ᠠᠭᠤᠷᠬᠠᠶ ᠶᠢᠨ ᠣᠷᠴᠢᠨ ᠲᠣᠭᠤᠷᠢᠨ ᠢ ᠬᠠᠮᠠᠭᠠᠯᠠᠬᠤ ᠪᠠ ᠶᠡᠷᠦᠩᠬᠡᠶᠢᠯᠡᠨ ᠵᠠᠰᠠᠬᠤ ᠶᠢ ᠤᠯᠠᠮ ᠨᠢᠭᠡ ᠠᠯᠬᠤᠮ | ᠴᠢᠩᠭᠠᠳᠬᠠᠵᠤ᠂ ᠠᠭᠤᠷᠬᠠᠶ ᠶᠢᠨ ᠭᠠᠷᠤᠯᠲᠠ ᠶᠢᠨ ᠡᠬᠢ ᠪᠠᠶᠠᠯᠢᠭ ᠢ ᠨᠡᠭᠡᠭᠡᠨ ᠠᠰᠢᠭᠯᠠᠬᠤ ᠶᠢ ᠠᠮᠢ ᠠᠬᠤᠶ ᠣᠷᠴᠢᠨ | ᠲᠣᠭᠤᠷᠢᠨ ᠯᠤᠭ᠎ᠠ ᠬᠠᠷᠢᠯᠴᠠᠨ ᠵᠤᠬᠢᠴᠠᠯᠳᠤᠭᠤᠯᠬᠤ ᠶᠢ ᠠᠬᠢᠭᠤᠯᠬᠤ ᠶᠢᠨ ᠲᠦᠯᠦᠭᠡ᠂ ᠤᠷᠴᠢᠮᠬᠠᠨ ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ︽ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠲᠥᠰᠦᠯ︾ ᠢ | ᠳᠠᠷᠤᠮᠯᠠᠨ ᠲᠠᠷᠬᠠᠭᠠᠵᠠᠢ᠃ ᠲᠦᠰᠦᠯ ᠳᠤ ᠨᠠᠢᠮᠠᠨ ᠵᠦᠢᠯ ᠤᠨ ᠭᠤᠣᠯᠳᠠᠯᠭ᠎ᠠ ᠲᠠᠢ ᠡᠭᠦᠷᠭᠡ ᠶᠢ ᠲᠤᠭᠲᠠᠭᠠᠵᠠᠢ᠃ | ᠨᠢᠭᠡ ᠳᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠶ ᠶᠢᠨ ᠲᠥᠯᠥᠪᠵᠢᠭᠦᠯᠭᠡ ᠶᠢᠨ | ᠰᠢᠰᠲ᠋ᠧᠮ ᠢ ᠪᠠᠶᠢᠭᠤᠯᠤᠨ᠎ᠠ᠃ 2017 ᠣᠨ ᠤ ᠵᠢᠯ ᠤᠨ ᠡᠴᠦᠰ ᠠᠴᠠ ᠡᠮᠦᠨ᠎ᠡ᠂ ᠬᠠᠤᠯᠢ ᠶᠣᠰᠣᠭᠠᠷ ᠠᠭᠤᠷᠬᠠᠶ | ᠡᠷᠬᠢᠯᠡᠬᠦ᠂ ᠵᠢᠷᠤᠮᠵᠢᠭᠤᠯᠤᠨ ᠬᠠᠮᠢᠶᠠᠷᠬᠤ᠂ ᠶᠡᠷᠦᠩᠬᠡᠶᠢᠯᠡᠨ ᠠᠰᠢᠭᠯᠠᠬᠤ᠂ ᠮᠡᠷᠭᠡᠵᠢᠯ ᠤᠨ ᠰᠢᠨ᠎ᠡ ᠶᠢ ᠡᠭᠦᠳᠬᠦ᠂ | ᠡᠨᠧᠷᠭᠢ ᠠᠷᠪᠢᠯᠠᠵᠤ ᠪᠣᠬᠢᠷᠲᠤᠯ ᠪᠣᠳᠠᠰ ᠭᠠᠳᠠᠭᠰᠢᠯᠠᠭᠤᠯᠬᠤ ᠬᠡᠮᠵᠢᠶ᠎ᠡ ᠶᠢ ᠪᠠᠭᠠᠰᠬᠠᠬᠤ᠂ ᠣᠷᠴᠢᠨ ᠲᠤᠭᠤᠷᠢᠨ ᠢ | ᠬᠠᠮᠠᠭᠠᠯᠠᠬᠤ᠂ ᠭᠠᠵᠠᠷ ᠰᠢᠷᠣᠶ ᠶᠢ ᠳᠠᠬᠢᠨ ᠬᠠᠭᠠᠯᠪᠤᠷᠢᠯᠠᠬᠤ᠂ ᠨᠡᠶᠢᠭᠡᠮ ᠲᠣᠭᠤᠷᠢᠭ ᠤᠨ ᠡᠶ᠎ᠡ ᠵᠣᠬᠢᠴᠠᠯ᠂ ᠠᠵᠤ | ᠠᠬᠤᠶᠢᠯᠠᠯ ᠤᠨ ᠰᠣᠶᠣᠯ ᠵᠡᠷᠭᠡ ᠪᠠᠷ ᠭᠤᠣᠯ ᠠᠭᠤᠯᠭ᠎ᠠ ᠪᠣᠯᠭᠠᠭᠰᠠᠨ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠠ | ᠪᠠᠶᠢᠭᠤᠯᠤᠯᠲᠠ ᠶᠢᠨ ᠲᠥᠯᠥᠪᠵᠢᠭᠦᠯᠭᠡ ᠶᠢ ᠨᠠᠶᠢᠷᠠᠭᠤᠯᠬᠤ ᠶᠢ ᠪᠡᠶᠡᠯᠡᠭᠦᠯᠦᠨ᠎ᠡ᠃ | ᠬᠤᠶᠠᠷ ᠲᠤ ᠥᠪᠡᠷᠲᠡᠭᠡᠨ ᠵᠠᠰᠠᠬᠤ ᠣᠷᠣᠨ ᠤ ᠳᠡᠰ ᠤᠨ ᠪᠣᠬᠢᠷᠲᠤᠯ ᠦᠭᠡᠢ ᠠᠭᠤᠷᠬᠠᠶ ᠶᠢᠨ ᠪᠠᠷᠢᠮᠵᠢᠶ᠎ᠠ ᠶᠢᠨ | ᠲᠣᠭᠲᠠᠴᠠ ᠶᠢ ᠪᠠᠶᠢᠭᠤᠯᠤᠨ᠎ᠠ᠃ 2017 ᠣᠨ ᠤ ᠵᠢᠯ ᠤᠨ ᠡᠴᠦᠰ ᠠᠴᠠ ᠡᠮᠦᠨ᠎ᠡ᠂ ᠨᠡᠭᠦᠷᠡᠰᠦ᠂ ᠥᠩᠭᠡᠲᠦ | ᠲᠡᠮᠦᠷᠯᠢᠭ᠂ ᠠᠯᠲᠠ᠂ ᠲᠡᠮᠦᠷᠯᠢᠭ ᠬᠠᠶᠢᠯᠤᠭᠤᠯᠬᠤ᠂ ᠬᠢᠮᠢ ᠶᠢᠨ ᠠᠵᠤ ᠦᠢᠯᠡᠳᠪᠦᠷᠢ᠂ ᠲᠡᠮᠦᠷᠯᠢᠭ ᠪᠤᠰᠤ ᠵᠦᠢᠯ᠂ | ᠬᠠᠶᠢᠷ ᠴᠢᠯᠠᠭᠤ ᠰᠢᠷᠤᠢ ᠶᠢᠨ ᠠᠭᠤᠷᠬᠠᠶ ᠵᠡᠷᠭᠡ ᠠᠵᠢᠯ ᠲᠦᠷᠦᠯ ᠤᠨ ᠥᠪᠡᠷᠲᠡᠭᠡᠨ ᠵᠠᠰᠠᠬᠤ ᠣᠷᠣᠨ ᠤ ᠳᠡᠰ ᠤᠨ | ᠪᠣᠬᠢᠷᠲᠤᠯ ᠦᠭᠡᠢ ᠠᠭᠤᠷᠬᠠᠶ ᠶᠢᠨ ᠪᠥᠳᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠵᠢᠴᠢ ᠪᠣᠬᠢᠷᠲᠤᠯ ᠦᠭᠡᠢ | ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ ᠣᠷᠣᠨ ᠤ ᠪᠠᠷᠢᠮᠵᠢᠶ᠎ᠠ ᠶᠢ ᠲᠤᠭᠲᠠᠭᠠᠨ᠎ᠠ᠃ | ᠭᠤᠷᠪᠠ ᠳᠤ᠂ ᠠᠭᠤᠷᠬᠠᠶ ᠶᠢᠨ ᠣᠷᠴᠢᠨ ᠲᠤᠭᠤᠷᠢᠨ ᠢ ᠵᠠᠰᠠᠬᠤ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠦᠨ᠎ᠡ᠃ 2017 ᠣᠨ ᠤ ᠵᠢᠯ ᠤᠨ ᠡᠴᠦᠰ ᠠᠴᠠ ᠡᠮᠦᠨ᠎ᠡ᠂ ᠤᠳᠤ ᠪᠠᠶᠢᠭ᠎ᠠ ᠠᠭᠤᠷᠬᠠᠶ ᠶᠢᠨ ᠭᠠᠵᠠᠷ | ᠵᠦᠢ ᠶᠢᠨ ᠣᠷᠴᠢᠨ ᠲᠣᠭᠤᠷᠢᠨ ᠤ ᠪᠠᠲᠤᠯᠠᠭ᠎ᠠ ᠶᠢᠨ ᠮᠥᠩᠭᠦ ᠶᠢᠨ ᠲᠦᠷᠦ ᠶᠢᠨ ᠪᠤᠳᠤᠯᠭ᠎ᠠ ᠶᠢ ᠨᠡᠶᠢᠲᠡᠯᠡᠨ | ᠬᠡᠷᠡᠭᠵᠢᠭᠦᠯᠵᠦ᠂ ᠠᠭᠤᠷᠬᠠᠶ ᠶᠢᠨ ᠠᠵᠤ ᠠᠬᠤᠶᠢᠯᠠᠯ ᠤᠳ ︵ᠡᠩ ᠤᠨ ᠪᠠᠷᠢᠯᠭ᠎ᠠ ᠳᠤ ᠬᠡᠷᠡᠭᠯᠡᠬᠦ ᠬᠠᠶᠢᠷ ᠴᠢᠯᠠᠭᠤ | ᠨᠠᠩᠭᠢ ᠰᠢᠷᠤᠢ ᠶᠢᠨ ᠠᠵᠤ ᠠᠬᠤᠶᠢᠯᠠᠯ ᠪᠠᠭᠲᠠᠬᠤ ᠦᠭᠡᠶ︶ ᠬᠤᠭᠤᠴᠠᠭ᠎ᠠ ᠬᠤᠪᠢᠶᠠᠵᠤ ᠵᠠᠰᠠᠬᠤ ᠲᠦᠰᠦᠯ ᠢ | ᠦᠨᠳᠦᠰᠦᠯᠡᠨ᠂ ᠵᠣᠬᠢᠬᠤ ᠲᠤᠭᠠᠨ ᠤ ᠠᠭᠤᠷᠬᠠᠶ ᠶᠢᠨ ᠭᠠᠵᠠᠷ ᠵᠦᠢ ᠶᠢᠨ ᠣᠷᠴᠢᠨ ᠲᠣᠭᠤᠷᠢᠨ ᠢ ᠵᠠᠰᠠᠬᠤ | ᠪᠠᠲᠤᠯᠠᠭ᠎ᠠ ᠶᠢᠨ ᠮᠥᠩᠭᠦ ᠶᠢ ᠱᠠᠳᠤ ᠬᠤᠪᠢᠶᠠᠨ ᠭᠠᠷᠭᠠᠨ ᠠᠪᠴᠤ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ | ᠳᠤ ᠬᠡᠷᠡᠭᠯᠡᠬᠦ ᠶᠢ ᠵᠦᠪᠰᠢᠶᠡᠷᠡᠨ᠎ᠡ᠃ | ᠲᠦᠷᠪᠡ ᠳᠤ ᠪᠣᠬᠢᠷᠲᠤᠯ ᠦᠭᠡᠢ ᠠᠭᠤᠷᠬᠠᠶ ᠶᠢᠨ ᠦᠢᠯᠡᠰ ᠤᠨ ᠬᠥᠭᠵᠢᠯᠲᠡ ᠶᠢᠨ ᠵᠢᠱᠢᠶ᠎ᠡ ᠦᠵᠡᠭᠦᠯᠬᠦ | ᠣᠷᠣᠨ ᠢ ᠪᠠᠶᠢᠭᠤᠯᠤᠨ᠎ᠠ᠃ ᠤᠷᠳᠤᠰ ᠬᠤᠳᠠ ᠶᠢᠨ ᠵᠡᠭᠦᠨᠭᠠᠷ ᠬᠤᠰᠢᠭᠤ ᠪᠣᠯᠤᠨ ᠳ᠋ᠦᠩᠱᠧᠩ ᠲᠣᠭᠤᠷᠢᠭ᠂ | ᠤᠯᠠᠭᠠᠨᠬᠠᠳᠠ ᠬᠤᠲᠠ ᠶᠢᠨ ᠬᠤᠶᠢᠲᠤ ᠪᠡᠶ᠎ᠡ᠂ ᠬᠥᠯᠥᠨ ᠪᠤᠶᠢᠷ ᠬᠤᠲᠠ ᠶᠢᠨ ᠵᠠᠯᠠᠶᠢᠨᠠᠭᠤᠷ — ᠢᠮᠢᠨ ᠭᠤᠷᠪᠠᠨ | ᠲᠤᠮᠦ ᠣᠷᠣᠨ ᠪᠦᠰᠡ ᠳᠤ ᠥᠪᠡᠷᠲᠡᠭᠡᠨ ᠵᠠᠰᠠᠬᠤ ᠣᠷᠣᠨ ᠤ ᠪᠣᠬᠢᠷᠲᠤᠯ ᠦᠭᠡᠢ ᠠᠭᠤᠷᠬᠠᠶ ᠶᠢᠨ ᠵᠢᠱᠢᠶ᠎ᠡ ᠦᠵᠡᠭᠦᠯᠬᠦ | ᠤᠷᠤᠨ ᠢ ᠪᠠᠶᠢᠭᠤᠯᠵᠤ᠂ ᠨᠢᠭᠡ ᠪᠦᠯᠦᠭ ᠳᠠᠭᠤᠷᠢᠶᠠᠵᠤ ᠪᠤᠯᠬᠤ᠂ ᠳᠡᠯᠭᠡᠷᠡᠭᠦᠯᠵᠦ ᠪᠤᠯᠬᠤ ᠠᠭᠤᠷᠬᠠᠶ ᠶᠢᠨ | ᠦᠢᠯᠡᠰ ᠤᠨ ᠬᠥᠭᠵᠢᠯᠲᠡ ᠶᠢᠨ ᠰᠢᠨ᠎ᠡ ᠬᠡᠪ ᠵᠠᠭᠪᠤᠷ᠂ ᠰᠢᠨ᠎ᠡ ᠲᠣᠭᠲᠠᠴᠠ ᠶᠢ ᠪᠤᠢ ᠪᠤᠯᠭᠠᠨ᠎ᠠ᠃ | ᠲᠠᠪᠤ ᠳᠤ ᠪᠣᠬᠢᠷᠲᠤᠯ ᠦᠭᠡᠢ ᠬᠠᠶᠢᠨ ᠰᠢᠨᠵᠢᠬᠦ ᠵᠢᠱᠢᠶ᠎ᠡ ᠦᠵᠡᠭᠦᠯᠬᠦ ᠰᠢᠰᠲ᠋ᠧᠮᠵᠢ ᠶᠢᠨ ᠪᠠᠶᠢᠭᠤᠯᠤᠯᠲᠠ ᠶᠢ | ᠲᠦᠯᠬᠢᠨ ᠠᠬᠢᠭᠤᠯᠤᠨ᠎ᠡ᠃ ᠪᠣᠬᠢᠷᠲᠤᠯ ᠦᠭᠡᠢ ᠬᠠᠶᠢᠨ ᠰᠢᠨᠵᠢᠬᠦ ᠲᠤᠷᠰᠢᠯᠲᠠ ᠶᠢ ᠢᠳᠡᠪᠬᠢᠲᠡᠶ ᠥᠷᠨᠢᠭᠦᠯᠵᠦ᠂ | ᠭᠠᠵᠠᠷ ᠰᠢᠨᠵᠢᠯᠡᠭᠡᠨ ᠤ ᠬᠠᠶᠢᠨ ᠰᠢᠨᠵᠢᠬᠦ ᠠᠵᠢᠯ ᠲᠥᠷᠥᠯ ᠨᠢ ᠣᠷᠴᠢᠨ ᠲᠣᠭᠤᠷᠢᠨ ᠢ ᠬᠠᠮᠠᠭᠠᠯᠠᠬᠤ ᠪᠣᠬᠢᠷᠲᠤᠯ | ᠦᠬᠡᠢ ᠬᠠᠶᠢᠨ ᠰᠢᠨᠵᠢᠬᠦ ᠮᠡᠷᠭᠡᠵᠢᠯ᠂ ᠤᠷ᠎ᠠ ᠮᠡᠷᠭᠡᠰᠢᠯ ᠪᠠ ᠠᠷᠭ᠎ᠠ ᠶᠢ ᠰᠤᠳᠤᠯᠵᠤ ᠳᠡᠯᠭᠡᠷᠡᠭᠦᠯᠦᠨ ᠬᠡᠷᠡᠭᠯᠡᠬᠦ ᠶᠢ | ᠴᠢᠩᠭᠠᠳᠬᠠᠵᠤ᠂ ᠪᠣᠬᠢᠷᠲᠤᠯ ᠦᠭᠡᠢ ᠬᠠᠶᠢᠨ ᠰᠢᠨᠵᠢᠬᠦ ᠮᠡᠷᠭᠡᠵᠢᠯ ᠤᠨ ᠰᠢᠰᠲ᠋ᠧᠮᠵᠢ ᠶᠢ ᠠᠯᠬᠤᠮ ᠠᠯᠬᠤᠮ ᠢᠶᠠᠷ | ᠪᠠᠶᠢᠭᠤᠯᠤᠨ᠎ᠠ᠃ | ᠵᠢᠷᠭᠤᠭ᠎ᠠ ᠳᠤ ᠰᠢᠨ᠎ᠡ ᠪᠠᠷ ᠪᠠᠶᠢᠭᠤᠯᠬᠤ ᠠᠭᠤᠷᠬᠠᠶ ᠶᠢᠨ ᠵᠥᠪᠰᠢᠶᠡᠷᠡᠯ ᠤᠨ ᠪᠠᠷᠢᠮᠵᠢᠶ᠎ᠠ ᠶᠢ ᠴᠢᠩᠭᠠᠷᠠᠭᠤᠯᠤᠨ᠎ᠠ᠃ | 2018 ᠣᠨ ᠠᠴᠠ ᠡᠬᠢᠯᠡᠨ᠂ ᠰᠢᠨ᠎ᠡ ᠪᠠᠷ ᠪᠠᠶᠢᠭᠤᠯᠬᠤ ᠠᠭᠤᠷᠬᠠᠶ ᠳᠤ ᠪᠣᠬᠢᠷᠲᠤᠯ ᠦᠭᠡᠢ ᠠᠭᠤᠷᠬᠠᠶ ᠶᠢᠨ | ᠪᠠᠷᠢᠮᠵᠢᠶ᠎ᠠ ᠶᠢ ᠬᠡᠷᠡᠭᠵᠢᠭᠦᠯᠦᠨ᠎ᠡ᠃ ᠤᠯᠤᠰ ᠤᠨ ᠭᠠᠵᠠᠷ ᠰᠢᠷᠤᠢ ᠶᠢᠨ ᠡᠬᠢ ᠪᠠᠶᠠᠯᠢᠭ᠂ ᠣᠷᠴᠢᠨ ᠲᠣᠭᠤᠷᠢᠨ ᠤ | ᠬᠠᠮᠠᠭᠠᠯᠠᠯᠲᠠ᠂ ᠤᠰᠤᠨ ᠠᠰᠢᠭᠯᠠᠯᠲᠠ᠂ ᠠᠶᠤᠯ ᠦᠭᠡᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠵᠡᠷᠭᠡ | ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠣᠷᠴᠢᠨ ᠲᠣᠭᠤᠷᠢᠨ ᠢ | ᠬᠠᠮᠠᠭᠠᠯᠠᠬᠤ ᠠᠷᠭ᠎ᠠ ᠬᠡᠮᠵᠢᠶ᠎ᠡ ᠶᠢ ᠪᠣᠳᠠᠲᠠᠶ ᠭᠠᠵᠠᠷ ᠲᠤᠨᠢ ᠨᠠᠶᠢᠳᠠᠪᠤᠷᠢᠵᠢᠭᠤᠯᠵᠤ᠂ ᠠᠭᠤᠷᠬᠠᠶ ᠶᠢᠨ ︽ᠭᠤᠷᠪᠠᠨ | ᠬᠠᠶᠠᠭᠳᠠᠮᠠᠯ︾ ᠢ ᠪᠦᠲᠦᠮᠵᠢᠲᠡᠶ ᠰᠢᠢᠳᠪᠦᠷᠢᠯᠡᠵᠦ᠂ ᠪᠣᠬᠢᠷᠲᠤᠯ ᠪᠣᠳᠠᠰ ᠭᠠᠳᠠᠭᠰᠢᠯᠠᠭᠤᠯᠬᠤ ᠶᠢ ᠪᠠᠷᠢᠮᠵᠢᠶ᠎ᠠ ᠳᠤ | ᠬᠦᠷᠦᠭᠦᠯᠬᠦ ᠪᠠ ᠠᠭᠤᠷᠬᠠᠶ ᠶᠢᠨ ᠪᠣᠬᠢᠷᠲᠤᠯ ᠦᠭᠡᠢ ᠠᠶᠤᠯ ᠦᠭᠡᠢ ᠦᠢᠯᠡᠳᠪᠦᠷᠢᠯᠡᠯ ᠢ ᠦᠨᠡᠨ ᠬᠦ ᠪᠠᠲᠤᠯᠠᠨ᠎ᠠ᠃ | ᠲᠤᠯᠤᠭ᠎ᠠ ᠳᠤ ᠠᠭᠤᠷᠬᠠᠶ ᠶᠢᠨ ᠦᠢᠯᠡᠳᠪᠦᠷᠢᠯᠡᠯ ᠢ ᠪᠠᠷᠢᠮᠵᠢᠶ᠎ᠠ ᠳᠤ ᠬᠦᠷᠦᠭᠦᠯᠬᠦ ᠪᠠᠶᠢᠭᠤᠯᠤᠯᠲᠠ ᠶᠢ ᠲᠦᠯᠬᠢᠨ | ᠠᠬᠢᠭᠤᠯᠤᠨ᠎ᠡ᠃ 2017 ᠣᠨ ᠤ ᠵᠢᠯ ᠤᠨ ᠡᠴᠦᠰ ᠠᠴᠠ ᠡᠮᠦᠨ᠎ᠡ᠂ ᠡᠯ᠎ᠡ ᠠᠶᠢᠮᠠᠭ ᠬᠤᠳᠠ ᠨᠤᠭᠤᠳ | ᠠᠭᠤᠷᠬᠠᠶ ᠶᠢᠨ ᠣᠷᠴᠢᠨ ᠲᠣᠭᠤᠷᠢᠨ ᠤ ᠣᠳᠣᠬᠢ ᠪᠠᠶᠢᠳᠠᠯ ᠤᠨ ᠪᠠᠶᠢᠴᠠᠭᠠᠯᠲᠠ ᠶᠢ ᠪᠡᠶᠡᠯᠡᠭᠦᠯᠵᠦ᠂ ︽ᠬᠡᠨ ᠡᠪᠳᠡᠪᠡᠯ᠂ | ᠬᠡᠨ ᠰᠡᠷᠭᠦᠭᠡᠬᠦ︾ ᠵᠠᠷᠴᠢᠮ ᠶᠣᠰᠣᠭᠠᠷ᠂ ᠠᠭᠤᠷᠬᠠᠶ ᠶᠢᠨ ᠣᠷᠴᠢᠨ ᠲᠣᠭᠤᠷᠢᠨ ᠢ ᠵᠠᠰᠠᠬᠤ ᠪᠠ ᠪᠣᠬᠢᠷᠲᠤᠯ ᠦᠭᠡᠢ | ᠠᠭᠤᠷᠬᠠᠶ ᠶᠢᠨ ᠪᠦᠳᠦᠭᠡᠠ ᠪᠠᠶᠢᠭᠤᠯᠤᠯᠲᠠ ᠶᠢᠨ ᠬᠠᠷᠢᠭᠤᠴᠠᠯᠭ᠎ᠠ ᠶᠢᠨ ᠭᠤᠣᠯ ᠴᠣᠭᠴᠠ ᠶᠢ ᠨᠠᠶᠢᠳᠠᠪᠤᠷᠢᠵᠢᠭᠤᠯᠵᠤ᠂ | ᠡᠯ᠎ᠡ ᠱᠠᠲᠤᠨ ᠤ ᠪᠣᠬᠢᠷᠲᠤᠯ ᠦᠭᠡᠢ ᠠᠭᠤᠷᠬᠠᠶ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠲᠦᠷᠬᠡᠨ | ᠨᠠᠶᠢᠷᠠᠭᠤᠯᠵᠤ᠂ ᠠᠭᠤᠷᠬᠠᠶ ᠨᠤᠭᠤᠳ ᠤᠨ ᠦᠢᠯᠡᠳᠪᠦᠷᠢᠯᠡᠯ ᠤᠨ ᠪᠣᠬᠢᠷᠲᠤᠯ ᠦᠭᠡᠢ ᠪᠠᠶᠢᠭᠤᠯᠤᠯᠲᠠ ᠶᠢ ᠪᠦᠬᠦ | ᠲᠠᠯ᠎ᠠ ᠪᠠᠷ ᠲᠦᠯᠬᠢᠨ ᠠᠬᠢᠭᠤᠯᠤᠨ᠎ᠡ᠃ | ᠨᠠᠢᠮᠠ ᠳᠤ ᠠᠭᠤᠷᠬᠠᠶ ᠪᠠ ᠣᠷᠣᠨ ᠨᠤᠲᠤᠭ ᠤᠨ ᠡᠶ᠎ᠡ ᠵᠣᠬᠢᠴᠠᠩᠭᠤᠢ ᠬᠥᠭᠵᠢᠯᠲᠡ ᠶᠢ ᠲᠦᠯᠬᠢᠨ | ᠠᠬᠢᠭᠤᠯᠤᠨ᠎ᠡ᠃ ᠣᠷᠣᠨ ᠨᠤᠲᠤᠭ ᠤᠨ ᠵᠠᠰᠠᠭ ᠤᠨ ᠣᠷᠳᠣᠨ ᠂ ᠤᠯᠠᠨ ᠲᠦᠮᠡᠨ ᠤ ᠲᠥᠯᠥᠭᠡᠯᠡᠭᠴᠢ ᠨᠠᠷ ᠠᠵᠤ | ᠠᠬᠤᠶᠢᠯᠠᠯ ᠯᠤᠭ᠎ᠠ ᠬᠡᠷᠡᠭ ᠶᠠᠪᠤᠳᠠᠯ ᠢ ᠵᠥᠪᠯᠡᠨ ᠵᠣᠬᠢᠴᠠᠭᠤᠯᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ | ᠠᠭᠤᠷᠬᠠᠶ ᠬᠢᠭᠡᠳ ᠣᠷᠣᠨ ᠨᠤᠲᠤᠭ ᠤᠨ ᠵᠥᠷᠢᠴᠡᠯ ᠢ ᠵᠢᠭᠰᠠᠭᠠᠨ ᠰᠢᠨᠵᠢᠬᠦ ᠪᠠ ᠵᠣᠬᠢᠴᠠᠭᠤᠯᠤᠨ ᠰᠢᠢᠳᠪᠦᠷᠢᠯᠡᠬᠦ | ᠬᠠᠷᠢᠭᠤᠴᠠᠯᠭᠠᠲᠤ ᠪᠠᠶᠢᠭᠤᠯᠤᠮᠵᠢ ᠪᠠ ᠠᠵᠢᠯᠳᠠᠨ ᠢ ᠲᠣᠳᠣᠷᠬᠠᠢ ᠲᠤᠭᠲᠠᠭᠠᠵᠤ᠂ ᠡᠯ᠎ᠡ ᠵᠦᠢᠯ ᠤᠨ ᠵᠥᠷᠢᠴᠡᠯ ᠢ ᠴᠠᠭ | ᠲᠤᠬᠠᠶ ᠳᠤᠨᠢ ᠲᠣᠬᠢᠲᠠᠶ ᠰᠢᠢᠳᠪᠦᠷᠢᠯᠡᠨ᠎ᠡ᠃ | ᠲᠥᠰᠦᠯ ᠳᠤ ᠲᠣᠭᠲᠠᠭᠠᠭᠰᠠᠨ ᠬᠠᠷᠠᠯᠲᠠ ᠪᠠᠷ ᠪᠣᠯ᠂ 2018 ᠣᠨ ᠤ ᠵᠢᠯ ᠤᠨ ᠡᠴᠦᠰ ᠠᠴᠠ ᠡᠮᠦᠨ᠎ᠡ᠂ | ᠤᠯᠤᠰ ᠤᠨ ᠳᠡᠰ ᠤᠨ 35 ᠪᠣᠬᠢᠷᠲᠤᠯ ᠦᠭᠡᠢ ᠠᠭᠤᠷᠬᠠᠶ ᠶᠢ ᠡᠭᠦᠳᠦᠨ ᠪᠠᠶᠢᠭᠤᠯᠤᠨ᠎ᠠ᠃ 2020 ᠣᠨ ᠤ ᠵᠢᠯ ᠤᠨ | ᠡᠴᠦᠰ ᠠᠴᠠ ᠡᠮᠦᠨ᠎ᠡ᠂ ᠥᠪᠡᠷᠲᠡᠭᠡᠨ ᠵᠠᠰᠠᠬᠤ ᠣᠷᠣᠨ ᠤ ᠳᠡᠰ ᠤᠨ 300 ᠪᠣᠬᠢᠷᠲᠤᠯ ᠦᠭᠡᠢ ᠠᠭᠤᠷᠬᠠᠶ ᠶᠢ | ᠪᠠᠶᠢᠭᠤᠯᠤᠨ᠎ᠠ᠃ 2025 ᠣᠨ ᠪᠣᠯᠬᠤ ᠳᠤ᠂ ᠪᠦᠬᠦ ᠠᠭᠤᠷᠬᠠᠶ ᠶᠢ ᠤᠯᠤᠰ ᠪᠤᠶᠤ ᠥᠪᠡᠷᠲᠡᠭᠡᠨ ᠵᠠᠰᠠᠬᠤ ᠣᠷᠣᠨ ᠤ | ᠳᠡᠰ ᠤᠨ ᠪᠣᠬᠢᠷᠲᠤᠯ ᠦᠭᠡᠢ ᠠᠭᠤᠷᠬᠠᠶ ᠶᠢᠨ ᠪᠦᠳᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠳᠤ ᠬᠦᠷᠦᠭᠦᠯᠵᠦ᠂ | ᠪᠣᠬᠢᠷᠲᠤᠯ ᠦᠭᠡᠢ ᠠᠭᠤᠷᠬᠠᠶ ᠶᠢᠨ ᠪᠠᠷᠢᠮᠵᠢᠶ᠎ᠠ ᠳᠤ ᠦᠯᠦ ᠨᠡᠶᠢᠴᠡᠬᠦ ᠠᠭᠤᠷᠬᠠᠶ ᠶᠢᠨ ᠠᠵᠤ ᠠᠬᠤᠶᠢᠯᠠᠯ ᠢ ᠠᠯᠬᠤᠮ | ᠠᠯᠬᠤᠮ ᠢᠶᠠᠷ ᠵᠠᠬ᠎ᠠ ᠳᠡᠯᠭᠡᠭᠦᠷ ᠠᠴᠠ ᠭᠠᠷᠭᠠᠨ᠎ᠠ᠃ |