︵2017 ᠤᠨ ᠤ 10 ᠳ᠋ᠤᠭᠠᠷ ᠰᠠᠷ᠎ᠠ ᠶᠢᠨ 24 ᠤ ᠡᠳᠦᠷ ᠲᠤᠮᠳᠠᠳᠤ ᠤᠯᠤᠰ ᠤᠨ ᠡᠪ ᠬᠠᠮᠳᠤ ᠨᠠᠮ ᠤᠨ | ᠠᠷᠪᠠ ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ ᠲᠦᠯᠦᠬᠡᠯᠡᠭᠴᠢᠳ ᠤᠨ ᠶᠡᠭᠡ ᠬᠤᠷᠠᠯ ᠠᠴᠠ ᠪᠠᠳᠤᠯᠠᠪᠠ︶ | ᠲᠤᠮᠳᠠᠳᠤ ᠤᠯᠤᠰ ᠤᠨ ᠡᠪ ᠬᠠᠮᠳᠤ ᠨᠠᠮ ᠤᠨ ᠠᠷᠪᠠ ᠶᠢᠰᠦᠳᠦᠬᠡᠷ ᠤᠳᠠᠭ᠎ᠠ ᠶᠢᠨ ᠪᠦᠬᠦ ᠤᠯᠤᠰ ᠤᠨ | ᠲᠦᠯᠦᠭᠡᠯᠡᠭᠴᠢᠳ ᠤᠨ ᠶᠡᠭᠡ ᠬᠤᠷᠠᠯ ᠠᠴᠠ ᠰᠢ ᠶᠢᠨ ᠫᠢᠩ ᠨᠦᠬᠦᠷ ᠤᠨ ᠨᠠᠮ ᠤᠨ ᠠᠷᠪᠠᠨ ᠨᠠᠢᠮᠠᠳᠤᠭᠠᠷ | ᠬᠤᠭᠤᠴᠠᠭᠠᠨ ᠤ ᠲᠦᠪ ᠬᠤᠷᠢᠶ᠎ᠠ ᠶᠢᠨ ᠡᠮᠦᠨ᠎ᠠ ᠠᠴᠠ ᠬᠢᠭᠰᠡᠨ ᠢᠯᠡᠳᠬᠡᠯ ᠢ ᠵᠦᠪᠰᠢᠶᠡᠷᠡᠪᠡ᠃ ᠶᠡᠭᠡ ᠬᠤᠷᠠᠯ ᠠᠴᠠ | ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠬ ᠢ ᠦᠨᠳᠦᠷ ᠮᠠᠨᠳᠤᠭᠤᠯᠤᠨ᠂ | ᠮᠠᠷᠺᠰ ᠯᠧᠨᠢᠨ ᠤ ᠦᠵᠡᠯ᠂ ᠮᠠᠤ ᠽᠧ ᠳ᠋ᠦᠩ ᠤᠨ ᠦᠵᠡᠯ ᠰᠠᠨᠠᠭ᠎ᠠ᠂ ᠳ᠋ᠧᠩ ᠰᠢᠶᠤᠤ ᠫᠢᠩ ᠤᠨ ᠤᠨᠤᠯ᠂ ︽ | ᠭᠤᠷᠪᠠ ᠶᠢ ᠲᠦᠯᠦᠬᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ ᠤᠬᠠᠭᠠᠨᠴᠢ ᠬᠦᠭᠵᠢᠯᠳᠡ ᠶᠢᠨ ᠦᠵᠡᠯᠳᠡ᠂ | ᠰᠢ ᠶᠢᠨ ᠫᠢᠩ ᠤᠨ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠪᠠᠷ ᠵᠢᠯᠤᠭᠤᠳᠤᠯᠭ᠎ᠠ ᠪᠤᠯᠭᠠᠨ᠂ ᠲᠡᠯᠡᠬᠡᠢ ᠶᠢᠨ ᠪᠠ ᠤᠯᠤᠰ ᠤᠨ ᠲᠤᠳᠤᠭᠠᠳᠤ ᠶᠢᠨ ᠪᠠᠶᠢᠳᠠᠯ ᠤᠨ ᠬᠦᠭᠵᠢᠯᠳᠡ | ᠬᠤᠪᠢᠷᠠᠯᠳᠠ ᠶᠢ ᠵᠠᠳᠠᠯᠵᠦ᠂ ᠦᠩᠬᠡᠷᠡᠭᠰᠡᠨ ᠲᠠᠪᠤᠨ ᠵᠢᠯ ᠤᠨ ᠠᠵᠢᠯ ᠪᠠ ᠲᠡᠤᠬᠡᠳᠤ ᠴᠢᠨᠠᠷᠳᠠᠢ ᠬᠤᠪᠢᠰᠤᠯᠳᠠ ᠶᠢ | ᠡᠷᠬᠢᠴᠡᠬᠦᠯᠦᠨ ᠳ᠋ᠦᠩᠨᠡᠵᠦ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠰᠢᠨ᠎ᠠ ᠴᠠᠬ ᠦᠶ᠎ᠠ ᠳᠤ | ᠤᠷᠤᠵᠦ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠬᠡᠨᠳᠡ ᠠᠷᠠᠳ ᠲᠦᠮᠡᠨ ᠤ ᠡᠳᠦᠷ ᠢᠷᠡᠬᠦᠶ᠎ᠠ | ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠲᠤᠬᠠᠢ ᠬᠡᠷᠡᠭᠴᠡᠭᠡ ᠪᠠ ᠲᠡᠩᠴᠡᠬᠦᠷᠢ ᠦᠬᠡᠢ ᠬᠦᠢᠴᠡᠳ | ᠦᠬᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠡᠯ ᠪᠤᠯᠵᠦ ᠬᠤᠪᠢᠷᠠᠬᠰᠠᠨ ᠵᠡᠷᠬᠡ ᠴᠢᠬᠤᠯᠠ ᠶᠡᠭᠡ ᠤᠯᠤᠰ | ᠲᠦᠷᠦ ᠶᠢᠨ ᠮᠠᠭᠠᠳᠯᠠᠯᠳᠠ ᠬᠢᠵᠦ᠂ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠡᠪ ᠬᠠᠮᠳᠤ ᠨᠠᠮ ᠤᠨ | ᠲᠡᠤᠬᠡᠳᠤ ᠡᠬᠦᠷᠬᠡ ᠬᠠᠷᠢᠭᠤᠴᠠᠯᠭ᠎ᠠ ᠶᠢ ᠬᠦᠨᠵᠡᠬᠡᠢ ᠲᠤᠲᠤᠷᠬᠠᠶᠢᠯᠠᠨ ᠦᠬᠦᠯᠡᠵᠦ᠂ ᠰᠢ ᠶᠢᠨ ᠫᠢᠩ ᠤᠨ ᠰᠢᠨ᠎ᠠ ᠴᠠᠬ | ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠡᠤᠬᠡᠳᠤ ᠪᠠᠶᠢᠷᠢ | ᠰᠠᠭᠤᠷᠢ ᠶᠢ ᠲᠤᠭᠳᠠᠭᠠᠵᠦ᠂ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠢ | ᠪᠠᠷᠢᠮᠳᠠᠯᠠᠨ ᠬᠦᠭᠵᠢᠬᠦᠯᠬᠦ ᠦᠨᠳᠦᠰᠦᠨ ᠠᠷᠭ᠎ᠠ ᠪᠤᠳᠤᠯᠭ᠎ᠠ ᠶᠢ ᠲᠤᠷᠠᠳᠴᠤ᠂ ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ | ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ᠂ ᠨᠡᠶᠢᠭᠡᠮ ᠵᠢᠷᠤᠮ ᠤᠨ ᠤᠳᠤᠬᠢᠴᠢᠯᠠᠬᠰᠠᠨ ᠤᠯᠤᠰ ᠢ ᠪᠦᠲᠦᠬᠡᠨ | ᠪᠠᠶᠢᠭᠤᠯᠬᠤ ᠰᠢᠨ᠎ᠠ ᠠᠶᠠᠨ ᠢ ᠡᠬᠢᠯᠡᠬᠦᠯᠬᠦ ᠬᠠᠷᠠᠯᠳᠠ ᠶᠢ ᠲᠤᠭᠳᠠᠭᠠᠵᠦ᠂ ᠰᠢᠨ᠎ᠠ ᠴᠠᠬ ᠦᠶ᠎ᠠ ᠳᠤ ᠲᠤᠮᠳᠠᠳᠤ | ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠠᠵᠢᠯ ᠦᠢᠯᠡᠰ ᠪᠠ ᠨᠠᠮ ᠤᠨ ᠪᠠᠶᠢᠭᠤᠯᠤᠯᠲᠠ ᠶᠢᠨ | ᠰᠢᠨ᠎ᠠ ᠠᠭᠤᠤ ᠶᠡᠭᠡ ᠢᠨᠵᠧᠨᠧᠷᠢᠩ ᠤᠨ ᠲᠤᠬᠠᠢ ᠪᠦᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠡᠢ᠃ ᠶᠡᠭᠡ | ᠬᠤᠷᠠᠯ ᠠᠴᠠ ᠪᠠᠲᠤᠯᠠᠬᠰᠠᠨ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠢᠯᠡᠳᠬᠡᠯ ᠨᠢ᠂ | ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ ᠢᠯᠠᠯᠳᠠ ᠶᠢ ᠤᠯᠬᠤ᠂ ᠰᠢᠨ᠎ᠠ ᠴᠠᠬ ᠦᠶ᠎ᠠ ᠶᠢᠨ | ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠠ ᠶᠢ ᠲᠡᠮᠡᠴᠡᠨ ᠤᠯᠬᠤ ᠠᠤᠭ᠎ᠠ | ᠶᠡᠭᠡ ᠵᠢᠷᠤᠭ ᠲᠦᠰᠦᠪ ᠢ ᠵᠢᠷᠤᠭᠯᠠᠵᠦ᠂ ᠨᠠᠮ ᠪᠠ ᠤᠯᠤᠰ ᠤᠨ ᠠᠵᠢᠯ ᠦᠢᠯᠡᠰ ᠤᠨ ᠤᠷᠤᠬᠰᠢᠯᠠᠯᠳᠠ ᠶᠢᠨ ᠴᠢᠭᠯᠡᠯ ᠢ | ᠴᠢᠨᠠᠬᠰᠢᠳᠠ ᠲᠤᠳᠤᠷᠬᠠᠢ ᠵᠢᠭᠠᠵᠤ ᠦᠭᠴᠡᠢ᠂ ᠡᠨᠡᠭᠦ ᠢᠯᠡᠤᠨᠭᠡᠯ ᠪᠤᠯ ᠪᠦᠬᠦ ᠨᠠᠮ ᠪᠦᠬᠦ ᠤᠯᠤᠰ ᠤᠨ | ᠦᠨᠳᠦᠰᠦᠳᠡᠨ ᠨᠦᠭᠦᠳ ᠤᠨ ᠠᠷᠠᠳ ᠲᠦᠮᠡᠨ ᠤ ᠤᠶᠤᠨ ᠤᠬᠠᠭᠠᠨ ᠤ ᠲᠠᠯᠠᠰᠳᠤ ᠮᠦᠨ᠂ ᠮᠠᠨ ᠤ ᠨᠠᠮ ᠤᠨ ᠪᠦᠬᠦ | ᠤᠯᠤᠰ ᠤᠨ ᠡᠯ᠎ᠠ ᠦᠨᠳᠦᠰᠦᠳᠡᠨ ᠤ ᠠᠷᠠᠳ ᠲᠦᠮᠡᠨ ᠢ ᠪᠦᠯᠬᠦᠮᠳᠡᠬᠦᠯᠦᠨ ᠳᠠᠶᠢᠴᠢᠯᠠᠵᠤ ᠰᠢᠨ᠎ᠠ ᠴᠠᠬ ᠦᠶ᠎ᠠ ᠳᠤ | ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠢ ᠪᠠᠷᠢᠮᠳᠠᠯᠠᠨ ᠬᠦᠭᠵᠢᠬᠦᠯᠬᠦ ᠤᠯᠤᠰ ᠲᠦᠷᠦ ᠶᠢᠨ | ᠲᠤᠩᠬᠠᠬ ᠪᠠ ᠠᠵᠢᠯᠯᠠᠭᠠᠨ ᠤ ᠬᠦᠲᠦᠯᠪᠦᠷᠢ ᠮᠦᠨ᠂ ᠮᠠᠷᠺᠰ ᠤᠨ ᠦᠵᠡᠯ ᠤᠨ ᠬᠦᠲᠦᠯᠪᠦᠷᠢ ᠶᠢᠨ ᠴᠢᠨᠠᠷᠳᠠᠢ ᠲᠤᠯᠭᠤᠷ | ᠪᠢᠴᠢᠭ ᠮᠦᠨ᠃ | ᠶᠡᠭᠡ ᠬᠤᠷᠠᠯ ᠠᠴᠠ᠂ ᠢᠯᠡᠳᠬᠡᠯ ᠳᠤ ᠲᠤᠲᠤᠷᠬᠠᠶᠢᠯᠠᠨ ᠦᠬᠦᠯᠡᠭᠰᠡᠨ ᠶᠡᠭᠡ ᠬᠤᠷᠠᠯ ᠤᠨ ᠭᠤᠤᠯ ᠰᠡᠳᠦᠪ ᠨᠢ | ᠮᠠᠨ ᠤ ᠨᠠᠮ ᠤᠨ ᠠᠷᠠᠳ ᠲᠦᠮᠡᠨ ᠢ ᠳᠠᠶᠢᠴᠢᠯᠠᠵᠤ᠂ ᠭᠦᠴᠦᠯᠡᠨ ᠴᠢᠷᠮᠠᠶᠢᠵᠤ᠂ ᠵᠠᠮ ᠨᠡᠬᠡᠬᠡᠨ ᠤᠷᠤᠬᠰᠢᠯᠠᠬᠤ ᠳᠤ | ᠮᠠᠰᠢ ᠴᠢᠬᠤᠯᠠ ᠶᠡᠭᠡ ᠤᠳᠬ᠎ᠠ ᠠᠭᠤᠯᠭ᠎ᠠ ᠲᠠᠢ᠃ ᠪᠦᠬᠦ ᠨᠠᠮ ᠤᠬ ᠰᠠᠨᠠᠭ᠎ᠠ ᠪᠠᠨ ᠦᠯᠦ ᠮᠠᠷᠳᠠᠨ᠂ ᠡᠬᠦᠷᠬᠡ | ᠬᠠᠷᠢᠭᠤᠴᠠᠯᠭ᠎ᠠ ᠪᠠᠨ ᠪᠠᠳᠤ ᠴᠡᠭᠡᠵᠢᠯᠡᠵᠦ᠂ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ ᠠᠭᠤᠤ | ᠶᠡᠭᠡ ᠲᠤᠭ ᠢ ᠦᠨᠳᠦᠷ ᠮᠠᠨᠳᠤᠭᠤᠯᠤᠨ᠂ ᠴᠢᠨᠡᠬᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠬᠦᠯᠬᠦ ᠰᠢᠢᠳᠪᠦᠷᠢᠳᠤ | ᠢᠯᠠᠯᠳᠠ ᠶᠢ ᠤᠯᠬᠤ᠂ ᠰᠢᠨ᠎ᠠ ᠴᠠᠬ ᠦᠶ᠎ᠠ ᠶᠢᠨ ᠲᠤᠮᠳᠠᠳᠤ ᠤᠯᠤᠰ ᠤᠨ ᠤᠨᠴᠠᠯᠢᠬ ᠲᠠᠢ ᠨᠡᠶᠢᠭᠡᠮ ᠵᠢᠷᠤᠮ ᠤᠨ | ᠠᠭᠤᠤ ᠶᠡᠭᠡ ᠢᠯᠠᠯᠳᠠ ᠶᠢ ᠲᠡᠮᠡᠴᠡᠨ ᠤᠯᠬᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠬᠦᠨ | ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠲᠡᠷᠬᠡᠯᠰᠢᠬᠦᠯᠬᠦ ᠶᠢᠨ ᠲᠦᠯᠦᠬᠡ ᠴᠦᠬᠦᠷᠡᠰᠢ ᠦᠬᠡᠢ ᠲᠡᠮᠡᠴᠡᠬᠦ ᠬᠡᠷᠡᠭᠳᠡᠢ | ᠬᠡᠵᠤ ᠦᠵᠡᠪᠡ᠃ | ᠶᠡᠭᠡ ᠬᠤᠷᠠᠯ ᠠᠴᠠ᠂ ᠨᠠᠮ ᠤᠨ ᠠᠷᠪᠠᠨ ᠨᠠᠢᠮᠠᠳᠤᠭᠠᠷ ᠬᠤᠭᠤᠴᠠᠭᠠᠨ ᠤ ᠲᠦᠪ ᠬᠤᠷᠢᠶ᠎ᠠ ᠶᠢᠨ ᠠᠵᠢᠯ ᠢ | ᠲᠡᠬᠡᠳᠤ ᠬᠡᠮᠵᠢᠶ᠎ᠠ ᠪᠠᠷ ᠦᠨᠡᠯᠡᠪᠡ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠲᠠᠪᠤᠨ ᠵᠢᠯ ᠪᠤᠯ | ᠨᠠᠮ ᠪᠠ ᠤᠯᠤᠰ ᠤᠨ ᠬᠦᠭᠵᠢᠯᠳᠡ ᠶᠢᠨ ᠠᠬᠢᠴᠠ ᠲᠤᠮᠳᠠᠬᠢ ᠲᠤᠶᠢᠯ ᠤᠨ ᠶᠡᠷᠦ ᠪᠤᠰᠤ ᠶᠢᠨ ᠲᠠᠪᠤᠨ ᠵᠢᠯ ᠪᠠᠶᠢᠵᠤ᠂ | ᠦᠬᠡᠷᠡᠴᠢᠯᠡᠯᠳᠡ ᠨᠡᠬᠡᠬᠡᠯᠳᠡ ᠪᠠ ᠨᠡᠶᠢᠭᠡᠮ ᠵᠢᠷᠤᠮ ᠤᠨ ᠤᠳᠤᠬᠢᠴᠢᠯᠠᠯᠳᠠ ᠶᠢᠨ ᠪᠦᠲᠦᠬᠡᠨ ᠪᠠᠶᠢᠭᠤᠯᠤᠯᠲᠠ ᠲᠡᠤᠬᠡᠳᠤ | ᠴᠢᠨᠠᠷᠳᠠᠢ ᠠᠮᠵᠢᠯᠳᠠ ᠤᠯᠪᠠ᠃ ᠲᠠᠪᠤᠨ ᠵᠢᠯ ᠤᠨ ᠲᠤᠷᠰᠢ᠂ ᠰᠢ ᠶᠢᠨ ᠫᠢᠩ ᠨᠦᠬᠦᠷ ᠢᠶᠠᠷ ᠭᠤᠤᠯ ᠪᠤᠯᠭᠠᠬᠰᠠᠨ | ᠨᠠᠮ ᠤᠨ ᠲᠦᠪ ᠬᠤᠷᠢᠶ᠎ᠠ ᠯᠤᠳᠤ ᠶᠡᠭᠡ ᠤᠯᠤᠰ ᠲᠦᠷᠦ ᠶᠢᠨ ᠰᠦᠰᠦ ᠵᠤᠷᠢᠬ ᠪᠠ ᠪᠠᠳᠤ ᠴᠢᠩᠭ᠎ᠠ ᠬᠠᠷᠢᠭᠤᠴᠠᠯᠭ᠎ᠠ | ᠡᠬᠦᠷᠭᠡᠯᠡᠬᠦ ᠤᠪᠤᠷ ᠢᠶᠠᠷ᠂ ᠠᠯᠢ ᠤᠯᠨᠨ ᠰᠢᠨ᠎ᠠ ᠤᠨᠤᠯᠵᠢᠬᠤᠨ ᠰᠢᠨ᠎ᠠ ᠦᠵᠡᠯ ᠰᠠᠨᠠᠭ᠎ᠠ ᠰᠢᠨ᠎ᠠ ᠪᠠᠶᠢᠯᠳᠤᠬᠤ | ᠪᠤᠳᠤᠯᠭ᠎ᠠ ᠶᠢ ᠲᠤᠷᠠᠳᠴᠤ᠂ ᠠᠯᠢ ᠤᠯᠠᠨ ᠴᠢᠬᠤᠯᠠ ᠴᠢᠭᠯᠡᠯᠳᠡ ᠲᠦᠷᠦ ᠶᠢᠨ ᠪᠤᠳᠤᠯᠭ᠎ᠠ ᠶᠢ ᠲᠤᠭᠳᠠᠭᠠᠵᠦ᠂ ᠠᠯᠢ | ᠤᠯᠨᠨ ᠴᠢᠬᠤᠯᠠ ᠶᠡᠭᠡ ᠠᠷᠭ᠎ᠠ ᠠᠪᠴᠠᠯ ᠢ ᠬᠡᠷᠡᠭᠵᠢᠬᠦᠯᠵᠦ᠂ ᠠᠯᠢ ᠤᠯᠠᠨ ᠴᠢᠬᠤᠯᠠ ᠶᠡᠭᠡ ᠠᠵᠢᠯ ᠢ ᠠᠬᠢᠭᠤᠯᠵᠦ᠂ | ᠰᠢᠢᠳᠪᠦᠷᠢᠯᠡᠬᠦ ᠪᠠᠷ ᠤᠷᠳᠤ ᠬᠤᠭᠤᠴᠠᠭ᠎ᠠ ᠪᠤᠳᠤᠵᠦ ᠪᠠᠶᠢᠭᠰᠠᠨ ᠪᠤᠯᠪᠠᠴᠤ ᠰᠢᠢᠳᠪᠦᠷᠢᠯᠡᠵᠦ ᠳᠡᠶᠢᠯᠦᠭᠡᠳᠦᠢ ᠪᠠᠶᠢᠭᠰᠠᠨ | ᠮᠠᠰᠢ ᠤᠯᠠᠨ ᠬᠦᠴᠢᠷ ᠠᠰᠠᠭᠤᠳᠠᠯ ᠢ ᠰᠢᠢᠳᠪᠦᠷᠢᠯᠡᠵᠦ᠂ ᠦᠩᠬᠡᠷᠡᠭᠰᠡᠨ ᠳᠤ ᠪᠦᠲᠦᠬᠡᠬᠦ ᠪᠠᠷ ᠪᠤᠳᠤᠵᠦ ᠪᠠᠶᠢᠭᠰᠠᠨ | ᠪᠤᠯᠪᠠᠴᠤ ᠪᠦᠲᠦᠭᠡᠵᠦ ᠳᠡᠶᠢᠯᠦᠭᠡᠳᠦᠢ ᠪᠠᠶᠢᠭᠰᠠᠨ ᠮᠠᠰᠢ ᠤᠯᠠᠨ ᠶᠡᠭᠡ ᠶᠠᠪᠤᠳᠠᠯ ᠢ ᠪᠦᠲᠦᠬᠡᠵᠦ᠂ ᠨᠠᠮ ᠪᠠ | ᠤᠯᠤᠰ ᠤᠨ ᠠᠵᠢᠯ ᠦᠢᠯᠡᠰ ᠲᠤ ᠲᠡᠤᠬᠡᠳᠤ ᠴᠢᠨᠠᠷᠳᠠᠢ ᠬᠤᠪᠢᠰᠤᠯᠳᠠ ᠭᠠᠷᠭᠠᠬᠤ ᠶᠢ ᠠᠬᠢᠭᠤᠯᠪᠠ᠃ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠨᠠᠮ ᠳᠤ ᠲᠤᠯᠭᠠᠷᠠᠬᠰᠠᠨ ᠴᠢᠬᠤᠯᠠ ᠶᠡᠭᠡ | ᠲᠦᠭᠰᠢᠬᠦᠷᠢ ᠶᠢᠨ ᠰᠢᠯᠭᠠᠯᠳᠠ ᠪᠠ ᠨᠠᠮ ᠤᠨ ᠲᠤᠳᠤᠭᠠᠳᠤ ᠳᠤ ᠤᠷᠤᠰᠢᠵᠦ ᠪᠠᠶᠢᠭᠰᠠᠨ ᠳᠤᠪᠤᠶᠢᠮ᠎ᠠ ᠠᠰᠠᠭᠤᠳᠠᠯ ᠳᠤ | ᠵᠤᠷᠢᠬᠳᠠᠢ ᠪᠠᠷ ᠬᠠᠨᠳᠤᠵᠦ᠂ ᠡᠷᠡᠰ ᠬᠠᠳᠠᠭᠤ ᠵᠤᠷᠢᠬ ᠰᠠᠨᠠᠭ᠎ᠠ ᠵᠠᠩ ᠴᠢᠨᠠᠷ ᠢᠶᠠᠷ ᠰᠤᠷᠳᠠᠯ ᠢ ᠴᠡᠭᠴᠡᠯᠡᠨ ᠰᠠᠬᠢᠯᠭ᠎ᠠ | ᠪᠠᠳᠤ ᠶᠢ ᠴᠢᠩᠭᠠᠳᠬᠠᠵᠦ᠂ ᠢᠯᠵᠢᠷᠠᠯ ᠢ ᠡᠰᠡᠷᠬᠦᠴᠡᠨ ᠮᠠᠭᠤ ᠦᠢᠯᠡ ᠠᠵᠢᠯᠯᠠᠭ᠎ᠠ ᠶᠢ ᠰᠢᠳᠬᠡᠵᠦ᠂ ᠨᠠᠮ ᠪᠠ | ᠤᠯᠤᠰ ᠤᠨ ᠲᠤᠳᠤᠭᠠᠳᠤ ᠳᠤ ᠤᠷᠤᠰᠢᠵᠦ ᠪᠠᠶᠢᠭᠰᠠᠨ ᠬᠦᠨᠳᠤ ᠨᠤᠴᠢᠳᠠᠢ ᠲᠠᠯᠳᠠ ᠬᠡᠮ ᠢ ᠠᠷᠢᠯᠭᠠᠵᠦ᠂ ᠨᠠᠮ ᠤᠨ | ᠲᠤᠳᠤᠭᠠᠳᠤ ᠶᠢᠨ ᠤᠯᠤᠰ ᠲᠦᠷᠦ ᠶᠢᠨ ᠠᠮᠢᠳᠤᠷᠠᠯ ᠤᠨ ᠤᠷᠴᠢᠨ ᠰᠢᠨᠡᠳᠴᠤ᠂ ᠨᠠᠮ ᠤᠨ ᠲᠤᠳᠤᠭᠠᠳᠤ ᠶᠢᠨ ᠤᠯᠤᠰ | ᠲᠦᠷᠦ ᠶᠢᠨ ᠠᠮᠢ ᠠᠬᠤᠢ ᠢᠯᠡᠷᠬᠡᠢ ᠰᠠᠶᠢᠵᠢᠷᠠᠵᠤ᠂ ᠨᠠᠮ ᠤᠨ ᠪᠦᠲᠦᠭᠡᠯᠴᠢ ᠬᠦᠴᠦᠨ᠂ ᠨᠢᠬᠳᠠᠷᠠᠯ ᠤᠨ ᠬᠦᠴᠦᠨ᠂ | ᠳᠠᠶᠢᠴᠢᠨ ᠬᠦᠴᠦᠨ ᠢᠯᠡᠷᠬᠡᠢ ᠴᠢᠩᠭᠠᠷᠠᠵᠦ᠂ ᠨᠠᠮ ᠤᠨ ᠪᠦᠯᠬᠦᠮᠳᠡᠯ ᠨᠢᠬᠡᠳᠦᠯ ᠨᠡᠩ ᠢᠯᠡᠬᠦᠦ ᠪᠠᠭᠢᠵᠢᠵᠦ᠂ ᠨᠠᠮ ᠪᠠ | ᠤᠯᠠᠨ ᠲᠦᠮᠡᠨ ᠤ ᠬᠤᠭᠤᠷᠤᠨᠳᠤᠬᠢ ᠬᠠᠷᠢᠴᠠᠭ᠎ᠠ ᠢᠯᠡᠷᠬᠡᠢ ᠰᠠᠶᠢᠵᠢᠷᠠᠵᠤ᠂ ᠨᠠᠮ ᠤᠨ ᠬᠤᠪᠢᠰᠬᠠᠯᠴᠢ ᠴᠢᠨᠠᠷ ᠨᠢ | ᠲᠠᠪᠳᠠᠨ ᠪᠤᠯᠪᠠᠰᠤᠷᠠᠯᠳᠠ ᠲᠤᠮᠳᠠ ᠨᠡᠩ ᠪᠠᠳᠤ ᠴᠢᠩᠭ᠎ᠠ ᠪᠤᠯᠵᠦ᠂ ᠰᠢᠨ᠎ᠠ ᠬᠦᠴᠦᠷᠭᠡᠭ ᠶᠡᠭᠡ ᠠᠮᠢᠵᠢᠷᠠᠯ ᠤᠨ | ᠬᠦᠴᠦᠨ ᠢ ᠪᠠᠳᠠᠷᠠᠭᠠᠵᠦ᠂ ᠨᠠᠮ ᠪᠠ ᠤᠯᠤᠰ ᠤᠨ ᠠᠵᠢᠯ ᠦᠢᠯᠡᠰ ᠤᠨ ᠬᠦᠭᠵᠢᠯᠳᠡ ᠳᠤ ᠪᠠᠳᠤ ᠴᠢᠩᠭ᠎ᠠ ᠤᠯᠤᠰ | ᠲᠦᠷᠦ ᠶᠢᠨ ᠪᠠᠲᠤᠯᠠᠭ᠎ᠠ ᠬᠠᠩᠭᠠᠵᠠᠢ᠃ ᠲᠠᠪᠤᠨ ᠵᠢᠯ ᠤᠨ ᠲᠤᠷᠰᠢᠬᠢ ᠠᠮᠵᠢᠯᠳᠠ ᠪᠦᠲᠦᠮᠵᠢ ᠪᠤᠯ ᠪᠦᠬᠦ ᠲᠠᠯ᠎ᠠ ᠶᠢᠨ᠂ | ᠪᠦᠲᠦᠭᠡᠯᠴᠢ ᠴᠢᠨᠠᠷᠲᠠᠢ ᠪᠠᠶᠢᠵᠤ᠂ ᠲᠠᠪᠤᠨ ᠵᠢᠯ ᠤᠨ ᠲᠤᠷᠰᠢᠬᠢ ᠬᠤᠪᠢᠷᠠᠯᠳᠠ ᠪᠤᠯ ᠬᠦᠨ ᠲᠠᠪᠬᠤᠷᠭ᠎ᠠ ᠶᠢᠨ᠂ | ᠦᠨᠳᠦᠰᠦᠨ ᠴᠢᠨᠠᠷᠲᠠᠢ ᠶᠤᠮ ᠬᠡᠵᠤ ᠦᠵᠡᠪᠡ᠃ | ᠶᠡᠭᠡ ᠬᠤᠷᠠᠯ ᠠᠴᠠ᠂ ᠤᠷᠳᠤ ᠬᠤᠭᠤᠴᠠᠭᠠᠨ ᠤ ᠴᠢᠷᠮᠠᠶᠢᠯᠭ᠎ᠠ ᠪᠠᠷ ᠲᠠᠮᠵᠢᠨ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠰᠢᠨ᠎ᠠ ᠴᠠᠭ ᠦᠶ᠎ᠠ ᠳᠤ ᠤᠷᠤᠵᠠᠢ᠂ ᠡᠨᠡ ᠪᠤᠯ ᠮᠠᠨ ᠤ ᠤᠯᠤᠰ ᠤᠨ | ᠬᠦᠭᠵᠢᠯᠳᠡ ᠶᠢᠨ ᠰᠢᠨ᠎ᠠ ᠲᠡᠦᠭᠡᠨ ᠤᠷᠤᠨ ᠪᠠᠶᠢᠷᠢ ᠮᠦᠨ᠃ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠰᠢᠨ᠎ᠠ ᠴᠠᠭ ᠦᠶ᠎ᠠ ᠳᠤ ᠤᠷᠤᠵᠤ᠂ ᠮᠠᠨ ᠤ ᠤᠯᠤᠰ ᠤᠨ ᠨᠡᠶᠢᠭᠡᠮ ᠤᠨ ᠭᠤᠤᠯ ᠵᠦᠷᠢᠴᠡᠯ ᠨᠢᠭᠡᠨᠳᠡ ᠠᠷᠠᠳ | ᠲᠦᠮᠡᠨ ᠤ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠪᠤᠯᠤᠨ ᠲᠡᠩᠴᠡᠭᠦᠷᠢ | ᠦᠭᠡᠢ ᠭᠦᠢᠴᠡᠳ ᠦᠭᠡᠢ ᠬᠦᠭᠵᠢᠯᠳᠡ ᠶᠢᠨ ᠬᠤᠭᠤᠷᠤᠨᠳᠤᠬᠢ ᠵᠦᠷᠢᠴᠠᠯ ᠪᠤᠯᠵᠤ ᠬᠤᠪᠢᠷᠠᠵᠠᠢ᠃ ᠮᠠᠨ ᠤ | ᠤᠯᠤᠰ ᠤᠨ ᠨᠡᠶᠢᠭᠡᠮ ᠤᠨ ᠭᠤᠤᠯ ᠵᠦᠷᠢᠴᠡᠯ ᠤᠨ ᠬᠤᠪᠢᠷᠠᠯᠳᠠ ᠨᠢ ᠪᠦᠬᠦ ᠲᠠᠯ᠎ᠠ ᠳᠤ ᠬᠤᠯᠪᠤᠭᠳᠠᠬᠤ ᠲᠡᠦᠭᠡᠳᠤ | ᠴᠢᠨᠠᠷᠳᠠᠢ ᠬᠤᠪᠢᠷᠠᠯᠳᠠ ᠪᠠᠶᠢᠵᠤ᠂ ᠨᠠᠮ ᠪᠤᠯᠤᠨ ᠤᠯᠤᠰ ᠤᠨ ᠠᠵᠢᠯ ᠳᠤ ᠮᠠᠰᠢ ᠤᠯᠠᠨ ᠰᠢᠨ᠎ᠠ ᠱᠠᠭᠠᠷᠳᠠᠯᠭ᠎ᠠ | ᠲᠤᠷᠠᠳᠴᠠᠢ᠃ ᠪᠢᠳᠠ ᠬᠦᠭᠵᠢᠯᠳᠡ ᠶᠢ ᠦᠷᠭᠦᠯᠵᠢᠯᠠᠨ ᠠᠬᠢᠭᠤᠯᠤᠬᠰᠠᠨ ᠤ ᠰᠠᠭᠤᠷᠢᠨ ᠲᠡᠭᠡᠷ᠎ᠠ ᠬᠦᠭᠵᠢᠯᠳᠡ | ᠲᠡᠩᠴᠡᠭᠦᠷᠢ ᠦᠭᠡᠢ ᠭᠦᠢᠴᠡᠳ ᠦᠭᠡᠢ ᠠᠰᠠᠭᠤᠳᠠᠯ ᠢ ᠬᠦᠴᠦᠯᠠᠨ ᠰᠢᠢᠳᠪᠦᠷᠢᠯᠡᠵᠦ᠂ ᠶᠠᠰᠤ ᠴᠢᠨᠠᠷ ᠪᠤᠯᠤᠨ ᠦᠷ᠎ᠠ | ᠠᠰᠢᠭ ᠢ ᠶᠡᠭᠡᠪᠡᠷ ᠲᠡᠭᠡᠭᠰᠢᠯᠡᠭᠦᠯᠵᠦ᠂ ᠠᠷᠠᠳ ᠲᠦᠮᠡᠨ ᠤ ᠠᠵᠤ ᠠᠬᠤᠢ᠂ ᠤᠯᠤᠰ ᠲᠦᠷᠦ᠂ ᠰᠤᠶᠤᠯ᠂ ᠨᠡᠶᠢᠭᠡᠮ᠂ | ᠠᠮᠢ ᠠᠬᠤᠢ ᠵᠡᠷᠭᠡ ᠲᠠᠯ᠎ᠠ ᠪᠠᠷ ᠡᠳᠦᠷ ᠢᠷᠡᠭᠦᠶ᠎ᠠ ᠨᠡᠮᠡᠭᠳᠡᠵᠦ ᠪᠠᠶᠢᠭ᠎ᠠ ᠬᠡᠷᠡᠭᠴᠡᠭᠡ ᠶᠢ ᠨᠡᠩ ᠰᠠᠶᠢᠨ ᠬᠠᠩᠭᠠᠵᠤ᠂ | ᠬᠦᠮᠦᠨ ᠤ ᠪᠦᠬᠦ ᠲᠠᠯ᠎ᠠ ᠶᠢᠨ ᠬᠦᠭᠵᠢᠯᠳᠡ᠂ ᠨᠡᠶᠢᠭᠡᠮ ᠤᠨ ᠪᠦᠬᠦ ᠲᠠᠯ᠎ᠠ ᠶᠢᠨ ᠲᠠᠪᠰᠢᠯᠳᠠ ᠶᠢ ᠨᠡᠩ ᠰᠠᠶᠢᠨ | ᠠᠬᠢᠭᠤᠯᠬᠤ ᠬᠡᠷᠡᠭᠳᠡᠢ ᠭᠡᠵᠦ ᠴᠢᠬᠤᠯᠠᠴᠢᠯᠠᠵᠠᠢ᠃ | ᠶᠡᠭᠡ ᠬᠤᠷᠠᠯ ᠠᠴᠠ᠂ ᠰᠢᠨ᠎ᠠ ᠴᠠᠭ ᠦᠶ᠎ᠠ ᠳᠤ ᠶᠠᠮᠠᠷ ᠶᠠᠩᠵᠦ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠦᠮ ᠢ ᠪᠠᠷᠢᠮᠳᠠᠯᠠᠨ ᠬᠦᠭᠵᠢᠭᠦᠯᠬᠦ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠢ ᠬᠡᠷᠬᠢᠨ | ᠪᠠᠷᠢᠮᠳᠠᠯᠠᠨ ᠬᠦᠭᠵᠢᠭᠦᠯᠬᠦ ᠡᠨᠡᠬᠦ ᠴᠢᠬᠤᠯᠠ ᠶᠡᠭᠡ ᠴᠠᠭ ᠦᠶ᠎ᠠ ᠶᠢᠨ ᠰᠡᠳᠦᠪ ᠢ ᠬᠠᠷᠢᠭᠤᠯᠬᠤ ᠶᠢᠨ ᠲᠤᠭᠤᠷᠢᠨ ᠳᠤ᠂ | ᠮᠠᠨ ᠤ ᠨᠠᠮ ᠴᠤ᠋ ᠰᠢᠨ᠎ᠠ ᠬᠠᠷᠠᠭᠠᠰᠤ ᠠᠴᠠ ᠡᠪ ᠬᠠᠮᠳᠤ ᠨᠠᠮ ᠤᠨ ᠲᠦᠷᠦ ᠪᠠᠷᠢᠬᠤ ᠵᠢᠮ᠎ᠠ ᠶᠤᠰᠤ᠂ ᠨᠡᠶᠢᠭᠡᠮ | ᠵᠢᠷᠦᠮ ᠤᠨ ᠪᠦᠳᠦᠭᠡᠨ ᠪᠠᠶᠢᠭᠤᠯᠤᠯᠲᠠ ᠶᠢᠨ ᠵᠢᠮ᠎ᠠ ᠶᠤᠰᠤ᠂ ᠬᠦᠮᠦᠨ ᠲᠦᠷᠦᠯᠬᠢᠳᠡᠨ ᠤ ᠨᠡᠶᠢᠭᠡᠮ ᠤᠨ | ᠬᠦᠭᠵᠢᠯᠳᠡ ᠶᠢᠨ ᠵᠢᠮ᠎ᠠ ᠶᠤᠰᠤ ᠶᠢᠨ ᠲᠠᠨᠢᠯᠳᠠ ᠶᠢ ᠬᠦᠨᠵᠡᠭᠡᠶᠢᠷᠡᠬᠦᠯᠵᠤ᠂ ᠬᠠᠳᠠᠭᠤᠵᠢᠯᠳᠠᠢ ᠪᠠᠷ ᠤᠨᠤᠯ ᠤᠨ | ᠰᠦᠪᠡᠭᠴᠢᠯᠡᠯᠳᠡ ᠬᠢᠵᠦ᠂ ᠴᠢᠬᠤᠯᠠ ᠶᠡᠭᠡ ᠤᠨᠤᠯ ᠤᠨ ᠰᠢᠨ᠎ᠠ ᠶᠢ ᠡᠭᠦᠳᠦᠭᠰᠡᠨ ᠦᠷ᠎ᠠ ᠪᠦᠳᠦᠭᠡᠯ ᠤᠯᠵᠤ᠂ | ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠵᠡᠯ | ᠰᠠᠨᠠᠭ᠎ᠠ ᠶᠢ ᠪᠤᠢ ᠪᠤᠯᠭᠠᠵᠠᠢ᠃ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠦᠮ ᠤᠨ ᠦᠵᠡᠯ ᠰᠠᠨᠠᠭ᠎ᠠ ᠪᠤᠯ ᠮᠠᠷᠺᠰ ᠯᠧᠨᠢᠨ ᠤ ᠦᠵᠡᠯ᠂ ᠮᠠᠦ ᠽᠧ ᠳ᠋ᠦᠩ ᠤᠨ ᠦᠵᠡᠯ ᠰᠠᠨᠠᠭ᠎ᠠ᠂ | ᠳ᠋ᠧᠩ ᠰᠢᠶᠤᠤ ᠫᠢᠩ ᠤᠨ ᠤᠨᠤᠯ᠂ ︽ᠭᠤᠷᠪᠠ ᠶᠢ ᠲᠦᠯᠦᠭᠡᠯᠡᠬᠦ︾ ᠴᠢᠬᠤᠯᠠ ᠦᠵᠡᠯ ᠰᠠᠨᠠᠭ᠎ᠠ᠂ ᠰᠢᠨᠵᠢᠯᠡᠬᠦ | ᠤᠬᠠᠭᠠᠨᠴᠢ ᠬᠦᠭᠵᠢᠯᠳᠡ ᠶᠢᠨ ᠦᠵᠡᠯᠳᠡ ᠶᠢᠨ ᠵᠠᠯᠭᠠᠮᠵᠢᠯᠠᠯ ᠪᠠ ᠬᠦᠭᠵᠢᠬᠦᠯᠦᠯᠳᠡ ᠮᠦᠨ᠂ ᠮᠠᠷᠺᠰ ᠤᠨ ᠦᠵᠡᠯ ᠤᠨ | ᠲᠤᠮᠳᠠᠳᠤ ᠤᠯᠤᠰᠴᠢᠯᠠᠭᠰᠠᠨ ᠬᠠᠮᠤᠭ ᠤᠨ ᠰᠢᠨ᠎ᠠ ᠦᠷ᠎ᠠ ᠪᠦᠳᠦᠭᠡᠯ ᠮᠦᠨ᠂ ᠨᠠᠮ ᠪᠤᠯᠤᠨ ᠠᠷᠠᠳ ᠲᠦᠮᠡᠨ ᠤ | ᠦᠢᠯᠡᠳᠦᠯᠭᠡ ᠶᠢᠨ ᠲᠤᠷᠰᠢᠯᠭ᠎ᠠ ᠪᠠ ᠬᠠᠮᠳᠤ ᠶᠢᠨ ᠤᠶᠤᠨ ᠪᠢᠯᠢᠭ ᠤᠨ ᠲᠠᠯᠠᠰᠳᠤ ᠮᠦᠨ᠂ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠦᠮ ᠤᠨ ᠤᠨᠤᠯ ᠤᠨ ᠰᠢᠰᠲ᠋ᠧᠮᠵᠢ ᠶᠢᠨ ᠴᠢᠬᠤᠯᠠ ᠪᠦᠷᠢᠯᠳᠦᠭᠦᠨ ᠬᠡᠰᠡᠭ ᠮᠦᠨ᠂ ᠪᠦᠬᠦ | ᠨᠠᠮ ᠪᠦᠬᠦ ᠤᠯᠤᠰ ᠤᠨ ᠠᠷᠠᠳ ᠲᠦᠮᠡᠨ ᠤ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ ᠮᠠᠨᠳᠤᠯᠳᠠ ᠶᠢ | ᠪᠡᠶᠡᠯᠡᠭᠦᠯᠬᠦ ᠪᠠᠷ ᠲᠡᠮᠡᠴᠡᠬᠦ ᠠᠵᠢᠯᠯᠠᠭᠠᠨ ᠤ ᠵᠦᠭᠯᠡᠭᠦᠷ ᠮᠦᠨ᠂ ᠡᠷᠭᠡᠪᠰᠢ ᠤᠷᠳᠤ ᠬᠤᠭᠤᠴᠠᠭ᠎ᠠ ᠪᠠᠷ | ᠪᠠᠷᠢᠮᠳᠠᠯᠠᠬᠤ ᠶᠢᠨ ᠬᠠᠮᠳᠤ ᠲᠠᠰᠤᠷᠠᠯᠳᠠ ᠦᠭᠡᠢ ᠪᠠᠷ ᠬᠦᠭᠵᠢᠭᠦᠯᠬᠦ ᠬᠡᠷᠡᠭᠳᠡᠢ ᠭᠡᠵᠦ ᠴᠢᠬᠤᠯᠠᠴᠢᠯᠠᠵᠠᠢ᠃ | ᠶᠡᠭᠡ ᠬᠤᠷᠠᠯ ᠠᠴᠠ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ᠂ ᠠᠷᠠᠳ | ᠲᠦᠮᠡᠨ ᠢᠶᠠᠷ ᠭᠤᠤᠯ ᠪᠤᠯᠭᠠᠬᠤ ᠶᠢ ᠪᠠᠷᠢᠮᠳᠠᠯᠠᠬᠤ ᠬᠡᠷᠡᠭᠳᠡᠢ᠂ ᠦᠭᠡᠷᠡᠴᠢᠯᠡᠯᠳᠡ ᠶᠢ ᠪᠦᠬᠦ ᠲᠠᠯ᠎ᠠ ᠪᠠᠷ | ᠬᠦᠨᠵᠡᠭᠡᠶᠢᠷᠡᠬᠦᠯᠬᠦ ᠶᠢ ᠪᠠᠷᠢᠮᠳᠠᠯᠠᠬᠤ ᠬᠡᠷᠡᠭᠳᠡᠢ᠂ ᠰᠢᠨ᠎ᠠ ᠬᠦᠭᠵᠢᠯᠳᠡ ᠶᠢᠨ ᠤᠨᠤᠯᠵᠢᠬᠤᠨ ᠢ ᠪᠠᠷᠢᠮᠳᠠᠯᠠᠬᠤ ᠬᠡᠷᠡᠭᠳᠡᠢ᠂ | ᠠᠷᠠᠳ ᠲᠦᠮᠡᠨ ᠡᠵᠡᠨ ᠰᠠᠭᠤᠵᠤ ᠡᠷᠭᠡ ᠮᠡᠳᠡᠬᠦ ᠶᠢ ᠪᠠᠷᠢᠮᠳᠠᠯᠠᠬᠤ ᠬᠡᠷᠡᠭᠳᠡᠢ᠂ ᠪᠦᠬᠦ ᠲᠠᠯ᠎ᠠ ᠪᠠᠷ ᠬᠠᠤᠯᠢ ᠪᠠᠷ | ᠤᠯᠤᠰ ᠢᠶᠠᠨ ᠵᠠᠰᠠᠬᠤ ᠶᠢ ᠪᠠᠷᠢᠮᠳᠠᠯᠠᠬᠤ ᠬᠡᠷᠡᠭᠳᠡᠢ᠂ ᠨᠡᠶᠢᠭᠡᠮ ᠵᠢᠷᠦᠮ ᠤᠨ ᠭᠤᠤᠯᠯᠠᠭᠴᠢ ᠦᠷᠳᠡᠭ ᠤᠨ | ᠦᠵᠡᠯᠳᠡ ᠶᠢᠨ ᠰᠢᠰᠲ᠋ᠧᠮᠵᠢ ᠶᠢ ᠪᠠᠷᠢᠮᠳᠠᠯᠠᠬᠤ ᠬᠡᠷᠡᠭᠳᠡᠢ᠂ ᠬᠦᠭᠵᠢᠭᠦᠯᠬᠦ ᠶᠠᠪᠤᠴᠠ ᠳᠤ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ ᠶᠢ ᠪᠠᠷᠢᠮᠳᠠᠯᠠᠬᠤ ᠬᠡᠷᠡᠭᠳᠡᠢ᠂ ᠬᠦᠮᠦᠨ ᠪᠤᠯᠤᠨ ᠪᠠᠶᠢᠭᠠᠯᠢ ᠡᠶ᠎ᠡ ᠵᠤᠬᠢᠴᠠᠩᠭᠤᠢ ᠪᠠᠷ | ᠵᠡᠷᠭᠡᠴᠡᠨ ᠤᠷᠤᠰᠢᠬᠤ ᠶᠢ ᠪᠠᠷᠢᠮᠳᠠᠯᠠᠬᠤ ᠬᠡᠷᠡᠭᠳᠡᠢ᠂ ᠪᠦᠬᠦᠯᠢ ᠴᠤᠭᠴᠠ ᠶᠢᠨ ᠤᠯᠤᠰ ᠤᠨ ᠠᠮᠤᠷ ᠲᠦᠪᠰᠢᠨ ᠤ | ᠦᠵᠡᠯᠳᠡ ᠶᠢ ᠪᠠᠷᠢᠮᠳᠠᠯᠠᠬᠤ ᠬᠡᠷᠡᠭᠳᠡᠢ᠂ ᠨᠠᠮ ᠤᠨ ᠠᠷᠠᠳ ᠤᠨ ᠴᠡᠷᠢᠭ ᠠᠩᠭᠢ ᠳᠠᠬᠢ ᠬᠠᠷᠢᠴᠠᠯᠠᠰᠢ ᠦᠭᠡᠢ | ᠤᠳᠤᠷᠢᠳᠤᠯᠭ᠎ᠠ ᠶᠢ ᠪᠠᠷᠢᠮᠳᠠᠯᠠᠬᠤ ᠬᠡᠷᠡᠭᠳᠡᠢ᠂ ︽ᠨᠢᠭᠡ ᠤᠯᠤᠰ ᠲᠤ ᠬᠤᠶᠠᠷ ᠪᠠᠶᠢᠭᠤᠯᠤᠯ ᠢ ᠬᠡᠷᠡᠭᠵᠢᠭᠦᠯᠬᠦ︾ ᠪᠠ | ᠡᠭᠡ ᠤᠯᠤᠰ ᠤᠨ ᠨᠢᠭᠡᠳᠦᠯ ᠢ ᠠᠬᠢᠭᠤᠯᠬᠤ ᠶᠢ ᠪᠠᠷᠢᠮᠳᠠᠯᠠᠬᠤ ᠬᠡᠷᠡᠭᠳᠡᠢ᠂ ᠬᠦᠮᠦᠨ ᠲᠦᠷᠦᠯᠬᠢᠳᠡᠨ ᠤ ᠬᠤᠪᠢ | ᠵᠠᠶᠠᠭᠠᠨ ᠤ ᠬᠠᠮᠳᠤ ᠶᠢᠨ ᠴᠤᠭᠴᠠ ᠶᠢ ᠠᠬᠢᠭᠤᠯᠤᠨ ᠪᠠᠶᠢᠭᠤᠯᠬᠤ ᠶᠢ ᠪᠠᠷᠢᠮᠳᠠᠯᠠᠬᠤ ᠬᠡᠷᠡᠭᠳᠡᠢ᠂ ᠪᠦᠬᠦ ᠲᠠᠯ᠎ᠠ ᠪᠠᠷ | ᠨᠠᠮ ᠢ ᠴᠢᠩᠭ᠎ᠠ ᠵᠠᠰᠠᠬᠤ ᠶᠢ ᠪᠠᠷᠢᠮᠳᠠᠯᠠᠬᠤ ᠬᠡᠷᠡᠭᠳᠡᠢ᠃ ᠡᠨᠡ ᠠᠷᠪᠠᠨ ᠲᠦᠷᠪᠡᠨ ᠵᠤᠷᠪᠤᠰ ᠨᠢ ᠰᠢᠨ᠎ᠠ ᠴᠠᠭ ᠦᠶ᠎ᠠ ᠳᠤ | ᠪᠠᠷᠢᠮᠳᠠᠯᠠᠨ ᠬᠦᠭᠵᠢᠭᠦᠯᠬᠦ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠦᠮ ᠤᠨ ᠦᠨᠳᠦᠰᠦᠨ ᠠᠷᠭ᠎ᠠ | ᠪᠤᠳᠤᠯᠭ᠎ᠠ ᠶᠢ ᠪᠦᠷᠢᠯᠳᠦᠬᠦᠯᠵᠡᠢ᠃ ᠪᠦᠬᠦ ᠨᠠᠮ ᠤᠨ ᠨᠦᠬᠦᠳ ᠡᠷᠭᠡᠪᠰᠢ ᠨᠠᠮ ᠤᠨ ᠦᠨᠳᠦᠰᠦᠨ ᠤᠨᠤᠯ᠂ | ᠦᠨᠳᠦᠰᠦᠨ ᠱᠤᠭᠤᠮ᠂ ᠦᠨᠳᠦᠰᠦᠨ ᠠᠷᠭ᠎ᠠ ᠪᠤᠳᠤᠯᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ᠨᠠᠮ ᠪᠤᠯᠤᠨ | ᠠᠷᠠᠳ ᠲᠦᠮᠡᠨ ᠤ ᠠᠵᠢᠯ ᠦᠢᠯᠡᠰ ᠤᠨ ᠬᠦᠭᠵᠢᠯᠳᠡ ᠶᠢ ᠨᠡᠩ ᠰᠠᠶᠢᠨ ᠬᠦᠳᠦᠯᠦᠨ ᠲᠠᠭᠠᠭᠤᠯᠬᠤ ᠬᠡᠷᠡᠭᠳᠡᠢ ᠭᠡᠵᠦ | ᠴᠢᠬᠤᠯᠠᠴᠢᠯᠠᠵᠠᠢ᠃ | ᠶᠡᠭᠡ ᠬᠤᠷᠠᠯ ᠠᠴᠠ᠂ ᠤᠳᠤ ᠠᠴᠠ 2020 ᠤᠨ ᠪᠤᠯᠳᠠᠯᠠᠬᠢ ᠬᠤᠭᠤᠴᠠᠭ᠎ᠠ ᠪᠤᠯ ᠴᠢᠨᠡᠭᠡᠯᠢᠭ ᠨᠡᠶᠢᠭᠡᠮ ᠢ | ᠪᠦᠬᠦ ᠲᠠᠯ᠎ᠠ ᠪᠠᠷ ᠪᠡᠶᠡᠯᠡᠭᠦᠯᠬᠦ ᠰᠢᠢᠳᠪᠦᠷᠢᠳᠤ ᠱᠠᠳᠤ ᠪᠤᠯᠤᠨ᠎ᠠ᠃ ᠨᠠᠮ ᠤᠨ ᠠᠷᠪᠠᠨ ᠵᠢᠷᠭᠤᠳᠤᠭᠠᠷ ᠶᠡᠭᠡ ᠬᠤᠷᠠᠯ᠂ | ᠨᠠᠮ ᠤᠨ ᠠᠷᠪᠠᠨ ᠲᠤᠯᠤᠳᠤᠭᠠᠷ ᠶᠡᠭᠡ ᠬᠤᠷᠠᠯ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠲᠤᠷᠠᠳᠤᠭᠰᠠᠨ | ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠡᠯ᠎ᠠ ᠲᠦᠷᠦᠯ ᠤᠨ ᠱᠠᠭᠠᠷᠳᠠᠯᠭ᠎ᠠ ᠶᠤᠰᠤᠭᠠᠷ᠂ | ᠭᠤᠤᠯᠳᠠᠯᠭ᠎ᠠ ᠶᠢ ᠠᠳᠬᠤᠬᠤ᠂ ᠲᠤᠳᠠᠭᠤᠳᠠᠯ ᠢ ᠨᠦᠬᠦᠪᠦᠷᠢᠯᠡᠬᠦ᠂ ᠪᠠᠭᠤᠷᠠᠢ ᠵᠦᠢᠯ ᠢ ᠴᠢᠩᠭᠠᠳᠬᠠᠬᠤ ᠶᠢ | ᠳᠤᠪᠤᠶᠢᠯᠭᠠᠵᠤ᠂ ᠤᠨᠴᠠᠭᠠᠶᠢᠯᠠᠨ ᠴᠢᠬᠤᠯᠠ ᠶᠡᠭᠡ ᠲᠦᠭᠰᠢᠭᠦᠷᠢ ᠶᠢ ᠰᠡᠷᠭᠡᠶᠢᠯᠡᠨ ᠠᠷᠢᠯᠭᠠᠬᠤ᠂ ᠤᠨᠢᠨ ᠲᠡᠭᠡᠷ᠎ᠠ ᠨᠢ | ᠶᠠᠳᠠᠭᠤ ᠠᠴᠠ ᠠᠩᠭᠢᠵᠢᠷᠠᠭᠤᠯᠬᠤ᠂ ᠪᠤᠬᠢᠷᠳᠤᠯ ᠢ ᠰᠡᠷᠭᠡᠶᠢᠯᠡᠨ ᠵᠠᠰᠠᠬᠤ ᠪᠤᠭᠤᠮᠳᠠ ᠰᠢᠪᠲᠤᠯᠬᠤ ᠳᠠᠶᠢᠯᠠᠯᠳᠤᠭᠠᠨ ᠢ | ᠡᠷᠡᠰ ᠰᠠᠶᠢᠲᠤᠷ ᠬᠢᠵᠦ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢ ᠠᠷᠠᠳ ᠲᠦᠮᠡᠨ ᠳᠤ | ᠮᠡᠳᠡᠷᠡᠭᠳᠡᠵᠦ᠂ ᠲᠡᠦᠭᠡᠨ ᠰᠢᠯᠭᠠᠯᠳᠠ ᠶᠢ ᠲᠤᠭᠤᠯᠤᠬᠰᠠᠨ ᠪᠠᠶᠢᠬᠤ ᠬᠡᠷᠡᠭᠳᠡᠢ ᠭᠡᠵᠦ ᠲᠤᠷᠠᠳᠴᠠᠢ᠃ | ᠶᠡᠭᠡ ᠬᠤᠷᠠᠯ ᠠᠴᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠨᠠᠮ ᠤᠨ ᠬᠤᠷᠢᠳᠤᠭᠠᠷ ᠶᠡᠭᠡ | ᠬᠤᠷᠠᠯ ᠪᠤᠯᠳᠠᠯᠠᠬᠢ ᠬᠤᠭᠤᠴᠠᠭ᠎ᠠ ᠪᠤᠯ ︽ᠬᠤᠤᠰ ᠵᠠᠭᠤᠨ ᠵᠢᠯ︾ ᠤᠨ ᠲᠡᠮᠡᠴᠡᠬᠦ ᠬᠠᠷᠠᠯᠳᠠ ᠶᠢᠨ ᠲᠡᠦᠭᠡᠨ | ᠰᠤᠯᠪᠢᠴᠠᠯ ᠤᠨ ᠬᠤᠭᠤᠴᠠᠭ᠎ᠠ ᠪᠤᠯᠤᠨ᠎ᠠ᠃ ᠪᠢᠳᠡ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ | ᠨᠢᠭᠡᠳᠦᠭᠡᠷ ᠵᠠᠭᠤᠨ ᠵᠢᠯ ᠤᠨ ᠲᠡᠮᠡᠴᠡᠬᠦ ᠬᠠᠷᠠᠯᠳᠠ ᠶᠢ ᠪᠡᠶᠡᠯᠡᠭᠦᠯᠬᠦ ᠪᠠᠷ ᠪᠠᠷᠠᠬᠤ ᠦᠭᠡᠢ ᠪᠠᠰᠠ ᠢᠯᠠᠯᠳᠠ ᠶᠢᠨ ᠡᠷᠴᠢᠨ | ᠲᠡᠭᠡᠷ᠎ᠠ ᠨᠡᠶᠢᠭᠡᠮ ᠵᠢᠷᠤᠮ ᠤᠨ ᠤᠳᠤᠬᠢᠴᠢᠯᠠᠭᠰᠠᠨ ᠤᠯᠤᠰ ᠢ ᠪᠦᠬᠦ ᠲᠠᠯ᠎ᠠ ᠪᠠᠷ ᠪᠦᠳᠦᠭᠡᠨ ᠪᠠᠶᠢᠭᠤᠯᠬᠤ ᠰᠢᠨ᠎ᠠ | ᠠᠶᠠᠡ ᠢᠶᠠᠨ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠬᠦ ᠬᠠᠷᠠᠯᠳᠠ ᠲᠡᠰᠢ ᠤᠷᠤᠭᠰᠢᠯᠠᠬᠤ ᠬᠡᠷᠡᠭᠳᠡᠢ᠃ | ᠲᠡᠯᠡᠬᠡᠢ ᠶᠢᠨ ᠪᠤᠯᠤᠨ ᠤᠯᠤᠰ ᠤᠨ ᠲᠤᠳᠤᠭᠠᠳᠤ ᠶᠢᠨ ᠪᠠᠶᠢᠳᠠᠯ ᠪᠠ ᠮᠠᠨ ᠤ ᠤᠯᠤᠰ ᠤᠨ ᠬᠦᠭᠵᠢᠯᠳᠡ ᠶᠢᠨ | ᠨᠦᠭᠦᠴᠡᠯ ᠢ ᠶᠡᠷᠦᠩᠭᠡᠶᠢᠯᠡᠨ ᠵᠠᠳᠠᠯᠵᠤ᠂ 2020 ᠤᠨ ᠠᠴᠠ ᠲᠤᠰ ᠵᠠᠭᠤᠨ ᠤ ᠲᠤᠮᠳᠠᠴᠢ ᠦᠶ᠎ᠠ ᠪᠤᠯᠳᠠᠯ᠎ᠠ ᠬᠤᠶᠠᠷ | ᠱᠠᠳᠤ ᠦᠶ᠎ᠠ ᠪᠠᠷ ᠲᠤᠬᠢᠷᠠᠭᠤᠯᠵᠤ ᠪᠤᠯᠤᠨ᠎ᠠ᠃ ᠨᠢᠭᠡᠳᠦᠭᠡᠷ ᠱᠠᠳᠤ ᠦᠶ᠎ᠠ ᠨᠢ᠂ 2020 ᠤᠨ ᠠᠴᠠ 2035 ᠤᠨ | ᠪᠤᠯᠳᠠᠯ᠎ᠠ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠦᠭᠰᠡᠨ ᠰᠠᠭᠤᠷᠢᠨ ᠲᠠᠬᠡᠷ᠎ᠠ ᠳᠠᠬᠢᠭᠠᠳ 15 ᠵᠢᠯ | ᠲᠡᠮᠡᠴᠡᠵᠤ᠂ ᠨᠡᠶᠢᠭᠡᠮ ᠵᠢᠷᠤᠮ ᠤᠨ ᠤᠳᠤᠬᠢᠴᠢᠯᠠᠯᠲᠠ ᠶᠢ ᠦᠨᠳᠦᠰᠦᠨ ᠳᠡᠭᠡᠨ ᠪᠡᠶᠡᠯᠡᠭᠦᠯᠦᠨ᠎ᠠ᠃ ᠬᠤᠶᠠᠳᠤᠭᠠᠷ ᠱᠠᠳᠤ | ᠦᠶ᠎ᠠ ᠨᠢ᠂ 2035 ᠤᠨ ᠠᠴᠠ ᠲᠤᠰ ᠵᠠᠭᠤᠨ ᠤ ᠳᠤᠮᠳᠠᠴᠢ ᠦᠶ᠎ᠠ ᠪᠤᠯᠳᠠᠯ᠎ᠠ᠂ ᠤᠳᠤᠬᠢᠴᠢᠯᠠᠯᠲᠠ ᠶᠢ ᠦᠨᠳᠦᠰᠦᠨ | ᠳᠡᠭᠡᠨ ᠪᠡᠶᠡᠯᠡᠭᠦᠯᠦᠭᠰᠡᠨ ᠰᠠᠭᠤᠷᠢᠨ ᠲᠠᠬᠡᠷ᠎ᠠ ᠳᠠᠬᠢᠭᠠᠳ 15 ᠵᠢᠯ ᠲᠡᠮᠡᠴᠡᠵᠤ᠂ ᠮᠠᠨ ᠤ ᠤᠯᠤᠰ ᠢᠶᠠᠨ ᠪᠠᠶᠠᠨ | ᠬᠦᠴᠦᠷᠬᠡᠭ ᠠᠷᠠᠳᠴᠢᠯᠠᠭᠰᠠᠨ ᠪᠤᠯᠪᠠᠰᠤᠨ ᠡᠶ᠎ᠡ ᠵᠤᠬᠢᠴᠠᠩᠭᠤᠢ ᠦᠵᠡᠰᠭᠦᠯᠡᠩᠲᠦ ᠰᠠᠶᠢᠬᠠᠨ ᠨᠡᠶᠢᠭᠡᠮ ᠵᠢᠷᠤᠮ ᠤᠨ | ᠤᠳᠤᠬᠢᠴᠢᠯᠠᠭᠰᠠᠨ ᠬᠦᠴᠦᠷᠬᠡᠭ ᠤᠯᠤᠰ ᠪᠤᠯᠭᠠᠨ ᠪᠦᠲᠦᠭᠡᠨ ᠪᠠᠶᠢᠭᠤᠯᠤᠨ᠎ᠠ ᠭᠡᠵᠤ ᠦᠵᠡᠪᠡ᠃ | ᠶᠡᠭᠡ ᠬᠤᠷᠠᠯ ᠠᠴᠠ᠂ ᠢᠯᠡᠳᠭᠡᠯ ᠳᠠᠬᠢ ᠮᠠᠨ ᠤ ᠤᠯᠤᠰ ᠤᠨ ᠨᠡᠶᠢᠭᠡᠮ ᠵᠢᠷᠤᠮ ᠤᠨ ᠠᠵᠤ ᠠᠬᠤᠢ ᠶᠢᠨ | ᠪᠦᠳᠦᠭᠡᠨ ᠪᠠᠶᠢᠭᠤᠯᠤᠯᠲᠠ᠂ ᠤᠯᠤᠰ ᠲᠦᠷᠦ ᠶᠢᠨ ᠪᠠᠶᠢᠭᠤᠯᠤᠯᠲᠠ᠂ ᠰᠤᠶᠤᠯ ᠤᠨ ᠪᠠᠶᠢᠭᠤᠯᠤᠯᠲᠠ᠂ ᠨᠡᠶᠢᠭᠡᠮ ᠤᠨ | ᠪᠠᠶᠢᠭᠤᠯᠤᠯᠲᠠ᠂ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠲᠠ ᠶᠢᠨ ᠳᠤᠬᠠᠢ ᠪᠠᠶᠢᠷᠢᠯᠠᠭᠤᠯᠤᠯᠲᠠ ᠶᠢ | ᠵᠦᠪᠰᠢᠶᠡᠷᠡᠪᠡ᠃ ᠶᠡᠭᠡ ᠬᠤᠷᠠᠯ ᠠᠴᠠ᠂ ᠰᠢᠨ᠎ᠠ ᠬᠦᠭᠵᠢᠯᠳᠡ ᠶᠢᠨ ᠤᠨᠤᠯᠵᠢᠬᠤᠨ᠂ ᠤᠳᠤᠬᠢᠴᠢᠯᠠᠭᠰᠠᠨ ᠠᠵᠤ | ᠠᠬᠤᠢ ᠶᠢᠨ ᠰᠢᠰᠲ᠋ᠧᠮᠵᠢ ᠶᠢ ᠪᠦᠳᠦᠭᠡᠨ ᠪᠠᠶᠢᠭᠤᠯᠬᠤ ᠶᠢ ᠳᠤᠤᠱᠯᠠᠭᠤᠯᠵᠤ᠂ ᠶᠠᠰᠤ ᠴᠢᠨᠠᠷ ᠢ ᠳᠡᠷᠢᠭᠦᠨ ᠳᠤ ᠳᠠᠯᠪᠢᠬᠤ | ᠂ ᠦᠷ᠎ᠠ ᠠᠰᠢᠭ ᠢ ᠤᠷᠢᠳᠠᠪᠡᠷ ᠪᠤᠳᠤᠯᠬᠢᠯᠠᠬᠤ ᠶᠢ ᠪᠠᠷᠢᠮᠳᠠᠯᠠᠵᠥ᠂ ᠬᠠᠨᠭ᠍ᠭᠠᠯᠭ᠎ᠠ ᠶᠢᠨ ᠲᠡᠯ᠎ᠠ ᠶᠢᠨ ᠪᠦᠳᠦᠴᠠ ᠶᠢᠨ | ᠴᠢᠨᠠᠷᠳᠠᠢ ᠦᠬᠡᠷᠡᠴᠢᠯᠠᠯᠳᠠ ᠪᠠᠷ ᠭᠤᠤᠯ ᠱᠤᠭᠤᠮ ᠪᠤᠯᠭᠠᠵᠥ᠂ ᠠᠵᠥ ᠠᠬᠤᠢ ᠶᠢᠨ ᠬᠦᠭᠵᠢᠯᠳᠠ ᠶᠢᠨ ᠶᠠᠰᠤ | ᠴᠢᠨᠠᠷ ᠤᠨ ᠬᠤᠪᠢᠰᠤᠯᠳᠠ᠂ ᠦᠷ᠎ᠠ ᠠᠰᠢᠬ ᠤᠨ ᠬᠤᠪᠢᠰᠤᠯᠳᠠ᠂ ᠬᠦᠳᠠᠯᠬᠡᠭᠦ ᠬᠦᠴᠦᠠ ᠤ ᠬᠤᠪᠢᠰᠤᠯᠳᠠ ᠶᠢ | ᠠᠬᠢᠭᠤᠯᠵᠥ᠂ ᠪᠤᠳᠠᠳᠤ ᠴᠤᠭᠴᠠ ᠶᠢᠨ ᠠᠵᠥ ᠠᠬᠤᠢ᠂ ᠰᠢᠨᠵᠢᠯᠠᠬᠦ ᠤᠬᠠᠭᠠᠠ ᠮᠠᠷᠬᠡᠵᠢᠯ ᠤᠨ ᠰᠢᠨ᠎ᠠ ᠶᠢ ᠡᠬᠦᠳᠬᠦ᠂ | ᠤᠳᠤ ᠦᠶ᠎ᠠ ᠶᠢᠨ ᠮᠦᠡᠭᠬᠦᠠ ᠬᠦᠢᠯᠬᠡᠬᠡᠨ᠂ ᠬᠦᠮᠦᠠ ᠤ ᠬᠦᠴᠦᠠ ᠤ ᠡᠬᠢ ᠪᠠᠶᠠᠯᠢᠭ ᠢ ᠵᠤᠬᠢᠴᠠᠭᠤᠯᠤᠨ ᠬᠦᠭᠵᠢᠬᠦᠯᠬᠦ | ᠠᠵᠥ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠶᠢ ᠬᠦᠴᠦᠯᠠᠠ ᠲᠦᠷᠬᠡᠳᠬᠡᠵᠥ᠂ ᠵᠠᠬ᠎ᠠ ᠲᠡᠯᠬᠡᠬᠦᠷ ᠤᠨ | ᠲᠤᠭᠳᠠᠴᠠ ᠨᠢ ᠪᠦᠳᠦᠮᠵᠢᠳᠠᠢ᠂ ᠬᠤᠮᠠᠭᠢ ᠴᠤᠭᠴᠠ ᠨᠢ ᠠᠮᠢᠳᠤᠯᠢᠭ ᠬᠦᠴᠦᠠ ᠲᠠᠢ᠂ ᠬᠤᠷᠸ᠎ᠠ ᠡᠵᠡᠮᠳᠠᠯ | ᠲᠤᠬᠢᠷᠠᠭᠤᠯᠭ᠎ᠠ ᠨᠢ ᠵᠤᠭᠢᠬᠤ ᠬᠡᠮᠵᠢᠶ᠎ᠠ ᠲᠠᠢ ᠪᠠᠶᠢᠬᠤ ᠠᠵᠥ ᠠᠬᠤᠢ ᠶᠢᠨ ᠪᠠᠶᠢᠭᠤᠯᠤᠮᠵᠢ ᠶᠢ ᠬᠦᠴᠦᠯᠠᠠ ᠪᠠᠶᠢᠭᠤᠯᠵᠤ᠂ | ᠮᠠᠠ ᠤ ᠤᠯᠤᠰ ᠤᠨ ᠠᠵᠥ ᠠᠬᠤᠢ ᠶᠢᠨ ᠰᠢᠨ᠎ᠠ ᠶᠢ ᠡᠬᠦᠳᠬᠦ ᠬᠦᠴᠦᠠ ᠪᠠ ᠦᠷᠢᠰᠦᠯᠳᠦᠬᠦ ᠬᠦᠴᠦᠠ ᠢ ᠲᠡᠰᠤᠷᠠᠯᠳᠠ | ᠦᠬᠡᠢ ᠴᠢᠩᠭᠠᠷᠠᠭᠤᠯᠬᠤ ᠬᠡᠷᠡᠭᠳᠡᠢ᠃ ᠬᠠᠩᠭᠠᠯᠭ᠎ᠠ ᠶᠢᠨ ᠳᠠᠯ᠎ᠠ ᠶᠢᠨ ᠪᠦᠳᠦᠴᠡ ᠶᠢᠨ ᠴᠢᠨᠠᠷᠳᠠᠢ ᠦᠭᠡᠷᠡᠴᠢᠯᠡᠯᠳᠡ ᠶᠢ | ᠬᠦᠨᠵᠡᠭᠡᠶᠢᠷᠡᠬᠦᠯᠵᠤ᠂ ᠰᠢᠨ᠎ᠠ ᠶᠢ ᠡᠭᠦᠳᠭᠦ ᠬᠡᠯᠪᠡᠷᠢ ᠶᠢᠨ ᠤᠯᠤᠰ ᠢ ᠲᠦᠷᠭᠡᠳᠭᠡᠨ ᠪᠠᠶᠢᠭᠤᠯᠵᠤ᠂ ᠬᠦᠳᠡᠭᠡ | ᠳᠤᠰᠬᠤᠨ ᠢ ᠬᠦᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠤᠷᠤᠨ ᠪᠦᠰᠡ ᠶᠢ | ᠵᠤᠬᠢᠴᠠᠩᠭᠤᠢ ᠪᠠᠷ ᠬᠦᠭᠵᠢᠭᠦᠯᠬᠦ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠨᠡᠶᠢᠭᠡᠮ ᠵᠢᠷᠤᠮ ᠤᠨ ᠵᠠᠬ᠎ᠠ | ᠳᠡᠯᠭᠡᠭᠦᠷ ᠤᠨ ᠠᠵᠤ ᠠᠬᠤᠢ ᠶᠢᠨ ᠪᠠᠶᠢᠭᠤᠯᠤᠮᠵᠢ ᠶᠢ ᠲᠦᠷᠭᠡᠳᠭᠡᠨ ᠳᠡᠭᠦᠯᠳᠡᠷᠵᠢᠭᠦᠯᠵᠤ᠂ ᠪᠦᠬᠦ ᠳᠠᠯ᠎ᠠ ᠪᠠᠷ | ᠨᠡᠭᠡᠭᠡᠯᠳᠡ ᠬᠢᠭᠦ ᠰᠢᠨ᠎ᠠ ᠪᠠᠶᠢᠷᠢᠰᠢᠯ ᠢ ᠪᠤᠢ ᠪᠤᠯᠭᠠᠬᠤ ᠶᠢ ᠠᠬᠢᠭᠤᠯᠵᠤ᠂ ᠨᠡᠩ ᠦᠨᠳᠦᠷ ᠶᠠᠰᠤ ᠴᠢᠨᠠᠷ ᠲᠠᠢ᠂ ᠨᠡᠩ | ᠦᠷ᠎ᠠ ᠠᠰᠢᠬ ᠲᠠᠢ᠂ ᠨᠡᠩ ᠲᠦᠪ ᠭᠤᠤᠯᠴᠢ᠂ ᠨᠡᠩ ᠦᠷᠭᠦᠯᠵᠢᠯᠡᠭᠦ ᠬᠦᠭᠵᠢᠯᠳᠡ ᠶᠢ ᠴᠢᠷᠮᠠᠶᠢᠨ ᠪᠡᠶᠡᠯᠡᠭᠦᠯᠬᠦ | ᠬᠡᠷᠡᠭᠳᠠᠢ᠃ ᠠᠷᠠᠳ ᠲᠦᠮᠡᠨ ᠡᠵᠡᠨ ᠰᠠᠭᠤᠵᠤ ᠡᠷᠭᠡ ᠮᠡᠳᠡᠭᠦ ᠲᠦᠷᠢᠮ ᠤᠨ ᠰᠢᠰᠲ᠋ᠧᠮᠵᠢ ᠶᠢ ᠪᠦᠷᠢᠨᠰᠢᠭᠦᠯᠦᠨ᠂ | ᠨᠡᠶᠢᠭᠡᠮ ᠵᠢᠷᠤᠮ ᠤᠨ ᠠᠷᠠᠳᠴᠢᠯᠠᠭᠰᠠᠨ ᠤᠯᠤᠰ ᠲᠦᠷᠦ ᠶᠢ ᠬᠦᠭᠵᠢᠭᠦᠯᠵᠤ᠂ ᠨᠠᠮ ᠤᠨ ᠤᠳᠤᠷᠢᠳᠤᠯᠭ᠎ᠠ᠂ ᠠᠷᠠᠳ | ᠲᠦᠮᠡᠨ ᠡᠵᠡᠨ ᠰᠠᠭᠤᠵᠤ ᠡᠷᠭᠡ ᠮᠡᠳᠡᠭᠦ᠂ ᠬᠠᠤᠯᠢ ᠪᠠᠷ ᠤᠯᠤᠰ ᠢᠶᠠᠨ ᠵᠠᠰᠠᠬᠤ ᠶᠢ ᠤᠷᠭᠠᠨᠢᠭ ᠢᠶᠠᠷ ᠨᠢᠭᠡᠳᠭᠡᠭᠦ ᠶᠢ | ᠪᠠᠷᠢᠮᠳᠠᠯᠠᠵᠤ᠂ ᠠᠷᠠᠳ ᠲᠦᠮᠡᠨ ᠡᠵᠡᠨ ᠰᠠᠭᠤᠵᠤ ᠡᠷᠭᠡ ᠮᠡᠳᠡᠭᠦ ᠲᠦᠷᠢᠮ ᠤᠨ ᠪᠠᠳᠤᠯᠠᠭ᠎ᠠ ᠶᠢ ᠴᠢᠩᠭᠠᠳᠬᠠᠨ᠂ | ᠨᠡᠶᠢᠭᠡᠮ ᠵᠢᠷᠤᠮ ᠤᠨ ᠵᠦᠪᠯᠡᠭᠦ ᠠᠷᠠᠳᠴᠢᠯᠠᠯ ᠤᠨ ᠴᠢᠬᠤᠯᠠ ᠦᠢᠯᠡᠳᠦᠯ ᠢ ᠪᠠᠳᠠᠷᠠᠭᠤᠯᠵᠤ᠂ ᠬᠠᠤᠯᠢ ᠪᠠᠷ ᠤᠯᠤᠰ ᠢᠶᠠᠨ | ᠵᠠᠰᠠᠬᠤ ᠦᠢᠯᠡᠳᠦᠯᠭᠡ ᠶᠢ ᠬᠦᠨᠵᠡᠭᠡᠶᠢᠷᠡᠬᠦᠯᠵᠤ᠂ ᠪᠠᠶᠢᠭᠤᠯᠤᠮᠵᠢ ᠪᠤᠯᠤᠨ ᠵᠠᠰᠠᠭ ᠵᠠᠬᠢᠷᠭᠠᠨ ᠤ ᠪᠠᠶᠢᠭᠤᠯᠤᠮᠵᠢ ᠶᠢᠨ | ᠦᠭᠡᠷᠡᠴᠢᠯᠡᠯᠳᠡ ᠶᠢ ᠬᠦᠨᠵᠡᠭᠡᠶᠢᠷᠡᠬᠦᠯᠵᠤ᠂ ᠤᠯᠤᠰ ᠢᠶᠠᠨ ᠬᠠᠶᠢᠷᠠᠯᠠᠬᠤ ᠨᠢᠭᠡᠳᠦᠮᠠᠯ ᠹᠷᠤᠨᠲ ᠢ ᠪᠠᠬᠢᠵᠢᠭᠦᠯᠦᠨ | ᠬᠦᠭᠵᠢᠭᠦᠯᠵᠤ᠂ ᠠᠮᠢᠳᠤ ᠴᠤᠪᠤᠭᠤᠯᠢᠭ᠂ ᠠᠮᠤᠷ ᠳᠤᠭᠳᠠᠭᠤᠨ ᠪᠦᠯᠬᠦᠮᠳᠡᠭᠰᠡᠨ ᠤᠯᠤᠰ ᠲᠦᠷᠦ ᠶᠢᠨ ᠪᠠᠶᠢᠳᠠᠯ ᠢ | ᠪᠠᠬᠢᠵᠢᠭᠦᠯᠦᠨ ᠬᠦᠭᠵᠢᠭᠦᠯᠬᠦ ᠬᠡᠷᠡᠭᠳᠠᠢ᠃ ᠰᠤᠶᠤᠯ ᠤᠨ ᠢᠳᠡᠭᠡᠯ ᠢ ᠪᠠᠳᠤᠳᠬᠠᠵᠤ᠂ ᠨᠡᠶᠢᠭᠡᠮ ᠵᠢᠷᠤᠮ ᠤᠨ | ᠰᠤᠶᠤᠯ ᠤᠨ ᠦᠷᠨᠢᠯ ᠴᠡᠴᠡᠭᠯᠡᠯ ᠢ ᠠᠬᠢᠭᠤᠯᠵᠤ᠂ ᠦᠵᠡᠯ ᠤᠬᠠᠮᠰᠠᠷ ᠤᠨ ᠬᠡᠯᠪᠡᠷᠢ ᠶᠢᠨ ᠠᠵᠢᠯ ᠤᠨ ᠤᠳᠤᠷᠢᠳᠬᠤ | ᠡᠷᠭᠡ ᠶᠢ ᠪᠠᠳᠤ ᠡᠵᠡᠮᠰᠢᠵᠤ᠂ ᠨᠡᠶᠢᠭᠡᠮ ᠵᠢᠷᠤᠮ ᠤᠨ ᠭᠤᠤᠯᠯᠠᠭᠴᠢ ᠦᠷᠳᠡᠭ ᠤᠨ ᠦᠵᠡᠯᠳᠡ ᠶᠢ ᠪᠤᠢ ᠪᠤᠯᠭᠠᠨ | ᠦᠢᠯᠡᠳᠦᠯᠭᠡᠵᠢᠭᠦᠯᠵᠤ᠂ ᠦᠵᠡᠯ ᠰᠠᠨᠠᠭ᠎ᠠ ᠶᠤᠰᠤ ᠮᠤᠷᠠᠯ ᠤᠨ ᠪᠠᠶᠢᠭᠤᠯᠤᠯᠲᠠ ᠶᠢ ᠴᠢᠩᠭᠠᠳᠬᠠᠵᠤ᠂ ᠨᠡᠶᠢᠭᠡᠮ | ᠵᠢᠷᠤᠮ ᠤᠨ ᠤᠳᠬ᠎ᠠ ᠤᠷᠠᠯᠢᠭ ᠢ ᠴᠡᠴᠡᠭᠯᠡᠭᠦᠯᠦᠨ ᠬᠦᠭᠵᠢᠭᠦᠯᠵᠤ᠂ ᠰᠤᠶᠤᠯ ᠤᠨ ᠠᠵᠢᠯ ᠦᠢᠯᠡᠰ ᠪᠠ ᠰᠤᠶᠤᠯ ᠤᠨ | ᠠᠵᠤ ᠦᠢᠯᠡᠰ ᠤᠨ ᠬᠦᠭᠵᠢᠯᠳᠡ ᠶᠢ ᠠᠬᠢᠭᠤᠯᠵᠤ᠂ ᠪᠦᠬᠦ ᠦᠨᠳᠦᠰᠦᠳᠡᠨ ᠤ ᠰᠤᠶᠤᠯ ᠤᠨ ᠰᠢᠨ᠎ᠠ ᠶᠢ ᠡᠭᠦᠳᠭᠦ | ᠡᠭᠦᠳᠤᠨ ᠪᠦᠳᠦᠭᠡᠯᠳᠡ ᠶᠢᠨ ᠠᠮᠢᠵᠢᠷᠠᠯ ᠤᠨ ᠬᠦᠴᠦᠨ ᠢ ᠬᠦᠭᠵᠢᠭᠡᠭᠦ ᠬᠡᠷᠡᠭᠳᠠᠢ᠃ ᠠᠷᠠᠳ ᠤᠨ ᠠᠮᠢᠳᠤᠷᠠᠯ ᠢ | ᠪᠠᠳᠤᠯᠠᠨ ᠰᠠᠶᠢᠵᠢᠷᠠᠭᠤᠯᠬᠤ ᠲᠦᠪᠰᠢᠨ ᠢ ᠳᠡᠭᠡᠭᠰᠢᠯᠡᠭᠦᠯᠵᠤ᠂ ᠨᠡᠶᠢᠭᠡᠮ ᠤᠨ ᠵᠠᠰᠠᠯᠳᠠ ᠶᠢ ᠴᠢᠩᠭᠠᠳᠬᠠᠨ ᠰᠢᠨ᠎ᠠ ᠶᠢ | ᠡᠭᠦᠳᠴᠦ᠂ ᠠᠷᠠᠳ ᠲᠦᠮᠡᠨ ᠤ ᠬᠠᠮᠤᠭ ᠠᠴᠠ ᠠᠩᠬᠠᠷᠴᠦ ᠪᠠᠶᠢᠭ᠎ᠠ᠂ ᠬᠠᠮᠤᠭ ᠰᠢᠭᠤᠳ ᠬᠠᠮᠤᠭ ᠤᠨ ᠪᠤᠳᠠᠳᠠᠢ | ᠠᠰᠢᠭ ᠳᠤᠰᠠ ᠶᠢᠨ ᠠᠰᠠᠭᠤᠳᠠᠯ ᠢ ᠠᠳᠬᠤᠵᠤ᠂ ᠰᠤᠷᠭᠠᠨ ᠬᠦᠮᠦᠵᠢᠯ ᠤᠨ ᠦᠢᠯᠡᠰ ᠢ ᠤᠷᠢᠳᠠᠪᠡᠷ ᠬᠦᠭᠵᠢᠭᠦᠯᠵᠤ᠂ | ᠠᠵᠢᠯ ᠤᠯᠭᠤᠯᠳᠠ ᠶᠢᠨ ᠶᠠᠰᠤ ᠴᠢᠨᠠᠷ ᠪᠠ ᠠᠷᠠᠳ ᠲᠦᠮᠡᠨ ᠤ ᠤᠷᠤᠯᠭ᠎ᠠ ᠶᠢᠨ ᠲᠦᠪᠰᠢᠨ ᠢ ᠳᠡᠭᠡᠭᠰᠢᠯᠡᠭᠦᠯᠵᠤ᠂ | ᠨᠡᠶᠢᠭᠡᠮ ᠤᠨ ᠪᠠᠲᠤᠯᠠᠭ᠎ᠠ ᠶᠢᠨ ᠲᠤᠭᠲᠠᠴᠠ ᠶᠢᠨ ᠪᠠᠶᠢᠭᠤᠯᠤᠯᠲᠠ ᠶᠢ ᠴᠢᠩᠭᠠᠳᠬᠠᠵᠤ᠂ ᠶᠠᠳᠠᠭᠤ ᠠᠴᠠ | ᠠᠩᠬᠢᠵᠢᠷᠠᠭᠤᠯᠬᠤ ᠰᠢᠪᠲᠤᠯᠤᠯᠲᠠ ᠶᠢᠨ ᠢᠯᠡᠯᠳᠡ ᠶᠢ ᠡᠷᠡᠰ ᠳᠡᠮᠡᠴᠡᠨ ᠤᠯᠵᠤ᠂ ᠡᠷᠡᠭᠦᠯ ᠡᠩᠬᠡ ᠳᠤᠮᠳᠠᠳᠤ | ᠤᠯᠤᠰ ᠤᠨ ᠪᠠᠶᠢᠯᠳᠤᠬᠤ ᠪᠤᠳᠤᠯᠭ᠎ᠠ ᠶᠢ ᠬᠡᠷᠡᠭᠵᠢᠭᠦᠯᠵᠤ᠂ ᠬᠠᠮᠳᠤᠪᠡᠷ ᠪᠠᠶᠢᠭᠤᠯᠬᠤ ᠬᠠᠮᠳᠤᠪᠡᠷ ᠵᠠᠰᠠᠬᠤ ᠬᠠᠮᠳᠤᠪᠡᠷ | ᠡᠳ᠋ᠯᠡᠭᠦ ᠨᠡᠶᠢᠭᠡᠮ ᠤᠨ ᠵᠠᠰᠠᠯᠳᠠ ᠶᠢᠨ ᠪᠠᠶᠢᠷᠢᠰᠢᠯ ᠢ ᠪᠤᠢ ᠪᠤᠯᠭᠠᠵᠤ᠂ ᠤᠯᠤᠰ ᠤᠨ ᠠᠮᠤᠷ ᠲᠦᠪᠰᠢᠨ ᠢ ᠪᠦᠳᠦᠮᠵᠢᠳᠠᠢ | ᠬᠠᠮᠠᠭᠠᠯᠠᠵᠤ᠂ ᠠᠷᠠᠳ ᠲᠦᠮᠡᠨ ᠤ ᠭᠦᠷᠳᠡᠮᠵᠢ ᠶᠢᠨ ᠲᠦᠷᠦᠭᠳᠡᠯ᠂ ᠵᠤᠯ ᠵᠢᠷᠭᠠᠯ ᠤᠨ ᠲᠦᠷᠦᠭᠳᠡᠯ᠂ ᠠᠮᠤᠷ | ᠲᠦᠪᠰᠢᠨ ᠤ ᠲᠦᠷᠦᠭᠳᠡᠯ ᠢ ᠨᠡᠩ ᠬᠦᠢᠴᠡᠳ᠂ ᠨᠡᠩ ᠪᠠᠳᠤᠯᠠᠭ᠎ᠠ ᠲᠠᠢ᠂ ᠨᠡᠩ ᠦᠷᠭᠦᠯᠵᠢᠯᠡᠭᠦ ᠪᠤᠯᠭᠠᠬᠤ ᠬᠡᠷᠡᠭᠳᠠᠢ᠃ | ᠠᠮᠢ ᠠᠬᠤᠢ ᠶᠢᠨ ᠪᠤᠯᠪᠠᠰᠤᠨ ᠤ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠲᠦᠷᠭᠡᠳᠭᠡᠵᠤ᠂ ᠦᠵᠡᠰᠭᠦᠯᠡᠩᠳᠤ | ᠰᠠᠶᠢᠬᠠᠨ ᠳᠤᠮᠳᠠᠳᠤ ᠤᠯᠤᠰ ᠢ ᠪᠦᠳᠦᠭᠡᠨ ᠪᠠᠶᠢᠭᠤᠯᠵᠤ᠂ ᠪᠤᠬᠢᠷᠳᠤᠯ ᠦᠭᠡᠢ ᠬᠦᠭᠵᠢᠯᠳᠡ ᠶᠢ ᠠᠬᠢᠭᠤᠯᠵᠤ᠂ | ᠤᠷᠴᠢᠨ ᠳᠤᠭᠤᠷᠢᠨ ᠤ ᠳᠤᠪᠤᠶᠢᠮ᠎ᠠ ᠠᠰᠠᠭᠤᠳᠠᠯ ᠢ ᠬᠦᠴᠦᠯᠠᠨ ᠰᠢᠢᠳᠪᠦᠷᠢᠯᠡᠵᠤ᠂ ᠠᠮᠢ ᠠᠬᠤᠢ ᠶᠢᠨ ᠰᠢᠰᠲ᠋ᠧᠮᠵᠢ ᠶᠢ | ᠬᠠᠮᠠᠭᠠᠯᠠᠬᠤ ᠠᠵᠢᠯ ᠤᠨ ᠡᠷᠴᠢᠮ ᠢᠶᠠᠨ ᠴᠢᠩᠭᠠᠷᠠᠭᠤᠯᠵᠤ᠂ ᠠᠮᠢ ᠠᠬᠤᠢ ᠶᠢᠨ ᠤᠷᠴᠢᠨ ᠳᠤᠭᠤᠷᠢᠨ ᠤ ᠬᠢᠨᠠᠨ | ᠬᠠᠮᠢᠶᠠᠷᠤᠯᠳᠠ ᠶᠢᠨ ᠪᠠᠶᠢᠭᠤᠯᠤᠮᠵᠢ ᠶᠢᠨ ᠦᠭᠡᠷᠡᠴᠢᠯᠡᠯᠳᠡ ᠶᠢ ᠬᠢᠵᠤ᠂ ᠬᠦᠮᠦᠨ ᠪᠠᠶᠢᠭᠠᠯᠢ ᠶᠢᠨ ᠡᠶ᠎ᠡ | ᠵᠤᠬᠢᠴᠠᠩᠭᠤᠢ ᠪᠠᠷ ᠬᠦᠭᠵᠢᠭᠦ ᠤᠳᠤᠬᠢᠴᠢᠯᠠᠭᠰᠠᠨ ᠪᠦᠳᠦᠭᠡᠨ ᠪᠠᠶᠢᠭᠤᠯᠤᠯᠲᠠ ᠶᠢᠨ ᠰᠢᠨ᠎ᠠ ᠪᠠᠶᠢᠷᠢᠰᠢᠯ ᠢ | ᠪᠦᠷᠢᠯᠳᠤᠭᠦᠯᠬᠦ ᠶᠢ ᠠᠬᠢᠭᠤᠯᠬᠤ ᠬᠡᠷᠡᠭᠳᠠᠢ ᠭᠡᠵᠤ ᠴᠢᠬᠤᠯᠠᠴᠢᠯᠠᠪᠠ᠃ | ᠶᠡᠭᠡ ᠬᠤᠷᠠᠯ ᠠᠴᠠ᠂ ᠤᠯᠤᠰ ᠤᠨ ᠠᠮᠤᠷ ᠲᠦᠪᠰᠢᠨ ᠤ ᠤᠷᠴᠢᠨ ᠳᠤᠭᠤᠷᠢᠨ ᠤ ᠬᠦᠨᠵᠡᠭᠡᠢ ᠬᠤᠪᠢᠷᠠᠯᠳᠠ ᠳᠤ | ᠴᠢᠭᠯᠡᠭᠦᠯᠤᠨ᠂ ᠤᠯᠤᠰ ᠢᠶᠠᠨ ᠬᠦᠴᠦᠷᠭᠡᠭᠵᠢᠭᠦᠯᠬᠦ ᠴᠡᠷᠢᠭ ᠢᠶᠠᠨ ᠬᠦᠴᠦᠷᠭᠡᠭᠵᠢᠭᠦᠯᠬᠦ ᠴᠠᠭ ᠦᠶ᠎ᠠ ᠶᠢᠨ | ᠱᠠᠭᠠᠷᠳᠠᠯᠭ᠎ᠠ ᠳᠤ ᠴᠢᠭᠯᠡᠭᠦᠯᠦᠨ᠂ ᠳᠤᠮᠳᠠᠳᠤ ᠤᠯᠤᠰ ᠤᠨ ᠤᠨᠴᠠᠯᠢᠭ ᠲᠠᠢ ᠴᠡᠷᠢᠭ ᠢᠶᠠᠨ ᠬᠦᠴᠦᠷᠭᠡᠭᠵᠢᠭᠦᠯᠬᠦ | ᠵᠠᠮ ᠢᠶᠠᠷ ᠵᠠᠮᠨᠠᠬᠤ ᠶᠢ ᠡᠷᠬᠡᠪᠰᠢ ᠪᠠᠷᠢᠮᠳᠠᠯᠠᠵᠤ᠂ ᠰᠢ ᠶᠢᠨ ᠫᠢᠩ ᠤᠨ ᠴᠡᠷᠢᠭ ᠢᠶᠠᠨ ᠬᠦᠴᠦᠷᠭᠡᠭᠵᠢᠭᠦᠯᠬᠦ ᠦᠵᠡᠯ | ᠰᠠᠨᠠᠭ᠎ᠠ ᠶᠢ ᠪᠦᠬᠦ ᠳᠠᠯ᠎ᠠ ᠪᠠᠷ ᠳᠤᠤᠱᠯᠠᠭᠤᠯᠵᠤ᠂ ᠰᠢᠨ᠎ᠠ ᠪᠠᠶᠢᠳᠠᠯ ᠳᠤᠤᠷᠠᠬᠢ ᠴᠡᠷᠢᠭ ᠤᠨ ᠶᠠᠪᠤᠳᠠᠯ ᠤᠨ ᠪᠠᠶᠢᠯᠳᠤᠬᠤ | ᠪᠤᠳᠤᠯᠭ᠎ᠠ ᠶᠢᠨ ᠴᠢᠭᠯᠡᠯᠳᠡ ᠶᠢ ᠳᠤᠤᠱᠯᠠᠭᠤᠯᠵᠤ᠂ ᠬᠦᠴᠦᠷᠭᠡᠭ ᠶᠡᠭᠡ ᠤᠳᠤᠬᠢᠴᠢᠯᠠᠭᠰᠠᠨ ᠬᠠᠭᠤᠷᠠᠢ ᠵᠠᠮ ᠤᠨ ᠴᠡᠷᠢᠭ | ᠂ ᠲᠠᠯᠠᠢ ᠶᠢᠨ ᠴᠡᠷᠢᠭ᠂ ᠠᠭᠠᠷ ᠤᠨ ᠴᠡᠷᠢᠭ᠂ ᠳᠠᠶᠢᠷᠤᠯᠲᠤ ᠰᠤᠮᠤ ᠶᠢᠨ ᠴᠡᠷᠢᠭ ᠪᠤᠯᠤᠨ ᠪᠠᠶᠢᠯᠳᠤᠬᠤ ᠪᠤᠳᠤᠯᠭ᠎ᠠ | ᠲᠤᠰᠠᠯᠠᠬᠤ ᠴᠡᠷᠢᠭ ᠠᠩᠬᠢ ᠶᠢ ᠪᠦᠳᠦᠭᠡᠨ ᠪᠠᠶᠢᠭᠤᠯᠵᠤ᠂ ᠪᠠᠳᠤ ᠴᠢᠩᠭ᠎ᠠ ᠦᠨᠳᠤᠷ ᠦᠷ᠎ᠠ ᠠᠰᠢᠬ ᠲᠠᠢ | ᠪᠠᠶᠢᠯᠳᠤᠭᠠᠨ ᠤ ᠤᠷᠤᠨ ᠤ ᠬᠠᠮᠳᠤᠷᠠᠬᠰᠠᠨ ᠳᠠᠶᠢᠨ ᠤ ᠵᠢᠯᠤᠭᠤᠳᠬᠤ ᠪᠠᠶᠢᠭᠤᠯᠤᠮᠵᠢ ᠶᠢ ᠪᠠᠶᠢᠭᠤᠯᠵᠤ᠂ ᠳᠤᠮᠳᠠᠳᠤ | ᠤᠯᠤᠰ ᠤᠨ ᠤᠨᠴᠠᠯᠢᠬ ᠲᠠᠢ ᠤᠳᠤ ᠦᠶ᠎ᠠ ᠪᠠᠶᠢᠯᠳᠤᠭᠠᠨ ᠤ ᠲᠤᠭᠲᠠᠴᠠ ᠶᠢ ᠴᠤᠭᠴᠠᠯᠠᠵᠤ᠂ ᠤᠯᠤᠰ ᠤᠨ ᠪᠠᠳᠤᠯᠠᠨ | ᠬᠠᠮᠠᠭᠠᠯᠠᠯᠳᠠ ᠪᠠ ᠴᠡᠷᠢᠭ ᠠᠩᠬᠢ ᠶᠢᠨ ᠤᠳᠤᠬᠢᠴᠢᠯᠠᠯᠳᠠ ᠶᠢ ᠪᠦᠬᠦ ᠲᠠᠯ᠎ᠠ ᠪᠠᠷ ᠠᠬᠢᠭᠤᠯᠵᠤ᠂ ᠠᠷᠠᠳ ᠤᠨ ᠴᠡᠷᠢᠭ | ᠠᠩᠬᠢ ᠶᠢ ᠳᠡᠯᠡᠭᠡᠢ ᠶᠢᠨ ᠳᠡᠷᠢᠭᠦᠨ ᠤ ᠴᠡᠷᠢᠭ ᠠᠩᠬᠢ ᠪᠤᠯᠭᠠᠨ ᠪᠦᠳᠦᠭᠡᠨ ᠪᠠᠶᠢᠭᠤᠯᠬᠤ ᠬᠡᠷᠡᠭᠳᠠᠢ ᠭᠡᠵᠤ | ᠴᠢᠬᠤᠯᠠᠴᠢᠯᠠᠪᠠ᠃ | ᠶᠡᠭᠡ ᠬᠤᠷᠠᠯ ᠠᠴᠠ᠂ ᠰᠢᠶᠠᠩᠭᠠᠩ᠂ ᠤᠤᠮᠧᠨ ᠤ ᠤᠷᠳᠤ ᠬᠤᠭᠤᠴᠠᠭᠠᠨ ᠤ ᠴᠡᠴᠡᠭᠯᠠᠯ ᠬᠦᠭᠵᠢᠯ | ᠲᠤᠭᠳᠠᠭᠤᠨ ᠢ ᠪᠠᠳᠤᠯᠠᠵᠤ᠂ ᠡᠷᠬᠡᠪᠰᠢ ︽ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾᠂ ︽ | ᠰᠢᠶᠠᠩᠭᠠᠩᠴᠤᠳ ᠰᠢᠶᠠᠩᠭᠠᠩ ᠢ ᠵᠠᠰᠠᠬᠤ︾᠂ ︽ᠤᠤᠮᠧᠨᠴᠤᠳ ᠤᠤᠮᠧᠨ ᠢ ᠵᠠᠰᠠᠬᠤ︾᠂ ᠳᠡᠬᠡᠳᠤ ᠬᠡᠮᠵᠢᠶ᠎ᠠ ᠪᠠᠷ | ᠦᠪᠡᠷᠳᠡᠬᠡᠨ ᠵᠠᠰᠬᠠᠤ ᠴᠢᠭᠯᠡᠯᠳᠡ ᠶᠢ ᠪᠦᠬᠦ ᠳᠠᠯ᠎ᠠ ᠪᠠᠷ ᠵᠦᠪ ᠤᠨᠤᠪᠴᠢᠳᠠᠢ ᠳᠤᠤᠱᠯᠠᠭᠤᠯᠤᠨ᠂ ᠦᠨᠳᠦᠰᠦᠨ ᠬᠠᠤᠯᠢ | ᠪᠠ ᠦᠨᠳᠦᠰᠤ ᠪᠤᠯᠬᠤ ᠬᠠᠤᠯᠢ ᠶᠢ ᠴᠢᠩᠭ᠎ᠠ ᠵᠢᠷᠤᠮᠯᠠᠨ ᠠᠵᠢᠯᠯᠠᠵᠤ᠂ ᠰᠢᠶᠠᠩᠭᠠᠩ᠂ ᠤᠤᠮᠧᠨ ᠤ ᠠᠬ᠎ᠠ ᠲᠡᠬᠦᠤ | ᠨᠠᠷ ᠲᠤ ᠡᠬᠡ ᠤᠯᠤᠰ ᠤᠨ ᠠᠷᠠᠳ ᠲᠦᠮᠡᠨ ᠲᠠᠢ ᠬᠠᠮᠳᠤ ᠦᠨᠳᠤᠰᠤᠳᠠᠨ ᠤ ᠰᠡᠷᠬᠦᠨ ᠮᠠᠨᠳᠤᠯᠲᠠ ᠶᠢᠨ ᠲᠡᠤᠬᠡᠨ | ᠬᠠᠷᠢᠭᠤᠴᠠᠯᠭ᠎ᠠ ᠶᠢ ᠬᠠᠮᠳᠤᠪᠡᠷ ᠡᠬᠦᠷᠬᠡᠯᠡᠵᠤ᠂ ᠡᠬᠡ ᠤᠯᠤᠰ ᠤᠨ ᠴᠡᠴᠡᠭᠯᠠᠨ ᠬᠦᠭᠵᠢᠵᠤ ᠪᠠᠶᠠᠵᠢᠨ | ᠬᠦᠴᠦᠷᠭᠡᠭᠵᠢᠭᠰᠡᠨ ᠠᠭᠤᠤ ᠶᠡᠭᠡ ᠢᠷᠡᠭᠤ ᠠᠯᠳᠠᠷ ᠢ ᠬᠠᠮᠳᠤᠪᠡᠷ ᠡᠳ᠋ᠯᠡᠬᠦᠯᠬᠦ ᠭᠡᠷᠡᠭᠳᠠᠢ᠃ ᠡᠷᠬᠡᠪᠰᠢ ︽ | ᠨᠠᠶᠢᠷᠠᠮᠳᠠᠯ ᠢᠶᠠᠷ ᠨᠢᠬᠡᠳᠬᠡᠬᠦ᠂ ᠨᠢᠬᠡ ᠤᠯᠤᠰ ᠲᠤ ᠬᠤᠶᠠᠷ ᠪᠠᠶᠢᠭᠤᠯᠤᠯ ᠢ ᠭᠡᠷᠡᠭᠵᠢᠬᠦᠯᠬᠦ︾ ᠴᠢᠭᠯᠡᠯᠳᠡ ᠶᠢ | ᠦᠷᠬᠦᠯᠵᠢᠯᠠᠨ ᠪᠠᠷᠢᠮᠳᠠᠯᠠᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠬᠡᠨ ᠤ ᠠᠵᠤ ᠠᠬᠤᠢ ᠰᠤᠶᠤᠯ ᠤᠨ | ᠰᠤᠯᠢᠯᠴᠠᠭ᠎ᠠ ᠬᠠᠮᠳᠤᠷᠠᠯᠴᠠᠭ᠎ᠠ ᠶᠢ ᠦᠷᠭᠡᠳᠭᠡᠵᠤ᠂ ᠲᠠᠶᠢᠸᠠᠨ ᠬᠤᠭᠤᠯᠠᠢ ᠶᠢᠨ ᠬᠤᠶᠠᠷ ᠬᠦᠪᠡᠭᠡᠨ ᠤ ᠠᠬ᠎ᠠ ᠳᠡᠭᠦᠦ | ᠨᠠᠷ ᠬᠠᠮᠳᠤᠪᠡᠷ ᠳᠤᠮᠳᠠᠳᠤ ᠶᠢᠨ ᠦᠨᠳᠦᠰᠦᠳᠡᠨ ᠤ ᠰᠤᠶᠤᠯ ᠢ ᠪᠠᠳᠠᠷᠠᠭᠤᠯᠬᠤ ᠶᠢ ᠠᠬᠢᠭᠤᠯᠵᠤ᠂ ᠲᠠᠶᠢᠸᠠᠨ | ᠬᠤᠭᠤᠯᠠᠢ ᠶᠢᠨ ᠬᠤᠶᠠᠷ ᠬᠦᠪᠡᠭᠡᠨ ᠤ ᠬᠠᠷᠢᠴᠠᠭᠠᠨ ᠤ ᠡᠩᠬᠡ ᠲᠠᠶᠢᠪᠤᠡᠭ ᠬᠦᠭᠵᠢᠯᠳᠠ ᠶᠢ ᠠᠬᠢᠭᠤᠯᠵᠤ᠂ ᠡᠬᠡ | ᠤᠯᠤᠰ ᠢᠶᠠᠨ ᠨᠠᠶᠢᠷᠠᠮᠳᠠᠯ ᠢᠶᠠᠷ ᠨᠢᠭᠡᠳᠭᠡᠬᠦ ᠠᠬᠢᠴᠠ ᠶᠢ ᠠᠬᠢᠭᠤᠯᠵᠤ᠂ ᠶᠠᠮᠠᠷᠪᠠ ᠬᠦᠮᠦᠨ᠂ ᠶᠠᠮᠠᠷᠪᠠ ᠵᠤᠬᠢᠶᠠᠨ | ᠪᠠᠶᠢᠭᠤᠯᠤᠯᠲᠠ᠂ ᠶᠠᠮᠠᠷᠪᠠ ᠲᠦᠷᠦ ᠶᠢᠨ ᠨᠠᠮ ᠶᠠᠮᠠᠷ ᠦᠶ᠎ᠠ ᠳᠤ ᠴᠤ᠂ ᠶᠠᠮᠠᠷᠪᠠ ᠬᠡᠯᠪᠡᠷᠢ ᠪᠠᠷ᠂ ᠳᠤᠮᠳᠠᠳᠤ | ᠤᠯᠤᠰ ᠤᠨ ᠶᠠᠮᠠᠷᠪᠠ ᠨᠢᠭᠡ ᠬᠡᠰᠡᠭ ᠨᠤᠳᠤᠭ ᠳᠡᠪᠢᠰᠭᠡᠷ ᠢ ᠴᠤ ᠳᠤᠮᠳᠠᠳᠤ ᠤᠯᠤᠰ ᠠᠴᠠ ᠬᠠᠭᠠᠴᠠᠭᠤᠯᠬᠤ ᠶᠢ | ᠶᠠᠭᠠᠬᠢᠬᠰᠠᠨ ᠴᠤ ᠬᠦᠯᠢᠶᠡᠬᠦ ᠦᠭᠡᠢ ᠭᠡᠵᠤ ᠴᠢᠬᠤᠯᠠᠴᠢᠯᠠᠪᠠ᠃ | ᠶᠡᠭᠡ ᠬᠤᠷᠠᠯ ᠠᠴᠠ ᠢᠯᠡᠳᠬᠡᠯ ᠳᠠᠬᠢ ᠤᠯᠠᠨ ᠤᠯᠤᠰ ᠤᠨ ᠪᠠᠶᠢᠳᠠᠯ ᠤᠨ ᠲᠤᠬᠠᠢ ᠵᠠᠳᠠᠯᠤᠯᠳᠡ ᠪᠤᠯᠤᠨ | ᠲᠤᠷᠠᠳᠤᠬᠰᠠᠨ ᠲᠤᠳᠤᠭᠠᠳᠤ ᠭᠠᠳᠠᠭᠠᠳᠤ ᠶᠢᠨ ᠠᠵᠢᠯ ᠤᠨ ᠴᠢᠭᠯᠡᠯᠳᠡ ᠶᠢ ᠵᠦᠪᠰᠢᠶᠡᠷᠡᠵᠤ᠂ ᠲᠤᠮᠳᠠᠳᠤ ᠤᠯᠤᠰ ᠡᠩᠬᠡ | ᠲᠠᠶᠢᠪᠤᠡᠭ ᠬᠦᠭᠵᠢᠯᠳᠡ ᠶᠢᠨ ᠵᠠᠮ ᠢ ᠪᠠᠷᠢᠮᠳᠠᠯᠠᠬᠤ ᠶᠢ ᠴᠢᠬᠤᠯᠠᠴᠢᠯᠠᠨ᠂ ᠡᠩᠬᠡ ᠲᠠᠶᠢᠪᠤᠡᠭ᠂ ᠬᠦᠭᠵᠢᠯᠳᠡ᠂ | ᠬᠠᠮᠳᠤᠷᠠᠯᠴᠠᠭ᠎ᠠ᠂ ᠬᠠᠮᠳᠤᠪᠡᠷ ᠠᠰᠢᠬ ᠬᠦᠷᠳᠡᠬᠦ ᠲᠤᠭ ᠢ ᠦᠨᠳᠦᠷ ᠮᠠᠨᠳᠤᠭᠤᠯᠵᠤ᠂ ᠲᠡᠯᠡᠬᠡᠢ ᠨᠡᠶᠢᠲᠡ ᠶᠢᠨ ᠡᠩᠬᠡ | ᠲᠠᠶᠢᠪᠤᠡᠭ ᠢ ᠬᠠᠮᠠᠭᠠᠯᠠᠬᠤ᠂ ᠬᠠᠮᠳᠤ ᠶᠢᠨ ᠬᠦᠭᠵᠢᠯᠳᠡ ᠭᠠᠳᠠᠭᠠᠳᠤ ᠬᠠᠷᠢᠯᠴᠠᠭᠠᠨ ᠤ ᠲᠦᠷᠦ ᠶᠢᠨ ᠪᠤᠳᠤᠯᠭ᠎ᠠ ᠶᠢᠨ | ᠵᠤᠷᠢᠯᠳᠡ ᠶᠢ ᠠᠬᠢᠭᠤᠯᠬᠤ ᠶᠢ ᠪᠠᠷᠢᠮᠳᠠᠯᠠᠵᠤ᠂ ᠨᠠᠶᠢᠷᠠᠮᠳᠠᠯ ᠢᠶᠠᠷ ᠵᠡᠷᠬᠡᠴᠡᠨ ᠤᠷᠤᠰᠢᠬᠤ ᠲᠠᠪᠤᠨ ᠵᠠᠷᠴᠢᠮ ᠢ ᠡᠷᠡᠰ | ᠭᠤᠶᠢᠪᠢᠰᠢ ᠦᠬᠡᠢ ᠪᠠᠷᠢᠮᠳᠠᠯᠠᠬᠰᠠᠨ ᠰᠠᠭᠤᠷᠢᠨ ᠲᠡᠬᠡᠷ᠎ᠡ ᠡᠯ᠎ᠡ ᠤᠯᠤᠰ ᠯᠤᠭ᠎ᠠ ᠶᠢᠨ ᠨᠦᠬᠦᠷᠰᠡᠭ ᠬᠠᠮᠳᠤᠷᠠᠯᠴᠠᠭ᠎ᠠ ᠪᠠᠨ | ᠬᠦᠭᠵᠢᠬᠦᠯᠵᠤ᠂ ︽ᠨᠢᠬᠡ ᠪᠦᠰᠡ ᠨᠢᠬᠡ ᠵᠠᠮ︾ ᠤᠨ ᠤᠯᠠᠨ ᠤᠯᠤᠰ ᠤᠨ ᠬᠠᠮᠳᠤᠷᠠᠯᠴᠠᠭ᠎ᠠ ᠶᠢ ᠢᠳᠡᠪᠬᠢᠳᠡᠢ | ᠠᠬᠢᠭᠤᠯᠤᠨ᠂ ᠪᠦᠮᠪᠦᠷᠴᠡᠭ ᠤᠨ ᠵᠠᠰᠠᠯᠳᠡ ᠶᠢᠨ ᠲᠤᠭᠲᠠᠴᠠ ᠶᠢᠨ ᠦᠬᠡᠷᠡᠴᠢᠯᠡᠯᠳᠡ ᠪᠤᠯᠤᠨ ᠪᠦᠳᠦᠬᠡᠨ | ᠪᠠᠶᠢᠭᠤᠯᠤᠯᠲᠠ ᠳᠤ ᠦᠷᠬᠦᠯᠵᠢᠯᠡᠨ ᠢᠳᠡᠪᠬᠢᠳᠡᠢ ᠤᠷᠤᠯᠴᠠᠵᠤ᠂ ᠬᠠᠷᠢᠯᠴᠠᠨ ᠬᠦᠨᠳᠦᠳᠬᠡᠬᠦ᠂ ᠡᠷᠬᠡ ᠲᠡᠭᠰᠢ ᠲᠦᠪ | ᠭᠤᠤᠯᠴᠢ ᠪᠠᠶᠢᠬᠤ᠂ ᠬᠠᠮᠳᠤᠷᠠᠯᠴᠠᠵᠤ ᠬᠠᠮᠳᠤᠪᠡᠷ ᠠᠰᠢᠭ ᠬᠦᠷᠳᠡᠬᠦ ᠰᠢᠨ᠎ᠡ ᠬᠡᠯᠪᠡᠷᠢ ᠶᠢᠨ ᠤᠯᠠᠨ ᠤᠯᠤᠰ ᠤᠨ | ᠬᠤᠭᠤᠷᠤᠨᠳᠤᠬᠢ ᠬᠠᠷᠢᠴᠠᠭ᠎ᠠ ᠶᠢ ᠪᠠᠶᠢᠭᠤᠯᠬᠤ ᠶᠢ ᠠᠬᠢᠭᠤᠯᠤᠨ᠂ ᠬᠦᠮᠦᠨ ᠲᠦᠷᠦᠯᠬᠢᠳᠡᠨ ᠤ ᠬᠤᠪᠢ ᠵᠠᠶᠠᠭᠠᠨ ᠤ | ᠬᠠᠮᠳᠤ ᠴᠤᠬᠴᠡ ᠶᠢ ᠪᠠᠶᠢᠭᠤᠯᠬᠤ ᠶᠢ ᠠᠬᠢᠭᠤᠯᠵᠤ᠂ ᠲᠡᠯᠡᠬᠡᠢ ᠶᠢᠨ ᠡᠯ᠎ᠡ ᠤᠯᠤᠰ ᠤᠨ ᠠᠷᠠᠳ ᠲᠦᠮᠡᠨ ᠲᠠᠢ | ᠬᠠᠮᠳᠤᠪᠡᠷ ᠦᠨᠢ ᠡᠬᠦᠷᠢᠳᠡ ᠡᠩᠬᠡ ᠲᠠᠶᠢᠪᠤᠡᠭ᠂ ᠨᠡᠶᠢᠳᠡᠮ ᠠᠮᠤᠷ ᠲᠦᠪᠰᠢᠨ᠂ ᠬᠠᠮᠳᠤᠪᠡᠷ ᠴᠡᠴᠡᠭᠯᠡᠨ ᠬᠦᠭᠵᠢᠭᠰᠡᠨ᠂ | ᠨᠡᠬᠡᠬᠡᠯᠳᠡᠳᠡᠢ ᠪᠠᠭᠳᠠᠭᠠᠮᠵᠢᠳᠠᠢ᠂ ᠠᠷᠢᠭᠤᠨ ᠴᠡᠪᠡᠷ ᠦᠵᠡᠰᠭᠦᠯᠡᠩᠲᠦ ᠰᠠᠶᠢᠬᠠᠨ ᠲᠡᠯᠡᠬᠡᠢ ᠶᠢᠷᠳᠢᠨᠴᠤ ᠶᠢ | ᠪᠠᠶᠢᠭᠤᠯᠤᠨ᠎ᠠ ᠬᠡᠵᠦ ᠴᠢᠬᠤᠯᠠᠴᠢᠯᠠᠪᠠ᠃ | ᠬᠤᠷᠠᠯ ᠠᠴᠠ᠂ ᠲᠡᠮᠤᠷ ᠢ ᠲᠠᠪᠳᠠᠬᠤ ᠳᠤ ᠡᠷᠬᠡᠪᠰᠢ ᠦᠪᠡᠷ ᠢᠶᠠᠨ ᠬᠠᠳᠠᠭᠤ ᠪᠠᠶᠢᠬᠤ ᠬᠡᠷᠡᠭᠳᠡᠢ᠃ ᠨᠠᠮ ᠠᠴᠠ | ᠠᠷᠠᠳ ᠲᠦᠮᠡᠨ ᠢ ᠪᠦᠯᠬᠦᠮᠳᠡᠬᠦᠯᠦᠨ ᠲᠠᠭᠠᠭᠤᠯᠵᠤ᠂ ᠠᠭᠤᠤ ᠶᠡᠭᠡ ᠲᠡᠮᠡᠴᠡᠯ ᠢ ᠬᠢᠬᠦ᠂ ᠠᠭᠤᠤ ᠶᠡᠭᠡ ᠦᠢᠯᠡᠰ ᠢ | ᠠᠬᠢᠭᠤᠯᠬᠤ᠂ ᠠᠭᠤᠤ ᠶᠡᠭᠡ ᠬᠦᠰᠡᠯ ᠵᠡᠬᠦᠳᠤ ᠶᠢ ᠲᠡᠷᠬᠡᠯᠰᠢᠬᠦᠯᠬᠦ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠡᠷᠡᠰ | ᠭᠤᠶᠢᠪᠢᠰᠢ ᠦᠬᠡᠢ ᠪᠠᠷ ᠪᠠᠷᠢᠮᠳᠠᠯᠠᠨ ᠲᠡᠬᠦᠯᠳᠡᠷᠵᠢᠬᠦᠯᠵᠤ᠂ ᠡᠷᠡᠰ ᠭᠤᠶᠢᠪᠢᠰᠢ ᠦᠬᠡᠢ ᠪᠠᠷ ᠨᠠᠮ ᠢ ᠨᠡᠩ ᠡᠷᠡᠰ | ᠴᠢᠩᠭ᠎ᠠ ᠬᠦᠴᠦᠨ ᠲᠠᠢ ᠪᠤᠯᠭᠠᠨ ᠪᠠᠶᠢᠭᠤᠯᠬᠤ ᠬᠡᠷᠡᠭᠳᠡᠢ᠃ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ | ᠶᠡᠷᠤᠩᠬᠡᠢ ᠱᠠᠭᠠᠷᠳᠠᠯᠭ᠎ᠠ ᠪᠤᠯ᠄ ᠨᠠᠮ ᠤᠨ ᠪᠦᠬᠦ ᠲᠠᠯ᠎ᠡ ᠶᠢᠨ ᠤᠳᠤᠷᠢᠳᠤᠯᠭ᠎ᠠ ᠶᠢ ᠪᠠᠷᠢᠮᠳᠠᠯᠠᠨ ᠴᠢᠩᠭᠠᠳᠬᠠᠵᠤ᠂ | ᠨᠠᠮ ᠨᠢ ᠨᠠᠮ ᠢᠶᠠᠨ ᠬᠠᠮᠢᠶᠠᠷᠴᠤ᠂ ᠨᠠᠮ ᠢ ᠪᠦᠬᠦ ᠲᠠᠯ᠎ᠡ ᠪᠠᠷ ᠴᠢᠩᠭ᠎ᠠ ᠵᠠᠰᠠᠬᠤ ᠶᠢ ᠪᠠᠷᠢᠮᠳᠠᠯᠠᠨ᠂ ᠨᠠᠮ ᠤᠨ ᠤᠷᠳᠤ | ᠬᠤᠭᠤᠴᠠᠭ᠎ᠠ ᠪᠠᠷ ᠲᠦᠷᠦ ᠪᠠᠷᠢᠬᠤ ᠴᠢᠳᠠᠪᠤᠷᠢ ᠶᠢᠨ ᠪᠠᠶᠢᠭᠤᠯᠤᠯᠲᠠ᠂ ᠲᠡᠷᠢᠬᠦᠨ ᠤ ᠴᠢᠨᠡᠷ ᠪᠤᠯᠤᠨ ᠴᠡᠪᠡᠷ ᠴᠢᠨᠡᠷ ᠤᠨ | ᠪᠠᠶᠢᠭᠤᠯᠤᠯᠲᠠ ᠶᠢ ᠴᠢᠩᠭᠠᠳᠬᠠᠬᠤ ᠪᠠᠷ ᠭᠤᠤᠯ ᠱᠤᠭᠤᠮ ᠪᠤᠯᠭᠠᠵᠤ᠂ ᠨᠠᠮ ᠤᠨ ᠤᠯᠤᠰ ᠲᠦᠷᠦ ᠶᠢᠨ | ᠪᠠᠶᠢᠭᠤᠯᠤᠯᠲᠠ ᠪᠠᠷ ᠶᠡᠷᠦᠩᠭᠡᠶᠢᠯᠡᠨ ᠵᠢᠯᠤᠭᠤᠳᠤᠭᠤᠯᠵᠤ᠂ ᠬᠦᠰᠡᠯᠡᠩ ᠢᠳᠡᠬᠡᠯ ᠪᠢᠰᠢᠷᠡᠯ ᠪᠠ ᠵᠤᠷᠢᠯᠳᠡ ᠪᠠᠨ | ᠪᠠᠳᠤᠳᠬᠠᠬᠤ ᠪᠠᠷ ᠦᠨᠳᠦᠰᠦ ᠰᠠᠭᠤᠷᠢ ᠪᠤᠯᠭᠠᠨ᠂ ᠪᠦᠬᠦ ᠨᠠᠮ ᠤᠨ ᠢᠳᠡᠪᠬᠢ ᠴᠢᠨᠠᠷ᠂ ᠰᠠᠨᠠᠭᠠᠴᠢᠯᠠᠭᠠᠳᠤ ᠴᠢᠨᠡᠷ᠂ | ᠪᠦᠳᠦᠬᠡᠯᠴᠢ ᠴᠢᠨᠡᠷ ᠢ ᠳᠠᠶᠢᠴᠢᠯᠠᠬᠤ ᠪᠠᠷ ᠬᠦᠴᠦᠯᠡᠬᠦ ᠴᠡᠭ ᠪᠤᠯᠭᠠᠵᠤ᠂ ᠨᠠᠮ ᠤᠨ ᠤᠯᠤᠰ ᠲᠦᠷᠦ ᠶᠢᠨ | ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠤᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ | ᠰᠤᠷᠳᠠᠯ ᠤᠨ ᠪᠠᠶᠢᠭᠤᠯᠤᠯᠲᠠ᠂ ᠰᠠᠬᠢᠯᠭ᠎ᠠ ᠪᠠᠳᠤ ᠶᠢᠨ ᠪᠠᠶᠢᠭᠤᠯᠤᠯᠲᠠ ᠶᠢ ᠪᠦᠬᠦ ᠲᠠᠯ᠎ᠡ ᠪᠠᠷ ᠠᠬᠢᠭᠤᠯᠵᠤ᠂ | ᠲᠦᠷᠢᠮ ᠤᠨ ᠪᠠᠶᠢᠭᠤᠯᠤᠯᠲᠠ ᠶᠢ ᠡᠨᠡᠬᠦ ᠶᠠᠪᠤᠴᠡ ᠳᠤ ᠲᠤᠤᠱᠯᠠᠭᠤᠯᠤᠨ ᠢᠯᠵᠢᠷᠠᠯ ᠢ ᠡᠰᠡᠷᠬᠦᠴᠡᠬᠦ ᠲᠡᠮᠡᠴᠡᠯ ᠢ | ᠬᠦᠨᠵᠡᠬᠡᠢ ᠠᠬᠢᠭᠤᠯᠵᠤ᠂ ᠨᠠᠮ ᠤᠨ ᠪᠠᠶᠢᠭᠤᠯᠤᠯᠲᠠ ᠶᠢᠨ ᠶᠠᠰᠤ ᠴᠢᠨᠡᠷ ᠢ ᠲᠠᠰᠤᠷᠠᠯᠳᠡ ᠦᠬᠡᠢ ᠲᠡᠬᠡᠭᠰᠢᠯᠡᠬᠦᠯᠤᠨ᠂ | ᠨᠠᠮ ᠢ ᠢᠮᠠᠬᠳᠡ ᠴᠠᠭ ᠦᠶ᠎ᠡ ᠶᠢᠨ ᠲᠠᠷᠢᠬᠦᠨ ᠤ ᠡᠩᠨᠡᠬᠡᠨ ᠳᠤ ᠪᠠᠶᠢᠬᠤ᠂ ᠠᠷᠠᠳ ᠲᠦᠮᠡᠨ ᠦᠨᠡᠨ | ᠰᠡᠳᠬᠢᠯ ᠠᠴᠠ ᠪᠠᠨ ᠬᠦᠷᠢᠶᠡᠯᠡᠬᠦ᠂ ᠦᠪᠡᠷ ᠤᠨ ᠪᠡᠶ᠎ᠡ ᠪᠠᠨ ᠵᠤᠷᠢᠭᠳᠠᠢ ᠪᠠᠷ ᠬᠤᠪᠢᠰᠬᠠᠬᠤ᠂ ᠡᠯ᠎ᠡ ᠵᠦᠢᠯ ᠤᠨ ᠰᠠᠯᠬᠢ | ᠲᠠᠪᠠᠯᠭᠠᠨ ᠤ ᠰᠢᠯᠭᠠᠯᠳᠡ ᠶᠢ ᠲᠠᠭᠠᠭᠠᠵᠤ ᠴᠢᠳᠠᠬᠤ᠂ ᠴᠤᠭ ᠰᠦᠯᠳᠡ ᠪᠠᠳᠠᠷᠠᠩᠭᠤᠢ ᠮᠠᠷᠺᠰ ᠤᠨ ᠦᠵᠡᠯ ᠤᠨ ᠲᠦᠷᠦ | ᠪᠠᠷᠢᠬᠴᠢ ᠨᠠᠮ ᠪᠤᠯᠭᠠᠨ ᠪᠠᠶᠢᠭᠤᠯᠬᠤ ᠬᠡᠷᠡᠭᠳᠡᠢ ᠬᠡᠵᠤ ᠴᠢᠬᠤᠯᠠᠴᠢᠯᠠᠪᠠ᠃ | ᠬᠤᠷᠠᠯ ᠠᠴᠠ᠂ ᠨᠠᠮ ᠤᠨ ᠤᠯᠤᠰ ᠲᠦᠷᠦ ᠪᠠᠶᠢᠭᠤᠯᠤᠯᠲᠠ ᠶᠢ ᠲᠠᠷᠢᠬᠦᠨ ᠪᠠᠶᠢᠷᠢᠨ ᠳᠤ ᠲᠠᠯᠪᠢᠬᠤ ᠬᠡᠷᠡᠭᠳᠡᠢ᠃ | ᠪᠦᠬᠦ ᠨᠠᠮ ᠢᠶᠠᠷ ᠢᠶᠠᠨ ᠡᠷᠬᠡᠪᠰᠢ ᠤᠯᠤᠰ ᠲᠦᠷᠦ ᠶᠢᠨ ᠤᠬᠠᠮᠰᠡᠷ᠂ ᠶᠡᠭᠡ ᠲᠠᠯ᠎ᠠ ᠶᠢᠨ ᠤᠬᠠᠮᠰᠡᠷ᠂ ᠭᠤᠤᠯᠯᠠᠬᠤ | ᠤᠬᠠᠮᠰᠡᠷ᠂ ᠨᠢᠭᠡᠳᠤᠯᠳᠠᠢ ᠪᠠᠶᠢᠬᠤ ᠤᠬᠠᠮᠰᠠᠷ ᠢᠶᠠᠨ ᠲᠡᠬᠡᠭᠰᠢᠯᠡᠬᠦᠯᠵᠤ᠂ ᠨᠠᠮ ᠤᠨ ᠲᠦᠪ ᠬᠤᠷᠢᠶ᠎ᠠ ᠶᠢᠨ ᠡᠷᠬᠡ ᠰᠦᠷ | ᠪᠡ ᠲᠦᠪᠯᠡᠷᠡᠩᠬᠦᠢ ᠨᠢᠬᠡᠳᠤᠯᠳᠡᠢ ᠤᠳᠤᠷᠢᠳᠤᠯᠭ᠎ᠠ ᠶᠢ ᠪᠠᠷᠢᠮᠳᠠᠯᠠᠵᠤ᠂ ᠨᠠᠮ ᠤᠨ ᠤᠯᠤᠰ ᠲᠦᠷᠦ ᠶᠢᠨ ᠱᠤᠭᠤᠮ ᠢ | ᠡᠷᠡᠰ ᠬᠡᠷᠡᠭᠵᠢᠬᠦᠯᠵᠤ᠂ ᠤᠯᠤᠰ ᠲᠦᠷᠦ ᠶᠢᠨ ᠰᠠᠬᠢᠯᠭ᠎ᠠ ᠪᠠᠳᠤ ᠪᠡ ᠤᠯᠤᠰ ᠲᠦᠷᠦ ᠶᠢᠨ ᠶᠤᠰᠤ ᠲᠦᠷᠢᠮ ᠢ ᠴᠢᠩᠭ᠎ᠠ | ᠰᠠᠬᠢᠵᠤ᠂ ᠤᠯᠤᠰ ᠲᠦᠷᠦ ᠶᠢᠨ ᠵᠤᠬᠰᠤᠯᠳᠡ᠂ ᠤᠯᠤᠰ ᠲᠦᠷᠦ ᠶᠢᠨ ᠴᠢᠭᠯᠡᠯ᠂ ᠤᠯᠤᠰ ᠲᠦᠷᠦ ᠶᠢᠨ ᠵᠠᠷᠴᠢᠮ᠂ | ᠤᠯᠤᠰ ᠲᠦᠷᠦ ᠶᠢᠨ ᠱᠤᠭᠤᠮ ᠲᠡᠬᠡᠷ᠎ᠡ ᠨᠠᠮ ᠤᠨ ᠲᠦᠪ ᠬᠤᠷᠢᠶ᠎ᠡ ᠲᠠᠢ ᠲᠡᠬᠡᠳᠤ ᠬᠡᠮᠵᠢᠶ᠎ᠡ ᠪᠠᠷ ᠨᠢᠬᠡᠳᠤᠯᠳᠡᠢ ᠪᠠᠶᠢᠬᠤ | ᠬᠡᠷᠡᠭᠳᠡᠢ ᠬᠡᠵᠤ ᠴᠢᠬᠤᠯᠠᠴᠢᠯᠠᠵᠡᠢ᠃ | ᠶᠡᠭᠡ ᠬᠤᠷᠠᠯ ᠠᠴᠠ᠂ ᠪᠦᠬᠦ ᠤᠯᠤᠰ ᠤᠨ ᠦᠨᠳᠦᠰᠦᠳᠡᠨ ᠨᠦᠭᠦᠳ ᠤᠨ ᠠᠷᠠᠳ ᠲᠦᠮᠡᠨ ᠰᠢ ᠶᠢᠨ ᠫᠢᠩ | ᠨᠦᠬᠦᠷ ᠢᠶᠠᠷ ᠭᠤᠤᠯ ᠪᠤᠯᠭᠠᠬᠰᠠᠨ ᠨᠠᠮ ᠤᠨ ᠲᠦᠪ ᠬᠤᠷᠢᠶ᠎ᠠ ᠶᠢᠨ ᠲᠤᠭᠤᠷᠢᠨ ᠳᠤ ᠨᠢᠬᠳᠠᠷᠠᠨ ᠪᠦᠯᠬᠦᠮᠳᠡᠵᠦ᠂ | ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠲᠤᠭ ᠢ ᠦᠨᠳᠦᠷ ᠮᠠᠨᠳᠤᠭᠤᠯᠵᠤ᠂ | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢ ᠨᠠᠷᠢᠨ ᠬᠢᠨᠠᠮᠠᠭᠠᠢ ᠰᠤᠷᠤᠯᠴᠠᠨ ᠲᠤᠤᠱᠯᠠᠭᠤᠯᠵᠤ᠂ ᠰᠡᠤᠨᠬᠢᠯ ᠰᠢᠭᠤᠳᠤᠨ ᠴᠢᠷᠮᠠᠶᠢᠵᠤ᠂ ᠰᠢᠷᠭᠠᠭᠤ | ᠬᠠᠳᠠᠭᠤᠵᠢᠯᠳᠡᠢ ᠠᠵᠢᠯᠯᠠᠵᠤ᠂ ᠤᠳᠤᠬᠢᠴᠢᠯᠠᠬᠰᠠᠨ ᠪᠦᠳᠦᠬᠡᠨ ᠪᠠᠶᠢᠭᠤᠯᠤᠯᠲᠠ ᠶᠢ ᠠᠬᠢᠭᠤᠯᠬᠤ᠂ ᠡᠬᠡ ᠤᠯᠤᠰ ᠤᠨ | ᠨᠢᠬᠡᠳᠤᠯ ᠢ ᠪᠡᠶᠡᠯᠡᠬᠦᠯᠬᠦ᠂ ᠲᠡᠯᠡᠬᠡᠢ ᠶᠢᠨ ᠡᠩᠬᠡ ᠲᠠᠶᠢᠪᠤᠡᠭ ᠢ ᠬᠠᠮᠠᠭᠠᠯᠠᠬᠤ ᠬᠢᠬᠡᠤᠨ ᠬᠠᠮᠳᠤ ᠬᠦᠭᠵᠢᠯᠳᠡ ᠶᠢ | ᠠᠬᠢᠭᠤᠯᠬᠤ ᠭᠤᠷᠪᠠᠨ ᠲᠤᠮᠤ ᠲᠡᠤᠬᠡ ᠡᠬᠦᠷᠬᠡ ᠶᠢ ᠪᠡᠶᠡᠯᠡᠬᠦᠯᠬᠦ ᠶᠢᠨ ᠲᠦᠯᠦᠬᠡ᠂ ᠴᠢᠨᠡᠬᠡᠯᠢᠭ ᠨᠡᠶᠢᠭᠡᠮ ᠢ ᠪᠦᠬᠦ | ᠲᠠᠯ᠎ᠡ ᠪᠠᠷ ᠪᠡᠶᠡᠯᠡᠬᠦᠯᠬᠦ ᠰᠢᠢᠳᠪᠤᠷᠢᠳᠤ ᠢᠯᠠᠯᠳᠡ ᠶᠢ ᠤᠯᠬᠤ᠂ ᠰᠢᠨ᠎ᠡ ᠴᠠᠭ ᠦᠶ᠎ᠡ ᠶᠢᠨ ᠲᠤᠮᠳᠠᠳᠤ ᠤᠯᠤᠰ ᠤᠨ | ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ ᠢᠯᠠᠯᠳᠡ ᠶᠢ ᠲᠡᠮᠡᠴᠡᠨ ᠤᠯᠬᠤ᠂ ᠲᠤᠮᠳᠠᠳᠤ ᠶᠢᠨ | ᠦᠨᠳᠦᠰᠦᠳᠡᠨ ᠤ ᠠᠭᠤᠤ ᠶᠡᠭᠡ ᠰᠡᠷᠬᠦᠨ ᠮᠠᠨᠳᠤᠯᠳᠠ ᠶᠢᠨ ᠲᠤᠮᠳᠠᠳᠤ ᠶᠢᠨ ᠵᠡᠬᠦᠳᠤ ᠶᠢ ᠪᠡᠶᠡᠯᠡᠬᠦᠯᠬᠦ᠂ ᠠᠷᠠᠳ | ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠡᠷᠡᠮᠡᠯᠵᠡᠯ ᠢ ᠪᠡᠶᠡᠯᠡᠬᠦᠯᠬᠦ ᠶᠢᠨ ᠲᠦᠯᠦᠬᠡ ᠦᠷᠬᠦᠯᠵᠢᠯᠡᠨ | ᠲᠡᠮᠡᠴᠡᠰᠦᠭᠡᠢ ᠬᠡᠵᠤ ᠤᠷᠢᠶᠠᠯᠠᠬᠰᠠᠨ ᠪᠠᠶᠢᠨ᠎ᠠ᠃ |