11 ᠳ᠋ᠦ᠋ᠭᠡᠷ ᠰᠠᠷ᠎ᠠ ᠶᠢᠨ 12 ᠠᠴᠠ 13 ᠤ ᠡᠳᠦᠷ ᠪᠤᠯᠳᠠᠯ᠎ᠠ᠂ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠦᠪᠡᠷᠳᠡᠭᠡᠨ ᠵᠠᠰᠠᠬᠤ ᠤᠷᠤᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠮᠠᠨ ᠤ ᠤᠷᠤᠨ ᠤ ᠬᠡᠰᠡᠭ ᠠᠶᠢᠮᠠᠭ ᠬᠤᠳᠠ᠂ ᠲᠢᠩᠬᠢᠮ ᠲᠤᠪᠴᠢᠶ᠎ᠠ᠂ ᠶᠡᠭᠡ ᠲᠡᠭᠡᠳᠦ | ᠰᠤᠷᠭᠠᠭᠤᠯᠢ᠂ ᠠᠵᠤ ᠠᠬᠤᠶᠢᠯᠠᠯ᠂ ᠴᠡᠷᠢᠭ ᠠᠩᠬᠢ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠭᠦ ᠶᠢᠨ ᠬᠠᠮᠳᠤ ᠺᠠᠳ᠋ᠷ ᠤᠯᠠᠨ ᠲᠦᠮᠡᠨ ᠲᠠᠢ ᠪᠤᠳᠤᠯ | ᠰᠠᠨᠠᠯ ᠢᠶᠠᠨ ᠰᠤᠯᠢᠯᠴᠠᠪᠠ᠃ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠨᠢ ᠦᠷᠭᠡᠨ ᠤᠯᠠᠨ ᠺᠠᠳ᠋ᠷ ᠤᠯᠠᠨ ᠲᠦᠮᠡᠨ | ᠤ ᠬᠠᠯᠠᠭᠤᠨ ᠬᠦᠷᠢᠶᠡᠯᠡᠯ ᠢ ᠤᠯᠵᠤ᠂ ᠤᠯᠠᠨ ᠢᠶᠠᠷ ᠢᠶᠠᠨ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ | ᠨᠠᠷ ᠤᠨ ᠤᠬᠠᠭᠤᠯᠤᠨ ᠲᠠᠶᠢᠯᠪᠤᠷᠢᠯᠠᠬᠤ ᠶᠢ ᠰᠤᠨᠤᠰᠤᠭᠠᠳ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ | ᠰᠠᠨᠠᠭ᠎ᠠ ᠶᠢᠨ ᠲᠤᠬᠠᠢ ᠲᠠᠨᠢᠯᠳᠠ ᠤᠶᠢᠯᠠᠭᠠᠯᠳᠠ ᠨᠠᠩ ᠬᠦᠨᠵᠡᠭᠡᠶᠢᠷᠡᠨ᠂ ᠠᠵᠢᠯ ᠬᠢᠵᠤ ᠦᠢᠯᠡᠰ ᠪᠤᠰᠬᠠᠬᠤ ᠡᠷᠴᠢ | ᠬᠦᠴᠦᠨ ᠪᠠ ᠢᠳᠡᠭᠡᠯ ᠵᠤᠷᠢᠭ ᠬᠦᠪᠴᠢᠯᠡᠭᠳᠡᠵᠤ᠂ ᠰᠢ ᠶᠢᠨ ᠫᠢᠩ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠵᠢᠯᠤᠭᠤᠳᠤᠯᠭ᠎ᠠ ᠲᠤᠤᠷ᠎ᠠ ᠦᠪᠦᠷ ᠮᠤᠩᠭᠤᠯ ᠤᠨ | ᠮᠠᠷᠭᠠᠰᠢ ᠨᠡᠩ ᠭᠡᠭᠡᠨ ᠰᠠᠷᠠᠭᠤᠯ ᠨᠠᠩ ᠰᠡᠶᠢᠨ ᠰᠠᠶᠢᠬᠠᠨ ᠪᠤᠯᠬᠤ ᠨᠢ ᠯᠠᠪᠳᠠᠢ ᠶᠤᠮ ᠭᠡᠵᠤ ᠢᠳᠡᠭᠡᠯ ᠵᠤᠷᠢᠭ ᠢᠶᠠᠨ | ᠢᠯᠡᠳᠬᠡᠵᠡᠭᠡᠪᠡ᠃ | 11 ᠳ᠋ᠦ᠋ᠭᠡᠷ ᠰᠠᠷ᠎ᠠ ᠶᠢᠨ 12 ᠤᠨ ᠡᠳᠦᠷ᠂ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠭᠦᠨ᠂ ᠦᠪᠡᠷᠳᠡᠭᠡᠨ ᠵᠠᠰᠠᠬᠤ ᠤᠷᠤᠨ ᠤ ᠡᠪᠯᠡᠯ ᠤᠨ ᠬᠤᠷᠢᠶ᠎ᠠ ᠶᠢᠨ ᠱᠦᠵᠢ ᠴᠠᠩ ᠴᠢᠩ | ᠪᠤᠭᠤᠳᠤ ᠬᠤᠳᠠ ᠳᠤ ᠤᠬᠠᠭᠤᠯᠤᠨ ᠲᠠᠶᠢᠯᠪᠤᠷᠢᠯᠠᠬᠤ ᠮᠡᠳᠡᠭᠦᠯᠦᠯᠳᠡ ᠬᠢᠪᠠ᠃ ᠲᠡᠷᠡ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠦᠪᠡᠳᠡᠭᠰᠢ ᠪᠠᠶᠢᠳᠠᠯ ᠪᠠ ᠤᠯᠤᠬᠰᠠᠨ ᠴᠢᠬᠤᠯᠠ ᠠᠮᠵᠢᠯᠳᠠ ᠪᠦᠳᠤᠮᠵᠢ᠂ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠭᠤᠤᠯ ᠴᠢᠬᠤᠯᠠ ᠠᠭᠤᠯᠭ᠎ᠠ᠂ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠤᠷᠢᠭ ᠰᠠᠨᠠᠭ᠎ᠠ ᠶᠢ ᠬᠡᠷᠬᠢᠨ ᠲᠤᠤᠱᠯᠠᠭᠤᠯᠬᠤ ᠵᠡᠷᠭᠡ ᠲᠠᠯ᠎ᠠ ᠪᠠᠷ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠠᠴᠠ ᠲᠤᠷᠠᠳᠤᠬᠰᠠᠨ ᠰᠢᠨ᠎ᠠ ᠤᠨᠤᠯ᠂ ᠰᠢᠨ᠎ᠠ ᠬᠠᠷᠠᠯᠳᠠ᠂ ᠰᠢᠨ᠎ᠠ ᠪᠠᠶᠢᠷᠢᠯᠠᠭᠤᠯᠤᠯᠳᠠ ᠵᠡᠷᠭᠡ ᠶᠢ ᠬᠦᠨ | ᠬᠦᠨᠵᠡᠭᠡᠢ ᠮᠦᠷᠳᠡᠭᠡᠨ ᠨᠠᠷᠢᠨ ᠤᠶᠢᠯᠠᠭᠠᠮᠵᠢᠳᠡᠢ ᠲᠤᠳᠤᠷᠬᠠᠶᠢᠯᠠᠨ ᠲᠠᠶᠢᠯᠪᠤᠷᠢᠯᠠᠵᠠᠢ᠃ | ᠪᠤᠭᠤᠳᠤ ᠶᠢᠨ ᠪᠠᠭᠰᠢ ᠶᠢᠨ ᠲᠡᠭᠡᠳᠦ ᠰᠤᠷᠭᠠᠭᠤᠯᠢ ᠳᠤ ᠴᠠᠩ ᠴᠢᠩ ︽ᠤᠭ ᠰᠠᠨᠠᠭ᠎ᠠ ᠪᠠᠨ ᠦᠯᠦ | ᠮᠠᠷᠳᠠᠬᠤ ᠶᠢᠨ ᠤᠭ ᠰᠠᠨᠠᠭ᠎ᠠ ᠨᠢ ᠶᠠᠭᠤ ᠶᠢ ᠵᠢᠭᠠᠵᠤ ᠪᠠᠶᠢᠬᠤ︖︾ ︽ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠰᠢᠨ᠎ᠠ ᠴᠠᠭ ᠦᠶ᠎ᠠ ᠳᠤ ᠤᠷᠤᠬᠰᠠᠨ ᠤ ᠰᠢᠨ᠎ᠠ ᠭᠡᠬᠦ ᠦᠭᠡ ᠶᠢᠨ ᠤᠳᠬ᠎ᠠ ᠨᠢ ᠶᠠᠭᠤ ᠪᠤᠯᠬᠤ︖︾ | ᠶᠢ ᠪᠠᠭᠰᠢ ᠪᠠ ᠰᠤᠷᠤᠬᠴᠢ ᠶᠢᠨ ᠲᠦᠯᠦᠭᠡᠯᠡᠭᠴᠢᠳ ᠲᠠᠢ ᠶᠠᠷᠢᠯᠴᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠶᠢᠨ ᠬᠠᠮᠳᠤ ᠤᠯᠠᠨ ᠤ ᠲᠤᠷᠠᠳᠤᠬᠰᠠᠨ ᠠᠰᠠᠭᠤᠯᠳᠠ ᠶᠢ | ᠨᠢᠭᠡᠳ ᠨᠢᠭᠡ ᠪᠠᠷ ᠬᠠᠷᠢᠭᠤᠯᠪᠠ᠃ | 11 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠠ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ | ᠲᠦᠯᠦᠭᠡᠯᠡᠭᠴᠢ᠂ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ ᠪᠦᠯᠬᠦᠮ ᠤᠨ ᠪᠦᠷᠢᠯᠳᠦᠭᠦᠨ᠂ | ᠬᠦᠯᠦᠨ ᠪᠤᠶᠢᠷ ᠬᠤᠳᠠ ᠶᠢᠨ ᠨᠠᠮ ᠤᠨ ᠬᠤᠷᠢᠶ᠎ᠠ ᠶᠢᠨ ᠱᠦᠵᠢ ᠴᠢᠨ ᠢ ᠬᠦᠯᠦᠨ ᠪᠤᠶᠢᠷ ᠬᠤᠳᠠ ᠳᠤ ᠨᠠᠮ ᠤᠨ | ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠬᠤ ᠠᠵᠢᠯᠯᠠᠭ᠎ᠠ ᠦᠷᠨᠢᠭᠦᠯᠪᠡ᠃ | ᠲᠡᠷᠡ᠂ ᠭᠤᠤᠯᠳᠠᠭᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ | ᠤᠨᠤᠪᠴᠢᠳᠠᠢ ᠰᠤᠷᠤᠯᠴᠠᠨ ᠤᠶᠢᠯᠠᠭᠠᠬᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠬᠦᠯᠦᠨ ᠪᠤᠶᠢᠷ ᠲᠤ | ᠲᠤᠤᠱᠯᠠᠬᠳᠠᠨ ᠨᠡᠶᠢᠳᠡᠪᠦᠷᠢᠵᠢᠭᠤᠯᠤᠬᠳᠠᠬᠤ ᠶᠢ ᠦᠨᠡᠨᠭᠦ ᠰᠠᠶᠢᠳᠤᠷ ᠠᠳᠬᠤᠬᠤ ᠵᠡᠷᠭᠡ ᠠᠭᠤᠯᠭ᠎ᠠ ᠶᠢᠨ ᠲᠤᠭᠤᠷᠢᠨ ᠳᠤ | ᠤᠬᠠᠭᠤᠯᠤᠨ ᠲᠠᠶᠢᠯᠪᠤᠷᠢᠯᠠᠪᠠ᠃ ᠲᠤᠰ ᠡᠳᠦᠷ ᠤᠨ ᠦᠳᠡ ᠶᠢᠨ ᠬᠤᠶᠢᠨ᠎ᠠ᠂ ᠴᠢᠨ ᠢ ᠪᠠᠰᠠ ᠡᠸᠡᠩᠬᠢ | ᠦᠨᠳᠦᠰᠦᠳᠡᠨ ᠤ ᠦᠪᠡᠷᠳᠡᠭᠡᠨ ᠵᠠᠰᠠᠬᠤ ᠬᠤᠰᠢᠭᠤᠨ ᠤ ᠪᠠᠶᠠᠨᠴᠠᠭᠠᠨ ᠰᠤᠮᠤ ᠶᠢᠨ ᠠᠯᠳ᠋ᠬᠠᠤᠳᠤ ᠭᠠᠴᠠᠭ᠎ᠠ ᠶᠢᠨ | ᠠᠵᠢᠯᠯᠠᠭᠠᠨ ᠤ ᠲᠠᠰᠤᠭ ᠲᠤ ᠬᠦᠷᠴᠤ᠂ ᠲᠤᠰ ᠰᠤᠮᠤ ᠶᠢᠨ 3 ᠭᠠᠴᠠᠭ᠎ᠠ ᠲᠤᠰᠬᠤᠨ ᠤ 20 ᠭᠠᠷᠤᠢ ᠨᠠᠮ ᠤᠨ | ᠬᠡᠰᠢᠭᠦᠨ ᠳᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠢ ᠲᠠᠶᠢᠯᠪᠤᠷᠢᠯᠠᠵᠤ᠂ ᠬᠦᠳᠡᠭᠡ ᠲᠤᠰᠬᠤᠨ | ᠢ ᠬᠦᠭᠵᠢᠬᠦᠯᠤᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠮᠠᠯᠵᠢᠬᠤ ᠤᠷᠤᠨ ᠤ ᠬᠦᠭᠵᠢᠯᠳᠡ ᠳᠤ ᠦᠵᠡᠬᠦᠯᠬᠦ | ᠴᠢᠬᠤᠯᠠ ᠶᠡᠭᠡ ᠠᠴᠢ ᠬᠤᠯᠪᠤᠬᠳᠠᠯ ᠢ ᠭᠤᠤᠯᠳᠠᠯᠭ᠎ᠠ ᠲᠠᠢ ᠲᠠᠶᠢᠯᠪᠤᠷᠢᠯᠠᠬᠰᠠᠨ ᠪᠠᠶᠢᠨ᠎ᠠ᠃ ᠮᠠᠯᠴᠢᠨ ᠨᠠᠮ ᠤᠨ | ᠬᠡᠰᠢᠭᠦᠨ ᠲᠡᠮᠦᠷᠪᠦ᠋ᠭᠡ᠄ ︽ᠬᠦᠳᠡᠭᠡ ᠲᠤᠰᠬᠤᠨ ᠢ ᠬᠦᠭᠵᠢᠬᠦᠯᠤᠨ ᠮᠠᠨᠳᠤᠭᠤᠯᠬᠤ ᠲᠦᠷᠦ ᠶᠢᠨ ᠪᠤᠳᠤᠯᠭ᠎ᠠ ᠨᠢ | ᠪᠢᠳᠡᠨ ᠤ ᠮᠠᠯᠵᠢᠬᠤ ᠤᠷᠤᠨ ᠪᠠ ᠮᠠᠯᠴᠢᠨ ᠲᠦᠮᠡᠨ ᠳᠤ ᠶᠠᠮᠠᠷᠰᠢᠦ ᠠᠰᠢᠬ ᠠᠪᠴᠢᠷᠠᠬᠤ ᠪᠢᠯᠡ︖︾ ᠬᠡᠵᠤ | ᠠᠰᠠᠭᠤᠬᠤ ᠳᠤ᠂ ᠴᠢᠨ ᠢ ᠠᠵᠤ ᠦᠢᠯᠡᠰ ᠢ ᠮᠠᠨᠳᠤᠭᠤᠯᠬᠤ᠂ ᠠᠮᠢ ᠠᠬᠤᠢ ᠶᠢᠨ ᠤᠷᠤᠰᠢᠨ ᠰᠠᠭᠤᠬᠤ ᠳᠤ | ᠲᠠᠭᠠᠯᠠᠮᠵᠢᠳᠡᠢ ᠤᠷᠴᠢᠨ ᠵᠡᠷᠭᠡ ᠲᠠᠯ᠎ᠠ ᠠᠴᠠ ᠬᠦᠨᠵᠡᠭᠡᠢ ᠪᠦᠭᠡᠳ ᠤᠶᠢᠯᠠᠭᠠᠮᠵᠢᠳᠡᠢ ᠬᠠᠷᠢᠭᠤᠯᠳᠠ ᠦᠭᠬᠦ ᠳᠤ ᠮᠠᠯᠴᠢᠨ | ᠨᠠᠮ ᠤᠨ ᠭᠡᠰᠢᠬᠦᠳ ᠬᠠᠯᠠᠭᠤᠨ ᠠᠯᠠᠭ᠎ᠠ ᠲᠠᠰᠢᠵᠠᠭᠠᠪᠠ᠃ ᠮᠠᠯᠴᠢᠨ ᠨᠠᠮ ᠤᠨ ᠬᠡᠰᠢᠭᠦᠨ ᠰᠤᠷᠭᠠᠮᠵᠢ᠄ ︽ᠬᠦᠳᠡᠭᠡ | ᠲᠤᠰᠬᠤᠨ ᠤ ᠭᠠᠵᠠᠷ ᠰᠢᠷᠤᠢ ᠶᠢᠨ ᠲᠠᠭᠠᠭᠠᠴᠢᠯᠠᠯᠳᠠ ᠶᠢᠨ ᠲᠦᠷᠢᠮ ᠢ ᠳᠠᠬᠢᠭᠠᠳ 30 ᠵᠢᠯ ᠤᠷᠳᠤᠳᠬᠠᠬᠰᠠᠨ | ᠲᠦᠷᠦ ᠶᠢᠨ ᠪᠤᠳᠤᠯᠭ᠎ᠠ ᠪᠢᠳᠡᠨ ᠤ ᠰᠡᠳᠬᠢᠯ ᠢ ᠦᠨᠡᠨᠭᠦ ᠲᠤᠬᠳᠠᠪᠤᠷᠢᠵᠢᠭᠤᠯᠤᠬᠰᠠᠨ ᠪᠠᠶᠢᠨ᠎ᠠ᠃ ᠨᠠᠮ ᠤᠨ ᠰᠠᠶᠢᠨ | ᠲᠦᠷᠦ ᠶᠢᠨ ᠪᠤᠳᠤᠯᠭ᠎ᠠ ᠶᠢᠨ ᠲᠤᠶᠠᠭᠠᠯᠠᠯ ᠲᠤᠤᠷ᠎ᠠ ᠪᠢᠳᠡᠨ ᠤ ᠠᠮᠢᠳᠤᠷᠠᠯ ᠡᠳᠦᠷ ᠠᠴᠠ ᠡᠳᠦᠷ ᠰᠠᠶᠢᠵᠢᠷᠠᠬᠤ ᠨᠢ | ᠯᠠᠪᠳᠠᠢ ᠶᠤᠮ︾ ᠬᠡᠨ᠎ᠠ᠃ | 11 ᠳ᠋ᠦ᠋ᠭᠡᠷ ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ᠂ ᠦᠪᠡᠷᠳᠡᠭᠡᠨ ᠵᠠᠰᠠᠬᠤ ᠤᠷᠤᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ | ᠤᠨ ᠨᠠᠮ ᠤᠨ ᠬᠤᠷᠢᠶ᠎ᠠ ᠶᠢᠨ ᠱᠦᠵᠢ ᠯᠢᠤ ᠱᠤᠤ ᠺᠦᠨ ᠮᠠᠨᠵᠤᠤᠷ ᠬᠤᠳᠠ ᠳᠤ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠠᠶᠢᠯᠪᠤᠷᠢᠯᠠᠵᠠᠢ᠃ ᠲᠡᠷᠡ᠂ ᠭᠤᠷᠪᠠᠨ ᠲᠠᠯ᠎ᠠ ᠪᠠᠷ ᠨᠠᠮ ᠤᠨ ᠠᠷᠪᠠ | ᠶᠢᠰᠦᠳᠦᠭᠡᠷ ᠶᠡᠭᠡ ᠬᠤᠷᠠᠯ ᠤᠨ ᠦᠪᠡᠳᠡᠭᠰᠢ ᠪᠠᠶᠢᠳᠠᠯ ᠢ ᠲᠤᠶᠢᠮᠤ ᠲᠠᠨᠢᠯᠴᠠᠭᠤᠯᠵᠤ᠂ ᠲᠦᠷᠪᠡᠨ ᠲᠠᠯ᠎ᠠ ᠪᠠᠷ ᠰᠢ ᠶᠢᠨ | ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ | ᠰᠠᠨᠠᠭ᠎ᠠ ᠶᠢᠨ ᠲᠡᠷᠢᠬᠦᠨ ᠤ ᠴᠢᠨᠠᠷ᠂ ᠴᠠᠭ ᠦᠶᠡᠴᠢ ᠴᠢᠨᠠᠷ ᠪᠠ ᠯᠤᠳᠤ ᠶᠡᠭᠡ ᠲᠡᠤᠬᠡᠳᠦ ᠬᠤᠪᠢ ᠨᠠᠮᠡᠷᠢ ᠶᠢ | ᠲᠠᠶᠢᠯᠪᠤᠷᠢᠯᠠᠵᠤ᠂ ᠨᠠᠢᠮᠠᠨ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠠᠴᠠ ᠲᠤᠷᠠᠳᠤᠬᠰᠠᠨ ᠰᠢᠨ᠎ᠠ | ᠦᠵᠡᠯ ᠰᠠᠨᠠᠭ᠎ᠠ᠂ ᠰᠢᠨ᠎ᠠ ᠮᠠᠭᠠᠳᠯᠠᠯᠳᠠ᠂ ᠰᠢᠨ᠎ᠠ ᠱᠠᠭᠠᠷᠳᠠᠯᠭ᠎ᠠ᠂ ᠰᠢᠨ᠎ᠠ ᠡᠬᠦᠷᠭᠡ ᠶᠢ ᠪᠦᠬᠦ ᠲᠠᠯ᠎ᠠ ᠪᠠᠷ ᠬᠦᠨᠵᠡᠭᠡᠢ | ᠲᠠᠶᠢᠯᠪᠤᠷᠢᠯᠠᠪᠠ᠃ | ︽ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠨᠢ ᠰᠢᠰᠲ᠋ᠧᠮ ᠲᠠᠢ᠂ ᠪᠦᠬᠦ ᠲᠠᠯ᠎ᠠ ᠶᠢᠨ᠂ ᠯᠠᠪᠳᠠᠭᠤᠨ | ᠪᠠᠳᠤᠳᠠᠢ ᠪᠠᠶᠢᠵᠤ᠂ ᠠᠰᠠᠭᠤᠳᠠᠯ ᠪᠦᠷᠢ ᠶᠢ ᠨᠡᠪᠳᠡᠷᠡᠳᠡᠯ᠎ᠠ ᠲᠠᠶᠢᠯᠪᠦᠷᠢᠯᠡᠵᠠᠢ᠃ ᠨᠠᠮ ᠤᠨ ᠬᠡᠰᠢᠬᠦᠨ ᠺᠠᠳ᠋ᠷ ᠪᠤᠯᠤᠬᠰᠠᠨ | ᠤ ᠬᠤᠪᠢ ᠳᠤ᠂ ᠪᠢ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ ᠰᠤᠷᠤᠯᠴᠠᠵᠤ᠂ | ᠰᠤᠷᠤᠯᠴᠠᠨ ᠮᠡᠳᠡᠵᠦ ᠨᠡᠪᠳᠡᠷᠡᠳᠠᠯᠠ ᠤᠶᠢᠯᠠᠭᠠᠵᠤ ᠪᠤᠳᠠᠳᠠᠶᠢᠵᠢᠭᠤᠯᠤᠨ ᠬᠢᠨ᠎ᠠ︾ ᠭᠡᠵᠦ ᠮᠠᠨᠵᠤᠤᠷ ᠤᠨ ᠡᠳᠦᠷ ᠤᠨ | ᠰᠤᠨᠢᠨ ᠤ ᠬᠤᠷᠢᠶ᠎ᠠ ᠶᠢᠨ ᠲᠡᠳ᠋ ᠶᠡᠷᠦᠩᠭᠡᠢ ᠨᠠᠶᠢᠷᠠᠭᠤᠯᠤᠬᠴᠢ ᠹᠦ᠋ ᠰᠢᠶᠤᠤ ᠵᠦᠡᠭ ᠶᠠᠷᠢᠪᠠ᠃ ︽ᠨᠡᠶᠢᠭᠡᠮ ᠲᠤᠭᠤᠷᠢᠭ | ᠤᠨ ᠠᠵᠢᠯᠳᠠᠨ ᠪᠤᠯᠤᠬᠰᠠᠨ ᠤ ᠬᠤᠪᠢ ᠳᠤ᠂ ᠪᠢ ᠬᠦᠭᠦᠷᠭᠡ ᠬᠤᠯᠪᠤᠭᠠᠰᠤ ᠶᠢᠨ ᠦᠢᠯᠡᠳᠦᠯ ᠢᠶᠠᠨ ᠢᠳᠡᠪᠬᠢᠳᠡᠢ | ᠪᠠᠳᠠᠷᠠᠭᠤᠯᠵᠤ᠂ ᠨᠠᠮ ᠤᠨ ᠬᠤᠷᠢᠶ᠎ᠠ ᠵᠠᠰᠠᠭ ᠤᠨ ᠤᠷᠳᠤᠨ ᠤ ᠬᠢᠬᠦ ᠪᠠᠷ ᠲᠦᠯᠦᠪᠯᠡᠵᠦ ᠪᠠᠶᠢᠬᠤ ᠪᠠ ᠠᠷᠠᠳ ᠤᠯᠠᠨ ᠤ | ᠬᠦᠰᠡᠵᠦ ᠪᠠᠶᠢᠭ᠎ᠠ ᠵᠦᠢᠯ ᠢ ᠨᠢᠭᠡᠳᠦᠯᠳᠡᠢ ᠪᠤᠯᠭᠠᠵᠤ᠂ ᠠᠷᠠᠳ ᠤᠯᠠᠨ ᠲᠤ ᠨᠡᠩ ᠤᠯᠠᠨ ᠬᠦᠷᠳᠡᠮᠵᠢ ᠶᠢᠨ | ᠲᠦᠷᠦᠭᠳᠡᠯ ᠤᠯᠭᠤᠨ᠎ᠠ︾ ᠭᠡᠵᠦ ᠵᠠᠯᠠᠶᠢᠨᠠᠭᠤᠷ ᠲᠤᠭᠤᠷᠢᠭ ᠤᠨ ᠬᠤᠶᠠᠳᠤᠭᠠᠷ ᠵᠡᠭᠡᠯᠢ ᠭᠤᠳᠤᠮᠵᠢ ᠶᠢᠨ ᠬᠡᠷᠡᠭ | ᠡᠷᠬᠢᠯᠡᠬᠦ ᠭᠠᠵᠠᠷ ᠤᠨ ᠠᠵᠢᠯᠳᠠᠨ ᠵᠠᠩ ᠴᠧᠨ ᠬᠤᠸ᠋ᠨ ᠬᠡᠯᠡᠪᠡ᠃ | 11 ᠳ᠋ᠦ᠋ᠭᠡᠷ ᠰᠠᠷ᠎ᠠ ᠶᠢᠨ 13 ᠤ ᠡᠳᠦᠷ᠂ ᠦᠪᠡᠷᠳᠡᠭᠡᠨ ᠵᠠᠰᠠᠬᠤ ᠤᠷᠤᠨ ᠤ ᠤᠬᠠᠭᠤᠯᠤᠨ ᠲᠠᠶᠢᠯᠪᠤᠷᠢᠯᠠᠬᠤ | ᠪᠦᠯᠬᠦᠮ ᠤᠨ ᠪᠦᠷᠢᠯᠳᠦᠬᠦᠨ᠂ ᠦᠪᠦᠷ ᠮᠤᠩᠭᠤᠯ ᠤᠨ ᠨᠠᠮ ᠤᠨ ᠰᠤᠷᠭᠠᠭᠤᠯᠢ ᠶᠢᠨ ᠨᠠᠮ ᠤᠨ ᠲᠡᠤᠬᠡ ᠨᠠᠮ ᠤᠨ | ᠪᠠᠶᠢᠭᠤᠯᠤᠯᠳᠠ ᠶᠢᠨ ᠵᠢᠭᠠᠨ ᠰᠤᠳᠤᠯᠬᠤ ᠬᠡᠯᠳᠡᠰ ᠤᠨ ᠡᠷᠬᠢᠯᠡᠭᠴᠢ ᠰᠦᠨ ᠵᠢᠶᠧ ᠦᠪᠡᠷᠳᠡᠭᠡᠨ ᠵᠠᠰᠠᠬᠤ ᠤᠷᠤᠨ ᠤ | ᠰᠤᠷᠭᠠᠨ ᠬᠦᠮᠦᠵᠢᠯ ᠤᠨ ᠲᠢᠩᠭᠢᠮ ᠲᠤ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠵᠠᠢ᠃ ᠲᠡᠷᠡ ᠰᠢᠨ᠎ᠠ ᠠᠮᠵᠢᠯᠳᠠ᠂ ᠰᠢᠨ᠎ᠠ ᠴᠠᠭ ᠦᠶ᠎ᠠ᠂ ᠰᠢᠨ᠎ᠠ ᠡᠭᠦᠷᠭᠡ᠂ ᠰᠢᠨ᠎ᠠ | ᠦᠵᠡᠯ ᠰᠠᠨᠠᠭ᠎ᠠ᠂ ᠰᠢᠨ᠎ᠠ ᠠᠶᠠᠨ᠂ ᠰᠢᠨ᠎ᠠ ᠪᠠᠶᠢᠷᠢᠯᠠᠭᠤᠯᠤᠯᠳᠠ᠂ ᠰᠢᠨ᠎ᠠ ᠱᠠᠭᠠᠷᠳᠠᠯᠭ᠎ᠠ ᠵᠡᠷᠭᠡ 7 ᠲᠠᠯ᠎ᠠ ᠪᠠᠷ ᠨᠠᠮ | ᠤᠨ ᠠᠷᠪᠠ ᠶᠢᠰᠦᠳᠦᠭᠡᠷ ᠶᠡᠭᠡ ᠬᠤᠷᠠᠯ ᠤᠨ ᠢᠯᠡᠳᠭᠡᠯ ᠤᠨ ᠭᠤᠤᠯ ᠠᠭᠤᠯᠭ᠎ᠠ ᠶᠢ ᠲᠠᠶᠢᠯᠪᠤᠷᠢᠯᠠᠵᠤ᠂ ᠨᠠᠮ ᠤᠨ | ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠶᠢᠯᠠᠭᠠᠨ ᠮᠡᠳᠡᠬᠦ᠂ ᠦᠨᠡᠨᠬᠦ ᠠᠳᠬᠤᠨ ᠪᠤᠳᠠᠳᠠᠢ ᠶᠢ | ᠡᠷᠬᠢᠮᠯᠡᠬᠦ ᠪᠠ ᠪᠤᠳᠠᠳᠠᠢ ᠳᠤ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠨᠠᠮ ᠤᠨ ᠠᠷᠪᠠ ᠶᠢᠰᠦᠳᠦᠭᠡᠷ ᠶᠡᠭᠡ ᠬᠤᠷᠠᠯ | ᠤᠨ ᠵᠤᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠵᠦ ᠨᠠᠶᠢᠳᠠᠪᠤᠷᠢᠵᠢᠭᠤᠯᠬᠤ ᠦᠨᠳᠦᠰᠦᠨ ᠱᠠᠭᠠᠷᠳᠠᠯᠭ᠎ᠠ ᠶᠢ | ᠲᠠᠶᠢᠯᠪᠤᠷᠢᠯᠠᠬᠤ ᠶᠢᠨ ᠬᠠᠮᠳᠤ ᠦᠪᠡᠷᠳᠡᠭᠡᠨ ᠵᠠᠰᠠᠬᠤ ᠤᠷᠤᠨ ᠤ ᠰᠤᠷᠭᠠᠨ ᠬᠦᠮᠦᠵᠢᠯ ᠤᠨ ᠲᠢᠩᠭᠢᠮ ᠤᠨ ᠰᠢᠭᠤᠳ | ᠬᠠᠷᠢᠶ᠎ᠠ ᠠᠵᠢᠯ ᠦᠢᠯᠡᠰ ᠤᠨ ᠨᠢᠭᠡᠴᠡ ᠶᠢᠨ ᠲᠡᠳ᠋ ᠭᠠᠵᠠᠷ ᠤᠨ ᠲᠡᠰ ᠠᠴᠠ ᠲᠡᠭᠡᠭᠰᠢᠬᠢ ᠺᠠᠳ᠋ᠷᠴᠤᠳ ᠲᠠᠢ ᠪᠤᠳᠤᠯ | ᠰᠠᠨᠠᠯ ᠢᠶᠠᠨ ᠰᠤᠯᠢᠯᠴᠠᠵᠠᠢ᠃ ᠦᠪᠡᠷᠳᠡᠭᠡᠨ ᠵᠠᠰᠠᠬᠤ ᠤᠷᠤᠨ ᠤ ᠰᠤᠷᠭᠠᠨ ᠬᠥᠮᠥᠵᠢᠯ ᠤᠨ ᠲᠢᠩᠭᠢᠮ ᠤᠨ ᠲᠡᠳ᠋ | ᠲᠠᠷᠤᠭ᠎ᠠ ᠸᠠᠩ ᠬᠤᠢ ᠵᠦᠡᠭ᠄ ︽ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠰᠠᠶᠢᠳᠤᠷ | ᠰᠤᠷᠤᠯᠴᠠᠨ ᠲᠤᠤᠱᠯᠠᠭᠤᠯᠬᠤ ᠪᠤᠯ ᠰᠤᠷᠭᠠᠨ ᠬᠦᠮᠤᠵᠢᠯ ᠤᠨ ᠰᠢᠰᠲ᠋ᠧᠮ ᠤᠨ ᠬᠢᠨ ᠤ ᠤᠳᠤᠬᠠᠨ ᠤ ᠪᠠ | ᠬᠤᠶᠢᠰᠢᠳᠠ ᠶᠢᠨ ᠨᠢᠭᠡ ᠬᠤᠭᠤᠴᠠᠭᠠᠨ ᠤ ᠲᠡᠷᠢᠬᠦᠨ ᠴᠢᠬᠤᠯᠠ ᠤᠯᠤᠰ ᠲᠦᠷᠦ ᠶᠢᠨ ᠡᠭᠦᠷᠭᠡ ᠪᠤᠯᠤᠨ᠎ᠠ᠃ ᠰᠤᠷᠭᠠᠨ | ᠬᠦᠮᠦᠵᠢᠯ ᠤᠨ ᠰᠢᠰᠲ᠋ᠧᠮ ᠤᠨ ᠺᠠᠳ᠋ᠷ ᠤᠯᠠᠨ ᠲᠦᠮᠡᠨ ᠦᠨᠡᠡᠬᠦ ᠰᠤᠷᠤᠯᠴᠠᠨ ᠰᠠᠶᠢᠳᠤᠷ ᠬᠢᠵᠦ᠂ ᠦᠨᠡᠨᠬᠦ ᠤᠯᠠᠮᠵᠢᠯᠠᠨ | ᠰᠤᠳᠤᠯᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠪᠤᠳᠠᠳᠠᠶᠢᠵᠢᠭᠤᠯᠤᠨ | ᠨᠠᠶᠢᠳᠠᠪᠤᠷᠢᠵᠢᠭᠤᠯᠵᠤ᠂ ᠰᠤᠷᠭᠠᠨ ᠬᠦᠮᠦᠵᠢᠯ ᠤᠨ ᠦᠭᠡᠷᠡᠴᠢᠯᠡᠯᠳᠠ ᠭᠦᠭᠵᠢᠯᠳᠠ ᠶᠢᠨ ᠡᠯ᠎ᠠ ᠲᠦᠷᠦᠯ ᠤᠨ ᠠᠵᠢᠯ ᠢ | ᠰᠢᠨ᠎ᠠ ᠲᠡᠭᠳᠡᠷ ᠲᠤ ᠭᠠᠷᠭᠠᠬᠤ ᠶᠢ ᠪᠠᠳᠤᠯᠠᠬᠤ ᠭᠡᠷᠡᠭᠳᠡᠢ︾ ᠭᠡᠵᠤ ᠭᠡᠯᠡᠪᠠ᠃ | 11 ᠳ᠋ᠦ᠋ᠭᠡᠷ ᠰᠠᠷ᠎ᠠ ᠶᠢᠨ 13 ᠤ ᠦᠳᠡ ᠶᠢᠨ ᠡᠮᠦᠨ᠎ᠠ᠂ ᠦᠪᠡᠷᠳᠡᠭᠡᠨ ᠵᠠᠰᠠᠬᠤ ᠤᠷᠤᠨ ᠤ ᠤᠬᠠᠭᠤᠯᠤᠨ | ᠲᠠᠶᠢᠯᠪᠤᠷᠢᠯᠠᠬᠤ ᠪᠦᠯᠬᠦᠮ ᠤᠨ ᠪᠦᠷᠢᠯᠳᠦᠬᠦᠨ᠂ ᠦᠪᠡᠷᠳᠡᠭᠡᠨ ᠵᠠᠰᠠᠬᠤ ᠤᠷᠤᠨ ᠤ ᠵᠠᠰᠠᠭ ᠤᠨ ᠤᠷᠳᠤᠨ ᠤ | ᠰᠤᠳᠤᠯᠬᠤ ᠭᠡᠷ ᠤᠨ ᠲᠡᠳ᠋ ᠡᠷᠬᠢᠯᠡᠭᠴᠢ ᠸᠧᠨ ᠹᠸᠡᠭ ᠤᠨ ᠦᠪᠦᠷ ᠮᠤᠩᠭᠤᠯ ᠤᠨ ᠡᠳ᠋ ᠤᠨ ᠵᠠᠰᠠᠭ ᠠᠠᠵᠤ ᠠᠬᠤᠢ | ᠶᠢᠨ ᠶᠡᠭᠡ ᠰᠤᠷᠭᠠᠭᠤᠯᠢ ᠳᠤ ᠭᠢᠭᠰᠡᠨ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ | ᠤᠬᠠᠭᠤᠯᠤᠨ ᠲᠠᠶᠢᠯᠪᠤᠷᠢᠯᠠᠬᠤ ᠮᠡᠳᠡᠬᠦᠯᠦᠯᠳᠠ ᠨᠢ ᠪᠠᠭᠰᠢ ᠰᠤᠷᠤᠬᠴᠢᠳ ᠤᠨ ᠲᠤᠮᠳᠠ ᠬᠠᠯᠠᠭᠤᠨ ᠲᠤᠰᠬᠠᠯ ᠭᠠᠷᠪᠠ᠃ | ︽ᠤᠬᠠᠭᠤᠯᠤᠨ ᠲᠠᠶᠢᠯᠪᠤᠷᠢᠯᠠᠬᠤ ᠮᠡᠳᠡᠬᠦᠯᠤᠯᠳᠠ ᠶᠢᠨ ᠭᠤᠤᠯ ᠰᠡᠳᠦᠪ ᠲᠤᠳᠤᠷᠬᠠᠢ᠂ ᠲᠡᠭᠡᠳᠦ ᠬᠡᠮᠵᠢᠶ᠎ᠠ ᠪᠠᠷ | ᠬᠤᠷᠢᠶᠠᠩᠭᠤᠶᠢᠯᠠᠵᠤ᠂ ᠬᠦᠮᠦᠰ ᠢ ᠤᠷᠮᠠᠰᠢᠭᠤᠯᠤᠨ ᠵᠤᠷᠢᠭᠵᠢᠭᠤᠯᠵᠤ᠂ ᠪᠢᠳᠡᠨ ᠢ ᠨᠠᠮ ᠤᠨ ᠠᠷᠪᠠ ᠶᠢᠰᠦᠳᠦᠭᠡᠷ | ᠶᠡᠭᠡ ᠬᠤᠷᠠᠯ ᠤᠨ ᠵᠤᠷᠢᠭ ᠰᠠᠨᠠᠭ᠎ᠠ ᠶᠢᠨ ᠲᠤᠬᠠᠢ ᠨᠠᠩ ᠪᠦᠬᠦ ᠲᠠᠯ᠎ᠠ ᠶᠢᠨ᠂ ᠨᠠᠩ ᠬᠦᠨ ᠭᠦᠨᠵᠡᠭᠡᠢ | ᠤᠶᠢᠯᠠᠭᠠᠯᠳᠠ ᠲᠠᠢ ᠪᠤᠯᠭᠠᠵᠠᠢ᠃ ᠬᠤᠷᠠᠯ ᠤᠨ ᠲᠠᠷᠠᠭ᠎ᠠ᠂ ᠪᠢᠳᠡ ᠤᠬᠠᠭᠤᠯᠤᠨ ᠲᠠᠶᠢᠯᠪᠤᠷᠢᠯᠠᠬᠰᠠᠨ ᠵᠤᠷᠢᠭ | ᠰᠠᠨᠠᠭ᠎ᠠ ᠶᠢ ᠬᠢᠴᠢᠶᠡᠯ ᠤᠨ ᠭᠡᠷ ᠲᠡᠭᠡᠨ ᠠᠪᠠᠴᠢᠵᠤ᠂ ᠵᠠᠯᠠᠭᠤ ᠰᠤᠷᠤᠬᠴᠢᠳ ᠢ ᠨᠠᠮ ᠤᠨ ᠠᠷᠪᠠ ᠶᠢᠰᠦᠳᠦᠭᠡᠷ ᠶᠡᠭᠡ | ᠬᠤᠷᠠᠯ ᠳᠤ ᠨᠠᠩ ᠭᠦᠨᠵᠡᠭᠡᠢ ᠤᠶᠢᠯᠠᠭᠠᠯᠳᠠ ᠲᠠᠢ ᠪᠤᠯᠭᠠᠵᠤ᠂ ᠲᠡᠳᠡᠨᠡᠷ ᠤᠨ ᠬᠦᠰᠡᠯᠡᠩ ᠢᠳᠡᠬᠡᠯ ᠪᠢᠰᠢᠷᠠᠯ ᠢ ᠨᠠᠩ | ᠪᠠᠳᠤᠳᠬᠠᠨ᠎ᠠ︾ ᠭᠡᠵᠦ ᠦᠪᠦᠷ ᠮᠤᠩᠭᠤᠯ ᠤᠨ ᠡᠳ᠋ ᠤᠨ ᠵᠠᠰᠠᠭ ᠠᠵᠤ ᠠᠬᠤᠢ ᠶᠢᠨ ᠶᠡᠭᠡ ᠰᠤᠷᠭᠠᠭᠤᠯᠢ ᠶᠢᠨ | ᠨᠢᠬᠳᠠᠯᠠᠨ ᠪᠤᠳᠤᠬᠤ ᠤᠬᠠᠭᠠᠨ ᠤ ᠲᠡᠭᠡᠳᠦ ᠰᠤᠷᠭᠠᠭᠤᠯᠢ ᠶᠢᠨ ᠨᠠᠮ ᠤᠨ ᠶᠡᠷᠦᠩᠭᠡᠢ ᠡᠭᠦᠷ ᠤᠨ ᠱᠦᠵᠢ ᠺᠤᠸᠠᠩ | ᠰᠢᠶᠤᠤ ᠯᠸᠢ ᠬᠡᠯᠡᠪᠡ᠃ | ︽ᠨᠠᠮ ᠪᠠ ᠤᠯᠤᠰ ᠠᠴᠠ ᠮᠠᠨ ᠤ ᠵᠠᠯᠠᠭᠤ ᠨᠢᠭᠡ ᠦᠶ᠎ᠠ ᠶᠢᠨ ᠬᠢᠨ ᠳᠤ ᠬᠦᠨᠳᠤ ᠨᠠᠶᠢᠳᠠᠯᠭ᠎ᠠ ᠲᠠᠯᠪᠢᠵᠤ | ᠪᠠᠶᠢᠨ᠎ᠠ᠂ ᠰᠢᠨ᠎ᠠ ᠴᠠᠭ ᠦᠶ᠎ᠠ ᠶᠢᠨ ᠤᠶᠤᠳᠠᠨ ᠪᠤᠯᠤᠬᠰᠠᠨ ᠤ ᠬᠤᠪᠢ ᠳᠤ᠂ ᠪᠢᠳᠠ ᠨᠠᠮ ᠪᠠ ᠤᠯᠤᠰ ᠤᠨ | ᠤᠷᠢᠶᠠᠯᠠᠭ᠎ᠠ ᠶᠢ ᠴᠤᠤᠷᠢᠶᠠᠳᠤᠵᠤ᠂ ᠦᠪᠡᠷ ᠤᠨ ᠬᠦᠰᠡᠯ ᠵᠤᠷᠢᠯᠳᠠ ᠪᠠᠨ ᠤᠯᠤᠰ ᠤᠨ ᠭᠦᠭᠵᠢᠯᠳᠠ ᠶᠢᠨ | ᠱᠠᠭᠠᠷᠳᠠᠯᠭ᠎ᠠ ᠲᠠᠢ ᠤᠶᠠᠯᠳᠤᠭᠤᠯᠵᠤ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ ᠵᠢᠷᠤᠮ ᠤᠨ ᠠᠭᠤᠤ ᠶᠡᠭᠡ | ᠦᠢᠯᠡᠳᠦᠯᠭᠡ ᠳᠤ ᠢᠳᠡᠪᠬᠢᠯᠡᠨ ᠤᠷᠤᠯᠴᠠᠵᠤ᠂ ᠲᠤᠮᠳᠠᠳᠤ ᠶᠢᠨ ᠦᠨᠳᠦᠰᠦᠳᠡᠨ ᠤ ᠠᠭᠤᠤ ᠶᠡᠭᠡ ᠰᠡᠷᠭᠦᠨ | ᠮᠠᠨᠳᠤᠯᠳᠠ ᠶᠢᠨ ᠲᠦᠯᠦᠭᠡ ᠴᠦᠬᠦᠷᠡᠰᠢ ᠦᠭᠡᠢ ᠴᠢᠷᠮᠠᠶᠢᠨ᠎ᠠ︾ ᠭᠡᠵᠦ ᠨᠢᠬᠳᠠᠯᠠᠠ ᠪᠤᠳᠤᠬᠤ ᠤᠬᠠᠭᠠᠨ ᠤ ᠰᠠᠯᠪᠤᠷᠢ | ᠶᠢᠨ ᠰᠤᠷᠤᠬᠴᠢ ᠳ᠋ᠧᠩ ᠫᠸᠡᠭ ᠹᠸᠢ ᠬᠦᠰᠡᠯ ᠵᠤᠷᠢᠭ ᠢᠶᠠᠨ ᠢᠯᠡᠳᠬᠡᠪᠡ᠃ | 11 ᠳ᠋ᠦ᠋ᠭᠡᠷ ᠰᠠᠷ᠎ᠠ ᠶᠢᠨ 13 ᠤ ᠡᠳᠤᠷ᠂ ᠦᠪᠡᠷᠳᠡᠭᠡᠨ ᠵᠠᠰᠬᠠᠤ ᠤᠷᠤᠨ ᠤ ᠤᠬᠠᠭᠤᠯᠤᠨ ᠲᠠᠶᠢᠯᠪᠤᠷᠢᠯᠡᠬᠤ | ᠪᠦᠯᠬᠦᠮ ᠤᠨ ᠪᠦᠷᠢᠯᠳᠤᠬᠦᠨ᠂ ᠦᠪᠡᠷᠳᠡᠭᠡᠨ ᠵᠠᠰᠬᠠᠤ ᠤᠷᠤᠨ ᠤ ᠨᠠᠮ ᠤᠨ ᠬᠤᠷᠢᠶ᠎ᠠ ᠶᠢᠨ ᠤᠬᠠᠭᠤᠯᠬᠤ ᠭᠡᠯᠳᠡᠰ ᠤᠨ | ᠤᠤᠯ ᠤᠨ ᠲᠤᠭᠤᠷᠢᠨ ᠪᠠᠶᠢᠴᠠᠭᠠᠭᠴᠢ ᠵᠠᠩ ᠲᠠᠶᠢᠫᠢᠡᠭ ᠬᠦᠬᠡᠬᠤᠳᠠ ᠲᠠᠮᠤᠷ ᠵᠠᠮ ᠤᠨ ᠲᠤᠪᠴᠢᠶ᠎ᠠ ᠳᠤ ᠨᠠᠮ ᠤᠨ | ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢ ᠤᠬᠠᠭᠤᠯᠤᠨ ᠲᠤᠤᠱᠯᠠᠭᠤᠯᠬᠤ ᠭᠤᠤᠯ ᠰᠡᠳᠤᠪ ᠢᠶᠠᠷ | ᠤᠬᠠᠭᠤᠯᠤᠨ ᠲᠠᠶᠢᠯᠪᠤᠷᠢᠯᠠᠪᠠ᠃ ᠵᠠᠩ ᠲᠠᠶᠢᠫᠢᠡᠭ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ | ᠤᠨ ᠤᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢᠨ ᠲᠠᠤᠭᠡ ᠶᠢᠨ ᠪᠠᠶᠢᠷᠢ ᠰᠠᠭᠤᠷᠢ ᠪᠠ ᠡᠯᠪᠡᠭ ᠪᠠᠶᠠᠯᠢᠭ | ᠠᠭᠤᠯᠬᠤᠨ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠰᠢᠬᠢ ᠨᠠᠮ ᠪᠠ ᠤᠯᠤᠰ ᠤᠨ ᠠᠵᠢᠯ | ᠦᠢᠯᠡᠰ ᠲᠤ ᠭᠠᠷᠤᠭᠰᠠᠨ ᠲᠠᠤᠭᠡᠳᠤ ᠴᠢᠨᠠᠷᠳᠠᠢ ᠬᠤᠪᠢᠰᠤᠯᠳᠠ᠂ ᠲᠤᠮᠳᠠᠳᠤ ᠤᠯᠤᠰ ᠤᠨ ᠤᠨᠴᠠᠯᠢᠭ ᠲᠠᠢ ᠨᠡᠶᠢᠭᠡᠮ | ᠵᠢᠷᠤᠮ ᠰᠢᠨ᠎ᠠ ᠴᠠᠭ ᠦᠶ᠎ᠠ ᠳᠤ ᠤᠷᠤᠭᠰᠠᠨ ᠡᠯᠪᠡᠭ ᠪᠠᠶᠠᠯᠢᠭ ᠠᠭᠤᠯᠬᠤᠨ ᠪᠠ ᠯᠤᠳᠤ ᠶᠡᠭᠡ ᠠᠴᠢ ᠬᠤᠯᠪᠤᠭᠳᠠᠯ | ᠵᠡᠷᠭᠡ 8 ᠲᠠᠯ᠎ᠠ ᠪᠠᠷ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠢᠯᠡᠳᠭᠡᠯ ᠳᠤ ᠰᠢᠰᠲ᠋ᠧᠮ ᠲᠠᠢ | ᠲᠠᠶᠢᠯᠪᠤᠷᠢᠯᠡᠯᠳᠠ ᠪᠠ ᠬᠦᠨᠵᠡᠭᠡᠢ ᠲᠠᠶᠢᠯᠤᠮᠵᠢ ᠬᠢᠭᠰᠡᠨ ᠪᠠᠶᠢᠨ᠎ᠠ᠃ | ᠬᠦᠬᠡᠬᠤᠳᠠ ᠶᠢᠨ ᠲᠠᠮᠤᠷ ᠵᠠᠮ ᠤᠨ ᠲᠤᠪᠴᠢᠶ᠎ᠠ ᠶᠢᠨ ᠦᠷᠭᠡᠨ ᠤᠯᠠᠨ ᠺᠠᠳ᠋ᠷ ᠠᠵᠢᠯᠳᠠᠨ ᠠᠵᠢᠯᠴᠢᠨ | ᠤᠬᠠᠭᠤᠯᠤᠨ ᠲᠠᠶᠢᠯᠪᠤᠷᠢᠯᠡᠬᠤ ᠶᠢ ᠰᠤᠨᠤᠰᠤᠭᠰᠠᠨ ᠤ ᠲᠠᠷᠠᠭ᠎ᠠ ᠦᠪᠡᠷᠰᠡᠳ ᠤᠨ ᠤᠯᠤᠯᠳᠠ ᠲᠦᠷᠦᠭᠳᠡᠯ ᠢᠶᠠᠨ | ᠢᠳᠡᠪᠬᠢᠳᠠᠢ ᠶᠡᠷᠢᠵᠠᠭᠠᠵᠤ ᠡᠷᠴᠢ ᠵᠤᠷᠢᠭ ᠢᠶᠠᠨ ᠢᠯᠡᠳᠬᠡᠵᠡᠭᠡᠪᠡ᠃ ᠲᠠᠳᠠᠨᠠᠷ᠂ ᠰᠢ ᠶᠢᠨ ᠫᠢᠡᠭ ᠨᠦᠬᠦᠷ ᠢᠶᠠᠷ ᠭᠤᠤᠯ | ᠪᠤᠯᠭᠠᠭᠰᠠᠨ ᠨᠠᠮ ᠤᠨ ᠲᠦᠪ ᠬᠤᠷᠢᠶ᠎ᠠ ᠶᠢᠨ ᠡᠷᠭᠡ ᠰᠦᠷ ᠪᠠ ᠲᠦᠪᠯᠡᠷᠡᠩᠬᠦᠢ ᠨᠢᠭᠡᠳᠤᠯᠳᠠᠢ ᠤᠳᠤᠷᠢᠳᠤᠯᠭ᠎ᠠ ᠶᠢ | ᠨᠠᠩ ᠡᠷᠡᠰ ᠪᠠᠳᠤ ᠬᠠᠮᠠᠭᠠᠯᠠᠵᠤ᠂ ᠰᠢᠨ᠎ᠠ ᠴᠠᠭ ᠦᠶ᠎ᠠ ᠶᠢᠨ ᠲᠠᠤᠭᠡᠳᠤ ᠡᠬᠦᠷᠭᠡ ᠶᠢ ᠨᠠᠩ ᠰᠠᠶᠢᠳᠤᠷ ᠡᠬᠦᠷᠭᠡᠯᠡᠨ᠂ | ᠨᠠᠩ ᠤᠬᠠᠮᠰᠠᠷ ᠠᠴᠠ ᠪᠠᠨ ᠰᠢ ᠶᠢᠨ ᠫᠢᠡᠭ ᠤᠨ ᠰᠢᠨ᠎ᠠ ᠴᠠᠭ ᠦᠶ᠎ᠠ ᠶᠢᠨ ᠲᠤᠮᠳᠠᠳᠤ ᠤᠯᠤᠰ ᠤᠨ ᠤᠨᠴᠠᠯᠢᠭ ᠲᠠᠢ | ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠣᠶᠣᠨ ᠰᠠᠨᠠᠭ᠎ᠠ ᠪᠠᠨ ᠵᠡᠪᠰᠡᠭᠯᠡᠵᠤ᠂ ᠦᠢᠯᠡᠳᠤᠯᠭᠡ ᠪᠠᠨ | ᠵᠢᠯᠤᠭᠤᠳᠤᠭᠤᠯᠤᠨ᠂ ᠠᠵᠢᠯ ᠢᠶᠠᠨ ᠠᠬᠢᠭᠤᠯᠵᠤ᠂ ᠰᠢᠨ᠎ᠠ ᠴᠠᠭ ᠦᠶ᠎ᠡ ᠶᠢᠨ ᠦᠭᠡᠷᠡᠴᠢᠯᠡᠯᠳᠠ ᠬᠦᠭᠵᠢᠯᠳᠠ | ᠲᠤᠬᠳᠠᠭᠤᠨ ᠤ ᠡᠯ᠎ᠠ ᠵᠦᠢᠯ ᠤᠨ ᠠᠵᠢᠯ ᠢ ᠨᠠᠩ ᠯᠠᠪᠳᠠᠭᠤᠨ ᠪᠠᠳᠤᠳᠠᠢ ᠰᠠᠶᠢᠳᠤᠷ ᠬᠢᠵᠤ᠂ ᠲᠠᠮᠤᠷ ᠵᠠᠮ ᠤᠨ | ᠦᠢᠯᠡᠰ ᠤᠨ ᠬᠦᠭᠵᠢᠯᠳᠠ ᠳᠤ ᠬᠦᠴᠤᠨ ᠴᠢᠳᠠᠯ ᠢᠶᠠᠨ ᠨᠠᠮᠠᠷᠢᠯᠡᠨ᠎ᠠ ᠭᠡᠵᠡᠭᠡᠪᠠ᠃ | 11 ᠳ᠋ᠦ᠋ᠭᠡᠷ ᠰᠠᠷ᠎ᠠ ᠶᠢᠨ 13 ᠤ ᠡᠳᠤᠷ᠂ ᠦᠪᠡᠷᠳᠡᠭᠡᠨ ᠵᠠᠰᠬᠠᠤ ᠤᠷᠤᠨ ᠤ ᠲᠤᠳᠤᠭᠠᠳᠤ ᠶᠢ ᠬᠠᠮᠠᠭᠠᠯᠠᠬᠤ | ᠭᠠᠯ ᠰᠡᠷᠭᠡᠶᠢᠯᠡᠵᠤ ᠭᠠᠯ ᠤᠨᠳᠠᠷᠠᠭᠠᠬᠤ ᠶᠠᠷᠦᠩᠭᠡᠢ ᠠᠩᠬᠢ ᠶᠢᠨ ᠶᠤᠰᠤᠯᠠᠯ ᠤᠨ ᠲᠠᠩᠬᠢᠮ ᠳᠤ ᠬᠦᠮᠤᠰ ᠲᠦᠬᠦᠷᠡᠳᠠᠯᠠ | ᠰᠠᠭᠤᠯᠴᠠᠵᠤ᠂ ᠦᠪᠡᠷᠳᠡᠭᠡᠨ ᠵᠠᠰᠬᠠᠤ ᠤᠷᠤᠨ ᠤ ᠤᠬᠠᠭᠤᠯᠤᠨ ᠲᠠᠶᠢᠯᠪᠤᠷᠢᠯᠡᠬᠤ ᠪᠦᠯᠬᠦᠮ ᠤᠨ ᠪᠦᠷᠢᠯᠳᠤᠬᠦᠨ᠂ | ᠦᠪᠡᠷᠳᠡᠭᠡᠨ ᠵᠠᠰᠠᠬᠤ ᠤᠷᠤᠨ ᠤ ᠬᠦᠭᠵᠢᠬᠦᠯᠤᠯᠳᠠ ᠦᠭᠡᠷᠡᠴᠢᠯᠡᠯᠳᠠ ᠶᠢᠨ ᠵᠦᠪᠯᠡᠯ ᠤᠨ ᠤᠤᠯ ᠤᠨ ᠲᠤᠭᠤᠷᠢᠨ | ᠪᠠᠶᠢᠴᠠᠭᠠᠭᠴᠢ ᠲᠢᠶᠧ ᠭᠠᠨᠭ᠌ ᠤᠨ ᠬᠢᠭᠰᠡᠨ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ | ᠲᠤᠬᠠᠢ ᠤᠬᠠᠭᠤᠯᠤᠨ ᠲᠠᠶᠢᠯᠪᠤᠷᠢᠯᠡᠬᠤ ᠮᠡᠳᠡᠬᠦᠯᠤᠯᠳᠠ ᠶᠢ ᠰᠤᠨᠤᠰᠪᠠ᠃ ᠲᠢᠶᠧ ᠭᠠᠨᠭ᠌ ᠦᠪᠡᠷᠳᠡᠭᠡᠨ ᠵᠠᠰᠠᠬᠤ | ᠤᠷᠤᠨ ᠤ ᠪᠤᠳᠠᠳᠠᠢ ᠪᠠᠶᠢᠳᠠᠯ ᠲᠠᠢ ᠤᠶᠠᠯᠳᠤᠭᠤᠯᠤᠨ᠂ ᠠᠮᠢᠳᠤᠯᠢᠭ ᠪᠤᠳᠠᠳᠤ ᠵᠢᠱᠢᠶ᠎ᠠ ᠪᠠᠷ ᠲᠤᠳᠤᠷᠬᠠᠶᠢᠯᠠᠨ | ᠦᠬᠦᠯᠡᠵᠤ᠂ ᠵᠦᠪ ᠤᠨᠤᠪᠴᠢᠳᠠᠢ ᠲᠤᠭ᠎ᠠ ᠪᠠᠷ ᠬᠠᠷᠢᠴᠠᠭᠤᠯᠤᠨ᠂ ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ | ᠢᠯᠡᠳᠭᠡᠯ ᠢ ᠤᠬᠠᠭᠤᠯᠤᠨ ᠲᠠᠶᠢᠯᠪᠤᠷᠢᠯᠡᠵᠤ᠂ ᠲᠦᠬᠦᠮ ᠤᠶᠢᠯᠠᠭᠠᠮᠵᠢᠳᠠᠢ ᠪᠠᠷ ᠲᠤᠳᠤᠷᠬᠠᠶᠢᠯᠠᠨ ᠲᠠᠶᠢᠯᠪᠤᠷᠢᠯᠡᠪᠠ᠃ | ᠲᠠᠷᠤᠭ᠎ᠠ ᠪᠠᠶᠢᠯᠳᠤᠭᠴᠢᠳ᠂ ᠤᠬᠠᠭᠤᠯᠤᠨ ᠲᠠᠶᠢᠯᠪᠤᠷᠢᠯᠡᠬᠤ ᠮᠡᠳᠡᠬᠦᠯᠤᠯᠳᠠ ᠶᠢ ᠰᠤᠨᠤᠰᠬᠤ ᠪᠠᠷ ᠲᠠᠮᠵᠢᠨ᠂ | ᠨᠠᠮ ᠤᠨ ᠠᠷᠪᠠ ᠶᠢᠰᠦᠳᠤᠭᠡᠷ ᠶᠡᠭᠡ ᠬᠤᠷᠠᠯ ᠤᠨ ᠵᠤᠷᠢᠭ ᠰᠠᠨᠠᠭ᠎ᠠ ᠶᠢᠨ ᠲᠤᠬᠠᠢ ᠲᠠᠨᠢᠯᠳᠠ ᠪᠠ ᠤᠶᠢᠯᠠᠭᠠᠯᠳᠠ ᠨᠠᠩ | ᠬᠦᠨᠵᠡᠭᠡᠶᠢᠷᠡᠵᠤ᠂ ︽ᠦᠵᠡᠰᠬᠦᠯᠠᠩᠳᠤ ᠰᠠᠶᠢᠬᠠᠨ ᠦᠪᠤᠷ ᠮᠤᠩᠭᠤᠯ ᠢᠶᠠᠨ ᠪᠦᠳᠤᠭᠡᠨ ᠪᠠᠶᠢᠭᠤᠯᠵᠤ ᠠᠭᠤᠤ ᠶᠡᠭᠡ | ᠲᠤᠮᠳᠠᠳᠤ ᠶᠢᠨ ᠵᠠᠬᠦᠳᠤ ᠪᠠᠨ ᠬᠠᠮᠳᠤᠪᠠᠷ ᠲᠠᠷᠭᠡᠯᠰᠢᠬᠦᠯᠬᠦ︾ ᠬᠠᠷᠢᠭᠤᠴᠠᠯᠭᠠᠳᠤ ᠰᠡᠤᠨᠬᠢᠯᠭᠡ ᠪᠠ ᠲᠡᠤᠭᠡᠨ ᠡᠬᠦᠷᠭᠡᠳᠤ | ᠰᠡᠳᠬᠢᠯᠭᠡ ᠨᠠᠩ ᠴᠢᠩᠭᠠᠷᠠᠭᠰᠠᠨ ᠪᠠᠶᠢᠨ᠎ᠠ ᠭᠡᠵᠡᠭᠡᠯᠠ᠃ | |