ᠥᠪᠥᠷ ᠮᠣᠩᠭᠤᠯ 10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠤᠨᠵᠢᠭᠦᠯᠬᠦ ᠶᠢ ᠪᠦᠬᠦ ᠲᠠᠯ᠎ᠠ ᠪᠠᠷ ᠡᠬᠢᠯᠡᠭᠦᠯᠪᠡ
ᠨᠡᠶᠢᠲᠡᠯᠡᠭᠰᠡᠨ ᠴᠠᠭ᠄
2017/10/9
     10 ᠳ᠋ᠤᠭᠠᠷ ᠰᠠᠷ᠎ᠠ ᠶᠢᠨ 1᠎ ᠤ ᠡᠳᠦᠷ ᠠᠴᠠ ᠡᠬᠢᠯᠡᠨ᠂ ᠥᠪᠥᠷ ᠮᠣᠩᠭᠤᠯ ᠤᠨ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠤᠨᠵᠢᠭᠦᠯᠬᠦ ᠥᠭᠡᠷᠡᠴᠢᠯᠡᠯᠲᠡ ᠶᠢ ᠡᠬᠢᠯᠡᠭᠦᠯᠵᠦ᠂ ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠳᠤ ︽ᠰᠦᠯᠵᠢᠶ᠎ᠡ ᠪᠠᠷ ᠭᠤᠶᠤᠴᠢᠯᠠᠬᠤ᠂ ᠰᠦᠯᠵᠢᠶ᠎ᠡ ᠪᠠᠷ ᠬᠦᠯᠢᠶᠡᠨ ᠠᠪᠬᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ᠂ ᠰᠦᠯᠵᠢᠶᠡᠨ ᠳᠡᠭᠡᠷ᠎ᠡ ᠬᠠᠷᠢᠭᠤ ᠲᠤᠰᠬᠠᠬᠤ᠂ ᠰᠦᠯᠵᠢᠶ᠎ᠡ ᠪᠠᠷ ᠬᠢᠨᠠᠨ ᠬᠠᠷᠭᠤᠭᠤᠯᠬᠤ᠂ ᠰᠦᠯᠵᠢᠶ᠎ᠡ ᠪᠠᠷ ᠨᠡᠶᠢᠲᠡᠯᠡᠨ ᠵᠠᠷᠯᠠᠬᠤ᠂ ᠰᠦᠯᠵᠢᠶ᠎ᠡ ᠪᠠᠷ ᠦᠨᠡᠮᠯᠡᠯ ᠣᠯᠭᠤᠬᠤ︾ ᠵᠡᠷᠭᠡ ᠪᠦᠬᠦ ᠶᠠᠪᠤᠴᠠ ᠶᠢ ᠡᠯᠧᠺᠲᠷᠤᠨᠵᠢᠭᠦᠯᠦᠨ ᠦᠢᠯᠡᠴᠢᠯᠡᠬᠦ ᠶᠢ ᠪᠡᠶᠡᠯᠡᠭᠦᠯᠪᠡ᠃ ᠡᠭᠦᠨ ᠠᠴᠠ᠂ ᠠᠵᠤ ᠦᠢᠯᠡᠳᠪᠦᠷᠢ ᠬᠤᠳᠠᠯᠳᠤᠭᠠᠨ ᠤ ᠳᠠᠩᠰᠠᠯᠠᠨ ᠲᠡᠮᠳᠡᠭᠯᠡᠬᠦ ᠨᠢ ᠪᠠᠰᠠ ᠨᠢᠭᠡ ᠲᠦᠷᠭᠡᠨ ᠮᠦᠷᠲᠡᠭᠡᠨ ᠳᠦᠬᠦᠮ ᠱᠠᠲᠤᠨ ᠳᠤ ᠤᠷᠤᠪᠠ᠃       ᠡᠨᠡ ᠵᠢᠯ ᠤᠨ ᠡᠬᠢᠨ ᠳᠤ᠂ ᠮᠠᠨ ᠤ ᠣᠷᠣᠨ ᠤ ︽ᠠᠵᠤ ᠠᠬᠤᠶᠢᠯᠠᠯ ᠤᠨ ᠳᠠᠩᠰᠠᠯᠠᠨ ᠲᠡᠮᠳᠡᠭᠯᠡᠬᠦ ᠪᠦᠬᠦ ᠶᠠᠪᠤᠴᠠ ᠶᠢ ᠡᠯᠧᠺᠲᠷᠤᠨᠵᠢᠭᠦᠯᠬᠦ︾᠎ ᠳᠤ ᠥᠭᠡᠷᠡᠴᠢᠯᠡᠯᠲᠡ ᠬᠢᠬᠦ ᠠᠵᠢᠯ ᠢ ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠵᠦᠢᠯᠡᠰ ᠤᠨ ᠲᠦᠷᠢᠮ ᠤᠨ ᠥᠭᠡᠷᠡᠴᠢᠯᠡᠯᠲᠡ ᠶᠢᠨ ᠣᠨ ᠤ ᠭᠤᠣᠯᠳᠠᠯᠭ᠎ᠠ ᠲᠠᠢ ᠠᠵᠢᠯ ᠳᠤ ᠤᠷᠤᠭᠤᠯᠪᠠ᠃ ᠡᠨᠡ ᠬᠦ ᠥᠭᠡᠷᠡᠴᠢᠯᠡᠯᠲᠡ ᠶᠢ ᠬᠡᠷᠡᠭᠵᠢᠭᠦᠯᠦᠭᠰᠡᠨ ᠤ ᠳᠠᠷᠠᠭ᠎ᠠ᠂ ᠭᠤᠶᠤᠴᠢᠯᠠᠭᠴᠢ ᠶᠢᠨ ᠵᠠᠬ᠎ᠠ ᠳᠡᠯᠭᠡᠭᠦᠷ ᠤᠨ ᠭᠤᠣᠯ ᠴᠣᠭᠴᠠ ᠪᠠᠶᠢᠭᠤᠯᠬᠤ᠂ ᠬᠤᠪᠢᠷᠠᠭᠤᠯᠬᠤ᠂ ᠲᠠᠩᠰᠠ ᠠᠴᠠ ᠬᠠᠰᠤᠬᠤ᠂ ᠳᠠᠩᠰᠠᠯᠠᠭᠤᠯᠬᠤ ᠵᠡᠷᠭᠡ ᠵᠦᠢᠯᠡᠰ ᠢ ᠭᠤᠶᠤᠴᠢᠯᠠᠬᠤ ᠳᠠᠭᠠᠨ ᠴᠦᠮ ᠢᠨᠲ᠋ᠧᠷ ᠰᠦᠯᠵᠢᠶ᠎ᠡ ᠪᠠᠷ ᠳᠠᠮᠵᠢᠭᠤᠯᠤᠨ ᠭᠦᠢᠴᠡᠳᠬᠡᠬᠦ ᠪᠤᠯᠤᠨ᠎ᠠ᠃       9 ᠳ᠋ᠦ᠋ᠭᠡᠷ ᠰᠠᠷ᠎ᠠ ᠶᠢᠨ 29᠎ ᠤ ᠡᠳᠦᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ︽ᠤᠯᠠᠨ ᠦᠨᠡᠮᠯᠡᠯ ᠢ ᠨᠡᠶᠢᠯᠡᠭᠦᠯᠵᠦ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠳᠦᠷᠢᠮ ᠢ ᠬᠡᠷᠡᠭᠵᠢᠭᠦᠯᠬᠦ ᠥᠭᠡᠷᠡᠴᠢᠯᠡᠯᠲᠡ ᠶᠢᠨ ᠰᠣᠨᠢᠨ ᠮᠡᠳᠡᠭᠡ ᠨᠡᠶᠢᠲᠡᠯᠡᠬᠦ ᠬᠤᠷᠠᠯ ᠢ ᠬᠥᠬᠡᠬᠤᠲᠠ ᠳᠤ ᠬᠤᠷᠠᠯᠳᠤᠭᠤᠯᠪᠠ᠃      ︽ᠤᠯᠠᠨ ᠦᠨᠡᠮᠯᠡᠯ ᠢ ᠨᠡᠶᠢᠯᠡᠭᠦᠯᠵᠦ ᠨᠢᠭᠡ ᠪᠤᠯᠭᠠᠬᠤ᠂ ᠨᠢᠭᠡ ᠦᠨᠡᠮᠯᠡᠯ ᠳᠤ ᠨᠢᠭᠡ ᠨᠤᠮᠧᠷ ᠲᠠᠢ ᠪᠠᠶᠢᠯᠭᠠᠬᠤ︾ ᠳᠠᠩᠰᠠᠯᠠᠨ ᠲᠡᠮᠳᠡᠭᠯᠡᠬᠦ ᠲᠦᠷᠢᠮ ᠤᠨ ᠥᠭᠡᠷᠡᠴᠢᠯᠡᠯᠲᠡ ᠨᠢ 9 ᠳ᠋ᠦ᠋ᠭᠡᠷ ᠰᠠᠷ᠎ᠠ ᠶᠢᠨ 30᠎ ᠤ ᠡᠳᠦᠷ ᠡᠬᠢᠯᠡᠨ ᠪᠦᠬᠦ ᠤᠷᠤᠨ ᠳᠤ ᠡᠬᠢᠯᠡᠨ ᠬᠡᠷᠡᠭᠵᠢᠭᠦᠯᠦᠭᠳᠡᠵᠦ᠂ ᠠᠵᠤ ᠠᠬᠤᠶᠢᠯᠠᠯ᠂ ᠲᠠᠷᠢᠶᠠᠴᠢᠳ ᠤᠨ ᠲᠤᠰᠬᠠᠶ ᠠᠵᠢᠯ ᠤᠨ ᠬᠤᠷᠰᠢᠶ᠎ᠠ᠂ ᠬᠤᠪᠢ ᠶᠢᠨ ᠠᠵᠤ ᠦᠢᠯᠡᠳᠪᠦᠷᠢ ᠬᠤᠳᠠᠯᠳᠤᠭᠠᠨ ᠤ ᠡᠷᠦᠬᠡ ᠳᠤ ᠬᠡᠷᠡᠭᠯᠡᠭᠳᠡᠨ᠎ᠡ᠃ ᠭᠤᠶᠤᠴᠢᠯᠠᠭᠴᠢ ᠠᠴᠠ ᠵᠠᠬ᠎ᠠ ᠳᠡᠯᠭᠡᠭᠦᠷ ᠤᠨ ᠭᠤᠣᠯ ᠴᠤᠭᠴᠠ ᠪᠠᠷ ᠳᠠᠩᠰᠠᠯᠠᠭᠤᠯᠤᠨ ᠪᠦᠷᠢᠳᠬᠡᠯᠭᠡᠬᠦ ᠦᠶ᠎ᠡ ᠳᠤ᠂ ︽ᠨᠢᠭᠡ ᠬᠦᠰᠦᠨᠦᠭ︾ ᠲᠠᠭᠯᠠᠵᠤ᠂ ︽ᠨᠢᠭᠡᠯᠡ ᠴᠤᠩᠬᠤᠪᠴᠢ︾᠎ ᠪᠠᠷ ︽ᠨᠢᠭᠡ ᠢᠵᠢ ᠮᠠᠲ᠋ᠧᠷᠢᠶᠠᠯ︾᠎ ᠢᠶᠠᠨ ᠲᠤᠰᠢᠶᠠᠵᠤ᠂ ᠳᠠᠩᠰᠠᠯᠠᠵᠤ ᠪᠦᠷᠢᠳᠬᠡᠬᠦ ᠰᠠᠯᠠᠭ᠎ᠠ ᠮᠦᠴᠢᠷ ᠠᠴᠠ ᠨᠢᠭᠡᠳᠦᠯᠲᠡᠶ ᠨᠡᠶᠢᠭᠡᠮ ᠤᠨ ᠢᠲᠡᠭᠡᠮᠵᠢ ᠶᠢᠨ ᠤᠷᠤᠯᠠᠬᠤ ᠨᠤᠮᠧᠷ ᠬᠠᠳᠠᠭᠰᠠᠨ ᠡᠵᠡᠩᠨᠡᠯᠲᠡ ᠶᠢᠨ ᠦᠨᠡᠮᠯᠡᠯ ᠢ ᠬᠢᠨᠠᠨ ᠤᠯᠭᠤᠨ᠎ᠠ᠂ ᠵᠠᠬ᠎ᠠ ᠳᠡᠯᠭᠡᠭᠦᠷ ᠤᠨ ᠭᠤᠤᠯ ᠴᠣᠭᠴᠠ ᠨᠢ ᠡᠮᠬᠢᠯᠡᠨ ᠨᠡᠶᠢᠯᠡᠭᠦᠯᠵᠦ ᠳᠠᠩᠰᠠᠯᠠᠭᠤᠯᠤᠨ ᠲᠡᠮᠳᠡᠭᠯᠡᠬᠦ ᠵᠦᠢᠯ ᠢ ᠳᠠᠬᠢᠵᠤ ᠠᠰ ᠲᠤᠨᠢ ᠭᠦᠢᠴᠡᠳᠭᠡᠯᠭᠡᠬᠦ ᠦᠭᠡᠢ᠃
 
ᠢᠷᠡᠯᠲᠡ᠄ ᠥᠪᠥᠷ ᠮᠣᠩᠭᠤᠯ ᠤᠨ ᠵᠠᠰᠠᠭ ᠤᠨ ᠣᠷᠳᠣᠨ
 
 
ᠬᠠᠮᠢᠶ᠎ᠡ ᠪᠦᠬᠦᠢ ᠰᠣᠨᠢᠨ
 
ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠠᠴᠠ ᠭᠤᠤᠯᠴᠢᠯᠠᠨ ᠡᠷᠬᠢᠯᠡᠪᠡ ᠥᠪᠦᠷ ᠮᠣᠩᠭᠤᠯ ᠤᠨ ᠥᠪᠡᠷᠳᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠠᠴᠠ ᠲᠠᠭᠠᠭᠠᠴᠢᠯᠠᠨ ᠡᠷᠬᠢᠯᠡᠪᠡ ᠃ ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠮᠡᠷᠭᠡᠵᠢᠯ ᠬᠠᠩᠭᠠᠪᠠ᠃ ᠰᠢᠤᠳᠠᠨ ᠳ᠋ᠤᠭᠠᠷ: 010098    蒙ICP备05000248号