2016 ᠣᠨ ᠤ ᠵᠢᠯ ᠤᠨ ᠡᠴᠦᠰ ᠪᠣᠯᠲᠠᠯ᠎ᠠ᠂ ᠥᠪᠥᠷ ᠮᠣᠩᠭᠤᠯ ᠤᠨ ᠳᠠᠩᠰᠠ ᠡᠪᠬᠡᠮᠡᠯ ᠪᠠᠶᠢᠭᠤᠯᠤᠨ | ᠺᠠᠷᠲ ᠠᠪᠤᠭᠰᠠᠨ ᠶᠠᠳᠠᠭᠤ ᠬᠥᠴᠢᠷᠳᠡᠯᠲᠡᠢ ᠬᠥᠮᠦᠨ ᠠᠮᠠ 55.6 ᠲᠦᠮᠡ ᠪᠠᠶᠢᠵᠤ᠂ ᠶᠠᠳᠠᠭᠤᠷᠠᠯ ᠤᠨ ᠨᠤᠷᠮ᠎ᠠ ᠨᠢ | ᠳᠣᠷᠣᠭᠰᠢᠯᠠᠭᠠᠳ 4.1% ᠪᠣᠯᠵᠤ᠂ ᠪᠦᠬᠦ ᠤᠯᠤᠰ ᠤᠨ 4.5% ᠤᠨ ᠳᠤᠮᠳᠠᠴᠢ ᠬᠢᠷᠢ ᠲᠥᠪᠰᠢᠨ ᠠᠴᠠ ᠳᠣᠣᠷ᠎ᠠ | ᠪᠣᠯᠪᠠ᠃ ᠥᠪᠥᠷ ᠮᠣᠩᠭᠤᠯ ᠳᠤ ᠤᠳᠤ 57 ᠶᠠᠳᠠᠭᠤ ᠬᠦᠴᠢᠷᠳᠡᠯᠲᠡᠶ ᠬᠤᠰᠢᠭᠤ ᠰᠢᠶᠠᠨ᠂ 2834 ᠶᠠᠳᠠᠭᠤ | ᠬᠦᠴᠢᠷᠳᠡᠯᠲᠡᠶ ᠭᠠᠴᠠᠭ᠎ᠠ ᠲᠣᠰᠬᠤᠨ ᠪᠠᠶᠢᠵᠤ᠂ ᠡᠭᠦᠨ ᠳᠤ ᠤᠯᠤᠰ ᠤᠨ ᠳᠡᠰ ᠤᠨ ᠶᠠᠳᠠᠭᠤ ᠬᠦᠴᠢᠷᠳᠡᠯᠲᠡᠢ | ᠬᠤᠰᠢᠭᠤ ᠰᠢᠶᠠᠨ 31 ᠪᠠᠶᠢᠨ᠎ᠠ᠃ ᠶᠠᠳᠠᠭᠤ ᠬᠦᠴᠢᠷᠳᠡᠯᠲᠡᠢ ᠬᠥᠮᠦᠨ ᠠᠮᠠ ᠨᠢ ᠭᠤᠣᠯᠳᠠᠭᠤ ᠤᠯᠠᠭᠠᠨᠬᠠᠳᠠ᠂ | ᠤᠯᠠᠭᠠᠨᠴᠠᠪ᠂ ᠲᠦᠩᠯᠢᠶᠣᠤ᠂ ᠬᠢᠩᠭᠠᠨ ᠠᠶᠢᠮᠠᠭ ᠢᠶᠠᠷ ᠲᠠᠷᠬᠠᠨ᠂ 47.4 ᠲᠦᠮᠡᠨ ᠶᠠᠳᠠᠭᠤ ᠬᠦᠴᠢᠷᠳᠡᠯᠲᠡᠶ ᠬᠥᠮᠦᠨ | ᠠᠮᠠ ᠪᠠᠶᠢᠵᠤ᠂ ᠪᠥᠬᠦ ᠣᠷᠣᠨ ᠤ ᠶᠠᠳᠠᠭᠤ ᠬᠦᠴᠢᠷᠳᠡᠯᠲᠡᠶ ᠬᠥᠮᠦᠨ ᠠᠮᠠ ᠶᠢᠨ 85.3% ᠶᠢ ᠡᠵᠡᠯᠡᠵᠦ ᠪᠠᠶᠢᠨ᠎ᠠ᠃ | ᠶᠠᠳᠠᠭᠤᠷᠠᠵᠤ ᠪᠠᠶᠢᠭ᠎ᠠ ᠭᠤᠣᠯ ᠰᠢᠯᠲᠠᠭᠠᠨ ᠤ ᠳᠣᠲᠣᠷ᠎ᠠ᠂ ᠡᠪᠡᠳᠴᠢᠨ ᠢᠶᠠᠷ ᠶᠠᠳᠠᠭᠤᠷᠠᠵᠦ ᠪᠠᠶᠢᠬᠤ ᠬᠠᠷᠢᠴᠠᠯ ᠨᠢ | ᠬᠠᠮᠤᠭ ᠥᠨᠳᠥᠷ ᠪᠠᠶᠢᠵᠤ᠂ 41.44% ᠶᠢ ᠡᠵᠡᠯᠡᠵᠦ ᠪᠠᠶᠢᠨ᠎ᠠ᠃ | ᠲᠦᠢᠯ ᠤᠨ ᠣᠨᠤᠪᠴᠢᠲᠠᠢ ᠪᠠᠷ ᠶᠠᠳᠠᠭᠤ ᠶᠢ ᠲᠡᠳᠬᠦᠬᠦ᠂ ᠤᠨᠢᠨ ᠳᠡᠭᠡᠷ᠎ᠡ ᠨᠢ ᠶᠠᠳᠠᠭᠤ ᠠᠴᠠ | ᠠᠩᠭᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠳᠣᠣᠷ᠎ᠠ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ | ᠶᠠᠳᠠᠭᠤ ᠶᠢ ᠲᠡᠳᠬᠦᠬᠦ ᠪᠠᠶᠢᠭᠤᠯᠤᠯ ᠲᠣᠭᠲᠠᠴᠠ ᠪᠠᠨ ᠰᠢᠨᠡᠴᠢᠯᠡᠨ᠂ ᠲᠦᠷᠦ ᠶᠢᠨ ᠪᠤᠳᠤᠯᠭ᠎ᠠ ᠶᠢᠨ ᠰᠢᠰᠲ᠋ᠧᠮᠵᠢ ᠪᠠᠨ | ᠦᠷᠭᠦᠯᠵᠢᠯᠡᠨ ᠪᠦᠷᠢᠨᠰᠢᠭᠦᠯᠵᠦ᠂ ᠶᠠᠳᠠᠭᠤ ᠶᠢ ᠲᠡᠳᠬᠦᠬᠦ ᠪᠡᠯᠡ ᠮᠦᠩᠭᠦᠨ ᠤ ᠣᠷᠣᠭᠤᠯᠤᠯᠲᠠ᠂ ᠠᠵᠤ ᠦᠢᠯᠡᠰ ᠢᠶᠠᠷ | ᠶᠠᠳᠠᠭᠤ ᠶᠢ ᠲᠡᠳᠬᠦᠬᠦ᠂ ᠣᠨᠳᠣᠣ ᠭᠠᠵᠠᠷ ᠨᠡᠭᠦᠯᠭᠡᠵᠦ ᠶᠠᠳᠠᠭᠤ ᠶᠢ ᠲᠡᠳᠬᠦᠬᠦ᠂ ᠰᠤᠷᠭᠠᠨ ᠬᠥᠮᠦᠵᠢᠯ ᠢᠶᠠᠷ | ᠶᠠᠳᠠᠭᠤ ᠶᠢ ᠲᠡᠳᠬᠦᠬᠦ᠂ ᠡᠷᠡᠭᠦᠯ ᠮᠡᠨᠳᠦ ᠪᠠᠷ ᠶᠠᠳᠠᠭᠤ ᠶᠢ ᠲᠡᠳᠬᠦᠬᠦ᠂ ᠨᠡᠶᠢᠭᠡᠮ ᠨᠡᠶᠢᠲᠡ ᠪᠠᠷ ᠶᠠᠳᠠᠭᠤ ᠶᠢ ᠲᠡᠳᠬᠦᠬᠦ | ᠵᠡᠷᠭᠡ ᠲᠠᠯ᠎ᠠ ᠪᠠᠷ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠢ ᠲᠠᠰᠤᠷᠠᠯᠳᠠ ᠦᠭᠡᠢ ᠲᠦᠯᠬᠢᠨ | ᠠᠬᠢᠭᠤᠯᠵᠦ ᠪᠠᠶᠢᠨ᠎ᠠ᠃ | ᠣᠳᠣᠬᠠᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯᠵᠢᠬᠤ ᠲᠠᠷᠢᠶᠠᠯᠠᠬᠤ ᠣᠷᠣᠨ ᠤ | ᠳᠠᠩᠰᠠ ᠡᠪᠬᠡᠮᠡᠯ ᠪᠠᠶᠢᠭᠤᠯᠤᠨ ᠺᠠᠷᠲ ᠠᠪᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ 55.6 ᠲᠦᠮᠡ ᠪᠠᠶᠢᠵᠤ᠂ | 2012 ᠣᠨ ᠤ ᠬᠢ ᠠᠴᠠ 142 ᠲᠦᠮᠡ ᠬᠠᠰᠤᠭᠳᠠᠪᠠ᠃ ᠶᠠᠳᠠᠭᠤᠷᠠᠯ ᠤᠨ ᠨᠤᠷᠮ᠎ᠠ ᠨᠢ 2012 ᠣᠨ ᠳᠤ 14. | 7% ᠪᠠᠶᠢᠭᠰᠠᠨ ᠠᠴᠠ ᠪᠠᠨ ᠳᠣᠷᠣᠭᠰᠢᠯᠠᠭᠠᠳ 4.1% ᠪᠣᠯᠪᠠ᠃ ᠤᠯᠤᠰ ᠤᠨ ᠲᠠᠰ ᠤᠨ ᠶᠠᠳᠠᠭᠤ ᠬᠦᠴᠢᠷᠳᠡᠯᠲᠡᠢ | 31 ᠬᠤᠰᠢᠭᠤ ᠰᠢᠶᠠᠨ ᠤ ᠮᠠᠯᠴᠢᠨ ᠲᠠᠷᠢᠶᠠᠴᠢᠨ ᠤ ᠬᠥᠮᠦᠨ ᠪᠦᠷᠢ ᠶᠢᠨ ᠡᠵᠡᠮᠳᠡᠵᠦ ᠪᠣᠯᠬᠤ ᠳᠤᠮᠳᠠᠴᠢ ᠣᠷᠣᠯᠭ᠎ᠠ | ᠨᠢ 5570 ᠲᠥᠭᠦᠷᠢᠭ ᠪᠠᠶᠢᠭᠰᠠᠨ ᠠᠴᠠ ᠪᠠᠨ ᠨᠡᠮᠡᠭᠳᠡᠭᠡᠳ 9005 ᠲᠥᠭᠦᠷᠢᠭ ᠲᠤ ᠬᠦᠷᠴᠦ᠂ ᠠᠳᠠᠯᠢ | ᠬᠤᠭᠤᠴᠠᠭᠠᠨ ᠤ ᠬᠢ ᠠᠴᠠ 9.8% ᠨᠡᠮᠡᠭᠳᠡᠵᠦ᠂ ᠨᠡᠮᠡᠭᠳᠡᠯ ᠤᠨ ᠬᠡᠮᠵᠢᠶ᠎ᠡ ᠨᠢ ᠥᠪᠥᠷ ᠮᠣᠩᠭᠤᠯ ᠤᠨ ᠪᠦᠬᠦ | ᠣᠷᠣᠨ ᠤ ᠮᠠᠯᠴᠢᠨ ᠲᠠᠷᠢᠶᠠᠴᠢᠳ ᠤᠨ ᠳᠤᠮᠳᠠᠴᠢ ᠬᠢᠷᠢ ᠲᠥᠪᠰᠢᠨ ᠠᠴᠠ 2.1 ᠵᠠᠭᠤᠨ ᠤ ᠴᠡᠭ ᠥᠨᠳᠥᠷ ᠪᠣᠯᠪᠠ᠃ | 2017 ᠣᠨ ᠳᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ 20 ᠲᠦᠮᠡᠨ ᠬᠦᠮᠦᠨ ᠢ ᠶᠠᠳᠠᠭᠤ ᠠᠴᠠ | ᠠᠩᠭᠢᠵᠢᠷᠠᠭᠤᠯᠤᠨ᠎ᠠ᠂ ᠲᠡᠭᠦᠨ ᠤ ᠶᠡᠷᠦᠩᠬᠡᠶ ᠬᠠᠷᠠᠯᠲᠠ ᠨᠢ 2019 ᠣᠨ ᠪᠣᠯᠬᠤ ᠳᠤ ᠤᠯᠤᠰ ᠤᠨ ᠳᠡᠰ ᠤᠨ | ᠶᠠᠳᠠᠭᠤ ᠬᠦᠴᠢᠷᠳᠡᠯᠲᠡᠢ ᠬᠤᠰᠢᠭᠤ ᠰᠢᠶᠠᠨ ᠪᠦᠬᠦᠨ ᠤ ᠶᠠᠳᠠᠭᠤ ᠮᠠᠯᠠᠭᠠᠢ ᠶᠢ ᠨᠢ ᠲᠠᠶᠠᠭᠳᠠᠭᠤᠯᠤᠨ᠂ 2020 ᠣᠨ | ᠪᠣᠯᠬᠤ ᠳᠤ ᠪᠠᠬᠢᠵᠢᠭᠦᠯᠦᠨ ᠳᠡᠭᠡᠭᠰᠢᠯᠡᠭᠦᠯᠵᠦ᠂ ᠤᠳᠤ ᠶᠢᠨ ᠪᠠᠷᠢᠮᠵᠢᠶ᠎ᠠ ᠪᠠᠷ ᠶᠠᠳᠠᠭᠤ ᠬᠦᠴᠢᠷᠳᠡᠯᠲᠡᠶ ᠬᠥᠮᠦᠨ ᠠᠮᠠ | ᠪᠦᠬᠦᠨ ᠢ ᠶᠠᠳᠠᠭᠤ ᠠᠴᠠ ᠨᠢ ᠠᠩᠭᠢᠵᠢᠷᠠᠭᠤᠯᠤᠨ᠎ᠠ᠃ |