ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠬᠤᠶᠠᠳᠤᠭᠠᠷ ᠬᠤᠷᠠᠯ ᠬᠢᠪᠠ ᠰᠢ ᠶᠢᠨ ᠫᠢᠩ ᠬᠤᠷᠠᠯ ᠢ ᠡᠷᠬᠢᠯᠡᠵᠡᠢ
ᠨᠡᠶᠢᠲᠡᠯᠡᠭᠰᠡᠨ ᠴᠠᠭ᠄
2017/10/23
   
     10 ᠳ᠋ᠤᠭᠠᠷ ᠰᠠᠷ᠎ᠠ ᠶᠢᠨ 20᠎ ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠬᠤᠷᠠᠯ ᠬᠢᠪᠡ᠃ ᠰᠢ ᠶᠢᠨ ᠫᠢᠩ ᠨᠦᠬᠦᠷ ᠬᠤᠷᠠᠯ ᠢ ᠡᠷᠬᠢᠯᠡᠵᠡᠢ᠃
     10 ᠳ᠋ᠤᠭᠠᠷ ᠰᠠᠷ᠎ᠠ ᠶᠢᠨ 20᠎ ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠬᠤᠷᠠᠯ ᠬᠢᠪᠡ᠃ ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠤ ᠶᠦᠨ ᠱᠠᠨ᠂ ᠸᠠᠩ ᠴᠢ ᠱᠠᠨ᠂ ᠵᠠᠩ ᠭᠤᠤ ᠯᠢ ᠨᠠᠷ ᠬᠤᠷᠠᠯ ᠳᠤ ᠤᠷᠤᠯᠴᠠᠵᠠᠢ᠃      ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ 20᠎ ᠤ ᠦᠳᠡ ᠶᠢᠨ ᠬᠤᠶᠢᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠬᠤᠶᠠᠳᠤᠭᠠᠷ ᠬᠤᠷᠠᠯ ᠬᠢᠪᠠ᠃      ᠰᠢ ᠶᠢᠨ ᠫᠢᠩ ᠨᠦᠬᠦᠷ ᠬᠤᠷᠠᠯ ᠢ ᠡᠷᠬᠢᠯᠡᠵᠡᠢ᠃      ᠶᠡᠭᠡ ᠬᠤᠷᠠᠯ ᠤᠨ ᠨᠠᠷᠢᠨ ᠪᠢᠴᠢᠭ ᠤᠨ ᠲᠠᠷᠤᠭ᠎ᠠ ᠯᠢᠦ ᠶᠦᠨ ᠱᠠᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠤᠷᠤᠯᠠᠭᠴᠢ ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠤᠨ ᠲᠤᠬᠠᠢ ᠲᠤᠳᠤᠷᠬᠠᠶᠢᠯᠠᠯᠳᠠ ᠬᠢᠪᠡ᠃      ᠬᠤᠷᠠᠯ ᠠᠴᠠ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ ᠲᠤᠬᠠᠢ ᠰᠢᠢᠳᠪᠤᠷᠢ ︵ᠲᠦᠰᠦᠯ︶᠂ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ ︵ᠲᠦᠰᠦᠯ︶᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ ᠲᠦᠰᠦᠯ︶︾᠎ ᠤᠨ ᠲᠤᠬᠠᠢ ᠰᠢᠢᠳᠪᠤᠷᠢ ︵ᠲᠦᠰᠦᠯ︶᠎ ᠶᠢ ᠡᠯ᠎ᠡ ᠲᠦᠯᠥᠬᠡᠯᠡᠭᠴᠢᠳ ᠤᠨ ᠪᠦᠯᠬᠦᠮ ᠳᠤ ᠲᠡᠪᠰᠢᠬᠦᠯᠵᠥ ᠶᠠᠷᠢᠯᠴᠠᠭᠤᠯᠬᠤ ᠪᠠᠷ ᠪᠠᠳᠤᠯᠠᠪᠠ᠃      ᠬᠤᠷᠠᠯ ᠠᠴᠠ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠤᠷᠤᠯᠠᠭᠴᠢ ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ ᠵᠢᠱᠢᠭᠳᠡᠭᠰᠡᠳ ᠤᠨ ᠪᠡᠯᠡᠳᠭᠡᠯ ᠵᠢᠱᠢᠭᠳᠡᠭᠴᠢ ᠶᠢᠨ ᠰᠠᠨᠠᠭᠤᠯᠭ᠎ᠠ ᠶᠢᠨ ᠨᠡᠷᠡᠰ ᠢ ᠪᠠᠳᠤᠯᠠᠵᠥ᠂ ᠡᠯ᠎ᠡ ᠲᠦᠯᠥᠬᠡᠯᠡᠭᠴᠢᠳ ᠤᠨ ᠪᠦᠯᠬᠦᠮ ᠳᠤ ᠶᠠᠷᠢᠯᠴᠠᠭᠤᠯᠬᠤ ᠪᠠᠷ ᠲᠡᠪᠰᠢᠬᠦᠯᠪᠠ᠃      ᠬᠤᠷᠠᠯ ᠠᠴᠠ ᠡᠯ᠎ᠡ ᠲᠦᠯᠥᠬᠡᠯᠡᠭᠴᠢᠳ ᠤᠨ ᠪᠦᠯᠬᠦᠮ ᠤᠨ ᠶᠠᠷᠢᠯᠴᠠᠭᠰᠠᠠ ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ᠶᠢ ᠪᠠᠳᠤᠯᠠᠪᠠ᠃ ᠬᠤᠷᠠᠯ ᠠᠴᠠ ᠪᠠᠰᠠ ᠪᠢᠯᠧᠲ ᠪᠠᠶᠢᠴᠠᠭᠠᠭᠴᠢ᠂ ᠶᠡᠷᠤᠩᠬᠡᠢ ᠪᠢᠯᠧᠲ ᠪᠠᠶᠢᠴᠠᠭᠠᠭᠴᠢ ᠶᠢᠨ ᠨᠡᠷᠡᠰ ᠢ ᠪᠠᠳᠤᠯᠠᠵᠥ᠂ ᠵᠢᠩᠬᠢᠨᠢ ᠪᠠᠷ ᠰᠤᠩᠭᠤᠭᠤᠯᠢ ᠬᠢᠬᠦ ᠦᠶ᠎ᠡ ᠳᠤ ᠶᠡᠭᠡ ᠬᠤᠷᠠᠯ ᠳᠤ ᠲᠡᠪᠰᠢᠬᠦᠯᠵᠥ ᠪᠠᠳᠤᠯᠠᠭᠤᠯᠬᠤ ᠪᠠᠷ ᠪᠤᠯᠪᠠ᠃
 
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号