| | ᠥᠪᠥᠷ ᠵᠠᠰᠠᠭ ᠲᠠᠷᠬᠠᠭᠠᠭᠰᠠᠨ ﹇2017﹈ 40 ᠳ᠋ᠤᠭᠡᠷ ᠲᠤᠭᠠᠳᠤ | 3 ᠳ᠋ᠤᠭᠠᠷ ᠰᠠᠷ᠎ᠠ ᠶᠢᠨ 28 ᠤ ᠡᠳᠦᠷ | | | | ᠡᠯ᠎ᠡ ᠠᠶᠢᠮᠠᠭ ᠤᠨ ᠵᠠᠬᠢᠷᠭ᠎ᠠ᠂ ᠬᠤᠲᠠ ᠶᠢᠨ ᠠᠷᠠᠳ ᠤᠨ ᠵᠠᠰᠠᠭ ᠤᠨ ᠤᠷᠳᠤᠨ᠂ ᠡᠯ᠎ᠡ ᠬᠤᠰᠢᠭᠤ ᠰᠢᠶᠠᠨ ᠤ | ᠠᠷᠠᠳ ᠤᠨ ᠵᠠᠰᠠᠭ ᠤᠨ ᠤᠷᠳᠤᠨ᠂ ᠥᠪᠡᠷᠲᠡᠭᠡᠨ ᠵᠠᠰᠠᠬᠤ ᠤᠷᠤᠨ ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ | ᠲᠤᠪᠴᠢᠶ᠎ᠠ ᠳᠤ᠄ | ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾ ᠶᠢ ᠠᠬᠢᠭᠤᠯᠵᠦ᠂ ᠮᠡᠳᠡᠭᠡ ᠵᠠᠩᠭᠢ ᠶᠢ | ᠬᠠᠮᠲᠤᠪᠡᠷ ᠭᠦᠷᠳᠡᠬᠦ ᠪᠠ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠶᠢ ᠠᠬᠢᠭᠤᠯᠬᠤ ᠨᠢ ᠪᠠᠶᠢᠭᠤᠯᠤᠯ ᠤᠨ ᠰᠢᠨ᠎ᠡ ᠶᠢ | ᠡᠭᠦᠳᠬᠦ᠂ ᠵᠠᠰᠠᠭ ᠤᠨ ᠤᠷᠳᠤᠨ ᠤ ᠥᠢᠯᠡᠴᠢᠯᠡᠭᠡᠨ ᠤ ᠬᠢᠷᠢ ᠬᠡᠮᠵᠢᠶ᠎ᠡ ᠶᠢ ᠳᠡᠭᠡᠭᠰᠢᠯᠡᠭᠦᠯᠬᠦ ᠶᠢᠨ ᠴᠢᠬᠤᠯᠠ ᠭᠠᠷᠳᠠᠴᠠ | ᠪᠤᠯᠤᠨ᠎ᠠ᠃ ︽︿ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ﹀ ᠶᠢᠨ ᠠᠵᠢᠯ ᠢ ᠲᠥᠷᠭᠡᠳᠬᠡᠨ | ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠵᠢᠯᠤᠭᠤᠳᠬᠤ ᠰᠠᠨᠠᠯ︾ ︵ᠲᠦᠷᠦ ᠲᠠᠷᠬᠠᠭᠠᠭᠰᠠᠨ ﹇ | 2016﹈ 55 ᠳ᠋ᠤᠭᠠᠷ ᠲᠤᠭᠠᠲᠤ︶ ᠤᠨ ᠵᠤᠷᠢᠭ ᠰᠠᠨᠠᠭ᠎ᠠ ᠶᠢ ᠭᠥᠨᠵᠡᠭᠡᠢ ᠲᠤᠤᠱᠯᠠᠭᠤᠯᠤᠨ᠂ ᠵᠠᠰᠠᠭ ᠢ | ᠴᠣᠮᠬᠠᠳᠬᠠᠨ ᠡᠷᠭᠡ ᠶᠢ ᠲᠤᠷᠤᠨᠨᠰᠢ ᠪᠠᠭᠤᠯᠭᠠᠬᠤ᠂ ᠲᠤᠷᠤᠨᠨᠰᠢ ᠪᠠᠭᠤᠯᠭᠠᠬᠤ ᠪᠡ ᠬᠠᠮᠢᠶᠠᠷᠬᠤ ᠶᠢ ᠤᠶᠠᠯᠳᠤᠭᠤᠯᠬᠤ᠂ | ᠥᠢᠯᠡᠴᠢᠯᠡᠭᠡᠨ ᠢ ᠰᠢᠯᠢᠳᠡᠭᠵᠢᠭᠦᠯᠬᠦ ᠦᠭᠡᠷᠡᠴᠢᠯᠡᠯᠲᠡ ᠶᠢ ᠤᠯᠠᠮ ᠨᠢᠭᠡ ᠠᠯᠬᠤᠮ ᠭᠥᠨᠵᠡᠭᠡᠶᠢᠷᠡᠭᠦᠯᠵᠤ᠂ ᠥᠪᠡᠷᠲᠡᠭᠡᠨ | ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠨᠢᠭᠡᠳᠥᠯᠲᠠᠢ ᠰᠢᠰᠲ᠋ᠧᠮᠵᠢ ᠶᠢ ᠡᠮᠬᠢᠯᠡᠨ ᠨᠡᠶᠢᠯᠡᠭᠦᠯᠵᠦ | ᠪᠣᠢ ᠪᠣᠯᠭᠠᠨ᠂ ᠰᠠᠯᠠᠭ᠎ᠠ ᠮᠥᠴᠢᠷ ᠤᠨ ᠬᠤᠭᠤᠷᠤᠨᠳᠥᠬᠢ ᠲᠤᠬᠠᠶᠢᠯᠠᠭᠰᠠᠨ ᠠᠵᠢᠯ ᠤᠨ ᠬᠠᠮᠵᠢᠯᠴᠠᠭ᠎ᠠ ᠵᠢᠴᠢ ᠭᠠᠵᠠᠷ | ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ ᠳ᠋ᠠᠶᠢᠲ᠋ᠠ ᠶᠢ ᠬᠠᠮᠲᠤᠪᠠᠷ ᠭᠦᠷᠳᠡᠬᠦ ᠶᠢ ᠠᠬᠢᠭᠤᠯᠵᠤ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠶᠠᠰᠤ ᠴᠢᠨᠠᠷ ᠬᠢᠭᠡᠳ ᠪᠤᠳᠠᠳᠤ ᠦᠷ᠎ᠡ ᠪᠥᠲᠥᠮᠵᠢ ᠶᠢ ᠥᠨᠡᠨᠬᠦ | ᠳᠡᠭᠡᠭᠰᠢᠯᠡᠭᠦᠯᠬᠦ ᠶᠢᠨ ᠲᠤᠰᠠᠲᠠ᠂ ᠡᠳᠥᠭᠡ ᠳᠤᠤᠷᠠᠬᠢ ᠮᠡᠳᠥ ᠰᠠᠨᠠᠯ ᠢ ᠳᠤᠷᠠᠳᠪᠠ᠃ | ᠨᠢᠭᠡ᠂ ᠶᠡᠷᠥᠩᠬᠡᠢ ᠱᠠᠭᠠᠷᠳᠠᠯᠭ᠎ᠠ | ︵ᠨᠢᠭᠡ︶ ᠵᠢᠯᠤᠭᠤᠳᠬᠤ ᠥᠵᠡᠯ ᠰᠠᠨᠠᠭ᠎ᠠ᠃ | ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠵᠢᠴᠢ ᠠᠷᠪᠠᠨ ᠨᠠᠢᠮᠠᠳᠤᠭᠠᠷ ᠬᠤᠭᠤᠴᠠᠭᠠᠨ ᠤ ᠲᠦᠪ | ᠬᠤᠷᠢᠶ᠎ᠠ ᠶᠢᠨ ᠭᠤᠷᠪᠠᠳᠤᠭᠠᠷ᠂ ᠲᠥᠷᠪᠡᠳᠥᠭᠡᠷ᠂ ᠲᠠᠪᠤᠳᠤᠭᠠᠷ᠂ ᠵᠢᠷᠭᠤᠳᠤᠭᠠᠷ ᠪᠥᠬᠦᠳᠡ ᠬᠤᠷᠠᠯ ᠪᠤᠯᠤᠨ | ᠥᠪᠡᠷᠲᠡᠭᠡᠨ ᠵᠠᠰᠠᠬᠤ ᠤᠷᠤᠨ ᠤ ᠠᠷᠪᠠᠳᠤᠭᠠᠷ ᠤᠳᠠᠭᠠᠨ ᠤ ᠨᠠᠮ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠵᠤᠷᠢᠭ ᠰᠠᠨᠠᠭ᠎ᠠ ᠶᠢ ᠪᠥᠭᠦ ᠲᠠᠯ᠎ᠠ ᠪᠠᠷ ᠲᠤᠤᠱᠯᠠᠭᠤᠯᠤᠨ᠂ ᠶᠡᠷᠥᠩᠬᠡᠢ ᠱᠥᠵᠢ ᠰᠢ ᠶᠢᠨ ᠫᠢᠩ ᠤᠨ ᠠᠯᠢ ᠤᠯᠠᠨ | ᠴᠢᠬᠤᠯᠠ ᠶᠠᠷᠢᠶ᠎ᠠ ᠶᠢᠨ ᠵᠤᠷᠢᠭ ᠰᠠᠨᠠᠭ᠎ᠠ ᠪᠠ ᠤᠯᠤᠰ ᠢ ᠵᠠᠰᠠᠵᠤ ᠵᠠᠰᠠᠭ ᠪᠠᠷᠢᠬᠤ ᠰᠢᠨ᠎ᠡ ᠣᠨᠣᠯᠵᠢᠬᠤᠨ ᠰᠢᠨ᠎ᠡ | ᠥᠵᠡᠯ ᠰᠠᠨᠠᠭ᠎ᠠ ᠰᠢᠨ᠎ᠡ ᠪᠠᠶᠢᠯᠳᠤᠬᠤ ᠪᠤᠳᠤᠯᠭ᠎ᠠ ᠶᠢ ᠭᠥᠨᠵᠡᠭᠡᠢ ᠰᠤᠷᠤᠯᠴᠠᠵᠤ᠂ ᠶᠡᠷᠥᠩᠬᠡᠢ ᠱᠥᠵᠢ ᠰᠢ ᠶᠢᠨ | ᠫᠢᠩ ᠤᠨ ᠥᠪᠥᠷ ᠮᠤᠩᠭᠤᠯ ᠢ ᠰᠢᠨᠵᠢᠯᠡᠨ ᠪᠠᠶᠢᠴᠠᠭᠠᠬᠤ ᠳᠠᠭᠠᠨ ᠶᠠᠷᠢᠨᠨᠰᠠᠨ ᠴᠢᠬᠤᠯᠠ ᠶᠠᠷᠢᠶ᠎ᠠ ᠶᠢᠨ ᠵᠤᠷᠢᠭ | ᠰᠠᠨᠠᠭ᠎ᠠ ᠶᠢ ᠪᠥᠬᠦ ᠲᠡᠯ᠎ᠠ ᠪᠠᠷ ᠨᠠᠶᠢᠳᠠᠪᠤᠷᠢᠵᠢᠭᠤᠯᠤᠨ᠂ ︽ᠲᠠᠪᠤ ᠶᠢ ᠨᠢᠭᠡ ᠴᠤᠭᠴᠠᠵᠢᠭᠤᠯᠬᠤ︾ ᠶᠡᠷᠥᠩᠬᠡᠢ | ᠪᠠᠶᠢᠷᠢᠰᠢᠭᠤᠯᠤᠯᠳᠠ ᠬᠢᠬᠡᠳ ︽ᠳᠥᠷᠪᠡᠨ ᠪᠥᠬᠦ ᠲᠠᠯ᠎ᠠ ︾ ᠶᠢᠨ ᠪᠠᠶᠢᠯᠳᠤᠬᠤ ᠪᠤᠳᠤᠯᠭ᠎ᠠ ᠶᠢᠨ ᠪᠠᠶᠢᠷᠢᠰᠢᠭᠤᠯᠤᠯᠳᠠ | ᠶᠤᠰᠤᠭᠠᠷ᠂ ᠰᠢᠨ᠎ᠡ ᠶᠢ ᠡᠭᠦᠳᠬᠦ᠂ ᠵᠣᠬᠢᠴᠠᠩᠭᠤᠢ᠂ ᠪᠤᠬᠢᠷᠳᠤᠯ ᠥᠭᠡᠢ᠂ ᠨᠡᠭᠡᠭᠡᠯᠲᠡ ᠲᠠᠢ᠂ ᠬᠠᠮᠲᠤᠪᠡᠷ ᠭᠦᠷᠳᠡᠬᠦ | ᠬᠥᠭᠵᠢᠯᠲᠡ ᠶᠢᠨ ᠣᠨᠣᠯᠵᠢᠬᠤᠨ ᠢ ᠪᠠᠲᠤ ᠪᠠᠬᠢ ᠪᠤᠢ ᠪᠤᠯᠭᠠᠨ᠂ ᠲᠥᠷᠥ ᠲᠠᠷᠬᠠᠭᠠᠭᠰᠠᠨ 55 ᠳ᠋ᠤᠭᠠᠷ ᠲᠣᠭᠠᠲᠦ | ᠪᠢᠴᠢᠭ ᠮᠠᠲ᠋ᠧᠷᠢᠶᠠᠯ ᠤᠨ ᠵᠤᠷᠢᠭ ᠰᠠᠨᠠᠭ᠎ᠠ ᠶᠢ ᠬᠢᠨᠠᠮᠠᠭᠠᠢ ᠨᠠᠶᠢᠳᠠᠪᠤᠷᠢᠵᠢᠭᠤᠯᠵᠤ᠂ ᠤᠳᠤ ᠶᠢᠨ ᠪᠠᠶᠢᠭ᠎ᠠ ᠡᠯᠧᠺᠲᠷᠣᠨ | ᠵᠠᠰᠠᠭ ᠤᠨ ᠶᠠᠪᠤᠳᠠᠯ ᠤᠨ ᠰᠠᠭᠤᠷᠢ ᠪᠡᠯᠡᠳᠭᠡᠮᠵᠢ ᠶᠢᠨ ᠬᠡᠷᠡᠭᠯᠡᠯᠲᠡ ᠶᠢᠨ ᠦᠷ᠎ᠡ ᠪᠥᠲᠥᠮᠵᠢ ᠶᠢ ᠳᠡᠭᠡᠭᠰᠢᠯᠡᠭᠦᠯᠬᠦ᠂ | ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠠᠷ ᠭᠦᠷᠳᠡᠨ ᠠᠰᠢᠭᠯᠠᠬᠤ ᠶᠢ ᠠᠬᠢᠭᠤᠯᠬᠤ ᠪᠠᠷ ᠭᠤᠤᠯ ᠵᠤᠷᠢᠯᠭ᠎ᠠ | ᠪᠤᠯᠭᠠᠵᠤ᠂ ᠵᠠᠰᠠᠭ ᠤᠨ ᠤᠷᠳᠤᠨ ᠤ ᠡᠭᠦᠷᠭᠡ ᠲᠤᠰᠢᠶᠠᠯ ᠢᠶᠠᠨ ᠭᠥᠢᠴᠡᠳᠬᠡᠬᠦ ᠬᠡᠷᠡᠭᠴᠡᠭᠡ ᠱᠠᠭᠠᠷᠳᠠᠯᠭ᠎ᠠ ᠪᠠ ᠠᠷᠠᠳ | ᠤᠯᠠᠨ ᠳᠤ ᠥᠢᠯᠡᠴᠢᠯᠡᠬᠦ ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠥᠪᠡᠷᠲᠡᠭᠡᠨ ᠵᠠᠰᠠᠬᠤ ᠤᠷᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠪᠤᠯᠤᠨ ᠥᠪᠡᠷᠲᠡᠭᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠰᠢᠰᠲ᠋ᠧᠮ ᠤᠨ ᠠᠵᠢᠯᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠢ ᠪᠥᠬᠦ ᠬᠥᠴᠥᠨ ᠢᠶᠠᠷ ᠢᠶᠠᠨ ᠪᠤᠢ | ᠪᠤᠯᠭᠠᠨ᠂ ᠪᠥᠬᠦ ᠤᠷᠤᠨ ᠤ ᠨᠢᠭᠡᠲᠥᠯᠲᠡᠢ ᠰᠥᠯᠵᠢᠶ᠎ᠡ ᠶᠢᠨ ᠰᠢᠰᠲ᠋ᠧᠮᠵᠢ ᠶᠢ ᠬᠢᠨᠠᠮᠠᠭᠠᠢ ᠪᠠᠶᠢᠭᠤᠯᠵᠤ᠂ ᠥᠪᠡᠷᠲᠡᠭᠡᠨ | ᠵᠠᠰᠠᠬᠤ ᠤᠷᠤᠨ ᠤ ᠨᠢᠭᠡᠲᠥᠯᠲᠡᠢ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠥᠪ ᠤᠨ ᠪᠠᠶᠢᠭᠤᠯᠤᠯᠲᠠ ᠶᠢ | ᠢᠳᠡᠪᠬᠢᠲᠡᠢ ᠪᠠᠷ ᠠᠬᠢᠭᠤᠯᠤᠨ᠎ᠠ᠃ ᠬᠠᠮᠢᠶ᠎ᠠ ᠪᠥᠬᠦᠢ ᠬᠠᠤᠯᠢ ᠲᠤᠭᠲᠠᠭᠠᠯ ᠳᠦᠷᠢᠮ ᠪᠠ ᠪᠠᠷᠢᠮᠵᠢᠶ᠎ᠠ ᠶᠢᠨ | ᠰᠢᠰᠲ᠋ᠧᠮᠵᠢ ᠶᠢ ᠲᠡᠭᠦᠯᠳᠡᠷᠵᠢᠭᠦᠯᠥᠨ᠂ ᠳ᠋ᠠᠶᠢᠲ᠋ᠠ ᠶᠢ ᠬᠠᠮᠲᠤᠪᠠᠷ ᠭᠦᠷᠳᠡᠬᠦ ᠶᠢ ᠠᠬᠢᠭᠤᠯᠵᠦ᠂ ᠮᠡᠳᠡᠭᠡ ᠵᠠᠩᠬᠢ ᠶᠢᠨ | ᠲᠤᠰᠠᠭᠠᠷᠯᠠᠯ ᠢ ᠡᠪᠳᠡᠨ᠂ ᠢᠯᠡ ᠲᠤᠳᠤ ᠥᠢᠯᠡᠴᠢᠯᠡᠭᠡᠨ ᠢ ᠬᠡᠷᠡᠭᠵᠢᠬᠦᠯᠵᠦ᠂ ᠳᠥᠷᠢᠮ ᠤᠨ ᠴᠢᠨᠠᠷᠳᠠᠢ ᠠᠷᠠᠯᠵᠢᠶ᠎ᠠ ᠶᠢᠨ | ᠦᠪᠡᠷ ᠤᠨ ᠦᠷᠲᠡᠭ ᠢ ᠪᠠᠭᠤᠷᠠᠭᠤᠯᠤᠨ᠂ ᠬᠤᠳᠠᠯᠳᠤᠭ᠎ᠠ ᠡᠵᠡᠩᠨᠡᠬᠦ ᠤᠷᠴᠢᠨ ᠲᠤᠭᠤᠷᠢᠨ ᠢ ᠰᠠᠶᠢᠵᠢᠷᠠᠭᠤᠯᠵᠤ᠂ | ᠰᠥᠯᠵᠢᠶ᠎ᠡ ᠶᠢᠨ ᠡᠬᠢ ᠪᠠᠶᠠᠯᠢᠭ᠂ ᠬᠡᠷᠡᠭᠯᠡᠯᠲᠡ ᠶᠢᠨ ᠲᠠᠪᠴᠠᠩ᠂ ᠮᠡᠷᠭᠡᠵᠢᠯ ᠤᠨ ᠬᠥᠴᠥᠨ ᠵᠡᠷᠭᠡ ᠪᠦᠲᠥᠭᠡᠨ | ᠪᠠᠶᠢᠭᠤᠯᠤᠯᠲᠠ ᠶᠢᠨ ᠬᠦᠴᠥᠨ ᠵᠦᠢᠯ ᠢ ᠨᠢᠭᠡᠲᠥᠯᠲᠡᠢ ᠲᠥᠯᠥᠪᠵᠢᠭᠦᠯᠥᠨ᠂ ᠡᠬᠢ ᠪᠠᠶᠠᠯᠢᠭ ᠤᠨ ᠲᠤᠬᠢᠷᠠᠭᠤᠯᠤᠯᠲᠠ ᠶᠢ | ᠬᠠᠮᠤᠭ ᠤᠨ ᠶᠡᠭᠡ ᠬᠡᠮᠵᠢᠶ᠎ᠡ ᠪᠠᠷ ᠰᠢᠯᠢᠳᠡᠭᠵᠢᠭᠦᠯᠵᠤ᠂ ᠬᠠᠮᠤᠭ ᠤᠨ ᠶᠡᠭᠡ ᠬᠡᠮᠵᠢᠶ᠎ᠡ ᠪᠠᠷ ᠠᠵᠤ ᠠᠬᠤᠶᠢᠯᠠᠯ ᠳᠤ ᠠᠰᠢᠭ | ᠭᠥᠷᠲᠡᠭᠡᠨ ᠠᠷᠠᠳ ᠲᠤ ᠳᠦᠭᠦᠮ ᠦᠵᠡᠭᠦᠯᠵᠦ᠂ ᠠᠵᠤ ᠠᠬᠤᠶᠢᠯᠠᠯ ᠪᠡ ᠤᠯᠠᠨ ᠲᠥᠮᠡᠨ ᠢ ᠲᠤᠲᠠᠭᠤ ᠵᠦᠳᠡᠬᠡᠬᠦ᠂ | ᠠᠵᠢᠯ ᠬᠡᠷᠡᠭ ᠢ ᠨᠢ ᠰᠠᠶᠢᠳᠤᠷ ᠰᠶᠢᠳᠪᠦᠷᠢᠯᠡᠨ ᠦᠭᠴᠤ᠂ ᠬᠠᠷᠰᠢ ᠰᠠᠭᠠᠳ ᠤᠴᠠᠷᠠᠭᠤᠯᠬᠤ ᠥᠭᠡᠢ ᠪᠠᠶᠢᠯᠭᠠᠨ᠂ ︽ | ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾ ᠶᠢᠨ ᠥᠷ᠎ᠡ ᠪᠦᠲᠥᠭᠡᠯ ᠢ ᠬᠠᠮᠳᠤᠪᠡᠷ ᠭᠦᠷᠳᠡᠵᠦ᠂ | ᠤᠬᠠᠭᠠᠯᠢᠭ ᠥᠪᠥᠷ ᠮᠤᠩᠭᠤᠯ ᠤᠨ ᠪᠦᠳᠦᠬᠡᠨ ᠪᠠᠶᠢᠭᠤᠯᠤᠯᠲᠠ ᠶᠢ ᠬᠥᠴᠥᠯᠡᠨ ᠠᠬᠢᠭᠤᠯᠵᠦ᠂ ᠬᠠᠤᠯᠢ ᠪᠠᠷ ᠵᠠᠰᠠᠬᠤ | ᠵᠠᠰᠠᠭ ᠤᠨ ᠤᠷᠳᠤᠨ᠂ ᠰᠢᠨ᠎ᠡ ᠶᠢ ᠡᠭᠦᠳᠬᠦ ᠵᠠᠰᠠᠭ ᠤᠨ ᠤᠷᠳᠤᠨ᠂ ᠠᠷᠢᠭᠤᠨ ᠴᠢᠭᠡᠴᠢ ᠵᠠᠰᠠᠭ ᠤᠨ ᠤᠷᠳᠤᠨ ᠪᠠ | ᠥᠢᠯᠡᠴᠢᠯᠡᠭᠡᠨ ᠤ ᠬᠡᠯᠪᠡᠷᠢ ᠶᠢᠨ ᠵᠠᠰᠠᠭ ᠤᠨ ᠤᠷᠳᠤᠨ ᠤ ᠪᠠᠶᠢᠭᠤᠯᠤᠯᠲᠠ ᠶᠢ ᠪᠥᠲᠥᠮᠵᠢᠲᠡᠢ ᠪᠠᠷ ᠠᠬᠢᠭᠤᠯᠤᠨ᠎ᠠ᠃ | ︵ᠬᠤᠶᠠᠷ︶ ᠥᠨᠳᠥᠰᠥᠨ ᠵᠠᠷᠴᠢᠮ᠃ | — ᠦᠵᠦ ᠵᠢᠷᠤᠭ ᠲᠦᠯᠦᠪᠯᠡᠭᠡ ᠬᠢᠵᠦ᠂ ᠨᠢᠬᠡᠳᠬᠡᠬᠦ ᠪᠠ ᠰᠠᠯᠭᠠᠬᠤ ᠶᠢ ᠤᠶᠠᠯᠳᠤᠭᠤᠯᠤᠨ᠎ᠠ᠃ ︽ᠢᠨᠲ᠋ᠧᠷ | ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾ ᠶᠢ ᠠᠬᠢᠭᠤᠯᠬᠤ ᠲᠤᠬᠠᠢ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠶᠡᠷᠥᠩᠬᠡᠢ ᠪᠠᠶᠢᠷᠢᠯᠠᠭᠤᠯᠤᠯᠲᠠ ᠶᠢᠨ ᠱᠠᠭᠠᠷᠳᠠᠯᠭ᠎ᠠ ᠶᠤᠰᠤᠭᠠᠷ᠂ ︽ᠪᠠᠭᠤᠯᠭᠠᠬᠤ ᠬᠠᠮᠢᠶᠠᠷᠬᠤ | ᠥᠢᠯᠡᠴᠢᠯᠡᠬᠦ︾ ᠥᠭᠡᠷᠡᠴᠢᠯᠡᠯᠲᠠ ᠶᠢᠨ ᠡᠯ᠎ᠡ ᠵᠥᠢᠯ ᠤᠨ ᠡᠭᠦᠷᠭᠡ ᠯᠦᠭᠡ ᠤᠶᠠᠯᠳᠤᠭᠤᠯᠤᠨ᠂ ᠵᠠᠰᠠᠭ ᠤᠨ | ᠶᠠᠪᠤᠳᠠᠯ ᠤᠨ ᠥᠢᠯᠡᠴᠢᠯᠡᠭᠡᠨ ᠤ ᠬᠡᠷᠡᠭᠴᠡᠭᠡ ᠱᠠᠭᠠᠷᠳᠠᠯᠭ᠎ᠠ ᠪᠠ ᠡᠯᠧᠺᠲᠷᠣᠨ ᠵᠠᠰᠠᠭ ᠤᠨ ᠶᠠᠪᠤᠳᠠᠯ ᠤᠨ | ᠭᠥᠭᠵᠢᠯᠲᠡ ᠶᠢᠨ ᠲᠣᠭᠤᠷᠢᠨ ᠳᠤ ᠪᠠᠶᠢᠷᠢᠰᠢᠭᠤᠯᠤᠯᠲᠠ ᠬᠢᠵᠦ᠂ ᠪᠠᠶᠢᠯᠳᠤᠬᠤ ᠪᠤᠳᠤᠯᠭ᠎ᠠ᠂ ᠲᠤᠬᠠᠶᠢᠯᠠᠭᠰᠠᠨ ᠠᠵᠢᠯ | ᠪᠠ ᠵᠤᠬᠢᠶᠠᠨ ᠪᠠᠶᠢᠭᠤᠯᠤᠯᠲᠠ ᠶᠢᠨ ᠲᠠᠯ᠎ᠠ ᠪᠠᠷ ᠵᠠᠰᠠᠭ ᠤᠨ ᠶᠠᠪᠤᠳᠠᠯ ᠤᠨ ᠡᠬᠢ ᠪᠠᠶᠠᠯᠢᠭ ᠢ ᠳᠠᠬᠢᠨ ᠪᠠᠶᠢᠭᠤᠯᠤᠨ᠎ᠠ᠃ | ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ︽ᠢᠨᠲ᠋ᠧᠷ ᠰᠥᠯᠵᠢᠶ᠎ᠡ + ᠵᠠᠰᠠᠭ ᠤᠨ | ᠶᠠᠪᠤᠳᠠᠯ ᠤᠨ ᠥᠢᠯᠡᠴᠢᠯᠡᠭᠡ︾ ᠶᠢᠨ ᠮᠡᠷᠭᠡᠵᠢᠯ ᠤᠨ ᠰᠢᠰᠲ᠋ᠧᠮᠵᠢ ᠶᠢᠨ ᠪᠠᠶᠢᠭᠤᠯᠤᠯᠲᠠ ᠶᠢᠨ ᠵᠥᠭᠯᠡᠭᠦᠷ ᠢ | ᠥᠨᠳᠥᠰᠥᠯᠡᠨ᠂ ᠪᠥᠬᠦ ᠤᠷᠤᠨ ᠤ ᠡᠯᠧᠺᠲᠷᠣᠨ ᠵᠠᠰᠠᠭ ᠤᠨ ᠶᠠᠪᠤᠳᠠᠯ ᠢ ︽ᠪᠦᠭᠦᠨ ᠢᠶᠠᠷ ᠢᠶᠠᠨ ᠵᠤᠬᠢᠴᠠᠯᠳᠤᠨ | ᠦᠢᠯᠡᠴᠢᠯᠡᠬᠦ︾᠂ ᠲᠤᠬᠠᠢ ᠶᠢᠨ ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠬᠤ ᠱᠠᠭᠠᠷᠳᠠᠯᠭ᠎ᠠ ᠪᠠᠷ ᠡᠯ᠎ᠡ ᠠᠶᠢᠮᠠᠭ | ᠬᠤᠲᠠ᠂ ᠡᠯ᠎ᠡ ᠰᠠᠯᠠᠭ᠎ᠠ ᠮᠥᠴᠢᠷ ᠨᠢ ᠨᠢᠭᠡᠳᠥᠯᠲᠡᠢ ᠵᠢᠷᠤᠭ ᠲᠦᠯᠦᠪᠯᠡᠭᠡ ᠪᠠ ᠪᠠᠷᠢᠮᠵᠢᠶ᠎ᠠ ᠶᠣᠰᠤᠭᠠᠷ ᠱᠠᠳᠤ ᠪᠠ | ᠳᠠᠪᠬᠤᠷᠭ᠎ᠠ ᠬᠤᠪᠢᠶᠠᠨ ᠬᠡᠷᠡᠭᠵᠢᠬᠦᠯᠵᠦ᠂ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠯᠳᠡ᠂ ᠡᠯᠧᠺᠲᠷᠣᠨ ᠬᠢᠨᠠᠨ | ᠪᠠᠶᠢᠴᠠᠭᠠᠯᠳᠠ᠂ ᠠᠷᠠᠳ ᠲᠤ ᠳᠥᠭᠦᠮ ᠥᠵᠡᠭᠦᠯᠬᠦ ᠥᠢᠯᠡᠴᠢᠯᠡᠭᠡ᠂ ᠵᠠᠭᠤᠴᠢ ᠥᠢᠯᠡᠴᠢᠯᠡᠭᠡ ᠵᠡᠷᠭᠡ ᠵᠠᠰᠠᠭ ᠤᠨ | ᠶᠠᠪᠤᠳᠠᠯ ᠤᠨ ᠥᠢᠯᠡᠴᠢᠯᠡᠭᠡᠨ ᠤ ᠵᠦᠢᠯᠡᠰ ᠤᠨ ᠰᠥᠯᠵᠢᠶ᠎ᠡ ᠪᠠᠷ ᠭᠥᠢᠴᠡᠳᠬᠡᠭᠦ ᠨᠡᠪᠲᠡᠷᠡᠯ ᠵᠠᠮ ᠪᠠ ᠠᠵᠢᠯᠯᠠᠭᠠᠨ ᠤ | ᠳ᠋ᠠᠶᠢᠲ᠋ᠠ ᠶᠢ ᠱᠠᠲᠦ ᠳᠠᠷᠠᠭᠠᠯᠠᠨ ᠵᠠᠯᠭᠠᠵᠦ ᠣᠷᠣᠭᠤᠯᠤᠨ᠂ ᠪᠥᠬᠦ ᠤᠷᠤᠨ ᠢᠶᠠᠷ ᠢᠶᠠᠨ ︽ᠨᠢᠭᠡ ᠰᠦᠯᠵᠢᠶ᠎ᠡ︾ ᠪᠠᠷ | ᠬᠤᠯᠪᠤᠭᠠᠯᠠᠨ ᠭᠦᠳᠡᠯᠦᠯᠴᠡᠬᠦ ᠠᠵᠢᠯᠯᠠᠭᠠᠨ ᠢ ᠠᠬᠢᠭᠤᠯᠤᠨ᠎ᠠ᠃ | — ᠠᠰᠠᠭᠤᠳᠠᠯ ᠢᠶᠠᠷ ᠤᠳᠤᠷᠢᠳᠤᠮᠵᠢ ᠪᠤᠯᠭᠠᠵᠦ᠂ ᠠᠯᠬᠤᠮ ᠬᠤᠪᠢᠶᠠᠨ ᠠᠬᠢᠭᠤᠯᠤᠨ᠎ᠠ᠃ ᠵᠠᠰᠠᠭ ᠤᠨ | ᠶᠠᠪᠤᠳᠠᠯ ᠤᠨ ᠥᠢᠯᠡᠴᠢᠯᠡᠭᠡᠨ ᠳᠠᠬᠢ ᠭᠠᠵᠠᠷ ᠤᠷᠤᠨ ᠠᠯᠤᠰᠯᠠᠭᠰᠠᠨ᠂ ᠰᠠᠯᠠᠭ᠎ᠠ ᠮᠥᠴᠢᠷ ᠠᠯᠤᠰᠯᠠᠭᠰᠠᠨ᠂ ᠬᠥᠷᠢᠶ᠎ᠡ | ᠴᠠᠷᠠᠭ᠎ᠠ ᠠᠯᠤᠰᠯᠠᠭᠰᠠᠨ ᠰᠠᠭᠤᠷᠢ ᠴᠢᠨᠠᠷᠲᠠᠢ᠂ ᠨᠡᠶᠢᠳᠡᠮ ᠤᠨ ᠴᠢᠨᠠᠷᠲᠠᠢ᠂ ᠪᠥᠬᠦ ᠲᠠᠯ᠎ᠠ ᠶᠢᠨ ᠴᠢᠨᠠᠷᠲᠠᠢ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠥᠨ᠎ᠡ᠃ ᠠᠵᠤ ᠠᠬᠤᠶᠢᠯᠠᠯ ᠪᠠ ᠤᠯᠠᠨ ᠨᠡᠶᠢᠲᠡ ᠶᠢᠨ ᠪᠤᠳᠠᠲᠠᠢ | ᠬᠡᠷᠡᠭᠴᠡᠭᠡ ᠱᠠᠭᠠᠷᠳᠠᠯᠭ᠎ᠠ ᠶᠢᠨ ᠲᠤᠭᠤᠷᠢᠨ ᠳᠤ᠂ ᠠᠷᠠᠳ ᠤᠯᠠᠨ ᠤ ᠲᠤᠰᠬᠠᠯ ᠴᠢᠩᠭ᠎ᠠ ᠪᠠᠶᠢᠭ᠎ᠠ ᠠᠵᠢᠯ ᠶᠠᠪᠤᠳᠠᠯ ᠢ | ᠭᠦᠢᠴᠡᠳᠬᠡᠬᠦ ᠨᠢ ᠭᠦᠴᠢᠷᠳᠡᠢ ᠪᠠᠶᠢᠬᠤ᠂ ᠠᠵᠢᠯ ᠶᠠᠪᠤᠳᠠᠯ ᠢ ᠭᠦᠢᠴᠡᠳᠬᠡᠬᠦ ᠨᠢ ᠤᠳᠠᠭᠠᠨ ᠪᠠᠶᠢᠬᠤ᠂ ᠠᠵᠢᠯ | ᠶᠠᠪᠤᠳᠠᠯ ᠢ ᠭᠦᠢᠴᠡᠳᠬᠡᠬᠦ ᠨᠢ ᠶᠠᠷᠰᠢᠭ ᠲᠠᠢ ᠪᠠᠶᠢᠬᠤ ᠵᠡᠷᠭᠡ ᠠᠰᠠᠭᠤᠳᠠᠯ ᠢ ᠰᠢᠢᠳᠪᠥᠷᠢᠯᠡᠬᠦ ᠠᠴᠠ ᠭᠠᠷᠳᠠᠨ᠂ ᠠᠵᠢᠯ | ᠶᠠᠪᠤᠳᠠᠯ ᠢ ᠭᠦᠢᠴᠡᠳᠬᠡᠬᠦ ᠴᠤᠪᠤᠷᠠᠯ ᠢ ᠲᠥᠭᠦᠮᠴᠢᠯᠡᠨ ᠰᠢᠯᠢᠳᠡᠭᠵᠢᠭᠦᠯᠵᠥ᠂ ᠰᠦᠯᠵᠢᠶᠡᠨ ᠲᠡᠬᠡᠷᠡᠬᠢ ᠪᠡ | ᠰᠦᠯᠵᠢᠶᠡᠨ ᠤ ᠭᠠᠳᠠᠭᠤᠷᠬᠢ ᠠᠭᠤᠰᠤᠯᠴᠠᠯ ᠢ ᠠᠬᠢᠭᠤᠯᠵᠦ᠂ ᠵᠠᠮ ᠮᠦᠷ ᠤᠯᠠᠨ ᠶᠠᠩᠵᠤ ᠶᠢᠨ ᠪᠠ ᠳᠥᠭᠦᠮ ᠲᠦᠳᠡ | ᠬᠡᠷᠡᠭᠯᠡᠬᠦ ᠳᠤ ᠬᠢᠯᠪᠠᠷ ᠵᠠᠰᠠᠭ ᠤᠨ ᠶᠠᠪᠤᠳᠠᠯ ᠤᠨ ᠥᠢᠯᠡᠴᠢᠯᠡᠭᠡ ᠬᠠᠩᠭᠠᠨ᠎ᠠ᠃ ᠦᠢᠯᠡᠴᠢᠯᠡᠬᠦᠯᠬᠦ ᠡᠲᠡᠭᠡᠳ ᠢᠶᠠᠷ | ᠭᠤᠤᠯ ᠪᠤᠯᠭᠠᠨ᠂ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠵᠢᠷᠤᠭ ᠲᠦᠯᠦᠪᠯᠡᠭᠡ ᠶᠢ ᠰᠢᠯᠢᠳᠡᠭᠵᠢᠭᠦᠯᠵᠤ᠂ | ᠠᠵᠢᠯ ᠤᠨ ᠲᠤᠭᠲᠠᠴᠠ ᠶᠢ ᠲᠡᠭᠦᠯᠳᠡᠷᠵᠢᠭᠦᠯᠥᠨ᠂ ᠮᠡᠳᠡᠭᠡ ᠵᠠᠩᠬᠢ ᠶᠢᠨ ᠬᠤᠷᠢᠭ᠎ᠠ ᠶᠢ ᠨᠡᠪᠲᠡᠷᠡᠭᠦᠯᠵᠤ᠂ ᠨᠢᠬᠡ ᠨᠢ | ᠨᠦᠭᠦᠴᠡᠯ ᠪᠦᠷᠢᠯᠳᠦᠬᠦᠯᠪᠡᠯ᠂ ᠲᠡᠭᠦᠨ ᠢ ᠨᠢ ᠲᠠᠨᠢᠯᠴᠠᠭᠤᠯᠤᠨ ᠭᠠᠷᠭᠠᠵᠦ ᠬᠡᠷᠡᠭᠵᠢᠭᠦᠯᠦᠨ᠎ᠡ᠃ | — ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠬᠠᠮᠲᠤᠪᠠᠷ ᠭᠦᠷᠳᠡᠵᠦ ᠬᠠᠮᠵᠢᠯᠴᠠᠨ᠎ᠠ᠃ ᠨᠢᠭᠡᠨᠲᠠ | ᠪᠠᠶᠢᠭ᠎ᠠ ᠡᠬᠢ ᠪᠠᠶᠠᠯᠢᠭ ᠤᠨ ᠪᠡᠯᠡᠳᠭᠡᠮᠵᠢ ᠶᠢ ᠭᠥᠢᠴᠡᠳ ᠠᠰᠢᠭᠯᠠᠨ᠂ ᠡᠷᠴᠢᠮᠵᠢᠭᠦᠯᠥᠨ ᠪᠦᠲᠥᠭᠡᠨ ᠪᠠᠶᠢᠭᠤᠯᠬᠤ ᠶᠢ | ᠴᠢᠩᠭᠠᠳᠬᠠᠵᠦ᠂ ᠤᠤᠯ ᠤᠨ ᠪᠠᠶᠢᠨᠨᠰᠠᠨ ᠮᠡᠳᠡᠭᠡ ᠵᠠᠩᠬᠢᠵᠢᠨᠨᠰᠠᠨ ᠡᠬᠢ ᠪᠠᠶᠠᠯᠢᠭ ᠢ ᠡᠮᠬᠢᠯᠡᠨ ᠨᠡᠶᠢᠯᠡᠬᠦᠯᠵᠦ | ᠰᠢᠯᠢᠳᠡᠭᠵᠢᠬᠦᠯᠦᠨ᠂ ᠨᠢᠭᠡᠨᠲᠠ ᠪᠠᠶᠢᠭ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠠᠪᠴᠠᠩ ᠤᠨ ᠴᠢᠳᠠᠮᠵᠢ ᠶᠢ | ᠦᠷᠬᠡᠳᠬᠡᠵᠦ᠂ ᠤᠷᠳᠤᠳᠬᠠᠵᠦ᠂ ᠲᠡᠭᠦᠯᠳᠡᠷᠵᠢᠭᠦᠯᠵᠤ᠂ ᠪᠠᠶᠢᠷᠢ ᠶᠢ ᠨᠢ ᠨᠥᠬᠦᠪᠥᠷᠢᠯᠡᠭᠦ ᠠᠴᠠ ᠪᠢᠰᠢ | ᠪᠠᠶᠢᠷᠢ ᠠᠴᠠ ᠨᠢ ᠳᠠᠪᠠᠭᠤᠯᠬᠤ ᠥᠭᠡᠢ ᠪᠠᠶᠢᠯᠭᠠᠵᠦ᠂ ᠳᠠᠪᠬᠤᠷᠳᠠᠭᠤᠯᠤᠨ ᠪᠠᠶᠢᠭᠤᠯᠬᠤ ᠠᠴᠠ ᠵᠠᠶᠢᠯᠠᠰᠬᠢᠨ᠂ ᠪᠥᠬᠦ | ᠤᠷᠤᠨ ᠤ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ ᠨᠢᠭᠡᠲᠥᠯᠲᠡᠢ ᠲᠠᠪᠴᠠᠩ ᠢ ᠠᠯᠬᠤᠮ ᠠᠯᠬᠤᠮ ᠢᠶᠠᠷ | ᠪᠠᠶᠢᠭᠤᠯᠤᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠥᠢᠯᠡᠴᠢᠯᠡᠭᠡᠨ ᠤ | ᠡᠬᠢ ᠪᠠᠶᠠᠯᠢᠭ ᠪᠠ ᠮᠡᠳᠡᠭᠡ ᠵᠠᠩᠬᠢ ᠶᠢᠨ ᠰᠢᠰᠲ᠋ᠧᠮ ᠤᠨ ᠠᠵᠢᠯ ᠲᠦᠷᠦᠯ ᠪᠠ ᠭᠠᠵᠠᠷ ᠤᠷᠤᠨ ᠤ ᠲᠤᠰᠠᠭᠠᠷᠯᠬᠠᠰᠠᠨ | ᠪᠠᠶᠢᠳᠠᠯ ᠢ ᠡᠪᠳᠡᠨ᠂ ᠬᠠᠮᠵᠢᠯᠴᠠᠨ ᠲᠤᠬᠢᠷᠠᠯᠴᠠᠬᠤ ᠪᠡ ᠠᠵᠢᠯ ᠤᠨ ᠬᠤᠯᠪᠤᠭᠠᠯᠠᠨ ᠭᠦᠳᠡᠯᠦᠯᠴᠡᠬᠦ ᠶᠢ ᠴᠢᠩᠭᠠᠳᠬᠠᠵᠤ᠂ | ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠤᠳᠤᠷᠬᠠᠶᠢᠯᠠᠨ᠂ ᠭᠠᠵᠠᠷ ᠤᠷᠤᠨ ᠠᠯᠤᠰᠯᠠᠨ᠂ ᠲᠡᠰ ᠱᠠᠲᠦ | ᠠᠯᠤᠰᠯᠠᠨ᠂ ᠰᠠᠯᠠᠭ᠎ᠠ ᠮᠥᠴᠢᠷ ᠠᠯᠤᠰᠯᠠᠨ ᠪᠥᠬᠦᠯᠢ ᠴᠤᠭᠴᠠ ᠪᠠᠷ ᠨᠢ ᠠᠬᠢᠭᠤᠯᠬᠤ ᠶᠢ ᠪᠡᠶᠡᠯᠡᠭᠦᠯᠵᠤ᠂ ᠮᠡᠳᠡᠭᠡ | ᠵᠠᠩᠬᠢ ᠶᠢ ᠬᠠᠮᠲᠤᠪᠠᠷ ᠭᠦᠷᠳᠡᠬᠦ ᠪᠠ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ ᠠᠬᠢᠭᠤᠯᠤᠨ᠂ | ᠵᠠᠰᠠᠭ ᠤᠨ ᠶᠠᠪᠤᠳᠠᠯ ᠤᠨ ᠥᠢᠯᠡᠴᠢᠯᠡᠭᠡ ᠶᠢᠨ ᠳ᠋ᠠᠶᠢᠲ᠋ᠠ ᠶᠢᠨ ᠬᠤᠷᠢᠶᠠᠨ ᠴᠤᠨᠨᠯᠠᠭᠤᠯᠬᠤ ᠪᠠ ᠬᠠᠮᠲᠤᠪᠡᠷ ᠭᠦᠷᠳᠡᠬᠦ ᠶᠢ | ᠪᠠᠶᠠᠯᠠᠭᠦᠯᠥᠨᠡ᠃ ᠳᠥᠷᠢᠮ ᠤᠨ ᠵᠣᠯᠭᠠᠭᠤᠯᠭ᠎ᠠ ᠶᠢ ᠰᠠᠶᠢᠲᠤᠷ ᠬᠢᠵᠤ᠂ ︽ᠢᠨᠲ᠋ᠧᠷ ᠰᠥᠯᠵᠢᠶ᠎ᠡ + ᠵᠠᠰᠠᠭ ᠤᠨ | ᠶᠠᠪᠤᠳᠠᠯ ᠤᠨ ᠥᠢᠯᠡᠴᠢᠯᠡᠭᠡ︾ ᠳᠤ ᠳᠥᠷᠢᠮ ᠪᠠ ᠲᠣᠭᠲᠠᠴᠠ ᠶᠢᠨ ᠪᠠᠲᠤᠯᠠᠭ᠎ᠠ ᠬᠠᠩᠭᠠᠨ᠎ᠠ᠃ | — ᠥᠢᠯᠡᠴᠢᠯᠡᠭᠡ ᠪᠠᠷ ᠬᠦᠳᠡᠯᠭᠡᠭᠦᠷ ᠪᠤᠯᠭᠠᠵᠦ᠂ ᠨᠡᠭᠡᠭᠡᠯᠲᠡ ᠬᠢᠵᠦ ᠰᠢᠨ᠎ᠡ ᠶᠢ ᠡᠭᠦᠳᠥᠨ᠎ᠡ᠃ ᠤᠷᠢᠳᠠᠪᠠᠷ | ᠬᠡᠷᠡᠭᠵᠢᠬᠦᠯᠵᠦ ᠤᠷᠢᠳᠡᠪᠡᠷ ᠲᠤᠷᠰᠢᠬᠤ ᠶᠢ ᠵᠤᠷᠢᠬᠵᠢᠭᠤᠯᠤᠨ᠂ ᠰᠢᠨ᠎ᠡ ᠨᠢᠬᠡ ᠥᠶ᠎ᠡ ᠶᠢᠨ ᠮᠡᠳᠡᠭᠡ ᠵᠠᠩᠬᠢ ᠶᠢᠨ | ᠮᠡᠷᠭᠡᠵᠢᠯ ᠤᠨ ᠳᠠᠯᠳᠠ ᠬᠥᠴᠥᠨ ᠢ ᠪᠠᠳᠠᠷᠠᠭᠤᠯᠵᠤ᠂ ᠢᠨᠲ᠋ᠧᠷ ᠰᠥᠯᠵᠢᠶ᠎ᠡ᠂ ᠲᠤᠮᠤ ᠳ᠋ᠠᠶᠢᠲ᠋ᠠ ᠶᠢᠨ ᠰᠡᠳᠬᠢᠭᠦᠢ ᠶᠢ | ᠬᠡᠷᠡᠭᠯᠡᠨ᠂ ᠥᠢᠯᠡᠴᠢᠯᠡᠭᠡ ᠶᠢᠨ ᠵᠠᠭᠪᠤᠷ ᠲᠤ ᠰᠢᠨ᠎ᠡ ᠶᠢ ᠡᠭᠦᠳᠴᠦ᠂ ᠥᠢᠯᠡᠴᠢᠯᠡᠭᠡ ᠶᠢᠨ ᠵᠠᠮ ᠮᠦᠷ ᠢ ᠦᠷᠬᠡᠳᠬᠡᠨ᠂ | ᠥᠢᠯᠡᠴᠢᠯᠡᠭᠡ ᠶᠢᠨ ᠡᠬᠢ ᠪᠠᠶᠠᠯᠢᠭ ᠢ ᠴᠢᠯᠥᠭᠡᠲᠡᠢ ᠲᠠᠯᠪᠢᠵᠦ᠂ ᠰᠢᠨ᠎ᠡ ᠬᠡᠯᠪᠡᠷᠢ ᠶᠢᠨ ᠤᠬᠠᠭᠠᠯᠢᠭ ᠬᠤᠲᠠ ᠶᠢᠨ | ᠪᠦᠳᠦᠬᠡᠨ ᠪᠠᠶᠢᠭᠤᠯᠤᠯᠲᠠ ᠶᠢ ᠱᠠᠳᠤ ᠲᠥᠷᠥᠯ ᠬᠤᠪᠢᠶᠠᠨ ᠠᠬᠢᠭᠤᠯᠤᠨ᠎ᠠ᠃ ᠤᠯᠠᠨ ᠲᠥᠮᠡᠨ ᠤ ᠬᠡᠷᠡᠭᠴᠡᠭᠡ | ᠱᠠᠭᠠᠷᠳᠠᠯᠭ᠎ᠠ ᠪᠠᠷ ᠡᠭᠦᠰᠦᠴᠡ ᠪᠤᠯᠭᠠᠨ᠂ ᠮᠡᠷᠭᠡᠵᠢᠯ ᠤᠨ ᠰᠢᠨ᠎ᠡ ᠶᠢ ᠡᠭᠦᠳᠬᠦ᠂ ᠳ᠋ᠠᠶᠢᠲ᠋ᠠ ᠶᠢ ᠴᠢᠯᠥᠭᠡᠲᠡᠢ | ᠪᠠᠶᠢᠯᠭᠠᠬᠤ ᠪᠠᠷ ᠭᠦᠴᠦᠯᠡᠴᠡ ᠪᠤᠯᠭᠠᠵᠤ᠂ ᠵᠠᠰᠠᠭ ᠤᠨ ᠤᠷᠳᠤᠨ ᠬᠢᠭᠡᠳ ᠨᠡᠶᠢᠭᠡᠮ ᠤᠨ ᠬᠥᠴᠥᠨ ᠢ ᠭᠥᠢᠴᠡᠳ | ᠠᠰᠢᠭᠯᠠᠨ᠂ ᠦᠵᠦ ᠵᠢᠷᠤᠭ ᠲᠦᠯᠦᠪᠯᠡᠭᠡ ᠪᠠ ᠤᠷᠤᠨ ᠨᠤᠲᠤᠭ ᠤᠨ ᠥᠢᠯᠡᠳᠥᠯᠭᠡ ᠶᠢᠨ ᠬᠠᠮᠳᠤᠷᠠᠯᠴᠠᠨ | ᠭᠥᠳᠡᠯᠥᠯᠴᠡᠭᠦ ᠶᠢ ᠪᠦᠷᠢᠯᠳᠦᠬᠦᠯᠵᠦ᠂ ᠤᠷᠢᠳᠠᠪᠠᠷ ᠬᠡᠷᠡᠭᠵᠢᠬᠦᠯᠬᠦ ᠬᠢᠬᠡᠳ ᠲᠠᠪᠴᠠᠩ ᠢᠶᠠᠷ ᠲᠤᠯᠭᠠᠭᠤᠷᠢᠯᠠᠬᠤ ᠶᠢ | ᠬᠠᠷᠢᠯᠴᠠᠨ ᠨᠦᠬᠦᠪᠥᠷᠢᠯᠡᠭᠰᠡᠨ᠂ ᠵᠠᠰᠠᠭ ᠤᠨ ᠤᠷᠳᠤᠨ ᠢᠶᠠᠷ ᠭᠤᠣᠯᠯᠠᠭᠤᠯᠤᠭᠰᠠᠨ ᠬᠢᠬᠡᠳ ᠨᠠᠶᠢᠭᠡᠮ ᠤᠨ ᠬᠢᠨ ᠤ | ᠤᠷᠤᠯᠴᠠᠬᠰᠠᠨ ᠨᠡᠭᠡᠭᠡᠯᠲᠡ ᠲᠠᠢ᠂ ᠬᠠᠮᠲᠤᠪᠠᠷ ᠭᠦᠷᠳᠡᠬᠦ ᠪᠠᠶᠢᠭᠤᠯᠤᠯᠲᠠ ᠶᠢᠨ ᠲᠥᠯᠥᠪ ᠪᠠᠶᠢᠳᠠᠯ ᠢ ᠵᠢᠷᠤᠮᠵᠢᠭᠤᠯᠤᠨ᠎ᠠ᠃ | ︵ᠭᠤᠷᠪᠠ︶ ᠠᠵᠢᠯ ᠤᠨ ᠬᠠᠷᠠᠯᠲᠠ᠃ | 2017 ᠤᠨ ᠤ ᠰᠡᠭᠦᠯᠴᠢ ᠠᠴᠠ ᠡᠮᠥᠨ᠎ᠡ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠠᠪᠴᠠᠩ ᠪᠠ ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠰᠢᠰᠲ᠋ᠧᠮ ᠤᠨ ᠠᠵᠢᠯᠯᠠᠬᠤ ᠲᠤᠬᠠᠶᠢᠯᠠᠭᠰᠠᠨ ᠠᠵᠢᠯ ᠤᠨ ᠲᠠᠪᠴᠠᠩ ᠢ ᠥᠨᠳᠥᠰᠥᠨ ᠳᠡᠭᠡᠨ ᠪᠠᠶᠢᠭᠤᠯᠵᠤ᠂ | ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠵᠥᠢᠯᠡᠰ ᠢ ᠪᠥᠬᠦ | ᠲᠠᠯ᠎ᠠ ᠪᠠᠷ ᠢᠯᠡ ᠪᠤᠯᠭᠠᠨ᠂ ᠵᠠᠰᠠᠭ ᠤᠨ ᠶᠠᠪᠤᠳᠠᠯ ᠤᠨ ᠭᠤᠤᠯ ᠪᠤᠯᠬᠤ ᠠᠵᠢᠯᠯᠠᠬᠤ ᠲᠤᠬᠠᠶᠢᠯᠠᠭᠰᠠᠨ ᠠᠵᠢᠯ ᠢ | ᠨᠠᠶᠢᠳᠡᠮ ᠳᠤᠨᠢ ᠬᠠᠮᠵᠢᠯᠴᠠᠭᠤᠯᠵᠦ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠪᠠ ᠵᠠᠰᠠᠭ ᠤᠨ ᠶᠠᠪᠤᠳᠠᠯ ᠤᠨ | ᠠᠵᠢᠯᠯᠠᠬᠤ ᠶᠢᠨ ᠪᠠᠷᠢᠮᠵᠢᠶᠠᠵᠢᠭᠤᠯᠤᠯᠲᠠ᠂ ᠰᠦᠯᠵᠢᠶᠡᠵᠢᠭᠦᠯᠥᠯᠲᠡ ᠶᠢᠨ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ | ᠳᠡᠭᠡᠭᠰᠢᠯᠡᠭᠦᠯᠥᠨ᠎ᠡ᠃ 2018 ᠤᠨ ᠤ ᠰᠡᠭᠦᠯᠴᠢ ᠠᠴᠠ ᠡᠮᠥᠨ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠬᠦ ᠪᠠ | ᠵᠠᠰᠠᠭ ᠤᠨ ᠶᠠᠪᠤᠳᠠᠯ ᠤᠨ ᠠᠵᠢᠯᠯᠠᠬᠤ ᠳᠤ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ | ᠬᠤᠲᠠ᠂ ᠲᠤᠭᠤᠷᠢᠭ︶ ᠭᠤᠷᠪᠠᠨ ᠱᠠᠲᠦ ᠪᠠᠷ ᠬᠤᠯᠪᠤᠭᠠᠯᠠᠨ ᠭᠦᠳᠡᠯᠦᠯᠴᠡᠬᠦ ᠠᠵᠢᠯᠯᠠᠭᠠᠨ ᠢ ᠪᠡᠶᠡᠯᠡᠬᠦᠯᠵᠦ᠂ | ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠥᠪ ᠢ | ᠥᠨᠳᠥᠰᠥᠨ ᠳᠡᠭᠡᠨ ᠪᠠᠶᠢᠭᠤᠯᠤᠨ᠎ᠠ᠃ 2020 ᠤᠨ ᠤ ᠰᠡᠭᠦᠯᠴᠢ ᠠᠴᠠ ᠡᠮᠥᠨ᠎ᠡ᠂ ᠵᠠᠰᠠᠭ ᠤᠨ ᠶᠠᠪᠤᠳᠠᠯ ᠤᠨ | ᠥᠢᠯᠡᠴᠢᠯᠡᠭᠡ ᠶᠢ ᠢᠨᠲ᠋ᠧᠷ ᠰᠥᠯᠵᠢᠶ᠎ᠡ ᠯᠦᠭᠡ ᠶᠢᠨ ᠭᠦᠨᠵᠡᠭᠡᠢ ᠠᠭᠤᠰᠤᠯᠴᠠᠬᠤ ᠶᠢ ᠪᠡᠶᠡᠯᠡᠭᠦᠯᠥᠨ᠂ ᠪᠥᠬᠦ ᠤᠷᠤᠨ ᠢ | ᠬᠠᠮᠤᠷᠤᠭᠰᠠᠨ ᠪᠥᠬᠦᠯᠢ ᠴᠤᠭᠴᠠ ᠪᠠᠷ ᠢᠶᠠᠨ ᠬᠤᠯᠪᠤᠭᠠᠯᠠᠨ ᠭᠦᠳᠡᠯᠦᠯᠴᠡᠭᠰᠡᠨ᠂ ᠰᠠᠯᠠᠭ᠎ᠠ ᠮᠥᠴᠢᠷ ᠢᠶᠠᠷ ᠢᠶᠠᠨ | ᠬᠠᠮᠵᠢᠯᠴᠠᠭᠰᠠᠨ᠂ ᠥᠪᠡᠷᠲᠡᠭᠡᠨ ᠵᠠᠰᠠᠬᠤ ᠤᠷᠤᠨ ᠠᠴᠠ ᠨᠢᠭᠡᠳᠥᠯᠲᠡᠢ ᠲᠦᠯᠦᠪᠯᠡᠭᠰᠡᠨ᠂ ᠨᠢᠭᠡᠯᠡ ᠰᠦᠯᠵᠢᠶ᠎ᠡ ᠪᠠᠷ | ᠭᠦᠢᠴᠡᠳᠭᠡᠭᠰᠡᠨ ︽ᠢᠨᠲ᠋ᠧᠷ ᠰᠥᠯᠵᠢᠶ᠎ᠡ + ᠵᠠᠰᠠᠭ ᠤᠨ ᠶᠠᠪᠤᠳᠠᠯ ᠤᠨ ᠥᠢᠯᠡᠴᠢᠯᠡᠭᠡ︾ ᠶᠢᠨ ᠰᠢᠰᠲ᠋ᠧᠮᠵᠢ ᠶᠢ | ᠪᠠᠶᠢᠭᠤᠯᠤᠨ᠎ᠠ︔ ᠵᠠᠰᠠᠭ ᠤᠨ ᠶᠠᠪᠤᠳᠠᠯ ᠤᠨ ᠠᠵᠢᠯᠯᠠᠬᠤ ᠳᠤ ᠪᠢᠴᠢᠭ ᠮᠠᠲ᠋ᠧᠷᠢᠶᠠᠯ ᠰᠢᠢᠳᠪᠤᠷᠢᠯᠡᠬᠦ᠂ ᠬᠤᠷᠠᠯ ᠤᠨ | ᠶᠠᠪᠤᠳᠠᠯ ᠢ ᠡᠷᠬᠢᠯᠡᠨ ᠭᠦᠢᠴᠡᠳᠭᠡᠬᠦ᠂ ᠠᠵᠢᠯ ᠶᠠᠪᠤᠳᠠᠯ ᠰᠢᠢᠳᠪᠥᠷᠢᠯᠡᠭᠦ ᠶᠢ ᠨᠢᠭᠡ ᠴᠤᠨᠨᠴᠠᠵᠢᠭᠤᠯᠵᠦ ᠬᠠᠮᠵᠢᠯᠴᠠᠨ | ᠠᠵᠢᠯᠯᠠᠬᠤ ᠶᠢ ᠪᠡᠶᠡᠯᠡᠭᠦᠯᠥᠨ᠎ᠡ︔ ᠵᠠᠰᠠᠭ ᠤᠨ ᠶᠠᠪᠤᠳᠠᠯ ᠤᠨ ᠥᠢᠯᠡᠴᠢᠯᠡᠭᠡ᠂ ᠵᠠᠰᠠᠭ ᠤᠨ ᠤᠷᠳᠤᠨ ᠤ ᠬᠠᠮᠢᠶᠠᠷᠤᠯᠲᠠ | ᠪᠠ ᠵᠠᠰᠠᠭ ᠤᠨ ᠤᠷᠳᠤᠨ ᠤ ᠰᠢᠨᠵᠢᠯᠡᠬᠦ ᠤᠬᠠᠭᠠᠨᠴᠢ ᠪᠠᠷ ᠰᠢᠢᠳᠪᠥᠷᠢᠲᠥ ᠪᠤᠳᠤᠯᠭ᠎ᠠ ᠲᠣᠭᠲᠠᠭᠠᠬᠤ ᠲᠠᠯ᠎ᠠ ᠪᠠᠷ ᠬᠢ | ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠴᠢᠬᠤᠯᠠ ᠥᠢᠯᠡᠳᠥᠯ ᠢ ᠪᠠᠳᠠᠷᠠᠭᠤᠯᠤᠨ᠎ᠠ︔ ᠵᠠᠰᠠᠭ ᠤᠨ ᠶᠠᠪᠤᠳᠠᠯ ᠤᠨ | ᠥᠢᠯᠡᠴᠢᠯᠡᠭᠡ ᠪᠠ ᠵᠠᠰᠠᠭ ᠤᠨ ᠶᠠᠪᠤᠳᠠᠯ ᠤᠨ ᠠᠵᠢᠯᠯᠠᠬᠤ ᠶᠢᠨ ᠴᠠᠭ ᠬᠤᠭᠤᠴᠠᠭᠠᠲᠤ ᠴᠢᠨᠠᠷ᠂ ᠪᠤᠳᠠᠳᠤ ᠦᠷ᠎ᠡ | ᠪᠥᠲᠥᠮᠵᠢᠲᠥ ᠴᠢᠨᠠᠷ ᠪᠠ ᠤᠬᠠᠭᠠᠯᠢᠨᠨᠵᠢᠨᠨᠰᠠᠨ ᠬᠢᠷᠢ ᠲᠦᠪᠰᠢᠨ ᠢ ᠶᠡᠭᠡ ᠬᠡᠮᠵᠢᠶ᠎ᠡ ᠪᠠᠷ ᠳᠡᠭᠡᠭᠰᠢᠯᠡᠭᠦᠯᠥᠨ᠎ᠡ᠃ | ᠬᠤᠶᠠᠷ᠂ ᠭᠤᠤᠯ ᠡᠭᠦᠷᠭᠡ | ︵ᠨᠢᠭᠡ︶ ᠰᠥᠯᠵᠢᠶ᠎ᠡ ᠶᠢᠨ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠥᠨ᠎ᠡ᠃ ᠨᠡᠶᠢᠲᠡ ᠤᠯᠠᠨ ᠤ | ᠰᠦᠯᠵᠢᠶᠡᠨ ᠳᠤ ᠭᠠᠷᠬᠤ ᠤᠷᠴᠢᠨ ᠲᠤᠭᠤᠷᠢᠨ ᠢ ᠰᠢᠯᠢᠳᠡᠭᠵᠢᠭᠦᠯᠤᠨ᠎ᠡ᠃ ᠳᠡᠭᠡᠳᠦ ᠬᠤᠷᠳᠤᠴᠠ ᠲᠠᠢ ᠪᠦᠭᠡᠳ | ᠰᠠᠭᠠᠳ ᠥᠭᠡᠢ ᠨᠡᠪᠲᠡᠷᠡᠭᠰᠡᠨ᠂ ᠬᠤᠲᠠ ᠬᠥᠳᠡᠭᠡ ᠶᠢ ᠬᠠᠮᠤᠷᠤᠭᠰᠠᠨ᠂ ᠴᠢᠨᠠᠷ ᠰᠠᠶᠢᠲᠠᠢ ᠪᠦᠭᠡᠳ ᠦᠨ᠎ᠡ ᠨᠢ ᠬᠢᠮᠳᠠ᠂ | ᠥᠢᠯᠡᠴᠢᠯᠡᠭᠡ ᠨᠢ ᠳᠥᠭᠦᠮ ᠠᠪᠰᠠᠷᠬᠠᠨ ᠪᠦᠬᠦᠢ ᠰᠥᠯᠵᠢᠶ᠎ᠡ ᠶᠢᠨ ᠰᠠᠭᠤᠷᠢ ᠪᠡᠯᠡᠳᠭᠡᠮᠵᠢ ᠶᠢ ᠪᠦᠲᠥᠭᠡᠨ | ᠪᠠᠶᠢᠭᠤᠯᠤᠨ᠎ᠠ᠃ ᠴᠢᠮᠡᠭᠡ ᠬᠤᠯᠪᠤᠭᠠᠨ ᠤ ᠰᠠᠭᠤᠷᠢ ᠪᠡᠯᠡᠳᠭᠡᠮᠵᠢ ᠶᠢᠨ ᠪᠦᠲᠥᠭᠡᠨ ᠪᠠᠶᠢᠭᠤᠯᠤᠯᠲᠠ ᠶᠢ ᠤᠷᠤᠨ | ᠨᠤᠲᠤᠭ ᠤᠨ ᠬᠤᠲᠠ ᠬᠦᠳᠡᠭᠡ ᠶᠢᠨ ᠲᠥᠯᠥᠪᠵᠢᠭᠦᠯᠭᠡ ᠳᠤ ᠤᠷᠤᠭᠤᠯᠤᠨ᠂ ᠪᠤᠢ ᠪᠥᠬᠦᠢ ᠲᠤᠭᠤᠷᠢᠭ | ᠪᠠᠶᠢᠭᠤᠯᠤᠨᠨᠰᠠᠨ ᠬᠤᠲᠠ ᠳᠤ ᠭᠡᠷᠡᠯ ᠰᠢᠷᠭᠡᠭ ᠤᠨ ᠰᠥᠯᠵᠢᠶ᠎ᠡ ᠶᠢ ᠪᠥᠬᠦᠨ ᠢ ᠪᠦᠷᠭᠦᠭᠦᠯᠦᠨ᠂ ᠮᠠᠯᠵᠢᠬᠤ ᠲᠠᠷᠢᠶᠠᠯᠠᠬᠤ | ᠤᠷᠤᠨ ᠤ ᠵᠠᠰᠠᠭ ᠵᠠᠬᠢᠷᠭᠠᠨ ᠤ ᠲᠤᠰᠬᠤᠨ ︵ᠭᠠᠴᠠᠭ᠎ᠠ︶ ᠳᠤ ᠭᠡᠷᠡᠯ ᠰᠢᠷᠭᠡᠭ ᠨᠡᠪᠲᠡᠷᠡᠭᠦᠯᠬᠦ ᠶᠢ ᠠᠬᠢᠭᠤᠯᠤᠨ᠎ᠠ᠃ | ᠨᠢᠷᠤᠭᠤᠪᠴᠢ ᠰᠥᠯᠵᠢᠶ᠎ᠡ ᠶᠢᠨ ᠪᠠᠭᠲᠠᠭᠠᠮᠵᠢ ᠪᠠ ᠰᠥᠯᠵᠢᠶ᠎ᠡ ᠶᠢᠨ ᠬᠤᠭᠤᠷᠤᠨᠳᠤ ᠪᠠᠨ ᠬᠠᠷᠢᠯᠴᠠᠨ ᠨᠡᠪᠲᠡᠷᠡᠬᠦ | ᠴᠢᠳᠠᠪᠤᠷᠢ ᠶᠢ ᠳᠡᠭᠡᠭᠰᠢᠯᠡᠬᠦᠯᠥᠨ᠂ ᠰᠦᠯᠵᠢᠶᠡᠨ ᠳᠤ ᠭᠠᠷᠬᠤ ᠵᠠᠷᠤᠳᠠᠯ ᠢ ᠶᠡᠭᠡ ᠬᠡᠮᠵᠢᠶ᠎ᠡ ᠪᠠᠷ ᠪᠠᠭᠤᠷᠠᠭᠤᠯᠤᠨ᠂ ᠰᠤᠮᠤ | ᠰᠢᠶᠠᠩ ᠪᠠᠯᠭᠠᠰᠤ ︵ᠵᠠᠭᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠭᠡᠮ ᠲᠤᠭᠤᠷᠢᠭ︶ ᠤ ᠢᠨᠲ᠋ᠧᠷ | ᠰᠥᠯᠵᠢᠶ᠎ᠡ ᠳᠤ ᠭᠠᠷᠬᠤ ᠬᠤᠷᠳᠤᠴᠠ ᠶᠢ ᠳᠡᠭᠡᠭᠰᠢᠯᠡᠭᠦᠯᠥᠨ᠎ᠡ᠃ ᠨᠢᠭᠡ ᠪᠥᠯᠥᠭ ᠭᠡᠷᠡᠯ ᠰᠢᠷᠬᠡᠭ ᠤᠨ ᠰᠦᠯᠵᠢᠶᠡᠲᠦ | ᠬᠤᠲᠠ ᠶᠢ ᠲᠥᠷᠭᠡᠳᠬᠡᠨ ᠪᠠᠶᠢᠭᠤᠯᠵᠤ᠂ ᠲᠥᠷᠪᠡᠳᠥᠭᠡᠷ ᠥᠶ᠎ᠡ ᠶᠢᠨ ᠰᠢᠯᠵᠢᠮᠡᠯ ᠴᠢᠮᠡᠭᠡ ᠬᠤᠯᠪᠤᠭᠠᠨ ᠤ ︵4G︶ | ᠰᠥᠯᠵᠢᠶ᠎ᠠ ᠶᠢ ᠬᠤᠲᠠ ᠪᠡ ᠬᠥᠳᠡᠭᠡ ᠲᠤᠰᠬᠤᠨ ᠳᠤ ᠪᠥᠬᠦᠨ ᠢ ᠪᠦᠷᠭᠦᠭᠦᠯᠦᠨ᠎ᠠ᠃ ᠥᠪᠡᠷᠲᠡᠭᠡᠨ ᠵᠠᠰᠠᠬᠤ ᠤᠷᠤᠨ ᠤ | ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶ᠎ᠡ ᠶᠢᠨ ᠬᠡᠷᠡᠭᠯᠡᠯᠲᠡ ᠶᠢᠨ ᠳᠠᠭᠠᠭᠠᠴᠠ ᠶᠢ ᠠᠬᠢᠭᠤᠯᠵᠤ᠂ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠥᠴᠢᠷ ᠤᠨ ᠣᠯᠠᠨ ᠨᠡᠶᠢᠲᠡ ᠶᠢᠨ ᠦᠢᠯᠡᠴᠢᠯᠡᠬᠡᠨ ᠤ ᠮᠡᠳᠡᠭᠡ ᠵᠠᠩᠬᠢ ᠶᠢᠨ | ᠰᠢᠰᠲ᠋ᠧᠮ ᠢ ᠡᠮᠬᠢᠯᠡᠨ ᠲᠢᠭᠯᠡᠵᠦ᠂ ᠨᠥᠭᠦᠴᠡᠯ ᠪᠦᠷᠢᠯᠳᠦᠭᠦᠯᠦᠭᠰᠡᠨ ᠢ ᠨᠢ ᠥᠪᠡᠷᠲᠡᠭᠡᠨ ᠵᠠᠰᠠᠬᠤ ᠤᠷᠤᠨ ᠤ | ᠡᠯᠧᠺᠲᠷᠣᠨ ᠵᠠᠰᠠᠭ ᠤᠨ ᠶᠠᠪᠤᠳᠠᠯ ᠤᠨ ᠭᠠᠳᠠᠷ ᠰᠥᠯᠵᠢᠶ᠎ᠡ ᠶᠢᠨ ᠡᠭᠦᠯᠡᠨ ᠪᠤᠳᠤᠯᠲᠠ ᠶᠢᠨ ᠲᠥᠪ ᠲᠤ ᠠᠯᠬᠤᠮ | ᠠᠯᠬᠤᠮ ᠢᠶᠠᠷ ᠰᠢᠯᠵᠢᠭᠦᠯᠥᠨ ᠠᠵᠢᠯᠯᠠᠭᠤᠯᠵᠦ᠂ ᠰᠦᠯᠵᠢᠶᠡᠨ ᠵᠠᠰᠠᠭ ᠤᠨ ᠶᠠᠪᠤᠳᠠᠯ ᠤᠨ ᠥᠢᠯᠡᠴᠢᠯᠡᠭᠡ ᠳᠤ | ᠲᠤᠯᠭᠠᠭᠤᠷᠢᠯᠠᠯ ᠪᠠ ᠪᠠᠲᠤᠯᠠᠭ᠎ᠠ ᠬᠠᠩᠭᠠᠨ᠎ᠠ᠃ ︵ᠥᠪᠡᠷᠲᠡᠭᠡᠨ ᠵᠠᠰᠠᠬᠤ ᠤᠷᠤᠨ ᠤ ᠠᠵᠤ ᠠᠬᠤᠢ ᠪᠠ ᠮᠡᠳᠡᠭᠡ | ᠵᠠᠩᠬᠢᠵᠢᠯᠲᠠ ᠶᠢᠨ ᠵᠥᠪᠯᠡᠯ᠂ ᠲᠤᠮᠤ ᠳ᠋ᠠᠶᠢᠲ᠋ᠠ ᠶᠢᠨ ᠬᠥᠭᠵᠢᠭᠦᠯᠥᠯᠲᠡ ᠬᠠᠮᠢᠶᠠᠷᠤᠯᠲᠠ ᠶᠢᠨ ᠲᠤᠪᠴᠢᠶ᠎ᠠ᠂ | ᠭᠥᠭᠵᠢᠭᠦᠯᠥᠯᠲᠡ ᠥᠭᠡᠷᠡᠴᠢᠯᠡᠯᠲᠡ ᠶᠢᠨ ᠵᠦᠪᠯᠡᠯ᠂ ᠡᠳ᠋ ᠤᠨ ᠵᠠᠰᠠᠭ ᠤᠨ ᠲᠢᠩᠬᠢᠮ᠂ ᠥᠪᠥᠷ ᠮᠤᠩᠭᠤᠯ ᠤᠨ ᠴᠢᠮᠡᠭᠡ | ᠬᠤᠯᠪᠤᠭ᠎ᠠ ᠶᠢᠨ ᠬᠠᠮᠢᠶᠠᠷᠤᠯᠲᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶ | ︵ᠬᠤᠶᠠᠷ︶ ᠰᠥᠯᠵᠢᠶᠡᠨ ᠳᠡᠭᠡᠷᠡᠬᠢ ᠥᠢᠯᠡᠴᠢᠯᠡᠭᠡᠨ ᠤ ᠵᠦᠢᠯᠡᠰ ᠢ ᠵᠢᠷᠤᠮᠵᠢᠭᠤᠯᠤᠨ᠎ᠠ᠃ ᠥᠪᠡᠷᠲᠡᠭᠡᠨ | ᠵᠠᠰᠠᠬᠤ ᠤᠷᠤᠨ ᠤ ᠠᠷᠠᠳ ᠤᠨ ᠵᠠᠰᠠᠭ ᠤᠨ ᠣᠷᠳᠤᠨ ᠤ ᠡᠯ᠎ᠡ ᠰᠠᠯᠠᠭ᠎ᠠ ᠮᠥᠴᠢᠷ ᠤᠳ ᠬᠠᠤᠯᠢ ᠪᠠᠷ ᠲᠤᠭᠲᠠᠭᠠᠭᠰᠠᠨ | ᠡᠭᠦᠷᠭᠡ ᠴᠢᠳᠠᠪᠤᠷᠢ ᠶᠢ ᠥᠨᠳᠥᠰᠥᠯᠡᠨ ᠵᠠᠰᠠᠭ ᠵᠠᠬᠢᠷᠭᠠᠨ ᠤ ᠪᠠᠶᠢᠭᠤᠯᠭ᠎ᠠ᠂ ᠤᠯᠠᠨ ᠨᠡᠶᠢᠲᠠ ᠶᠢᠨ ᠠᠵᠤ ᠠᠬᠤᠶᠢᠯᠠᠯ | ᠠᠵᠢᠯ ᠥᠢᠯᠡᠰ ᠤᠨ ᠨᠢᠭᠡᠴᠡ ᠶᠢᠨ ᠬᠢᠨ ᠤ ᠨᠡᠶᠢᠭᠡᠮ ᠤᠨ ᠤᠯᠠᠨ ᠨᠡᠶᠢᠲᠠ ᠳᠤ ᠰᠢᠭᠤᠳ ᠬᠠᠨᠳᠤᠭᠤᠯᠤᠨ ᠬᠠᠩᠭᠠᠨᠨᠰᠠᠨ | ᠪᠤᠳᠠᠳᠠᠢ ᠠᠵᠢᠯ ᠬᠡᠷᠡᠭ ᠭᠦᠢᠴᠡᠳᠬᠡᠬᠦ ᠥᠢᠯᠡᠴᠢᠯᠡᠭᠡᠨ ᠤ ᠵᠦᠢᠯᠡᠰ ᠢ ᠡᠮᠬᠢᠯᠡᠨ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠤᠨ ᠭᠠᠷᠴᠠᠭ ᠢ ᠨᠠᠶᠢᠷᠠᠭᠤᠯᠤᠨ ᠵᠤᠬᠢᠶᠠᠵᠤ᠂ 2017 ᠤᠨ ᠤ ᠰᠡᠭᠦᠯᠴᠢ ᠠᠴᠠ ᠡᠮᠥᠨ᠎ᠡ | ᠥᠪᠡᠷᠲᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠥᠯᠵᠢᠶ᠎ᠡ ᠪᠠ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠠᠪᠴᠠᠩ ᠢᠶᠠᠷ ᠲᠠᠮᠵᠢᠭᠤᠯᠵᠦ ᠲᠥᠪᠯᠡᠷᠡᠭᠦᠯᠥᠨ ᠢᠯᠡ ᠨᠡᠶᠢᠲᠡᠯᠡᠬᠦ ᠶᠢᠨ ᠬᠠᠮᠲᠤ᠂ ᠴᠠᠭ | ᠲᠤᠬᠠᠢ ᠳᠤᠨᠢ ᠰᠢᠨᠡᠳᠬᠡᠨ᠂ ᠬᠦᠳᠡᠯᠥᠩᠭᠦᠢ ᠪᠠᠷ ᠬᠠᠮᠢᠶᠠᠷᠬᠤ ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠵᠦᠢᠯᠡᠰ ᠢ ᠺᠤᠳ᠋ᠯᠠᠨ ᠬᠠᠮᠢᠶᠠᠷᠬᠤ ᠶᠢ ᠭᠡᠷᠡᠭᠵᠢᠭᠦᠯᠵᠦ᠂ ᠵᠦᠢᠯᠡᠰ ᠤᠨ ᠨᠡᠷᠡᠶᠢᠳᠥᠯ᠂ ᠨᠥᠬᠦᠴᠡᠯ᠂ ᠮᠠᠲ᠋ᠧᠷᠢᠶᠠᠯ᠂ | ᠴᠤᠪᠤᠷᠠᠯ᠂ ᠴᠠᠭ ᠤᠨ ᠬᠢᠵᠠᠭᠠᠷ ᠵᠡᠷᠭᠡ ᠶᠢ ᠵᠢᠷᠤᠮᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ | ᠬᠤᠰᠢᠭᠤ ᠰᠢᠶᠠᠨ ︵ᠬᠤᠲᠠ᠂ ᠲᠤᠭᠤᠷᠢᠭ︶᠂ ᠰᠤᠮᠤ ᠰᠢᠶᠠᠩ ᠪᠠᠯᠭᠠᠰᠤ ︵ᠵᠠᠭᠡᠯᠢ ᠭᠤᠳᠤᠮᠵᠢ︶ ᠨᠤᠭᠤᠳ | ᠠᠯᠬᠤᠮ ᠠᠯᠬᠤᠮ ᠢᠶᠠᠷ ︽ᠠᠳᠠᠯᠢ ᠨᠢᠭᠡᠨ ᠵᠦᠢᠯᠡᠰ᠂ ᠠᠳᠠᠯᠢ ᠨᠢᠭᠡᠨ ᠪᠠᠷᠢᠮᠵᠢᠶ᠎ᠡ᠂ ᠠᠳᠠᠯᠢ ᠨᠢᠭᠡᠨ ᠺᠣᠳ᠋︾ ᠲᠠᠢ | ᠪᠣᠯᠭᠠᠨ᠂ ᠮᠡᠳᠡᠭᠡ ᠵᠠᠩᠬᠢ ᠶᠢ ᠬᠠᠮᠲᠤᠪᠡᠷ ᠭᠦᠷᠳᠡᠬᠦ ᠪᠡ ᠲᠤᠬᠠᠶᠢᠯᠠᠭᠰᠠᠨ ᠠᠵᠢᠯ ᠤᠨ ᠲᠠᠯ᠎ᠠ ᠪᠠᠷ ᠬᠠᠮᠵᠢᠯᠴᠠᠬᠤ ᠶᠢ | ᠪᠡᠶᠡᠯᠡᠭᠦᠯᠬᠦ ᠳᠤ᠂ ᠢᠯᠭᠠᠭ᠎ᠠ ᠵᠥᠷᠢᠶ᠎ᠡ ᠥᠭᠡᠢ᠂ ᠲᠡᠩᠴᠡᠭᠦᠷᠢᠵᠢᠭᠦᠯᠥᠭᠰᠡᠨ ᠵᠠᠰᠠᠭ ᠤᠨ ᠶᠠᠪᠤᠳᠠᠯ ᠤᠨ ᠥᠢᠯᠡᠴᠢᠯᠡᠭᠡ | ᠬᠠᠩᠭᠠᠬᠤ ᠳᠤ ᠰᠠᠭᠤᠷᠢ ᠲᠠᠯᠪᠢᠬᠤ ᠬᠡᠷᠡᠭᠲᠡᠢ᠃ ︵ᠥᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠠᠯᠪᠠᠨ ᠲᠢᠩᠬᠢᠮ᠂ ᠤᠷᠤᠨ ᠲᠤᠭ᠎ᠠ ᠶᠢᠨ ᠠᠯᠪᠠᠨ ᠭᠡᠷ᠂ ᠬᠠᠤᠯᠢ ᠳᠥᠷᠢᠮ ᠤᠨ ᠠᠯᠪᠠᠨ ᠭᠡᠷ | ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶ | ︵ᠭᠤᠷᠪᠠ︶ ᠵᠠᠰᠠᠭ ᠵᠠᠬᠢᠷᠭᠠᠨ ᠤ ᠡᠷᠭᠡ ᠶᠢᠨ ᠵᠦᠢᠯᠡᠰ ᠢ ᠵᠢᠷᠤᠮᠵᠢᠭᠤᠯᠤᠨ ᠡᠮᠬᠢᠯᠡᠵᠦ ᠲᠢᠭᠯᠡᠨ᠎ᠡ᠃ | ᠤᠯᠤᠰ ᠠᠴᠠ ᠬᠡᠷᠡᠭᠵᠢᠬᠦᠯᠵᠦ ᠪᠠᠶᠢᠭ᠎ᠠ ᠵᠠᠰᠠᠭ ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ ᠪᠡ ︽ᠵᠠᠰᠠᠭ | ᠵᠠᠬᠢᠷᠭᠠᠨ ᠤ ᠵᠥᠪᠰᠢᠶᠡᠷᠡᠯ ᠢ ᠪᠠᠷᠢᠮᠵᠢᠶᠠᠵᠢᠭᠤᠯᠬᠤ ᠶᠢᠨ ᠵᠢᠯᠤᠭᠤᠳᠤᠮᠵᠢ ︵2016 ᠣᠨ ᠤ ᠬᠡᠪᠯᠡᠯ︶︾ ᠶᠢᠨ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠳᠥᠷᠢᠮ ᠤᠨ | ᠥᠭᠡᠷᠡᠴᠢᠯᠡᠯᠲᠠ ᠶᠢ ᠥᠷᠭᠦᠯᠵᠢᠯᠡᠨ ᠭᠥᠨᠵᠡᠭᠡᠶᠢᠷᠡᠭᠦᠯᠵᠤ᠂ ᠥᠪᠡᠷᠲᠡᠭᠡᠨ ᠵᠠᠰᠠᠬᠤ ᠤᠷᠤᠨ ᠤ ᠲᠤᠰ ᠱᠠᠲᠤᠨ ᠤ | ᠭᠤᠶᠤᠴᠢᠯᠠᠭᠰᠠᠨ ᠡᠯ᠎ᠡ ᠵᠥᠢᠯ ᠤᠨ ᠵᠠᠰᠠᠭ ᠵᠠᠬᠢᠷᠭᠠᠨ ᠤ ᠡᠷᠭᠡ ᠶᠢᠨ ᠠᠵᠢᠯᠯᠠᠭᠠᠨ ᠤ ᠴᠤᠪᠤᠷᠠᠯ ᠤᠨ ᠵᠢᠷᠤᠭ ᠪᠠ | ᠥᠢᠯᠡᠴᠢᠯᠡᠭᠡᠨ ᠤ ᠵᠥᠭᠯᠡᠭᠦᠷ ᠢ ᠤᠯᠠᠮ ᠨᠢᠭᠡ ᠠᠯᠬᠤᠮ ᠲᠡᠭᠦᠯᠳᠡᠷᠵᠢᠭᠦᠯᠵᠤ᠂ ᠬᠢᠨᠠᠨ ᠵᠥᠪᠰᠢᠶᠡᠷᠡᠬᠦ ᠥᠢᠯᠡᠴᠢᠯᠡᠭᠡᠨ ᠤ | ᠵᠦᠢᠯᠡᠰ ᠤᠨ ᠪᠠᠷᠢᠮᠵᠢᠶᠠᠵᠢᠭᠰᠠᠨ ᠬᠠᠮᠢᠶᠠᠷᠤᠯᠲᠠ ᠶᠢ ᠴᠢᠩᠭᠠᠳᠬᠠᠨ᠎ᠠ᠃ ᠥᠪᠡᠷᠲᠡᠭᠡᠨ ᠵᠠᠰᠠᠬᠤ ᠤᠷᠤᠨ ᠤ ᠲᠤᠰ | ᠱᠠᠲᠤᠨ ᠤ ᠡᠷᠭᠡ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢᠨ ᠬᠥᠳᠡᠯᠥᠩᠭᠦᠢ ᠲᠤᠬᠢᠷᠠᠭᠤᠯᠬᠤ ᠲᠤᠭᠲᠠᠴᠠ ᠶᠢ | ᠪᠠᠶᠢᠭᠤᠯᠤᠨ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠭᠦᠴᠦᠨ ᠦᠬᠡᠢ ᠪᠤᠯᠭᠠᠨᠨᠰᠠᠨ ᠪᠠ ᠳᠣᠷᠣᠭᠰᠢ | ᠪᠠᠭᠤᠯᠭᠠᠭᠰᠠᠨ ᠵᠠᠰᠠᠭ ᠵᠠᠬᠢᠷᠭᠠᠨ ᠤ ᠵᠥᠪᠰᠢᠶᠡᠷᠡᠯ ᠤᠨ ᠵᠦᠢᠯᠡᠰ ᠢ ᠥᠷᠭᠦᠯᠵᠢᠯᠡᠨ ᠵᠤᠯᠭᠠᠭᠤᠯᠬᠤ ᠶᠢ ᠰᠠᠶᠢᠲᠤᠷ | ᠨᠠᠶᠢᠳᠠᠪᠤᠷᠢᠵᠢᠭᠤᠯᠤᠨ᠂ ᠥᠪᠡᠷᠲᠡᠭᠡᠨ ᠵᠠᠰᠠᠬᠤ ᠤᠷᠤᠨ᠂ ᠠᠶᠢᠮᠠᠭ ᠬᠤᠲᠠ᠂ ᠬᠤᠰᠢᠭᠤ ᠰᠢᠶᠠᠨ ︵ᠬᠤᠲᠠ᠂ | ᠲᠤᠭᠤᠷᠢᠭ︶ ᠭᠤᠷᠪᠠᠨ ᠱᠠᠲᠤᠨ ᠤ ᠡᠷᠭᠡ ᠪᠠ ᠬᠠᠷᠢᠭᠤᠴᠠᠯᠭ᠎ᠠ ᠶᠢᠨ ᠨᠠᠷᠢᠨ ᠬᠠᠭᠤᠳᠠᠰᠦ ᠶᠢ ᠴᠠᠭ ᠲᠤᠬᠠᠢ ᠳᠤᠨᠢ | ᠲᠤᠬᠢᠷᠠᠭᠤᠯᠤᠨ ᠲᠡᠭᠦᠯᠳᠡᠷᠵᠢᠭᠦᠯᠥᠨ᠎ᠡ᠃ ︵ᠥᠪᠡᠷᠲᠡᠭᠡᠨ ᠵᠠᠰᠠᠬᠤ ᠤᠷᠤᠨ ᠤ ᠤᠷᠤᠨ ᠲᠤᠭ᠎ᠠ ᠶᠢᠨ ᠠᠯᠪᠠᠨ ᠭᠡᠷ᠂ | ᠬᠠᠤᠯᠢ ᠳᠥᠷᠢᠮ ᠤᠨ ᠠᠯᠪᠠᠨ ᠭᠡᠷ ᠲᠦᠷᠦᠭᠦᠯᠡᠵᠦ᠂ ᠬᠠᠮᠢᠶ᠎ᠠ ᠪᠥᠬᠦᠢ ᠰᠠᠯᠠᠭ᠎ᠠ ᠮᠥᠴᠢᠷ ᠬᠠᠮᠵᠢᠯᠴᠠᠨ᠎ᠠ︶ ᠁ | ︵ᠲᠦᠷᠪᠡ︶ ᠦᠪᠡᠷᠳᠡᠬᠡᠨ ᠵᠠᠰᠠᠬᠤ ᠤᠷᠤᠨ ᠤ ᠨᠢᠬᠡᠳᠦᠯᠳᠡᠢ ᠡᠯᠧᠺᠲᠷᠤᠨ ᠦᠨᠡᠮᠯᠡᠯ ᠤᠨ ᠭᠦᠮᠦᠷᠬᠡ ᠶᠢ | ᠪᠠᠶᠢᠭᠤᠯᠤᠨ᠎ᠠ᠃ ᠲᠠᠩᠰᠠᠯᠠᠨ ᠲᠡᠮᠳᠡᠭᠯᠡᠬᠦ ᠲᠦᠷᠢᠮ ᠤᠨ ᠦᠬᠡᠷᠡᠴᠢᠯᠡᠯᠳᠡ ᠶᠢ ᠦᠷᠭᠦᠯᠵᠢᠯᠡᠨ ᠠᠬᠢᠭᠤᠯᠵᠦ᠂ ︽ᠲᠠᠪᠤᠨ | ᠦᠨᠡᠮᠯᠡᠯ ᠢ ᠨᠡᠶᠢᠯᠡᠬᠦᠯᠦᠨ ᠨᠢᠬᠡ ᠪᠤᠯᠭᠠᠬᠤ᠂ ᠨᠢᠭᠡ ᠦᠨᠡᠮᠯᠡᠯ ᠳᠤ ᠨᠢᠬᠡ ᠨᠤᠮᠧᠷ ᠲᠠᠢ ᠪᠠᠶᠢᠯᠭᠠᠬᠤ︾ ᠶᠢ ᠭᠦᠨᠵᠡᠬᠡᠢ | ᠠᠬᠢᠭᠤᠯᠵᠦ᠂ ︽ᠨᠢᠭᠡ ᠬᠠᠶ᠋ᠢᠭ ᠲᠤ ᠤᠯᠠᠨ ᠦᠨᠡᠮᠯᠡᠯ ᠲᠠᠢ︾᠂ ︽ᠨᠢᠭᠡ ᠦᠨᠡᠮᠯᠡᠯ ᠳᠤ ᠤᠯᠠᠨ ᠬᠠᠶ᠋ᠢᠭ ᠲᠠᠢ︾ | ᠪᠠᠶᠢᠯᠭᠠᠬᠤ ᠵᠡᠷᠬᠡ ᠲᠤᠷᠰᠢᠯᠳᠠ ᠶᠢᠨ ᠦᠬᠡᠷᠡᠴᠢᠯᠡᠯᠳᠡ ᠶᠢ ᠢᠳᠡᠪᠬᠢᠳᠡᠢ ᠪᠠᠷ ᠰᠦᠪᠡᠭᠴᠢᠯᠡᠨ ᠦᠷᠨᠢᠬᠦᠯᠦᠨ᠎ᠠ᠃ | ᠬᠤᠪᠢ ᠶᠢᠨ ᠠᠵᠦ ᠦᠢᠯᠡᠳᠪᠦᠷᠢ ᠬᠤᠳᠠᠯᠳᠤᠭ᠎ᠠ ᠶᠢᠨ ᠡᠷᠦᠬᠡ ᠶᠢᠨ ᠡᠵᠡᠩᠨᠡᠯᠳᠡ ᠶᠢᠨ ᠦᠨᠡᠮᠯᠡᠯ ᠪᠠ ᠭᠠᠶᠢᠯᠢ ᠶᠢᠨ | ᠶᠠᠪᠤᠳᠠᠯ ᠤᠨ ᠲᠡᠩᠰᠠᠯᠠᠨ ᠲᠡᠮᠳᠡᠭᠯᠡᠬᠦ ᠦᠨᠡᠮᠯᠡᠯ ᠢ ︽ᠬᠤᠶᠠᠷ ᠦᠨᠡᠮᠯᠡᠯ ᠢ ᠨᠡᠶᠢᠯᠡᠬᠦᠯᠦᠨ ᠨᠢᠬᠡ ᠪᠤᠯᠭᠠᠬᠤ︾ ᠶᠢ | ᠠᠬᠢᠭᠤᠯᠵᠦ᠂ ᠲᠡᠩᠰᠠᠯᠠᠨ ᠲᠡᠮᠳᠡᠭᠯᠡᠬᠦ ᠪᠦᠭᠦ ᠶᠠᠪᠤᠴᠠ ᠶᠢ ᠡᠯᠧᠺᠲᠷᠤᠨᠴᠢᠯᠡᠬᠦ᠂ ᠡᠯᠧᠺᠲᠷᠤᠨ ᠡᠵᠡᠩᠨᠡᠯᠳᠡ ᠶᠢᠨ | ᠦᠨᠡᠮᠯᠡᠯ ᠪᠠ ᠲᠡᠮᠳᠡᠭᠯᠡᠭᠦᠯᠥᠭᠰᠡᠨ ᠢᠶᠠᠨ ᠲᠦᠭᠦᠮ ᠠᠪᠰᠠᠷᠬᠠᠨ ᠢᠶᠠᠷ ᠭᠦᠴᠦᠨ ᠦᠬᠡᠢ ᠪᠣᠯᠭᠠᠬᠤ ᠲᠦᠷᠢᠮ ᠤᠨ | ᠦᠬᠡᠷᠡᠴᠢᠯᠡᠯᠳᠡ ᠶᠢ ᠰᠦᠪᠡᠭᠴᠢᠯᠡᠨ ᠬᠡᠷᠡᠭᠵᠢᠬᠦᠯᠦᠨ᠎ᠠ᠃ ᠠᠷᠠᠳ ᠤᠨ ᠠᠮᠢᠳᠤᠷᠠᠯ ᠤᠨ ᠦᠢᠯᠡᠴᠢᠯᠡᠭᠡ᠂ ᠠᠵᠦ | ᠠᠬᠤᠶᠢᠯᠠᠯ ᠤᠨ ᠲᠡᠩᠰᠠᠯᠠᠨ ᠲᠡᠮᠳᠡᠭᠯᠡᠬᠦ᠂ ᠨᠡᠶᠢᠬᠡᠮ ᠤᠨ ᠶᠠᠪᠤᠳᠠᠯ᠂ ᠪᠡᠯᠡ ᠤᠷᠤᠭᠤᠯᠤᠯᠳᠠ ᠶᠢ ᠬᠢᠨᠠᠨ ᠵᠦᠪᠰᠢᠶᠡᠷᠡᠬᠦ | ᠵᠡᠷᠬᠡ ᠠᠵᠢᠯ ᠲᠦᠷᠦᠯ ᠤᠨ ᠲᠤᠭᠤᠷᠢᠨ ᠳᠤ ᠭᠤᠤᠯᠳᠠᠭᠤᠯᠵᠦ᠂ ᠡᠯ᠎ᠡ ᠰᠠᠯᠠᠭ᠎ᠠ ᠮᠦᠴᠢᠷ ᠤᠨ ᠬᠢᠨ ᠳ᠋ᠠᠶᠢᠲ᠋ᠠ ᠶᠢ | ᠬᠠᠮᠳᠤᠪᠡᠷ ᠭᠦᠷᠳᠡᠬᠦ᠂ ᠲᠤᠬᠠᠶᠢᠯᠬᠠᠰᠠᠨ ᠠᠵᠢᠯ ᠤᠨ ᠲᠠᠯ᠎ᠠ ᠪᠠᠷ ᠬᠠᠮᠵᠢᠯᠴᠠᠬᠰᠠᠨ ᠰᠠᠭᠤᠷᠢᠨ ᠲᠡᠬᠡᠷ᠎ᠡ ᠨᠢᠭᠡᠲᠥᠯᠲᠡᠢ | ᠡᠯᠧᠺᠲᠷᠤᠨ ᠦᠨᠡᠮᠯᠡᠯ ᠤᠨ ᠬᠡᠷᠡᠭᠯᠡᠯᠲᠡ ᠶᠢᠨ ᠦᠢᠯᠡᠴᠢᠯᠡᠬᠡᠨ ᠢ ᠪᠠᠶᠢᠭᠤᠯᠤᠨ᠂ ᠰᠢᠨ᠎ᠠ ᠪᠠᠷ ᠨᠡᠮᠡᠭᠳᠡᠭᠰᠡᠨ ᠴᠠᠭᠠᠰᠥᠨ | ᠦᠨᠡᠮᠯᠡᠯ ᠳᠤ ᠭᠠᠷ ᠤᠨ ᠦᠰᠦᠭ ᠵᠢᠷᠤᠵᠦ ᠣᠯᠭᠤᠬᠤ ᠬᠢᠬᠡᠳ ᠡᠯᠧᠺᠲᠷᠤᠨ ᠦᠨᠡᠮᠯᠡᠯ ᠢ ᠵᠡᠷᠭᠡ ᠳᠤᠨᠢ ᠭᠦᠴᠦᠨ ᠲᠠᠢ | ᠪᠤᠯᠭᠠᠬᠤ ᠶᠢ ᠪᠡᠶᠡᠯᠡᠬᠦᠯᠵᠦ᠂ ᠤᠳᠤ ᠶᠢᠨ ᠪᠠᠶᠢᠭ᠎ᠠ ᠴᠠᠭᠠᠰᠤᠨ ᠦᠨᠡᠮᠯᠡᠯ ᠢ ᠠᠯᠬᠤᠮ ᠠᠯᠬᠤᠮ ᠢᠶᠠᠷ | ᠡᠯᠧᠺᠲᠷᠤᠨᠴᠢᠯᠡᠬᠦ ᠶᠢ ᠪᠡᠶᠡᠯᠡᠬᠦᠯᠦᠨ᠎ᠠ᠃ ᠬᠠᠮᠤᠭ ᠡᠴᠦᠰ ᠲᠤ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠲᠦ ᠶᠢ ᠪᠦᠭᠦᠨ ᠢ ᠬᠠᠮᠤᠷᠤᠭᠰᠠᠨ ᠠᠵᠢᠯ ᠲᠦᠷᠦᠯ᠂ | ᠭᠠᠵᠠᠷ ᠤᠷᠤᠨ᠂ ᠰᠠᠯᠠᠭ᠎ᠠ ᠮᠦᠴᠢᠷ ᠠᠯᠤᠰᠯᠬᠠᠰᠠᠨ ᠪᠠᠷᠢᠮᠵᠢᠶ᠎ᠠ ᠨᠢ ᠨᠢᠬᠡᠳᠦᠯᠳᠡᠢ᠂ ᠬᠡᠪ ᠬᠡᠯᠪᠡᠷᠢ ᠨᠢ ᠵᠢᠷᠤᠮᠵᠢᠭᠰᠠᠨ | ᠡᠯᠧᠺᠲᠷᠤᠨ ᠦᠨᠡᠮᠯᠡᠯ ᠤᠨ ᠭᠦᠮᠦᠷᠬᠡ ᠶᠢ ᠪᠠᠶᠢᠭᠤᠯᠤᠨ᠂ ᠡᠯᠧᠺᠲᠷᠤᠨ ᠦᠨᠡᠮᠯᠡᠯ ᠢ ᠬᠠᠮᠳᠤᠪᠡᠷ ᠭᠦᠷᠳᠡᠵᠦ ᠬᠠᠷᠢᠯᠴᠠᠨ | ᠬᠡᠷᠡᠭᠯᠡᠬᠦ ᠶᠢ ᠪᠡᠶᠡᠯᠡᠬᠦᠯᠵᠦ᠂ ᠠᠵᠦ ᠠᠬᠤᠶᠢᠯᠠᠯ᠂ ᠤᠯᠠᠨ ᠲᠦᠮᠡᠨ ᠢ ᠲᠤᠳᠠᠭᠤ ᠵᠦᠳᠡᠬᠡᠵᠦ᠂ ᠳ᠋ᠠᠶᠢᠲ᠋ᠠ ᠶᠢ ᠢᠯᠡᠬᠦᠦ | ᠬᠡᠷᠡᠭᠯᠡᠨ᠎ᠡ᠃ ︵ᠦᠪᠡᠷᠳᠡᠬᠡᠨ ᠵᠠᠰᠠᠬᠤ ᠤᠷᠤᠨ ᠤ ᠠᠵᠦ ᠦᠢᠯᠡᠳᠪᠦᠷᠢ ᠬᠤᠳᠠᠯᠳᠤᠭ᠎ᠠ ᠶᠢᠨ ᠵᠠᠰᠠᠭ ᠵᠠᠬᠢᠷᠭᠠᠨ ᠤ | ᠬᠠᠮᠢᠶᠠᠷᠤᠯᠲᠠ ᠶᠢᠨ ᠲᠤᠪᠴᠢᠶ᠎ᠠ᠂ ᠭᠦᠮᠦᠨ ᠤ ᠭᠦᠴᠦᠨ ᠤ ᠡᠬᠢ ᠪᠠᠶᠠᠯᠢᠭ ᠨᠡᠶᠢᠬᠡᠮ ᠤᠨ ᠪᠠᠳᠤᠯᠠᠭ᠎ᠠ ᠶᠢᠨ ᠲᠢᠩᠬᠢᠮ᠂ | ᠤᠷᠤᠨ ᠨᠤᠳᠤᠭ ᠤᠨ ᠭᠠᠶᠢᠯᠢ ᠶᠢᠨ ᠶᠠᠪᠤᠳᠠᠯ ᠤᠨ ᠲᠤᠪᠴᠢᠶ᠎ᠠ᠂ ᠲᠤᠭ᠎ᠠ ᠪᠦᠷᠢᠳᠬᠡᠯ ᠤᠨ ᠲᠤᠪᠴᠢᠶ᠎ᠠ᠂ ᠲᠤᠮᠤ | ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ᠂ ᠦᠪᠦᠷ ᠮᠤᠩᠭᠤᠯ ᠤᠨ ᠤᠯᠤᠰ ᠤᠨ ᠭᠠᠶᠢᠯᠢ ᠶᠢᠨ | ᠶᠠᠪᠤᠳᠠᠯ ᠤᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶ | ︵ᠲᠠᠪᠤ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ | ᠡᠮᠬᠢᠯᠡᠨ ᠨᠡᠶᠢᠯᠡᠬᠦᠯᠵᠦ ᠪᠠᠶᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠨᠢᠬᠡᠨᠳᠡ ᠪᠠᠶᠢᠭᠤᠯᠤᠨᠨᠰᠠᠨ ᠰᠦᠯᠵᠢᠶ᠎ᠡ ᠪᠠ | ᠡᠯᠧᠺᠲᠷᠤᠨ ᠲᠡᠪᠴᠡᠩ ᠤᠨ ᠡᠬᠢ ᠪᠠᠶᠠᠯᠢᠭ ᠢ ᠭᠦᠢᠴᠡᠳ ᠠᠰᠢᠨᠨᠯᠠᠬᠤ ᠪᠠ ᠡᠮᠬᠢᠯᠡᠨ ᠨᠡᠶᠢᠯᠡᠬᠦᠯᠵᠦ᠂ ᠡᠯᠧᠺᠲᠷᠤᠨ | ᠦᠨᠡᠮᠯᠡᠯ ᠤᠨ ᠭᠦᠮᠦᠷᠬᠡ᠂ ᠡᠯᠧᠺᠲᠷᠤᠨ ᠲᠠᠮᠠᠭ᠎ᠠ ᠶᠢᠨ ᠰᠢᠰᠲ᠋ᠧᠮ ᠵᠢᠴᠢ ᠵᠠᠰᠠᠭ ᠵᠠᠬᠢᠷᠭᠠᠨ ᠤ ᠡᠷᠬᠡ ᠶᠢᠨ | ᠠᠵᠢᠯᠯᠠᠭᠠᠨ ᠤ ᠭᠦᠮᠦᠷᠬᠡ ᠵᠡᠷᠬᠡ ᠪᠠᠷ ᠰᠠᠭᠤᠷᠢ ᠲᠤᠯᠭᠠᠭᠤᠷᠢᠯᠠᠯ ᠪᠤᠯᠭᠠᠵᠦ᠂ ᠡᠯᠧᠺᠲᠷᠤᠨ ᠬᠢᠨᠠᠨ ᠪᠠᠶᠢᠴᠠᠭᠠᠬᠤ᠂ | ᠲᠤᠭᠠᠴᠠᠯᠬᠠᠰᠠᠨ ᠬᠡᠷᠡᠴᠢᠯᠡᠭᠡ ᠬᠢᠬᠦ ᠵᠡᠷᠬᠡ ᠰᠢᠰᠲ᠋ᠧᠮ ᠢᠶᠠᠷ ᠪᠠᠳᠤᠯᠠᠭ᠎ᠠ ᠪᠤᠯᠭᠠᠨ᠂ ᠦᠪᠡᠷᠳᠡᠬᠡᠨ ᠵᠠᠰᠠᠬᠤ ᠤᠷᠤᠨ ᠤ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶ᠎ᠡ ᠪᠠᠷ ᠨᠢᠬᠡᠳᠦᠯᠳᠡᠢ ᠫᠤᠷᠲ᠋ᠧᠯ ᠪᠤᠯᠭᠠᠵᠦ᠂ ᠦᠪᠡᠷᠳᠡᠬᠡᠨ | ᠵᠠᠰᠠᠬᠤ ᠤᠷᠤᠨ ᠤ ᠲᠤᠰ ᠱᠠᠳᠤᠨ ᠤ ᠨᠢᠬᠡ ᠴᠤᠨᠨᠴᠠᠵᠢᠭᠤᠯᠤᠨᠨᠰᠠᠨ ᠵᠠᠰᠠᠭ ᠤᠨ ᠶᠠᠪᠤᠳᠠᠯ ᠤᠨ ᠡᠷᠬᠡ ᠰᠦᠷᠳᠦ᠂ | ᠲᠦᠭᠦᠮ ᠲᠦᠳᠡ ᠦᠢᠯᠡᠴᠢᠯᠡᠬᠡᠨ ᠤ ᠲᠡᠪᠴᠡᠩ ᠢ ᠲᠦᠷᠬᠡᠳᠬᠡᠨ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ᠂ | ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠰᠦᠯᠵᠢᠶ᠎ᠡ ᠶᠢᠨ ᠪᠠ ᠰᠦᠯᠵᠢᠶᠡᠨ ᠠᠴᠠ ᠭᠠᠳᠠᠭᠤᠷᠬᠢ ᠬᠤᠯᠪᠤᠭᠠᠯᠠᠨ ᠭᠦᠳᠡᠯᠦᠯᠴᠡᠭᠰᠡᠨ | ᠦᠢᠯᠡᠴᠢᠯᠡᠬᠡᠨ ᠢ ᠠᠯᠬᠤᠮ ᠠᠯᠬᠤᠮ ᠢᠶᠠᠷ ᠠᠬᠢᠭᠤᠯᠵᠦ᠂ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ | ᠰᠦᠯᠵᠢᠶᠡᠨ ᠳᠡᠭᠡᠷᠡᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ ᠨᠢ ᠵᠠᠯᠭᠠᠯᠳᠤᠭᠤᠯᠬᠤ ᠶᠢ | ᠰᠠᠨᠠᠭᠠᠴᠢᠯᠠᠭ᠎ᠠ ᠠᠴᠠ ᠪᠠᠨ ᠰᠠᠶᠢᠳᠤᠷ ᠬᠢᠵᠦ᠂ ᠨᠢᠬᠡᠳᠦᠯᠳᠡᠢ ᠤᠷᠤᠴᠠ ᠶᠢ ᠪᠣᠢ ᠪᠣᠯᠭᠠᠨ᠎ᠠ᠃ ᠵᠠᠰᠠᠭ ᠤᠨ ᠤᠷᠳᠤᠨ ᠤ | ᠰᠠᠯᠠᠭ᠎ᠠ ᠮᠦᠴᠢᠷ ᠤᠨ ᠬᠢᠨ ᠤ ᠡᠯ᠎ᠡ ᠲᠤᠬᠠᠶᠢᠯᠬᠠᠰᠠᠨ ᠠᠵᠢᠯ ᠤᠨ ᠰᠢᠰᠲ᠋ᠧᠮ ᠬᠢᠬᠡᠳ ᠵᠠᠰᠠᠭ ᠤᠨ ᠶᠠᠪᠤᠳᠠᠯ ᠤᠨ | ᠶᠡᠷᠦᠩᠬᠡᠶᠢᠯᠡᠭᠰᠡᠨ ᠦᠢᠯᠡᠴᠢᠯᠡᠬᠡᠨ ᠤ ᠲᠡᠪᠴᠡᠩ ᠤᠨ ᠬᠠᠷᠢᠯᠴᠠᠨ ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ ᠶᠢ | ᠠᠬᠢᠭᠤᠯᠵᠦ᠂ ᠲᠡᠪᠴᠡᠩ ᠤᠨ ᠬᠤᠭᠤᠷᠤᠨᠳᠦ ᠪᠠᠨ ᠵᠠᠯᠭᠠᠯᠳᠤᠵᠦ ᠬᠤᠯᠪᠤᠭᠠᠯᠠᠨ ᠭᠦᠳᠡᠯᠦᠯᠴᠡᠬᠦ ᠶᠢ ᠴᠢᠩᠭᠠᠳᠬᠠᠨ᠂ | CA ᠦᠨᠡᠮᠯᠡᠯ ᠢ ᠬᠠᠷᠢᠯᠴᠠᠨ ᠮᠡᠳᠡᠷᠡᠬᠦ ᠶᠢ ᠬᠡᠷᠡᠭᠵᠢᠭᠦᠯᠵᠦ᠂ ᠬᠡᠷᠡᠭᠴᠡᠭᠡ ᠶᠤᠰᠤᠭᠠᠷ ᠳ᠋ᠠᠶᠢᠲ᠋ᠠ ᠶᠢ ᠬᠠᠮᠳᠤᠪᠡᠷ | ᠭᠦᠷᠳᠡᠨ᠂ ︽ᠨᠢᠬᠡ ᠴᠢᠬ ᠲᠤ ᠲᠠᠩᠰᠠᠯᠠᠭᠤᠯᠪᠠᠯ᠂ ᠪᠦᠭᠦ ᠰᠦᠯᠵᠢᠶ᠎ᠡ ᠳᠤ ᠨᠡᠶᠢᠳᠡᠮ ᠭᠦᠢᠴᠡᠳᠬᠡᠵᠦ ᠪᠤᠯᠬᠤ︾ ᠶᠢ | ᠪᠡᠶᠡᠯᠡᠬᠦᠯᠦᠨ᠎ᠠ᠃ ᠵᠠᠰᠠᠭ ᠤᠨ ᠶᠠᠪᠤᠳᠠᠯ ᠤᠨ ᠨᠢᠬᠡᠳᠦᠯᠳᠡᠢ ᠦᠢᠯᠡᠴᠢᠯᠡᠬᠡᠨ ᠤ ᠡᠬᠢ ᠪᠠᠶᠠᠯᠢᠭ ᠢ ᠠᠰᠢᠨᠨᠯᠠᠨ᠂ | ᠲᠡᠪᠴᠡᠩ ᠤᠨ ᠦᠢᠯᠡᠴᠢᠯᠡᠬᠡᠨ ᠢ ᠨᠡᠭᠦᠳᠡᠯ ᠦᠵᠦᠭᠦᠷ᠂ ᠦᠪᠡᠰᠦᠪᠡᠨ ᠰᠤᠩᠭᠤᠬᠤ ᠦᠵᠦᠭᠦᠷ᠂ ᠰᠢᠭᠤᠳ | ᠲᠤᠰᠬᠠᠬᠤ ᠳ᠋ᠢᠶᠠᠩᠬᠤᠸᠠ ᠵᠡᠷᠬᠡ ᠲᠡᠰᠢ ᠤᠷᠳᠤᠳᠬᠠᠵᠦ᠂ ᠠᠵᠦ ᠠᠬᠤᠶᠢᠯᠠᠯ ᠪᠠ ᠤᠯᠠᠨ ᠲᠦᠮᠡᠨ ᠤ ᠠᠵᠢᠯ ᠭᠡᠷᠡᠭ | ᠭᠦᠢᠴᠡᠳᠬᠡᠬᠦ ᠳᠤᠨᠢ ᠤᠯᠠᠨ ᠶᠠᠩᠵᠦ ᠶᠢᠨ ᠲᠦᠭᠦᠮ ᠲᠦᠳᠡ ᠵᠠᠮ ᠮᠦᠷ ᠬᠠᠩᠭᠠᠵᠦ᠂ ᠤᠯᠠᠨ ᠨᠡᠶᠢᠳᠡ ᠶᠢᠨ | ᠦᠢᠯᠡᠴᠢᠯᠡᠬᠡᠨ ᠤ ᠬᠠᠩᠭᠠᠯᠭ᠎ᠠ ᠳᠤ ᠰᠢᠨ᠎ᠠ ᠶᠢ ᠡᠭᠦᠳᠬᠦ ᠶᠢ ᠠᠬᠢᠭᠤᠯᠤᠨ᠎ᠠ᠃ ᠡᠯ᠎ᠡ ᠰᠠᠯᠠᠭ᠎ᠠ ᠮᠦᠴᠢᠷ ᠤᠨ | ᠤᠳᠤ ᠶᠢᠨ ᠪᠠᠶᠢᠭ᠎ᠠ ᠵᠠᠰᠠᠭ ᠪᠠ ᠠᠷᠠᠳ ᠬᠠᠷᠢᠯᠴᠠᠨ ᠭᠦᠳᠡᠯᠦᠯᠴᠡᠬᠦ ᠵᠠᠮ ᠮᠦᠷ ᠢ ᠠᠯᠬᠤᠮ ᠠᠯᠬᠤᠮ ᠢᠶᠠᠷ ᠡᠮᠬᠢᠯᠡᠨ | ᠨᠡᠶᠢᠯᠡᠬᠦᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠶᠡᠷᠦᠩᠬᠡᠶᠢᠯᠡᠭᠰᠡᠨ ᠦᠢᠯᠡᠴᠢᠯᠡᠬᠡᠨ ᠤ | ᠨᠢᠬᠡᠳᠦᠯᠳᠡᠢ ᠰᠢᠭᠤᠳ ᠲᠤᠰᠬᠠᠬᠤ ᠳ᠋ᠢᠶᠠᠩᠬᠤᠸᠠ ᠶᠢ ᠪᠠᠶᠢᠭᠤᠯᠤᠨ᠂ ᠨᠡᠶᠢᠬᠡᠮ ᠨᠡᠶᠢᠳᠡ ᠶᠢᠨ ᠬᠢᠨ ᠤ ᠯᠠᠪᠯᠠᠯᠭ᠎ᠠ | ᠠᠪᠬᠤ᠂ ᠲᠤᠰᠠᠯᠠᠮᠵᠢ ᠭᠤᠶᠤᠬᠤ᠂ ᠰᠠᠨᠠᠯ᠂ ᠰᠠᠨᠠᠭᠤᠯᠭ᠎ᠠ ᠪᠠ ᠵᠠᠭᠠᠯᠳᠤᠯᠭ᠎ᠠ ᠬᠢᠬᠦ ᠶᠢ ᠲᠦᠪᠯᠡᠷᠡᠭᠦᠯᠦᠨ ᠭᠦᠯᠢᠶᠡᠨ | ᠠᠪᠴᠤ᠂ ︽ᠨᠢᠬᠡ ᠰᠢᠭᠤᠳ ᠲᠤᠰᠬᠬᠠᠤ ᠳ᠋ᠢᠶᠠᠩᠬᠤᠸᠠ ᠪᠠᠶᠢᠷᠢᠯᠠᠭᠤᠯᠬᠤ᠂ ᠬᠦᠰᠡᠯ ᠱᠠᠭᠠᠷᠳᠠᠯᠭ᠎ᠠ ᠶᠢ | ᠬᠤᠷᠢᠶᠠᠩᠭᠤᠶᠢᠯᠠᠬᠤ᠂ ᠲᠦᠷᠦᠯ ᠬᠤᠪᠢᠶᠠᠨ ᠰᠶᠢᠳᠪᠦᠷᠢᠯᠡᠬᠦ᠂ ᠨᠢᠬᠡᠳᠦᠯᠳᠡᠢ ᠵᠤᠬᠢᠴᠠᠭᠤᠯᠬᠤ᠂ ᠡᠯ᠎ᠡ ᠲᠠᠯ᠎ᠠ ᠪᠠᠷ ᠢᠶᠠᠨ | ᠬᠤᠯᠪᠤᠭᠠᠯᠠᠨ ᠭᠦᠳᠡᠯᠦᠯᠴᠡᠬᠦ᠂ ᠴᠠᠭ ᠬᠤᠭᠤᠴᠠᠭ᠎ᠠ ᠬᠢᠵᠠᠭᠠᠷᠯᠠᠨ ᠬᠠᠷᠢᠭᠤ ᠦᠭᠬᠦ︾ ᠶᠢ ᠪᠡᠶᠡᠯᠡᠬᠦᠯᠦᠨ᠎ᠠ᠃ ︵ | ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ ᠲᠤᠮᠤ ᠳ᠋ᠠᠶᠢᠲ᠋ᠠ ᠶᠢᠨ | ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ | ᠬᠠᠮᠵᠢᠯᠴᠠᠨ᠎ᠠ︶ | ︵ᠵᠢᠷᠭᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠨᠢᠬᠡ ᠴᠤᠨᠨᠴᠠᠵᠢᠭᠤᠯᠤᠨᠨᠰᠠᠨ ᠡᠯᠧᠺᠲᠷᠤᠨ | ᠬᠢᠨᠠᠨ ᠪᠠᠶᠢᠴᠠᠭᠠᠯᠳᠠ ᠶᠢ ᠬᠡᠷᠡᠭᠵᠢᠭᠦᠯᠦᠨ᠎ᠡ᠃ ᠵᠠᠰᠠᠭ ᠵᠠᠬᠢᠷᠭᠠᠨ ᠤ ᠡᠷᠬᠡ ᠳᠤ ᠬᠢᠨᠠᠯᠳᠠ ᠲᠠᠯᠪᠢᠬᠤ ᠶᠢ | ᠴᠢᠩᠭᠠᠷᠠᠭᠤᠯᠵᠦ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ | ᠭᠤᠷᠪᠠᠨ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠤᠨ ᠡᠯᠧᠺᠲᠷᠤᠨ ᠬᠢᠨᠠᠨ | ᠪᠠᠶᠢᠴᠠᠭᠠᠯᠳᠠ ᠶᠢᠨ ᠵᠦᠬᠡᠯᠡᠨ ᠬᠡᠷᠡᠭᠰᠡᠯ ᠤᠨ ᠬᠠᠮᠵᠢᠯᠴᠠᠵᠦ ᠬᠠᠮᠳᠤᠷᠠᠯᠴᠠᠨ ᠭᠦᠳᠡᠯᠦᠯᠴᠡᠬᠦ ᠶᠢ ᠠᠬᠢᠭᠤᠯᠵᠦ᠂ ᠡᠯ᠎ᠡ | ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠤᠯᠠᠨ ᠨᠡᠶᠢᠳᠡ ᠶᠢᠨ ᠡᠬᠢ ᠪᠠᠶᠠᠯᠢᠭ ᠤᠨ ᠠᠷᠠᠯᠵᠢᠶ᠎ᠠ ᠵᠡᠷᠬᠡ | ᠶᠡᠷᠦᠩᠬᠡᠶᠢᠯᠡᠭᠰᠡᠨ ᠲᠡᠪᠴᠡᠩ ᠤᠨ ᠬᠠᠷᠠᠭᠠᠨ ᠲᠠᠪᠳᠠᠮᠵᠢ ᠪᠠᠷ ᠬᠢᠨᠠᠨ ᠡᠵᠡᠮᠳᠡᠬᠦ ᠰᠢᠰᠲ᠋ᠧᠮ ᠢ ᠠᠭᠤᠰᠤᠯᠴᠠᠭᠤᠯᠤᠨ | ᠵᠠᠯᠭᠠᠯᠳᠤᠭᠤᠯᠵᠦ᠂ ᠡᠯᠧᠺᠲᠷᠤᠨ ᠬᠢᠨᠠᠨ ᠪᠠᠶᠢᠴᠠᠭᠠᠯᠳᠠ ᠶᠢᠨ ᠬᠠᠮ ᠲᠠᠯᠠᠳᠤ ᠰᠢᠰᠲ᠋ᠧᠮᠵᠢ ᠶᠢ ᠪᠠᠶᠢᠭᠤᠯᠵᠦ᠂ ᠪᠦᠭᠦ | ᠤᠷᠤᠨ ᠤ ᠨᠢᠬᠡᠳᠦᠯᠳᠡᠢ ᠡᠯᠧᠺᠲᠷᠤᠨ ᠬᠢᠨᠠᠨ ᠪᠠᠶᠢᠴᠠᠭᠠᠯᠳᠠ ᠶᠢᠨ ᠲᠡᠪᠴᠡᠩ ᠢ ᠡᠮᠬᠢᠯᠡᠨ ᠨᠡᠶᠢᠯᠡᠬᠦᠯᠵᠦ | ᠪᠦᠷᠢᠯᠳᠦᠭᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ᠂ | ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ | ᠮᠦᠴᠢᠷ ᠬᠠᠮᠵᠢᠯᠴᠠᠨ᠎ᠠ︶ | ︵ᠲᠤᠯᠤᠭ᠎ᠠ︶ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠲᠡᠬᠡᠷᠡᠬᠢ ᠪᠠ ᠰᠦᠯᠵᠢᠶᠡᠨ ᠠᠴᠠ | ᠭᠠᠳᠠᠭᠤᠷᠬᠢ ᠶᠢᠨ ᠨᠢᠬᠡ ᠴᠤᠨᠨᠴᠠᠵᠢᠭᠤᠯᠤᠨᠨᠰᠠᠨ ᠬᠠᠮᠢᠶᠠᠷᠤᠯᠳᠠ ᠶᠢ ᠴᠢᠩᠭᠠᠳᠬᠠᠨ᠎ᠠ᠃ ᠡᠯ᠎ᠡ ᠠᠶᠢᠮᠠᠭ ᠬᠤᠳᠠ᠂ | ᠬᠤᠰᠢᠭᠤ ᠰᠢᠶᠠᠨ ︵ᠬᠤᠳᠠ᠂ ᠲᠤᠭᠤᠷᠢᠭ︶ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠦᠪ ᠤᠨ | ᠪᠠᠶᠢᠭᠤᠯᠤᠯᠳᠠ ᠪᠠ ᠬᠠᠮᠢᠶᠠᠷᠤᠯᠳᠠ ᠶᠢ ᠤᠯᠠᠮ ᠨᠢᠬᠡ ᠠᠯᠬᠤᠮ ᠵᠢᠷᠤᠮᠵᠢᠭᠤᠯᠵᠦ᠂ ᠡᠯ᠎ᠡ ᠱᠠᠳᠤᠨ ᠤ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ᠲᠦᠪ ᠤᠨ ᠡᠭᠦᠷᠬᠡ ᠴᠢᠳᠠᠪᠤᠷᠢ ᠪᠠ ᠡᠭᠦᠷᠬᠡ ᠬᠠᠷᠢᠭᠤᠴᠠᠯᠭ᠎ᠠ ᠶᠢ ᠲᠤᠳᠤᠷᠬᠠᠶᠢᠯᠠᠨ᠂ | ᠰᠦᠯᠵᠢᠶ᠎ᠠ ᠶᠢᠨ ᠪᠠ ᠰᠦᠯᠵᠢᠶᠡᠨ ᠠᠴᠠ ᠭᠠᠳᠠᠭᠤᠷᠬᠢ ᠶᠢᠨ ᠨᠢᠬᠡ ᠴᠤᠨᠨᠴᠠᠵᠢᠭᠤᠯᠤᠨᠨᠰᠠᠨ ᠦᠢᠯᠡᠴᠢᠯᠡᠬᠡᠨ ᠪᠠ | ᠬᠠᠮᠢᠶᠠᠷᠤᠯᠳᠠ ᠶᠢᠨ ᠲᠤᠨᠨᠳᠠᠴᠠ ᠶᠢ ᠪᠦᠷᠢᠯᠳᠦᠬᠦᠯᠦᠨ᠎ᠠ᠃ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠪᠦᠬᠦᠢ | ᠲᠢᠩᠬᠢᠮ ᠤᠨ ᠴᠢᠳᠠᠮᠵᠢ ᠶᠢ ᠲᠡᠰ ᠲᠡᠪᠰᠢᠬᠦᠯᠬᠦ ᠶᠢ ᠲᠦᠷᠬᠡᠳᠬᠡᠨ᠂ ᠤᠯᠠᠨ ᠨᠡᠶᠢᠳᠡ ᠶᠢᠨ ᠦᠢᠯᠡᠴᠢᠯᠡᠬᠡᠨ ᠤ | ᠵᠦᠢᠯᠡᠰ ᠢ ᠤᠷᠤᠭᠤᠯᠬᠤ ᠶᠢ ᠢᠳᠡᠪᠬᠢᠳᠡᠢ ᠪᠠᠷ ᠠᠬᠢᠭᠤᠯᠵᠦ᠂ ᠵᠠᠰᠠᠭ ᠤᠨ ᠶᠠᠪᠤᠳᠠᠯ ᠤᠨ ᠪᠤᠳᠠᠳᠤ ᠴᠣᠭᠴᠠ ᠪᠦᠬᠦᠢ | ᠲᠢᠩᠬᠢᠮ ᠤᠨ ᠦᠢᠯᠡᠴᠢᠯᠡᠬᠡᠨ ᠤ ᠴᠢᠳᠠᠪᠤᠷᠢ ᠶᠢ ᠤᠯᠠᠮ ᠨᠢᠬᠡ ᠠᠯᠬᠤᠮ ᠲᠡᠬᠡᠭᠰᠢᠯᠡᠬᠦᠯᠵᠦ᠂ ᠰᠠᠯᠠᠭ᠎ᠠ ᠮᠦᠴᠢᠷ ᠤᠨ | ᠰᠠᠯᠭᠠᠵᠦ ᠪᠠᠶᠢᠷᠢᠯᠠᠭᠤᠯᠤᠨᠨᠰᠠᠨ ᠠᠵᠢᠯ ᠶᠠᠪᠤᠳᠠᠯ ᠭᠦᠢᠴᠡᠳᠬᠡᠬᠦ ᠴᠤᠩᠬᠤᠪᠴᠢ ᠶᠢ ᠡᠮᠬᠢᠯᠡᠨ ᠨᠡᠶᠢᠯᠡᠬᠦᠯᠵᠦ | ᠶᠡᠷᠦᠩᠬᠡᠶᠢᠯᠡᠭᠰᠡᠨ ᠴᠤᠩᠬᠤᠪᠴᠢ ᠪᠤᠯᠭᠠᠬᠤ ᠶᠢ ᠰᠦᠪᠡᠭᠴᠢᠯᠡᠨ᠂ ᠰᠠᠯᠠᠭ᠎ᠠ ᠮᠦᠴᠢᠷ ᠤᠨ ᠴᠤᠩᠬᠤᠪᠴᠢ ᠳᠤ | ᠠᠵᠢᠯᠯᠠᠵᠦ ᠪᠠᠶᠢᠨᠨᠰᠠᠨ ᠤᠤᠯ ᠤᠨ ᠠᠵᠢᠯᠳᠠᠨ ᠢ ᠠᠷᠤ ᠲᠠᠯ᠎ᠠ ᠶᠢᠨ ᠳᠠᠪᠴᠠᠩ ᠳᠤᠨᠢ ᠰᠢᠯᠵᠢᠬᠦᠯᠥᠨ ᠬᠢᠨᠠᠨ | ᠵᠦᠪᠰᠢᠶᠡᠷᠡᠬᠦᠯᠬᠦ ᠠᠵᠢᠯ ᠢ ᠲᠤᠰᠬᠠᠶᠢᠯᠠᠨ ᠬᠢᠯᠬᠡᠵᠦ᠂ ︽ᠤᠯᠠᠨ ᠭᠠᠵᠠᠷ ᠲᠤ ᠭᠦᠯᠢᠶᠡᠨ ᠠᠪᠴᠤ ᠰᠶᠢᠳᠪᠦᠷᠢᠯᠡᠬᠦ︾ | ᠶᠢ ︽ᠨᠢᠬᠡ ᠴᠤᠩᠬᠤᠪᠴᠢ ᠳᠤ ᠭᠦᠯᠢᠶᠡᠨ ᠠᠪᠴᠤ ᠰᠶᠢᠳᠪᠦᠷᠢᠯᠡᠬᠦ︾ ᠪᠤᠯᠭᠠᠨ ᠬᠤᠪᠢᠷᠠᠭᠤᠯᠵᠦ᠂ ᠤᠯᠠᠨ | ᠲᠦᠮᠡᠨ ᠳᠤ ᠲᠦᠷᠦᠯ ᠵᠦᠢᠯ ᠨᠢ ᠪᠦᠷᠢᠨ᠂ ᠪᠠᠷᠢᠮᠵᠢᠶ᠎ᠠ ᠨᠢ ᠨᠢᠬᠡᠳᠦᠯᠳᠡᠢ᠂ ᠲᠦᠭᠦᠮ ᠲᠦᠳᠡ ᠦᠨᠳᠦᠷ ᠦᠷ᠎ᠡ | ᠪᠦᠳᠦᠮᠵᠢᠳᠡᠢ ᠤᠯᠠᠨ ᠨᠡᠶᠢᠳᠡ ᠶᠢᠨ ᠦᠢᠯᠡᠴᠢᠯᠡᠭᠡ ᠬᠠᠩᠭᠠᠨ᠎ᠠ᠃ ᠵᠠᠰᠠᠭ ᠤᠨ ᠶᠠᠪᠤᠳᠠᠯ ᠤᠨ ᠪᠤᠳᠠᠳᠤ ᠴᠣᠭᠴᠠ | ᠪᠦᠬᠦᠢ ᠲᠢᠩᠬᠢᠮ ᠤᠨ ᠬᠠᠮᠢᠶᠠᠷᠤᠯᠳᠠ ᠶᠢᠨ ᠪᠠᠶᠢᠭᠤᠯᠤᠮᠵᠢ ᠨᠢ ᠨᠢᠬᠡᠴᠡ ᠨᠦᠭᠦᠳ ᠤᠨ ᠤᠷᠤᠵᠦ ᠰᠠᠭᠤᠬᠤ᠂ ᠠᠵᠢᠯ | ᠶᠠᠪᠤᠳᠠᠯ ᠡᠷᠬᠢᠯᠡᠨ ᠭᠦᠢᠴᠡᠳᠬᠡᠬᠦ᠂ ᠴᠤᠪᠤᠷᠠᠯ ᠢ ᠰᠢᠯᠢᠳᠡᠭᠵᠢᠬᠦᠯᠬᠦ᠂ ᠰᠦᠯᠵᠢᠶᠡᠨ ᠳᠡᠭᠡᠷ᠎ᠡ ᠠᠵᠢᠯᠯᠠᠭᠠᠤᠯᠬᠤ᠂ | ᠲᠠᠯᠠᠪᠤᠷ ᠲᠤ ᠰᠠᠭᠤᠭ᠎ᠠ ᠵᠠᠭᠤᠴᠢ ᠪᠠᠶᠢᠭᠤᠯᠤᠮᠵᠢ ᠨᠤᠭᠤᠳ ᠲᠤ ᠬᠢᠨᠠᠯᠳᠠ ᠲᠠᠯᠪᠢᠵᠦ ᠬᠠᠮᠢᠶᠠᠷᠬᠤ ᠶᠢ ᠴᠢᠩᠭᠠᠷᠠᠭᠤᠯᠵᠦ᠂ | ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠢᠯᠡ ᠪᠦᠭᠡᠳ ᠵᠢᠷᠤᠮᠵᠢᠯ ᠲᠠᠢ ᠠᠵᠢᠯᠯᠠᠭᠤᠯᠬᠤ ᠶᠢ ᠠᠬᠢᠭᠤᠯᠬᠤ | ᠬᠡᠷᠡᠭᠲᠡᠢ᠃ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠳᠦᠰᠦᠨ ᠱᠠᠳᠤ ᠲᠡᠰᠢ ᠤᠷᠳᠤᠳᠬᠠᠬᠤ ᠶᠢ | ᠠᠬᠢᠭᠤᠯᠤᠨ᠎ᠠ᠃ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶᠂ ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ | ᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠴᠢᠬ ︵ᠤᠷᠤᠯᠠᠨ ᠭᠦᠢᠴᠡᠳᠬᠡᠬᠦ ᠴᠢᠬ︶ ᠤᠨ | ᠪᠠᠶᠢᠭᠤᠯᠤᠯᠳᠠ ᠶᠢ ᠴᠢᠩᠭᠠᠳᠬᠠᠵᠦ᠂ ᠰᠤᠮᠤ ᠰᠢᠶᠠᠩ ᠪᠠᠯᠭᠠᠰᠤ ︵ᠵᠡᠬᠡᠯᠢ ᠭᠤᠳᠤᠮᠵᠢ︶ ᠪᠠ ᠨᠦᠭᠦᠴᠡᠯ ᠲᠠᠢ | ᠭᠠᠴᠠᠭ᠎ᠠ ᠲᠤᠰᠬᠤᠨ ︵ᠨᠡᠶᠢᠬᠡᠮ ᠲᠤᠭᠤᠷᠢᠭ︶ ᠲᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ ᠴᠢᠬ ︵ | ᠤᠷᠤᠯᠠᠨ ᠭᠦᠢᠴᠡᠳᠬᠡᠬᠦ ᠴᠢᠬ︶ ᠢ ᠦᠨᠳᠦᠰᠦᠨ ᠳᠤᠨᠢ ᠪᠦᠷᠭᠦᠭᠦᠯᠭᠦ ᠶᠢ ᠪᠡᠶᠡᠯᠡᠬᠦᠯᠦᠨ᠎ᠠ᠃ ᠭᠦᠳᠡᠯᠮᠦᠷᠢ ᠠᠵᠢᠯ | ᠤᠯᠭᠤᠯᠳᠠ᠂ ᠨᠡᠶᠢᠬᠡᠮ ᠤᠨ ᠲᠠᠭᠠᠳᠬᠠᠯ᠂ ᠨᠡᠶᠢᠬᠡᠮ ᠤᠨ ᠠᠪᠤᠷᠠᠨ ᠲᠤᠰᠠᠯᠠᠬᠤ᠂ ᠶᠠᠳᠠᠭᠤ ᠶᠢ ᠲᠡᠳᠬᠦᠵᠦ | ᠶᠠᠳᠠᠭᠤ ᠠᠴᠠ ᠠᠩᠬᠢᠵᠢᠷᠠᠭᠤᠯᠬᠤ ᠵᠡᠷᠬᠡ ᠭᠦᠷᠢᠶ᠎ᠡ ᠴᠠᠷᠠᠭ᠎ᠠ ᠶᠢᠨ ᠲᠤᠭᠤᠷᠢᠨ ᠢᠶᠠᠷ ᠭᠤᠤᠯᠳᠠᠭᠤᠯᠵᠦ᠂ ᠬᠠᠮᠳᠤᠪᠡᠷ | ᠭᠦᠷᠳᠡᠬᠦ ᠰᠦᠯᠵᠢᠶᠡᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠡᠬᠢ ᠪᠠᠶᠠᠯᠢᠭ ᠢ ᠭᠦᠢᠴᠡᠳ ᠠᠰᠢᠨᠨᠯᠠᠨ᠂ | ᠦᠨᠳᠦᠰᠦᠨ ᠱᠠᠳᠤᠨ ᠤ ᠦᠢᠯᠡᠴᠢᠯᠡᠬᠦ ᠰᠦᠯᠵᠢᠶᠡᠨ ᠴᠢᠬ ᠢ ᠰᠦᠯᠵᠢᠶᠡᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ | ᠲᠡᠪᠴᠡᠩ ᠯᠤᠭ᠎ᠠ ᠨᠢᠨᠨᠳᠠ ᠵᠠᠯᠭᠠᠯᠳᠤᠭᠤᠯᠬᠤ ᠠᠵᠢᠯ ᠢ ᠬᠡᠷᠡᠭᠵᠢᠭᠦᠯᠵᠦ᠂ ᠬᠤᠰᠢᠭᠤ ᠰᠢᠶᠠᠨ ︵ᠬᠤᠳᠠ᠂ ᠲᠤᠭᠤᠷᠢᠭ︶ | ᠤ ᠵᠠᠰᠠᠭ ᠵᠠᠬᠢᠷᠭᠠᠨ ᠤ ᠬᠢᠨᠠᠨ ᠵᠦᠪᠰᠢᠶᠡᠷᠡᠬᠦ ᠵᠦᠢᠯᠡᠰ ᠢ ᠭᠦᠯᠢᠶᠡᠨ ᠠᠪᠴᠤ ᠰᠶᠢᠳᠪᠦᠷᠢᠯᠡᠬᠦ ᠴᠤᠩᠬᠤᠪᠴᠢ ᠶᠢ | ᠲᠤᠷᠤᠨᠨᠰᠢ ᠪᠠᠭᠤᠯᠭᠠᠬᠤ ᠶᠢ ᠠᠬᠢᠭᠤᠯᠵᠦ᠂ ︽ᠦᠨᠳᠦᠰᠦᠨ ᠱᠠᠳᠤᠨ ᠤ ᠴᠤᠩᠬᠤᠪᠴᠢ ᠳᠤ ᠭᠦᠯᠢᠶᠡᠨ ᠠᠪᠴᠤ᠂ | ᠮᠠᠲ᠋ᠧᠷᠢᠶᠠᠯ ᠢ ᠰᠦᠯᠵᠢᠶ᠎ᠡ ᠪᠠᠷ ᠲᠠᠮᠵᠢᠭᠤᠯᠬᠤ᠂ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠬᠢᠨᠠᠨ ᠵᠦᠪᠰᠢᠶᠡᠷᠡᠬᠦ᠂ | ᠦᠨᠳᠦᠰᠦᠨ ᠱᠠᠳᠤᠨ ᠤ ᠴᠤᠩᠬᠤᠪᠴᠢ ᠪᠠᠷ ᠬᠠᠷᠢᠭᠤ ᠲᠤᠰᠬᠠᠬᠤ︾ ᠠᠵᠢᠯ ᠶᠠᠪᠤᠳᠠᠯ ᠭᠦᠢᠴᠡᠳᠬᠡᠬᠦ ᠵᠬᠠᠪᠤᠷ ᠢ | ᠪᠠᠶᠢᠭᠤᠯᠤᠨ᠂ ᠤᠯᠠᠨ ᠲᠦᠮᠡᠨ ᠢ ᠦᠨᠳᠦᠰᠦᠨ ᠱᠠᠳᠤᠨ ᠤ ᠠᠷᠠᠳ ᠲᠤ ᠲᠦᠭᠦᠮ ᠦᠵᠡᠬᠦᠯᠬᠦ ᠦᠢᠯᠡᠴᠢᠯᠡᠬᠡᠨ ᠤ | ᠲᠦᠪ ᠢᠶᠠᠷ ᠤᠶᠢᠷ᠎ᠠ ᠬᠠᠪᠢ ᠳᠠᠭᠠᠨ ᠠᠵᠢᠯ ᠶᠠᠪᠤᠳᠠᠯ ᠭᠦᠢᠴᠡᠳᠬᠡᠯᠬᠡᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ︽ᠡᠴᠦᠰ ᠤᠨ ᠨᠢᠬᠡ ᠺᠢᠯᠤᠮᠧᠲᠷ︾ ᠢ ᠨᠡᠪᠳᠡᠷᠡᠬᠦᠯᠦᠨ᠎ᠠ᠃ ᠦᠪᠡᠷᠳᠡᠬᠡᠨ ᠵᠠᠰᠠᠬᠤ ᠤᠷᠤᠨ ᠤ ᠡᠯ᠎ᠡ | ᠱᠠᠳᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶ᠎ᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ | ᠵᠢᠴᠢ ᠪᠤᠳᠠᠳᠤ ᠴᠣᠭᠴᠠ ᠪᠦᠬᠦᠢ ᠠᠵᠢᠯ ᠶᠠᠪᠤᠳᠠᠯ ᠭᠦᠢᠴᠡᠳᠬᠡᠬᠦ ᠲᠢᠩᠬᠢᠮ ᠨᠢ ᠰᠦᠯᠵᠢᠶ᠎ᠡ ᠶᠢᠨ ᠪᠠ | ᠰᠦᠯᠵᠢᠶᠡᠨ ᠠᠴᠠ ᠭᠠᠳᠠᠭᠤᠷᠬᠢ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠠᠵᠢᠯ ᠶᠠᠪᠤᠳᠠᠯ ᠭᠦᠢᠴᠡᠳᠬᠡᠬᠦ | ᠮᠤᠩᠭᠤᠯ ᠬᠡᠪᠯᠡᠯ ᠤᠨ ᠵᠦᠭᠯᠡᠭᠦᠷ ᠬᠠᠩᠭᠠᠬᠤ ᠶᠢ ᠲᠦᠷᠬᠡᠳᠬᠡᠬᠦ ᠬᠡᠷᠡᠭᠳᠡᠢ᠃ ︵ᠦᠪᠡᠷᠳᠡᠬᠡᠨ ᠵᠠᠰᠠᠬᠤ ᠤᠷᠤᠨ ᠤ | ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ | ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ﹇ᠭᠡᠷ﹈᠂ ᠡᠯ᠎ᠡ ᠬᠤᠰᠢᠭᠤ ᠰᠢᠶᠠᠨ ﹇ᠬᠤᠳᠠ᠂ ᠲᠤᠭᠤᠷᠢᠭ﹈ | ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠬᠠᠮᠵᠢᠯᠴᠠᠨ᠎ᠠ︶ | ︵ᠨᠠᠢᠮᠠ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠰᠢᠰᠲ᠋ᠧᠮ ᠤᠨ ᠠᠵᠢᠯᠯᠠᠬᠤ | ᠲᠤᠬᠠᠶᠢᠯᠬᠠᠰᠠᠨ ᠠᠵᠢᠯ ᠤᠨ ᠲᠡᠪᠴᠡᠩ ᠢ ᠡᠮᠬᠢᠯᠡᠨ ᠨᠡᠶᠢᠯᠡᠬᠦᠯᠵᠦ ᠪᠠᠶᠢᠭᠤᠯᠤᠨ᠎ᠠ᠃ ᠣᠳᠣᠬᠠᠨ ᠤ ᠡᠯᠧᠺᠲᠷᠤᠨ | ᠠᠯᠪᠠᠨ ᠪᠢᠴᠢᠭ ᠤᠨ ᠨᠢᠬᠡ ᠴᠤᠨᠨᠴᠠᠵᠢᠭᠤᠯᠤᠨᠨᠰᠠᠨ ᠲᠡᠪᠴᠡᠩ ᠤᠨ ᠠᠵᠢᠯᠯᠠᠭᠠᠨ ᠤ ᠰᠠᠭᠤᠷᠢ ᠶᠢ ᠭᠦᠢᠴᠡᠳ ᠠᠰᠢᠨᠨᠯᠠᠨ᠂ | ᠪᠠᠷᠢᠮᠵᠢᠶ᠎ᠠ ᠨᠢ ᠵᠢᠷᠤᠮᠵᠢᠨᠨᠰᠠᠨ ᠨᠢᠬᠡᠳᠦᠯᠳᠡᠢ ᠰᠢᠰᠲ᠋ᠧᠮᠵᠢ ᠶᠢ ᠪᠠᠶᠢᠭᠤᠯᠬᠤ ᠪᠠᠷ ᠲᠠᠮᠵᠢᠭᠤᠯᠤᠨ᠂ ᠡᠯᠧᠺᠲᠷᠤᠨ | ᠲᠠᠮᠠᠭ᠎ᠠ᠂ ᠡᠯᠧᠺᠲᠷᠤᠨ ᠪᠢᠴᠢᠭ ᠮᠠᠲ᠋ᠧᠷᠢᠶᠠᠯ᠂ ᠬᠤᠶᠠᠷ ᠬᠡᠮᠵᠢᠯᠳᠦ ᠵᠢᠷᠤᠭᠠᠰᠤᠨ ᠲᠡᠮᠳᠡᠭ᠂ ᠲᠤᠭᠠᠴᠠᠯᠬᠠᠰᠠᠨ | ᠬᠡᠷᠡᠴᠢᠯᠡᠭᠡ᠂ ᠠᠯᠪᠠᠨ ᠪᠢᠴᠢᠭ ᠤᠨ ᠪᠤᠰᠤᠭ᠎ᠠ ᠴᠤᠬᠴᠠᠳᠤ ᠰᠤᠯᠢᠯᠴᠠᠭ᠎ᠠ ᠵᠡᠷᠬᠡ ᠶᠢ ᠪᠠᠷᠢᠮᠵᠢᠶᠠᠵᠢᠭᠤᠯᠬᠤ ᠪᠠᠷ ᠰᠠᠭᠤᠷᠢ | ᠪᠤᠯᠭᠠᠨ᠂ ᠠᠯᠪᠠᠨ ᠪᠢᠴᠢᠭ᠂ ᠬᠤᠷᠠᠯ ᠴᠤᠨᠨᠯᠠᠭᠠᠨ᠂ ᠰᠢᠮᠳᠠᠭᠤᠯᠤᠨ ᠪᠠᠶᠢᠴᠠᠭᠠᠯᠳᠠ᠂ ᠮᠡᠳᠡᠭᠡ ᠵᠠᠩᠬᠢ ᠵᠡᠷᠬᠡ | ᠠᠵᠢᠯᠯᠠᠬᠤ ᠲᠤᠬᠠᠶᠢᠯᠬᠠᠰᠠᠨ ᠠᠵᠢᠯ ᠤᠨ ᠰᠢᠰᠲ᠋ᠧᠮ ᠢ ᠰᠢᠯᠢᠳᠡᠭᠵᠢᠬᠦᠯᠦᠨ ᠡᠮᠬᠢᠯᠡᠨ ᠨᠡᠶᠢᠯᠡᠬᠦᠯᠵᠦ᠂ ᠡᠯ᠎ᠡ ᠭᠠᠵᠠᠷ | ᠤᠷᠤᠨ᠂ ᠡᠯ᠎ᠡ ᠰᠠᠯᠠᠭ᠎ᠠ ᠮᠦᠴᠢᠷ ᠤᠨ ᠠᠳᠠᠯᠢ ᠪᠤᠰᠤ ᠲᠤᠬᠠᠶᠢᠯᠠᠭᠰᠠᠨ ᠠᠵᠢᠯ ᠤᠨ ᠰᠢᠰᠲ᠋ᠧᠮ ᠤᠨ ᠬᠠᠷᠢᠯᠴᠠᠨ | ᠨᠡᠶᠢᠯᠡᠯᠳᠦᠬᠦ ᠪᠠ ᠬᠠᠮᠵᠢᠯᠴᠠᠨ ᠠᠵᠢᠯᠯᠠᠬᠤ ᠶᠢ ᠠᠬᠢᠭᠤᠯᠤᠨ᠎ᠠ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ | ᠤᠷᠳᠤᠨ ᠤ ᠠᠯᠪᠠᠨ ᠫᠤᠷᠲ᠋ᠧᠯ ᠰᠦᠯᠵᠢᠶ᠎ᠠ ᠪᠠᠷ ᠲᠡᠪᠴᠡᠩ ᠪᠤᠯᠭᠠᠵᠦ᠂ ᠵᠠᠰᠠᠭ ᠤᠨ ᠤᠷᠳᠤᠨ ᠤ ᠬᠠᠮᠢᠶᠠᠷᠤᠯᠳᠠ ᠶᠢᠨ | ᠠᠷᠭ᠎ᠠ ᠮᠠᠶ᠋ᠢᠭ ᠲᠤ ᠰᠢᠨ᠎ᠠ ᠶᠢ ᠡᠭᠦᠳᠴᠦ᠂ ᠵᠠᠰᠠᠭ ᠤᠨ ᠤᠷᠳᠤᠨ ᠤ ᠠᠵᠢᠯᠯᠠᠭᠠᠨ ᠤ ᠭᠦᠴᠦᠨ ᠴᠢᠳᠠᠪᠤᠷᠢ ᠶᠢ | ᠲᠡᠬᠡᠭᠰᠢᠯᠡᠬᠦᠯᠥᠨ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ᠬᠤᠳᠠ᠂ ᠲᠤᠭᠤᠷᠢᠭ︶ | ᠭᠤᠷᠪᠠᠨ ᠱᠠᠳᠤᠨ ᠤ ᠠᠵᠢᠯᠯᠠᠬᠤ ᠲᠤᠬᠠᠶᠢᠯᠬᠠᠰᠠᠨ ᠠᠵᠢᠯ ᠤᠨ ᠨᠡᠶᠢᠯᠡᠯᠳᠦᠬᠦ᠂ ᠬᠠᠮᠵᠢᠯᠴᠠᠬᠤ᠂ ᠦᠨᠳᠦᠷ ᠦᠷ᠎ᠡ | ᠪᠦᠳᠦᠮᠵᠢᠳᠡᠢ ᠠᠵᠢᠯᠯᠠᠬᠤ ᠶᠢ ᠠᠬᠢᠭᠤᠯᠤᠨ᠎ᠠ᠃ ᠡᠭᠦᠯᠡᠨ ᠪᠤᠳᠤᠯᠳᠠ᠂ ᠲᠤᠮᠤ ᠳ᠋ᠠᠶᠢᠲ᠋ᠠ᠂ ᠤᠷᠤᠨ ᠵᠠᠢ ᠶᠢᠨ ᠭᠠᠵᠠᠷ | ᠵᠦᠢ ᠶᠢᠨ ᠮᠡᠳᠡᠭᠡ ᠵᠠᠩᠬᠢ ᠪᠠ ᠰᠢᠯᠵᠢᠮᠡᠯ ᠴᠢᠮᠡᠭᠡ ᠬᠤᠯᠪᠤᠭ᠎ᠠ ᠶᠢᠨ ᠢᠨᠲ᠋ᠧᠷ ᠰᠦᠯᠵᠢᠶ᠎ᠡ ᠵᠡᠷᠬᠡ ᠮᠡᠳᠡᠭᠡ ᠵᠠᠩᠬᠢ ᠶᠢᠨ | ᠮᠡᠷᠬᠡᠵᠢᠯ ᠢ ᠭᠦᠢᠴᠡᠳ ᠬᠡᠷᠡᠭᠯᠡᠨ᠂ ᠦᠪᠡᠷᠳᠡᠬᠡᠨ ᠵᠠᠰᠠᠬᠤ ᠤᠷᠤᠨ᠂ ᠠᠶᠢᠮᠠᠭ ᠬᠤᠳᠠ᠂ ᠬᠤᠰᠢᠭᠤ ᠰᠢᠶᠠᠨ ︵ | ᠬᠤᠳᠠ᠂ ᠲᠤᠭᠤᠷᠢᠭ︶ ᠭᠤᠷᠪᠠᠨ ᠱᠠᠳᠤᠨ ᠤ ᠵᠠᠰᠠᠭ ᠤᠨ ᠤᠷᠳᠤᠨ ᠤ ᠠᠵᠢᠯᠯᠠᠬᠤ ᠲᠤᠬᠠᠶᠢᠯᠬᠠᠰᠠᠨ ᠠᠵᠢᠯ ᠢ | ᠡᠷᠴᠢᠮᠵᠢᠬᠦᠯᠦᠨ ᠲᠡᠯᠬᠡᠷᠡᠭᠦᠯᠭᠦ ᠪᠠ ᠴᠤᠮᠬᠠᠳᠬᠠᠵᠢᠭᠤᠯᠤᠨ ᠬᠡᠷᠡᠭᠯᠡᠬᠦ ᠶᠢ ᠪᠡᠶᠡᠯᠡᠬᠦᠯᠦᠨ᠎ᠠ᠃ ︵ᠦᠪᠡᠷᠳᠡᠬᠡᠨ ᠵᠠᠰᠠᠬᠤ | ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠲᠦᠷᠦᠭᠦᠯᠡᠵᠦ᠂ ᠡᠯ᠎ᠡ ᠠᠶᠢᠮᠠᠭ ᠤᠨ ᠵᠠᠬᠢᠷᠭ᠎ᠠ᠂ | ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ﹇ᠭᠡᠷ﹈᠂ ᠡᠯ᠎ᠡ ᠬᠤᠰᠢᠭᠤ ᠰᠢᠶᠠᠨ ﹇ᠬᠤᠳᠠ᠂ | ᠲᠤᠭᠤᠷᠢᠭ﹈ ᠤ ᠠᠷᠠᠳ ᠤᠨ ᠵᠠᠰᠠᠭ ᠤᠨ ᠤᠷᠳᠤᠨ ᠤ ᠠᠯᠪᠠᠨ ᠬᠡᠷ ᠬᠠᠮᠵᠢᠯᠴᠠᠨ᠎ᠠ︶ | ︵ᠶᠢᠰᠦ︶ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠲᠤᠮᠤ ᠳ᠋ᠠᠶᠢᠲ᠋ᠠ ᠶᠢᠨ ᠲᠦᠪ ᠢ | ᠪᠠᠶᠢᠭᠤᠯᠤᠨ᠎ᠠ᠃ ᠲᠦᠷᠦ ᠶᠢᠨ ᠶᠠᠪᠤᠳᠠᠯ ᠤᠨ ᠬᠤᠷᠢᠶ᠎ᠠ ᠶᠢᠨ ︽ᠵᠠᠰᠠᠭ ᠤᠨ ᠶᠠᠪᠤᠳᠠᠯ ᠤᠨ ᠮᠡᠳᠡᠭᠡ ᠵᠠᠩᠬᠢ ᠶᠢᠨ ᠡᠬᠢ | ᠪᠠᠶᠠᠯᠢᠭ ᠢ ᠬᠠᠮᠳᠤ ᠪᠠᠷ ᠭᠦᠷᠳᠡᠬᠦ ᠬᠠᠮᠢᠶᠠᠷᠤᠯᠳᠠ ᠶᠢᠨ ᠲᠦᠷ ᠬᠡᠷᠡᠭᠵᠢᠬᠦᠯᠬᠦ ᠠᠷᠭ᠎ᠠ︾ ︵ᠲᠦᠷᠦ ᠲᠠᠷᠬᠠᠭᠠᠨᠨᠰᠠᠨ ﹇ | 2016﹈ 51 ᠳ᠋ᠤᠬᠡᠷ ᠲᠤᠭᠠᠳᠤ︶ ᠶᠢ ᠬᠢᠨᠠᠮᠠᠭᠠᠢ ᠲᠤᠤᠱᠯᠠᠭᠤᠯᠤᠨ ᠬᠡᠷᠡᠭᠵᠢᠬᠦᠯᠵᠦ᠂ ᠵᠠᠰᠠᠭ ᠤᠨ ᠶᠠᠪᠤᠳᠠᠯ ᠤᠨ | ᠮᠡᠳᠡᠭᠡ ᠵᠠᠩᠬᠢ ᠶᠢᠨ ᠡᠬᠢ ᠪᠠᠶᠠᠯᠢᠭ ᠤᠨ ᠭᠠᠷᠴᠠᠭ ᠢ ᠨᠠᠶᠢᠷᠠᠭᠤᠯᠤᠨ ᠵᠤᠬᠢᠶᠠᠬᠤ᠂ ᠦᠪᠡᠷᠳᠡᠬᠡᠨ ᠵᠠᠰᠠᠬᠤ ᠤᠷᠤᠨ ᠤ | ᠮᠡᠳᠡᠭᠡ ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠭᠦᠷᠳᠡᠬᠡᠵᠦ ᠰᠤᠯᠢᠯᠴᠠᠬᠤ ᠲᠡᠪᠴᠡᠩ ᠢ ᠪᠠᠶᠢᠭᠤᠯᠬᠤ ᠪᠠᠷ ᠰᠠᠭᠤᠷᠢ | ᠪᠤᠯᠭᠠᠨ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠳ᠋ᠠᠶᠢᠲ᠋ᠠ ᠶᠢᠨ ᠡᠬᠢ ᠪᠠᠶᠠᠯᠢᠭ ᠤᠨ | ᠨᠢᠬᠡᠳᠦᠯᠳᠡᠢ ᠰᠢᠰᠲ᠋ᠧᠮᠵᠢ ᠶᠢ ᠪᠠᠶᠢᠭᠤᠯᠵᠦ᠂ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠶᠠᠪᠤᠳᠠᠯ ᠤᠨ ᠲᠤᠮᠤ | ᠳ᠋ᠠᠶᠢᠲ᠋ᠠ ᠶᠢᠨ ᠰᠠᠭᠤᠷᠢ ᠲᠡᠪᠴᠡᠩ ᠢ ᠪᠠᠶᠢᠭᠤᠯᠤᠨ᠎ᠠ᠃ ᠵᠠᠰᠠᠭ ᠤᠨ ᠣᠷᠳᠤᠨ ᠤ ᠰᠠᠯᠠᠭ᠎ᠠ ᠮᠦᠴᠢᠷ᠂ ᠠᠵᠦ | ᠠᠬᠤᠶᠢᠯᠠᠯ ᠠᠵᠢᠯ ᠦᠢᠯᠡᠰ ᠤᠨ ᠨᠢᠬᠡᠴᠡ ᠵᠢᠴᠢ ᠪᠤᠰᠤᠳ ᠤᠯᠠᠨ ᠨᠡᠶᠢᠳᠡ ᠶᠢᠨ ᠦᠢᠯᠡᠴᠢᠯᠡᠬᠡᠨ ᠤ | ᠪᠠᠶᠢᠭᠤᠯᠤᠮᠵᠢ ᠶᠢᠨ ᠳ᠋ᠠᠶᠢᠲ᠋ᠠ ᠶᠢ ᠨᠢᠬᠡᠳᠦᠯᠳᠡᠢ ᠲᠦᠯᠦᠪᠯᠡᠨ ᠬᠠᠮᠢᠶᠠᠷᠬᠤ ᠪᠠᠨ ᠴᠢᠩᠭᠠᠳᠬᠠᠨ᠂ ᠵᠠᠰᠠᠭ ᠤᠨ | ᠤᠷᠳᠤᠨ ᠤ ᠳ᠋ᠠᠶᠢᠲ᠋ᠠ ᠶᠢᠨ ᠴᠢᠯᠦᠬᠡᠳᠡᠢ ᠪᠠᠶᠢᠯᠭᠠᠬᠤ ᠪᠠᠷᠢᠮᠵᠢᠶ᠎ᠠ ᠶᠢᠨ ᠵᠢᠷᠤᠮᠵᠢᠯ ᠢ ᠲᠤᠨᠨᠳᠠᠭᠠᠨ ᠬᠡᠷᠡᠭᠵᠢᠬᠦᠯᠵᠦ᠂ | ᠳ᠋ᠠᠶᠢᠲ᠋ᠠ ᠶᠢᠨ ᠰᠤᠯᠢᠯᠴᠠᠬᠤ ᠪᠠᠷᠢᠮᠵᠢᠶ᠎ᠠ ᠪᠠ ᠳ᠋ᠠᠶᠢᠲ᠋ᠠ ᠶᠢᠨ ᠰᠤᠯᠢᠯᠴᠠᠬᠤ ᠲᠦᠯᠦᠪᠯᠡᠭᠡ ᠶᠢ ᠨᠡᠶᠢᠲᠡᠯᠡᠨ᠂ ᠳ᠋ᠠᠶᠢᠲ᠋ᠠ ᠶᠢ | ᠰᠤᠯᠢᠯᠴᠠᠬᠤ ᠵᠢᠴᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠎ᠠ᠃ ᠮᠡᠳᠡᠭᠡ ᠵᠠᠩᠬᠢ ᠶᠢᠨ ︽ᠰᠠᠯᠭᠠᠨ | ᠲᠤᠰᠠᠭᠠᠷᠯᠠᠬᠤ︾ ᠶᠢ ᠠᠷᠢᠯᠭᠠᠨ᠂ ᠮᠡᠳᠡᠭᠡ ᠵᠠᠩᠬᠢ ᠶᠢᠨ ︽ᠲᠠᠰᠤᠷᠬᠠᠢ ᠪᠠᠶᠢᠭ᠎ᠠ︾ ᠶᠢ ᠨᠡᠪᠳᠡᠷᠡᠬᠦᠯᠦᠨ᠂ | ᠲᠤᠬᠠᠶᠢᠯᠬᠠᠰᠠᠨ ᠠᠵᠢᠯ ᠤᠨ ᠳ᠋ᠠᠶᠢᠲ᠋ᠠ ᠶᠢᠨ ᠵᠠᠯᠭᠠᠰᠤ ᠶᠢ ᠬᠡᠷᠡᠭᠴᠡᠭᠡ ᠶᠣᠰᠤᠭᠠᠷ ᠴᠢᠯᠦᠬᠡᠳᠡᠢ ᠨᠡᠬᠡᠬᠡᠵᠦ᠂ ᠡᠯ᠎ᠡ ᠭᠠᠵᠠᠷ | ᠤᠷᠤᠨ᠂ ᠡᠯ᠎ᠡ ᠰᠠᠯᠠᠭ᠎ᠠ ᠮᠦᠴᠢᠷ ᠤᠨ ᠬᠢᠨ ᠤ ᠳ᠋ᠠᠶᠢᠲ᠋ᠠ ᠶᠢᠨ ᠮᠡᠳᠡᠭᠡ ᠵᠠᠩᠬᠢ ᠶᠢᠨ ᠲᠠᠯ᠎ᠠ ᠪᠠᠷ ᠬᠠᠷᠢᠯᠴᠠᠨ | ᠬᠤᠯᠪᠤᠭᠠᠯᠠᠵᠦ ᠬᠠᠷᠢᠯᠴᠠᠨ ᠨᠡᠪᠳᠡᠷᠡᠯᠴᠡᠬᠦ᠂ ᠬᠠᠮᠳᠤᠪᠡᠷ ᠭᠦᠢᠴᠡᠳ ᠭᠦᠷᠳᠡᠬᠦ ᠶᠢ ᠪᠡᠶᠡᠯᠡᠬᠦᠯᠦᠨ᠎ᠠ᠃ ᠣᠨᠴᠠ ᠵᠠᠷᠢᠮ | ᠬᠡᠷᠡᠭᠯᠡᠯᠲᠡ ᠳᠤ ᠳ᠋ᠠᠶᠢᠲ᠋ᠠ ᠶᠢᠨ ᠬᠤᠷᠢᠶᠠᠨ ᠴᠤᠨᠨᠯᠠᠭᠤᠯᠬᠤ ᠶᠢ ᠠᠰ ᠲᠤᠨᠢ ᠬᠡᠷᠡᠭᠵᠢᠬᠦᠯᠬᠦ ᠪᠠᠨ ᠪᠤᠯᠢᠵᠦ᠂ ᠳ᠋ᠠᠶᠢᠲ᠋ᠠ ᠶᠢ | ᠲᠠᠬᠢᠨ ᠲᠠᠪᠳᠠᠨ ᠬᠤᠷᠢᠶᠠᠨ ᠴᠤᠨᠨᠯᠠᠭᠤᠯᠬᠤ᠂ ᠲᠠᠬᠢᠨ ᠲᠠᠪᠳᠠᠨ ᠰᠤᠩᠭᠤᠵᠦ ᠴᠤᠭᠯᠠᠷᠠᠭᠤᠯᠬᠤ ᠶᠢ ᠪᠠᠭᠠᠰᠬᠠᠨ᠂ | ᠰᠠᠯᠠᠭ᠎ᠠ ᠮᠦᠴᠢᠷ᠂ ᠤᠯᠠᠨ ᠲᠦᠮᠡᠨ ᠪᠠ ᠦᠨᠳᠦᠰᠦᠨ ᠱᠠᠳᠤᠨ ᠤ ᠬᠢᠨ ᠤ ᠳ᠋ᠠᠶᠢᠲ᠋ᠠ ᠶᠢᠨ ᠰᠤᠯᠢᠯᠴᠠᠬᠤ | ᠲᠠᠷᠤᠭᠠᠰᠤ ᠶᠢ ᠬᠦᠩᠭᠡᠷᠡᠭᠦᠯᠥᠨᠡ᠃ ᠴᠢᠯᠦᠬᠡᠳᠡᠢ ᠨᠡᠬᠡᠬᠡᠭᠰᠡᠨ ᠳ᠋ᠠᠶᠢᠲ᠋ᠠ ᠶᠢᠨ ᠭᠠᠷᠴᠠᠭ ᠵᠢᠴᠢ ᠨᠡᠶᠢᠳᠡᠮ ᠴᠢᠯᠦᠬᠡᠳᠡᠢ | ᠨᠡᠬᠡᠬᠡᠭᠰᠡᠨ ᠳ᠋ᠠᠶᠢᠲ᠋ᠠ ᠶᠢᠨ ᠲᠡᠭᠦᠪᠦᠷᠢ ᠶᠢ ᠴᠠᠭ ᠲᠤᠨᠢ ᠲᠣᠬᠢᠷᠠᠭᠤᠯᠤᠨ ᠨᠡᠶᠢᠳᠡᠯᠡᠵᠦ᠂ ᠡᠮᠴᠢᠯᠡᠭᠡ᠂ ᠡᠷᠡᠭᠦᠯ ᠬᠠᠮᠠᠭᠠᠯᠠᠯ᠂ | ᠤᠷᠴᠢᠨ ᠲᠤᠭᠤᠷᠢᠨ᠂ ᠵᠠᠮ ᠬᠠᠷᠢᠯᠴᠠᠭ᠎ᠠ᠂ ᠵᠢᠭᠤᠯᠴᠢᠯᠠᠯ᠂ ᠰᠤᠶᠤᠯ᠂ ᠶᠠᠰᠦ ᠴᠢᠨᠠᠷ᠂ ᠴᠠᠭ ᠠᠭᠤᠷ ᠵᠡᠷᠬᠡ ᠶᠢᠨ | ᠵᠠᠰᠠᠭ ᠤᠨ ᠤᠷᠳᠤᠨ ᠤ ᠳ᠋ᠠᠶᠢᠲ᠋ᠠ ᠶᠢ ᠨᠡᠶᠢᠬᠡᠮ ᠤᠨ ᠬᠢᠨ ᠳᠤ ᠴᠢᠯᠦᠬᠡᠳᠡᠢ ᠨᠡᠬᠡᠬᠡᠬᠦ ᠶᠢ ᠤᠷᠢᠳᠠᠪᠡᠷ ᠠᠬᠢᠭᠤᠯᠤᠨ᠎ᠠ᠃ | ᠴᠠᠬᠢᠯᠭᠠᠨ ᠭᠦᠴᠦᠨ᠂ ᠰᠢᠲᠠᠮᠠᠬᠠᠢ ᠬᠡᠢ᠂ ᠴᠢᠮᠡᠭᠡ ᠬᠤᠯᠪᠤᠭ᠎ᠠ᠂ ᠷᠠᠳᠢᠤ᠋ ᠲᠧᠯᠸᠢᠰ ᠵᠡᠷᠬᠡ ᠶᠢᠨ ᠠᠵᠦ ᠠᠬᠤᠶᠢᠯᠠᠯ | ᠠᠵᠢᠯ ᠦᠢᠯᠡᠰ ᠤᠨ ᠨᠢᠬᠡᠴᠡ ᠪᠠ ᠪᠤᠰᠤᠳ ᠤᠯᠠᠨ ᠨᠡᠶᠢᠳᠡ ᠶᠢᠨ ᠦᠢᠯᠡᠴᠢᠯᠡᠬᠡᠨ ᠤ ᠪᠠᠶᠢᠭᠤᠯᠤᠮᠵᠢ ᠶᠢᠨ ᠡᠭᠦᠷᠬᠡ | ᠲᠤᠰᠢᠶᠠᠯ ᠢᠶᠠᠨ ᠭᠦᠢᠴᠡᠳᠬᠡᠬᠦ ᠶᠠᠪᠤᠴᠠ ᠳᠤ ᠪᠦᠷᠢᠯᠳᠦᠭᠰᠡᠨ ᠳ᠋ᠠᠶᠢᠲ᠋ᠠ ᠶᠢᠨ ᠡᠬᠢ ᠪᠠᠶᠠᠯᠢᠭ ᠢ ᠠᠯᠬᠤᠮ ᠠᠯᠬᠤᠮ ᠢᠶᠠᠷ | ᠴᠢᠯᠦᠬᠡᠳᠡᠢ ᠨᠡᠬᠡᠬᠡᠨ᠎ᠠ᠃ ︵ᠦᠪᠡᠷᠳᠡᠬᠡᠨ ᠵᠠᠰᠠᠬᠤ ᠤᠷᠤᠨ ᠤ ᠲᠤᠮᠤ ᠳ᠋ᠠᠶᠢᠲ᠋ᠠ ᠶᠢᠨ ᠭᠦᠭᠵᠢᠬᠦᠯᠦᠯᠳᠡ | ᠬᠠᠮᠢᠶᠠᠷᠤᠯᠳᠠ ᠶᠢᠨ ᠲᠤᠪᠴᠢᠶ᠎ᠠ ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶ | ︵ᠠᠷᠪᠠ︶ ᠰᠢᠨ᠎ᠠ ᠬᠡᠯᠪᠡᠷᠢ ᠶᠢᠨ ᠤᠬᠠᠭᠠᠯᠢᠭ ᠬᠤᠳᠠ ᠶᠢᠨ ᠪᠦᠳᠦᠬᠡᠨ ᠪᠠᠶᠢᠭᠤᠯᠤᠯᠳᠠ ᠶᠢ ᠠᠬᠢᠭᠤᠯᠤᠨ᠎ᠠ᠃ | ᠢᠨᠲ᠋ᠧᠷ ᠰᠦᠯᠵᠢᠶ᠎ᠡ᠂ ᠪᠤᠳᠠᠰᠯᠢᠭ ᠬᠤᠯᠪᠤᠭᠠᠳᠤ ᠰᠦᠯᠵᠢᠶ᠎ᠡ᠂ ᠬᠠᠷᠠᠭᠠᠨ ᠲᠠᠪᠳᠠᠮᠵᠢᠳᠦ ᠰᠦᠯᠵᠢᠶ᠎ᠡ᠂ ᠡᠭᠦᠯᠡᠨ | ᠪᠤᠳᠤᠯᠳᠠ ᠪᠠ ᠲᠤᠮᠤ ᠳ᠋ᠠᠶᠢᠲ᠋ᠠ ᠵᠡᠷᠬᠡ ᠮᠡᠷᠬᠡᠵᠢᠯ ᠢ ᠬᠡᠷᠡᠭᠯᠡᠨ᠂ ︽ᠲᠤᠷᠪᠢᠯᠢᠬ᠂ ᠤᠶᠤᠨᠴᠢ᠂ ᠪᠤᠬᠢᠷᠳᠤᠯ ᠦᠬᠡᠢ᠂ | ᠨᠡᠭᠦᠷᠡᠰᠦᠳᠦ᠋ᠷᠤᠭ᠍ᠴᠢ ᠪᠠᠭ᠎ᠠ︾ ᠬᠤᠳᠠ ᠪᠠᠯᠭᠠᠰᠤᠵᠢᠭᠤᠯᠤᠨ ᠭᠦᠭᠵᠢᠭᠦᠯᠭᠦ ᠵᠠᠮ ᠢᠶᠠᠷ ᠵᠠᠮᠨᠠᠬᠤ ᠶᠢ ᠪᠠᠷᠢᠮᠳᠠᠯᠠᠨ᠂ | ᠦᠪᠡᠷᠳᠡᠬᠡᠨ ᠵᠠᠰᠠᠬᠤ ᠤᠷᠤᠨ ᠤ ᠰᠢᠨ᠎ᠠ ᠬᠡᠯᠪᠡᠷᠢ ᠶᠢᠨ ᠤᠬᠠᠭᠠᠯᠢᠭ ᠬᠤᠳᠠ ᠶᠢᠨ ᠪᠦᠲᠥᠭᠡᠨ ᠪᠠᠶᠢᠭᠤᠯᠤᠯᠳᠠ ᠶᠢ | ᠠᠬᠢᠭᠤᠯᠵᠦ᠂ ᠦᠪᠡᠷᠳᠡᠬᠡᠨ ᠵᠠᠰᠠᠬᠤ ᠤᠷᠤᠨ ᠤ ᠪᠤᠳᠠᠳᠤ ᠪᠠᠶᠢᠳᠠᠯ ᠳᠤ ᠨᠡᠶᠢᠴᠡᠭᠰᠡᠨ ᠬᠤᠳᠠ ᠶᠢᠨ ᠭᠦᠭᠵᠢᠯᠳᠡ ᠶᠢᠨ | ᠵᠠᠮ ᠢ ᠨᠡᠬᠡᠬᠡᠨ᠎ᠠ᠃ ᠮᠡᠳᠡᠭᠡ ᠵᠠᠩᠬᠢ ᠪᠠᠷ ᠠᠷᠠᠳ ᠲᠤ ᠠᠰᠢᠭ ᠭᠦᠷᠳᠡᠬᠡᠬᠦ ᠲᠤᠷᠰᠢᠯᠳᠠ ᠶᠢᠨ ᠠᠵᠢᠯ ᠢ ᠦᠨᠡᠨᠬᠦ | ᠰᠠᠶᠢᠳᠤᠷ ᠠᠳᠬᠤᠵᠦ᠂ 2017 ᠤᠨ ᠤ ᠰᠡᠭᠦᠯᠴᠢ ᠠᠴᠠ ᠡᠮᠤᠨ᠎ᠠ᠂ ᠮᠡᠳᠡᠭᠡ ᠵᠠᠩᠬᠢ ᠪᠠᠷ ᠠᠷᠠᠳ ᠲᠤ ᠠᠰᠢᠭ | ᠭᠦᠷᠳᠡᠬᠡᠬᠦ ᠤᠯᠤᠰ ᠤᠨ ᠲᠤᠷᠰᠢᠯᠳᠠ ᠶᠢᠨ ᠴᠢᠬ ᠪᠤᠯᠬᠤ ᠭᠦᠬᠡᠬᠤᠳᠠ᠂ ᠦᠬᠠᠢ 2 ᠬᠤᠳᠠ ᠳᠤ ᠵᠠᠰᠠᠭ ᠤᠨ | ᠶᠠᠪᠤᠳᠠᠯ ᠤᠨ ᠦᠢᠯᠡᠴᠢᠯᠡᠬᠡᠨ ᠤ ︽ᠨᠢᠬᠡ ᠨᠤᠮᠧᠷ ᠢᠶᠠᠷ ᠭᠤᠶᠤᠴᠢᠯᠠᠬᠤ᠂ ᠨᠢᠬᠡ ᠴᠤᠩᠬᠤᠪᠴᠢ ᠪᠠᠷ ᠭᠦᠯᠢᠶᠡᠨ ᠠᠪᠬᠤ᠂ | ᠨᠢᠬᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠶᠢ ᠪᠡᠶᠡᠯᠡᠬᠦᠯᠦᠨ᠂ ᠲᠠᠭᠤᠷᠢᠶᠠᠵᠦ ᠲᠡᠯᠬᠡᠷᠡᠭᠦᠯᠵᠦ ᠪᠤᠯᠬᠤᠶᠢᠴᠠ | ᠲᠤᠷᠰᠢᠯᠭ᠎ᠠ ᠶᠢ ᠪᠣᠢ ᠪᠣᠯᠭᠠᠨ᠂ ᠠᠯᠬᠤᠮ ᠠᠯᠬᠤᠮ ᠢᠶᠠᠷ ᠪᠦᠭᠦ ᠤᠷᠤᠨ ᠳᠤ ᠬᠡᠷᠡᠭᠵᠢᠭᠦᠯᠵᠦ᠂ 2020 ᠤᠨ ᠤ | ᠵᠢᠯ ᠤᠨ ᠰᠡᠭᠦᠯᠴᠢ ᠠᠴᠠ ᠡᠮᠤᠨ᠎ᠠ᠂ ᠢᠯᠡ ᠲᠣᠳᠤ ᠤᠨᠴᠠᠯᠢᠭ ᠲᠠᠢ ᠤᠬᠠᠭᠠᠯᠢᠭ ᠬᠤᠳᠠ ᠶᠢ 5 ᠪᠦᠳᠦᠬᠡᠨ | ᠪᠠᠶᠢᠭᠤᠯᠤᠨ᠎ᠠ᠃ ᠭᠦᠮᠦᠨ ᠠᠮᠠ᠂ ᠪᠠᠷᠢᠯᠭ᠎ᠠ᠂ ᠵᠡᠬᠡᠯᠢ ᠭᠤᠳᠤᠮᠵᠢ᠂ ᠬᠤᠭᠤᠯᠠᠢ ᠭᠤᠤᠷᠰᠤ ᠶᠢᠨ ᠲᠤᠤᠷ᠂ ᠤᠷᠴᠢᠨ | ᠲᠤᠭᠤᠷᠢᠨ᠂ ᠵᠠᠮ ᠬᠠᠷᠢᠯᠴᠠᠭ᠎ᠠ ᠵᠡᠷᠬᠡ ᠰᠠᠭᠤᠷᠢ ᠳ᠋ᠠᠶᠢᠲ᠋ᠠ ᠶᠢᠨ ᠭᠦᠮᠦᠷᠬᠡ ᠶᠢ ᠬᠠᠮᠳᠤᠪᠡᠷ ᠭᠦᠷᠳᠡᠨ ᠬᠠᠮᠳᠤᠪᠡᠷ | ᠪᠠᠶᠢᠭᠤᠯᠬᠤ ᠶᠢ ᠤᠯᠠᠮ ᠨᠢᠬᠡ ᠠᠯᠬᠤᠮ ᠲᠦᠷᠬᠡᠳᠬᠡᠵᠦ᠂ ᠲᠤᠮᠤ ᠳ᠋ᠠᠶᠢᠲ᠋ᠠ ᠶᠢᠨ ᠲᠤᠰᠠᠯᠠᠬᠤ ᠰᠶᠢᠳᠪᠦᠷᠢᠳᠤ | ᠪᠤᠳᠤᠯᠭ᠎ᠠ ᠪᠠᠷ ᠲᠠᠮᠵᠢᠭᠤᠯᠤᠨ ᠬᠤᠳᠠ ᠶᠢᠨ ᠬᠠᠮᠢᠶᠠᠷᠤᠯᠳᠠ ᠶᠢ ᠨᠠᠷᠢᠯᠢᠨᠨᠵᠢᠭᠤᠯᠬᠤ ᠶᠢ ᠪᠡᠶᠡᠯᠡᠬᠦᠯᠦᠨ᠎ᠠ᠃ ᠰᠤᠷᠭᠠᠨ | ᠭᠦᠮᠦᠵᠢᠯ᠂ ᠡᠮᠴᠢᠯᠡᠭᠡ᠂ ᠡᠷᠡᠭᠦᠯ ᠬᠠᠮᠠᠭᠠᠯᠠᠯ᠂ ᠨᠡᠶᠢᠬᠡᠮ ᠤᠨ ᠪᠠᠳᠤᠯᠠᠭ᠎ᠠ᠂ ᠤᠷᠤᠨ ᠰᠠᠭᠤᠴᠠ᠂ ᠵᠠᠮ ᠬᠠᠷᠢᠯᠴᠠᠭ᠎ᠠ | ᠵᠡᠷᠬᠡ ᠭᠦᠷᠢᠶ᠎ᠡ ᠴᠠᠷᠠᠭ᠎ᠠ ᠳᠤ᠂ ᠨᠡᠩ ᠲᠦᠭᠦᠮ ᠲᠦᠳᠡ᠂ ᠴᠠᠭ ᠲᠤᠨᠢ᠂ ᠦᠨᠳᠦᠷ ᠦᠷ᠎ᠡ ᠪᠦᠳᠦᠮᠵᠢᠳᠡᠢ ᠤᠯᠠᠨ | ᠨᠡᠶᠢᠳᠡ ᠶᠢᠨ ᠦᠢᠯᠡᠴᠢᠯᠡᠭᠡ ᠬᠠᠩᠭᠠᠨ᠂ ᠲᠦᠬᠡᠮᠡᠯ ᠭᠦᠷᠳᠡᠬᠡᠮᠵᠢᠳᠤ ᠤᠯᠠᠨ ᠨᠡᠶᠢᠳᠡ ᠶᠢᠨ ᠦᠢᠯᠡᠴᠢᠯᠡᠬᠡᠨ ᠤ | ᠰᠢᠰᠲ᠋ᠧᠮᠵᠢ ᠶᠢ ᠪᠠᠶᠢᠭᠤᠯᠵᠦ᠂ ᠨᠡᠶᠢᠳᠡ ᠤᠯᠠᠨ ᠢᠶᠠᠷ ᠢᠶᠠᠨ ᠤᠯᠠᠨ ᠨᠡᠶᠢᠳᠡ ᠶᠢᠨ ᠦᠢᠯᠡᠴᠢᠯᠡᠭᠡ ᠭᠦᠷᠳᠡᠬᠦ ᠳᠤ ᠨᠡᠩ | ᠲᠦᠭᠦᠮ ᠪᠤᠯᠭᠠᠨ᠎ᠠ᠃ ᠴᠠᠬᠢᠯᠭᠠᠨ ᠭᠦᠴᠦᠨ᠂ ᠰᠢᠲᠠᠮᠠᠬᠠᠢ ᠬᠡᠢ᠂ ᠵᠠᠮ ᠬᠠᠷᠢᠯᠴᠠᠭ᠎ᠠ᠂ ᠤᠰᠤᠨ ᠤ ᠶᠠᠪᠤᠳᠠᠯ᠂ | ᠪᠠᠷᠠᠭᠠᠨ ᠤ ᠭᠦᠢᠯᠭᠡᠭᠡᠨ ᠵᠡᠷᠬᠡ ᠨᠠᠶᠢᠳᠠ ᠶᠢᠨ ᠬᠡᠷᠡᠭᠯᠡᠭᠡᠨ ᠤ ᠰᠠᠭᠤᠷᠢ ᠪᠡᠯᠡᠳᠬᠡᠮᠵᠢ ᠶᠢᠨ ᠮᠡᠳᠡᠭᠡ ᠵᠠᠩᠬᠢᠵᠢᠯᠳᠠ᠂ | ᠤᠶᠤᠨᠴᠢᠯᠳᠠ ᠶᠢᠨ ᠬᠢᠷᠢ ᠬᠡᠮᠵᠢᠶ᠎ᠡ ᠶᠢ ᠲᠡᠬᠡᠭᠰᠢᠯᠡᠬᠦᠯᠵᠦ᠂ ᠬᠠᠮᠢᠶᠠᠷᠤᠯᠳᠠ ᠶᠢᠨ ᠲᠠᠯ᠎ᠠ ᠪᠠᠷ ᠨᠠᠷᠢᠯᠢᠨᠨᠵᠢᠭᠤᠯᠬᠤ᠂ | ᠬᠠᠮᠵᠢᠯᠴᠠᠬᠤ ᠶᠢ ᠪᠡᠶᠡᠯᠡᠬᠦᠯᠦᠨ᠎ᠠ᠃ ᠤᠰᠤ᠂ ᠠᠭᠠᠷ ᠮᠠᠨᠳᠠᠯ᠂ ᠭᠦᠷᠦᠰᠦ ᠰᠢᠷᠦᠢ᠂ ᠪᠠᠶᠢᠭᠠᠯᠢ ᠶᠢᠨ ᠤᠷᠭᠤᠮᠠᠯ ᠤᠨ | ᠬᠤᠴᠢᠯᠭ᠎ᠠ ᠵᠡᠷᠬᠡ ᠭᠦᠷᠢᠶ᠎ᠡ ᠴᠠᠷᠠᠭ᠎ᠠ ᠳᠤ ᠤᠶᠤᠨᠴᠢ ᠬᠢᠨᠠᠨ ᠰᠢᠨᠵᠢᠬᠦ ᠰᠢᠰᠲ᠋ᠧᠮᠵᠢ ᠶᠢ ᠪᠠᠶᠢᠭᠤᠯᠵᠦ᠂ ᠤᠷᠤᠰᠢᠨ | ᠠᠮᠢᠳᠤᠷᠠᠬᠤ ᠤᠷᠴᠢᠨ ᠠᠬᠤᠢ ᠪᠠᠨ ᠠᠯᠬᠤᠮ ᠠᠯᠬᠤᠮ ᠢᠶᠠᠷ ᠰᠠᠶᠢᠵᠢᠷᠠᠭᠤᠯᠤᠨ᠂ ᠠᠮᠢᠳᠤᠷᠠᠯ ᠤᠨ ᠤᠷᠴᠢᠨ ᠠᠬᠤᠢ ᠶᠢ | ᠰᠠᠭᠤᠷᠢᠰᠢᠬᠤ ᠳᠤ ᠲᠤᠬᠢᠷᠠᠮᠵᠢᠳᠠᠢ ᠪᠤᠯᠭᠠᠬᠤ ᠶᠢ ᠪᠡᠶᠡᠯᠡᠬᠦᠯᠦᠨ᠎ᠠ᠃ ︵ᠦᠪᠡᠷᠳᠡᠬᠡᠨ ᠵᠠᠰᠠᠬᠤ ᠤᠷᠤᠨ ᠤ | ᠭᠦᠭᠵᠢᠬᠦᠯᠦᠯᠳᠡ ᠦᠬᠡᠷᠡᠴᠢᠯᠡᠯᠳᠡ ᠶᠢᠨ ᠵᠦᠪᠯᠡᠯ᠂ ᠠᠵᠦ ᠠᠬᠤᠢ ᠪᠠ ᠮᠡᠳᠡᠭᠡ ᠵᠠᠩᠬᠢᠵᠢᠯᠳᠠ ᠶᠢᠨ ᠵᠦᠪᠯᠡᠯ᠂ | ᠡᠳ᠋ ᠤᠨ ᠵᠠᠰᠠᠭ ᠤᠨ ᠲᠢᠩᠬᠢᠮ᠂ ᠲᠤᠮᠤ ᠳ᠋ᠠᠶᠢᠲ᠋ᠠ ᠶᠢᠨ ᠭᠦᠭᠵᠢᠬᠦᠯᠦᠯᠳᠡ ᠬᠠᠮᠢᠶᠠᠷᠤᠯᠳᠠ ᠶᠢᠨ ᠲᠤᠪᠴᠢᠶ᠎ᠠ | ᠲᠦᠷᠦᠭᠦᠯᠡᠵᠦ᠂ ᠬᠠᠮᠢᠶ᠎ᠠ ᠪᠦᠭᠦᠢ ᠰᠠᠯᠠᠭ᠎ᠠ ᠮᠦᠴᠢᠷ ᠬᠠᠮᠵᠢᠯᠴᠠᠨ᠎ᠠ︶ | ᠭᠤᠷᠪᠠ᠂ ᠪᠠᠳᠤᠯᠠᠭ᠎ᠠ ᠶᠢᠨ ᠠᠷᠭ᠎ᠠ ᠬᠡᠮᠵᠢᠶ᠎ᠡ | ︵ᠨᠢᠬᠡ︶ ᠵᠤᠬᠢᠶᠠᠨ ᠪᠠᠶᠢᠭᠤᠯᠤᠯᠳᠠ ᠶᠢᠨ ᠤᠳᠤᠷᠢᠳᠤᠯᠭ᠎ᠠ ᠪᠠᠨ ᠦᠨᠡᠨᠬᠦ ᠴᠢᠩᠭᠠᠳᠬᠠᠨ᠎ᠠ᠃ ᠦᠪᠡᠷᠳᠡᠬᠡᠨ | ᠵᠠᠰᠠᠬᠤ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ | ᠤᠳᠤᠷᠢᠳᠬᠤ ᠲᠤᠭᠤᠶᠢᠯᠠᠩ ᠢ ᠵᠤᠬᠢᠶᠠᠨ ᠪᠠᠶᠢᠭᠤᠯᠵᠦ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾᠂ ᠡᠯᠧᠺᠲᠷᠤᠨ ᠵᠠᠰᠠᠭ ᠤᠨ ᠶᠠᠪᠤᠳᠠᠯ᠂ ᠵᠠᠰᠠᠭ ᠤᠨ ᠤᠷᠳᠤᠨ ᠤ ᠰᠦᠯᠵᠢᠶᠡᠨ ᠦᠷᠳᠡᠭᠡ ᠶᠢᠨ | ᠪᠠᠶᠢᠭᠤᠯᠤᠯᠳᠠ ᠵᠡᠷᠬᠡ ᠠᠵᠢᠯ ᠢ ᠨᠢᠬᠡᠳᠦᠯᠳᠡᠢ ᠲᠦᠯᠦᠪᠯᠡᠨ ᠵᠤᠬᠢᠴᠠᠭᠤᠯᠬᠤ ᠶᠢ ᠬᠠᠷᠢᠭᠤᠴᠠᠨ᠎ᠠ᠃ ᠤᠳᠤᠷᠢᠳᠬᠤ | ᠲᠤᠭᠤᠶᠢᠯᠠᠩ ᠳᠤ ᠠᠯᠪᠠᠨ ᠬᠡᠷ ᠪᠠᠶᠢᠷᠢᠯᠠᠭᠤᠯᠵᠦ᠂ ᠠᠯᠪᠠᠨ ᠬᠡᠷ ᠢ ᠦᠪᠡᠷᠳᠡᠬᠡᠨ ᠵᠠᠰᠠᠬᠤ ᠤᠷᠤᠨ ᠤ ᠠᠷᠠᠳ ᠤᠨ | ᠵᠠᠰᠠᠭ ᠤᠨ ᠤᠷᠳᠤᠨ ᠤ ᠠᠯᠪᠠᠨ ᠲᠢᠩᠬᠢᠮ ᠳᠤ ᠪᠠᠶᠢᠷᠢᠯᠠᠭᠤᠯᠤᠨ᠂ ᠡᠷᠬᠢᠯᠡᠭᠴᠢ ᠶᠢᠨ ᠲᠤᠰᠢᠶᠠᠯ ᠢ ᠠᠯᠪᠠᠨ | ᠲᠢᠩᠬᠢᠮ ᠤᠨ ᠡᠷᠬᠢᠯᠡᠭᠴᠢ ᠬᠠᠪᠰᠤᠷᠭᠠᠵᠦ᠂ ᠵᠤᠬᠢᠶᠠᠨ ᠪᠠᠶᠢᠭᠤᠯᠵᠦ ᠠᠬᠢᠭᠤᠯᠬᠤ᠂ ᠰᠢᠮᠳᠠᠭᠤᠯᠤᠨ ᠪᠠᠶᠢᠴᠠᠭᠠᠵᠦ | ᠨᠠᠶᠢᠳᠠᠪᠤᠷᠢᠵᠢᠭᠤᠯᠬᠤ᠂ ᠬᠢᠨᠠᠯᠳᠠ ᠲᠠᠯᠪᠢᠵᠦ ᠰᠢᠯᠭᠠᠨ ᠬᠢᠨᠠᠬᠤ ᠵᠡᠷᠬᠡ ᠠᠵᠢᠯ ᠢ ᠬᠠᠷᠢᠭᠤᠴᠠᠨ᠎ᠠ︔ ᠪᠠᠶᠢᠳᠠᠯ ᠢᠶᠠᠨ | ᠰᠤᠯᠢᠯᠴᠠᠬᠤ ᠪᠠ ᠠᠵᠢᠯ ᠢᠶᠠᠨ ᠮᠡᠳᠡᠬᠡᠯᠡᠬᠦ ᠲᠤᠨᠨᠳᠠᠴᠠ ᠶᠢ ᠰᠤᠳᠤᠯᠤᠨ ᠪᠠᠶᠢᠭᠤᠯᠵᠦ᠂ ᠲᠤᠨᠨᠳᠠᠮᠠᠯ | ᠬᠤᠭᠤᠴᠠᠭ᠎ᠠ ᠲᠠᠢ ᠪᠠᠷ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠤᠳᠤᠷᠢᠳᠤᠯᠭ᠎ᠠ ᠳᠤ | ᠠᠵᠢᠯ ᠤᠨ ᠠᠬᠢᠴᠠ ᠶᠢᠨ ᠪᠠᠶᠢᠳᠠᠯ ᠢᠶᠠᠨ ᠮᠡᠳᠡᠬᠡᠯᠡᠵᠦ᠂ ᠠᠵᠢᠯ ᠤᠨ ᠵᠢᠯᠤᠭᠤᠳᠤᠯᠭ᠎ᠠ ᠪᠠ ᠲᠤᠬᠠᠶᠢᠯᠬᠠᠰᠠᠨ ᠠᠵᠢᠯ ᠤᠨ | ᠪᠤᠯᠪᠠᠰᠤᠷᠠᠭᠤᠯᠤᠯ ᠢ ᠴᠢᠩᠭᠠᠷᠠᠭᠤᠯᠤᠨ᠎ᠠ᠃ ᠡᠯ᠎ᠡ ᠠᠶᠢᠮᠠᠭ ᠤᠨ ᠵᠠᠬᠢᠷᠭ᠎ᠠ᠂ ᠬᠤᠳᠠ ᠶᠢᠨ ᠠᠷᠠᠳ ᠤᠨ ᠵᠠᠰᠠᠭ ᠤᠨ | ᠤᠷᠳᠤᠨ ᠤ ᠠᠯᠪᠠᠨ ᠲᠢᠩᠬᠢᠮ ︵ᠭᠡᠷ︶ ᠨᠢ ᠲᠤᠰ ᠭᠠᠵᠠᠷ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ | ᠶᠠᠪᠤᠳᠠᠯ ᠤᠨ ᠦᠢᠯᠡᠴᠢᠯᠡᠭᠡ︾ ᠶᠢᠨ ᠠᠵᠢᠯ ᠢ ᠨᠢᠬᠡᠳᠦᠯᠳᠡᠢ ᠲᠦᠯᠦᠪᠯᠡᠨ ᠬᠢᠨᠠᠯᠳᠠ ᠲᠠᠯᠪᠢᠵᠦ ᠵᠤᠬᠢᠴᠠᠭᠤᠯᠬᠤ ᠶᠢ | ᠲᠦᠷᠦᠭᠦᠯᠡᠨ ᠬᠠᠷᠢᠭᠤᠴᠠᠵᠦ᠂ ᠠᠵᠢᠯ ᠤᠨ ᠪᠠᠶᠢᠭᠤᠯᠤᠮᠵᠢ᠂ ᠠᠵᠢᠯᠳᠠᠨ ᠪᠠ ᠡᠭᠦᠷᠬᠡ ᠬᠠᠷᠢᠭᠤᠴᠠᠯᠭ᠎ᠠ ᠶᠢ | ᠲᠤᠳᠤᠷᠬᠠᠶᠢᠯᠠᠨ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠠᠯᠠᠭ᠎ᠠ ᠮᠦᠴᠢᠷ᠂ ᠮᠡᠳᠡᠭᠡ ᠵᠠᠩᠬᠢᠵᠢᠯᠳᠠ ᠶᠢᠨ | ᠰᠠᠯᠠᠭ᠎ᠠ ᠮᠦᠴᠢᠷ ᠪᠣᠯᠣᠨ ᠬᠠᠮᠢᠶ᠎ᠠ ᠪᠦᠭᠦᠢ ᠲᠤᠬᠠᠶᠢᠯᠬᠠᠰᠠᠨ ᠠᠵᠢᠯ ᠤᠨ ᠨᠢᠬᠡᠴᠡ ᠶᠢᠨ ᠠᠵᠢᠯ ᠤᠨ ᠬᠤᠪᠢᠶᠠᠷᠢᠯᠠᠯ ᠨᠢ | ᠲᠤᠳᠤᠷᠬᠠᠢ᠂ ᠵᠤᠬᠢᠴᠠᠭᠤᠯᠭ᠎ᠠ ᠨᠢ ᠬᠦᠴᠥᠨ ᠲᠡᠭᠦᠯᠳᠡᠷ ᠠᠵᠢᠯ ᠤᠨ ᠲᠤᠨᠨᠳᠠᠴᠠ ᠶᠢ ᠪᠠᠶᠢᠭᠤᠯᠤᠨ᠂ ᠲᠤᠰ ᠪᠡᠶ᠎ᠡ ᠶᠢᠨ | ᠪᠤᠳᠠᠳᠠᠢ ᠲᠠᠢ ᠪᠠᠨ ᠨᠢᠨᠨᠳᠠ ᠤᠶᠠᠯᠳᠤᠭᠤᠯᠵᠦ᠂ ᠠᠷᠭ᠎ᠠ ᠬᠡᠮᠵᠢᠶ᠎ᠡ ᠲᠠᠢ᠂ ᠡᠷᠴᠢᠮ ᠲᠠᠢ᠂ ᠰᠢᠨ᠎ᠠ | ᠡᠭᠦᠳᠦᠯᠳᠡ ᠲᠠᠢ ᠪᠠᠷ ᠬᠠᠮᠢᠶ᠎ᠠ ᠪᠦᠭᠦᠢ ᠭᠤᠤᠯᠳᠠᠯᠭ᠎ᠠ ᠲᠠᠢ ᠠᠵᠢᠯ ᠢ ᠬᠡᠷᠡᠭᠵᠢᠭᠦᠯᠭᠦ ᠶᠢ ᠰᠠᠶᠢᠳᠤᠷ ᠠᠳᠬᠤᠬᠤ | ᠬᠡᠷᠡᠭᠲᠡᠢ᠃ ᠦᠪᠡᠷᠳᠡᠬᠡᠨ ᠵᠠᠰᠠᠬᠤ ᠤᠷᠤᠨ ᠤ ᠠᠷᠠᠳ ᠤᠨ ᠵᠠᠰᠠᠭ ᠤᠨ ᠤᠷᠳᠤᠨ ᠤ ᠠᠯᠪᠠᠨ ᠲᠢᠩᠬᠢᠮ ᠨᠢ ᠡᠯ᠎ᠡ | ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ | ᠳᠤ ᠰᠢᠮᠳᠠᠭᠤᠯᠤᠨ ᠵᠢᠯᠤᠭᠤᠳᠬᠤ ᠶᠢ ᠬᠠᠷᠢᠭᠤᠴᠠᠵᠦ᠂ ᠰᠢᠮᠳᠠᠭᠤᠯᠤᠨ ᠪᠠᠶᠢᠴᠠᠭᠠᠵᠦ ᠦᠨᠡᠯᠡᠨ ᠵᠢᠱᠢᠬᠦ ᠶᠢ | ᠦᠷᠨᠢᠬᠦᠯᠦᠨ᠂ ᠡᠯ᠎ᠡ ᠵᠦᠢᠯ ᠤᠨ ᠠᠵᠢᠯ ᠤᠨ ᠪᠤᠳᠠᠳᠤ ᠦᠷ᠎ᠡ ᠪᠦᠲᠥᠮᠵᠢ ᠤᠯᠬᠤ ᠶᠢ ᠠᠬᠢᠭᠤᠯᠤᠨ᠎ᠠ᠃ | ︵ᠬᠤᠶᠠᠷ︶ ᠰᠦᠯᠵᠢᠶ᠎ᠡ ᠪᠠ ᠮᠡᠳᠡᠭᠡ ᠵᠠᠩᠬᠢ ᠶᠢᠨ ᠠᠮᠤᠷ ᠲᠦᠪᠰᠢᠨ ᠢ ᠴᠢᠬᠤᠯᠠᠴᠢᠯᠠᠨ᠎ᠠ᠃ ᠰᠦᠯᠵᠢᠶᠡᠨ ᠤ | ᠮᠡᠳᠡᠭᠡ ᠵᠠᠩᠬᠢ ᠶᠢᠨ ᠠᠮᠤᠷ ᠲᠦᠪᠰᠢᠨ ᠤ ᠪᠠᠳᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠬᠦᠯᠦᠨ᠎ᠠ᠃ ᠱᠠᠳᠤ ᠬᠤᠪᠢᠶᠠᠨ ᠬᠠᠮᠠᠭᠠᠯᠠᠬᠤ ᠪᠠ ᠵᠡᠷᠬᠡ ᠲᠡᠰ ᠢᠶᠠᠷ ᠬᠠᠮᠠᠭᠠᠯᠠᠬᠤ ᠱᠠᠭᠠᠷᠳᠠᠯᠭ᠎ᠠ ᠶᠢ | ᠴᠢᠩᠭ᠎ᠠ ᠵᠢᠷᠤᠮᠯᠠᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠮᠤᠷ | ᠲᠦᠪᠰᠢᠨ ᠤ ᠪᠠᠳᠤᠯᠠᠭ᠎ᠠ ᠶᠢᠨ ᠰᠢᠰᠲ᠋ᠧᠮᠵᠢ ᠶᠢᠨ ᠪᠠᠶᠢᠭᠤᠯᠤᠯᠳᠠ ᠶᠢ ᠴᠢᠩᠭᠠᠳᠬᠠᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠡᠯ᠎ᠡ ᠲᠡᠪᠴᠡᠩ᠂ ᠡᠯ᠎ᠡ ᠰᠢᠰᠲ᠋ᠧᠮ ᠤᠨ ᠠᠮᠤᠷ ᠲᠦᠪᠰᠢᠨ ᠤ ᠬᠠᠮᠢᠶᠠᠷᠤᠯᠳᠠ ᠶᠢᠨ ᠲᠦᠷᠢᠮ ᠢ | ᠪᠠᠶᠢᠭᠤᠯᠤᠨ ᠪᠦᠷᠢᠨᠰᠢᠬᠦᠯᠵᠦ᠂ ᠬᠠᠮᠢᠶ᠎ᠠ ᠪᠦᠭᠦᠢ ᠠᠮᠤᠷ ᠲᠦᠪᠰᠢᠨ ᠤ ᠬᠠᠷᠢᠭᠤᠴᠠᠯᠭ᠎ᠠ ᠶᠢ ᠲᠤᠳᠤᠷᠬᠠᠶᠢᠯᠠᠨ᠎ᠠ᠃ | ᠱᠠᠳᠤ ᠬᠤᠪᠢᠶᠠᠨ ᠬᠠᠮᠠᠭᠠᠯᠠᠬᠤ ᠪᠠ ᠲᠡᠰ ᠲᠤᠨᠨᠳᠠᠭᠠᠵᠦ ᠪᠦᠷᠢᠳᠬᠡᠨ ᠲᠠᠩᠰᠠᠯᠠᠬᠤ᠂ ᠵᠡᠷᠬᠡ ᠲᠡᠰ ᠢᠶᠠᠷ ᠰᠢᠨᠵᠢᠨ | ᠦᠨᠡᠯᠡᠬᠦ ᠵᠡᠷᠬᠡ ᠠᠵᠢᠯ ᠢ ᠦᠷᠨᠢᠬᠦᠯᠵᠦ᠂ ᠡᠯ᠎ᠡ ᠲᠠᠯ᠎ᠠ ᠶᠢᠨ ᠬᠢᠨ ᠬᠠᠮᠵᠢᠯᠴᠠᠨ ᠵᠤᠬᠢᠴᠠᠯᠳᠤᠨᠨᠰᠠᠨ ᠮᠡᠳᠡᠭᠡ | ᠵᠠᠩᠬᠢ ᠶᠢᠨ ᠠᠮᠤᠷ ᠲᠦᠪᠰᠢᠨ ᠢ ᠰᠡᠷᠬᠡᠶᠢᠯᠡᠬᠦ᠂ ᠬᠢᠨᠠᠨ ᠰᠢᠨᠵᠢᠬᠦ᠂ ᠮᠡᠳᠡᠬᠡᠯᠡᠭᠦ᠂ ᠤᠷᠢᠶᠠᠯᠠᠨ ᠲᠠᠭᠠᠬᠤ ᠪᠠ | ᠰᠶᠢᠳᠪᠦᠷᠢᠯᠡᠬᠦ ᠲᠤᠨᠨᠳᠠᠴᠠ ᠶᠢ ᠪᠠᠶᠢᠭᠤᠯᠤᠨ᠎ᠠ᠃ ᠡᠯᠧᠺᠲᠷᠤᠨ ᠦᠨᠡᠮᠯᠡᠯ᠂ ᠪᠡᠶ᠎ᠡ ᠭᠠᠷᠤᠯ ᠤᠨ ᠬᠡᠷᠡᠴᠢᠯᠡᠭᠡ᠂ | ᠰᠦᠯᠵᠢᠶ᠎ᠡ ᠪᠠᠷ ᠲᠤᠭᠠᠴᠠᠭ᠎ᠠ ᠬᠢᠬᠦ ᠵᠡᠷᠬᠡ ᠴᠢᠬᠤᠯᠠ ᠰᠢᠰᠲ᠋ᠧᠮ ᠪᠠ ᠵᠠᠩᠬᠢᠯᠠᠭ᠎ᠠ ᠶᠢᠨ ᠲᠠᠯ᠎ᠠ ᠶᠢᠨ ᠠᠮᠤᠷ ᠲᠦᠪᠰᠢᠨ ᠤ | ᠬᠢᠨᠠᠨ ᠡᠵᠡᠮᠳᠡᠬᠦ ᠶᠢ ᠴᠢᠩᠭᠠᠳᠬᠠᠨ᠎ᠠ᠃ ᠡᠯ᠎ᠡ ᠲᠡᠪᠴᠡᠩ᠂ ᠡᠯ᠎ᠡ ᠰᠢᠰᠲ᠋ᠧᠮ ᠤᠨ ᠠᠮᠤᠷ ᠲᠦᠪᠰᠢᠨ ᠤ ᠰᠡᠷᠬᠡᠶᠢᠯᠡᠨ | ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠵᠦ᠂ ᠠᠮᠤᠷ ᠲᠦᠪᠰᠢᠨ ᠤ ᠭᠦᠷᠦᠯᠴᠡᠬᠦ ᠦᠬᠡᠢ ᠵᠦᠢᠯ ᠢ ᠪᠠᠶᠢᠴᠠᠭᠠᠨ | ᠨᠦᠭᠦᠪᠦᠷᠢᠯᠡᠵᠦ᠂ ᠭᠠᠢ ᠠᠴᠠ ᠰᠡᠷᠬᠡᠶᠢᠯᠡᠵᠦ ᠪᠡᠯᠡᠳᠬᠡᠨ ᠨᠦᠬᠡᠴᠡᠯᠡᠬᠦ ᠶᠢ ᠰᠠᠶᠢᠳᠤᠷ ᠬᠢᠨ᠎ᠠ᠃ ᠨᠢᠭᠤᠴᠠ ᠶᠢ | ᠬᠠᠮᠠᠭᠠᠯᠠᠬᠤ ᠬᠢᠨᠠᠨ ᠪᠠᠶᠢᠴᠠᠭᠠᠯᠳᠠ ᠶᠢᠨ ᠲᠦᠷᠢᠮ ᠢ ᠪᠠᠶᠢᠭᠤᠯᠤᠨ ᠪᠦᠷᠢᠨᠰᠢᠬᠦᠯᠵᠦ᠂ ᠤᠯᠤᠰ ᠤᠨ ᠨᠢᠭᠤᠴᠠ᠂ | ᠬᠤᠳᠠᠯᠳᠤᠭᠠᠨ ᠤ ᠨᠢᠭᠤᠴᠠ᠂ ᠬᠤᠪᠢ ᠬᠦᠮᠥᠨ ᠤ ᠨᠢᠭᠤᠴᠠ ᠵᠡᠷᠬᠡ ᠳᠤ ᠬᠤᠯᠪᠤᠨᠨᠳᠠᠬᠤ ᠴᠢᠬᠤᠯᠠ ᠳ᠋ᠠᠶᠢᠲ᠋ᠠ ᠶᠢ | ᠬᠠᠮᠠᠭᠠᠯᠠᠬᠤ ᠡᠷᠴᠢᠮ ᠢ ᠴᠢᠩᠭᠠᠷᠠᠭᠤᠯᠤᠨ᠂ ᠮᠡᠳᠡᠭᠡ ᠵᠠᠩᠬᠢ ᠶᠢᠨ ᠠᠮᠤᠷ ᠲᠦᠪᠰᠢᠨ ᠢ ᠲᠤᠯᠭᠠᠭᠤᠷᠢᠯᠠᠵᠦ ᠪᠠᠳᠤᠯᠠᠬᠤ | ᠬᠢᠷᠢ ᠬᠡᠮᠵᠢᠶ᠎ᠡ ᠪᠠ ᠲᠦᠭᠰᠢᠭᠦᠷᠢ ᠶᠢ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ ᠲᠡᠬᠡᠭᠰᠢᠯᠡᠬᠦᠯᠦᠨ᠎ᠠ᠃ | ︵ᠭᠤᠷᠪᠠ︶ ᠦᠢᠯᠡᠴᠢᠯᠡᠬᠡᠨ ᠤ ᠮᠡᠳᠡᠭᠡ ᠵᠠᠩᠬᠢ ᠶᠢ ᠪᠦᠭᠦ ᠲᠠᠯ᠎ᠠ ᠪᠠᠷ ᠢᠯᠡ ᠪᠤᠯᠭᠠᠨ᠎ᠠ᠃ ᠦᠪᠡᠷᠳᠡᠬᠡᠨ | ᠵᠠᠰᠬᠠᠤ ᠤᠷᠤᠨ ᠤ ᠲᠤᠰ ᠱᠠᠳᠤᠨ ᠤ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠲᠡᠪᠴᠡᠩ ᠢ ᠲᠦᠷᠬᠡᠳᠬᠡᠨ | ᠪᠠᠶᠢᠭᠤᠯᠵᠦ᠂ ᠰᠦᠯᠵᠢᠶ᠎ᠡ ᠪᠠᠷ ᠭᠦᠢᠴᠡᠳᠬᠡᠬᠦ ᠶᠢ ᠪᠦᠭᠦ ᠲᠠᠯ᠎ᠠ ᠪᠠᠷ ᠬᠡᠷᠡᠭᠵᠢᠭᠦᠯᠵᠦ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠤᠨ ︽ᠰᠦᠯᠵᠢᠶᠡᠨ ᠳᠤ ᠭᠠᠷᠭᠠᠵᠦ ᠪᠤᠯᠬᠤ ᠶᠢ ᠪᠦᠭᠦᠨ ᠢ ᠰᠦᠯᠵᠢᠶᠡᠨ ᠳᠤ ᠭᠠᠷᠭᠠᠵᠦ᠂ | ᠪᠦᠭᠦ ᠶᠠᠪᠤᠴᠠ ᠶᠢ ᠰᠦᠯᠵᠢᠶᠡᠨ ᠳᠤ ᠪᠠᠶᠢᠯᠭᠠᠬᠤ︾ ᠶᠢ ᠭᠦᠢᠴᠡᠳᠭᠡᠨ᠎ᠡ᠃ ᠤᠯᠠᠨ ᠰᠠᠯᠠᠭ᠎ᠠ ᠮᠦᠴᠢᠷ ᠯᠦᠭᠡ | ᠬᠤᠯᠪᠤᠨᠨᠳᠠᠬᠤ ᠵᠦᠢᠯᠡᠰ ᠲᠤ ᠨᠢᠬᠡ ᠲᠠᠯ᠎ᠠ ᠨᠢ ᠭᠦᠯᠢᠶᠡᠨ ᠠᠪᠬᠤ᠂ ᠰᠦᠯᠵᠢᠶ᠎ᠡ ᠪᠠᠷ ᠠᠵᠢᠯᠯᠠᠭᠤᠯᠬᠤ᠂ ᠵᠡᠷᠬᠡᠪᠡᠷ | ᠭᠦᠢᠴᠡᠳᠬᠡᠬᠦ᠂ ᠴᠠᠭ ᠬᠢᠵᠠᠭᠠᠷᠯᠠᠨ ᠭᠦᠢᠴᠡᠳᠬᠡᠵᠦ ᠲᠠᠭᠤᠰᠬᠠᠬᠤ ᠶᠢ ᠬᠡᠷᠡᠭᠵᠢᠭᠦᠯᠦᠨ᠎ᠡ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠲᠤᠮᠤ ᠳ᠋ᠠᠶᠢᠲ᠋ᠠ ᠶᠢᠨ ᠵᠠᠳᠠᠯᠤᠨ ᠰᠢᠨᠵᠢᠯᠡᠬᠦ ᠶᠢ ᠦᠷᠨᠢᠬᠦᠯᠵᠦ᠂ ᠨᠡᠶᠢᠳᠡ ᠤᠯᠠᠨ ᠤ ᠠᠵᠢᠯ ᠬᠡᠷᠡᠭ | ᠭᠦᠢᠴᠡᠳᠬᠡᠬᠦ ᠬᠡᠷᠡᠭᠴᠡᠭᠡ ᠱᠠᠭᠠᠷᠳᠠᠯᠭ᠎ᠠ ᠶᠢ ᠡᠵᠡᠮᠰᠢᠬᠦ ᠪᠠ ᠤᠷᠢᠳᠴᠢᠯᠠᠨ ᠮᠠᠭᠠᠳᠯᠠᠵᠦ᠂ ᠤᠶᠤᠨᠴᠢᠯᠬᠠᠰᠠᠨ᠂ | ᠦᠪᠡᠷᠮᠢᠴᠡᠵᠢᠭᠰᠡᠨ ᠦᠢᠯᠡᠴᠢᠯᠡᠭᠡ ᠬᠠᠩᠭᠠᠨ᠂ ᠰᠠᠨᠠᠭᠠᠴᠢᠯᠠᠭᠠᠲᠦ ᠪᠣᠰᠦ ᠪᠠᠷ ᠦᠢᠯᠡᠴᠢᠯᠡᠵᠦ ᠪᠠᠶᠢᠨᠨᠰᠠᠨ ᠢ | ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠤᠯᠭᠠᠨ᠎ᠠ᠃ ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠨᠢ | ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ ᠦᠷᠳᠡᠭᠡ᠂ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ | ᠦᠷᠳᠡᠭᠡ ᠪᠠ ᠪᠤᠳᠠᠳᠤ ᠴᠣᠭᠴᠠ ᠪᠦᠬᠦᠢ ᠵᠠᠰᠠᠭ ᠤᠨ ᠶᠠᠪᠤᠳᠠᠯ ᠤᠨ ᠲᠢᠩᠬᠢᠮ ᠳᠤ᠂ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠵᠦᠢᠯᠡᠰ ᠯᠦᠭᠡ ᠬᠠᠮᠢᠶ᠎ᠠ ᠲᠠᠢ ᠬᠠᠤᠯᠢ ᠴᠠᠭᠠᠵᠠ ᠬᠠᠤᠯᠢ ᠲᠤᠨᠨᠳᠠᠭᠠᠯ᠂ ᠲᠦᠷᠦ ᠶᠢᠨ | ᠪᠤᠳᠤᠯᠭ᠎ᠠ ᠶᠢᠨ ᠪᠢᠴᠢᠭ ᠮᠠᠲ᠋ᠧᠷᠢᠶᠠᠯ᠂ ᠮᠡᠳᠡᠭᠳᠡᠯ ᠵᠠᠷᠯᠠᠯ᠂ ᠠᠵᠢᠯ ᠶᠠᠪᠤᠳᠠᠯ ᠭᠦᠢᠴᠡᠳᠬᠡᠬᠦ ᠵᠦᠭᠯᠡᠭᠦᠷ᠂ ᠬᠢᠨᠠᠨ | ᠪᠠᠶᠢᠴᠠᠭᠠᠬᠤ ᠨᠠᠷᠢᠨ ᠲᠦᠷᠢᠮ᠂ ᠪᠠᠶᠢᠩᠭᠤ ᠲᠣᠬᠢᠶᠠᠯᠳᠤᠬᠤ ᠠᠰᠠᠭᠤᠳᠠᠯ᠂ ᠬᠢᠨᠠᠯᠳᠠ ᠲᠠᠯᠪᠢᠵᠦ ᠢᠯᠡᠴᠢᠯᠡᠨ ᠮᠡᠳᠡᠭᠦᠯᠬᠦ | ᠠᠷᠭ᠎ᠠ ᠮᠠᠶ᠋ᠢᠭ ᠪᠠ ᠰᠦᠯᠵᠢᠶ᠎ᠡ ᠪᠠᠷ ᠭᠦᠢᠴᠡᠳᠬᠡᠵᠦ ᠪᠤᠯᠬᠤ ᠬᠡᠮᠵᠢᠶ᠎ᠡ᠂ ᠵᠢᠴᠢ ᠵᠠᠰᠠᠭ ᠵᠠᠬᠢᠷᠭᠠᠨ ᠤ ᠬᠢᠨᠠᠨ | ᠵᠦᠪᠰᠢᠶᠡᠷᠡᠯ ᠳᠤ ᠬᠤᠯᠪᠤᠨᠨᠳ᠋ᠬᠠᠰᠠᠨ ᠵᠠᠭᠤᠴᠢ ᠦᠢᠯᠡᠴᠢᠯᠡᠬᠡᠨ ᠤ ᠵᠦᠢᠯᠡᠰ ᠤᠨ ᠨᠠᠷᠢᠨ ᠬᠠᠭᠤᠳᠠᠰᠤ᠂ | ᠪᠠᠶᠢᠭᠤᠯᠤᠮᠵᠢ ᠶᠢᠨ ᠨᠡᠷᠡᠶᠢᠳᠦᠯ ᠤᠨ ᠵᠢᠨᠨᠰᠠᠭᠠᠯᠳᠠ ᠵᠡᠷᠬᠡ ᠶᠢᠨ ᠮᠡᠳᠡᠭᠡ ᠵᠠᠩᠬᠢ ᠶᠢ ᠲᠦᠪᠯᠡᠷᠡᠬᠦᠯᠦᠨ ᠪᠦᠭᠦ ᠲᠠᠯ᠎ᠠ ᠪᠠᠷ | ᠢᠯᠡ ᠪᠣᠯᠭᠠᠬᠤ ᠶᠢᠨ ᠬᠠᠮᠳᠤ᠂ ᠭᠦᠳᠡᠯᠦᠩᠭᠦᠢ ᠲᠤᠬᠢᠷᠠᠭᠤᠯᠤᠯᠳᠠ ᠬᠢᠬᠦ ᠶᠢ ᠬᠡᠷᠡᠭᠵᠢᠬᠦᠯᠦᠨ᠂ ᠰᠦᠯᠵᠢᠶ᠎ᠠ ᠶᠢᠨ ᠪᠠ | ᠰᠦᠯᠵᠢᠶᠡᠨ ᠠᠴᠠ ᠭᠠᠳᠠᠭᠤᠷᠬᠢ ᠠᠭᠤᠯᠭ᠎ᠠ ᠶᠢᠨ ᠤᠨᠤᠪᠴᠢᠳᠠᠢ ᠪᠦᠭᠡᠳ ᠨᠢᠬᠡᠳᠦᠯᠳᠡᠢ ᠪᠠᠶᠢᠬᠤ ᠶᠢ ᠦᠨᠡᠨᠬᠦ | ᠪᠠᠳᠤᠯᠠᠬᠤ ᠬᠡᠷᠡᠭᠲᠡᠢ᠃ | ︵ᠲᠦᠷᠪᠡ︶ ᠪᠠᠷᠢᠮᠵᠢᠶ᠎ᠠ ᠶᠢ ᠵᠢᠷᠤᠮᠵᠢᠭᠤᠯᠬᠤ ᠪᠠᠶᠢᠭᠤᠯᠤᠯᠳᠠ ᠶᠢ ᠴᠢᠩᠭᠠᠷᠠᠭᠤᠯᠤᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠪᠠᠷᠢᠮᠵᠢᠶ᠎ᠠ ᠶᠢᠨ ᠰᠢᠰᠲ᠋ᠧᠮᠵᠢ ᠶᠢᠨ | ᠪᠠᠶᠢᠭᠤᠯᠤᠯᠳᠠ ᠶᠢ ᠠᠬᠢᠭᠤᠯᠵᠦ᠂ ᠵᠠᠰᠠᠭ ᠤᠨ ᠤᠷᠳᠤᠨ ᠤ ᠰᠠᠯᠠᠭ᠎ᠠ ᠮᠦᠴᠢᠷ ᠤᠨ ᠬᠤᠭᠤᠷᠤᠨᠳᠤᠬᠢ ᠮᠡᠳᠡᠭᠡ | ᠵᠠᠩᠬᠢ ᠶᠢᠨ ᠡᠬᠢ ᠪᠠᠶᠠᠯᠢᠭ ᠢ ᠬᠠᠮᠳᠤᠪᠡᠷ ᠭᠦᠷᠳᠡᠬᠦ ᠪᠠᠷᠢᠮᠵᠢᠶ᠎ᠠ ᠪᠠ ᠲᠤᠬᠠᠶᠢᠯᠬᠠᠰᠠᠨ ᠠᠵᠢᠯ ᠤᠨ ᠬᠠᠮᠵᠢᠯᠴᠠᠬᠤ | ᠪᠠᠷᠢᠮᠵᠢᠶ᠎ᠠ ᠶᠢ ᠲᠦᠷᠬᠡᠳᠬᠡᠨ ᠪᠠᠶᠢᠭᠤᠯᠤᠨ᠎ᠠ᠃ ᠮᠡᠳᠡᠭᠡ ᠵᠠᠩᠬᠢ ᠶᠢ ᠬᠠᠮᠳᠤᠪᠡᠷ ᠭᠦᠷᠳᠡᠬᠦ᠂ ᠲᠤᠮᠤ ᠳ᠋ᠠᠶᠢᠲ᠋ᠠ ᠶᠢᠨ | ᠬᠡᠷᠡᠭᠯᠡᠯᠲᠡ᠂ ᠮᠡᠳᠡᠭᠡ ᠵᠠᠩᠬᠢ ᠶᠢᠨ ᠡᠬᠢ ᠪᠠᠶᠠᠯᠢᠭ ᠢ ᠲᠦᠷᠦᠯ ᠬᠤᠪᠢᠶᠠᠬᠤ᠂ ᠰᠤᠯᠢᠯᠴᠠᠬᠤ ᠵᠠᠯᠭᠠᠰᠤ᠂ ᠡᠯᠧᠺᠲᠷᠤᠨ | ᠦᠨᠡᠮᠯᠡᠯ᠂ ᠡᠯᠧᠺᠲᠷᠤᠨ ᠠᠯᠪᠠᠨ ᠪᠢᠴᠢᠭ᠂ ᠡᠯᠧᠺᠲᠷᠤᠨ ᠲᠠᠮᠠᠭ᠎ᠠ᠂ ᠪᠡᠶ᠎ᠡ ᠭᠠᠷᠤᠯ ᠤᠨ ᠬᠡᠷᠡᠴᠢᠯᠡᠭᠡ᠂ ᠵᠠᠰᠠᠭ ᠤᠨ | ᠶᠠᠪᠤᠳᠠᠯ ᠤᠨ ᠡᠭᠦᠯᠡᠨ ᠲᠡᠪᠴᠡᠩ᠂ ᠠᠮᠤᠷ ᠲᠦᠪᠰᠢᠨ ᠤ ᠨᠢᠭᠤᠴᠠ ᠶᠢᠨ ᠬᠠᠮᠠᠭᠠᠯᠠᠯᠳᠠ ᠵᠡᠷᠬᠡ ᠵᠠᠩᠬᠢᠯᠠᠭ᠎ᠠ ᠶᠢᠨ | ᠨᠡᠶᠢᠳᠡᠴᠢ ᠴᠢᠨᠠᠷᠲᠠᠢ ᠪᠠᠷᠢᠮᠵᠢᠶ᠎ᠠ ᠶᠢ ᠲᠤᠨᠨᠳᠠᠭᠠᠬᠤ ᠪᠠ ᠬᠡᠷᠡᠭᠵᠢᠬᠦᠯᠬᠦ ᠶᠢ ᠠᠬᠢᠭᠤᠯᠤᠨ᠎ᠠ᠃ ︽ᠢᠨᠲ᠋ᠧᠷ ᠰᠦᠯᠵᠢᠶ᠎ᠡ | + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠬᠠᠮᠢᠶ᠎ᠠ ᠪᠦᠭᠦᠢ ᠬᠠᠮᠢᠶᠠᠷᠤᠯᠳᠠ ᠶᠢᠨ ᠲᠦᠷᠢᠮ ᠪᠠ | ᠦᠢᠯᠡᠴᠢᠯᠡᠬᠡᠨ ᠤ ᠵᠢᠷᠤᠮᠵᠢᠯ ᠢ ᠲᠤᠨᠨᠳᠠᠭᠠᠨ ᠲᠡᠭᠦᠯᠳᠡᠷᠵᠢᠬᠦᠯᠵᠦ᠂ ︽ᠦᠢᠯᠡᠴᠢᠯᠡᠬᠡᠨ ᠤ ᠴᠤᠪᠤᠷᠠᠯ ᠢ ᠬᠠᠤᠯᠢ | ᠲᠤᠨᠨᠳᠠᠭᠠᠯ ᠳᠤ ᠨᠡᠶᠢᠴᠡᠭᠦᠯᠭᠦ᠂ ᠤᠯᠠᠨ ᠲᠦᠮᠡᠨ ᠠᠵᠢᠯ ᠶᠠᠪᠤᠳᠠᠯ ᠭᠦᠢᠴᠡᠳᠬᠡᠬᠦ ᠳᠤ ᠭᠦᠴᠢᠷᠳᠡᠯ ᠶᠡᠭᠡ ᠲᠠᠢ ᠪᠠᠶᠢᠬᠤ︾ | ᠵᠡᠷᠬᠡ ᠠᠰᠠᠭᠤᠳᠠᠯ ᠢ ᠭᠦᠴᠦᠯᠡᠨ ᠰᠶᠢᠳᠪᠦᠷᠢᠯᠡᠨ᠎ᠠ᠃ ᠪᠠᠷᠢᠮᠵᠢᠶ᠎ᠠ ᠪᠠᠷ ᠰᠢᠯᠭᠠᠨ ᠭᠡᠷᠡᠴᠢᠯᠡᠬᠦ ᠪᠠ ᠬᠡᠷᠡᠭᠯᠡᠯᠲᠡ ᠶᠢᠨ | ᠲᠤᠷᠰᠢᠵᠦ ᠵᠢᠱᠢᠶ᠎ᠡ ᠦᠵᠡᠬᠦᠯᠬᠦ ᠶᠢ ᠦᠷᠨᠢᠬᠦᠯᠵᠦ᠂ ᠦᠢᠯᠡᠴᠢᠯᠡᠬᠡᠨ ᠤ ᠵᠠᠬ᠎ᠠ ᠲᠡᠯᠬᠡᠭᠦᠷ ᠢ ᠪᠤᠶᠢᠵᠢᠭᠤᠯᠬᠤ᠂ | ᠦᠢᠯᠡᠴᠢᠯᠡᠬᠡᠨ ᠤ ᠴᠢᠳᠠᠪᠤᠷᠢ ᠶᠢ ᠲᠡᠬᠡᠭᠰᠢᠯᠡᠬᠦᠯᠬᠦ᠂ ᠦᠢᠯᠡᠴᠢᠯᠡᠬᠡᠨ ᠤ ᠬᠠᠮᠢᠶᠠᠷᠤᠯᠳᠠ ᠶᠢ ᠲᠡᠮᠵᠢᠬᠦ ᠵᠡᠷᠬᠡ ᠲᠠᠯ᠎ᠠ ᠳᠤ | ᠦᠵᠡᠭᠦᠯᠬᠦ ᠪᠠᠷᠢᠮᠵᠢᠶ᠎ᠠ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠎ᠠ᠃ | ︵ᠲᠠᠪᠤ︶ ᠠᠵᠢᠯ ᠤᠨ ᠠᠮᠵᠢᠯᠳᠠ ᠪᠦᠳᠦᠮᠵᠢ ᠶᠢ ᠦᠨᠡᠯᠡᠨ ᠵᠢᠱᠢᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ | ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠦᠷ᠎ᠡ ᠴᠢᠳᠠᠮᠵᠢ ᠶᠢ ᠦᠨᠡᠯᠡᠨ ᠵᠢᠱᠢᠬᠦ | ᠪᠠ ᠬᠢᠨᠠᠯᠳᠠ ᠲᠠᠯᠪᠢᠵᠦ ᠰᠢᠯᠭᠠᠨ ᠬᠢᠨᠠᠬᠤ ᠲᠤᠨᠨᠳᠠᠴᠠ ᠶᠢ ᠪᠠᠶᠢᠭᠤᠯᠵᠦ᠂ ᠵᠠᠰᠠᠭ ᠤᠨ ᠤᠷᠳᠤᠨ ᠤ ᠠᠵᠢᠯ ᠤᠨ | ᠠᠮᠵᠢᠯᠳᠠ ᠪᠦᠳᠦᠮᠵᠢ ᠶᠢ ᠰᠢᠯᠭᠠᠨ ᠬᠢᠨᠠᠬᠤ ᠰᠢᠰᠲ᠋ᠧᠮᠵᠢ ᠳᠤ ᠤᠷᠤᠭᠤᠯᠤᠨ᠂ ᠰᠢᠯᠭᠠᠨ ᠬᠢᠨᠠᠬᠤ ᠶᠢᠨ | ᠴᠢᠬᠤᠯᠠᠴᠢᠯᠬᠠᠳᠠᠬᠤ ᠬᠡᠮᠵᠢᠶ᠎ᠡ ᠶᠢ ᠨᠡᠮᠡᠭᠳᠡᠬᠦᠯᠵᠦ᠂ ᠦᠪᠡᠷᠳᠡᠬᠡᠨ ᠵᠠᠰᠬᠠᠤ ᠤᠷᠤᠨ ᠤ ᠠᠷᠠᠳ ᠤᠨ ᠵᠠᠰᠠᠭ ᠤᠨ | ᠤᠷᠳᠤᠨ ᠤ ᠠᠯᠪᠠᠨ ᠲᠢᠩᠬᠢᠮ ᠤᠨ ᠭᠤᠤᠯᠳᠠᠯᠭ᠎ᠠ ᠲᠠᠢ ᠰᠢᠮᠳᠠᠭᠤᠯᠤᠨ ᠪᠠᠶᠢᠴᠠᠭᠠᠬᠤ ᠵᠦᠢᠯᠡᠰ ᠲᠤ ᠵᠢᠨᠨᠰᠠᠭᠠᠨ | ᠤᠷᠤᠭᠤᠯᠵᠦ᠂ ᠦᠪᠡᠷᠳᠡᠬᠡᠨ ᠵᠠᠰᠬᠠᠤ ᠤᠷᠤᠨ ᠤ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢᠨ ᠠᠵᠢᠯ ᠤᠨ ᠤᠳᠤᠷᠢᠳᠬᠤ ᠲᠤᠭᠤᠶᠢᠯᠠᠩ ᠤᠨ ᠠᠯᠪᠠᠨ ᠬᠡᠷ ᠨᠢ ᠠᠵᠢᠯ ᠤᠨ ᠠᠬᠢᠴᠠ ᠪᠠ ᠦᠷ᠎ᠡ | ᠪᠦᠳᠦᠮᠵᠢ ᠶᠢ ᠲᠤᠨᠨᠳᠠᠮᠠᠯ ᠬᠤᠭᠤᠴᠠᠭ᠎ᠠ ᠲᠠᠢ ᠪᠠᠷ ᠮᠡᠳᠡᠬᠡᠯᠡᠬᠦ ᠶᠢᠨ ᠬᠠᠮᠳᠤ ᠢᠯᠡ ᠪᠤᠯᠭᠠᠨ᠎ᠠ᠃ ᠡᠯ᠎ᠡ ᠲᠦᠷᠦᠭᠦᠯᠡᠨ | ᠬᠢᠬᠦ ᠨᠢᠬᠡᠴᠡ ᠪᠠ ᠬᠠᠷᠢᠭᠤᠴᠠᠬᠤ ᠨᠢᠬᠡᠴᠡ ᠨᠢ ᠬᠡᠷᠡᠭᠵᠢᠬᠦᠯᠬᠦ ᠲᠦᠯᠦᠪᠯᠡᠭᠡ ᠶᠢ ᠱᠠᠯᠠᠪᠳᠠᠨ ᠲᠤᠨᠨᠳᠠᠭᠠᠬᠤ ᠶᠢᠨ ᠬᠠᠮᠳᠤ | ᠨᠠᠶᠢᠳᠠᠪᠤᠷᠢᠵᠢᠭᠤᠯᠬᠤ ᠶᠢ ᠰᠠᠶᠢᠳᠤᠷ ᠠᠳᠬᠤᠬᠤ ᠬᠡᠷᠡᠭᠲᠡᠢ᠃ ᠨᠡᠶᠢᠬᠡᠮ ᠤᠨ ᠬᠢᠨ ᠤ ᠬᠢᠨᠠᠯᠳᠠ ᠲᠠᠯᠪᠢᠬᠤ ᠪᠠ ᠶᠠᠷᠢᠶ᠎ᠠ | ᠬᠡᠯᠡᠯᠴᠡᠬᠡᠨ ᠢᠶᠠᠷ ᠬᠢᠨᠠᠯᠳᠠ ᠲᠠᠯᠪᠢᠬᠤ ᠦᠢᠯᠡᠳᠦᠯ ᠢ ᠪᠠᠳᠠᠷᠠᠭᠤᠯᠤᠨ᠂ ᠤᠯᠠᠨ ᠲᠦᠮᠡᠨ ᠤ ᠵᠠᠭᠠᠯᠳᠤᠵᠦ ᠢᠯᠡᠴᠢᠯᠡᠨ | ᠮᠡᠳᠡᠬᠦᠯᠬᠦ ᠵᠠᠮ ᠮᠦᠷ ᠢ ᠰᠢᠯᠤᠭᠤᠳᠬᠠᠨ᠂ ᠢᠯᠡᠴᠢᠯᠡᠨ ᠮᠡᠳᠡᠬᠦᠯᠥᠭᠰᠡᠨ ᠢ ᠭᠦᠯᠢᠶᠡᠨ ᠠᠪᠬᠤ᠂ ᠰᠶᠢᠳᠪᠦᠷᠢᠯᠡᠬᠦ ᠪᠠ | ᠬᠠᠷᠢᠭᠤ ᠲᠤᠰᠬᠠᠬᠤ ᠲᠦᠷᠢᠮ ᠢ ᠲᠡᠭᠦᠯᠳᠡᠷᠵᠢᠬᠦᠯᠵᠦ᠂ ᠤᠯᠠᠨ ᠲᠦᠮᠡᠨ ᠤ ᠲᠤᠰᠬᠠᠨᠨᠰᠠᠨ ᠠᠰᠠᠭᠤᠳᠠᠯ ᠢ ᠦᠨᠡᠨᠬᠦ | ᠰᠶᠢᠳᠪᠦᠷᠢᠯᠡᠨ᠂ ᠨᠡᠶᠢᠬᠡᠮ ᠤᠨ ᠬᠢᠨ ᠤ ᠠᠩᠬᠠᠷᠴᠤ ᠪᠦᠭᠦᠢ ᠠᠰᠠᠭᠤᠳᠠᠯ ᠳᠤ ᠴᠠᠭ ᠲᠤᠬᠠᠢ ᠳᠤᠨᠢ ᠬᠠᠷᠢᠭᠤ ᠦᠭᠭᠦ | ᠬᠡᠷᠡᠭᠳᠡᠢ᠃ ᠦᠪᠡᠷᠳᠡᠬᠡᠨ ᠵᠠᠰᠠᠬᠤ ᠤᠷᠤᠨ ᠤ ᠵᠠᠰᠠᠭ ᠤᠨ ᠤᠷᠳᠤᠨ ᠤ ᠫᠤᠷᠲ᠋ᠧᠯ ᠰᠦᠯᠵᠢᠶᠡᠨ ᠦᠷᠳᠡᠭᠡ᠂ | ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠰᠦᠯᠵᠢᠶᠡᠨ ᠦᠷᠳᠡᠭᠡ ᠳᠤ ᠢᠯᠡᠷᠡᠬᠦᠯᠦᠨ ᠢᠯᠡᠴᠢᠯᠡᠬᠦ ᠪᠠ ᠠᠯᠳᠠᠭ᠎ᠠ | ᠵᠠᠯᠠᠷᠠᠭᠤᠯᠬᠤ ᠪᠤᠯᠤᠩ ᠨᠡᠬᠡᠬᠡᠵᠦ᠂ ᠤᠯᠠᠨ ᠲᠦᠮᠡᠨ ᠤ ᠲᠤᠰᠬᠠᠨᠨᠰᠠᠨ ᠠᠵᠢᠯ ᠬᠡᠷᠡᠭ ᠭᠦᠢᠴᠡᠳᠬᠡᠬᠦ ᠶᠠᠪᠤᠴᠠ ᠳᠤ | ᠲᠤᠯᠭᠠᠷᠠᠭᠰᠠᠨ ᠭᠦᠴᠢᠷᠳᠡᠯ ᠪᠠ ᠠᠰᠠᠭᠤᠳᠠᠯ ᠢ ᠢᠯᠡ ᠪᠤᠯᠭᠠᠨ᠂ ᠰᠶᠢᠳᠪᠦᠷᠢᠯᠡᠭᠰᠡᠨ ᠦᠷ᠎ᠡ ᠳ᠋ᠦᠩ ᠢ ᠴᠠᠭ | ᠲᠤᠬᠠᠢ ᠳᠤᠨᠢ ᠬᠠᠷᠢᠭᠤ ᠲᠤᠰᠬᠠᠨ᠎ᠠ᠃ ᠵᠦᠪ ᠲᠠᠯ᠎ᠠ ᠠᠴᠠ ᠤᠷᠮᠠᠰᠢᠭᠤᠯᠬᠤ ᠲᠤᠨᠨᠳᠠᠴᠠ ᠪᠠ ᠬᠠᠷᠢᠭᠤᠴᠠᠯᠭ᠎ᠠ | ᠬᠡᠯᠡᠯᠴᠡᠬᠦ ᠲᠤᠨᠨᠳᠠᠴᠠ ᠶᠢ ᠲᠡᠭᠦᠯᠳᠡᠷᠵᠢᠬᠦᠯᠦᠨ᠎ᠠ᠃ ᠭᠤᠷᠪᠠᠳᠠᠬᠢ ᠡᠳᠡᠬᠡᠳ ᠤᠨ ᠦᠨᠡᠯᠡᠨ ᠵᠢᠱᠢᠬᠦ ᠠᠷᠭ᠎ᠠ ᠪᠠᠷᠢᠯ ᠢ | ᠢᠳᠡᠪᠬᠢᠳᠡᠢ ᠪᠠᠷ ᠬᠡᠷᠡᠭᠯᠡᠵᠦ ᠪᠠᠶᠢᠭᠠᠳ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠦᠨᠡᠯᠡᠨ ᠵᠢᠱᠢᠵᠦ ᠦᠨᠡᠯᠡᠯᠳᠡ | ᠬᠢᠬᠦ ᠶᠢ ᠵᠤᠬᠢᠶᠠᠨ ᠪᠠᠶᠢᠭᠤᠯᠤᠨ ᠦᠷᠨᠢᠬᠦᠯᠵᠦ᠂ ᠦᠨᠡᠯᠡᠯᠳᠡ ᠬᠢᠵᠦ ᠰᠢᠯᠭᠠᠨ ᠬᠢᠨᠠᠬᠤ ᠪᠠᠷ ᠠᠷᠭ᠎ᠠ ᠪᠠᠷᠢᠯ ᠪᠤᠯᠭᠠᠨ | ᠡᠯ᠎ᠡ ᠭᠠᠵᠠᠷ ᠤᠷᠤᠨ᠂ ᠡᠯ᠎ᠡ ᠰᠠᠯᠠᠭ᠎ᠠ ᠮᠦᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠬᠡᠨ ᠤ ᠬᠢᠷᠢ ᠬᠡᠮᠵᠢᠶ᠎ᠡ ᠪᠠᠨ | ᠲᠠᠰᠤᠷᠠᠯᠳᠠ ᠦᠬᠡᠢ ᠲᠡᠬᠡᠭᠰᠢᠯᠡᠬᠦᠯᠬᠦ ᠶᠢ ᠠᠬᠢᠭᠤᠯᠤᠨ᠎ᠠ᠃ | ︵ᠵᠢᠷᠭᠤᠭ᠎ᠠ︶ ᠪᠤᠯᠪᠠᠰᠤᠷᠠᠭᠤᠯᠤᠯ ᠪᠠ ᠤᠬᠠᠭᠤᠯᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠶᠢᠨ ᠠᠵᠢᠯ ᠤᠨ ᠲᠤᠭᠤᠷᠢᠨ ᠳᠤ ᠪᠤᠯᠪᠠᠰᠤᠷᠠᠭᠤᠯᠤᠯ ᠢ | ᠲᠣᠭᠲᠠᠮᠠᠯ ᠬᠤᠭᠤᠴᠠᠭ᠎ᠠ ᠲᠠᠢ ᠪᠠᠷ ᠵᠤᠬᠢᠶᠠᠨ ᠪᠠᠶᠢᠭᠤᠯᠤᠨ ᠦᠷᠨᠢᠬᠦᠯᠵᠦ᠂ ᠰᠦᠯᠵᠢᠶ᠎ᠡ ᠶᠢᠨ ᠪᠠ ᠰᠦᠯᠵᠢᠶ᠎ᠡ ᠠᠴᠠ | ᠭᠠᠳᠠᠭᠤᠷᠬᠢ ᠶᠢ ᠤᠶᠠᠯᠳᠤᠭᠤᠯᠤᠨᠨᠰᠠᠨ ᠠᠯᠪᠠᠨ ᠠᠵᠢᠯᠳᠠᠨ ᠤ ᠭᠦᠮᠦᠵᠢᠯ ᠪᠤᠯᠪᠠᠰᠤᠷᠠᠭᠤᠯᠤᠯ ᠤᠨ ᠰᠢᠰᠲ᠋ᠧᠮᠵᠢ ᠶᠢ | ᠪᠠᠶᠢᠭᠤᠯᠤᠨ᠎ᠠ᠃ ᠦᠵᠡᠯ ᠰᠠᠨᠠᠭᠠᠨ ᠤ ᠦᠵᠡᠯ ᠤᠬᠠᠮᠰᠠᠷ ᠢᠶᠠᠨ ᠬᠤᠪᠢᠷᠠᠭᠤᠯᠵᠦ᠂ ᠰᠠᠨᠠᠭᠠᠴᠢᠯᠠᠭᠠᠳᠤ ᠪᠤᠰᠤ ᠪᠠᠷ | ᠦᠢᠯᠡᠴᠢᠯᠡᠵᠦ ᠪᠠᠶᠢᠨᠨᠰᠠᠨ ᠢ ᠰᠠᠨᠠᠭᠠᠴᠢᠯᠠᠭ᠎ᠠ ᠠᠴᠠ ᠪᠠᠨ ᠦᠢᠯᠡᠴᠢᠯᠡᠬᠦ ᠪᠤᠯᠭᠠᠨ᠂ ᠬᠠᠷᠢᠭᠤᠴᠠᠯᠭ᠎ᠠ ᠶᠢᠨ ᠦᠵᠡᠯ | ᠤᠬᠠᠮᠰᠠᠷ ᠢ ᠨᠡᠮᠡᠭᠳᠡᠭᠦᠯᠵᠦ᠂ ᠦᠢᠯᠡᠴᠢᠯᠡᠬᠦ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠂ ᠲᠤᠬᠠᠶᠢᠯᠬᠠᠰᠠᠨ ᠠᠵᠢᠯ ᠤᠨ | ᠴᠢᠳᠠᠪᠤᠷᠢ ᠪᠠ ᠠᠵᠢᠯ ᠬᠡᠷᠡᠭ ᠭᠦᠢᠴᠡᠳᠬᠡᠬᠦ ᠦᠷ᠎ᠡ ᠪᠦᠲᠥᠮᠵᠢ ᠶᠢ ᠳᠡᠭᠡᠭᠰᠢᠯᠡᠭᠦᠯᠥᠨ᠎ᠡ᠃ ᠲᠤᠰᠬᠠᠢ ᠮᠡᠷᠬᠡᠵᠢᠯ ᠤᠨ | ᠴᠢᠳᠠᠪᠤᠷᠢᠳᠠᠨ ᠤ ᠡᠩᠨᠡᠭᠡ ᠶᠢ ᠪᠤᠯᠪᠠᠰᠤᠷᠠᠭᠤᠯᠤᠨ ᠭᠦᠮᠦᠵᠢᠬᠦᠯᠬᠦ ᠶᠢ ᠴᠢᠩᠭᠠᠳᠬᠠᠵᠦ᠂ ᠢᠨᠲ᠋ᠧᠷ ᠰᠦᠯᠵᠢᠶᠡᠨ ᠤ | ᠰᠡᠳᠭᠢᠬᠦᠢ ᠬᠢᠬᠡᠳ ᠮᠡᠷᠬᠡᠵᠢᠯ ᠢ ᠪᠦᠷᠢᠳᠥᠭᠦᠯᠥᠭᠰᠡᠨ ᠪᠦᠬᠡᠳ ᠵᠠᠰᠠᠭ ᠤᠨ ᠶᠠᠪᠤᠳᠠᠯ ᠤᠨ ᠦᠢᠯᠡᠴᠢᠯᠡᠬᠡᠨ ᠳᠤ | ᠨᠡᠪᠳᠡᠷᠡᠭᠰᠡᠨ ᠨᠢᠭᠡᠨ ᠰᠠᠯᠠᠭ᠎ᠠ ᠲᠤᠰᠬᠠᠶᠢᠵᠢᠨᠨᠰᠠᠨ ᠡᠩᠨᠡᠭᠡ ᠶᠢ ᠪᠠᠶᠢᠭᠤᠯᠤᠨ᠎ᠠ᠃ ᠵᠠᠰᠠᠭ ᠤᠨ ᠶᠠᠪᠤᠳᠠᠯ ᠤᠨ | ᠦᠢᠯᠡᠴᠢᠯᠡᠬᠡᠨ ᠤ ᠤᠬᠠᠭᠤᠯᠤᠨ ᠵᠢᠯᠤᠭᠤᠳᠬᠤ ᠠᠵᠢᠯ ᠢ ᠰᠠᠶᠢᠳᠤᠷ ᠬᠢᠵᠦ᠂ ᠨᠡᠩ ᠤᠯᠠᠨ ᠠᠵᠦ ᠠᠬᠤᠶᠢᠯᠠᠯ ᠪᠠ | ᠤᠯᠠᠨ ᠲᠦᠮᠡᠨ ᠤ ᠠᠳᠠᠯᠢ ᠪᠤᠰᠤ ᠵᠠᠮ ᠮᠦᠷ ᠢᠶᠠᠷ ᠲᠠᠮᠵᠢᠵᠦ ᠰᠦᠯᠵᠢᠶ᠎ᠡ ᠳᠤ ᠵᠠᠯᠭᠠᠵᠦ ᠵᠠᠰᠠᠭ ᠤᠨ ᠶᠠᠪᠤᠳᠠᠯ ᠤᠨ | ᠦᠢᠯᠡᠴᠢᠯᠡᠭᠡ ᠭᠦᠷᠳᠡᠬᠦ ᠳᠤ ᠲᠦᠭᠦᠮ ᠦᠵᠡᠬᠦᠯᠦᠨ᠂ ︽ᠢᠨᠲ᠋ᠧᠷ ᠰᠦᠯᠵᠢᠶ᠎ᠡ + ᠵᠠᠰᠠᠭ ᠤᠨ ᠶᠠᠪᠤᠳᠠᠯ ᠤᠨ | ᠦᠢᠯᠡᠴᠢᠯᠡᠭᠡ︾ ᠶᠢ ᠨᠡᠶᠢᠬᠡᠮ ᠤᠨ ᠬᠢᠨ ᠤ ᠲᠠᠨᠢᠨ ᠮᠡᠳᠡᠷᠡᠬᠦ ᠪᠠ ᠤᠯᠠᠨ ᠲᠦᠮᠡᠨ ᠤ ᠮᠡᠳᠡᠷᠡᠨ ᠵᠦᠪᠰᠢᠶᠡᠷᠡᠬᠦ ᠶᠢ | ᠲᠡᠬᠡᠭᠰᠢᠯᠡᠬᠦᠯᠦᠨ᠎ᠠ᠃ | ︵ᠲᠤᠯᠤᠭ᠎ᠠ︶ ᠠᠵᠢᠯᠯᠠᠭᠤᠯᠵᠦ ᠪᠠᠳᠤᠯᠠᠨ ᠬᠠᠮᠢᠶᠠᠷᠬᠤ ᠬᠢᠷᠢ ᠬᠡᠮᠵᠢᠶ᠎ᠡ ᠶᠢ ᠲᠡᠬᠡᠭᠰᠢᠯᠡᠬᠦᠯᠦᠨ᠎ᠠ᠃ ︽ᠢᠨᠲ᠋ᠧᠷ | ᠰᠦᠯᠵᠢᠶ᠎ᠡ + ᠵᠠᠰᠠᠭ ᠤᠨ ᠶᠠᠪᠤᠳᠠᠯ ᠤᠨ ᠦᠢᠯᠡᠴᠢᠯᠡᠭᠡ︾ ᠪᠤᠯ ᠬᠤᠯᠪᠤᠨᠨᠳᠠᠬᠤ ᠰᠠᠯᠠᠭ᠎ᠠ ᠮᠦᠴᠢᠷ ᠢᠶᠠᠷ ᠣᠯᠠᠨ᠂ | ᠲᠤᠬᠠᠶᠢᠯᠬᠠᠰᠠᠨ ᠠᠵᠢᠯ ᠤᠨ ᠬᠡᠪᠴᠢᠶ᠎ᠡ ᠪᠠᠷ ᠦᠷᠬᠡᠨ ᠰᠢᠰᠲ᠋ᠧᠮᠵᠢᠳᠤ ᠢᠨᠵᠧᠨᠧᠷᠢᠩ ᠪᠤᠯᠤᠨ᠎ᠠ᠂ ᠨᠢᠬᠡᠳᠦᠯᠳᠡᠢ | ᠬᠠᠮᠢᠶᠠᠷᠬᠤ᠂ ᠱᠠᠳᠤ ᠬᠤᠪᠢᠶᠠᠨ ᠬᠠᠷᠢᠭᠤᠴᠠᠬᠤ᠂ ᠴᠤᠪᠤᠷᠠᠯ ᠢ ᠵᠢᠷᠤᠮᠵᠢᠯ ᠲᠠᠢ ᠪᠠᠶᠢᠯᠭᠠᠬᠤ᠂ ᠠᠮᠤᠷ ᠲᠦᠪᠰᠢᠨ | ᠪᠦᠭᠡᠳ ᠦᠨᠳᠦᠷ ᠦᠷ᠎ᠡ ᠪᠦᠳᠦᠮᠵᠢᠳᠡᠢ ᠠᠵᠢᠯᠯᠠᠭᠤᠯᠵᠦ ᠪᠠᠳᠤᠯᠠᠨ ᠬᠠᠮᠢᠶᠠᠷᠬᠤ ᠰᠢᠰᠲ᠋ᠧᠮᠵᠢ ᠶᠢ ᠪᠠᠶᠢᠭᠤᠯᠤᠨ᠂ | ᠠᠵᠢᠯᠯᠠᠭᠤᠯᠵᠦ ᠪᠠᠳᠤᠯᠠᠬᠤ ᠠᠵᠢᠯ ᠢ ᠵᠢᠷᠤᠮᠵᠢᠭᠤᠯᠬᠤ᠂ ᠲᠦᠷᠢᠮᠵᠢᠬᠦᠯᠬᠦ᠂ ᠴᠤᠪᠤᠷᠠᠯᠵᠢᠭᠤᠯᠬᠤ ᠪᠠ ᠡᠵᠡᠮᠳᠡᠵᠦ | ᠪᠤᠯᠬᠤᠶᠢᠴᠠ ᠶᠢ ᠪᠡᠶᠡᠯᠡᠬᠦᠯᠵᠦ᠂ ᠠᠵᠢᠯᠯᠠᠭᠤᠯᠵᠦ ᠪᠠᠳᠤᠯᠠᠨ ᠬᠠᠮᠢᠶᠠᠷᠬᠤ ᠪᠠ ᠦᠢᠯᠡᠴᠢᠯᠡᠭᠡ ᠶᠢ ᠪᠠᠳᠤᠯᠠᠬᠤ ᠬᠢᠷᠢ | ᠬᠡᠮᠵᠢᠶ᠎ᠡ ᠶᠢ ᠠᠯᠬᠤᠮ ᠠᠯᠬᠤᠮ ᠢᠶᠠᠷ ᠲᠡᠬᠡᠭᠰᠢᠯᠡᠬᠦᠯᠬᠦ ᠬᠡᠷᠡᠭᠳᠡᠢ᠃ ᠡᠯ᠎ᠡ ᠱᠠᠳᠤᠨ ᠤ ᠮᠡᠳᠡᠭᠡ ᠵᠠᠩᠬᠢᠵᠢᠯᠳᠠ ᠶᠢᠨ | ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠨᠢ ᠠᠵᠢᠯᠯᠠᠭᠤᠯᠵᠦ ᠪᠠᠳᠤᠯᠠᠬᠤ ᠡᠬᠢ ᠪᠠᠶᠠᠯᠢᠭ ᠢ ᠨᠢᠬᠡᠳᠦᠯᠳᠡᠢ | ᠲᠦᠯᠦᠪᠯᠡᠨ ᠲᠦᠯᠦᠪᠵᠢᠭᠦᠯᠵᠦ᠂ ᠰᠢᠯᠢᠳᠡᠭᠵᠢᠬᠦᠯᠦᠨ ᠲᠤᠬᠢᠷᠠᠭᠤᠯᠵᠦ᠂ ᠠᠵᠢᠯᠯᠠᠭᠤᠯᠵᠦ ᠪᠠᠳᠤᠯᠠᠬᠤ ᠲᠦᠷᠦᠯ | ᠵᠦᠢᠯ ᠢ ᠡᠮᠬᠢᠯᠡᠨ ᠨᠡᠶᠢᠯᠡᠬᠦᠯᠵᠦ᠂ ᠠᠵᠢᠯᠯᠠᠭᠤᠯᠵᠦ ᠪᠠᠳᠤᠯᠠᠬᠤ ᠠᠭᠤᠯᠭ᠎ᠠ᠂ ᠦᠢᠯᠡᠴᠢᠯᠡᠬᠡᠨ ᠤ ᠱᠠᠭᠠᠷᠳᠠᠯᠭ᠎ᠠ ᠶᠢ | ᠲᠢᠭᠯᠡᠨ ᠡᠮᠬᠢᠯᠡᠵᠦ᠂ ᠠᠵᠢᠯᠯᠠᠭᠤᠯᠵᠦ ᠪᠠᠳᠤᠯᠠᠬᠤ ᠴᠤᠪᠤᠷᠠᠯ ᠪᠠ ᠦᠢᠯᠡᠴᠢᠯᠡᠬᠦ ᠪᠠᠷᠢᠮᠵᠢᠶ᠎ᠠ ᠶᠢ ᠨᠢᠭᠡᠲᠥᠯᠲᠡᠢ ᠪᠠᠶᠢᠯᠭᠠᠨ᠂ | ᠠᠵᠢᠯᠯᠠᠭᠤᠯᠵᠦ ᠪᠠᠳᠤᠯᠠᠬᠤ ᠶᠢ ᠲᠦᠪᠯᠡᠷᠡᠬᠦᠯᠥᠨ ᠬᠠᠮᠢᠶᠠᠷᠬᠤ ᠶᠢ ᠪᠡᠶᠡᠯᠡᠭᠦᠯᠦᠨ᠎ᠠ᠃ ᠠᠮᠤᠷ ᠲᠦᠪᠰᠢᠨ ᠢ ᠦᠨᠡᠨᠬᠦ | ᠪᠠᠳᠤᠯᠬᠠᠰᠠᠨ ᠰᠠᠭᠤᠷᠢᠨ ᠲᠡᠬᠡᠷ᠎ᠡ᠂ ᠦᠢᠯᠡᠴᠢᠯᠡᠭᠡ ᠬᠤᠳᠠᠯᠳᠤᠨ ᠠᠪᠬᠤ ᠠᠷᠭ᠎ᠠ ᠮᠠᠶ᠋ᠢᠭ ᠢᠶᠠᠷ ᠲᠠᠮᠵᠢᠭᠤᠯᠤᠨ᠂ | ᠠᠵᠢᠯᠯᠠᠭᠤᠯᠵᠦ ᠪᠠᠳᠤᠯᠠᠬᠤ ᠦᠢᠯᠡᠴᠢᠯᠡᠭᠡ ᠶᠢ ᠭᠠᠳ᠋ᠬᠠᠰᠢ ᠲᠠᠭᠠᠭᠠᠴᠢᠯᠠᠭᠤᠯᠬᠤ ᠲᠤᠨᠨᠳᠠᠴᠠ ᠶᠢ ᠤᠷᠤᠭᠤᠯᠤᠨ | ᠠᠪᠴᠢᠷᠠᠵᠦ᠂ ᠵᠤᠬᠢᠬᠤ ᠬᠠᠮᠢᠶᠠᠷᠤᠯᠳᠠ ᠶᠢᠨ ᠦᠪᠡᠷ ᠤᠨ ᠦᠷᠳᠡᠭ ᠢ ᠪᠠᠭᠤᠷᠠᠭᠤᠯᠬᠤ ᠬᠡᠷᠡᠭᠳᠡᠢ᠃ ᠡᠯ᠎ᠡ ᠱᠠᠳᠤᠨ ᠤ | ᠠᠷᠠᠳ ᠤᠨ ᠵᠠᠰᠠᠭ ᠤᠨ ᠤᠷᠳᠤᠨ ᠨᠤᠭᠤᠳ ᠮᠡᠳᠡᠭᠡ ᠵᠠᠩᠬᠢᠵᠢᠯᠳᠠ ᠶᠢᠨ ᠵᠠᠷᠤᠳᠠᠯ ᠤᠨ ᠪᠠᠳᠤᠯᠠᠬᠤ ᠡᠷᠴᠢᠮ ᠢ | ᠴᠢᠩᠭᠠᠷᠠᠭᠤᠯᠵᠦ᠂ ᠠᠵᠢᠯᠯᠠᠭᠤᠯᠵᠦ ᠪᠠᠳᠤᠯᠠᠬᠤ ᠵᠠᠷᠤᠳᠠᠯ ᠢ ᠠᠳᠠᠯᠢ ᠱᠠᠳᠤᠨ ᠤ ᠡᠳ᠋ ᠤᠨ ᠵᠠᠰᠠᠭ ᠤᠨ ᠲᠦᠰᠦᠪ ᠲᠤ | ᠤᠷᠤᠭᠤᠯᠤᠨ᠂ ᠪᠡᠯᠡ ᠮᠦᠩᠭᠦ ᠶᠢ ᠪᠤᠳᠠᠳᠠᠶᠢᠵᠢᠭᠤᠯᠬᠤ ᠶᠢ ᠦᠨᠡᠨᠬᠦ ᠪᠠᠳᠤᠯᠠᠬᠤ ᠬᠡᠷᠡᠭᠳᠡᠢ᠃ ᠡᠯ᠎ᠡ ᠭᠠᠵᠠᠷ ᠤᠷᠤᠨ᠂ | ᠡᠯ᠎ᠡ ᠰᠠᠯᠠᠭ᠎ᠠ ᠮᠦᠴᠢᠷ ᠤᠳ ᠲᠤᠰ ᠰᠠᠨᠠᠯ ᠤᠨ ᠱᠠᠭᠠᠷᠳᠠᠯᠭ᠎ᠠ ᠶᠢ ᠦᠨᠳᠦᠰᠦᠯᠡᠨ ᠡᠭᠦᠷᠬᠡ ᠪᠠᠨ ᠱᠠᠯᠠᠪᠳᠠᠨ ᠢᠯᠭᠠᠨ | ᠬᠤᠪᠢᠶᠠᠷᠢᠯᠠᠵᠦ᠂ ᠬᠠᠷᠢᠭᠤᠴᠠᠯᠭᠠᠳᠤ ᠨᠢᠭᠡᠴᠡ ᠪᠠ ᠠᠬᠢᠴᠠ ᠶᠢᠨ ᠲᠤᠬᠢᠷᠠᠭᠤᠯᠤᠯᠳᠠ ᠶᠢ ᠲᠤᠳᠤᠷᠬᠠᠶᠢᠯᠠᠨ᠂ | ᠵᠣᠯᠭᠠᠭᠤᠯᠤᠨ ᠬᠠᠮᠵᠢᠯᠴᠠᠬᠤ ᠶᠢ ᠴᠢᠩᠭᠠᠳᠬᠠᠵᠦ᠂ ᠡᠳ᠋ ᠤᠨ ᠵᠠᠰᠠᠭ ᠤᠨ ᠲᠡᠮᠵᠢᠯᠬᠡ ᠶᠢ ᠨᠡᠮᠡᠭᠳᠡᠬᠦᠯᠦᠨ᠂ | ᠨᠠᠶᠢᠳᠠᠪᠤᠷᠢᠵᠢᠭᠤᠯᠤᠯᠳᠠ ᠶᠢ ᠬᠢᠨᠠᠮᠠᠭᠠᠢ ᠰᠠᠶᠢᠳᠤᠷ ᠠᠳᠬᠤᠬᠤ ᠬᠡᠷᠡᠭᠳᠡᠢ᠃ | |