ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ | ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ | ᠶᠢ ᠰᠤᠩᠭᠤᠨ ᠭᠠᠷᠭᠠᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠬᠡᠯ ᠤᠨ | ᠲᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠬᠦᠯᠥᠯᠳᠡ ᠶᠢᠨ | ᠲᠤᠬᠠᠢ ᠰᠢᠢᠳᠪᠤᠷᠢ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ᠵᠠᠰᠠᠪᠤᠷᠢ ᠤᠷᠤᠭᠤᠯᠤᠭᠰᠠᠠ | ᠲᠦᠰᠦᠯ︶︾ ᠤᠨ ᠲᠤᠬᠠᠢ ᠰᠢᠢᠳᠪᠤᠷᠢ ᠶᠢ ᠪᠠᠲᠤᠯᠠᠪᠠ | ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠡᠢ᠃ | | 10 ᠳ᠋ᠤᠭᠠᠷ ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ᠃ | ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠦ ᠴᠢᠬᠤᠯᠠ ᠶᠠᠷᠢᠶ᠎ᠠ ᠲᠠᠯᠪᠢᠵᠠᠢ᠃ | ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ | ᠲᠦᠯᠥᠬᠡᠯᠡᠭᠴᠢᠳ ᠤᠨ ᠶᠡᠭᠡ ᠬᠤᠷᠠᠯ ᠰᠢᠨ᠎ᠡ ᠨᠢᠬᠡ ᠬᠤᠭᠤᠴᠠᠭᠠᠨ ᠤ ᠲᠦᠪ ᠬᠤᠷᠢᠶ᠎ᠠ ᠪᠤᠯᠤᠨ ᠲᠦᠪ ᠤᠨ ᠰᠠᠬᠢᠯᠭ᠎ᠠ | ᠪᠠᠳᠤ ᠪᠠᠶᠢᠴᠠᠭᠠᠬᠤ ᠬᠤᠷᠢᠶ᠎ᠠ ᠶᠢ ᠰᠤᠩᠭᠤᠨ ᠭᠠᠷᠭᠠᠵᠥ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶᠠᠨ ᠤ ᠢᠯᠡᠳᠬᠡᠯ ᠤᠨ ᠲᠤᠬᠠᠢ ᠰᠢᠢᠳᠪᠤᠷᠢ᠂ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠠᠵᠢᠯ | ᠤᠨ ᠮᠡᠳᠡᠬᠦᠯᠥᠯᠳᠡ ᠶᠢᠨ ᠲᠤᠬᠠᠢ ᠰᠢᠢᠳᠪᠤᠷᠢ᠂ ︽ᠲᠤᠮᠳᠠᠳᠤ ᠤᠯᠤᠰ ᠤᠨ ᠡᠪ ᠬᠠᠮᠳᠤ ᠨᠠᠮ ᠤᠨ ᠲᠦᠷᠢᠮ ︵ | ᠵᠠᠰᠠᠪᠤᠷᠢ ᠤᠷᠤᠭᠤᠯᠤᠭᠰᠠᠠ ᠲᠦᠰᠦᠯ︶︾ ᠤᠨ ᠲᠤᠬᠠᠢ ᠰᠢᠢᠳᠪᠤᠷᠢ ᠶᠢ ᠪᠠᠳᠤᠯᠠᠭᠠᠳ᠂ 24 ᠤ ᠡᠳᠦᠷ ᠤᠨ ᠦᠳᠡ | ᠶᠢᠨ ᠡᠮᠤᠨ᠎ᠡ ᠠᠷᠠᠳ ᠤᠨ ᠶᠡᠭᠡ ᠬᠤᠷᠠᠯ ᠤᠨ ᠲᠠᠩᠬᠢᠮ ᠳᠤ ᠠᠮᠵᠢᠯᠳᠠ ᠲᠠᠢ ᠲᠡᠬᠦᠰᠪᠡ᠃ | ᠶᠡᠭᠡ ᠬᠤᠷᠠᠯ ᠠᠴᠠ᠂ ᠪᠦᠬᠦ ᠨᠠᠮ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ | ᠰᠢ ᠶᠢᠨ ᠫᠢᠩ ᠨᠦᠬᠦᠷ ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ | ᠪᠦᠯᠬᠦᠮᠳᠡᠵᠥ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ | ᠮᠠᠨᠳᠤᠭᠤᠯᠵᠥ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ | ᠵᠢᠷᠤᠮ ᠤᠨ ᠦᠵᠡᠯ ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠥ᠂ ᠰᠡᠳᠬᠢᠯ ᠰᠢᠭᠤᠳᠤᠨ ᠴᠢᠷᠮᠠᠶᠢᠵᠤ | ᠂ ᠰᠢᠷᠭᠠᠭᠤ ᠬᠠᠳᠠᠭᠤᠵᠢᠯᠳᠠᠢ ᠪᠠᠷ ᠠᠵᠢᠯᠯᠠᠵᠤ᠂ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠶᠢ ᠠᠬᠢᠭᠤᠯᠬᠤ᠂ | ᠡᠬᠡ ᠤᠯᠤᠰ ᠤᠨ ᠨᠢᠬᠡᠳᠤᠯ ᠢ ᠪᠡᠶᠡᠯᠡᠬᠦᠯᠬᠦ᠂ ᠲᠡᠯᠡᠬᠡᠢ ᠶᠢᠨ ᠡᠩᠬᠡ ᠲᠠᠶᠢᠪᠤᠩ ᠢ ᠬᠠᠮᠠᠭᠠᠯᠠᠬᠤ ᠬᠢᠬᠡᠳ ᠬᠠᠮᠳᠤ ᠶᠢᠨ | ᠬᠦᠭᠵᠢᠯᠳᠡ ᠶᠢ ᠠᠬᠢᠭᠤᠯᠬᠤ ᠭᠤᠷᠪᠠᠨ ᠶᠡᠭᠡ ᠲᠡᠤᠬᠡᠳᠤ ᠡᠬᠦᠷᠬᠡ ᠶᠢ ᠪᠡᠶᠡᠯᠡᠬᠦᠯᠬᠦ ᠶᠢᠨ ᠲᠦᠯᠥᠬᠡ᠂ ᠴᠢᠨᠡᠭᠡᠯᠢᠭ | ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠰᠢᠨ᠎ᠡ ᠴᠠᠭ ᠦᠶ᠎ᠡ ᠶᠢᠨ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠡ ᠶᠢ ᠲᠡᠮᠡᠴᠡᠨ ᠤᠯᠬᠤ᠂ | ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ | ᠲᠡᠷᠭᠡᠯᠰᠢᠬᠦᠯᠬᠦ᠂ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢ ᠪᠡᠶᠡᠯᠡᠬᠦᠯᠬᠦ | ᠶᠢᠨ ᠲᠦᠯᠥᠬᠡ ᠦᠷᠬᠦᠯᠵᠢᠯᠡᠨ ᠲᠡᠮᠡᠴᠡᠰᠦᠬᠡᠢ ᠬᠡᠵᠥ ᠤᠷᠢᠶᠠᠯᠠᠪᠠ᠃ | ᠰᠢ ᠶᠢᠨ ᠫᠢᠩ ᠨᠦᠬᠦᠷ ᠶᠡᠭᠡ ᠬᠤᠷᠠᠯ ᠢ ᠡᠷᠬᠢᠯᠡᠵᠡᠢ᠃ | ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ | ᠴᠢ ᠱᠠᠨ᠂ ᠵᠠᠩ ᠭᠤᠤ ᠯᠢ᠂ ᠮᠠ ᠺᠠᠢ᠂ ᠸᠠᠩ ᠬᠤ᠋ ᠨᠢᠩ᠂ ᠯᠢᠦ ᠶᠠᠨ ᠳ᠋ᠦᠩ᠂ ᠯᠢᠦ ᠴᠢ ᠪᠤᠤ᠂ ᠰᠢᠤᠢ ᠴᠢ | ᠯᠢᠶᠠᠩ᠂ ᠰᠦᠨ ᠴᠦᠨ ᠯᠠᠨ᠂ ᠯᠢ ᠵᠢᠶᠠᠨ ᠬᠦᠸᠧ᠂ ᠯᠢ ᠶᠤᠸᠠᠨ ᠴᠤᠤ᠂ ᠸᠠᠩ ᠶᠠᠩ᠂ ᠵᠠᠩ ᠴᠦᠨ ᠰᠢᠶᠠᠨ᠂ ᠹᠠᠨ | ᠴᠠᠩ ᠯᠥᠩ᠂ ᠮᠧᠩ ᠵᠢᠶᠠᠨ ᠵᠦ᠂ ᠵᠤᠤ ᠯᠧ ᠵᠢᠢ᠂ ᠬᠤ᠋ ᠴᠦᠨ ᠬᠤᠸᠠ᠂ ᠯᠢ ᠵᠠᠨ ᠱᠦ᠂ ᠬᠦᠸᠧ ᠶᠢᠨ ᠯᠥᠩ᠂ | ᠬᠠᠨ ᠵᠧᠩ᠂ ᠵᠢᠶᠠᠩ ᠽᠧ ᠮᠢᠨ᠂ ᠬᠤ᠋ ᠶᠢᠨ ᠲᠤᠤ᠂ ᠯᠢ ᠫᠧᠩ᠂ ᠵᠦ ᠷᠦᠩ ᠵᠢᠢ᠂ ᠯᠢ ᠷᠦᠢ ᠬᠤᠸᠠᠨ᠂ ᠦ᠋ ᠪᠠᠩ | ᠬᠦᠸᠧ᠂ ᠸᠧᠨ ᠵᠢᠶᠠ ᠪᠤᠤ᠂ ᠵᠢᠶᠠ ᠴᠢᠩ ᠯᠢᠨ᠂ ᠰᠦᠩ ᠫᠢᠩ᠂ ᠯᠢ ᠯᠠᠨ ᠴᠢᠩ᠂ ᠽᠧᠩ ᠴᠢᠩ ᠬᠤᠩ᠂ ᠦ᠋ | ᠭᠤᠸᠠᠨ ᠵᠧᠩ᠂ ᠯᠢ ᠴᠠᠩ ᠴᠦᠨ᠂ ᠡᡁᠧ ᠬᠦᠸᠧ ᠴᠢᠶᠠᠩ᠂ ᠳ᠋ᠦ᠋ ᠴᠢᠩ ᠯᠢᠨ᠂ ᠵᠤᠤ ᠬᠤᠩ ᠵᠦ᠂ ᠶᠠᠩ ᠵᠢᠩ | ᠵᠡᠷᠭᠡ ᠶᠡᠭᠡ ᠬᠤᠷᠠᠯ ᠤᠨ ᠲᠡᠷᠢᠬᠦᠯᠡᠭᠴᠢᠳ ᠤᠨ ᠪᠦᠯᠬᠦᠮ ᠤᠨ ᠪᠠᠶᠢᠩᠭᠤ ᠶᠢᠨ ᠺᠤᠮᠢᠰ ᠤᠨ ᠪᠦᠷᠢᠯᠳᠦᠬᠦᠨ | ᠲᠡᠷᠢᠬᠦᠯᠡᠭᠴᠢ ᠶᠢᠨ ᠲᠠᠶᠢᠰᠠᠨ ᠤ ᠡᠮᠤᠨ᠎ᠡ ᠮᠦᠷ ᠲᠤ ᠰᠠᠭᠠᠳᠠᠪᠠ᠃ | | 10 ᠳ᠋ᠤᠭᠠᠷ ᠰᠠᠷ᠎ᠠ ᠶᠢᠨ 24 ᠤ ᠡᠳᠦᠷ᠂ ᠳᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ | ᠶᠢᠰᠦᠳᠦᠭᠡᠷ ᠤᠳᠠᠭ᠎ᠠ ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠪᠡᠭᠡᠵᠢᠩ ᠳᠤ ᠲᠡᠭᠦᠰᠪᠡ᠃ | ᠰᠢ ᠶᠢᠨ ᠫᠢᠩ᠂ ᠯᠢ ᠺᠧ ᠴᠢᠶᠠᠩ᠂ ᠵᠠᠩ ᠳ᠋ᠧ ᠵᠢᠶᠠᠩ᠂ ᠢᠤᠢ ᠵᠧᠩ ᠱᠧᠩ᠂ ᠯᠢᠦ ᠶᠦᠨ ᠱᠠᠨ᠂ ᠸᠠᠩ ᠴᠢ ᠱᠠᠨ᠂ | ᠵᠢᠶᠠᠩ ᠽᠧ ᠮᠢᠨ᠂ ᠬᠤ᠋ ᠶᠢᠨ ᠲᠤᠤ ᠲᠡᠷᠢᠭᠦᠯᠡᠭᠴᠢ ᠶᠢᠨ ᠲᠠᠶᠢᠰᠠᠨ ᠳᠤ ᠰᠠᠭᠠᠭᠳᠠᠵᠤ ᠪᠠᠶᠢᠭ᠎ᠠ ᠨᠢ᠃ | ᠦᠳᠡ ᠶᠢᠨ ᠡᠮᠤᠨᠡᠬᠢ 9 ᠴᠠᠭ ᠲᠤ ᠲᠡᠬᠦᠰᠬᠦ ᠬᠤᠷᠠᠯ ᠡᠬᠢᠯᠡᠪᠡ᠃ | ᠶᠡᠭᠡ ᠬᠤᠷᠠᠯ ᠳᠤ ᠤᠷᠤᠯᠴᠠᠪᠠᠯ ᠵᠤᠬᠢᠬᠤ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ | 2354 ᠬᠦᠮᠥᠨ᠂ ᠪᠤᠳᠠᠳᠠᠢ ᠤᠷᠤᠯᠴᠠᠭᠰᠠᠠ ᠨᠢ 2336 ᠬᠦᠮᠥᠨ᠃ ᠪᠤᠳᠠᠳᠠᠢ ᠤᠷᠤᠯᠴᠠᠭᠰᠠᠠ ᠲᠦᠯᠥᠬᠡᠯᠡᠭᠴᠢ | ᠤᠷᠤᠯᠴᠠᠪᠠᠯ ᠵᠤᠬᠢᠬᠤ ᠲᠦᠯᠥᠬᠡᠯᠡᠭᠴᠢ ᠶᠢᠨ ᠬᠠᠭᠠᠰ ᠲᠤᠭ᠎ᠠ ᠠᠴᠠ ᠲᠡᠪᠡᠵᠥ᠂ ᠶᠡᠭᠡ ᠬᠤᠷᠠᠯ ᠤᠨ ᠰᠤᠩᠭᠤᠭᠤᠯᠢ ᠶᠢᠨ | ᠠᠷᠭ᠎ᠠ ᠶᠢᠨ ᠲᠤᠭᠳᠠᠭᠠᠯ ᠳᠤ ᠨᠡᠶᠢᠴᠡᠪᠡ᠃ | ᠬᠤᠷᠠᠯ ᠠᠴᠠ ᠡᠩ ᠲᠠᠷᠢᠬᠦᠨ ᠳᠤ 2 ᠶᠡᠷᠦᠩᠬᠡᠢ ᠪᠢᠯᠧᠲ ᠪᠠᠶᠢᠴᠠᠭᠠᠭᠴᠢ ᠪᠤᠯᠤᠨ 36 ᠪᠢᠯᠧᠲ | ᠪᠠᠶᠢᠴᠠᠭᠠᠭᠴᠢ ᠶᠢᠨ ᠨᠡᠷᠡᠰ ᠢ ᠪᠠᠳᠤᠯᠠᠵᠠᠢ᠃ | ᠶᠡᠷᠤᠩᠬᠡᠢ ᠪᠢᠯᠧᠲ ᠪᠠᠶᠢᠴᠠᠭᠠᠬᠴᠢ ᠪᠤᠯᠤᠨ ᠪᠢᠯᠧᠲ ᠪᠠᠶᠢᠴᠠᠭᠠᠭᠴᠢ ᠶᠢᠨ ᠬᠢᠨᠠᠯᠳᠠ ᠲᠤᠤᠷ᠎ᠠ᠂ ᠬᠤᠷᠠᠯ ᠳᠤ | ᠤᠷᠤᠯᠴᠠᠭᠰᠠᠠ ᠲᠦᠯᠥᠬᠡᠯᠡᠭᠴᠢ ᠪᠤᠯᠤᠨ ᠤᠨᠴᠠ ᠤᠷᠢᠭᠰᠠᠠ ᠲᠦᠯᠥᠬᠡᠯᠡᠭᠴᠢ ᠨᠡᠷ᠎ᠡ ᠲᠡᠮᠳᠡᠭᠯᠡᠬᠦ ᠦᠭᠡᠢ ᠪᠢᠯᠧᠲ | ᠦᠭᠬᠦ ᠠᠷᠭ᠎ᠠ ᠪᠠᠷ 204 ᠬᠡᠰᠢᠬᠦᠨ᠂ 172 ᠤᠷᠤᠯᠠᠭᠴᠢ ᠬᠡᠰᠢᠬᠦᠨ ᠢᠶᠠᠷ ᠪᠦᠷᠢᠯᠳᠦᠭᠰᠡᠡ ᠨᠠᠮ ᠤᠨ ᠠᠷᠪᠠ | ᠶᠢᠰᠦᠳᠦᠭᠡᠷ ᠬᠤᠭᠤᠴᠠᠭᠠᠨ ᠤ ᠲᠦᠪ ᠬᠤᠷᠢᠶ᠎ᠠ ᠶᠢ ᠰᠤᠩᠭᠤᠨ ᠭᠠᠷᠭᠠᠵᠥ᠂ ᠨᠠᠮ ᠤᠨ ᠠᠷᠪᠠ ᠶᠢᠰᠦᠳᠦᠭᠡᠷ | ᠬᠤᠭᠤᠴᠠᠭᠠᠨ ᠤ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶᠠᠨ ᠤ ᠬᠡᠰᠢᠬᠦᠨ 133 ᠬᠦᠮᠥᠨ ᠢ ᠰᠤᠩᠭᠤᠨ | ᠭᠠᠷᠭᠠᠪᠠ᠃ | 11 ᠴᠠᠭ 12 ᠮᠢᠨᠦ᠋ᠲ ᠲᠤ ᠰᠢ ᠶᠢᠨ ᠫᠢᠩ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠦᠪ | ᠬᠤᠷᠢᠶ᠎ᠠ ᠪᠤᠯᠤᠨ ᠲᠦᠪ ᠤᠨ ᠰᠠᠬᠢᠯᠭ᠎ᠠ ᠪᠠᠳᠤ ᠪᠠᠶᠢᠴᠠᠭᠠᠬᠤ ᠬᠤᠷᠢᠶ᠎ᠠ ᠶᠢ ᠨᠠᠮ ᠤᠨ ᠠᠷᠪᠠ ᠶᠢᠰᠦᠳᠦᠭᠡᠷ ᠤᠳᠠᠭ᠎ᠠ | ᠶᠢᠨ ᠪᠦᠬᠦ ᠤᠯᠤᠰ ᠤᠨ ᠲᠦᠯᠥᠬᠡᠯᠡᠭᠴᠢᠳ ᠤᠨ ᠶᠡᠭᠡ ᠬᠤᠷᠠᠯ ᠠᠴᠠ ᠰᠤᠩᠭᠤᠨ ᠭᠠᠷᠭᠠᠵᠠᠢ ᠬᠡᠵᠥ ᠨᠡᠶᠢᠳᠡᠯᠡᠪᠡ᠃ | ᠪᠦᠬᠦ ᠲᠠᠯᠠᠪᠠᠢ ᠳᠤ ᠨᠢᠵᠢᠬᠢᠨᠡᠭᠰᠡᠡ ᠠᠯᠠᠭ᠎ᠠ ᠲᠠᠰᠢᠯᠳᠠ ᠶᠢᠨ ᠲᠠᠭᠤᠨ ᠤᠳᠠᠳᠠᠯ᠎ᠠ ᠦᠷᠭᠦᠯᠵᠢᠯᠡᠯ᠎ᠡ᠃ | ᠲᠠᠷᠠᠭ᠎ᠠ ᠨᠢ᠂ ᠶᠡᠭᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ | ᠢᠯᠡᠳᠬᠡᠯ ᠤᠨ ᠲᠤᠬᠠᠢ ᠰᠢᠢᠳᠪᠤᠷᠢ ᠶᠢ ᠪᠠᠳᠤᠯᠠᠪᠠ᠃ ᠶᠡᠭᠡ ᠬᠤᠷᠠᠯ ᠠᠴᠠ ᠰᠢ ᠶᠢᠨ ᠫᠢᠩ ᠨᠦᠬᠦᠷ ᠤᠨ ᠨᠠᠮ ᠤᠨ | ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢ ᠲᠦᠯᠦᠭᠡᠯᠡᠨ ᠬᠢᠭᠰᠡᠡ ᠢᠯᠡᠳᠬᠡᠯ ᠢ ᠵᠦᠪᠰᠢᠶᠡᠷᠡᠪᠡ᠃ | ᠰᠢᠢᠳᠪᠤᠷᠢ ᠳᠤ᠂ ᠢᠯᠡᠳᠬᠡᠯ ᠨᠢ ᠴᠢᠨᠡᠭᠡᠯᠢᠭ ᠨᠡᠶᠢᠬᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠡᠯᠳᠡ ᠶᠢ | ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ | ᠢᠯᠡᠯᠳᠡ ᠶᠢ ᠲᠡᠮᠡᠴᠡᠨ ᠤᠯᠬᠤ ᠠᠤᠭ᠎ᠠ ᠲᠦᠰᠦᠪ ᠢ ᠵᠢᠷᠤᠭᠯᠠᠵᠤ᠂ ᠨᠠᠮ ᠪᠤᠯᠤᠨ ᠤᠯᠤᠰ ᠤᠨ ᠠᠵᠢᠯ ᠦᠢᠯᠡᠰ ᠤᠨ | ᠤᠷᠤᠭᠰᠢᠯᠠᠯᠳᠠ ᠶᠢᠨ ᠴᠢᠭᠯᠡᠯ ᠢ ᠴᠢᠨᠠᠭᠰᠢᠳᠠ ᠲᠤᠳᠤᠷᠬᠠᠢ ᠵᠢᠭᠠᠵᠠᠢ᠂ ᠡᠨᠡ ᠪᠤᠯ ᠪᠦᠬᠦ ᠨᠠᠮ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠤ ᠤᠬᠢ ᠪᠦᠳᠦᠭᠡᠯ ᠮᠥᠨ᠂ ᠮᠠᠨ ᠤ ᠨᠠᠮ ᠤᠨ | ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠢ ᠪᠦᠯᠬᠦᠮᠳᠡᠬᠦᠯᠥᠨ ᠲᠠᠶᠢᠴᠢᠯᠠᠵᠥ ᠰᠢᠨ᠎ᠡ ᠴᠠᠭ | ᠦᠶ᠎ᠡ ᠳᠤ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠤᠯᠤᠰ ᠲᠦᠷᠦ | ᠶᠢᠨ ᠲᠤᠩᠬᠠᠭ ᠪᠤᠯᠤᠨ ᠤᠶᠢᠯᠡ ᠠᠵᠢᠯᠯᠠᠭ᠎ᠠ ᠶᠢᠨ ᠬᠦᠳᠦᠯᠪᠤᠷᠢ ᠮᠥᠨ᠂ ᠮᠠᠷᠺᠰ ᠤᠨ ᠦᠵᠡᠯ ᠤᠨ ᠬᠦᠳᠦᠯᠪᠤᠷᠢ ᠶᠢᠨ | ᠴᠢᠨᠠᠷᠳᠠᠢ ᠲᠤᠯᠭᠤᠷ ᠪᠢᠴᠢᠭ ᠮᠥᠨ ᠬᠡᠵᠥ ᠵᠢᠭᠠᠵᠥ ᠭᠠᠷᠭᠠᠪᠠ᠃ | ᠶᠡᠭᠡ ᠬᠤᠷᠡᠯ ᠠᠴᠠ᠂ ᠢᠯᠡᠳᠬᠡᠯ ᠳᠤ ᠲᠣᠳᠣᠷᠬᠠᠶᠢᠯᠠᠨ ᠦᠭᠦᠯᠡᠭᠰᠡᠨ ᠶᠡᠭᠡ ᠬᠤᠷᠠᠯ ᠤᠨ ᠭᠤᠤᠯ ᠰᠡᠳᠤᠪ ᠨᠢ | ᠮᠠᠨ ᠤ ᠨᠠᠮ ᠠᠷᠠᠳ ᠲᠦᠮᠡᠨ ᠢ ᠲᠠᠭᠠᠭᠤᠯᠤᠨ ᠬᠦᠴᠦᠷᠭᠡᠭᠵᠢᠬᠦ ᠪᠠᠷ ᠬᠦᠴᠦᠯᠡᠨ ᠴᠢᠷᠮᠠᠶᠢᠬᠤ᠂ ᠵᠠᠮ ᠨᠡᠬᠡᠬᠡᠨ | ᠤᠷᠤᠭᠰᠢᠯᠠᠬᠤ ᠳᠤ ᠲᠤᠶᠢᠯ ᠤᠨ ᠴᠢᠬᠤᠯᠠ ᠠᠴᠢ ᠬᠤᠯᠪᠤᠭᠳᠠᠯ ᠲᠠᠢ ᠶᠤᠮ᠃ ᠪᠦᠬᠦ ᠨᠠᠮ ᠢᠶᠠᠷ ᠢᠶᠠᠨ ᠤᠭ | ᠰᠠᠨᠠᠭ᠎ᠠ ᠪᠠᠨ ᠦᠯᠥ ᠮᠠᠷᠳᠠᠵᠤ᠂ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠡᠵᠥ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠭ ᠢ ᠦᠨᠳᠤᠷ ᠮᠠᠨᠳᠤᠭᠤᠯᠵᠥ᠂ ᠴᠢᠨᠡᠭᠡᠯᠢᠭ ᠨᠡᠶᠢᠬᠡᠮ ᠢ ᠪᠦᠬᠦ | ᠲᠠᠯ᠎ᠠ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠠ ᠶᠢ ᠤᠯᠵᠥ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠵᠥ᠂ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠭᠡᠯᠰᠢᠬᠦᠯᠬᠦ ᠶᠢᠨ | ᠲᠦᠯᠥᠬᠡ ᠴᠦᠬᠦᠷᠡᠰᠢ ᠦᠭᠡᠢ ᠲᠡᠮᠡᠴᠡᠬᠦ ᠬᠡᠷᠡᠭᠳᠡᠢ ᠭᠡᠵᠦ ᠦᠵᠡᠪᠡ᠃ | ᠶᠡᠭᠡ ᠬᠤᠷᠠᠯ ᠠᠴᠠ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠠᠵᠢᠯ ᠢ ᠲᠡᠬᠡᠳᠤ | ᠬᠡᠮᠵᠢᠶ᠎ᠡ ᠪᠠᠷ ᠦᠨᠡᠯᠡᠵᠥ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠡᠯ ᠠᠴᠠ ᠨᠠᠰᠢᠬᠢ ᠲᠠᠪᠤᠨ ᠵᠢᠯ ᠪᠤᠯ ᠨᠠᠮ | ᠪᠤᠯᠤᠨ ᠤᠯᠤᠰ ᠤᠨ ᠬᠦᠭᠵᠢᠯᠳᠡ ᠶᠢᠨ ᠶᠠᠪᠤᠴᠠ ᠳᠠᠬᠢ ᠲᠤᠶᠢᠯ ᠤᠨ ᠶᠡᠷᠤ ᠪᠤᠰᠤ ᠶᠢᠨ ᠲᠠᠪᠤᠨ ᠵᠢᠯ ᠪᠤᠯᠤᠨ᠎ᠠ᠂ | ᠦᠭᠡᠷᠡᠴᠢᠯᠡᠯᠳᠡ ᠨᠡᠬᠡᠬᠡᠯᠳᠡ ᠪᠤᠯᠤᠨ ᠨᠡᠶᠢᠬᠡᠮ ᠵᠢᠷᠤᠮ ᠤᠨ ᠤᠳᠤᠬᠢᠴᠢᠯᠠᠯᠳᠠ ᠶᠢᠨ ᠪᠦᠳᠦᠭᠡᠨ ᠪᠠᠶᠢᠭᠤᠯᠤᠯᠳᠠ ᠳᠤ | ᠲᠡᠤᠬᠡᠳᠤ ᠴᠢᠨᠠᠷᠳᠠᠢ ᠠᠮᠵᠢᠯᠳᠠ ᠤᠯᠪᠠ᠃ ᠲᠠᠪᠤᠨ ᠵᠢᠯ ᠤᠨ ᠲᠤᠷᠰᠢᠬᠢ ᠠᠮᠵᠢᠯᠳᠠ ᠪᠤᠯ ᠪᠦᠬᠦ ᠲᠠᠯ᠎ᠠ ᠶᠢᠨ ᠶᠤᠮ᠂ | ᠪᠦᠳᠦᠭᠡᠯᠴᠢ ᠴᠢᠨᠠᠷᠳᠠᠢ ᠶᠤᠮ᠂ ᠲᠠᠪᠤᠨ ᠵᠢᠯ ᠤᠨ ᠲᠤᠷᠰᠢᠬᠢ ᠬᠤᠪᠢᠷᠠᠯᠳᠡ ᠪᠤᠯ ᠬᠦᠨ ᠲᠠᠪᠬᠤᠷᠭ᠎ᠠ ᠶᠢᠨ ᠶᠤᠮ᠂ | ᠦᠨᠳᠦᠰᠦᠨ ᠴᠢᠨᠠᠷᠳᠠᠢ ᠶᠤᠮ ᠬᠡᠵᠥ ᠵᠢᠭᠠᠵᠥ ᠭᠠᠷᠭᠠᠪᠠ᠃ | ᠶᠡᠭᠡ ᠬᠤᠷᠡᠯ ᠠᠴᠠ᠂ ᠤᠷᠳᠤ ᠬᠤᠭᠤᠴᠠᠭᠠᠨ ᠤ ᠴᠢᠷᠮᠡᠶᠢᠯᠭ᠎ᠠ ᠪᠠᠷ ᠲᠠᠮᠵᠢᠭᠠᠳ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠬᠡᠮ ᠵᠢᠷᠤᠮ ᠰᠢᠨ᠎ᠡ ᠴᠠᠭ ᠦᠶ᠎ᠡ ᠳᠤ ᠤᠷᠤᠪᠠ᠂ ᠡᠨᠡ ᠪᠤᠯ ᠮᠠᠨ ᠤ ᠤᠯᠤᠰ ᠤᠨ ᠬᠦᠭᠵᠢᠯᠳᠡ | ᠶᠢᠨ ᠰᠢᠨ᠎ᠡ ᠲᠡᠤᠬᠡᠨ ᠤᠷᠤᠨ ᠪᠠᠶᠢᠷᠢ ᠪᠤᠯᠤᠨ᠎ᠡ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠬᠡᠮ ᠵᠢᠷᠤᠮ ᠰᠢᠨ᠎ᠡ | ᠴᠠᠭ ᠦᠶ᠎ᠡ ᠳᠤ ᠤᠷᠤᠵᠥ᠂ ᠮᠠᠨ ᠤ ᠤᠯᠤᠰ ᠤᠨ ᠨᠡᠶᠢᠬᠡᠮ ᠤᠨ ᠭᠤᠤᠯ ᠵᠦᠷᠢᠴᠡᠯ ᠨᠢᠬᠡᠨᠳᠡ ᠠᠷᠠᠳ ᠲᠦᠮᠡᠨ ᠤ | ᠡᠳᠤᠷ ᠢᠷᠡᠬᠦᠶ᠎ᠡ ᠨᠡᠮᠡᠭᠳᠡᠵᠥ ᠪᠡᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠲᠡᠩᠴᠡᠭᠦᠷᠢ ᠦᠭᠡᠢ ᠬᠦᠢᠴᠡᠳ | ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠥ ᠬᠤᠪᠢᠷᠠᠪᠠ᠃ ᠮᠠᠨ ᠤ ᠤᠯᠤᠰ ᠤᠨ ᠨᠡᠶᠢᠬᠡᠮ ᠤᠨ | ᠭᠤᠤᠯ ᠵᠦᠷᠢᠴᠡᠯ ᠤᠨ ᠬᠤᠪᠢᠷᠠᠯᠳᠡ ᠪᠤᠯ ᠪᠦᠬᠦ ᠲᠠᠯ᠎ᠠ ᠳᠤ ᠬᠤᠯᠪᠤᠭᠳᠠᠬᠤ ᠲᠡᠤᠬᠡᠳᠤ ᠴᠢᠨᠠᠷᠳᠠᠢ ᠬᠤᠪᠢᠷᠠᠯᠳᠡ | ᠪᠤᠯᠤᠨ᠎ᠡ᠂ ᠨᠠᠮ ᠪᠤᠯᠤᠨ ᠤᠯᠤᠰ ᠤᠨ ᠠᠵᠢᠯ ᠳᠤ ᠮᠠᠰᠢ ᠤᠯᠠᠨ ᠰᠢᠨ᠎ᠡ ᠱᠠᠭᠠᠷᠳᠠᠯᠭ᠎ᠠ ᠲᠤᠷᠠᠳᠴᠠᠢ ᠬᠡᠵᠥ | ᠴᠢᠬᠤᠯᠠᠴᠢᠯᠠᠪᠠ᠃ | ᠶᠡᠭᠡ ᠬᠤᠷᠠᠯ ᠠᠴᠠ᠂ ᠰᠢᠨ᠎ᠠ ᠴᠠᠭ ᠦᠶ᠎ᠠ ᠳᠤ ᠶᠠᠮᠠᠷ ᠶᠠᠩᠵᠦ ᠶᠢᠨ ᠳᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ ᠭᠡᠷᠬᠢᠨ | ᠪᠠᠷᠢᠮᠳᠠᠯᠠᠨ ᠬᠦᠭᠵᠢᠬᠦᠯᠬᠦ ᠡᠨᠡᠬᠦ ᠴᠢᠬᠤᠯᠠ ᠶᠡᠭᠡ ᠴᠠᠭ ᠦᠶ᠎ᠠ ᠶᠢᠨ ᠠᠰᠠᠭᠤᠯᠳᠠ ᠶᠢ ᠬᠠᠷᠢᠭᠤᠯᠬᠤ ᠲᠤᠭᠤᠷᠢᠨ ᠳᠤ᠂ | ᠮᠠᠨ ᠤ ᠨᠠᠮ ᠴᠤ᠋ ᠰᠢᠨ᠎ᠠ ᠬᠠᠷᠠᠭᠠᠰᠤ ᠠᠴᠠ ᠡᠪ ᠬᠠᠮᠳᠦ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠶᠢᠭᠡᠮ ᠵᠢᠷᠤᠮ | ᠢ ᠪᠦᠳᠦᠭᠡᠨ ᠪᠠᠶᠢᠭᠤᠯᠬᠤ ᠵᠢᠮ᠎ᠠ ᠶᠤᠰᠤ᠂ ᠬᠦᠮᠦᠨ ᠲᠦᠷᠦᠯᠬᠢᠳᠡᠨ ᠤ ᠨᠡᠶᠢᠭᠡᠮ ᠤᠨ ᠬᠦᠭᠵᠢᠯᠳᠠ ᠶᠢᠨ ᠵᠢᠮ᠎ᠠ | ᠶᠤᠰᠤᠨ ᠤ ᠲᠤᠬᠠᠢ ᠲᠠᠨᠢᠯᠳᠠ ᠪᠠᠨ ᠬᠦᠨᠵᠡᠭᠡᠶᠢᠷᠡᠬᠦᠯᠵᠦ᠂ ᠰᠢᠷᠭᠠᠭᠤ ᠬᠠᠳᠠᠭᠤᠵᠢᠯᠳᠠᠢ ᠪᠠᠷ ᠤᠨᠤᠯ ᠤᠨ | ᠰᠦᠪᠡᠭᠴᠢᠯᠡᠯᠳᠠ ᠬᠢᠵᠦ᠂ ᠴᠢᠬᠤᠯᠠ ᠶᠡᠭᠡ ᠤᠨᠤᠯ ᠤᠨ ᠰᠢᠨ᠎ᠠ ᠡᠬᠦᠳᠦᠯᠳᠠ ᠶᠢᠨ ᠦᠷ᠎ᠠ ᠪᠦᠳᠦᠭᠡᠯ ᠢ ᠤᠯᠵᠦ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠡᠭᠦᠳᠦᠨ ᠪᠠᠶᠢᠭᠤᠯᠵᠠᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠨᠴᠢ ᠬᠦᠭᠵᠢᠯᠳᠠ ᠶᠢᠨ ᠦᠵᠡᠯ ᠤᠨ ᠵᠠᠯᠭᠠᠮᠵᠢᠯᠠᠯ ᠪᠠ ᠬᠦᠭᠵᠢᠯᠳᠠ ᠮᠦᠨ᠂ ᠮᠠᠷᠺᠰ ᠤᠨ ᠦᠵᠡᠯ | ᠤᠨ ᠳᠤᠮᠳᠠᠳᠤ ᠤᠯᠤᠰᠴᠢᠯᠠᠬᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲᠦᠮᠡᠨ ᠤ | ᠦᠢᠯᠡᠳᠦᠯᠭᠡ ᠶᠢᠨ ᠲᠤᠷᠰᠢᠯᠭ᠎ᠠ ᠪᠠ ᠬᠠᠮᠳᠦ ᠶᠢᠨ ᠤᠶᠤᠨ ᠤᠬᠠᠭᠠᠨ ᠤ ᠤᠬᠢ ᠪᠦᠳᠦᠭᠡᠯ ᠮᠦᠨ᠂ ᠳᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠳᠦᠬᠦᠨ ᠭᠡᠰᠡᠭ ᠮᠦᠨ᠂ | ᠪᠦᠬᠦ ᠨᠠᠮ ᠪᠦᠬᠦ ᠤᠯᠤᠰ ᠤᠨ ᠠᠷᠠᠳ ᠲᠦᠮᠡᠨ ᠤ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢ ᠪᠡᠶᠡᠯᠡᠬᠦᠯᠬᠦ ᠶᠢᠨ ᠲᠦᠯᠦᠭᠡ ᠲᠡᠮᠡᠴᠡᠬᠦ ᠤᠶᠢᠯᠡ ᠠᠵᠢᠯᠯᠠᠭ᠎ᠠ ᠶᠢᠨ ᠵᠥᠭᠯᠡᠭᠦᠷ ᠮᠦᠨ᠂ ᠡᠷᠭᠡᠪᠰᠢ | ᠤᠷᠳᠤ ᠬᠤᠭᠤᠴᠠᠭ᠎ᠠ ᠪᠠᠷ ᠪᠠᠷᠢᠮᠳᠠᠯᠠᠬᠤ ᠶᠢᠨ ᠬᠠᠮᠳᠦ ᠲᠠᠰᠤᠷᠠᠯᠲᠠ ᠦᠭᠡᠢ ᠪᠠᠷ ᠬᠦᠭᠵᠢᠬᠦᠯᠬᠦ ᠭᠡᠷᠡᠭᠲᠡᠢ ᠭᠡᠵᠤ | ᠴᠢᠬᠤᠯᠠᠴᠢᠯᠠᠪᠠ᠃ | ᠶᠡᠭᠡ ᠬᠤᠷᠠᠯ ᠠᠴᠠ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠵᠦ᠂ ᠠᠷᠠᠳ | ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠵᠦ᠂ ᠦᠭᠡᠷᠡᠴᠢᠯᠡᠯᠳᠠ ᠶᠢ ᠪᠦᠬᠦ ᠲᠠᠯ᠎ᠠ ᠪᠠᠷ ᠬᠦᠨᠵᠡᠭᠡᠶᠢᠷᠡᠬᠦᠯᠬᠦ ᠶᠢ | ᠪᠠᠷᠢᠮᠳᠠᠯᠠᠵᠦ᠂ ᠰᠢᠨ᠎ᠠ ᠬᠦᠭᠵᠢᠯᠳᠠ ᠶᠢᠨ ᠣᠨᠣᠯᠵᠢᠬᠤᠨ ᠢ ᠪᠠᠷᠢᠮᠳᠠᠯᠠᠵᠦ᠂ ᠠᠷᠠᠳ ᠲᠦᠮᠡᠨ ᠡᠷᠭᠡ ᠮᠡᠳᠡᠵᠦ ᠡᠵᠡᠨ | ᠰᠠᠭᠤᠬᠤ ᠶᠢ ᠪᠠᠷᠢᠮᠳᠠᠯᠠᠵᠦ᠂ ᠪᠦᠬᠦ ᠲᠠᠯ᠎ᠠ ᠪᠠᠷ ᠬᠠᠤᠯᠢ ᠶᠤᠰᠤᠭᠠᠷ ᠤᠯᠤᠰ ᠢ ᠵᠠᠰᠠᠬᠤ ᠶᠢ ᠪᠠᠷᠢᠮᠳᠠᠯᠠᠵᠦ᠂ ᠨᠡᠶᠢᠭᠡᠮ | ᠵᠢᠷᠤᠮ ᠤᠨ ᠭᠤᠤᠯᠯᠠᠬᠴᠢ ᠦᠷᠳᠡᠭ ᠤᠨ ᠰᠢᠰᠲ᠋ᠧᠮ ᠢ ᠪᠠᠷᠢᠮᠳᠠᠯᠠᠵᠦ᠂ ᠬᠦᠭᠵᠢᠬᠦᠯᠬᠦ ᠶᠠᠪᠤᠴᠠ ᠳᠤ ᠠᠷᠠᠳ ᠤᠨ | ᠠᠮᠢᠳᠤᠷᠠᠯ ᠢ ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠵᠦ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠪᠠᠷ | ᠵᠡᠷᠭᠡᠴᠡᠨ ᠤᠷᠤᠰᠢᠬᠤ ᠶᠢ ᠪᠠᠷᠢᠮᠳᠠᠯᠠᠵᠦ᠂ ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ ᠦᠵᠡᠯᠳᠠ ᠶᠢ | ᠪᠠᠷᠢᠮᠳᠠᠯᠠᠵᠦ᠂ ᠨᠠᠮ ᠤᠨ ᠠᠷᠠᠳ ᠤᠨ ᠴᠡᠷᠢᠭ ᠠᠩᠬᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠪᠠᠷᠢᠮᠳᠠᠯᠠᠵᠦ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠ ᠡᠭᠡ ᠤᠯᠤᠰ ᠤᠨ ᠨᠢᠭᠡᠳᠦᠯ ᠢ ᠠᠬᠢᠭᠤᠯᠬᠤ ᠶᠢ | ᠪᠠᠷᠢᠮᠳᠠᠯᠠᠵᠦ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ | ᠪᠠᠶᠢᠭᠤᠯᠬᠤ ᠶᠢ ᠪᠠᠷᠢᠮᠳᠠᠯᠠᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠬᠡᠷᠡᠭᠳᠠᠢ᠂ ᠡᠨᠡ | ᠠᠷᠪᠡᠨ ᠲᠦᠷᠪᠡᠨ ᠵᠤᠷᠪᠤᠰ ᠨᠢ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠢ | ᠪᠠᠷᠢᠮᠳᠠᠯᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢ ᠪᠦᠷᠢᠯᠳᠦᠬᠦᠯᠵᠡᠢ᠃ ᠪᠦᠬᠦ ᠨᠠᠮ ᠤᠨ ᠨᠦᠬᠦᠳ | ᠡᠷᠭᠡᠪᠰᠢ ᠨᠠᠮ ᠤᠨ ᠦᠨᠳᠦᠰᠦᠨ ᠤᠨᠤᠯ᠂ ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠦ᠂ ᠨᠠᠮ ᠪᠤᠯᠤᠨ ᠠᠷᠠᠳ ᠲᠦᠮᠡᠨ ᠤ ᠠᠵᠢᠯ ᠦᠢᠯᠡᠰ ᠤᠨ ᠬᠦᠭᠵᠢᠯᠳᠠ ᠶᠢ ᠨᠡᠩ | ᠰᠠᠶᠢᠳᠤᠷ ᠬᠦᠳᠦᠯᠦᠨ ᠳᠠᠭᠠᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ᠂ ᠤᠳᠤ ᠠᠴᠠ 2020 ᠣᠨ ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠤᠷᠢᠳᠦ ᠢᠯᠠᠯᠳᠠ ᠶᠢ ᠤᠯᠬᠤ ᠬᠤᠭᠤᠴᠠᠭ᠎ᠠ ᠪᠤᠯᠤᠨ᠎ᠠ ᠭᠡᠵᠦ ᠳᠤᠷᠠᠳᠪᠠ᠃ | ᠶᠡᠭᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ ᠬᠤᠷᠠᠯ | ᠪᠤᠯᠳᠠᠯᠠᠬᠢ ᠬᠤᠭᠤᠴᠠᠭ᠎ᠠ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠦᠭᠡᠨ ᠰᠤᠯᠪᠢᠴᠠᠯ ᠤᠨ | ᠬᠤᠭᠤᠴᠠᠭ᠎ᠠ ᠪᠤᠯᠤᠨ᠎ᠠ᠃ ᠪᠢᠳᠠ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠵᠦ᠂ ᠨᠢᠭᠡᠳᠦᠭᠡᠷ ᠵᠠᠭᠤᠨ ᠵᠢᠯ | ᠤᠨ ᠲᠡᠮᠡᠴᠡᠬᠦ ᠬᠠᠷᠠᠯᠳᠠ ᠶᠢ ᠪᠡᠶᠡᠯᠡᠬᠦᠯᠬᠦ ᠪᠠᠷ ᠪᠠᠷᠠᠬᠤ ᠦᠭᠡᠢ ᠪᠠᠰᠠ ᠢᠯᠠᠯᠳᠠ ᠶᠢᠨ ᠢᠶᠠᠨ ᠡᠷᠴᠢᠨ ᠲᠡᠭᠡᠷ᠎ᠡ ᠨᠡᠶᠢᠭᠡᠮ | ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ ᠠᠶᠠᠯᠠᠯ ᠢᠶᠠᠨ | ᠡᠬᠢᠯᠡᠬᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠰᠢ ᠤᠷᠤᠬᠰᠢᠯᠠᠨ᠎ᠠ᠃ ᠤᠯᠤᠰ ᠤᠨ | ᠳᠤᠳᠤᠭᠠᠳᠦ ᠭᠠᠳᠠᠭᠠᠳᠦ ᠶᠢᠨ ᠪᠠᠶᠢᠳᠠᠯ ᠪᠠ ᠮᠠᠨ ᠤ ᠤᠯᠤᠰ ᠤᠨ ᠬᠦᠭᠵᠢᠯᠳᠠ ᠶᠢᠨ ᠨᠦᠬᠦᠴᠡᠯ ᠢ ᠶᠡᠷᠦᠩᠭᠡᠶᠢᠯᠡᠨ | ᠵᠠᠳᠠᠯᠵᠦ᠂ 2020 ᠣᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯᠠᠬᠢ ᠶᠢ ᠬᠤᠶᠠᠷ ᠱᠠᠳᠤ ᠦᠶ᠎ᠠ ᠪᠠᠷ | ᠲᠤᠬᠢᠷᠠᠭᠤᠯᠵᠦ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ ᠪᠤᠯ 2020 ᠣᠨ ᠠᠴᠠ 2035 ᠣᠨ ᠪᠤᠯᠳᠠᠯ᠎ᠠ᠂ | ᠨᠡᠶᠢᠭᠡᠮ ᠵᠢᠷᠤᠮ ᠤᠨ ᠤᠳᠤᠬᠢᠴᠢᠯᠠᠯᠳᠠ ᠶᠢ ᠦᠨᠳᠦᠰᠦᠨ ᠳᠡᠭᠡᠨ ᠪᠡᠶᠡᠯᠡᠬᠦᠯᠦᠨ᠎ᠠ᠃ ᠬᠤᠶᠠᠳᠤᠭᠠᠷ ᠱᠠᠳᠤ ᠦᠶ᠎ᠠ ᠨᠢ | ᠪᠤᠯ 2035 ᠣᠨ ᠠᠴᠠ ᠲᠤᠰ ᠵᠠᠭᠤᠨ ᠤ ᠳᠤᠮᠳᠠᠴᠢ ᠦᠶ᠎ᠡ ᠪᠤᠯᠳᠠᠯ᠎ᠠ᠂ ᠤᠳᠤᠬᠢᠴᠢᠯᠠᠯᠳᠠ ᠶᠢ ᠦᠨᠳᠦᠰᠦᠨ ᠳᠡᠭᠡᠨ | ᠪᠡᠶᠡᠯᠡᠬᠦᠯᠦᠭᠰᠡᠨ ᠰᠠᠭᠤᠷᠢᠨ ᠳᠡᠭᠡᠷ᠎ᠠ ᠲᠠᠬᠢᠭᠠᠳ ᠠᠷᠪᠡᠨ ᠲᠠᠪᠤᠨ ᠵᠢᠯ ᠲᠡᠮᠡᠴᠡᠵᠦ᠂ ᠮᠠᠨ ᠤ ᠤᠯᠤᠰ ᠢᠶᠠᠨ ᠪᠠᠶᠠᠨ | ᠬᠦᠴᠦᠷᠭᠡᠭ ᠠᠷᠠᠳᠴᠢᠯᠠᠬᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠬᠦᠯᠡᠩᠳᠦ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠨ ᠬᠦᠴᠦᠷᠭᠡᠭ ᠤᠯᠤᠰ ᠪᠤᠯᠭᠠᠨ ᠪᠦᠳᠦᠭᠡᠨ ᠪᠠᠶᠢᠭᠤᠯᠤᠨ᠎ᠠ ᠭᠡᠵᠦ ᠦᠵᠡᠪᠡ᠃ | ᠶᠡᠭᠡ ᠬᠤᠷᠠᠯ ᠠᠴᠠ ᠢᠯᠡᠳᠭᠡᠯ ᠳᠠᠬᠢ ᠮᠠᠨ ᠤ ᠤᠯᠤᠰ ᠤᠨ ᠨᠡᠶᠢᠭᠡᠮ ᠵᠢᠷᠤᠮ ᠤᠨ ᠠᠵᠤ ᠠᠬᠤᠢ ᠶᠢᠨ | ᠪᠦᠳᠦᠭᠡᠨ ᠪᠠᠶᠢᠭᠤᠯᠤᠯᠳᠠ᠂ ᠤᠯᠤᠰ ᠲᠦᠷᠦ ᠶᠢᠨ ᠪᠠᠶᠢᠭᠤᠯᠤᠯᠳᠠ᠂ ᠰᠤᠶᠤᠯ ᠤᠨ ᠪᠠᠶᠢᠭᠤᠯᠤᠯᠳᠠ᠂ ᠨᠡᠶᠢᠭᠡᠮ ᠤᠨ | ᠪᠠᠶᠢᠭᠤᠯᠤᠯᠳᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢᠨ ᠲᠤᠬᠠᠢ ᠪᠠᠶᠢᠷᠢᠯᠠᠭᠤᠯᠤᠯᠳᠠ ᠶᠢ | ᠵᠦᠪᠰᠢᠶᠡᠷᠡᠵᠡᠢ᠃ | ᠶᠡᠭᠡ ᠬᠤᠷᠠᠯ ᠠᠴᠠ᠂ ᠡᠷᠭᠡᠪᠰᠢ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢ ᠬᠦᠴᠦᠷᠭᠡᠭᠵᠢᠬᠦᠯᠬᠦ | ᠵᠠᠮ ᠢᠶᠠᠷ ᠵᠠᠮᠨᠠᠬᠤ ᠶᠢ ᠪᠠᠷᠢᠮᠳᠠᠯᠠᠵᠦ᠂ ᠰᠢ ᠶᠢᠨ ᠫᠢᠩ ᠤᠨ ᠴᠡᠷᠢᠭ ᠢ ᠬᠦᠴᠦᠷᠭᠡᠭᠵᠢᠬᠦᠯᠬᠦ ᠦᠵᠡᠯ ᠰᠠᠨᠠᠭ᠎ᠠ ᠶᠢ ᠪᠦᠬᠦ | ᠲᠠᠯ᠎ᠠ ᠪᠠᠷ ᠲᠤᠤᠱᠯᠠᠭᠤᠯᠵᠦ᠂ ᠰᠢᠨ᠎ᠠ ᠪᠠᠶᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ ᠪᠤᠳᠤᠯᠭ᠎ᠠ ᠶᠢᠨ | ᠴᠢᠭᠯᠡᠯᠳᠠ ᠶᠢ ᠲᠤᠤᠱᠯᠠᠭᠤᠯᠵᠦ᠂ ᠤᠯᠤᠰ ᠤᠨ ᠪᠠᠳᠤᠯᠠᠨ ᠬᠠᠮᠠᠭᠠᠯᠠᠯᠳᠠ ᠪᠠ ᠴᠡᠷᠢᠭ ᠠᠩᠬᠢ ᠶᠢᠨ | ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠵᠦ᠂ ᠠᠷᠠᠳ ᠤᠨ ᠴᠡᠷᠢᠭ ᠠᠩᠬᠢ ᠶᠢ ᠳᠡᠯᠡᠭᠡᠢ ᠶᠢᠨ ᠲᠡᠷᠢᠬᠦᠨ ᠤ | ᠴᠡᠷᠢᠭ ᠠᠩᠬᠢ ᠪᠤᠯᠭᠠᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ᠂ ᠰᠢᠶᠠᠩᠭᠠᠩ ᠪᠤᠯᠤᠨ ᠤᠤᠮᠧᠨ ᠤ ᠤᠷᠳᠤ ᠬᠤᠭᠤᠴᠠᠭᠠᠨ ᠤ ᠬᠦᠭᠵᠢᠯ ᠴᠡᠴᠡᠭᠯᠡᠯ | ᠲᠤᠭᠳᠠᠭᠤᠨ ᠢ ᠪᠠᠳᠤᠯᠠᠬᠤ ᠳᠤ ᠡᠷᠭᠡᠪᠰᠢ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾᠂ ︽ | ᠰᠢᠶᠠᠩᠭᠠᠩᠴᠤᠳ ᠰᠢᠶᠠᠩᠭᠠᠩ ᠢᠶᠠᠨ ᠵᠠᠰᠠᠬᠤ︾᠂ ︽ᠤᠤᠮᠧᠨᠴᠤᠳ ᠤᠤᠮᠧᠨ ᠢᠶᠠᠨ ᠵᠠᠰᠠᠬᠤ︾᠂ ᠳᠡᠭᠡᠳᠦ | ᠭᠡᠮᠵᠢᠶ᠎ᠡ ᠪᠠᠷ ᠦᠪᠡᠷᠲᠡᠭᠡᠨ ᠵᠠᠰᠠᠬᠤ ᠴᠢᠭᠯᠡᠯᠳᠠ ᠶᠢ ᠪᠦᠬᠦ ᠲᠠᠯ᠎ᠠ ᠪᠠᠷ ᠤᠨᠤᠪᠴᠢᠳᠠᠢ ᠲᠤᠤᠱᠯᠠᠭᠤᠯᠵᠦ᠂ ᠦᠨᠳᠦᠰᠦᠨ | ᠬᠠᠤᠯᠢ ᠪᠠ ᠦᠨᠳᠦᠰᠦ ᠪᠤᠯᠬᠤ ᠬᠠᠤᠯᠢ ᠶᠢ ᠴᠢᠩᠭ᠎ᠠ ᠵᠢᠷᠤᠮᠯᠠᠨ ᠤᠴᠢᠷ ᠶᠠᠪᠤᠳᠠᠯ ᠢ ᠰᠢᠢᠳᠪᠤᠷᠢᠯᠡᠵᠤ᠂ ᠰᠢᠶᠠᠩᠭᠠᠩ | ᠪᠤᠯᠤᠨ ᠤᠤᠮᠧᠨ ᠤ ᠠᠬ᠎ᠠ ᠳᠡᠬᠦᠦ ᠨᠠᠷ ᠢ ᠡᠭᠡ ᠤᠯᠤᠰ ᠤᠨ ᠠᠷᠠᠳ ᠲᠦᠮᠡᠨ ᠲᠠᠢ ᠪᠠᠨ ᠬᠠᠮᠳᠦ ᠦᠨᠳᠦᠰᠦᠳᠡᠨ ᠤ | ᠰᠡᠷᠬᠦᠨ ᠮᠠᠨᠳᠤᠯᠳᠠ ᠶᠢᠨ ᠲᠡᠦᠭᠡᠳᠦ ᠬᠠᠷᠢᠭᠤᠴᠠᠯᠭ᠎ᠠ ᠶᠢ ᠬᠠᠮᠳᠤᠪᠡᠷ ᠡᠬᠦᠷᠭᠡᠯᠡᠬᠦᠯᠵᠦ᠂ ᠡᠭᠡ ᠤᠯᠤᠰ ᠤᠨ ᠬᠦᠭᠵᠢᠯ | ᠴᠡᠴᠡᠭᠯᠡᠯ ᠪᠠᠶᠠᠨ ᠬᠦᠴᠦᠷᠭᠡᠭ ᠪᠠᠶᠢᠬᠤ ᠠᠭᠤᠤ ᠶᠡᠭᠡ ᠦᠩᠭᠡ ᠭᠡᠷᠡᠯ ᠢ ᠬᠠᠮᠳᠤᠪᠡᠷ ᠡᠳ᠋ᠯᠡᠬᠦᠯᠬᠦ ᠭᠡᠷᠡᠭᠲᠡᠢ᠃ ᠡᠷᠭᠡᠪᠰᠢ | ︽ᠨᠠᠶᠢᠷᠠᠮᠳᠠᠯ ᠢᠶᠠᠷ ᠨᠢᠭᠡᠳᠭᠡᠬᠦ᠂ ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠴᠢᠭᠯᠡᠯᠳᠠ ᠶᠢ | ᠦᠷᠬᠦᠯᠵᠢᠯᠡᠨ ᠪᠠᠷᠢᠮᠳᠠᠯᠠᠵᠦ᠂ ᠬᠤᠶᠠᠷ ᠬᠦᠪᠡᠭᠡ ᠶᠢᠨ ᠠᠵᠤ ᠠᠬᠤᠢ ᠰᠤᠶᠤᠯ ᠤᠨ ᠰᠤᠯᠢᠯᠴᠠᠭ᠎ᠠ ᠬᠠᠮᠳᠤᠷᠠᠯᠴᠠᠭ᠎ᠠ ᠶᠢ | ᠦᠷᠭᠡᠳᠭᠡᠨ ᠬᠤᠶᠠᠷ ᠬᠦᠪᠡᠭᠡᠨ ᠤ ᠠᠬ᠎ᠠ ᠳᠡᠬᠦᠦ ᠨᠠᠷ ᠬᠠᠮᠳᠤᠪᠡᠷ ᠳᠤᠮᠳᠠᠳᠤ ᠶᠢᠨ ᠰᠤᠶᠤᠯ ᠢ ᠪᠠᠳᠠᠷᠠᠭᠤᠯᠬᠤ ᠶᠢ | ᠠᠬᠢᠭᠤᠯᠵᠦ᠂ ᠬᠤᠶᠠᠷ ᠬᠦᠪᠡᠭᠡᠨ ᠤ ᠬᠠᠷᠢᠴᠠᠭ᠎ᠠ ᠶᠢᠨ ᠡᠩᠭᠡ ᠲᠠᠶᠢᠪᠤᠩ ᠬᠦᠭᠵᠢᠯᠳᠠ ᠶᠢ ᠠᠬᠢᠭᠤᠯᠵᠦ᠂ ᠡᠭᠡ ᠤᠯᠤᠰ | ᠢᠶᠠᠨ ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠠᠬᠢᠭᠤᠯᠵᠦ᠂ ᠶᠠᠮᠠᠷᠪᠠ ᠬᠦᠮᠦᠨ᠂ ᠶᠠᠮᠠᠷᠪᠠ ᠵᠤᠬᠢᠶᠠᠨ ᠪᠠᠶᠢᠭᠤᠯᠤᠯᠳᠠ | ᠂ ᠶᠠᠮᠠᠷᠪᠠ ᠲᠦᠷᠦ ᠶᠢᠨ ᠨᠠᠮ ᠶᠠᠮᠠᠷᠪᠠ ᠴᠠᠭ ᠦᠶ᠎ᠠ ᠳᠤ᠂ ᠶᠠᠮᠠᠷᠪᠠ ᠭᠡᠯᠪᠡᠷᠢ ᠪᠠᠷ ᠳᠤᠮᠳᠠᠳᠤ ᠤᠯᠤᠰ ᠤᠨ ᠶᠠᠮᠠᠷᠪᠠ | ᠨᠢᠭᠡ ᠬᠡᠰᠡᠭ ᠨᠤᠳᠤᠭ ᠲᠡᠪᠢᠰᠭᠡᠷ ᠢ ᠳᠤᠮᠳᠠᠳᠤ ᠤᠯᠤᠰ ᠠᠴᠠ ᠬᠠᠭᠠᠴᠠᠭᠤᠯᠤᠨ ᠰᠠᠯᠭᠠᠬᠤ ᠶᠢ ᠤᠬᠳᠤ ᠵᠦᠪᠰᠢᠶᠡᠷᠡᠬᠦ | ᠦᠭᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠢᠯᠡᠳᠭᠡᠯ ᠳᠠᠬᠢ ᠤᠯᠠᠨ ᠤᠯᠤᠰ ᠤᠨ ᠪᠠᠶᠢᠳᠠᠯ ᠤᠨ ᠲᠤᠬᠠᠢ ᠵᠠᠳᠠᠯᠤᠯᠳᠠ ᠪᠠ | ᠳᠤᠷᠠᠳᠤᠭᠰᠠᠨ ᠭᠠᠳᠠᠭᠠᠳᠦ ᠯᠤᠭ᠎ᠠ ᠶᠢᠨ ᠠᠵᠢᠯ ᠤᠨ ᠴᠢᠭᠯᠡᠯᠳᠠ ᠶᠢ ᠵᠦᠪᠰᠢᠶᠡᠷᠡᠵᠦ᠂ ᠳᠤᠮᠳᠠᠳᠤ ᠤᠯᠤᠰ ︽ᠨᠢᠭᠡ | ᠪᠦᠰᠡ ᠨᠢᠭᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠳᠠᠢ ᠠᠬᠢᠭᠤᠯᠵᠦ᠂ ᠪᠦᠬᠦ ᠪᠦᠮᠪᠦᠷᠴᠡᠭ | ᠤᠨ ᠵᠠᠰᠠᠯᠳᠠ ᠶᠢᠨ ᠰᠢᠰᠲ᠋ᠧᠮ ᠤᠨ ᠦᠭᠡᠷᠡᠴᠢᠯᠡᠯᠳᠠ ᠪᠠ ᠪᠦᠳᠦᠭᠡᠨ ᠪᠠᠶᠢᠭᠤᠯᠤᠯᠳᠠ ᠳᠤ ᠦᠷᠬᠦᠯᠵᠢᠯᠡᠨ ᠢᠳᠡᠪᠬᠢᠳᠠᠢ | ᠤᠷᠤᠯᠴᠠᠵᠦ᠂ ᠬᠠᠷᠢᠯᠴᠠᠨ ᠬᠦᠨᠳᠦᠳᠭᠡᠬᠦ᠂ ᠡᠷᠭᠡ ᠲᠡᠭᠰᠢ ᠲᠦᠪ ᠭᠤᠤᠯᠴᠢ ᠪᠠᠶᠢᠬᠤ᠂ ᠬᠠᠷᠢᠯᠴᠠᠨ ᠬᠠᠮᠳᠤᠷᠠᠯᠴᠠᠵᠦ | ᠬᠠᠮᠳᠤᠪᠡᠷ ᠠᠰᠢᠬ ᠬᠦᠷᠳᠡᠬᠦ ᠰᠢᠨ᠎ᠠ ᠭᠡᠯᠪᠡᠷᠢ ᠶᠢᠨ ᠤᠯᠠᠨ ᠤᠯᠤᠰ ᠤᠨ ᠬᠠᠷᠢᠯᠴᠠᠭ᠎ᠠ ᠶᠢ ᠠᠬᠢᠭᠤᠯᠤᠨ ᠪᠠᠶᠢᠭᠤᠯᠵᠦ᠂ | ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠳᠦ ᠶᠢᠨ ᠴᠤᠭᠴᠠ ᠶᠢ ᠠᠬᠢᠭᠤᠯᠤᠨ ᠪᠠᠶᠢᠭᠤᠯᠵᠦ᠂ ᠳᠡᠯᠡᠭᠡᠢ ᠶᠢᠨ | ᠡᠯ᠎ᠠ ᠤᠯᠤᠰ ᠤᠨ ᠠᠷᠠᠳ ᠲᠦᠮᠡᠨ ᠲᠠᠢ ᠬᠠᠮᠳᠤᠪᠡᠷ ᠦᠨᠢ ᠡᠭᠦᠷᠢᠳᠡ ᠡᠩᠭᠡ ᠲᠠᠶᠢᠪᠤᠩ᠂ ᠨᠡᠶᠢᠳᠡᠮ ᠠᠮᠤᠷ | ᠲᠦᠪᠰᠢᠨ᠂ ᠬᠠᠮᠳᠤᠪᠡᠷ ᠴᠡᠴᠡᠭᠯᠡᠵᠦ ᠬᠦᠭᠵᠢᠭᠰᠡᠨ᠂ ᠨᠡᠭᠡᠭᠡᠯᠳᠡᠳᠠᠢ ᠪᠠᠭᠳᠠᠭᠠᠮᠵᠢᠳᠠᠢ᠂ ᠠᠷᠢᠭᠤᠨ ᠴᠡᠪᠡᠷ | ᠦᠵᠡᠰᠬᠦᠯᠡᠩᠳᠦ ᠰᠠᠶᠢᠬᠠᠨ ᠳᠡᠯᠡᠭᠡᠢ ᠶᠢᠷᠳᠢᠨᠴᠤ ᠶᠢ ᠪᠠᠶᠢᠭᠤᠯᠤᠨ᠎ᠠ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ᠂ ᠲᠡᠮᠦᠷ ᠢ ᠳᠠᠪᠳᠠᠬᠤ ᠳᠤ ᠦᠪᠡᠷ ᠢᠶᠠᠨ ᠬᠠᠳᠠᠭᠤ ᠪᠠᠶᠢᠬᠤ ᠭᠡᠷᠡᠭᠲᠡᠢ᠃ ᠰᠢᠨ᠎ᠠ ᠴᠠᠭ | ᠦᠶ᠎ᠠ ᠶᠢᠨ ᠨᠠᠮ ᠤᠨ ᠪᠠᠶᠢᠭᠤᠯᠤᠯᠳᠠ ᠶᠢᠨ ᠶᠡᠷᠦᠩᠭᠡᠢ ᠱᠠᠭᠠᠷᠳᠠᠯᠭ᠎ᠠ ᠪᠤᠯ᠄ ᠨᠠᠮ ᠤᠨ ᠪᠦᠬᠦ ᠲᠠᠯ᠎ᠠ ᠶᠢᠨ | ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠦ᠂ ᠨᠠᠮ ᠨᠢ ᠨᠠᠮ ᠢᠶᠠᠨ ᠬᠠᠮᠢᠶᠠᠷᠬᠤ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠪᠠᠷᠢᠮᠳᠠᠯᠠᠵᠦ᠂ ᠨᠠᠮ ᠤᠨ ᠤᠷᠳᠤ ᠬᠤᠭᠤᠴᠠᠭᠠᠨ ᠤ ᠲᠦᠷᠦ ᠪᠠᠷᠢᠬᠤ ᠴᠢᠳᠠᠪᠤᠷᠢ ᠶᠢᠨ | ᠪᠠᠶᠢᠭᠤᠯᠤᠯᠳᠠ ᠶᠢ ᠴᠢᠩᠭᠠᠳᠬᠠᠵᠦ᠂ ᠲᠡᠷᠢᠬᠦᠨ ᠤ ᠴᠢᠨᠠᠷ ᠪᠠ ᠴᠡᠪᠡᠷ ᠴᠢᠨᠠᠷ ᠤᠨ ᠪᠠᠶᠢᠭᠤᠯᠤᠯᠳᠠ ᠪᠠᠷ ᠭᠤᠤᠯ | ᠰᠢᠵᠢᠮ ᠪᠤᠯᠭᠠᠵᠦ᠂ ᠨᠠᠮ ᠤᠨ ᠤᠯᠤᠰ ᠲᠦᠷᠦ ᠶᠢᠨ ᠪᠠᠶᠢᠭᠤᠯᠤᠯᠳᠠ ᠪᠠᠷ ᠶᠡᠷᠦᠩᠬᠡᠢ ᠵᠢᠯᠤᠭᠤᠳᠤᠮᠵᠢ ᠪᠤᠯᠭᠠᠵᠦ᠂ | ᠪᠠᠳᠤ ᠪᠠᠬᠢ ᠬᠦᠰᠡᠯᠡᠩ ᠢᠳᠡᠭᠡᠯ ᠪᠢᠰᠢᠷᠡᠯ ᠵᠤᠷᠢᠯᠳᠠ ᠪᠠᠷ ᠦᠨᠳᠦᠰᠦ ᠪᠤᠯᠭᠠᠵᠦ᠂ ᠪᠦᠬᠦ ᠨᠠᠮ ᠤᠨ ᠢᠳᠡᠪᠬᠢᠵᠢᠯ᠂ | ᠰᠠᠨᠠᠭᠠᠴᠢᠯᠠᠭᠠᠳᠦ ᠴᠢᠨᠠᠷ᠂ ᠪᠦᠳᠦᠭᠡᠯᠴᠢ ᠴᠢᠨᠠᠷ ᠢ ᠲᠠᠶᠢᠴᠢᠯᠠᠬᠤ ᠪᠠᠷ ᠬᠦᠴᠦᠯᠡᠬᠦ ᠴᠡᠭ ᠪᠤᠯᠭᠠᠵᠦ᠂ ᠨᠠᠮ ᠤᠨ ᠤᠯᠤᠰ | ᠲᠦᠷᠦ ᠶᠢᠨ ᠪᠠᠶᠢᠭᠤᠯᠤᠯᠳᠠ᠂ ᠦᠵᠡᠯ ᠰᠠᠨᠠᠭᠠᠨ ᠤ ᠪᠠᠶᠢᠭᠤᠯᠤᠯᠳᠠ᠂ ᠵᠤᠬᠢᠶᠠᠨ ᠪᠠᠶᠢᠭᠤᠯᠤᠯᠳᠠ ᠶᠢᠨ ᠴᠤᠬᠴᠠᠯᠠᠯᠳᠠ᠂ | ᠰᠤᠷᠳᠠᠯ ᠤᠨ ᠪᠠᠶᠢᠭᠤᠯᠤᠯᠳᠠ᠂ ᠰᠠᠬᠢᠯᠭ᠎ᠠ ᠪᠠᠳᠤ ᠶᠢᠨ ᠪᠠᠶᠢᠭᠤᠯᠤᠯᠳᠠ ᠶᠢ ᠪᠦᠬᠦ ᠲᠠᠯ᠎ᠠ ᠪᠠᠷ ᠠᠬᠢᠭᠤᠯᠵᠦ᠂ ᠲᠦᠷᠢᠮ | ᠤᠨ ᠪᠠᠶᠢᠭᠤᠯᠤᠯᠳᠠ ᠶᠢ ᠡᠨᠡᠬᠦ ᠶᠠᠪᠤᠴᠠ ᠳᠤ ᠲᠤᠤᠱᠯᠠᠭᠤᠯᠵᠦ᠂ ᠢᠯᠵᠢᠷᠡᠯ ᠢ ᠡᠰᠡᠷᠬᠦᠴᠡᠬᠦ ᠲᠡᠮᠡᠴᠡᠯ ᠢ ᠬᠦᠨᠵᠡᠭᠡᠢ | ᠠᠬᠢᠭᠤᠯᠵᠦ᠂ ᠨᠠᠮ ᠤᠨ ᠪᠠᠶᠢᠭᠤᠯᠤᠯᠳᠠ ᠶᠢᠨ ᠴᠢᠨᠠᠷ ᠴᠢᠨᠰᠠᠭ᠎ᠠ ᠶᠢ ᠳᠠᠰᠤᠷᠠᠯᠳᠠ ᠦᠭᠡᠢ ᠳᠡᠭᠡᠭᠰᠢᠯᠡᠬᠦᠯᠵᠦ᠂ ᠨᠠᠮ ᠢ | ᠢᠮᠠᠭᠳᠠ ᠴᠠᠭ ᠦᠶ᠎ᠠ ᠶᠢᠨ ᠡᠮᠦᠨ᠎ᠠ ᠡᠩᠨᠡᠭᠡ ᠳᠤ ᠶᠠᠪᠤᠬᠤ᠂ ᠠᠷᠠᠳ ᠲᠦᠮᠡᠨ ᠦᠨᠡᠨ ᠰᠡᠳᠬᠢᠯ ᠠᠴᠠ ᠪᠠᠨ | ᠬᠦᠷᠢᠶᠡᠯᠡᠬᠦ᠂ ᠲᠤᠰ ᠪᠡᠶ᠎ᠠ ᠪᠠᠨ ᠵᠤᠷᠢᠬᠳᠠᠢ ᠪᠠᠷ ᠬᠤᠪᠢᠰᠬᠠᠬᠤ᠂ ᠡᠯ᠎ᠠ ᠵᠦᠢᠯ ᠤᠨ ᠰᠠᠯᠬᠢ ᠲᠠᠪᠠᠯᠭᠠᠨ ᠤ | ᠰᠢᠯᠭᠠᠯᠳᠠ ᠶᠢ ᠳᠠᠭᠠᠭᠠᠵᠦ ᠴᠢᠳᠠᠬᠤ᠂ ᠴᠤᠬ ᠰᠦᠯᠳᠡ ᠪᠠᠳᠠᠷᠠᠩᠭᠤᠢ ᠮᠠᠷᠺᠰ ᠤᠨ ᠦᠵᠡᠯ ᠤᠨ ᠲᠦᠷᠦ ᠪᠠᠷᠢᠬᠤ ᠨᠠᠮ | ᠪᠤᠯᠭᠠᠨ ᠪᠠᠶᠢᠭᠤᠯᠬᠤ ᠭᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ᠂ ᠪᠦᠬᠦ ᠨᠠᠮ ᠢᠶᠠᠷ ᠢᠶᠠᠨ ᠡᠷᠭᠡᠪᠰᠢ ᠤᠯᠤᠰ ᠲᠦᠷᠦ ᠶᠢᠨ ᠤᠬᠠᠮᠰᠠᠷ᠂ ᠶᠡᠭᠡ ᠲᠠᠯ᠎ᠠ ᠶᠢᠨ | ᠤᠬᠠᠮᠰᠠᠷ᠂ ᠭᠤᠤᠯᠯᠠᠬᠤ ᠤᠬᠠᠮᠰᠠᠷ᠂ ᠨᠢᠭᠡᠲᠦᠯᠲᠠᠢ ᠪᠠᠶᠢᠬᠤ ᠤᠬᠠᠮᠰᠠᠷ ᠢᠶᠠᠨ ᠴᠢᠩᠭᠠᠳᠬᠠᠵᠦ᠂ ᠨᠠᠮ ᠤᠨ ᠲᠦᠪ | ᠬᠤᠷᠢᠶᠠᠠ ᠤ ᠡᠷᠭᠡ ᠰᠦᠷ ᠪᠤᠯᠤᠨ ᠲᠦᠪᠯᠡᠷᠡᠩᠭᠦᠢ ᠨᠢᠭᠡᠲᠦᠯᠲᠠᠢ ᠤᠲᠤᠷᠢᠲᠤᠯᠭ᠎ᠠ ᠶᠢ ᠪᠠᠷᠢᠮᠲᠠᠯᠠᠠ᠂ ᠨᠠᠮ ᠤᠨ | ᠤᠯᠤᠰ ᠲᠦᠷᠦ ᠶᠢᠨ ᠱᠤᠭᠤᠮ ᠢ ᠡᠷᠡᠰ ᠭᠡᠷᠡᠭᠵᠢᠭᠦᠯᠵᠦ᠂ ᠤᠯᠤᠰ ᠲᠦᠷᠦ ᠶᠢᠨ ᠰᠠᠬᠢᠯᠭ᠎ᠠ ᠪᠠᠲᠤ ᠪᠠ ᠤᠯᠤᠰ | ᠲᠦᠷᠦ ᠶᠢᠨ ᠶᠤᠰᠤ ᠲᠦᠷᠢᠮ ᠢ ᠴᠢᠩᠭ᠎ᠠ ᠵᠢᠷᠤᠮᠯᠠᠵᠦ᠂ ᠤᠯᠤᠰ ᠲᠦᠷᠦ ᠶᠢᠨ ᠵᠤᠭᠰᠤᠯᠲᠠ᠂ ᠤᠯᠤᠰ ᠲᠦᠷᠦ ᠶᠢᠨ | ᠴᠢᠭᠯᠡᠯ᠂ ᠤᠯᠤᠰ ᠲᠦᠷᠦ ᠶᠢᠨ ᠵᠠᠷᠴᠢᠮ᠂ ᠤᠯᠤᠰ ᠲᠦᠷᠦ ᠶᠢᠨ ᠵᠠᠮ ᠲᠡᠭᠡᠷ᠎ᠠ ᠨᠠᠮ ᠤᠨ ᠲᠦᠪ ᠬᠤᠷᠢᠶ᠎ᠠ ᠲᠠᠢ | ᠲᠡᠭᠡᠲᠦ ᠬᠡᠮᠵᠢᠶ᠎ᠠ ᠪᠠᠷ ᠨᠢᠭᠡᠲᠦᠯᠲᠠᠢ ᠪᠠᠶᠢᠬᠤ ᠭᠡᠷᠡᠭᠲᠡᠢ ᠭᠡᠵᠦ ᠴᠢᠬᠤᠯᠠᠴᠢᠯᠠᠪᠠ᠃ | ᠶᠡᠭᠡ ᠬᠤᠷᠠᠯ ᠠᠴᠠ ᠨᠠᠮ ᠤᠨ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ | ᠪᠠᠶᠢᠴᠠᠭᠠᠬᠤ ᠬᠤᠷᠢᠶᠠᠠ ᠤ ᠠᠵᠢᠯ ᠤᠨ ᠮᠡᠲᠡᠭᠦᠯᠦᠯᠲᠡ ᠶᠢᠨ ᠲᠤᠬᠠᠢ ᠰᠢᠢᠳᠪᠦᠷᠢ ᠶᠢ ᠪᠠᠲᠤᠯᠠᠪᠠ᠃ ᠶᠡᠭᠡ | ᠬᠤᠷᠠᠯ ᠠᠴᠠ ᠠᠷᠪᠠᠠ ᠨᠠᠢᠮᠠᠲᠤᠭᠠᠷ ᠬᠤᠭᠤᠴᠠᠭᠠᠠ ᠤ ᠲᠦᠪ ᠤᠨ ᠰᠠᠬᠢᠯᠭ᠎ᠠ ᠪᠠᠲᠤ ᠪᠠᠶᠢᠴᠠᠭᠠᠬᠤ ᠬᠤᠷᠢᠶᠠᠠ ᠤ ᠠᠵᠢᠯ | ᠢ ᠬᠦᠢᠴᠡᠳ ᠨᠤᠲᠠᠯᠠᠭᠰᠠᠠ ᠪᠠᠶᠢᠨ᠎ᠠ᠃ | ᠶᠡᠭᠡ ᠬᠤᠷᠠᠯ ᠠᠴᠠ ︽ᠲᠤᠮᠲᠠᠲᠤ ᠤᠯᠤᠰ ᠤᠨ ᠡᠪ ᠬᠠᠮᠲᠤ ᠨᠠᠮ ᠤᠨ ᠲᠦᠷᠢᠮ ︵ᠵᠠᠰᠠᠪᠤᠷᠢ | ᠤᠷᠤᠭᠤᠯᠤᠭᠰᠠᠠ ᠲᠦᠰᠦᠯ︶︾ ᠤᠨ ᠰᠢᠢᠳᠪᠦᠷᠢ ᠶᠢ ᠪᠠᠲᠤᠯᠠᠵᠦ᠂ ᠡᠨᠡᠬᠦ ᠵᠠᠰᠠᠪᠤᠷᠢ ᠤᠷᠤᠭᠤᠯᠤᠭᠰᠠᠠ ᠲᠦᠰᠦᠯ ᠨᠢ | ᠪᠠᠲᠤᠯᠠᠭᠰᠠᠠ ᠡᠲᠦᠷ ᠠᠴᠠ ᠡᠬᠢᠯᠡᠡ ᠬᠦᠴᠤᠨ ᠲᠠᠢ ᠪᠤᠯᠤᠨ᠎ᠠ ᠭᠡᠵᠦ ᠲᠤᠭᠲᠠᠭᠠᠵᠠᠢ᠃ | ᠶᠡᠭᠡ ᠬᠤᠷᠠᠯ ᠠᠴᠠ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠨᠨᠠᠭ᠎ᠠ᠂ | ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠠᠴᠢ ᠬᠦᠭᠵᠢᠯᠲᠠ ᠶᠢᠨ ᠦᠵᠡᠯᠲᠠ ᠶᠢᠨ ᠵᠠᠯᠭᠠᠮᠵᠢᠯᠠᠯ ᠪᠠ ᠬᠦᠭᠵᠢᠭᠦᠯᠦᠯᠳᠡ ᠮᠦᠨ᠂ ᠮᠠᠷᠺᠰ ᠤᠨ ᠦᠵᠡᠯ ᠢ | ᠲᠤᠮᠲᠠᠲᠤ ᠤᠯᠤᠰᠴᠢᠯᠠᠭᠰᠠᠠ ᠬᠠᠮᠤᠭ ᠤᠨ ᠰᠢᠨ᠎ᠠ ᠠᠮᠵᠢᠯᠲᠠ ᠮᠦᠨ᠂ ᠨᠠᠮ ᠪᠤᠯᠤᠨ ᠠᠷᠠᠳ ᠲᠦᠮᠡᠡ ᠤ | ᠦᠢᠯᠡᠲᠦᠯᠭᠡ ᠶᠢᠨ ᠲᠤᠷᠰᠢᠯᠭ᠎ᠠ ᠪᠠ ᠨᠡᠶᠢᠲᠡ ᠶᠢᠨ ᠤᠶᠤᠠ ᠤᠬᠠᠭᠠᠠ ᠤ ᠲᠠᠯᠠᠰᠳᠤ ᠮᠦᠨ᠂ ᠲᠤᠮᠲᠠᠲᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠤᠨᠤᠯ ᠤᠨ ᠰᠢᠰᠲ᠋ᠧᠮ ᠤᠨ ᠴᠢᠬᠤᠯᠠ ᠪᠦᠷᠢᠯᠲᠦᠭᠦᠨ ᠭᠡᠰᠡᠭ ᠮᠦᠨ᠂ ᠪᠦᠬᠦ | ᠨᠠᠮ ᠪᠦᠬᠦ ᠤᠯᠤᠰ ᠤᠨ ᠠᠷᠠᠳ ᠲᠦᠮᠡᠡ ᠤ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ | ᠶᠢᠨ ᠲᠦᠯᠦᠭᠡ ᠲᠡᠮᠡᠴᠡᠬᠦ ᠤᠶᠢᠯᠡ ᠠᠵᠢᠯᠯᠠᠭ᠎ᠠ ᠶᠢᠨ ᠵᠦᠭᠯᠡᠭᠦᠷ ᠮᠦᠨ᠂ ᠡᠷᠭᠡᠪᠰᠢ ᠤᠷᠲᠤ ᠬᠤᠭᠤᠴᠠᠭ᠎ᠠ ᠪᠠᠷ | ᠪᠠᠷᠢᠮᠲᠠᠯᠠᠬᠤ ᠮᠦᠷᠳᠡᠭᠡᠨ ᠲᠠᠰᠤᠷᠠᠯᠲᠠ ᠦᠭᠡᠢ ᠬᠦᠭᠵᠢᠭᠦᠯᠬᠦ ᠬᠡᠷᠡᠭᠲᠡᠢ ᠭᠡᠵᠦ ᠦᠵᠡᠪᠠ᠃ ᠶᠡᠭᠡ ᠬᠤᠷᠠᠯ ᠠᠴᠠ ᠨᠠᠮ | ᠤᠨ ᠲᠦᠷᠢᠮ ᠤᠨ ᠲᠤᠲᠤᠷᠠᠬᠢ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ | ᠤᠠᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ | ᠦᠵᠡᠯ ᠰᠨᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ | ᠰᠢᠨᠵᠢᠯᠡᠬᠦ ᠤᠬᠠᠭᠠᠠᠴᠢ ᠬᠦᠭᠵᠢᠯᠲᠠ ᠶᠢᠨ ᠦᠵᠡᠯᠲᠠ ᠲᠠᠢ ᠴᠤᠬᠭᠠᠷ ᠨᠠᠮ ᠤᠨ ᠤᠶᠢᠯᠡ ᠠᠵᠢᠯᠯᠠᠭ᠎ᠠ ᠶᠢᠨ ᠵᠦᠭᠯᠡᠭᠦᠷ | ᠪᠤᠯᠭᠠᠬᠤ ᠶᠢ ᠰᠠᠨᠠᠯ ᠨᠢᠭᠡᠲᠡᠢ ᠵᠦᠪᠰᠢᠶᠡᠷᠡᠪᠡ᠃ ᠶᠡᠭᠡ ᠬᠤᠷᠠᠯ ᠠᠴᠠ ᠪᠦᠬᠦ ᠨᠠᠮ ᠢ ᠰᠢ ᠶᠢᠨ ᠫᠢᠩ ᠤᠨ ᠰᠢᠨ᠎ᠠ ᠴᠠᠭ | ᠦᠶ᠎ᠠ ᠶᠢᠨ ᠲᠤᠮᠲᠠᠲᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠦᠵᠡᠯ ᠰᠠᠨᠠᠭ᠎ᠠ | ᠪᠤᠯᠤᠨ ᠦᠢᠯᠡ ᠠᠵᠢᠯᠯᠠᠭ᠎ᠠ ᠪᠠᠨ ᠨᠢᠭᠡᠲᠦᠭᠦᠯᠵᠦ᠂ ᠰᠤᠷᠤᠯᠴᠠᠨ ᠲᠤᠤᠱᠯᠠᠭᠤᠯᠬᠤ ᠤᠬᠠᠮᠰᠠᠷᠲᠦ ᠴᠢᠨᠠᠷ ᠪᠤᠯᠤᠨ ᠡᠷᠡᠰ | ᠪᠠᠲᠤ ᠴᠢᠨᠠᠷ ᠢᠶᠠᠨ ᠴᠢᠩᠭᠠᠳᠬᠠᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠲᠠᠲᠤ ᠤᠯᠤᠰ ᠤᠨ | ᠤᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠨᠡᠶᠢᠭᠡᠮ ᠵᠢᠷᠤᠮ ᠤᠨ ᠤᠲᠤᠬᠢᠴᠢᠯᠠᠯᠲᠠ ᠶᠢᠨ ᠪᠦᠲᠦᠭᠡᠡ | ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠤᠱᠯᠠᠭᠤᠯᠤᠨ᠂ ᠨᠠᠮ ᠤᠨ ᠪᠠᠶᠢᠭᠤᠯᠤᠯᠲᠠ ᠶᠢᠨ ᠡᠯ᠎ᠠ ᠲᠠᠯ᠎ᠠ ᠳᠤ | ᠢᠯᠡᠷᠡᠭᠦᠯᠬᠦ ᠭᠡᠷᠡᠭᠲᠡᠢ ᠭᠡᠵᠦ ᠱᠠᠭᠠᠷᠲᠠᠭᠰᠠᠠ ᠪᠠᠶᠢᠨ᠎ᠠ᠃ | ᠶᠡᠭᠡ ᠬᠤᠷᠠᠯ ᠠᠴᠠ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠰᠤᠶᠤᠯ ᠢ ᠲᠤᠮᠲᠠᠲᠤ | ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠵᠠᠮ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ | ᠤᠨ ᠤᠨᠤᠯ ᠤᠨ ᠰᠢᠰᠲ᠋ᠧᠮ᠂ ᠲᠤᠮᠲᠠᠲᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠪᠠᠶᠢᠭᠤᠯᠤᠯ ᠢ ᠴᠤᠬᠭᠠᠷ | ᠨᠠᠮ ᠤᠨ ᠲᠦᠷᠢᠮ ᠳᠤ ᠪᠢᠴᠢᠨ ᠤᠷᠤᠭᠤᠯᠬᠤ ᠶᠢ ᠵᠦᠪᠰᠢᠶᠡᠷᠡᠵᠠᠢ᠂ ᠡᠨᠡ ᠨᠢ ᠪᠦᠬᠦ ᠨᠠᠮ ᠤᠨ ᠲᠤᠮᠲᠠᠲᠤ ᠤᠯᠤᠰ | ᠤᠨ ᠣᠨᠴᠠᠯᠢᠭ ᠲᠠᠢ ᠨᠡᠶᠢᠭᠡᠮ ᠵᠢᠷᠤᠮ ᠤᠨ ᠲᠤᠬᠠᠢ ᠲᠠᠨᠢᠯᠲᠠ ᠶᠢ ᠬᠦᠨᠵᠡᠭᠡᠶᠢᠷᠡᠭᠦᠯᠦᠨ᠂ ᠲᠤᠮᠲᠠᠲᠤ ᠤᠯᠤᠰ ᠤᠨ | ᠣᠨᠴᠠᠯᠢᠭ ᠲᠠᠢ ᠨᠡᠶᠢᠭᠡᠮ ᠵᠢᠷᠤᠮ ᠤᠨ ᠠᠭᠤᠯᠤᠭᠲᠠᠬᠤᠨ ᠢ ᠪᠦᠬᠦ ᠲᠠᠯ᠎ᠠ ᠪᠠᠷ ᠡᠵᠡᠮᠲᠡᠬᠦ ᠳᠤ ᠠᠰᠢᠭ ᠲᠠᠢ ᠶᠤᠮ᠃ | ᠶᠡᠭᠡ ᠬᠤᠷᠠᠯ ᠠᠴᠠ᠂ ᠪᠦᠬᠦ ᠨᠠᠮ ᠤᠨ ᠨᠦᠬᠦᠳ ᠨᠠᠮ ᠤᠨ ᠬᠠᠲᠠᠭᠤ ᠪᠡᠷᠭᠡᠰᠢᠶᠠᠯ ᠢ ᠲᠤᠭᠤᠯᠤᠨ ᠨᠡᠭᠡᠭᠡᠭᠰᠡᠡ ᠡᠨᠡᠬᠦ | ᠵᠠᠮ᠂ ᠡᠨᠡᠬᠦ ᠤᠨᠤᠯ ᠤᠨ ᠰᠢᠰᠲ᠋ᠧᠮ᠂ ᠡᠨᠡᠬᠦ ᠪᠠᠶᠢᠭᠤᠯᠤᠯ᠂ ᠡᠨᠡᠬᠦ ᠰᠤᠶᠤᠯ ᠢ ᠤᠯᠠᠮ ᠨᠠᠠᠲᠢᠩᠨᠠᠵᠤ ᠤᠷᠲᠤ | ᠬᠤᠭᠤᠴᠠᠭ᠎ᠠ ᠪᠠᠷ ᠪᠠᠷᠢᠮᠲᠠᠯᠠᠨ ᠲᠠᠰᠤᠷᠠᠯᠲᠠ ᠦᠭᠡᠢ ᠬᠦᠭᠵᠢᠭᠦᠯᠵᠦ᠂ ᠲᠤᠮᠲᠠᠲᠤ ᠤᠯᠤᠰ ᠤᠨ ᠣᠨᠴᠠᠯᠢᠭ ᠲᠠᠢ | ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠲᠦᠷ ᠮᠠᠠᠲᠤᠭᠤᠯᠵᠤ᠂ ᠵᠠᠮ ᠤᠨ ᠢᠲᠡᠭᠡᠯ᠂ ᠤᠨᠤᠯ ᠤᠨ ᠢᠲᠡᠭᠡᠯ᠂ | ᠪᠠᠶᠢᠭᠤᠯᠤᠯ ᠤᠨ ᠢᠲᠡᠭᠡᠯ᠂ ᠰᠤᠶᠤᠯ ᠤᠨ ᠢᠲᠡᠭᠡᠯ ᠢᠶᠠᠨ ᠪᠠᠲᠤᠳᠬᠠᠨ᠂ ᠨᠠᠮ ᠤᠨ ᠦᠨᠲᠦᠰᠦᠨ ᠤᠨᠤᠯ᠂ | ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠲᠤᠤᠱᠯᠠᠭᠤᠯᠬᠤ ᠭᠡᠷᠡᠭᠲᠡᠢ ᠭᠡᠵᠦ ᠴᠢᠬᠤᠯᠠᠴᠢᠯᠠᠭᠰᠠᠠ | ᠪᠠᠶᠢᠨ᠎ᠠ᠃ | ᠶᠡᠭᠡ ᠬᠤᠷᠠᠯ ᠠᠴᠠ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢ ᠪᠡᠶᠡᠯᠡᠭᠦᠯᠬᠦ | ᠪᠤᠯ ᠤᠷᠴᠢᠨ ᠦᠶ᠎ᠠ ᠠᠴᠠ ᠨᠠᠰᠢᠬᠢ ᠲᠤᠮᠲᠠᠲᠤ ᠶᠢᠨ ᠦᠨᠲᠦᠰᠦᠲᠡᠡ ᠤ ᠬᠠᠮᠤᠭ ᠤᠨ ᠠᠭᠤᠤ ᠶᠡᠭᠡ ᠬᠦᠰᠡᠯ ᠵᠡᠭᠦᠳᠦ | ᠮᠦᠨ᠂ ᠮᠠᠠ ᠤ ᠨᠠᠮ ᠤᠨ ᠠᠷᠠᠳ ᠲᠦᠮᠡᠡ ᠲᠤ ᠦᠭᠭᠦᠭᠰᠡᠨ᠂ ᠲᠡᠤᠬᠡ ᠳᠤ ᠦᠭᠭᠦᠭᠰᠡᠨ ᠲᠦᠪ ᠴᠢᠩᠭ᠎ᠠ ᠠᠮᠠᠯᠠᠯᠲᠠ | ᠮᠦᠨ ᠬᠡᠵᠦ ᠦᠵᠡᠪᠠ᠃ ᠶᠡᠭᠡ ᠬᠤᠷᠠᠯ ᠠᠴᠠ ᠨᠠᠮ ᠤᠨ ᠲᠦᠷᠢᠮ ᠳᠤ ︽ᠬᠤᠤᠰ ᠵᠠᠭᠤᠨ ᠵᠢᠯ︾ ᠤᠨ ᠲᠡᠮᠡᠴᠡᠬᠦ | ᠬᠠᠷᠠᠯᠲᠠ ᠶᠢ ᠪᠡᠶᠡᠯᠡᠭᠦᠯᠬᠦ᠂ ᠲᠤᠮᠲᠠᠲᠤ ᠶᠢᠨ ᠦᠨᠲᠦᠰᠦᠲᠡᠡ ᠤ ᠠᠭᠤᠤ ᠶᠡᠭᠡ ᠰᠡᠷᠭᠦᠨ ᠮᠠᠠᠲᠤᠯᠲᠠ ᠶᠢᠨ | ᠲᠤᠮᠲᠠᠲᠤ ᠶᠢᠨ ᠵᠡᠭᠦᠲᠦ ᠶᠢ ᠲᠡᠷᠭᠡᠯᠰᠢᠭᠦᠯᠬᠦ ᠠᠤᠭ᠎ᠠ ᠬᠠᠷᠠᠯᠲᠠ ᠶᠢ ᠲᠤᠲᠤᠷᠬᠠᠶᠢᠯᠠᠬᠰᠠᠨ ᠢ ᠵᠦᠪᠰᠢᠶᠡᠷᠡᠵᠠᠢ᠃ | ᠶᠡᠭᠡ ᠬᠤᠷᠠᠯ ᠠᠴᠠ᠂ ᠨᠠᠮ ᠤᠨ ᠠᠷᠪᠠ ᠶᠢᠰᠦᠲᠦᠭᠡᠷ ᠶᠡᠭᠡ ᠬᠤᠷᠠᠯ ᠠᠴᠠ ᠲᠤᠷᠠᠲᠤᠭᠰᠠᠠ ᠮᠠᠠ ᠤ ᠤᠯᠤᠰ | ᠤᠨ ᠨᠡᠶᠢᠭᠡᠮ ᠤᠨ ᠭᠤᠤᠯ ᠵᠦᠷᠢᠴᠡᠯ ᠨᠢᠭᠡᠨᠲᠡ ᠠᠷᠠᠳ ᠲᠦᠮᠡᠡ ᠤ ᠡᠲᠦᠷ ᠢᠷᠡᠬᠦᠶ᠎ᠡ ᠨᠡᠮᠡᠭᠲᠡᠵᠦ ᠪᠠᠶᠢᠭ᠎ᠠ ᠰᠠᠶᠢᠨ | ᠰᠠᠶᠢᠬᠠᠠ ᠠᠮᠢᠲᠤᠷᠠᠯ ᠤᠨ ᠭᠡᠷᠡᠭᠴᠡᠭᠡ ᠪᠤᠯᠤᠨ ᠲᠡᠩᠴᠡᠬᠦᠷᠢ ᠦᠭᠡᠢ ᠬᠦᠢᠴᠡᠳ ᠦᠭᠡᠢ ᠬᠦᠭᠵᠢᠯᠲᠠ ᠶᠢᠨ | ᠬᠤᠭᠤᠷᠤᠨᠲᠤᠬᠢ ᠵᠦᠷᠢᠴᠡᠯ ᠪᠤᠯᠵᠦ ᠬᠤᠪᠢᠷᠠᠵᠠᠢ ᠭᠡᠰᠡᠡ ᠴᠢᠬᠤᠯᠠ ᠶᠡᠭᠡ ᠤᠯᠤᠰ ᠲᠦᠷᠦ ᠶᠢᠨ ᠮᠠᠭᠠᠳᠯᠠᠯᠲᠠ ᠨᠢ | ᠮᠠᠠ ᠤ ᠤᠯᠤᠰ ᠤᠨ ᠨᠡᠶᠢᠭᠡᠮ ᠤᠨ ᠬᠦᠭᠵᠢᠯᠲᠠ ᠶᠢᠨ ᠪᠤᠰᠤᠳᠴᠢ ᠪᠤᠲᠠᠲᠤ ᠠᠬᠤᠢ ᠶᠢ ᠲᠤᠰᠬᠠᠵᠦ᠂ ᠨᠠᠮ ᠪᠠ | ᠤᠯᠤᠰ ᠤᠨ ᠶᠡᠭᠡ ᠪᠤᠲᠤᠯᠭ᠎ᠠ ᠴᠢᠭᠯᠡᠯᠲᠡ᠂ ᠠᠯᠤᠰ ᠭᠡᠲᠦ ᠶᠢᠨ ᠪᠠᠶᠢᠯᠲᠤᠬᠤ ᠪᠤᠲᠤᠯᠭ᠎ᠠ ᠶᠢ ᠲᠤᠭᠲᠠᠭᠠᠬᠤ ᠴᠢᠬᠤᠯᠠ | ᠭᠡᠷᠡᠴᠢ ᠪᠤᠯᠤᠭᠰᠠᠠ ᠪᠠᠶᠢᠨ᠎ᠠ᠃ ᠨᠠᠮ ᠤᠨ ᠲᠦᠷᠢᠮ ᠳᠤ ᠡᠭᠦᠨ ᠢ ᠦᠨᠲᠦᠰᠦᠯᠡᠨ ᠲᠤᠬᠢᠷᠠᠯᠴᠠᠭᠰᠠᠠ ᠵᠠᠰᠠᠪᠤᠷᠢ | ᠤᠷᠤᠭᠤᠯᠵᠠᠢ ᠭᠡᠵᠦ ᠦᠵᠡᠪᠡ᠃ | ᠶᠡᠭᠡ ᠬᠤᠷᠠᠯ ᠠᠴᠠ᠂ ᠤᠯᠤᠰ ᠠᠷᠠᠳ ᠤᠨ ᠠᠵᠦ ᠠᠬᠤᠢ ᠶᠢᠨ ᠨᠡᠩ ᠴᠢᠨᠠᠷᠯᠢᠭ᠂ ᠨᠡᠩ ᠪᠦᠲᠦᠮᠵᠢ ᠲᠠᠢ᠂ | ᠨᠡᠩ ᠭᠤᠤᠯᠴᠢ᠂ ᠨᠡᠩ ᠦᠷᠭᠦᠯᠵᠢᠯᠡᠭᠦ ᠬᠦᠭᠵᠢᠯᠳᠡ ᠶᠢ ᠠᠬᠢᠭᠤᠯᠬᠤ᠂ ᠲᠤᠮᠲᠠᠲᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠪᠠᠶᠢᠭᠤᠯᠤᠯ ᠢ ᠲᠡᠭᠦᠯᠲᠡᠷᠵᠢᠭᠦᠯᠦᠨ ᠬᠦᠭᠵᠢᠭᠦᠯᠬᠦ᠂ ᠤᠯᠤᠰ ᠤᠨ ᠵᠠᠰᠠᠯᠲᠠ ᠶᠢᠨ ᠰᠢᠰᠲ᠋ᠧᠮ | ᠪᠤᠯᠤᠨ ᠵᠠᠰᠠᠯᠲᠠ ᠶᠢᠨ ᠴᠢᠲᠠᠪᠤᠷᠢ ᠶᠢᠨ ᠤᠲᠤᠬᠢᠴᠢᠯᠠᠯᠲᠠ ᠶᠢ ᠠᠬᠢᠭᠤᠯᠬᠤ᠂ ᠦᠭᠡᠷᠡᠴᠢᠯᠡᠯᠲᠡ ᠶᠢᠨ ᠰᠢᠰᠲ᠋ᠧᠮᠲᠦ | ᠴᠢᠨᠠᠷ᠂ ᠪᠦᠬᠦᠯᠢ ᠴᠤᠭᠴᠠ ᠶᠢᠨ ᠴᠢᠨᠠᠷ᠂ ᠵᠤᠬᠢᠴᠠᠯᠳᠤᠩᠭᠤᠢ ᠴᠢᠨᠠᠷ ᠵᠡᠷᠭᠡ ᠠᠭᠤᠯᠭ᠎ᠠ ᠶᠢ ᠨᠠᠮ ᠤᠨ ᠲᠦᠷᠢᠮ ᠳᠤ | ᠪᠢᠴᠢᠨ ᠤᠷᠤᠭᠤᠯᠤᠭᠰᠠᠠ ᠨᠢ ᠪᠦᠬᠦ ᠨᠠᠮ ᠤᠨ ᠦᠵᠡᠯ ᠰᠠᠨᠠᠭ᠎ᠠ ᠪᠤᠯᠤᠨ ᠦᠢᠯᠡ ᠠᠵᠢᠯᠯᠠᠭ᠎ᠠ ᠶᠢ ᠨᠠᠮ ᠤᠨ ᠲᠦᠪ | ᠬᠤᠷᠢᠶᠠᠠ ᠤ ᠰᠢᠨᠵᠢᠯᠡᠬᠦ ᠤᠠᠬᠭᠠᠠᠴᠢ ᠮᠠᠭᠠᠳᠯᠠᠯᠲᠠ ᠪᠠ ᠪᠠᠶᠢᠯᠲᠤᠬᠤ ᠪᠤᠲᠤᠯᠭ᠎ᠠ ᠶᠢᠨ ᠪᠠᠶᠢᠷᠢᠯᠠᠭᠤᠯᠤᠯᠲᠠ ᠲᠡᠭᠡᠷ᠎ᠠ | ᠨᠢᠭᠡᠲᠦᠭᠦᠯᠵᠤ᠂ ᠰᠢᠨ᠎ᠠ ᠬᠦᠭᠵᠢᠯᠲᠠ ᠶᠢᠨ ᠣᠨᠤᠯᠵᠢᠬᠤᠨ ᠢ ᠪᠤᠢ ᠪᠤᠯᠭᠠᠠ ᠦᠢᠯᠡᠲᠦᠯᠭᠡᠵᠢᠭᠦᠯᠵᠤ᠂ ᠦᠭᠡᠷᠡᠴᠢᠯᠡᠯᠲᠡ | ᠬᠦᠭᠵᠢᠯᠲᠠ ᠶᠢᠨ ᠰᠢᠨ᠎ᠠ ᠪᠠᠶᠢᠲᠠᠯ ᠢ ᠲᠠᠰᠤᠷᠠᠯᠲᠠ ᠦᠭᠡᠢ ᠡᠬᠦᠳᠬᠦ ᠳᠤ ᠠᠰᠢᠭ ᠲᠠᠢ ᠭᠡᠵᠦ ᠦᠵᠡᠪᠡ᠃ | ᠶᠡᠭᠡ ᠬᠤᠷᠠᠯ ᠠᠴᠠ᠂ ᠨᠠᠮ ᠤᠨ ᠠᠷᠪᠠᠠ ᠨᠠᠢᠮᠠᠲᠤᠭᠠᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠦᠬᠦᠷ | ᠢᠶᠠᠷ ᠭᠤᠤᠯ ᠪᠤᠯᠭᠠᠭᠰᠠᠠ ᠨᠠᠮ ᠤᠨ ᠲᠦᠪ ᠬᠤᠷᠢᠶ᠎ᠠ ᠠᠵᠦ ᠠᠬᠤᠢ ᠶᠢᠨ ᠪᠠᠶᠢᠭᠤᠯᠤᠯᠲᠠ᠂ ᠤᠯᠤᠰ ᠲᠦᠷᠦ ᠶᠢᠨ | ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ | ᠪᠠᠶᠢᠭᠤᠯᠤᠯᠲᠠ ᠶᠢᠨ ᠲᠡᠯ᠎ᠠ ᠪᠠᠷ ᠠᠯᠢ ᠤᠯᠠᠠ ᠰᠢᠨ᠎ᠠ ᠣᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠲᠤᠬᠤ | ᠪᠤᠲᠤᠯᠭ᠎ᠠ ᠶᠢ ᠲᠤᠷᠠᠲᠤᠭᠰᠠᠠ ᠪᠠᠶᠢᠨ᠎ᠠ᠃ ᠡᠲᠡᠭᠡᠷ ᠠᠭᠤᠯᠭ᠎ᠠ ᠶᠢ ᠲᠡᠭᠦᠯᠲᠡᠷᠵᠢᠭᠦᠯᠬᠦ ᠨᠢ ᠪᠦᠬᠦ ᠨᠠᠮ ᠤᠨ | ᠦᠨᠲᠦᠰᠦᠨ ᠤᠨᠤᠯ᠂ ᠦᠨᠲᠦᠰᠦᠨ ᠱᠤᠭᠤᠮ᠂ ᠦᠨᠲᠦᠰᠦᠨ ᠠᠷᠭ᠎ᠠ ᠪᠤᠲᠤᠯᠭ᠎ᠠ ᠶᠢ ᠨᠡᠩ ᠤᠬᠠᠮᠰᠠᠷ ᠠᠴᠠ ᠪᠠᠨ᠂ | ᠨᠡᠩ ᠡᠷᠡᠰ ᠢᠶᠠᠷ ᠲᠤᠤᠱᠯᠠᠭᠤᠯᠵᠦ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠦᠩᠭᠡᠢ ᠪᠠᠶᠢᠷᠢᠰᠢᠭᠤᠯᠤᠯᠳᠠ ᠶᠢ | ᠨᠢᠭᠡᠲᠦᠯᠲᠠᠢ ᠲᠦᠯᠦᠪᠵᠢᠭᠦᠯᠦᠨ ᠠᠬᠢᠭᠤᠯᠬᠤ ᠳᠤ ᠲᠦᠢᠯ ᠤᠨ ᠴᠢᠬᠤᠯᠠ ᠦᠢᠯᠡᠳᠦᠯ ᠲᠠᠢ ᠭᠡᠵᠦ ᠦᠵᠡᠪᠡ᠃ | ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ ᠰᠢ ᠶᠢᠨ ᠫᠢᠩ ᠨᠦᠬᠦᠷ | ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠪᠠᠶᠢᠭᠤᠯᠤᠯᠲᠠ᠂ ᠦᠨᠳᠦᠰᠦᠳᠡᠨ ᠤ ᠪᠦᠯᠬᠦᠮᠳᠡᠯ᠂ | ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠬᠦᠯᠬᠦ︾ ᠪᠤᠯᠤᠨ ᠡᠬᠡ ᠤᠯᠤᠰ ᠤᠨ ᠨᠢᠭᠡᠳᠦᠯ᠂ ᠨᠢᠭᠡᠳᠦᠮᠡᠯ | ᠹᠷᠤᠨᠲ᠂ ᠭᠠᠳᠠᠭᠠᠳᠦ ᠬᠠᠷᠢᠯᠴᠠᠭᠠᠨ ᠤ ᠠᠵᠢᠯ ᠤᠨ ᠲᠠᠯ᠎ᠠ ᠪᠠᠷ ᠠᠯᠢ ᠤᠯᠠᠨ ᠴᠢᠬᠤᠯᠠ ᠦᠵᠡᠯ ᠰᠠᠨᠠᠭ᠎ᠠ | ᠦᠵᠡᠯᠳᠡ ᠶᠢ ᠳᠤᠷᠠᠳᠴᠤ᠂ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠴᠡᠷᠢᠭ ᠢ | ᠬᠦᠴᠦᠷᠬᠡᠭᠵᠢᠭᠦᠯᠬᠦ ᠵᠠᠮ ᠢᠶᠠᠷ ᠵᠠᠮᠨᠠᠬᠤ᠂ ᠡᠷᠬᠡ ᠲᠡᠭᠰᠢ ᠪᠦᠯᠬᠦᠮᠳᠡᠯ ᠲᠠᠢ ᠬᠠᠷᠢᠯᠴᠠᠨ ᠬᠠᠪᠰᠤᠷᠤᠯᠴᠠᠬᠤ ᠡᠶ᠎ᠡ | ᠵᠤᠬᠢᠴᠠᠩᠭᠤᠢ ᠨᠡᠶᠢᠭᠡᠮ ᠵᠢᠷᠤᠮ ᠤᠨ ᠦᠨᠳᠦᠰᠦᠳᠡᠨ ᠤ ᠬᠠᠷᠢᠴᠠᠭ᠎ᠠ ᠶᠢ ᠬᠠᠮᠠᠭᠠᠯᠠᠨ ᠬᠦᠭᠵᠢᠭᠦᠯᠬᠦ᠂ ᠡᠬᠡ ᠤᠯᠤᠰ ᠤᠨ | ᠨᠢᠭᠡᠳᠦᠯ ᠢ ᠠᠬᠢᠭᠤᠯᠬᠤ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ ᠬᠠᠮᠲᠦ ᠶᠢᠨ ᠴᠤᠭᠴᠠ ᠶᠢ | ᠠᠬᠢᠭᠤᠯᠬᠤ ᠶᠢᠨ ᠴᠢᠭᠯᠡᠯ ᠢ ᠤᠯᠠᠮ ᠳᠤᠳᠤᠷᠬᠠᠢ ᠵᠢᠭᠠᠵᠤ ᠦᠭᠴᠠᠢ᠃ ᠡᠳᠡᠭᠡᠷ ᠠᠭᠤᠯᠭ᠎ᠠ ᠶᠢ | ᠪᠠᠶᠠᠯᠢᠭᠵᠢᠭᠤᠯᠤᠭᠰᠠᠨ ᠨᠢ ᠨᠠᠮ ᠤᠨ ᠴᠡᠷᠢᠭ ᠠᠩᠭᠢ ᠳᠠᠬᠢ ᠬᠠᠷᠢᠴᠠᠯᠠᠰᠢ ᠦᠭᠡᠢ ᠤᠳᠤᠷᠢᠳᠤᠯᠭ᠎ᠠ ᠶᠢ ᠴᠢᠩᠭᠠᠳᠬᠠᠬᠤ | ᠂ ᠤᠯᠤᠰ ᠤᠨ ᠪᠠᠲᠤᠯᠠᠨ ᠬᠠᠮᠠᠭᠠᠯᠠᠯᠲᠠ ᠪᠤᠯᠤᠨ ᠴᠡᠷᠢᠭ ᠠᠩᠭᠢ ᠶᠢᠨ ᠤᠳᠤᠬᠢᠴᠢᠯᠠᠯᠲᠠ ᠶᠢᠨ ᠲᠦᠪᠰᠢᠨ ᠢ | ᠳᠡᠭᠡᠭᠰᠢᠯᠡᠭᠦᠯᠬᠦ ᠳᠤ ᠠᠰᠢᠭᠲᠠᠢ᠂ ᠦᠨᠳᠦᠰᠦᠳᠡᠨ ᠤ ᠪᠦᠯᠬᠦᠮᠳᠡᠯ ᠢ ᠴᠢᠩᠭᠠᠳᠬᠠᠬᠤ ᠲᠤ ᠠᠰᠢᠭᠲᠠᠢ᠂ ᠮᠠᠨ ᠤ | ᠤᠯᠤᠰ ᠤᠨ ᠨᠡᠬᠡᠬᠡᠯᠳᠡᠳᠦ ᠠᠵᠤ ᠠᠬᠤᠢ ᠶᠢᠨ ᠲᠦᠪᠰᠢᠨ ᠢ ᠳᠡᠭᠡᠭᠰᠢᠯᠡᠬᠦᠯᠬᠦ ᠳᠤ ᠠᠰᠢᠭᠳᠠᠢ ᠭᠡᠵᠦ ᠦᠵᠡᠪᠡ᠃ | ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢ᠂ ᠮᠠᠨ ᠤ ᠨᠠᠮ ᠪᠦᠬᠦ | ᠲᠠᠯ᠎ᠠ ᠪᠠᠷ ᠨᠠᠮ ᠢ ᠴᠢᠩᠭ᠎ᠠ ᠵᠠᠰᠠᠬᠤ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠪᠦᠬᠦ ᠲᠠᠯ᠎ᠠ ᠪᠠᠷ ᠰᠦᠪᠡᠭᠴᠢᠯᠡᠯᠳᠡ ᠬᠢᠵᠤ᠂ ᠠᠯᠢ ᠤᠯᠠᠨ ᠠᠮᠵᠢᠯᠲᠠ ᠲᠠᠢ ᠲᠤᠷᠰᠢᠯᠭ᠎ᠠ ᠪᠠ | ᠴᠢᠬᠤᠯᠠ ᠶᠡᠭᠡ ᠦᠷ᠎ᠠ ᠪᠦᠲᠦᠭᠡᠯ ᠤᠯᠪᠠ᠂ ᠡᠭᠦᠨ ᠢ ᠡᠷᠬᠡᠪᠰᠢ ᠴᠠᠭ ᠲᠤᠬᠠᠢ ᠳᠤᠨᠢ ᠨᠠᠮ ᠤᠨ ᠳᠦᠷᠢᠮ ᠳᠤ | ᠢᠯᠡᠷᠡᠭᠦᠯᠵᠤ᠂ ᠪᠦᠬᠦ ᠨᠠᠮ ᠤᠨ ᠬᠠᠮᠲᠦ ᠶᠢᠨ ᠬᠦᠰᠡᠯ ᠵᠤᠷᠢᠯᠳᠠ ᠪᠠ ᠬᠠᠮᠲᠦ ᠶᠢᠨ ᠵᠢᠷᠤᠮᠯᠠᠯ ᠪᠤᠯᠭᠠᠬᠤ ᠬᠡᠷᠡᠭᠲᠠᠢ | ᠭᠡᠵᠦ ᠦᠵᠡᠪᠡ᠃ | ᠶᠡᠭᠡ ᠬᠤᠷᠠᠯ ᠠᠴᠠ᠂ ᠲᠤᠮᠳᠠᠳᠤ ᠤᠯᠤᠰ ᠤᠨ ᠡᠪ ᠬᠠᠮᠳᠤ ᠨᠠᠮ ᠤᠨ ᠤᠳᠤᠷᠢᠳᠤᠯᠭ᠎ᠠ ᠪᠤᠯ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠬᠠᠮᠤᠬ ᠤᠨ ᠦᠨᠳᠦᠰᠦᠨ ᠰᠢᠨᠵᠢ ᠲᠡᠮᠳᠡᠭ ᠮᠦᠨ᠂ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠪᠠᠶᠢᠭᠤᠯᠤᠯ ᠤᠨ ᠬᠠᠮᠤᠬ ᠤᠨ ᠶᠡᠭᠡ ᠲᠠᠪᠠᠭᠤᠯᠢᠬ ᠮᠦᠨ᠃ ᠨᠠᠮ | ᠵᠠᠰᠠᠬ ᠴᠡᠷᠢᠭ ᠠᠷᠠᠳ ᠰᠤᠷᠭᠠᠭᠤᠯᠢ᠂ ᠲᠦᠷᠪᠡᠨ ᠵᠦᠭ ᠨᠠᠢᠮᠠᠨ ᠵᠤᠪᠬᠢᠰ ᠲᠤ ᠨᠠᠮ ᠪᠤᠯ ᠪᠦᠬᠦᠨ ᠢ ᠤᠳᠤᠷᠢᠳᠤᠬᠴᠢ | ᠮᠦᠨ ᠭᠡᠪᠡ᠃ ᠶᠡᠭᠡ ᠬᠤᠷᠠᠯ ᠠᠴᠠ ᠡᠨᠡᠬᠦ ᠴᠢᠬᠤᠯᠠ ᠶᠡᠭᠡ ᠤᠯᠤᠰ ᠲᠦᠷᠦ ᠶᠢᠨ ᠵᠠᠷᠴᠢᠮ ᠢ ᠨᠠᠮ ᠤᠨ ᠲᠦᠷᠢᠮ ᠳᠤ | ᠪᠢᠴᠢᠵᠤ ᠤᠷᠤᠭᠤᠯᠬᠤ ᠶᠢ ᠵᠦᠪᠰᠢᠶᠡᠷᠡᠪᠡ᠃ | ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠠᠵᠢᠯ ᠪᠤᠯᠤᠨ | ᠨᠠᠮ ᠤᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ ᠳ᠋ᠦᠩᠨᠡᠨ ᠡᠵᠡᠮᠰᠢᠵᠤ᠂ ᠶᠡᠷᠦᠩᠬᠡᠢ ᠬᠦᠳᠦᠯᠪᠦᠷᠢ ᠶᠢᠨ | ᠬᠡᠰᠡᠭ ᠠᠭᠤᠯᠭ᠎ᠠ ᠳᠤ ᠵᠠᠰᠠᠪᠤᠷᠢ ᠤᠷᠤᠭᠤᠯᠬᠤ ᠲᠠᠢ ᠵᠤᠯᠭᠠᠯᠴᠠᠭᠤᠯᠤᠨ᠂ ᠨᠠᠮ ᠤᠨ ᠳᠦᠷᠢᠮ ᠤᠨ ᠬᠡᠰᠡᠭ ᠠᠭᠤᠯᠭ᠎ᠠ | ᠳᠤ ᠵᠤᠬᠢᠬᠤ ᠵᠠᠰᠠᠪᠤᠷᠢ ᠤᠷᠤᠭᠤᠯᠬᠤ ᠨᠢ ᠲᠤᠩ ᠴᠢᠬᠤᠯᠠᠲᠠᠢ ᠭᠡᠵᠤ ᠦᠵᠡᠪᠡ᠃ | ᠶᠡᠭᠡ ᠬᠤᠷᠠᠯ ᠤᠨ ᠡᠯ᠎ᠠ ᠵᠦᠪᠯᠡᠬᠦ ᠵᠦᠢᠯ ᠶᠠᠪᠤᠬᠳᠠᠵᠤ ᠲᠠᠭᠤᠰᠤᠬᠰᠠᠨ ᠤ ᠳᠠᠷᠠᠭ᠎ᠠ᠂ ᠰᠢ ᠶᠢᠨ ᠫᠢᠩ | ᠬᠠᠯᠠᠭᠤᠨ ᠠᠯᠠᠭ᠎ᠠ ᠲᠠᠰᠢᠯᠳᠠ ᠶᠢᠨ ᠳᠤᠮᠳᠠ ᠴᠢᠬᠤᠯᠠ ᠶᠠᠷᠢᠶ᠎ᠠ ᠲᠠᠯᠪᠢᠵᠠᠢ᠃ ᠲᠡᠷᠡ ᠬᠡᠯᠡᠭᠰᠡᠨ ᠨᠢ᠂ ᠪᠦᠬᠦ | ᠲᠦᠯᠦᠭᠡᠯᠡᠭᠴᠢ ᠶᠢᠨ ᠬᠠᠮᠲᠦ ᠶᠢᠨ ᠴᠢᠷᠮᠠᠶᠢᠯᠭ᠎ᠠ ᠪᠠᠷ ᠲᠤᠰ ᠤᠳᠠᠭ᠎ᠠ ᠶᠢᠨ ᠶᠡᠭᠡ ᠬᠤᠷᠠᠯ ᠨᠢ ᠤᠭ ᠰᠠᠨᠠᠭ᠎ᠠ ᠪᠠᠨ | ᠦᠯᠦ ᠮᠠᠷᠳᠠᠬᠰᠠᠨ᠂ ᠡᠭᠦᠷᠭᠡ ᠬᠠᠷᠢᠭᠤᠴᠠᠯᠭ᠎ᠠ ᠪᠠᠨ ᠪᠠᠲᠦ ᠴᠡᠭᠡᠵᠢᠯᠡᠭᠰᠡᠨ᠂ ᠲᠤᠭ ᠳᠡᠮᠳᠡᠭ ᠢ ᠦᠨᠳᠦᠷ | ᠮᠠᠨᠳᠤᠭᠤᠯᠤᠭᠰᠠᠨ᠂ ᠪᠦᠯᠬᠦᠮᠳᠡᠨ ᠳᠠᠪᠰᠢᠭᠰᠠᠨ ᠶᠡᠭᠡ ᠬᠤᠷᠠᠯ ᠪᠤᠯᠵᠠᠢ᠃ ᠶᠡᠭᠡ ᠬᠤᠷᠠᠯ ᠠᠴᠠ ᠪᠠᠲᠤᠯᠠᠭᠰᠠᠨ ᠨᠠᠮ | ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶᠠᠨ ᠤ ᠢᠯᠡᠳᠭᠡᠯ ᠨᠢ ᠳᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ ᠮᠠᠷᠺᠰ ᠯᠧᠨᠢᠨ ᠤ ᠦᠵᠡᠯ᠂ | ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ | ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠲᠠ ᠶᠢᠨ ᠦᠵᠡᠯᠳᠡ᠂ ᠰᠢᠨ᠎ᠠ ᠴᠠᠭ ᠦᠶ᠎ᠠ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ | ᠤᠯᠤᠰ ᠤᠨ ᠳᠤᠳᠤᠭᠠᠳᠦ ᠭᠠᠳᠠᠭᠠᠳᠦ ᠶᠢᠨ ᠪᠠᠶᠢᠳᠠᠯ ᠤᠨ ᠬᠦᠭᠵᠢᠯᠲᠠ ᠬᠤᠪᠢᠷᠠᠯᠳᠠ ᠶᠢ ᠵᠠᠳᠠᠯᠤᠨ᠂ ᠦᠩᠭᠡᠷᠡᠭᠰᠡᠨ | 5 ᠵᠢᠯ ᠤᠨ ᠠᠵᠢᠯ ᠪᠤᠯᠤᠨ ᠲᠡᠤᠬᠡᠳᠦ ᠴᠢᠨᠠᠷᠲᠠᠢ ᠬᠤᠪᠢᠰᠤᠯᠲᠠ ᠶᠢ ᠡᠷᠭᠢᠴᠡᠭᠦᠯᠦᠨ ᠳ᠋ᠦᠩᠨᠡᠵᠤ᠂ ᠰᠢᠨ᠎ᠠ ᠴᠠᠭ | ᠦᠶ᠎ᠠ ᠶᠢᠨ ᠳᠤᠮᠳᠠᠳᠤ ᠤᠯᠤᠰ ᠤᠨ ᠡᠪ ᠬᠠᠮᠲᠦ ᠨᠠᠮ ᠤᠨ ᠲᠡᠤᠬᠡᠨ ᠡᠭᠦᠷᠭᠡ ᠬᠠᠷᠢᠭᠤᠴᠠᠯᠭ᠎ᠠ ᠶᠢ ᠭᠦᠨᠵᠡᠭᠡᠢ | ᠦᠭᠦᠯᠡᠨ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ | ᠪᠤᠯᠤᠨ ᠦᠨᠳᠦᠰᠦᠨ ᠠᠷᠭ᠎ᠠ ᠪᠤᠳᠤᠯᠭ᠎ᠠ ᠶᠢ ᠳᠤᠷᠠᠳᠴᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ | ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ | ᠪᠦᠳᠦᠬᠡᠨ ᠪᠠᠶᠢᠭᠤᠯᠬᠤ ᠰᠢᠨ᠎ᠡ ᠠᠶᠠᠯᠠᠯ ᠢ ᠡᠬᠢᠯᠡᠬᠦᠯᠬᠦ ᠬᠠᠷᠠᠯᠲᠠ ᠶᠢ ᠲᠤᠭᠳᠠᠭᠠᠵᠤ᠂ ᠰᠢᠨ᠎ᠠ ᠴᠠᠭ ᠦᠶ᠎ᠠ ᠶᠢᠨ | ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠦᠢᠯᠡᠰ ᠪᠤᠯᠤᠨ ᠨᠠᠮ ᠤᠨ | ᠪᠠᠶᠢᠭᠤᠯᠤᠯᠲᠠ ᠶᠢᠨ ᠰᠢᠨ᠎ᠠ ᠠᠭᠤᠤ ᠶᠡᠭᠡ ᠢᠨᠵᠧᠨᠧᠷᠢᠩ ᠳᠤ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠤ᠂ ᠨᠠᠮ | ᠪᠤᠯᠤᠨ ᠤᠯᠤᠰ ᠤᠨ ᠠᠵᠢᠯ ᠦᠢᠯᠡᠰ ᠤᠨ ᠤᠷᠤᠭᠰᠢᠯᠠᠯᠲᠠ ᠶᠢᠨ ᠴᠢᠭᠯᠡᠯ ᠢ ᠤᠯᠠᠮ ᠴᠢᠨᠠᠭᠰᠢᠳᠠ ᠳᠤᠳᠤᠷᠬᠠᠶᠢᠯᠠᠵᠠᠢ᠃ | ᠶᠡᠭᠡ ᠬᠤᠷᠠᠯ ᠠᠴᠠ ᠪᠠᠲᠤᠯᠠᠭᠰᠠᠨ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠵᠢᠯ ᠤᠨ | ᠮᠡᠳᠡᠭᠦᠯᠦᠯᠲᠡ ᠳᠤ᠂ ᠠᠷᠪᠠᠨ ᠨᠠᠢᠮᠠᠳᠤᠭᠠᠷ ᠬᠤᠭᠤᠴᠠᠭᠠᠨ ᠤ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢᠨ ᠠᠵᠢᠯ ᠢ | ᠳ᠋ᠦᠩᠨᠡᠵᠤ᠂ ᠨᠠᠮ ᠤᠨ ᠲᠦᠪ ᠬᠤᠷᠢᠶᠠᠨ ᠤ ᠤᠳᠤᠷᠢᠳᠤᠯᠭ᠎ᠠ ᠳᠤᠤᠷ᠎ᠠ ᠡᠯ᠎ᠠ ᠱᠠᠳᠤᠨ ᠤ ᠰᠠᠬᠢᠯᠭ᠎ᠠ ᠪᠠᠲᠦ | ᠪᠠᠶᠢᠴᠠᠭᠠᠬᠤ ᠬᠤᠷᠢᠶ᠎ᠠ ᠶᠢᠨ ᠬᠢᠨ ᠤ ᠨᠠᠮ ᠤᠨ ᠳᠦᠷᠢᠮ ᠠᠴᠠ ᠤᠯᠭᠤᠬᠰᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ | ᠰᠢᠳᠤᠷᠭᠤ ᠪᠠᠷ ᠭᠦᠢᠴᠡᠳᠭᠡᠵᠤ᠂ ᠨᠠᠮ ᠤᠨ ᠰᠤᠷᠳᠠᠯ ᠴᠢᠭᠡᠴᠢ ᠵᠠᠰᠠᠭ ᠤᠨ ᠪᠠᠶᠢᠭᠤᠯᠤᠯᠲᠠ ᠪᠤᠯᠤᠨ ᠢᠯᠵᠢᠷᠡᠯ ᠢ | ᠡᠰᠡᠷᠭᠦᠴᠡᠬᠦ ᠲᠡᠮᠡᠴᠡᠯ ᠢ ᠭᠦᠨᠵᠡᠭᠡᠢ ᠦᠷᠨᠢᠭᠦᠯᠵᠤ᠂ ᠲᠦᠪ ᠤᠨ ᠨᠠᠢᠮᠠᠨ ᠳᠤᠭᠳᠠᠭᠠᠯ ᠢ ᠴᠦᠬᠦᠷᠡᠰᠢ ᠦᠭᠡᠢ | ᠨᠠᠶᠢᠳᠠᠪᠤᠷᠢᠵᠢᠭᠤᠯᠵᠤ᠂ ᠤᠯᠤᠰ ᠲᠦᠷᠦ ᠶᠢᠨ ᠰᠠᠬᠢᠯᠭ᠎ᠠ ᠪᠠᠲᠦ ᠪᠤᠯᠤᠨ ᠤᠯᠤᠰ ᠲᠦᠷᠦ ᠶᠢᠨ ᠶᠤᠰᠤ ᠳᠦᠷᠢᠮ ᠢ | ᠴᠢᠩᠳᠠᠯᠠᠵᠤ᠂ ᠡᠯ᠎ᠠ ᠱᠠᠳᠤᠨ ᠤ ᠨᠠᠮ ᠤᠨ ᠵᠤᠬᠢᠶᠠᠨ ᠪᠠᠶᠢᠭᠤᠯᠤᠯᠲᠠ ᠶᠢᠨ ᠨᠠᠮ ᠢ ᠬᠠᠮᠢᠶᠠᠷᠴᠤ ᠨᠠᠮ ᠢ ᠵᠠᠰᠠᠬᠤ | ᠤᠯᠤᠰ ᠲᠦᠷᠦ ᠶᠢᠨ ᠡᠭᠦᠷᠭᠡ ᠪᠠᠨ ᠨᠠᠶᠢᠳᠠᠪᠤᠷᠢᠵᠢᠭᠤᠯᠬᠤ ᠶᠢ ᠠᠬᠢᠭᠤᠯᠵᠤ᠂ ᠲᠤᠭᠤᠷᠢᠨ ᠪᠠᠶᠢᠴᠠᠭᠠᠯᠳᠠ ᠶᠢᠨ | ᠬᠤᠷᠴᠠ ᠰᠡᠯᠡᠮ᠎ᠠ ᠶᠢᠨ ᠦᠢᠯᠡᠳᠦᠯ ᠢ ᠪᠠᠳᠠᠷᠠᠭᠤᠯᠵᠤ᠂ ᠰᠠᠬᠢᠯᠭ᠎ᠠ ᠪᠠᠲᠦ ᠶᠢ ᠡᠷᠬᠢᠮᠯᠡᠵᠤ᠂ ᠢᠯᠵᠢᠷᠡᠯ ᠤᠨ ᠦᠷᠭᠡᠵᠢᠬᠦ | ᠬᠠᠨᠳᠤᠰᠢ ᠶᠢ ᠡᠷᠡᠰ ᠬᠤᠷᠢᠬᠯᠠᠵᠤ᠂ ᠨᠠᠮ ᠤᠨ ᠳᠤᠳᠤᠭᠠᠳᠦ ᠶᠢᠨ ᠤᠯᠤᠰ ᠲᠦᠷᠦ ᠶᠢᠨ ᠠᠮᠢ ᠠᠬᠤᠢ ᠶᠢ | ᠴᠡᠪᠡᠷᠰᠢᠭᠦᠯᠵᠤ᠂ ᠢᠯᠵᠢᠷᠡᠯ ᠢ ᠡᠰᠡᠷᠭᠦᠴᠡᠬᠦ ᠳᠡᠶᠢᠯᠦᠩᠭᠦᠢ ᠪᠠᠶᠢᠳᠠᠯ ᠢ ᠪᠦᠷᠢᠯᠳᠦᠭᠦᠯᠦᠭᠰᠡᠨ ᠪᠠ ᠪᠠᠬᠢᠵᠢᠭᠦᠯᠵᠤ | ᠬᠦᠭᠵᠢᠭᠦᠯᠦᠭᠰᠡᠨ ᠢ ᠭᠦᠢᠴᠡᠳ ᠨᠤᠳᠠᠯᠠᠵᠠᠢ᠃ ᠶᠡᠭᠡ ᠬᠤᠷᠠᠯ ᠠᠴᠠ ᠪᠠᠲᠤᠯᠠᠭᠰᠠᠨ ᠨᠠᠮ ᠤᠨ ᠳᠦᠷᠢᠮ ᠳᠤ ᠵᠠᠰᠠᠪᠤᠷᠢ | ᠤᠷᠤᠭᠤᠯᠬᠤ ᠲᠦᠰᠦᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠤᠨ ᠤᠨᠤᠯ ᠤᠨ | ᠰᠢᠨ᠎ᠡ ᠡᠭᠦᠳᠦᠯᠳᠡ᠂ ᠦᠢᠯᠡᠳᠦᠯᠭᠡ ᠶᠢᠨ ᠰᠢᠨ᠎ᠡ ᠡᠭᠦᠳᠦᠯᠳᠡ᠂ ᠪᠠᠶᠢᠭᠤᠯᠤᠯ ᠤᠨ ᠰᠢᠨ᠎ᠡ ᠡᠭᠦᠳᠦᠯᠳᠡ ᠳᠤ | ᠤᠯᠤᠭᠰᠠᠨ ᠦᠷ᠎ᠠ ᠪᠦᠲᠦᠭᠡᠯ ᠢ ᠢᠯᠡᠷᠡᠭᠦᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠳᠤ | ᠲᠤᠭᠳᠠᠭᠠᠭᠰᠠᠨ ᠴᠢᠬᠤᠯᠠ ᠶᠡᠭᠡ ᠤᠨᠤᠯ ᠦᠵᠡᠯᠳᠡ ᠪᠤᠯᠤᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠦᠵᠡᠯ | ᠰᠠᠨᠠᠭ᠎ᠠ ᠶᠢ ᠢᠯᠡᠷᠡᠭᠦᠯᠵᠤ᠂ ᠡᠳᠡᠭᠡᠷ ᠵᠢᠯ ᠳᠠᠬᠢ ᠨᠠᠮ ᠤᠨ ᠪᠠᠶᠢᠭᠤᠯᠤᠯᠲᠠ ᠶᠢᠨ ᠠᠮᠵᠢᠯᠲᠠ ᠲᠠᠢ ᠲᠤᠷᠰᠢᠯᠭ᠎ᠠ ᠶᠢ | ᠬᠠᠷᠠᠭᠤᠯᠵᠤ᠂ ᠨᠠᠮ ᠤᠨ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠪᠦᠬᠦ ᠲᠠᠯ᠎ᠠ ᠪᠠᠷ ᠨᠠᠮ ᠢ ᠴᠢᠩᠭ᠎ᠠ | ᠵᠠᠰᠠᠬᠤ ᠶᠢ ᠠᠬᠢᠭᠤᠯᠬᠤ ᠳᠤ ᠳᠤᠳᠤᠷᠬᠠᠢ ᠱᠠᠭᠠᠷᠳᠠᠯᠭ᠎ᠠ ᠳᠤᠷᠠᠳᠪᠠ᠃ ᠶᠡᠭᠡ ᠬᠤᠷᠠᠯ ᠠᠴᠠ ᠰᠢᠨ᠎ᠠ ᠨᠢᠭᠡ | ᠬᠤᠭᠤᠴᠠᠭᠠᠨ ᠤ ᠲᠦᠪ ᠬᠤᠷᠢᠶ᠎ᠠ ᠶᠢ ᠰᠤᠩᠭᠤᠨ ᠭᠠᠷᠭᠠᠵᠤ᠂ ᠰᠢᠨ᠎ᠠ ᠬᠠᠭᠤᠴᠢᠨ ᠤ ᠰᠤᠯᠢᠭᠳᠠᠯ ᠢ ᠪᠡᠶᠡᠯᠡᠭᠦᠯᠪᠡ᠃ | ᠶᠡᠭᠡ ᠬᠤᠷᠠᠯ ᠠᠴᠠ ᠪᠠᠰᠠ ᠰᠢᠨ᠎ᠠ ᠨᠢᠭᠡ ᠬᠤᠭᠤᠴᠠᠭᠠᠨ ᠤ ᠲᠦᠪ ᠤᠨ ᠰᠠᠬᠢᠯᠭ᠎ᠠ ᠪᠠᠲᠦ ᠪᠠᠶᠢᠴᠠᠭᠠᠬᠤ ᠬᠤᠷᠢᠶ᠎ᠠ ᠶᠢ | ᠰᠤᠩᠭᠤᠨ ᠭᠠᠷᠭᠠᠵᠠᠢ᠃ ᠲᠤᠰ ᠤᠳᠠᠭ᠎ᠠ ᠶᠢᠨ ᠶᠡᠭᠡ ᠬᠤᠷᠠᠯ ᠠᠴᠠ ᠭᠠᠷᠭᠠᠭᠰᠠᠨ ᠡᠯ᠎ᠠ ᠵᠦᠢᠯ ᠤᠨ ᠰᠢᠢᠳᠪᠦᠷᠢᠲᠦ | ᠪᠤᠳᠤᠯᠭ᠎ᠠ ᠪᠠᠶᠢᠷᠢᠯᠠᠭᠤᠯᠤᠯᠲᠠ᠂ ᠤᠯᠤᠭᠰᠠᠨ ᠡᠯ᠎ᠠ ᠵᠦᠢᠯ ᠤᠨ ᠠᠮᠵᠢᠯᠲᠠ ᠪᠦᠲᠦᠮᠵᠢ ᠨᠢ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠲᠦ ᠢᠯᠠᠯᠲᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠭᠰᠠᠨ | ᠤᠯᠤᠰ ᠢ ᠪᠦᠬᠦ ᠲᠠᠯ᠎ᠠ ᠪᠠᠷ ᠪᠦᠳᠦᠬᠡᠨ ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ᠂ ᠪᠦᠬᠦ ᠲᠠᠯ᠎ᠠ ᠪᠠᠷ ᠨᠠᠮ ᠢ | ᠴᠢᠩᠭ᠎ᠠ ᠵᠠᠰᠠᠬᠤ ᠶᠢ ᠠᠬᠢᠭᠤᠯᠬᠤ᠂ ᠨᠠᠮ ᠤᠨ ᠪᠠᠶᠢᠭᠤᠯᠤᠯᠲᠠ ᠶᠢᠨ ᠰᠢᠨ᠎ᠠ ᠠᠭᠤᠤ ᠶᠡᠭᠡ ᠢᠨᠵᠧᠨᠧᠷᠢᠩ ᠢ | ᠠᠬᠢᠭᠤᠯᠬᠤ᠂ ᠰᠢᠨ᠎ᠠ ᠴᠠᠭ ᠦᠶ᠎ᠠ ᠶᠢᠨ ᠳᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠢᠯᠠᠯᠲᠠ ᠶᠢ ᠲᠡᠮᠡᠴᠡᠨ ᠤᠯᠬᠤ᠂ ᠳᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠲᠠ ᠶᠢᠨ | ᠳᠤᠮᠳᠠᠳᠤ ᠶᠢᠨ ᠵᠡᠭᠦᠳᠦ ᠶᠢ ᠲᠡᠷᠭᠡᠯᠰᠢᠭᠦᠯᠬᠦ ᠳᠤ ᠯᠠᠪᠲᠠᠶ᠎ᠠ ᠲᠦᠢᠯ ᠤᠨ ᠴᠢᠬᠤᠯᠠ ᠵᠢᠯᠤᠭᠤᠳᠤᠯᠭ᠎ᠠ ᠪᠠ | ᠪᠠᠲᠤᠯᠠᠭ᠎ᠠ ᠶᠢᠨ ᠦᠢᠯᠡᠳᠦᠯ ᠦᠵᠡᠭᠦᠯᠦᠨ᠎ᠡ ᠭᠡᠳᠡᠭ ᠢ ᠢᠲᠡᠭᠡᠵᠤ ᠪᠠᠶᠢᠨ᠎ᠠ ᠬᠡᠪᠡ᠃ | ᠰᠢ ᠶᠢᠨ ᠫᠢᠩ᠂ ᠨᠠᠮ ᠤᠨ ᠪᠦᠬᠦ ᠤᠯᠤᠰ ᠤᠨ ᠲᠦᠯᠤᠬᠡᠯᠡᠭᠴᠢᠳ ᠤᠨ ᠶᠡᠭᠡ ᠬᠤᠷᠠᠯ ᠤᠨ ᠲᠦᠯᠤᠬᠡᠯᠡᠭᠴᠢ | ᠪᠤᠯᠤᠬᠰᠠᠨ ᠤ ᠬᠤᠪᠢ ᠳᠤ᠂ ᠪᠢᠳᠡᠨ ᠤ ᠡᠬᠦᠷᠬᠡ ᠦᠩᠬᠡ ᠬᠡᠷᠡᠯ ᠲᠠᠢ᠂ ᠬᠠᠷᠢᠭᠤᠴᠠᠯᠭ᠎ᠠ ᠬᠦᠨᠳᠦ᠂ ᠡᠷᠬᠡᠪᠰᠢ ᠨᠠᠮ | ᠤᠨ ᠤᠬ ᠰᠠᠨᠠᠭ᠎ᠠ ᠪᠤᠯᠤᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠦᠪᠡᠷ ᠤᠨ ᠡᠬᠦᠷᠬᠡᠯᠠᠵᠤ ᠪᠠᠶᠢᠭ᠎ᠠ | ᠠᠷᠢᠭᠤᠨ ᠲᠠᠷᠬᠠᠨ ᠡᠬᠦᠷᠬᠡ ᠬᠠᠷᠢᠭᠤᠴᠠᠯᠭ᠎ᠠ ᠪᠠᠨ ᠪᠠᠳᠤ ᠴᠡᠬᠡᠵᠢᠯᠠᠵᠤ᠂ ᠨᠠᠮ ᠤᠨ ᠤᠨᠤᠯ ᠪᠤᠯᠤᠨ ᠱᠤᠭᠤᠮ | ᠴᠢᠭᠯᠡᠯᠳᠠ ᠲᠦᠷᠤ ᠶᠢᠨ ᠪᠤᠳᠤᠯᠭ᠎ᠠ ᠶᠢ ᠨᠠᠷᠢᠨ ᠬᠢᠨᠠᠮᠠᠭᠠᠢ ᠰᠤᠷᠤᠯᠴᠠᠨ᠂ ᠨᠠᠮ ᠤᠨ ᠴᠢᠨᠡᠭᠡᠯᠢᠭ ᠨᠡᠶᠢᠬᠡᠮ ᠢ ᠪᠦᠬᠦ | ᠲᠠᠯ᠎ᠠ ᠪᠠᠷ ᠪᠡᠶᠡᠯᠡᠬᠦᠯᠬᠦ᠂ ᠨᠡᠶᠢᠬᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠬᠦ ᠲᠠᠯ᠎ᠠ ᠪᠠᠷ ᠪᠦᠳᠤᠬᠡᠨ | ᠪᠠᠶᠢᠭᠤᠯᠬᠤ ᠰᠢᠨ᠎ᠠ ᠠᠶᠠᠯᠠᠯ ᠢ ᠡᠬᠢᠯᠡᠬᠦᠯᠬᠦ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠳᠠ ᠶᠢ ᠲᠤᠤᠱᠯᠠᠭᠤᠯᠤᠨ | ᠨᠠᠶᠢᠳᠠᠪᠤᠷᠢᠵᠢᠭᠤᠯᠵᠤ᠂ ᠨᠡᠩ ᠤᠬᠠᠮᠰᠠᠷ ᠠᠴᠠ ᠪᠠᠨ ᠨᠠᠮ ᠤᠨ ᠲᠦᠷᠢᠮ ᠢ ᠰᠤᠷᠤᠯᠴᠠᠨ ᠨᠠᠮ ᠤᠨ ᠲᠦᠷᠢᠮ ᠢ | ᠵᠢᠷᠤᠮᠯᠠᠵᠤ ᠨᠠᠮ ᠤᠨ ᠲᠦᠷᠢᠮ ᠢ ᠲᠤᠤᠱᠯᠠᠭᠤᠯᠤᠨ ᠨᠠᠮ ᠤᠨ ᠲᠦᠷᠢᠮ ᠢ ᠬᠠᠮᠠᠭᠠᠯᠠᠵᠤ᠂ ᠦᠵᠡᠯ ᠰᠠᠨᠠᠭ᠎ᠠ ᠤᠯᠤᠰ | ᠲᠦᠷᠤ ᠦᠢᠯᠡ ᠠᠵᠢᠯᠯᠠᠭ᠎ᠠ ᠶᠢᠨ ᠲᠠᠯ᠎ᠠ ᠪᠠᠷ ᠨᠠᠮ ᠤᠨ ᠲᠦᠪ ᠬᠤᠷᠢᠶ᠎ᠠ ᠲᠠᠢ ᠲᠡᠭᠡᠳᠤ ᠬᠡᠮᠵᠢᠶ᠎ᠠ ᠪᠠᠷ ᠨᠢᠬᠡᠳᠤᠯᠳᠠᠢ | ᠪᠠᠶᠢᠬᠤ ᠭᠡᠷᠡᠭᠳᠠᠢ︔ ᠡᠷᠬᠡᠪᠰᠢ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠯᠤᠭ᠎ᠠ ᠶᠢᠨ | ᠬᠠᠷᠢᠴᠠᠭ᠎ᠠ ᠪᠠᠨ ᠨᠢᠬᠳᠠᠷᠠᠭᠤᠯᠵᠤ᠂ ᠦᠷᠬᠡᠨ ᠤᠯᠠᠨ ᠨᠠᠮ ᠤᠨ ᠬᠡᠰᠢᠬᠦᠨ ᠪᠤᠯᠤᠨ ᠠᠷᠠᠳ ᠤᠯᠠᠨ ᠤ ᠬᠦᠰᠡᠯ ᠪᠤᠳᠤᠯ | ᠢ ᠴᠠᠬ ᠲᠤᠬᠠᠢ ᠲᠤᠨᠢ ᠲᠤᠰᠬᠠᠵᠤ᠂ ᠲᠦᠯᠤᠬᠡᠯᠡᠭᠴᠢ ᠶᠢᠨ ᠡᠷᠬᠡ ᠪᠠᠨ ᠵᠦᠪ ᠭᠡᠷᠡᠭᠵᠢᠬᠦᠯᠵᠤ᠂ ᠨᠠᠮ ᠪᠤᠯᠤᠨ ᠠᠷᠠᠳ | ᠲᠦᠮᠡᠨ ᠤ ᠬᠢᠨᠠᠯᠳᠠ ᠶᠢ ᠤᠬᠠᠮᠰᠠᠷ ᠠᠴᠠ ᠪᠠᠨ ᠬᠦᠯᠢᠶᠠᠬᠦ ᠭᠡᠷᠡᠭᠳᠠᠢ︔ ᠡᠷᠬᠡᠪᠰᠢ ᠵᠢᠱᠢᠶ᠎ᠡ ᠦᠵᠡᠭᠦᠯᠵᠦ ᠲᠠᠭᠠᠭᠤᠯᠬᠤ | ᠤᠶᠢᠯᠡᠳᠤᠯ ᠢᠶᠠᠨ ᠪᠠᠳᠠᠷᠠᠭᠤᠯᠵᠤ᠂ ᠤᠬᠠᠮᠰᠠᠷ ᠠᠴᠠ ᠪᠠᠨ ᠰᠢᠨ᠎ᠠ ᠴᠠᠬ ᠦᠶ᠎ᠠ ᠶᠢᠨ ᠨᠠᠮ ᠤᠨ ᠪᠠᠶᠢᠭᠤᠯᠤᠯᠳᠠ ᠶᠢᠨ | ᠶᠠᠷᠤᠩᠬᠡᠢ ᠱᠠᠭᠠᠷᠳᠠᠯᠭ᠎ᠠ ᠪᠠᠷ ᠦᠪᠡᠷ ᠢ ᠪᠠᠨ ᠦᠬᠡᠷᠡᠴᠢᠯᠡᠬᠦ ᠪᠠ ᠲᠡᠭᠡᠭᠰᠢᠯᠡᠬᠦᠯᠵᠤ᠂ ᠰᠢᠨ᠎ᠠ ᠴᠠᠬ ᠦᠶ᠎ᠠ ᠶᠢᠨ | ᠳᠤᠮᠳᠠᠳᠤ ᠤᠯᠤᠰ ᠤᠨ ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠤᠶᠢᠯᠡᠳᠤᠯᠬᠡ ᠳᠤ ᠢᠳᠡᠪᠬᠢᠳᠠᠢ | ᠤᠷᠤᠯᠴᠠᠵᠤ᠂ ᠨᠠᠮ ᠪᠤᠯᠤᠨ ᠤᠯᠤᠰ ᠤᠨ ᠤᠶᠢᠯᠡᠰ ᠲᠤ ᠦᠪᠡᠷ ᠤᠨ ᠤᠶᠤᠨ ᠤᠬᠠᠭᠠᠨ ᠪᠤᠯᠤᠨ ᠬᠦᠴᠤᠨ ᠴᠢᠳᠠᠯ | ᠢᠶᠠᠨ ᠡᠷᠬᠦᠵᠤ᠂ ᠪᠦᠬᠦ ᠨᠠᠮ ᠤᠨ ᠬᠡᠰᠢᠬᠦᠨ ᠳᠤ ᠬᠡᠪ ᠲᠠᠭᠤᠷᠢᠶᠠᠯ ᠪᠤᠯᠬᠤ ᠬᠡᠷᠡᠭᠲᠠᠢ᠂ ᠦᠷᠬᠡᠨ ᠤᠯᠠᠨ ᠨᠠᠮ ᠤᠨ | ᠬᠡᠰᠢᠬᠦᠨ ᠤ ᠢᠳᠡᠬᠡᠯ ᠢ ᠬᠦᠰᠡᠷᠳᠡᠬᠦᠯᠵᠤ ᠪᠣᠯᠬᠤ ᠦᠭᠡᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠶᠡᠭᠡ ᠬᠤᠷᠠᠯ ᠤᠨ ᠬᠤᠭᠤᠴᠠᠭᠠᠨ ᠳᠤ ᠡᠯ᠎ᠠ ᠠᠷᠠᠳᠴᠢᠯᠠᠭᠰᠠᠨ ᠨᠠᠮ ᠪᠦᠯᠦᠭ ᠤᠨ ᠲᠦᠪ | ᠬᠤᠷᠢᠶ᠎ᠠ᠂ ᠪᠦᠬᠦ ᠤᠯᠤᠰ ᠤᠨ ᠤᠶᠢᠯᠡᠳᠪᠤᠷᠢ ᠬᠤᠳᠠᠯᠳᠤᠭᠠᠨ ᠤ ᠬᠤᠯᠪᠤᠭ᠎ᠠ ᠪᠤᠯᠤᠨ ᠡᠯ᠎ᠠ ᠦᠨᠳᠤᠰᠤᠳᠠᠨ ᠡᠯ᠎ᠠ | ᠡᠳᠡᠬᠡᠳ ᠤᠨ ᠬᠦᠮᠤᠰ ᠶᠡᠭᠡ ᠬᠤᠷᠠᠯ ᠳᠤ ᠪᠠᠶᠠᠷ ᠬᠦᠷᠬᠡᠨ᠂ ᠦᠷᠬᠡᠨ ᠤᠯᠠᠨ ᠠᠷᠠᠳ ᠲᠦᠮᠡᠨ ᠡᠯ᠎ᠠ ᠵᠤᠶᠢᠯ ᠤᠨ | ᠬᠡᠯᠪᠡᠷᠢ ᠪᠠᠷ ᠶᠡᠭᠡ ᠬᠤᠷᠠᠯ ᠳᠤ ᠪᠠᠶᠠᠷ ᠬᠦᠷᠬᠡᠵᠤ᠂ ᠮᠠᠰᠢ ᠤᠯᠠᠨ ᠤᠯᠤᠰ ᠤᠨ ᠤᠳᠤᠷᠢᠳᠬᠤ ᠬᠦᠮᠤᠰ᠂ ᠲᠦᠷᠤ | ᠶᠢᠨ ᠨᠠᠮ᠂ ᠵᠤᠬᠢᠶᠠᠨ ᠪᠠᠶᠢᠭᠤᠯᠤᠯᠳᠠ ᠵᠢᠴᠢ ᠡᠯ᠎ᠠ ᠡᠳᠡᠬᠡᠳ ᠤᠨ ᠬᠦᠮᠤᠰ ᠴᠠᠬᠢᠯᠭᠠᠨ ᠮᠡᠳᠡᠭᠡ ᠵᠠᠬᠢᠳᠠᠯ ᠢᠷᠡᠬᠦᠯᠵᠤ᠂ | ᠶᠡᠭᠡ ᠬᠤᠷᠠᠯ ᠳᠤ ᠪᠠᠶᠠᠷ ᠬᠦᠷᠬᠡᠵᠤ ᠪᠠᠶᠢᠬᠤ ᠪᠠᠨ ᠢᠯᠡᠳᠬᠡᠪᠡ᠂ ᠶᠡᠭᠡ ᠬᠤᠷᠠᠯ ᠤᠨ ᠲᠡᠷᠢᠬᠦᠯᠡᠭᠴᠢᠳ ᠤᠨ | ᠪᠦᠯᠬᠦᠮ ᠠᠴᠠ ᠲᠠᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠲᠡᠪᠰᠢᠬᠦᠯᠵᠤ ᠪᠠᠶᠢᠨ᠎ᠠ ᠬᠡᠵᠤ ᠢᠯᠡᠷᠬᠡᠶᠢᠯᠡᠪᠡ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠤ ᠨᠠᠮ ᠪᠠᠶᠢᠭᠤᠯᠤᠬᠳᠠᠭᠠᠳ ᠨᠢᠭᠡᠨᠳᠡ 96 ᠵᠢᠯ ᠪᠤᠯᠤᠯ᠎ᠠ | ᠂ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠪᠠᠶᠢᠭᠤᠯᠤᠬᠳᠠᠭᠠᠳ ᠨᠢᠭᠡᠨᠳᠡ 68 ᠵᠢᠯ ᠪᠤᠯᠤᠯ᠎ᠠ᠂ | ᠦᠬᠡᠷᠡᠴᠢᠯᠠᠯᠳᠠ ᠨᠡᠬᠡᠬᠡᠯᠳᠠ ᠬᠢᠬᠡᠳ ᠨᠢᠭᠡᠨᠳᠡ 39 ᠵᠢᠯ ᠪᠤᠯᠵᠠᠢ᠃ ᠤᠷᠳᠤ ᠬᠤᠭᠤᠴᠠᠭᠠᠨ᠎ᠠ᠂ ᠮᠠᠨ ᠤ ᠨᠠᠮ | ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠲᠤᠮᠳᠠᠳᠤ ᠶᠢᠨ ᠦᠨᠳᠤᠰᠤᠳᠠᠨ ᠢ ᠪᠦᠯᠬᠦᠮᠳᠡᠬᠦᠯᠤᠨ ᠲᠠᠭᠠᠭᠤᠯᠵᠤ | ᠴᠦᠬᠦᠷᠡᠰᠢ ᠦᠬᠡᠢ ᠴᠢᠷᠮᠠᠶᠢᠨ ᠬᠠᠳᠠᠭᠤᠵᠢᠯᠳᠠᠢ ᠲᠡᠮᠡᠴᠠᠵᠤ᠂ ᠬᠠᠷ᠎ᠠ ᠲᠠᠮᠠᠬᠢ ᠶᠢᠨ ᠲᠠᠶᠢᠨ ᠤ ᠲᠠᠷᠠᠭᠠᠬᠢ ᠬᠠᠭᠤᠴᠢᠨ | ᠳᠤᠮᠳᠠᠳᠤ ᠤᠯᠤᠰ ᠤᠨ ᠲᠠᠷᠤᠯᠠᠬᠳᠠᠨ ᠲᠤᠷᠤᠮᠵᠢᠯᠠᠬᠳᠠᠵᠤ ᠪᠠᠶᠢᠬᠰᠠᠨ ᠬᠠᠷᠠᠰᠠᠯᠳᠤ ᠪᠠᠶᠢᠳᠠᠯ ᠢ ᠲᠤᠶᠢᠯᠪᠤᠷᠢᠳᠠᠢ | ᠬᠤᠪᠢᠷᠠᠭᠤᠯᠵᠤ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠳᠤᠮᠳᠠᠳᠤ ᠶᠢᠨ ᠦᠨᠳᠤᠰᠤᠳᠠᠨ ᠤ ᠶᠠᠳᠠᠭᠤ | ᠬᠤᠭᠤᠰᠤᠨ ᠲᠤᠷᠤᠢ ᠪᠠᠭᠤᠷᠠᠢ ᠭᠤᠨᠢᠬᠳᠤ ᠪᠠᠶᠢᠳᠠᠯ ᠢ ᠲᠤᠶᠢᠯᠪᠤᠷᠢᠳᠠᠢ ᠬᠤᠪᠢᠷᠠᠭᠤᠯᠪᠠ᠃ ᠦᠨᠤᠳᠤᠷ 13 | ᠳ᠋ᠦᠩᠰᠢᠭᠤᠷ ᠭᠠᠷᠤᠢ ᠳᠤᠮᠳᠠᠳᠤ ᠤᠯᠤᠰ ᠤᠨ ᠠᠷᠠᠳ ᠲᠦᠮᠡᠨ ᠤ ᠴᠤᠬ ᠵᠤᠯᠢ ᠪᠠᠳᠠᠷᠠᠩᠭᠤᠢ᠂ ᠤᠮᠤᠬ ᠵᠤᠷᠢᠬ | ᠲᠡᠬᠦᠯᠳᠡᠷ ᠪᠠᠶᠢᠵᠤ᠂ ᠮᠠᠨ ᠤ 960 ᠭᠠᠷᠤᠢ ᠲᠦᠮᠡᠨ ᠲᠡᠭᠰᠢ ᠲᠦᠷᠪᠡᠯᠵᠢᠨ ᠺᠢᠯᠤᠮᠧᠲᠷ ᠦᠷᠬᠡᠨ ᠠᠭᠤᠳᠠᠮ ᠨᠤᠳᠤᠬ | ᠲᠡᠪᠢᠰᠭᠡᠷ ᠲᠤ ᠠᠮᠢᠵᠢᠷᠠᠯ ᠤᠨ ᠬᠦᠴᠤᠨ ᠪᠢᠯᠬᠠᠵᠤ ᠬᠦᠭᠵᠢᠯ ᠤᠨ ᠪᠠᠷ᠎ᠠ ᠲᠤᠳᠤᠷᠠᠨ᠎ᠠ᠂ ᠮᠠᠨ ᠤ 5000 ᠭᠠᠷᠤᠢ | ᠵᠢᠯ ᠤᠨ ᠳᠤᠮᠳᠠᠳᠤ ᠶᠢᠨ ᠪᠤᠯᠪᠠᠰᠤᠨ ᠤ ᠬᠡᠷᠡᠯ ᠬᠢᠯᠪᠠᠭ᠎ᠠ ᠡᠬᠦᠷᠢᠳᠡ ᠬᠢᠯᠠᠯᠵᠠᠵᠤ᠂ ᠷᠢᠳᠢ ᠰᠢᠳᠢ ᠨᠢ ᠦᠨᠢᠳᠡ | ᠮᠦᠩᠬᠡᠷᠡᠨ᠎ᠡ᠂ ᠮᠠᠨ ᠤ ᠨᠠᠮ ᠤᠨ ᠤᠳᠤᠷᠢᠳᠤᠯᠭ᠎ᠠ ᠪᠤᠯᠤᠨ ᠮᠠᠨ ᠤ ᠨᠡᠶᠢᠬᠡᠮ ᠵᠢᠷᠤᠮ ᠤᠨ ᠪᠠᠶᠢᠭᠤᠯᠤᠯ ᠪᠠᠳᠤ ᠪᠠᠬᠢ | ᠠᠮᠢᠵᠢᠷᠠᠯ ᠪᠢᠯᠬᠠᠮ᠎ᠠ᠂ ᠳᠤᠮᠳᠠᠳᠤ ᠤᠯᠤᠰ ᠤᠨ ᠠᠷᠠᠳ ᠲᠦᠮᠡᠨ ᠪᠤᠯᠤᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ | ᠤᠯᠤᠰ ᠤᠨ ᠠᠯᠤᠰ ᠢᠷᠡᠬᠡᠳᠤᠢ ᠠᠭᠤᠤ ᠶᠡᠭᠡ᠂ ᠤᠷᠤᠬᠰᠢᠯᠠᠬᠤ ᠵᠠᠮ ᠭᠡᠷᠡᠯ ᠰᠠᠴᠤᠷᠠᠩᠭᠤᠢ ᠪᠠᠶᠢᠨ᠎ᠠ᠃ ᠡᠶᠢᠮᠤ | ᠠᠭᠤᠤ ᠶᠡᠭᠡ ᠴᠠᠬ ᠦᠶ᠎ᠠ ᠳᠤ ᠪᠠᠶᠢᠬᠤ ᠳᠠᠭᠠᠨ ᠪᠢᠳᠠ ᠬᠢᠵᠠᠭᠠᠯᠠᠰᠢ ᠦᠬᠡᠢ ᠤᠮᠤᠬᠰᠢᠬᠤ ᠶᠢᠨ ᠬᠠᠮᠳᠤ ᠪᠠᠰᠠ | ᠡᠬᠦᠷᠬᠡ ᠬᠠᠷᠢᠭᠤᠴᠠᠯᠭ᠎ᠠ ᠬᠦᠨᠳᠤ ᠭᠡᠳᠡᠭ ᠢ ᠭᠦᠨ᠎ᠡ ᠤᠶᠢᠯᠠᠭᠠᠵᠤ ᠪᠤᠢ᠃ ᠪᠢᠳᠠ ᠡᠷᠴᠢ ᠵᠤᠷᠢᠬ ᠢᠶᠠᠨ ᠬᠦᠪᠴᠢᠯᠠᠨ | ᠠᠵᠢᠯ ᠤᠨ ᠤᠷᠮ᠎ᠠ ᠪᠠᠨ ᠬᠦᠭᠵᠢᠭᠡᠵᠤ᠂ ᠦᠶ᠎ᠠ ᠦᠶ᠎ᠠ ᠶᠢᠨ ᠳᠤᠮᠳᠠᠳᠤ ᠤᠯᠤᠰ ᠤᠨ ᠡᠪ ᠬᠠᠮᠳᠤᠴᠤᠳ ᠤᠨ ᠠᠷᠠᠳ | ᠲᠦᠮᠡᠨ ᠢ ᠪᠦᠯᠬᠦᠮᠳᠡᠬᠦᠯᠤᠨ ᠲᠠᠭᠠᠭᠤᠯᠵᠤ ᠡᠬᠦᠳᠤᠨ ᠪᠦᠳᠦᠭᠡᠭᠰᠡᠨ ᠲᠡᠤᠬᠡ ᠶᠢᠨ ᠠᠭᠤᠤ ᠶᠡᠭᠡ ᠦᠢᠯᠡᠰ ᠤᠨ | ᠰᠠᠭᠤᠷᠢᠨ ᠲᠡᠭᠡᠷ᠎ᠠ᠂ ᠴᠠᠬ ᠦᠶ᠎ᠠ ᠳᠤ ᠦᠯᠤ ᠤᠰᠤᠯᠳᠠᠬᠤ ᠭᠠᠪᠢᠶ᠎ᠠ ᠵᠢᠳᠬᠦᠯ ᠢ ᠪᠠᠶᠢᠭᠤᠯᠵᠤ᠂ ᠬᠦᠰᠡᠯ ᠪᠢᠯᠬᠠᠬᠰᠠᠨ | ᠢᠷᠡᠬᠡᠳᠤᠢ ᠲᠡᠰᠢ ᠤᠮᠤᠬ ᠲᠡᠬᠦᠯᠳᠡᠷ ᠤᠷᠤᠭᠰᠢᠯᠠᠬᠤ ᠭᠡᠷᠡᠭᠳᠠᠢ ᠬᠡᠵᠤ ᠴᠢᠬᠤᠯᠠᠴᠢᠯᠠᠪᠠ᠃ | ᠰᠢ ᠶᠢᠨ ᠫᠢᠩ᠂ ᠳᠤᠮᠳᠠᠳᠤ ᠤᠯᠤᠰ ᠤᠨ ᠡᠪ ᠬᠠᠮᠳᠤᠴᠤᠳ ᠤᠨ ᠤᠬ ᠰᠠᠨᠠᠭ᠎ᠠ ᠪᠤᠯᠤᠨ ᠡᠬᠦᠷᠬᠡ | ᠬᠠᠷᠢᠭᠤᠴᠠᠯᠭ᠎ᠠ ᠪᠤᠯ ᠲᠠᠷᠤᠢ ᠳᠤᠮᠳᠠᠳᠤ ᠤᠯᠤᠰ ᠤᠨ ᠠᠷᠠᠳ ᠲᠦᠮᠡᠨ ᠳᠤ ᠵᠤᠯ ᠵᠢᠷᠭᠠᠯ ᠡᠳ᠋ᠯᠡᠬᠦᠯᠵᠤ᠂ ᠳᠤᠮᠳᠠᠳᠤ | ᠶᠢᠨ ᠦᠨᠳᠤᠰᠤᠳᠠᠨ ᠤ ᠰᠡᠷᠬᠦᠨ ᠮᠠᠨᠳᠤᠯᠳᠠ ᠶᠢ ᠪᠡᠶᠡᠯᠡᠬᠦᠯᠬᠦ ᠶᠠᠪᠤᠳᠠᠯ ᠮᠦᠨ᠃ ᠡᠨᠡᠬᠦ ᠤᠬ ᠰᠠᠨᠠᠭ᠎ᠠ ᠪᠤᠯᠤᠨ | ᠡᠬᠦᠷᠬᠡ ᠬᠠᠷᠢᠭᠤᠴᠠᠯᠭ᠎ᠠ ᠪᠤᠯ ᠳᠤᠮᠳᠠᠳᠤ ᠤᠯᠤᠰ ᠤᠨ ᠡᠪ ᠬᠠᠮᠳᠤᠴᠤᠳ ᠢ ᠵᠤᠷᠢᠬᠵᠢᠭᠤᠯᠤᠨ ᠲᠠᠰᠤᠷᠠᠯᠳᠠ ᠦᠬᠡᠢ | ᠤᠷᠤᠬᠰᠢᠯᠠᠭᠤᠯᠬᠤ ᠦᠨᠳᠤᠰᠤᠨ ᠬᠦᠳᠡᠯᠬᠡᠬᠦ ᠬᠦᠴᠤᠨ ᠮᠦᠨ᠃ ᠪᠦᠬᠦ ᠨᠠᠮ ᠤᠨ ᠨᠦᠬᠦᠳ ᠢᠮᠠᠬᠳᠠ ᠠᠷᠠᠳ | ᠲᠦᠮᠡᠨ ᠲᠠᠢ ᠠᠮᠢᠰᠬᠤᠭ᠎ᠠ ᠪᠠᠨ ᠨᠢᠬᠡᠳᠬᠡᠵᠤ ᠬᠤᠪᠢ ᠵᠠᠶᠠᠭ᠎ᠠ ᠪᠠᠨ ᠬᠠᠮᠳᠤᠳᠬᠠᠨ ᠰᠡᠳᠬᠢᠯ ᠵᠢᠷᠤᠬᠡ ᠪᠠᠨ ᠬᠤᠯᠪᠤᠵᠤ | ᠂ ᠡᠬᠦᠷᠢᠳᠡ ᠠᠷᠠᠳ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠦᠰᠡᠯ ᠡᠷᠡᠮᠡᠯᠵᠡᠯ ᠢᠶᠠᠷ ᠲᠡᠮᠡᠴᠡᠬᠦ | ᠬᠠᠷᠠᠯᠳᠠ ᠪᠠᠨ ᠪᠤᠯᠭᠠᠵᠤ᠂ ᠡᠭᠦᠷᠢᠳᠡ ᠰᠢᠨᠳᠠᠷᠠᠰᠢ ᠦᠬᠡᠢ ᠵᠤᠷᠢᠬ ᠰᠠᠨᠠᠭᠠᠨ ᠤ ᠲᠦᠷᠢ ᠪᠠᠶᠢᠳᠠᠯ ᠪᠤᠯᠤᠨ ᠴᠤᠴᠠᠯᠳᠠ | ᠦᠬᠡᠢ ᠤᠷᠤᠬᠰᠢᠯᠠᠬᠤ ᠲᠡᠮᠡᠴᠡᠯ ᠤᠨ ᠲᠦᠷᠢ ᠪᠠᠶᠢᠳᠠᠯ ᠢᠶᠠᠷ ᠦᠷᠬᠦᠯᠵᠢᠯᠠᠨ ᠳᠤᠮᠳᠠᠳᠤ ᠶᠢᠨ ᠦᠨᠳᠤᠰᠤᠳᠠᠨ ᠤ | ᠠᠭᠤᠤ ᠶᠡᠭᠡ ᠰᠡᠷᠬᠦᠨ ᠮᠠᠨᠳᠤᠯᠳᠠ ᠶᠢᠨ ᠠᠤᠭ᠎ᠠ ᠬᠠᠷᠠᠯᠳᠠ ᠲᠡᠰᠢ ᠡᠷᠡᠯᠭᠡᠭ ᠢᠶᠠᠷ ᠤᠷᠤᠬᠰᠢᠯᠠᠬᠤ ᠭᠡᠷᠡᠭᠳᠠᠢ᠃ ᠪᠦᠬᠦ | ᠨᠠᠮ ᠢᠶᠠᠷ ᠢᠶᠠᠨ ᠨᠠᠮ ᠤᠨ ᠲᠦᠪ ᠬᠤᠷᠢᠶᠠᠨ ᠤ ᠲᠤᠭᠤᠷᠢᠨ ᠳᠤ ᠨᠢᠬᠳᠠᠷᠠᠨ ᠪᠦᠯᠬᠦᠮᠳᠡᠵᠤ᠂ ᠳᠤᠮᠳᠠᠳᠤ ᠤᠯᠤᠰ ᠤᠨ | ᠤᠨᠴᠠᠯᠢᠬ ᠲᠠᠢ ᠨᠡᠶᠢᠬᠡᠮ ᠵᠢᠷᠤᠮ ᠤᠨ ᠠᠭᠤᠤ ᠶᠡᠭᠡ ᠲᠤᠬ ᠢ ᠦᠨᠳᠤᠷ ᠮᠠᠨᠳᠤᠭᠤᠯᠵᠤ᠂ ᠦᠵᠡᠯ ᠰᠠᠨᠠᠭ᠎ᠠ ᠪᠠᠨ | ᠴᠢᠯᠤᠬᠡᠯᠠᠵᠤ᠂ ᠦᠬᠡᠷᠡᠴᠢᠯᠠᠯᠳᠠ ᠬᠢᠵᠤ ᠰᠢᠨ᠎ᠠ ᠶᠢ ᠡᠬᠦᠳᠴᠤ᠂ ᠰᠡᠳᠬᠢᠯ ᠰᠢᠭᠤᠳᠤᠨ ᠴᠢᠷᠮᠠᠶᠢᠵᠤ᠂ ᠰᠢᠷᠭᠠᠭᠤ | ᠬᠠᠳᠠᠭᠤᠵᠢᠯᠳᠠᠢ ᠪᠠᠷ ᠠᠵᠢᠯᠯᠠᠵᠤ᠂ ᠪᠦᠬᠦ ᠤᠯᠤᠰ ᠤᠨ ᠦᠨᠳᠤᠰᠤᠳᠠᠨ ᠨᠦᠭᠦᠳ ᠤᠨ ᠠᠷᠠᠳ ᠲᠦᠮᠡᠨ ᠢ | ᠲᠠᠭᠠᠭᠤᠯᠤᠨ ᠨᠠᠮ ᠤᠨ ᠠᠷᠪᠠ ᠶᠢᠰᠤᠳᠤᠭᠡᠷ ᠶᠡᠭᠡ ᠬᠤᠷᠠᠯ ᠤᠨ ᠲᠤᠭᠳᠠᠭᠠᠬᠰᠠᠨ ᠬᠠᠷᠠᠯᠳᠠ ᠡᠬᠦᠷᠬᠡ ᠶᠢ ᠪᠡᠶᠡᠯᠡᠬᠦᠯᠬᠦ | ᠶᠢᠨ ᠲᠦᠯᠤᠬᠡ ᠲᠡᠮᠡᠴᠡᠬᠦ ᠭᠡᠷᠡᠭᠳᠠᠢ ᠬᠡᠵᠤ ᠴᠢᠬᠤᠯᠠᠴᠢᠯᠠᠪᠠ᠃ | ᠶᠡᠭᠡ ᠬᠤᠷᠠᠯ ᠤᠨ ᠰᠤᠩᠭᠤᠭᠤᠯᠢ ᠶᠢᠨ ᠲᠠᠷᠠᠭ᠎ᠠ᠂ ᠪᠦᠬᠦ ᠤᠯᠤᠰ ᠤᠨ ᠠᠷᠠᠳ ᠤᠨ ᠲᠦᠯᠤᠬᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠲᠡᠳ᠋ ᠬᠤᠷᠢᠶᠠᠨ ᠲᠠᠷᠤᠭ᠎ᠠ ᠪᠠ ᠤᠤᠯ ᠤᠨ ᠲᠡᠳ᠋ ᠬᠤᠷᠢᠶᠠᠨ | ᠲᠠᠷᠤᠭ᠎ᠠ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠲᠡᠳ᠋ ᠲᠡᠷᠢᠬᠦᠯᠡᠭᠴᠢ ᠶᠢᠨ ᠲᠤᠰᠢᠶᠠᠯ ᠢ | ᠬᠠᠷᠢᠭᠤᠴᠠᠵᠤ ᠪᠠᠶᠢᠭ᠎ᠠ ᠪᠠ ᠬᠠᠷᠢᠭᠤᠴᠠᠵᠤ ᠪᠠᠶᠢᠬᠰᠠᠨ ᠨᠠᠮ ᠤᠨ ᠭᠠᠳᠠᠨᠠᠬᠢ ᠬᠦᠮᠤᠰ᠂ ᠪᠡᠬᠡᠵᠢᠩ ᠳᠤ ᠪᠠᠶᠢᠭ᠎ᠠ ᠡᠯ᠎ᠠ | ᠠᠷᠠᠳᠴᠢᠯᠠᠭᠰᠠᠠ ᠨᠠᠮ ᠪᠦᠯᠦᠭ ᠤᠨ ᠲᠦᠪ ᠬᠤᠷᠢᠶ᠎ᠠ ᠪᠤᠯᠤᠨ ᠪᠦᠬᠦ ᠤᠯᠤᠰ ᠤᠨ ᠤᠶᠢᠯᠡᠳᠪᠤᠷᠢ ᠬᠤᠳᠠᠯᠳᠤᠭᠠᠨ ᠤ | ᠬᠤᠯᠪᠤᠭ᠎ᠠ ᠶᠢᠨ ᠲᠡᠳ᠋ ᠲᠡᠷᠢᠬᠦᠯᠡᠭᠴᠢ᠂ ᠨᠠᠮ ᠪᠦᠯᠦᠭ ᠤᠨ ᠪᠤᠰᠤ ᠲᠦᠯᠤᠭᠡᠯᠡᠭᠴᠢ ᠬᠦᠮᠤᠰ᠂ ᠱᠠᠰᠢᠨ ᠰᠤᠷᠳᠠᠬᠤᠨ | ᠤ ᠡᠳᠡᠬᠡᠳ ᠤᠨ ᠲᠦᠯᠤᠭᠡᠯᠡᠭᠴᠢ ᠬᠦᠮᠤᠰ᠂ ᠪᠡᠬᠡᠵᠢᠩ ᠳᠤ ᠪᠠᠶᠢᠭ᠎ᠠ ᠪᠦᠬᠦ ᠤᠯᠤᠰ ᠤᠨ ᠠᠷᠠᠳ ᠤᠨ | ᠲᠦᠯᠤᠬᠡᠯᠡᠭᠴᠢᠳ ᠤᠨ ᠶᠡᠭᠡ ᠬᠤᠷᠠᠯ᠂ ᠪᠦᠬᠦ ᠤᠯᠤᠰ ᠤᠨ ᠤᠯᠤᠰ ᠲᠦᠷᠤ ᠶᠢᠨ ᠵᠦᠪᠯᠡᠯᠬᠡᠨ ᠤ ᠪᠠᠶᠢᠩᠭᠤ ᠶᠢᠨ | ᠬᠡᠰᠢᠬᠦᠨ ᠤ ᠳᠤᠳᠤᠷᠠᠬᠢ ᠠᠷᠠᠳᠴᠢᠯᠠᠭᠰᠠᠠ ᠨᠠᠮ ᠪᠦᠯᠦᠭ᠂ ᠨᠠᠮ ᠪᠦᠯᠦᠭ ᠤᠨ ᠪᠤᠰᠤ ᠪᠤᠯᠤᠨ ᠦᠨᠳᠤᠰᠤᠳᠠᠨ | ᠱᠠᠰᠢᠨ ᠰᠤᠷᠳᠠᠬᠤᠨ ᠤ ᠡᠳᠡᠬᠡᠳ ᠤᠨ ᠬᠦᠮᠤᠰ ᠵᠤᠴᠢᠨ ᠤ ᠬᠤᠪᠢ ᠪᠠᠷ ᠶᠡᠭᠡ ᠬᠤᠷᠠᠯ ᠳᠤ ᠰᠤᠯᠠ ᠤᠷᠤᠯᠴᠠᠪᠠ᠃ | ᠨᠠᠮ ᠤᠨ ᠲᠤᠳᠤᠭᠠᠳᠤ ᠶᠢᠨ ᠬᠤᠯᠪᠤᠬᠳᠠᠯ ᠪᠦᠬᠦᠢ ᠬᠠᠷᠢᠭᠤᠴᠠᠯᠭᠠᠳᠠᠨ ᠨᠦᠬᠦᠳ ᠴᠤ ᠶᠡᠭᠡ ᠬᠤᠷᠠᠯ ᠳᠤ ᠰᠤᠯᠠ | ᠤᠷᠤᠯᠴᠠᠵᠠᠢ᠃ | ᠶᠡᠭᠡ ᠬᠤᠷᠠᠯ ᠰᠦᠷ ᠵᠢᠪᠬᠤᠯᠠᠩᠳᠤ ︽ᠢᠨᠲ᠋ᠧᠷᠨᠠᠼᠢᠤᠨᠠᠯ ᠤᠨ ᠲᠠᠭᠤᠤ︾ ᠶᠢᠨ ᠲᠤᠮᠳᠠ ᠲᠡᠭᠦᠰ | ᠠᠮᠵᠢᠯᠳᠠ ᠲᠠᠢ ᠥᠨᠳᠥᠷᠯᠡᠪᠡ᠃ | |