ᠥᠵᠡᠰᠭᠦᠯᠡᠩᠲᠦ ᠰᠠᠶᠢᠬᠠᠨ ᠥᠪᠥᠷ ᠮᠤᠩᠭᠤᠯ ᠲᠡᠯᠡᠬᠡᠢ ᠳ᠋ᠠᠬᠢᠨ ᠤ ᠠᠩᠬᠠᠷᠤᠯ ᠢ ᠲᠠᠲᠠᠨ᠎ᠠ
ᠨᠡᠶᠢᠲᠡᠯᠡᠭᠰᠡᠨ ᠴᠠᠭ᠄
2017/10/20
      ᠠᠷᠠᠳ ᠤᠨ ᠡᠳᠦᠷ ᠤᠨ ᠰᠤᠨᠢᠨ ᠤ ᠰᠤᠷᠪᠤᠯᠵᠢᠯᠠᠬᠴᠢ᠄ ᠯᠢ ᠵᠢᠢ ᠾᠧᠩ ᠱᠦᠵᠢ᠂ ᠲᠠ ᠦᠪᠦᠷ ᠮᠤᠩᠭᠤᠯ ᠤᠨ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠶᠢᠨ ᠲᠤᠰᠢᠶᠠᠯ ᠢ ᠡᠬᠦᠷᠭᠡᠯᠡᠭᠰᠡᠨ ᠨᠢᠬᠡ ᠵᠢᠯ ᠭᠠᠷᠤᠢ ᠶᠢᠨ ᠬᠤᠭᠤᠴᠠᠭᠠᠨ ᠳᠤ᠂ ᠬᠠᠮᠤᠬ ᠠᠴᠠ ᠠᠩᠬᠠᠷᠤᠯ ᠲᠠᠯᠪᠢᠬᠰᠡᠨ ᠶᠠᠪᠤᠳᠠᠯ ᠴᠢᠨᠢ ᠶᠠᠭᠤ ᠪᠤᠢ︖      ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ ᠶᠢᠨ ᠱᠦᠵᠢ ᠪᠤᠯᠤᠬᠰᠠᠨ ᠤ ᠬᠤᠪᠢ ᠳᠤ᠂ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ ︽ᠲᠠᠪᠤ ᠶᠢ ᠨᠢᠬᠡ ᠴᠤᠭᠴᠠᠵᠢᠭᠤᠯᠬᠤ︾ ᠶᠡᠷᠦᠩᠬᠡᠢ ᠪᠠᠶᠢᠷᠢᠰᠢᠭᠤᠯᠤᠯᠳᠠ᠂ ︽ᠲᠦᠷᠪᠡᠨ ᠪᠦᠬᠦ ᠲᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢᠨ ᠲᠠᠯ᠎ᠠ ᠪᠦᠬᠦᠨ ᠤ ᠠᠵᠢᠯ ᠢ ᠪᠦᠷ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠠᠳᠬᠤᠵᠦ᠂ ︽ᠲᠡᠬᠦᠯᠳᠡᠷ ᠬᠦᠭᠵᠢᠮ︾᠎ ᠢ ᠰᠠᠶᠢᠳᠤᠷ ᠬᠦᠭᠵᠢᠮᠳᠡᠵᠦ᠂ ᠡᠬᠦᠨ ᠢ ᠨᠢ ᠴᠢᠬᠤᠯᠠᠴᠢᠯᠠᠭᠠᠳ ᠲᠡᠬᠦᠨ ᠢ ᠨᠢ ᠤᠮᠳᠤᠭᠠᠶᠢᠯᠠᠵᠦ ᠪᠤᠯᠬᠤ ᠦᠬᠡᠢ᠃ ᠬᠠᠷᠢᠴᠠᠩᠭᠤᠢ ᠪᠠᠷ ᠬᠡᠯᠡᠪᠡᠯ᠂ ᠪᠢ ᠲᠤᠤᠷᠠᠬᠢ ᠬᠡᠳᠦᠨ ᠲᠠᠯ᠎ᠠ ᠪᠠᠷ ᠤᠷᠤᠭᠤᠯᠤᠬᠰᠠᠨ ᠬᠦᠴᠦ᠂ ᠭᠠᠷᠭᠠᠬᠰᠠᠨ ᠴᠢᠷᠮᠠᠶᠢᠯᠭ᠎ᠠ ᠨᠡᠩ ᠢᠯᠡᠬᠦᠦ ᠰᠢᠭ᠃      ᠨᠢᠬᠡ ᠨᠢ ᠨᠠᠮ ᠤᠨ ᠪᠠᠶᠢᠭᠤᠯᠤᠯᠳᠠ᠃ ᠶᠡᠷᠦᠩᠬᠡᠢ ᠱᠦᠵᠢ ᠰᠢ ᠶᠢᠨ ᠫᠢᠩ᠂ ᠲᠤᠮᠳᠠᠳᠤ ᠤᠯᠤᠰ ᠤᠨ ᠶᠠᠪᠤᠳᠠᠯ ᠢ ᠰᠠᠶᠢᠳᠤᠷ ᠬᠢᠬᠦ ᠶᠢᠨ ᠵᠠᠩᠬᠢᠯᠠᠭ᠎ᠠ ᠨᠢ ᠨᠠᠮ ᠳᠤ ᠪᠠᠶᠢᠵᠦ᠂ ᠵᠠᠩᠬᠢᠯᠠᠭ᠎ᠠ ᠨᠢ ᠬᠦᠮᠦᠨ ᠳᠤ ᠪᠠᠶᠢᠨ᠎ᠠ ᠭᠡᠵᠦ ᠲᠠᠬᠢᠨ ᠲᠠᠪᠳᠠᠨ ᠴᠢᠬᠤᠯᠠᠴᠢᠯᠠᠵᠦ᠂ ᠪᠢᠳᠡᠨ ᠢ ᠰᠡᠳᠬᠢᠯ ᠢᠶᠠᠨ ᠲᠦᠪᠯᠡᠷᠡᠬᠦᠯᠵᠦ ᠨᠠᠮ ᠤᠨ ᠪᠠᠶᠢᠭᠤᠯᠤᠯᠳᠠ ᠶᠢ ᠠᠳᠬᠤᠨ᠂ ᠨᠠᠮ ᠢ ᠪᠦᠬᠦ ᠲᠠᠯ᠎ᠠ ᠪᠠᠷ ᠴᠢᠩᠭ᠎ᠠ ᠵᠠᠰᠠᠬᠤ ᠶᠢ ᠬᠦᠨᠵᠡᠬᠡᠶᠢᠷᠡᠬᠦᠯᠬᠦ ᠶᠢ ᠠᠬᠢᠭᠤᠯᠵᠦ᠂ ᠨᠠᠮ ᠤᠨ ᠲᠦᠷᠤ ᠪᠠᠷᠢᠬᠤ ᠴᠢᠳᠠᠪᠤᠷᠢ ᠪᠠ ᠤᠳᠤᠷᠢᠳᠬᠤ ᠲᠦᠪᠰᠢᠨ ᠢ ᠲᠠᠰᠤᠷᠠᠯᠳᠠ ᠦᠬᠡᠢ ᠲᠡᠭᠡᠭᠰᠢᠯᠡᠬᠦᠯᠬᠦ ᠬᠡᠷᠡᠭᠳᠡᠢ ᠬᠡᠵᠦ ᠱᠠᠭᠠᠷᠳᠠᠵᠠᠢ᠃ ᠪᠢᠳᠡ ᠨᠠᠮ ᠤᠨ ᠪᠠᠶᠢᠭᠤᠯᠤᠯᠳᠠ ᠶᠢ ᠰᠠᠶᠢᠳᠤᠷ ᠠᠳᠬᠤᠬᠤ ᠶᠢ ᠭᠤᠤᠯ ᠬᠠᠷᠢᠭᠤᠴᠠᠯᠭ᠎ᠠ ᠭᠤᠤᠯ ᠠᠵᠢᠯ ᠢᠶᠠᠨ ᠪᠤᠯᠭᠠᠬᠤ ᠶᠢ ᠪᠠᠷᠢᠮᠳᠠᠯᠠᠵᠦ᠂ ᠨᠠᠮ ᠤᠨ ᠲᠦᠪ ᠬᠤᠷᠢᠶ᠎ᠠ ᠶᠢᠨ ᠪᠠᠶᠢᠷᠢᠯᠠᠭᠤᠯᠤᠯᠳᠠ ᠱᠠᠭᠠᠷᠳᠠᠯᠭ᠎ᠠ ᠪᠠ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠳᠠ ᠶᠢᠨ ᠲᠤᠬᠠᠢ ᠦᠵᠡᠯ ᠰᠠᠨᠠᠭ᠎ᠠ ᠶᠢ ᠬᠦᠨᠵᠡᠬᠡᠢ ᠰᠤᠷᠤᠯᠴᠠᠨ ᠲᠤᠤᠱᠯᠠᠭᠤᠯᠵᠦ᠂ ᠲᠦᠪ ᠤᠨ ᠲᠤᠭᠤᠷᠢᠨ ᠪᠠᠶᠢᠴᠠᠭᠠᠵᠦ ︽ᠡᠷᠬᠢᠵᠦ ᠬᠠᠷᠠᠬᠤ︾᠎ ᠳᠠᠭᠠᠨ ᠬᠠᠷᠢᠭᠤ ᠲᠤᠰᠬᠠᠬᠰᠠᠨ ᠰᠠᠨᠠᠯ ᠢ ᠡᠷᠡᠰ ᠬᠠᠯᠨᠨ ᠰᠠᠶᠢᠵᠢᠷᠠᠭᠤᠯᠤᠨ ᠨᠠᠶᠢᠳᠠᠪᠤᠷᠢᠵᠢᠭᠤᠯᠵᠦ᠂ ᠨᠠᠮ ᠤᠨ ᠪᠠᠶᠢᠭᠤᠯᠤᠯᠳᠠ ᠶᠢᠨ ᠶᠠᠰᠤ ᠴᠢᠨᠠᠷ ᠢ ᠲᠠᠰᠤᠷᠠᠯᠳᠠ ᠦᠬᠡᠢ ᠲᠡᠭᠡᠭᠰᠢᠯᠡᠬᠦᠯᠵᠦ᠂ ᠦᠪᠡᠷᠳᠡᠬᠡᠨ ᠵᠠᠰᠠᠬᠤ ᠤᠷᠤᠨ ᠤ ᠡᠯ᠎ᠠ ᠲᠦᠷᠦᠯ ᠤᠨ ᠠᠵᠢᠯ ᠦᠢᠯᠡᠰ ᠤᠨ ᠬᠦᠭᠵᠢᠯᠳᠡ ᠳᠤ ᠪᠠᠳᠤ ᠴᠢᠩᠭ᠎ᠠ ᠪᠠᠲᠤᠯᠠᠭ᠎ᠠ ᠬᠠᠩᠭᠠᠨ ᠦᠭᠪᠡ᠃ ᠦᠵᠡᠯ ᠰᠠᠨᠠᠭᠠᠨ ᠤ ᠤᠳᠤᠷᠢᠳᠤᠮᠵᠢ ᠶᠢ ᠴᠢᠩᠭᠠᠳᠬᠠᠵᠦ᠂ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠴᠢᠬᠤᠯᠠ ᠵᠢᠭᠠᠪᠤᠷᠢ᠂ ᠨᠠᠮ ᠤᠨ ᠲᠦᠪ ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠪᠦᠷ ᠬᠠᠮᠤᠬ ᠤᠨ ᠲᠦᠷᠬᠡᠨ ᠢᠶᠠᠷ ᠵᠤᠬᠢᠶᠠᠨ ᠪᠠᠶᠢᠭᠤᠯᠵᠦ ᠤᠯᠠᠮᠵᠢᠯᠠᠨ ᠰᠤᠷᠤᠯᠴᠠᠵᠦ᠂ ᠪᠤᠳᠠᠳᠠᠢ ᠲᠠᠢ ᠪᠠᠨ ᠤᠶᠠᠯᠳᠤᠭᠤᠯᠵᠦ ᠲᠤᠤᠱᠯᠠᠭᠤᠯᠤᠨ ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠪᠠ︔ ᠶᠡᠷᠦᠩᠬᠡᠢ ᠱᠦᠵᠢ ᠰᠢ ᠶᠢᠨ ᠫᠢᠩ ᠤᠨ ᠦᠪᠦᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶ᠎ᠠ ᠶᠢᠨ ᠵᠤᠷᠢᠬ ᠰᠠᠨᠠᠭ᠎ᠠ ᠶᠢ ᠰᠡᠳᠬᠢᠯ ᠲᠠᠯᠪᠢᠨ ᠤᠶᠢᠯᠠᠭᠠᠵᠦ᠂ ᠦᠨᠡᠨ ᠰᠡᠳᠬᠢᠯᠬᠡ ᠪᠠᠷ ᠮᠡᠳᠡᠷᠡᠵᠦ᠂ ᠬᠦᠴᠦ ᠲᠠᠯᠪᠢᠨ ᠲᠤᠤᠱᠯᠠᠭᠤᠯᠵᠦ᠂ ᠠᠵᠢᠯᠯᠠᠭᠠᠨ ᠳᠠᠭᠠᠨ ᠦᠢᠯᠡᠳᠦᠯᠬᠡᠵᠢᠬᠦᠯᠵᠦ᠂ ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠦᠵᠡᠯ ᠰᠠᠨᠠᠭ᠎ᠠ ᠪᠠᠷ ᠲᠠᠷᠢᠬᠢ ᠲᠤᠯᠤᠭᠠᠢ ᠪᠠᠨ ᠵᠡᠪᠰᠡᠭᠯᠡᠬᠦ ᠶᠢ ᠡᠷᠡᠰ ᠪᠠᠷᠢᠮᠳᠠᠯᠠᠵᠤ᠂ ᠴᠢᠭᠯᠡᠯ ᠢᠶᠠᠷ ᠬᠦᠲᠦᠯᠦᠨ ᠲᠠᠭᠠᠭᠤᠯᠵᠦ᠂ ᠦᠢᠯᠡᠳᠦᠯᠬᠡ ᠪᠠᠨ ᠵᠢᠯᠤᠭᠤᠳᠤᠭᠤᠯᠵᠦ᠂ ᠦᠵᠡᠯ ᠰᠠᠨᠠᠭ᠎ᠠ ᠤᠯᠤᠰ ᠲᠦᠷᠦ ᠠᠵᠢᠯᠯᠠᠭᠠᠨ ᠤ ᠲᠠᠯ᠎ᠠ ᠪᠠᠷ ᠡᠬᠦᠷᠢᠳᠡ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠨᠨ ᠨᠠᠮ ᠤᠨ ᠲᠦᠪ ᠬᠤᠷᠢᠶ᠎ᠠ ᠲᠠᠢ ᠲᠡᠭᠡᠳᠦ ᠬᠡᠮᠵᠢᠶᠡᠨ ᠤ ᠨᠢᠬᠡᠳᠦᠯᠳᠡᠢ ᠪᠠᠶᠢᠬᠤ ᠶᠢ ᠪᠠᠷᠢᠮᠳᠠᠯᠠᠵᠠᠢ᠃ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠬᠤ ᠶᠢ ᠬᠦᠴᠦᠳᠡᠢ ᠠᠳᠬᠤᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ︽ᠲᠤᠭᠳᠠᠭᠠᠯ︾ ᠭᠠᠷᠭᠠᠵᠤ᠂ ᠨᠠᠮ ᠤᠨ ᠪᠠᠶᠢᠭᠤᠯᠤᠯᠳᠠ ᠶᠢᠨ ᠠᠵᠢᠯ ᠢ ᠠᠳᠬᠤᠬᠰᠠᠨ ᠲᠤᠰᠢᠶᠠᠯ ᠤᠨ ᠮᠡᠳᠡᠬᠦᠯᠦᠯᠳᠡ ᠶᠢᠨ ᠦᠨᠡᠯᠡᠯᠳᠡ ᠶᠢ ᠬᠡᠷᠡᠭᠵᠢᠬᠦᠯᠵᠤ᠂ ᠨᠠᠮ ᠤᠨ ᠪᠠᠶᠢᠭᠤᠯᠤᠯᠳᠠ ᠶᠢᠨ ᠠᠵᠢᠯ ᠤᠨ ᠬᠢᠨᠠᠨ ᠦᠨᠡᠯᠡᠵᠦ ᠬᠤᠪᠢ ᠤᠯᠭᠤᠬᠤ ᠬᠠᠷᠢᠴᠠᠯ ᠢ 40% ᠪᠠᠶᠢᠬᠰᠠᠨ ᠠᠴᠠ ᠨᠢ 50%᠎ ᠠᠴᠠ ᠲᠡᠭᠡᠭᠰᠢ ᠪᠤᠯᠭᠠᠨ ᠲᠡᠭᠡᠭᠰᠢᠯᠡᠬᠦᠯᠵᠦ᠂ ᠭᠤᠤᠯ ᠴᠤᠬᠴᠠ ᠶᠢᠨ ᠬᠠᠷᠢᠭᠤᠴᠠᠯᠭ᠎ᠠ ᠪᠠ ᠬᠢᠨᠠᠯᠳᠠ ᠲᠠᠯᠪᠢᠬᠤ ᠬᠠᠷᠢᠭᠤᠴᠠᠯᠭ᠎ᠠ ᠶᠢ ᠲᠠᠰᠤᠷᠠᠯᠳᠠ ᠦᠬᠡᠢ ᠪᠤᠳᠠᠳᠠᠶᠢᠵᠢᠭᠤᠯᠪᠠ᠃ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠦ᠂ ᠵᠠᠳᠠᠯᠤᠨ ᠮᠠᠭᠠᠳᠯᠠᠯᠳᠠ ᠬᠢᠬᠦ᠂ ᠲᠦᠷ ᠴᠠᠬ ᠤᠨ ᠰᠠᠨᠠᠭᠤᠯᠭ᠎ᠠ ᠲᠤᠷᠠᠳᠴᠤ ᠨᠡᠷ᠎ᠠ ᠲᠤᠷᠠᠳᠬᠤ᠂ ᠪᠦᠬᠦ ᠶᠠᠪᠤᠴᠠ ᠶᠢᠨ ᠦᠨᠡᠨ ᠪᠠᠶᠢᠳᠠᠯ ᠢ ᠲᠡᠮᠳᠡᠭᠯᠡᠬᠦ ᠵᠡᠷᠬᠡ ᠺᠠᠳ᠋ᠷ ᠢ ᠰᠢᠯᠢᠨ ᠬᠡᠷᠡᠭᠯᠡᠬᠦ 10 ᠪᠤᠳᠠᠳᠠᠢ ᠠᠷᠭ᠎ᠠ ᠶᠢ ᠲᠤᠭᠳᠠᠭᠠᠵᠦ᠂ ᠺᠠᠳ᠋ᠷ ᠢ ᠰᠢᠯᠢᠵᠦ ᠲᠡᠪᠰᠢᠬᠦᠯᠬᠦ ᠰᠢᠨᠵᠢᠯᠡᠬᠦ ᠤᠬᠠᠭᠠᠨᠴᠢ ᠴᠢᠨᠠᠷ ᠪᠠ ᠤᠨᠤᠪᠴᠢ ᠶᠢᠨ ᠬᠡᠮᠵᠢᠶ᠎ᠠ ᠶᠢ ᠲᠡᠭᠡᠭᠰᠢᠯᠡᠬᠦᠯᠵᠡᠢ᠃ ᠺᠠᠳ᠋ᠷ ᠢ ᠲᠡᠪᠰᠢᠬᠦᠯᠵᠦ ᠪᠤᠯᠬᠤ ᠮᠦᠷᠳᠡᠬᠡᠨ ᠪᠠᠭᠤᠯᠭᠠᠵᠦ ᠪᠤᠯᠬᠤ ᠶᠢ ᠬᠦᠨᠵᠡᠬᠡᠢ ᠠᠬᠢᠭᠤᠯᠵᠦ᠂ ᠲᠠᠷᠤᠭ᠎ᠠ ᠰᠠᠭᠤᠭᠠᠳ ᠠᠵᠢᠯ ᠬᠢᠬᠦ ᠦᠬᠡᠢ ᠠᠰᠠᠭᠤᠳᠠᠯ ᠢ ᠬᠦᠴᠦᠯᠡᠨ ᠰᠢᠢᠳᠪᠤᠷᠢᠯᠡᠵᠤ᠂ 2016 ᠤᠨ ᠠᠴᠠ ᠨᠠᠰᠢ ᠨᠡᠶᠢᠳᠡ 20 ᠬᠦᠮᠦᠨ ᠢ ᠠᠵᠢᠯ ᠤᠨ ᠪᠠᠶᠢᠷᠢ ᠠᠴᠠ ᠨᠢ ᠰᠢᠯᠵᠢᠬᠦᠯᠦᠨ ᠪᠤᠯᠪᠠᠰᠤᠷᠠᠯ ᠬᠦᠷᠳᠡᠭᠡᠵᠦ᠂ ᠤᠳᠤ ᠶᠢᠨ ᠲᠤᠰᠢᠶᠠᠯ ᠢᠶᠠᠨ ᠡᠬᠦᠷᠭᠡᠯᠡᠬᠦ ᠳᠤ ᠲᠤᠬᠢᠷᠠᠬᠤ ᠦᠬᠡᠢ 228 ᠺᠠᠳ᠋ᠷ ᠲᠤ ᠲᠤᠬᠢᠷᠠᠭᠤᠯᠤᠯᠳᠠ ᠬᠢᠵᠦ᠂ ᠪᠤᠰᠤᠳ ᠵᠤᠬᠢᠶᠠᠨ ᠪᠠᠶᠢᠭᠤᠯᠤᠯᠳᠠ 133 ᠬᠦᠮᠦᠨ ᠢ ᠰᠢᠢᠳᠪᠦᠷᠢᠯᠡᠵᠡᠢ᠃      ᠦᠨᠳᠦᠰᠦᠨ ᠱᠠᠳᠤᠨ ᠤ ᠰᠠᠭᠤᠷᠢ ᠶᠢ ᠪᠠᠲᠤᠳᠬᠠᠵᠦ᠂ ︽ᠤᠮᠠᠷᠠᠳᠤ ᠬᠢᠯᠢ ᠶᠢᠨ ᠬᠤᠰᠢᠭᠤᠴᠢ︾ ᠢᠨᠵᠧᠨᠧᠷᠢᠩ ᠢ ᠬᠦᠨᠵᠡᠬᠡᠢ ᠬᠡᠷᠡᠭᠵᠢᠬᠦᠯᠵᠦ᠂ ᠡᠯ᠎ᠠ ᠬᠦᠷᠢᠶ᠎ᠠ ᠴᠠᠷᠠᠭ᠎ᠠ ᠳᠠᠬᠢ ᠦᠨᠳᠦᠰᠦᠨ ᠱᠠᠳᠤᠨ ᠤ ᠨᠠᠮ ᠤᠨ ᠪᠠᠶᠢᠭᠤᠯᠤᠯᠳᠠ ᠶᠢᠨ ᠠᠵᠢᠯ ᠢ ᠨᠢᠬᠡᠳᠦᠯᠳᠡᠢ ᠲᠦᠯᠦᠪᠵᠢᠬᠦᠯᠦᠨ ᠰᠠᠶᠢᠳᠤᠷ ᠠᠳᠬᠤᠵᠦ᠂ ᠬᠢᠯᠢ ᠬᠢᠵᠠᠭᠠᠷ ᠤᠷᠤᠨ ᠳᠤ ᠦᠵᠡᠯ ᠰᠠᠨᠠᠭ᠎ᠠ ᠪᠠᠷ ᠬᠢᠯᠢ ᠪᠠᠨ ᠪᠠᠲᠤᠳᠬᠠᠬᠤ᠂ ᠵᠤᠬᠢᠶᠠᠨ ᠪᠠᠶᠢᠭᠤᠯᠤᠯᠳᠠ ᠪᠠᠷ ᠬᠢᠯᠢ ᠪᠠᠨ ᠪᠠᠬᠢᠵᠢᠬᠦᠯᠬᠦ᠂ ᠠᠷᠠᠳ ᠢ ᠪᠠᠶᠠᠵᠢᠭᠤᠯᠬᠤ ᠪᠠᠷ ᠬᠢᠯᠢ ᠪᠠᠨ ᠮᠠᠨᠳᠤᠭᠤᠯᠬᠤ᠂ ᠶᠠᠳᠠᠭᠤ ᠶᠢ ᠲᠡᠳᠬᠦᠬᠦ ᠪᠠᠷ ᠬᠢᠯᠢ ᠪᠠᠨ ᠬᠦᠴᠦᠷᠭᠡᠭᠵᠢᠬᠦᠯᠬᠦ᠂ ᠬᠠᠮᠳᠤᠪᠡᠷ ᠪᠠᠶᠢᠭᠤᠯᠬᠤ ᠪᠠᠷ ᠬᠢᠯᠢ ᠪᠠᠨ ᠲᠤᠭᠳᠠᠭᠤᠨ ᠪᠠᠶᠢᠯᠭᠠᠬᠤ ᠠᠷᠭ᠎ᠠ ᠬᠢᠳᠡᠯ ᠢ ᠬᠡᠷᠡᠭᠵᠢᠬᠦᠯᠵᠦ᠂ ᠲᠦᠪ ᠤᠨ ᠤᠳᠤᠷᠢᠳᠬᠤ ᠨᠦᠬᠦᠳ ᠤᠨ ᠨᠤᠳᠠᠯᠠᠯᠳᠠ ᠶᠢ ᠤᠯᠵᠠᠢ᠃ ᠰᠤᠷᠳᠠᠯ ᠢ ᠴᠢᠩᠭ᠎ᠠ ᠴᠡᠭᠴᠡᠯᠡᠨ ᠢᠯᠵᠢᠷᠠᠯ ᠢ ᠡᠰᠡᠷᠬᠦᠴᠡᠵᠦ᠂ ᠲᠦᠪ ᠤᠨ ᠨᠠᠢᠮᠠᠨ ᠲᠤᠭᠳᠠᠭᠠᠯ ᠤᠨ ᠵᠤᠷᠢᠬ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠦ ︽ᠪᠠᠷᠰ︾ ᠪᠠ ︽ᠢᠯᠠᠭ᠎ᠠ︾᠎ ᠶᠢ ᠴᠤᠬᠢᠬᠤ᠂ ︽ᠦᠨᠡᠭᠡ ᠠᠪᠠᠯᠠᠬᠤ︾ ᠠᠵᠢᠯᠯᠠᠭᠠᠨ ᠢ ᠬᠦᠴᠦᠳᠡᠢ ᠦᠷᠨᠢᠬᠦᠯᠵᠦ᠂ ᠨᠠᠮ ᠤᠨ ᠰᠤᠷᠳᠠᠯ ᠴᠢᠬᠡᠴᠢ ᠵᠠᠰᠠᠬ ᠤᠨ ᠪᠠᠶᠢᠭᠤᠯᠤᠯᠳᠠ ᠪᠠ ᠢᠯᠵᠢᠷᠠᠯ ᠢ ᠡᠰᠡᠷᠬᠦᠴᠡᠬᠦ ᠲᠡᠮᠡᠴᠡᠯ ᠢᠯᠡᠷᠡᠬᠡᠢ ᠦᠷ᠎ᠠ ᠪᠦᠲᠦᠮᠵᠢ ᠤᠯᠵᠠᠢ᠃ ᠶᠡᠷᠦᠩᠬᠡᠢ ᠱᠦᠵᠢ ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠤᠨ ᠢᠯᠡᠳᠬᠡᠯ ᠳᠡᠭᠡᠨ ᠨᠠᠮ ᠤᠨ ᠪᠠᠶᠢᠭᠤᠯᠤᠯᠳᠠ ᠶᠢᠨ ᠲᠤᠬᠠᠢ ᠰᠢᠨ᠎ᠠ ᠨᠡᠩ ᠦᠨᠳᠦᠷ ᠱᠠᠭᠠᠷᠳᠠᠯᠭ᠎ᠠ ᠲᠤᠷᠠᠳᠴᠤ᠂ ᠪᠢᠳᠡᠨ ᠤ ᠰᠢᠨ᠎ᠠ ᠪᠠᠶᠢᠳᠠᠯ ᠲᠤᠤᠷᠠᠬᠢ ᠨᠠᠮ ᠤᠨ ᠪᠠᠶᠢᠭᠤᠯᠤᠯᠳᠠ ᠶᠢᠨ ᠠᠵᠢᠯ ᠢ ᠰᠠᠶᠢᠨ ᠬᠢᠬᠦ ᠳᠤ ᠦᠨᠳᠦᠰᠦᠨ ᠵᠢᠷᠤᠮᠯᠠᠯ ᠬᠠᠩᠭᠠᠵᠠᠢ᠂ ᠪᠢᠳᠡ ᠡᠷᠡᠰ ᠢᠶᠠᠷ ᠰᠠᠶᠢᠳᠤᠷ ᠲᠤᠤᠱᠯᠠᠭᠤᠯᠤᠨ ᠨᠠᠶᠢᠳᠠᠪᠤᠷᠢᠵᠢᠭᠤᠯᠤᠨ᠎ᠠ᠃      ᠬᠤᠶᠠᠷ ᠨᠢ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ᠃ ᠡᠨᠡ ᠪᠤᠯ ᠶᠡᠷᠦᠩᠬᠡᠢ ᠱᠦᠵᠢ ᠰᠢ ᠶᠢᠨ ᠫᠢᠩ ᠤᠨ ᠬᠠᠮᠤᠭ ᠠᠴᠠ ᠠᠩᠬᠠᠷᠴᠤ ᠪᠠᠶᠢᠭ᠎ᠠ ᠠᠵᠢᠯ ᠤᠨ ᠨᠢᠭᠡ᠂ ᠮᠦᠨᠴᠦ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ ᠎ᠠ ᠶᠢᠨ ᠬᠠᠮᠤᠭ ᠤᠨ ᠶᠡᠭᠡ ︽ᠰᠡᠳᠭᠢᠯ ᠤᠨ ᠡᠪᠡᠳᠴᠢᠨ︾ ᠪᠤᠯᠤᠨ᠎ᠠ᠃ ᠪᠢᠳᠡ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠠᠵᠢᠯ ᠢ ᠰᠠᠶᠢᠳᠤᠷ ᠠᠳᠬᠤᠬᠤ ᠶᠢ ︽ᠲᠦᠷᠪᠡᠨ ᠤᠬᠠᠮᠰᠠᠷ︾᠎ ᠢ ᠦᠢᠯᠡᠳᠦᠯᠭᠡᠵᠢᠭᠦᠯᠬᠦ ᠪᠤᠳᠠᠳᠠᠢ ᠦᠢᠯᠡᠳᠦᠯᠭᠡ ᠪᠤᠯᠭᠠᠬᠤ ᠶᠢ ᠪᠠᠷᠢᠮᠳᠠᠯᠠᠵᠤ᠂ ᠠᠷᠠᠳ ᠲᠦᠮᠡᠨ ᠢᠶᠠᠷ ᠭᠤᠤᠯ ᠪᠤᠯᠭᠠᠭᠰᠠᠨ ᠬᠦᠭᠵᠢᠯᠳᠡ ᠶᠢᠨ ᠦᠵᠡᠯ ᠰᠠᠨᠠᠭ᠎ᠠ ᠶᠢ ᠨᠠᠶᠢᠳᠠᠪᠤᠷᠢᠵᠢᠭᠤᠯᠬᠤ ᠴᠢᠬᠤᠯᠠ ᠢᠯᠡᠷᠡᠯ᠂ ᠲᠡᠷᠢᠭᠦᠨ ᠴᠢᠬᠤᠯᠠ ᠠᠷᠠᠳ ᠤᠨ ᠠᠮᠢᠳᠤᠷᠠᠯ ᠤᠨ ᠢᠨᠵᠧᠨᠧᠷᠢᠩ ᠪᠤᠯᠤᠭᠰᠠᠨ ᠤ ᠬᠤᠪᠢ ᠳᠤ ᠤᠨᠴᠠ ᠬᠦᠴᠢᠷᠳᠡᠯᠳᠡᠢ ᠭᠠᠵᠠᠷ ᠤᠷᠤᠨ ᠳᠤ ᠴᠢᠭᠯᠡᠭᠦᠯᠵᠦ ᠤᠨᠢᠨ ᠲᠡᠭᠡᠷ᠎ᠠ ᠨᠢ ᠶᠠᠳᠠᠭᠤ ᠶᠢ ᠲᠡᠳᠬᠦᠬᠦ᠂ ᠤᠨᠢᠨ ᠲᠡᠭᠡᠷ᠎ᠠ ᠨᠢ ᠶᠠᠳᠠᠭᠤ ᠠᠴᠠ ᠠᠩᠭᠢᠵᠢᠷᠠᠭᠤᠯᠬᠤ ᠠᠷᠭ᠎ᠠ ᠪᠤᠳᠤᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠰᠡᠳᠭᠢᠯ ᠬᠦᠴᠦ ᠪᠠᠨ ᠰᠢᠪᠬᠠᠨ ᠠᠵᠢᠯ ᠢᠶᠠᠨ ᠰᠠᠶᠢᠳᠤᠷ ᠬᠢᠵᠠᠢ᠃ ᠦᠪᠡᠷᠳᠡᠭᠡᠨ ᠵᠠᠰᠠᠬᠤ ᠤᠷᠤᠨ ᠤ ᠮᠤᠵᠢ ᠶᠢᠨ ᠲᠡᠰ ᠤᠨ 39 ᠤᠳᠤᠷᠢᠳᠬᠤ ᠺᠠᠳ᠋ᠷ ︽ᠨᠢᠭᠡ ᠳᠤ ᠬᠠᠷᠠᠭᠠᠯᠵᠠᠭᠤᠯᠤᠨ ᠬᠠᠷᠢᠯᠴᠠᠬᠤ︾ ᠬᠡᠯᠪᠡᠷᠢ ᠪᠠᠷ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠲᠠᠢ ᠬᠠᠷᠢᠯᠴᠠᠵᠤ᠂ ᠠᠶᠢᠮᠠᠭ ᠬᠤᠳᠠ ᠶᠢᠨ ᠲᠡᠰ ᠤᠨ 400 ᠭᠠᠷᠤᠢ ᠤᠳᠤᠷᠢᠳᠤᠯᠭ᠎ᠠ᠂ ᠰᠢᠶᠠᠨ ᠭᠠᠵᠠᠷ ᠤᠨ ᠲᠡᠰ ᠤᠨ 1800 ᠭᠠᠷᠤᠢ ᠤᠳᠤᠷᠢᠳᠤᠯᠭ᠎ᠠ᠂ 15 ᠲᠦᠮᠡ ᠢᠯᠡᠬᠦᠦ ᠨᠠᠮ ᠤᠨ ᠭᠡᠰᠢᠭᠦᠨ ᠺᠠᠳ᠋ᠷ ᠲᠤᠰᠪᠤᠷᠢ ᠶᠠᠳᠠᠭᠤ ᠬᠦᠴᠢᠷᠳᠡᠯᠳᠡᠢ ᠰᠤᠮᠤ ᠰᠢᠶᠠᠩ ᠪᠠᠯᠭᠠᠰᠤ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠪᠤᠯᠤᠨ ᠶᠠᠳᠠᠭᠤ ᠬᠦᠴᠢᠷᠳᠡᠯᠳᠡᠢ ᠡᠷᠦᠭᠡ ᠲᠠᠢ ᠬᠠᠷᠢᠯᠴᠠᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ ᠬᠤᠰᠢᠭᠤ ᠰᠢᠶᠠᠨ ᠤ ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠵᠢᠯᠤᠭᠤᠳᠬᠤ ᠭᠠᠵᠠᠷ ᠢ ᠪᠠᠶᠢᠭᠤᠯᠵᠤ᠂ ᠤᠯᠤᠰ ᠤᠨ ᠲᠡᠰ ᠤᠨ ᠶᠠᠳᠠᠭᠤ ᠬᠦᠴᠢᠷᠳᠡᠯᠳᠡᠢ 31 ᠬᠤᠰᠢᠭᠤ ᠰᠢᠶᠠᠨ ᠳᠤ ᠲᠤᠰᠪᠤᠷᠢ ᠨᠢᠭᠡ ᠱᠠᠯᠠᠪᠳᠠᠭᠤᠯᠤᠨ ᠵᠢᠯᠤᠭᠤᠳᠬᠤ ᠲᠤᠭᠤᠶᠢᠯᠠᠩ ᠲᠤᠮᠢᠯᠠᠵᠠᠢ︔ ᠲᠤᠰᠬᠤᠨ ᠳᠤ ᠰᠠᠭᠤᠭ᠎ᠠ ᠠᠵᠢᠯᠯᠠᠬᠤ ᠬᠦᠴᠦᠨ ᠢ ᠲᠤᠬᠢᠷᠠᠭᠤᠯᠤᠨ ᠲᠡᠭᠦᠯᠳᠡᠷᠵᠢᠭᠦᠯᠵᠦ᠂ ᠶᠠᠳᠠᠭᠤ ᠬᠦᠴᠢᠷᠳᠡᠯᠳᠡᠢ ᠭᠠᠴᠠᠭ᠎ᠠ ᠲᠤᠰᠬᠤᠨ ᠪᠤᠯᠭᠠᠨ ᠳᠤ 5 — 10 ᠠᠵᠢᠯᠯᠠᠬᠤ ᠠᠩᠭᠢ ᠶᠢᠨ ᠭᠡᠰᠢᠭᠦᠨ ᠲᠠᠢ ᠪᠠᠶᠢᠬᠤ ᠶᠢ ᠪᠠᠳᠤᠯᠠᠨ᠂ ᠲᠤᠰᠬᠤᠨ ᠳᠤ ᠰᠠᠭᠤᠭ᠎ᠠ ᠺᠠᠳ᠋ᠷ ᠢ 1.1 ᠲᠦᠮᠡ ᠠᠴᠠ ᠨᠢ ᠨᠡᠮᠡᠭᠳᠡᠭᠦᠯᠦᠭᠡᠳ 4 ᠲᠦᠮᠡ ᠪᠤᠯᠭᠠᠵᠠᠢ︔ ᠶᠠᠳᠠᠭᠤ ᠶᠢ ᠲᠡᠳᠭᠦᠬᠦ ᠪᠠᠶᠢᠭᠤᠯᠤᠮᠵᠢ ᠪᠤᠯᠤᠨ ᠡᠩᠨᠡᠭᠡ ᠶᠢᠨ ᠪᠠᠶᠢᠭᠤᠯᠤᠯᠳᠠ ᠶᠢ ᠴᠢᠩᠭᠠᠳᠬᠠᠵᠤ᠂ ᠰᠤᠯᠪᠢᠴᠠᠭᠰᠠᠨ ᠪᠠᠶᠢᠴᠠᠭᠠᠯᠳᠠ᠂ ᠢᠯᠡ ᠪᠠᠷ ᠪᠠᠶᠢᠴᠠᠭᠠᠵᠤ ᠲᠠᠯᠳᠠ ᠪᠠᠷ ᠰᠤᠷᠪᠤᠯᠵᠢᠯᠠᠬᠤ᠂ ᠭᠤᠷᠪᠠᠳᠤᠭᠠᠷ ᠡᠳᠡᠭᠡᠳ ᠠᠴᠠ ᠦᠨᠡᠯᠡᠨ ᠵᠢᠱᠢᠬᠦ ᠪᠤᠯᠤᠨ ᠤᠯᠠᠨ ᠲᠦᠮᠡᠨ ᠵᠦᠪᠯᠡᠨ ᠦᠨᠡᠯᠡᠬᠦ ᠶᠢ ᠨᠠᠷᠢᠨ ᠬᠢᠨᠠᠮᠠᠭᠠᠢ ᠦᠷᠨᠢᠭᠦᠯᠵᠦ᠂ ᠶᠠᠳᠠᠭᠤ ᠠᠴᠠ ᠠᠩᠭᠢᠵᠢᠷᠠᠭᠤᠯᠬᠤ ᠶᠠᠰᠤ ᠴᠢᠨᠠᠷ ᠢ ᠪᠦᠳᠦᠮᠵᠢᠳᠡᠢ ᠪᠠᠳᠤᠯᠠᠵᠠᠢ᠃ 2016 ᠤᠨ ᠳᠤ᠂ ᠪᠦᠬᠦ ᠤᠷᠤᠨ ᠤ 24 ᠲᠦᠮᠡᠨ ᠬᠦᠮᠦᠨ ᠢ ᠶᠠᠳᠠᠭᠤ ᠠᠴᠠ ᠨᠢ ᠠᠩᠭᠢᠵᠢᠷᠠᠭᠤᠯᠵᠤ᠂ ᠶᠠᠳᠠᠭᠤ ᠬᠦᠴᠢᠷᠳᠡᠯᠳᠡᠢ ᠬᠦᠮᠦᠨ ᠠᠮᠠ 2012 ᠤᠨ ᠤ ᠵᠢᠯ ᠤᠨ ᠡᠴᠤᠰ ᠤᠨ 139 ᠲᠦᠮᠡ ᠠᠴᠠ ᠪᠠᠭᠠᠰᠤᠭᠠᠳ 55.6 ᠲᠦᠮᠡ ᠪᠤᠯᠵᠠᠢ᠂ ᠶᠠᠳᠠᠭᠤᠷᠠᠯ ᠡᠭᠦᠰᠬᠦ ᠨᠤᠷᠮ᠎ᠠ 10.6%᠎ ᠠᠴᠠ ᠪᠠᠨ ᠪᠠᠭᠤᠷᠠᠭᠠᠳ 4.1% ᠪᠤᠯᠵᠠᠢ᠂ ᠡᠨᠡ ᠵᠢᠯ ᠪᠠᠰᠠ 20 ᠲᠦᠮᠡᠨ ᠬᠦᠮᠦᠨ ᠢ ᠶᠠᠳᠠᠭᠤ ᠠᠴᠠ ᠠᠩᠭᠢᠵᠢᠷᠠᠭᠤᠯᠵᠤ᠂ ᠶᠠᠳᠠᠭᠤᠷᠠᠯ ᠡᠭᠦᠰᠬᠦ ᠨᠤᠷᠮ᠎ᠠ ᠶᠢ 4%᠎ ᠠᠴᠠ ᠪᠠᠭ᠎ᠠ ᠪᠤᠯᠭᠠᠨ᠎ᠠ᠃      ᠭᠤᠷᠪᠠ ᠨᠢ ︽ᠬᠤᠶᠠᠷ ᠬᠠᠯᠬᠠᠪᠴᠢ︾᠎ ᠶᠢᠨ ᠪᠠᠶᠢᠭᠤᠯᠤᠯᠳᠠ᠃ ᠦᠪᠦᠷ ᠮᠤᠩᠭᠤᠯ ᠪᠤᠯ ᠡᠭᠡ ᠤᠯᠤᠰ ᠤᠨ ︽ᠤᠮᠠᠷᠠᠳᠤ ᠲᠤᠮᠤ ᠬᠠᠭᠠᠯᠭ᠎ᠠ︾᠂ ᠨᠡᠶᠢᠰᠯᠡᠯ ᠪᠡᠭᠡᠵᠢᠩ ᠤᠨ ︽ᠤᠨᠠᠭᠤᠯᠢ ᠭᠤᠤᠯ︾ ᠪᠠᠶᠢᠵᠦ᠂ ᠮᠠᠨ ᠤ ᠤᠯᠤᠰ ᠤᠨ ᠤᠮᠠᠷᠠᠳᠤ ᠤᠷᠤᠨ ᠤ ᠲᠠᠯᠠᠪᠠᠢ ᠪᠠᠷ ᠬᠠᠮᠤᠭ ᠤᠨ ᠶᠡᠭᠡ᠂ ᠲᠦᠷᠦᠯ ᠵᠦᠢᠯ ᠬᠠᠮᠤᠭ ᠤᠨ ᠪᠦᠷᠢᠨ ᠠᠮᠢ ᠠᠬᠤᠢ ᠶᠢᠨ ᠴᠢᠳᠠᠮᠵᠢᠳᠤ ᠤᠷᠤᠨ ᠪᠤᠯᠤᠨ᠎ᠠ᠂ ᠡᠭᠡ ᠤᠯᠤᠰ ᠤᠨ ᠤᠮᠠᠷᠠᠳᠤ ᠬᠢᠯᠢ ᠶᠢᠨ ᠠᠮᠤᠷ ᠲᠤᠭᠳᠠᠭᠤᠨ ᠤ ᠬᠠᠯᠬᠠᠪᠴᠢ ᠪᠠ ᠮᠠᠨ ᠤ ᠤᠯᠤᠰ ᠤᠨ ᠤᠮᠠᠷᠠᠳᠤ ᠶᠢᠨ ᠠᠮᠢ ᠠᠬᠤᠢ ᠶᠢᠨ ᠠᠮᠤᠷ ᠲᠦᠪᠰᠢᠨ ᠤ ᠴᠢᠬᠤᠯᠠ ᠬᠠᠯᠬᠠᠪᠴᠢ ᠶᠢ ᠪᠠᠳᠤ ᠴᠤᠬᠴᠠᠯᠠᠬᠤ ᠪᠤᠯ ᠶᠡᠷᠦᠩᠬᠡᠢ ᠱᠦᠵᠢ ᠰᠢ ᠶᠢᠨ ᠫᠢᠩ ᠤᠨ ᠪᠢᠳᠡᠨ ᠳᠤ ᠲᠤᠰᠢᠶᠠᠭᠰᠠᠨ ᠴᠢᠬᠤᠯᠠ ᠶᠡᠭᠡ ᠡᠭᠦᠷᠭᠡ ᠪᠤᠯᠤᠨ᠎ᠠ᠂ ᠦᠪᠦᠷ ᠮᠤᠩᠭᠤᠯ ᠤᠨ ᠡᠷᠭᠡᠪᠰᠢ ᠡᠭᠦᠷᠭᠡᠯᠡᠭᠦᠰᠢᠳᠡᠢ ᠬᠠᠷᠢᠭᠤᠴᠠᠯᠭ᠎ᠠ ᠪᠤᠯᠤᠨ᠎ᠠ᠃      ᠪᠢᠳᠡ ᠦᠨᠳᠦᠰᠦᠳᠡᠨ ᠤ ᠪᠦᠯᠬᠦᠮᠳᠡᠯ ᠲᠠᠪᠰᠢᠯᠳᠠ ᠶᠢᠨ ᠠᠵᠢᠯ ᠦᠢᠯᠡᠰ ᠢ ᠬᠦᠨᠵᠡᠬᠡᠢ ᠠᠬᠢᠭᠤᠯᠤᠨ᠂ ᠵᠦᠷᠢᠴᠡᠯ ᠵᠢᠭᠤᠷᠠᠭᠠᠨ᠂ ᠨᠡᠶᠢᠬᠡᠮ ᠤᠨ ᠠᠮᠤᠷ ᠢ ᠬᠠᠮᠠᠭᠠᠯᠠᠬᠤ᠂ ᠠᠮᠤᠷ ᠲᠦᠪᠰᠢᠨ ᠦᠢᠯᠡᠳᠪᠦᠷᠢᠯᠡᠯ ᠵᠡᠷᠬᠡ ᠠᠵᠢᠯ ᠢ ᠨᠢᠬᠡᠳᠦᠯᠳᠡᠢ ᠲᠦᠯᠦᠪᠯᠡᠨ ᠰᠠᠶᠢᠳᠤᠷ ᠠᠳᠬᠤᠵᠤ᠂ ᠠᠮᠤᠷ ᠠᠮᠤᠭᠤᠯᠠᠩ ᠦᠪᠦᠷ ᠮᠤᠩᠭᠤᠯ ᠤᠨ ᠪᠠᠶᠢᠭᠤᠯᠤᠯᠳᠠ᠂ ᠬᠠᠤᠯᠢᠵᠢᠯ ᠤᠨ ᠦᠪᠦᠷ ᠮᠤᠩᠭᠤᠯ᠂ ᠡᠶ᠎ᠡ ᠵᠤᠬᠢᠴᠠᠩᠭᠤᠢ ᠦᠪᠦᠷ ᠮᠤᠩᠭᠤᠯ ᠤᠨ ᠪᠠᠶᠢᠭᠤᠯᠤᠯᠳᠠ ᠶᠢ ᠬᠦᠴᠦᠯᠡᠨ ᠴᠢᠩᠭᠠᠳᠬᠠᠵᠤ᠂ ᠤᠯᠠᠨ ᠲᠦᠮᠡᠨ ᠤ ᠠᠮᠤᠷ ᠲᠦᠪᠰᠢᠨ ᠤ ᠲᠦᠷᠦᠭᠳᠡᠯ ᠪᠠ ᠰᠡᠳᠬᠢᠯ ᠬᠠᠨᠤᠮᠵᠢᠳᠠᠢ ᠪᠠᠶᠢᠬᠤ ᠬᠡᠮᠵᠢᠶ᠎ᠠ ᠲᠤᠰᠪᠤᠷᠢ 2012 ᠤᠨ ᠤ ᠬᠢ ᠠᠴᠠ 5.5 ᠪᠠ 7 ᠵᠠᠭᠤᠨ ᠤ ᠬᠤᠪᠢ ᠲᠡᠭᠡᠭᠰᠢᠯᠡᠵᠡᠢ᠃ ᠡᠨᠡ ᠵᠢᠯ ᠠᠴᠠ ᠨᠠᠰᠢ᠂ ᠪᠢᠳᠡ ᠫᠤᠤ ᠰᠤᠮᠤ ᠲᠡᠯᠪᠡᠷᠡᠬᠦ ᠡᠳ᠋ ᠢ ᠬᠤᠷᠢᠶᠠᠮᠵᠢᠯᠠᠬᠤ ᠪᠠ ︽ᠱᠠᠯᠢᠬ ᠵᠠᠪᠬᠠᠢ ᠵᠤᠭᠤᠰ ᠮᠦᠷᠦ᠋ᠢᠴᠡᠬᠦ ᠬᠤᠤᠷ᠎ᠠ ᠲᠠᠳᠠᠵᠤ ᠰᠠᠷᠢᠭᠠᠯᠠᠬᠤ︾᠎ ᠳᠤ ᠴᠤᠬᠢᠯᠳᠠ ᠦᠭᠬᠦ ᠲᠤᠰᠬᠠᠢ ᠠᠵᠢᠯᠯᠠᠭ᠎ᠠ ᠶᠢ ᠶᠡᠬᠡᠪᠡᠷ ᠶᠠᠪᠤᠬᠳᠠᠭᠤᠯᠤᠨ᠂ ᠨᠡᠶᠢᠬᠡᠮ ᠤᠨ ᠵᠦᠷᠢᠴᠡᠯ ᠢ ᠪᠠᠶᠢᠴᠠᠭᠠᠵᠤ ᠰᠢᠢᠳᠪᠦᠷᠢᠯᠡᠬᠦ ᠪᠠ ᠠᠮᠤᠷ ᠲᠦᠪᠰᠢᠨ ᠦᠢᠯᠡᠳᠪᠦᠷᠢᠯᠡᠯ ᠤᠨ ᠬᠡᠮ ᠰᠤᠭᠤᠬ ᠢ ᠪᠠᠶᠢᠴᠠᠭᠠᠬᠤ ᠬᠤᠶᠠᠷ ︽ᠵᠠᠭᠤᠨ ᠡᠳᠦᠷ ᠤᠨ ᠪᠠᠬᠢᠯᠡᠯᠳᠡ ᠰᠢᠪᠳᠤᠯᠬᠤ︾ ᠠᠵᠢᠯᠯᠠᠭ᠎ᠠ ᠶᠢ ᠦᠷᠬᠦᠯᠵᠢᠯᠡᠨ ᠬᠦᠨᠵᠡᠬᠡᠶᠢᠷᠡᠬᠦᠯᠵᠦ᠂ ᠠᠶᠦᠯᠭᠦᠢ ᠢ ᠬᠠᠮᠠᠭᠠᠯᠠᠬᠤ᠂ ᠲᠤᠬᠳᠠᠭᠤᠨ ᠢ ᠬᠠᠮᠠᠭᠠᠯᠠᠬᠤ᠂ ᠡᠶ᠎ᠡ ᠵᠤᠬᠢᠴᠠᠩᠭᠤᠢ ᠶᠢ ᠠᠬᠢᠭᠤᠯᠬᠤ ᠡᠯ᠎ᠡ ᠲᠦᠷᠦᠯ ᠤᠨ ᠠᠵᠢᠯ ᠢ ᠪᠠᠳᠤᠳᠠᠢ ᠰᠠᠶᠢᠳᠤᠷ ᠬᠢᠵᠦ᠂ ᠪᠦᠯᠬᠦᠮᠳᠡᠯ ᠡᠶ᠎ᠡ ᠵᠤᠬᠢᠴᠠᠩᠭᠤᠢ ᠲᠤᠬᠳᠠᠭᠤᠨ ᠤ ᠤᠬᠢ ᠰᠠᠶᠢᠨ ᠪᠠᠶᠢᠳᠠᠯ ᠢ ᠤᠯᠠᠮ ᠨᠢᠬᠡ ᠠᠯᠬᠤᠮ ᠪᠠᠬᠢᠵᠢᠬᠦᠯᠪᠡ᠃ ᠦᠪᠡᠷᠳᠡᠬᠡᠨ ᠵᠠᠰᠠᠬᠤ ᠤᠷᠤᠨ ᠪᠠᠶᠢᠭᠤᠯᠤᠬᠳᠠᠬᠰᠠᠨ 70 ᠵᠢᠯ ᠤᠨ ᠤᠢ ᠶᠢ ᠪᠡᠯᠬᠡᠯᠡᠬᠦ ᠠᠵᠢᠯᠯᠠᠭ᠎ᠠ ᠵᠡᠷᠬᠡ ᠤᠯᠤᠰ ᠤᠨ ᠲᠤᠳᠤᠭᠠᠳᠤ ᠭᠠᠳᠠᠭᠠᠳᠤ ᠳᠤ ᠨᠦᠯᠦᠬᠡ ᠲᠠᠢ ᠰᠢᠷᠢᠰ ᠴᠢᠬᠤᠯᠠ ᠶᠡᠭᠡ ᠠᠵᠢᠯᠯᠠᠭ᠎ᠠ ᠶᠢ ᠠᠮᠵᠢᠯᠳᠠᠳᠠᠢ ᠵᠤᠬᠢᠶᠠᠨ ᠪᠠᠶᠢᠭᠤᠯᠵᠤ᠂ ᠪᠦᠬᠦ ᠤᠷᠤᠨ ᠤ ᠬᠤᠳᠠ ᠬᠦᠳᠡᠭᠡ ᠡᠶ᠎ᠡ ᠵᠤᠬᠢᠴᠠᠩᠭᠤᠢ᠂ ᠪᠠᠶᠠᠷ ᠵᠢᠷᠭᠠᠯ ᠢᠶᠠᠷ ᠲᠦᠭᠦᠷᠡᠩ ᠪᠠᠶᠢᠨ᠎ᠠ᠃      ᠪᠢᠳᠡ ᠪᠤᠬᠢᠷᠳᠤᠯ ᠦᠬᠡᠢ ᠬᠦᠭᠵᠢᠯᠳᠡ ᠶᠢᠨ ᠣᠨᠤᠯᠵᠢᠬᠤᠨ ᠢ ᠢᠳᠡᠪᠬᠢᠳᠡᠢ ᠦᠢᠯᠡᠳᠦᠯᠬᠡᠵᠢᠬᠦᠯᠦᠨ᠂ ᠡᠯ᠎ᠡ ᠲᠦᠷᠦᠯ ᠤᠨ ᠠᠮᠢ ᠠᠬᠤᠢ ᠶᠢ ᠵᠠᠰᠠᠬᠤ ᠢᠨᠵᠧᠨᠧᠷᠢᠩ ᠢ ᠨᠠᠷᠢᠯᠢᠬ ᠬᠡᠷᠡᠭᠵᠢᠬᠦᠯᠦᠨ᠂ ᠵᠢᠯ ᠲᠤᠮᠳᠠᠴᠢ ᠶᠢᠨ ᠤᠶᠢᠵᠢᠭᠤᠯᠤᠬᠰᠠᠨ ᠲᠠᠯᠠᠪᠠᠢ 1000 ᠲᠦᠮᠡᠨ ᠮᠦ ᠶᠢ ᠲᠠᠪᠠᠵᠤ᠂ ᠤᠢ ᠰᠢᠭᠤᠢ ᠶᠢᠨ ᠪᠦᠷᠬᠦᠴᠡ ᠶᠢᠨ ᠨᠤᠷᠮ᠎ᠠ ᠪᠠ ᠲᠠᠯ᠎ᠠ ᠨᠤᠳᠤᠬ ᠤᠨ ᠤᠷᠭᠤᠮᠠᠯ ᠤᠨ ᠪᠦᠷᠬᠦᠴᠡ ᠶᠢᠨ ᠬᠡᠮᠵᠢᠶ᠎ᠠ ᠦᠷᠬᠦᠯᠵᠢᠯᠡᠨ ︽ᠬᠤᠤᠰ ᠲᠡᠭᠡᠭᠰᠢᠯᠡᠵᠦ︾᠂ ᠴᠦᠯᠯᠡᠷᠭᠡᠭᠵᠢᠭᠰᠡᠨ ᠪᠠ ᠡᠯᠡᠰᠦᠷᠭᠡᠭᠵᠢᠭᠰᠡᠨ ᠭᠠᠵᠠᠷ ᠰᠢᠷᠤᠢ ᠶᠢᠨ ᠲᠠᠯᠠᠪᠠᠢ ᠦᠷᠬᠦᠯᠵᠢᠯᠡᠨ ᠬᠤᠤᠰ ᠪᠠᠭᠠᠰᠪᠠ᠃ ᠡᠨᠡ ᠵᠢᠯ ᠤᠨ 7 ᠳ᠋ᠤᠭᠠᠷ ᠰᠠᠷ᠎ᠠ ᠪᠠ 9 ᠳ᠋ᠦ᠋ᠭᠡᠷ ᠰᠠᠷ᠎ᠠ ᠳᠤ ᠵᠢᠷᠭᠤᠳᠤᠭᠠᠷ ᠬᠤᠭᠤᠴᠠᠭᠠᠨ ᠤ ᠬᠦᠪᠴᠢ ᠶᠢᠨ ᠤᠯᠠᠨ ᠤᠯᠤᠰ ᠤᠨ ᠡᠯᠡᠰᠦ ᠮᠠᠩᠬᠠᠨ ᠤ ᠶᠠᠷᠢᠶᠠᠨ ᠤ ᠲᠠᠪᠴᠠᠩ ᠪᠠ ︽ᠤᠯᠠᠨ ᠤᠯᠤᠰ ᠤᠨ ᠬᠤᠯᠪᠤᠭᠠᠳᠤ ᠪᠠᠶᠢᠭᠤᠯᠤᠯᠭ᠎ᠠ ᠶᠢᠨ ᠴᠦᠯᠯᠡᠷᠭᠡᠭᠵᠢᠯᠳᠡ ᠶᠢ ᠰᠡᠷᠬᠡᠶᠢᠯᠡᠨ ᠵᠠᠰᠠᠬᠤ ᠨᠡᠶᠢᠳᠡ ᠶᠢᠨ ᠬᠡᠷ᠎ᠡ︾᠎ ᠶᠢᠨ ᠠᠷᠪᠠᠨ ᠭᠤᠷᠪᠠᠳᠤᠭᠠᠷ ᠤᠳᠠᠭ᠎ᠠ ᠶᠢᠨ ᠭᠡᠷᠡᠳᠤ ᠲᠠᠯ᠎ᠠ ᠶᠢᠨ ᠶᠡᠭᠡ ᠬᠤᠷᠠᠯ ᠤᠳᠠᠭ᠎ᠠ ᠲᠠᠷᠠᠭᠠᠯᠠᠨ ᠮᠠᠨ ᠤ ᠤᠷᠤᠨ ᠳᠤ ᠬᠤᠷᠠᠯᠳᠤᠵᠦ᠂ ᠦᠪᠦᠷ ᠮᠤᠩᠭᠤᠯ ᠤᠨ ᠠᠮᠢ ᠠᠬᠤᠢ ᠶᠢᠨ ᠬᠠᠮᠠᠭᠠᠯᠠᠯᠳᠠ ᠶᠢᠨ ᠪᠦᠳᠦᠬᠡᠨ ᠪᠠᠶᠢᠭᠤᠯᠤᠯᠳᠠ ᠬᠤᠷᠠᠯ ᠳᠤ ᠤᠷᠤᠯᠴᠠᠬᠰᠠᠨ ᠲᠦᠯᠦᠬᠡᠯᠡᠭᠴᠢ ᠶᠢᠨ ᠲᠡᠭᠡᠳᠦ ᠬᠡᠮᠵᠢᠶᠡᠨ ᠤ ᠮᠠᠬᠳᠠᠭᠠᠯ ᠰᠠᠶᠢᠰᠢᠶᠠᠯ ᠢ ᠤᠯᠪᠠ᠃ ᠤᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠤᠷᠴᠢᠨ ᠲᠤᠭᠤᠷᠢᠨ ᠤ ᠠᠰᠠᠭᠤᠳᠠᠯ ᠢ ᠶᠡᠬᠡᠪᠡᠷ ᠴᠡᠭᠴᠡᠯᠡᠨ ᠵᠠᠰᠠᠵᠤ᠂ ᠲᠦᠪ ᠤᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠬᠢᠨᠠᠯᠳᠠ ᠲᠠᠯᠪᠢᠬᠤ ᠲᠤᠭᠤᠶᠢᠯᠠᠩ ᠤᠨ ᠲᠤᠰᠢᠶᠠᠨ ᠰᠢᠢᠳᠪᠦᠷᠢᠯᠡᠬᠦᠯᠦᠭᠰᠡᠨ 1800 ᠭᠠᠷᠤᠢ ᠤᠷᠴᠢᠨ ᠲᠤᠭᠤᠷᠢᠨ ᠤ ᠵᠠᠬᠢᠳᠠᠯ ᠰᠤᠷᠪᠤᠯᠵᠢᠯᠠᠭ᠎ᠠ ᠶᠢᠨ ᠬᠡᠷᠡᠭ ᠶᠠᠪᠤᠳᠠᠯ ᠢ ᠪᠦᠬᠦᠨ ᠢ ᠰᠢᠢᠳᠪᠦᠷᠢᠯᠡᠨ ᠲᠠᠭᠤᠰᠬᠠᠵᠤ᠂ ᠤᠷᠴᠢᠨ ᠲᠤᠭᠤᠷᠢᠨ ᠤ ᠶᠠᠰᠤ ᠴᠢᠨᠠᠷ ᠦᠷᠬᠦᠯᠵᠢᠯᠡᠨ ᠰᠠᠶᠢᠵᠢᠷᠠᠵᠠᠢ᠃ ᠠᠮᠢ ᠠᠬᠤᠢ ᠶᠢᠨ ᠪᠤᠯᠪᠠᠰᠤᠨ ᠤ ᠲᠦᠷᠢᠮ ᠤᠨ ᠪᠠᠶᠢᠭᠤᠯᠤᠯᠳᠠ ᠲᠦᠷᠬᠡᠳᠴᠦ ᠦᠨᠢ ᠡᠬᠦᠷᠢᠳᠡ ᠶᠢᠨ ᠦᠨᠳᠦᠰᠦᠨ ᠲᠠᠷᠢᠶᠠᠨ ᠭᠠᠵᠠᠷ᠂ ᠦᠨᠳᠦᠰᠦᠨ ᠤᠢ ᠰᠢᠭᠤᠢ ᠪᠠ ᠤᠢ ᠰᠢᠭᠤᠢ ᠶᠢᠨ ᠠᠮᠢ ᠠᠬᠤᠢ ᠶᠢᠨ ᠤᠯᠠᠭᠠᠨ ᠱᠤᠭᠤᠮ ᠢ ᠵᠢᠷᠤᠵᠤ ᠲᠤᠬᠳᠠᠭᠠᠬᠤ ᠠᠵᠢᠯ ᠢ ᠠᠩᠬ᠎ᠠ ᠠᠯᠬᠤᠮ ᠪᠡᠶᠡᠯᠡᠬᠦᠯᠵᠦ᠂ ᠪᠠᠶᠢᠭᠠᠯᠢ ᠶᠢᠨ ᠡᠬᠢ ᠪᠠᠶᠠᠯᠢᠬ ᠤᠨ ᠡᠳ᠋ ᠬᠦᠷᠦᠩᠬᠡ ᠶᠢᠨ ᠦᠷᠢᠳᠤᠯ ᠤᠨ ᠬᠦᠰᠦᠨᠦᠭᠳᠦ ᠶᠢ ᠨᠠᠶᠢᠷᠠᠭᠤᠯᠤᠨ ᠵᠤᠬᠢᠶᠠᠵᠤ ᠲᠠᠭᠤᠰᠴᠤ᠂ ᠤᠳᠤᠷᠢᠳᠬᠤ ᠺᠠᠳ᠋ᠷ ᠤᠨ ᠪᠠᠶᠢᠭᠠᠯᠢ ᠶᠢᠨ ᠡᠬᠢ ᠪᠠᠶᠠᠯᠢᠬ ᠤᠨ ᠡᠳ᠋ ᠬᠦᠷᠦᠩᠬᠡ ᠶᠢ ᠲᠤᠰᠢᠶᠠᠯ ᠠᠴᠠ ᠪᠠᠨ ᠰᠠᠯᠬᠤ ᠦᠶ᠎ᠠ ᠳᠤ ᠨᠢ ᠬᠢᠨᠠᠨ ᠪᠤᠳᠤᠬᠤ ᠶᠢ ᠬᠠᠶᠢᠨ ᠰᠦᠪᠡᠭᠴᠢᠯᠡᠨ ᠶᠠᠪᠤᠬᠳᠠᠭᠤᠯᠵᠤ᠂ ᠠᠮᠢ ᠠᠬᠤᠢ ᠶᠢᠨ ᠤᠷᠴᠢᠨ ᠲᠤᠭᠤᠷᠢᠨ ᠤ ᠬᠠᠮᠠᠭᠠᠯᠠᠯᠳᠠ ᠶᠢᠨ ᠲᠦᠷᠢᠮ ᠲᠠᠰᠤᠷᠠᠯ ᠦᠬᠡᠢ ᠲᠡᠬᠦᠯᠳᠡᠷᠵᠢᠪᠡ᠃      ᠦᠪᠦᠷ ᠮᠤᠩᠭᠤᠯ ᠪᠤᠯ ᠮᠠᠨ ᠤ ᠤᠯᠤᠰ ᠤᠨ ᠤᠮᠠᠷᠠᠳᠤ ᠶᠢᠨ ᠦᠵᠡᠰᠬᠦᠯᠡᠩᠳᠦ ᠰᠠᠶᠢᠬᠠᠨ ᠦᠵᠡᠮᠵᠢ ᠶᠢᠨ ᠤᠷᠤᠨ ᠪᠤᠯᠤᠨ᠎ᠠ᠂ ᠡᠨᠡ ᠨᠢ ᠵᠦᠪᠬᠡᠨ ᠰᠦᠷᠯᠢᠭ ᠦᠵᠡᠮᠵᠢᠳᠦ ᠪᠠᠶᠢᠭᠠᠯᠢ ᠶᠢᠨ ᠦᠩᠬᠡ ᠦᠵᠡᠮᠵᠢ ᠶᠢ ᠵᠢᠭᠠᠵᠤ ᠪᠠᠶᠢᠬᠤ ᠲᠡᠳᠦᠢ ᠪᠢᠰᠢ᠂ ᠪᠠᠰᠠ ᠪᠦᠬᠦ ᠤᠷᠤᠨ ᠤ ᠦᠷᠨᠢᠬᠦᠨ ᠬᠦᠭᠵᠢᠯᠳᠡ ᠪᠠ ᠡᠯ᠎ᠡ ᠦᠨᠳᠦᠰᠦᠳᠡᠨ ᠤ ᠠᠷᠠᠳ ᠲᠦᠮᠡᠨ ᠤ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠬᠰᠠᠨ ᠠᠵᠠ ᠵᠢᠷᠭᠠᠯᠳᠤ ᠰᠠᠶᠢᠨ ᠰᠠᠶᠢᠬᠠᠨ ᠠᠮᠢᠳᠤᠷᠠᠯ ᠢ ᠵᠢᠭᠠᠵᠤ ᠪᠠᠶᠢᠨ᠎ᠠ ᠃ ᠰᠤᠷᠪᠤᠯᠵᠢᠯᠠᠬᠴᠢ ᠨᠠᠶᠢᠵᠢ ᠨᠠᠷ ᠦᠷᠬᠦᠯᠵᠢ ᠦᠪᠦᠷ ᠮᠤᠩᠭᠤᠯ ᠳᠤ ᠢᠷᠡᠵᠤ᠂ ᠦᠪᠦᠷ ᠮᠤᠩᠭᠤᠯ ᠢ ᠤᠶᠢᠯᠠᠭᠠᠨ᠂ ᠲᠠᠨᠤᠰ ᠤᠨ ᠦᠵᠦᠭ ᠪᠢᠷ ᠢᠶᠠᠷ ᠢᠶᠠᠨ ᠦᠪᠦᠷ ᠮᠤᠩᠭᠤᠯ ᠢ ᠤᠬᠠᠭᠤᠯᠤᠨ᠂ ᠦᠪᠦᠷ ᠮᠤᠩᠭᠤᠯ ᠢ ᠲᠠᠨᠢᠯᠴᠠᠭᠤᠯᠵᠤ ︽ᠦᠵᠡᠰᠬᠦᠯᠡᠩᠳᠦ ᠰᠠᠶᠢᠬᠠᠨ ᠦᠪᠦᠷ ᠮᠤᠩᠭᠤᠯ ᠢᠶᠠᠨ ᠪᠦᠳᠦᠬᠡᠨ ᠪᠠᠶᠢᠭᠤᠯᠵᠤ ᠠᠭᠤᠤ ᠶᠡᠭᠡ ᠲᠤᠮᠳᠠᠳᠤ ᠶᠢᠨ ᠵᠡᠬᠦᠳᠦ ᠪᠠᠨ ᠬᠠᠮᠳᠤᠪᠡᠷ ᠲᠡᠷᠬᠡᠯᠰᠢᠬᠦᠯᠬᠦ︾᠎ ᠳᠤ ᠨᠡᠩ ᠶᠡᠭᠡ ᠬᠤᠪᠢ ᠨᠡᠮᠡᠷᠢ ᠦᠵᠡᠬᠦᠯᠬᠦ ᠶᠢ ᠬᠦᠰᠡᠵᠦ ᠪᠠᠶᠢᠨ᠎ᠠ᠃      ᠰᠢᠨᠬᠤᠸᠠ ᠬᠤᠷᠢᠶᠠᠨ ᠤ ᠰᠤᠷᠪᠤᠯᠵᠢᠯᠠᠭᠴᠢ᠄ ᠦᠪᠦᠷ ᠮᠤᠩᠭᠤᠯ ᠦᠨᠳᠦᠰᠦᠳᠡᠨ ᠤ ᠤᠷᠤᠨ ᠤ ᠦᠪᠡᠷᠳᠡᠬᠡᠨ ᠵᠠᠰᠬᠠᠤ ᠪᠠᠶᠢᠭᠤᠯᠤᠯ ᠢ ᠪᠠᠷᠢᠮᠳᠠᠯᠠᠨ ᠬᠦᠭᠵᠢᠬᠦᠯᠵᠦ᠂ ᠬᠠᠤᠯᠢᠵᠢᠯ ᠤᠨ ᠦᠪᠦᠷ ᠮᠤᠩᠭᠤᠯ ᠤᠨ ᠪᠦᠲᠦᠭᠡᠨ ᠪᠠᠶᠢᠭᠤᠯᠤᠯᠳᠠ ᠶᠢ ᠪᠦᠬᠦ ᠳᠠᠯ᠎ᠠ ᠪᠠᠷ ᠲᠦᠯᠬᠢᠨ ᠠᠬᠢᠭᠤᠯᠬᠤ ᠶᠠᠪᠤᠴᠠ ᠳᠤ᠂ ᠦᠨᠳᠦᠰᠦᠳᠡᠨ ᠨᠦᠭᠦᠳ ᠤᠨ ᠠᠷᠠᠳ ᠲᠦᠮᠡᠨ ᠬᠠᠤᠯᠢᠵᠢᠯ ᠤᠨ ᠠᠴᠢ ᠳᠤᠰᠠ ᠶᠢ ᠬᠡᠷᠬᠢᠨ ᠬᠦᠷᠳᠡᠵᠦ ᠪᠠᠶᠢᠬᠤ ᠪᠤᠢ︖      ᠯᠢ ᠵᠢᠶᠠ ᠲᠦᠯᠦᠬᠡᠯᠡᠭᠴᠢ᠄ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠲᠦᠷᠪᠡᠳᠦᠬᠡᠷ ᠪᠦᠬᠦᠳᠡ ᠬᠤᠷᠠᠯ ᠠᠴᠠ ᠪᠦᠬᠦ ᠳᠠᠯ᠎ᠠ ᠪᠠᠷ ᠬᠠᠤᠯᠢ ᠪᠠᠷ ᠤᠯᠤᠰ ᠢ ᠵᠠᠰᠠᠬᠤ ᠪᠦᠷᠢᠶ᠎ᠠ ᠶᠢ ᠬᠠᠩᠬᠢᠨᠠᠭᠤᠯᠵᠤ᠂ ᠦᠪᠦᠷ ᠮᠤᠩᠭᠤᠯ ᠤᠨ ᠦᠪᠡᠷᠳᠡᠬᠡᠨ ᠵᠠᠰᠬᠠᠤ ᠤᠷᠤᠨ ᠨᠠᠮ ᠤᠨ ᠲᠦᠪ ᠬᠤᠷᠢᠶᠠᠨ ᠤ ᠰᠢᠢᠳᠪᠦᠷᠢᠳᠤ ᠪᠤᠳᠤᠯᠭ᠎ᠠ ᠪᠠᠶᠢᠷᠢᠯᠠᠭᠤᠯᠤᠯᠳᠠ ᠶᠢ ᠨᠠᠷᠢᠨ ᠬᠢᠨᠠᠮᠠᠭᠠᠢ ᠳᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠦᠪᠦᠷ ᠮᠤᠩᠭᠤᠯ ᠤᠨ ᠪᠠᠶᠢᠭᠤᠯᠤᠯᠳᠠ ᠶᠢ ᠪᠦᠬᠦ ᠳᠠᠯ᠎ᠠ ᠪᠠᠷ ᠠᠬᠢᠭᠤᠯᠬᠤ ᠳᠤ ᠢᠳᠡᠪᠬᠢᠳᠡᠢ ᠦᠷ᠎ᠠ ᠪᠦᠳᠦᠬᠡᠯ ᠤᠯᠵᠤ᠂ ᠦᠨᠳᠦᠰᠦᠳᠡᠨ ᠨᠦᠭᠦᠳ ᠤᠨ ᠤᠯᠠᠨ ᠲᠦᠮᠡᠨ ᠡᠬᠦᠨ ᠤ ᠳᠤᠮᠳᠠ ᠠᠴᠠ ᠦᠨᠡᠨᠬᠦ ᠪᠤᠳᠠᠳᠠᠢ ᠠᠴᠢ ᠳᠤᠰᠠ ᠶᠢ ᠬᠦᠷᠳᠡᠵᠡᠢ᠃ ᠡᠨᠡ ᠨᠢ ᠭᠤᠤᠯᠳᠠᠭᠤ ᠳᠤᠤᠷᠠᠬᠢ ᠮᠡᠳᠦ ᠲᠦᠷᠪᠡᠨ ᠳᠠᠯ᠎ᠠ ᠪᠠᠷ ᠢᠯᠡᠷᠡᠵᠦ ᠪᠠᠶᠢᠨ᠎ᠠ᠄      ᠨᠢᠬᠡ ᠳᠤ᠂ ᠰᠢᠨᠵᠢᠯᠡᠬᠦ ᠤᠬᠠᠭᠠᠨᠴᠢ ᠪᠠᠷ ᠬᠠᠤᠯᠢ ᠳᠤᠭᠳᠠᠭᠠᠬᠤ ᠶᠢ ᠠᠬᠢᠭᠤᠯᠬᠤ ᠳᠠᠯ᠎ᠠ ᠪᠠᠷ᠂ ᠬᠠᠤᠯᠢ ᠳᠤᠭᠳᠠᠭᠠᠬᠤ ᠶᠢ ᠦᠨᠡᠯᠡᠬᠦ᠂ ᠠᠷᠠᠳ ᠢᠷᠬᠡᠳ ᠢ ᠵᠤᠬᠢᠶᠠᠨ ᠪᠠᠶᠢᠭᠤᠯᠵᠤ ᠠᠷᠠᠳ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠪᠦᠬᠦ ᠬᠡᠰᠢᠬᠦᠳ ᠤᠨ ᠬᠤᠷᠠᠯ ᠢ ᠰᠤᠯᠠ ᠰᠤᠨᠤᠰᠬᠠᠬᠤ᠂ ᠬᠠᠤᠯᠢ ᠳᠤᠭᠳᠠᠭᠠᠬᠤ ᠶᠠᠪᠤᠴᠠ ᠲᠤᠮᠳᠠ ᠴᠢᠬᠤᠯᠠ ᠶᠡᠭᠡ ᠠᠰᠢᠭ ᠳᠤᠰᠠ ᠲᠠᠢ ᠬᠤᠯᠪᠤᠭᠳᠠᠭᠰᠠᠨ᠂ ᠳᠤᠬᠢᠷᠠᠭᠤᠯᠬᠤ ᠨᠤᠳᠠᠯᠠᠬᠤ ᠠᠰᠠᠭᠤᠨ ᠯᠠᠪᠯᠠᠬᠤ ᠳᠤᠭᠳᠠᠴᠠ ᠵᠡᠷᠬᠡ ᠶᠢ ᠪᠠᠶᠢᠭᠤᠯᠵᠤ᠂ ᠠᠷᠠᠳ ᠢᠷᠬᠡᠳ ᠤᠨ ᠬᠠᠤᠯᠢ ᠳᠤᠭᠳᠠᠭᠠᠬᠤ ᠠᠷᠭ᠎ᠠ ᠵᠠᠮ ᠳᠤ ᠡᠮᠬᠢ ᠴᠡᠭᠴᠡᠳᠠᠢ ᠤᠷᠤᠯᠴᠠᠬᠤ ᠶᠢ ᠤᠯᠠᠮ ᠴᠢᠨᠠᠭᠰᠢᠳᠠ ᠦᠷᠬᠡᠳᠬᠡᠵᠦ᠂ ᠤᠯᠠᠨ ᠲᠦᠮᠡᠨ ᠡᠬᠦᠨ ᠤ ᠳᠤᠮᠳᠠ ᠠᠴᠠ ᠦᠨᠡᠨ ᠪᠤᠳᠠᠳᠠᠢ ᠠᠴᠢ ᠳᠤᠰᠠ ᠬᠦᠷᠳᠡᠭᠰᠡᠨ ᠪᠠᠶᠢᠨ᠎ᠠ᠃ ᠵᠢᠱᠢᠶᠡᠯᠡᠪᠡᠯ᠂ ᠪᠦᠬᠦ ᠤᠯᠤᠰ ᠲᠤ  ᠬᠠᠮᠤᠭ ᠤᠨ ᠤᠷᠢᠳᠠᠪᠠᠷ ︽ᠦᠪᠡᠷᠳᠡᠬᠡᠨ ᠵᠠᠰᠠᠬᠤ ᠤᠷᠤᠨ ᠤ ᠬᠤᠳᠠ ᠪᠠᠯᠭᠠᠰᠤ ᠶᠢᠨ ᠦᠨᠳᠦᠰᠦᠨ ᠡᠮ ᠡᠮᠨᠡᠯᠬᠡ ᠶᠢᠨ ᠳᠠᠭᠠᠳᠬᠠᠯ ᠤᠨ ᠲᠦᠷᠢᠮ︾᠎ ᠢ ᠳᠤᠭᠳᠠᠭᠠᠵᠤ᠂ ᠲᠦᠷᠢᠮ ᠤᠨ ᠳᠠᠯ᠎ᠠ ᠪᠠᠷ ᠪᠦᠬᠦᠳᠡ ᠳᠤ ᠪᠦᠷᠬᠦᠬᠦᠯᠦᠭᠰᠡᠨ᠂ ᠰᠠᠭᠤᠷᠢ ᠶᠢ ᠪᠠᠳᠤᠯᠠᠭᠰᠠᠨ ᠬᠤᠳᠠ ᠪᠠᠯᠭᠠᠰᠤ ᠶᠢᠨ ᠡᠮ ᠡᠮᠨᠡᠯᠬᠡ ᠶᠢᠨ ᠪᠠᠳᠤᠯᠠᠪᠤᠷᠢ ᠶᠢᠨ ᠰᠢᠰᠲ᠋ᠧᠮ ᠢ ᠪᠠᠶᠢᠭᠤᠯᠵᠠᠢ᠃ ᠪᠠᠰᠠ ᠵᠢᠱᠢᠶᠡᠯᠡᠪᠡᠯ᠂ ︽ᠦᠪᠡᠷᠳᠡᠬᠡᠨ ᠵᠠᠰᠬᠠᠤ ᠤᠷᠤᠨ ᠤ ᠢᠳᠡᠬᠡᠨ ᠢ ᠡᠳ᠋ᠰᠢᠬᠦᠯᠦᠨ ᠪᠤᠯᠪᠠᠰᠤᠷᠠᠭᠤᠯᠬᠤ ᠪᠠᠭ᠎ᠠ ᠦᠢᠯᠡᠳᠬᠡᠯ ᠤᠨ ᠭᠠᠵᠠᠷ ᠪᠠ ᠢᠳᠡᠬᠡᠨ ᠤ ᠳᠡᠯᠬᠡᠬᠦᠷ ᠤᠨ ᠬᠠᠮᠢᠶᠠᠷᠤᠯᠳᠠ ᠶᠢᠨ ᠲᠦᠷᠢᠮ︾᠎ ᠢ ᠳᠤᠭᠳᠠᠭᠠᠵᠤ᠂ ᠦᠷᠬᠡᠨ ᠤᠯᠠᠨ ᠲᠦᠮᠡᠨ ᠤ ᠢᠳᠡᠬᠦ ᠳᠤ ᠠᠮᠤᠷ ᠲᠦᠪᠰᠢᠨ ᠰᠠᠨᠠᠭ᠎ᠠ ᠠᠮᠤᠷ ᠪᠠᠶᠢᠬᠤ ᠶᠢ ᠪᠠᠳᠤᠯᠠᠵᠠᠢ᠃ ᠳᠠᠬᠢᠪᠠᠯ᠂ ᠮᠠᠨ ᠤ ᠭᠠᠷᠭᠠᠭᠰᠠᠨ ︽ᠦᠪᠡᠷᠳᠡᠬᠡᠨ ᠵᠠᠰᠠᠬᠤ ᠤᠷᠤᠨ ᠤ ᠦᠨᠳᠦᠰᠦᠳᠡᠨ ᠤ ᠰᠤᠷᠭᠠᠨ ᠬᠦᠮᠦᠵᠢᠯ ᠤᠨ ᠲᠦᠷᠢᠮ︾᠂ ︽ᠦᠪᠡᠷᠳᠡᠬᠡᠨ ᠵᠠᠰᠠᠬᠤ ᠤᠷᠤᠨ ᠤ ᠤᠤᠭᠤᠬᠤ ᠤᠰᠤᠨ ᠤ ᠡᠬᠢ ᠪᠠᠶᠠᠯᠢᠭ ᠢ ᠬᠠᠮᠠᠭᠠᠯᠠᠬᠤ ᠲᠦᠷᠢᠮ︾ ᠵᠡᠷᠬᠡ ᠨᠢ ᠠᠷᠠᠳ ᠲᠦᠮᠡᠨ ᠤ ᠠᠰᠢᠭ ᠳᠤᠰᠠ ᠶᠢ ᠪᠦᠳᠦᠮᠵᠢᠳᠡᠢ ᠪᠠᠳᠤᠯᠠᠵᠤ᠂ ᠠᠷᠠᠳ ᠤᠯᠠᠨ ᠤ ᠬᠦᠢᠴᠡᠳ ᠦᠨᠡᠯᠡᠯᠳᠡ ᠶᠢ ᠬᠦᠷᠳᠡᠵᠡᠢ᠃      ᠬᠤᠶᠠᠷ ᠲᠤ᠂ ᠬᠠᠤᠯᠢ ᠶᠢ ᠴᠢᠩᠭ᠎ᠠ ᠨᠢᠮᠪᠠᠢ ᠬᠡᠷᠡᠭᠵᠢᠬᠦᠯᠬᠦ ᠶᠢ ᠠᠬᠢᠭᠤᠯᠬᠤ ᠲᠠᠯ᠎ᠠ ᠪᠠᠷ᠂ ᠭᠤᠤᠯᠳᠠᠯᠭ᠎ᠠ ᠨᠢ ᠵᠠᠰᠠᠭ ᠤᠨ ᠤᠷᠳᠤᠨ ᠤ ᠡᠬᠦᠷᠬᠡ ᠴᠢᠳᠠᠪᠬᠢ ᠶᠢᠨ ᠬᠠᠤᠯᠢᠵᠢᠯᠳᠠ ᠶᠢ ᠲᠦᠯᠬᠢᠨ ᠠᠬᠢᠭᠤᠯᠵᠤ᠂ ︽ᠵᠠᠰᠠᠭ ᠵᠠᠬᠢᠷᠭᠠᠨ ᠤ ᠡᠷᠬᠡ ᠶᠢ ᠲᠠᠯᠪᠢᠬᠤ᠂ ᠲᠠᠯᠪᠢᠵᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠬᠦᠯᠬᠦ︾ ᠦᠬᠡᠷᠡᠴᠢᠯᠠᠯᠳᠠ ᠶᠢ ᠬᠦᠴᠦ ᠲᠠᠯᠪᠢᠨ ᠦᠷᠨᠢᠬᠦᠯᠬᠦ ᠳᠤ ᠪᠤᠢ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠦᠪᠡᠷᠳᠡᠬᠡᠨ ᠵᠠᠰᠠᠬᠤ ᠤᠷᠤᠨ ᠤ ᠲᠤᠰ ᠱᠠᠳᠤᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠤᠳ ᠤᠨ 50% ᠤᠷᠴᠢᠮ ᠢ ᠦᠬᠡᠶᠢᠰᠬᠡᠬᠦ ᠪᠤᠶᠤ ᠲᠤᠷᠤᠭᠰᠢ ᠲᠠᠯᠪᠢᠵᠤ᠂ ᠠᠶᠢᠮᠠᠭ ᠬᠤᠳᠠ᠂ ᠬᠤᠰᠢᠭᠤ ᠰᠢᠶᠠᠨ ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯ ᠵᠤᠷᠪᠤᠰ 40% ᠢᠯᠡᠬᠦᠦ ᠪᠠᠷ ᠬᠠᠰᠤᠭᠳᠠᠵᠠᠢ᠃ ᠡᠬᠦᠨ ᠤ ᠬᠠᠮᠳᠤ᠂ ᠵᠠᠰᠠᠭ ᠵᠠᠬᠢᠷᠭᠠᠨ ᠤ ᠡᠷᠬᠡ ᠶᠢᠨ ᠬᠢᠵᠠᠭᠠᠷᠯᠠᠯ ᠪᠤᠯᠤᠨ ᠬᠢᠨᠠᠯᠳᠠ ᠲᠠᠯᠪᠢᠬᠤ ᠶᠢ ᠲᠠᠰᠤᠷᠠᠯᠳᠠ ᠦᠬᠡᠢ ᠴᠢᠩᠭᠠᠳᠬᠠᠵᠤ᠂ ᠬᠠᠤᠯᠢ ᠬᠡᠷᠡᠭᠵᠢᠬᠦᠯᠬᠦ ᠦᠢᠯᠡ ᠠᠵᠢᠯᠯᠠᠭ᠎ᠠ ᠶᠢ ᠴᠢᠩᠭ᠎ᠠ ᠨᠢᠮᠪᠠᠢ ᠲᠦᠷᠢᠮᠵᠢᠬᠦᠯᠵᠤ᠂ ᠤᠯᠠᠨ ᠲᠦᠮᠡᠨ ᠤ ᠲᠤᠰ ᠪᠡᠶ᠎ᠠ ᠶᠢᠨ ᠠᠰᠢᠬ ᠲᠤᠰᠠ ᠲᠠᠢ ᠦᠨᠡᠨᠬᠦ ᠬᠤᠯᠪᠤᠭᠳᠠᠭᠰᠠᠠ ᠭᠤᠤᠯᠳᠠᠯᠭ᠎ᠠ ᠲᠠᠢ ᠬᠦᠷᠢᠶ᠎ᠠ ᠴᠠᠷᠠᠭᠠᠨ ᠳᠠᠬᠢ ᠬᠠᠤᠯᠢ ᠬᠡᠷᠡᠭᠵᠢᠬᠦᠯᠬᠦ ᠡᠷᠴᠢᠮ ᠢᠶᠠᠨ ᠨᠡᠮᠡᠭᠳᠡᠬᠦᠯᠵᠦ᠂ ᠠᠷᠠᠳ ᠲᠦᠮᠡᠨ ᠤ ᠬᠠᠨᠤᠮᠵᠢ ᠶᠢᠨ ᠬᠡᠮᠵᠢᠶ᠎ᠠ ᠶᠢ ᠲᠠᠰᠤᠷᠠᠯᠳᠠ ᠦᠬᠡᠢ ᠲᠡᠬᠡᠭᠰᠢᠯᠡᠬᠦᠯᠪᠠ᠃      ᠭᠤᠷᠪᠠ ᠳᠤ᠂ ᠬᠠᠤᠯᠢ ᠴᠠᠭᠠᠵᠠ ᠶᠢᠨ ᠲᠦᠪ ᠭᠤᠤᠯᠴᠢ ᠶᠢ ᠠᠬᠢᠭᠤᠯᠬᠤ ᠲᠠᠯ᠎ᠠ ᠪᠠᠷ᠂ ᠬᠠᠤᠯᠢ ᠴᠠᠭᠠᠵᠠ ᠶᠢᠨ ᠪᠠᠶᠢᠭᠤᠯᠤᠮᠵᠢ ᠶᠢᠨ ᠦᠬᠡᠷᠡᠴᠢᠯᠠᠯᠳᠠ ᠶᠢ ᠬᠦᠨᠵᠡᠬᠡᠶᠢᠷᠡᠬᠦᠯᠬᠦ ᠪᠠᠷ ᠭᠠᠷᠳᠠᠴᠠ ᠪᠤᠯᠭᠠᠵᠤ᠂ ᠬᠢᠨᠠᠨ ᠲᠠᠰᠤᠯᠤᠯᠳᠠ ᠪᠠᠷ ᠭᠤᠤᠯ ᠪᠤᠯᠭᠠᠭᠰᠠᠠ ᠵᠠᠷᠭᠤ ᠶᠢᠨ ᠲᠦᠷᠢᠮ ᠤᠨ ᠦᠬᠡᠷᠡᠴᠢᠯᠠᠯᠳᠠ ᠶᠢ ᠬᠦᠴᠦ ᠲᠠᠯᠪᠢᠨ ᠠᠬᠢᠭᠤᠯᠵᠤ᠂ ᠬᠡᠷᠡᠭ ᠰᠢᠢᠳᠪᠦᠷᠢᠯᠡᠬᠦ ᠶᠠᠰᠤ ᠴᠢᠨᠠᠷ ᠤᠨ ᠨᠠᠰᠤᠨ ᠲᠤᠷᠰᠢᠳᠠ ᠬᠠᠷᠢᠭᠤᠴᠠᠬᠤ ᠲᠦᠷᠢᠮ ᠪᠤᠯᠤᠨ ᠪᠤᠷᠤᠭᠤ ᠬᠡᠷᠡᠭ ᠤᠨ ᠬᠠᠷᠢᠭᠤᠴᠠᠯᠭ᠎ᠠ ᠶᠢ ᠪᠤᠴᠠᠭᠠᠨ ᠪᠠᠶᠢᠴᠠᠭᠠᠬᠤ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠢ ᠬᠡᠷᠡᠭᠵᠢᠬᠦᠯᠵᠤ᠂ ᠬᠠᠤᠯᠢ ᠴᠠᠭᠠᠵᠠ ᠶᠢᠨ ᠠᠵᠢᠯᠳᠠᠠ ᠢ ᠲᠦᠷᠦᠯ ᠬᠤᠪᠢᠶᠠᠨ ᠬᠠᠮᠢᠶᠠᠷᠬᠤ ᠶᠢ ᠡᠮᠬᠢ ᠲᠢᠭᠯᠢᠮ ᠲᠠᠢ ᠶᠠᠪᠤᠭᠳᠠᠭᠤᠯᠵᠤ᠂ ᠰᠢᠬᠦᠨ ᠲᠠᠰᠤᠯᠤᠯᠳᠠ ᠶᠢᠨ ᠶᠠᠪᠤᠴᠠ ᠶᠢ ᠢᠯᠡ ᠪᠤᠯᠭᠠᠬᠤ᠂ ᠲᠠᠰᠤᠯᠤᠨ ᠰᠢᠢᠳᠪᠤᠷᠢᠯᠡᠬᠦ ᠪᠢᠴᠢᠭ ᠮᠠᠲ᠋ᠧᠷᠢᠶᠠᠯ ᠢ ᠢᠯᠡ ᠪᠤᠯᠭᠠᠬᠤ᠂ ᠬᠡᠷᠡᠭᠵᠢᠬᠦᠯᠬᠦ ᠮᠡᠳᠡᠭᠡ ᠵᠠᠩᠬᠢ ᠶᠢ ᠢᠯᠡ ᠪᠤᠯᠭᠠᠬᠤ ᠭᠤᠷᠪᠠᠨ ᠶᠡᠭᠡ ᠲᠠᠪᠴᠠᠩ ᠤᠨ ᠪᠠᠶᠢᠭᠤᠯᠤᠯᠳᠠ ᠶᠢ ᠲᠦᠷᠬᠡᠳᠬᠡᠨ ᠠᠬᠢᠭᠤᠯᠵᠤ᠂ ᠴᠢᠷᠮᠠᠶᠢᠵᠤ ᠪᠠᠶᠢᠭᠠᠳ ᠠᠷᠠᠳ ᠤᠯᠠᠨ ᠤ ᠬᠠᠤᠯᠢ ᠴᠠᠭᠠᠵᠠ ᠳᠤ ᠤᠷᠤᠯᠴᠠᠬᠤ ᠡᠷᠬᠡ ᠶᠢ ᠬᠦᠢᠴᠡᠳ ᠪᠠᠳᠤᠯᠠᠵᠤ᠂ ᠦᠷᠬᠡᠨ ᠤᠯᠠᠨ ᠲᠦᠮᠡᠨ ᠢ ᠬᠠᠤᠯᠢ ᠴᠠᠭᠠᠵᠠ ᠶᠢᠨ ᠬᠡᠷᠡᠭ ᠪᠤᠯᠭᠠᠨ ᠠᠴᠠ ᠡᠷᠬᠡ ᠲᠡᠭᠰᠢ ᠰᠢᠳᠤᠷᠭᠤ ᠶᠤᠰᠤᠨ ᠢ ᠮᠡᠳᠡᠷᠡᠬᠦᠯᠬᠦ ᠪᠤᠯᠭᠠᠪᠠ᠃      ᠲᠦᠷᠪᠠ ᠳᠤ᠂ ᠪᠦᠬᠦ ᠠᠷᠠᠳ ᠢᠶᠠᠷ ᠢᠶᠠᠨ ᠬᠠᠤᠯᠢ ᠶᠢ ᠰᠠᠬᠢᠬᠤ ᠶᠢ ᠠᠬᠢᠭᠤᠯᠬᠤ ᠲᠠᠯ᠎ᠠ ᠪᠠᠷ᠂ ᠪᠦᠬᠦ ᠠᠷᠠᠳ ᠲᠤ ᠬᠠᠤᠯᠢ ᠲᠦᠬᠡᠮᠡᠯᠵᠢᠬᠦᠯᠬᠦ ᠪᠤᠯᠤᠨ ᠬᠠᠤᠯᠢ ᠶᠢ ᠰᠠᠬᠢᠬᠤ ᠶᠢ ᠰᠠᠭᠤᠷᠢ ᠴᠢᠨᠠᠷᠳᠠᠢ ᠠᠵᠢᠯ ᠪᠤᠯᠭᠠᠨ ᠠᠳᠬᠤᠬᠤ ᠶᠢ ᠪᠠᠷᠢᠮᠳᠠᠯᠠᠵᠤ᠂ ︽ᠵᠢᠷᠭᠤᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ︽ᠲᠤᠯᠤᠳᠤᠭᠠᠷ ᠲᠠᠪᠤᠨ ᠵᠢᠯ︾᠎ ᠤᠨ ᠬᠠᠤᠯᠢ ᠲᠦᠬᠡᠮᠡᠯᠵᠢᠬᠦᠯᠬᠦ ᠲᠦᠯᠦᠪᠵᠢᠬᠦᠯᠬᠡ ᠶᠢ ᠪᠦᠬᠦ ᠲᠠᠯ᠎ᠠ ᠪᠠᠷ ᠡᠬᠢᠯᠡᠬᠦᠯᠵᠤ᠂ ᠪᠦᠬᠦ ᠤᠯᠤᠰ ᠲᠤ ᠬᠠᠮᠤᠭ ᠤᠨ ᠤᠷᠢᠳᠠᠪᠠᠷ ︽ᠬᠡᠨ ᠬᠠᠤᠯᠢ ᠬᠡᠷᠡᠭᠵᠢᠬᠦᠯᠬᠦ᠂ ᠬᠡᠨ ᠬᠠᠤᠯᠢ ᠲᠦᠬᠡᠮᠡᠯᠵᠢᠬᠦᠯᠬᠦ︾ ᠬᠠᠷᠢᠭᠤᠴᠠᠯᠭ᠎ᠠ ᠶᠢᠨ ᠲᠦᠷᠢᠮ ᠢ ᠲᠤᠭᠳᠠᠭᠠᠵᠤ᠂ ︽ᠬᠠᠤᠯᠢ ᠲᠦᠷᠢᠮ ᠤᠨ ᠤᠬᠠᠭᠤᠯᠭ᠎ᠠ ᠶᠢᠨ ᠰᠠᠷ᠎ᠠ︾᠂ ︽ᠦᠨᠳᠦᠰᠦᠨ ᠬᠠᠤᠯᠢ ᠶᠢᠨ ᠤᠬᠠᠭᠤᠯᠭ᠎ᠠ ᠶᠢᠨ ᠰᠠᠷ᠎ᠠ︾ ᠵᠡᠷᠬᠡ ᠠᠵᠢᠯᠯᠠᠭ᠎ᠠ ᠶᠢ ᠲᠦᠪᠯᠡᠷᠡᠬᠦᠯᠦᠨ ᠦᠷᠨᠢᠬᠦᠯᠵᠤ᠂ ᠬᠠᠤᠯᠢᠵᠢᠯ ᠤᠨ ᠰᠤᠶᠤᠯ ᠤᠨ ᠠᠭᠤᠳᠠᠮ ᠲᠠᠯᠠᠪᠠᠢ ᠶᠢ 98᠂ ᠬᠠᠤᠯᠢᠵᠢᠯ ᠤᠨ ᠨᠤᠮ ᠪᠢᠴᠢᠭ ᠤᠨ ᠤᠩᠰᠢᠯᠭ᠎ᠠ ᠶᠢᠨ ᠦᠷᠳᠡᠭᠡ ᠶᠢ 1080᠂ ᠬᠠᠤᠯᠢ ᠲᠦᠬᠡᠮᠡᠯᠵᠢᠬᠦᠯᠬᠦ ᠤᠬᠠᠭᠤᠯᠭ᠎ᠠ ᠶᠢᠨ ᠲᠠᠶᠢᠯᠤᠮᠵᠢ ᠶᠢᠨ ᠭᠠᠵᠠᠷ ᠢ 3813 ᠪᠠᠶᠢᠭᠤᠯᠵᠤ᠂ 3.5 ᠲᠦᠮᠡᠡ ᠬᠠᠤᠯᠢᠵᠢᠯ ᠤᠨ ᠤᠬᠠᠭᠤᠯᠭ᠎ᠠ ᠶᠢᠨ ᠰᠠᠶᠢᠨ ᠲᠤᠷᠠᠴᠤᠳ ᠢ ᠡᠯᠰᠡᠵᠤ᠂ ᠬᠠᠤᠯᠢ ᠴᠠᠭᠠᠵᠠ ᠶᠢᠨ ᠮᠡᠳᠡᠯᠬᠡ ᠶᠢ ᠴᠠᠭ ᠲᠤᠬᠠᠢ ᠳᠤᠨᠢ ᠦᠨᠳᠦᠰᠦᠳᠠᠨ ᠨᠦᠭᠦᠳ ᠤᠨ ᠤᠯᠠᠨ ᠲᠦᠮᠡᠨ ᠤ ᠭᠠᠷ ᠲᠤᠨᠢ ᠬᠦᠷᠬᠡᠵᠤ ᠰᠡᠳᠬᠢᠯ ᠳᠤᠨᠢ ᠬᠦᠷᠬᠡᠭᠰᠡᠨ ᠠᠴᠠ ᠦᠷᠬᠡᠨ ᠤᠯᠠᠨ ᠲᠦᠮᠡᠨ ᠬᠠᠤᠯᠢ ᠶᠢ ᠮᠡᠳᠡᠵᠤ᠂ ᠬᠠᠤᠯᠢ ᠶᠢ ᠦᠢᠯᠠᠭᠠᠵᠤ᠂ ᠬᠠᠤᠯᠢ ᠶᠢ ᠰᠠᠬᠢᠬᠤ ᠬᠡᠪ ᠰᠤᠷᠳᠠᠯ ᠪᠦᠷᠢᠯᠳᠦᠭᠰᠡᠨ ᠪᠠᠶᠢᠨ᠎ᠠ᠃      ᠨᠠᠮ ᠤᠨ ᠠᠷᠪᠠ ᠶᠢᠰᠦᠳᠦᠬᠡᠷ ᠶᠡᠭᠡ ᠬᠤᠷᠠᠯ ᠠᠴᠠ ᠬᠠᠤᠯᠢ ᠶᠤᠰᠤᠭᠠᠷ ᠤᠯᠤᠰ ᠢᠶᠠᠨ ᠵᠠᠰᠠᠬᠤ ᠲᠤᠬᠠᠢ ᠤᠯᠠᠮ ᠨᠢᠬᠡ ᠠᠯᠬᠤᠮ ᠤᠨ ᠪᠠᠶᠢᠷᠢᠯᠠᠭᠤᠯᠤᠯᠳᠠ ᠲᠤᠬᠢᠷᠠᠭᠤᠯᠤᠯᠳᠠ ᠬᠢᠵᠠᠢ᠂ ᠪᠢᠳᠠ ᠵᠠᠪᠠᠯ ᠬᠦᠨᠵᠡᠬᠡᠢ ᠰᠤᠷᠤᠯᠴᠠᠨ ᠦᠢᠯᠠᠭᠠᠵᠤ᠂ ᠨᠠᠷᠢᠨ ᠬᠢᠨᠠᠮᠠᠭᠠᠢ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠠᠤᠯᠢᠵᠢᠯ ᠤᠨ ᠦᠪᠦᠷ ᠮᠤᠩᠭᠤᠯ ᠤᠨ ᠪᠦᠳᠦᠬᠡᠨ ᠪᠠᠶᠢᠭᠤᠯᠤᠯᠳᠠ ᠶᠢ ᠲᠠᠰᠤᠷᠠᠯᠳᠠ ᠦᠬᠡᠢ ᠲᠦᠯᠬᠢᠨ ᠤᠷᠤᠭᠰᠢᠯᠠᠭᠤᠯᠬᠤ ᠬᠡᠷᠡᠭᠳᠡᠢ᠃      ᠤᠷᠤᠰ ᠤᠨ ᠳᠠᠰᠰ ᠬᠤᠷᠢᠶ᠎ᠠ ᠶᠢᠨ ᠰᠤᠷᠪᠤᠯᠵᠢᠯᠠᠭᠴᠢ᠄ ᠶᠡᠷᠦᠩᠬᠡᠶᠢᠯᠡᠭᠴᠢ ᠫᠦᠲ᠋ᠢᠨ ᠡᠧᠦ᠋ᠷᠦᠫᠠ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ ᠶᠢ ᠪᠠᠶᠢᠭᠤᠯᠬᠤ ᠳᠤᠬᠠᠢ ᠳᠤᠷᠠᠳᠴᠦ᠂ ᠳᠡᠷᠢᠭᠦᠯᠡᠭᠴᠢ ᠰᠢ ᠶᠢᠨ ᠫᠢᠩ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠶᠢ ᠳᠤᠷᠠᠳᠪᠠ᠂ ᠲᠡᠭᠡᠪᠡᠯ ᠦᠪᠦᠷ ᠮᠤᠩᠭᠤᠯ ᠤᠨ ᠬᠢᠨ ᠤᠷᠤᠨ ᠪᠦᠰᠡ ᠶᠢᠨ ᠳᠠᠪᠠᠭᠤᠯᠢᠭ ᠢᠶᠠᠨ ᠬᠡᠷᠬᠢᠨ ᠪᠠᠳᠠᠷᠠᠭᠤᠯᠬᠤ ᠪᠤᠢ︖ ᠶᠠᠮᠠᠷ ᠠᠮᠵᠢᠯᠳᠠ ᠪᠦᠳᠦᠮᠵᠢ ᠪᠤᠯᠤᠨ ᠠᠬᠢᠯᠳᠠ ᠲᠠᠢ ᠪᠤᠯᠪᠠ︖ ᠡᠭᠦᠨ ᠠᠴᠠ ᠬᠤᠶᠢᠰᠢᠳᠠ ᠶᠠᠮᠠᠷ ᠲᠦᠯᠦᠪᠯᠡᠭᠡ ᠲᠠᠢ ᠪᠠᠶᠢᠬᠤ ᠪᠤᠢ︖      ᠵᠠᠩ ᠵᠢᠶᠠᠨ ᠮᠢᠨ ᠳᠦᠯᠦᠭᠡᠯᠡᠭᠴᠢ᠄ ᠦᠪᠦᠷ ᠮᠤᠩᠭᠤᠯ ᠤᠨ ᠭᠠᠳᠠᠭᠠᠳᠤ ᠨᠡᠭᠡᠭᠡᠯᠳᠡ ᠶᠢ ᠬᠠᠯᠠᠮᠵᠢᠯᠠᠵᠤ ᠪᠠᠶᠢᠬᠤ ᠳᠤ ᠴᠢᠨᠢ ᠮᠠᠰᠢ ᠪᠠᠶᠠᠷᠯᠠᠵᠤ ᠪᠠᠶᠢᠨ᠎ᠠ᠃ ᠦᠪᠦᠷ ᠮᠤᠩᠭᠤᠯ ᠤᠨ ᠦᠪᠡᠷᠳᠡᠭᠡᠨ ᠵᠠᠰᠬᠠᠤ ᠤᠷᠤᠨ ᠳᠤᠮᠳᠠᠳᠤ ᠤᠯᠤᠰ ᠤᠨ ᠤᠮᠠᠷᠠᠳᠤ ᠬᠢᠯᠢ ᠳᠤ ᠪᠠᠶᠢᠷᠢᠯᠠᠵᠤ᠂ ᠤᠷᠤᠰ᠂ ᠮᠤᠩᠭᠤᠯ ᠤᠯᠤᠰ ᠲᠠᠢ ᠬᠢᠯᠢᠯᠡᠵᠤ ᠪᠠᠶᠢᠨ᠎ᠠ᠂ ᠡᠭᠦᠨ ᠳᠤ ᠤᠷᠤᠰ ᠯᠤᠭ᠎ᠠ ᠶᠢᠨ ᠬᠢᠯᠢ ᠶᠢᠨ ᠱᠤᠭᠤᠮ 1000 ᠭᠠᠷᠤᠢ ᠺᠢᠯᠤᠮᠧᠲᠷ ᠪᠤᠢ᠃ 18 ᠬᠢᠯᠢ ᠶᠢᠨ ᠪᠤᠭᠤᠮᠳᠠ ᠶᠢᠨ 4᠎ ᠨᠢ ᠤᠷᠤᠰ ᠲᠤ ᠬᠠᠨᠳᠤᠵᠤ᠂ ᠤᠯᠠᠨ ᠤᠯᠤᠰ ᠤᠨ ᠠᠭᠠᠷ ᠤᠨ ᠠᠶᠠᠯᠠᠯ ᠤᠨ ᠪᠤᠭᠤᠮᠳᠠ 4 ᠪᠠᠶᠢᠨ᠎ᠠ᠂ ᠮᠠᠨᠵᠤᠤᠷ ᠪᠤᠯ ᠤᠷᠤᠰ ᠲᠠᠢ ᠵᠠᠯᠭᠠᠯᠳᠤᠵᠤ ᠪᠠᠶᠢᠭ᠎ᠠ ᠬᠠᠮᠤᠭ ᠤᠨ ᠳᠤᠮᠤ ᠡᠬᠡ ᠬᠠᠭᠤᠷᠠᠢ ᠶᠢᠨ ᠬᠢᠯᠢ ᠶᠢᠨ ᠪᠤᠭᠤᠮᠳᠠ ᠪᠤᠯᠤᠨ᠎ᠠ᠃ ᠲᠤᠮᠳᠠᠳᠤ ᠡᠧᠦ᠋ᠷᠤᠫᠠ ᠶᠢᠨ ᠵᠢᠰᠢᠶᠠᠨ ᠤ ᠭᠠᠯᠳᠤ ᠲᠡᠷᠭᠡᠨ ᠤ 3 ᠵᠠᠮ ᠤᠨ ᠬᠤᠶᠠᠷ ᠨᠢ ᠮᠠᠨ ᠤ ᠤᠷᠤᠨ ᠢᠶᠠᠷ ᠬᠢᠯᠢ ᠠᠴᠠ ᠭᠠᠷᠴᠤ ᠪᠠᠶᠢᠨ᠎ᠠ᠂ ᠡᠶᠢᠮᠦ ᠠᠴᠠ ᠦᠪᠦᠷ ᠮᠤᠩᠭᠤᠯ ᠤᠷᠤᠨ ᠳᠡᠷᠢᠭᠦᠯᠡᠭᠴᠢ ᠰᠢ ᠶᠢᠨ ᠫᠢᠩ ᠤᠨ ᠳᠤᠷᠠᠳᠤᠭᠰᠠᠨ ︽ᠨᠢᠭᠡ ᠪᠦᠰᠡ ᠨᠢᠭᠡ ᠵᠠᠮ︾᠎ ᠤᠨ ᠰᠠᠨᠠᠭᠠᠴᠢᠯᠠᠭ᠎ᠠ ᠪᠤᠯᠤᠨ ᠶᠡᠷᠦᠩᠬᠡᠶᠢᠯᠡᠭᠴᠢ ᠫᠦᠲ᠋ᠢᠨ ᠤ ᠳᠤᠷᠠᠳᠤᠭᠰᠠᠨ ︽ᠡᠧᠦ᠋ᠷᠤᠫᠠ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ︾᠎ ᠳᠤ ᠮᠠᠰᠢ ᠴᠢᠬᠤᠯᠠ ᠪᠠᠶᠢᠷᠢ ᠰᠠᠭᠤᠷᠢ ᠲᠠᠢ ᠪᠠᠶᠢᠭ᠎ᠠ ᠶᠤᠮ᠃      ᠦᠪᠦᠷ ᠮᠤᠩᠭᠤᠯ ᠭᠠᠳᠠᠭᠠᠳᠤ ᠨᠡᠭᠡᠭᠡᠯᠳᠡ ᠶᠢ ᠠᠷᠠᠳ ᠢᠶᠠᠨ ᠪᠠᠶᠠᠵᠢᠭᠤᠯᠤᠨ ᠤᠷᠤᠨ ᠢᠶᠠᠨ ᠬᠦᠴᠦᠷᠭᠡᠭᠵᠢᠭᠦᠯᠭᠦ ᠳᠤ ᠵᠠᠪᠠᠯ ᠶᠠᠪᠤᠬᠤ ᠵᠠᠮ ᠪᠤᠯᠭᠠᠨ ᠠᠳᠬᠤᠵᠤ᠂ ᠰᠠᠨᠠᠭᠠᠴᠢᠯᠠᠭ᠎ᠠ ᠠᠴᠠ ᠪᠠᠨ ︽ᠨᠢᠭᠡ ᠪᠦᠰᠡ ᠨᠢᠭᠡ ᠵᠠᠮ︾᠎ ᠳᠤ ᠠᠭᠤᠰᠬᠤ ᠪᠤᠶᠤ ᠲᠡᠭᠦᠨ ᠳᠤ ᠦᠢᠯᠡᠴᠢᠯᠡᠵᠤ᠂ ︽ᠡᠧᠦ᠋ᠷᠤᠫᠠ ᠠᠽᠢᠶ᠎ᠠ ᠶᠢᠨ ᠠᠵᠤ ᠠᠬᠤᠢ ᠶᠢᠨ ᠬᠤᠯᠪᠤᠭ᠎ᠠ︾᠎ ᠲᠠᠢ ᠵᠤᠯᠭᠠᠭᠤᠯᠤᠭᠠᠳ ᠢᠯᠡᠳᠳᠡ ᠦᠷ᠎ᠠ ᠪᠦᠳᠦᠮᠵᠢ ᠤᠯᠵᠤ᠂ ᠡᠯᠪᠡᠭ ᠠᠮᠵᠢᠯᠳᠠ ᠪᠦᠳᠦᠮᠵᠢ ᠲᠠᠢ ᠪᠠᠶᠢᠨ᠎ᠠ᠃ ᠨᠢᠭᠡ ᠳᠤ᠂ ᠦᠪᠦᠷ ᠮᠤᠩᠭᠤᠯ 11 ᠤᠯᠤᠰ ᠲᠠᠢ 41 ᠨᠦᠬᠦᠷᠰᠡᠭ ᠭᠠᠵᠠᠷ ᠤᠷᠤᠨ ᠤ ᠬᠠᠷᠢᠴᠠᠭ᠎ᠠ ᠪᠠᠶᠢᠭᠤᠯᠵᠤ᠂ ᠤᠷᠤᠰ ᠤᠨ ᠠᠷᠦ ᠪᠠᠶᠢᠭᠠᠯ ᠬᠢᠯᠢ ᠶᠢᠨ ᠤᠷᠤᠨ ᠵᠡᠷᠭᠡ 9 ᠭᠠᠵᠠᠷ ᠤᠷᠤᠨ ᠲᠠᠢ ᠨᠦᠭᠦᠷᠰᠡᠭ ᠬᠠᠷᠢᠴᠠᠭ᠎ᠠ ᠪᠠᠶᠢᠭᠤᠯᠪᠠ᠃ ᠬᠤᠶᠠᠷ ᠲᠤ᠂ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠠ ᠳᠤᠭᠳᠠᠭᠠᠵᠤ᠂ ᠭᠤᠤᠯᠳᠠᠯᠭ᠎ᠠ ᠲᠠᠢ ᠨᠢᠭᠡ ᠪᠦᠯᠦᠭ ᠬᠢᠯᠢ ᠠᠯᠤᠰᠯᠠᠬᠰᠡᠨ ᠳᠡᠮᠤᠷ ᠵᠠᠮ᠂ ᠵᠠᠰᠠᠮᠠᠯ ᠵᠠᠮ ᠤᠨ ᠲᠦᠷᠦᠯ ᠵᠦᠢᠯ ᠢ ᠵᠤᠬᠢᠶᠠᠨ ᠪᠠᠶᠢᠭᠤᠯᠤᠨ ᠬᠡᠷᠡᠭᠵᠢᠭᠦᠯᠵᠤ᠂ ᠤᠷᠤᠰ ᠲᠤ ᠬᠦᠷᠬᠦ ᠠᠭᠠᠷ ᠤᠨ ᠠᠶᠠᠯᠠᠯ ᠤᠨ ᠱᠤᠭᠤᠮ ᠢ ᠨᠡᠪᠳᠡᠷᠡᠭᠦᠯᠵᠠᠢ᠃ ᠭᠤᠷᠪᠠ ᠳᠤ᠂ 2016 ᠤᠨ ᠳᠤ ᠬᠢᠯᠢ ᠠᠯᠤᠰᠯᠠᠨ ᠠᠷᠠᠳ ᠤᠨ ᠵᠤᠭᠤᠰ ᠢᠶᠠᠷ ᠳᠠᠰᠤᠯᠤᠨ ᠪᠤᠳᠤᠬᠤ ᠠᠵᠢᠯ ᠲᠦᠷᠦᠯ ᠮᠢᠩᠭᠠᠨ ᠳ᠋ᠦᠩᠰᠢᠭᠤᠷ ᠲᠦᠭᠦᠷᠢᠭ ᠤᠨ ᠪᠤᠭᠤᠮᠳᠠ ᠶᠢ ᠳᠠᠪᠠᠵᠤ᠂ ᠮᠠᠨ ᠤ ᠤᠷᠤᠨ ᠢᠶᠠᠷ ᠳᠠᠮᠵᠢᠵᠤ ᠪᠠᠶᠢᠭ᠎ᠠ ᠲᠤᠮᠳᠠᠳᠤ ᠡᠧᠦ᠋ᠷᠤᠫᠠ ᠶᠢᠨ ᠵᠢᠰᠢᠶᠠᠨ ᠤ ᠭᠠᠯᠳᠤ ᠲᠡᠷᠭᠡ 51 ᠪᠤᠯᠵᠤ 1327 ᠡᠭᠡᠯᠵᠢ ᠳᠤ ᠬᠦᠷᠪᠡ᠂ ᠪᠦᠬᠦ ᠤᠷᠤᠨ ᠤ ᠬᠢᠯᠢ ᠶᠢᠨ ᠪᠤᠭᠤᠮᠳᠠ ᠪᠠᠷ ᠪᠠᠷᠠᠭ᠎ᠠ ᠳᠠᠸᠠᠷ ᠲᠠᠮᠵᠢᠭᠤᠯᠬᠤ ᠴᠢᠳᠠᠪᠤᠷᠢ 18600 ᠲᠦᠮᠡᠨ ᠳᠤᠨ ᠳᠤ ᠬᠦᠷᠴᠠᠢ᠃ ᠲᠦᠷᠪᠡ ᠳᠤ᠂ ᠡᠨᠡ ᠵᠢᠯ ᠤᠨ ᠲᠦᠷᠦᠭᠦᠦ ᠭᠤᠷᠪᠠᠨ ᠤᠯᠠᠷᠢᠯ ᠳᠤ ᠬᠢᠯᠢ ᠶᠢᠨ ᠪᠤᠭᠤᠮᠳᠠ ᠪᠠᠷ ᠤᠷᠤᠭᠤᠯᠵᠤ ᠭᠠᠷᠭᠠᠬᠰᠠᠨ ᠪᠠᠷᠠᠭ᠎ᠠ ᠳᠠᠸᠠᠷ ᠤᠨ ᠶᠡᠷᠦᠩᠬᠡᠢ ᠬᠡᠮᠵᠢᠶ᠎ᠠ 104.9 ᠳ᠋ᠦᠩᠰᠢᠭᠤᠷ ᠳ᠋ᠤᠯᠯᠠᠷ ᠲᠤ ᠬᠦᠷᠴᠦ᠂ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 23.6%᠎ ᠢᠶᠠᠷ ᠨᠡᠮᠡᠭᠳᠡᠵᠠᠢ᠂ ᠡᠬᠦᠨ ᠳᠤ ᠤᠷᠤᠰ ᠪᠤᠯ ᠦᠪᠦᠷ ᠮᠤᠩᠭᠤᠯ ᠤᠨ ᠭᠤᠤᠯ ᠪᠤᠯᠬᠤ ᠠᠷᠠᠯᠵᠢᠶᠠᠨ ᠤ ᠬᠠᠨᠢᠳᠡᠨ ᠪᠤᠯᠤᠨ᠎ᠠ᠂ ᠤᠷᠤᠭᠤᠯᠵᠤ ᠭᠠᠷᠭᠠᠬᠰᠠᠨ ᠠᠷᠠᠯᠵᠢᠶᠠᠨ ᠤ ᠶᠡᠷᠤᠩᠬᠡᠢ ᠬᠡᠮᠵᠢᠶ᠎ᠡ 23.4 ᠳ᠋ᠦᠩᠰᠢᠭᠤᠷ ᠳ᠋ᠤᠯᠯᠡᠷ ᠲᠤ ᠬᠦᠷᠴᠤ᠂ ᠠᠳᠠᠯᠢ ᠬᠤᠭᠤᠴᠠᠭᠠᠨ ᠤ ᠬᠢ ᠠᠴᠠ 15.2%᠎ ᠢᠶᠠᠷ ᠨᠡᠮᠡᠭᠳᠡᠪᠡ᠃ ᠲᠠᠪᠤ ᠳᠤ᠂ ᠭᠠᠳᠠᠭᠠᠳᠤ ᠨᠡᠭᠡᠭᠡᠯᠳᠡ ᠵᠢᠴᠢ ︽ᠨᠢᠬᠡ ᠪᠦᠰᠡ ᠨᠢᠬᠡ ᠵᠠᠮ︾᠎ ᠤᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ ᠬᠤᠷᠠᠯ᠂ ᠰᠢᠶᠠᠩᠭᠠᠩ ᠤᠤᠮᠧᠨ ᠤ ᠠᠷᠠᠯᠵᠢᠶᠠᠴᠢᠨ ᠢ ᠤᠷᠢᠬᠤ ᠬᠤᠷᠠᠯ᠂ ᠭᠠᠳᠠᠭᠠᠳᠤ ᠬᠠᠷᠢᠯᠴᠠᠭᠠᠨ ᠤ ᠶᠠᠮᠤᠨ ᠤ ᠪᠦᠬᠦ ᠳᠡᠯᠡᠭᠡᠢ ᠳᠤ ᠬᠠᠨᠳᠤᠭᠤᠯᠤᠭᠰᠠᠨ ᠳᠠᠨᠢᠯᠴᠠᠭᠤᠯᠭ᠎ᠠ ᠶᠢᠨ ᠬᠤᠷᠠᠯ᠂ ᠲᠤᠮᠳᠠᠳᠤ ᠮᠤᠩᠭᠤᠯ ᠤᠨ ᠦᠵᠡᠰᠬᠦᠯᠡᠩ ᠤᠨ ᠴᠤᠬᠯᠠᠭᠠᠨ ᠵᠡᠷᠬᠡ ᠰᠢᠷᠢᠰ ᠬᠤᠷᠠᠯ ᠢ ᠡᠷᠬᠢᠯᠡᠪᠡ᠃      ᠬᠤᠶᠢᠰᠢᠳᠡ᠂ ᠪᠢᠳᠡ ᠤᠮᠠᠷᠠᠰᠢ ᠨᠡᠬᠡᠬᠡᠯᠳᠡ ᠬᠢᠬᠦ ᠪᠠᠷ ᠪᠠᠶᠢᠯᠳᠤᠬᠤ ᠪᠤᠳᠤᠯᠭ᠎ᠠ ᠶᠢᠨ ᠴᠢᠭᠯᠡᠯ ᠢᠶᠠᠨ ᠪᠤᠯᠭᠠᠵᠤ᠂ ︽ᠲᠠᠪᠤ ᠶᠢ ᠨᠡᠪᠳᠡᠷᠡᠭᠦᠯᠬᠦ︾᠎ ᠶᠢ ᠠᠬᠢᠭᠤᠯᠬᠤ ᠪᠠᠷ ᠭᠤᠤᠯ ᠭᠠᠷᠳᠠᠴᠠ ᠪᠤᠯᠭᠠᠵᠤ᠂ ᠤᠷᠤᠰ ᠯᠤᠭ᠎ᠠ ᠶᠢᠨ ᠪᠤᠳᠠᠳᠠᠢ ᠶᠢ ᠡᠷᠬᠢᠮᠯᠡᠭᠰᠡᠨ ᠬᠠᠮᠳᠤᠷᠠᠯᠴᠠᠭ᠎ᠠ ᠪᠠᠨ ᠬᠦᠨᠵᠡᠬᠡᠶᠢᠷᠡᠬᠦᠯᠤᠨ ᠨᠡᠩ ᠤᠯᠠᠨ ᠨᠡᠩ ᠶᠡᠭᠡ ᠦᠷ᠎ᠡ ᠪᠦᠳᠦᠮᠵᠢ ᠤᠯᠬᠤ ᠪᠠᠷ ᠴᠢᠷᠮᠠᠶᠢᠨ᠎ᠡ᠃ ᠨᠢᠬᠡ ᠳᠤ᠂ ᠲᠦᠷᠦ ᠶᠢᠨ ᠪᠤᠳᠤᠯᠭ᠎ᠠ ᠶᠢᠨ ᠨᠡᠪᠳᠡᠷᠡᠯᠴᠡᠭᠡ ᠪᠠᠨ ᠴᠢᠩᠭᠠᠳᠬᠠᠨ᠎ᠡ᠃ ᠤᠯᠠᠨ ᠲᠡᠰ ᠲᠠᠪᠬᠤᠷᠭ᠎ᠠ ᠶᠢᠨ᠂ ᠪᠠᠶᠢᠩᠭᠤᠵᠢᠬᠰᠠᠨ ᠭᠠᠵᠡᠷ ᠤᠷᠤᠨ ᠤ ᠵᠠᠰᠠᠭ ᠤᠨ ᠤᠷᠳᠤᠨ ᠤ ᠬᠤᠭᠤᠷᠤᠨᠳᠤᠬᠢ ᠵᠦᠪᠳᠡᠯᠴᠡᠬᠦ ᠲᠤᠬᠳᠡᠴᠡ ᠶᠢ ᠲᠡᠬᠦᠯᠳᠡᠷᠵᠢᠬᠦᠯᠦᠨ ᠪᠠᠶᠢᠭᠤᠯᠬᠤ ᠶᠢ ᠴᠢᠩᠭᠠᠳᠬᠠᠵᠤ᠂ ᠬᠦᠭᠵᠢᠯᠳᠡ ᠶᠢᠨ ᠪᠠᠶᠢᠯᠳᠤᠬᠤ ᠪᠤᠳᠤᠯᠭ᠎ᠠ ᠪᠠᠨ ᠪᠦᠳᠦᠮᠵᠢᠳᠡᠢ ᠵᠤᠯᠭᠠᠯᠴᠠᠭᠤᠯᠵᠤ᠂ ᠤᠷᠤᠨ ᠪᠦᠰᠡ ᠶᠢᠨ ᠬᠠᠮᠳᠤᠷᠠᠯᠴᠠᠭᠠᠨ ᠤ ᠲᠦᠯᠦᠪᠵᠢᠬᠦᠯᠬᠡ᠂ ᠲᠦᠷᠦ ᠶᠢᠨ ᠪᠤᠳᠤᠯᠭ᠎ᠠ ᠪᠤᠯᠤᠨ ᠠᠷᠭ᠎ᠠ ᠬᠡᠮᠵᠢᠶ᠎ᠡ ᠶᠢ ᠵᠦᠪᠳᠡᠨ ᠲᠤᠬᠳᠠᠭᠠᠨ᠎ᠠ᠃ ᠬᠤᠶᠡᠷ ᠲᠤ᠂ ᠲᠤᠨᠤᠭ ᠲᠦᠬᠦᠬᠡᠷᠤᠮᠵᠢ ᠶᠢᠨ ᠬᠤᠯᠪᠤᠯᠴᠠᠯ ᠢ ᠴᠢᠩᠭᠠᠳᠬᠠᠨ᠎ᠡ᠃ ᠲᠤᠨᠤᠭ ᠲᠦᠬᠦᠬᠡᠷᠤᠮᠵᠢ ᠶᠢᠨ ᠬᠤᠯᠪᠤᠯᠴᠠᠯ ᠢ ᠤᠳᠤᠷᠢᠳᠤᠮᠵᠢ ᠶᠢᠨ ᠴᠢᠨᠡᠷᠳᠡᠢ ᠢᠨᠵᠧᠨᠧᠷᠢᠩ ᠪᠤᠯᠭᠠᠵᠤ᠂ ᠲᠡᠮᠤᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ᠂ ᠡᠨᠧᠷᠬᠢ᠂ ᠴᠢᠮᠡᠭᠡ ᠨᠡᠪᠳᠡᠷᠡᠯᠬᠡ᠂ ᠬᠢᠯᠢ ᠶᠢᠨ ᠪᠤᠭᠤᠮᠳᠡ ᠵᠡᠷᠬᠡ ᠰᠠᠭᠤᠷᠢ ᠲᠦᠬᠦᠬᠡᠷᠤᠮᠵᠢ ᠶᠢᠨ ᠬᠤᠯᠪᠤᠯᠳᠤᠨ ᠨᠡᠪᠳᠡᠷᠡᠯᠴᠡᠬᠦ ᠶᠢ ᠲᠦᠷᠬᠡᠳᠬᠡᠨ᠎ᠡ᠃ ᠭᠤᠷᠪᠡ ᠳᠤ᠂ ᠠᠷᠠᠯᠵᠢᠶᠠᠨ ᠤ ᠤᠷᠤᠬᠰᠢᠳᠠᠢ ᠶᠠᠪᠤᠬᠳᠠᠬᠤ ᠶᠢ ᠴᠢᠩᠭᠠᠳᠬᠠᠨ᠎ᠡ᠃ ᠲᠤᠮᠳᠠᠳᠤ ᠤᠷᠤᠰ ᠬᠤᠶᠡᠷ ᠲᠠᠯ᠎ᠡ ᠶᠢᠨ ᠬᠠᠮᠳᠤᠷᠠᠯᠴᠠᠭᠠᠨ ᠤ ᠪᠦᠳᠦᠬᠦᠪᠴᠢ ᠲᠦᠰᠦᠪ ᠵᠡᠷᠬᠡ ᠵᠦᠪᠯᠡᠯᠴᠡᠭᠡᠷ ᠢ ᠦᠨᠳᠦᠰᠦᠯᠡᠨ᠂ ᠨᠢᠬᠡ ᠪᠦᠯᠦᠭ ᠴᠢᠬᠤᠯᠠ ᠶᠡᠭᠡ ᠬᠠᠮᠳᠤᠷᠠᠯᠴᠠᠭᠠᠨ ᠤ ᠲᠦᠷᠦᠯ ᠵᠦᠢᠯ ᠢ ᠲᠦᠯᠦᠪᠯᠡᠭᠡ ᠲᠠᠢ ᠪᠠᠷ ᠵᠤᠬᠢᠶᠠᠨ ᠪᠠᠶᠢᠭᠤᠯᠤᠨ ᠬᠡᠷᠡᠭᠵᠢᠬᠦᠯᠵᠤ᠂ ᠠᠷᠠᠯᠵᠢᠶᠠᠨ ᠤ ᠬᠡᠪᠴᠢᠶ᠎ᠡ ᠶᠢ ᠲᠠᠰᠤᠷᠠᠯᠳᠡ ᠦᠬᠡᠢ ᠦᠷᠬᠡᠳᠬᠡᠵᠤ᠂ ᠠᠷᠠᠯᠵᠢᠶᠠᠨ ᠤ ᠰᠢᠨ᠎ᠡ ᠨᠡᠮᠡᠭᠳᠡᠯ ᠴᠡᠭ ᠢ ᠪᠤᠶᠢᠵᠢᠭᠤᠯᠤᠨ᠎ᠡ᠃ ᠲᠦᠷᠪᠡ ᠳᠤ᠂ ᠪᠡᠯᠡ ᠮᠦᠩᠬᠦ ᠶᠢᠨ ᠠᠭᠤᠰᠤᠯᠴᠠᠯ ᠢ ᠴᠢᠩᠭᠠᠳᠬᠠᠨ᠎ᠡ᠃ ᠲᠤᠮᠳᠠᠳᠤ ᠤᠷᠤᠰ ᠤᠨ ᠪᠠᠩᠬᠢ ᠶᠢᠨ ᠬᠢᠨ ᠤ ᠬᠠᠷᠢᠯᠴᠠᠨ ᠬᠤᠪᠢᠶᠠᠷᠢ ᠪᠠᠶᠢᠭᠤᠯᠤᠮᠵᠢ ᠪᠠᠶᠢᠭᠤᠯᠤᠨ ᠲᠤᠮᠳᠠᠳᠤ ᠤᠷᠤᠰ ᠤᠨ ᠵᠤᠭᠤᠰ ᠢ ᠰᠤᠯᠢᠬᠤ ᠪᠠ ᠲᠠᠰᠤᠯᠤᠨ ᠪᠤᠳᠤᠬᠤ ᠬᠡᠪᠴᠢᠶ᠎ᠡ ᠶᠢ ᠦᠷᠬᠡᠳᠬᠡᠵᠤ᠂ ᠤᠷᠤᠨ ᠪᠦᠰᠡ ᠶᠢᠨ ᠲᠤᠳᠤᠷᠠᠬᠢ ᠠᠷᠠᠯᠵᠢᠶ᠎ᠡ ᠪᠤᠯᠤᠨ ᠪᠡᠯᠡ ᠤᠷᠤᠭᠤᠯᠤᠯᠳᠠ ᠶᠢᠨ ᠭᠤᠪᠢᠭᠤᠯᠭ᠎ᠠ ᠶᠢᠨ ᠨᠤᠷᠮ᠎ᠠ ᠶᠢᠨ ᠠᠶᠤᠯ ᠲᠦᠭᠰᠢᠬᠦᠷᠢ ᠪᠤᠯᠤᠨ ᠲᠠᠰᠤᠯᠤᠨ ᠪᠤᠳᠤᠬᠤ ᠦᠪᠡᠷ ᠤᠨ ᠦᠷᠳᠡᠭ ᠢ ᠪᠠᠭᠤᠷᠠᠭᠤᠯᠤᠨ᠎ᠡ᠃ ᠲᠠᠪᠤ ᠳᠤ᠂ ᠠᠷᠠᠳ ᠤᠨ ᠰᠡᠳᠭᠢᠯ ᠤᠨ ᠤᠯᠤᠯᠴᠠᠭ᠎ᠠ ᠶᠢ ᠴᠢᠩᠭᠠᠳᠬᠠᠨ᠎ᠡ᠃ ᠠᠵᠤ ᠠᠬᠤᠢ ᠶᠢᠨ ᠬᠠᠮᠳᠤᠷᠠᠯᠴᠠᠭ᠎ᠠ ᠪᠤᠯᠤᠨ ᠰᠤᠶᠤᠯ ᠤᠨ ᠰᠤᠯᠢᠯᠴᠠᠭ᠎ᠠ ᠶᠢ ᠵᠡᠷᠭᠡᠪᠡᠷ ᠠᠬᠢᠭᠤᠯᠬᠤ ᠶᠢ ᠪᠠᠷᠢᠮᠳᠠᠯᠠᠵᠤ᠂ ᠵᠠᠯᠠᠭᠤᠴᠤᠳ᠂ ᠡᠮᠡᠭᠳᠠᠶᠢᠴᠤᠳ᠂ ᠵᠠᠭᠤᠴᠢᠯᠠᠭᠤᠷ᠂ ᠤᠶᠤᠨ ᠤ ᠬᠦᠮᠦᠷᠬᠡ ᠵᠡᠷᠬᠡ ᠶᠢᠨ ᠨᠦᠬᠦᠷᠰᠡᠭ ᠰᠤᠯᠢᠯᠴᠠᠭ᠎ᠠ ᠶᠢ ᠬᠦᠨᠵᠡᠬᠡᠶᠢᠷᠡᠬᠦᠯᠦᠨ᠂ ᠰᠢᠨᠵᠢᠯᠡᠬᠦ ᠤᠬᠠᠭᠠᠨ ᠮᠡᠷᠬᠡᠵᠢᠯ᠂ ᠰᠤᠷᠭᠠᠨ ᠬᠦᠮᠦᠵᠢᠯ᠂ ᠪᠤᠳᠠᠰ ᠤᠨ ᠪᠤᠰᠤ ᠰᠤᠶᠤᠯ ᠤᠨ ᠦᠪ᠂ ᠴᠦᠯᠯᠡᠷᠬᠡᠭᠵᠢᠯ ᠢ ᠰᠡᠷᠬᠡᠶᠢᠯᠡᠨ ᠵᠠᠰᠠᠬᠤ ᠵᠡᠷᠬᠡ ᠬᠦᠷᠢᠶ᠎ᠡ ᠴᠠᠷᠠᠭ᠎ᠠ ᠳᠠᠬᠢ ᠰᠤᠯᠢᠯᠴᠠᠭ᠎ᠠ ᠬᠠᠮᠳᠤᠷᠠᠯᠴᠠᠭ᠎ᠠ ᠶᠢ ᠴᠢᠩᠭᠠᠳᠬᠠᠨ᠎ᠡ᠃      ᠲᠥᠪ ᠤᠨ ᠲᠧᠯᠸᠢᠰ ᠬᠤᠷᠢᠶᠠᠨ ᠤ ᠰᠤᠷᠪᠤᠯᠵᠢᠯᠠᠬᠴᠢ᠄ ᠥᠪᠥᠷ ᠮᠤᠩᠭᠤᠯ ᠡᠶ᠎ᠡ ᠨᠠᠶᠢᠷᠰᠠᠬ ᠥᠵᠡᠰᠬᠦᠯᠡᠩᠳᠤ ᠰᠠᠶᠢᠬᠠᠨ᠂ ᠥᠨᠳᠥᠰᠥᠳᠠᠨ ᠤ ᠶᠡᠭᠡ ᠪᠥᠯᠬᠦᠮᠳᠡᠯ ᠤᠨ ᠮᠠᠰᠢ ᠰᠠᠶᠢᠨ ᠤᠯᠠᠮᠵᠢᠯᠠᠯ ᠲᠠᠢ ᠪᠠᠶᠢᠳᠠᠬ᠃ ᠥᠪᠥᠷ ᠮᠤᠩᠭᠤᠯ ᠤᠨ ᠥᠪᠡᠷᠳᠡᠭᠡᠨ ᠵᠠᠰᠠᠬᠤ ᠤᠷᠤᠨ ᠤ ᠵᠠᠰᠠᠬ ᠤᠨ ᠤᠷᠳᠤᠨ ᠥᠢᠷ᠎ᠠ ᠶᠢᠨ ᠵᠢᠯ ᠠᠴᠠ ᠨᠠᠰᠢ ᠴᠥᠭᠡᠨ ᠲᠤᠭᠠᠳᠤ ᠥᠨᠳᠥᠰᠥᠳᠠᠨ ᠤ ᠭᠠᠵᠠᠷ ᠤᠷᠤᠨ ᠤ ᠬᠥᠭᠵᠢᠯᠳᠠ ᠶᠢ ᠠᠬᠢᠭᠤᠯᠬᠤ ᠲᠤᠮᠳᠠ ᠶᠡᠮᠡᠷ ᠠᠷᠭ᠎ᠠ ᠠᠪᠤᠬᠰᠡᠨ‌‍ᠪᠤᠢ︖ ᠥᠷ᠎ᠠ ᠪᠦᠳᠦᠮᠵᠢ ᠪᠠᠷ ᠶᠡᠮᠡᠷᠰᠢᠤ ᠪᠤᠢ︖      ᠸᠠᠩ ᠯᠢ ᠰᠢᠶᠠ ᠲᠥᠯᠥᠭᠡᠯᠡᠭᠴᠢ᠄ ᠥᠪᠥᠷ ᠮᠤᠩᠭᠤᠯ ᠪᠤᠯ ᠬᠢᠯᠢ ᠭᠢᠵᠡᠭᠠᠷ ᠤᠷᠤᠨ ᠤ ᠥᠨᠳᠥᠰᠥᠳᠡᠨ ᠤ ᠭᠠᠵᠠᠷ ᠤᠷᠤᠨ ᠶᠤᠮ᠃ 70 ᠵᠢᠯ ᠤᠨ ᠲᠤᠷᠰᠢ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠡᠷᠡᠰ ᠴᠢᠩᠭ᠎ᠠ ᠤᠳᠤᠷᠢᠳᠤᠯᠭ᠎ᠠ ᠲᠤᠤᠷ᠎ᠠ᠂ ᠨᠠᠮ ᠤᠨ ᠥᠨᠳᠥᠰᠥᠳᠠᠨ ᠤ ᠲᠥᠷᠥ ᠶᠢᠨ ᠪᠤᠳᠤᠯᠭ᠎ᠠ ᠶᠢᠨ ᠭᠡᠷᠡᠯ ᠰᠠᠴᠤᠷᠠᠩᠭᠤᠢ ᠲᠤᠶᠠᠭᠠᠯᠠᠯ ᠲᠤᠤᠷ᠎ᠠ᠂ ᠥᠪᠥᠷ ᠮᠤᠩᠭᠤᠯ ᠤᠨ ᠥᠨᠳᠥᠰᠤᠳᠠᠨ ᠨᠦᠭᠦᠳ ᠤᠨ ᠠᠷᠠᠳ ᠲᠥᠮᠡᠨ ᠥᠨᠳᠥᠰᠥᠳᠠᠨ ᠤ ᠤᠷᠤᠨ ᠤ ᠥᠪᠡᠷᠳᠡᠭᠡᠨ ᠵᠠᠰᠠᠬᠤ ᠵᠥᠪ ᠵᠠᠮ ᠢᠶᠠᠷ ᠵᠠᠮᠨᠠᠵᠥ᠂ ᠬᠠᠮᠳᠤᠪᠠᠷ ᠪᠥᠯᠬᠦᠮᠳᠡᠡ ᠲᠠᠮᠡᠴᠠᠭᠦ᠂ ᠬᠠᠮᠳᠤᠪᠠᠷ ᠴᠡᠴᠡᠭᠯᠡᠨ ᠬᠥᠭᠵᠢᠬᠦ ᠭᠤᠤᠯ ᠰᠡᠳᠤᠪ ᠢ ᠪᠠᠳᠤ ᠡᠵᠡᠮᠳᠡᠵᠥ᠂ ᠥᠷᠨᠢᠩᠬᠦᠢ ᠬᠥᠭᠵᠢᠯᠳᠠ ᠶᠢᠨ ᠠᠶᠠᠨ ᠵᠠᠮ ᠢ ᠲᠤᠭᠤᠯᠵᠦ᠂ ᠲᠡᠯᠡᠬᠡᠢ ᠨᠡᠶᠢᠳᠡ ᠶᠢᠨ ᠠᠩᠬᠠᠷᠤᠯ ᠢ ᠲᠠᠳᠠᠬᠰᠠᠨ ᠯᠤᠳᠤ ᠶᠡᠭᠡ ᠠᠮᠵᠢᠯᠳᠠ ᠪᠥᠳᠥᠮᠵᠢ ᠶᠢ ᠤᠯᠤᠬᠰᠠᠨ ᠪᠠᠶᠢᠨ᠎ᠠ᠃ ᠤᠨᠴᠠᠭᠠᠶᠢᠯᠠᠨ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠡᠭ ᠨᠥᠬᠦᠷ ᠢᠶᠠᠷ ᠭᠤᠤᠯ ᠪᠤᠯᠭᠠᠬᠰᠠᠨ ᠨᠠᠮ ᠤᠨ ᠲᠥᠪ ᠬᠤᠷᠢᠶᠠᠨ ᠤ ᠵᠥᠪ ᠤᠨᠤᠪᠴᠢᠳᠠᠢ ᠤᠳᠤᠷᠢᠳᠤᠯᠭ᠎ᠠ ᠲᠤᠤᠷ᠎ᠠ᠂ ᠶᠡᠷᠥᠩᠭᠡᠢ ᠱᠥᠵᠢ ᠰᠢ ᠶᠢᠨ ᠫᠢᠡᠭ ᠤᠨ ᠴᠢᠬᠤᠯᠠ ᠶᠡᠷᠢᠶ᠎ᠠ ᠨᠤᠭᠤᠳ ᠤᠨ ᠵᠤᠷᠢᠬ ᠰᠠᠨᠠᠭ᠎ᠠ ᠪᠤᠯᠤᠨ ᠥᠪᠥᠷ ᠮᠤᠩᠭᠤᠯ ᠳᠤ ᠰᠢᠨᠵᠢᠯᠡᠨ ᠪᠠᠶᠢᠴᠠᠭᠠᠬᠤ ᠦᠶ᠎ᠠ ᠶᠢᠨ ᠴᠢᠬᠤᠯᠠ ᠶᠠᠷᠢᠶᠠᠨ ᠤ ᠵᠤᠷᠢᠬ ᠰᠠᠨᠠᠭᠠᠨ ᠤ ᠰᠢᠨᠵᠢᠯᠡᠬᠦ ᠤᠬᠠᠭᠠᠨᠴᠢ ᠵᠢᠭᠠᠨ ᠵᠢᠯᠥᠭᠤᠳᠤᠯᠭ᠎ᠠ ᠲᠤᠤᠷ᠎ᠠ᠂ ᠥᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠬ ᠤᠨ ᠤᠷᠳᠤᠨ ᠪᠥᠬᠦ ᠤᠷᠤᠨ ᠤ ᠥᠨᠳᠥᠰᠥᠳᠠᠨ ᠨᠦᠭᠦᠳ ᠤᠨ ᠠᠷᠠᠳ ᠲᠥᠮᠡᠨ ᠢ ᠪᠥᠯᠬᠦᠮᠳᠡᠬᠦᠯᠥᠨ ᠲᠠᠭᠠᠭᠤᠯᠵᠦ᠂ ᠰᠢᠨ᠎ᠠ ᠬᠥᠭᠵᠢᠯᠳᠠ ᠶᠢᠨ ᠣᠨᠤᠯᠵᠢᠬᠤᠨ ᠢ ᠪᠠᠷᠢᠮᠳᠠᠯᠠᠨ᠂ ᠲᠤᠬᠳᠠᠭᠤᠨ ᠤ ᠲᠤᠮᠳᠠ ᠠᠬᠢᠯᠲᠠ ᠲᠠᠢ ᠠᠵᠢᠯ ᠤᠨ ᠶᠡᠷᠥᠩᠭᠡᠢ ᠬᠦᠭ ᠠᠶᠠᠰ ᠢ ᠪᠠᠷᠢᠮᠳᠠᠯᠠᠨ᠂ ᠬᠠᠨᠭ᠍ᠭᠠᠯᠭ᠎ᠠ ᠶᠢᠨ ᠲᠠᠯ᠎ᠠ ᠶᠢᠨ ᠪᠥᠳᠥᠴᠠ ᠶᠢᠨ ᠴᠢᠨᠠᠷᠳᠠᠢ ᠥᠬᠡᠷᠡᠴᠢᠯᠠᠯᠳᠠ ᠶᠢ ᠬᠦᠨᠵᠡᠬᠡᠢ ᠠᠬᠢᠭᠤᠯᠵᠥ᠂ ᠠᠵᠤ ᠠᠬᠤᠢ ᠶᠢᠨ ᠬᠥᠭᠵᠢᠯᠳᠠ ᠶᠢᠨ ᠬᠡᠯᠪᠡᠷᠢ ᠪᠠᠨ ᠬᠥᠴᠥᠯᠠᠨ ᠬᠤᠪᠢᠷᠠᠭᠤᠯᠵᠥ᠂ ᠥᠬᠡᠷᠡᠴᠢᠯᠠᠯᠳᠠ ᠨᠡᠭᠡᠭᠡᠯᠳᠠ ᠶᠢ ᠪᠥᠬᠦ ᠲᠠᠯ᠎ᠠ ᠪᠠᠷ ᠬᠥᠨᠵᠡᠬᠡᠶᠢᠷᠡᠬᠦᠯᠵᠥ᠂ ᠰᠢᠨ᠎ᠠ ᠬᠡᠯᠪᠡᠷᠢ ᠶᠢᠨ ᠠᠵᠤ ᠥᠢᠯᠡᠳᠪᠤᠷᠢᠵᠢᠯᠳᠠ᠂ ᠮᠡᠳᠡᠭᠡ ᠵᠠᠩᠭᠢᠵᠢᠯᠳᠠ᠂ ᠬᠤᠳᠠ ᠪᠠᠯᠭᠠᠰᠤᠵᠢᠯᠳᠠ᠂ ᠮᠠᠯ ᠠᠵᠤ ᠠᠬᠤᠢ ᠲᠠᠷᠢᠶᠠᠯᠠᠩ ᠤᠨ ᠤᠳᠤᠬᠢᠴᠢᠯᠠᠯᠳᠠ ᠪᠠ ᠪᠤᠬᠢᠷᠳᠤᠯ ᠦᠬᠡᠢ ᠬᠦᠭᠵᠢᠯᠳᠡ ᠶᠢ ᠵᠤᠬᠢᠴᠠᠩᠭᠤᠢ ᠠᠬᠢᠭᠤᠯᠵᠥ᠂ ᠠᠵᠤ ᠠᠬᠤᠢ ᠶᠢᠨ ᠶᠡᠷᠥᠩᠭᠡᠶᠢᠯᠡᠭᠰᠡᠨ ᠪᠤᠳᠠᠳᠤ ᠬᠥᠴᠥᠨ᠂ ᠰᠠᠭᠤᠷᠢ ᠲᠥᠬᠦᠬᠡᠷᠥᠮᠵᠢ ᠶᠢᠨ ᠪᠥᠳᠥᠭᠡᠨ ᠪᠠᠶᠢᠭᠤᠯᠤᠯᠳᠠ᠂ ᠠᠵᠤ ᠥᠢᠯᠡᠰ ᠤᠨ ᠬᠥᠭᠵᠢᠯᠳᠠ ᠶᠢᠨ ᠲᠥᠪᠰᠢᠨ᠂ ᠬᠤᠳᠠ ᠭᠦᠳᠡᠭᠡ ᠶᠢᠨ ᠬᠥᠭᠵᠢᠯᠳᠠ ᠶᠢᠨ ᠲᠥᠷᠢ ᠲᠥᠷᠬᠦ᠂ ᠤᠷᠤᠨ ᠪᠦᠰᠡ ᠶᠢᠨ ᠠᠵᠤ ᠠᠬᠤᠢ ᠶᠢᠨ ᠬᠥᠭᠵᠢᠯᠳᠠ᠂ ᠠᠷᠠᠳ ᠤᠨ ᠠᠮᠢᠳᠤᠷᠠᠯ ᠤᠨ ᠲᠥᠪᠰᠢᠨ᠂ ᠥᠬᠡᠷᠡᠴᠢᠯᠠᠯᠳᠠ ᠨᠡᠭᠡᠭᠡᠯᠳᠠ ᠶᠢᠨ ᠬᠡᠮᠵᠢᠶ᠎ᠠ ᠪᠥᠷ ᠰᠢᠨ᠎ᠠ ᠨᠢᠬᠡ ᠲᠡᠭᠳᠡᠷ ᠲᠤ ᠭᠠᠷᠴᠤ᠂ ᠡᠭᠡ ᠤᠯᠤᠰ ᠤᠨ ᠤᠮᠠᠷᠠᠳᠤ ᠬᠢᠯᠢ ᠳᠤ ᠠᠵᠤ ᠠᠬᠤᠢ ᠬᠦ᠋ᠭᠵᠢᠭᠰᠡᠨ᠂ ᠰᠤᠶᠤᠯ ᠴᠡᠴᠡᠭᠯᠡᠭᠰᠡᠨ᠂ ᠥᠨᠳᠥᠰᠥᠳᠠᠨ ᠪᠦᠯᠬᠦᠮᠳᠡᠭᠰᠡᠨ᠂ ᠬᠢᠯᠢ ᠬᠢᠵᠠᠭᠠᠷ ᠠᠮᠤᠷ ᠲᠤᠬᠳᠠᠭᠤᠨ᠂ ᠠᠮᠢ ᠠᠬᠤᠢ ᠪᠤᠯᠪᠠᠰᠤᠨ᠂ ᠥᠨᠳᠥᠰᠤᠳᠠᠨ ᠨᠦᠭᠦᠳ ᠤᠨ ᠠᠷᠠᠳ ᠲᠥᠮᠡᠨ ᠵᠤᠯ ᠵᠢᠷᠭᠠᠯ ᠲᠠᠢ ᠠᠮᠢᠳᠤᠷᠠᠬᠰᠠᠨ ᠥᠵᠡᠰᠬᠦᠯᠡᠩᠳᠤ ᠰᠠᠶᠢᠬᠠᠨ ᠥᠵᠡᠮᠵᠢ ᠶᠢᠨ ᠤᠷᠤᠨ ᠢᠯᠡᠷᠡᠭᠰᠡᠨ ᠪᠠᠶᠢᠨ᠎ᠠ᠃      ᠭᠦᠭᠵᠢᠯᠳᠠ ᠪᠠᠷ ᠬᠤᠴᠤᠷᠤᠩᠭᠤᠢ ᠤᠷᠤᠨ ᠤ ᠦᠨᠳᠦᠰᠦᠨ ᠪᠠᠶᠢᠳᠠᠯ ᠠᠴᠠ ᠡᠭᠦᠰᠴᠤ᠂ ︽ᠳᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ ᠨᠢᠭᠡᠳᠦᠯᠳᠠᠢ ᠳᠦᠯᠦᠪᠵᠢᠬᠦᠯᠦᠨ ᠠᠬᠢᠭᠤᠯᠵᠦ᠂ ︽ᠳᠦᠷᠪᠡᠨ ᠪᠦᠭᠦ ᠳᠠᠯ᠎ᠠ︾᠎ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ ᠶᠢ ᠵᠤᠬᠢᠴᠠᠩᠭᠤᠢ ᠠᠬᠢᠭᠤᠯᠵᠤ᠂ ᠭᠦᠭᠵᠢᠭᠦᠯᠬᠦ ᠪᠤᠯ ᠬᠠᠳᠠᠭᠤ ᠶᠤᠰᠤ ᠮᠦᠨ ᠬᠡᠬᠦ ᠪᠠᠶᠢᠯᠳᠤᠬᠤ ᠪᠤᠳᠤᠯᠭ᠎ᠠ ᠶᠢᠨ ᠦᠵᠡᠯ ᠰᠠᠨᠠᠭ᠎ᠠ ᠶᠢ ᠭᠤᠶᠢᠪᠢᠰᠢ ᠦᠭᠡᠢ ᠪᠠᠷᠢᠮᠳᠠᠯᠠᠵᠤ᠂ ᠠᠵᠤ ᠠᠬᠤᠢ ᠶᠢᠨ ᠪᠤᠳᠠᠳᠤ ᠭᠦᠴᠦᠨ ᠢᠶᠠᠨ ᠮᠡᠳᠡᠭᠳᠡᠭᠦ᠋ᠢᠴᠠ ᠴᠢᠩᠭᠠᠳᠬᠠᠵᠤ᠂ ᠠᠵᠤ ᠦᠢᠯᠡᠰ ᠤᠨ ᠪᠦᠳᠦᠴᠠ ᠶᠢ ᠤᠯᠠᠮ ᠵᠤᠬᠢᠰᠳᠠᠢ ᠪᠤᠯᠭᠠᠨ᠂ ᠰᠠᠭᠤᠷᠢ ᠳᠦᠭᠦᠭᠡᠷᠦᠮᠵᠢ ᠶᠢ ᠪᠦᠭᠦ ᠳᠠᠯ᠎ᠠ ᠪᠠᠷ ᠴᠢᠩᠭᠠᠳᠬᠠᠵᠤ᠂ ᠠᠷᠠᠳ ᠤᠨ ᠠᠮᠢᠳᠤᠷᠠᠯ ᠢ ᠦᠷᠭᠦᠯᠵᠢᠯᠠᠨ ᠰᠠᠶᠢᠵᠢᠷᠠᠭᠤᠯᠵᠠᠢ᠃ ᠭᠦᠮᠦᠨ ᠳᠤᠮᠳᠠᠴᠢ ᠶᠢᠨ ᠦᠢᠯᠡᠳᠪᠤᠷᠢᠯᠡᠯ ᠤᠨ ᠶᠡᠷᠦᠩᠭᠡᠢ ᠦᠷᠳᠡᠭ ᠢ 74069 ᠳᠦᠭᠦᠷᠢᠭ ᠪᠤᠯᠳᠠᠯ᠎ᠠ ᠨᠡᠮᠡᠭᠳᠡᠭᠦᠯᠵᠤ᠂ ᠪᠦᠭᠦ ᠤᠯᠤᠰ ᠲᠠᠬᠢ 6 ᠳ᠋ᠤᠭᠠᠷ ᠪᠠᠶᠢᠷᠢ ᠪᠠᠨ ᠪᠠᠳᠤᠯᠠᠵᠠᠢ︔ ᠡᠩ ᠤᠨ ᠤᠯᠠᠨ ᠨᠡᠶᠢᠳᠠ ᠶᠢᠨ ᠡᠳ᠋ ᠤᠨ ᠵᠠᠰᠠᠭ ᠤᠨ ᠳᠦᠰᠦᠪ ᠤᠨ ᠤᠷᠤᠯᠭ᠎ᠠ ᠶᠢ 2016.4 ᠳ᠋ᠦᠡᠭᠰᠢᠭᠤᠷ ᠳᠦᠭᠦᠷᠢᠭ ᠪᠤᠯᠳᠠᠯ᠎ᠠ ᠨᠡᠮᠡᠭᠳᠡᠭᠦᠯᠵᠠᠢ︔ ᠪᠦᠭᠦ ᠨᠡᠶᠢᠭᠡᠮ ᠤᠨ ᠲᠤᠭᠳᠠᠮᠠᠯ ᠭᠦᠷᠦᠩᠭᠡ ᠶᠢᠨ ᠪᠡᠯᠡ ᠤᠷᠤᠭᠤᠯᠤᠯᠳᠠ 15469.5 ᠳ᠋ᠦᠡᠭᠰᠢᠭᠤᠷ ᠳᠦᠭᠦᠷᠢᠭ ᠲᠤ ᠬᠦᠷᠴᠤ᠂ 75.4%᠎ ᠢᠶᠠᠷ ᠨᠡᠮᠡᠭᠳᠡᠵᠠᠢ︔ ᠪᠦᠬᠦ ᠨᠡᠶᠢᠭᠡᠮ ᠤᠨ ᠬᠡᠷᠡᠭᠯᠡᠬᠡᠨ ᠤ ᠪᠠᠷᠠᠭ᠎ᠠ ᠶᠢ ᠵᠢᠵᠢᠭᠯᠡᠨ ᠪᠤᠷᠤᠯᠠᠭᠤᠯᠤᠬᠰᠠᠨ ᠶᠡᠷᠦᠩᠭᠡᠢ ᠬᠡᠮᠵᠢᠶ᠎ᠡ 6700.8 ᠳ᠋ᠦᠡᠭᠰᠢᠭᠤᠷ ᠳᠦᠭᠦᠷᠢᠭ ᠲᠤ ᠬᠦᠷᠴᠤ᠂ 46.5%᠎ ᠢᠶᠠᠷ ᠨᠡᠮᠡᠭᠳᠡᠵᠠᠢ︔ ᠳᠠᠪᠠᠭᠤᠯᠢᠭ ᠤᠨᠴᠠᠯᠢᠬᠳᠦ ᠠᠵᠤ ᠦᠢᠯᠡᠰ ᠤᠨ ᠭᠦᠭᠵᠢᠯᠳᠠ ᠪᠤᠵᠠᠭᠠᠶᠢᠷᠠᠵᠤ᠂ ᠡᠭᠢ ᠪᠠᠶᠠᠯᠢᠭ᠂ ᠳᠡᠮᠦᠷᠯᠢᠭ ᠬᠠᠶᠢᠯᠤᠭᠤᠯᠬᠤ ᠪᠠᠷᠢᠯᠭ᠎ᠠ ᠶᠢᠨ ᠮᠠᠲ᠋ᠧᠷᠢᠶᠠᠯ᠂ ᠭᠢᠮᠢ ᠶᠢᠨ ᠠᠵᠤ ᠦᠢᠯᠡᠳᠪᠤᠷᠢ᠂ ᠮᠠᠯ ᠠᠵᠤ ᠠᠬᠤᠢ ᠳᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠬᠦᠯᠦᠨ ᠪᠤᠯᠪᠠᠰᠤᠷᠠᠭᠤᠯᠬᠤ᠂ ᠮᠠᠰᠢᠨ ᠳᠤᠨᠤᠭᠯᠠᠯ ᠦᠢᠯᠡᠳᠬᠦ ᠭᠢᠭᠡᠳ ᠳᠡᠭᠡᠳᠦ ᠰᠢᠨ᠎ᠠ ᠮᠡᠷᠭᠡᠵᠢᠯ ᠵᠡᠷᠭᠡ ᠠᠵᠤ ᠦᠢᠯᠡᠰ ᠦᠪᠡᠷᠮᠢᠴᠡ ᠤᠨᠴᠠᠯᠢᠬ ᠲᠠᠢ ᠪᠤᠯᠵᠦ᠂ ᠤᠳᠤ ᠦᠶ᠎ᠠ ᠶᠢᠨ ᠨᠡᠬᠦᠷᠡᠰᠦ ᠬᠢᠮᠢ ᠶᠢᠨ ᠠᠵᠦ ᠦᠢᠯᠡᠳᠪᠦᠷᠢ᠂ ᠬᠤᠪᠤᠷ ᠰᠢᠷᠤᠢ ᠰᠢᠨ᠎ᠠ ᠮᠠᠲ᠋ᠧᠷᠢᠶᠠᠯ᠂ ᠰᠢᠨ᠎ᠠ ᠡᠨᠧᠷᠬᠢ᠂ ᠡᠬᠦᠯᠡᠨ ᠪᠤᠳᠤᠯᠳᠠ ᠵᠡᠷᠬᠡ ᠠᠵᠦ ᠦᠢᠯᠡᠰ ᠤᠨ ᠬᠡᠪᠴᠢᠶᠡᠵᠢᠯ ᠪᠦᠭᠦ ᠤᠯᠤᠰ ᠤᠨ ᠡᠮᠦᠨ᠎ᠠ ᠡᠩᠨᠡᠭᠡᠨ ᠳᠤ ᠤᠷᠤᠵᠠᠢ᠃ ᠵᠤᠭᠠᠴᠠᠯ᠂ ᠰᠤᠶᠤᠯ᠂ ᠪᠠᠷᠠᠭᠠᠨ ᠤ ᠭᠦᠢᠯᠭᠡᠭᠡ᠂ ᠮᠦᠡᠭᠭᠦᠨ ᠭᠦᠢᠯᠭᠡᠭᠡᠨ᠂ ᠮᠡᠳᠡᠭᠡ ᠵᠠᠩᠭᠢ ᠵᠡᠷᠭᠡ ᠤᠳᠤ ᠦᠶ᠎ᠠ ᠶᠢᠨ ᠦᠢᠯᠡᠴᠢᠯᠡᠭᠡᠨ ᠤ ᠦᠢᠯᠡᠰ ᠤᠨ ᠭᠦᠭᠵᠢᠯᠳᠠ ᠨᠡᠯᠢᠶᠡᠳ ᠲᠦᠷᠬᠡᠨ ᠨᠡᠮᠡᠭᠳᠡᠵᠡᠢ᠃      ᠡᠳᠡᠭᠡᠷ ᠭᠢᠷᠢ ᠪᠦᠳᠦᠮᠵᠢ ᠶᠢ ᠤᠯᠤᠭᠰᠠᠨ ᠨᠢ᠂ ᠰᠢ ᠶᠢᠨ ᠫᠢᠡᠭ ᠨᠦᠭᠦᠷ ᠢᠶᠠᠷ ᠭᠤᠤᠯ ᠪᠤᠯᠭᠠᠭᠰᠠᠨ ᠨᠠᠮ ᠤᠨ ᠳᠦᠪ ᠬᠤᠷᠢᠶ᠎ᠠ ᠶᠢᠨ ᠵᠦᠪ ᠤᠨᠤᠪᠴᠢᠳᠠᠢ ᠤᠳᠤᠷᠢᠳᠤᠯᠭ᠎ᠠ᠂ ᠦᠪᠡᠷᠳᠡᠭᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠤᠨ ᠦᠨᠳᠦᠰᠦᠳᠠᠨ ᠤ ᠤᠷᠤᠨ ᠤ ᠦᠪᠡᠷᠳᠡᠭᠡᠨ ᠵᠠᠰᠠᠬᠤ ᠶᠢ ᠠᠬᠢᠭᠤᠯᠬᠤ ᠳᠠᠯ᠎ᠠ ᠪᠠᠷ ᠠᠪᠤᠭᠰᠠᠨ ᠬᠦᠴᠦᠳᠡᠢ ᠠᠷᠭ᠎ᠠ ᠠᠪᠴᠠᠯ ᠨᠢ ᠦᠭᠡᠷᠡᠴᠢᠯᠡᠯᠳᠠ ᠭᠦᠭᠵᠢᠯᠳᠠ ᠶᠢᠨ ᠦᠷ᠎ᠠ ᠪᠦᠳᠦᠭᠡᠯ ᠢ ᠨᠡᠩ ᠤᠯᠠᠨ ᠨᠡᠩ ᠲᠦᠪ ᠭᠤᠤᠯᠴᠢ ᠪᠠᠷ ᠦᠨᠳᠦᠰᠦᠳᠠᠨ ᠨᠦᠭᠦᠳ ᠤᠨ ᠠᠷᠠᠳ ᠳᠦᠮᠠᠨ ᠳᠤ ᠭᠦᠷᠳᠡᠭᠡᠬᠦ ᠪᠠᠷ ᠴᠢᠷᠮᠠᠶᠢᠭᠰᠠᠨ ᠠᠴᠠ ᠪᠤᠯᠤᠭᠰᠠᠨ ᠶᠤᠮ᠃ ︽ᠮᠠᠯ ᠠᠵᠦ ᠠᠬᠤᠢ᠂ ᠮᠠᠯᠵᠢᠬᠤ ᠤᠷᠤᠨ᠂ ᠮᠠᠯᠴᠢᠨ︾᠎ ᠤ ᠠᠵᠢᠯ ᠳᠠᠬᠢ ᠤᠷᠤᠭᠤᠯᠤᠯᠳᠠ ᠪᠠᠨ ᠨᠡᠮᠡᠭᠳᠡᠬᠦᠯᠵᠦ᠂ ᠪᠦᠭᠦ ᠤᠯᠤᠰ ᠲᠤ ᠲᠦᠷᠦᠬᠦᠯᠡᠨ ᠮᠠᠯ ᠠᠵᠦ ᠠᠬᠤᠢ ᠳᠤ ᠬᠠᠷᠠᠭᠠᠯᠵᠠᠯ ᠬᠦᠷᠳᠡᠬᠡᠬᠦ ᠨᠦᠭᠦᠪᠦᠷᠢ ᠶᠢᠨ ᠳᠦᠷᠦ ᠶᠢᠨ ᠪᠤᠳᠤᠯᠭ᠎ᠠ ᠶᠢ ᠭᠡᠷᠡᠭᠵᠢᠭᠦᠯᠵᠤ᠂ ᠡᠯ᠎ᠠ ᠭᠠᠵᠠᠷ ᠤᠷᠤᠨ ᠤ ᠡᠳ᠋ ᠤᠨ ᠵᠠᠰᠠᠭ ᠤᠨ ᠳᠠᠷᠢᠶᠠᠯᠠᠩ ᠢ ᠳᠡᠮᠵᠢᠵᠤ ᠮᠠᠯ ᠠᠵᠦ ᠠᠬᠤᠢ ᠶᠢ ᠳᠡᠮᠵᠢᠭᠦ ᠪᠡᠯᠡ ᠮᠦᠡᠭᠭᠦ ᠶᠢᠨ ᠢᠶᠠᠨ 30%᠎ ᠠᠴᠠ ᠳᠡᠭᠡᠭᠰᠢᠭᠢ ᠶᠢ ᠨᠢ ︽ᠮᠠᠯ ᠠᠵᠦ ᠠᠬᠤᠢ᠂ ᠮᠠᠯᠵᠢᠬᠤ ᠤᠷᠤᠨ᠂ ᠮᠠᠯᠴᠢᠨ︾᠎ ᠳᠤ ᠬᠡᠷᠡᠭᠯᠡᠵᠦ᠂ ᠡᠭᠦᠨ ᠤ ᠳᠤᠳᠤᠷᠠᠭᠢ ᠮᠠᠯ ᠠᠵᠤ ᠠᠬᠤᠢ ᠶᠢᠨ ᠠᠵᠤ ᠦᠢᠯᠡᠰᠴᠢᠯᠡᠯᠳᠡ ᠶᠢᠨ ᠪᠡᠯᠡ ᠮᠦᠡᠭᠭᠦ ᠪᠠ ᠶᠠᠳᠠᠭᠤ ᠶᠢ ᠳᠡᠳᠭᠦᠭᠦ ᠮᠦᠡᠭᠭᠦ ᠶᠢᠨ ᠢᠶᠠᠨ 60%᠎ ᠢ ︽ᠮᠠᠯ ᠠᠵᠦ ᠠᠬᠤᠢ᠂ ᠮᠠᠯᠵᠢᠬᠤ ᠤᠷᠤᠨ᠂ ᠮᠠᠯᠴᠢᠨ︾᠎ ᠳᠤ ᠭᠡᠯᠪᠠᠶᠢᠯᠭᠡᠵᠡᠢ᠃ ᠴᠦᠭᠡᠨ ᠳᠤᠭᠠᠳᠦ ᠦᠨᠳᠦᠰᠦᠳᠠᠨ ᠳᠦᠪᠯᠡᠷᠡᠨ ᠰᠠᠭᠤᠷᠢᠰᠢᠬᠰᠠᠨ ᠭᠠᠵᠠᠷ ᠤᠷᠤᠨ ᠢ ᠲᠡᠮᠵᠢᠬᠦ ᠡᠷᠴᠢᠮ ᠢᠶᠠᠨ ᠴᠢᠩᠭᠠᠷᠠᠭᠤᠯᠵᠦ᠂ ᠭᠢᠯᠢ ᠭᠢᠵᠠᠭᠠᠷ ᠢ ᠭᠦᠭᠵᠢᠭᠦᠯᠵᠤ ᠠᠷᠠᠳ ᠢ ᠪᠠᠶᠠᠵᠢᠭᠤᠯᠬᠤ ᠠᠵᠢᠯᠯᠠᠭ᠎ᠠ᠂ ᠭᠦᠮᠦᠨ ᠠᠮᠠ ᠴᠦᠭᠡᠪᠳᠦᠷ ᠴᠦᠭᠡᠨ ᠲᠤᠭᠠᠳᠤ ᠦᠨᠳᠦᠰᠦᠳᠠᠨ ᠤ ᠭᠦᠭᠵᠢᠯᠳᠠ ᠪᠠ ᠴᠦᠭᠡᠨ ᠳᠤᠭᠠᠳᠦ ᠦᠨᠳᠦᠰᠦᠳᠠᠨ ᠤ ᠨᠡᠶᠢᠭᠡᠮ ᠤᠨ ᠦᠢᠯᠡᠰ ᠤᠨ ᠭᠦᠭᠵᠢᠯᠳᠠ ᠶᠢ ᠲᠡᠮᠵᠢᠬᠦ ᠭᠤᠷᠪᠠᠨ ᠳᠤᠰᠬᠠᠢ ᠲᠦᠷᠦᠯ ᠤᠨ ᠳᠦᠯᠦᠪᠵᠢᠭᠦᠯᠭᠡ ᠶᠢ ᠳᠤᠭᠳᠠᠭᠠᠵᠤ᠂ ᠠᠵᠤ ᠦᠢᠯᠡᠰ ᠤᠨ ᠭᠦᠭᠵᠢᠯᠳᠠ᠂ ᠳᠦᠷᠦᠯ ᠵᠦᠢᠯ ᠤᠨ ᠪᠠᠶᠢᠷᠢᠯᠡᠭᠤᠯᠤᠯᠳᠠ᠂  ᠠᠷᠠᠳ ᠤᠨ ᠠᠮᠢᠳᠤᠷᠠᠯ ᠤᠨ ᠪᠠᠳᠤᠯᠠᠭ᠎ᠠ᠂ ᠠᠮᠢ ᠠᠬᠤᠢ ᠶᠢᠨ ᠬᠠᠮᠠᠭᠠᠯᠠᠯᠳᠠ᠂ ᠰᠠᠭᠤᠷᠢ ᠳᠦᠭᠦᠭᠡᠷᠦᠮᠵᠢ ᠶᠢᠨ ᠪᠦᠲᠦᠬᠡᠨ ᠪᠠᠶᠢᠭᠤᠯᠤᠯᠳᠠ ᠪᠠ ᠡᠳ᠋ ᠤᠨ ᠵᠠᠰᠠᠭ ᠭᠠᠶᠢᠯᠢ ᠮᠦᠡᠭᠭᠦᠨ ᠭᠦᠢᠯᠭᠡᠭᠡᠨ ᠵᠡᠷᠭᠡ ᠳᠠᠯ᠎ᠠ ᠪᠠᠷ ᠬᠦᠴᠦᠳᠡᠢ ᠭᠡᠯᠪᠠᠶᠢᠯᠭᠡᠵᠠᠢ᠃ ᠮᠠᠯᠵᠢᠬᠤ ᠲᠠᠷᠢᠶᠠᠯᠠᠬᠤ ᠤᠷᠤᠨ ᠤ ᠨᠤᠷᠠᠬᠤ ᠠᠶᠤᠯᠲᠠᠢ ᠭᠡᠷ ᠪᠠᠶᠢᠰᠢᠩ ᠢ ᠵᠠᠰᠠᠨ ᠥᠬᠡᠷᠡᠴᠢᠯᠠᠬᠦ᠂ ᠠᠷᠢᠭᠤᠨ ᠴᠡᠪᠡᠷ ᠤᠤᠭᠤᠬᠤ ᠤᠰᠤ ᠤᠤᠭᠤᠯᠭᠠᠬᠤ᠂ ᠭᠠᠴᠠᠭ᠎ᠠ ᠲᠤᠰᠬᠤᠨ ᠤ ᠵᠡᠬᠡᠯᠢ ᠭᠤᠳᠤᠮᠵᠢ ᠶᠢ ᠬᠠᠳᠠᠭᠤᠷᠠᠭᠤᠯᠬᠤ᠂ ᠭᠠᠴᠠᠭ᠎ᠠ ᠲᠤᠰᠬᠤᠨ ᠪᠤᠯᠭᠠᠨ ᠳᠤ ᠴᠠᠬᠢᠯᠭᠠᠨ ᠨᠡᠪᠳᠡᠷᠡᠬᠦᠯᠬᠦ ᠵᠢᠴᠢ ᠬᠦᠳᠡᠭᠡ ᠲᠤᠰᠬᠤᠨ ᠤ ᠴᠠᠬᠢᠯᠭᠠᠨ ᠲᠤᠤᠷ ᠢ ᠥᠬᠡᠷᠡᠴᠢᠯᠠᠬᠦ ᠵᠡᠷᠭᠡ ᠶᠢ ᠲᠥᠷᠭᠡᠳᠭᠡᠨ ᠠᠬᠢᠭᠤᠯᠵᠥ᠂ ᠮᠠᠯᠵᠢᠬᠤ ᠲᠠᠷᠢᠶᠠᠯᠠᠬᠤ ᠤᠷᠤᠨ ᠤ ᠥᠡᠭᠭᠡ ᠲᠥᠷᠰᠥ ᠮᠡᠳᠡᠭᠳᠡᠮ᠎ᠠ ᠰᠠᠶᠢᠵᠢᠷᠠᠵᠥ᠂ ᠥᠨᠳᠥᠰᠤᠨ ᠤᠯᠠᠨ ᠨᠡᠶᠢᠳᠡ ᠶᠢᠨ ᠥᠢᠯᠡᠴᠢᠯᠡᠭᠡᠨ ᠤ ᠲᠥᠪᠰᠢᠨ ᠢᠯᠡᠳᠳᠠ ᠲᠡᠭᠡᠭᠰᠢᠯᠡᠵᠡᠢ᠃      ᠠᠵᠦ ᠠᠬᠤᠢ ᠶᠢᠨ ᠡᠲᠦᠷ ᠤᠨ ᠰᠤᠨᠢᠨ ᠤ ᠰᠤᠷᠪᠤᠯᠵᠢᠯᠠᠬᠴᠢ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠪᠤᠯ ᠮᠠᠯ ᠠᠵᠦ ᠠᠬᠤᠢ ᠲᠠᠷᠢᠶᠠᠯᠠᠩ ᠤᠨ ᠲᠤᠮᠤ ᠤᠷᠤᠨ ᠪᠤᠯᠤᠨ᠎ᠠ᠃ ᠦᠪᠡᠷᠳᠡᠭᠡᠨ ᠵᠠᠰᠠᠬᠤ ᠤᠷᠤᠨ ᠠᠴᠠ ᠪᠤᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠦᠢᠯᠡᠳᠪᠦᠷᠢᠯᠡᠨ ᠡᠳ᠋ᠰᠢᠭᠦᠯᠬᠦ ᠰᠠᠭᠤᠷᠢᠨ ᠢ ᠪᠦᠲᠦᠭᠡᠨ ᠪᠠᠶᠢᠭᠤᠯᠬᠤ ᠬᠠᠷᠠᠯᠲᠠ ᠶᠢ ᠲᠤᠷᠠᠲᠤᠨ ᠭᠠᠷᠭᠠᠪᠠ᠂ ᠲᠡᠭᠡᠪᠡᠯ ᠦᠪᠦᠷ ᠮᠤᠩᠭᠤᠯ ᠮᠠᠯ ᠠᠵᠦ ᠠᠬᠤᠢ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠠᠬᠢᠭᠤᠯᠬᠤ᠂ ᠤᠲᠤᠬᠢᠴᠢᠯᠠᠬᠰᠠᠨ ᠮᠠᠯ ᠠᠵᠦ ᠠᠬᠤᠢ ᠲᠠᠷᠢᠶᠠᠯᠠᠩ ᠢ ᠬᠦᠭᠵᠢᠬᠦᠯᠬᠦ ᠲᠠᠯ᠎ᠠ ᠪᠠᠷ ᠶᠠᠮᠠᠷ ᠠᠷᠭ᠎ᠠ ᠠᠪᠴᠠᠯ ᠠᠪᠴᠤ ᠪᠠᠶᠢᠭ᠎ᠠ ᠪᠤᠢ︖ ᠦᠷ᠎ᠡ ᠪᠦᠲᠦᠮᠵᠢ ᠨᠢ ᠶᠠᠮᠠᠷᠰᠢᠤ ᠪᠠᠶᠢᠨ᠎ᠠ︖      ᠳ᠋ᠤᠸᠠᠨ ᡁᠢ ᠴᠢᠶᠠᠩ ᠲᠦᠯᠦᠬᠡᠯᠡᠭᠴᠢ᠄ ᠦᠪᠦᠷ ᠮᠤᠩᠭᠤᠯ ᠪᠤᠯ ᠮᠠᠯ ᠠᠵᠦ ᠠᠬᠤᠢ ᠲᠠᠷᠢᠶᠠᠯᠠᠩ ᠤᠨ ᠲᠤᠮᠤ ᠤᠷᠤᠨ ᠪᠤᠯᠤᠨ᠎ᠠ᠂ ᠪᠦᠬᠦ ᠤᠷᠤᠨ ᠳᠤ ᠨᠡᠶᠢᠳᠡ 13 ᠳ᠋ᠦᠡᠭᠰᠢᠭᠤᠷ ᠮᠦ ᠪᠡᠯᠴᠢᠭᠡᠷ᠂ 1 ᠳ᠋ᠦᠡᠭᠰᠢᠭᠤᠷ ᠮᠦ ᠲᠠᠷᠢᠶᠠᠨ ᠭᠠᠵᠠᠷ ᠪᠠᠶᠢᠵᠦ᠂ ᠵᠢᠯ ᠤᠨ ᠠᠮᠤ ᠪᠤᠲᠠᠭᠠᠨ ᠤ ᠤᠨᠠᠯᠲᠠ 550 ᠳ᠋ᠦᠡᠭᠰᠢᠭᠤᠷ ᠵᠢᠩ ᠠᠴᠠ ᠲᠡᠭᠡᠭᠰᠢ᠂ ᠮᠠᠯ ᠤᠨ ᠲᠤᠭ᠎ᠠ 1.36 ᠳ᠋ᠦᠡᠭᠰᠢᠭᠤᠷ ᠲᠤ ᠬᠦᠷᠴᠦ᠂ ᠦᠨᠢᠶᠡᠨ ᠰᠦ᠂ ᠬᠤᠨᠢᠨ ᠮᠢᠬ᠎ᠠ᠂ ᠲᠦᠮᠦᠰᠦ ᠵᠡᠷᠭᠡ ᠶᠢᠨ ᠭᠠᠷᠤᠯᠲᠠ ᠪᠠᠷ ᠢᠶᠠᠨ ᠪᠦᠬᠦ ᠤᠯᠤᠰ ᠲᠤ ᠲᠡᠷᠢᠬᠦᠯᠡᠵᠤ ᠪᠤᠢ᠃ ᠪᠤᠷᠤᠲᠤᠬᠤᠢ ᠶᠢᠨ ᠭᠤᠯᠢᠷ᠂ ᠰᠦᠨᠢᠳ ᠬᠤᠨᠢᠨ ᠮᠢᠬ᠎ᠠ ᠵᠡᠷᠭᠡ ᠲᠦᠷᠦᠯ ᠲᠡᠮᠳᠡᠭ ᠨᠢ ᠨᠡᠩ ᠴᠦ ᠬᠤᠯᠠ ᠤᠶᠢᠷ᠎ᠠ ᠳᠠᠭᠠᠨ ᠠᠯᠲᠠᠷ ᠲᠠᠢ᠃ ᠦᠪᠦᠷ ᠮᠤᠩᠭᠤᠯ ᠮᠠᠯ ᠤᠨ ᠠᠰᠢᠭ ᠰᠢᠮ᠎ᠡ ᠲᠠᠷᠢᠶᠠᠯᠠᠩ ᠢ ᠬᠦᠭᠵᠢᠬᠦᠯᠬᠦ ᠲᠠᠪᠠᠭᠤᠯᠢᠭ ᠨᠦᠬᠦᠴᠡᠯ ᠪᠠ ᠤᠷᠤᠨ ᠪᠠᠶᠢᠷᠢᠰᠢᠯ ᠵᠠᠮ ᠬᠠᠷᠢᠯᠴᠠᠭᠠᠨ ᠤ ᠲᠠᠪᠠᠭᠤᠯᠢᠭ ᠨᠦᠬᠦᠴᠡᠯ ᠲᠠᠢ᠃ ᠤᠯᠠᠭᠠᠨᠬᠠᠲᠠ ᠬᠤᠲᠠ ᠪᠠᠷ ᠵᠢᠱᠢᠶᠡᠯᠡᠪᠡᠯ᠂ ᠪᠡᠭᠡᠵᠢᠩ ᠬᠦᠷᠬᠦ ᠵᠠᠢ ᠨᠢ 400 ᠺᠢᠯᠤᠮᠧᠲᠷ ᠴᠦ ᠬᠦᠷᠬᠦ ᠦᠬᠡᠢ ᠮᠦᠷᠳᠡᠭᠡᠨ ᠲᠦᠷᠭᠡᠨ ᠤ ᠵᠠᠰᠠᠮᠠᠯ ᠵᠠᠮ ᠨᠡᠪᠳᠡᠷᠡᠭᠰᠡᠨ ᠪᠤᠯᠬᠤᠷ ᠦᠷᠯᠦᠬᠡ ᠡᠷᠳᠡ ᠶᠢᠨ ᠲᠠᠷᠢᠶᠠᠯᠠᠩ ᠤᠨ ᠪᠦᠲᠦᠭᠡᠭᠳᠡᠬᠦᠨ ᠦᠳᠡ ᠶᠢᠨ ᠦᠶ᠎ᠡ ᠳᠤ ᠪᠡᠭᠡᠵᠢᠩ ᠤᠨ ᠬᠠᠮ ᠲᠡᠯᠭᠡᠬᠦᠷ ᠲᠤ ᠬᠦᠷᠴᠢᠬᠡᠳᠡᠭ᠃      ᠤᠶᠢᠷ᠎ᠠ ᠶᠢᠨ ᠵᠢᠯ ᠳᠤ᠂ ᠮᠠᠯᠵᠢᠬᠤ ᠲᠠᠷᠢᠶᠠᠯᠠᠬᠤ ᠤᠷᠤᠨ ᠤ ᠬᠦᠭᠵᠢᠯᠳᠡ ᠶᠢᠨ ᠤᠷᠴᠢᠨ ᠲᠤᠭᠤᠷᠢᠨ ᠳᠤ ᠮᠠᠰᠢ ᠶᠡᠭᠡ ᠬᠤᠪᠢᠷᠠᠯᠲᠠ ᠭᠠᠷᠴᠦ᠂ ᠮᠠᠯ ᠠᠵᠤ ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠭᠡᠷᠡᠭᠯᠡᠭᠡ ᠱᠠᠭᠠᠷᠲᠠᠯᠭ᠎ᠠ ᠶᠢᠨ ᠪᠦᠲᠦᠴᠡ ᠶᠢᠨ ᠬᠤᠪᠢᠷᠠᠯᠲᠠ᠂ ᠮᠠᠯ ᠠᠵᠦ ᠠᠬᠤᠢ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠭᠡᠢ ᠬᠡᠮᠵᠢᠶᠡᠨ ᠤ ᠨᠡᠮᠡᠭᠳᠡᠯ᠂ ᠪᠤᠷᠤᠯᠠᠭᠤᠯᠭ᠎ᠠ ᠶᠢᠨ ᠵᠠᠮ ᠳᠤ ᠲᠤᠯᠭᠠᠷᠠᠭᠰᠠᠨ ᠰᠠᠭᠠᠳ ᠬᠠᠷᠰᠢ᠂ ᠭᠠᠲᠠᠭᠠᠲᠦ ᠠᠴᠠ ᠤᠷᠤᠭᠤᠯᠤᠬᠰᠠᠨ ᠲᠡᠯᠡᠭᠡᠢ ᠶᠢᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠲᠠᠭᠠᠷᠢᠯᠲᠠ ᠵᠡᠷᠭᠡ ᠠᠰᠠᠭᠤᠲᠠᠯ ᠳᠤ ᠲᠤᠯᠭᠠᠷᠠᠵᠦ ᠪᠠᠶᠢᠨ᠎ᠠ᠃ ᠡᠶᠢᠮᠦ ᠠᠴᠠ ᠮᠠᠯ ᠠᠵᠦ ᠠᠬᠤᠢ ᠲᠠᠷᠢᠶᠠᠯᠠᠩ ᠤᠨ ᠬᠠᠨᠭ᠍ᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠢ ᠦᠬᠡᠷᠡᠴᠢᠯᠡᠯᠳᠡ ᠶᠢ ᠵᠠᠪᠠᠯ ᠬᠢᠬᠦ ᠭᠡᠷᠡᠭᠳᠡᠢ᠃      ᠨᠢᠬᠡ ᠳᠤ᠂ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢ ᠰᠢᠯᠢᠳᠡᠭᠵᠢᠬᠦᠯᠬᠦ ᠲᠡᠭᠡᠷ᠎ᠡ ᠬᠦᠴᠦᠯᠡᠬᠦ ᠭᠡᠷᠡᠭᠳᠡᠢ᠃ ᠬᠠᠨᠭ᠍ᠭᠠᠯᠭ᠎ᠠ ᠶᠢᠨ ᠲᠠᠯ᠎ᠠ ᠠᠴᠠ ᠭᠠᠷ ᠤᠷᠤᠵᠦ ᠪᠦᠲᠦᠴᠡ ᠶᠢ ᠨᠢ ᠲᠤᠬᠢᠷᠠᠭᠤᠯᠬᠤ ᠭᠡᠳᠡᠭ ᠨᠢ ᠶᠠᠭᠤ ᠶᠢ ᠴᠦᠭᠡᠨ ᠲᠠᠷᠢᠵᠦ᠂ ᠶᠠᠭᠤ ᠶᠢ ᠠᠷᠪᠢᠨ ᠲᠠᠷᠢᠬᠤ ᠭᠡᠰᠡᠨ ᠲᠦᠬᠦᠮᠬᠡᠨ ᠠᠰᠭᠠᠤᠲᠠᠯ ᠪᠢᠰᠢ᠂ ᠬᠠᠷᠢᠨ ᠵᠠᠬ᠎ᠠ ᠲᠡᠯᠭᠡᠬᠦᠷ ᠤᠨ ᠱᠠᠭᠠᠷᠲᠠᠯᠭ᠎ᠠ ᠳᠤ ᠨᠡᠶᠢᠴᠡᠬᠦᠯᠦᠨ᠂ ᠵᠠᠬ᠎ᠠ ᠲᠡᠯᠭᠡᠬᠦᠷ ᠤᠨ ᠦᠷᠢᠰᠦᠯᠲᠦᠬᠡᠨ ᠳᠤ ᠲᠤᠬᠢᠷᠠᠭᠤᠯᠤᠨ᠂ ᠪᠦᠲᠦᠴᠡ ᠶᠢ ᠪᠦᠬᠦ ᠲᠠᠯ᠎ᠠ ᠪᠠᠷ ᠲᠤᠬᠢᠷᠠᠭᠤᠯᠤᠨ ᠰᠢᠯᠢᠳᠡᠭᠵᠢᠬᠦᠯᠬᠦ ᠠᠰᠠᠭᠤᠲᠠᠯ ᠪᠤᠯᠤᠨ᠎ᠠ᠃ ︽ᠠᠮᠤ ᠪᠤᠲᠠᠭ᠎ᠠ ᠶᠢ ᠲᠤᠭᠲᠠᠪᠦᠷᠢᠵᠢᠭᠤᠯᠤᠨ᠂ ᠡᠵᠡᠩᠨᠡᠯᠳᠡ ᠶᠢ ᠰᠢᠯᠢᠳᠡᠭᠵᠢᠬᠦᠯᠵᠦ᠂ ᠪᠤᠷᠲᠤᠭᠠᠨ ᠲᠠᠷᠢᠮᠠᠯ ᠢ ᠦᠷᠭᠡᠳᠭᠡᠬᠦ︾ ᠱᠠᠭᠠᠷᠲᠠᠯᠭ᠎ᠠ ᠪᠠᠷ᠂ ᠵᠡᠬᠦᠨ ᠭᠡᠰᠡᠭ ᠤᠨ ᠭᠠᠵᠠᠷ ᠤᠷᠤᠨ ᠡᠷᠳᠡᠨᠢ ᠰᠢᠰᠢ ᠶᠢᠨ ᠲᠠᠯᠠᠪᠠᠢ ᠶᠢ ᠪᠠᠭᠠᠰᠠᠬᠠᠵᠦ᠂ ᠰᠢᠷ᠎ᠠ ᠪᠤᠷᠴᠠᠭ᠂ ᠲᠦᠮᠦᠰᠦ᠂ ᠤᠯᠠᠨ ᠵᠦᠢᠯ ᠤᠨ ᠠᠮᠦ ᠪᠤᠷᠴᠠᠭ ᠵᠡᠷᠭᠡ ᠲᠠᠪᠠᠭᠤᠯᠢᠬ ᠤᠨᠴᠠᠯᠢᠬᠲᠦ ᠲᠠᠷᠢᠮᠠᠯ ᠲᠠᠷᠢᠨ᠎ᠠ᠃ ᠪᠠᠷᠠᠭᠤᠨ ᠭᠡᠰᠡᠭ ᠤᠨ ᠭᠠᠵᠠᠷ ᠤᠷᠤᠨ ᠨᠠᠷᠠᠨ ᠬᠤᠸᠠᠷ ᠤᠨ ᠲᠠᠷᠢᠮᠠᠯ ᠤᠨ ᠲᠠᠯᠠᠪᠠᠢ ᠶᠢ ᠪᠠᠭᠠᠰᠬᠠᠵᠦ᠂ ᠲᠦᠬᠦᠭᠡᠷᠦᠮᠵᠢᠲᠦ ᠲᠠᠷᠢᠶᠠᠯᠠᠩ ᠢ ᠯᠠᠪᠲᠠᠭᠤᠨ ᠢᠶᠠᠷ ᠬᠦᠭᠵᠢᠬᠦᠯᠵᠦ᠂ ᠲᠦᠪᠡᠳ ᠬᠠᠰᠢ᠂ ᠰᠢᠬᠢᠷᠯᠢᠭ ᠬᠡᠮᠬᠡ᠂ ᠤᠰᠤ ᠦᠬᠡᠶᠢᠳᠡᠬᠦᠯᠦᠭᠰᠡᠨ ᠨᠤᠭᠤᠭ᠎ᠠ ᠵᠡᠷᠭᠡ ᠲᠠᠪᠠᠭᠤᠯᠢᠬ ᠤᠨᠴᠠᠯᠢᠬᠲᠦ ᠲᠠᠷᠢᠮᠠᠯ ᠲᠠᠷᠢᠨ᠎ᠠ᠃ ᠪᠦᠬᠦ ᠤᠷᠤᠨ ᠢᠶᠠᠷ ᠢᠶᠠᠨ ︽ᠬᠤᠨᠢ ᠶᠢ ᠲᠤᠬᠳᠠᠪᠤᠷᠢᠵᠢᠭᠤᠯᠵᠤ᠂ ᠦᠬᠡᠷ ᠢ ᠨᠡᠮᠡᠭᠳᠡᠬᠦᠯᠬᠦ︾᠎ ᠪᠠᠷ ᠭᠤᠤᠯ ᠬᠠᠨᠳᠤᠰᠢ ᠪᠤᠯᠭᠠᠵᠦ᠂ ᠭᠠᠭ᠋ᠠᠢ᠂ ᠮᠠᠯ᠂ ᠵᠢᠬᠦᠷᠳᠡᠨ ᠤ ᠲᠡᠵᠢᠭᠡᠪᠦᠷᠢ ᠶᠢᠨ ᠦᠢᠯᠡᠰ ᠢ ᠲᠦᠷᠭᠡᠳᠭᠡᠨ ᠬᠦᠭᠵᠢᠬᠦᠯᠵᠦ᠂ ᠮᠠᠯ ᠠᠵᠦ ᠠᠬᠤᠢ ᠪᠠ ᠲᠠᠷᠢᠶᠠᠯᠠᠩ ᠢ ᠤᠶᠠᠯᠲᠤᠭᠤᠯᠤᠬᠰᠠᠨ ᠲᠠᠷᠢᠵᠤ ᠲᠡᠵᠢᠭᠡᠬᠦ ᠪᠦᠲᠦᠴᠡ ᠶᠢ ᠪᠦᠷᠢᠯᠲᠦᠬᠦᠯᠦᠨ᠎ᠡ᠃      ᠬᠤᠶᠠᠷ ᠲᠤ᠂ ᠪᠤᠬᠢᠷᠲᠤᠯ ᠦᠬᠡᠢ ᠦᠢᠯᠡᠳᠪᠦᠷᠢᠯᠡᠯ ᠤᠨ ᠠᠷᠭ᠎ᠠ ᠬᠡᠯᠪᠡᠷᠢ ᠲᠡᠭᠡᠷ᠎ᠡ ᠬᠦᠴᠦ ᠪᠠᠨ ᠲᠦᠪᠯᠡᠷᠡᠬᠦᠯᠦᠨ᠎ᠡ᠃ ᠪᠤᠬᠢᠷᠲᠤᠯ ᠦᠬᠡᠢ ᠪᠠᠶᠢᠬᠤ ᠪᠤᠯ ᠮᠠᠨ ᠤ ᠦᠪᠦᠷ ᠮᠤᠩᠭᠤᠯ ᠤᠨ ︽ᠦᠨ᠎ᠡ ᠦᠷᠳᠡᠭ︾ ᠪᠠ ︽ᠤᠤᠭᠠᠯ ᠦᠡᠭᠭᠡ︾ ᠪᠤᠯᠬᠤ ᠪᠠᠷ ᠦᠯᠦ ᠪᠠᠷᠠᠮ ᠮᠦᠨ ᠴᠦ ᠮᠠᠨ ᠤ ᠤᠮᠳᠤᠭᠠᠶᠢᠯᠠᠵᠤ ᠪᠤᠯᠤᠰᠢ ᠦᠬᠡᠢ ︽ᠬᠦᠷᠦᠩᠭᠡ ᠬᠤᠬᠰᠢᠯ︾ ᠪᠤᠯᠤᠨ᠎ᠠ᠃ ᠰᠠᠶᠢᠨ ᠰᠠᠶᠢᠬᠠᠨ ᠠᠮᠢ ᠠᠬᠤᠢ ᠶᠢᠨ ᠤᠷᠴᠢᠨ ᠲᠤᠭᠤᠷᠢᠨ ᠢᠶᠠᠷ ᠪᠤᠬᠢᠷᠲᠤᠯ ᠦᠬᠡᠢ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠬᠠᠮᠤᠭ ᠤᠨ ᠶᠡᠭᠡ ᠦᠨ᠎ᠡ ᠦᠷᠳᠡᠭ ᠪᠤᠯᠭᠠᠵᠦ᠂ ᠠᠵᠦ ᠠᠬᠤᠢ ᠶᠢᠨ ᠪᠠ ᠠᠮᠢ ᠠᠬᠤᠢ ᠶᠢᠨ ᠬᠤᠤᠰ ᠦᠷ᠎ᠡ ᠠᠰᠢᠭ ᠬᠦ᠋ᠷᠳᠡᠨ᠎ᠠ᠃ ᠪᠢᠳᠡ ᠦᠷᠬᠡᠨ ᠤᠯᠠᠨ ᠬᠡᠷᠡᠭᠯᠡᠭᠴᠢᠳ ᠲᠤ ᠬᠠᠮᠤᠭ ᠠᠴᠠ ᠠᠮᠤᠷ ᠳᠦᠪᠰᠢᠨ᠂ ᠬᠠᠮᠤᠭ ᠠᠴᠠ ᠡᠷᠡᠬᠦᠯ ᠮᠡᠨᠳᠤ᠂ ᠬᠠᠮᠤᠭ ᠠᠴᠠ ᠰᠠᠨᠠᠭ᠎ᠠ ᠠᠮᠤᠷ ᠢᠳᠡᠬᠡᠨ ᠬᠠᠨᠭ᠍ᠭᠠᠨ᠎ᠠ᠃ ᠲᠠᠷᠢᠶᠠᠨ ᠭᠠᠵᠠᠷ ᠤᠨ ᠶᠠᠰᠤ ᠴᠢᠨᠡᠷ ᠢ ᠬᠠᠮᠠᠭᠠᠯᠠᠨ ᠳᠡᠬᠡᠭᠰᠢᠯᠡᠬᠦᠯᠵᠦ᠂ ᠭᠤᠤᠯᠳᠠᠯᠭ᠎ᠠ ᠲᠠᠢ ᠠᠮᠢ ᠠᠬᠤᠢ ᠶᠢᠨ ᠢᠨᠵᠧᠨᠧᠷᠢᠩ ᠤᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃      ᠭᠤᠷᠪᠡ ᠳᠤ᠂ ᠠᠵᠦ ᠦᠢᠯᠡᠰ ᠤᠨ ᠠᠭᠤᠰᠤᠯᠴᠠᠯ ᠢ ᠠᠬᠢᠭᠤᠯᠬᠤ ᠳᠡᠬᠡᠷ᠎ᠠ ᠬᠦᠴᠦᠨ ᠢᠶᠠᠨ ᠲᠦᠪᠯᠡᠷᠡᠭᠦᠯᠤᠨ᠎ᠠ᠃ ᠨᠢᠳᠤᠨᠤᠨ ᠤ 10 ᠳ᠋ᠤᠭᠠᠷ ᠰᠠᠷ᠎ᠠ ᠳᠤ᠂ ᠦᠪᠡᠷᠳᠡᠬᠡᠨ ᠵᠠᠰᠠᠬᠤ ᠤᠷᠤᠨ ᠤ ᠨᠠᠮ ᠤᠨ ᠬᠤᠷᠢᠶ᠎ᠠ᠂ ᠵᠠᠰᠠᠭ ᠤᠨ ᠤᠷᠳᠦᠨ ᠮᠠᠯᠵᠢᠬᠤ ᠳᠠᠷᠢᠶᠠᠯᠠᠬᠤ ᠤᠷᠤᠨ ᠤ ᠨᠢᠬᠡᠳᠦᠭᠡᠷ ᠬᠤᠶᠡᠳᠤᠭᠠᠷ ᠭᠤᠷᠪᠡᠳᠤᠭᠠᠷ ᠠᠵᠦ ᠦᠢᠯᠡᠰ ᠤᠨ ᠠᠭᠤᠰᠤᠯᠴᠠᠨ ᠬᠦᠭᠵᠢᠬᠦ ᠶᠢ ᠠᠬᠢᠭᠤᠯᠬᠤ ᠳᠤᠬᠠᠢ ᠬᠡᠷᠡᠭᠵᠢᠭᠦᠯᠬᠦ ᠰᠠᠨᠠᠯ ᠢ ᠳᠠᠷᠤᠮᠠᠯᠯᠠᠨ ᠳᠠᠷᠬᠠᠭᠠᠪᠠ᠃ ︽ᠮᠠᠯ ᠠᠵᠤ ᠠᠬᠤᠢ ᠳᠠᠷᠢᠶᠡᠯᠡᠩ + ᠠᠵᠦ ᠦᠢᠯᠡᠳᠪᠤᠷᠢ︾᠎ ᠶᠢ ᠬᠦᠭᠵᠢᠬᠦᠯᠬᠦ ᠳᠠᠯ᠎ᠠ ᠳᠤ᠂ ᠪᠦᠬᠦ ᠤᠷᠤᠨ ᠤ ᠡᠯ᠎ᠠ ᠭᠠᠵᠠᠷ ᠤᠨ ᠬᠢᠨ ᠳᠤᠮᠤ ᠬᠦᠷᠢᠶᠡᠯᠡᠩ ᠳᠤᠭᠤᠷᠢᠭ ᠢ ᠪᠦᠳᠦᠬᠡᠨ ᠪᠠᠶᠢᠭᠤᠯᠬᠤ᠂ ᠳᠠᠭᠠᠭᠤᠯᠤᠬᠴᠢ ᠠᠵᠦ ᠠᠬᠤᠶᠢᠯᠠᠯ ᠢ ᠪᠤᠶᠢᠵᠢᠭᠤᠯᠬᠤ᠂ ᠳᠤᠮᠤ ᠰᠠᠭᠤᠷᠢᠨ ᠢ ᠪᠦᠳᠦᠬᠡᠨ ᠪᠠᠶᠢᠭᠤᠯᠬᠤ᠂ ᠨᠡᠷᠡᠳᠦ ᠳᠡᠮᠳᠡᠭ ᠢ ᠴᠤᠭᠴᠠᠯᠠᠬᠤ ᠪᠠᠷ ᠬᠦᠴᠦᠯᠡᠴᠡ ᠪᠤᠯᠭᠠᠨ᠂ ᠢᠳᠡᠪᠬᠢᠳᠡᠢ ᠪᠠᠷ ᠮᠠᠯ ᠠᠵᠤ ᠠᠬᠤᠢ ᠳᠠᠷᠢᠶᠡᠯᠡᠩ ᠤᠨ ᠠᠵᠦ ᠦᠢᠯᠡᠰᠵᠢᠯᠳᠡ ᠶᠢ ᠠᠬᠢᠭᠤᠯᠵᠦ᠂ ᠰᠢᠯᠢᠳᠡᠭ ᠮᠠᠯ ᠤᠨ ᠠᠰᠢᠭ ᠰᠢᠮ᠎ᠡ ᠳᠠᠷᠢᠶᠡᠯᠨᠩ ᠤᠨ ᠪᠦᠳᠦᠬᠡᠭᠳᠡᠬᠦᠨ ᠢ ᠨᠠᠷᠢᠯᠢᠭ ᠡᠳ᠋ᠰᠢᠬᠦᠯᠬᠦ ᠨᠤᠷᠮ᠎ᠠ ᠶᠢ ᠶᠡᠬᠡᠪᠡᠷ ᠳᠡᠬᠡᠭᠰᠢᠯᠡᠬᠦᠯᠪᠡ᠃ ︽ᠮᠠᠯ ᠠᠵᠤ ᠠᠬᠤᠢ ᠳᠠᠷᠢᠶᠡᠯᠡᠩ + ᠡᠯᠧᠺᠲᠷᠣᠨ ᠬᠤᠳᠠᠯᠳᠤᠭ᠎ᠠ︾᠎ ᠶᠢᠨ ᠳᠠᠯ᠎ᠠ ᠳᠤ᠂ ᠡᠨᠡ ᠬᠡᠳᠦᠨ ᠵᠢᠯ ᠡᠯ᠎ᠠ ᠭᠠᠵᠠᠷ ᠤᠨ ᠬᠢᠨ ᠪᠡᠯᠡ ᠤᠷᠤᠭᠤᠯᠤᠯᠳᠠ ᠪᠠᠨ ᠨᠡᠮᠡᠭᠳᠡᠬᠦᠯᠵᠦ᠂ ᠮᠠᠯᠵᠢᠬᠤ ᠳᠠᠷᠢᠶᠠᠯᠠᠬᠤ ᠤᠷᠤᠨ ᠤ ᠡᠯᠧᠺᠲᠷᠣᠨ ᠬᠤᠳᠠᠯᠳᠤᠭ᠎ᠠ᠂ ᠪᠠᠷᠠᠭᠠᠨ ᠤ ᠬᠦᠢᠯᠬᠡᠬᠡ ᠶᠢᠨ ᠦᠢᠯᠡᠰ ᠤᠨ ᠬᠦᠭᠵᠢᠯᠳᠡ ᠶᠢ ᠳᠦᠷᠬᠡᠳᠬᠡᠭᠰᠡᠨ ᠠᠴᠠ ᠮᠠᠯ ᠤᠨ ᠠᠰᠢᠭ ᠰᠢᠮ᠎ᠡ ᠳᠠᠷᠢᠶᠡᠯᠡᠩ ᠤᠨ ᠪᠦᠳᠦᠬᠡᠭᠳᠡᠬᠦᠨ ᠨᠢ ᠡᠯᠧᠺᠲᠷᠣᠨ ᠬᠤᠳᠠᠯᠳᠤᠭ᠎ᠠ ᠪᠠᠷ ᠲᠠᠮᠵᠢᠨ ᠬᠦᠬᠡ ᠮᠦᠷᠡᠨ ᠢ ᠬᠡᠳᠦᠯᠤᠨ ᠪᠦᠬᠦ ᠤᠯᠤᠰ ᠲᠤ ᠳᠦᠬᠡᠭᠰᠡᠨ ᠶᠤᠮ᠃      ᠳᠦᠷᠪᠡ ᠳᠤ᠂ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠳᠡᠬᠡᠷ᠎ᠠ ᠬᠦᠴᠦᠯᠡᠨ᠎ᠠ᠃ ᠤᠳᠤᠬᠠᠨ ᠳᠤ᠂ ᠳᠠᠷᠢᠶᠡᠯᠠᠩ ᠤᠨ ᠮᠥ ᠨᠢᠭᠡᠴᠢ ᠶᠢᠨ ᠤᠨᠠᠯᠳᠠ ᠶᠢ ᠳᠡᠬᠡᠭᠰᠢᠯᠡᠬᠦᠯᠬᠦ ᠪᠡ ᠮᠠᠯ ᠤᠨ ᠳᠤᠭ᠎ᠠ ᠶᠢ ᠨᠡᠮᠡᠭᠳᠡᠭᠦᠯᠭᠦ ᠳᠤ ᠲᠦᠰᠢᠭᠯᠡᠬᠦ ᠨᠢ ᠨᠢᠬᠡᠨᠳᠡ ᠳᠡᠮᠡᠢ ᠶᠡᠭᠡ ᠤᠷᠤᠨ ᠵᠠᠢ ᠦᠬᠡᠢ ᠪᠤᠯᠪᠠ᠃ ᠰᠢᠨᠵᠢᠯᠡᠬᠦ ᠤᠬᠠᠭᠠᠨ ᠮᠡᠷᠬᠡᠵᠢᠯ ᠤᠨ ᠰᠢᠨ᠎ᠠ ᠶᠢ ᠡᠬᠦᠳᠬᠦ ᠨᠢ ᠮᠠᠯ ᠠᠵᠤ ᠠᠬᠤᠢ ᠳᠠᠷᠢᠶᠡᠯᠡᠩ ᠤᠨ ᠬᠠᠨᠭ᠍ᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠲᠠᠢ ᠦᠬᠡᠷᠡᠴᠢᠯᠡᠯᠳᠡ ᠶᠢᠨ ᠬᠦᠳᠡᠯᠬᠡᠬᠦᠷ᠂ ᠰᠢᠨᠵᠢᠯᠡᠬᠦ ᠤᠬᠠᠭᠠᠨ ᠮᠡᠷᠬᠡᠵᠢᠯ ᠠᠴᠠ ᠬᠦᠳᠡᠯᠬᠡᠭᠴᠢ ᠬᠦᠴᠦᠨ ᠠᠪᠴᠤ᠂ ᠰᠢᠨ᠎ᠠ ᠶᠢ ᠡᠬᠦᠳᠬᠦ ᠠᠴᠠ ᠦᠷ᠎ᠠ ᠠᠰᠢᠭ ᠤᠯᠬᠤ ᠬᠡᠷᠡᠭᠲᠠᠢ ᠪᠤᠯᠵᠠᠢ᠃ ᠮᠡᠷᠬᠡᠵᠢᠯ ᠤᠨ ᠰᠤᠳᠤᠯᠭᠠᠨ ᠢ ᠰᠠᠶᠢᠳᠦᠷ ᠠᠳᠬᠤᠨ᠂ ᠮᠡᠷᠬᠡᠵᠢᠯ ᠤᠨ ᠰᠤᠳᠤᠯᠭᠠᠨ ᠢ ᠦᠷᠨᠢᠬᠦᠯᠵᠦ᠂ ᠨᠡᠩ ᠰᠢᠨ᠎ᠠ ᠪᠦᠳᠦᠭᠡᠭᠳᠡᠬᠦᠨ ᠢ ᠪᠤᠶᠢᠵᠢᠭᠤᠯᠤᠨ᠂ ᠰᠢᠨᠵᠢᠯᠡᠬᠦ ᠤᠬᠠᠭᠠᠨ ᠮᠡᠷᠬᠡᠵᠢᠯ ᠤᠨ ᠵᠢᠱᠢᠶ᠎ᠠ ᠦᠵᠡᠬᠦᠯᠬᠦ ᠬᠦᠷᠢᠶᠡᠯᠡᠩ ᠳᠤᠭᠤᠷᠢᠭ ᠢ ᠰᠠᠶᠢᠳᠤᠷ ᠪᠠᠶᠢᠭᠤᠯᠵᠦ᠂ ᠬᠦᠷᠢᠶᠡᠯᠡᠩ ᠳᠤᠭᠤᠷᠢᠭ ᠲᠠᠭᠠᠨ ᠳᠦᠰᠢᠭᠯᠡᠨ ᠤᠨᠴᠠᠯᠢᠡᠡᠳᠤ ᠳᠠᠪᠠᠭᠤᠯᠢᠭ ᠠᠵᠦ ᠦᠢᠯᠡᠰ ᠤᠨ ᠵᠠᠩᠬᠢᠯᠠᠭ᠎ᠠ ᠶᠢᠨ ᠮᠡᠷᠬᠡᠵᠢᠯ ᠢ ᠳᠦᠬᠡᠮᠡᠯᠵᠢᠬᠦᠯᠦᠨ ᠦᠷᠨᠢᠬᠦᠯᠵᠦ᠂ ᠨᠡᠩ ᠤᠯᠠᠨ ᠰᠢᠨ᠎ᠠ ᠮᠡᠷᠬᠡᠵᠢᠯ᠂ ᠰᠢᠨ᠎ᠠ ᠪᠦᠳᠦᠭᠡᠭᠳᠡᠭᠦᠨ ᠢ ᠪᠤᠳᠠᠳᠦ ᠦᠢᠯᠡᠳᠪᠤᠷᠢᠯᠡᠯ ᠤᠨ ᠬᠦᠴᠦᠨ ᠪᠤᠯᠭᠠᠨ᠎ᠠ᠃      ᠳᠠᠪᠤ ᠳᠤ᠂ ᠳᠤᠳᠠᠭᠤᠳᠠᠯ ᠢᠶᠠᠨ ᠨᠦᠬᠦᠪᠦᠷᠢᠯᠡᠬᠦ ᠳᠡᠬᠡᠷ᠎ᠠ ᠬᠦᠴᠦ ᠪᠠᠨ ᠲᠦᠪᠯᠡᠷᠡᠭᠦᠯᠦᠨ᠎ᠡ᠃ ᠶᠠᠳᠠᠭᠤ ᠬᠦᠴᠢᠷᠳᠡᠯᠳᠡᠢ ᠬᠦᠮᠦᠨ ᠠᠮᠠ ᠶᠢ ᠶᠠᠳᠠᠭᠤ ᠠᠴᠠ ᠠᠩᠬᠢᠵᠢᠷᠠᠭᠤᠯᠬᠤ ᠪᠤᠯ ᠮᠠᠯᠵᠢᠬᠤ ᠳᠠᠷᠢᠶᠡᠯᠠᠬᠤ ᠤᠷᠤᠨ ᠤ ᠬᠠᠮᠤᠭ ᠤᠨ ᠳᠤᠪᠤᠶᠢᠮ᠎ᠠ ᠳᠤᠳᠠᠭᠤᠳᠠᠯ᠃ ᠪᠢᠳᠡ ᠶᠠᠳᠠᠭᠤ ᠠᠴᠠ ᠠᠩᠬᠢᠵᠢᠷᠠᠭᠤᠯᠬᠤ ᠪᠤᠭᠤᠮᠳᠠ ᠰᠢᠪᠳᠤᠯᠬᠤ ᠳᠠᠶᠢᠯᠠᠯᠳᠤᠭᠠᠨ ᠢ ︽ᠲᠡᠷᠢᠭᠦᠨ ᠴᠢᠬᠤᠯᠠ ᠠᠷᠡᠳ ᠤᠨ ᠠᠮᠢᠳᠤᠷᠡᠯ ᠤᠨ ᠢᠨᠵᠧᠨᠧᠷᠢᠩ︾ ᠪᠡ ︽ᠳᠡᠷᠢᠬᠦᠨ ᠴᠢᠬᠤᠯᠡ ᠶᠠᠪᠤᠳᠠᠯ︾ ᠪᠤᠯᠭᠠᠨ ᠠᠳᠬᠤᠬᠤ ᠶᠢ ᠪᠠᠷᠢᠮᠳᠠᠯᠠᠵᠦ᠂ ᠤᠨᠢᠨ ᠲᠡᠭᠡᠷ᠎ᠡ ᠨᠢ ᠶᠠᠳᠠᠭᠤ ᠶᠢ ᠳᠡᠳᠬᠦᠬᠦ᠂ ᠤᠨᠢᠨ ᠲᠡᠭᠡᠷ᠎ᠡ ᠨᠢ ᠶᠠᠳᠠᠭᠤ ᠠᠴᠠ ᠠᠩᠬᠢᠵᠢᠷᠠᠭᠤᠯᠬᠤ ᠦᠨᠳᠦᠰᠦᠨ ᠠᠷᠭ᠎ᠠ ᠪᠤᠳᠤᠯᠭ᠎ᠠ ᠶᠢ ᠬᠦᠨᠵᠡᠬᠡᠶᠢᠷᠡᠬᠦᠯᠤᠨ ᠳᠤᠤᠱᠯᠠᠭᠤᠯᠵᠦ᠂ ᠳᠤᠭᠳᠠᠭᠤᠨ ᠢᠶᠠᠷ ᠶᠠᠳᠠᠭᠤ ᠠᠴᠠ ᠠᠩᠬᠢᠵᠢᠷᠠᠭᠤᠯᠬᠤ ᠤᠷᠳᠦ ᠬᠤᠭᠤᠴᠠᠭᠠᠨ ᠤ ᠳᠤᠭᠳᠠᠴᠠ ᠶᠢ ᠪᠦᠷᠢᠯᠳᠦᠬᠦᠯᠦᠨ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠲᠤᠰ ᠪᠡᠶ᠎ᠡ ᠶᠢᠨ ᠬᠦᠭᠵᠢᠬᠦ ᠴᠢᠳᠠᠪᠤᠷᠢ ᠶᠢ ᠳᠡᠬᠡᠭᠰᠢᠯᠡᠬᠦᠯᠵᠦ᠂ ᠶᠠᠳᠠᠭᠤ ᠠᠴᠠ ᠠᠩᠬᠢᠵᠢᠷᠠᠭᠤᠯᠬᠤ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠬᠢᠨᠠᠮᠠᠭᠠᠢ ᠨᠠᠶᠢᠳᠠᠪᠤᠷᠢᠵᠢᠭᠤᠯᠤᠨ᠂ ᠳᠦᠯᠦᠪᠯᠡᠭᠡ ᠶᠤᠰᠤᠭᠠᠷ ᠶᠠᠳᠠᠭᠤ ᠠᠴᠠ ᠠᠩᠬᠢᠵᠢᠷᠠᠭᠤᠯᠬᠤ ᠡᠬᠦᠷᠬᠡ ᠪᠠᠨ ᠪᠡᠶᠡᠯᠡᠬᠦᠯᠬᠦ ᠶᠢ ᠪᠠᠳᠤᠯᠠᠨ᠎ᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号