ᠣᠷᠴᠢᠮᠬᠠᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ︽ᠡᠮ ᠤᠨ ᠵᠦᠢᠯ ᠤᠨ | ᠦᠢᠯᠡᠳᠪᠦᠷᠢᠯᠡᠯ ᠭᠦᠢᠯᠭᠡᠭᠡᠨ ᠬᠡᠷᠡᠭᠯᠡᠯᠲᠡ ᠶᠢᠨ ᠲᠥᠷᠥ ᠶᠢᠨ ᠪᠤᠳᠤᠯᠭ᠎ᠠ ᠶᠢ ᠤᠯᠠᠮ ᠨᠢᠭᠡ ᠠᠯᠬᠤᠮ ᠥᠭᠡᠷᠡᠴᠢᠯᠡᠨ | ᠪᠦᠷᠢᠨᠰᠢᠭᠦᠯᠬᠦ ᠲᠤᠬᠠᠶ ᠬᠡᠷᠡᠭᠵᠢᠭᠦᠯᠬᠦ ᠰᠠᠨᠠᠯ︾ ︵ᠳᠣᠷᠣᠭᠰᠢ ︽ᠬᠡᠷᠡᠭᠵᠢᠭᠦᠯᠬᠦ ᠰᠠᠨᠠᠯ︾ ᠭᠡᠵᠦ ᠳᠥᠭᠦᠮᠴᠢᠯᠡᠨ᠎ᠡ︶ | ᠢ ᠲᠣᠭᠲᠠᠭᠠᠨ ᠨᠡᠶᠢᠲᠡᠯᠡᠪᠡ᠃ ︽ᠬᠡᠷᠡᠭᠵᠢᠭᠦᠯᠬᠦ ᠰᠠᠨᠠᠯ︾ ᠳᠤ ᠲᠣᠳᠣᠷᠬᠠᠶᠢᠯᠠᠭᠰᠠᠨ ᠨᠢ᠂ ᠪᠦᠬᠦ ᠣᠷᠣᠨ ᠡᠮ ᠤᠨ | ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ︽ᠬᠤᠶᠠᠷ ᠪᠠᠷᠢᠮᠲᠠ ᠶᠢᠨ ᠲᠦᠷᠢᠮ︾ ᠤᠨ ᠱᠠᠭᠠᠷᠳᠠᠯᠭ᠎ᠠ ᠶᠢ ᠪᠦᠬᠦ | ᠲᠠᠯ᠎ᠠ ᠪᠠᠷ ᠨᠠᠶᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ ᠤ ︽ᠬᠤᠶᠠᠷ ᠪᠠᠷᠢᠮᠲᠠ ᠶᠢᠨ ᠲᠦᠷᠢᠮ︾ ᠤᠨ | ᠬᠡᠷᠡᠭᠵᠢᠭᠦᠯᠬᠦ ᠲᠥᠰᠦᠯ ᠢ ᠲᠣᠭᠲᠠᠭᠠᠵᠤ᠂ 2017 ᠣᠨ ᠤ ᠵᠢᠯ ᠤᠨ ᠡᠴᠦᠰ ᠪᠣᠯᠬᠤ ᠳᠤ ᠪᠥᠬᠦ ᠣᠷᠣᠨ ᠤ | ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠮ ᠤᠨ ᠵᠦᠢᠯ ᠢ ᠬᠤᠳᠠᠯᠳᠤᠨ ᠠᠪᠬᠤ ᠪᠠ | ᠪᠣᠷᠣᠯᠠᠭᠤᠯᠬᠤ ︽ᠬᠤᠶᠠᠷ ᠪᠠᠷᠢᠮᠲᠠ ᠶᠢᠨ ᠲᠦᠷᠢᠮ︾ ᠢ ᠪᠦᠬᠦ ᠲᠠᠯ᠎ᠠ ᠪᠠᠷ ᠬᠡᠷᠡᠭᠵᠢᠭᠦᠯᠬᠦ ᠬᠡᠷᠡᠭᠲᠡᠢ᠃ ᠬᠢᠨᠠᠨ | ᠬᠠᠮᠢᠶᠠᠷᠬᠤ ᠠᠷᠭ᠎ᠠ ᠶᠢ ᠢᠳᠡᠪᠬᠢᠲᠡᠶ ᠰᠢᠨᠡᠴᠢᠯᠡᠨ᠂ ᠲᠠᠪᠴᠠᠩ ᠤᠨ ᠴᠢᠳᠠᠮᠵᠢ ᠪᠠᠨ ᠪᠦᠷᠢᠨᠰᠢᠭᠦᠯᠵᠦ᠂ ᠮᠡᠳᠡᠭᠡ | ᠵᠠᠩᠭᠢ ᠶᠢ ᠬᠡᠷᠡᠭᠯᠡᠬᠦ ᠵᠡᠷᠭᠡ ᠳᠥᠭᠦᠮ ᠳᠥᠲᠡ ᠠᠷᠭ᠎ᠠ ᠪᠠᠷᠢᠯ ᠢᠶᠠᠷ ︽ᠬᠤᠶᠠᠷ ᠪᠠᠷᠢᠮᠲᠠ ᠶᠢᠨ ᠲᠦᠷᠢᠮ︾ ᠤᠨ | ᠨᠠᠶᠢᠳᠠᠪᠤᠷᠢᠵᠢᠭᠤᠯᠤᠯᠲᠠ ᠶᠢ ᠠᠬᠢᠭᠤᠯᠵᠦ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ︽ | ᠬᠤᠶᠠᠷ ᠪᠠᠷᠢᠮᠲᠠ ᠶᠢᠨ ᠲᠦᠷᠢᠮ︾ ᠢ ᠰᠠᠶᠢᠲᠤᠷ ᠬᠡᠷᠡᠭᠵᠢᠭᠦᠯᠬᠦ ᠶᠢ ᠵᠢᠯᠣᠭᠤᠳᠬᠤ ᠬᠡᠷᠡᠭᠲᠡᠢ ᠭᠡᠪᠡ᠃ | ︽ᠬᠡᠷᠡᠭᠵᠢᠭᠦᠯᠬᠦ ᠰᠠᠨᠠᠯ︾ ᠳᠤ ᠴᠢᠬᠤᠯᠠᠴᠢᠯᠠᠭᠰᠠᠨ ᠨᠢ᠂ ᠡᠮ ᠤᠨ ᠵᠦᠢᠯ ᠤᠨ ᠭᠦᠢᠯᠭᠡᠭᠡᠨ ᠤ ᠠᠵᠤ | ᠠᠬᠤᠶᠢᠯᠠᠯ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠨᠤᠭᠤᠳ ᠡᠮ ᠤᠨ ᠵᠦᠢᠯ ᠢ ᠬᠤᠳᠠᠯᠳᠤᠨ | ᠠᠪᠬᠤ ᠪᠠ ᠪᠣᠷᠣᠯᠠᠭᠤᠯᠬᠤ ᠳᠤ ᠪᠦᠷᠢᠨ ᠲᠡᠭᠦᠯᠳᠡᠷ ᠮᠡᠳᠡᠭᠡ ᠵᠠᠩᠭᠢ ᠪᠦᠬᠦᠢ ᠬᠤᠳᠠᠯᠳᠤᠨ ᠠᠪᠤᠭᠰᠠᠨ ᠪᠠ | ᠪᠣᠷᠣᠯᠠᠭᠤᠯᠤᠭᠰᠠᠨ ᠲᠡᠮᠳᠡᠭᠯᠡᠯ ᠪᠠᠶᠢᠭᠤᠯᠵᠤ᠂ ᠫᠢᠶᠣᠣ ᠪᠠᠷᠢᠮᠲᠠ᠂ ᠲᠡᠩᠰᠠ᠂ ᠪᠠᠷᠠᠭ᠎ᠠ᠂ ᠪᠠᠷᠠᠭᠠᠨ ᠤ ᠵᠣᠭᠤᠰ ᠨᠢ | ᠬᠠᠷᠢᠯᠴᠠᠨ ᠨᠢᠭᠡᠳᠦᠯᠲᠡᠶ ᠪᠠᠶᠢᠵᠤ᠂ ᠪᠠᠷᠠᠭ᠎ᠠ ᠳᠠᠭᠠᠬᠤ ᠬᠠᠭᠤᠳᠠᠰᠤ ᠶᠢ ᠡᠮ ᠤᠨ ᠵᠦᠢᠯ ᠲᠠᠢ ᠪᠠᠨ ᠬᠠᠮᠲᠤ | ᠶᠠᠪᠤᠭᠤᠯᠬᠤ ᠬᠡᠷᠡᠭᠲᠡᠢ᠃ ᠡᠮ ᠤᠨ ᠵᠦᠢᠯ ᠤᠨ ᠭᠦᠢᠯᠭᠡᠭᠡᠨ ᠤ ᠠᠵᠤ ᠠᠬᠤᠶᠢᠯᠠᠯ ᠤᠨ ᠬᠤᠳᠠᠯᠳᠤᠨ ᠠᠪᠤᠭᠰᠠᠨ ᠪᠠ | ᠪᠣᠷᠣᠯᠠᠭᠤᠯᠤᠭᠰᠠᠨ ᠲᠡᠮᠳᠡᠭᠯᠡᠯ ᠪᠣᠯᠣᠨ ᠫᠢᠶᠣᠣ ᠪᠠᠷᠢᠮᠲᠠ ᠶᠢᠨ ᠬᠠᠮᠢᠶᠠᠷᠤᠯᠲᠠ ᠳᠤ ᠪᠠᠶᠢᠴᠠᠭᠠᠬᠤ ᠡᠷᠴᠢᠮ ᠢᠶᠠᠨ | ᠴᠢᠩᠭᠠᠷᠠᠭᠤᠯᠵᠤ᠂ ᠡᠮ ᠤᠨ ᠵᠦᠢᠯ ᠢ ᠪᠥᠭᠡᠮ ᠢᠶᠠᠷ ᠪᠤᠷᠤᠯᠠᠭᠤᠯᠬᠤ ᠠᠵᠤ ᠠᠬᠤᠶᠢᠯᠠᠯ᠂ ᠡᠮ ᠤᠨ ᠵᠦᠢᠯ ᠢ ᠵᠢᠵᠢᠭᠯᠡᠨ | ᠬᠤᠳᠠᠯᠳᠤᠬᠤ ᠬᠡᠯᠬᠢᠶ᠎ᠡ ᠠᠵᠤ ᠠᠬᠤᠶᠢᠯᠠᠯ ᠤᠨ ᠶᠡᠷᠦᠩᠬᠡᠶ ᠬᠡᠯᠲᠡᠰ ᠲᠤ ᠣᠷᠣᠰᠢᠵᠤ ᠪᠠᠶᠢᠭ᠎ᠠ ᠪᠠᠷᠠᠭᠠᠨ ᠤ ᠳᠠᠩᠰᠠ | ᠫᠢᠶᠣᠣ ᠪᠠᠷᠢᠮᠲᠠ ᠵᠣᠭᠤᠰ ᠨᠢ ᠠᠳᠠᠯᠢ ᠦᠭᠡᠢ ᠪᠠᠶᠢᠬᠤ᠂ ᠲᠤᠭ᠎ᠠ ᠪᠠᠷᠢᠮᠲᠠ ᠶᠢ ᠬᠤᠳᠠᠯ ᠬᠠᠭᠤᠷᠮᠠᠭ ᠢᠶᠠᠷ | ᠵᠣᠬᠢᠶᠠᠭᠰᠠᠨ ᠵᠡᠷᠭᠡ ᠬᠠᠤᠯᠢ ᠲᠣᠭᠲᠠᠭᠠᠯ ᠠᠴᠠ ᠵᠥᠷᠢᠴᠡᠭᠰᠡᠨ ᠥᠢᠯᠡ ᠠᠵᠢᠯᠯᠠᠭ᠎ᠠ ᠳᠤ ᠲᠤᠰᠬᠠᠶ ᠴᠡᠭᠴᠡᠯᠡᠨ | ᠵᠠᠰᠠᠯᠲᠠ ᠬᠢᠵᠦ᠂ ᠰᠢᠳᠬᠡᠬᠦ ᠡᠷᠴᠢᠮ ᠢᠶᠠᠨ ᠴᠢᠩᠭᠠᠷᠠᠭᠤᠯᠬᠤ ᠬᠡᠷᠡᠭᠲᠡᠢ᠃ ᠠᠵᠤ ᠠᠬᠤᠶᠢᠯᠠᠯ ᠡᠮ ᠤᠨ ᠵᠦᠢᠯ ᠢ | ᠪᠣᠷᠣᠯᠠᠭᠤᠯᠬᠤ ᠳᠠᠭᠠᠨ ᠲᠣᠭᠲᠠᠭᠠᠯ ᠶᠣᠰᠣᠭᠠᠷ ᠪᠠᠷᠢᠮᠲᠠ ᠪᠣᠯᠣᠨ ᠪᠣᠷᠣᠯᠠᠭᠤᠯᠤᠭᠰᠠᠨ ᠭᠡᠷᠡᠴᠢ ᠳᠡᠮᠳᠡᠭ ᠣᠯᠭᠤᠬᠤ | ᠬᠡᠷᠡᠭᠲᠡᠶ᠃ ᠡᠮ ᠤᠨ ᠵᠦᠢᠯ ᠢ ᠬᠤᠳᠠᠯᠳᠤᠨ ᠠᠪᠬᠤ ᠪᠠ ᠪᠣᠷᠣᠯᠠᠭᠤᠯᠬᠤ ᠫᠢᠶᠣᠣ ᠪᠠᠷᠢᠮᠲᠠ ᠶᠢᠨ ᠬᠠᠮᠢᠶᠠᠷᠤᠯᠲᠠ ᠶᠢ | ᠵᠢᠷᠤᠮᠵᠢᠭᠤᠯᠬᠤ ᠡᠯᠤᠺᠲᠷᠦᠡᠵᠢᠬᠦᠯᠬᠦ ᠶᠢ ᠢᠳᠡᠪᠬᠢᠲᠡᠶ ᠳᠡᠯᠭᠡᠷᠡᠭᠦᠯᠵᠦ᠂ ︽ᠬᠤᠶᠠᠷ ᠪᠠᠷᠢᠮᠲᠠ ᠶᠢᠨ ᠲᠦᠷᠢᠮ︾ ᠤᠨ | ᠤᠷᠤᠭᠰᠢᠲᠠᠶ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ ᠭᠡᠪᠡ᠃ | ︽ᠬᠡᠷᠡᠭᠵᠢᠭᠦᠯᠬᠦ ᠰᠠᠨᠠᠯ︾ ᠳᠤ ᠱᠠᠭᠠᠷᠳᠠᠭᠰᠠᠨ ᠨᠢ᠂ ᠡᠮ ᠤᠨ ᠵᠦᠢᠯ ᠢ ᠲᠥᠷᠥᠯ ᠬᠤᠪᠢᠶᠠᠨ ᠬᠤᠳᠠᠯᠳᠤᠨ | ᠠᠪᠬᠤ ᠲᠦᠷᠦ ᠶᠢᠨ ᠪᠤᠳᠤᠯᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠢᠯᠡ ᠲᠣᠳᠣ᠂ ᠲᠥᠪ ᠭᠤᠣᠯᠴᠢ ᠪᠠᠷ | ᠥᠷᠢᠰᠥᠯᠳᠦᠬᠦ ᠵᠠᠷᠴᠢᠮ ᠶᠣᠰᠣᠭᠠᠷ᠂ ᠬᠢᠨᠠᠨ ᠲᠣᠭᠲᠠᠭᠠᠬᠤ ᠬᠦᠴᠦᠨ ᠵᠦᠢᠯ ᠢ ᠰᠢᠨᠵᠢᠯᠡᠬᠦ ᠤᠬᠠᠭᠠᠨᠴᠢ ᠪᠠᠷ | ᠪᠠᠶᠢᠷᠢᠯᠠᠭᠤᠯᠵᠤ᠂ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠡᠮ ᠤᠨ ᠵᠦᠢᠯ ᠢ | ᠲᠥᠪᠯᠡᠷᠡᠭᠦᠯᠦᠨ ᠬᠤᠳᠠᠯᠳᠤᠨ ᠠᠪᠬᠤ ᠠᠵᠢᠯᠯᠠᠭᠠᠨ ᠳᠤ ᠣᠷᠣᠯᠴᠠᠬᠤ ᠬᠡᠮᠵᠢᠶ᠎ᠡ ᠶᠢ ᠤᠯᠠᠮ ᠳᠡᠭᠡᠭᠰᠢᠯᠡᠭᠦᠯᠬᠦ ᠬᠡᠷᠡᠭᠲᠡᠢ᠃ | ᠬᠤᠳᠠ ᠶᠢᠨ ᠠᠯᠪᠠᠨ ᠠᠴᠠ ᠪᠠᠶᠢᠭᠤᠯᠤᠭᠰᠠᠨ ᠡᠮᠴᠢᠯᠡᠭᠡᠨ ᠤ ᠪᠠᠶᠢᠭᠤᠯᠤᠮᠵᠢ ᠶᠢᠨ ᠶᠡᠷᠦᠩᠬᠡᠶᠢᠯᠡᠭᠰᠡᠨ | ᠥᠭᠡᠷᠡᠴᠢᠯᠡᠯᠲᠡ ᠶᠢᠨ ᠲᠤᠷᠰᠢᠯᠲᠠ ᠶᠢᠨ ᠴᠢᠭ᠋ ᠤᠨ ᠠᠶᠢᠮᠠᠭ ᠬᠤᠳᠠ ᠨᠢ ᠥᠪᠡᠷᠲᠡᠭᠡᠨ ᠵᠠᠰᠠᠬᠤ ᠣᠷᠣᠨ ᠤ ᠡᠮ ᠤᠨ | ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠲᠠᠪᠴᠠᠩ ᠤᠨ ᠬᠢᠨᠠᠯᠲᠠ ᠳᠣᠣᠷ᠎ᠠ᠂ ᠥᠪᠡᠰᠦᠪᠡᠨ ᠬᠤᠳᠠᠯᠳᠤᠨ | ᠠᠪᠬᠤ ᠪᠠ ᠣᠷᠣᠨ ᠪᠦᠰᠡ ᠠᠯᠤᠰᠯᠠᠨ ᠬᠠᠮᠲᠤᠷᠠᠨ ᠬᠤᠳᠠᠯᠳᠤᠨ ᠠᠪᠬᠤ ᠠᠵᠢᠯᠯᠠᠭ᠎ᠠ ᠥᠷᠨᠢᠭᠦᠯᠬᠦ ᠶᠢ ᠶᠡᠬᠡᠪᠡᠷ | ᠠᠬᠢᠭᠤᠯᠬᠤ ᠬᠡᠷᠡᠭᠲᠡᠶ᠃ ︽ᠥᠪᠡᠷᠲᠡᠭᠡᠨ ᠵᠠᠰᠠᠬᠤ ᠣᠷᠣᠨ ᠤ ᠨᠢᠭᠡ ᠲᠠᠪᠴᠠᠩ᠂ ᠳᠠᠭᠠᠭᠠᠴᠢᠯᠠᠯᠲᠠ ᠵᠠᠷᠯᠠᠬᠤ | ᠬᠤᠳᠠᠯᠳᠤᠨ ᠠᠪᠬᠤ ᠶᠢ ᠨᠢᠭᠡᠳᠬᠡᠬᠦ᠂ ᠬᠡᠮᠵᠢᠶ᠎ᠡ ᠪᠠ ᠦᠨ᠎ᠡ ᠬᠠᠩᠰᠢ ᠶᠢ ᠬᠤᠯᠪᠣᠭᠳᠠᠭᠤᠯᠬᠤ︾ ᠵᠡᠷᠭᠡ ᠵᠠᠷᠴᠢᠮ ᠢ | ᠪᠠᠷᠢᠮᠳᠠᠯᠠᠭᠰᠠᠨ ᠰᠠᠭᠤᠷᠢᠨ ᠳᠡᠭᠡᠷ᠎ᠡ ᠡᠮᠴᠢᠯᠡᠭᠡᠨ ᠤ ᠬᠤᠯᠪᠣᠭᠠᠲᠤ ᠴᠣᠭᠴᠠ ᠶᠢᠨ ᠬᠡᠮᠵᠢᠶ᠎ᠡ ᠪᠣᠯᠣᠨ | ᠲᠥᠰᠦᠪ ᠢᠶᠠᠷ ᠢᠶᠠᠨ ᠬᠤᠳᠠᠯᠳᠤᠨ ᠠᠪᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠬᠡᠷᠡᠭᠲᠡᠶ ᠭᠡᠵᠡᠢ᠃ |