| 10 ᠳ᠋ᠤᠭᠠᠷ ᠰᠠᠷ᠎ᠠ ᠶᠢᠨ 23 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ | ᠪᠦᠯᠬᠦᠮ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠦᠷᠪᠡᠳᠤᠬᠡᠷ ᠬᠤᠷᠠᠯ ᠬᠢᠪᠡ᠃ ᠰᠢ ᠶᠢᠨ | ᠫᠢᠩ ᠨᠦᠬᠦᠷ ᠬᠤᠷᠠᠯ ᠢ ᠡᠷᠬᠢᠯᠡᠵᠠᠢ᠃ | | 10 ᠳ᠋ᠤᠭᠠᠷ ᠰᠠᠷ᠎ᠠ ᠶᠢᠨ 23 ᠤ ᠡᠳᠤᠷ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠤᠨ ᠲᠠᠷᠢᠬᠦᠯᠡᠭᠴᠢᠳ ᠤᠨ | ᠪᠦᠯᠬᠦᠮ ᠪᠡᠬᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠲᠦᠷᠪᠡᠳᠤᠬᠡᠷ ᠬᠤᠷᠠᠯ ᠬᠢᠪᠡ᠃ | ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠤ ᠶᠦᠨ ᠱᠠᠨ᠂ ᠸᠠᠩ | ᠴᠢ ᠱᠠᠨ᠂ ᠵᠠᠩ ᠭᠤᠤ ᠯᠢ ᠨᠠᠷ ᠬᠤᠷᠠᠯ ᠳᠤ ᠤᠷᠤᠯᠴᠠᠵᠠᠢ᠃ | ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠦᠯᠥᠬᠡᠯᠡᠭᠴᠢᠳ ᠤᠨ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ 22 ᠤᠨ ᠤᠷᠤᠢ ᠪᠤᠯᠤᠨ 23 ᠤ | ᠦᠳᠡ ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠭᠤᠷᠪᠠᠳᠤᠭᠠᠷ ᠪᠤᠯᠤᠨ ᠲᠦᠷᠪᠡᠳᠤᠭᠡᠷ ᠬᠤᠷᠠᠯ | ᠬᠢᠵᠥ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠲᠦᠪ ᠬᠤᠷᠢᠶᠠᠨ ᠤ | ᠤᠷᠤᠯᠠᠭᠴᠢ ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ | ᠵᠢᠱᠢᠭᠳᠡᠭᠴᠢ ᠶᠢᠨ ᠨᠡᠷᠡᠰ ︵ᠲᠦᠰᠦᠯ︶ ᠢ ᠪᠠᠳᠤᠯᠠᠵᠥ᠂ ᠡᠯ᠎ᠡ ᠲᠦᠯᠥᠬᠡᠯᠡᠭᠴᠢᠳ ᠤᠨ ᠪᠦᠯᠬᠦᠮ ᠳᠤ ᠲᠠᠪᠰᠢᠬᠦᠯᠵᠥ | ᠶᠠᠷᠢᠯᠴᠠᠭᠤᠯᠬᠤ ᠪᠠᠷ ᠪᠤᠯᠪᠠ᠃ | ᠰᠢ ᠶᠢᠨ ᠫᠢᠩ ᠨᠦᠬᠦᠷ ᠬᠤᠷᠠᠯ ᠢ ᠡᠷᠬᠢᠯᠡᠵᠡᠢ᠃ | ᠬᠤᠷᠠᠯ ᠠᠴᠠ ᠡᠯ᠎ᠡ ᠲᠦᠯᠥᠬᠡᠯᠡᠭᠴᠢᠳ ᠤᠨ ᠪᠦᠯᠬᠦᠮ ᠤᠨ ᠵᠦᠷᠢᠶᠡᠳᠤ ᠲᠤᠭ᠎ᠠ ᠪᠠᠷ ᠰᠤᠩᠭᠤᠵᠥ ᠭᠠᠷᠭᠠᠭᠰᠠᠠ | ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠲᠦᠪ ᠬᠤᠷᠢᠶᠠᠨ ᠤ ᠤᠷᠤᠯᠠᠭᠴᠢ | ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ ᠵᠢᠱᠢᠭᠳᠡᠭᠴᠢ ᠶᠢᠨ ᠨᠡᠷᠡᠰ ︵ | ᠲᠦᠰᠦᠯ︶ ᠢ ᠪᠠᠳᠤᠯᠠᠵᠥ᠂ ᠨᠡᠷᠡᠰ ᠢ ᠡᠯ᠎ᠡ ᠲᠦᠯᠥᠬᠡᠯᠡᠭᠴᠢᠳ ᠤᠨ ᠪᠦᠯᠬᠦᠮ ᠳᠤ ᠲᠡᠪᠰᠢᠬᠦᠯᠵᠥ ᠶᠠᠷᠢᠯᠴᠠᠭᠤᠯᠬᠤ ᠪᠠᠷ | ᠲᠤᠭᠳᠠᠪᠠ᠃ | ᠤᠶᠢᠯᠠᠭᠠᠭᠰᠠᠠ ᠢᠶᠠᠷ᠂ 10 ᠳ᠋ᠤᠭᠠᠷ ᠰᠠᠷ᠎ᠠ ᠶᠢᠨ 21 ᠤ ᠡᠳᠤᠷ ᠠᠴᠠ ᠡᠬᠢᠯᠡᠨ᠂ ᠡᠯ᠎ᠡ | ᠲᠦᠯᠥᠬᠡᠯᠡᠭᠴᠢᠳ ᠤᠨ ᠪᠦᠯᠬᠦᠮ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠤᠯᠤᠰ | ᠲᠦᠷᠦ ᠶᠢᠨ ᠲᠤᠪᠴᠢᠶ᠎ᠠ ᠠᠴᠠ ᠲᠤᠷᠠᠳᠤᠭᠰᠠᠠ ᠪᠦᠭᠡᠳ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠠᠴᠠ | ᠪᠠᠳᠤᠯᠠᠭᠰᠠᠠ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ ᠬᠤᠷᠢᠶᠠᠨ ᠤ ᠬᠡᠰᠢᠬᠦᠨ᠂ ᠲᠦᠪ ᠬᠤᠷᠢᠶᠠᠨ ᠤ | ᠤᠷᠤᠯᠠᠭᠴᠢ ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ | ᠵᠢᠱᠢᠭᠳᠡᠭᠰᠡᠳ ᠤᠨ ᠪᠡᠯᠡᠳᠬᠡᠯ ᠵᠢᠱᠢᠭᠳᠡᠭᠴᠢ ᠶᠢᠨ ᠨᠡᠷᠡᠰ ᠢ ᠨᠠᠷᠢᠨ ᠬᠢᠨᠠᠮᠠᠭᠠᠢ ᠶᠠᠷᠢᠯᠴᠠᠪᠠ᠃ ᠲᠦᠯᠥᠬᠡᠯᠡᠭᠴᠢᠳ᠂ | ᠡᠨᠡᠬᠦ ᠨᠡᠷᠡᠰ ᠢ ᠪᠤᠯ ᠵᠤᠬᠢᠶᠠᠨ ᠪᠠᠶᠢᠭᠤᠯᠤᠯᠳᠠ ᠶᠢᠨ ᠨᠢᠮᠪᠠᠢ ᠴᠢᠩᠭ᠎ᠠ ᠲᠡᠰ ᠲᠠᠷᠠᠭᠠᠯᠠᠯ ᠢᠶᠠᠷ ᠨᠠᠮ ᠤᠨ | ᠲᠤᠳᠤᠭᠠᠳᠤ ᠶᠢᠨ ᠠᠷᠠᠳᠴᠢᠯᠠᠯ ᠢ ᠬᠦᠢᠴᠡᠳ ᠪᠠᠳᠠᠷᠠᠭᠤᠯᠵᠥ ᠪᠠᠶᠢᠭᠠᠳ ᠰᠤᠩᠭᠤᠵᠥ ᠭᠠᠷᠭᠠᠭᠰᠠᠠ ᠶᠤᠮ᠃ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠦᠴᠢᠷ᠂ ᠡᠯ᠎ᠡ ᠹᠷᠤᠨᠲ᠂ ᠡᠯ᠎ᠡ ᠠᠵᠢᠯ ᠲᠦᠷᠦᠯ ᠤᠨ ᠲᠦᠷᠦ ᠪᠠᠷᠢᠬᠤ ᠭᠤᠤᠯ | ᠬᠦᠴᠦᠨ ᠪᠤᠯᠤᠨ ᠰᠢᠯᠢᠳᠡᠭ ᠲᠦᠯᠥᠬᠡᠯᠡᠭᠴᠢ ᠶᠢ ᠲᠦᠪᠯᠡᠷᠡᠬᠦᠯᠵᠥ᠂ ᠪᠦᠬᠦᠯᠢ ᠴᠤᠭᠴᠠ ᠶᠢᠨ ᠬᠡᠪ ᠪᠤᠯᠪᠠᠰᠤᠷᠠᠯ | ᠰᠢᠯᠢᠳᠡᠭ᠂ ᠪᠦᠳᠦᠴᠡ ᠨᠡᠯᠢᠶᠡᠳ ᠵᠤᠬᠢᠰᠳᠠᠢ᠂ ᠲᠠᠷᠬᠠᠯᠳᠠ ᠨᠡᠯᠢᠶᠡᠳ ᠲᠡᠩᠴᠡᠬᠦᠨ᠂ ᠤᠯᠠᠨ ᠲᠦᠮᠡᠨ ᠤ | ᠰᠠᠭᠤᠷᠢ ᠪᠠᠷ ᠨᠡᠯᠢᠶᠡᠳ ᠰᠠᠶᠢᠨ ᠪᠠᠶᠢᠵᠤ᠂ ᠨᠡᠯᠢᠶᠡᠳ ᠪᠦᠬᠦ ᠲᠠᠯ᠎ᠠ ᠪᠠᠷ ᠪᠤᠳᠤᠯᠬᠢᠯᠠᠭᠰᠠᠠ ᠲᠦᠰᠦᠯ ᠪᠤᠯᠤᠨ᠎ᠡ ᠬᠡᠵᠥ | ᠦᠵᠡᠵᠡᠬᠡᠪᠡ᠃ | 10 ᠳ᠋ᠤᠭᠠᠷ ᠰᠠᠷ᠎ᠠ ᠶᠢᠨ 22 ᠤᠨ ᠦᠳᠡ ᠶᠢᠨ ᠬᠤᠶᠢᠨ᠎ᠡ ᠪᠤᠯᠤᠨ 23 ᠤ ᠦᠳᠡ ᠶᠢᠨ ᠡᠮᠤᠨ᠎ᠡ᠂ ᠶᠡᠭᠡ | ᠬᠤᠷᠠᠯ ᠠᠴᠠ ᠡᠯ᠎ᠡ ᠲᠦᠯᠥᠬᠡᠯᠡᠭᠴᠢᠳ ᠤᠨ ᠪᠦᠯᠬᠦᠮ ᠤᠨ ᠪᠦᠬᠦᠳᠡ ᠬᠤᠷᠠᠯ ᠢ ᠬᠤᠷᠠᠯᠳᠤᠭᠤᠯᠵᠥ᠂ ᠤᠷᠢᠳ | ᠬᠤᠵᠢᠳ ᠲᠦᠪ ᠬᠤᠷᠢᠶᠠᠨ ᠤ ᠬᠡᠰᠢᠬᠦᠨ᠂ ᠲᠦᠪ ᠬᠤᠷᠢᠶᠡᠨ ᠤ ᠤᠷᠤᠯᠠᠭᠴᠢ ᠬᠡᠰᠢᠬᠦᠨ ᠪᠤᠯᠤᠨ ᠲᠦᠪ ᠤᠨ | ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ ᠪᠡᠯᠡᠳᠬᠡᠯ ᠰᠤᠩᠭᠤᠭᠤᠯᠢ ᠶᠠᠪᠤᠭᠤᠯᠪᠠ᠃ ᠶᠡᠭᠡ | ᠬᠤᠷᠠᠯ ᠤᠨ ᠰᠤᠩᠭᠤᠭᠤᠯᠢ ᠶᠢᠨ ᠠᠷᠭ᠎ᠠ ᠶᠢᠨ ᠲᠤᠭᠳᠠᠭᠠᠯ ᠶᠤᠰᠤᠭᠠᠷ ᠪᠡᠯᠡᠳᠬᠡᠯ ᠰᠤᠩᠭᠤᠭᠤᠯᠢ ᠳᠤ ᠵᠦᠷᠢᠶᠡᠳᠤ | ᠲᠤᠭᠠᠨ ᠤ ᠰᠤᠩᠭᠤᠭᠤᠯᠢ ᠶᠢᠨ ᠠᠷᠭ᠎ᠠ ᠶᠢ ᠠᠪᠴᠦ᠂ ᠵᠦᠷᠢᠶᠡᠳᠤ ᠲᠤᠭᠠᠨ ᠤ ᠬᠠᠷᠢᠴᠠᠯ ᠪᠦᠷ 8% ᠠᠴᠠ ᠦᠨᠳᠤᠷ | ᠪᠤᠯᠤᠭᠰᠠᠠ ᠪᠠᠶᠢᠨ᠎ᠠ᠃ ᠪᠦᠬᠦ᠋ᠢᠯᠡ ᠪᠡᠯᠡᠳᠬᠡᠯ ᠰᠤᠩᠭᠤᠭᠤᠯᠢ ᠶᠢᠨ ᠠᠵᠢᠯ ᠢ ᠶᠡᠭᠡ ᠬᠤᠷᠠᠯ ᠤᠨ ᠲᠡᠷᠢᠬᠦᠯᠡᠭᠴᠢᠳ ᠤᠨ | ᠪᠦᠯᠬᠦᠮ ᠤᠨ ᠤᠳᠤᠷᠢᠳᠤᠯᠭ᠎ᠠ ᠲᠤᠤᠷ᠎ᠠ᠂ ᠪᠢᠯᠧᠲ ᠪᠠᠶᠢᠴᠠᠭᠠᠭᠴᠢ ᠶᠢᠨ ᠬᠢᠨᠠᠯᠳᠠ ᠲᠤᠤᠷ᠎ᠠ᠂ ᠶᠡᠭᠡ ᠬᠤᠷᠠᠯ ᠤᠨ | ᠰᠤᠩᠭᠤᠭᠤᠯᠢ ᠶᠢᠨ ᠠᠷᠭ᠎ᠠ ᠶᠢ ᠴᠢᠩᠭ᠎ᠠ ᠵᠢᠷᠤᠮᠯᠠᠨ ᠶᠠᠪᠤᠭᠳᠠᠭᠤᠯᠵᠥ᠂ ᠪᠡᠯᠡᠳᠬᠡᠯ ᠰᠤᠩᠭᠤᠭᠤᠯᠢ ᠶᠢᠨ ᠦᠷ᠎ᠡ | ᠳ᠋ᠦᠩ ᠨᠢ ᠬᠠᠤᠯᠢ ᠳᠤ ᠨᠡᠶᠢᠴᠡᠵᠥ᠂ ᠬᠦᠴᠦᠨ ᠲᠠᠢ ᠪᠤᠯᠤᠭᠰᠠᠠ ᠪᠠᠶᠢᠨ᠎ᠠ᠃ | ᠶᠡᠭᠡ ᠬᠤᠷᠠᠯ ᠤᠨ ᠰᠤᠩᠭᠤᠭᠤᠯᠢ ᠶᠢᠨ ᠠᠷᠭ᠎ᠠ ᠶᠢᠨ ᠲᠤᠭᠳᠠᠭᠠᠯ ᠪᠤᠯᠤᠨ ᠡᠳᠤᠷ ᠤᠨ ᠲᠡᠰ ᠲᠠᠷᠠᠭᠠᠯᠠᠯ ᠤᠨ | ᠲᠤᠬᠢᠷᠠᠭᠤᠯᠤᠯᠳᠠ ᠶᠢ ᠦᠨᠳᠦᠰᠦᠯᠡᠨ 23 ᠤ ᠦᠳᠡ ᠶᠢᠨ ᠬᠤᠶᠢᠨ᠎ᠡ᠂ ᠶᠡᠭᠡ ᠬᠤᠷᠠᠯ ᠠᠴᠠ ᠡᠯ᠎ᠡ | ᠲᠦᠯᠥᠬᠡᠯᠡᠭᠴᠢᠳ ᠤᠨ ᠪᠦᠯᠬᠦᠮ ᠤᠨ ᠲᠤᠭᠤᠶᠢᠯᠠᠩ ᠤᠨ ᠬᠤᠷᠠᠯ ᠢ ᠬᠤᠷᠠᠯᠳᠤᠭᠤᠯᠵᠥ᠂ ᠲᠡᠷᠢᠬᠦᠯᠡᠭᠴᠢᠳ ᠤᠨ | ᠪᠦᠯᠬᠦᠮ ᠤᠨ ᠭᠤᠷᠪᠠᠳᠤᠭᠠᠷ᠂ ᠲᠦᠷᠪᠡᠳᠤᠭᠡᠷ ᠬᠤᠷᠠᠯ ᠠᠴᠠ ᠪᠠᠳᠤᠯᠠᠭᠰᠠᠠ ᠲᠦᠪ ᠬᠤᠷᠢᠶᠠᠨ ᠤ ᠬᠡᠰᠢᠬᠦᠨ᠂ ᠲᠦᠪ | ᠬᠤᠷᠢᠶᠡᠨ ᠤ ᠤᠷᠤᠯᠠᠭᠴᠢ ᠬᠡᠰᠢᠬᠦᠨ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ ᠤ | ᠵᠢᠱᠢᠭᠳᠡᠭᠴᠢ ᠶᠢᠨ ᠨᠡᠷᠡᠰ ᠢ ᠶᠠᠷᠢᠯᠴᠠᠵᠠᠢ᠃ | 24 ᠤ ᠦᠳᠡ ᠶᠢᠨ ᠡᠮᠤᠨ᠎ᠡ᠂ ᠶᠡᠭᠡ ᠬᠤᠷᠠᠯ ᠠᠴᠠ ᠵᠢᠩᠬᠢᠨᠢ ᠰᠤᠩᠭᠤᠭᠤᠯᠢ ᠶᠠᠪᠤᠭᠤᠯᠤᠨ᠎ᠠ᠃ | |