠᠷᠢᠮᠳᠠᠯᠠᠯ︾ ᠤᠨ ᠲᠤᠬᠠᠢ ᠲᠤᠳᠤᠷᠬᠠᠶᠢᠢᠯᠠᠨ ᠦᠭᠦᠯᠡᠵᠠᠢ᠄ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ | ᠪᠠᠷᠢᠮᠳᠠᠯᠠᠬᠤ ᠭᠡᠷᠡᠭᠲᠡᠢ︔ ᠠᠷᠠᠳ ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠭᠡᠷᠡᠭᠲᠡᠢ︔ | ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ ᠪᠠᠷᠢᠮᠳᠠᠯᠠᠬᠤ ᠭᠡᠷᠡᠭᠲᠡᠢ︔ ᠰᠢᠨ᠎ᠠ ᠬᠦᠭᠵᠢᠯᠳᠠ ᠶᠢᠨ | ᠤᠨᠤᠯᠵᠢᠬᠤᠨ ᠢ ᠪᠠᠷᠢᠮᠳᠠᠯᠠᠬᠤ ᠭᠡᠷᠡᠭᠲᠡᠢ︔ ᠠᠷᠠᠳ ᠲᠦᠮᠡᠨ ᠡᠷᠭᠡ ᠮᠡᠳᠡᠵᠦ ᠡᠵᠡᠨ ᠰᠠᠭᠤᠬᠤ ᠶᠢ ᠪᠠᠷᠢᠮᠳᠠᠯᠠᠬᠤ | ᠭᠡᠷᠡᠭᠲᠡᠢ︔ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ ᠶᠢ ᠪᠠᠷᠢᠮᠳᠠᠯᠠᠬᠤ ᠭᠡᠷᠡᠭᠲᠡᠢ︔ ᠨᠡᠶᠢᠭᠡᠮ | ᠵᠢᠷᠤᠮ ᠤᠨ ᠭᠤᠤᠯᠯᠠᠬᠴᠢ ᠦᠷᠳᠡᠭ ᠤᠨ ᠰᠢᠰᠲ᠋ᠧᠮᠵᠢ ᠶᠢ ᠪᠠᠷᠢᠮᠳᠠᠯᠠᠬᠤ ᠭᠡᠷᠡᠭᠲᠡᠢ︔ ᠬᠦᠭᠵᠢᠭᠦᠯᠬᠦ ᠶᠠᠪᠤᠴᠠ ᠳᠤ | ᠠᠷᠠᠳ ᠤᠨ ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠬᠤ ᠭᠡᠷᠡᠭᠲᠡᠢ︔ ᠬᠦᠮᠦᠨ ᠪᠤᠯᠤᠨ ᠪᠠᠶᠢᠭᠠᠯᠢ ᠡᠶ᠎ᠡ | ᠵᠤᠬᠢᠴᠠᠩᠭᠤᠢ ᠪᠠᠷ ᠵᠡᠷᠭᠡᠴᠡᠨ ᠤᠷᠤᠰᠢᠬᠤ ᠶᠢ ᠪᠠᠷᠢᠮᠳᠠᠯᠠᠬᠤ ᠭᠡᠷᠡᠭᠲᠡᠢ︔ ᠪᠦᠬᠦᠯᠢ ᠴᠤᠬᠴᠠ ᠶᠢᠨ ᠤᠯᠤᠰ ᠤᠨ ᠠᠮᠤᠷ | ᠲᠦᠪᠰᠢᠨ ᠤ ᠦᠵᠡᠯᠳᠠ ᠶᠢ ᠪᠠᠷᠢᠮᠳᠠᠯᠠᠬᠤ ᠭᠡᠷᠡᠭᠲᠡᠢ︔ ᠨᠠᠮ ᠤᠨ ᠠᠷᠠᠳ ᠤᠨ ᠴᠡᠷᠢᠭ ᠠᠩᠬᠢ ᠳᠠᠬᠢ ᠬᠠᠷᠢᠴᠠᠯᠠᠰᠢ | ᠦᠭᠡᠢ ᠤᠳᠤᠷᠢᠳᠤᠯᠭ᠎ᠠ ᠶᠢ ᠪᠠᠷᠢᠮᠳᠠᠯᠠᠬᠤ ᠭᠡᠷᠡᠭᠲᠡᠢ︔ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ | ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠶᠢ ᠪᠠᠷᠢᠮᠳᠠᠯᠠᠬᠤ ᠭᠡᠷᠡᠭᠲᠡᠢ︔ ᠬᠦᠮᠦᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠦ ᠶᠢᠨ ᠴᠤᠬᠴᠠ ᠶᠢ ᠠᠬᠢᠭᠤᠯᠤᠨ ᠪᠠᠶᠢᠭᠤᠯᠬᠤ ᠶᠢ ᠪᠠᠷᠢᠮᠳᠠᠯᠠᠬᠤ ᠭᠡᠷᠡᠭᠲᠡᠢ︔ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠭᠡᠷᠡᠭᠲᠡᠢ ᠭᠡᠪᠡ᠃ | ᠰᠢ ᠶᠢᠨ ᠫᠢᠩ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠤᠬᠠᠢ ᠶᠠᠷᠢᠬᠤ ᠳᠠᠭᠠᠨ᠂ | ᠦᠭᠡᠷᠡᠴᠢᠯᠡᠯᠲᠡ ᠨᠡᠬᠡᠬᠡᠯᠲᠡ ᠬᠢᠭᠰᠡᠨ ᠤ ᠳᠠᠷᠠᠭ᠎ᠠ᠂ ᠮᠠᠨ ᠤ ᠨᠠᠮ ᠮᠠᠨ ᠤ ᠤᠯᠤᠰ ᠤᠨ ᠨᠡᠶᠢᠭᠡᠮ ᠵᠢᠷᠤᠮ ᠤᠨ | ᠤᠳᠤᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠳᠤ ᠪᠠᠶᠢᠯᠳᠤᠬᠤ ᠪᠤᠳᠤᠯᠭ᠎ᠠ ᠶᠢᠨ ᠲᠤᠬᠢᠷᠠᠭᠤᠯᠤᠯᠲᠠ ᠬᠢᠵᠤ᠂ ︽ | ᠭᠤᠷᠪᠠᠨ ᠠᠯᠬᠤᠮ ᠢᠶᠠᠷ ᠶᠠᠪᠤᠬᠤ︾ ᠪᠠᠶᠢᠯᠳᠤᠬᠤ ᠪᠤᠳᠤᠯᠭ᠎ᠠ ᠶᠢᠨ ᠬᠠᠷᠠᠯᠲᠠ ᠶᠢ ᠳᠤᠷᠠᠳᠴᠠᠢ᠃ ᠠᠷᠠᠳ ᠲᠦᠮᠡᠨ ᠤ | ᠢᠳᠡᠵᠤ ᠡᠮᠦᠰᠬᠦ ᠠᠰᠠᠭᠤᠳᠠᠯ ᠢ ᠰᠢᠢᠳᠪᠦᠷᠢᠯᠡᠬᠦ᠂ ᠠᠷᠠᠳ ᠲᠦᠮᠡᠨ ᠤ ᠠᠮᠢᠳᠤᠷᠠᠯ ᠢ ᠦᠨᠳᠦᠰᠦᠨ ᠳᠡᠭᠡᠨ ᠴᠢᠨᠡᠭᠡᠯᠢᠭ | ᠲᠦᠪᠰᠢᠨ ᠳᠤ ᠬᠦᠷᠭᠡᠬᠦ ᠬᠤᠶᠠᠷ ᠬᠠᠷᠠᠯᠲᠠ ᠶᠢ ᠨᠢᠭᠡᠨᠳᠡ ᠤᠷᠢᠳᠴᠢᠯᠠᠨ ᠪᠡᠶᠡᠯᠡᠭᠦᠯᠪᠡ᠃ ᠤᠳᠤ ᠠᠴᠠ 2020 ᠤᠨ | ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠦ ᠱᠠᠳᠤ ᠪᠤᠯᠤᠨ᠎ᠠ᠃ | ᠨᠠᠮ ᠤᠨ ᠠᠷᠪᠠ ᠶᠢᠰᠤᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ ᠪᠤᠯᠳᠠᠯᠠᠬᠢ ᠬᠤᠭᠤᠴᠠᠭ᠎ᠠ | ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠲᠠ ᠶᠢᠨ ᠲᠡᠤᠬᠡᠨ ᠰᠤᠯᠢᠪᠴᠠᠯ ᠤᠨ ᠬᠤᠭᠤᠴᠠᠭ᠎ᠠ ᠪᠤᠯᠤᠨ᠎ᠠ᠃ | ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠤ᠂ ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠲᠠ ᠶᠢ | ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠢᠯᠠᠯᠳᠠ ᠶᠢᠨ ᠢᠶᠠᠨ ᠡᠷᠴᠢᠨ ᠲᠡᠭᠡᠷ᠎ᠡ ᠨᠡᠶᠢᠭᠡᠮ ᠵᠢᠷᠤᠮ ᠤᠨ | ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠠ ᠠᠶᠠᠯᠠᠯ ᠢᠶᠠᠨ ᠡᠬᠢᠯᠡᠭᠦᠯᠵᠤ᠂ | ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠲᠠ ᠲᠡᠰᠢ ᠤᠷᠤᠭᠰᠢᠯᠠᠬᠤ ᠬᠡᠷᠡᠭᠲᠠᠢ ᠭᠡᠪᠡ᠃ | ᠰᠢ ᠶᠢᠨ ᠫᠢᠩ᠂ 2020 ᠤᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯ᠎ᠠ ᠬᠤᠶᠠᠷ ᠱᠠᠳᠤ | ᠦᠶ᠎ᠠ ᠪᠠᠷ ᠲᠤᠬᠢᠷᠠᠭᠤᠯᠵᠤ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ ᠪᠤᠯ᠂ 2020 ᠤᠨ ᠠᠴᠠ 2035 ᠤᠨ | ᠪᠤᠯᠲᠠᠯ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠳᠤ ᠳᠠᠬᠢᠭᠠᠳ ᠠᠷᠪᠠᠨ ᠲᠠᠪᠤᠨ | ᠵᠢᠯ ᠲᠡᠮᠡᠴᠡᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ᠂ ᠬᠤᠶᠠᠳᠤᠭᠠᠷ | ᠱᠠᠳᠤ ᠦᠶ᠎ᠠ ᠨᠢ ᠪᠤᠯ᠂ 2035 ᠤᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯ᠎ᠠ᠂ ᠤᠳᠤᠬᠢᠴᠢᠯᠠᠯᠲᠠ ᠶᠢ | ᠦᠨᠳᠦᠰᠦᠨ ᠳᠡᠭᠡᠨ ᠪᠡᠶᠡᠯᠡᠭᠦᠯᠦᠭᠰᠡᠨ ᠰᠠᠭᠤᠷᠢᠨ ᠳᠤ ᠳᠠᠬᠢᠭᠠᠳ 15 ᠵᠢᠯ ᠲᠡᠮᠡᠴᠡᠵᠤ᠂ ᠮᠠᠨ ᠤ ᠤᠯᠤᠰ ᠢᠶᠠᠨ ᠪᠠᠶᠠᠨ | ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠨ ᠬᠦᠴᠦᠷᠬᠡᠭ ᠤᠯᠤᠰ ᠪᠤᠯᠭᠠᠨ ᠪᠦᠲᠦᠭᠡᠨ ᠪᠠᠶᠢᠭᠤᠯᠤᠨ᠎ᠠ ᠭᠡᠵᠤ ᠳᠤᠷᠠᠳᠴᠠᠢ᠃ | ᠰᠢ ᠶᠢᠨ ᠫᠢᠩ᠂ ᠰᠢᠨ᠎ᠠ ᠬᠦᠭᠵᠢᠯᠲᠠ ᠶᠢᠨ ᠤᠨᠤᠯᠵᠢᠬᠤᠨ ᠢ ᠲᠤᠤᠱᠯᠠᠭᠤᠯᠵᠤ᠂ ᠤᠳᠤᠬᠢᠴᠢᠯᠠᠭᠰᠠᠨ ᠠᠵᠤ | ᠠᠬᠤᠢ ᠶᠢᠨ ᠰᠢᠰᠲ᠋ᠧᠮᠵᠢ ᠶᠢ ᠪᠠᠶᠢᠭᠤᠯᠬᠤ ᠬᠡᠷᠡᠭᠲᠠᠢ᠃ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ | ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ ᠬᠡᠷᠡᠭᠲᠠᠢ︔ ᠰᠢᠨ᠎ᠠ ᠶᠢ ᠡᠭᠦᠳᠬᠦ ᠮᠠᠶ᠋ᠢᠭ ᠤᠨ ᠤᠯᠤᠰ ᠢ ᠲᠦᠷᠭᠡᠨ ᠪᠦᠲᠦᠭᠡᠨ | ᠪᠠᠶᠢᠭᠤᠯᠬᠤ ᠬᠡᠷᠡᠭᠲᠠᠢ︔ ᠬᠦᠳᠡᠭᠡ ᠲᠤᠰᠬᠤᠨ ᠢ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔ | ᠤᠷᠤᠨ ᠪᠦᠰᠡ ᠶᠢ ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔ | ᠨᠡᠶᠢᠭᠡᠮ ᠵᠢᠷᠤᠮ ᠤᠨ ᠵᠠᠬ᠎ᠠ ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠦᠷᠭᠡᠨ ᠲᠡᠭᠦᠯᠳᠡᠷᠵᠢᠭᠦᠯᠬᠦ | ᠬᠡᠷᠡᠭᠲᠠᠢ︔ ᠪᠦᠬᠦ ᠲᠠᠯ᠎ᠠ ᠪᠠᠷ ᠨᠡᠬᠡᠬᠡᠯᠲᠡ ᠬᠢᠬᠦ ᠰᠢᠨ᠎ᠠ ᠪᠠᠶᠢᠷᠢᠰᠢᠯ ᠢ ᠪᠦᠷᠢᠯᠳᠦᠭᠦᠯᠬᠦ ᠬᠡᠷᠡᠭᠲᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠪᠠᠶᠢᠭᠤᠯᠤᠮᠵᠢ ᠶᠢᠨ ᠰᠢᠰᠲ᠋ᠧᠮᠵᠢ ᠶᠢᠨ | ᠲᠤᠬᠠᠢ ᠲᠤᠲᠤᠷᠬᠠᠶᠢᠯᠠᠨ ᠦᠭᠦᠯᠡᠪᠡ᠂ ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ | ᠬᠦᠭᠵᠢᠭᠦᠯᠬᠦ ᠶᠢᠨ ᠠᠭᠤᠯᠭ᠎ᠠ ᠪᠤᠯ᠄ ᠨᠢᠭᠡ ᠳᠤ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠷᠬᠡ ᠮᠡᠳᠡᠵᠤ ᠡᠵᠡᠨ | ᠰᠠᠭᠤᠬᠤ᠂ ᠬᠠᠤᠯᠢ ᠶᠤᠰᠤᠭᠠᠷ ᠤᠯᠤᠰ ᠢ ᠵᠠᠰᠠᠬᠤ ᠶᠢ ᠤᠷᠭᠠᠨᠢᠭ ᠢᠶᠠᠷ ᠤᠶᠠᠯᠳᠤᠭᠤᠯᠬᠤ ᠶᠢ ᠪᠠᠷᠢᠮᠲᠠᠯᠠᠬᠤ ᠬᠡᠷᠡᠭᠳᠠᠢ︔ | ᠬᠤᠶᠠᠷ ᠲᠤ ᠠᠷᠠᠳ ᠲᠦᠮᠡᠨ ᠡᠷᠬᠡ ᠮᠡᠳᠡᠵᠤ ᠡᠵᠡᠨ ᠰᠠᠭᠤᠬᠤ ᠳᠦᠷᠢᠮ ᠤᠨ ᠪᠠᠲᠤᠯᠠᠭ᠎ᠠ ᠶᠢ ᠴᠢᠩᠭᠠᠳᠬᠠᠬᠤ | ᠬᠡᠷᠡᠭᠳᠠᠢ︔ ᠭᠤᠷᠪᠠ ᠳᠤ ᠨᠡᠶᠢᠭᠡᠮ ᠵᠢᠷᠤᠮ ᠤᠨ ᠵᠦᠪᠯᠡᠬᠦ ᠠᠷᠠᠳᠴᠢᠯᠠᠯ ᠤᠨ ᠴᠢᠬᠤᠯᠠ ᠦᠢᠯᠡᠳᠦᠯ ᠢ ᠪᠠᠳᠠᠷᠠᠭᠤᠯᠬᠤ | ᠬᠡᠷᠡᠭᠳᠠᠢ︔ ᠳᠦᠷᠪᠡ ᠳᠤ ᠬᠠᠤᠯᠢ ᠶᠤᠰᠤᠭᠠᠷ ᠤᠯᠤᠰ ᠢ ᠵᠠᠰᠠᠬᠤ ᠦᠢᠯᠡᠳᠦᠯᠭᠡ ᠶᠢ ᠭᠦᠨᠵᠡᠭᠡᠶᠢᠷᠡᠭᠦᠯᠬᠦ ᠬᠡᠷᠡᠭᠳᠠᠢ︔ | ᠲᠠᠪᠤ ᠳᠤ ᠪᠠᠶᠢᠭᠤᠯᠤᠮᠵᠢ ᠪᠤᠯᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠭᠦᠨᠵᠡᠭᠡᠶᠢᠷᠡᠭᠦᠯᠬᠦ | ᠬᠡᠷᠡᠭᠳᠠᠢ︔ ᠵᠢᠷᠭᠤᠭ᠎ᠠ ᠳᠤ ᠤᠯᠤᠰ ᠢᠶᠠᠨ ᠬᠠᠶᠢᠷᠠᠯᠠᠬᠤ ᠨᠢᠭᠡᠳᠦᠮᠡᠯ ᠹᠷᠤᠨᠲ ᠢ ᠪᠠᠬᠢᠵᠢᠭᠦᠯᠬᠦ ᠬᠡᠷᠡᠭᠳᠠᠢ ᠭᠡᠵᠠᠢ᠃ | ᠰᠢ ᠶᠢᠨ ᠫᠢᠩ᠂ ᠰᠤᠶᠤᠯ ᠤᠨ ᠢᠳᠡᠭᠡᠯ ᠢᠶᠠᠨ ᠪᠠᠳᠤᠳᠬᠠᠵᠤ᠂ ᠨᠡᠶᠢᠭᠡᠮ ᠵᠢᠷᠤᠮ ᠤᠨ ᠰᠤᠶᠤᠯ ᠤᠨ ᠴᠡᠴᠡᠭᠯᠡᠯ | ᠬᠦᠭᠵᠢᠯ ᠢ ᠠᠬᠢᠭᠤᠯᠬᠤ ᠬᠡᠷᠡᠭᠲᠠᠢ᠃ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠢ ᠤᠳᠤᠷᠢᠳᠬᠤ ᠡᠷᠬᠡ ᠶᠢ ᠪᠠᠲᠦ | ᠡᠵᠡᠮᠳᠡᠬᠦ ᠬᠡᠷᠡᠭᠲᠠᠢ︔ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠶᠢᠵᠢᠭᠤᠯᠤᠨ | ᠦᠢᠯᠡᠳᠦᠯᠭᠡᠵᠢᠭᠦᠯᠬᠦ ᠬᠡᠷᠡᠭᠲᠠᠢ︔ ᠦᠵᠡᠯ ᠰᠠᠨᠠᠭ᠎ᠠ ᠶᠤᠰᠤ ᠰᠤᠷᠳᠠᠬᠤᠨ ᠤ ᠪᠠᠶᠢᠭᠤᠯᠤᠯᠲᠠ ᠶᠢ ᠴᠢᠩᠭᠠᠳᠬᠠᠬᠤ | ᠬᠡᠷᠡᠭᠲᠠᠢ︔ ᠨᠡᠶᠢᠭᠡᠮ ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠤᠨ ᠬᠦᠭᠵᠢᠭᠦᠯᠬᠦ ᠬᠡᠷᠡᠭᠲᠠᠢ︔ ᠰᠤᠶᠤᠯ ᠤᠨ | ᠠᠵᠢᠯ ᠦᠢᠯᠡᠰ ᠪᠤᠯᠤᠨ ᠰᠤᠶᠤᠯ ᠤᠨ ᠠᠵᠤ ᠦᠢᠯᠡᠰ ᠤᠨ ᠬᠦᠭᠵᠢᠯᠲᠠ ᠶᠢ ᠠᠬᠢᠭᠤᠯᠬᠤ ᠬᠡᠷᠡᠭᠲᠠᠢ ᠭᠡᠵᠤ ᠵᠢᠭᠠᠵᠤ | ᠭᠠᠷᠭᠠᠪᠠ᠃ | ᠰᠢ ᠶᠢᠨ ᠫᠢᠩ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠤ᠂ | ᠨᠡᠶᠢᠭᠡᠮ ᠤᠨ ᠵᠠᠰᠠᠯᠲᠠ ᠶᠢ ᠴᠢᠩᠭᠠᠳᠬᠠᠵᠤ ᠰᠢᠨᠡᠴᠢᠯᠡᠬᠦ ᠬᠡᠷᠡᠭᠲᠠᠢ᠃ ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ | ᠬᠦᠭᠵᠢᠭᠦᠯᠬᠦ ᠬᠡᠷᠡᠭᠲᠠᠢ︔ ᠠᠵᠢᠯ ᠤᠯᠭᠤᠯᠲᠠ ᠶᠢᠨ ᠴᠢᠨᠠᠷ ᠪᠤᠯᠤᠨ ᠠᠷᠠᠳ ᠲᠦᠮᠡᠨ ᠤ ᠤᠷᠤᠯᠭ᠎ᠠ ᠶᠢᠨ ᠲᠦᠪᠰᠢᠨ ᠢ | ᠳᠡᠭᠡᠭᠰᠢᠯᠡᠭᠦᠯᠬᠦ ᠬᠡᠷᠡᠭᠲᠠᠢ︔ ᠨᠡᠶᠢᠭᠡᠮ ᠵᠢᠷᠤᠮ ᠤᠨ ᠪᠠᠲᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ | ᠴᠢᠩᠭᠠᠳᠬᠠᠬᠤ ᠬᠡᠷᠡᠭᠲᠠᠢ︔ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠢᠯᠠᠯᠲᠠ ᠶᠢ ᠵᠠᠪᠠᠯ ᠤᠯᠬᠤ | ᠬᠡᠷᠡᠭᠲᠠᠢ︔ ᠡᠷᠡᠭᠦᠯ ᠡᠩᠭᠡ ᠳᠤᠮᠳᠠᠳᠤ ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠬᠦ ᠬᠡᠷᠡᠭᠲᠠᠢ︔ | ᠬᠠᠮᠲᠦᠪᠡᠷ ᠪᠠᠶᠢᠭᠤᠯᠬᠤ ᠬᠠᠮᠲᠦᠪᠡᠷ ᠵᠠᠰᠠᠬᠤ ᠬᠠᠮᠳᠦᠪᠡᠷ ᠡᠳ᠋ᠯᠡᠬᠦ ᠨᠡᠶᠢᠭᠡᠮ ᠤᠨ ᠵᠠᠰᠠᠯᠲᠠ ᠶᠢᠨ ᠪᠠᠶᠢᠷᠢᠰᠢᠯ ᠢ | ᠴᠤᠭᠴᠠᠯᠠᠬᠤ ᠬᠡᠷᠡᠭᠲᠠᠢ︔ ᠤᠯᠤᠰ ᠤᠨ ᠠᠮᠤᠷ ᠲᠦᠪᠰᠢᠨ ᠢ ᠪᠦᠲᠦᠮᠵᠢᠲᠠᠢ ᠬᠠᠮᠠᠭᠠᠯᠠᠬᠤ ᠬᠡᠷᠡᠭᠲᠠᠢ ᠭᠡᠵᠤ | ᠴᠢᠬᠤᠯᠠᠴᠢᠯᠠᠵᠠᠢ᠃ | ᠰᠢ ᠶᠢᠨ ᠫᠢᠩ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠲᠡ ᠶᠢ ᠲᠦᠷᠭᠡᠳᠭᠡᠵᠤ᠂ | ᠦᠵᠡᠰᠭᠦᠯᠡᠩᠲᠦ ᠰᠠᠶᠢᠬᠠᠨ ᠳᠤᠮᠳᠠᠳᠤ ᠤᠯᠤᠰ ᠢ ᠪᠦᠲᠦᠭᠡᠨ ᠪᠠᠶᠢᠭᠤᠯᠬᠤ ᠬᠡᠷᠡᠭᠲᠠᠢ᠃ ᠪᠤᠬᠢᠷᠳᠤᠯ ᠦᠭᠡᠢ | ᠬᠦᠭᠵᠢᠯᠲᠠ ᠶᠢ ᠠᠬᠢᠭᠤᠯᠬᠤ ᠬᠡᠷᠡᠭᠲᠠᠢ︔ ᠤᠷᠴᠢᠨ ᠲᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠡᠨ | ᠰᠢᠢᠳᠪᠦᠷᠢᠯᠡᠬᠦ ᠬᠡᠷᠡᠭᠲᠠᠢ︔ ᠠᠮᠢ ᠠᠬᠤᠢ ᠶᠢᠨ ᠰᠢᠰᠲ᠋ᠧᠮᠵᠢ ᠶᠢᠨ ᠬᠠᠮᠠᠭᠠᠯᠠᠯᠳᠠ ᠶᠢᠨ ᠡᠷᠴᠢᠮ ᠢ ᠴᠢᠩᠭᠠᠷᠠᠭᠤᠯᠬᠤ | ᠬᠡᠷᠡᠭᠲᠠᠢ︔ ᠠᠮᠢ ᠠᠬᠤᠢ ᠶᠢᠨ ᠤᠷᠴᠢᠨ ᠲᠤᠭᠤᠷᠢᠨ ᠤ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢ | ᠦᠭᠡᠷᠡᠴᠢᠯᠡᠬᠦ ᠬᠡᠷᠡᠭᠲᠠᠢ ᠬᠡᠵᠥ ᠲᠤᠷᠠᠳᠪᠠ᠃ | ᠰᠢ ᠶᠢᠨ ᠫᠢᠩ᠂ ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠴᠡᠷᠢᠭ ᠢ ᠬᠦᠴᠦᠷᠭᠡᠭᠵᠢᠬᠦᠯᠬᠦ | ᠵᠠᠮ ᠢᠶᠠᠷ ᠵᠠᠮᠨᠠᠬᠤ ᠶᠢ ᠪᠠᠷᠢᠮᠳᠠᠯᠠᠵᠤ᠂ ᠤᠯᠤᠰ ᠤᠨ ᠪᠠᠳᠤᠯᠠᠨ ᠬᠠᠮᠠᠭᠠᠯᠠᠯᠳᠠ ᠪᠤᠯᠤᠨ ᠴᠡᠷᠢᠭ ᠠᠩᠬᠢ ᠶᠢᠨ | ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠬᠤ ᠭᠡᠷᠡᠭᠳᠠᠢ᠃ ᠡᠷᠬᠡᠪᠰᠢ ᠰᠢᠨ᠎ᠠ ᠴᠠᠬ ᠦᠶ᠎ᠠ ᠶᠢᠨ ᠨᠠᠮ ᠤᠨ | ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠰᠢᠨ᠎ᠠ ᠪᠠᠶᠢᠳᠠᠯ ᠲᠤᠤᠷᠠᠬᠢ | ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ ᠴᠢᠭᠯᠡᠯᠳᠡ ᠶᠢ ᠲᠤᠤᠱᠯᠠᠭᠤᠯᠵᠤ᠂ ᠬᠦᠴᠦᠷᠭᠡᠭ ᠶᠡᠭᠡ | ᠤᠳᠤᠬᠢᠴᠢᠯᠠᠬᠰᠠᠨ ᠬᠠᠭᠤᠷᠠᠢ ᠵᠠᠮ ᠤᠨ ᠴᠡᠷᠢᠭ᠂ ᠲᠠᠯᠠᠢ ᠶᠢᠨ ᠴᠡᠷᠢᠭ᠂ ᠠᠭᠠᠷ ᠤᠨ ᠴᠡᠷᠢᠭ᠂ ᠲᠡᠶᠢᠷᠤᠯᠳᠤ | ᠰᠤᠮᠤ ᠶᠢᠨ ᠴᠡᠷᠢᠭ ᠪᠤᠯᠤᠨ ᠪᠠᠶᠢᠯᠳᠤᠬᠤ ᠪᠤᠳᠤᠯᠭ᠎ᠠ ᠶᠢᠨ ᠲᠤᠰᠠᠯᠠᠬᠤ ᠴᠡᠷᠢᠭ ᠠᠩᠬᠢ ᠶᠢ ᠪᠠᠶᠢᠭᠤᠯᠵᠤ᠂ ᠪᠠᠳᠤ | ᠴᠢᠩᠭ᠎ᠠ ᠦᠨᠳᠤᠷ ᠦᠷ᠎ᠠ ᠠᠰᠢᠬᠳᠠᠢ ᠪᠠᠶᠢᠯᠳᠤᠭᠠᠨ ᠤ ᠤᠷᠤᠨ ᠤ ᠬᠠᠮᠳᠤᠷᠠᠬᠰᠠᠨ ᠲᠠᠶᠢᠨ ᠤ ᠵᠢᠯᠤᠭᠤᠳᠬᠤ | ᠪᠠᠶᠢᠭᠤᠯᠤᠮᠵᠢ ᠶᠢ ᠪᠠᠶᠢᠭᠤᠯᠵᠤ᠂ ᠳᠤᠮᠳᠠᠳᠤ ᠤᠯᠤᠰ ᠤᠨ ᠤᠨᠴᠠᠯᠢᠬ ᠲᠠᠢ ᠤᠳᠤ ᠦᠶ᠎ᠠ ᠶᠢᠨ ᠪᠠᠶᠢᠯᠳᠤᠭᠠᠨ ᠤ | ᠰᠢᠰᠲ᠋ᠧᠮᠵᠢ ᠶᠢ ᠪᠠᠶᠢᠭᠤᠯᠵᠤ᠂ ᠨᠠᠮ ᠪᠤᠯᠤᠨ ᠠᠷᠠᠳ ᠲᠦᠮᠡᠨ ᠠᠴᠠ ᠲᠠᠭᠠᠭᠠᠯᠭᠠᠬᠰᠠᠨ ᠴᠠᠬ ᠦᠶ᠎ᠠ ᠶᠢᠨ ᠡᠬᠦᠷᠬᠡ ᠶᠢ | ᠡᠬᠦᠷᠬᠡᠯᠡᠬᠦ ᠭᠡᠷᠡᠭᠳᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ︽ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠶᠢ ᠪᠠᠷᠢᠮᠳᠠᠯᠠᠵᠤ᠂ ᠡᠬᠡ | ᠤᠯᠤᠰ ᠤᠨ ᠨᠢᠬᠡᠳᠤᠯ ᠢ ᠠᠬᠢᠭᠤᠯᠬᠤ ᠭᠡᠷᠡᠭᠳᠠᠢ᠃ ᠰᠢᠶᠠᠩᠭᠠᠩ᠂ ᠤᠤᠮᠧᠨ ᠤ ᠤᠷᠳᠤ ᠬᠤᠭᠤᠴᠠᠭᠠᠨ ᠤ ᠴᠡᠴᠡᠭᠯᠠᠯ | ᠬᠦᠭᠵᠢᠯ ᠲᠤᠭᠳᠠᠭᠤᠨ ᠢ ᠪᠠᠳᠤᠯᠠᠵᠤ᠂ ᠰᠢᠶᠠᠩᠭᠠᠩ᠂ ᠤᠤᠮᠧᠨ ᠤ ᠤᠯᠤᠰ ᠤᠨ ᠬᠦᠭᠵᠢᠯᠳᠠ ᠶᠢᠨ ᠶᠡᠭᠡ ᠪᠠᠶᠢᠳᠠᠯ ᠳᠤ | ᠠᠭᠤᠰᠤᠯᠴᠠᠬᠤ ᠶᠢ ᠲᠡᠮᠵᠢᠵᠤ᠂ ᠤᠯᠤᠰ ᠢᠶᠠᠨ ᠬᠠᠶᠢᠷᠠᠯᠠᠬᠤ ᠰᠢᠶᠠᠩᠭᠠᠩ ᠢᠶᠠᠨ ᠬᠠᠶᠢᠷᠠᠯᠠᠬᠤ ᠤᠤᠮᠧᠨ ᠢᠶᠠᠨ | ᠬᠠᠶᠢᠷᠠᠯᠠᠬᠤ ᠬᠦᠴᠤᠨ ᠢ ᠬᠦᠭᠵᠢᠬᠦᠯᠤᠨ ᠪᠤᠵᠠᠭᠠᠶᠢᠷᠠᠭᠤᠯᠵᠤ᠂ ᠰᠢᠶᠠᠩᠭᠠᠩ᠂ ᠤᠤᠮᠧᠨ ᠤ ᠠᠬ᠎ᠠ ᠲᠡᠬᠦᠤ ᠨᠠᠷ ᠢ ᠡᠬᠡ | ᠤᠯᠤᠰ ᠤᠨ ᠠᠷᠠᠳ ᠲᠦᠮᠡᠨ ᠲᠠᠢ ᠬᠠᠮᠳᠤ ᠦᠨᠳᠤᠰᠤᠳᠠᠨ ᠤ ᠰᠡᠷᠬᠦᠨ ᠮᠠᠨᠳᠤᠯᠳᠠ ᠶᠢᠨ ᠲᠡᠤᠬᠡᠳᠤ | ᠬᠠᠷᠢᠭᠤᠴᠠᠯᠭ᠎ᠠ ᠶᠢ ᠬᠠᠮᠳᠤᠪᠡᠷ ᠡᠬᠦᠷᠬᠡᠯᠡᠬᠦᠯᠵᠤ᠂ ᠡᠬᠡ ᠤᠯᠤᠰ ᠤᠨ ᠴᠡᠴᠡᠭᠯᠠᠨ ᠬᠦᠭᠵᠢᠵᠤ ᠪᠠᠶᠠᠵᠢᠨ | ᠬᠦᠴᠦᠷᠭᠡᠭᠵᠢᠭᠰᠡᠨ ᠠᠭᠤᠤ ᠶᠡᠭᠡ ᠢᠷᠡᠭᠤ ᠠᠯᠳᠠᠷ ᠢ ᠬᠠᠮᠳᠤᠪᠡᠷ ᠡᠳ᠋ᠯᠡᠬᠦᠯᠬᠦ ᠭᠡᠷᠡᠭᠳᠠᠢ᠃ ︽ᠨᠠᠶᠢᠷᠠᠮᠳᠠᠯ ᠢᠶᠠᠷ | ᠨᠢᠬᠡᠳᠬᠡᠬᠦ᠂ ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠴᠢᠭᠯᠡᠯᠳᠡ ᠶᠢ ᠦᠷᠬᠦᠯᠵᠢᠯᠠᠨ ᠪᠠᠷᠢᠮᠳᠠᠯᠠᠵᠤ | ᠂ ᠬᠤᠶᠠᠷ ᠬᠦᠪᠡᠬᠡᠨ ᠤ ᠬᠠᠷᠢᠴᠠᠭᠠᠨ ᠤ ᠡᠩᠬᠡ ᠲᠠᠶᠢᠪᠤᠩ ᠬᠦᠭᠵᠢᠯᠳᠠ ᠶᠢ ᠠᠬᠢᠭᠤᠯᠵᠤ᠂ ᠡᠬᠡ ᠤᠯᠤᠰ ᠢᠶᠠᠨ | ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠠᠬᠢᠭᠤᠯᠬᠤ ᠭᠡᠷᠡᠭᠳᠠᠢ᠃ ᠤᠯᠤᠰ ᠤᠨ ᠡᠷᠬᠡ ᠮᠡᠳᠡᠯ ᠪᠤᠯᠤᠨ ᠨᠤᠳᠤᠬ | ᠲᠡᠪᠢᠰᠬᠡᠷ ᠤᠨ ᠪᠦᠷᠢᠨ ᠪᠦᠳᠤᠨ ᠢ ᠡᠷᠡᠰ ᠬᠠᠮᠠᠭᠠᠯᠠᠵᠤ᠂ ᠤᠯᠤᠰ ᠢ ᠬᠠᠭᠠᠴᠠᠭᠤᠯᠬᠤ ᠲᠡᠤᠬᠡ ᠶᠢᠨ ᠭᠤᠨᠢᠬᠳᠤ | ᠵᠦᠴᠤᠬᠡ ᠶᠢ ᠲᠡᠬᠢᠨ ᠲᠤᠬᠯᠠᠬᠤ ᠶᠢ ᠶᠠᠭᠠᠬᠢᠬᠰᠠᠨ ᠴᠤ ᠬᠦᠯᠢᠶᠡᠬᠦ ᠦᠬᠡᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠡᠩᠬᠡ ᠲᠠᠶᠢᠪᠤᠩ ᠬᠦᠭᠵᠢᠯᠳᠠ ᠶᠢᠨ ᠵᠠᠮ ᠢ ᠪᠠᠷᠢᠮᠳᠠᠯᠠᠵᠤ᠂ ᠬᠦᠮᠤᠨ ᠲᠦᠷᠤᠯᠬᠢᠳᠠᠨ ᠤ | ᠬᠤᠪᠢ ᠵᠠᠶᠠᠭᠠᠨ ᠤ ᠬᠠᠮᠳᠤ ᠶᠢᠨ ᠴᠤᠬᠴᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ᠃ ᠳᠤᠮᠳᠠᠳᠤ | ᠤᠯᠤᠰ ᠤᠨ ᠬᠢᠨ ᠡᠩᠬᠡ ᠲᠠᠶᠢᠪᠤᠩ᠂ ᠬᠦᠭᠵᠢᠯᠳᠠ᠂ ᠬᠠᠮᠳᠤᠷᠠᠯᠴᠠᠭ᠎ᠠ᠂ ᠬᠠᠮᠳᠤᠪᠡᠷ ᠠᠰᠢᠬ ᠬᠦᠷᠳᠡᠬᠦ ᠲᠤᠬ ᠢ | ᠦᠨᠳᠤᠷ ᠮᠠᠨᠳᠤᠭᠤᠯᠵᠤ᠂ ᠲᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ᠂ ᠬᠠᠮᠳᠤ ᠶᠢᠨ ᠬᠦᠭᠵᠢᠯᠳᠠ ᠶᠢ | ᠠᠬᠢᠭᠤᠯᠬᠤ ᠭᠠᠳᠠᠭᠠᠳᠤ ᠲᠦᠷᠤ ᠶᠢᠨ ᠪᠤᠳᠤᠯᠭ᠎ᠠ ᠶᠢᠨ ᠵᠤᠷᠢᠯᠳᠠ ᠪᠠᠨ ᠪᠠᠳᠤ ᠵᠢᠷᠤᠮᠯᠠᠵᠤ᠂ ᠨᠠᠶᠢᠷᠠᠮᠳᠠᠯ ᠢᠶᠠᠷ | ᠵᠡᠷᠬᠡᠴᠡᠨ ᠤᠷᠤᠰᠢᠬᠤ ᠲᠠᠪᠤᠨ ᠵᠠᠷᠴᠢᠮ ᠢ ᠡᠷᠡᠰ ᠭᠤᠶᠢᠪᠢᠰᠢ ᠦᠭᠡᠢ ᠪᠠᠷᠢᠮᠳᠠᠯᠠᠬᠰᠠᠨ ᠰᠠᠭᠤᠷᠢᠨ ᠳᠤ ᠡᠯ᠎ᠠ | ᠤᠯᠤᠰ ᠯᠤᠭ᠎ᠠ ᠶᠢᠨ ᠨᠦᠬᠦᠷᠰᠡᠭ ᠬᠠᠮᠳᠤᠷᠠᠯᠴᠠᠭ᠎ᠠ ᠪᠠᠨ ᠬᠦᠭᠵᠢᠬᠦᠯᠵᠤ᠂ ᠬᠠᠷᠢᠯᠴᠠᠨ ᠬᠦᠨᠳᠤᠳᠬᠡᠬᠦ᠂ ᠡᠷᠬᠡ ᠲᠡᠭᠰᠢ | ᠲᠦᠪ ᠭᠤᠤᠯᠴᠢ ᠪᠠᠶᠢᠬᠤ᠂ ᠬᠠᠮᠳᠤᠷᠠᠯᠴᠠᠵᠤ ᠬᠠᠮᠳᠤᠪᠡᠷ ᠠᠰᠢᠬ ᠬᠦᠷᠳᠡᠬᠦ ᠰᠢᠨ᠎ᠠ ᠮᠠᠶ᠋ᠢᠬ ᠤᠨ ᠤᠯᠤᠰ ᠤᠨ | ᠬᠤᠭᠤᠷᠤᠨᠳᠤᠬᠢ ᠬᠠᠷᠢᠯᠴᠠᠭ᠎ᠠ ᠶᠢ ᠪᠠᠶᠢᠭᠤᠯᠬᠤ ᠶᠢ ᠠᠬᠢᠭᠤᠯᠬᠤ ᠬᠡᠷᠡᠭᠳᠠᠢ ᠬᠡᠵᠤ ᠵᠢᠭᠠᠵᠤ ᠭᠠᠷᠭᠠᠪᠠ᠃ | ᠰᠢ ᠶᠢᠨ ᠫᠢᠩ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠡᠷᠡᠰ ᠭᠤᠶᠢᠪᠢᠰᠢ ᠦᠬᠡᠢ ᠪᠡᠷᠢᠮᠳᠠᠯᠠᠵᠤ᠂ | ᠨᠠᠮ ᠤᠨ ᠲᠦᠷᠤ ᠪᠠᠷᠢᠬᠤ ᠴᠢᠳᠠᠪᠤᠷᠢ ᠪᠤᠯᠤᠨ ᠤᠳᠤᠷᠢᠳᠬᠤ ᠲᠦᠪᠰᠢᠨ ᠢ ᠲᠠᠰᠤᠷᠠᠯᠲᠠ ᠦᠬᠡᠢ ᠲᠡᠭᠡᠭᠰᠢᠯᠡᠬᠦᠯᠬᠦ | ᠬᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠠᠷᠤᠩᠬᠡᠢ ᠱᠠᠭᠠᠷᠳᠠᠯᠭ᠎ᠠ ᠵᠢᠴᠢ | ᠡᠷᠬᠡᠪᠰᠢ ᠰᠠᠶᠢᠳᠤᠷ ᠠᠳᠬᠤᠬᠤ ᠨᠠᠢᠮᠠᠨ ᠲᠠᠯ᠎ᠠ ᠶᠢᠨ ᠴᠢᠬᠤᠯᠠ ᠡᠬᠦᠷᠬᠡ ᠶᠢ ᠲᠤᠷᠠᠳᠴᠠᠢ᠄ ᠨᠠᠮ ᠤᠨ ᠤᠯᠤᠰ | ᠲᠦᠷᠤ ᠶᠢᠨ ᠪᠠᠶᠢᠭᠤᠯᠤᠯᠳᠠ ᠶᠢ ᠲᠡᠷᠢᠬᠦᠨ ᠳᠤ ᠲᠠᠯᠪᠢᠬᠤ ᠬᠡᠷᠡᠭᠳᠠᠢ︔ ᠰᠢᠨ᠎ᠠ ᠴᠠᠬ ᠦᠶ᠎ᠠ ᠶᠢᠨ ᠨᠡᠶᠢᠬᠡᠮ ᠵᠢᠷᠤᠮ ᠤᠨ | ᠦᠵᠡᠯ ᠰᠠᠨᠠᠭ᠎ᠠ ᠪᠠᠷ ᠪᠦᠬᠦ ᠨᠠᠮ ᠢ ᠵᠠᠪᠰᠡᠭᠯᠡᠬᠦ ᠬᠡᠷᠡᠭᠳᠠᠢ︔ ᠲᠡᠭᠡᠳᠤ ᠬᠡᠮᠵᠢᠶᠡᠨ ᠤ ᠮᠡᠳᠡᠯᠬᠡ ᠪᠤᠯᠪᠠᠰᠤᠷᠠᠯ ᠲᠠᠢ | ᠲᠤᠰᠬᠠᠶᠢᠵᠢᠭᠰᠠᠨ ᠺᠠᠳ᠋ᠷ ᠤᠨ ᠡᠩᠨᠡᠭᠡ ᠶᠢ ᠪᠠᠶᠢᠭᠤᠯᠬᠤ ᠬᠡᠷᠡᠭᠳᠠᠢ︔ ᠦᠨᠳᠤᠰᠤᠨ ᠱᠠᠳᠤᠨ ᠤ ᠵᠤᠬᠢᠶᠠᠨ | ᠪᠠᠶᠢᠭᠤᠯᠤᠯᠳᠠ ᠶᠢᠨ ᠴᠤᠬᠴᠠᠯᠠᠯᠳᠠ ᠶᠢ ᠴᠢᠩᠭᠠᠳᠬᠠᠬᠤ ᠬᠡᠷᠡᠭᠳᠠᠢ︔ ᠰᠤᠷᠳᠠᠯ ᠰᠠᠬᠢᠯᠭ᠎ᠠ ᠶᠢ ᠴᠡᠭᠴᠡᠯᠡᠵᠤ | ᠰᠠᠶᠢᠵᠢᠷᠠᠭᠤᠯᠬᠤ ᠶᠢ ᠦᠷᠭᠦᠯᠵᠢᠳᠡ ᠪᠠᠷᠢᠮᠳᠠᠯᠠᠬᠤ ᠬᠡᠷᠡᠭᠳᠠᠢ︔ ᠢᠯᠵᠢᠷᠠᠯ ᠢ ᠡᠰᠡᠷᠬᠦᠴᠡᠬᠦ ᠲᠡᠮᠡᠴᠡᠯ ᠤᠨ ᠲᠡᠶᠢᠯᠦᠩᠬᠦᠢ | ᠢᠯᠠᠯᠳᠠ ᠶᠢ ᠲᠡᠮᠡᠴᠡᠨ ᠤᠯᠬᠤ ᠬᠡᠷᠡᠭᠳᠠᠢ︔ ᠨᠠᠮ ᠪᠤᠯᠤᠨ ᠤᠯᠤᠰ ᠤᠨ ᠬᠢᠨᠠᠯᠳᠠ ᠲᠠᠯᠪᠢᠬᠤ ᠰᠢᠰᠲ᠋ᠧᠮᠵᠢ ᠶᠢ | ᠪᠠᠶᠢᠭᠤᠯᠤᠨ ᠲᠡᠬᠦᠯᠳᠡᠷᠵᠢᠬᠦᠯᠬᠦ ᠬᠡᠷᠡᠭᠳᠠᠢ︔ ᠲᠦᠷᠤ ᠪᠠᠷᠢᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠬᠤ | ᠬᠡᠷᠡᠭᠳᠠᠢ᠃ | ᠰᠢ ᠶᠢᠨ ᠫᠢᠩ ᠢᠯᠡᠳᠬᠡᠯ ᠬᠢᠬᠦ ᠶᠠᠪᠤᠴᠠ ᠳᠤ᠂ ᠪᠦᠬᠦ ᠲᠠᠯᠠᠪᠠᠢ ᠪᠠᠷ ᠢᠶᠠᠨ ᠪᠠᠶᠢᠨ ᠪᠠᠶᠢᠨ ᠬᠠᠯᠠᠭᠤᠨ ᠢᠶᠠᠷ | ᠠᠯᠠᠭ᠎ᠠ ᠲᠠᠰᠢᠵᠤ ᠪᠠᠶᠢᠯ᠎ᠠ᠃ | ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ | ᠲᠡᠳ᠋ ᠲᠠᠷᠤᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ | ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠬᠰᠠᠨ ᠨᠠᠮ ᠤᠨ ᠭᠠᠳᠠᠨᠠᠬᠢ ᠬᠦᠮᠤᠰ᠂ ᠪᠡᠬᠡᠵᠢᠩ ᠳᠤ ᠪᠠᠶᠢᠭ᠎ᠠ ᠡᠯ᠎ᠠ | ᠠᠷᠠᠳᠴᠢᠯᠠᠭᠰᠠᠠ ᠨᠠᠮ ᠪᠦᠯᠦᠭ ᠤᠨ ᠲᠦᠪ ᠬᠤᠷᠢᠶ᠎ᠠ᠂ ᠪᠦᠬᠦ ᠤᠯᠤᠰ ᠤᠨ ᠦᠢᠯᠡᠳᠪᠦᠷᠢ ᠬᠤᠳᠠᠯᠳᠤᠭᠠᠨ ᠤ | ᠬᠤᠯᠪᠤᠭ᠎ᠠ ᠶᠢᠨ ᠲᠡᠳ᠋ ᠲᠡᠷᠢᠬᠦᠯᠡᠭᠴᠢ᠂ ᠨᠠᠮ ᠪᠦᠯᠦᠭ ᠤᠨ ᠪᠤᠰᠤ ᠲᠦᠯᠤᠭᠡᠯᠡᠭᠴᠢ ᠬᠦᠮᠤᠰ᠂ ᠱᠠᠰᠢᠨ ᠰᠤᠷᠳᠠᠬᠤᠨ ᠤ | ᠡᠳᠡᠬᠡᠳ ᠤᠨ ᠲᠦᠯᠤᠭᠡᠯᠡᠭᠴᠢ ᠬᠦᠮᠤᠰ᠂ ᠪᠡᠬᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠪᠠᠶᠢᠩᠭᠤ ᠶᠢᠨ | ᠬᠡᠰᠢᠬᠦᠨ ᠤ ᠳᠤᠳᠤᠷᠠᠬᠢ ᠠᠷᠠᠳᠴᠢᠯᠠᠭᠰᠠᠠ ᠨᠠᠮ ᠪᠦᠯᠦᠭ᠂ ᠨᠠᠮ ᠪᠦᠯᠦᠭ ᠤᠨ ᠪᠤᠰᠤ ᠪᠤᠯᠤᠨ ᠦᠨᠳᠤᠰᠤᠳᠠᠨ | ᠱᠠᠰᠢᠨ ᠰᠤᠷᠳᠠᠬᠤᠨ ᠤ ᠡᠳᠡᠬᠡᠳ ᠤᠨ ᠬᠦᠮᠤᠰ ᠵᠤᠴᠢᠨ ᠤ ᠬᠤᠪᠢ ᠪᠠᠷ ᠶᠡᠭᠡ ᠬᠤᠷᠠᠯ ᠳᠤ ᠰᠤᠯᠠ ᠤᠷᠤᠯᠴᠠᠪᠠ᠃ | ᠨᠠᠮ ᠤᠨ ᠳᠤᠳᠤᠭᠠᠳᠤ ᠶᠢᠨ ᠬᠤᠯᠪᠤᠬᠳᠠᠯ ᠪᠦᠬᠦᠢ ᠨᠦᠬᠦᠳ ᠶᠡᠭᠡ ᠬᠤᠷᠠᠯ ᠳᠤ ᠰᠤᠯᠠ ᠤᠷᠤᠯᠴᠠᠪᠠ᠃ | ᠤᠯᠤᠰ ᠤᠨ ᠳᠤᠳᠤᠭᠠᠳᠤ ᠭᠠᠳᠠᠭᠠᠳᠤ ᠶᠢᠨ 3000 ᠭᠠᠷᠤᠢ ᠰᠤᠷᠪᠤᠯᠵᠢᠯᠠᠬᠴᠢ ᠶᠡᠭᠡ ᠬᠤᠷᠠᠯ ᠤᠨ ᠡᠬᠢᠯᠡᠬᠦ | ᠶᠤᠰᠤᠯᠠᠯ ᠤᠨ ᠦᠪᠡᠳᠡᠭᠰᠢ ᠪᠠᠶᠢᠳᠠᠯ ᠢ ᠮᠡᠳᠡᠬᠡᠯᠡᠪᠡ᠃ |