ᠲᠦᠷᠦᠭᠦᠦ ᠭᠤᠷᠪᠠᠨ ᠤᠯᠠᠷᠢᠯ ᠳᠤ ᠥᠪᠥᠷ ᠮᠣᠩᠭᠤᠯ ᠤᠨ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠠᠷᠭᠠᠯᠲᠠ 717.5l ᠳ᠋ᠦᠩᠰᠢᠭᠤᠷ ᠲᠦᠬᠦᠷᠢᠭ ᠢ ᠪᠡᠶᠡᠯᠡᠭᠦᠯᠪᠡ
ᠨᠡᠶᠢᠲᠡᠯᠡᠭᠰᠡᠨ ᠴᠠᠭ᠄
2017/10/23
     ᠡᠨᠡ ᠵᠢᠯ ᠤᠨ 1 — 9 ᠳ᠋ᠦ᠋ᠭᠡᠷ ᠰᠠᠷ᠎ᠠ ᠪᠣᠯᠲᠠᠯ᠎ᠠ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠶᠡᠷᠦᠩᠬᠡᠶ ᠦᠷᠲᠡᠭ 717.5 ᠳ᠋ᠦᠩᠰᠢᠭᠤᠷ ᠲᠦᠬᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 29.1% ᠨᠡᠮᠡᠭᠳᠡᠪᠡ᠃ ᠡᠭᠦᠨ ᠳᠤ᠂ ᠭᠠᠳᠠᠭᠠᠳᠤ ᠳᠤ ᠭᠠᠷᠭᠠᠬᠤ 254.9 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 20.7% ᠨᠡᠮᠡᠭᠳᠡᠵᠡᠢ᠃ ᠭᠠᠳᠠᠭᠠᠳᠤ ᠠᠴᠠ ᠣᠷᠣᠭᠤᠯᠬᠤ 462.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 34.3% ᠨᠡᠮᠡᠭᠳᠡᠪᠡ᠃      ᠵᠠᠳᠠᠯᠤᠯᠲᠠ ᠪᠠᠷ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠤ ᠤᠷᠤᠭᠤᠯᠤᠯᠲᠠ ᠭᠤᠣᠯᠳᠠᠭᠤ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠣᠯ ᠪᠤᠯᠭᠠᠭᠰᠠᠨ ᠪᠠᠶᠢᠨ᠎ᠠ᠃ ᠡᠨᠡ ᠵᠢᠯ ᠠᠴᠠ ᠨᠠᠰᠢ᠂ ᠮᠠᠨ ᠤ ᠣᠷᠣᠨ ᠤ ᠨᠡᠭᠦᠷᠡᠰᠦ᠂ ᠵᠡᠰ ᠤᠨ ᠬᠦᠳᠡᠷ ᠤᠨ ᠬᠠᠶᠢᠷ ᠵᠡᠷᠭᠡ ᠭᠠᠳᠠᠭᠠᠳᠤ ᠠᠴᠠ ᠣᠷᠣᠭᠤᠯᠬᠤ ᠭᠤᠣᠯ ᠲᠠᠸᠠᠷ ᠤᠨ ᠲᠤᠭ᠎ᠠ ᠨᠡᠮᠡᠭᠳᠡᠨ ᠦᠨ᠎ᠡ ᠥᠰᠴᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠠᠷᠠᠯᠵᠢᠶᠠᠨ ᠤ ᠭᠠᠳᠠᠭᠠᠳᠦ ᠤᠷᠤᠭᠤᠯᠤᠯᠲᠠ ᠭᠠᠷᠭᠠᠯᠲᠠ ᠶᠢᠨ ᠨᠡᠮᠡᠭᠳᠡᠯ ᠢ ᠳᠠᠶᠢᠴᠢᠯᠠᠭᠰᠠᠨ ᠪᠠᠶᠢᠨ᠎ᠠ᠃ 1 — 9 ᠳ᠋ᠦ᠋ᠭᠡᠷ ᠰᠠᠷ᠎ᠠ ᠪᠣᠯᠲᠠᠯ᠎ᠠ᠂ ᠠᠷᠠᠳ ᠠᠴᠠ ᠡᠵᠡᠩᠨᠡᠭᠰᠡᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ 547 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 41.4% ᠨᠡᠮᠡᠭᠳᠡᠵᠦ᠂ ᠥᠪᠡᠷᠲᠡᠭᠡᠨ ᠵᠠᠰᠠᠬᠤ ᠣᠷᠣᠨ ᠤ ᠭᠠᠳᠠᠭᠠᠳᠤ ᠤᠷᠤᠭᠤᠯᠤᠯᠲᠠ ᠭᠠᠷᠭᠠᠯᠲᠠ ᠶᠢᠨ ᠭᠤᠣᠯ ᠬᠦᠴᠦᠨ ᠪᠤᠯᠵᠠᠢ︔ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ 113.8 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 5.5% ᠪᠠᠭᠤᠷᠠᠵᠡᠢ︔ ᠡᠭᠦᠨ ᠠᠴᠠ ᠭᠠᠳᠠᠨ᠎ᠠ᠂ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠠᠵᠤ ᠠᠬᠤᠶᠢᠯᠠᠯ ᠤᠨ ᠭᠠᠳᠠᠭᠠᠳᠤ ᠤᠷᠤᠭᠤᠯᠤᠯᠲᠠ ᠭᠠᠷᠭᠠᠯᠲᠠ 54.6 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 13.7% ᠨᠡᠮᠡᠭᠳᠡᠪᠡ᠃ ᠮᠣᠩᠭᠤᠯ ᠤᠯᠤᠰ ᠪᠣᠯᠤᠨ ᠣᠷᠣᠰ ᠲᠦᠷᠦᠭᠦᠦ ᠬᠤᠶᠠᠷ ᠲᠣᠮᠣ ᠠᠷᠠᠯᠵᠢᠶᠠᠨ ᠤ ᠬᠠᠨᠢᠲᠠᠨ ᠪᠤᠯᠵᠤ᠂ ᠡᠭᠦᠨ ᠳᠤ᠂ ᠮᠣᠩᠭᠤᠯ ᠤᠯᠤᠰ ᠲᠠᠬᠢ ᠤᠷᠤᠭᠤᠯᠤᠯᠲᠠ ᠭᠠᠷᠭᠠᠯᠲᠠ 197.6 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠎ ᠬᠢ ᠠᠴᠠ 50.6% ᠨᠡᠮᠡᠭᠳᠡᠵᠡᠢ︔ ᠤᠷᠤᠰ ᠲᠠᠬᠢ ᠤᠷᠤᠭᠤᠯᠤᠯᠲᠠ ᠭᠠᠷᠭᠠᠯᠲᠠ 160.4 ᠳ᠋ᠦᠩᠰᠢᠭᠤᠷ ᠲᠥᠭᠦᠷᠢᠭ ᠪᠤᠯᠵᠤ᠂ ᠠᠳᠠᠯᠢ ᠬᠤᠭᠤᠴᠠᠭᠠᠨ ᠤ ᠬᠢ ᠠᠴᠠ 20.5%᠎ ᠪᠠᠷ ᠨᠡᠮᠡᠭᠳᠡᠵᠡᠢ︔ ᠠᠳᠠᠯᠢ ᠬᠤᠭᠤᠴᠠᠭᠠᠨ ᠳᠤ᠂ ᠠᠦ᠋ᠰᠲᠷᠠᠯᠢᠶ᠎ᠠ ᠪᠠ ᠠᠩᠭ᠍ᠯᠢ ᠯᠤᠭ᠎ᠠ ᠶᠢᠨ ᠭᠠᠳᠠᠭᠠᠳᠤ ᠤᠷᠤᠭᠤᠯᠤᠯᠲᠠ ᠭᠠᠷᠭᠠᠯᠲᠠ ᠳᠠᠬᠢᠨ ᠢᠶᠠᠷ ᠨᠡᠮᠡᠭᠳᠡᠵᠦ᠂ ᠲᠤᠰ ᠲᠤᠰ 26 ᠳ᠋ᠦᠩᠰᠢᠭᠤᠷ ᠲᠥᠭᠦᠷᠢᠭ ᠪᠠ 15 ᠳ᠋ᠦᠩᠰᠢᠭᠤᠷ ᠲᠥᠭᠦᠷᠢᠭ ᠪᠤᠯᠵᠠᠢ᠃ ᠮᠠᠰᠢᠨ ᠴᠠᠬᠢᠯᠭᠠᠨ ᠤ ᠦᠢᠯᠡᠳᠬᠦᠨ᠂ ᠲᠠᠷᠢᠶᠠᠯᠠᠩ ᠤᠨ ᠪᠦᠲᠦᠭᠡᠭᠳᠡᠬᠦᠨ ᠪᠣᠯᠤᠨ ᠨᠡᠬᠡᠮᠡᠯ ᠬᠤᠪᠴᠠᠰᠤ ᠶᠢ ᠭᠠᠳᠠᠭᠠᠳᠤ ᠳᠤ ᠭᠠᠷᠭᠠᠬᠤ ᠭᠤᠤᠯ ᠦᠢᠯᠡᠳᠬᠦᠨ ᠪᠤᠯᠭᠠᠵᠤ᠂ ᠲᠤᠰ ᠲᠤᠰ 49.5 ᠳ᠋ᠦᠩᠰᠢᠭᠤᠷ ᠲᠥᠭᠦᠷᠢᠭ᠂ 38.4 ᠳ᠋ᠦᠩᠰᠢᠭᠤᠷ ᠲᠦᠬᠦᠷᠢᠭ᠂ 16.9 ᠳ᠋ᠦᠩᠰᠢᠭᠤᠷ ᠲᠥᠭᠦᠷᠢᠭ ᠤᠨ ᠲᠠᠸᠠᠷ ᠤᠷᠤᠭᠤᠯᠵᠤ ᠭᠠᠷᠭᠠᠵᠠᠢ᠃ ᠭᠠᠳᠠᠭᠠᠳᠤ ᠤᠷᠤᠭᠤᠯᠤᠯᠲᠠ ᠨᠢ ᠨᠡᠭᠦᠷᠡᠰᠦ᠂ ᠬᠢᠷᠦᠭᠡᠳᠡᠮᠡᠯ ᠮᠣᠳᠣ᠂ ᠵᠡᠰ ᠤᠨ ᠬᠦᠳᠡᠷ ᠤᠨ ᠬᠠᠶᠢᠷ ᠵᠡᠷᠭᠡ ᠡᠬᠢ ᠪᠠᠶᠠᠯᠢᠭ ᠤᠨ ᠴᠢᠨᠠᠷᠲᠠᠶ ᠲᠠᠸᠠᠷ ᠢᠶᠠᠷ ᠭᠤᠣᠯ ᠪᠣᠯᠭᠠᠵᠤ᠂ ᠲᠤᠰ ᠲᠤᠰ 107.9 ᠳ᠋ᠦᠩᠰᠢᠭᠤᠷ ᠲᠥᠭᠦᠷᠢᠭ᠂ 77.9 ᠳ᠋ᠦ᠋ᠶᠢᠡᠭᠰᠢᠭᠤᠷ ᠲᠥᠭᠦᠷᠢᠭ ᠪᠠ 58 ᠳ᠋ᠦᠩᠰᠢᠭᠤᠷ ᠲᠥᠭᠦᠷᠢᠭ ᠤᠨ ᠲᠠᠸᠠᠷ ᠤᠷᠤᠭᠤᠯᠵᠤ ᠭᠠᠷᠭᠠᠵᠠᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号