ᠪᠦᠬᠦ ᠤᠷᠤᠨ ᠤ ᠠᠯᠪᠡᠨ ᠠᠴᠠ ᠪᠠᠶᠢᠭᠤᠯᠤᠬᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢᠨ ᠲᠤᠷᠰᠢᠯᠭ᠎ᠠ ᠰᠣᠯᠢᠯᠴᠠᠬᠤ ᠬᠤᠷᠠᠯ ᠬᠤᠷᠠᠯᠳᠤᠵᠠᠢ
ᠨᠡᠶᠢᠲᠡᠯᠡᠭᠰᠡᠨ ᠴᠠᠭ᠄
2017/10/24
      10 ᠳ᠋ᠤᠭᠠᠷ ᠰᠠᠷ᠎ᠠ ᠶᠢᠨ 23᠎ ᠤ ᠡᠳᠦᠷ᠂ ᠪᠦᠬᠦ ᠤᠷᠤᠨ ᠤ ᠠᠯᠪᠡᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠭᠡᠶᠢᠯᠡᠭᠰᠡᠨ ᠦᠭᠡᠷᠡᠴᠢᠯᠡᠯᠳᠠ ᠶᠢᠨ ᠲᠤᠷᠰᠢᠯᠭ᠎ᠠ ᠰᠤᠯᠢᠯᠴᠠᠬᠤ ᠬᠤᠷᠠᠯ ᠦᠬᠠᠢ ᠬᠤᠳᠠ ᠳᠤ ᠬᠤᠷᠠᠯᠳᠤᠵᠠᠢ᠃ ᠦᠪᠡᠷᠲᠡᠭᠡᠨ ᠵᠠᠰᠠᠬᠤ ᠤᠷᠤᠨ ᠤ ᠳᠡᠳ᠋ ᠲᠡᠷᠢᠬᠦᠯᠡᠭᠴᠢ ᠯᠢᠦ ᠰᠢᠨ ᠯᠧ ᠬᠤᠷᠠᠯ ᠳᠤ ᠤᠷᠤᠯᠴᠠᠵᠤ ᠶᠠᠷᠢᠶ᠎ᠠ ᠲᠠᠯᠪᠢᠪᠠ᠃      ᠯᠢᠦ ᠰᠢᠨ ᠯᠧ ᠴᠢᠬᠤᠯᠠᠴᠢᠯᠠᠬᠰᠠᠨ ᠨᠢ᠂ ᠡᠯ᠎ᠠ ᠭᠠᠵᠠᠷ ᠤᠷᠤᠨ ᠡᠯ᠎ᠠ ᠰᠠᠯᠠᠭ᠎ᠠ ᠮᠦᠴᠢᠷ ᠤᠨ ᠬᠢᠨ ᠤᠯᠤᠭᠰᠠᠨ ᠠᠮᠵᠢᠯᠳᠠ ᠪᠠ ᠤᠷᠤᠰᠢᠵᠦ ᠪᠠᠶᠢᠭ᠎ᠠ ᠠᠰᠠᠭᠤᠳᠠᠯ ᠢ ᠵᠦᠪ ᠢᠶᠠᠷ ᠲᠠᠨᠢᠵᠦ᠂ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠠ ᠶᠢᠨ ᠠᠵᠢᠯ ᠢ ᠰᠠᠶᠢᠳᠤᠷ ᠬᠢᠬᠦ ᠡᠭᠦᠷᠭᠡ ᠬᠠᠷᠢᠭᠤᠴᠠᠯᠭ᠎ᠠ ᠪᠠᠨ ᠴᠢᠨᠠᠭᠰᠢᠳᠠ ᠴᠢᠩᠭᠠᠳᠬᠠᠵᠤ᠂ ᠵᠠᠰᠠᠭ ᠎ ᠤᠨ ᠤᠷᠳᠤᠨ ᠤ ᠬᠠᠷᠢᠭᠤᠴᠠᠯᠭ᠎ᠠ ᠪᠠᠨ ᠨᠠᠶᠢᠳᠠᠪᠤᠷᠢᠵᠢᠭᠤᠯᠬᠤ ᠶᠢ ᠦᠷᠬᠦᠯᠵᠢᠯᠡᠨ ᠠᠬᠢᠭᠤᠯᠵᠦ᠂ ᠡᠮ ᠡᠮᠨᠡᠯᠭᠡ ᠶᠢᠨ ᠰᠦᠢᠳᠭᠡᠯ ᠤᠨ ᠵᠤᠬᠢᠰ ᠦᠭᠡᠢ ᠨᠡᠮᠡᠭᠳᠡᠯ ᠢ ᠴᠢᠩᠭ᠎ᠠ ᠡᠵᠡᠮᠳᠡᠵᠦ᠂ ᠠᠯᠪᠡᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠠ ᠶᠢᠨ ᠵᠢᠱᠢᠶ᠎ᠠ ᠦᠵᠡᠬᠦᠯᠬᠦ ᠠᠵᠢᠯ ᠢ ᠴᠢᠩᠭᠠᠳᠬᠠᠵᠦ᠂ ᠲᠡᠰ ᠬᠤᠪᠢᠶᠠᠨ ᠤᠨᠤᠰᠢᠯᠠᠨ ᠡᠮᠨᠡᠬᠦ ᠲᠦᠷᠢᠮ ᠤᠨ ᠪᠠᠶᠢᠭᠤᠯᠤᠯᠳᠠ ᠶᠢ ᠴᠢᠩᠭᠠᠳᠬᠠᠵᠦ᠂ ᠤᠳᠤ ᠦᠶ᠎ᠡ ᠶᠢᠨ ᠡᠮᠨᠡᠯᠭᠡ ᠶᠢᠨ ᠬᠤᠷᠢᠶᠠᠨ ᠤ ᠬᠠᠮᠢᠶᠠᠷᠤᠯᠳᠠ ᠶᠢᠨ ᠲᠦᠷᠢᠮ ᠤᠨ ᠪᠠᠶᠢᠭᠤᠯᠤᠯᠳᠠ ᠶᠢ ᠠᠬᠢᠭᠤᠯᠵᠦ᠂ ᠮᠤᠩᠭᠤᠯ ᠬᠢᠳᠡᠳ ᠡᠮ ᠡᠮᠨᠡᠯᠭᠡ ᠶᠢᠨ ᠦᠪᠡᠷᠮᠢᠴᠡ ᠳᠠᠪᠠᠭᠤᠯᠢᠭ ᠢ ᠪᠠᠳᠠᠷᠠᠭᠤᠯᠵᠦ᠂ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠠ ᠶᠢᠨ ᠭᠤᠤᠯᠳᠠᠯᠭ᠎ᠠ ᠲᠠᠢ ᠬᠦᠷᠢᠶᠡᠨ ᠳᠠᠬᠢ ᠰᠢᠨ᠎ᠠ ᠠᠬᠢᠯᠳᠠ ᠶᠢ ᠠᠬᠢᠭᠤᠯᠬᠤ ᠭᠡᠷᠡᠭᠲᠡᠢ ᠭᠡᠪᠡ᠃      ᠬᠤᠷᠠᠯ ᠳᠡᠭᠡᠷ᠎ᠠ᠂ ᠦᠪᠡᠷᠲᠡᠭᠡᠨ ᠵᠠᠰᠠᠬᠤ ᠤᠷᠤᠨ ᠤ ᠡᠷᠡᠬᠦᠯ ᠬᠠᠮᠠᠭᠠᠯᠠᠯ ᠲᠦᠯᠦᠪᠯᠡᠭᠡᠳᠦ ᠦᠷᠡᠵᠢᠯ ᠤᠨ ᠵᠦᠪᠯᠡᠯ ᠤᠨ ᠡᠷᠬᠢᠯᠡᠭᠴᠢ ᠡᠸᠦ ᠶᠠᠩ ᠰᠢᠶᠤᠤ ᠬᠤᠢ ᠪᠦᠬᠦ ᠤᠷᠤᠨ ᠤ ᠠᠯᠪᠡᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠦᠭᠡᠷᠡᠴᠢᠯᠡᠯᠳᠠ ᠶᠢᠨ ᠠᠬᠢᠴᠠ ᠶᠢᠨ ᠪᠠᠶᠢᠳᠠᠯ ᠢ ᠮᠡᠳᠡᠭᠳᠡᠪᠡ᠃
 
ᠢᠷᠡᠯᠲᠡ᠄ ᠥᠪᠥᠷ ᠮᠣᠩᠭᠤᠯ ᠤᠨ ᠡᠳᠦᠷ ᠎ ᠤᠨ ᠰᠣᠨᠢᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号